ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 26 ᠳ᠋ᠤᠭ᠋ᠠᠷ ᠲᠣᠭ᠋ᠠᠲᠤ
ᠥᠪᠥᠷ ᠮᠣᠩᠭᠣᠯ᠎ᠤᠨ ᠬᠣᠷᠢᠨᠭᠡᠷ᠎ᠤᠨ ᠪᠦᠯᠦᠭᠵᠢᠭᠰᠡᠨ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ
ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ᠎ᠤᠳ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠠᠵᠤ ᠠᠬᠤᠢ᠌ᠯᠠᠯ᠎ᠳᠤ᠄
《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠦ ᠤᠯᠤᠰ᠎ᠤᠨ ᠨᠢᠭᠡ ᠴᠣᠭᠴᠠᠵᠢᠭᠰᠠᠨ ᠪᠣᠳᠣᠬᠤ ᠴᠢᠳᠠᠪᠤᠷᠢ ᠵᠢᠨ ᠰᠦᠯᠵᠢᠶᠡᠨ᠎ᠤ ᠥᠪᠥᠷ ᠮᠣᠩᠭᠣᠯ᠎ᠤᠨ ᠵᠠᠩᠭᠢᠯᠠᠭ᠎ᠠ ᠵᠢᠨ ᠴᠡᠭ ᠪᠣᠯᠬᠤ ᠬᠣᠷᠢᠨᠭᠡᠷ᠎ᠤᠨ ᠳ᠋ᠠᠢ᠌ᠲ᠋ᠠ ᠵᠢᠨ ᠲᠥᠪ᠎ᠤᠨ ᠪᠦᠯᠦᠭᠵᠢᠯ (ᠬᠣᠷᠢᠨᠭᠡᠷ ᠰᠢᠨ᠎ᠡ ᠲᠣᠭᠣᠷᠢᠭ᠂ ᠵᠢᠨᠢᠩ᠎ᠤᠨ ᠲᠣᠮᠣ ᠳ᠋ᠠᠢ᠌ᠲ᠋ᠠ ᠵᠢᠨ ᠠᠵᠤ ᠦᠢ᠍ᠯᠡᠰ᠎ᠤᠨ ᠬᠦᠷᠢᠶᠡᠯᠡᠩ)᠎ᠤᠨ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠠᠵᠤ ᠦᠢ᠍ᠯᠡᠰ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠎ᠡ
(ᠨᠢᠭᠡ) ᠲᠣᠮᠣ ᠬᠡᠯᠪᠡᠷᠢ ᠵᠢᠨ᠂ ᠬᠡᠳᠦ ᠲᠣᠮᠣ ᠬᠡᠯᠪᠡᠷᠢ ᠵᠢᠨ ᠳ᠋ᠠᠢ᠌ᠲ᠋ᠠ ᠵᠢᠨ ᠲᠥᠪ (ᠪᠠᠷᠢᠮᠵᠢᠶᠠᠲᠤ ᠮᠠᠰᠢᠨ᠎ᠤ ᠵᠢᠶᠠᠰᠠ᠎ᠪᠠᠷ ᠨᠤᠭᠤᠯᠵᠤ ᠪᠣᠳᠣᠪᠠᠯ 3000 ᠰᠠᠭᠤᠷᠢ ᠵᠢᠴᠢ ᠲᠡᠭᠦᠨ᠎ᠠᠴᠠ ᠳᠡᠭᠡᠭᠰᠢᠬᠢ ᠪᠠᠢ᠌ᠭ᠎ᠠ)᠎ᠢ ᠰᠢᠨ᠎ᠡ᠎ᠪᠠᠷ ᠪᠠᠢ᠌ᠭᠤᠯᠬᠤ᠎ᠳᠤ ᠵᠠᠷᠴᠢᠮ ᠳᠡᠭᠡᠷ᠎ᠡ᠎ᠪᠠᠨ ᠬᠣᠷᠢᠨᠭᠡᠷ᠎ᠤᠨ ᠳ᠋ᠠᠢ᠌ᠲ᠋ᠠ ᠵᠢᠨ ᠲᠥᠪ᠎ᠤᠨ ᠪᠦᠯᠦᠭᠵᠢᠯ᠎ᠤᠨ ᠬᠡᠪᠴᠢᠶᠡᠨ᠎ᠳᠤ ᠪᠠᠢ᠌ᠷᠢᠰᠢᠭᠤᠯᠵᠤ᠂ ᠥᠪᠡᠷᠲᠡᠭᠡᠨ ᠵᠠᠰᠠᠬᠤ ᠣᠷᠣᠨ ᠴᠣᠩᠬᠣᠪᠴᠢ ᠵᠢᠯᠣᠭᠣᠳᠤᠯᠭ᠎ᠠ ᠵᠢ ᠬᠡᠷᠡᠭᠵᠢᠭᠦᠯᠵᠦ᠂ ᠪᠠᠢ᠌ᠷᠢᠰᠢᠭᠤᠯᠤᠯᠲᠠ ᠵᠢᠨ ᠱᠠᠭ᠋ᠠᠷᠳᠠᠯᠭ᠎ᠠ᠎ᠳᠤ ᠦᠯᠦ ᠨᠡᠢ᠌ᠴᠡᠬᠦ ᠲᠥᠷᠥᠯ ᠵᠦᠢ᠍ᠯ᠎ᠨᠢ ᠬᠠᠮᠢᠶ᠎ᠠ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠬᠦᠷᠲᠡᠬᠦ ᠦᠭᠡᠢ᠃
(ᠬᠣᠶᠠᠷ) ᠬᠣᠷᠢᠨᠭᠡᠷ᠎ᠤᠨ ᠳ᠋ᠠᠢ᠌ᠲ᠋ᠠ ᠵᠢᠨ ᠲᠥᠪ᠎ᠤᠨ ᠪᠦᠯᠦᠭᠵᠢᠯ ᠵᠶ᠋ᠠᠷ ᠬᠥᠲᠥᠯᠥᠮᠵᠢ ᠪᠣᠯᠭ᠋ᠠᠵᠤ᠂ ᠮᠡᠷᠭᠡᠵᠢᠯ ᠰᠤᠳᠤᠯᠤᠨ ᠨᠡᠭᠡᠭᠡᠬᠦ᠂ ᠲᠥᠬᠦᠭᠡᠷᠦᠮᠵᠢ ᠦᠢ᠍ᠯᠡᠳᠬᠦ᠂ ᠵᠥᠭᠡᠯᠡᠨ ᠲᠣᠨᠤᠭ ᠨᠡᠭᠡᠭᠡᠬᠦ᠂ ᠳ᠋ᠠᠢ᠌ᠲ᠋ᠠ ᠨᠡᠭᠡᠭᠡᠨ ᠬᠡᠷᠡᠭᠯᠡᠬᠦ᠂ ᠪᠣᠳᠣᠬᠤ ᠴᠢᠳᠠᠪᠤᠷᠢ ᠵᠢᠨ ᠦᠢ᠍ᠯᠡᠴᠢᠯᠡᠭᠡ ᠵᠡᠷᠭᠡ ᠠᠵᠤ ᠦᠢ᠍ᠯᠡᠰ᠎ᠤᠨ ᠪᠥᠭᠡᠭᠡᠨᠡᠷᠡᠨ ᠬᠥᠭᠵᠢᠭᠰᠡᠨ ᠠᠮᠢ ᠠᠬᠤᠢ ᠵᠢᠨ ᠲᠣᠭᠲᠠᠯᠴᠠᠭ᠎ᠠ ᠵᠢ ᠲᠦᠷᠭᠡᠳᠬᠡᠨ ᠪᠦᠷᠢᠯᠳᠦᠭᠦᠯᠵᠦ᠂ ᠳᠡᠭᠡᠳᠦ ᠳᠣᠣᠷᠠᠳᠤ ᠬᠡᠯᠬᠢᠶᠡᠨ᠎ᠤ ᠠᠵᠤ ᠦᠢ᠍ᠯᠡᠰ᠎ᠤᠨ ᠬᠡᠯᠬᠢᠶᠡᠨ᠎ᠤ ᠪᠦᠯᠦᠭᠵᠢᠭᠰᠡᠨ ᠬᠥᠭᠵᠢᠯᠲᠡ ᠵᠢ ᠠᠬᠢᠭᠤᠯᠤᠨ᠎ᠠ᠃
ᠬᠣᠶᠠᠷ᠂ ᠴᠠᠬᠢᠯᠭ᠋ᠠᠨ ᠬᠦᠴᠦᠨ᠎ᠤ ᠪᠠᠲᠤᠯᠠᠭ᠎ᠠ ᠵᠢ ᠴᠢᠩᠭ᠋ᠠᠷᠠᠭᠤᠯᠤᠨ᠎ᠠ
(ᠭᠤᠷᠪᠠ) ᠪᠣᠳᠣᠬᠤ ᠴᠢᠳᠠᠪᠤᠷᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠴᠠᠬᠢᠯᠭ᠋ᠠᠨ ᠬᠦᠴᠦᠨ᠎ᠤ ᠲᠣᠣᠷ᠎ᠤᠨ ᠬᠥᠭᠵᠢᠯᠲᠡ ᠵᠢᠨ ᠲᠥᠯᠦᠪᠵᠢᠭᠦᠯᠭᠡ᠂ ᠰᠢᠨ᠎ᠡ ᠡᠨᠧᠷᠭᠢ ᠵᠢᠨ ᠲᠥᠯᠦᠪᠵᠢᠭᠦᠯᠭᠡᠯᠦᠭᠡ ᠨᠢᠭᠡᠳᠦᠯᠲᠡᠢ ᠲᠥᠯᠥᠪᠯᠡᠨ ᠵᠣᠯᠭ᠋ᠠᠭᠤᠯᠬᠤ ᠵᠢ ᠴᠢᠩᠭ᠋ᠠᠳᠬᠠᠨ᠎ᠠ᠃ ᠪᠣᠳᠣᠬᠤ ᠴᠢᠳᠠᠪᠤᠷᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ ᠰᠢᠨ᠎ᠡ ᠡᠨᠧᠷᠭᠢ ᠵᠢᠨ ᠲᠠᠯᠠᠪᠤᠷ ᠭᠠᠵᠠᠷ᠎ᠢ ᠤᠷᠢᠳᠴᠢᠯᠠᠨ ᠦᠯᠡᠳᠡᠭᠡᠬᠦ ᠪᠠ ᠴᠠᠬᠢᠯᠭ᠋ᠠᠨ ᠬᠦᠴᠦᠨ᠎ᠤ ᠲᠣᠣᠷ᠎ᠤᠨ ᠲᠥᠯᠦᠪᠵᠢᠭᠦᠯᠭᠡ ᠪᠦᠲᠦᠭᠡᠨ ᠪᠠᠢ᠌ᠭᠤᠯᠤᠯᠲᠠ ᠵᠢ ᠵᠣᠬᠢᠬᠤ ᠬᠡᠮᠵᠢᠶ᠎ᠡ᠎ᠪᠠᠷ ᠤᠷᠢᠳᠴᠢᠯᠠᠨ ᠰᠠᠢ᠌ᠲᠤᠷ ᠬᠢᠨ᠎ᠡ᠃
(ᠳᠥᠷᠪᠡ) ᠳ᠋ᠠᠢ᠌ᠲ᠋ᠠ ᠵᠢᠨ ᠲᠥᠪ᠎ᠤᠨ ᠴᠠᠬᠢᠯᠭ᠋ᠠᠨ ᠬᠡᠷᠡᠭᠯᠡᠭᠴᠢᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ᠎ᠤᠨ ᠭᠠᠷᠴᠠᠭ》 ᠶᠣᠰᠣᠭ᠋ᠠᠷ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠭᠥᠷᠳᠡᠬᠦ ᠵᠢ᠎ᠨᠢ ᠳᠡᠮᠵᠢᠵᠦ᠂ ᠳᠣᠣᠷ᠎ᠠ ᠥᠷᠲᠡᠭᠲᠦ ᠴᠠᠬᠢᠯᠭ᠋ᠠᠨ᠎ᠤ ᠦᠨ᠎ᠡ ᠵᠢᠨ ᠳᠠᠪᠠᠭᠤᠯᠢᠭ᠎ᠢ ᠲᠣᠭᠲᠠᠪᠤᠷᠢᠲᠠᠢ ᠪᠠᠲᠤᠯᠠᠵᠤ᠂ ᠪᠣᠬᠢᠷᠲᠤᠯ ᠦᠭᠡᠢ ᠴᠠᠬᠢᠯᠭ᠋ᠠᠨ᠎ᠤ ᠬᠠᠷᠢᠴᠠᠯ᠎ᠢ 80%᠎ᠠᠴᠠ ᠳᠣᠣᠷᠠᠳᠠᠭᠤᠯᠬᠤ ᠦᠭᠡᠢ᠃
(ᠲᠠᠪᠤ) ᠰᠢᠨ᠎ᠡ ᠡᠨᠧᠷᠭᠢ᠎ᠪᠠᠷ ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ ᠬᠢᠭᠡᠳ ᠣᠶᠤᠨᠲᠤ ᠪᠣᠳᠣᠯᠲᠠ ᠵᠢᠨ ᠲᠥᠪ ᠴᠠᠬᠢᠯᠭ᠋ᠠᠨ ᠬᠦᠴᠦᠨ᠎ᠤ ᠠᠷᠠᠯᠵᠢᠶᠠᠨ᠎ᠤ ᠣᠯᠠᠨ ᠵᠢᠯ᠎ᠤᠨ ᠭᠡᠷ᠎ᠡ ᠵᠢ ᠪᠡᠶ᠎ᠡ᠎ᠪᠠᠨ ᠳᠠᠭ᠋ᠠᠭ᠋ᠠᠵᠤ ᠲᠣᠭᠲᠠᠬᠤ ᠵᠢ᠎ᠨᠢ ᠵᠣᠷᠢᠭᠵᠢᠭᠤᠯᠵᠤ᠂ ᠰᠢᠨ᠎ᠡ ᠡᠨᠧᠷᠭᠢ ᠵᠢᠨ ᠳᠣᠣᠷ᠎ᠠ ᠦᠨ᠎ᠡ ᠵᠢᠨ ᠴᠠᠬᠢᠯᠭ᠋ᠠᠨ᠎ᠤ ᠳᠠᠪᠠᠭᠤᠯᠢᠭ᠎ᠢ ᠠᠰᠢᠭᠯᠠᠨ ᠠᠵᠤ ᠠᠬᠤᠢ᠌ᠯᠠᠯ᠎ᠤᠨ ᠴᠠᠬᠢᠯᠭ᠋ᠠᠨ ᠬᠡᠷᠡᠭᠯᠡᠬᠦ ᠥᠪᠡᠷ᠎ᠤᠨ ᠥᠷᠲᠡᠭ᠎ᠢ᠎ᠨᠢ ᠪᠠᠭᠤᠷᠠᠭᠤᠯᠤᠨ᠎ᠠ᠃
(ᠵᠢᠷᠭᠤᠭ᠎ᠠ) ᠣᠲᠣ ᠪᠠᠢ᠌ᠭ᠎ᠠ ᠲᠥᠷᠥ ᠵᠢᠨ ᠪᠣᠳᠣᠯᠭ᠎ᠠ ᠵᠢᠨ ᠰᠠᠭᠤᠷᠢᠨ ᠳᠡᠭᠡᠷ᠎ᠡ᠂ ᠳ᠋ᠠᠢ᠌ᠲ᠋ᠠ ᠵᠢᠨ ᠲᠥᠪ᠎ᠢ ᠳᠡᠮᠵᠢᠵᠦ ᠪᠠᠢ᠌ᠭ᠋ᠠᠳ ᠪᠣᠬᠢᠷᠲᠤᠯ ᠦᠭᠡᠢ ᠴᠠᠬᠢᠯᠭ᠋ᠠᠨ᠎ᠢ ᠰᠢᠭᠤᠳ ᠬᠠᠩᠭ᠋ᠠᠬᠤ ᠪᠠ ᠲᠣᠣᠷᠯᠢᠭ ᠬᠡᠯᠪᠡᠷᠢ ᠵᠢᠨ ᠡᠨᠧᠷᠭᠢ ᠨᠥᠭᠡᠴᠡᠯᠡᠬᠦ᠎ᠪᠠᠷ ᠳᠠᠮᠵᠢᠭᠤᠯᠤᠨ ᠪᠣᠬᠢᠷᠲᠤᠯ ᠦᠭᠡᠢ ᠴᠠᠬᠢᠯᠭ᠋ᠠᠨ᠎ᠤ ᠬᠠᠩᠭ᠋ᠠᠯᠭ᠎ᠠ ᠵᠢᠨ ᠬᠠᠷᠢᠴᠠᠯ᠎ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠴᠠᠬᠢᠯᠭ᠋ᠠᠨ᠎ᠤ ᠡᠷᠦᠬᠡ᠎ᠳᠤ ᠬᠦᠷᠬᠦ ᠦᠨ᠎ᠡ ᠵᠢ ᠪᠠᠭᠤᠷᠠᠭᠤᠯᠤᠨ᠎ᠠ᠃
(ᠳᠤᠯᠤᠭ᠎ᠠ) ᠨᠢᠭᠡ ᠯᠡ ᠤᠳᠠᠭ᠎ᠠ ᠵᠢᠨ ᠴᠢᠨᠠᠷᠲᠠᠢ ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ᠎ᠨᠢ 100 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ ᠬᠥᠷᠥᠭᠰᠡᠨ ᠮᠥᠷᠲᠡᠭᠡᠨ ᠪᠣᠳᠣᠬᠤ ᠴᠢᠳᠠᠪᠤᠷᠢ ᠵᠢᠨ ᠬᠡᠪᠴᠢᠶ᠎ᠡ᠎ᠨᠢ 10000P᠎ᠢ ᠳᠠᠪᠠᠭᠰᠠᠨ ᠣᠶᠤᠨᠲᠤ ᠪᠣᠳᠣᠯᠲᠠ ᠵᠢᠨ ᠲᠥᠪ᠎ᠤᠨ ᠲᠥᠷᠥᠯ ᠵᠦᠢ᠍ᠯ᠎ᠳᠤ᠂ ᠲᠥᠷᠥᠯ ᠵᠦᠢ᠍ᠯ᠎ᠢ ᠪᠠᠢ᠌ᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠪᠠᠲᠤᠯᠠᠭ᠎ᠠ ᠵᠢᠨ ᠴᠢᠨᠠᠷᠲᠠᠢ ᠰᠢᠨ᠎ᠡ ᠡᠨᠧᠷᠭᠢ ᠵᠢᠨ ᠭᠦᠢ᠍ᠴᠡᠳᠬᠡᠯ ᠲᠣᠭ᠎ᠠ ᠵᠢ ᠵᠣᠬᠢᠰᠲᠠᠢ ᠲᠣᠬᠢᠷᠠᠭᠤᠯᠤᠨ᠎ᠠ᠃
ᠭᠤᠷᠪᠠ᠂ ᠲᠣᠬᠢᠷᠠᠭᠤᠯᠤᠨ ᠠᠷᠠᠯᠵᠢᠶᠠᠯᠠᠬᠤ ᠵᠢ ᠠᠬᠢᠭᠤᠯᠤᠨ᠎ᠠ
(ᠨᠠᠢ᠍ᠮᠠ) ᠰᠦᠯᠵᠢᠶᠡᠨ᠎ᠤ ᠬᠣᠯᠪᠣᠯᠴᠠᠬᠤ ᠴᠢᠳᠠᠪᠤᠷᠢ ᠪᠠ ᠳ᠋ᠠᠢ᠌ᠲ᠋ᠠ ᠳᠠᠮᠵᠢᠭᠤᠯᠬᠤ ᠪᠦᠲᠦᠮᠵᠢ ᠵᠢ ᠳᠡᠭᠡᠭᠰᠢᠯᠡᠭᠦᠯᠦᠨ᠎ᠡ᠃ ᠬᠣᠷᠢᠨᠭᠡᠷ᠎ᠤᠨ ᠳ᠋ᠠᠢ᠌ᠲ᠋ᠠ ᠵᠢᠨ ᠲᠥᠪ᠎ᠤᠨ ᠪᠦᠯᠦᠭᠵᠢᠯ᠎ᠤᠨ ᠡᠯ᠎ᠡ ᠠᠢ᠌ᠮᠠᠭ ᠬᠤᠲᠠ ᠵᠢᠴᠢ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠂ ᠵᠡᠭᠦᠨ ᠭᠤᠷᠪᠠᠨ ᠮᠤᠵᠢ᠎ᠯᠤᠭ᠎ᠠ ᠳᠡᠭᠡᠳᠦ ᠬᠤᠷᠳᠤᠴᠠ᠎ᠪᠠᠷ ᠰᠢᠭᠤᠳ ᠬᠣᠯᠪᠣᠬᠤ ᠰᠦᠯᠵᠢᠶᠡᠨ᠎ᠤ ᠬᠢᠷᠢ ᠲᠦᠪᠰᠢᠨ᠎ᠢ ᠲᠦᠷᠭᠡᠳᠬᠡᠨ ᠳᠡᠭᠡᠭᠰᠢᠯᠡᠭᠦᠯᠵᠦ᠂ ᠳᠡᠭᠡᠳᠦ ᠬᠤᠷᠳᠤᠴᠠ᠎ᠪᠠᠷ ᠰᠢᠭᠤᠳ ᠬᠦᠷᠬᠦ ᠨᠡᠪᠲᠡᠷᠡᠯ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ᠃
(ᠶᠢᠰᠦ) ᠠᠵᠤ ᠠᠬᠤᠢ᠌ᠯᠠᠯ᠎ᠤᠨ ᠪᠣᠳᠣᠬᠤ ᠴᠢᠳᠠᠪᠤᠷᠢ ᠵᠢᠨ ᠡᠬᠢ ᠪᠠᠶᠠᠯᠢᠭ᠎ᠢ ᠬᠣᠷᠢᠨᠭᠡᠷ᠎ᠤᠨ ᠳ᠋ᠠᠢ᠌ᠲ᠋ᠠ ᠵᠢᠨ ᠲᠥᠪ᠎ᠤᠨ ᠪᠦᠯᠦᠭᠵᠢᠯ᠎ᠤᠨ 《ᠣᠯᠠᠨ ᠡᠭᠦᠯᠡ》 ᠪᠣᠳᠣᠬᠤ ᠴᠢᠳᠠᠪᠤᠷᠢ ᠵᠢᠨ ᠬᠢᠨᠠᠨ ᠰᠢᠨᠵᠢᠯᠲᠡ ᠪᠠ ᠲᠣᠬᠢᠷᠠᠭᠤᠯᠬᠤ ᠲᠠᠪᠴᠠᠩ᠎ᠳᠤ ᠵᠠᠯᠭ᠋ᠠᠨ ᠣᠷᠣᠭᠤᠯᠬᠤ ᠵᠢ ᠵᠣᠷᠢᠭᠵᠢᠭᠤᠯᠵᠤ᠂ ᠲᠡᠭᠦᠨ᠎ᠤ ᠲᠠᠪᠴᠠᠩ᠎ᠳᠠᠬᠢ ᠳ᠋ᠦᠩᠨᠡᠨ ᠪᠤᠳᠤᠭᠰᠠᠨ ᠲᠣᠭ᠎ᠠ ᠵᠢᠨ 10%᠎ᠪᠠᠷ ᠵᠢᠯ ᠪᠦᠷᠢ ᠬᠠᠮᠤᠭ᠎ᠤᠨ ᠥᠨᠳᠥᠷ᠎ᠲᠤ᠎ᠪᠠᠨ 200 ᠲᠦᠮᠡᠨ ᠲᠥᠭᠥᠷᠢᠭ᠎ᠤᠨ ᠱᠠᠩᠨᠠᠯ ᠣᠯᠭᠣᠨ᠎ᠠ᠃
(ᠠᠷᠪᠠ) ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠪᠠ ᠶᠡᠬᠡ ᠳᠡᠭᠡᠳᠦ ᠰᠤᠷᠭ᠋ᠠᠭᠤᠯᠢ᠎ᠨᠢ ᠬᠣᠷᠢᠨᠭᠡᠷ᠎ᠤᠨ ᠳ᠋ᠠᠢ᠌ᠲ᠋ᠠ ᠵᠢᠨ ᠲᠥᠪ᠎ᠤᠨ ᠪᠦᠯᠦᠭᠵᠢᠯ᠎ᠤᠨ 《ᠣᠯᠠᠨ ᠡᠭᠦᠯᠡ》 ᠪᠣᠳᠣᠬᠤ ᠴᠢᠳᠠᠪᠤᠷᠢ ᠵᠢᠨ ᠬᠢᠨᠠᠨ ᠰᠢᠨᠵᠢᠯᠲᠡ ᠪᠠ ᠲᠣᠬᠢᠷᠠᠭᠤᠯᠬᠤ ᠲᠠᠪᠴᠠᠩ ᠵᠶ᠋ᠠᠷ ᠳᠠᠮᠵᠢᠭᠤᠯᠤᠨ ᠪᠦᠯᠦᠭᠵᠢᠯ᠎ᠤᠨ ᠳᠣᠲᠣᠭ᠋ᠠᠳᠤᠬᠢ ᠪᠣᠳᠣᠬᠤ ᠴᠢᠳᠠᠪᠤᠷᠢ ᠵᠢᠨ ᠡᠬᠢ ᠪᠠᠶᠠᠯᠢᠭ᠎ᠢ ᠬᠤᠳᠠᠯᠳᠤᠨ ᠠᠪᠬᠤ ᠵᠢᠨ ᠬᠠᠮᠲᠤ ᠳ᠋ᠦᠩᠨᠡᠨ ᠪᠤᠳᠤᠬᠤ ᠵᠢ᠎ᠨᠢ ᠳᠡᠮᠵᠢᠨ᠎ᠡ᠃ ᠠᠳᠠᠯᠢ ᠨᠢᠭᠡᠨ ᠭᠣᠣᠯ ᠴᠣᠭᠴᠠ ᠵᠢᠨ ᠵᠢᠯ ᠪᠦᠷᠢ ᠪᠣᠳᠣᠬᠤ ᠴᠢᠳᠠᠪᠤᠷᠢ ᠵᠢᠨ ᠦᠢ᠍ᠯᠡᠴᠢᠯᠡᠭᠡ ᠬᠤᠳᠠᠯᠳᠤᠨ ᠠᠪᠤᠭᠰᠠᠨ ᠵᠠᠷᠤᠳᠠᠯ᠎ᠨᠢ 100 ᠲᠦᠮᠡᠨ ᠲᠥᠭᠥᠷᠢᠭ᠎ᠠᠴᠠ ᠳᠡᠭᠡᠭᠰᠢ ᠪᠠᠢ᠌ᠪᠠᠯ᠂ ᠪᠣᠳᠣᠬᠤ ᠴᠢᠳᠠᠪᠤᠷᠢ ᠵᠢᠨ ᠦᠢ᠍ᠯᠡᠴᠢᠯᠡᠭᠡᠨ᠎ᠤ ᠪᠣᠳᠠᠲᠠᠢ ᠳ᠋ᠦᠩᠨᠡᠨ ᠪᠣᠳᠣᠭᠰᠠᠨ ᠵᠠᠷᠤᠳᠠᠯ᠎ᠤᠨ 30%᠎ᠪᠠᠷ ᠬᠠᠮᠤᠭ᠎ᠤᠨ ᠥᠨᠳᠥᠷ᠎ᠲᠤ᠎ᠪᠠᠨ 200 ᠲᠦᠮᠡᠨ ᠲᠥᠭᠥᠷᠢᠭ᠎ᠤᠨ ᠱᠠᠩᠨᠠᠯ ᠣᠯᠭᠣᠨ᠎ᠠ᠃
ᠳᠥᠷᠪᠡ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠤᠨ᠎ᠠ
(ᠠᠷᠪᠠᠨ ᠨᠢᠭᠡ) ᠦᠯᠡᠳᠡᠭᠡᠯ ᠳ᠋ᠠᠢ᠌ᠲ᠋ᠠ ᠵᠢᠨ ᠲᠥᠪ᠎ᠢ ᠪᠣᠬᠢᠷᠲᠤᠯ ᠦᠭᠡᠢ ᠪᠣᠯᠭ᠋ᠠᠨ ᠥᠭᠡᠷᠡᠴᠢᠯᠡᠵᠦ ᠰᠢᠨᠡᠳᠬᠡᠬᠦ ᠵᠢ ᠴᠢᠩᠭ᠋ᠠᠳᠬᠠᠵᠤ᠂ ᠵᠢᠯ ᠳᠤᠮᠳᠠᠴᠢ PUE ᠬᠡᠮᠵᠢᠭᠳᠡᠯ᠎ᠨᠢ 1.5᠎ᠠᠴᠠ ᠳᠡᠭᠡᠭᠰᠢ ᠪᠠᠢ᠌ᠭ᠎ᠠ ᠬᠣᠴᠤᠷᠤᠩᠭᠤᠢ ᠳ᠋ᠠᠢ᠌ᠲ᠋ᠠ ᠵᠢᠨ ᠲᠥᠪ᠎ᠢ ᠡᠮᠬᠢ ᠵᠢᠷᠤᠮ᠎ᠲᠠᠢ᠎ᠪᠠᠷ ᠨᠡᠭᠦᠯᠭᠡᠨ ᠭᠠᠷᠭ᠋ᠠᠵᠤ᠂ ᠰᠢᠨ᠎ᠡ᠎ᠪᠠᠷ ᠪᠠᠢ᠌ᠭᠤᠯᠤᠭᠰᠠᠨ ᠳ᠋ᠠᠢ᠌ᠲ᠋ᠠ ᠵᠢᠨ ᠲᠥᠪ᠎ᠤᠨ PUE ᠬᠡᠮᠵᠢᠭᠳᠡᠯ᠎ᠢ 1.2᠎ᠠᠴᠠ ᠳᠣᠷᠣᠭᠰᠢ ᠪᠠᠢ᠌ᠯᠭ᠋ᠠᠬᠤ᠎ᠪᠠᠷ ᠴᠢᠩᠭ᠎ᠠ ᠡᠵᠡᠮᠳᠡᠨ᠎ᠡ᠃
(ᠠᠷᠪᠠᠨ ᠬᠣᠶᠠᠷ) ᠠᠵᠤ ᠠᠬᠤᠢ᠌ᠯᠠᠯ᠎ᠤᠨ ᠪᠣᠬᠢᠷᠲᠤᠯ ᠦᠭᠡᠢ ᠪᠤᠳᠤᠬᠤ ᠴᠢᠳᠠᠪᠤᠷᠢ ᠵᠢᠨ ᠦᠢ᠍ᠯᠡᠴᠢᠯᠡᠭᠡ᠎ᠳᠤ ᠳᠣᠣᠷ᠎ᠠ ᠨᠡᠭᠦᠷᠡᠰᠦᠲᠥ᠋ᠷᠥᠭᠴᠢᠲᠦ ᠭᠡᠷᠡᠴᠢᠯᠡᠯ ᠥᠷᠨᠢᠭᠦᠯᠬᠦ ᠵᠢ ᠳᠡᠮᠵᠢᠵᠦ᠂ ᠪᠣᠬᠢᠷᠲᠤᠯ ᠦᠭᠡᠢ ᠪᠤᠳᠤᠬᠤ ᠴᠢᠳᠠᠪᠤᠷᠢ ᠬᠢᠭᠡᠳ ᠨᠡᠭᠦᠷᠡᠰᠦᠲᠥ᠋ᠷᠥᠭᠴᠢ ᠵᠢᠨ ᠠᠷᠠᠯᠵᠢᠶ᠎ᠠ᠂ ᠨᠡᠭᠦᠷᠡᠰᠦᠲᠥ᠋ᠷᠥᠭᠴᠢ ᠵᠢᠨ ᠬᠤᠷᠠᠮᠠᠯ ᠠᠭᠤᠰᠤᠯᠴᠠᠨ ᠬᠥᠭᠵᠢᠬᠦ ᠬᠡᠪ ᠵᠠᠭᠪᠤᠷ᠎ᠢ ᠢᠳᠡᠪᠬᠢᠲᠡᠢ ᠬᠠᠢ᠌ᠨ ᠰᠦᠪᠡᠭᠴᠢᠯᠡᠵᠦ᠂ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠨᠠᠷᠠᠲᠤ ᠲᠡᠮᠳᠡᠭ᠎ᠢ ᠪᠣᠶ ᠪᠣᠯᠭ᠋ᠠᠨ᠎ᠠ᠃ ᠬᠠᠮᠢᠶ᠎ᠠ ᠪᠦᠬᠦᠢ ᠪᠠᠢ᠌ᠭᠤᠯᠤᠮᠵᠢ ᠪᠤᠶᠤ ᠠᠵᠤ ᠠᠬᠤᠢ᠌ᠯᠠᠯ ᠪᠣᠬᠢᠷᠳᠤᠯ ᠦᠭᠡᠢ ᠪᠣᠳᠣᠬᠤ ᠴᠢᠳᠠᠪᠤᠷᠢ ᠵᠢᠨ ᠪᠠᠷᠢᠮᠵᠢᠶ᠎ᠠ ᠵᠢ ᠰᠤᠳᠤᠯᠤᠨ ᠲᠣᠭᠲᠠᠭ᠋ᠠᠬᠤ᠎ᠳᠤ ᠢᠳᠡᠪᠬᠢᠲᠡᠢ ᠣᠷᠣᠯᠴᠠᠬᠤ ᠵᠢ᠎ᠨᠢ ᠳᠡᠮᠵᠢᠨ᠎ᠠ᠃
ᠲᠠᠪᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠴᠢᠳᠠᠪᠤᠷᠢᠲᠠᠨ ᠬᠥᠮᠥᠵᠢᠭᠦᠯᠬᠦ ᠵᠢ ᠴᠢᠩᠭ᠋ᠠᠳᠬᠠᠨ᠎ᠠ
(ᠠᠷᠪᠠᠨ ᠭᠤᠷᠪᠠ) ᠪᠣᠳᠣᠬᠤ ᠴᠢᠳᠠᠪᠤᠷᠢ ᠵᠢᠨ ᠲᠣᠯᠣᠭ᠋ᠠᠢ᠌ᠯᠠᠭᠴᠢ ᠠᠵᠤ ᠠᠬᠤᠢ᠌ᠯᠠᠯ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠡᠭᠦᠳᠦᠨ ᠪᠠᠶ᠋ᠢᠭᠤᠯᠬᠤ ᠵᠢ ᠬᠥᠲᠥᠯᠥᠨ ᠵᠢᠯᠤᠭᠣᠳᠴᠤ᠂ ᠠᠵᠤ ᠠᠬᠤᠢ᠌ᠯᠠᠯ᠎ᠢ ᠳᠡᠮᠵᠢᠵᠦ ᠪᠠᠢ᠌ᠭ᠋ᠠᠳ ᠣᠷᠣᠨ᠎ᠤ ᠳᠣᠲᠣᠨ᠎ᠠ ᠭᠠᠳᠠᠨᠠᠬᠢ ᠶᠡᠬᠡ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨ᠎ᠡ ᠡᠭᠦᠳᠦᠯᠲᠡ᠎ᠲᠠᠢ ᠡᠬᠢ ᠪᠠᠶᠠᠯᠢᠭ᠎ᠯᠤᠭ᠎ᠠ ᠬᠣᠯᠪᠤᠭ᠋ᠠᠯᠠᠨ᠂ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠠᠵᠤ ᠦᠢ᠍ᠯᠡᠰ᠎ᠤᠨ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠢ ᠥᠷᠨᠢᠭᠦᠯᠵᠦ᠂ ᠰᠢᠨ᠎ᠡ᠎ᠪᠠᠷ ᠦᠨᠡᠮᠰᠢᠭᠳᠡᠭᠰᠡᠨ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠠᠴᠠ ᠨᠢᠭᠡ ᠯᠡ ᠤᠳᠠᠭ᠎ᠠ᠎ᠳᠤ 500 ᠲᠦᠮᠡᠨ ᠲᠥᠭᠥᠷᠢᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠳᠡᠮᠵᠢᠯᠭᠡ ᠦᠵᠡᠭᠦᠯᠦᠨ᠎ᠡ᠃
(ᠠᠷᠪᠠᠨ ᠳᠥᠷᠪᠡ) ᠠᠵᠤ ᠠᠬᠤᠢ᠌ᠯᠠᠯ ᠲᠣᠮᠣ ᠳ᠋ᠠᠢ᠌ᠲ᠋ᠠ ᠬᠢᠭᠡᠳ ᠵᠥᠭᠡᠯᠡᠨ ᠲᠣᠨᠤᠭ᠎ᠤᠨ ᠠᠵᠤ ᠦᠢ᠍ᠯᠡᠰ᠎ᠤᠨ ᠳᠠᠭ᠋ᠠᠭᠤᠯᠤᠭᠴᠢ ᠴᠢᠳᠠᠪᠤᠷᠢᠲᠠᠨ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠵᠢ ᠳᠡᠮᠵᠢᠵᠦ᠂ ᠣᠷᠣᠭᠤᠯᠤᠨ ᠠᠪᠴᠢᠷᠠᠭᠰᠠᠨ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠳᠤ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠶᠣᠰᠣᠭ᠋ᠠᠷ ᠬᠠᠮᠢᠶ᠎ᠠ ᠪᠦᠬᠦᠢ ᠣᠯᠭᠣᠮᠵᠢ ᠬᠦᠷᠲᠡᠭᠡᠵᠦ᠂ ᠠᠵᠤ ᠠᠬᠤᠢ᠌ᠯᠠᠯ᠎ᠢ ᠳᠡᠮᠵᠢᠵᠦ ᠪᠠᠢ᠌ᠭ᠋ᠠᠳ ᠶᠡᠬᠡ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠯᠤᠭ᠎ᠠ ᠬᠠᠮᠲᠤᠷᠠᠯᠴᠠᠨ ᠲᠣᠮᠣ ᠳ᠋ᠠᠢ᠌ᠲ᠋ᠠ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠪᠤᠶᠤ ᠵᠣᠬᠢᠶᠠᠮᠠᠯ ᠤᠶᠤᠨ᠎ᠤ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢ ᠬᠠᠮᠲᠤᠷᠠᠨ ᠪᠠᠢ᠌ᠭᠤᠯᠵᠤ᠂ ᠥᠨᠳᠥᠷ ᠬᠡᠪ ᠪᠣᠯᠪᠠᠰᠤᠷᠠᠯ᠎ᠲᠠᠢ ᠬᠡᠷᠡᠭᠯᠡᠯᠲᠡ ᠵᠢᠨ ᠴᠢᠳᠠᠪᠤᠷᠢᠲᠠᠨ᠎ᠢ ᠬᠥᠮᠥᠵᠢᠭᠦᠯᠦᠨ᠎ᠡ᠃
ᠵᠢᠷᠭᠤᠭ᠎ᠠ᠂ ᠬᠡᠷᠡᠭᠯᠡᠯᠲᠡ ᠵᠢᠨ ᠠᠬᠤᠢ ᠪᠠᠢ᠌ᠳᠠᠯ᠎ᠢ ᠥᠷᠭᠡᠳᠬᠡᠨ᠎ᠡ
(ᠠᠷᠪᠠᠨ ᠲᠠᠪᠤ) ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠬᠡᠷᠡᠭᠯᠡᠯᠲᠡ ᠵᠢᠨ ᠠᠬᠤᠢ ᠪᠠᠢ᠌ᠳᠠᠯ᠎ᠢ ᠶᠡᠬᠡ᠎ᠪᠠᠷ ᠥᠷᠭᠡᠳᠬᠡᠵᠦ᠂ ᠠᠵᠤ ᠦᠢ᠍ᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠡᠮᠴᠢᠯᠡᠭᠡ᠂ ᠰᠤᠷᠭ᠋ᠠᠨ ᠬᠥᠮᠦᠵᠢᠯ᠂ ᠡᠨᠧᠷᠭᠢ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ᠂ ᠰᠣᠶᠣᠯ ᠵᠢᠭᠤᠯᠴᠢᠯᠠᠯ᠂ ᠳ᠋ᠢᠭᠢᠲ ᠬᠥᠳᠡᠭᠡ ᠲᠣᠰᠬᠤᠨ᠂ ᠨᠡᠢ᠌ᠭᠡᠮ᠎ᠤᠨ ᠵᠠᠰᠠᠯᠲᠠ ᠵᠡᠷᠭᠡ ᠠᠵᠢᠯ ᠲᠥᠷᠥᠯ᠎ᠤᠨ ᠳ᠋ᠢᠭᠢᠲᠴᠢᠯᠡᠨ ᠬᠡᠯᠪᠡᠷᠢ᠎ᠪᠠᠨ ᠬᠤᠪᠢᠷᠠᠭᠤᠯᠬᠤ ᠬᠦᠴᠦᠨ ᠴᠢᠳᠠᠮᠵᠢ ᠵᠢ᠎ᠨᠢ ᠡᠷᠴᠢᠮᠯᠡᠵᠦ᠂ ᠤᠯᠤᠰ᠎ᠤᠨ ᠳ᠋ᠠᠢ᠌ᠲ᠋ᠠ ᠵᠢᠨ ᠲᠣᠪᠴᠢᠶ᠎ᠠ ᠵᠢᠨ 《ᠳ᠋ᠠᠢ᠌ᠲ᠋ᠠ ᠵᠢᠨ ᠬᠦᠴᠦᠨ ᠵᠦᠢ᠍ᠯ ×》᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠳᠤ ᠣᠷᠣᠭᠰᠠᠨ ᠲᠥᠷᠥᠯ ᠵᠦᠢ᠍ᠯ᠎ᠳᠤ ᠬᠠᠮᠤᠭ᠎ᠤᠨ ᠥᠨᠳᠥᠷ᠎ᠲᠤ᠎ᠪᠠᠨ 200 ᠲᠦᠮᠡᠨ ᠲᠥᠭᠥᠷᠢᠭ᠎ᠠᠴᠠ ᠬᠡᠲᠦᠷᠡᠭᠦᠯᠬᠦ ᠦᠭᠡᠢ᠎ᠪᠠᠷ ᠨᠢᠭᠡ ᠯᠡ ᠤᠳᠠᠭ᠎ᠠ᠎ᠳᠤ ᠱᠠᠩᠨᠠᠯ ᠣᠯᠭᠣᠨ᠎ᠠ᠃
(ᠠᠷᠪᠠᠨ ᠵᠢᠷᠭᠤᠭ᠎ᠠ) ᠡᠯ᠎ᠡ ᠠᠢ᠌ᠮᠠᠭ ᠬᠤᠲᠠ᠂ ᠬᠦᠷᠢᠶᠡᠯᠡᠩ ᠲᠣᠭᠣᠷᠢᠭ᠂ ᠠᠵᠤ ᠠᠬᠤᠢ᠌ᠯᠠᠯ ᠪᠣᠬᠢᠷᠲᠤᠯ ᠦᠭᠡᠢ ᠪᠣᠳᠣᠬᠤ ᠴᠢᠳᠠᠪᠤᠷᠢ ᠵᠢᠨ ᠬᠡᠷᠡᠭᠯᠡᠯᠲᠡ ᠵᠢᠨ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠣᠷᠣᠨ᠂ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠂ ᠵᠢᠱ᠌ᠢᠶ᠎ᠡ ᠦᠵᠡᠭᠦᠯᠬᠦ ᠢᠨᠵᠧᠨᠧᠷᠢᠩ ᠡᠭᠦᠳᠦᠨ ᠪᠠᠶ᠋ᠢᠭᠤᠯᠬᠤ ᠠᠵᠢᠯᠯᠠᠭ᠎ᠠ ᠥᠷᠨᠢᠭᠦᠯᠬᠦ ᠵᠢ ᠠᠬᠢᠭᠤᠯᠵᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠰᠢᠯᠢᠨ ᠰᠣᠩᠭᠣᠵᠤ᠂ ᠰᠢᠨ᠎ᠡ ᠵᠢ ᠡᠭᠦᠳᠦᠭᠰᠡᠨ ᠦᠢ᠍ᠯᠡᠳᠬᠦᠨ ᠬᠢᠭᠡᠳ ᠰᠢᠢ᠍ᠳᠪᠦᠷᠢᠯᠡᠬᠦ ᠲᠥᠰᠥᠯ᠎ᠤᠨ ᠭᠠᠷᠴᠠᠭ᠎ᠢ ᠴᠠᠭᠲᠤᠨᠢ ᠲᠣᠬᠢᠷᠠᠭᠤᠯᠤᠨ ᠨᠡᠢ᠌ᠲᠡᠯᠡᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠪᠠ ᠵᠡᠭᠦᠨ ᠬᠣᠢ᠌ᠲᠤ ᠣᠷᠣᠨ᠎ᠤ ᠭᠤᠷᠪᠠᠨ ᠮᠤᠵᠢ ᠵᠢᠨ ᠪᠣᠳᠣᠬᠤ ᠴᠢᠳᠠᠪᠤᠷᠢ ᠵᠢᠨ ᠬᠡᠷᠡᠭᠴᠡᠭᠡᠯᠦᠭᠡ ᠢᠳᠡᠪᠬᠢᠲᠡᠢ ᠵᠣᠯᠭ᠋ᠠᠭᠤᠯᠵᠤ᠂ 《ᠵᠡᠭᠦᠨ᠎ᠤ ᠳ᠋ᠠᠢ᠌ᠲ᠋ᠠ ᠵᠢ ᠪᠠᠷᠠᠭᠤᠨ᠎ᠳᠤ ᠬᠠᠳᠠᠭ᠋ᠠᠯᠠᠬᠤ》᠂ 《ᠵᠡᠭᠦᠨ᠎ᠤ ᠳ᠋ᠠᠢ᠌ᠲ᠋ᠠ ᠵᠢ ᠪᠠᠷᠠᠭᠤᠨ᠎ᠳᠤ ᠪᠣᠳᠣᠬᠤ》᠂ 《ᠵᠡᠭᠦᠨ᠎ᠤ ᠳ᠋ᠠᠢ᠌ᠲ᠋ᠠ ᠵᠢ ᠪᠠᠷᠠᠭᠤᠨ᠎ᠳᠤ ᠪᠣᠯᠪᠠᠰᠤᠷᠠᠭᠤᠯᠬᠤ》 ᠬᠡᠷᠡᠭᠯᠡᠯᠲᠡ ᠵᠢᠨ ᠠᠬᠤᠢ ᠪᠠᠢ᠌ᠳᠠᠯ᠎ᠢ ᠪᠣᠳᠠᠲᠠᠢ᠌ᠵᠢᠭᠤᠯᠤᠨ᠎ᠠ᠃
ᠲᠤᠰ ᠰᠠᠨᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ᠎ᠲᠠᠢ ᠬᠤᠭᠤᠴᠠᠭ᠎ᠠ᠎ᠨᠢ ᠭᠤᠷᠪᠠᠨ ᠵᠢᠯ ᠪᠣᠯᠣᠨ᠎ᠠ᠃
2024 ᠣᠨ᠎ᠤ 6 ᠳ᠋ᠤᠭ᠋ᠠᠷ ᠰᠠᠷ᠎ᠠ ᠵᠢᠨ 7᠎ᠤ ᠡᠳᠦᠷ
(ᠲᠤᠰ ᠪᠢᠴᠢᠭ ᠮᠠᠲ᠋ᠧᠷᠢᠶᠠᠯ᠎ᠳᠤ ᠬᠠᠰᠤᠯᠲᠠ᠎ᠲᠠᠢ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 6 ᠳ᠋ᠤᠭ᠋ᠠᠷ ᠰᠠᠷ᠎ᠠ ᠵᠢᠨ 7᠎ᠤ ᠡᠳᠦᠷ ᠳᠠᠷᠤᠮᠠᠯᠯᠠᠨ ᠲᠠᠷᠬᠠᠭ᠋ᠠᠪᠠ