ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠪᠦᠭᠦ ᠣᠷᠣᠨ᠎ᠤ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠢ ᠵᠢᠷᠤᠮᠵᠢᠭᠤᠯᠤᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2024-12-27

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

ᠥᠪᠥᠷ ᠵᠠᠰᠠᠭ ᠠᠯᠪᠠᠨ ᠲᠠᠷᠬᠠᠭ᠋ᠠᠭᠰᠠᠨ [2024] 34 ᠳ᠋ᠦ᠍ᠭᠡᠷ ᠲᠣᠭ᠋ᠠᠲᠤ

 

ᠪᠦᠭᠦ ᠣᠷᠣᠨ᠎ᠤ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠢ ᠵᠢᠷᠤᠮᠵᠢᠭᠤᠯᠤᠨ ᠠᠬᠢᠭᠤᠯᠬᠤ ᠲᠤᠬᠠᠢ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ᠄

      《  ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠡᠳ᠋᠎ᠤᠨ ᠵᠠᠰᠠᠭ᠎ᠤᠨ ᠶᠠᠮᠤᠨ᠎ᠤ 〈ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠰᠢᠨ᠎ᠡ ᠲᠣᠭᠲᠠᠴᠠ ᠵᠢ ᠵᠢᠷᠤᠮᠵᠢᠭᠤᠯᠤᠨ ᠬᠡᠷᠡᠭᠵᠢᠭᠦᠯᠬᠦ ᠲᠤᠬᠠᠢ ᠵᠢᠯᠤᠭᠣᠳᠬᠤ ᠰᠠᠨᠠᠯ 〉᠎ᠢ  ᠤᠯᠠᠮᠵᠢᠯᠠᠨ ᠶᠠᠪᠤᠭᠤᠯᠬᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠵᠠᠬᠢᠳᠠᠯ [2023 ]115 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠲᠤᠭᠤᠰᠢᠯᠠᠭᠤᠯᠤᠨ   ᠨᠠᠢ᠌ᠳᠠᠪᠤᠷᠢᠵᠢᠭᠤᠯᠵᠤ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠴᠢᠩᠭ᠎ᠠ ᠠᠳᠬᠤᠵᠤ ᠂  ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠰᠢᠨ᠎ᠡ ᠲᠣᠭᠲᠠᠴᠠ ᠵᠢ ᠵᠢᠷᠤᠮᠵᠢᠭᠤᠯᠤᠨ ᠬᠡᠷᠡᠭᠵᠢᠭᠦᠯᠵᠦ ᠂  ᠪᠥᠬᠥ ᠣᠷᠣᠨ᠎ᠤ ᠠᠷᠠᠳ᠎ᠤᠨ ᠪᠡᠯᠡ ᠣᠷᠣᠭᠤᠯᠤᠯᠲᠠ ᠵᠢᠨ ᠣᠷᠣᠨ ᠵᠠᠢ ᠵᠢ ᠥᠷᠭᠡᠳᠬᠡᠨ ᠂  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠥᠭᠴᠡᠭᠡ ᠵᠢ ᠰᠢᠨ᠎ᠡ᠎ᠪᠠᠷ ᠨᠡᠮᠡᠭᠳᠡᠭᠦᠯᠬᠦ ᠦᠵᠡᠭᠳᠡᠯ᠎ᠢ ᠡᠷᠡᠰ ᠬᠣᠷᠢᠭᠯᠠᠵᠤ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ ᠃

       ᠨᠢᠭᠡ ᠂  ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠶᠡᠷᠦᠩᠬᠡᠢ ᠱᠠᠭ᠋ᠠᠷᠳᠠᠯᠭ᠎ᠠ ᠵᠢ ᠣᠨᠣᠪᠴᠢᠲᠠᠶ ᠡᠵᠡᠮᠳᠡᠨ᠎ᠡ

      (ᠨᠢᠭᠡ) ᠬᠠᠮᠲᠤᠷᠠᠯᠴᠠᠭ᠋ᠠᠨ᠎ᠤ ᠠᠷᠭ᠎ᠠ ᠬᠡᠯᠪᠡᠷᠢ ᠵᠢ ᠣᠨᠣᠪᠴᠢᠲᠠᠶ ᠡᠵᠡᠮᠳᠡᠨ᠎ᠡ ᠃ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ᠎ᠨᠢ  ᠬᠡᠷᠡᠭᠯᠡᠭᠴᠢ ᠵᠢᠨ ᠰᠦᠢ᠍ᠳᠬᠡᠯ ᠲᠤᠰᠢᠶᠠᠬᠤ ᠲᠥᠷᠥᠯ ᠵᠦᠢ᠍ᠯ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂  ᠪᠦᠭᠦᠨ᠎ᠳᠤ᠎ᠨᠢ  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠵᠠᠭᠪᠤᠷ᠎ᠢ ᠬᠡᠷᠡᠭᠯᠡᠨ᠎ᠡ ᠃ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠵᠠᠭᠪᠤᠷ᠎ᠢ ᠬᠡᠷᠡᠭᠯᠡᠨ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠢᠷᠡᠭᠡᠳᠦᠢ ᠵᠢᠨ ᠵᠠᠷᠤᠯᠭ᠎ᠠ ᠵᠢᠨ ᠬᠠᠷᠢᠭᠤᠴᠠᠯᠭ᠎ᠠ ᠵᠢ ᠢᠯᠡᠭᠦᠴᠡ ᠰᠢᠨ᠎ᠡ᠎ᠪᠠᠷ ᠨᠡᠮᠡᠭᠳᠡᠭᠦᠯᠵᠦ ᠪᠣᠯᠬᠤ ᠦᠭᠡᠢ ᠂  ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠠᠴᠠ ᠭᠠᠳᠠᠨ᠎ᠠ ᠡᠵᠡᠩᠨᠡᠯᠲᠡ ᠵᠢᠨ ᠨᠡᠮᠡᠭᠦᠷᠢ ᠵᠢ ᠲᠤᠰᠠᠭ᠋ᠠᠷ ᠣᠯᠭᠣᠬᠤ ᠵᠢ ᠵᠥᠪᠰᠢᠶᠡᠷᠡᠬᠦ ᠦᠭᠡᠢ ᠂   ᠶᠠᠪᠤᠭᠤᠰᠢᠲᠠᠢ ᠲᠤᠲᠠᠪᠤᠷᠢ ᠵᠢ ᠨᠥᠬᠥᠪᠦᠷᠢᠯᠡᠬᠦ ᠂  ᠳᠣᠣᠷ᠎ᠠ ᠬᠢᠵᠠᠭ᠋ᠠᠷ᠎ᠤᠨ ᠠᠰᠢᠭ ᠣᠷᠣᠯᠭ᠎ᠠ ᠵᠢᠨ ᠨᠣᠷᠮ᠎ᠠ ᠵᠢ ᠪᠠᠲᠤᠯᠠᠬᠤ᠎ᠪᠠᠷ ᠠᠮᠠᠯᠠᠬᠤ ᠂  ᠬᠡᠷᠡᠭᠯᠡᠵᠦ ᠪᠣᠯᠬᠤ ᠴᠢᠨᠠᠷ ᠵᠶ᠋ᠠᠷ ᠰᠦᠢ᠍ᠳᠬᠡᠯ ᠲᠤᠰᠢᠶᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠡᠳ᠋᠎ᠤᠨ ᠵᠠᠰᠠᠭ᠎ᠤᠨ ᠪᠡᠯᠡ ᠮᠥᠩᠭᠥ ᠵᠢ ᠬᠡᠷᠡᠭᠯᠡᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠡᠵᠡᠩᠨᠡᠯᠲᠡ ᠵᠢᠨ ᠥᠪᠡᠷ᠎ᠤᠨ ᠥᠷᠲᠡᠭ᠎ᠢ ᠨᠥᠬᠥᠪᠦᠷᠢᠯᠡᠬᠦ ᠵᠢ ᠵᠥᠪᠰᠢᠶᠡᠷᠡᠬᠦ ᠦᠭᠡᠢ ᠃

      (  ᠬᠣᠶᠠᠷ )  ᠬᠠᠮᠲᠤᠷᠠᠯᠴᠠᠭ᠋ᠠᠨ᠎ᠤ ᠬᠦᠷᠢᠶ᠎ᠡ ᠴᠠᠷᠠᠭ᠎ᠠ ᠵᠢ ᠣᠨᠣᠪᠴᠢᠲᠠᠢ ᠡᠵᠡᠮᠳᠡᠨ᠎ᠡ ᠃ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ ᠵᠢ ᠡᠵᠡᠩᠨᠡᠯᠲᠡ ᠵᠢᠨ ᠴᠢᠨᠠᠷᠲᠠᠢ ᠠᠰᠢᠭ ᠣᠷᠣᠯᠭ᠎ᠠ᠎ᠲᠠᠢ ᠲᠥᠷᠥᠯ ᠵᠦᠢ᠍ᠯ᠎ᠳᠤ ᠯᠡ ᠥᠷᠨᠢᠭᠦᠯᠵᠦ ᠂  ᠲᠥᠷᠥᠯ ᠵᠦᠢ᠍ᠯ᠎ᠤᠨ ᠡᠵᠡᠩᠨᠡᠯᠲᠡ ᠵᠢᠨ ᠣᠷᠣᠯᠭ᠎ᠠ᠎ᠨᠢ  ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠤᠯᠲᠠ ᠪᠠ ᠡᠵᠡᠩᠨᠡᠯᠲᠡ ᠵᠢᠨ ᠥᠪᠡᠷ᠎ᠤᠨ ᠥᠷᠲᠡᠭ᠎ᠢ ᠬᠠᠮᠤᠷᠴᠤ ᠳᠡᠢ᠌ᠯᠦᠭᠰᠡᠨ ᠪᠠᠢ᠌ᠬᠤ ᠬᠡᠷᠡᠭᠲᠡᠢ ᠃ ᠬᠤᠳᠠᠯᠳᠤᠭ᠋ᠠᠨ᠎ᠤ ᠣᠨᠴᠠ ᠵᠥᠪᠰᠢᠶᠡᠷᠡᠯ᠎ᠲᠠᠢ ᠡᠵᠡᠩᠨᠡᠯᠲᠡ ᠵᠢᠴᠢ ᠥᠮᠴᠢᠯᠡᠯ᠎ᠤᠨ ᠡᠷᠬᠡ ᠵᠢ ᠰᠢᠯᠵᠢᠭᠦᠯᠦᠨ ᠲᠤᠰᠢᠶᠠᠬᠤ ᠭᠣᠭᠴᠣᠭ᠋ᠠᠨ᠎ᠳᠤ ᠦᠯᠦ ᠬᠣᠯᠪᠣᠭᠳᠠᠬᠤ ᠠᠯᠪᠠᠨ᠎ᠠᠴᠠ  ᠪᠠᠢ᠌ᠭᠤᠯᠵᠤ ᠠᠷᠠᠳ᠎ᠠᠴᠠ  ᠡᠵᠡᠩᠨᠡᠬᠦ ᠂  ᠠᠯᠪᠠᠨ᠎ᠠᠴᠠ  ᠡᠷᠭᠢᠯᠡᠵᠦ ᠠᠷᠠᠳ᠎ᠠᠴᠠ  ᠡᠵᠡᠩᠨᠡᠬᠦ᠎ᠨᠢ  ᠰᠢᠨ᠎ᠡ ᠲᠣᠭᠲᠠᠴᠠ᠎ᠪᠠᠷ ᠵᠢᠷᠤᠮᠵᠢᠭᠤᠯᠬᠤ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ᠎ᠳᠤ ᠬᠠᠷᠢᠶᠠᠯᠠᠭᠳᠠᠬᠤ ᠦᠭᠡᠢ ᠃ ᠵᠠᠬ᠎ᠠ ᠳᠡᠯᠭᠡᠭᠦᠷᠴᠢᠯᠡᠭᠰᠡᠨ ᠬᠡᠮᠵᠢᠶ᠎ᠡ᠎ᠪᠠᠷ  ᠶᠡᠬᠡ ᠬᠤᠳᠠᠯᠳᠤᠭ᠋ᠠᠨ᠎ᠤ ᠲᠥᠷᠥᠯ ᠵᠦᠢ᠍ᠯ ᠪᠠ ᠠᠵᠤ ᠦᠢ᠍ᠯᠡᠰ᠎ᠤᠨ ᠲᠥᠷᠥᠯ ᠵᠦᠢ᠍ᠯ ᠂  ᠠᠰᠢᠭ ᠣᠷᠣᠯᠭ᠎ᠠ ᠦᠭᠡᠢ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠲᠥᠷᠥᠯ ᠵᠦᠢ᠍ᠯ᠎ᠳᠤ ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠵᠠᠭᠪᠤᠷ᠎ᠢ ᠬᠡᠷᠡᠭᠯᠡᠵᠦ ᠪᠣᠯᠬᠤ ᠦᠭᠡᠢ ᠂  ᠳᠡᠭᠡᠷᠡᠬᠢ ᠲᠥᠷᠥᠯ ᠬᠡᠯᠪᠡᠷᠢ ᠵᠢᠨ ᠲᠥᠷᠥᠯ ᠵᠦᠢ᠍ᠯ᠎ᠢ ᠬᠠᠷᠢᠯᠴᠠᠨ 《  ᠪᠣᠭᠣᠵᠢᠯᠠᠬᠤ 》 ᠪᠤᠶᠤ ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠵᠠᠭᠪᠤᠷ᠎ᠢ ᠬᠡᠷᠡᠭᠯᠡᠬᠦ᠎ᠳᠤ ᠲᠣᠬᠢᠷᠠᠬᠤ ᠲᠥᠷᠥᠯ ᠵᠦᠢ᠍ᠯ᠎ᠯᠦᠭᠡ 《  ᠪᠣᠭᠣᠵᠢᠯᠠᠵᠤ 》  ᠪᠠᠢ᠌ᠭ᠋ᠠᠳ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ ᠥᠷᠨᠢᠭᠦᠯᠵᠦ ᠪᠣᠯᠬᠤ ᠦᠭᠡᠢ ᠃

      (ᠭᠤᠷᠪᠠ) ᠣᠷᠤᠯᠴᠠᠬᠤ ᠠᠵᠤ ᠠᠬᠤᠢ᠌ᠯᠠᠯ᠎ᠢ ᠣᠨᠣᠪᠴᠢᠲᠠᠶ ᠡᠵᠡᠮᠳᠡᠨ᠎ᠡ ᠃ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ᠎ᠳᠤ ᠠᠩᠬᠠᠨ᠎ᠤ ᠵᠣᠷᠢᠯᠲᠠ᠎ᠪᠠᠨ ᠪᠠᠷᠢᠮᠲᠠᠯᠠᠨ ᠂  ᠤᠭ ᠰᠠᠨᠠᠭ᠋ᠠᠨ ᠎ᠳᠤ᠎ᠪᠠᠨ  ᠪᠤᠴᠠᠵᠤ ᠂ 《  ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠣᠷᠣᠯᠴᠠᠭᠰᠠᠨ ᠣᠨᠴᠠ ᠵᠥᠪᠰᠢᠶᠡᠷᠡᠯ᠎ᠲᠠᠢ ᠡᠵᠡᠩᠨᠡᠯᠲᠡ ᠵᠢᠨ ᠰᠢᠨ᠎ᠡ᠎ᠪᠠᠷ ᠪᠠᠶ᠋ᠢᠭᠤᠯᠬᠤ (  ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠵᠢ ᠪᠠᠭᠲᠠᠭ᠋ᠠᠨ᠎ᠠ )  ᠲᠦᠷᠦᠯ ᠵᠦᠢ᠍ᠯ᠎ᠤᠨ ᠲᠣᠳᠣᠷᠬᠠᠢ ᠬᠠᠭᠤᠳᠠᠰᠤ ( 2023 ᠣᠨ᠎ᠤ ᠬᠡᠪᠯᠡᠯ ) 》 ᠵᠢ  ᠴᠢᠩᠭ᠎ᠠ ᠬᠡᠷᠡᠭᠵᠢᠭᠦᠯᠵᠦ ᠂  ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠳᠤ ᠣᠷᠣᠯᠴᠠᠬᠤ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠵᠣᠷᠢᠭᠵᠢᠭᠤᠯᠬᠤ ᠬᠡᠷᠡᠭᠲᠡᠢ ᠃ ᠵᠠᠷᠴᠢᠮ ᠳᠡᠭᠡᠷ᠎ᠡ᠎ᠪᠠᠨ ᠲᠤᠰ ᠱᠠᠲᠤᠨ᠎ᠤ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠢ ᠰᠣᠩᠭᠣᠵᠤ ᠲᠦᠷᠦᠯ ᠵᠦᠢ᠍ᠯ᠎ᠢ ᠬᠡᠷᠡᠭᠵᠢᠭᠦᠯᠬᠦ ᠪᠠᠢ᠌ᠭᠤᠯᠤᠮᠵᠢ ᠵᠢᠨ ᠬᠤᠪᠢ᠎ᠪᠠᠷ ᠲᠤᠰ ᠱᠠᠲᠤᠨ᠎ᠤ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠦᠷᠣᠯ ᠵᠦᠢ᠍ᠯ᠎ᠳᠤ ᠣᠷᠤᠯᠴᠠᠭᠤᠯᠬᠤ᠎ᠳᠤ ᠵᠣᠬᠢᠬᠤ ᠦᠭᠡᠢ ᠃ ᠲᠤᠰ ᠱᠠᠲᠤᠨ᠎ᠤ ᠵᠠᠰᠠᠭ᠎ᠤᠨ ᠣᠷᠳᠣᠨ᠎ᠨᠢ  ᠬᠥᠷᠥᠩᠭᠡ ᠮᠥᠩᠭᠥ ᠣᠷᠣᠭᠤᠯᠬᠤ ᠠᠷᠭ᠎ᠠ ᠮᠠᠶᠢᠭ ᠵᠶ᠋ᠠᠷ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠦᠷᠣᠯ ᠵᠦᠢ᠍ᠯ᠎ᠳᠤ ᠳᠡᠮᠵᠢᠯᠭᠡ ᠦᠵᠡᠭᠦᠯᠵᠦ ᠂  ᠲᠤᠰ ᠱᠠᠲᠤᠨ᠎ᠤ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠨᠢ  ᠪᠡᠯᠡ ᠭᠠᠷᠭ᠋ᠠᠭᠴᠢ ᠵᠢᠨ ᠲᠥᠯᠥᠭᠡᠯᠡᠭᠴᠢ ᠵᠢᠨ ᠬᠤᠪᠢ᠎ᠪᠠᠷ ᠲᠤᠰ ᠲᠦᠷᠣᠯ ᠵᠦᠢ᠍ᠯ᠎ᠳᠤ ᠣᠷᠣᠯᠴᠠᠵᠤ ᠪᠣᠯᠣᠨ᠎ᠠ ᠂  ᠭᠡᠪᠡᠴᠦ ᠬᠣᠪᠢᠴᠠᠭ᠎ᠠ ᠡᠵᠡᠮᠳᠡᠵᠦ ᠪᠣᠯᠬᠤ ᠦᠭᠡᠢ ᠂  ᠡᠭᠦᠨ᠎ᠠᠴᠠ ᠭᠠᠳᠠᠨ᠎ᠠ ᠂  ᠲᠤᠰ ᠱᠠᠲᠤᠨ᠎ᠤ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠨᠢ  ᠶᠠᠮᠠᠷᠪᠠ ᠠᠷᠭ᠎ᠠ ᠮᠠᠶᠢᠭ ᠵᠶ᠋ᠠᠷ ᠭᠡᠳ ᠲᠤᠰ ᠱᠠᠲᠤᠨ᠎ᠤ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠦᠷᠣᠯ ᠵᠦᠢ᠍ᠯ᠎ᠤᠨ ᠬᠣᠯᠪᠤᠭ᠋ᠠᠯᠠᠨ ᠳᠠᠭ᠋ᠠᠭ᠋ᠠᠴᠢᠯᠠᠯᠲᠠ ᠬᠦᠯᠢᠶᠡᠬᠦ ᠲᠠᠯ᠎ᠠ ᠪᠤᠶᠤ ᠲᠦᠷᠣᠯ ᠵᠦᠢ᠍ᠯ᠎ᠤᠨ ᠺᠣᠮᠫᠠᠨᠢ ᠵᠢᠨ ᠬᠤᠪᠢᠴᠠᠭ᠋ᠠᠲᠠᠨ ᠪᠣᠯᠵᠤ ᠪᠣᠯᠬᠤ ᠦᠭᠡᠢ ᠃

      (ᠳᠥᠷᠪᠡ)  ᠠᠵᠢᠯ᠎ᠤᠨ ᠠᠢ᠌ᠵᠠᠮ ᠴᠣᠬᠢᠯᠭ᠎ᠠ ᠵᠢ ᠣᠨᠣᠪᠴᠢᠲᠠᠶ ᠡᠵᠡᠮᠳᠡᠨ᠎ᠡ ᠃ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠬᠣᠰᠢᠭᠤ ᠰᠢᠶᠠᠨ᠎ᠤ ᠱᠠᠲᠤᠨ᠎ᠠᠴᠠ  ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠵᠢᠯ᠎ᠤᠨ ᠡᠷᠴᠢᠮ ᠂  ᠠᠢ᠌ᠵᠠᠮ ᠵᠶ᠋ᠡᠨ ᠰᠠᠢ᠌ᠲᠤᠷ ᠡᠵᠡᠮᠳᠡᠵᠦ ᠂  ᠲᠥᠷᠥᠯ ᠵᠦᠢ᠍ᠯ ᠨᠢᠭᠡᠪᠦᠷᠢ ᠵᠢ ᠴᠥᠮ ᠰᠢᠨ᠎ᠡ ᠲᠣᠭᠲᠠᠴᠠ ᠵᠢᠨ ᠱᠠᠭ᠋ᠠᠷᠳᠠᠯᠭ᠎ᠠ᠎ᠳᠤ ᠨᠡᠢ᠌ᠴᠡᠭᠦᠯᠬᠦ ᠵᠢ ᠦᠨᠡᠨ ᠬᠦ᠌ ᠪᠠᠲᠤᠯᠠᠵᠤ ᠂  ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠦᠯᠲᠡ ᠵᠢ ᠵᠢᠷᠤᠮᠵᠢᠭᠤᠯᠤᠨ ᠠᠬᠢᠭᠤᠯᠵᠤ ᠂  ᠡᠵᠡᠩᠨᠡᠯᠲᠡ ᠵᠢᠨ ᠬᠢᠨᠠᠯᠲᠠ ᠬᠠᠮᠢᠶᠠᠷᠤᠯᠲᠠ᠎ᠪᠠᠨ  ᠦᠨᠡᠨ ᠬᠦ᠌ ᠴᠢᠩᠭ᠋ᠠᠳᠬᠠᠨ ᠂  ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠳᠠᠬᠢ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠢ ᠃

       ᠬᠣᠶᠠᠷ ᠂  ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠬᠠᠮᠢᠶᠠᠷᠤᠯᠲᠠ ᠵᠢᠨ ᠲᠠᠰ ᠳᠠᠷᠠᠭ᠋ᠠᠯᠠᠯ᠎ᠢ ᠴᠢᠩᠭ᠎ᠠ ᠵᠢᠷᠤᠮᠵᠢᠭᠤᠯᠤᠨ᠎ᠠ

      (ᠲᠠᠪᠤ)  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠲᠥᠷᠥᠯ ᠵᠦᠢ᠍ᠯ᠎ᠢ ᠬᠡᠷᠡᠭᠵᠢᠭᠦᠯᠬᠦ ᠪᠠᠢ᠌ᠭᠤᠯᠤᠮᠵᠢ ᠵᠢ ᠲᠣᠭᠲᠠᠭ᠋ᠠᠨ᠎ᠠ ᠃ ᠠᠵᠢᠯ ᠲᠥᠷᠥᠯ᠎ᠤᠨ ᠲᠦᠷᠦᠯ ᠠᠩᠭᠢᠯᠠᠯ ᠪᠠ ᠡᠭᠦᠷᠭᠡ ᠴᠢᠳᠠᠪᠤᠷᠢ ᠠᠵᠢᠯ᠎ᠤᠨ ᠬᠤᠪᠢᠶᠠᠷᠢᠯᠠᠯ ᠶᠣᠰᠣᠭ᠋ᠠᠷ ᠂  ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠪᠠᠢ᠌ᠭ᠎ᠠ ᠬᠣᠰᠢᠭᠤ ᠰᠢᠶᠠᠨ᠎ᠤ ᠱᠠᠲᠤᠨ᠎ᠠᠴᠠ  ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠢ  ᠬᠠᠤᠯᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠠᠵᠢᠯ ᠲᠥᠷᠥᠯ (ᠲᠤᠬᠠᠢ᠌ᠯᠠᠭᠰᠠᠨ ᠠᠵᠢᠯ)᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂  ᠠᠵᠢᠯ ᠦᠢ᠍ᠯᠡᠰ᠎ᠤᠨ ᠨᠢᠭᠡᠴᠢ᠎ᠳᠤ ᠡᠷᠬᠡ ᠣᠯᠭᠣᠵᠤ ᠲᠥᠷᠥᠯ ᠵᠦᠢ᠍ᠯ᠎ᠢ ᠬᠡᠷᠡᠭᠵᠢᠭᠦᠯᠬᠦ ᠪᠠᠢ᠌ᠭᠤᠯᠤᠮᠵᠢ ᠪᠣᠯᠭ᠋ᠠᠵᠤ ᠂  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠲᠥᠰᠥᠯ᠎ᠢ ᠨᠠᠢ᠌ᠷᠠᠭᠤᠯᠤᠨ ᠵᠣᠬᠢᠶᠠᠬᠤ ᠂  ᠣᠨᠴᠠ ᠵᠥᠪᠰᠢᠶᠡᠷᠡᠯ᠎ᠲᠠᠢ  ᠡᠵᠡᠩᠨᠡᠭᠴᠢ ᠵᠢ ᠰᠣᠩᠭᠣᠬᠤ ᠂  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠵᠥᠪᠯᠡᠯᠴᠡᠭᠡᠷ ᠲᠣᠭᠲᠠᠬᠤ ᠂  ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠬᠢᠨᠠᠨ ᠬᠠᠮᠢᠶᠠᠷᠬᠤ ᠂  ᠬᠠᠮᠲᠤᠷᠠᠯᠴᠠᠬᠤ ᠬᠤᠭᠤᠴᠠᠭ᠎ᠠ ᠳᠦᠭᠦᠷᠪᠡᠯ ᠰᠢᠯᠵᠢᠭᠦᠯᠦᠨ ᠲᠤᠰᠢᠶᠠᠵᠤ ᠭᠥᠯᠢᠶᠡᠨ ᠠᠪᠬᠤ ᠵᠡᠷᠭᠡ ᠠᠵᠢᠯ᠎ᠢ ᠬᠠᠷᠢᠭᠤᠴᠠᠭᠤᠯᠵᠤ ᠪᠣᠯᠣᠨ᠎ᠠ ᠃

      (ᠵᠢᠷᠭᠤᠭ᠎ᠠ)  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠲᠥᠰᠥᠯ᠎ᠢ ᠲᠣᠭᠲᠠᠭ᠋ᠠᠨ᠎ᠠ ᠃ ᠲᠥᠷᠥᠯ ᠵᠦᠢ᠍ᠯ᠎ᠢ ᠬᠡᠷᠡᠭᠵᠢᠭᠦᠯᠬᠦ ᠪᠠᠢ᠌ᠭᠤᠯᠤᠮᠵᠢ᠎ᠨᠢ  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠲᠥᠰᠥᠯ᠎ᠢ ᠨᠠᠢ᠌ᠷᠠᠭᠤᠯᠤᠨ ᠵᠣᠬᠢᠶᠠᠭᠰᠠᠨ᠎ᠤ ᠳᠠᠷᠠᠭ᠎ᠠ ᠂  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ  ᠵᠠᠰᠠᠭ᠎ᠤᠨ ᠣᠷᠳᠣᠨ᠎ᠨᠤᠭᠤᠳ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ ᠵᠶ᠋ᠡᠷ ᠲᠦᠷᠦᠭᠦᠯᠡᠭᠦᠯᠵᠦ ᠂  ᠡᠳ᠋᠎ᠤᠨ ᠵᠠᠰᠠᠭ᠎ᠤᠨ ᠰᠠᠯᠠᠭ᠎ᠠ ᠮᠥᠴᠢᠷ ᠂  ᠬᠣᠯᠪᠣᠭᠳᠠᠯ ᠪᠦᠬᠦᠢ ᠠᠵᠢᠯ ᠲᠥᠷᠥᠯ (  ᠲᠤᠬᠠᠢ᠌ᠯᠠᠭᠰᠠᠨ ᠠᠵᠢᠯ )᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠯᠴᠠᠭᠤᠯᠤᠨ ᠂  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠲᠥᠰᠥᠯ᠎ᠳᠤ ᠠᠩᠬᠠᠨ᠎ᠤ  ᠬᠢᠨᠠᠯᠲᠠ ᠬᠢᠯᠭᠡᠬᠦ ᠠᠵᠢᠯ᠎ᠢ ᠳᠠᠭ᠋ᠠᠭ᠋ᠠᠯᠭ᠋ᠠᠨ ᠬᠠᠷᠢᠭᠤᠴᠠᠭᠤᠯᠵᠤ ᠪᠣᠯᠣᠨ᠎ᠠ ᠂  ᠭᠣᠣᠯᠳᠠᠭᠤ ᠲᠥᠷᠥᠯ ᠵᠦᠢ᠍ᠯ᠎ᠤᠨ  ᠪᠦᠲᠦᠭᠡᠨ ᠪᠠᠢ᠌ᠭᠤᠯᠤᠯᠲᠠ ᠵᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ ᠂  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠵᠠᠭᠪᠤᠷ᠎ᠤᠨ  ᠴᠢᠬᠤᠯᠠ ᠪᠦᠬᠦᠢ ᠪᠠ ᠪᠣᠯᠣᠮᠵᠢᠲᠤ ᠴᠢᠨᠠᠷ᠎ᠤᠨ ᠨᠤᠲᠠᠯᠠᠯᠲᠠ ᠂  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠭᠣᠣᠯ ᠠᠭᠤᠯᠭ᠎ᠠ ᠵᠡᠷᠭᠡ ᠵᠢ ᠰᠤᠳᠤᠯᠤᠨ ᠨᠤᠲᠠᠯᠠᠨ᠎ᠠ ᠃ ᠠᠩᠬ᠎ᠠ ᠬᠢᠨᠠᠭᠰᠠᠨ᠎ᠤ ᠳᠠᠷᠠᠭ᠎ᠠ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠰᠤᠳᠤᠯᠤᠭᠤᠯᠤᠨ ᠬᠢᠨᠠᠨ ᠲᠣᠭᠲᠠᠭ᠋ᠠᠯᠭ᠋ᠠᠬᠤ ᠬᠡᠷᠡᠭᠲᠡᠢ ᠃

      (ᠲᠤᠯᠤᠭ᠎ᠠ)  ᠣᠨᠴᠠ ᠵᠥᠪᠰᠢᠶᠡᠷᠡᠯ᠎ᠲᠠᠢ  ᠡᠵᠡᠩᠨᠡᠭᠴᠢ ᠵᠢ ᠲᠣᠭᠲᠠᠭ᠋ᠠᠨ᠎ᠠ ᠃ ᠲᠥᠷᠥᠯ ᠵᠦᠢ᠍ᠯ᠎ᠢ ᠬᠡᠷᠡᠭᠵᠢᠭᠦᠯᠬᠦ ᠪᠠᠢ᠌ᠭᠤᠯᠤᠮᠵᠢ᠎ᠨᠢ  ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠢᠨᠠᠨ ᠲᠣᠭᠲᠠᠭ᠋ᠠᠭᠰᠠᠨ ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠲᠥᠰᠥᠯ᠎ᠢ ᠦᠨᠳᠦᠰᠦᠯᠡᠨ ᠂  ᠣᠨᠴᠠ ᠵᠥᠪᠰᠢᠶᠡᠷᠡᠯ᠎ᠲᠠᠢ  ᠡᠵᠡᠩᠨᠡᠭᠴᠢ ᠵᠢ ᠬᠠᠤᠯᠢ ᠲᠣᠭᠲᠠᠭ᠋ᠠᠯ ᠶᠣᠰᠣᠭ᠋ᠠᠷ ᠭᠣᠣᠯᠴᠢ᠎ᠪᠠᠷ ᠰᠣᠩᠭᠣᠵᠤ ᠂  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠵᠥᠪᠯᠡᠯᠴᠡᠭᠡᠷ᠎ᠢ ᠵᠢᠷᠣᠮᠵᠢᠭᠣᠨ ᠲᠣᠭᠲᠠᠭ᠋ᠠᠬᠤ ᠬᠡᠷᠡᠭᠲᠡᠢ ᠃ ᠰᠣᠩᠭᠣᠨ ᠲᠣᠭᠲᠠᠭ᠋ᠠᠭᠰᠠᠨ ᠣᠨᠴᠠ ᠵᠥᠪᠰᠢᠶᠡᠷᠡᠯ᠎ᠲᠠᠢ  ᠡᠵᠡᠩᠨᠡᠭᠴᠢ ᠵᠢᠴᠢ ᠲᠡᠭᠦᠨ᠎ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠂  ᠪᠦᠲᠦᠭᠡᠨ ᠪᠠᠶ᠋ᠢᠭᠤᠯᠬᠤ ᠬᠠᠷᠢᠭᠤᠴᠠᠯᠭ᠎ᠠ ᠵᠢ ᠵᠠᠷᠴᠢᠮ ᠳᠡᠭᠡᠷ᠎ᠡ᠎ᠪᠠᠨ ᠲᠣᠬᠢᠷᠠᠭᠤᠯᠵᠤ ᠪᠣᠯᠬᠤ ᠦᠭᠡᠢ ᠂  ᠦᠨᠡᠨ ᠬᠦ᠌ ᠲᠣᠬᠢᠷᠠᠭᠤᠯᠬᠤ ᠴᠢᠬᠤᠯᠠᠲᠠᠢ ᠪᠣᠯ ᠣᠨᠴᠠ ᠵᠥᠪᠰᠢᠶᠡᠷᠡᠯ᠎ᠲᠠᠢ  ᠡᠵᠡᠩᠨᠡᠭᠴᠢ ᠵᠢ  ᠰᠣᠩᠭᠣᠬᠤ ᠲᠠᠰ ᠳᠠᠷᠠᠭ᠋ᠠᠯᠠᠯ᠎ᠢ ᠳᠠᠭᠢᠵᠤ ᠭᠦᠢ᠍ᠴᠡᠳᠬᠡᠬᠦ ᠬᠡᠷᠡᠭᠲᠡᠢ ᠃

      (ᠨᠠᠢ᠍ᠮᠠ)  ᠪᠡᠯᠡ ᠣᠷᠣᠭᠤᠯᠤᠯᠲᠠ ᠵᠢᠨ ᠬᠠᠮᠢᠶᠠᠷᠤᠯᠲᠠ ᠵᠢᠨ ᠲᠠᠰ ᠳᠠᠷᠠᠭ᠋ᠠᠯᠠᠯ᠎ᠢ ᠴᠢᠩᠭ᠎ᠠ ᠭᠦᠢ᠍ᠴᠡᠳᠬᠡᠨ᠎ᠡ ᠃ ᠣᠨᠴᠠ ᠵᠥᠪᠰᠢᠶᠡᠷᠡᠯ᠎ᠲᠠᠢ ᠡᠵᠡᠩᠨᠡᠯᠲᠡ ᠵᠢᠨ ᠲᠥᠰᠥᠯ᠎ᠢ ᠬᠢᠨᠠᠨ ᠬᠠᠷᠭᠤᠭᠤᠯᠬᠤ ᠂  ᠣᠨᠴᠠ ᠵᠥᠪᠰᠢᠶᠡᠷᠡᠯ᠎ᠲᠠᠢ ᠡᠵᠡᠩᠨᠡᠭᠴᠢ ᠵᠢ ᠰᠣᠩᠭᠣᠨ ᠲᠣᠭᠲᠠᠭ᠋ᠠᠬᠤ ᠵᠢ ᠪᠡᠶᠡᠯᠡᠭᠦᠯᠦᠭᠰᠡᠨ᠎ᠤ ᠳᠠᠷᠠᠭ᠎ᠠ ᠂  ᠲᠥᠷᠥᠯ ᠵᠦᠢ᠍ᠯ᠎ᠤᠨ ᠨᠢᠭᠡᠴᠢ᠎ᠨᠢ  ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠂  ᠬᠠᠷᠭᠤᠭᠤᠯᠤᠨ ᠵᠥᠪᠰᠢᠶᠡᠷᠡᠬᠦ ᠪᠤᠶᠤ ᠪᠦᠷᠢᠳᠬᠡᠨ ᠳᠠᠩᠰᠠᠯᠠᠬᠤ ᠵᠡᠷᠭᠡ ᠪᠡᠯᠡ ᠣᠷᠣᠭᠤᠯᠤᠯᠲᠠ ᠵᠢᠨ ᠬᠠᠮᠢᠶᠠᠷᠤᠯᠲᠠ ᠵᠢᠨ ᠲᠠᠰ ᠳᠠᠷᠠᠭ᠋ᠠᠯᠠᠯ᠎ᠢ ᠴᠢᠩᠭ᠎ᠠ ᠭᠦᠢ᠍ᠴᠡᠳᠬᠡᠬᠦ ᠬᠡᠷᠡᠭᠲᠡᠢ ᠃ ᠵᠠᠰᠠᠭ᠎ᠤᠨ ᠣᠷᠳᠣᠨ᠎ᠤ ᠬᠥᠷᠥᠩᠭᠡ ᠮᠥᠩᠭᠥ ᠣᠷᠣᠭᠤᠯᠬᠤ ᠠᠷᠭ᠎ᠠ ᠮᠠᠶᠢᠭ ᠵᠶ᠋ᠡᠷ ᠪᠡᠯᠡ ᠣᠷᠣᠭᠤᠯᠤᠯᠲᠠ ᠵᠢᠨ ᠳᠡᠮᠵᠢᠯᠭᠡ ᠦᠵᠡᠭᠦᠯᠦᠭᠰᠡᠨ ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠲᠥᠷᠥᠯ ᠵᠦᠢ᠍ᠯ᠎ᠳᠤ ᠂ 《ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠳᠦᠷᠢᠮ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠬᠠᠮᠢᠶᠠᠷᠤᠯᠲᠠ ᠵᠢᠨ ᠲᠠᠰ ᠳᠠᠷᠠᠭ᠋ᠠᠯᠠᠯ》᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢ᠍ᠴᠡᠳᠬᠡᠬᠦ ᠬᠡᠷᠡᠭᠲᠡᠢ ᠃ ᠨᠡᠢ᠌ᠭᠡᠮ᠎ᠤᠨ ᠬᠥᠷᠥᠩᠭᠡ ᠵᠢᠨ ᠲᠠᠯ᠎ᠠ᠎ᠠᠴᠠ  ᠲᠤᠰᠠᠭ᠋ᠠᠷ ᠪᠡᠯᠡ ᠣᠷᠣᠭᠤᠯᠤᠭᠰᠠᠨ ᠲᠥᠷᠥᠯ ᠵᠦᠢ᠍ᠯ᠎ᠳᠤ 《  ᠠᠵᠤ ᠠᠬᠤᠢ᠌ᠯᠠᠯ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠬᠠᠷᠭᠤᠭᠤᠯᠤᠨ ᠵᠥᠪᠰᠢᠶᠡᠷᠡᠬᠦ ᠪᠠ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠷᠭᠤᠭᠤᠯᠤᠨ ᠵᠥᠪᠰᠢᠶᠡᠷᠡᠬᠦ ᠪᠤᠶᠤ ᠪᠦᠷᠢᠳᠬᠡᠨ ᠳᠠᠩᠰᠠᠯᠠᠬᠤ ᠭᠠᠷᠳᠠᠮ᠎ᠢ ᠭᠦᠢ᠍ᠴᠡᠳᠬᠡᠬᠦ ᠬᠡᠷᠡᠭᠲᠡᠢ ᠃

      (ᠶᠢᠰᠦ)  ᠲᠥᠷᠥᠯ ᠵᠦᠢ᠍ᠯ᠎ᠤᠨ ᠲᠣᠬᠢᠷᠠᠭᠤᠯᠤᠯᠲᠠ ᠵᠢᠨ ᠲᠠᠰ ᠳᠠᠷᠠᠭ᠋ᠠᠯᠠᠯ᠎ᠢ ᠵᠢᠷᠤᠮᠵᠢᠭᠤᠯᠤᠨ ᠭᠦᠢ᠍ᠴᠡᠳᠬᠡᠨ᠎ᠡ ᠃ ᠬᠢᠨᠠᠨ ᠵᠥᠪᠰᠢᠶᠡᠷᠡᠬᠦ ᠂  ᠬᠠᠷᠭᠤᠭᠤᠯᠤᠨ ᠵᠥᠪᠰᠢᠶᠡᠷᠡᠬᠦ ᠪᠤᠶᠤ ᠪᠦᠷᠢᠳᠬᠡᠨ ᠳᠠᠩᠰᠠᠯᠠᠭᠤᠯᠬᠤ ᠭᠠᠷᠳᠠᠮ᠎ᠢ  ᠨᠢᠭᠡᠨᠲᠡ ᠪᠡᠶᠡᠯᠡᠭᠦᠯᠦᠭᠰᠡᠨ ᠣᠨᠴᠠ ᠵᠥᠪᠰᠢᠶᠡᠷᠡᠯ᠎ᠲᠠᠢ ᠡᠵᠡᠩᠨᠡᠯᠲᠡ ᠵᠢᠨ ᠲᠥᠷᠥᠯ ᠵᠦᠢ᠍ᠯ᠎ᠳᠤ ᠂  ᠬᠡᠷᠪᠡ ᠪᠦᠲᠦᠭᠡᠨ ᠪᠠᠶ᠋ᠢᠭᠤᠯᠬᠤ ᠭᠠᠵᠠᠷ ᠵᠶ᠋ᠠᠨ ᠬᠤᠪᠢᠷᠠᠭ᠋ᠠᠬᠤ ᠂  ᠭᠣᠣᠯ ᠪᠣᠯᠬᠤ ᠪᠦᠲᠦᠭᠡᠨ ᠪᠠᠶ᠋ᠢᠭᠤᠯᠬᠤ ᠠᠭᠤᠯᠭ᠎ᠠ᠎ᠳᠤ ᠲᠣᠬᠢᠷᠠᠭᠤᠯᠤᠯᠲᠠ ᠬᠢᠬᠦ ᠂  ᠪᠦᠲᠦᠭᠡᠨ ᠪᠠᠶ᠋ᠢᠭᠤᠯᠬᠤ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠵᠡᠷᠭᠡ ᠴᠢᠬᠤᠯᠠ ᠶᠡᠬᠡ ᠪᠠᠢ᠌ᠳᠠᠯ ᠭᠠᠷᠪᠠᠯ ᠂  ᠲᠥᠷᠥᠯ ᠵᠦᠢ᠍ᠯ᠎ᠤᠨ ᠨᠢᠭᠡᠴᠢ᠎ᠨᠢ  ᠤᠤᠯ᠎ᠤᠨ ᠬᠢᠨᠠᠨ ᠵᠥᠪᠰᠢᠶᠡᠷᠡᠭᠰᠡᠨ ᠂  ᠬᠠᠷᠭᠤᠭᠤᠯᠤᠨ ᠵᠥᠪᠰᠢᠶᠡᠷᠡᠭᠰᠡᠨ ᠪᠠᠢ᠌ᠭᠤᠯᠭ᠎ᠠ᠎ᠳᠤ ᠮᠡᠳᠡᠭᠦᠯᠦᠨ ᠲᠥᠷᠥᠯ ᠵᠦᠢ᠍ᠯ᠎ᠢ ᠬᠢᠨᠠᠨ ᠬᠠᠷᠭᠤᠭᠤᠯᠬᠤ ᠲᠠᠰ ᠳᠠᠷᠠᠭ᠋ᠠᠯᠠᠯ᠎ᠢ ᠳᠠᠭᠢᠵᠤ ᠭᠦᠢ᠍ᠴᠡᠳᠬᠡᠯᠭᠡᠵᠦ ᠂  ᠴᠢᠬᠤᠯᠠ᠎ᠲᠠᠢ  ᠦᠶ᠎ᠡ᠎ᠳᠤ ᠲᠥᠷᠥᠯ ᠵᠦᠢ᠍ᠯ᠎ᠢ ᠬᠡᠷᠡᠭᠵᠢᠭᠦᠯᠬᠦ ᠪᠠᠢ᠌ᠭᠤᠯᠤᠮᠵᠢ᠎ᠨᠢ  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠵᠠᠭᠪᠤᠷ᠎ᠤᠨ ᠪᠣᠯᠣᠮᠵᠢᠲᠤ ᠴᠢᠨᠠᠷ᠎ᠤᠨ ᠨᠤᠲᠠᠯᠠᠯᠲᠠ ᠬᠢᠬᠦ ᠪᠠ ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠲᠥᠰᠥᠯ᠎ᠢ ᠬᠢᠨᠠᠨ ᠬᠠᠷᠭᠤᠭᠤᠯᠬᠤ ᠠᠵᠢᠯ᠎ᠢ ᠥᠷᠨᠢᠭᠦᠯᠬᠦ᠎ᠪᠠᠷ ᠳᠠᠭᠢᠵᠤ ᠭᠤᠶᠤᠴᠢᠯᠠᠬᠤ ᠬᠡᠷᠡᠭᠲᠡᠢ ᠃ ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠢ ᠲᠣᠭᠲᠠᠭ᠋ᠠᠭᠰᠠᠨ᠎ᠤ ᠳᠠᠷᠠᠭ᠎ᠠ ᠂  ᠬᠡᠷᠪᠡ ᠡᠮᠦᠨᠡᠬᠢ ᠬᠤᠭᠤᠴᠠᠭ᠋ᠠᠨ᠎ᠤ ᠬᠢᠨᠠᠨ ᠵᠥᠪᠰᠢᠶᠡᠷᠡᠬᠦ ᠂  ᠭᠠᠵᠠᠷ ᠬᠡᠷᠡᠭᠯᠡᠬᠦ ᠂  ᠲᠥᠯᠥᠪᠵᠢᠭᠦᠯᠬᠦ ᠵᠡᠷᠭᠡ ᠭᠠᠷᠳᠠᠮ᠎ᠢ ᠭᠦᠢ᠍ᠴᠡᠳᠬᠡᠬᠦ ᠦᠶ᠎ᠡ ᠵᠢᠨ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠯᠦᠭᠡ ᠨᠢᠭᠡᠳᠦᠯ ᠦᠭᠡᠢ ᠪᠠᠢ᠌ᠪᠠᠯ ᠂  ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠢ ᠬᠤᠪᠢᠷᠠᠭ᠋ᠠᠬᠤ ᠭᠠᠷᠳᠠᠮ ᠵᠶ᠋ᠡᠨ ᠬᠠᠤᠯᠢ ᠶᠣᠰᠣᠭ᠋ᠠᠷ ᠭᠦᠢ᠍ᠴᠡᠳᠬᠡᠵᠦ ᠂  ᠲᠥᠷᠥᠯ ᠵᠦᠢ᠍ᠯ᠎ᠢ ᠬᠡᠷᠡᠭᠵᠢᠭᠦᠯᠬᠦ ᠪᠠᠢ᠌ᠭᠤᠯᠤᠮᠵᠢ᠎ᠠᠴᠠ  ᠴᠢᠬᠤᠯᠠ ᠪᠦᠬᠦᠢ ᠳᠡᠮᠵᠢᠯᠭᠡ ᠪᠠ ᠲᠥᠬᠥᠮ ᠦᠵᠡᠭᠦᠯᠬᠦ ᠬᠡᠷᠡᠭᠲᠡᠢ ᠃

      (ᠠᠷᠪᠠ)  ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠦᠯᠲᠡ᠎ᠳᠠᠬᠢ  ᠬᠠᠮᠢᠶᠠᠷᠤᠯᠲᠠ ᠵᠢ ᠴᠢᠩᠳᠠᠯᠠᠨ᠎ᠠ ᠃ ᠣᠨᠴᠠ ᠵᠥᠪᠰᠢᠶᠡᠷᠡᠯ᠎ᠲᠠᠢ  ᠡᠵᠡᠩᠨᠡᠭᠴᠢ᠎ᠨᠢ  ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠭᠦᠨᠵᠡᠭᠡᠢ ᠪᠥᠭᠡᠳ ᠪᠣᠳᠠᠲᠠᠢ ᠬᠢᠵᠦ ᠂  ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠰᠥᠯ᠎ᠢ ᠰᠢᠯᠢᠳᠡᠭᠵᠢᠭᠦᠯᠵᠦ ᠂  ᠪᠠᠷᠢᠯᠭ᠎ᠠ ᠵᠢᠨ ᠬᠤᠭᠤᠴᠠᠭ᠎ᠠ ᠵᠢ ᠵᠦᠢ ᠵᠣᠬᠢᠰᠲᠠᠢ ᠲᠣᠬᠢᠷᠠᠭᠤᠯᠤᠨ ᠂  ᠪᠠᠷᠢᠯᠭ᠎ᠠ ᠵᠢᠨ ᠦᠨ᠎ᠡ ᠵᠢ ᠪᠦᠲᠦᠮᠵᠢᠲᠡᠶ ᠡᠵᠡᠮᠳᠡᠵᠦ ᠂  ᠪᠠᠷᠢᠯᠭ᠎ᠠ ᠵᠢᠨ ᠶᠠᠰᠤ ᠴᠢᠨᠠᠷ᠎ᠢ ᠪᠠᠲᠤᠯᠠᠨ ᠂  ᠡᠵᠡᠩᠨᠡᠯᠲᠡ ᠵᠢᠨ ᠪᠡᠯᠡᠳᠬᠡᠯ ᠠᠵᠢᠯ᠎ᠢ ᠰᠠᠢ᠌ᠲᠤᠷ ᠬᠢᠬᠦ ᠬᠡᠷᠡᠭᠲᠡᠢ ᠃ ᠭᠠᠵᠠᠷ ᠰᠢᠨᠵᠢᠯᠡᠭᠡᠨ᠎ᠤ ᠨᠥᠬᠥᠴᠡᠯ ᠪᠤᠳᠤᠯᠢᠶᠠᠨᠲᠠᠢ ᠂  ᠪᠠᠷᠢᠯᠭ᠎ᠠ ᠪᠠᠷᠢᠬᠤ ᠲᠦᠭᠰᠢᠭᠦᠷᠢ ᠨᠡᠯᠢᠶᠡᠳ ᠶᠡᠬᠡ ᠂  ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ᠎ᠳᠤ ᠬᠦᠴᠢᠷᠲᠡᠢ ᠲᠥᠷᠥᠯ ᠵᠦᠢ᠍ᠯ᠎ᠳᠤ  ᠬᠠᠢ᠌ᠨ ᠪᠠᠢ᠌ᠴᠠᠭ᠋ᠠᠬᠤ ᠪᠠ ᠪᠠᠷᠢᠯᠭ᠎ᠠ ᠪᠠᠷᠢᠬᠤ ᠵᠢᠷᠤᠭ ᠲᠥᠯᠥᠪᠯᠡᠭᠡ᠎ᠪᠠᠨ ᠲᠡᠭᠦᠯᠳᠡᠷᠵᠢᠭᠦᠯᠦᠨ ᠂  ᠪᠦᠲᠦᠭᠡᠨ ᠪᠠᠢ᠌ᠭᠤᠯᠤᠯᠲᠠ ᠵᠢᠨ ᠲᠦᠭᠰᠢᠭᠦᠷᠢ ᠵᠢ ᠡᠵᠡᠮᠳᠡᠬᠦ᠎ᠪᠠᠨ ᠴᠢᠩᠭ᠋ᠠᠷᠠᠭᠤᠯᠵᠤ ᠂  ᠬᠠᠭ᠋ᠠᠰ ᠳᠤᠲᠠᠭᠤ ᠲᠥᠷᠥᠯ ᠵᠦᠢ᠍ᠯ ᠪᠣᠯᠬᠣ᠎ᠠᠴᠠ ᠰᠡᠷᠭᠡᠢ᠌ᠯᠡᠬᠦ ᠬᠡᠷᠡᠭᠲᠡᠢ ᠃ ᠲᠥᠷᠥᠯ ᠵᠦᠢ᠍ᠯ᠎ᠢ ᠪᠠᠢ᠌ᠭᠤᠯᠵᠤ ᠳᠠᠭᠤᠰᠬᠠᠭᠰᠠᠨ᠎ᠤ ᠳᠠᠷᠠᠭ᠎ᠠ ᠂  ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠬᠤᠷᠢᠶᠠᠵᠤ ᠠᠪᠬᠤ ᠪᠠ ᠲᠤᠰᠬᠠᠢ ᠵᠦᠢ᠍ᠯ ᠵᠶ᠋ᠡᠷ ᠰᠢᠯᠭ᠋ᠠᠨ ᠬᠤᠷᠢᠶᠠᠵᠤ ᠠᠪᠬᠤ ᠠᠵᠢᠯ᠎ᠢ ᠬᠠᠤᠯᠢ ᠲᠣᠭᠲᠠᠭ᠋ᠠᠯ ᠶᠣᠰᠣᠭ᠋ᠠᠷ ᠴᠠᠭ ᠲᠤᠬᠠᠢ ᠎ᠳᠤ᠎ᠨᠢ  ᠵᠣᠬᠢᠶᠠᠨ ᠪᠠᠶ᠋ᠢᠭᠤᠯᠬᠤ ᠬᠡᠷᠡᠭᠲᠡᠢ ᠃ ᠲᠤᠷᠰᠢᠨ ᠠᠵᠢᠯᠯᠠᠭᠤᠯᠬᠤ ᠪᠤᠶᠤ ᠲᠤᠷᠰᠢᠨ ᠡᠵᠡᠩᠨᠡᠬᠦ   ᠴᠢᠬᠤᠯᠠᠲᠠᠢ ᠲᠥᠷᠥᠯ ᠵᠦᠢ᠍ᠯ᠎ᠢ ᠲᠤᠷᠰᠢᠨ ᠠᠵᠢᠯᠯᠠᠭᠤᠯᠬᠤ ᠪᠤᠶᠤ ᠲᠤᠷᠰᠢᠨ ᠡᠵᠡᠩᠨᠡᠬᠦ᠎ᠠᠴᠠ᠎ᠨᠢ  ᠡᠮᠦᠨ᠎ᠡ ᠵᠣᠬᠢᠬᠤ ᠱᠠᠭ᠋ᠠᠷᠳᠠᠯᠭ᠎ᠠ᠎ᠳᠤ ᠨᠡᠢ᠌ᠴᠡᠭᠦᠯᠬᠦ ᠵᠢᠨ ᠬᠠᠮᠲᠤ ᠲᠤᠷᠰᠢᠨ ᠠᠵᠢᠯᠯᠠᠭᠤᠯᠬᠤ ᠪᠤᠶᠤ ᠲᠤᠷᠰᠢᠨ ᠡᠵᠡᠩᠨᠡᠬᠦ ᠵᠥᠪᠰᠢᠶᠡᠷᠡᠯ᠎ᠢ ᠣᠯᠣᠭᠰᠠᠨ ᠪᠠᠢ᠌ᠬᠤ ᠬᠡᠷᠡᠭᠲᠡᠢ ᠃

      (ᠠᠷᠪᠠᠨ ᠨᠢᠭᠡ)  ᠡᠵᠡᠩᠨᠡᠯᠲᠡ ᠵᠢᠨ ᠬᠢᠨᠠᠯᠲᠠ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠨ᠎ᠠ ᠃ ᠲᠥᠷᠥᠯ ᠵᠦᠢ᠍ᠯ᠎ᠢ ᠬᠡᠷᠡᠭᠵᠢᠭᠦᠯᠬᠦ ᠪᠠᠢ᠌ᠭᠤᠯᠤᠮᠵᠢ᠎ᠨᠢ  ᠲᠥᠷᠥᠯ ᠵᠦᠢ᠍ᠯ᠎ᠤᠨ ᠡᠵᠡᠩᠨᠡᠯᠲᠡ ᠵᠢᠨ ᠦᠨᠡᠯᠡᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ ᠂  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠵᠥᠪᠯᠡᠯᠴᠡᠭᠡᠷ᠎ᠢ ᠬᠤᠪᠢᠷᠠᠭ᠋ᠠᠬᠤ ᠪᠠ ᠲᠥᠷᠥᠯ ᠵᠦᠢ᠍ᠯ᠎ᠢ ᠰᠢᠯᠵᠢᠭᠦᠯᠦᠨ ᠲᠤᠰᠢᠶᠠᠬᠤ ᠵᠡᠷᠭᠡ ᠠᠵᠢᠯ᠎ᠢ ᠵᠢᠷᠤᠮᠵᠢᠭᠤᠯᠤᠨ ᠥᠷᠨᠢᠭᠦᠯᠵᠦ ᠂  ᠮᠡᠳᠡᠭᠡ ᠵᠠᠩᠭᠢ ᠵᠢ ᠢᠯᠡ ᠨᠡᠢ᠌ᠲᠡᠯᠡᠬᠦ ᠪᠠᠢ᠌ᠩᠭᠤᠵᠢᠭᠰᠠᠨ ᠲᠣᠭᠲᠠᠴᠠ ᠵᠢ ᠪᠠᠶ᠋ᠢᠭᠤᠯᠬᠤ ᠬᠡᠷᠡᠭᠲᠡᠢ ᠃ ᠬᠡᠷᠪᠡ ᠬᠠᠤᠯᠢ ᠲᠣᠭᠲᠠᠭ᠋ᠠᠯ᠎ᠠᠴᠠ  ᠵᠥᠷᠢᠴᠡᠭᠰᠡᠨ ᠪᠠ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠣᠷᠣᠰᠢᠵᠤ ᠪᠠᠢ᠌ᠪᠠᠯ ᠂  ᠬᠣᠯᠪᠣᠭᠳᠠᠯ ᠪᠦᠬᠦᠢ ᠲᠠᠯ᠎ᠠ ᠵᠢᠨ᠎ᠬᠢᠨ ᠬᠠᠤᠯᠢ ᠲᠣᠭᠲᠠᠭ᠋ᠠᠯ ᠶᠣᠰᠣᠭ᠋ᠠᠷ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠬᠤ ᠵᠢᠨ ᠬᠠᠮᠲᠤ ᠰᠢᠢ᠍ᠳᠬᠡᠨ ᠲᠣᠷᠭ᠋ᠠᠬᠤ ᠬᠡᠷᠡᠭᠲᠡᠢ ᠃ ᠪᠤᠢ ᠪᠦᠬᠦᠢ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠦᠷᠣᠯ ᠵᠦᠢ᠍ᠯ᠎ᠢ ᠪᠦᠬᠦ ᠤᠯᠤᠰ᠎ᠤᠨ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠦᠷᠣᠯ ᠵᠦᠢ᠍ᠯ᠎ᠤᠨ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠭᠤᠯᠬᠤ ᠵᠢᠨ ᠬᠠᠮᠲᠤ ᠂  ᠲᠦᠷᠣᠯ ᠵᠦᠢ᠍ᠯ᠎ᠤᠨ ᠠᠬᠢᠴᠠ ᠵᠢᠨ ᠪᠠᠢ᠌ᠳᠠᠯ᠎ᠢ ᠱᠠᠭ᠋ᠠᠷᠳᠠᠯᠭ᠎ᠠ ᠶᠣᠰᠣᠭ᠋ᠠᠷ ᠴᠠᠭ ᠲᠤᠬᠠᠢ᠎ᠳᠤ᠎ᠨᠢ  ᠲᠠᠭᠯᠠᠨ ᠮᠡᠳᠡᠭᠦᠯᠬᠦ ᠬᠡᠷᠡᠭᠲᠡᠢ ᠃ ᠲᠦᠷᠣᠯ ᠵᠦᠢ᠍ᠯ᠎ᠢ ᠲᠠᠭᠯᠠᠨ ᠮᠡᠳᠡᠭᠦᠯᠬᠦ ᠨᠢᠭᠡᠴᠢ᠎ᠨᠢ  ᠡᠯ᠎ᠡ ᠱᠠᠲᠤᠨ᠎ᠤ ᠰᠦᠯᠵᠢᠶᠡᠨ᠎ᠳᠠᠬᠢ ᠬᠢᠨᠠᠨ ᠵᠥᠪᠰᠢᠶᠡᠷᠡᠬᠦ ᠲᠠᠪᠴᠠᠩ᠎ᠳᠤ ᠲᠦᠰᠢᠭᠯᠡᠨ ᠲᠥᠷᠥᠯ ᠵᠦᠢ᠍ᠯ᠎ᠤᠨ ᠣᠷᠣᠯᠠᠬᠤ ᠨᠣᠮᠧᠷ᠎ᠢ ᠠᠪᠴᠤ ᠂  ᠲᠥᠷᠥᠯ ᠵᠦᠢ᠍ᠯ᠎ᠤᠨ ᠮᠡᠳᠡᠭᠡ ᠵᠠᠩᠭᠢ ᠵᠢ ᠪᠥᠬᠥ ᠲᠠᠯ᠎ᠠ᠎ᠪᠠᠷ ᠂  ᠣᠨᠣᠪᠴᠢᠲᠠᠶ ᠂  ᠴᠠᠭ ᠲᠤᠬᠠᠢ᠎ᠳᠤ᠎ᠨᠢ  ᠲᠠᠭᠯᠠᠨ ᠮᠡᠳᠡᠭᠦᠯᠬᠦ ᠬᠡᠷᠡᠭᠲᠡᠢ ᠃ ᠬᠡᠷᠡᠭᠵᠢᠭᠦᠯᠬᠦ ᠪᠠᠢ᠌ᠭᠤᠯᠤᠮᠵᠢ᠎ᠨᠢ  ᠣᠨᠴᠠ ᠵᠥᠪᠰᠢᠶᠡᠷᠡᠯ᠎ᠲᠠᠢ  ᠡᠵᠡᠩᠨᠡᠭᠴᠢ (ᠲᠥᠷᠥᠯ ᠵᠦᠢ᠍ᠯ᠎ᠤᠨ ᠺᠣᠮᠫᠠᠨᠢ) ᠵᠢᠨ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠵᠢ ᠬᠢᠨᠠᠨ ᠬᠠᠷᠭᠤᠭᠤᠯᠵᠤ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ  ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠵᠢ ᠳᠠᠬᠢᠨ ᠬᠢᠨᠠᠬᠤ ᠬᠡᠷᠡᠭᠲᠡᠢ ᠃

       ᠭᠤᠷᠪᠠ ᠂  ᠠᠢ᠌ᠮᠠᠭ ᠬᠣᠲᠠ ᠂  ᠬᠣᠰᠢᠭᠤ ᠰᠢᠶᠠᠨ᠎ᠤ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠳᠤ  ᠱᠠᠲᠤ ᠳᠡᠪᠰᠢᠭᠦᠯᠵᠦ ᠳᠠᠬᠢᠨ ᠬᠢᠨᠠᠭᠤᠯᠬᠤ ᠵᠢ ᠬᠡᠷᠡᠭᠵᠢᠭᠦᠯᠦᠨ᠎ᠡ

      (ᠠᠷᠪᠠᠨ ᠬᠣᠶᠠᠷ) ᠱᠠᠲᠤ ᠳᠡᠪᠰᠢᠭᠦᠯᠵᠦ ᠳᠠᠬᠢᠨ ᠬᠢᠨᠠᠭᠤᠯᠬᠤ ᠵᠢ ᠬᠡᠷᠡᠭᠵᠢᠭᠦᠯᠦᠨ᠎ᠡ ᠃ ᠪᠥᠬᠥ ᠣᠷᠣᠨ᠎ᠤ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠢ ᠴᠥᠮ ᠰᠢᠨ᠎ᠡ ᠲᠣᠭᠲᠠᠴᠠ ᠵᠢᠨ ᠱᠠᠭ᠋ᠠᠷᠳᠠᠯᠭ᠎ᠠ᠎ᠳᠤ ᠨᠡᠢ᠌ᠴᠡᠭᠦᠯᠵᠦ ᠂  ᠵᠢᠷᠤᠮᠵᠢᠭᠤᠯᠤᠨ ᠬᠥᠭᠵᠢᠭᠦᠯᠵᠦ ᠂  ᠢᠯᠡ᠎ᠪᠠᠷ ᠠᠵᠢᠯᠯᠠᠭᠤᠯᠬᠤ ᠵᠢ ᠠᠬᠢᠭᠤᠯᠬᠤ ᠵᠢᠨ ᠲᠤᠰᠠᠳᠠ ᠂  ᠠᠢ᠌ᠮᠠᠭ ᠬᠣᠲᠠ ᠂  ᠬᠣᠰᠢᠭᠤ ᠰᠢᠶᠠᠨ (ᠬᠣᠲᠠ ᠂  ᠲᠣᠭᠣᠷᠢᠭ)᠎ᠤ ᠬᠡᠷᠡᠭᠵᠢᠭᠦᠯᠬᠦ᠎ᠪᠠᠷ ᠪᠠᠢ᠌ᠭ᠎ᠠ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠢ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠢᠨᠠᠨ ᠲᠣᠭᠲᠠᠭ᠋ᠠᠬᠤ ᠶᠠᠪᠤᠴᠠ᠎ᠳᠤ ᠂  ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠲᠥᠰᠥᠯ ᠵᠶ᠋ᠠᠨ  ᠵᠡᠷᠭᠡ᠎ᠳᠤ᠎ᠨᠢ  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠮᠡᠳᠡᠭᠦᠯᠵᠦ ᠳᠠᠬᠢᠨ ᠬᠢᠨᠠᠭᠤᠯᠬᠤ ᠠᠵᠢᠯ᠎ᠢ ᠥᠷᠨᠢᠭᠦᠯᠦᠨ᠎ᠡ ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠲᠦᠷᠦᠭᠦᠯᠡᠵᠦ ᠂  ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂  ᠬᠣᠯᠪᠣᠭᠳᠠᠯ ᠪᠦᠬᠦᠢ ᠠᠵᠢᠯ ᠲᠥᠷᠥᠯ (ᠲᠤᠬᠠᠢ᠌ᠯᠠᠭᠰᠠᠨ ᠠᠵᠢᠯ)᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠯᠴᠠᠨ ᠂ 《  ᠢᠷᠡᠮᠡᠭᠴᠡ ᠳᠠᠷᠤᠢ᠌ᠬᠠᠨ ᠭᠦᠢ᠍ᠴᠡᠳᠬᠡᠬᠦ》 ᠵᠠᠷᠴᠢᠮ ᠵᠶ᠋ᠠᠷ ᠣᠨᠴᠠ ᠵᠥᠪᠰᠢᠶᠡᠷᠡᠯ᠎ᠲᠠᠢ  ᠡᠵᠡᠩᠨᠡᠯᠲᠡ ᠵᠢᠨ ᠲᠥᠰᠥᠯ᠎ᠢ ᠳᠠᠬᠢᠨ ᠬᠢᠨᠠᠬᠤ ᠠᠵᠢᠯ᠎ᠢ ᠬᠠᠷᠢᠭᠤᠴᠠᠵᠤ ᠂  ᠨᠥᠬᠥᠴᠡᠯ᠎ᠳᠤ ᠨᠡᠢ᠌ᠴᠡᠭᠰᠡᠨ᠎ᠤ ᠳᠠᠷᠠᠭ᠎ᠠ ᠲᠥᠷᠥᠯ ᠵᠦᠢ᠍ᠯ᠎ᠢ ᠬᠡᠷᠡᠭᠵᠢᠭᠦᠯᠬᠦ ᠪᠠᠢ᠌ᠭᠤᠯᠤᠮᠵᠢ᠎ᠨᠢ  ᠲᠠᠷᠠᠭ᠋ᠠᠴᠢ ᠵᠢᠨ ᠠᠵᠢᠯ ᠵᠶ᠋ᠡᠨ  ᠠᠬᠢᠭᠤᠯᠵᠤ ᠪᠣᠯᠣᠨ᠎ᠠ ᠃ ᠳᠠᠬᠢᠨ ᠬᠢᠨᠠᠬᠤ ᠶᠠᠪᠤᠴᠠ᠎ᠳᠤ ᠂  ᠴᠢᠬᠤᠯᠠ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ  ᠴᠠᠭ ᠲᠤᠬᠠᠢ᠎ᠳᠤ᠎ᠨᠢ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠢ;  ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠪᠠ ᠲᠥᠷᠥᠯ ᠵᠦᠢ᠍ᠯ᠎ᠢ ᠬᠡᠷᠡᠭᠵᠢᠭᠦᠯᠬᠦ᠎ᠳᠤ ᠲᠣᠳᠣᠷᠬᠠᠢ᠌ᠯᠠᠬᠤ ᠴᠢᠬᠤᠯᠠᠲᠠᠢ ᠵᠦᠢ᠍ᠯᠡᠰ ᠲᠤᠯᠭ᠋ᠠᠷᠠᠪᠠᠯ ᠂  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ  ᠴᠠᠭ ᠲᠤᠬᠠᠢ᠎ᠳᠤ᠎ᠨᠢ  ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠠᠰᠠᠭᠤᠨ ᠯᠠᠪᠯᠠᠬᠤ ᠬᠡᠷᠡᠭᠲᠡᠢ ᠃

 

2024 ᠣᠨ᠎ᠤ 7 ᠳ᠋ᠤᠭ᠋ᠠᠷ ᠰᠠᠷ᠎ᠠ ᠵᠢᠨ 5᠎ᠤ ᠡᠳᠦᠷ        

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

 

 

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

      2024 ᠣᠨ᠎ᠤ 7 ᠳ᠋ᠤᠭ᠋ᠠᠷ ᠰᠠᠷ᠎ᠠ ᠵᠢᠨ 5᠎ᠤ ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ