ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-12-26

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ


ᠥᠪᠥᠷ ᠵᠠᠰᠠᠭ ᠠᠯᠪᠠᠨ ᠲᠠᠷᠬᠠᠭ᠋ᠠᠭᠰᠠᠨ [2024 ] 18 ᠳ᠋ᠤᠭ᠋ᠠᠷ ᠲᠣᠭ᠋ᠠᠲᠤ


ᠥᠪᠡᠷᠲᠡᠭᠡᠨ ᠵᠠᠰᠠᠬᠤ ᠣᠷᠣᠨ᠎ᠤ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠵᠢᠭᠦᠯᠬᠦ ᠲᠥᠰᠥᠯ᠎ᠢ

ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ


ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ ᠄

       ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠵᠢᠭᠦᠯᠬᠦ ᠲᠥᠰᠥᠯ 》᠎ᠢ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ ᠂  ᠪᠣᠳᠠᠲᠠᠢ᠎ᠲᠠᠢ᠎ᠪᠠᠨ ᠤᠶᠠᠯᠳᠤᠭᠤᠯᠤᠨ ᠂  ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ ᠃

2024 ᠣᠨ᠎ᠤ 4 ᠳ᠋ᠦ᠍ᠭᠡᠷ ᠰᠠᠷ᠎ᠠ ᠵᠢᠨ 28᠎ᠤ ᠡᠳᠦᠷ

     (ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠳᠡᠮ ᠬᠡᠷᠡᠭᠯᠡᠭᠡᠨ᠎ᠤ

ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠵᠢᠭᠦᠯᠬᠦ ᠲᠥᠰᠥᠯ


      《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ  ᠪᠢᠴᠢᠭᠯᠡᠬᠦ  ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ 》 (ᠲᠥᠷᠥ ᠲᠠᠷᠬᠠᠭ᠋ᠠᠭᠰᠠᠨ [ 2023 ] 16 ᠳ᠋ᠤᠭ᠋ᠠᠷ ᠲᠣᠭ᠋ᠠᠲᠤ )᠎ᠤᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ ᠂  ᠪᠥᠬᠦ ᠣᠷᠣᠨ᠎ᠤ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠥᠭᠵᠢᠯᠲᠡ᠎ᠳᠤ ᠰᠢᠨ᠎ᠡ ᠰᠠᠢ᠌ᠵᠢᠷᠠᠯᠲᠠ᠎ᠲᠠᠢ  ᠪᠣᠯᠬᠤ ᠵᠢ ᠠᠬᠢᠭᠤᠯᠤᠨ ᠂  ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ᠎ᠳᠤ ᠬᠦᠴᠦᠨ ᠨᠡᠮᠡᠷᠢᠯᠡᠬᠦ ᠵᠢᠨ ᠲᠤᠰᠠᠳᠠ ᠂  ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ ᠂  ᠲᠣᠰ ᠲᠥᠰᠥᠯ᠎ᠢ ᠲᠣᠭᠲᠠᠭ᠋ᠠᠪᠠ ᠃

       ᠨᠢᠭᠡ ᠂  ᠶᠡᠷᠦᠩᠬᠡᠢ ᠱᠠᠭ᠋ᠠᠷᠳᠠᠯᠭ᠎ᠠ

        ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠥᠭᠵᠢᠯᠲᠡ᠎ᠳᠤ 《ᠵᠠᠬ᠎ᠠ ᠳᠡᠯᠭᠡᠭᠦᠷ ᠵᠶ᠋ᠠᠷ ᠭᠣᠣᠯᠯᠠᠨ ᠤᠳᠤᠷᠢᠳᠤᠭᠤᠯᠬᠤ ᠂  ᠵᠠᠰᠠᠭ᠎ᠤᠨ ᠣᠷᠳᠣᠨ᠎ᠠᠴᠠ ᠬᠥᠲᠥᠯᠥᠨ ᠵᠢᠯᠤᠭᠣᠳᠬᠤ ᠂  ᠦᠯᠡᠳᠡᠭᠡᠯ᠎ᠢ ᠴᠢᠯᠦᠭᠡᠲᠡᠢ ᠭᠦᠢ᠍ᠯᠭᠡᠭᠡᠬᠦ ᠂  ᠠᠭᠤᠰᠤᠯᠴᠠᠭᠤᠯᠤᠨ ᠬᠥᠭᠵᠢᠭᠦᠯᠬᠦ 》 ᠵᠢ  ᠪᠠᠷᠢᠮᠲᠠᠯᠠᠵᠤ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ ᠂  ᠶᠡᠷᠦᠩᠬᠡᠢ᠌ᠯᠡᠭᠰᠡᠨ ᠪᠡᠶᠡᠲᠦ ᠵᠠᠮ ᠬᠠᠷᠢᠯᠴᠠᠭ᠋ᠠᠨ᠎ᠤ ᠲᠣᠣᠷ ᠰᠦᠯᠵᠢᠶᠡᠨ᠎ᠳᠤ ᠠᠭᠤᠰᠤᠯᠴᠠᠬᠤ᠎ᠪᠠᠷ ᠭᠠᠷᠳᠠᠬᠤ ᠴᠡᠭ ᠪᠣᠯᠭ᠋ᠠᠵᠤ ᠂ 《  ᠭᠣᠣᠯ ᠰᠠᠯᠪᠤᠷᠢ ᠱᠤᠭᠤᠮ᠎ᠢ ᠬᠣᠯᠪᠣᠯᠳᠤᠭᠤᠯᠵᠤ ᠂  ᠪᠦᠬᠦ ᠠᠶᠠᠯᠠᠯ᠎ᠤᠨ ᠱᠤᠭᠤᠮ᠎ᠢ ᠨᠡᠪᠲᠡᠷᠡᠭᠦᠯᠬᠦ 》 ᠵᠢ  ᠭᠦᠨᠵᠡᠭᠡᠢ᠌ᠷᠡᠭᠦᠯᠦᠨ ᠂  ᠶᠡᠷᠦᠩᠬᠡᠢ᠌ᠯᠡᠭᠰᠡᠨ ᠪᠡᠶᠡᠲᠦ ᠵᠠᠮ ᠬᠠᠷᠢᠯᠴᠠᠭ᠋ᠠᠨ᠎ᠤ ᠲᠣᠣᠷ ᠰᠦᠯᠵᠢᠶᠡᠨ᠎ᠤ ᠦᠷ᠎ᠡ ᠠᠰᠢᠭ᠎ᠢ ᠳᠡᠭᠡᠭᠰᠢᠯᠡᠭᠦᠯᠦᠨ᠎ᠡ ; 《  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ + ᠰᠣᠶᠣᠯ ᠵᠢᠭᠤᠯᠴᠢᠯᠠᠯ 》 ᠵᠶ᠋ᠠᠷ  ᠨᠡᠮᠡᠭᠳᠡᠯ ᠴᠡᠭ ᠪᠤᠯᠭ᠋ᠠᠵᠤ ᠂  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ ᠬᠢᠭᠡᠳ ᠰᠣᠶᠣᠯ ᠵᠢᠭᠤᠯᠴᠢᠯᠠᠯ ᠂  ᠪᠡᠶ᠎ᠡ ᠵᠢᠨ ᠲᠠᠮᠢᠷ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ ;  ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠂  ᠡᠮᠴᠢᠯᠡᠭᠡᠨ᠎ᠤ ᠠᠪᠤᠷᠠᠯᠲᠠ ᠬᠢᠬᠦ ᠵᠡᠷᠭᠡ ᠤᠯᠠᠨ ᠨᠡᠶ᠋ᠢᠲᠡ ᠵᠢᠨ ᠦᠢ᠍ᠯᠡᠴᠢᠯᠡᠭᠡ᠎ᠪᠠᠷ ᠲᠦᠰᠢᠭ ᠲᠤᠯᠭ᠋ᠠᠭᠤᠷᠢ ᠪᠣᠯᠭ᠋ᠠᠵᠤ ᠂  ᠬᠤᠳᠠᠯᠳᠤᠭ᠋ᠠᠨ᠎ᠤ ᠪᠠ ᠤᠯᠠᠨ ᠨᠡᠶ᠋ᠢᠲᠡ ᠵᠢᠨ ᠬᠡᠷᠡᠭᠯᠡᠯᠲᠡ ᠵᠢ ᠬᠠᠮᠲᠤᠳᠬᠠᠭᠰᠠᠨ ᠂  ᠡᠩ᠎ᠤᠨ ᠪᠠ ᠪᠠᠴᠢᠮ ᠪᠠᠢ᠌ᠳᠠᠯ᠎ᠢ ᠬᠠᠮᠲᠤ᠎ᠳᠤ᠎ᠨᠢ ᠬᠠᠷᠠᠭ᠋ᠠᠯᠵᠠᠭᠰᠠᠨ ᠬᠠᠮᠲᠤ᠎ᠳᠤ᠎ᠪᠠᠨ ᠬᠦᠷᠲᠡᠬᠦ ᠲᠣᠭᠲᠠᠯᠴᠠᠭ᠎ᠠ ᠵᠢ ᠪᠠᠢ᠌ᠭᠤᠯᠤᠨ᠎ᠠ ;  ᠠᠭ᠋ᠠᠷ ᠠᠶᠠᠯᠠᠯ᠎ᠤᠨ ᠬᠥᠮᠦᠵᠢᠯ ᠪᠣᠯᠪᠠᠰᠤᠷᠠᠯ ᠂  ᠵᠢᠯᠣᠭᠣᠴᠢ ᠦᠭᠡᠢ ᠨᠢᠰᠬᠡᠯ᠎ᠤᠨ ᠪᠠᠷᠠᠭ᠋ᠠᠨ᠎ᠤ ᠭᠦᠢ᠍ᠯᠭᠡᠭᠡ ᠵᠡᠷᠭᠡ ᠤᠯᠠᠨ ᠡᠰᠢᠲᠦ ᠡᠵᠡᠩᠨᠡᠯᠲᠡ ᠵᠢᠨ ᠪᠠᠢ᠌ᠳᠠᠯ ᠵᠶ᠋ᠠᠷ ᠨᠡᠮᠡᠯᠲᠡ ᠪᠣᠯᠭ᠋ᠠᠵᠤ ᠂  ᠬᠠᠮᠢᠶ᠎ᠠ ᠪᠦᠬᠦᠢ ᠠᠵᠤ ᠦᠢ᠍ᠯᠡᠰ᠎ᠲᠠᠬᠢ ᠳᠠᠢ᠌ᠴᠢᠯᠠᠬᠤ ᠨᠥᠯᠥᠭᠡᠯᠡᠯ᠎ᠢ᠎ᠨᠢ ᠪᠠᠳᠠᠷᠠᠭᠤᠯᠤᠨ᠎ᠠ ᠃

      2025 ᠣᠨ ᠪᠣᠯᠬᠤ᠎ᠳᠤ ᠂  ᠥᠪᠡᠷᠲᠡᠭᠡᠨ ᠵᠠᠰᠠᠬᠤ ᠣᠷᠣᠨ᠎ᠤ ᠭᠠᠵᠠᠷ ᠳᠡᠭᠡᠷᠡᠬᠢ ᠵᠠᠮ ᠬᠠᠷᠢᠯᠴᠠᠭ᠎ᠠ ᠬᠢᠭᠡᠳ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠵᠤᠯᠭ᠋ᠠᠭᠤᠯᠤᠯᠲᠠ ᠵᠢ ᠨᠠᠩ ᠥᠨᠳᠥᠷ ᠦᠷ᠎ᠡ ᠪᠦᠲᠦᠮᠵᠢᠲᠡᠶ ᠪᠣᠯᠭ᠋ᠠᠵᠤ ᠂  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ ᠬᠢᠭᠡᠳ ᠰᠣᠶᠣᠯ ᠵᠢᠭᠤᠯᠴᠢᠯᠠᠯ᠎ᠤᠨ ᠠᠭᠤᠰᠤᠯᠴᠠᠬᠤ ᠬᠡᠮᠵᠢᠴᠡ ᠵᠢ ᠮᠡᠳᠡᠭᠳᠡᠬᠦᠢ᠌ᠴᠡ ᠳᠡᠭᠡᠭᠰᠢᠯᠡᠭᠦᠯᠦᠨ ᠂  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ᠎ᠳᠤ ᠨᠡᠶ᠋ᠢᠲᠡ ᠵᠢᠨ ᠂  ᠠᠷᠠᠳ᠎ᠤᠨ ᠂  ᠬᠤᠳᠠᠯᠳᠤᠭ᠋ᠠᠨ᠎ᠤ ᠬᠡᠷᠡᠭᠯᠡᠭᠡᠨ᠎ᠢ ᠬᠠᠮᠲᠤᠳᠬᠠᠨ ᠬᠠᠮᠲᠤ᠎ᠳᠤ᠎ᠪᠠᠨ ᠬᠦᠷᠲᠡᠬᠦ ᠂  ᠡᠩ᠎ᠤᠨ ᠪᠠ ᠪᠠᠴᠢᠮ ᠪᠠᠢ᠌ᠳᠠᠯ᠎ᠢ ᠬᠠᠮᠲᠤ᠎ᠳᠤ᠎ᠨᠢ ᠬᠠᠷᠠᠭ᠋ᠠᠯᠵᠠᠬᠤ ᠵᠢ ᠪᠡᠶᠡᠯᠡᠭᠦᠯᠵᠦ ᠂  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠬᠡᠷᠡᠭᠯᠡᠭᠡᠨ᠎ᠤ ᠠᠬᠤᠢ ᠪᠠᠢ᠌ᠳᠠᠯ᠎ᠢ ᠲᠠᠰᠤᠷᠠᠯᠲᠠ ᠦᠭᠡᠢ ᠥᠷᠭᠡᠳᠬᠡᠨ ᠂  ᠠᠵᠤ ᠦᠢ᠍ᠯᠡᠰ᠎ᠤᠨ ᠬᠥᠭᠵᠢᠯᠲᠡ ᠵᠢᠨ ᠳᠠᠯᠳᠠ ᠬᠦᠴᠦᠨ᠎ᠢ ᠪᠦᠲᠦᠮᠵᠢᠲᠡᠶ   ᠬᠥᠭᠵᠢᠭᠡᠨ ᠪᠠᠳᠠᠷᠠᠭ᠋ᠠᠨ᠎ᠠ ᠃

      –  ᠨᠢᠰᠬᠡᠯ᠎ᠤᠨ ᠪᠠᠭᠤᠳᠠᠯ᠎ᠢ ᠡᠷᠬᠢᠨ ᠲᠣᠭᠣᠷᠢᠨ᠎ᠤ ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ᠎ᠯᠦᠭᠡ ᠥᠨᠳᠥᠷ ᠪᠦᠲᠦᠮᠵᠢᠲᠡᠶ᠎ᠪᠠᠷ ᠵᠣᠯᠭ᠋ᠠᠭᠤᠯᠵᠤ ᠂  ᠰᠠᠯᠪᠤᠷᠢ ᠱᠤᠭᠤᠮ᠎ᠤᠨ ᠨᠢᠰᠬᠡᠯ᠎ᠤᠨ ᠪᠠᠭᠤᠳᠠᠯ ᠪᠦᠬᠦᠨ᠎ᠳᠤ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠵᠠᠰᠠᠮᠠᠯ ᠵᠠᠮ᠎ᠢ ᠬᠣᠯᠪᠣᠨ ᠨᠠᠪᠲᠠᠷᠡᠭᠦᠯᠵᠦ ᠂ A ᠲᠥᠷᠥᠯ᠎ᠤᠨ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ ᠪᠦᠬᠦᠨ᠎ᠳᠤ ᠭᠤᠷᠪᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠵᠠᠰᠠᠮᠠᠯ ᠵᠠᠮ᠎ᠢ ᠬᠣᠯᠪᠣᠨ ᠨᠠᠪᠲᠠᠷᠡᠭᠦᠯᠵᠦ ᠂  ᠪᠠᠢ᠌ᠭ᠎ᠠ ᠭᠠᠵᠠᠷ᠎ᠤᠨ ᠵᠶ᠋ᠠᠨ ᠵᠠᠰᠠᠭ ᠵᠠᠬᠢᠷᠭ᠋ᠠᠨ᠎ᠤ ᠲᠥᠪ᠎ᠲᠤ 15 ᠮᠢᠨᠦ᠋ᠲ᠎ᠲᠤ ᠬᠦᠷᠬᠦ ᠵᠢ ᠪᠡᠶᠡᠯᠡᠭᠦᠯᠦᠨ᠎ᠡ ᠃ 7᠎ᠠᠴᠠ ᠳᠡᠭᠡᠭᠰᠢᠬᠢ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠳᠤ ᠨᠢᠰᠬᠡᠯ᠎ᠤᠨ ᠪᠠᠭᠤᠳᠠᠯ᠎ᠤᠨ ᠨᠡᠶ᠋ᠢᠲᠡ ᠵᠢᠨ ᠮᠠᠰᠢᠨ ᠲᠡᠷᠭᠡ ᠨᠠᠪᠲᠠᠷᠡᠭᠦᠯᠵᠦ ᠂13᠎ᠠᠴᠠ ᠳᠡᠭᠡᠭᠰᠢᠬᠢ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠳᠤ ᠵᠠᠬᠢᠶᠠᠯᠠᠭ᠎ᠠ ᠵᠢᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠷᠭᠡ ᠪᠤᠶᠤ ᠲᠡᠷᠭᠡ ᠳᠠᠭ᠋ᠠᠭ᠋ᠠᠴᠢᠯᠠᠬᠤ ᠦᠢ᠍ᠯᠡᠴᠢᠯᠡᠭᠡ ᠬᠠᠩᠭ᠋ᠠᠵᠤ ᠂  ᠪᠤᠰᠢᠭᠤ ᠪᠥᠭᠡᠳ ᠳᠥᠭᠦᠮ ᠠᠶᠠᠨᠴᠢᠳ᠎ᠤᠨ ᠲᠡᠭᠡᠭᠡᠪᠦᠷᠢ ᠵᠢᠨ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠪᠦᠷᠢᠯᠳᠦᠭᠦᠯᠦᠨ᠎ᠡ ᠃

      –  ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠲᠤᠰᠬᠠᠢ ᠱᠤᠭᠤᠮ᠎ᠢ 3᠎ᠠᠴᠠ ᠳᠡᠭᠡᠭᠰᠢ ᠨᠠᠪᠲᠠᠷᠡᠭᠦᠯᠵᠦ ᠂  ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠭᠣᠣᠯ ᠪᠣᠯᠬᠤ ᠵᠢᠭᠤᠯᠴᠢᠯᠠᠯ᠎ᠤᠨ ᠡᠬᠢ ᠪᠠᠶᠠᠯᠢᠭ᠎ᠢ ᠪᠦᠲᠦᠮᠵᠢᠲᠡᠢ ᠬᠡᠯᠬᠢᠶᠡᠯᠡᠬᠦ ᠵᠢ ᠪᠡᠶᠡᠯᠡᠭᠦᠯᠦᠨ᠎ᠡ ᠃  ᠭᠣᠣᠯᠳᠠᠯᠭ᠋ᠠᠲᠤ ᠦᠵᠡᠮᠵᠢ ᠵᠢᠨ ᠣᠷᠣᠨ᠎ᠳᠤ ᠲᠦᠰᠢᠭᠯᠡᠨ 《  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ + ᠰᠣᠶᠣᠯ ᠵᠢᠭᠤᠯᠴᠢᠯᠠᠯ 》᠎ᠤᠨ  ᠪᠦᠲᠦᠭᠡᠭᠳᠡᠬᠦᠨ᠎ᠢ 4 ᠵᠦᠢ᠍ᠯ᠎ᠠᠴᠠ ᠳᠡᠭᠡᠭᠰᠢ ᠡᠭᠦᠳᠴᠦ ᠂  ᠤᠯᠤᠰ᠎ᠤᠨ ᠳᠣᠲᠣᠭ᠋ᠠᠳᠤ ᠵᠢᠨ ᠨᠥᠯᠥᠭᠡᠯᠡᠬᠦ ᠬᠦᠴᠦᠨ᠎ᠲᠠᠢ ᠠᠭ᠋ᠠᠷ ᠠᠶᠠᠯᠠᠯ᠎ᠤᠨ ᠪᠠᠶᠠᠷ ᠴᠤᠭᠯᠠᠭ᠋ᠠᠨ᠎ᠢ 1 ᠵᠦᠢ᠍ᠯ᠎ᠠᠴᠠ  ᠳᠡᠭᠡᠭᠰᠢ ᠪᠠᠢ᠌ᠩᠭᠤᠵᠢᠭᠤᠯᠤᠨ ᠡᠷᠬᠢᠯᠡᠵᠦ ᠂  ᠪᠦᠬᠦ ᠣᠷᠣᠨ᠎ᠤ ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠵᠢᠭᠤᠯᠴᠢᠯᠠᠭᠴᠢᠳ ᠬᠦᠯᠢᠶᠡᠨ ᠠᠪᠬᠤ ᠬᠡᠮᠵᠢᠶ᠎ᠡ ᠵᠢ 5 ᠲᠦᠮᠡᠨ ᠬᠥᠮᠥᠨ ᠤᠳᠠᠭ᠎ᠠ᠎ᠠᠴᠠ ᠳᠠᠪᠠᠭᠤᠯᠵᠤ ᠂  ᠵᠢᠯ᠎ᠤᠨ ᠣᠷᠣᠯᠭ᠎ᠠ ᠵᠢ ᠳ᠋ᠦᠩᠰᠢᠭᠤᠷ ᠲᠥᠭᠥᠷᠢᠭ᠎ᠠᠴᠠ ᠳᠠᠪᠠᠭᠤᠯᠤᠨ ᠂ 《ᠲᠦᠷᠭᠡᠨ ᠢᠷᠡᠵᠦ ᠠᠯᠭᠤᠷ ᠵᠢᠭᠤᠯᠴᠢᠯᠠᠬᠤ 》 ᠵᠢᠭᠤᠯᠴᠢᠯᠠᠯ᠎ᠤᠨ ᠶᠠᠰᠤ ᠴᠢᠨᠠᠷ᠎ᠢ ᠢᠯᠡᠳᠲᠡ ᠳᠡᠭᠡᠭᠰᠢᠯᠡᠭᠦᠯᠦᠨ᠎ᠡ ᠃

      –  ᠣᠢ᠌ᠷ᠎ᠠ ᠵᠠᠮ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ᠎ᠢ 30 ᠵᠤᠷᠪᠤᠰ᠎ᠠᠴᠠ ᠳᠡᠭᠡᠭᠰᠢ ᠨᠠᠪᠲᠠᠷᠡᠭᠦᠯᠵᠦ ᠂  ᠠᠭ᠋ᠠᠷ ᠠᠶᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ᠎ᠢ 12᠎ᠠᠴᠠ ᠳᠡᠭᠡᠭᠰᠢ ᠪᠠᠢ᠌ᠭᠤᠯᠤᠨ ᠂  ᠣᠢ᠌ᠷ᠎ᠠ ᠵᠠᠮ᠎ᠤᠨ ᠲᠡᠭᠡᠭᠡᠪᠦᠷᠢ ᠵᠢᠨ ᠵᠢᠯ᠎ᠤᠨ ᠠᠶᠠᠨᠴᠢᠳ᠎ᠤᠨ ᠬᠡᠮᠵᠢᠶ᠎ᠡ ᠵᠢ 5 ᠲᠦᠮᠡᠨ ᠬᠥᠮᠥᠨ ᠤᠳᠠᠭ᠎ᠠ᠎ᠠᠴᠠ ᠳᠠᠪᠠᠭᠤᠯᠵᠤ ᠂  ᠨᠠᠭ᠋ᠠᠲᠤ ᠵᠠᠬ᠎ᠠ ᠵᠢᠨ ᠶᠠᠪᠤᠵᠤ ᠰᠠᠭᠤᠬᠤ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠵᠡᠷᠭᠡ ᠠᠷᠠᠳ᠎ᠤᠨ ᠠᠮᠢᠳᠤᠷᠠᠯ᠎ᠤᠨ ᠦᠨᠳᠦᠰᠦᠨ ᠬᠡᠷᠡᠭᠴᠡᠭᠡ ᠱᠠᠭ᠋ᠠᠷᠳᠠᠯᠭ᠎ᠠ ᠵᠢ ᠬᠦᠴᠦᠲᠡᠢ ᠪᠠᠲᠤᠯᠠᠨ᠎ᠠ ᠃

       ᠬᠣᠶᠠᠷ ᠂  ᠭᠣᠣᠯ ᠡᠭᠦᠷᠭᠡ

     (ᠨᠢᠭᠡ )  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠢ ᠶᠡᠷᠦᠩᠬᠡᠢ᠌ᠯᠡᠭᠰᠡᠨ ᠪᠡᠶᠡᠲᠦ ᠵᠠᠮ ᠬᠠᠷᠢᠯᠴᠠᠭ᠋ᠠᠨ᠎ᠤ ᠲᠣᠣᠷ ᠰᠦᠯᠵᠢᠶᠡᠨ᠎ᠳᠤ ᠠᠭᠤᠰᠬᠠᠨ ᠣᠷᠤᠭᠤᠯᠬᠤ ᠵᠢ ᠠᠬᠢᠭᠤᠯᠤᠨ᠎ᠠ ᠃

      1. ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ ᠵᠢᠨ ᠲᠣᠣᠷ ᠰᠦᠯᠵᠢᠶ᠎ᠡ ᠵᠢ ᠲᠡᠭᠦᠯᠳᠡᠷᠵᠢᠭᠦᠯᠦᠨ᠎ᠡ ᠃ S528 ᠯᠢᠨᠰᠢ ᠨᠢᠰᠬᠡᠯ᠎ᠤᠨ ᠪᠠᠭᠤᠳᠠᠯ᠎ᠤᠨ ᠵᠠᠮ ᠵᠡᠷᠭᠡ 3 ᠨᠢᠰᠬᠡᠯ᠎ᠤᠨ ᠪᠠᠭᠤᠳᠠᠯ᠎ᠤᠨ ᠵᠠᠮ᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂  ᠬᠦᠷᠢᠶ᠎ᠡ ᠬᠣᠰᠢᠭᠤᠨ᠎ᠳᠤ ᠬᠣᠯᠪᠣᠵᠤ ᠨᠡᠪᠲᠡᠷᠡᠭᠦᠯᠬᠦ ᠵᠡᠷᠭᠡ 5 ᠨᠢᠰᠬᠡᠯ᠎ᠤᠨ ᠪᠠᠭᠤᠳᠠᠯ᠎ᠤᠨ ᠵᠠᠰᠠᠮᠠᠯ ᠵᠠᠮ᠎ᠤᠨ ᠲᠠᠰ ᠳᠡᠪᠰᠢᠬᠦ ᠵᠢ ᠠᠬᠢᠭᠤᠯᠤᠨ ᠂  ᠨᠢᠰᠬᠡᠯ᠎ᠤᠨ ᠪᠠᠭᠤᠳᠠᠯ ᠬᠢᠭᠡᠳ ᠡᠷᠬᠢᠨ ᠲᠣᠭᠣᠷᠢᠨ᠎ᠤ ᠵᠠᠰᠠᠮᠠᠯ ᠵᠠᠮ ᠂  ᠲᠡᠮᠦᠷ ᠵᠠᠮ ᠵᠢᠴᠢ ᠬᠤᠲᠠ ᠵᠢᠨ ᠶᠠᠪᠤᠳᠠᠯ᠎ᠤᠨ ᠵᠠᠮ᠎ᠢ ᠨᠢᠭᠡ ᠴᠣᠭᠴᠠᠵᠢᠭᠤᠯᠤᠨ ᠵᠣᠯᠭ᠋ᠠᠭᠤᠯᠬᠤ ᠲᠦᠪᠰᠢᠨ ᠵᠶ᠋ᠠᠨ ᠳᠡᠭᠡᠭᠰᠢᠯᠡᠭᠦᠯᠵᠦ ᠂  ᠪᠤᠰᠢᠭᠤ ᠪᠥᠭᠡᠳ ᠳᠥᠭᠦᠮ ᠪᠣᠯᠬᠤᠢ᠌ᠴᠠ ᠲᠥᠪᠯᠡᠷᠡᠭᠦᠯᠬᠦ ᠲᠠᠷᠬᠠᠭ᠋ᠠᠬᠤ ᠲᠡᠭᠡᠭᠡᠪᠦᠷᠢᠯᠡᠬᠦ ᠠᠵᠢᠯ᠎ᠤᠨ ᠲᠣᠭᠲᠠᠯᠴᠠᠭ᠎ᠠ ᠵᠢ ᠪᠦᠷᠢᠯᠳᠦᠭᠦᠯᠵᠦ ᠂  ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ ᠵᠢᠨ ᠪᠠᠢ᠌ᠷᠢᠰᠢᠭᠤᠯᠤᠯᠲᠠ ᠲᠡᠭᠦᠯᠳᠡᠷᠵᠢᠨ ᠂  ᠪᠦᠬᠦ ᠲᠠᠯ᠎ᠠ᠎ᠪᠠᠷ ᠬᠣᠯᠪᠣᠯᠳᠤᠬᠤ ᠵᠢ ᠪᠡᠶᠡᠯᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ )

      2. ᠲᠡᠭᠡᠭᠡᠪᠦᠷᠢ ᠵᠢᠨ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠢ ᠰᠢᠯᠢᠳᠡᠭᠵᠢᠭᠦᠯᠦᠨ᠎ᠡ ᠃  ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠢ ᠬᠤᠲᠠ ᠵᠢᠨ ᠵᠠᠮ ᠬᠠᠷᠢᠯᠴᠠᠭ᠎ᠠ ᠂  ᠬᠤᠯᠠ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠱᠤᠭᠤᠮ ᠲᠣᠣᠷ ᠰᠦᠯᠵᠢᠶᠡᠨ᠎ᠳᠤ ᠣᠷᠣᠭᠤᠯᠤᠨ ᠂  ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ ᠂  ᠬᠤᠲᠠ ᠵᠢᠨ ᠵᠠᠮ ᠬᠠᠷᠢᠯᠴᠠᠭ᠎ᠠ ᠂  ᠬᠤᠯᠠ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠡᠵᠡᠩᠨᠡᠭᠴᠢᠳ᠎ᠤᠨ ᠲᠡᠭᠡᠭᠡᠪᠦᠷᠢ ᠵᠢᠨ ᠦᠢ᠍ᠯᠡᠴᠢᠯᠡᠭᠡᠨ᠎ᠤ ᠲᠠᠪᠴᠠᠩ ᠪᠠᠢ᠌ᠭᠤᠯᠬᠤ ᠵᠢ ᠵᠣᠷᠢᠭᠵᠢᠭᠤᠯᠵᠤ ᠂  ᠠᠶᠠᠨᠴᠢᠳ᠎ᠤᠨ ᠨᠢᠰᠬᠡᠯ᠎ᠤᠨ ᠪᠠᠭᠤᠳᠠᠯ᠎ᠳᠤ ᠬᠦᠷᠴᠦ ᠪᠤᠴᠠᠬᠤ ᠬᠡᠷᠡᠭᠴᠡᠭᠡ ᠱᠠᠭ᠋ᠠᠷᠳᠠᠯᠭ᠎ᠠ᠎ᠲᠠᠢ  ᠵᠣᠬᠢᠴᠠᠭᠤᠯᠤᠨ ᠂  ᠪᠢᠯᠧᠲ ᠬᠤᠳᠠᠯᠳᠤᠨ ᠠᠪᠬᠤ ᠂  ᠤᠷᠢᠳᠴᠢᠯᠠᠨ ᠪᠣᠯᠵᠣᠬᠤ ᠂  ᠬᠣᠷᠰᠢᠨ ᠲᠡᠷᠭᠡ ᠲᠦᠷᠢᠶᠡᠰᠦᠯᠡᠬᠦ ᠂  ᠲᠤᠰᠬᠠᠢ ᠲᠡᠷᠭᠡ ᠲᠦᠷᠢᠶᠡᠰᠦᠯᠡᠬᠦ ᠵᠡᠷᠭᠡ ᠴᠢᠳᠠᠮᠵᠢ ᠵᠢ ᠲᠡᠭᠦᠯᠳᠡᠷᠵᠢᠭᠦᠯᠦᠨ ᠂  ᠨᠢᠰᠬᠡᠯ᠎ᠤᠨ ᠪᠠᠭᠤᠳᠠᠯ᠎ᠤᠨ ᠨᠡᠶ᠋ᠢᠲᠡ ᠵᠢᠨ ᠮᠠᠰᠢᠨ ᠲᠡᠷᠭᠡ ᠂  ᠵᠠᠬᠢᠶᠠᠯᠠᠭ᠎ᠠ ᠵᠢᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠷᠭᠡ ᠂  ᠵᠠᠬᠢᠶᠠᠯᠠᠭ᠎ᠠ ᠵᠢᠨ ᠡᠭᠡᠯᠵᠢ ᠵᠢᠨ ᠱᠤᠭᠤᠮ ᠂  ᠪᠦᠷᠢᠨ ᠬᠥᠯᠥᠰᠦᠯᠡᠬᠦ ᠲᠡᠷᠭᠡ ᠮᠡᠲᠦ ᠵᠢᠨ ᠦᠢ᠍ᠯᠡᠴᠢᠯᠡᠭᠡ ᠬᠠᠩᠭ᠋ᠠᠵᠤ ᠂  ᠲᠡᠭᠡᠭᠡᠪᠦᠷᠢ ᠵᠢᠨ ᠦᠢ᠍ᠯᠡᠴᠢᠯᠡᠭᠡᠨ᠎ᠤ ᠲᠣᠣᠷ ᠰᠦᠯᠵᠢᠶᠡᠨ᠎ᠳᠤ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ ᠬᠠᠮᠤᠷᠤᠭᠤᠯᠬᠤ ᠵᠢ ᠪᠡᠶᠡᠯᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ )

      3. 《ᠭᠣᠣᠯ ᠱᠤᠭᠤᠮ ᠂  ᠰᠠᠯᠪᠤᠷᠢ ᠱᠤᠭᠤᠮ ᠂  ᠨᠡᠢ᠌ᠳᠡᠮ ᠬᠡᠷᠡᠭᠯᠡᠭᠡᠨ 》  ᠭᠤᠷᠪᠠᠨ ᠠᠭ᠋ᠠᠷ ᠠᠶᠠᠯᠠᠯ᠎ᠤᠨ ᠲᠣᠣᠷ ᠰᠦᠯᠵᠢᠶᠡᠨ᠎ᠤ ᠠᠭᠤᠰᠤᠯᠴᠠᠯ᠎ᠢ ᠠᠬᠢᠭᠤᠯᠤᠨ᠎ᠠ ᠃  ᠭᠣᠣᠯ ᠱᠤᠭᠤᠮ ᠂  ᠰᠠᠯᠪᠤᠷᠢ ᠱᠤᠭᠤᠮ ᠬᠢᠭᠡᠳ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠱᠤᠭᠤᠮ᠎ᠤᠨ ᠬᠠᠷᠢᠯᠴᠠᠨ ᠨᠡᠪᠲᠡᠷᠡᠯᠴᠡᠭᠰᠡᠨ ᠂  ᠨᠢᠰᠬᠡᠯ᠎ᠤᠨ ᠪᠠᠭᠤᠳᠠᠯ᠎ᠤᠨ ᠬᠠᠷᠢᠯᠴᠠᠨ ᠬᠣᠯᠪᠣᠯᠳᠤᠭᠰᠠᠨ ᠠᠭ᠋ᠠᠷ ᠠᠶᠠᠯᠠᠯ᠎ᠤᠨ ᠲᠡᠭᠡᠭᠡᠪᠦᠷᠢ ᠵᠢᠨ ᠲᠣᠣᠷ ᠰᠦᠯᠵᠢᠶ᠎ᠡ ᠵᠢ ᠪᠠᠢ᠌ᠭᠤᠯᠵᠤ ᠂  ᠣᠲᠤᠭ᠎ᠤᠨ ᠡᠮᠦᠨᠡᠲᠦ ᠬᠣᠰᠢᠭᠤ᠎ᠠᠴᠠ ᠣᠷᠳᠣᠰ ᠵᠶ᠋ᠠᠷ ᠥᠩᠭᠡᠷᠡᠬᠦ ᠂  ᠰᠢᠨ᠎ᠡ ᠪᠠᠷᠭᠤ ᠪᠠᠷᠠᠭᠤᠨ ᠬᠣᠰᠢᠭᠤ᠎ᠠᠴᠠ ᠬᠠᠢ᠌ᠯᠠᠷ ᠵᠶ᠋ᠠᠷ ᠥᠩᠭᠡᠷᠡᠵᠦ ᠨᠢᠰᠬᠡᠯ ᠰᠣᠯᠢᠬᠤ ᠠᠶᠠᠯᠠᠯ᠎ᠤᠨ ᠱᠤᠭᠤᠮ᠎ᠢ ᠥᠷᠭᠡᠳᠬᠡᠵᠦ ᠂  ᠬᠥᠪᠡᠭᠡᠲᠦ ᠰᠢᠷ᠎ᠠ ᠬᠣᠰᠢᠭᠤ᠎ᠠᠴᠠ ᠰᠢᠯᠢᠩᠬᠣᠲᠠ᠎ᠪᠠᠷ ᠥᠩᠭᠡᠷᠡᠬᠦ ᠂  ᠤᠷᠠᠳ᠎ᠤᠨ ᠳᠤᠮᠳᠠᠳᠤ ᠬᠣᠰᠢᠭᠤ᠎ᠠᠴᠠ ᠪᠤᠭᠤᠲᠤ᠎ᠪᠠᠷ ᠥᠩᠭᠡᠷᠡᠭᠡᠳ ᠤᠯᠤᠰ᠎ᠤᠨ ᠳᠣᠲᠣᠭ᠋ᠠᠳᠤ ᠵᠢᠨ ᠭᠣᠣᠯ ᠪᠣᠯᠬᠤ ᠬᠤᠲᠠ᠎ᠳᠤ ᠬᠦᠷᠬᠦ ᠂  ᠪᠠᠭ᠋ᠠᠷᠢᠨ ᠵᠡᠭᠦᠨ ᠬᠣᠰᠢᠭᠤ ᠪᠠ ᠪᠠᠭ᠋ᠠᠷᠢᠨ ᠪᠠᠷᠠᠭᠤᠨ ᠬᠣᠰᠢᠭᠤ᠎ᠠᠴᠠ ᠤᠯᠠᠭ᠋ᠠᠨᠬᠠᠳᠠ᠎ᠪᠠᠷ ᠥᠩᠭᠡᠷᠡᠬᠦ ᠂  ᠨᠠᠢ᠍ᠮᠠᠨ ᠬᠣᠰᠢᠭᠤ᠎ᠠᠴᠠ ᠲᠦᠩᠯᠢᠶᠣᠣ᠎ᠪᠠᠷ ᠥᠩᠭᠡᠷᠡᠭᠡᠳ ᠬᠦᠬᠡᠬᠤᠲᠠ ᠂  ᠮᠦᠭᠳᠡᠨ ᠂  ᠱᠠᠩᠬᠠᠢ᠎ᠳᠤ ᠬᠦᠷᠬᠦ ᠠᠶᠠᠯᠠᠯ ᠨᠡᠪᠲᠡᠷᠡᠭᠰᠡᠨ ᠡᠭᠡᠯᠵᠢᠨ᠎ᠤ ᠨᠢᠰᠬᠡᠯ᠎ᠢ ᠪᠣᠢ ᠪᠣᠯᠭ᠋ᠠᠵᠤ ᠂  ᠲᠡᠭᠡᠭᠡᠪᠦᠷᠢ ᠵᠢᠨ ᠲᠣᠣᠷ ᠰᠦᠯᠵᠢᠶᠡᠨ᠎ᠤ ᠪᠦᠬᠦᠯᠢ ᠴᠣᠭᠴᠠ ᠵᠢᠨ ᠳᠠᠪᠠᠭᠤᠯᠢᠭ᠎ᠢ ᠪᠠᠳᠠᠷᠠᠭᠤᠯᠤᠨ᠎ᠠ ᠃  ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ ᠬᠢᠭᠡᠳ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠠᠶᠤᠯ ᠦᠭᠡᠢ ᠵᠢᠨ ᠪᠠᠢ᠌ᠴᠠᠭ᠋ᠠᠯᠲᠠ᠎ᠪᠠᠨ ᠬᠠᠷᠢᠯᠴᠠᠨ ᠮᠡᠳᠡᠷᠡᠬᠦ ᠵᠢ ᠠᠬᠢᠭᠤᠯᠵᠤ ᠂  ᠠᠶᠠᠨᠴᠢᠳ᠎ᠤᠨ ᠨᠢᠰᠬᠡᠯ ᠰᠣᠯᠢᠬᠤ᠎ᠳᠤ ᠳᠥᠭᠥᠮ ᠦᠵᠡᠭᠦᠯᠬᠦ᠎ᠪᠠᠨ ᠴᠢᠩᠭ᠋ᠠᠷᠠᠭᠤᠯᠤᠨ᠎ᠠ ᠃ [ᠥᠪᠥᠷ ᠮᠣᠩᠭᠣᠯ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠦᠯᠦᠭᠯᠡᠯᠳᠦ ᠺᠣᠮᠫᠠᠨᠢ ᠂  ᠥᠪᠥᠷ ᠮᠣᠩᠭᠣᠯ᠎ᠤᠨ ᠠᠭ᠋ᠠᠷ ᠠᠶᠠᠯᠠᠯ᠎ᠤᠨ ᠵᠢᠭᠤᠯᠴᠢᠯᠠᠯ᠎ᠤᠨ ᠪᠡᠯᠡ ᠣᠷᠣᠭᠤᠯᠤᠯᠲᠠ ᠵᠢᠨ (ᠪᠦᠯᠦᠭᠯᠡᠯ )  ᠬᠢᠵᠠᠭ᠋ᠠᠷᠲᠤ ᠺᠣᠮᠫᠠᠨᠢ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ]

      4. ᠰᠠᠯᠪᠤᠷᠢ ᠱᠤᠭᠤᠮ᠎ᠤᠨ ᠨᠢᠰᠬᠡᠯ᠎ᠤᠨ ᠪᠠᠭᠤᠳᠠᠯ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ ᠬᠥᠭᠵᠢᠭᠦᠯᠬᠦ ᠵᠢ ᠵᠣᠷᠢᠭᠵᠢᠭᠤᠯᠤᠨ᠎ᠠ ᠃  ᠰᠠᠯᠪᠤᠷᠢ ᠱᠤᠭᠤᠮ᠎ᠤᠨ ᠨᠢᠰᠬᠡᠯ᠎ᠤᠨ ᠪᠠᠭᠤᠳᠠᠯ᠎ᠤᠨ ᠪᠡᠯᠡᠳᠬᠡᠮᠵᠢ ᠲᠥᠬᠦᠭᠡᠷᠦᠮᠵᠢ ᠵᠢ ᠲᠡᠭᠦᠯᠳᠡᠷᠵᠢᠭᠦᠯᠬᠦ ᠪᠠ ᠲᠡᠭᠡᠭᠡᠪᠦᠷᠢᠯᠡᠨ ᠡᠵᠡᠩᠨᠡᠬᠦ ᠬᠦᠷᠢᠶ᠎ᠡ ᠬᠡᠪᠴᠢᠶ᠎ᠡ ᠵᠢ᠎ᠨᠢ ᠥᠷᠭᠡᠳᠬᠡᠵᠦ ᠂  ᠬᠠᠢ᠌ᠯᠠᠷ ᠂  ᠲᠦᠩᠯᠢᠶᠣᠣ ᠂  ᠤᠯᠠᠭ᠋ᠠᠨᠬᠠᠳᠠ ᠂  ᠰᠢᠯᠢᠩᠬᠣᠲᠠ ᠂  ᠣᠷᠳᠣᠰ ᠂  ᠷᠠᠰᠢᠶᠠᠨ ᠵᠡᠷᠭᠡ ᠰᠠᠯᠪᠤᠷᠢ ᠱᠤᠭᠤᠮ᠎ᠤᠨ ᠨᠢᠰᠬᠡᠯ᠎ᠤᠨ ᠪᠠᠭᠤᠳᠠᠯ᠎ᠤᠨ ᠣᠢ᠌ᠷ᠎ᠠ ᠵᠠᠮ᠎ᠤᠨ ᠲᠡᠭᠡᠭᠡᠪᠦᠷᠢ ᠵᠢᠨ ᠲᠤᠬᠠᠢ᠌ᠯᠠᠭᠰᠠᠨ ᠠᠵᠢᠯ ᠥᠷᠨᠢᠭᠦᠯᠬᠦ ᠵᠢ᠎ᠨᠢ ᠳᠠᠮᠵᠢᠵᠤ ᠂  ᠲᠦᠩᠯᠢᠶᠣᠣ –  ᠠᠷᠤ ᠬᠣᠷᠴᠢᠨ ᠂  ᠤᠯᠠᠭ᠋ᠠᠨᠬᠠᠳᠠ–  ᠪᠠᠭ᠋ᠠᠷᠢᠨ ᠵᠡᠭᠦᠨ ᠬᠣᠰᠢᠭᠤ ᠂  ᠷᠠᠰᠢᠶᠠᠨ –  ᠲᠦᠴᠢᠦᠸᠠᠨ ᠵᠡᠷᠭᠡ ᠣᠢ᠌ᠷ᠎ᠠ ᠵᠠᠮ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ᠎ᠢ ᠰᠢᠨ᠎ᠡ᠎ᠪᠠᠷ ᠨᠡᠭᠡᠭᠡᠨ᠎ᠡ ᠃  ᠤᠯᠠᠭ᠋ᠠᠨᠬᠣᠲᠠ ᠂  ᠦᠬᠠᠢ ᠂  ᠷᠠᠰᠢᠶᠠᠨ ᠵᠡᠷᠭᠡ ᠨᠢᠰᠬᠡᠯ᠎ᠤᠨ ᠪᠠᠭᠤᠳᠠᠯ᠎ᠤᠨ ᠠᠭ᠋ᠠᠷ ᠠᠶᠠᠯᠠᠯ᠎ᠤᠨ ᠪᠣᠯᠪᠠᠰᠤᠷᠠᠯ᠎ᠤᠨ ᠡᠵᠡᠩᠨᠡᠯᠲᠡ ᠵᠢᠨ ᠪᠠᠢ᠌ᠳᠠᠯ ᠵᠶ᠋ᠠᠨ ᠥᠷᠭᠡᠳᠬᠡᠬᠦ ᠵᠢ ᠵᠣᠷᠢᠭᠵᠢᠭᠤᠯᠤᠨ᠎ᠠ ᠃  ᠵᠠᠯᠠᠨ ᠠᠢ᠌ᠯ ᠂  ᠣᠷᠳᠣᠰ ᠵᠡᠷᠭᠡ ᠨᠢᠰᠬᠡᠯ᠎ᠤᠨ ᠪᠠᠭᠤᠳᠠᠯ᠎ᠤᠨ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠡᠯᠬᠢᠶ᠎ᠡ ᠵᠢ ᠥᠷᠭᠡᠳᠬᠡᠨ ᠂  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠰᠠᠭᠤᠷᠢᠨ ᠭᠠᠵᠠᠷ ᠪᠠᠢ᠌ᠭᠤᠯᠬᠤ ᠵᠢ ᠠᠬᠢᠭᠤᠯᠤᠨ᠎ᠠ ᠃ [ᠥᠪᠥᠷ ᠮᠣᠩᠭᠣᠯ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠦᠯᠦᠭᠯᠡᠯᠳᠦ ᠺᠣᠮᠫᠠᠨᠢ ᠂  ᠥᠪᠥᠷ ᠮᠣᠩᠭᠣᠯ᠎ᠤᠨ ᠠᠭ᠋ᠠᠷ ᠠᠶᠠᠯᠠᠯ᠎ᠤᠨ ᠵᠢᠭᠤᠯᠴᠢᠯᠠᠯ᠎ᠤᠨ ᠪᠡᠯᠡ ᠣᠷᠣᠭᠤᠯᠤᠯᠲᠠ ᠵᠢᠨ (ᠪᠦᠯᠦᠭᠯᠡᠯ )  ᠬᠢᠵᠠᠭ᠋ᠠᠷᠲᠤ ᠺᠣᠮᠫᠠᠨᠢ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ]

     (ᠬᠣᠶᠠᠷ ) 《ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ + ᠰᠣᠶᠣᠯ ᠵᠢᠭᠤᠯᠴᠢᠯᠠᠯ 》᠎ᠤᠨ  ᠠᠭᠤᠰᠤᠯᠴᠠᠭᠰᠠᠨ ᠰᠢᠨ᠎ᠡ ᠨᠡᠷ᠎ᠡ ᠵᠢᠨ ᠬᠠᠭᠤᠳᠠᠰᠤ ᠵᠢ ᠡᠭᠦᠳᠦᠨ᠎ᠡ ᠃

      1. ᠳᠣᠣᠷ᠎ᠠ ᠠᠭ᠋ᠠᠷ᠎ᠤᠨ ᠰᠣᠳᠣᠨ ᠵᠢᠭᠤᠯᠴᠢᠯᠠᠯ᠎ᠤᠨ ᠱᠤᠭᠤᠮ᠎ᠢ ᠨᠡᠭᠡᠭᠡᠨ ᠬᠥᠭᠵᠢᠭᠦᠯᠦᠨ᠎ᠡ ᠃  ᠥᠷᠭᠡᠨ ᠲᠠᠯ᠎ᠠ ᠨᠤᠲᠤᠭ ᠂  ᠶᠡᠬᠡ ᠤᠢ ᠰᠢᠭᠤᠢ ᠂  ᠨᠡᠯᠦᠢ᠌ᠮ᠎ᠡ ᠡᠯᠡᠰᠦ ᠮᠠᠩᠬ᠎ᠠ ᠂  ᠨᠡᠯᠦᠭᠡᠷ ᠭᠣᠣᠯ ᠨᠠᠭᠤᠷ ᠂  ᠲᠣᠮᠣ ᠨᠤᠭᠤ ᠭᠠᠵᠠᠷ ᠵᠡᠷᠭᠡ ᠴᠢᠨᠠᠷ ᠰᠠᠢ᠌ᠲᠠᠢ ᠵᠢᠭᠤᠯᠴᠢᠯᠠᠯ᠎ᠤᠨ ᠡᠬᠢ ᠪᠠᠶᠠᠯᠢᠭ᠎ᠲᠤ ᠲᠦᠰᠢᠭᠯᠡᠨ ᠂  ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠪᠦᠬᠦ ᠣᠷᠣᠨ ᠪᠦᠰᠡ ᠪᠦᠬᠦ ᠤᠯᠠᠷᠢᠯ᠎ᠤᠨ ᠬᠥᠭᠵᠢᠯᠲᠡ ᠵᠢ ᠠᠬᠢᠭᠤᠯᠤᠨ᠎ᠠ ᠃  ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠠᠶᠠᠯᠠᠯ᠎ᠤᠨ ᠱᠤᠭᠤᠮ᠎ᠢ  ᠲᠡᠭᠦᠯᠳᠡᠷᠵᠢᠭᠦᠯᠵᠦ ᠂  ᠬᠥᠬᠡᠬᠣᠲᠠ –  ᠰᠢᠯᠢ ᠵᠢᠨ ᠭᠣᠣᠯ ᠂  ᠤᠯᠠᠭ᠋ᠠᠨᠬᠤᠲᠠ –  ᠷᠠᠰᠢᠶᠠᠨ –  ᠬᠠᠶ᠋ᠢᠯᠠᠷ –  ᠮᠠᠨᠵᠤᠤᠷ ᠵᠡᠷᠭᠡ ᠤᠯᠠᠷᠢᠯ᠎ᠤᠨ ᠴᠢᠨᠠᠷᠲᠠᠢ ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠲᠤᠰᠬᠠᠢ ᠱᠤᠭᠤᠮ᠎ᠢ  ᠨᠠᠪᠲᠠᠷᠡᠭᠦᠯᠵᠦ ᠂  ᠷᠠᠰᠢᠶᠠᠨ –  ᠴᠠᠢ ᠾᠧ ᠵᠢᠭᠤᠯᠴᠢᠯᠠᠯ᠎ᠤᠨ ᠣᠷᠣᠨ ᠂  ᠤᠯᠠᠭ᠋ᠠᠨᠪᠣᠲᠣᠩ᠎ᠤᠨ ᠲᠠᠯ᠎ᠠ ᠨᠤᠲᠤᠭ ᠂  ᠯᠣᠤ ᠨᠢᠦ ᠸᠠᠨ᠎ᠤ ᠬᠠᠲᠤᠨ ᠭᠣᠣᠯ᠎ᠤᠨ ᠶᠡᠬᠡ ᠬᠠᠪᠴᠢᠯ ᠵᠡᠷᠭᠡ ᠭᠣᠣᠯᠳᠠᠯᠭ᠎ᠠ᠎ᠲᠠᠢ ᠦᠵᠡᠮᠵᠢ ᠵᠢᠨ ᠣᠷᠣᠨ᠎ᠳᠤ ᠲᠦᠰᠢᠭᠯᠡᠨ ᠠᠭ᠋ᠠᠷ᠎ᠤᠨ ᠵᠤᠭ᠋ᠠᠴᠠᠯ᠎ᠤᠨ ᠪᠦᠲᠦᠭᠡᠭᠳᠡᠬᠦᠨ᠎ᠢ  ᠡᠭᠦᠳᠴᠦ ᠂  ᠥᠪᠥᠷ ᠮᠣᠩᠭᠣᠯ᠎ᠤᠨ 《  ᠳᠥᠷᠪᠡᠨ ᠤᠯᠠᠷᠢᠯ᠎ᠤᠨ ᠥᠩᠭᠡ ᠦᠵᠡᠮᠵᠢ ᠭᠣᠢ᠌ᠳᠠ ᠰᠠᠢ᠌ᠬᠠᠨ 》 ᠬᠡᠮᠡᠬᠦ ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠨᠡᠷ᠎ᠡ ᠵᠢᠨ ᠬᠠᠭᠤᠳᠠᠰᠤ ᠵᠢ ᠪᠤᠶ ᠪᠣᠯᠭ᠋ᠠᠨ᠎ᠠ ᠃  ᠬᠥᠯᠥᠨ ᠪᠤᠢ᠌ᠷ ᠬᠣᠲᠠ ᠵᠢᠨ ᠪᠦᠬᠦ ᠴᠠᠷᠠᠭ᠋ᠠᠨ᠎ᠤ ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠥᠪᠡᠷᠮᠢᠴᠡ ᠨᠡᠷᠡᠲᠦ ᠲᠡᠮᠳᠡᠭ ᠡᠭᠦᠳᠬᠦ ᠵᠢ᠎ᠨᠢ ᠳᠡᠮᠵᠢᠨ᠎ᠡ ᠃  ᠬᠢᠩᠭ᠋ᠠᠨ ᠠᠢ᠌ᠮᠠᠭ ᠂  ᠰᠢᠯᠢ ᠵᠢᠨ ᠭᠣᠣᠯ ᠠᠢ᠌ᠮᠠᠭ ᠂  ᠠᠯᠠᠱ᠌ᠠ ᠠᠢ᠌ᠮᠠᠭ᠎ᠤᠨ᠎ᠬᠢᠨ᠎ᠤ ᠵᠢᠭᠤᠯᠴᠢᠯᠠᠯ᠎ᠤᠨ ᠡᠬᠢ ᠪᠠᠶᠠᠯᠢᠭ᠎ᠲᠠᠢ᠎ᠪᠠᠨ ᠤᠶᠠᠯᠳᠤᠭᠤᠯᠤᠨ ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠲᠥᠷᠥᠯ ᠵᠦᠢ᠍ᠯ᠎ᠢ ᠢᠯᠭ᠋ᠠᠮᠵᠢᠲᠠᠢ ᠥᠷᠨᠢᠭᠦᠯᠬᠦ ᠵᠢ᠎ᠨᠢ ᠳᠡᠮᠵᠢᠵᠦ ᠂  ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠠᠵᠤ ᠦᠢ᠍ᠯᠡᠰᠵᠢᠭᠰᠡᠨ ᠬᠥᠭᠵᠢᠯᠲᠡ ᠵᠢ ᠠᠬᠢᠭᠤᠯᠤᠨ᠎ᠠ ᠃  ᠤᠯᠠᠭ᠋ᠠᠨᠬᠠᠳᠠ ᠬᠤᠲᠠ ᠵᠢᠨ ᠪᠦᠬᠦ ᠴᠠᠷᠠᠭ᠋ᠠᠨ᠎ᠤ ᠠᠭ᠋ᠠᠷ ᠠᠶᠠᠯᠠᠯ᠎ᠤᠨ ᠪᠡᠶ᠎ᠡ ᠵᠢᠨ ᠲᠠᠮᠢᠷ᠎ᠤᠨ ᠥᠪᠡᠷᠮᠢᠴᠡ ᠨᠡᠷᠡᠲᠦ ᠲᠡᠮᠳᠡᠭ ᠡᠭᠦᠳᠬᠦ ᠵᠢ᠎ᠨᠢ ᠳᠠᠮᠵᠢᠵᠤ ᠂  ᠵᠢᠭᠤᠯᠴᠢᠯᠠᠯ᠎ᠤᠨ ᠡᠭᠦᠰᠦᠮᠡᠯ ᠪᠦᠲᠦᠭᠡᠭᠳᠡᠬᠦᠨ᠎ᠢ ᠪᠠᠶᠠᠯᠢᠭᠵᠢᠭᠤᠯᠤᠨ ᠥᠷᠭᠡᠳᠬᠡᠬᠦ ᠬᠡᠷᠡᠭᠲᠡᠢ ᠃ (ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠰᠣᠶᠣᠯ ᠪᠠ ᠵᠢᠭᠤᠯᠴᠢᠯᠠᠯ᠎ᠤᠨ ᠲᠢᠩᠬᠢᠮ )

      2. ᠥᠪᠡᠷᠮᠢᠴᠡ ᠠᠭ᠋ᠠᠷ ᠠᠶᠠᠯᠠᠯ᠎ᠤᠨ ᠨᠢᠰᠦᠯᠲᠡ ᠵᠢᠨ ᠬᠤᠸᠠᠷᠠᠨ᠎ᠢ ᠪᠠᠢ᠌ᠭᠤᠯᠤᠨ᠎ᠠ ᠃  ᠳᠣᠣᠷ᠎ᠠ ᠠᠭ᠋ᠠᠷ᠎ᠤᠨ ᠵᠢᠭᠤᠯᠴᠢᠯᠠᠯ ᠬᠢᠭᠡᠳ ᠠᠭ᠋ᠠᠷ ᠠᠶᠠᠯᠠᠯ᠎ᠤᠨ ᠲᠠᠮᠢᠷ᠎ᠤᠨ ᠬᠥᠳᠡᠯᠭᠡᠭᠡᠨ᠎ᠤ ᠠᠭᠤᠰᠤᠯᠴᠠᠨ ᠬᠥᠭᠵᠢᠬᠦ ᠵᠢ ᠠᠬᠢᠭᠤᠯᠵᠤ ᠂  ᠤᠷᠠᠳ᠎ᠤᠨ ᠳᠤᠮᠳᠠᠳᠤ ᠬᠣᠰᠢᠭᠤᠨ᠎ᠤ ᠨᠢᠰᠬᠡᠯ᠎ᠤᠨ ᠪᠠᠭᠤᠳᠠᠯ᠎ᠳᠤ ᠬᠠᠲᠤᠨ ᠭᠣᠣᠯ᠎ᠤᠨ ᠰᠣᠶᠣᠯ᠎ᠤᠨ ᠭᠣᠣᠯ ᠰᠡᠳᠦᠪᠲᠦ ᠨᠢᠰᠦᠯᠲᠡ ᠵᠢᠨ ᠬᠤᠸᠠᠷᠠᠨ᠎ᠢ ᠪᠠᠶ᠋ᠢᠭᠤᠯᠬᠤ ᠂  ᠬᠥᠪᠡᠭᠡᠲᠦ ᠰᠢᠷ᠎ᠠ ᠬᠣᠰᠢᠭᠤᠨ᠎ᠤ ᠨᠢᠰᠬᠡᠯ᠎ᠤᠨ ᠪᠠᠭᠤᠳᠠᠯ᠎ᠳᠤ 《ᠰᠣᠶᠣᠯ + ᠰᠤᠳᠤᠯᠭ᠋ᠠᠨ ᠰᠢᠨᠵᠢᠯᠡᠭᠡᠨ + ᠠᠭ᠋ᠠᠷ ᠠᠶᠠᠯᠠᠯ᠎ᠤᠨ ᠲᠠᠮᠢᠷ᠎ᠤᠨ ᠬᠥᠳᠡᠯᠭᠡᠭᠡᠨ 》 ᠭᠣᠣᠯ ᠰᠡᠳᠦᠪᠲᠦ ᠨᠢᠰᠦᠯᠲᠡ ᠵᠢᠨ ᠬᠤᠸᠠᠷᠠᠨ᠎ᠢ ᠪᠠᠢ᠌ᠭᠤᠯᠬᠤ ᠂  ᠬᠢᠶ᠎ᠠ ᠪᠠᠭᠰᠢ ᠲᠣᠭᠣᠷᠢᠭ᠎ᠲᠤ ᠡᠯᠡᠰᠦᠨ ᠴᠦᠯ᠎ᠤᠨ ᠰᠣᠶᠣᠯ᠎ᠤᠨ ᠭᠣᠣᠯ ᠰᠡᠳᠦᠪᠲᠦ ᠨᠢᠰᠦᠯᠲᠡ ᠵᠢᠨ ᠬᠤᠸᠠᠷᠠᠨ᠎ᠢ ᠪᠠᠢ᠌ᠭᠤᠯᠬᠤ ᠂  ᠠᠷᠤ ᠬᠣᠷᠴᠢᠨ ᠬᠣᠰᠢᠭᠤ ᠂  ᠬᠡᠰᠢᠭᠲᠡᠨ ᠬᠣᠰᠢᠭᠤ ᠵᠡᠷᠭᠡ᠎ᠳᠤ  ᠲᠠᠯ᠎ᠠ ᠨᠤᠲᠤᠭ ᠂  ᠬᠥᠪᠴᠢ ᠤᠢ ᠂  ᠰᠢᠷᠪᠡᠭᠡ ᠬᠠᠳᠠ ᠵᠢᠨ ᠭᠣᠣᠯ ᠰᠡᠳᠦᠪᠲᠦ ᠨᠢᠰᠦᠯᠲᠡ ᠵᠢᠨ ᠬᠤᠸᠠᠷᠠᠨ ᠪᠠᠢ᠌ᠭᠤᠯᠬᠤ ᠵᠢ ᠳᠡᠮᠵᠢᠨ᠎ᠡ ᠃  ᠨᠢᠰᠦᠯᠲᠡ ᠵᠢᠨ ᠬᠤᠸᠠᠷᠠᠨ᠎ᠳᠤ ᠲᠦᠰᠢᠭᠯᠡᠨ ᠥᠨᠳᠥᠷ ᠣᠭᠲᠠᠷᠭᠤᠢ᠎ᠠᠴᠠ ᠰᠢᠬᠦᠷ ᠵᠶ᠋ᠠᠷ ᠪᠠᠭᠤᠬᠤ ᠂  ᠬᠠᠯᠢᠬᠤ ᠰᠢᠬᠦᠷ ᠂  ᠬᠠᠯᠠᠭᠤᠨ ᠬᠡᠢ᠌ᠲᠦ ᠪᠥᠮᠪᠥᠭᠡ ᠂  ᠭᠤᠷᠪᠠᠯᠵᠢᠨ ᠳᠠᠯᠠᠪᠴᠢ ᠂  ᠪᠡᠶᠡᠴᠢᠯᠡᠨ ᠣᠢ᠌ᠯᠠᠭ᠋ᠠᠬᠤ ᠨᠢᠰᠦᠯᠲᠡ ᠵᠡᠷᠭᠡ ᠠᠭ᠋ᠠᠷ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠨᠡᠭᠡᠭᠡᠨ ᠬᠥᠭᠵᠢᠭᠦᠯᠵᠦ ᠂  ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠪᠦᠲᠦᠭᠡᠭᠳᠡᠬᠦᠨ᠎ᠢ ᠵᠢᠭᠤᠯᠴᠢᠯᠠᠯ᠎ᠤᠨ ᠬᠡᠯᠪᠡᠷᠢ᠎ᠠᠴᠠ ᠲᠠᠮᠢᠷ᠎ᠤᠨ ᠬᠥᠳᠡᠯᠭᠡᠭᠡᠨ᠎ᠤ ᠪᠡᠶᠡᠴᠢᠯᠡᠨ ᠣᠢ᠌ᠯᠠᠭ᠋ᠠᠬᠤ ᠬᠡᠯᠪᠡᠷᠢ ᠲᠡᠢ᠌ᠰᠢ ᠳᠡᠰ ᠳᠡᠪᠰᠢᠬᠦ ᠵᠢ ᠠᠬᠢᠭᠤᠯᠤᠨ᠎ᠠ ᠃ (ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ )

      3. 《ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ + ᠰᠣᠶᠣᠯ᠎ᠤᠨ ᠪᠦᠲᠦᠭᠡᠯᠴᠢ 》 ᠠᠭᠤᠰᠤᠯᠴᠠᠭᠰᠠᠨ ᠰᠢᠨ᠎ᠡ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠦᠨ᠎ᠡ ᠃  ᠡᠯ᠎ᠡ ᠠᠢ᠌ᠮᠠᠭ ᠬᠤᠳᠡ ᠵᠢᠨ ᠰᠣᠶᠣᠯ᠎ᠤᠨ ᠪᠦᠲᠦᠭᠡᠯᠴᠢ ᠣᠨᠣᠯᠵᠢᠬᠤᠨ ᠵᠶ᠋ᠠᠨ  ᠠᠰᠢᠭᠯᠠᠵᠤ ᠬᠤᠳᠠᠯᠳᠤᠭ᠋ᠠᠨ᠎ᠤ ᠬᠡᠪ ᠵᠠᠭᠪᠤᠷ᠎ᠲᠤ᠎ᠪᠠᠨ ᠰᠢᠨ᠎ᠡ ᠵᠢ ᠡᠭᠦᠳᠬᠦ ᠵᠢ᠎ᠨᠢ ᠵᠣᠷᠢᠭᠵᠢᠭᠤᠯᠵᠤ ᠂  ᠺᠢᠨᠣ᠋ ᠲᠧᠯᠸᠢᠰ᠎ᠤᠨ ᠤᠯᠠᠮᠵᠢᠯᠠᠬᠤ ᠵᠠᠭᠤᠴᠢ ᠂  ᠲᠣᠣᠷ ᠰᠦᠯᠵᠢᠶ᠎ᠡ ᠵᠢᠨ ᠬᠤᠪᠢ ᠵᠢᠨ ᠵᠠᠭᠤᠴᠢ ᠵᠡᠷᠭᠡ ᠤᠬᠠᠭᠤᠯᠭ᠎ᠠ ᠵᠢᠨ ᠵᠠᠭᠤᠴᠢ ᠵᠢ ᠠᠰᠢᠭᠯᠠᠨ ᠂  ᠰᠣᠶᠣᠯ᠎ᠤᠨ IP ᠂  ᠰᠦᠯᠵᠢᠶᠡᠨ ᠢᠷᠭᠡᠨ᠎ᠤ ᠪᠠᠬᠠᠷᠬᠠᠯ᠎ᠢ ᠲᠠᠲᠠᠭᠰᠠᠨ ᠣᠷᠣᠨ ᠵᠡᠷᠭᠡ ᠬᠦᠴᠦᠨ ᠵᠦᠢ᠍ᠯ᠎ᠲᠠᠢ  ᠠᠭᠤᠰᠤᠯᠴᠠᠭᠤᠯᠵᠤ ᠂  ᠣᠯᠡᠨ ᠲᠦᠮᠡᠨᠴᠢ ᠴᠢᠨᠠᠷᠲᠠᠢ ᠠᠭ᠋ᠠᠷ ᠠᠶᠠᠯᠠᠯ᠎ᠤᠨ ᠠᠵᠢᠯᠯᠠᠭ᠎ᠠ ᠵᠢᠨ ᠨᠥᠯᠥᠭᠡᠯᠡᠬᠦ ᠬᠦᠴᠦᠨ᠎ᠢ ᠥᠷᠭᠡᠳᠬᠡᠨ᠎ᠡ ᠃  ᠳᠤᠮᠳᠠᠳᠤ ᠤᠯᠤᠰ᠎ᠤᠨ ᠠᠭ᠋ᠠᠷ᠎ᠤᠨ ᠨᠢᠰᠦᠭᠦᠷ᠎ᠤᠨ ᠥᠮᠴᠢᠯᠡᠭᠴᠢ ᠵᠢᠴᠢ ᠵᠢᠯᠣᠭᠣᠴᠢ ᠵᠢᠨ ᠨᠡᠢ᠌ᠭᠡᠮᠯᠢᠭ (AOPA – China )᠂  ᠠᠢ ᠹᠧᠢ ᠺᠧ ᠵᠡᠷᠭᠡ ᠪᠠᠢ᠌ᠭᠤᠯᠤᠮᠵᠢ᠎ᠲᠠᠢ ᠬᠠᠮᠲᠤᠷᠠᠨ ᠂  ᠠᠯᠠᠱ᠌ᠠ ᠵᠡᠷᠭᠡ ᠭᠠᠵᠠᠷ᠎ᠤᠨ ᠨᠢᠰᠦᠯᠲᠡ ᠵᠢᠨ ᠲᠣᠭᠯᠠᠯᠲᠠ ᠵᠢᠨ ᠠᠵᠢᠯᠯᠠᠭ᠎ᠠ ᠵᠢ ᠤᠬᠠᠭᠤᠯᠤᠨ ᠲᠠᠨᠢᠯᠴᠠᠭᠤᠯᠵᠤ ᠂  ᠡᠵᠡᠩᠨᠡᠯᠲᠡ ᠵᠢᠨ ᠪᠠᠢ᠌ᠳᠠᠯ᠎ᠤᠨ ᠬᠡᠪᠴᠢᠶ᠎ᠡ ᠵᠢ ᠥᠷᠭᠡᠳᠬᠡᠨ᠎ᠡ ᠃  ᠠᠭ᠋ᠠᠷ ᠠᠶᠠᠯᠠᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠲᠠᠢ ᠤᠶᠠᠯᠳᠤᠭᠤᠯᠤᠨ ᠂ 《ᠠᠭ᠋ᠠᠷ ᠠᠶᠠᠯᠠᠯ᠎ᠤᠨ ᠵᠢᠭᠤᠯᠴᠢᠯᠠᠯ᠎ᠤᠨ ᠰᠠᠢ᠌ᠨ ᠰᠠᠢ᠌ᠬᠠᠨ ᠴᠠᠭ ᠦᠶ᠎ᠡ 》 ᠨᠡᠷᠡᠲᠦ ᠲᠡᠮᠳᠡᠭ᠎ᠢ ᠡᠭᠦᠳᠴᠦ ᠂  ᠠᠭ᠋ᠠᠷ ᠠᠶᠠᠯᠠᠯ᠎ᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠤᠨ᠎ᠠ ᠃ (ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠂  ᠪᠡᠶ᠎ᠡ ᠵᠢᠨ ᠲᠠᠮᠢᠷ᠎ᠤᠨ ᠲᠣᠪᠴᠢᠶ᠎ᠠ )

     (ᠭᠤᠷᠪᠠ )  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ ᠃

      1. ᠠᠭ᠋ᠠᠷ ᠠᠶᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ ᠃  ᠣᠲᠣ ᠵᠢᠨ ᠪᠠᠢ᠌ᠭ᠎ᠠ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ ᠪᠠ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠳᠤ ᠲᠦᠰᠢᠭᠯᠡᠨ ᠂  ᠠᠭ᠋ᠠᠷ ᠠᠶᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠤᠨ ᠬᠣᠯᠪᠤᠭ᠋ᠠᠯᠠᠨ ᠬᠥᠳᠡᠯᠦᠯᠴᠡᠵᠦ ᠬᠠᠮᠲᠤ᠎ᠳᠤ᠎ᠪᠠᠨ ᠬᠦᠷᠲᠡᠬᠦ ᠲᠣᠭᠲᠠᠯᠴᠠᠭ᠎ᠠ ᠵᠢ ᠰᠦᠪᠡᠭᠴᠢᠯᠡᠨ ᠪᠠᠢ᠌ᠭᠤᠯᠤᠨ᠎ᠠ ᠃  ᠠᠳᠠᠯᠢ ᠪᠤᠰᠤ ᠠᠬᠤᠢ ᠲᠠᠯᠠᠪᠠᠶ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠡᠭᠦᠷᠭᠡ᠎ᠳᠤ ᠵᠣᠬᠢᠴᠠᠭᠤᠯᠤᠨ ᠂  ᠡᠮᠴᠢᠯᠡᠭᠡᠨ᠎ᠤ ᠠᠪᠤᠷᠠᠯᠲᠠ ᠬᠢᠬᠦ ᠂  ᠠᠭ᠋ᠠᠷ᠎ᠲᠠᠬᠢ ᠭᠠᠯ ᠤᠨᠲᠠᠷᠠᠭ᠋ᠠᠬᠤ ᠂  ᠠᠮᠢ ᠠᠬᠤᠢ ᠵᠢᠨ ᠬᠢᠨᠠᠨ ᠬᠡᠮᠵᠢᠯᠲᠡ ᠬᠢᠬᠦ ᠵᠡᠷᠭᠡ ᠵᠢ ᠬᠠᠮᠲᠤ᠎ᠳᠤ᠎ᠨᠢ ᠬᠠᠷᠠᠭ᠋ᠠᠯᠵᠠᠵᠤ ᠂ 《  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ + 》 ᠭᠡᠬᠦ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠦᠨ᠎ᠡ ᠃  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠠᠬᠤᠢ᠌ᠯᠠᠯ ᠂  ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠬᠠᠢ ᠪᠠ ᠲᠤᠰᠢᠶᠠᠯ ᠬᠠᠪᠰᠤᠷᠭ᠋ᠠᠭᠰᠠᠨ ᠡᠩᠨᠡᠭᠡ ᠵᠣᠬᠢᠶᠠᠨ ᠪᠠᠶ᠋ᠢᠭᠤᠯᠬᠤ ᠵᠢ᠎ᠨᠢ ᠳᠡᠮᠵᠢᠵᠦ ᠂  ᠠᠭ᠋ᠠᠷ᠎ᠤᠨ ᠠᠶᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠳᠤ ᠣᠷᠣᠯᠴᠠᠭᠤᠯᠤᠨ ᠂  ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠶᠡᠷᠦᠩᠬᠡᠢ᠌ᠯᠡᠭᠰᠡᠨ ᠴᠢᠨᠠᠷᠲᠠᠢ ᠡᠩᠨᠡᠭᠡ ᠂  ᠠᠵᠢᠯ ᠲᠥᠷᠥᠯ᠎ᠤᠨ ᠴᠢᠨᠠᠷᠲᠠᠢ ᠲᠤᠰᠬᠠᠢ ᠠᠪᠤᠷᠠᠨ ᠲᠤᠰᠠᠯᠠᠬᠤ ᠬᠦᠴᠦᠨ ᠂  ᠨᠡᠢ᠌ᠭᠡᠮ᠎ᠤᠨ ᠬᠦᠴᠦᠨ ᠬᠠᠮᠵᠢᠯᠴᠠᠭᠰᠠᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠤᠨ ᠰᠢᠨ᠎ᠡ ᠪᠠᠢ᠌ᠷᠢᠰᠢᠯ᠎ᠢ ᠴᠣᠭᠴᠠᠯᠠᠨ᠎ᠠ ᠃ (ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠂  ᠡᠯ᠎ᠡ ᠠᠢ᠌ᠮᠠᠭ᠎ᠤᠨ ᠵᠠᠬᠢᠷᠭ᠎ᠠ ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ )

      2. ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ ᠵᠢ ᠥᠷᠭᠡᠳᠬᠡᠨ᠎ᠡ ᠃ ᠣᠢ ᠵᠢ ᠬᠠᠮᠠᠭ᠋ᠠᠯᠠᠨ ᠭᠠᠯ᠎ᠢ ᠰᠡᠷᠭᠡᠢ᠌ᠯᠡᠬᠦ ᠂  ᠨᠤᠲᠤᠭ ᠪᠡᠯᠴᠢᠭᠡᠷ᠎ᠲᠤ ᠨᠢᠰᠬᠡᠯ ᠵᠶ᠋ᠠᠷ ᠲᠠᠷᠢᠬᠤ ᠂  ᠲᠠᠷᠢᠶᠠᠯᠠᠩ᠎ᠤᠨ ᠤᠷᠭᠤᠮᠠᠯ᠎ᠢ ᠬᠠᠮᠠᠭ᠋ᠠᠯᠠᠬᠤ ᠂  ᠬᠥᠮᠥᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠂  ᠠᠭ᠋ᠠᠷ᠎ᠠᠴᠠ ᠰᠡᠭᠦᠳᠡᠷᠯᠡᠵᠦ ᠬᠡᠮᠵᠢᠬᠦ ᠂  ᠵᠠᠮ ᠬᠠᠷᠢᠯᠴᠠᠭ᠎ᠠ ᠵᠢ ᠵᠠᠯᠠᠵᠤ ᠰᠢᠯᠤᠭᠤᠳᠬᠠᠬᠤ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ   ᠬᠦᠷᠢᠶ᠎ᠡ ᠴᠠᠷᠠᠭ᠋ᠠᠨ᠎ᠳᠠᠬᠢ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠬᠡᠷᠡᠭᠯᠡᠭᠡᠨ᠎ᠢ ᠪᠦᠬᠦ ᠲᠠᠯ᠎ᠠ᠎ᠪᠠᠷ ᠳᠡᠯᠭᠡᠷᠡᠭᠦᠯᠦᠨ᠎ᠡ ᠃  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠠᠬᠤᠢ᠌ᠯᠠᠯ᠎ᠤᠨ ᠣᠶ ᠰᠢᠭᠤᠢ ᠨᠤᠲᠤᠭ ᠪᠡᠯᠴᠢᠭᠡᠷ ᠂  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠡᠷᠭᠡ ᠬᠠᠮᠢᠶ᠎ᠠ ᠪᠦᠬᠦᠢ ᠠᠵᠢᠯ᠎ᠤᠨ ᠡᠭᠦᠷᠭᠡ ᠵᠢ ᠡᠭᠦᠷᠭᠡᠯᠡᠬᠦ ᠵᠢ᠎ᠨᠢ ᠳᠡᠮᠵᠢᠵᠦ ᠂  ᠲᠥᠪ᠎ᠤᠨ ᠡᠳ᠋᠎ᠤᠨ ᠵᠠᠰᠠᠭ᠎ᠤᠨ ᠨᠥᠬᠥᠪᠦᠷᠢ ᠪᠡᠯᠡ ᠮᠥᠩᠭᠥ ᠵᠢᠨ ᠳᠡᠮᠵᠢᠯᠭᠡ ᠵᠢ ᠣᠯᠬᠤ᠎ᠪᠠᠷ ᠢᠳᠡᠪᠬᠢᠯᠡᠨ ᠴᠢᠷᠮᠠᠢ᠌ᠨ᠎ᠠ ᠃  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠵᠠᠰᠠᠭ᠎ᠤᠨ ᠣᠷᠳᠣᠨ ᠬᠤᠳᠠᠯᠳᠤᠨ ᠠᠪᠬᠤ ᠭᠠᠷᠴᠠᠭ᠎ᠤᠨ ᠬᠡᠪᠴᠢᠶᠡᠨ᠎ᠳᠤ ᠣᠷᠣᠭᠤᠯᠵᠤ ᠂  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠂  ᠴᠠᠭ ᠠᠭᠤᠷ ᠂  ᠣᠶ ᠰᠢᠭᠤᠢ ᠨᠤᠲᠤᠭ ᠪᠡᠯᠴᠢᠭᠡᠷ ᠂  ᠤᠯᠤᠰ᠎ᠤᠨ ᠭᠠᠵᠠᠷ ᠰᠢᠷᠣᠢ ᠡᠬᠢ ᠪᠠᠶᠠᠯᠢᠭ ᠵᠡᠷᠭᠡ ᠰᠠᠯᠠᠭ᠎ᠠ ᠮᠥᠴᠢᠷ᠎ᠤᠨ ᠬᠤᠳᠠᠯᠳᠤᠨ ᠠᠪᠬᠤ ᠬᠡᠪᠴᠢᠶ᠎ᠡ᠎ᠪᠠᠨ ᠥᠷᠭᠡᠳᠬᠡᠭᠡᠳ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠢ ᠪᠤᠵᠠᠭ᠋ᠠᠢ᠌ᠷᠠᠭᠤᠯᠬᠤ ᠵᠢ᠎ᠨᠢ ᠵᠣᠷᠢᠭᠵᠢᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠂  ᠡᠳ᠋᠎ᠤᠨ ᠵᠠᠰᠠᠭ᠎ᠤᠨ ᠲᠢᠩᠬᠢᠮ ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ )

     (ᠳᠥᠷᠪᠡ )  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠲᠠᠢ  ᠬᠣᠯᠪᠣᠭᠳᠠᠭᠰᠠᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ ᠃

      1. ᠠᠭ᠋ᠠᠷ ᠠᠶᠠᠯᠠᠯ᠎ᠤᠨ ᠬᠥᠮᠦᠵᠢᠯ ᠪᠣᠯᠪᠠᠰᠤᠷᠠᠯ ᠪᠠ ᠪᠠᠢ᠌ᠴᠠᠭ᠋ᠠᠯᠲᠠ ᠰᠢᠯᠭ᠋ᠠᠯᠲᠠ ᠵᠢ ᠬᠥᠭᠵᠢᠭᠦᠯᠦᠨ᠎ᠡ ᠃  ᠨᠢᠰᠬᠡᠯ᠎ᠤᠨ ᠪᠠᠭᠤᠳᠠᠯ᠎ᠤᠨ ᠡᠬᠢ ᠪᠠᠶᠠᠯᠢᠭ ᠪᠠ ᠠᠭᠤᠷ ᠠᠮᠢᠰᠬᠤᠯ᠎ᠤᠨ ᠳᠠᠪᠠᠭᠤᠯᠢᠭ᠎ᠲᠤ ᠲᠦᠰᠢᠭᠯᠡᠨ ᠂  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠬᠥᠮᠦᠵᠢᠯ ᠪᠣᠯᠪᠠᠰᠤᠷᠠᠯ ᠂  ᠠᠭ᠋ᠠᠷ᠎ᠤᠨ ᠠᠶᠠᠯᠠᠯ᠎ᠤᠨ ᠪᠠᠢ᠌ᠴᠠᠭ᠋ᠠᠯᠲᠠ ᠰᠢᠯᠭ᠋ᠠᠯᠲᠠ ᠵᠡᠷᠭᠡ ᠵᠢ ᠣᠨᠴᠠᠯᠢᠬ᠍ᠵᠢᠭᠤᠯᠤᠨ ᠬᠥᠭᠵᠢᠭᠦᠯᠦᠨ᠎ᠡ ᠃  ᠦᠬᠠᠢ ᠂  ᠪᠠᠭ᠋ᠠᠷᠢᠨ ᠵᠡᠭᠦᠨ ᠬᠣᠰᠢᠭᠤ ᠂  ᠨᠠᠢ᠍ᠮᠠᠨ ᠬᠣᠰᠢᠭᠤ ᠵᠡᠷᠭᠡ ᠨᠢᠰᠬᠡᠯ᠎ᠤᠨ ᠪᠠᠭᠤᠳᠠᠯ᠎ᠤᠨ ᠨᠢᠰᠦᠯᠲᠡ ᠵᠢᠨ ᠪᠣᠯᠪᠠᠰᠤᠷᠠᠯ᠎ᠤᠨ ᠲᠤᠬᠠᠢ᠌ᠯᠠᠭᠰᠠᠨ ᠠᠵᠢᠯ᠎ᠢ ᠥᠷᠭᠡᠳᠬᠡᠵᠦ ᠂  ᠬᠥᠪᠡᠭᠡᠲᠦ ᠰᠢᠷ᠎ᠠ ᠬᠣᠰᠢᠭᠤ ᠂  ᠤᠷᠠᠳ᠎ᠤᠨ ᠳᠤᠮᠳᠠᠳᠤ ᠬᠣᠰᠢᠭᠤ ᠮᠡᠲᠦ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠢ᠌ᠭᠤᠯᠤᠨ ᠂  ᠵᠠᠯᠠᠨ ᠠᠢ᠌ᠯ ᠂  ᠰᠢᠯᠢ ᠵᠢᠨ ᠭᠣᠣᠯ ᠵᠡᠷᠭᠡ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠲᠤᠰᠬᠠᠢ ᠮᠡᠷᠭᠡᠵᠢᠯ ᠲᠣᠬᠢᠷᠠᠭᠤᠯᠤᠨ ᠪᠠᠶ᠋ᠢᠭᠤᠯᠬᠤ ᠵᠢ ᠳᠡᠮᠵᠢᠨ᠎ᠡ ᠃  ᠬᠥᠪᠡᠭᠡᠲᠦ ᠰᠢᠷ᠎ᠠ ᠬᠣᠰᠢᠭᠤᠨ᠎ᠤ ᠠᠭ᠋ᠠᠷ ᠠᠶᠠᠯᠠᠯ᠎ᠤᠨ ᠰᠤᠳᠤᠯᠭ᠋ᠠᠨ ᠰᠢᠨᠵᠢᠯᠡᠭᠡᠨ᠎ᠤ ᠲᠣᠭᠲᠠᠯᠴᠠᠭ᠎ᠠ ᠵᠢ ᠰᠢᠯᠢᠳᠡᠭᠵᠢᠭᠦᠯᠵᠦ ᠂  ᠵᠠᠯᠠᠨ ᠠᠢ᠌ᠯ ᠬᠤᠲᠠ ᠂  ᠠᠷᠤᠨ ᠬᠣᠰᠢᠭᠤ ᠵᠡᠷᠭᠡ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠎ᠤᠨ ᠰᠠᠭᠤᠷᠢᠨ ᠭᠠᠵᠠᠷ ᠂  ᠠᠭ᠋ᠠᠷ ᠠᠶᠠᠯᠠᠯ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠤᠳᠤᠯᠭ᠋ᠠᠨ ᠰᠢᠨᠵᠢᠯᠡᠭᠡᠨ᠎ᠤ ᠰᠠᠭᠤᠷᠢᠨ ᠭᠠᠵᠠᠷ ᠪᠤᠶᠤ ᠠᠭ᠋ᠠᠷ ᠠᠶᠠᠯᠠᠯ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠣᠷᠳᠣᠨ᠎ᠢ ᠪᠠᠢ᠌ᠭᠤᠯᠤᠨ᠎ᠠ ᠃  ᠠᠭ᠋ᠠᠷ᠎ᠤᠨ ᠨᠢᠰᠦᠭᠦᠷ᠎ᠢ ᠪᠠᠢ᠌ᠴᠠᠭ᠋ᠠᠨ ᠰᠢᠯᠭ᠋ᠠᠬᠤ ᠪᠦᠯᠦᠭᠵᠢᠯ᠎ᠢ ᠪᠠᠢ᠌ᠭᠤᠯᠵᠤ ᠂  ᠬᠠᠢ᠌ᠯᠠᠷ ᠨᠢᠰᠬᠡᠯ᠎ᠤᠨ ᠪᠠᠭᠤᠳᠠᠯ᠎ᠤᠨ ᠤᠯᠤᠰ᠎ᠲᠤ᠎ᠪᠠᠨ ᠦᠢ᠍ᠯᠡᠳᠪᠦᠷᠢᠯᠡᠭᠰᠡᠨ ᠲᠣᠮᠣ ᠨᠢᠰᠬᠡᠯ᠎ᠤᠨ ᠲᠤᠷᠰᠢᠯᠲᠠ ᠬᠢᠵᠦ ᠲᠤᠷᠰᠢᠨ ᠨᠢᠰᠬᠦ ᠰᠠᠭᠤᠷᠢᠨ ᠭᠠᠵᠠᠷ ᠂  ᠭᠡᠭᠡᠨ ᠭᠣᠣᠯ ᠨᠢᠰᠬᠡᠯ᠎ᠤᠨ ᠪᠠᠭᠤᠳᠠᠯ᠎ᠤᠨ ᠨᠢᠰᠦᠭᠦᠷ᠎ᠤᠨ ᠲᠤᠢ᠌ᠯ᠎ᠤᠨ ᠬᠦᠢ᠍ᠲᠡᠨ᠎ᠢ ᠳᠠᠭ᠋ᠠᠭ᠋ᠠᠬᠤ ᠴᠢᠨᠠᠷ᠎ᠢ᠎ᠨᠢ ᠰᠢᠨᠵᠢᠨ ᠰᠢᠯᠭ᠋ᠠᠬᠤ ᠰᠠᠭᠤᠷᠢᠨ ᠭᠠᠵᠠᠷ ᠂  ᠦᠦᠰᠢᠨ ᠬᠣᠰᠢᠭᠤ ᠨᠢᠰᠬᠡᠯ᠎ᠤᠨ ᠪᠠᠭᠤᠳᠠᠯ᠎ᠤᠨ ᠡᠭᠴᠡ ᠨᠢᠰᠬᠡᠯ᠎ᠤᠨ ᠲᠤᠷᠰᠢᠨ ᠨᠢᠰᠬᠦ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠵᠤ ᠂  ᠰᠢᠯᠢ ᠵᠢᠨ ᠭᠣᠣᠯ᠎ᠤᠨ ᠠᠭ᠋ᠠᠷ᠎ᠤᠨ ᠨᠢᠰᠦᠭᠦᠷ᠎ᠤᠨ ᠶᠡᠬᠡ ᠰᠠᠯᠬᠢᠨ ᠳᠠᠭ᠋ᠠᠭ᠋ᠠᠬᠤ ᠴᠢᠨᠠᠷ᠎ᠢ ᠰᠢᠨᠵᠢᠨ ᠰᠢᠯᠭ᠋ᠠᠬᠤ ᠵᠡᠷᠭᠡ ᠲᠥᠷᠥᠯ ᠵᠦᠢ᠍ᠯ᠎ᠢ ᠬᠡᠷᠡᠭᠵᠢᠭᠦᠯᠦᠨ᠎ᠡ ᠃  ᠣᠷᠳᠣᠰ᠎ᠤᠨ ᠠᠭ᠋ᠠᠷ ᠠᠶᠠᠯᠠᠯ᠎ᠤᠨ ᠪᠣᠯᠪᠠᠰᠤᠷᠠᠯ᠎ᠤᠨ ᠲᠥᠪ᠎ᠢ ᠠᠬᠢᠭᠤᠯᠤᠨ ᠪᠠᠢ᠌ᠭᠤᠯᠤᠨ᠎ᠠ ᠃  ᠰᠢᠭᠤᠢ᠌ᠲᠤ ᠲᠣᠭᠣᠷᠢᠭ ᠂  ᠬᠠᠭᠤᠴᠢᠨ ᠪᠠᠷᠭᠤ ᠬᠣᠰᠢᠭᠤ ᠂  ᠠᠷᠤ ᠬᠣᠷᠴᠢᠨ ᠬᠣᠰᠢᠭᠤ ᠵᠡᠷᠭᠡ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠦᠷᠢᠶᠡᠯᠡᠩ ᠪᠤᠶᠤ ᠠᠭ᠋ᠠᠷ ᠠᠶᠠᠯᠠᠯ᠎ᠤᠨ ᠵᠢᠵᠢᠭ ᠪᠠᠯᠭ᠋ᠠᠰᠤ ᠵᠢ ᠪᠣᠢ᠌ᠵᠢᠭᠤᠯᠤᠨ᠎ᠠ ᠃ [ᠡᠯ᠎ᠡ ᠠᠢ᠌ᠮᠠᠭ᠎ᠤᠨ ᠵᠠᠬᠢᠷᠭ᠎ᠠ ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠥᠷ ᠮᠣᠩᠭᠣᠯ᠎ᠤᠨ ᠠᠭ᠋ᠠᠷ ᠠᠶᠠᠯᠠᠯ᠎ᠤᠨ ᠵᠢᠭᠤᠯᠴᠢᠯᠠᠯ᠎ᠤᠨ ᠪᠡᠯᠡ ᠣᠷᠣᠭᠤᠯᠤᠯᠲᠠ (ᠪᠦᠯᠦᠭᠯᠡᠯ ) ᠵᠢᠨ ᠬᠢᠵᠠᠭ᠋ᠠᠷᠲᠤ ᠺᠣᠮᠫᠠᠨᠢ ]

      2. ᠵᠢᠯᠣᠭᠣᠴᠢ ᠦᠭᠡᠢ ᠨᠢᠰᠬᠡᠯ᠎ᠤᠨ ᠰᠢᠨ᠎ᠡ ᠡᠭᠦᠳᠦᠯᠲᠡ ᠵᠢᠨ ᠵᠢᠱ᠌ᠢᠶ᠎ᠡ ᠦᠵᠡᠭᠦᠯᠬᠦ ᠠᠵᠤ ᠦᠢ᠍ᠯᠡᠰ᠎ᠢ ᠬᠠᠢ᠌ᠨ ᠰᠦᠪᠡᠭᠴᠢᠯᠡᠨ᠎ᠡ ᠃  ᠵᠢᠯᠣᠭᠣᠴᠢ ᠦᠭᠡᠢ ᠨᠢᠰᠬᠡᠯ᠎ᠤᠨ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠪᠠᠷ ᠤᠳᠤᠷᠢᠳᠤᠮᠵᠢ ᠪᠣᠯᠭ᠋ᠠᠵᠤ ᠂  ᠵᠢᠯᠣᠭᠣᠴᠢ ᠦᠭᠡᠢ ᠨᠢᠰᠬᠡᠯ᠎ᠤᠨ ᠠᠵᠤ ᠦᠢ᠍ᠯᠡᠰ᠎ᠤᠨ ᠪᠦᠯᠦᠭᠵᠢᠯ᠎ᠤᠨ ᠪᠥᠭᠡᠮᠨᠡᠷᠡᠨ ᠬᠥᠭᠵᠢᠬᠦ ᠵᠢ ᠠᠬᠢᠭᠤᠯᠤᠨ᠎ᠠ ᠃  ᠪᠤᠭᠤᠲᠤ ᠬᠤᠲᠠ ᠂  ᠬᠥᠯᠥᠨ ᠪᠤᠶ᠋ᠢᠷ ᠬᠤᠲᠠ ᠂  ᠬᠢᠩᠭ᠋ᠠᠨ ᠠᠢ᠌ᠮᠠᠭ ᠂  ᠤᠯᠠᠭ᠋ᠠᠨᠬᠠᠳᠠ ᠬᠤᠲᠠ ᠂  ᠣᠷᠳᠣᠰ ᠬᠤᠲᠠ ᠵᠢᠨ ᠵᠢᠯᠣᠭᠣᠴᠢ ᠦᠭᠡᠢ ᠨᠢᠰᠬᠡᠯ᠎ᠤᠨ ᠶᠡᠷᠦᠩᠬᠡᠢ᠌ᠯᠡᠭᠰᠡᠨ ᠬᠡᠷᠡᠭᠯᠡᠯᠲᠡ ᠥᠷᠨᠢᠭᠦᠯᠬᠦ ᠵᠢ ᠳᠡᠮᠵᠢᠵᠦ ᠂  ᠵᠢᠯᠣᠭᠣᠴᠢ ᠦᠭᠡᠢ ᠨᠢᠰᠬᠡᠯ᠎ᠤᠨ ᠵᠢᠯᠣᠭᠣᠳᠤᠨ ᠡᠵᠡᠮᠰᠢᠬᠦ ᠪᠣᠯᠪᠠᠰᠤᠷᠠᠯ ᠂  ᠰᠢᠯᠭ᠋ᠠᠯᠲᠠ ᠂  ᠬᠡᠮᠵᠢᠯᠲᠡ ᠲᠤᠷᠰᠢᠯᠲᠠ ᠵᠢᠨ ᠲᠥᠪ ᠪᠠᠶ᠋ᠢᠭᠤᠯᠬᠤ ᠵᠢ ᠠᠬᠢᠭᠤᠯᠵᠤ ᠂  ᠵᠢᠯᠣᠭᠣᠴᠢ ᠦᠭᠡᠢ ᠨᠢᠰᠬᠡᠯ᠎ᠤᠨ ᠨᠢᠰᠦᠯᠲᠡ ᠵᠢᠨ ᠲᠤᠷᠰᠢᠯᠲᠠ ᠵᠢᠨ ᠰᠠᠭᠤᠷᠢᠨ ᠭᠠᠵᠠᠷ᠎ᠢ ᠴᠣᠭᠴᠠᠯᠠᠨ᠎ᠠ ᠃  ᠬᠥᠪᠡᠭᠡᠲᠦ ᠰᠢᠷ᠎ᠠ ᠬᠣᠰᠢᠭᠤ ᠂  ᠣᠲᠤᠭ ᠬᠣᠰᠢᠭᠤ ᠂  ᠣᠲᠤᠭ᠎ᠤᠨ ᠡᠮᠦᠨᠡᠲᠦ ᠬᠣᠰᠢᠭᠤ ᠵᠡᠷᠭᠡ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠳᠤ ᠲᠦᠰᠢᠭᠯᠡᠨ ᠂  ᠵᠢᠯᠣᠭᠣᠴᠢ ᠦᠭᠡᠢ ᠨᠢᠰᠬᠡᠯ᠎ᠤᠨ ᠪᠠᠷᠠᠭ᠋ᠠᠨ᠎ᠤ ᠭᠦᠢ᠍ᠯᠭᠡᠭᠡᠨ᠎ᠤ ᠲᠤᠷᠰᠢᠯᠲᠠ ᠵᠢᠨ ᠰᠠᠭᠤᠷᠢᠨ ᠭᠠᠵᠠᠷ᠎ᠢ ᠪᠠᠢ᠌ᠭᠤᠯᠤᠨ᠎ᠠ ᠃ [ᠡᠯ᠎ᠡ ᠠᠢ᠌ᠮᠠᠭ᠎ᠤᠨ ᠵᠠᠬᠢᠷᠭ᠎ᠠ ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠥᠪᠥᠷ ᠮᠣᠩᠭᠣᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ ᠂  ᠥᠪᠥᠷ ᠮᠣᠩᠭᠣᠯ᠎ᠤᠨ ᠠᠭ᠋ᠠᠷ ᠠᠶᠠᠯᠠᠯ᠎ᠤᠨ ᠵᠢᠭᠤᠯᠴᠢᠯᠠᠯ᠎ᠤᠨ ᠪᠡᠯᠡ ᠣᠷᠣᠭᠤᠯᠤᠯᠲᠠ (ᠪᠦᠯᠦᠭᠯᠡᠯ ) ᠵᠢᠨ ᠬᠢᠵᠠᠭ᠋ᠠᠷᠲᠤ ᠺᠣᠮᠫᠠᠨᠢ ]

       ᠭᠤᠷᠪᠠ ᠂  ᠪᠠᠲᠤᠯᠠᠭ᠎ᠠ ᠵᠢᠨ ᠠᠷᠭ᠎ᠠ ᠬᠡᠮᠵᠢᠶ᠎ᠡ

     (ᠨᠢᠭᠡ )  ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠬᠤ ᠬᠡᠷᠡᠭᠲᠡᠢ ᠃  ᠥᠪᠡᠷᠲᠡᠭᠡᠨ ᠵᠠᠰᠠᠬᠤ ᠣᠷᠣᠨ᠎ᠤ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠠᠵᠢᠯ᠎ᠤᠨ ᠲᠤᠬᠠᠢ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ᠎ᠢ ᠲᠡᠭᠦᠯᠳᠡᠷᠵᠢᠭᠦᠯᠵᠦ ᠂  ᠵᠠᠰᠠᠭ᠎ᠤᠨ ᠣᠷᠳᠣᠨ᠎ᠤ ᠬᠥᠲᠥᠯᠥᠨ ᠵᠢᠯᠤᠭᠣᠳᠬᠤ ᠂  ᠦᠢ᠍ᠯᠡᠴᠢᠯᠡᠬᠦ ᠂  ᠬᠢᠨᠠᠯᠲᠠ ᠲᠠᠯᠪᠢᠬᠤ ᠦᠢ᠍ᠯᠡᠳᠦᠯ᠎ᠢ᠎ᠨᠢ ᠪᠠᠳᠠᠷᠠᠭᠤᠯᠤᠨ᠎ᠠ ᠃  ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ ᠂  ᠣᠢ᠌ᠷ᠎ᠠ ᠵᠠᠮ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ ᠨᠡᠭᠡᠭᠡᠬᠦ ᠵᠢ ᠠᠬᠢᠭᠤᠯᠵᠤ ᠂  ᠨᠢᠭᠡᠳᠦᠯᠲᠡᠢ ᠵᠣᠯᠭ᠋ᠠᠭᠤᠯᠤᠨ ᠵᠥᠪᠳᠡᠯᠴᠡᠬᠦ ᠪᠠ ᠲᠡᠭᠡᠭᠡᠪᠦᠷᠢ ᠵᠢᠨ ᠬᠦᠴᠦᠨ᠎ᠢ ᠨᠢᠭᠡᠳᠦᠯᠲᠡᠢ ᠣᠷᠣᠭᠤᠯᠤᠨ ᠠᠪᠴᠢᠷᠠᠵᠤ ᠂  ᠲᠥᠷᠥᠯ ᠵᠦᠢ᠍ᠯ᠎ᠢ ᠣᠷᠣᠭᠤᠯᠤᠨ ᠠᠪᠴᠢᠷᠠᠬᠤ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠬᠡᠷᠡᠭᠲᠡᠢ ᠃  ᠡᠯ᠎ᠡ ᠠᠢ᠌ᠮᠠᠭ ᠬᠤᠲᠠ᠎ᠨᠢ ᠬᠠᠷᠠᠭ᠋ᠠᠯᠵᠠᠭᠰᠠᠨ ᠵᠣᠬᠢᠶᠠᠨ ᠪᠠᠢ᠌ᠭᠤᠯᠵᠤ ᠤᠳᠤᠷᠢᠳᠬᠤ ᠲᠣᠭᠲᠠᠴᠠ᠎ᠪᠠᠨ ᠲᠡᠭᠦᠯᠳᠡᠷᠵᠢᠭᠦᠯᠵᠦ ᠂  ᠲᠣᠰ ᠭᠠᠵᠠᠷ ᠣᠷᠣᠨ᠎ᠤ᠎ᠪᠠᠨ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠠᠵᠢᠯ᠎ᠢ ᠨᠢᠭᠡᠳᠦᠯᠲᠡᠢ ᠲᠥᠯᠥᠪᠯᠡᠨ᠎ᠡ ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ )

     (ᠬᠣᠶᠠᠷ )  ᠠᠭ᠋ᠠᠷ᠎ᠤᠨ ᠣᠷᠣᠨ᠎ᠤ ᠪᠠᠲᠤᠯᠠᠭ᠎ᠠ ᠵᠢ ᠰᠠᠢ᠌ᠲᠤᠷ ᠬᠢᠬᠦ ᠬᠡᠷᠡᠭᠲᠡᠢ ᠃  ᠥᠪᠡᠷᠲᠡᠭᠡᠨ ᠵᠠᠰᠠᠬᠤ ᠣᠷᠣᠨ᠎ᠤ ᠪᠦᠬᠦ ᠣᠷᠣᠨ ᠪᠦᠰᠡ ᠵᠢᠨ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠠᠬᠢᠭᠤᠯᠵᠤ ᠂  ᠥᠪᠥᠷ ᠮᠣᠩᠭᠣᠯ᠎ᠤᠨ ᠪᠦᠬᠦ ᠣᠷᠣᠨ ᠪᠦᠰᠡ ᠵᠢᠨ ᠳᠣᠣᠷ᠎ᠠ ᠠᠭ᠋ᠠᠷ᠎ᠤᠨ ᠣᠷᠣᠨ᠎ᠤ ᠬᠠᠮᠵᠢᠯᠴᠠᠨ ᠠᠵᠢᠯᠯᠠᠬᠤ ᠬᠠᠮᠢᠶᠠᠷᠤᠯᠲᠠ ᠪᠠ ᠳᠦᠷᠢᠮ᠎ᠤᠨ ᠪᠠᠲᠤᠯᠠᠭ᠎ᠠ ᠵᠢᠨ ᠲᠣᠭᠲᠠᠯᠴᠠᠭ᠎ᠠ ᠵᠢ ᠪᠠᠢ᠌ᠭᠤᠯᠤᠨ᠎ᠠ ᠃  ᠴᠡᠷᠢᠭ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ ᠂  ᠳᠣᠣᠷ᠎ᠠ ᠠᠭ᠋ᠠᠷ᠎ᠤᠨ ᠣᠷᠣᠨ᠎ᠤ ᠲᠥᠷᠥᠯ ᠬᠤᠪᠢᠶᠠᠨ ᠵᠢᠷᠤᠭᠯᠠᠨ ᠲᠥᠯᠥᠪᠯᠡᠬᠦ ᠲᠥᠰᠥᠯ ᠂  ᠬᠠᠮᠵᠢᠯᠴᠠᠨ ᠠᠵᠢᠯᠯᠠᠬᠤ ᠠᠷᠭ᠎ᠠ ᠵᠢ ᠲᠣᠭᠲᠠᠭ᠋ᠠᠨ ᠂  ᠳᠣᠣᠷ᠎ᠠ ᠠᠭ᠋ᠠᠷ᠎ᠤᠨ ᠣᠷᠣᠨ᠎ᠢ ᠠᠮᠢᠳᠤᠯᠢᠭ ᠵᠶ᠋ᠠᠷ ᠬᠡᠷᠡᠭᠯᠡᠬᠦ ᠵᠢ ᠠᠬᠢᠭᠤᠯᠤᠨ᠎ᠠ ᠃  ᠨᠢᠰᠦᠯᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ ᠂  ᠨᠢᠰᠦᠯᠲᠡ ᠵᠢᠨ ᠦᠢ᠍ᠯᠡᠴᠢᠯᠡᠭᠡᠨ᠎ᠤ ᠥᠷᠲᠡᠭᠡ ᠵᠢᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠂  ᠨᠢᠰᠦᠯᠲᠡ ᠵᠢᠨ ᠲᠥᠯᠥᠪᠯᠡᠭᠡ ᠵᠢᠨ 《ᠨᠢᠭᠡ ᠴᠣᠩᠬᠣᠪᠴᠢ᠎ᠪᠠᠷ ᠭᠥᠯᠢᠶᠡᠨ ᠠᠪᠴᠤ ᠰᠢᠢ᠍ᠳᠪᠦᠷᠢᠯᠡᠬᠦ ᠂  ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ 》 ᠣᠶᠤᠨᠴᠢᠯᠠᠭᠰᠠᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠤᠨ᠎ᠠ ᠃  ᠨᠡᠪᠲᠡᠷᠡᠭᠦᠯᠭᠡ ᠵᠢᠨ ᠮᠠᠶᠢᠭ᠎ᠤᠨ ᠠᠦ᠋ᠲ᠋ᠣ᠋ ᠬᠠᠮᠢᠶ᠎ᠠ ᠪᠦᠬᠦᠢ ᠭᠡᠲᠡᠭᠦᠯ (ADS – B )  ᠲᠠᠪᠴᠠᠩ ᠥᠷᠲᠡᠭᠡ ᠂  ᠠᠬᠤᠢ ᠥᠨᠳᠥᠷ ᠳᠠᠪᠲᠠᠮᠵᠢᠲᠤ (VHF )  ᠭᠠᠵᠠᠷ ᠳᠡᠭᠡᠷᠡᠬᠢ ᠥᠷᠲᠡᠭᠡ ᠵᠢ ᠵᠦᠢ ᠵᠣᠬᠢᠰᠲᠠᠢ ᠪᠠᠢ᠌ᠷᠢᠰᠢᠭᠤᠯᠵᠤ ᠂  ᠳᠣᠣᠷ᠎ᠠ ᠠᠭ᠋ᠠᠷ᠎ᠤᠨ ᠭᠡᠲᠡᠭᠦᠯ ᠴᠢᠮᠡᠭᠡ ᠬᠣᠯᠪᠣᠭ᠋ᠠᠨ᠎ᠤ ᠳᠣᠬᠢᠶ᠎ᠠ ᠵᠢ ᠪᠦᠲᠦᠮᠵᠢᠲᠡᠢ ᠪᠦᠷᠬᠦᠭᠦᠯᠬᠦ ᠵᠢ ᠪᠡᠶᠡᠯᠡᠭᠦᠯᠦᠨ᠎ᠡ ᠃ (ᠬᠣᠢ᠌ᠲᠤ ᠬᠡᠰᠡᠭ᠎ᠤᠨ ᠭᠠᠵᠠᠷ ᠣᠷᠣᠨ᠎ᠤ ᠠᠭ᠋ᠠᠷ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠵᠣᠬᠢᠴᠠᠭᠤᠯᠬᠤ ᠵᠥᠪᠯᠡᠯ᠎ᠤᠨ ᠪᠦᠷᠢᠯᠳᠦᠭᠦᠨ ᠨᠢᠭᠡᠴᠢ ᠂  ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠥᠪᠥᠷ ᠮᠣᠩᠭᠣᠯ᠎ᠤᠨ ᠠᠭ᠋ᠠᠷ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠬᠤᠪᠢᠶᠠᠷᠢ ᠲᠣᠪᠴᠢᠶ᠎ᠠ )

     (ᠭᠤᠷᠪᠠ )  ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠢ ᠃  ᠡᠳ᠋᠎ᠤᠨ ᠵᠠᠰᠠᠭ᠎ᠤᠨ ᠨᠡᠮᠡᠭᠦᠷᠢ ᠵᠢᠨ ᠳᠦᠷᠢᠮ᠎ᠢ ᠰᠢᠯᠢᠳᠡᠭᠵᠢᠭᠦᠯᠵᠦ ᠂  ᠰᠢᠭᠤᠳ ᠨᠥᠬᠥᠪᠦᠷᠢ ᠥᠭᠬᠦ ᠂  ᠵᠢᠭᠡᠯᠡᠯᠭᠡ ᠵᠢᠨ ᠳᠠᠮ ᠬᠦᠦ ᠥᠭᠬᠦ ᠂  ᠬᠥᠷᠥᠩᠭᠡ ᠵᠢᠨ ᠮᠥᠩᠭᠥ ᠣᠷᠣᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠂  ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠂  ᠣᠢ᠌ᠷ᠎ᠠ ᠵᠠᠮ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ ᠂  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠢᠯᠯᠠᠭ᠎ᠠ ᠂  ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠳᠤ ᠪᠡᠯᠡ ᠮᠥᠩᠭᠥ ᠵᠢᠨ ᠨᠥᠬᠥᠪᠦᠷᠢ ᠣᠯᠭᠣᠵᠤ ᠂  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠨ᠎ᠡ ᠃  ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ ᠂  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠲᠥᠷᠥᠯ ᠵᠦᠢ᠍ᠯ᠎ᠢ ᠡᠯ᠎ᠡ ᠱᠠᠲᠤᠨ᠎ᠤ ᠤᠯᠤᠰ᠎ᠤᠨ   ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ᠎ᠳᠤ ᠣᠷᠣᠭᠤᠯᠵᠤ ᠂  ᠨᠢᠰᠬᠡᠯ᠎ᠤᠨ ᠪᠠᠭᠤᠳᠠᠯ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠰᠠᠢ᠌ᠲᠤᠷ ᠬᠢᠨ᠎ᠡ ᠃  ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠤᠯᠤᠰ᠎ᠤᠨ ᠬᠠᠮᠢᠶ᠎ᠠ ᠪᠦᠬᠦᠢ ᠲᠣᠭᠲᠠᠭ᠋ᠠᠯ ᠪᠠ ᠲᠤᠰ ᠪᠡᠶ᠎ᠡ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠨᠢᠰᠬᠡᠯ᠎ᠤᠨ ᠪᠠᠭᠤᠳᠠᠯ᠎ᠤᠨ ᠨᠢᠰᠦᠯᠲᠡ ᠵᠢᠨ ᠴᠡᠪᠡᠷ ᠬᠥᠨᠳᠡᠢ ᠣᠷᠣᠨ᠎ᠤ ᠬᠠᠮᠠᠭ᠋ᠠᠯᠠᠯᠲᠠ ᠵᠢᠨ ᠠᠵᠢᠯ᠎ᠢ  ᠰᠠᠢ᠌ᠲᠤᠷ ᠬᠢᠬᠦ ᠬᠡᠷᠡᠭᠲᠡᠢ ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ )

     (ᠳᠥᠷᠪᠡ )  ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠵᠢ ᠴᠢᠩᠭ᠋ᠠᠳᠬᠠᠬᠤ ᠬᠡᠷᠡᠭᠲᠡᠢ ᠃  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠵᠦ ᠂  ᠡᠯ᠎ᠡ ᠠᠢ᠌ᠮᠠᠭ ᠬᠤᠲᠠ᠎ᠨᠢ ᠲᠣᠰ ᠪᠡᠶ᠎ᠡ ᠵᠢᠨ ᠬᠥᠭᠵᠢᠯᠲᠡ ᠵᠢᠨ ᠣᠨᠴᠠᠯᠢᠭ ᠪᠠ ᠬᠡᠷᠡᠭᠴᠡᠭᠡ ᠱᠠᠭ᠋ᠠᠷᠳᠠᠯᠭ᠎ᠠ᠎ᠲᠠᠢ᠎ᠪᠠᠨ ᠤᠶᠠᠯᠳᠤᠭᠤᠯᠤᠨ ᠂  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠤᠷᠰᠢᠯᠲᠠ ᠵᠢᠨ ᠴᠡᠭ ᠵᠶ᠋ᠠᠷ ᠭᠤᠶᠤᠴᠢᠯᠠᠨ ᠮᠡᠳᠡᠭᠦᠯᠬᠦ ᠵᠢ ᠵᠣᠷᠢᠭᠵᠢᠭᠤᠯᠤᠨ᠎ᠠ ᠃  ᠣᠷᠳᠣᠰ ᠬᠤᠲᠠ ᠵᠢᠨ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠨ ᠪᠠᠢ᠌ᠭᠤᠯᠵᠤ ᠂  ᠳᠣᠣᠷ᠎ᠠ ᠠᠭ᠋ᠠᠷ᠎ᠤᠨ ᠨᠢᠰᠦᠯᠲᠡ ᠵᠢᠨ ᠦᠢ᠍ᠯᠡᠴᠢᠯᠡᠭᠡᠨ᠎ᠤ ᠥᠷᠲᠡᠭᠡ ᠂  ᠵᠢᠯᠣᠭᠣᠴᠢ ᠦᠭᠡᠢ ᠨᠢᠰᠬᠡᠯ᠎ᠤᠨ ᠶᠡᠷᠦᠩᠬᠡᠢ᠌ᠯᠡᠨ ᠬᠠᠮᠢᠶᠠᠷᠴᠤ ᠡᠵᠡᠮᠳᠡᠬᠦ ᠲᠠᠪᠴᠠᠩ ᠂  ᠠᠭ᠋ᠠᠷ ᠠᠶᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠲᠠᠪᠴᠠᠩ᠎ᠢ ᠪᠠᠢ᠌ᠭᠤᠯᠤᠨ᠎ᠠ ᠃  ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠠᠮᠵᠢᠯᠲᠠ ᠪᠦᠲᠦᠮᠵᠢ ᠵᠢᠨ ᠦᠨᠡᠯᠡᠬᠦ ᠲᠣᠭᠲᠠᠯᠴᠠᠭ᠎ᠠ ᠵᠢ ᠪᠠᠢ᠌ᠭᠤᠯᠵᠤ ᠂  ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠤᠨ ᠬᠡᠷᠡᠭᠵᠢᠭᠦᠯᠬᠦ ᠶᠠᠪᠤᠴᠠ ᠂  ᠲᠣᠭᠲᠠᠭᠰᠠᠨ ᠬᠠᠷᠠᠯᠲᠠ ᠵᠢ ᠪᠡᠶᠡᠯᠡᠭᠦᠯᠦᠭᠰᠡᠨ ᠬᠡᠮᠵᠢᠶ᠎ᠡ ᠂  ᠣᠷᠣᠭᠤᠯᠤᠯᠲᠠ ᠭᠠᠷᠭ᠋ᠠᠯᠲᠠ ᠵᠢᠨ ᠦᠷ᠎ᠡ ᠠᠰᠢᠭ ᠵᠢᠴᠢ ᠵᠠᠷᠤᠳᠠᠯ᠎ᠢ ᠬᠡᠷᠡᠭᠵᠢᠭᠦᠯᠦᠭᠰᠡᠨ ᠦᠷ᠎ᠡ ᠳ᠋ᠦᠩ ᠵᠡᠷᠭᠡ᠎ᠳᠤ ᠶᠡᠷᠦᠩᠬᠡᠢ᠌ᠯᠡᠭᠰᠡᠨ ᠦᠨᠡᠯᠡᠯᠲᠡ ᠬᠢᠨ᠎ᠡ ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ )

     (ᠲᠠᠪᠤ )  ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠡᠷᠡᠭᠲᠡᠢ ᠃  ᠬᠤᠳᠠᠯᠳᠤᠭ᠋ᠠᠴᠢᠨ ᠤᠷᠢᠵᠤ ᠪᠡᠯᠡ ᠲᠠᠲᠠᠬᠤ ᠠᠵᠢᠯ᠎ᠢ ᠨᠢᠭᠡᠳᠦᠯᠲᠡᠢ ᠲᠥᠯᠥᠪᠯᠡᠵᠦ ᠂  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠬᠡᠯᠬᠢᠶᠡᠨ᠎ᠤ ᠲᠤᠰᠬᠠᠢ ᠰᠡᠳᠦᠪ ᠵᠶ᠋ᠠᠷ ᠬᠤᠳᠠᠯᠳᠤᠭ᠋ᠠᠴᠢᠨ ᠤᠷᠢᠬᠤ ᠵᠢ ᠥᠷᠨᠢᠭᠦᠯᠵᠦ ᠂  ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠂  ᠤᠬᠠᠭᠤᠯᠤᠨ ᠲᠠᠨᠢᠯᠴᠠᠭᠤᠯᠬᠤ ᠵᠢ ᠵᠣᠬᠢᠶᠠᠨ ᠪᠠᠢ᠌ᠭᠤᠯᠤᠨ᠎ᠠ ᠃  ᠬᠤᠳᠠᠯᠳᠤᠭ᠋ᠠᠴᠢᠨ ᠤᠷᠢᠵᠤ ᠬᠠᠮᠲᠤᠷᠠᠨ ᠠᠵᠢᠯᠯᠠᠬᠤ ᠲᠠᠪᠴᠠᠩ᠎ᠢ  ᠪᠠᠢ᠌ᠭᠤᠯᠵᠤ ᠂  ᠥᠪᠡᠷᠲᠡᠭᠡᠨ ᠵᠠᠰᠠᠬᠤ ᠣᠷᠣᠨ᠎ᠤ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠤᠨ ᠲᠥᠷᠥᠯ ᠵᠦᠢ᠍ᠯ᠎ᠤᠨ ᠬᠥᠮᠥᠷᠭᠡ ᠵᠢ ᠪᠠᠢ᠌ᠭᠤᠯᠤᠨ ᠂  ᠲᠥᠷᠥᠯ ᠵᠦᠢ᠍ᠯ   ᠢᠯᠡᠷᠡᠭᠦᠯᠬᠦ ᠂  ᠲᠥᠰᠥᠪᠯᠡᠬᠦ ᠂ ᠤᠯᠠᠷᠢᠭᠤᠯᠬᠤ ᠪᠠ ᠦᠢ᠍ᠯᠡᠴᠢᠯᠡᠭᠡᠨ᠎ᠤ ᠠᠵᠢᠯ᠎ᠢ ᠥᠷᠨᠢᠭᠦᠯᠦᠨ᠎ᠡ ᠃  ᠠᠵᠢᠯ ᠲᠥᠷᠥᠯ᠎ᠤᠨ ᠨᠡᠢ᠌ᠭᠡᠮᠯᠢᠭ ᠂  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠠᠬᠤᠢ᠌ᠯᠠᠯ ᠂  ᠠᠰᠠᠭᠤᠨ ᠯᠠᠪᠯᠠᠬᠤ ᠪᠠᠢ᠌ᠭᠤᠯᠤᠮᠵᠢ ᠵᠡᠷᠭᠡ ᠵᠢ ᠵᠣᠷᠢᠭᠵᠢᠭᠤᠯᠵᠤ ᠪᠠᠢ᠌ᠭ᠋ᠠᠳ ᠠᠵᠤ ᠦᠢ᠍ᠯᠡᠰ᠎ᠤᠨ ᠬᠤᠯᠪᠣᠭ᠎ᠠ ᠪᠠᠢ᠌ᠭᠤᠯᠵᠤ ᠂  ᠪᠦᠲᠦᠭᠡᠭᠳᠡᠬᠦᠨ᠎ᠢ ᠤᠬᠠᠭ᠋ᠠᠯᠠᠨ ᠰᠡᠳᠦᠬᠦ ᠂  ᠠᠵᠤ ᠦᠢ᠍ᠯᠡᠰ᠎ᠢ ᠬᠥᠭᠵᠢᠭᠦᠯᠬᠦ ᠵᠥᠪᠯᠡᠯᠭᠡ ᠥᠭᠬᠦ ᠂  ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠢᠯᠭ᠋ᠠᠨ ᠲᠣᠳᠣᠯᠠᠬᠤ ᠵᠡᠷᠭᠡ ᠲᠤᠬᠠᠢ᠌ᠯᠠᠭᠰᠠᠨ ᠠᠵᠢᠯ᠎ᠢ ᠥᠷᠨᠢᠭᠦᠯᠦᠨ᠎ᠡ ᠃  ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠬᠦᠷᠢᠶᠡᠨ᠎ᠳᠠᠬᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠂  ᠣᠶᠤᠨᠴᠢ᠎ᠪᠠᠷ ᠬᠢᠨᠠᠨ ᠵᠥᠪᠰᠢᠶᠡᠷᠡᠬᠦ ᠂  ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ ᠂  ᠵᠠᠰᠠᠭ ᠪᠠᠩᠬᠢ ᠠᠵᠤ ᠠᠬᠤᠢ᠌ᠯᠠᠯ᠎ᠤᠨ ᠬᠠᠮᠲᠤᠷᠠᠯᠴᠠᠭ᠎ᠠ ᠵᠡᠷᠭᠡ ᠦᠢ᠍ᠯᠡᠴᠢᠯᠡᠭᠡ ᠵᠢ ᠥᠷᠨᠢᠭᠦᠯᠵᠦ ᠂  ᠠᠵᠤ ᠦᠢ᠍ᠯᠡᠰ᠎ᠤᠨ ᠭᠣᠣᠯ ᠴᠣᠭᠴᠠ᠎ᠳᠤ ᠳᠥᠭᠦᠮ ᠦᠵᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ )

     (ᠵᠢᠷᠭᠤᠭ᠎ᠠ )  ᠴᠢᠳᠠᠪᠤᠷᠢᠲᠠᠨ᠎ᠤ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠢ ᠃  ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠲᠥᠷᠥᠯ᠎ᠤᠨ ᠶᠡᠬᠡ ᠰᠤᠷᠭ᠋ᠠᠭᠤᠯᠢ ᠳᠡᠭᠡᠳᠦ ᠰᠤᠷᠭ᠋ᠠᠭᠤᠯᠢ ᠂  ᠪᠤᠰᠤᠳ ᠶᠡᠬᠡ ᠳᠡᠭᠡᠳᠦ ᠰᠤᠷᠭ᠋ᠠᠭᠤᠯᠢ᠎ᠨᠤᠭᠤᠳ ᠨᠡᠢ᠌ᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠠᠬᠤᠢ᠌ᠯᠠᠯ᠎ᠯᠤᠭ᠎ᠠ ᠬᠠᠮᠲᠤᠷᠠᠯᠴᠠᠨ ᠠᠵᠢᠯᠯᠠᠬᠤ ᠵᠢ ᠵᠣᠷᠢᠭᠵᠢᠭᠤᠯᠵᠤ ᠂  ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠦᠨ ᠂  ᠣᠯᠠᠨ ᠲᠠᠰ ᠳᠠᠪᠬᠤᠷᠭ᠋ᠠᠲᠤ ᠂  ᠣᠯᠠᠨ ᠠᠷᠭ᠎ᠠ ᠵᠠᠮ᠎ᠲᠠᠢ  ᠴᠢᠳᠠᠪᠤᠷᠢᠲᠠᠨ ᠬᠣᠯᠪᠤᠭ᠋ᠠᠯᠠᠨ ᠬᠥᠮᠥᠵᠢᠭᠦᠯᠬᠦ ᠲᠣᠭᠲᠠᠯᠴᠠᠭ᠎ᠠ ᠵᠢ ᠪᠠᠢ᠌ᠭᠤᠯᠤᠨ᠎ᠠ ᠃  ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠡᠷᠴᠢᠮ ᠵᠶ᠋ᠠᠨ ᠴᠢᠩᠭ᠋ᠠᠷᠠᠭᠤᠯᠵᠤ ᠂  ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠷᠭ᠎ᠠ ᠮᠠᠶᠢᠭ᠎ᠲᠤ ᠰᠢᠨ᠎ᠡ ᠵᠢ ᠡᠭᠦᠳᠴᠦ ᠂  ᠲᠤᠰᠬᠠᠢ᠌ᠵᠢᠭᠰᠠᠨ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠡᠵᠡᠩᠨᠡᠯᠲᠡ ᠬᠠᠮᠢᠶᠠᠷᠤᠯᠲᠠ ᠵᠢᠨ ᠪᠦᠯᠬᠦᠮ᠎ᠢ ᠣᠷᠣᠭᠤᠯᠤᠨ ᠠᠪᠴᠢᠷᠠᠬᠤ ᠪᠠ ᠪᠣᠢ᠌ᠵᠢᠭᠤᠯᠤᠨ᠎ᠠ ᠃  ᠴᠢᠳᠠᠪᠤᠷᠢᠲᠠᠨ᠎ᠢ  ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ᠎ᠪᠠᠨ ᠲᠡᠭᠦᠯᠳᠡᠷᠵᠢᠭᠦᠯᠵᠦ ᠂  ᠰᠢᠨ᠎ᠡ᠎ᠪᠠᠷ ᠣᠷᠣᠭᠤᠯᠵᠤ ᠠᠪᠴᠢᠷᠠᠭᠰᠠᠨ ᠨᠥᠬᠥᠴᠡᠯ᠎ᠳᠤ ᠨᠡᠢ᠌ᠴᠡᠬᠦ ᠳᠡᠭᠡᠳᠦ ᠲᠠᠰ᠎ᠤᠨ ᠴᠢᠳᠠᠪᠤᠷᠢᠲᠠᠨ   ᠪᠠ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠳᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ ᠬᠡᠷᠡᠭᠲᠡᠢ ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ )

        ᠳᠠᠭ᠋ᠠᠯᠳᠤᠭᠤᠯᠤᠯ ᠄   ᠡᠭᠦᠷᠭᠡ ᠵᠢᠨ ᠲᠣᠳᠣᠷᠬᠠᠢ ᠬᠠᠭᠤᠳᠠᠰᠤ


1.png 

3.png

6.png

8.png


15.png

 

 

16.png



     

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2024 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ ᠳᠠᠷᠤᠮᠠᠯᠯᠠᠨ ᠲᠠᠷᠬᠠᠭ᠋ᠠᠪᠠ

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ