ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024 ] 24 ᠳ᠋ᠦ᠍ᠭᠡᠷ ᠲᠣᠭ᠋ᠠᠲᠤ
ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠢ᠌ᠯᠠᠯ ᠂ ᠠᠵᠢᠯ ᠦᠢ᠍ᠯᠡᠰ᠎ᠤᠨ ᠨᠢᠭᠡᠴᠢ᠎ᠳᠤ᠄
ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠵᠢᠨ ᠲᠤᠰᠠᠳᠠ ᠂ ᠤᠯᠤᠰ᠎ᠤᠨ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ ᠃
ᠨᠢᠭᠡ ᠂ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠦᠨ᠎ᠡ
(ᠨᠢᠭᠡ) ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠰᠠᠭᠤᠷᠢ ᠰᠤᠳᠤᠯᠭ᠋ᠠᠨ᠎ᠢ ᠴᠢᠩᠭ᠋ᠠᠳᠬᠠᠨ᠎ᠠ ᠃ ᠠᠵᠤ ᠠᠬᠤᠢ᠌ᠯᠠᠯ ᠂ ᠳᠡᠭᠡᠳᠦ ᠵᠡᠷᠭᠡ ᠵᠢᠨ ᠰᠤᠷᠭ᠋ᠠᠭᠤᠯᠢ ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠤᠯᠤᠰ᠎ᠤᠨ ᠭᠣᠣᠯᠳᠠᠯᠭ᠎ᠠ ᠪᠣᠯᠬᠤ ᠰᠤᠳᠤᠯᠤᠨ ᠨᠡᠭᠡᠭᠡᠬᠦ ᠲᠥᠯᠥᠪᠯᠡᠭᠡ ᠵᠢᠨ ᠲᠤᠰᠬᠠᠢ ᠵᠦᠢ᠍ᠯ ᠵᠢᠴᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠬᠤᠯᠠ ᠶᠡᠬᠡ ᠲᠤᠰᠬᠠᠢ ᠵᠦᠢ᠍ᠯ᠎ᠳᠤ ᠢᠳᠡᠪᠬᠢᠲᠡᠢ᠎ᠪᠠᠷ ᠭᠤᠶᠤᠴᠢᠯᠠᠨ ᠮᠡᠳᠡᠭᠦᠯᠵᠦ ᠂ ᠳᠠᠬᠢᠨ ᠡᠭᠦᠰᠴᠦ ᠪᠣᠯᠬᠤ ᠡᠨᠧᠷᠭᠢ᠎ᠪᠠᠷ ᠤᠰᠤᠲᠥ᠋ᠷᠥᠭᠴᠢ ᠦᠢ᠍ᠯᠡᠳᠬᠦ᠎ᠳᠠᠬᠢ ᠡᠵᠡᠮᠰᠢᠬᠦ ᠠᠵᠢᠯᠯᠠᠭ᠋ᠠᠨ᠎ᠢ ᠲᠦᠷᠭᠡᠨ ᠳᠠᠭ᠋ᠠᠵᠤ ᠭᠦᠢ᠍ᠴᠡᠳᠬᠡᠬᠦ ᠂ ᠥᠪᠡᠷ᠎ᠤᠨ ᠥᠷᠲᠡᠭ ᠵᠶ᠋ᠡᠷ ᠳᠣᠣᠷ᠎ᠠ ᠪᠣᠬᠢᠷᠲᠤᠯ ᠦᠭᠡᠢ ᠶᠡᠬᠡ ᠬᠡᠪᠴᠢᠶᠡᠨ᠎ᠤ ᠤᠰᠤᠲᠥ᠋ᠷᠥᠭᠴᠢ ᠦᠢ᠍ᠯᠡᠳᠬᠦ ᠨᠥᠭᠡᠴᠡᠯᠡᠬᠦ ᠵᠥᠭᠡᠭᠡᠪᠦᠷᠢᠯᠡᠬᠦ ᠵᠡᠷᠭᠡ ᠰᠠᠭᠤᠷᠢ ᠰᠤᠳᠤᠯᠭ᠋ᠠᠨ ᠥᠷᠨᠢᠭᠦᠯᠬᠦ ᠵᠢ᠎ᠨᠢ ᠳᠡᠮᠵᠢᠨ᠎ᠡ ᠃ᠳᠠᠯᠠᠨ ᠬᠠᠷ᠎ᠠ ᠠᠭᠤᠯᠠ ᠵᠢᠨ ᠲᠤᠷᠰᠢᠯᠲᠠ ᠵᠢᠨ ᠲᠠᠰᠤᠭ ᠵᠡᠷᠭᠡ ᠰᠢᠨ᠎ᠡ ᠵᠢ ᠡᠭᠦᠳᠬᠦ ᠲᠠᠪᠴᠠᠩ᠎ᠤᠨ ᠪᠦᠲᠦᠭᠡᠨ ᠪᠠᠢ᠌ᠭᠤᠯᠤᠯᠲᠠ᠎ᠪᠠᠷ ᠭᠠᠷᠳᠠᠴᠠ ᠪᠣᠯᠭ᠋ᠠᠵᠤ ᠂ ᠳᠠᠬᠢᠨ ᠡᠭᠦᠰᠴᠦ ᠪᠣᠯᠬᠤ ᠡᠨᠧᠷᠭᠢ᠎ᠪᠠᠷ ᠤᠰᠤᠲᠥ᠋ᠷᠥᠭᠴᠢ ᠦᠢ᠍ᠯᠡᠳᠬᠦ ᠪᠠ ᠬᠡᠷᠡᠭᠯᠡᠬᠦ ᠵᠡᠷᠭᠡ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠭ᠋ᠠᠨ᠎ᠢ ᠠᠬᠢᠭᠤᠯᠤᠨ᠎ᠠ ᠃
(ᠬᠣᠶᠠᠷ) ᠤᠰᠤᠲᠥ᠋ᠷᠥᠭᠴᠢᠲᠤ ᠡᠨᠧᠷᠭᠢ ᠵᠢᠨ ᠭᠣᠣᠯᠯᠠᠬᠤ ᠮᠡᠷᠭᠡᠵᠢᠯ᠎ᠳᠤ ᠰᠢᠨ᠎ᠡ ᠵᠢ ᠡᠭᠦᠳᠬᠦ᠎ᠪᠠᠨ ᠴᠢᠩᠭ᠋ᠠᠳᠬᠠᠨ᠎ᠠ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ ᠂ ᠵᠠᠰᠠᠭ᠎ᠤᠨ ᠣᠷᠳᠣᠨ᠎ᠤ ᠰᠤᠳᠤᠯᠤᠨ ᠨᠡᠭᠡᠭᠡᠯᠲᠡ᠎ᠳᠠᠬᠢ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ ᠂ ᠨᠢᠭᠡ ᠪᠦᠯᠦᠭ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠭᠣᠣᠯᠯᠠᠬᠤ ᠮᠡᠷᠭᠡᠵᠢᠯ᠎ᠤᠨ ᠬᠣᠭᠣᠰᠤᠨ ᠵᠠᠢ ᠵᠢ ᠨᠥᠬᠥᠪᠦᠷᠢᠯᠡᠵᠦ ᠳᠡᠢ᠌ᠯᠬᠦ ᠰᠤᠳᠤᠯᠤᠨ ᠨᠡᠭᠡᠭᠡᠬᠦ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ ᠂ ᠳᠡᠭᠡᠳᠦ ᠬᠡᠯᠬᠢᠶᠡᠨ᠎ᠳᠤ ᠦᠢ᠍ᠯᠡᠳᠬᠦ ᠂ ᠳᠤᠮᠳᠠ ᠬᠡᠯᠬᠢᠶᠡᠨ᠎ᠳᠤ ᠨᠥᠭᠡᠴᠡᠯᠡᠨ ᠵᠥᠭᠡᠭᠡᠪᠦᠷᠢᠯᠡᠬᠦ ᠂ ᠳᠣᠣᠷᠠᠳᠤ ᠬᠡᠯᠬᠢᠶᠡᠨ᠎ᠳᠤ ᠬᠡᠷᠡᠭᠯᠡᠬᠦ ᠵᠢᠴᠢ ᠲᠣᠨᠣᠭ ᠲᠥᠬᠦᠭᠡᠷᠦᠮᠵᠢ ᠦᠢ᠍ᠯᠡᠳᠬᠦ ᠵᠡᠷᠭᠡ ᠲᠠᠯ᠎ᠠ᠎ᠪᠠᠷ ᠦᠢ᠍ᠯᠡᠳᠪᠦᠷᠢᠯᠡᠯ᠎ᠤᠨ ᠥᠪᠡᠷ᠎ᠤᠨ ᠥᠷᠲᠡᠭ᠎ᠢ ᠪᠠᠭᠤᠷᠠᠭᠤᠯᠬᠤ ᠰᠢᠨ᠎ᠡ ᠠᠷᠭ᠎ᠠ ᠵᠠᠮ᠎ᠢ ᠭᠣᠣᠯᠳᠠᠯᠭ᠎ᠠ᠎ᠲᠠᠢ᠎ᠪᠠᠷ ᠰᠦᠪᠡᠭᠴᠢᠯᠡᠨ᠎ᠡ ᠃ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠦᠢ᠍ᠯᠡᠳᠦᠯ᠎ᠢ᠎ᠨᠢ ᠪᠠᠳᠠᠷᠠᠭᠤᠯᠤᠨ ᠂ ᠠᠵᠤ ᠦᠢ᠍ᠯᠡᠰ᠎ᠤᠨ ᠬᠣᠰᠢᠭᠤᠷᠠᠯ ᠮᠡᠷᠭᠡᠵᠢᠯ ᠪᠠ ᠵᠠᠩᠭᠢᠯᠠᠭ᠎ᠠ ᠵᠢᠨ ᠨᠡᠢ᠌ᠲᠡᠴᠢ ᠴᠢᠨᠠᠷᠲᠠᠢ ᠮᠡᠷᠭᠡᠵᠢᠯ ᠵᠶ᠋ᠡᠷ ᠤᠳᠤᠷᠢᠳᠤᠮᠵᠢ ᠪᠣᠯᠭ᠋ᠠᠵᠤ ᠂ ᠤᠰᠤᠲᠥ᠋ᠷᠥᠭᠴᠢ ᠦᠢ᠍ᠯᠡᠳᠬᠦ ᠠᠵᠤ ᠠᠬᠤᠢ᠌ᠯᠠᠯ ᠬᠢᠭᠡᠳ ᠤᠰᠤᠲᠥ᠋ᠷᠥᠭᠴᠢᠲᠤ ᠡᠨᠧᠷᠭᠢ ᠵᠢᠨ ᠲᠣᠨᠣᠭ ᠲᠥᠬᠥᠭᠡᠷᠦᠮᠵᠢ ᠵᠢᠨ ᠠᠵᠤ ᠠᠬᠤᠢ᠌ᠯᠠᠯ᠎ᠤᠨ 《ᠬᠡᠯᠬᠢᠶᠡᠵᠢᠭᠦᠯᠦᠨ ᠬᠠᠮᠲᠤᠷᠠᠯᠴᠠᠭᠤᠯᠬᠤ》 ᠵᠠᠭᠪᠤᠷ᠎ᠢ ᠶᠡᠬᠡ᠎ᠪᠠᠷ ᠳᠡᠮᠵᠢᠵᠦ ᠂ ᠪᠣᠬᠢᠷᠲᠤᠯ ᠦᠭᠡᠢ ᠤᠰᠤᠲᠥ᠋ᠷᠥᠭᠴᠢ ᠦᠢ᠍ᠯᠡᠳᠬᠦ ᠨᠥᠭᠡᠴᠡᠯᠡᠬᠦ ᠵᠥᠭᠡᠭᠡᠪᠦᠷᠢᠯᠡᠬᠦ ᠡᠯ᠎ᠡ ᠭᠣᠭᠴᠣᠭ᠋ᠠᠨ᠎ᠤ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠳᠤ ᠰᠢᠪᠲᠤᠯᠤᠯᠲᠠ ᠭᠠᠷᠭ᠋ᠠᠬᠤ᠎ᠪᠠᠨ ᠲᠦᠷᠭᠡᠳᠬᠡᠨ᠎ᠡ ᠃
(ᠭᠤᠷᠪᠠ) ᠤᠰᠤᠲᠥ᠋ᠷᠥᠭᠴᠢᠲᠤ ᠡᠨᠧᠷᠭᠢ ᠵᠢᠨ ᠰᠢᠨ᠎ᠡ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠲᠡᠮᠵᠢᠨ᠎ᠡ ᠃ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠴᠢᠬᠤᠯᠠ ᠶᠡᠬᠡ ᠮᠡᠷᠭᠡᠵᠢᠯ᠎ᠤᠨ ᠲᠣᠨᠣᠭ ᠲᠥᠬᠦᠭᠡᠷᠦᠮᠵᠢ ᠪᠠ ᠮᠠᠲ᠋ᠧᠷᠢᠶᠠᠯ᠎ᠢ ᠤᠯᠤᠰ᠎ᠤᠨ ᠡᠨᠧᠷᠭᠢ ᠵᠢᠨ ᠬᠦᠷᠢᠶᠡᠨ᠎ᠳᠠᠬᠢ ᠠᠩᠬᠠᠳᠠᠭᠴᠢ ᠰᠠᠭᠤᠷᠢ (ᠢᠵᠢ) ᠴᠢᠬᠤᠯᠠ ᠶᠡᠬᠡ ᠮᠡᠷᠭᠡᠵᠢᠯ᠎ᠤᠨ ᠲᠣᠨᠣᠭ ᠲᠥᠬᠦᠭᠡᠷᠦᠮᠵᠢ ᠂ ᠭᠣᠣᠯᠳᠠᠯᠭ᠎ᠠ ᠪᠣᠯᠬᠤ ᠰᠢᠨ᠎ᠡ ᠮᠠᠲ᠋ᠧᠷᠢᠶᠠᠯ᠎ᠤᠨ ᠬᠡᠷᠡᠭᠯᠡᠭᠡᠨ ᠵᠶ᠋ᠠᠷ ᠵᠢᠱ᠌ᠢᠶ᠎ᠡ ᠦᠵᠡᠭᠦᠯᠬᠦ ᠂ ᠪᠣᠬᠢᠷᠲᠤᠯ ᠦᠭᠡᠢ ᠮᠡᠷᠭᠡᠵᠢᠯ ᠵᠡᠷᠭᠡ ᠲᠤᠰᠬᠠᠢ ᠵᠦᠢ᠍ᠯ ᠵᠶ᠋ᠠᠷ ᠭᠤᠶᠤᠴᠢᠯᠠᠨ ᠮᠡᠳᠡᠭᠦᠯᠬᠦ ᠵᠢ ᠶᠡᠬᠡ᠎ᠪᠠᠷ ᠳᠡᠮᠵᠢᠨ᠎ᠡ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠵᠤ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠢ ᠲᠠᠰ ᠳᠡᠪᠰᠢᠭᠦᠯᠵᠦ ᠂ ᠠᠵᠤ ᠦᠢ᠍ᠯᠡᠰ᠎ᠤᠨ ᠬᠡᠯᠬᠢᠶᠡᠨ᠎ᠤ ᠡᠯ᠎ᠡ ᠭᠣᠭᠴᠣᠭ᠋ᠠᠨ᠎ᠳᠤ ᠪᠠᠢ᠌ᠭ᠎ᠠ ᠠᠵᠤ ᠠᠬᠤᠢ᠌ᠯᠠᠯ᠎ᠤᠨ ᠥᠪᠥᠷ ᠮᠣᠩᠭᠣᠯ ᠵᠶ᠋ᠠᠷ ᠲᠤᠷᠰᠢᠯᠲᠠ ᠵᠢᠨ ᠲᠠᠯᠠᠪᠠᠶ ᠪᠣᠯᠭ᠋ᠠᠨ ᠰᠢᠨ᠎ᠡ ᠮᠡᠷᠭᠡᠵᠢᠯ ᠂ ᠰᠢᠨ᠎ᠡ ᠲᠣᠨᠣᠭ ᠲᠥᠬᠦᠭᠡᠷᠦᠮᠵᠢ ᠂ ᠰᠢᠨ᠎ᠡ ᠮᠠᠲ᠋ᠧᠷᠢᠶᠠᠯ ᠵᠶ᠋ᠠᠨ ᠳᠡᠯᠭᠡᠷᠡᠭᠦᠯᠦᠨ ᠬᠡᠷᠡᠭᠯᠡᠬᠦ ᠵᠢ᠎ᠨᠢ ᠶᠡᠬᠡ᠎ᠪᠠᠷ ᠳᠡᠮᠵᠢᠵᠦ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ 《ᠡᠷᠴᠢᠮᠯᠡᠬᠦ》 ᠦᠢ᠍ᠯᠡᠴᠢᠯᠡᠭᠡ ᠵᠢ᠎ᠨᠢ ᠶᠡᠬᠡᠰᠬᠡᠨ᠎ᠡ ᠃ ᠰᠢᠨ᠎ᠡ ᠬᠡᠯᠪᠡᠷᠢ ᠵᠢᠨ ᠬᠣᠪᠣᠷ ᠰᠢᠷᠣᠢ ᠵᠢᠨ ᠤᠰᠤᠲᠥ᠋ᠷᠥᠭᠴᠢ ᠨᠥᠭᠡᠴᠡᠯᠡᠬᠦ ᠬᠠᠢ᠌ᠯᠤᠰᠢ ᠵᠢᠨ ᠮᠠᠲ᠋ᠧᠷᠢᠶᠠᠯ ᠂ ᠬᠠᠲᠠᠭᠤ ᠲᠥᠯᠥᠪᠲᠦ ᠤᠰᠤᠲᠥ᠋ᠷᠥᠭᠴᠢ ᠨᠥᠭᠡᠴᠡᠯᠡᠬᠦ ᠲᠣᠨᠣᠭᠯᠠᠯ ᠂ ᠴᠠᠬᠢᠯᠭ᠋ᠠᠨ ᠬᠦᠴᠦᠨ᠎ᠤ ᠲᠣᠣᠷ᠎ᠠᠴᠠ ᠰᠠᠯᠤᠩᠭᠢ᠎ᠪᠠᠷ ᠤᠰᠤᠲᠥ᠋ᠷᠥᠭᠴᠢ ᠦᠢ᠍ᠯᠡᠳᠬᠦ ᠵᠡᠷᠭᠡ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠬᠦ ᠠᠬᠢᠴᠠ᠎ᠪᠠᠨ ᠲᠦᠷᠭᠡᠳᠬᠡᠵᠦ ᠂ ᠲᠣᠣᠷᠯᠢᠭ ᠬᠡᠯᠪᠡᠷᠢ ᠵᠢᠨ ᠮᠡᠷᠭᠡᠵᠢᠯ ᠂ ᠴᠠᠬᠢᠯᠭ᠋ᠠᠨ ᠦᠭᠡᠢ᠎ᠪᠠᠷ ᠬᠥᠳᠡᠯᠭᠡᠬᠦ ᠮᠡᠷᠭᠡᠵᠢᠯ ᠂ ᠣᠶᠤᠨᠴᠢ ᠪᠢᠴᠢᠯ ᠴᠠᠬᠢᠯᠭ᠋ᠠᠨ ᠬᠦᠴᠦᠨ᠎ᠤ ᠲᠣᠣᠷ᠎ᠤᠨ ᠮᠡᠷᠭᠡᠵᠢᠯ ᠵᠡᠷᠭᠡ ᠵᠢ ᠳᠠᠬᠢᠨ ᠡᠭᠦᠰᠴᠦ ᠪᠣᠯᠬᠤ ᠡᠨᠧᠷᠭᠢ᠎ᠪᠠᠷ ᠤᠰᠤᠲᠥ᠋ᠷᠥᠭᠴᠢ ᠦᠢ᠍ᠯᠡᠳᠬᠦ ᠬᠦᠷᠢᠶ᠎ᠡ ᠴᠠᠷᠠᠭ᠋ᠠᠨ᠎ᠳᠠᠬᠢ ᠬᠡᠷᠡᠭᠯᠡᠭᠡᠨ᠎ᠢ ᠬᠠᠢ᠌ᠨ ᠰᠦᠪᠡᠭᠴᠢᠯᠡᠵᠦ ᠂ ᠴᠠᠬᠢᠯᠭ᠋ᠠᠨ ᠬᠦᠴᠦᠨ᠎ᠤ ᠲᠣᠣᠷ᠎ᠲᠤ ᠨᠡᠢ᠌ᠯᠡᠭᠦᠯᠬᠦ ᠬᠡᠯᠪᠡᠷᠢ᠎ᠪᠠᠷ ᠤᠰᠤᠲᠥ᠋ᠷᠥᠭᠴᠢ ᠦᠢ᠍ᠯᠡᠳᠬᠦ᠎ᠠᠴᠠ ᠴᠠᠬᠢᠯᠭ᠋ᠠᠨ ᠬᠦᠴᠦᠨ᠎ᠤ ᠲᠣᠣᠷ᠎ᠠᠴᠠ ᠰᠠᠯᠤᠩᠭᠢ ᠬᠡᠯᠪᠡᠷᠢ᠎ᠪᠠᠷ ᠤᠰᠤᠲᠥ᠋ᠷᠥᠭᠴᠢ ᠦᠢ᠍ᠯᠡᠳᠬᠦ ᠲᠡᠢ᠌ᠰᠢ ᠬᠥᠭᠵᠢᠭᠦᠯᠬᠦ ᠵᠢ ᠠᠬᠢᠭᠤᠯᠤᠨ᠎ᠠ ᠃ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢ ᠪᠠᠢ᠌ᠭᠤᠯᠵᠤ ᠂ ᠪᠣᠬᠢᠷᠲᠤᠯ ᠦᠭᠡᠢ ᠤᠰᠤᠲᠥ᠋ᠷᠥᠭᠴᠢᠲᠤ ᠲᠣᠨᠣᠭ ᠲᠥᠬᠦᠭᠡᠷᠦᠮᠵᠢ ᠵᠢᠨ ᠮᠡᠷᠭᠡᠵᠢᠯ᠎ᠢ ᠰᠤᠳᠤᠯᠤᠨ ᠨᠡᠭᠡᠭᠡᠬᠦ ᠂ ᠰᠢᠰᠲ᠋ᠧᠮᠵᠢᠨ ᠬᠤᠷᠠᠭᠤᠯᠬᠤ ᠂ ᠪᠠᠷᠢᠮᠵᠢᠶ᠎ᠠ ᠲᠣᠭᠲᠠᠭ᠋ᠠᠬᠤ ᠵᠡᠷᠭᠡ ᠠᠵᠢᠯ᠎ᠢ ᠥᠷᠨᠢᠭᠦᠯᠦᠨ᠎ᠡ ᠃ ᠤᠰᠤᠲᠥ᠋ᠷᠥᠭᠴᠢᠲᠤ ᠡᠨᠧᠷᠭᠢ ᠵᠢᠨ ᠲᠣᠨᠣᠭ ᠲᠥᠬᠥᠭᠡᠷᠦᠮᠵᠢ ᠵᠢ ᠪᠠᠢ᠌ᠴᠠᠭ᠋ᠠᠨ ᠰᠢᠯᠭ᠋ᠠᠵᠤ ᠭᠡᠷᠡᠴᠢᠯᠡᠬᠦ ᠲᠠᠪᠴᠠᠩ᠎ᠤᠨ ᠪᠠᠢ᠌ᠭᠤᠯᠤᠯᠲᠠ ᠵᠢ ᠳᠡᠮᠵᠢᠵᠦ ᠂ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠰᠦᠪᠡᠭᠴᠢᠯᠡᠨ ᠪᠠᠢ᠌ᠭᠤᠯᠤᠨ᠎ᠠ ᠃
(ᠳᠥᠷᠪᠡ) ᠲᠤᠰᠬᠠᠢ ᠮᠡᠷᠭᠡᠵᠢᠯ᠎ᠤᠨ ᠴᠢᠳᠠᠪᠤᠷᠢᠲᠠᠨ ᠬᠥᠮᠥᠵᠢᠭᠦᠯᠬᠦ ᠠᠵᠢᠯ᠎ᠢ ᠴᠢᠩᠭ᠋ᠠᠳᠬᠠᠨ᠎ᠠ ᠃ 《ᠬᠣᠶᠠᠷ᠎ᠢ ᠡᠯᠰᠡᠵᠦ ᠬᠣᠶᠠᠷ᠎ᠢ ᠲᠠᠲᠠᠬᠤ》 ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠡᠨ ᠮᠠᠨᠳᠤᠭᠤᠯᠬᠤ 》 ᠂ 《ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠳᠤ ᠦᠢ᠍ᠯᠡᠴᠢᠯᠡᠬᠦ》 ᠵᠡᠷᠭᠡ ᠲᠥᠷᠥ ᠵᠢᠨ ᠪᠣᠳᠣᠯᠭ᠎ᠠ ᠵᠢ ᠭᠦᠢ᠍ᠴᠡᠳ ᠠᠰᠢᠭᠯᠠᠨ ᠂ 《ᠳᠡᠭᠡᠳᠦ ᠨᠠᠷᠢᠯᠢᠭ ᠣᠬᠢ ᠬᠣᠮᠰᠠ》 ᠴᠢᠳᠠᠪᠤᠷᠢᠲᠠᠨ᠎ᠤ ᠪᠦᠯᠬᠦᠮ ᠨᠡᠶ᠋ᠢᠲᠡ᠎ᠲᠠᠢ ᠢᠳᠡᠪᠬᠢᠲᠡᠢ᠎ᠪᠠᠷ ᠵᠣᠯᠭ᠋ᠠᠭᠤᠯᠵᠤ ᠂ ᠳᠡᠭᠡᠳᠦ ᠲᠠᠰ ᠳᠠᠪᠬᠤᠷᠭ᠎ᠠ ᠵᠢᠨ ᠤᠰᠤᠲᠥ᠋ᠷᠥᠭᠴᠢᠲᠤ ᠡᠨᠧᠷᠭᠢ ᠵᠢᠨ ᠰᠢᠨ᠎ᠡ ᠵᠢ ᠡᠭᠦᠳᠬᠦ ᠬᠡᠯᠪᠡᠷᠢ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠨ᠎ᠠ ᠃ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠰᠤᠷᠭ᠋ᠠᠭᠤᠯᠢ ᠪᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠰᠤᠲᠥ᠋ᠷᠥᠭᠴᠢᠲᠤ ᠡᠨᠧᠷᠭᠢ᠎ᠲᠠᠢ ᠬᠠᠮᠢᠶᠠᠳᠠᠬᠤ ᠲᠤᠰᠬᠠᠢ ᠮᠡᠷᠭᠡᠵᠢᠯ᠎ᠤᠨ ᠬᠢᠴᠢᠶᠡᠯ ᠰᠢᠨᠵᠢᠯᠡᠭᠡᠨ᠎ᠤ ᠰᠠᠯᠠᠭ᠎ᠠ ᠵᠢ ᠪᠠᠢ᠌ᠭᠤᠯᠵᠤ ᠂ ᠰᠣᠷᠣᠭᠴᠢ ᠡᠯᠰᠡᠬᠦ ᠬᠡᠪᠴᠢᠶ᠎ᠡ᠎ᠪᠠᠨ ᠵᠣᠬᠢᠬᠤ ᠬᠡᠮᠵᠢᠶ᠎ᠡ᠎ᠪᠠᠷ ᠥᠷᠭᠡᠳᠬᠡᠬᠦ ᠵᠢ᠎ᠨᠢ ᠠᠬᠢᠭᠤᠯᠤᠨ ᠂ ᠠᠵᠤ ᠦᠢ᠍ᠯᠡᠰ᠎ᠲᠤ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠲᠦᠷᠭᠡᠳᠬᠡᠵᠦ ᠬᠥᠮᠥᠵᠢᠭᠦᠯᠦᠨ ᠪᠣᠢ᠌ᠵᠢᠭᠤᠯᠤᠨ᠎ᠠ ᠃ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠬᠠᠮᠲᠤᠷᠠᠯᠴᠠᠭ᠎ᠠ ᠥᠷᠨᠢᠭᠦᠯᠬᠦ ᠵᠢ ᠵᠣᠷᠢᠭᠵᠢᠭᠤᠯᠵᠤ ᠂ ᠬᠠᠮ ᠬᠡᠯᠪᠡᠷᠢ ᠵᠢᠨ ᠲᠤᠰᠬᠠᠢ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢᠲᠠᠨ᠎ᠢ ᠲᠦᠷᠭᠡᠳᠬᠡᠨ ᠬᠥᠮᠥᠵᠢᠭᠦᠯᠵᠦ ᠂ ᠴᠢᠳᠠᠪᠤᠷᠢᠲᠠᠨ᠎ᠤ ᠨᠡᠢ᠌ᠯᠡᠮᠡᠯ ᠬᠦᠴᠦᠨ᠎ᠢ ᠪᠣᠶ ᠪᠣᠯᠭ᠋ᠠᠨ᠎ᠠ ᠃
ᠬᠣᠶᠠᠷ ᠂ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠬᠥᠭᠵᠢᠨ ᠪᠤᠵᠠᠭ᠋ᠠᠢ᠌ᠷᠠᠬᠤ ᠵᠢ ᠲᠦᠷᠭᠡᠳᠬᠡᠨ ᠠᠬᠢᠭᠤᠯᠤᠨ᠎ᠠ
(ᠨᠢᠭᠡ) ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠪᠠᠢ᠌ᠷᠢᠰᠢᠯ᠎ᠢ ᠰᠢᠯᠢᠳᠡᠭᠵᠢᠭᠦᠯᠦᠨ᠎ᠡ ᠃ ᠰᠠᠯᠬᠢᠨ ᠪᠠ ᠭᠡᠷᠡᠯᠴᠢ ᠴᠡᠨᠡᠭ᠎ᠤᠨ ᠡᠬᠢ ᠪᠠᠶᠠᠯᠢᠭ ᠂ ᠭᠠᠵᠠᠷ ᠰᠢᠷᠣᠢ ᠵᠢᠨ ᠡᠬᠢ ᠪᠠᠶᠠᠯᠢᠭ ᠂ ᠤᠰᠤᠨ᠎ᠤ ᠡᠬᠢ ᠪᠠᠶᠠᠯᠢᠭ ᠂ ᠴᠠᠬᠢᠯᠭ᠋ᠠᠨ ᠬᠦᠴᠦᠨ᠎ᠤ ᠲᠣᠣᠷ᠎ᠲᠤ ᠵᠠᠯᠭ᠋ᠠᠨ ᠣᠷᠣᠭᠤᠯᠬᠤ ᠵᠡᠷᠭᠡ ᠨᠥᠬᠥᠴᠡᠯ᠎ᠢ ᠶᠡᠷᠦᠩᠬᠡᠢ᠌ᠯᠡᠨ ᠪᠣᠳᠣᠯᠬᠢᠯᠠᠵᠤ ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠲᠥᠷᠥᠯ ᠵᠦᠢ᠍ᠯ᠎ᠢ ᠵᠦᠢ ᠵᠣᠬᠢᠰᠲᠠᠢ ᠪᠠᠢ᠌ᠷᠢᠰᠢᠭᠤᠯᠤᠨ᠎ᠠ ᠃ ᠤᠰᠤᠲᠥ᠋ᠷᠥᠭᠴᠢ ᠦᠢ᠍ᠯᠡᠳᠬᠦ ᠂ ᠨᠥᠭᠡᠴᠡᠯᠡᠵᠦ ᠵᠥᠭᠡᠭᠡᠪᠦᠷᠢᠯᠡᠬᠦ ᠂ ᠰᠢᠩᠭᠡᠬᠡᠨ ᠪᠠᠭᠲᠠᠭ᠋ᠠᠬᠤ ᠵᠡᠷᠭᠡ ᠭᠣᠭᠴᠣᠭ᠎ᠠ ᠵᠢ ᠨᠢᠭᠡᠳᠦᠯᠲᠡᠢ ᠲᠥᠯᠥᠪᠯᠡᠵᠦ ᠂ ᠠᠵᠤ ᠦᠢ᠍ᠯᠡᠳᠪᠦᠷᠢ ᠠᠵᠤ ᠦᠢ᠍ᠯᠡᠰ᠎ᠤᠨ ᠪᠠᠢ᠌ᠷᠢᠰᠢᠭᠤᠯᠤᠯᠲᠠᠯᠤᠭᠠ ᠨᠢᠭᠲᠠ ᠵᠣᠯᠭ᠋ᠠᠭᠤᠯᠬᠤ ᠵᠢ ᠪᠡᠶᠡᠯᠡᠭᠦᠯᠦᠨ᠎ᠡ ᠃ ᠰᠢᠨ᠎ᠡ ᠡᠨᠧᠷᠭᠢ ᠵᠢᠨ ᠲᠣᠮᠣ ᠰᠠᠭᠤᠷᠢᠨ ᠭᠠᠵᠠᠷ᠎ᠤᠨ ᠤᠰᠤᠲᠥ᠋ᠷᠥᠭᠴᠢ ᠦᠢ᠍ᠯᠡᠳᠬᠦ ᠲᠥᠷᠥᠯ ᠵᠦᠢ᠍ᠯ ᠪᠠᠢ᠌ᠷᠢᠰᠢᠭᠤᠯᠬᠤ ᠵᠢ᠎ᠨᠢ ᠲᠡᠮᠵᠢᠵᠤ ᠂ ᠰᠢᠨ᠎ᠡ ᠡᠨᠧᠷᠭᠢ ᠵᠢ ᠰᠢᠩᠭᠡᠬᠡᠨ ᠪᠠᠭᠲᠠᠭ᠋ᠠᠬᠤ ᠵᠢ ᠠᠬᠢᠭᠤᠯᠤᠨ᠎ᠠ ᠃ ᠰᠠᠯᠬᠢᠨ ᠪᠠ ᠭᠡᠷᠡᠯᠴᠢ ᠴᠡᠨᠡᠭ ᠵᠶ᠋ᠡᠷ ᠤᠰᠤᠲᠥ᠋ᠷᠥᠭᠴᠢ ᠦᠢ᠍ᠯᠡᠳᠬᠦ ᠲᠥᠷᠥᠯ ᠵᠦᠢ᠍ᠯ ᠬᠢᠭᠡᠳ ᠪᠣᠬᠢᠷᠲᠤᠯ ᠦᠭᠡᠢ ᠤᠰᠤᠲᠥ᠋ᠷᠥᠭᠴᠢ ᠵᠢᠨ ᠬᠡᠷᠡᠭᠯᠡᠭᠡᠨ᠎ᠤ ᠲᠥᠷᠥᠯ ᠵᠦᠢ᠍ᠯ᠎ᠢ ᠨᠢᠭᠡ ᠴᠣᠭᠴᠠᠵᠢᠭᠤᠯᠤᠨ ᠬᠢᠨᠠᠨ ᠵᠥᠪᠰᠢᠶᠡᠷᠡᠬᠦ ᠪᠠ ᠪᠦᠲᠦᠭᠡᠨ ᠪᠠᠢ᠌ᠭᠤᠯᠵᠤ ᠬᠠᠮᠢᠶᠠᠷᠬᠤ ᠵᠢ ᠠᠬᠢᠭᠤᠯᠤᠨ᠎ᠠ ᠃ ᠪᠣᠬᠢᠷᠲᠤᠯ ᠦᠭᠡᠢ ᠤᠰᠤᠲᠥ᠋ᠷᠥᠭᠴᠢ ᠵᠢᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤᠨ᠎ᠤ ᠪᠠᠲᠤᠯᠠᠭ᠎ᠠ ᠵᠢ ᠴᠢᠩᠭ᠋ᠠᠷᠠᠭᠤᠯᠵᠤ ᠂ ᠪᠠᠢ᠌ᠩᠭᠤ ᠵᠢᠨ ᠪᠤᠰᠤ ᠤᠰᠤᠨ᠎ᠤ ᠡᠬᠢ ᠰᠤᠷᠪᠤᠯᠵᠢ ᠵᠢ ᠤᠷᠢᠳ ᠵᠶ᠋ᠠᠷ ᠠᠰᠢᠭᠯᠠᠵᠤ ᠤᠰᠤᠲᠥ᠋ᠷᠥᠭᠴᠢ ᠦᠢ᠍ᠯᠡᠳᠬᠦ ᠵᠢ ᠵᠣᠷᠢᠭᠵᠢᠭᠤᠯᠤᠨ᠎ᠠ ᠃
(ᠬᠣᠶᠠᠷ) ᠲᠦᠷᠦᠯ ᠵᠦᠢ᠍ᠯ᠎ᠤᠨ ᠠᠵᠢᠯᠯᠠᠭ᠋ᠠᠨ᠎ᠤ ᠲᠣᠭᠲᠠᠴᠠ ᠵᠢ ᠰᠢᠯᠢᠳᠡᠭᠵᠢᠭᠦᠯᠦᠨ᠎ᠡ ᠃ ᠰᠠᠯᠬᠢᠨ ᠪᠠ ᠭᠡᠷᠡᠯᠴᠢ ᠴᠡᠨᠡᠭ ᠵᠶ᠋ᠡᠷ ᠴᠠᠬᠢᠯᠭ᠋ᠠᠨ ᠭᠠᠷᠭ᠋ᠠᠬᠤ ᠬᠢᠭᠡᠳ ᠤᠰᠤᠲᠥ᠋ᠷᠥᠭᠴᠢ ᠦᠢ᠍ᠯᠡᠳᠬᠦ ᠳᠠᠭ᠋ᠠᠭ᠋ᠠᠴᠠ ᠵᠢ ᠥᠨᠳᠥᠷ ᠦᠷ᠎ᠡ ᠪᠦᠲᠦᠮᠵᠢᠲᠡᠶ᠎ᠪᠠᠷ ᠵᠣᠯᠭ᠋ᠠᠭᠤᠯᠬᠤ ᠵᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ ᠂ ᠰᠠᠯᠬᠢᠨ ᠬᠦᠴᠦᠨ᠎ᠤ ᠮᠠᠰᠢᠨ᠎ᠤ ᠬᠡᠯᠪᠡᠷᠢ ᠵᠢᠨ ᠲᠣᠬᠢᠷᠠᠯᠴᠠᠭᠤᠯᠤᠯ ᠂ ᠭᠡᠷᠡᠯᠴᠢ ᠴᠡᠨᠡᠭ ᠵᠶ᠋ᠡᠷ ᠤᠰᠤᠲᠥ᠋ᠷᠥᠭᠴᠢ ᠦᠢ᠍ᠯᠡᠳᠬᠦ ᠰᠢᠰᠲ᠋ᠧᠮ᠎ᠤᠨ ᠵᠢᠷᠤᠭ ᠲᠥᠯᠥᠪᠯᠡᠭᠡ ᠵᠢ ᠰᠢᠯᠢᠳᠡᠭᠵᠢᠭᠦᠯᠦᠨ ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠬᠡᠪᠴᠢᠶᠡᠵᠢᠭᠦᠯᠦᠭᠰᠡᠨ ᠦᠢ᠍ᠯᠡᠳᠪᠦᠷᠢᠯᠡᠯ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ ᠃ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠂ ᠬᠢᠨᠠᠨ ᠵᠥᠪᠰᠢᠶᠡᠷᠡᠬᠦ ᠂ ᠰᠢᠯᠭ᠋ᠠᠨ ᠬᠤᠷᠢᠶᠠᠵᠤ ᠠᠪᠬᠤ ᠵᠡᠷᠭᠡ ᠴᠤᠪᠤᠷᠠᠯ ᠪᠠ ᠱᠠᠭ᠋ᠠᠷᠳᠠᠯᠭ᠎ᠠ ᠵᠢ ᠲᠡᠭᠦᠯᠳᠡᠷᠵᠢᠭᠦᠯᠵᠦ ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠪᠤᠴᠠᠭ᠋ᠠᠨ ᠭᠠᠷᠭ᠋ᠠᠬᠤ ᠬᠠᠮᠢᠶᠠᠷᠤᠯᠲᠠ ᠵᠢ ᠵᠢᠷᠤᠮᠵᠢᠭᠤᠯᠤᠨ ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠡᠮᠬᠢ ᠵᠢᠷᠤᠮ᠎ᠲᠠᠢ ᠠᠬᠢᠭᠤᠯᠤᠨ᠎ᠠ ᠃ 《ᠬᠠᠷ᠎ᠠ ᠴᠠᠭ᠋ᠠᠨ ᠨᠡᠷᠡᠰ᠎ᠤᠨ ᠲᠠᠩᠰᠠ》 ᠵᠢᠨ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ ᠂ ᠲᠥᠷᠥᠯ ᠵᠦᠢ᠍ᠯ᠎ᠢ ᠬᠡᠷᠡᠭᠵᠢᠭᠦᠯᠦᠭᠰᠡᠨ ᠠᠵᠤ ᠠᠬᠤᠢ᠌ᠯᠠᠯ᠎ᠳᠤ ᠤᠷᠮᠠᠰᠢᠭᠤᠯᠬᠤ ᠪᠠ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠨ᠎ᠡ ᠃ ᠭᠣᠣᠯᠳᠠᠯᠭ᠎ᠠ ᠪᠣᠯᠬᠤ ᠠᠵᠤ ᠠᠬᠤᠢ᠌ᠯᠠᠯ᠎ᠤᠨ ᠪᠣᠬᠢᠷᠲᠤᠯ ᠦᠭᠡᠢ ᠤᠰᠤᠲᠥ᠋ᠷᠥᠭᠴᠢ ᠵᠢᠨ ᠲᠥᠷᠥᠯ ᠵᠦᠢ᠍ᠯ᠎ᠢ ᠪᠦᠲᠦᠭᠡᠨ ᠪᠠᠢ᠌ᠭᠤᠯᠬᠤ ᠠᠬᠢᠴᠠ᠎ᠪᠠᠨ ᠲᠦᠷᠭᠡᠳᠬᠡᠬᠦ ᠵᠢ᠎ᠨᠢ ᠳᠡᠮᠵᠢᠵᠦ ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠠᠵᠤ ᠦᠢ᠍ᠯᠡᠰ᠎ᠤᠨ ᠬᠥᠭᠵᠢᠨ ᠪᠤᠵᠠᠭ᠋ᠠᠢ᠌ᠷᠠᠬᠤ ᠵᠢ ᠠᠬᠢᠭᠤᠯᠤᠨ᠎ᠠ ᠃
(ᠭᠤᠷᠪᠠ) ᠤᠰᠤᠲᠥ᠋ᠷᠥᠭᠴᠢᠲᠤ ᠡᠨᠧᠷᠭᠢ ᠵᠢᠨ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ᠎ᠢ ᠪᠤᠵᠠᠭ᠋ᠠᠢ᠌ᠷᠠᠭᠤᠯᠤᠨ᠎ᠠ ᠃ ᠤᠰᠤᠲᠥ᠋ᠷᠥᠭᠴᠢᠲᠤ ᠡᠨᠧᠷᠭᠢ ᠵᠢᠨ ᠲᠣᠨᠣᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠡᠯ᠎ᠡ ᠭᠣᠭᠴᠣᠭ᠎ᠠ ᠪᠠ ᠬᠡᠯᠬᠢᠶ᠎ᠡ ᠵᠢ ᠬᠦᠴᠦᠷᠬᠡᠭᠵᠢᠭᠦᠯᠦᠨ ᠂ ᠬᠥᠬᠡᠬᠣᠲᠠ ᠪᠤᠭᠤᠲᠤ ᠣᠷᠳᠣᠰ ᠲᠦᠩᠯᠢᠶᠣᠣ ᠵᠢᠨ ᠲᠣᠨᠣᠭ ᠲᠥᠬᠦᠭᠡᠷᠦᠮᠵᠢ ᠦᠢ᠍ᠯᠡᠳᠬᠦ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠲᠦᠰᠢᠭᠯᠡᠨ ᠂ ᠤᠰᠤᠲᠥ᠋ᠷᠥᠭᠴᠢᠲᠤ ᠡᠨᠧᠷᠭᠢ ᠵᠢᠨ ᠲᠣᠨᠣᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠬᠡᠯᠬᠢᠶᠡᠨ᠎ᠤ ᠳᠤᠮᠳᠠ ᠳᠡᠭᠡᠳᠦ ᠦᠵᠦᠭᠦᠷ ᠲᠡᠢ᠌ᠰᠢ ᠳᠠᠪᠰᠢᠬᠤ ᠵᠢ᠎ᠨᠢ ᠠᠬᠢᠭᠤᠯᠤᠨ᠎ᠠ ᠃ ᠤᠰᠤᠲᠥ᠋ᠷᠥᠭᠴᠢᠲᠤ ᠡᠨᠧᠷᠭᠢ ᠵᠢᠨ 《ᠦᠢ᠍ᠯᠡᠳᠬᠦ ᠨᠥᠭᠡᠴᠡᠯᠡᠬᠦ ᠵᠥᠭᠡᠭᠡᠪᠦᠷᠢᠯᠡᠬᠦ ᠨᠡᠮᠡᠬᠦ》 ᠠᠵᠤ ᠦᠢ᠍ᠯᠡᠰ᠎ᠤᠨ ᠪᠦᠯᠦᠭᠵᠢᠯ᠎ᠢ ᠪᠣᠶ ᠪᠣᠯᠭ᠋ᠠᠵᠤ ᠂ ᠴᠠᠬᠢᠯᠭ᠋ᠠᠨ ᠵᠠᠳᠠᠯᠤᠯ᠎ᠤᠨ ᠤᠰᠤ᠎ᠪᠠᠷ ᠤᠰᠤᠲᠥ᠋ᠷᠥᠭᠴᠢ ᠦᠢ᠍ᠯᠡᠳᠬᠦ ᠲᠣᠨᠣᠭ ᠲᠥᠬᠦᠭᠡᠷᠦᠮᠵᠢ ᠂ ᠰᠢᠩᠭᠡᠨ ᠤᠰᠤᠲᠥ᠋ᠷᠥᠭᠴᠢ ᠵᠢ ᠨᠥᠭᠡᠴᠡᠯᠡᠵᠦ ᠵᠥᠭᠡᠭᠡᠪᠦᠷᠢᠯᠡᠬᠦ ᠲᠣᠨᠣᠭ ᠲᠥᠬᠦᠭᠡᠷᠦᠮᠵᠢ ᠂ ᠤᠰᠤᠲᠥ᠋ᠷᠥᠭᠴᠢ ᠳᠠᠮᠵᠢᠭᠤᠯᠬᠤ ᠬᠣᠭᠣᠯᠠᠢ ᠭᠤᠤᠷᠰᠤ ᠂ ᠤᠰᠤᠲᠥ᠋ᠷᠥᠭᠴᠢ ᠨᠡᠮᠡᠬᠦ ᠲᠣᠨᠣᠭ ᠲᠥᠬᠦᠭᠡᠷᠦᠮᠵᠢ ᠪᠠ ᠤᠰᠤᠲᠥ᠋ᠷᠥᠭᠴᠢ ᠰᠢᠲᠠᠮᠠᠬᠠᠢ ᠬᠡᠢ ᠵᠢᠨ ᠲᠦᠷᠪᠢᠨ ᠵᠡᠷᠭᠡ ᠵᠢ ᠰᠤᠳᠤᠯᠤᠨ ᠨᠡᠭᠡᠭᠡᠵᠦ ᠬᠡᠷᠡᠭᠯᠡᠬᠦ ᠠᠵᠢᠯ᠎ᠢ ᠥᠷᠨᠢᠭᠦᠯᠦᠨ᠎ᠡ ᠃ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠴᠢ ᠭᠣᠣᠯ ᠰᠡᠯᠪᠢᠭ ᠲᠤᠨᠤᠭ ᠂ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡ ᠵᠢ ᠪᠦᠬᠦᠢ᠌ᠯᠡ ᠴᠣᠭᠴᠠ᠎ᠪᠠᠷ᠎ᠨᠢ ᠠᠵᠤ ᠦᠢ᠍ᠯᠡᠰᠵᠢᠭᠦᠯᠬᠦ ᠵᠢ ᠠᠬᠢᠭᠤᠯᠵᠤ ᠂ ᠡᠯ᠎ᠡ ᠵᠦᠢ᠍ᠯ᠎ᠤᠨ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡᠨ᠎ᠤ ᠬᠡᠯᠪᠡᠷᠢ ᠬᠢᠴᠡ ᠵᠢ ᠰᠤᠳᠤᠯᠤᠨ ᠨᠡᠭᠡᠭᠡᠵᠦ ᠬᠡᠷᠡᠭᠯᠡᠬᠦ ᠠᠵᠢᠯ᠎ᠢ ᠥᠷᠨᠢᠭᠦᠯᠦᠨ᠎ᠡ ᠃ ᠠᠵᠤ ᠦᠢ᠍ᠯᠡᠰ᠎ᠤᠨ ᠬᠡᠯᠬᠢᠶᠡᠨ᠎ᠤ ᠪᠦᠲᠦᠭᠡᠨ ᠪᠠᠢ᠌ᠭᠤᠯᠤᠯᠲᠠ ᠵᠢᠨ ᠭᠣᠣᠯᠳᠠᠯᠭ᠎ᠠ᠎ᠲᠠᠢ ᠭᠠᠵᠠᠷ ᠣᠷᠣᠨ ᠪᠠ ᠲᠣᠯᠣᠭ᠋ᠠᠢ᠌ᠯᠠᠭᠴᠢ ᠠᠵᠤ ᠠᠬᠤᠢ᠌ᠯᠠᠯ ᠵᠶ᠋ᠠᠷ ᠬᠠᠷᠠᠯᠲᠠ ᠪᠣᠯᠭ᠋ᠠᠵᠤ ᠂ ᠬᠤᠳᠠᠯᠳᠤᠭ᠋ᠠᠴᠢᠨ ᠤᠷᠢᠵᠤ ᠪᠡᠯᠡ ᠲᠠᠲᠠᠬᠤ ᠡᠷᠴᠢᠮ ᠵᠶ᠋ᠡᠨ ᠴᠢᠩᠭ᠋ᠠᠷᠠᠭᠤᠯᠤᠨ ᠂ ᠤᠰᠤᠲᠥ᠋ᠷᠥᠭᠴᠢᠲᠤ ᠡᠨᠧᠷᠭᠢ ᠵᠢᠨ ᠲᠣᠨᠣᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠢ ᠬᠡᠪᠴᠢᠶᠡᠵᠢᠭᠦᠯᠦᠨ ᠬᠥᠭᠵᠢᠭᠦᠯᠬᠦ᠎ᠪᠠᠨ ᠲᠦᠷᠭᠡᠳᠬᠡᠨ᠎ᠡ ᠃
ᠭᠤᠷᠪᠠ ᠂ ᠤᠰᠤᠲᠥ᠋ᠷᠥᠭᠴᠢᠲᠤ ᠡᠨᠧᠷᠭᠢ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ
(ᠨᠢᠭᠡ) ᠤᠰᠤᠲᠥ᠋ᠷᠥᠭᠴᠢ ᠬᠡᠢ ᠵᠢ ᠥᠨᠳᠥᠷ ᠪᠦᠲᠦᠮᠵᠢᠲᠡᠶ᠎ᠪᠠᠷ ᠨᠥᠭᠡᠴᠡᠯᠡᠵᠦ ᠵᠥᠭᠡᠭᠡᠪᠦᠷᠢᠯᠡᠬᠦ ᠵᠢ ᠶᠡᠬᠡ᠎ᠪᠠᠷ ᠠᠬᠢᠭᠤᠯᠤᠨ᠎ᠠ ᠃ ᠪᠣᠬᠢᠷᠲᠤᠯ ᠦᠭᠡᠢ ᠤᠰᠤᠲᠥ᠋ᠷᠥᠭᠴᠢ ᠵᠢᠨ ᠰᠠᠭᠤᠷᠢ ᠪᠡᠯᠡᠳᠬᠡᠮᠵᠢ ᠵᠢ ᠵᠣᠬᠢᠬᠤ ᠬᠡᠮᠵᠢᠶ᠎ᠡ᠎ᠪᠠᠷ ᠤᠷᠢᠳᠴᠢᠯᠠᠨ ᠪᠠᠢ᠌ᠷᠢᠰᠢᠭᠤᠯᠵᠤ ᠂ ᠤᠰᠤᠲᠥ᠋ᠷᠥᠭᠴᠢ ᠨᠡᠮᠡᠬᠦ ᠥᠷᠲᠡᠭᠡᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠤᠨ ᠂ ᠲᠣᠰᠣ ᠨᠡᠮᠡᠬᠦ ᠂ ᠬᠡᠢ ᠨᠡᠮᠡᠬᠦ ᠂ ᠴᠠᠬᠢᠯᠭ᠋ᠠᠨ ᠴᠡᠨᠡᠭᠯᠡᠬᠦ ᠥᠷᠲᠡᠭᠡ᠎ᠳᠤ ᠤᠰᠤᠲᠥ᠋ᠷᠥᠭᠴᠢ ᠨᠡᠮᠡᠬᠦ ᠥᠷᠲᠡᠭᠡ ᠲᠣᠬᠢᠷᠠᠭᠤᠯᠤᠨ ᠪᠠᠶ᠋ᠢᠭᠤᠯᠬᠤ ᠵᠢ ᠵᠣᠷᠢᠭᠵᠢᠭᠤᠯᠤᠨ᠎ᠠ ᠃ 30 ᠮᠸᠭ᠎ᠠ ᠫᠠᠰᠺᠠᠯ ᠪᠠ 50 ᠮᠸᠭ᠎ᠠ ᠫᠠᠰᠺᠠᠯ ᠠᠪᠴᠢᠭᠤᠯᠤᠭᠰᠠᠨ ᠤᠰᠤᠲᠥ᠋ᠷᠥᠭᠴᠢ ᠬᠡᠢ ᠵᠢᠨ ᠤᠷᠳᠤ ᠬᠣᠭᠣᠯᠠᠢ᠌ᠲᠤ ᠴᠢᠷᠦᠭᠦᠯ ᠲᠡᠷᠭᠡ ᠵᠢᠨ ᠬᠡᠷᠡᠭᠯᠡᠭᠡᠨ᠎ᠢ ᠲᠡᠮᠵᠢᠵᠤ ᠂ 70 ᠮᠸᠭ᠎ᠠ ᠫᠠᠰᠺᠠᠯ ᠲᠡᠷᠭᠡᠨ᠎ᠳᠤ ᠲᠠᠭ᠋ᠠᠷᠠᠭᠤᠯᠬᠤ ᠤᠰᠤᠲᠥ᠋ᠷᠥᠭᠴᠢ ᠨᠥᠭᠡᠴᠡᠯᠡᠬᠦ ᠥᠨᠳᠥᠷ ᠳᠠᠷᠤᠯᠲᠠᠲᠤ ᠯᠣᠩᠬᠤᠯᠢᠭ ᠪᠡᠶ᠎ᠡ ᠵᠢᠨ ᠬᠡᠷᠡᠭᠯᠡᠭᠡᠨ᠎ᠢ ᠬᠠᠢ᠌ᠨ ᠰᠦᠪᠡᠭᠴᠢᠯᠡᠵᠦ ᠂ ᠲᠡᠷᠭᠡᠨ᠎ᠳᠤ ᠲᠠᠭ᠋ᠠᠷᠠᠭᠤᠯᠬᠤ ᠤᠰᠤᠲᠥ᠋ᠷᠥᠭᠴᠢ ᠨᠥᠭᠡᠴᠡᠯᠡᠬᠦ ᠶᠡᠬᠡ ᠪᠠᠭᠲᠠᠭ᠋ᠠᠮᠵᠢᠲᠤ ᠯᠣᠩᠬᠤᠯᠢᠭ ᠪᠡᠶ᠎ᠡ ᠵᠢ ᠨᠡᠭᠡᠭᠡᠨ ᠠᠰᠢᠭᠯᠠᠬᠤ ᠪᠠ ᠬᠡᠷᠡᠭᠯᠡᠬᠦ ᠵᠢ ᠲᠡᠮᠵᠢᠨ᠎ᠡ ᠃ ᠮᠧᠲ᠋ᠢᠯ ᠠᠯᠺᠣᠤᠯ᠎ᠤᠨ ᠰᠢᠩᠭᠡᠨ ᠰᠢᠪᠲᠦᠷ ᠵᠶ᠋ᠡᠷ ᠤᠰᠤᠲᠥ᠋ᠷᠥᠭᠴᠢ ᠨᠥᠭᠡᠴᠡᠯᠡᠬᠦ ᠠᠴᠢᠶᠠᠯᠠᠭᠴᠢ ᠪᠣᠯᠭ᠋ᠠᠭᠰᠠᠨ ᠬᠡᠷᠡᠭᠯᠡᠭᠡᠨ᠎ᠢ ᠬᠠᠢ᠌ᠨ ᠰᠦᠪᠡᠭᠴᠢᠯᠡᠵᠦ ᠂ ᠰᠢᠩᠭᠡᠨ ᠤᠰᠤᠲᠥ᠋ᠷᠥᠭᠴᠢ ᠵᠢ ᠨᠥᠭᠡᠴᠡᠯᠡᠵᠦ ᠵᠥᠭᠡᠭᠡᠪᠦᠷᠢᠯᠡᠬᠦ ᠮᠡᠷᠭᠡᠵᠢᠯ᠎ᠤᠨ ᠬᠡᠷᠡᠭᠯᠡᠭᠡᠨ᠎ᠢ ᠠᠬᠢᠭᠤᠯᠤᠨ᠎ᠠ ᠃ ᠬᠠᠲᠠᠭᠤ ᠲᠥᠯᠥᠪᠲᠦ ᠨᠥᠭᠡᠴᠡ ᠤᠰᠤᠲᠥ᠋ᠷᠥᠭᠴᠢ ᠵᠢ ᠤᠰᠤᠲᠥ᠋ᠷᠥᠭᠴᠢ ᠨᠡᠮᠡᠬᠦ ᠦᠷᠳᠡᠭᠡ ᠂ ᠡᠨᠧᠷᠭᠢ ᠵᠢᠨ ᠬᠠᠩᠭ᠋ᠠᠯᠭ᠎ᠠ ᠂ ᠲᠡᠷᠭᠡ ᠬᠥᠰᠬᠡ᠎ᠳᠤ ᠬᠡᠷᠡᠭᠯᠡᠬᠦ ᠲᠤᠷᠰᠢᠯᠲᠠ ᠪᠠ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠦᠨ᠎ᠡ ᠃ ᠠᠵᠤ ᠠᠬᠤᠢ᠌ᠯᠠᠯ᠎ᠤᠨ ᠪᠣᠬᠢᠷᠲᠤᠯ ᠦᠭᠡᠢ ᠤᠰᠤᠲᠥ᠋ᠷᠥᠭᠴᠢ ᠵᠢ 《ᠨᠥᠭᠡᠴᠡᠯᠡᠬᠦ ᠂ ᠵᠥᠭᠡᠭᠡᠪᠦᠷᠢᠯᠡᠬᠦ ᠂ ᠳᠦᠭᠦᠷᠭᠡᠨ ᠰᠠᠪᠠᠯᠠᠬᠤ》 ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠬᠤ ᠪᠠ ᠳᠠᠭ᠋ᠠᠭ᠋ᠠᠨ ᠪᠠᠶ᠋ᠢᠭᠤᠯᠬᠤ ᠵᠢ ᠵᠣᠷᠢᠭᠵᠢᠭᠤᠯᠤᠨ᠎ᠠ ᠃
(ᠬᠣᠶᠠᠷ) ᠤᠰᠤᠲᠥ᠋ᠷᠥᠭᠴᠢ ᠬᠡᠢ ᠵᠢᠨ ᠬᠣᠭᠣᠯᠠᠢ ᠭᠤᠤᠷᠰᠤ ᠵᠢᠨ ᠪᠦᠲᠦᠭᠡᠨ ᠪᠠᠢ᠌ᠭᠤᠯᠤᠯᠲᠠ ᠵᠢ ᠶᠡᠬᠡ᠎ᠪᠠᠷ ᠠᠬᠢᠭᠤᠯᠤᠨ᠎ᠠ ᠃ ᠤᠰᠤᠲᠥ᠋ᠷᠥᠭᠴᠢ ᠳᠠᠮᠵᠢᠭᠤᠯᠬᠤ ᠬᠣᠭᠣᠯᠠᠢ ᠭᠤᠤᠷᠰᠤ ᠵᠢᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠵᠤ ᠂ ᠳᠣᠲᠣᠭ᠋ᠠᠳᠤ᠎ᠳᠤ᠎ᠪᠠᠨ ᠰᠢᠩᠭᠡᠬᠡᠨ ᠪᠠᠭᠲᠠᠭ᠋ᠠᠬᠤ ᠪᠠ 《ᠥᠪᠥᠷ ᠮᠣᠩᠭᠣᠯ᠎ᠤᠨ ᠤᠰᠤᠲᠥ᠋ᠷᠥᠭᠴᠢ ᠵᠢ ᠭᠠᠳᠠᠭᠰᠢ ᠬᠦᠷᠭᠡᠬᠦ》 ᠨᠡᠪᠲᠡᠷᠡᠯ ᠵᠠᠮ᠎ᠢ ᠪᠥᠬᠥ ᠲᠠᠯ᠎ᠠ᠎ᠪᠠᠷ ᠨᠡᠪᠲᠡᠷᠡᠭᠦᠯᠦᠨ᠎ᠡ ᠃ ᠳᠣᠲᠣᠷ ᠭᠠᠳᠠᠷᠢ ᠬᠣᠯᠪᠣᠯᠳᠤᠭᠤᠯᠤᠨ ᠨᠡᠪᠲᠡᠷᠡᠭᠦᠯᠦᠭᠰᠡᠨ ᠬᠦᠷᠭᠡᠯᠲᠡ ᠵᠢᠨ ᠭᠣᠣᠯ ᠱᠤᠭᠤᠮ᠎ᠢ ᠭᠣᠣᠯᠳᠠᠯᠭ᠎ᠠ ᠪᠣᠯᠭ᠋ᠠᠨ ᠴᠣᠭᠴᠠᠯᠠᠵᠤ ᠂ ᠠᠮᠢᠳᠤᠯᠢᠭ ᠵᠶ᠋ᠠᠷ ᠨᠥᠭᠡᠴᠡᠯᠡᠵᠦ ᠰᠠᠯᠭ᠋ᠠᠨ ᠠᠪᠬᠤ ᠰᠠᠯᠪᠤᠷᠢ ᠱᠤᠭᠤᠮ᠎ᠢ ᠪᠠᠢ᠌ᠭᠤᠯᠤᠨ ᠂ 《ᠨᠢᠭᠡ ᠭᠣᠣᠯ ᠱᠤᠭᠤᠮ ᠬᠣᠣᠰ ᠴᠠᠭ᠋ᠠᠷᠢᠭᠯᠠᠭᠰᠠᠨ ᠲᠣᠣᠷ ᠳᠥᠷᠪᠡᠨ ᠭᠠᠷᠴᠠ》᠎ᠲᠠᠢ ᠪᠣᠬᠢᠷᠲᠤᠯ ᠦᠭᠡᠢ ᠤᠰᠤᠲᠥ᠋ᠷᠥᠭᠴᠢ ᠵᠢ ᠳᠠᠮᠵᠢᠭᠤᠯᠤᠨ ᠬᠦᠷᠭᠡᠬᠦ ᠬᠣᠭᠣᠯᠠᠢ ᠭᠤᠤᠷᠰᠤ ᠵᠢᠨ ᠪᠠᠢ᠌ᠷᠢᠰᠢᠭᠤᠯᠤᠯᠲᠠ ᠵᠢ ᠪᠣᠶ ᠪᠣᠯᠭ᠋ᠠᠨ᠎ᠠ ᠃ ᠤᠰᠤᠲᠥ᠋ᠷᠥᠭᠴᠢ ᠬᠡᠢ ᠳᠠᠮᠵᠢᠭᠤᠯᠤᠨ ᠬᠦᠷᠭᠡᠬᠦ ᠬᠣᠭᠣᠯᠠᠢ ᠭᠤᠤᠷᠰᠤ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠥᠬᠥᠨ᠎ᠢ ᠥᠪᠡᠷᠲᠡᠭᠡᠨ ᠵᠠᠰᠠᠬᠤ ᠣᠷᠣᠨ᠎ᠤ ᠲᠥᠯᠦᠪᠵᠢᠭᠦᠯᠭᠡ ᠵᠢᠨ ᠪᠠᠢ᠌ᠷᠢᠰᠢᠭᠤᠯᠤᠯ᠎ᠳᠤ ᠣᠷᠣᠭᠤᠯᠵᠤ ᠂ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠡᠢ ᠳᠠᠮᠵᠢᠭᠤᠯᠬᠤ ᠬᠣᠭᠣᠯᠠᠢ ᠭᠤᠤᠷᠰᠤ ᠵᠢᠨ ᠲᠣᠣᠷ᠎ᠤᠨ ᠲᠥᠷᠥᠯ ᠵᠦᠢ᠍ᠯ ᠵᠶ᠋ᠡᠷ ᠯᠠᠪᠯᠠᠯᠲᠠ ᠪᠣᠯᠭ᠋ᠠᠨ ᠬᠠᠮᠢᠶᠠᠷᠤᠨ᠎ᠠ ᠃ ᠥᠪᠡᠷᠲᠡᠭᠡᠨ ᠵᠠᠰᠠᠬᠤ ᠣᠷᠣᠨ᠎ᠤ ᠲᠥᠯᠦᠪᠵᠢᠭᠦᠯᠭᠡ᠎ᠳᠤ ᠣᠷᠣᠭᠤᠯᠤᠭᠰᠠᠨ ᠦᠭᠡᠢ ᠳᠠᠮᠵᠢᠭᠤᠯᠬᠤ ᠬᠣᠭᠣᠯᠠᠢ ᠭᠤᠤᠷᠰᠤ ᠵᠢᠨ ᠲᠥᠷᠥᠯ ᠵᠦᠢ᠍ᠯ᠎ᠢ ᠲᠥᠷᠥᠯ ᠵᠦᠢ᠍ᠯ ᠪᠣᠯᠭ᠋ᠠᠨ ᠲᠣᠭᠲᠠᠭ᠋ᠠᠵᠤ ᠪᠣᠯᠬᠤ ᠦᠭᠡᠢ ᠃
ᠳᠥᠷᠪᠡ ᠂ ᠬᠡᠷᠡᠭᠯᠡᠭᠡᠨ᠎ᠤ ᠠᠬᠤᠢ ᠪᠠᠢ᠌ᠳᠠᠯ᠎ᠤᠨ ᠲᠤᠷᠰᠢᠯᠲᠠ ᠪᠠ ᠵᠢᠱ᠌ᠢᠶ᠎ᠡ ᠦᠵᠡᠭᠦᠯᠬᠦ ᠠᠵᠢᠯ᠎ᠢ ᠲᠦᠷᠭᠡᠳᠬᠡᠨ ᠠᠬᠢᠭᠤᠯᠤᠨ᠎ᠠ
(ᠨᠢᠭᠡ) ᠪᠣᠬᠢᠷᠲᠤᠯ ᠦᠭᠡᠢ ᠤᠰᠤᠲᠥ᠋ᠷᠥᠭᠴᠢ ᠵᠢᠨ ᠣᠷᠤᠯᠠᠭᠤᠯᠤᠯᠲᠠ ᠵᠢ ᠶᠡᠬᠡ᠎ᠪᠠᠷ ᠠᠬᠢᠭᠤᠯᠵᠤ ᠂ ᠣᠷᠣᠯᠠᠭᠤᠯᠵᠤ ᠳᠡᠶ᠋ᠢᠯᠬᠦ ᠪᠦᠬᠦᠨ᠎ᠢ ᠣᠷᠣᠯᠠᠭᠤᠯᠬᠤ ᠵᠢ ᠪᠡᠶᠡᠯᠡᠭᠦᠯᠦᠨ᠎ᠡ ᠃ 《ᠪᠣᠬᠢᠷᠲᠤᠯ ᠦᠭᠡᠢ ᠤᠰᠤᠲᠥ᠋ᠷᠥᠭᠴᠢ + ᠠᠵᠤ ᠦᠢ᠍ᠯᠡᠳᠪᠦᠷᠢ》 ᠵᠢ ᠭᠦᠨᠵᠡᠭᠡᠢ ᠠᠬᠢᠭᠤᠯᠵᠤ ᠂ ᠪᠣᠬᠢᠷᠲᠤᠯ ᠦᠭᠡᠢ ᠤᠰᠤᠲᠥ᠋ᠷᠥᠭᠴᠢ ᠵᠢ ᠬᠢᠮᠢ ᠵᠢᠨ ᠠᠵᠤ ᠦᠢ᠍ᠯᠡᠳᠪᠦᠷᠢ᠎ᠲᠠᠢ ᠡᠪᠴᠡᠯᠳᠦᠭᠦᠯᠬᠦ ᠂ ᠪᠣᠬᠢᠷᠲᠤᠯ ᠦᠭᠡᠢ ᠤᠰᠤᠲᠥ᠋ᠷᠥᠭᠴᠢ᠎ᠪᠠᠷ ᠲᠡᠮᠦᠷᠯᠢᠭ ᠬᠠᠢ᠌ᠯᠤᠭᠤᠯᠬᠤ ᠂ ᠪᠣᠬᠢᠷᠲᠤᠯ ᠦᠭᠡᠢ ᠤᠰᠤᠲᠥ᠋ᠷᠥᠭᠴᠢ᠎ᠪᠠᠷ ᠪᠣᠯᠪᠠᠰᠤᠷᠠᠭᠤᠯᠵᠤ ᠬᠠᠢ᠌ᠯᠤᠭᠤᠯᠬᠤ ᠵᠢ ᠬᠡᠷᠡᠭᠵᠢᠭᠦᠯᠦᠨ ᠂ ᠠᠵᠤ ᠦᠢ᠍ᠯᠡᠳᠪᠦᠷᠢ ᠵᠢ ᠨᠡᠭᠦᠷᠡᠰᠦᠲᠥ᠋ᠷᠥᠭᠴᠢ ᠦᠭᠡᠢ᠌ᠳᠡᠭᠦᠯᠬᠦ ᠤᠷᠤᠭᠤ ᠬᠥᠲᠥᠯᠥᠨ ᠳᠠᠭ᠋ᠠᠭᠤᠯᠵᠤ ᠂ ᠠᠵᠤ ᠦᠢ᠍ᠯᠡᠳᠪᠦᠷᠢ ᠵᠢᠨ ᠬᠦᠷᠢᠶ᠎ᠡ ᠴᠠᠷᠠᠭ᠎ᠠ ᠵᠢᠨ ᠪᠣᠬᠢᠷᠲᠤᠯ ᠦᠭᠡᠢ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠨ᠎ᠡ ᠃ ᠤᠰᠤᠲᠥ᠋ᠷᠥᠭᠴᠢᠲᠤ ᠡᠨᠧᠷᠭᠢ ᠵᠢᠨ ᠬᠠᠩᠭ᠋ᠠᠯᠭ᠎ᠠ ᠵᠢᠨ ᠪᠦᠲᠦᠴᠡ᠎ᠳᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠭ᠋ᠠᠬᠤ ᠵᠢ᠎ᠨᠢ ᠲᠦᠷᠭᠡᠳᠬᠡᠵᠦ ᠂ ᠠᠵᠤ ᠦᠢ᠍ᠯᠡᠳᠪᠦᠷᠢ ᠵᠢᠨ ᠳᠠᠭ᠋ᠠᠯᠳᠤᠪᠤᠷᠢ ᠤᠰᠤᠲᠥ᠋ᠷᠥᠭᠴᠢ ᠵᠢ ᠰᠢᠯᠢᠵᠦ ᠴᠡᠪᠡᠷᠰᠢᠭᠦᠯᠦᠨ ᠠᠰᠢᠭᠯᠠᠬᠤ ᠵᠢ ᠳᠡᠮᠵᠢᠵᠦ ᠂ ᠠᠵᠤ ᠦᠢ᠍ᠯᠡᠳᠪᠦᠷᠢ ᠵᠢᠨ ᠳᠠᠭ᠋ᠠᠯᠳᠤᠪᠤᠷᠢ ᠤᠰᠤᠲᠥ᠋ᠷᠥᠭᠴᠢ ᠵᠢ ᠣᠢ᠌ᠷ᠎ᠠ ᠬᠠᠪᠢ᠎ᠳᠤ᠎ᠪᠠᠨ ᠰᠢᠩᠭᠡᠬᠡᠨ ᠪᠠᠭᠲᠠᠭ᠋ᠠᠬᠤ ᠵᠢ ᠵᠣᠷᠢᠭᠵᠢᠭᠤᠯᠤᠨ ᠂ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠡᠬᠢᠨ᠎ᠤ ᠬᠤᠭᠤᠴᠠᠭ᠋ᠠᠨ᠎ᠳᠠᠬᠢ ᠤᠰᠤᠲᠥ᠋ᠷᠥᠭᠴᠢ ᠬᠡᠷᠡᠭᠯᠡᠬᠦ ᠥᠪᠡᠷ᠎ᠤᠨ ᠥᠷᠲᠡᠭ᠎ᠢ ᠪᠠᠭᠤᠷᠠᠭᠤᠯᠵᠤ ᠂ ᠪᠣᠬᠢᠷᠲᠤᠯ ᠦᠭᠡᠢ ᠤᠰᠤᠲᠥ᠋ᠷᠥᠭᠴᠢ᠎ᠪᠠᠷ ᠣᠷᠣᠯᠠᠭᠤᠯᠬᠤ᠎ᠳᠤ ᠰᠢᠯᠵᠢᠨ ᠣᠷᠣᠬᠤ᠎ᠳᠤ ᠪᠦᠲᠦᠮᠵᠢᠲᠡᠶ ᠲᠤᠯᠭ᠋ᠠᠭᠤᠷᠢᠯᠠᠯ ᠬᠠᠩᠭ᠋ᠠᠨ᠎ᠠ ᠃
(ᠬᠣᠶᠠᠷ) ᠪᠣᠬᠢᠷᠲᠤᠯ ᠦᠭᠡᠢ ᠤᠰᠤᠲᠥ᠋ᠷᠥᠭᠴᠢ ᠵᠢᠨ ᠬᠡᠷᠡᠭᠯᠡᠭᠡᠨ᠎ᠢ ᠶᠡᠬᠡ᠎ᠪᠠᠷ ᠠᠬᠢᠭᠤᠯᠵᠤ ᠂ ᠬᠡᠷᠡᠭᠯᠡᠭᠡᠨ᠎ᠳᠤ ᠣᠷᠣᠭᠤᠯᠵᠤ ᠪᠣᠯᠬᠤ ᠪᠥᠬᠥᠨ᠎ᠢ ᠬᠡᠷᠡᠭᠯᠡᠭᠡᠨ᠎ᠳᠤ ᠣᠷᠣᠭᠤᠯᠬᠤ ᠵᠢ ᠪᠡᠶᠡᠯᠡᠭᠦᠯᠦᠨ᠎ᠡ ᠃ 《 ᠪᠣᠬᠢᠷᠲᠤᠯ ᠦᠭᠡᠢ ᠤᠰᠤᠲᠥ᠋ᠷᠥᠭᠴᠢ ++ ᠵᠠᠮ ᠬᠠᠷᠢᠯᠴᠠᠭ᠎ᠠ 》 ᠵᠢ ᠭᠦᠨᠵᠡᠭᠡᠢ ᠠᠬᠢᠭᠤᠯᠵᠤ ᠂ ᠠᠭᠤᠷᠬᠠᠢ ᠵᠢᠨ ᠣᠷᠣᠨ ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠵᠡᠷᠭᠡ ᠡᠵᠡᠩᠨᠡᠯᠲᠡ ᠵᠢᠨ ᠬᠦᠴᠦᠯᠡᠴᠡ᠎ᠪᠠᠷ ᠶᠡᠬᠡ ᠂ ᠠᠶᠠᠯᠠᠨ ᠶᠠᠪᠤᠬᠤ ᠵᠠᠮ ᠱᠤᠭᠤᠮ᠎ᠨᠢ ᠲᠣᠭᠲᠠᠮᠠᠯ ᠠᠬᠤᠢ ᠪᠠᠢ᠌ᠳᠠᠯ ᠪᠠ ᠬᠤᠳᠠ ᠵᠢᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠷᠭᠡ ᠂ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠡᠷᠭᠡ ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠷᠭᠡ ᠵᠡᠷᠭᠡ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠦᠷᠢᠶᠡᠨ᠎ᠳᠤ ᠭᠣᠣᠯᠳᠠᠯᠭ᠎ᠠ᠎ᠲᠠᠢ᠎ᠪᠠᠷ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡ ᠵᠢ ᠶᠡᠬᠡ᠎ᠪᠠᠷ ᠳᠡᠯᠭᠡᠷᠡᠭᠦᠯᠦᠨ ᠬᠡᠷᠡᠭᠯᠡᠵᠦ ᠂ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡᠨ᠎ᠤ ᠵᠢᠱ᠌ᠢᠶ᠎ᠡ ᠦᠵᠡᠭᠦᠯᠬᠦ ᠬᠤᠳᠠ ᠵᠢᠨ ᠪᠦᠯᠦᠭᠵᠢᠯ᠎ᠢ ᠡᠭᠦᠳᠦᠨ ᠪᠠᠶ᠋ᠢᠭᠤᠯᠬᠤ ᠡᠭᠦᠷᠭᠡ᠎ᠪᠠᠨ ᠪᠡᠶᠡᠯᠡᠭᠦᠯᠬᠦ ᠵᠢ ᠠᠬᠢᠭᠤᠯᠤᠨ᠎ᠠ ᠃ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡ ᠬᠢᠭᠡᠳ ᠯᠢᠲ᠋ᠢ ᠴᠠᠬᠢᠯᠭ᠋ᠠᠨ ᠵᠠᠢ ᠵᠢᠨ ᠴᠣᠯ ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡ ᠵᠢᠨ ᠬᠠᠷᠢᠯᠴᠠᠨ ᠨᠥᠬᠥᠪᠦᠷᠢᠯᠡᠬᠦ ᠬᠥᠭᠵᠢᠯᠲᠡ ᠵᠢᠨ ᠬᠡᠪ ᠵᠠᠭᠪᠤᠷ᠎ᠢ ᠪᠠᠢ᠌ᠭᠤᠯᠵᠤ ᠂ ᠴᠠᠢ᠌ᠶᠢᠦ ᠲᠣᠰᠣᠨ᠎ᠤ ᠮᠠᠰᠢᠨ ᠲᠡᠷᠭᠡ᠎ᠪᠠᠨ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡ᠎ᠪᠠᠷ ᠰᠣᠯᠢᠭᠤᠯᠬᠤ ᠵᠢ ᠬᠥᠲᠥᠯᠥᠨ ᠵᠢᠯᠣᠭᠣᠳᠴᠤ ᠂ ᠤᠰᠤᠲᠥ᠋ᠷᠥᠭᠴᠢᠲᠤ ᠲᠦᠯᠡᠰᠢᠨ ᠴᠠᠬᠢᠯᠭ᠋ᠠᠨ ᠵᠠᠢ ᠵᠢᠨ ᠮᠠᠰᠢᠨ ᠲᠡᠷᠭᠡᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠨ᠎ᠡ ᠃ 《ᠪᠣᠬᠢᠷᠲᠤᠯ ᠦᠭᠡᠢ ᠤᠰᠤᠲᠥ᠋ᠷᠥᠭᠴᠢ + ᠴᠠᠬᠢᠯᠭ᠋ᠠᠨ ᠬᠦᠴᠦᠨ》 ᠂ 《ᠪᠣᠬᠢᠷᠲᠤᠯ ᠦᠭᠡᠢ ᠤᠰᠤᠲᠥ᠋ᠷᠥᠭᠴᠢ + ᠪᠠᠷᠢᠯᠭ᠎ᠠ》 ᠵᠢ ᠰᠦᠪᠡᠭᠴᠢᠯᠡᠵᠦ ᠂ ᠴᠠᠬᠢᠯᠭ᠋ᠠᠨ ᠬᠦᠴᠦᠨ ᠪᠠ ᠪᠠᠷᠢᠯᠭ᠎ᠠ ᠵᠢᠨ ᠬᠦᠷᠢᠶ᠎ᠡ ᠴᠠᠷᠠᠭ᠎ᠠ᠎ᠳᠤ ᠪᠡᠯᠡᠳᠬᠡᠯ ᠴᠠᠬᠢᠯᠭ᠋ᠠᠨ ᠡᠭᠦᠰᠬᠡᠭᠴᠢ ᠂ ᠲᠠᠷᠬᠠᠮᠠᠯ ᠮᠠᠶᠢᠭ᠎ᠤᠨ ᠴᠠᠬᠢᠯᠭ᠋ᠠᠨ ᠭᠠᠷᠭ᠋ᠠᠯᠲᠠ ᠂ ᠢᠯᠴᠢ ᠴᠠᠬᠢᠯᠭ᠋ᠠᠨ᠎ᠢ ᠵᠡᠷᠭᠡ᠎ᠪᠠᠷ ᠬᠠᠩᠭ᠋ᠠᠬᠤ ᠵᠡᠷᠭᠡ ᠪᠣᠬᠢᠷᠲᠤᠯ ᠦᠭᠡᠢ ᠤᠰᠤᠲᠥ᠋ᠷᠥᠭᠴᠢ ᠵᠢᠨ ᠬᠡᠷᠡᠭᠯᠡᠭᠡᠨ᠎ᠤ ᠠᠬᠤᠢ ᠪᠠᠢ᠌ᠳᠠᠯ᠎ᠢ ᠭᠣᠣᠯᠳᠠᠯᠭ᠎ᠠ᠎ᠲᠠᠢ ᠨᠡᠭᠡᠭᠡᠨ ᠬᠥᠭᠵᠢᠭᠦᠯᠦᠨ᠎ᠡ ᠃
(ᠭᠤᠷᠪᠠ) ᠪᠣᠬᠢᠷᠲᠤᠯ ᠦᠭᠡᠢ ᠤᠰᠤᠲᠥ᠋ᠷᠥᠭᠴᠢ ᠵᠢᠨ ᠤᠯᠠᠷᠢᠭᠤᠯᠤᠯᠲᠠ ᠵᠢ ᠶᠡᠬᠡ᠎ᠪᠠᠷ ᠠᠬᠢᠭᠤᠯᠵᠤ ᠂ ᠤᠯᠠᠷᠢᠭᠤᠯᠵᠤ ᠳᠡᠢ᠌ᠯᠬᠦ ᠪᠥᠬᠥᠨ᠎ᠢ ᠤᠯᠠᠷᠢᠭᠤᠯᠬᠤ ᠵᠢ ᠪᠡᠶᠡᠯᠡᠭᠦᠯᠦᠨ᠎ᠡ ᠃ 《ᠪᠣᠬᠢᠷᠲᠤᠯ ᠦᠭᠡᠢ ᠤᠰᠤᠲᠥ᠋ᠷᠥᠭᠴᠢ + ᠤᠯᠠᠷᠢᠭᠤᠯᠤᠯᠲᠠ》 ᠵᠢ ᠭᠦᠨᠵᠡᠭᠡᠢ ᠠᠬᠢᠭᠤᠯᠵᠤ ᠂ ᠪᠣᠬᠢᠷᠲᠤᠯ ᠦᠭᠡᠢ ᠤᠰᠤᠲᠥ᠋ᠷᠥᠭᠴᠢ᠎ᠪᠠᠷ ᠪᠣᠬᠢᠷᠲᠤᠯ ᠦᠭᠡᠢ ᠮᠧᠲ᠋ᠢᠯ ᠠᠯᠺᠣᠣᠯ ᠂ ᠪᠣᠬᠢᠷᠲᠤᠯ ᠦᠭᠡᠢ ᠨᠡᠢ᠌ᠯᠡᠯᠭᠡ ᠰᠢᠪᠲᠦᠷ ᠂ ᠪᠣᠬᠢᠷᠲᠤᠯ ᠦᠭᠡᠢ ᠠᠭ᠋ᠠᠷ᠎ᠤᠨ ᠠᠶᠠᠯᠠᠯ᠎ᠤᠨ ᠨᠡᠭᠦᠷᠡᠰᠦ ᠦᠢ᠍ᠯᠡᠳᠬᠦ ᠵᠡᠷᠭᠡ ᠵᠢ ᠭᠣᠣᠯᠳᠠᠯᠭ᠎ᠠ᠎ᠲᠠᠢ ᠬᠥᠭᠵᠢᠭᠦᠯᠵᠦ ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠠᠵᠤ ᠦᠢ᠍ᠯᠡᠰ᠎ᠤᠨ ᠬᠡᠯᠬᠢᠶ᠎ᠡ ᠂ ᠪᠣᠬᠢᠷᠲᠤᠯ ᠦᠭᠡᠢ ᠥᠷᠲᠡᠭ᠎ᠤᠨ ᠬᠡᠯᠬᠢᠶ᠎ᠡ ᠵᠢ ᠤᠷᠲᠤᠳᠬᠠᠨ ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠦᠢ᠍ᠯᠡᠳᠪᠦᠷᠢᠯᠡᠯ ᠬᠡᠷᠡᠭᠯᠡᠭᠡᠨ᠎ᠤ ᠲᠣᠮᠣ ᠣᠷᠣᠨ᠎ᠢ ᠴᠣᠭᠴᠠᠯᠠᠨ᠎ᠠ ᠃ ᠪᠢᠤᠮᠠᠰᠤᠨ ᠡᠬᠢ ᠪᠠᠶᠠᠯᠢᠭ᠎ᠤᠨ ᠬᠠᠩᠭ᠋ᠠᠯᠭ᠎ᠠ᠎ᠳᠠᠬᠢ ᠦᠢ᠍ᠯᠡᠴᠢᠯᠡᠭᠡ ᠬᠠᠮᠢᠶᠠᠷᠤᠯᠲᠠ᠎ᠪᠠᠨ ᠴᠢᠩᠭ᠋ᠠᠳᠬᠠᠵᠤ ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ᠎ᠳᠤ ᠠᠮᠤᠷ ᠲᠦᠪᠰᠢᠨ ᠲᠣᠭᠲᠠᠭᠤᠨ ᠡᠬᠢ ᠪᠠᠶᠠᠯᠢᠭ᠎ᠤᠨ ᠪᠠᠲᠤᠯᠠᠭ᠎ᠠ ᠵᠢ ᠬᠠᠩᠭ᠋ᠠᠨ᠎ᠠ ᠃
(ᠳᠥᠷᠪᠡ ) ᠪᠣᠬᠢᠷᠲᠤᠯ ᠦᠭᠡᠢ ᠤᠰᠤᠲᠥ᠋ᠷᠥᠭᠴᠢ ᠵᠢᠨ ᠭᠠᠳᠠᠭᠰᠢ ᠳᠠᠮᠵᠢᠭᠤᠯᠤᠯᠲᠠ ᠵᠢ ᠶᠡᠬᠡ᠎ᠪᠠᠷ ᠠᠬᠢᠭᠤᠯᠵᠤ ᠂ ᠭᠠᠳᠠᠭᠰᠢ ᠳᠠᠮᠵᠢᠭᠤᠯᠵᠤ ᠳᠡᠶ᠋ᠢᠯᠬᠦ ᠪᠦᠬᠦᠨ᠎ᠢ ᠳᠠᠮᠵᠢᠭᠤᠯᠬᠤ ᠵᠢ ᠪᠡᠶᠡᠯᠡᠭᠦᠯᠦᠨ᠎ᠡ ᠃ 《ᠪᠣᠬᠢᠷᠲᠤᠯ ᠦᠭᠡᠢ ᠤᠰᠤᠲᠥ᠋ᠷᠥᠭᠴᠢ + ᠭᠠᠳᠠᠭᠰᠢ ᠳᠠᠮᠵᠢᠭᠤᠯᠤᠯᠲᠠ》 ᠵᠢ ᠭᠦᠨᠵᠡᠭᠡᠢ ᠠᠬᠢᠭᠤᠯᠵᠤ ᠂ ᠭᠣᠣᠯᠳᠠᠭᠤ ᠪᠣᠬᠢᠷᠲᠤᠯ ᠦᠭᠡᠢ ᠤᠰᠤᠲᠥ᠋ᠷᠥᠭᠴᠢ ᠵᠢᠨ ᠬᠣᠩᠭᠢᠯ᠎ᠳᠤ ᠲᠦᠰᠢᠭᠯᠡᠨ ᠡᠷᠬᠢᠨ ᠲᠣᠭᠣᠷᠢᠨ᠎ᠤ ᠮᠤᠵᠢ (ᠣᠷᠣᠨ ᠂ ᠬᠣᠲᠠ)᠎ᠯᠤᠭ᠎ᠠ ᠪᠣᠬᠢᠷᠲᠤᠯ ᠦᠭᠡᠢ ᠤᠰᠤᠲᠥ᠋ᠷᠥᠭᠴᠢ ᠵᠢᠨ ᠠᠷᠠᠯᠵᠢᠶᠠᠨ᠎ᠤ ᠬᠠᠮᠲᠤᠷᠠᠯᠴᠠᠭ᠎ᠠ ᠬᠢᠬᠦ ᠵᠢ ᠴᠢᠩᠭ᠋ᠠᠳᠬᠠᠵᠤ ᠂ 《ᠪᠠᠷᠠᠭᠤᠨ ᠣᠷᠣᠨ᠎ᠤ ᠤᠰᠤᠲᠥ᠋ᠷᠥᠭᠴᠢ ᠵᠢ ᠵᠡᠭᠦᠨᠰᠢ ᠬᠦᠷᠭᠡᠬᠦ》 ᠵᠡᠷᠭᠡ ᠭᠣᠣᠯᠳᠠᠯᠭ᠎ᠠ ᠪᠣᠯᠬᠤ ᠢᠨᠵᠧᠨᠧᠷᠢᠩ᠎ᠢ ᠥᠷᠨᠢᠭᠦᠯᠵᠦ ᠂ ᠭᠣᠣᠯ ᠱᠤᠭᠤᠮ᠎ᠤᠨ ᠬᠣᠭᠣᠯᠠᠢ ᠭᠤᠤᠷᠰᠤ᠎ᠳᠤ ᠭᠠᠳᠠᠭᠰᠢ ᠳᠠᠮᠵᠢᠭᠤᠯᠬᠤ ᠨᠡᠪᠲᠡᠷᠡᠯ ᠵᠠᠮ᠎ᠤᠨ ᠬᠣᠯᠪᠣᠨ ᠨᠡᠪᠲᠡᠷᠡᠭᠦᠯᠦᠭᠰᠡᠨ ᠴᠡᠭ᠎ᠢ ᠪᠠᠢ᠌ᠭᠤᠯᠵᠤ ᠂ ᠪᠥᠬᠥ ᠣᠷᠣᠨ᠎ᠤ ᠤᠰᠤᠲᠥ᠋ᠷᠥᠭᠴᠢ ᠵᠢᠨ ᠢᠷᠡᠯᠲᠡ ᠵᠢ ᠴᠤᠭᠯᠠᠭᠤᠯᠤᠨ ᠣᠷᠣᠨ᠎ᠤ ᠭᠠᠳᠠᠨᠠᠬᠢ ᠤᠰᠤᠲᠥ᠋ᠷᠥᠭᠴᠢ ᠵᠢᠨ ᠬᠡᠷᠡᠭᠯᠡᠭᠡᠨ᠎ᠤ ᠵᠠᠬ᠎ᠠ ᠳᠡᠯᠭᠡᠭᠦᠷ᠎ᠲᠤ ᠳᠠᠮᠵᠢᠭᠤᠯᠤᠨ ᠬᠦᠷᠭᠡᠨ᠎ᠡ ᠃
ᠲᠠᠪᠤ ᠂ ᠦᠢ᠍ᠯᠡᠳᠪᠦᠷᠢᠯᠡᠯ᠎ᠤᠨ ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ
(ᠨᠢᠭᠡ) ᠴᠠᠬᠢᠯᠭ᠋ᠠᠨ ᠬᠦᠴᠦᠨ᠎ᠤ ᠲᠣᠣᠷ᠎ᠤᠨ ᠪᠠᠲᠤᠯᠠᠭ᠎ᠠ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ ᠃ ᠴᠠᠬᠢᠯᠭ᠋ᠠᠨ ᠬᠦᠴᠦᠨ᠎ᠤ ᠲᠣᠣᠷ᠎ᠲᠤ ᠨᠡᠢ᠌ᠯᠡᠭᠦᠯᠬᠦ ᠬᠡᠯᠪᠡᠷᠢ ᠵᠢᠨ ᠰᠠᠯᠬᠢᠨ ᠪᠠ ᠭᠡᠷᠡᠯᠴᠢ ᠴᠡᠨᠡᠭ ᠵᠶ᠋ᠡᠷ ᠤᠰᠤᠲᠥ᠋ᠷᠥᠭᠴᠢ ᠦᠢ᠍ᠯᠡᠳᠬᠦ ᠵᠢ ᠨᠢᠭᠡ ᠴᠣᠭᠴᠠᠵᠢᠭᠤᠯᠬᠤ ᠲᠥᠷᠥᠯ ᠵᠦᠢ᠍ᠯ᠎ᠤᠨ ᠵᠢᠯ᠎ᠤᠨ ᠴᠠᠬᠢᠯᠭ᠋ᠠᠨ ᠬᠦᠴᠦᠨ᠎ᠤ ᠲᠣᠣᠷ᠎ᠲᠤ ᠣᠷᠣᠭᠤᠯᠬᠤ ᠴᠠᠬᠢᠯᠭ᠋ᠠᠨ᠎ᠤ ᠬᠡᠮᠵᠢᠶ᠎ᠡ ᠵᠢ ᠲᠥᠷᠥᠯ ᠵᠦᠢ᠍ᠯ᠎ᠤᠨ ᠵᠢᠯ᠎ᠤᠨ ᠴᠠᠬᠢᠯᠭ᠋ᠠᠨ ᠭᠠᠷᠭ᠋ᠠᠬᠤ ᠶᠡᠷᠦᠩᠬᠡᠢ ᠬᠡᠮᠵᠢᠶᠡᠨ᠎ᠤ 20%᠎ᠠᠴᠠ ᠬᠡᠲᠦᠷᠡᠭᠦᠯᠵᠦ ᠪᠣᠯᠬᠤ ᠦᠭᠡᠢ ᠂ ᠵᠢᠯ ᠵᠶ᠋ᠡᠷ ᠨᠢᠭᠡᠴᠢ ᠪᠣᠯᠭ᠋ᠠᠨ ᠬᠢᠨᠠᠨ ᠬᠠᠷᠭᠤᠭᠤᠯᠵᠤ ᠂ ᠵᠠᠷᠴᠢᠮ ᠳᠡᠭᠡᠷ᠎ᠡ᠎ᠪᠠᠨ ᠵᠢᠯ ᠪᠦᠷᠢ ᠵᠢᠨ 1 ᠳ᠋ᠦ᠍ᠭᠡᠷ ᠰᠠᠷ᠎ᠠ᠎ᠳᠤ ᠳᠡᠭᠡᠷ᠎ᠡ ᠨᠢᠭᠡ ᠵᠢᠯ᠎ᠤᠨ ᠴᠠᠬᠢᠯᠭ᠋ᠠᠨ ᠬᠦᠴᠦᠨ᠎ᠤ ᠲᠣᠣᠷ᠎ᠲᠤ ᠣᠷᠣᠭᠤᠯᠤᠭᠰᠠᠨ ᠴᠠᠬᠢᠯᠭ᠋ᠠᠨ᠎ᠤ ᠬᠡᠮᠵᠢᠶ᠎ᠡ ᠵᠢ ᠬᠢᠨᠠᠨ ᠬᠠᠷᠭᠤᠭᠤᠯᠤᠨ᠎ᠠ; ᠢᠵᠢ ᠪᠦᠷᠢᠳᠦᠭᠦᠯᠦᠭᠰᠡᠨ ᠰᠢᠨ᠎ᠡ ᠡᠨᠧᠷᠭᠢ ᠵᠢᠨ ᠲᠠᠯᠠᠪᠤᠷ ᠥᠷᠲᠡᠭᠡ ᠵᠢ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠠᠴᠠ ᠤᠷᠢᠳ ᠵᠶ᠋ᠠᠷ ᠢᠯᠭ᠋ᠠᠷᠠᠭᠤᠯᠤᠨ ᠭᠠᠷᠭ᠋ᠠᠬᠤ ᠵᠢᠨ ᠬᠠᠮᠲᠤ ᠂ ᠵᠣᠬᠢᠴᠠᠬᠤ ᠲᠣᠭᠲᠠᠭᠰᠠᠨ ᠴᠠᠭ᠎ᠲᠠᠬᠢ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢ ᠭᠥᠯᠢᠶᠡᠨ ᠠᠪᠴᠤ ᠪᠣᠯᠣᠨ᠎ᠠ; ᠥᠪᠡᠰᠦᠪᠡᠨ ᠭᠠᠷᠭ᠋ᠠᠵᠤ ᠥᠪᠡᠰᠦᠪᠡᠨ ᠬᠡᠷᠡᠭᠯᠡᠬᠦ ᠴᠠᠬᠢᠯᠭ᠋ᠠᠨ᠎ᠠᠴᠠ ᠰᠢᠰᠲ᠋ᠧᠮ᠎ᠤᠨ ᠪᠡᠯᠡᠳᠬᠡᠯ ᠵᠠᠷᠤᠳᠠᠯ ᠪᠠ ᠲᠥᠷᠥ ᠵᠢᠨ ᠪᠣᠳᠣᠯᠭ᠎ᠠ ᠵᠢᠨ ᠴᠢᠨᠠᠷᠲᠠᠢ ᠰᠣᠯᠪᠢᠴᠠᠯ᠎ᠤᠨ ᠨᠡᠮᠡᠭᠦᠷᠢ ᠵᠢ ᠲᠦᠷ ᠲᠠᠲᠠᠪᠤᠷᠢᠯᠠᠬᠤ ᠦᠭᠡᠢ ᠃
(ᠬᠣᠶᠠᠷ) ᠪᠣᠬᠢᠷᠲᠤᠯ ᠦᠭᠡᠢ ᠤᠰᠤᠲᠥ᠋ᠷᠥᠭᠴᠢ ᠵᠢᠨ ᠠᠵᠤ ᠦᠢ᠍ᠯᠡᠰ᠎ᠤᠨ ᠪᠠᠷᠢᠮᠵᠢᠶᠠᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ ᠃ ᠪᠣᠬᠢᠷᠲᠤᠯ ᠦᠭᠡᠢ ᠤᠰᠤᠲᠥ᠋ᠷᠥᠭᠴᠢᠲᠤ ᠠᠵᠤ ᠦᠢ᠍ᠯᠡᠰ᠎ᠢ ᠪᠠᠷᠢᠮᠵᠢᠶᠠᠵᠢᠭᠤᠯᠬᠤ ᠠᠵᠢᠯ ᠵᠶ᠋ᠠᠨ ᠴᠢᠩᠭ᠋ᠠᠳᠬᠠᠵᠤ ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ ᠬᠡᠷᠡᠭᠯᠡᠭᠡᠨ᠎ᠤ ᠡᠯ᠎ᠡ ᠲᠠᠯ᠎ᠠ ᠵᠢᠨ᠎ᠬᠢᠨ᠎ᠤ ᠤᠯᠤᠰ᠎ᠤᠨ ᠪᠠᠷᠢᠮᠵᠢᠶ᠎ᠠ ᠂ ᠣᠷᠣᠨ ᠨᠤᠲᠤᠭ᠎ᠤᠨ ᠪᠠᠷᠢᠮᠵᠢᠶ᠎ᠠ ᠂ ᠠᠵᠢᠯ ᠲᠥᠷᠥᠯ᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠤᠨ ᠂ ᠳᠠᠬᠢᠨ ᠡᠭᠦᠰᠴᠦ ᠪᠣᠯᠬᠤ ᠡᠨᠧᠷᠭᠢ᠎ᠪᠠᠷ ᠤᠰᠤᠲᠥ᠋ᠷᠥᠭᠴᠢ ᠦᠢ᠍ᠯᠡᠳᠬᠦ ᠂ ᠤᠰᠤᠲᠥ᠋ᠷᠥᠭᠴᠢ ᠬᠡᠢ ᠵᠢᠨ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠬᠤ ᠂ ᠤᠰᠤᠲᠥ᠋ᠷᠥᠭᠴᠢᠲᠤ ᠡᠨᠧᠷᠭᠢ ᠵᠢᠨ ᠬᠣᠭᠣᠯᠠᠢ ᠭᠤᠤᠷᠰᠤ ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠲᠠᠯ᠎ᠠ ᠵᠢᠨ ᠪᠠᠷᠢᠮᠵᠢᠶ᠎ᠠ ᠵᠢ ᠲᠣᠭᠲᠠᠭ᠋ᠠᠬᠤ᠎ᠳᠤ ᠭᠣᠣᠯᠳᠠᠯᠭ᠎ᠠ᠎ᠲᠠᠢ᠎ᠪᠠᠷ ᠣᠷᠣᠯᠴᠠᠵᠤ ᠂ ᠪᠣᠬᠢᠷᠲᠤᠯ ᠦᠭᠡᠢ ᠤᠰᠤᠲᠥ᠋ᠷᠥᠭᠴᠢᠲᠤ ᠠᠵᠤ ᠦᠢ᠍ᠯᠡᠰ᠎ᠤᠨ ᠬᠥᠭᠵᠢᠯᠲᠡ᠎ᠳᠤ ᠲᠤᠯᠭ᠋ᠠᠭᠤᠷᠢᠯᠠᠯ ᠬᠠᠩᠭ᠋ᠠᠨ᠎ᠠ ᠃ ᠪᠣᠬᠢᠷᠲᠤᠯ ᠦᠭᠡᠢ ᠤᠰᠤᠲᠥ᠋ᠷᠥᠭᠴᠢᠲᠤ ᠠᠵᠤ ᠦᠢ᠍ᠯᠡᠰ᠎ᠤᠨ ᠪᠠᠷᠢᠮᠵᠢᠶ᠎ᠠ ᠵᠢ ᠬᠡᠷᠡᠭᠯᠡᠭᠡᠨ᠎ᠳᠤ ᠣᠷᠣᠭᠤᠯᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ ᠂ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ ᠂ ᠲᠠᠨᠢᠯᠴᠠᠭᠤᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠢᠳᠡᠪᠬᠢᠲᠡᠢ ᠬᠡᠷᠡᠭᠯᠡᠨ᠎ᠡ ᠃
ᠡᠯ᠎ᠡ ᠭᠠᠵᠠᠷ ᠣᠷᠣᠨ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠤᠳᠤᠷᠢᠳᠤᠯᠭ᠎ᠠ᠎ᠪᠠᠨ ᠦᠨᠡᠨ ᠬᠦ᠌ ᠴᠢᠩᠭ᠋ᠠᠳᠬᠠᠵᠤ ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ ᠂ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠲᠠᠢ᠎ᠪᠠᠷ ᠠᠵᠢᠯᠯᠠᠵᠤ ᠂ ᠤᠰᠤᠲᠥ᠋ᠷᠥᠭᠴᠢᠲᠤ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠂ ᠲᠣᠰ ᠮᠡᠳᠡᠭᠳᠡᠯ᠎ᠢ ᠬᠡᠷᠡᠭᠵᠢᠭᠦᠯᠦᠭᠰᠡᠨ ᠪᠠᠢ᠌ᠳᠠᠯ᠎ᠢ ᠬᠥᠳᠡᠯᠦᠩᠭᠦᠢ᠎ᠪᠠᠷ ᠬᠢᠨᠠᠨ ᠬᠡᠮᠵᠢᠬᠦ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ ᠠᠵᠢᠯ ᠵᠶ᠋ᠠᠨ ᠰᠠᠢ᠌ᠲᠤᠷ ᠬᠢᠵᠦ ᠂ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠢᠳᠤᠨᠢ ᠰᠤᠳᠤᠯᠤᠨ ᠰᠢᠢ᠍ᠳᠪᠦᠷᠢᠯᠡᠵᠦ ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠢ ᠃
2024 ᠣᠨ᠎ᠤ 5 ᠳ᠋ᠤᠭ᠋ᠠᠷ ᠰᠠᠷ᠎ᠠ ᠵᠢᠨ 30᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 6 ᠳ᠋ᠤᠭ᠋ᠠᠷ ᠰᠠᠷ᠎ᠠ ᠵᠢᠨ
3᠎ᠤ ᠡᠳᠦᠷ ᠳᠠᠷᠤᠮᠠᠯᠯᠠᠨ ᠲᠠᠷᠬᠠᠭ᠋ᠠᠪᠠ