ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-12-25

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

 

ᠥᠪᠥᠷ ᠵᠠᠰᠠᠭ ᠠᠯᠪᠠᠨ ᠲᠠᠷᠬᠠᠭ᠋ᠠᠭᠰᠠᠨ [ 2024 ] 48  ᠳ᠋ᠤᠭ᠋ᠠᠷ ᠲᠣᠭ᠋ᠠᠲᠤ

 

ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ ᠄

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ 》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ ᠃ 

 

2024 ᠣᠨ᠎ᠤ 11 ᠳ᠋ᠦ᠍ᠭᠡᠷ ᠰᠠᠷ᠎ᠠ ᠵᠢᠨ 21᠎ᠤ ᠡᠳᠦᠷ  

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ ) 

 

ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ

 

      《ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠲᠥᠪ ᠬᠣᠷᠢᠶ᠎ᠠ ᠬᠢᠭᠡᠳ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠥᠯ᠎ᠢ ᠳᠠᠷᠤᠮᠠᠯᠯᠠᠨ  ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ 》 (ᠲᠥᠷᠥ ᠠᠯᠪᠠᠨ ᠲᠠᠷᠬᠠᠭ᠋ᠠᠭᠰᠠᠨ [ 2024 ] 48 ᠳ᠋ᠤᠭ᠋ᠠᠷ ᠲᠣᠭ᠋ᠠᠲᠤ ) ᠪᠠ 《ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ ᠬᠢᠭᠡᠳ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ 》 (ᠥᠪᠥᠷ ᠵᠠᠰᠠᠭ ᠲᠠᠷᠬᠠᠭ᠋ᠠᠭᠰᠠᠨ [ 2018 ] 13 ᠳ᠋ᠤᠭ᠋ᠠᠷ ᠲᠣᠭ᠋ᠠᠲᠤ )᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠬᠤ ᠪᠠ ᠵᠦᠢ ᠵᠣᠬᠢᠰᠲᠠᠢ ᠬᠤᠪᠢᠶᠠᠷᠢᠯᠠᠬᠤ ᠵᠢᠨ ᠲᠤᠰᠠᠳᠠ᠂ ᠡᠷᠬᠡ ᠬᠠᠷᠢᠭᠤᠴᠠᠯᠭ᠎ᠠ ᠲᠣᠳᠣᠷᠬᠠᠢ᠂ ᠡᠳ᠋᠎ᠤᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠬᠠᠷᠢᠴᠠᠭ᠎ᠠ ᠵᠢ ᠠᠬᠢᠭᠤᠯᠤᠨ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠣᠷᠣᠭᠰᠢᠬᠢ ᠵᠠᠰᠠᠭ᠎ᠤᠨ ᠣᠷᠳᠣᠨ᠎ᠤ ᠠᠵᠢᠯ ᠶᠠᠪᠤᠳᠠᠯ᠎ᠤᠨ  ᠡᠷᠬᠡ᠂ ᠵᠠᠷᠤᠯᠭ᠎ᠠ ᠵᠢᠨ ᠬᠠᠷᠢᠭᠤᠴᠠᠯᠭ᠎ᠠ ᠪᠠ ᠡᠳ᠋᠎ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠣᠭᠲᠠᠭᠤᠨ ᠳᠦᠷᠢᠮ᠎ᠢ  ᠪᠠᠢ᠌ᠭᠤᠯᠵᠤ ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠠᠵᠢᠯ᠎ᠤᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ ᠃ 

       ᠨᠢᠭᠡ᠂ ᠭᠣᠣᠯ ᠠᠭᠤᠯᠭ᠎ᠠ

      (  ᠨᠢᠭᠡ ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠣᠷᠸ᠎ᠠ ᠬᠠᠮᠢᠶᠠᠷᠤᠯᠲᠠ 

       ᠪᠥᠬᠥ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠪᠠᠢ᠌ᠯᠳᠤᠬᠤ ᠪᠣᠳᠣᠯᠭ᠎ᠠ᠂ ᠲᠥᠯᠦᠪᠵᠢᠭᠦᠯᠭᠡ᠂ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠬᠡᠷᠡᠭᠵᠢᠭᠦᠯᠬᠦ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠢ ᠰᠤᠳᠤᠯᠤᠨ ᠲᠣᠭᠲᠠᠭ᠋ᠠᠬᠤ᠂ ᠪᠥᠬᠥ ᠣᠷᠣᠨ᠎ᠤ ᠴᠢᠨᠠᠷᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢ  ᠪᠦᠷᠢᠳᠬᠡᠨ ᠪᠠᠢ᠌ᠴᠠᠭ᠋ᠠᠵᠤ ᠵᠠᠳᠠᠯᠤᠨ ᠨᠡᠢ᠌ᠲᠡᠯᠡᠬᠦ ᠠᠵᠢᠯ ᠥᠷᠨᠢᠭᠦᠯᠬᠦ ᠵᠡᠷᠭᠡ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃

       ᠠᠢ᠌ᠮᠠᠭ ᠬᠣᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠪᠠᠢ᠌ᠯᠳᠤᠬᠤ ᠪᠣᠳᠣᠯᠭ᠎ᠠ᠂ ᠲᠥᠯᠦᠪᠵᠢᠭᠦᠯᠭᠡ᠂ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠬᠡᠷᠡᠭᠵᠢᠭᠦᠯᠬᠦ᠂ ᠠᠢ᠌ᠮᠠᠭ ᠬᠣᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢ  ᠪᠦᠷᠢᠳᠬᠡᠨ ᠪᠠᠢ᠌ᠴᠠᠭ᠋ᠠᠵᠤ ᠵᠠᠳᠠᠯᠤᠨ ᠨᠡᠢ᠌ᠲᠡᠯᠡᠬᠦ ᠠᠵᠢᠯ ᠥᠷᠨᠢᠭᠦᠯᠬᠦ ᠵᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ᠎ᠪᠠᠷ ᠨᠤᠲᠠᠯᠠᠨ ᠲᠣᠭᠲᠠᠭ᠋ᠠᠵᠤ᠂ ᠠᠢ᠌ᠮᠠᠭ ᠬᠣᠲᠠ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃ 

      (ᠬᠣᠶᠠᠷ ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠡᠷᠬᠡ ᠣᠯᠭᠣᠯᠲᠠ  ᠡᠷᠬᠡ ᠲᠣᠭᠲᠠᠭ᠋ᠠᠯᠲᠠ

       ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠣᠬᠢᠶᠠᠯ ᠪᠦᠲᠦᠭᠡᠯ᠎ᠤᠨ ᠡᠷᠬᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠭᠦᠢ᠍ᠴᠡᠳᠬᠡᠭᠰᠡᠨ ᠤᠯᠤᠰ᠎ᠤᠨ ᠳᠣᠲᠣᠭ᠋ᠠᠳᠤ ᠵᠢᠨ ᠵᠣᠬᠢᠶᠠᠭᠴᠢ ᠪᠤᠶᠤ ᠪᠤᠰᠤᠳ ᠵᠣᠬᠢᠶᠠᠯ ᠪᠦᠲᠦᠭᠡᠯ᠎ᠤᠨ ᠡᠷᠬᠡᠲᠦ ᠬᠥᠮᠥᠨ᠎ᠤ ᠪᠦᠲᠦᠭᠡᠯ᠎ᠢ᠎ᠨᠢ  ᠳᠠᠩᠰᠠᠯᠠᠨ ᠲᠡᠮᠳᠡᠭᠯᠡᠬᠦ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃ 

      (ᠭᠤᠷᠪᠠ ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠡᠷᠡᠭᠯᠡᠯᠲᠡ ᠠᠬᠢᠯᠲᠠ

       ᠪᠥᠬᠥ ᠣᠷᠣᠨ᠎ᠤ ᠴᠢᠨᠠᠷᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠰᠢᠯᠵᠢᠭᠦᠯᠦᠨ ᠤᠯᠠᠷᠢᠭᠤᠯᠬᠤ ᠵᠢ ᠠᠬᠢᠭᠤᠯᠬᠤ ᠪᠠ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠠᠷᠠᠯᠵᠢᠶ᠎ᠠ ᠵᠢᠨ ᠡᠵᠡᠩᠨᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ᠂ ᠪᠥᠬᠥ ᠣᠷᠣᠨ᠎ᠤ ᠴᠢᠨᠠᠷᠲᠠᠢ ᠴᠢᠬᠤᠯᠠ ᠶᠡᠬᠡ ᠠᠵᠤ ᠠᠬᠤᠢ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠠᠵᠢᠯᠯᠠᠭ᠎ᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢ ᠵᠥᠪᠯᠡᠨ ᠲᠣᠭᠲᠠᠭ᠋ᠠᠬᠤ᠂ ᠭᠠᠳᠠᠭ᠋ᠠᠳᠤ ᠤᠯᠤᠰ᠎ᠤᠨ ᠨᠣᠮ ᠪᠢᠴᠢᠭ ᠬᠡᠪᠯᠡᠬᠦ ᠭᠡᠷ᠎ᠡ ᠵᠢ ᠳᠠᠩᠰᠠᠯᠠᠨ ᠲᠡᠮᠳᠡᠭᠯᠡᠬᠦ᠂ ᠬᠢᠯᠢ ᠵᠢᠨ ᠭᠠᠳᠠᠨᠠᠬᠢ ᠡᠯᠧᠺᠲᠷᠣᠨ ᠬᠡᠪᠯᠡᠭᠳᠡᠬᠦᠨ ᠪᠠ ᠺᠣᠮᠫᠢᠦ᠋ᠲ᠋ᠧᠷ᠎ᠤᠨ ᠵᠥᠭᠡᠯᠡᠨ ᠲᠣᠨᠣᠭ᠎ᠢ ᠬᠡᠪᠯᠡᠭᠦᠯᠬᠦ ᠪᠠ ᠬᠠᠭᠤᠯᠪᠤᠷᠢᠯᠠᠬᠤ ᠭᠡᠷ᠎ᠡ ᠵᠢ ᠳᠡᠩᠰᠡᠯᠡᠨ ᠲᠡᠮᠳᠡᠭᠯᠡᠬᠦ᠂ ᠬᠢᠯᠢ ᠵᠢᠨ ᠭᠠᠳᠠᠨᠠᠬᠢ ᠲᠠᠭᠤ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ᠎ᠢ  ᠬᠠᠭᠤᠯᠪᠤᠷᠢᠯᠠᠨ ᠠᠪᠬᠤ ᠨᠠᠶ᠋ᠢᠳᠠᠯᠭ᠎ᠠ ᠵᠢᠨ ᠭᠡᠷ᠎ᠡ ᠵᠢ ᠳᠡᠩᠰᠡᠯᠡᠨ ᠲᠡᠮᠳᠡᠭᠯᠡᠬᠦ ᠂  ᠤᠯᠤᠰ᠎ᠤᠨ ᠭᠠᠳᠠᠭ᠋ᠠᠳᠤ᠎ᠠᠴᠠ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢ ᠭᠤᠶᠤᠴᠢᠯᠠᠬᠤ ᠵᠢ  ᠳᠡᠩᠰᠡᠯᠡᠨ ᠲᠡᠮᠳᠡᠭᠯᠡᠬᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠬᠥᠭᠵᠢᠯᠲᠡ᠎ᠲᠠᠢ ᠤᠶᠠᠯᠳᠤᠭᠤᠯᠤᠨ ᠲᠤᠰᠬᠠᠢ ᠠᠰᠢᠭ᠎ᠤᠨ ᠵᠠᠮᠴᠢᠯᠠᠯ᠎ᠢ ᠥᠷᠨᠢᠭᠦᠯᠬᠦ᠂ ᠪᠥᠬᠥ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠬᠢᠨᠠᠨ ᠬᠠᠮᠢᠶᠠᠷᠬᠤ᠂ ᠲᠤᠰᠬᠠᠢ ᠠᠰᠢᠭ᠎ᠤᠨ ᠣᠷᠣᠯᠠᠨ ᠭᠦᠢ᠍ᠴᠡᠳᠭᠡᠭᠴᠢ ᠵᠢᠨ ᠬᠢᠷᠢ ᠬᠡᠮ᠎ᠤᠨ ᠰᠢᠯᠭ᠋ᠠᠯᠲᠠ ᠵᠢᠨ ᠠᠵᠢᠯ᠎ᠢ ᠳᠠᠭ᠋ᠠᠭ᠋ᠠᠨ ᠭᠦᠢ᠍ᠴᠡᠳᠬᠡᠬᠦ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠣᠬᠢᠶᠠᠯ ᠪᠦᠲᠦᠭᠡᠯ᠎ᠤᠨ ᠡᠷᠬᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠭᠦᠢ᠍ᠴᠡᠳᠬᠡᠭᠰᠡᠨ ᠵᠣᠬᠢᠶᠠᠯ ᠪᠦᠲᠦᠭᠡᠯ᠎ᠤᠨ ᠡᠷᠬᠡ ᠵᠢᠨ ᠵᠥᠪᠰᠢᠶᠡᠷᠡᠬᠦ ᠪᠠ ᠰᠢᠯᠵᠢᠭᠦᠯᠦᠨ ᠳᠠᠩᠰᠠᠯᠠᠭᠤᠯᠬᠤ ᠵᠡᠷᠭᠡ ᠵᠢ  ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃

       ᠠᠢ᠌ᠮᠠᠭ ᠬᠣᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠰᠢᠯᠵᠢᠭᠦᠯᠦᠨ ᠤᠯᠠᠷᠢᠭᠤᠯᠬᠤ ᠵᠢ ᠠᠬᠢᠭᠤᠯᠬᠤ ᠪᠠ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠠᠷᠠᠯᠵᠢᠶ᠎ᠠ ᠵᠢᠨ ᠡᠵᠡᠩᠨᠡᠯᠲᠡ ᠎ᠳᠤ ᠬᠢᠨᠠᠯᠲᠠ ᠲᠠᠯᠪᠢᠵᠤ ᠬᠠᠮᠢᠶᠠᠷᠬᠤ᠂ ᠠᠢ᠌ᠮᠠᠭ ᠬᠣᠲᠠ ᠵᠢᠨ ᠴᠢᠬᠤᠯᠠ ᠶᠡᠬᠡ ᠠᠵᠤ ᠠᠬᠤᠢ ᠰᠢᠨᠵᠢᠯᠡᠬᠦ ᠤᠬᠠᠭ᠋ᠠᠨ ᠲᠧᠭᠨᠢᠭ  ᠮᠡᠷᠭᠡᠵᠢᠯ᠎ᠤᠨ ᠠᠵᠢᠯᠯᠠᠭ᠎ᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢ ᠵᠥᠪᠯᠡᠨ ᠲᠣᠭᠲᠠᠭ᠋ᠠᠬᠤ᠂ ᠭᠠᠳᠠᠭ᠋ᠠᠳᠤ ᠤᠯᠤᠰ᠎ᠤᠨ ᠨᠣᠮ ᠪᠢᠴᠢᠭ ᠬᠡᠪᠯᠡᠬᠦ ᠭᠡᠷ᠎ᠡ ᠵᠢ ᠳᠠᠩᠰᠠᠯᠠᠬᠤ᠂ ᠲᠣᠰ ᠭᠠᠵᠠᠷ ᠣᠷᠣᠨ᠎ᠤ᠎ᠪᠠᠨ ᠠᠵᠤ ᠦᠢ᠍ᠯᠡᠰ᠎ᠤᠨ ᠬᠥᠭᠵᠢᠯᠲᠡ᠎ᠲᠠᠢ ᠤᠶᠠᠯᠳᠤᠭᠤᠯᠤᠨ ᠲᠤᠰᠬᠠᠢ ᠠᠰᠢᠭ᠎ᠤᠨ ᠵᠠᠮᠴᠢᠯᠠᠯ᠎ᠢ ᠥᠷᠨᠢᠭᠦᠯᠬᠦ᠂ ᠠᠢ᠌ᠮᠠᠭ ᠬᠣᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠬᠢᠨᠠᠨ ᠬᠠᠮᠢᠶᠠᠷᠬᠤ᠂ ᠠᠢ᠌ᠮᠠᠭ ᠬᠣᠲᠠ ᠵᠢᠨ ᠵᠣᠬᠢᠶᠠᠯ ᠪᠦᠲᠦᠭᠡᠯ᠎ᠤᠨ ᠡᠷᠬᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠭᠦᠢ᠍ᠴᠡᠳᠬᠡᠭᠰᠡᠨ ᠵᠣᠬᠢᠶᠠᠯ ᠪᠦᠲᠦᠭᠡᠯ᠎ᠤᠨ ᠡᠷᠬᠡ ᠵᠢ  ᠵᠥᠪᠰᠢᠶᠡᠷᠡᠬᠦ ᠪᠠ ᠰᠢᠯᠵᠢᠭᠦᠯᠦᠨ ᠳᠠᠩᠰᠠᠯᠠᠭᠤᠯᠬᠤ ᠵᠡᠷᠭᠡ ᠵᠢ  ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ᠎ᠪᠠᠷ ᠨᠤᠲᠠᠯᠠᠨ ᠲᠣᠭᠲᠠᠭ᠋ᠠᠵᠤ᠂ ᠠᠢ᠌ᠮᠠᠭ ᠬᠣᠲᠠ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃ 

      (ᠳᠥᠷᠪᠡ ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ

       ᠪᠥᠬᠥ ᠣᠷᠣᠨ᠎ᠤ ᠴᠢᠨᠠᠷᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ  ᠪᠠᠢ᠌ᠭᠤᠯᠬᠤ᠂ ᠪᠥᠬᠥ ᠣᠷᠣᠨ᠎ᠤ ᠴᠢᠨᠠᠷᠲᠠᠢ ᠭᠠᠳᠠᠭ᠋ᠠᠳᠤ᠎ᠳᠤ ᠬᠣᠯᠪᠣᠭᠳᠠᠬᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ ᠲᠣᠭᠲᠠᠴᠠ ᠵᠢ ᠪᠠᠢ᠌ᠭᠤᠯᠬᠤ ᠂ ᠪᠥᠬᠥ ᠣᠷᠣᠨ᠎ᠤ ᠴᠢᠨᠠᠷᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠪᠠᠢ᠌ᠳᠠᠯ᠎ᠢ ᠦᠨᠡᠯᠡᠬᠦ ᠪᠠ ᠠᠮᠵᠢᠯᠲᠠ ᠪᠦᠲᠦᠮᠵᠢ᠎ᠳᠤ  ᠬᠢᠨᠠᠯᠲᠠ ᠲᠠᠯᠪᠢᠵᠤ ᠰᠢᠯᠭ᠋ᠠᠨ ᠬᠢᠨᠠᠬᠤ᠂ ᠪᠥᠬᠥ ᠣᠷᠣᠨ᠎ᠳᠤ ᠴᠢᠬᠤᠯᠠ ᠶᠡᠬᠡ ᠨᠥᠯᠥᠭᠡ᠎ᠲᠠᠢ ᠪᠤᠶᠤ ᠣᠷᠣᠨ ᠪᠦᠰᠡ ᠠᠯᠤᠰᠯᠠᠭᠰᠠᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠴᠢᠬᠤᠯᠠ ᠶᠡᠬᠡ ᠬᠡᠷᠡᠭ᠎ᠢ ᠵᠣᠬᠢᠶᠠᠨ ᠪᠠᠢ᠌ᠭᠤᠯᠤᠨ ᠪᠠᠢ᠌ᠴᠠᠭ᠋ᠠᠨ ᠭᠦᠢ᠍ᠴᠡᠳᠬᠡᠬᠦ ᠪᠠ ᠰᠢᠮᠳᠠᠭᠤᠯᠤᠨ ᠪᠠᠢ᠌ᠴᠠᠭ᠋ᠠᠵᠤ ᠰᠢᠮᠳᠠᠭᠤᠯᠤᠨ ᠭᠦᠢ᠍ᠴᠡᠳᠬᠡᠯᠭᠡᠬᠦ᠂ ᠪᠥᠬᠥ ᠣᠷᠣᠨ᠎ᠤ ᠴᠢᠨᠠᠷᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢ ᠲᠦᠷᠭᠡᠨ ᠬᠠᠮᠵᠢᠯᠴᠠᠨ ᠬᠠᠮᠠᠭ᠋ᠠᠯᠠᠬᠤ᠂ ᠡᠷᠬᠡ ᠠᠰᠢᠭ ᠵᠶ᠋ᠠᠨ ᠬᠠᠮᠠᠭ᠋ᠠᠯᠠᠬᠤ᠎ᠳᠤ ᠲᠤᠰᠠᠯᠠᠮᠵᠢ ᠦᠵᠡᠭᠦᠯᠬᠦ᠂ ᠪᠥᠬᠥ ᠣᠷᠣᠨ᠎ᠳᠤ ᠴᠢᠬᠤᠯᠠ ᠶᠡᠬᠡ ᠨᠥᠯᠥᠭᠡ᠎ᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠳᠤ ᠵᠠᠰᠠᠭ ᠵᠠᠬᠢᠷᠭ᠋ᠠᠨ᠎ᠤ ᠲᠠᠰᠤᠯᠤᠯᠲᠠ ᠬᠢᠬᠦ ᠪᠠ ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠬᠦ᠂ ᠮᠡᠷᠭᠡᠵᠢᠯ᠎ᠤᠨ ᠭᠠᠳᠠᠭ᠋ᠠᠳᠤ ᠭᠠᠷᠭ᠋ᠠᠯᠲᠠ᠎ᠳᠤ ᠬᠣᠯᠪᠣᠭᠳᠠᠬᠤ ᠲᠤᠰᠬᠠᠢ ᠠᠰᠢᠭ᠎ᠤᠨ ᠡᠷᠬᠡ᠂ ᠬᠤᠷᠠᠮᠠᠯ ᠴᠠᠬᠢᠯᠭ᠋ᠠᠨ ᠬᠡᠯᠬᠢᠶ᠎ᠡ ᠵᠢᠨ ᠪᠠᠢ᠌ᠷᠢᠯᠠᠭᠤᠯᠤᠯᠲᠠ ᠵᠢᠨ ᠵᠢᠷᠤᠭ ᠲᠥᠯᠥᠪᠯᠡᠭᠡ ᠵᠢᠨ ᠲᠤᠰᠬᠠᠢ ᠡᠷᠬᠡ᠂ ᠺᠣᠮᠫᠢᠦ᠋ᠲ᠋ᠧᠷ᠎ᠤᠨ ᠵᠥᠭᠡᠯᠡᠨ ᠲᠣᠨᠣᠭ᠎ᠤᠨ ᠵᠣᠬᠢᠶᠠᠯ ᠪᠦᠲᠦᠭᠡᠯ᠎ᠤᠨ ᠡᠷᠬᠡ᠎ᠨᠦᠭᠦᠳ᠎ᠢ ᠭᠠᠳᠠᠭ᠋ᠠᠳᠤ᠎ᠳᠤ ᠰᠢᠯᠵᠢᠭᠦᠯᠦᠨ ᠥᠭᠬᠦ ᠵᠢ ᠬᠢᠨᠠᠨ ᠪᠠᠢ᠌ᠴᠠᠭ᠋ᠠᠬᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠥᠭᠡᠯᠡᠨ ᠲᠣᠨᠣᠭ᠎ᠢ ᠵᠢᠩᠬᠢᠨᠢ ᠬᠡᠪᠯᠡᠯ ᠪᠣᠯᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠠᠬᠢᠭᠤᠯᠬᠤ ᠵᠡᠷᠭᠡ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ᠎ᠪᠠᠷ  ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃

       ᠠᠢ᠌ᠮᠠᠭ ᠬᠣᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ  ᠪᠠᠢ᠌ᠭᠤᠯᠬᠤ᠂ ᠠᠢ᠌ᠮᠠᠭ ᠬᠣᠲᠠ ᠵᠢᠨ ᠭᠠᠳᠠᠭ᠋ᠠᠳᠤ᠎ᠳᠤ ᠬᠣᠯᠪᠣᠭᠳᠠᠬᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ ᠲᠣᠭᠲᠠᠴᠠ ᠵᠢ  ᠪᠠᠢ᠌ᠭᠤᠯᠬᠤ᠂ ᠠᠢ᠌ᠮᠠᠭ ᠬᠣᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠪᠠᠢ᠌ᠳᠠᠯ᠎ᠢ ᠦᠨᠡᠯᠡᠬᠦ ᠪᠠ ᠠᠮᠵᠢᠯᠲᠠ ᠪᠦᠲᠦᠮᠵᠢ᠎ᠳᠤ  ᠬᠢᠨᠠᠯᠲᠠ ᠲᠠᠯᠪᠢᠵᠤ ᠰᠢᠯᠭ᠋ᠠᠨ ᠬᠢᠨᠠᠬᠤ᠂ ᠠᠢ᠌ᠮᠠᠭ ᠬᠣᠲᠠ ᠵᠢᠨ ᠮᠡᠳᠡᠯᠭᠡ ᠵᠢᠨ  ᠦᠮᠴᠢᠯᠡᠯ᠎ᠤᠨ ᠡᠷᠬᠡ ᠵᠢᠨ ᠬᠠᠤᠯᠢ ᠬᠡᠷᠡᠭᠵᠢᠭᠦᠯᠬᠦ᠂ ᠲᠦᠷᠭᠡᠨ ᠬᠠᠮᠵᠢᠯᠴᠠᠨ ᠬᠠᠮᠠᠭ᠋ᠠᠯᠠᠬᠤ᠂ ᠡᠷᠬᠡ ᠠᠰᠢᠭ ᠵᠶ᠋ᠠᠨ ᠬᠠᠮᠠᠭ᠋ᠠᠯᠠᠬᠤ᠎ᠳᠤ ᠲᠤᠰᠠᠯᠠᠮᠵᠢ ᠦᠵᠡᠭᠦᠯᠬᠦ᠂ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠳᠤ ᠦᠯᠦ ᠵᠢᠭᠰᠠᠭ᠋ᠠᠨ ᠣᠷᠣᠭᠤᠯᠤᠭᠰᠠᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠳᠤ ᠵᠠᠰᠠᠭ ᠵᠠᠬᠢᠷᠭ᠋ᠠᠨ᠎ᠤ ᠲᠠᠰᠤᠯᠤᠯᠲᠠ ᠬᠢᠬᠦ ᠪᠠ ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠬᠦ᠂ ᠠᠢ᠌ᠮᠠᠭ ᠬᠣᠲᠠ ᠵᠢᠨ ᠵᠥᠭᠡᠯᠡᠨ ᠲᠣᠨᠣᠭ᠎ᠢ ᠵᠢᠩᠬᠢᠨᠢ ᠬᠡᠪᠯᠡᠯ ᠪᠣᠯᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠠᠬᠢᠭᠤᠯᠬᠤ ᠵᠡᠷᠭᠡ ᠵᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠢ᠌ᠮᠠᠭ ᠬᠣᠲᠠ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃ 

      (ᠲᠠᠪᠤ ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ

       ᠪᠥᠬᠥ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ  ᠪᠠᠢ᠌ᠭᠤᠯᠬᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠤᠯᠠᠮᠵᠢᠯᠠᠨ ᠠᠰᠢᠭᠯᠠᠬᠤ ᠪᠠ ᠠᠭᠤᠰᠤᠯᠴᠠᠭᠤᠯᠤᠨ ᠬᠡᠷᠡᠭᠯᠡᠬᠦ ᠵᠢ ᠠᠬᠢᠭᠤᠯᠬᠤ᠂ ᠪᠥᠬᠥ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠮᠡᠳᠡᠭᠡ ᠵᠠᠩᠭᠢᠴᠢᠯᠠᠭᠰᠠᠨ᠂ ᠣᠶᠤᠨᠴᠢᠯᠠᠭᠰᠠᠨ ᠰᠠᠭᠤᠷᠢ ᠪᠡᠯᠡᠳᠬᠡᠮᠵᠢ ᠵᠢ  ᠪᠦᠲᠦᠭᠡᠨ ᠪᠠᠢ᠌ᠭᠤᠯᠬᠤ ᠪᠠ ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ᠂ ᠪᠥᠬᠥ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠦᠭᠰᠢᠭᠦᠷᠢ ᠵᠢ ᠲᠥᠰᠥᠭᠡᠯᠡᠵᠦ ᠰᠡᠷᠡᠮᠵᠢᠯᠡᠭᠦᠯᠬᠦ ᠵᠢ ᠠᠬᠢᠭᠤᠯᠬᠤ ᠵᠡᠷᠭᠡ ᠵᠢ  ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃ 

       ᠠᠢ᠌ᠮᠠᠭ ᠬᠣᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ  ᠪᠠᠢ᠌ᠭᠤᠯᠬᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠮᠡᠳᠡᠭᠡ ᠵᠠᠩᠭᠢ ᠵᠢ ᠲᠣᠰ ᠭᠠᠵᠠᠷ ᠣᠷᠣᠨ᠎ᠳᠤ᠎ᠪᠠᠨ ᠤᠯᠠᠮᠵᠢᠯᠠᠨ ᠠᠰᠢᠭᠯᠠᠬᠤ ᠪᠠ ᠠᠭᠤᠰᠤᠯᠴᠠᠭᠤᠯᠤᠨ ᠬᠡᠷᠡᠭᠯᠡᠬᠦ ᠵᠢ ᠠᠬᠢᠭᠤᠯᠬᠤ᠂ ᠠᠢ᠌ᠮᠠᠭ ᠬᠣᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠮᠡᠳᠡᠭᠡ ᠵᠠᠩᠭᠢᠴᠢᠯᠠᠭᠰᠠᠨ᠂ ᠣᠶᠤᠨᠴᠢᠯᠠᠭᠰᠠᠨ ᠰᠠᠭᠤᠷᠢ ᠪᠡᠯᠡᠳᠬᠡᠮᠵᠢ ᠵᠢ ᠪᠦᠲᠦᠭᠡᠨ ᠪᠠᠢ᠌ᠭᠤᠯᠬᠤ ᠪᠠ ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠂  ᠠᠢ᠌ᠮᠠᠭ ᠬᠣᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠦᠭᠰᠢᠭᠦᠷᠢ ᠵᠢ ᠲᠥᠰᠥᠭᠡᠯᠡᠵᠦ ᠰᠡᠷᠡᠮᠵᠢᠯᠡᠭᠦᠯᠬᠦ ᠵᠢ ᠠᠬᠢᠭᠤᠯᠬᠤ ᠵᠡᠷᠭᠡ ᠵᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ  ᠨᠤᠲᠠᠯᠠᠨ ᠲᠣᠭᠲᠠᠭ᠋ᠠᠵᠤ᠂ ᠠᠢ᠌ᠮᠠᠭ ᠬᠣᠲᠠ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃ 

      (ᠵᠢᠷᠭᠤᠭ᠎ᠠ ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠭᠠᠳᠠᠭ᠋ᠠᠳᠤ᠎ᠳᠤ ᠬᠣᠯᠪᠣᠭᠳᠠᠬᠤ ᠠᠵᠢᠯ

       ᠥᠪᠡᠷᠲᠡᠭᠡᠨ ᠵᠠᠰᠠᠬᠤ ᠣᠷᠣᠨ ᠬᠢᠭᠡᠳ ᠭᠠᠳᠠᠭ᠋ᠠᠳᠤ ᠤᠯᠤᠰ᠎ᠤᠨ ᠣᠷᠣᠨ ᠨᠤᠲᠤᠭ᠎ᠤᠨ ᠵᠠᠰᠠᠭ᠎ᠤᠨ ᠣᠷᠳᠣᠨ᠂ ᠣᠷᠣᠨ ᠨᠤᠲᠤᠭ᠎ᠤᠨ ᠵᠣᠬᠢᠶᠠᠨ ᠪᠠᠢ᠌ᠭᠤᠯᠤᠯᠲᠠ᠎ᠯᠤᠭ᠎ᠠ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃

      (ᠳᠣᠯᠣᠭ᠎ᠠ ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠪᠤᠰᠤᠳ ᠵᠦᠢ᠍ᠯᠡᠰ

       ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠤᠬᠠᠭᠤᠯᠭ᠎ᠠ ᠬᠥᠮᠦᠵᠢᠯ ᠪᠠ ᠬᠠᠤᠯᠢ ᠲᠦᠭᠡᠮᠡᠯᠵᠢᠭᠦᠯᠦᠯᠲᠡ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠢᠴᠢᠶᠡᠯ  ᠰᠢᠨᠵᠢᠯᠡᠭᠡᠨ᠂ ᠳᠡᠭᠡᠳᠦ ᠰᠤᠷᠭ᠋ᠠᠭᠤᠯᠢ᠂ ᠡᠷᠳᠡᠮ᠎ᠤᠨ ᠴᠣᠯᠠ ᠵᠢᠨ ᠪᠠᠢ᠌ᠭᠤᠯᠤᠯᠲᠠ ᠵᠡᠷᠭᠡ ᠵᠦᠢ᠍ᠯᠡᠰ᠎ᠢ ᠬᠠᠷᠢᠶᠠᠯᠠᠭᠳᠠᠬᠤ ᠬᠠᠷᠢᠴᠠᠭ᠎ᠠ ᠶᠣᠰᠣᠭ᠋ᠠᠷ ᠲᠣᠰ ᠪᠦᠷᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ ᠪᠤᠶᠤ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ᠎ᠪᠠᠷ ᠨᠤᠲᠠᠯᠠᠨ ᠲᠣᠭᠲᠠᠭ᠋ᠠᠵᠤ᠂ ᠠᠳᠠᠯᠢ ᠱᠠᠲᠤᠨ᠎ᠤ ᠡᠳ᠋᠎ᠤᠨ ᠵᠠᠰᠠᠭ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃  ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠬᠠᠷᠢᠶ᠎ᠠ ᠪᠠᠢ᠌ᠭᠤᠯᠤᠮᠵᠢ ᠵᠢᠨ ᠡᠭᠦᠷᠭᠡᠯᠡᠬᠦ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ;  ᠠᠢ᠌ᠮᠠᠭ ᠬᠣᠲᠠ ᠵᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠬᠠᠷᠢᠶ᠎ᠠ ᠪᠠᠢ᠌ᠭᠤᠯᠤᠮᠵᠢ ᠵᠢᠨ ᠡᠭᠦᠷᠭᠡᠯᠡᠬᠦ ᠵᠦᠢ᠍ᠯᠡᠰ᠎ᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠢ᠌ᠮᠠᠭ ᠬᠣᠲᠠ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃ 

       ᠥᠪᠡᠷᠲᠡᠭᠡᠨ ᠵᠠᠰᠠᠬᠤ ᠣᠷᠣᠨ ᠬᠢᠭᠡᠳ ᠰᠢᠶᠠᠩᠭ᠋ᠠᠩ ᠣᠣᠮᠧᠨ ᠲᠠᠢ᠌ᠸᠠᠨ᠎ᠯᠤᠭ᠎ᠠ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ ᠂  ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃ 

       ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠪᠤᠰᠤᠳ ᠵᠢᠭᠰᠠᠭ᠋ᠠᠭ᠋ᠠᠳᠤᠢ ᠵᠦᠢ᠍ᠯᠡᠰ᠎ᠲᠤ᠂ ᠥᠭᠡᠷᠡᠴᠢᠯᠡᠯᠲᠡ ᠵᠢᠨ ᠶᠡᠷᠦᠩᠬᠡᠢ ᠱᠠᠭ᠋ᠠᠷᠳᠠᠯᠭ᠎ᠠ ᠪᠠ ᠵᠦᠢ᠍ᠯᠡᠰ᠎ᠤᠨ ᠣᠨᠴᠠᠯᠢᠭ ᠶᠣᠰᠣᠭ᠋ᠠᠷ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠪᠣᠳᠠᠲᠠᠢ ᠲᠣᠭᠲᠠᠭ᠋ᠠᠨ᠎ᠠ ᠃ 

       ᠬᠣᠶᠠᠷ᠂ ᠪᠠᠲᠤᠯᠠᠭ᠎ᠠ ᠵᠢᠨ ᠠᠷᠭ᠎ᠠ ᠬᠡᠮᠵᠢᠶ᠎ᠡ 

       ᠡᠯ᠎ᠡ ᠠᠢ᠌ᠮᠠᠭ ᠬᠣᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ  ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠨ᠂ ᠨᠢᠭᠲᠠ ᠵᠣᠬᠢᠴᠠᠯᠳᠤᠨ ᠬᠠᠮᠵᠢᠯᠴᠠᠵᠤ᠂ ᠬᠢᠨᠠᠨ ᠬᠠᠮᠢᠶᠠᠷᠴᠤ ᠬᠢᠨᠠᠯᠲᠠ ᠲᠠᠯᠪᠢᠬᠤ᠎ᠪᠠᠨ ᠴᠢᠩᠭ᠋ᠠᠷᠠᠭᠤᠯᠤᠨ᠂ ᠥᠭᠡᠷᠡᠴᠢᠯᠡᠯᠲᠡ ᠵᠢᠨ ᠠᠵᠢᠯ᠎ᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ;  ᠥᠭᠡᠷᠡᠴᠢᠯᠡᠯᠲᠡ᠎ᠳᠤ ᠲᠣᠭᠲᠠᠭ᠋ᠠᠭᠰᠠᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠦᠨᠳᠦᠰᠦᠯᠡᠨ᠂ ᠲᠥᠰᠥᠪ᠎ᠢ ᠵᠦᠢ ᠵᠣᠬᠢᠰᠲᠠᠢ ᠲᠣᠬᠢᠷᠠᠭᠤᠯᠵᠤ᠂ ᠪᠡᠯᠡ ᠮᠥᠩᠭᠥ ᠵᠢ ᠴᠠᠭ ᠲᠤᠬᠠᠢ᠎ᠳᠤ᠎ᠨᠢ  ᠪᠠᠭᠤᠯᠭ᠋ᠠᠵᠤ᠂ ᠵᠠᠷᠤᠯᠭ᠎ᠠ ᠵᠢᠨ ᠬᠠᠷᠢᠭᠤᠴᠠᠯᠭ᠎ᠠ ᠵᠢ ᠦᠨᠡᠨ ᠬᠦ᠌ ᠨᠠᠢ᠌ᠳᠠᠪᠤᠷᠢᠵᠢᠭᠤᠯᠤᠨ᠂ ᠲᠥᠰᠥᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠥᠬᠥ ᠲᠠᠯ᠎ᠠ᠎ᠪᠠᠷ ᠬᠡᠷᠡᠭᠵᠢᠭᠦᠯᠬᠦ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠵᠠᠷᠤᠯᠭ᠎ᠠ ᠵᠢᠨ ᠪᠦᠲᠦᠴᠡ ᠵᠢ ᠬᠦᠴᠦᠯᠡᠨ ᠰᠢᠯᠢᠳᠡᠭᠵᠢᠭᠦᠯᠵᠦ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠡᠬᠢ ᠪᠠᠶᠠᠯᠢᠭ᠎ᠢ ᠲᠣᠬᠢᠷᠠᠭᠤᠯᠬᠤ ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ ᠃  ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ  ᠲᠣᠰ ᠬᠡᠷᠡᠭᠵᠢᠭᠦᠯᠬᠦ ᠲᠥᠰᠥᠯ ᠵᠶ᠋ᠡᠷ ᠯᠠᠪᠯᠠᠯᠲᠠ ᠪᠣᠯᠭ᠋ᠠᠵᠤ᠂ ᠠᠢ᠌ᠮᠠᠭ ᠬᠣᠲᠠ ᠵᠢᠨ ᠱᠠᠲᠤᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠪᠠᠢ᠌ᠭᠤᠯᠤᠯ ᠵᠡᠷᠭᠡ ᠪᠣᠳᠠᠲᠠᠢ᠎ᠲᠠᠢ᠎ᠪᠠᠨ ᠤᠶᠠᠯᠳᠤᠭᠤᠯᠤᠨ᠂ ᠠᠢ᠌ᠮᠠᠭ ᠬᠣᠲᠠ ᠵᠢᠨ ᠱᠠᠲᠤᠨ᠎ᠠᠴᠠ ᠳᠣᠷᠣᠭᠰᠢᠬᠢ ᠮᠡᠳᠡᠯᠭᠡ ᠵᠢᠨ  ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ  ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠵᠦᠢ ᠵᠣᠬᠢᠰᠲᠠᠢ ᠬᠤᠪᠢᠶᠠᠷᠢᠯᠠᠵᠤ᠂ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠡᠭᠦᠷᠭᠡᠯᠡᠬᠦ᠎ᠳᠤ ᠲᠣᠬᠢᠷᠠᠬᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠵᠠᠷᠤᠯᠭ᠎ᠠ ᠵᠢᠨ ᠬᠠᠷᠢᠭᠤᠴᠠᠯᠭ᠎ᠠ ᠵᠢ ᠠᠢ᠌ᠮᠠᠭ ᠬᠣᠲᠠ ᠡᠭᠦᠷᠭᠡᠯᠡᠵᠦ᠂ ᠬᠣᠰᠢᠭᠤ ᠰᠢᠶᠠᠨ (ᠬᠣᠲᠠ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ ᠬᠡᠲᠦ ᠤᠯᠠᠨ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠬᠦ᠎ᠠᠴᠠ ᠵᠠᠢ᠌ᠯᠠᠰᠬᠢᠬᠦ ᠬᠡᠷᠡᠭᠲᠡᠢ ᠃ 

       ᠲᠣᠰ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ ᠃

 

 

                             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

                                               

                                                   2024 ᠣᠨ᠎ᠤ 11 ᠳ᠋ᠦ᠍ᠭᠡᠷ ᠰᠠᠷ᠎ᠠ ᠵᠢᠨ 21᠎ᠤ ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ