ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [ 2023 ] 22 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯ᠎ᠤᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯ᠎ᠤᠨ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ᠎ᠲᠠᠢ᠎ᠪᠠᠨ ᠤᠶᠠᠯᠳᠤᠭᠤᠯᠤᠨ ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ ᠃
2023 ᠣᠨ᠎ᠤ 2 ᠳ᠋ᠤᠭ᠋ᠠᠷ ᠰᠠᠷ᠎ᠠ ᠵᠢᠨ 26᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯ᠎ᠤᠨ ᠲᠥᠰᠥᠯ
《ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯᠯᠠᠭ᠋ᠠᠨ᠎ᠤ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ 》 (ᠲᠥᠷᠥ ᠠᠯᠪᠠᠨ ᠲᠠᠷᠬᠠᠭ᠋ᠠᠭᠰᠠᠨ [ 2022] 15 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠪᠥᠬᠥ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ ᠪᠠ ᠠᠷᠠᠳ ᠲᠦᠮᠡᠨ᠎ᠤ ᠡᠷᠡᠭᠦᠯ ᠮᠡᠨᠳᠦ ᠵᠢ ᠪᠠᠲᠤᠯᠠᠵᠤ ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠨᠡᠩ ᠥᠨᠳᠥᠷ ᠪᠠᠷᠢᠮᠵᠢᠶ᠎ᠠ᠎ᠪᠠᠷ ᠭᠦᠨᠵᠡᠭᠡᠢ ᠰᠠᠢ᠌ᠲᠤᠷ ᠪᠡᠶᠡᠯᠡᠭᠦᠯᠬᠦ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ ᠂ ᠲᠣᠰ ᠲᠥᠰᠥᠯ᠎ᠢ ᠲᠣᠭᠲᠠᠭ᠋ᠠᠪᠠ ᠃
ᠨᠢᠭᠡ ᠂ ᠭᠣᠣᠯ ᠬᠠᠷᠠᠯᠲᠠ
2023 ᠣᠨ ᠪᠣᠯᠬᠤ᠎ᠳᠤ ᠂ ᠪᠥᠬᠥ ᠣᠷᠣᠨ᠎ᠤ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢ ᠪᠡᠶᠡᠯᠡᠭᠦᠯᠵᠦ ᠂ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠵᠦ ᠪᠠᠢ᠌ᠭ᠎ᠠ ᠰᠢᠨ᠎ᠡ ᠪᠣᠬᠢᠷᠲᠤᠯ ᠪᠣᠳᠠᠰ᠎ᠤᠨ ᠦᠢ᠍ᠯᠡᠳᠪᠦᠷᠢᠯᠡᠯ ᠂ ᠬᠡᠷᠡᠭᠯᠡᠯᠲᠡ ᠂ ᠭᠠᠳᠠᠭᠰᠢᠯᠠᠭᠤᠯᠤᠯᠲᠠ ᠵᠢᠨ ᠪᠠᠢ᠌ᠳᠠᠯ᠎ᠢ ᠦᠨᠳᠦᠰᠦᠨ᠎ᠳᠤ᠎ᠪᠠᠨ ᠣᠢ᠌ᠯᠠᠭ᠋ᠠᠨ ᠲᠣᠳᠣᠯᠠᠵᠤ ᠂ ᠬᠠᠮᠢᠶᠠᠷᠤᠨ ᠡᠵᠡᠮᠳᠡᠬᠦ ᠭᠣᠣᠯᠳᠠᠯᠭ᠎ᠠ᠎ᠲᠠᠢ ᠣᠷᠣᠨ ᠪᠦᠰᠡ ᠂ ᠭᠣᠣᠯᠳᠠᠯᠭ᠎ᠠ᠎ᠲᠠᠢ ᠠᠵᠢᠯ ᠲᠥᠷᠥᠯ ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠢ ᠲᠣᠳᠣᠷᠬᠠᠢ ᠲᠣᠭᠲᠠᠭ᠋ᠠᠨ᠎ᠠ ᠃ 2025 ᠣᠨ ᠪᠣᠯᠬᠤ᠎ᠳᠤ ᠂ ᠠᠩᠬᠠᠷᠤᠯ᠎ᠳᠤ ᠶᠡᠬᠡᠳᠡ ᠬᠥᠷᠥᠭᠰᠡᠨ ᠂ ᠦᠢ᠍ᠯᠡᠳᠪᠦᠷᠢᠯᠡᠬᠦ (ᠬᠡᠷᠡᠭᠯᠡᠭᠡ) ᠬᠡᠮᠵᠢᠶ᠎ᠡ ᠶᠡᠬᠡᠲᠡᠢ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢᠨ ᠰᠢᠭᠰᠢᠨ ᠪᠠᠢ᠌ᠴᠠᠭ᠋ᠠᠯᠲᠠ ᠵᠢᠴᠢ ᠨᠢᠭᠡ ᠪᠦᠯᠦᠭ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠪᠡᠶᠡᠯᠡᠭᠦᠯᠵᠦ ᠂ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠵᠦ ᠪᠠᠢ᠌ᠭ᠎ᠠ ᠰᠢᠨ᠎ᠡ ᠪᠣᠬᠢᠷᠲᠤᠯ ᠪᠣᠳᠠᠰ᠎ᠢ ᠴᠠᠭ᠋ᠠᠵᠠᠯᠠᠬᠤ ᠂ ᠬᠢᠵᠠᠭ᠋ᠠᠷᠯᠠᠬᠤ ᠂ ᠭᠠᠳᠠᠭᠰᠢᠯᠠᠭᠤᠯᠬᠤ ᠵᠢ ᠬᠢᠵᠠᠭ᠋ᠠᠷᠯᠠᠬᠤ ᠵᠡᠷᠭᠡ ᠣᠷᠴᠢᠨ ᠲᠣᠭᠣᠷᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ ; ᠬᠣᠣᠷ ᠬᠥᠨᠥᠭᠡᠯ᠎ᠲᠠᠢ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠂ ᠰᠠᠭᠤᠷᠢ ᠴᠢᠳᠠᠪᠤᠷᠢ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ ᠂ ᠰᠢᠨ᠎ᠡ ᠪᠣᠬᠢᠷᠲᠤᠯ ᠪᠣᠳᠠᠰ᠎ᠢ ᠪᠠᠢ᠌ᠴᠠᠭ᠋ᠠᠬᠤ ᠂ ᠬᠢᠨᠠᠨ ᠬᠡᠮᠵᠢᠬᠦ ᠂ ᠰᠢᠭᠰᠢᠨ ᠪᠠᠢ᠌ᠴᠠᠭ᠋ᠠᠬᠤ ᠂ ᠦᠨᠡᠯᠡᠨ ᠵᠢᠱ᠌ᠢᠬᠦ ᠂ ᠬᠠᠮᠢᠶᠠᠷᠤᠨ ᠡᠵᠡᠮᠳᠡᠬᠦ ᠂ ᠵᠠᠰᠠᠯᠲᠠ ᠬᠢᠬᠦ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ ᠃
ᠬᠣᠶᠠᠷ ᠂ ᠠᠵᠢᠯᠯᠠᠬᠤ ᠠᠷᠭ᠎ᠠ ᠠᠪᠴᠠᠯ
(ᠨᠢᠭᠡ) ᠰᠢᠨ᠎ᠡ ᠪᠣᠬᠢᠷᠲᠤᠯ ᠪᠣᠳᠠᠰ᠎ᠤᠨ ᠪᠠᠢ᠌ᠴᠠᠭ᠋ᠠᠯᠲᠠ ᠬᠢᠨᠠᠨ ᠬᠡᠮᠵᠢᠯᠲᠡ ᠪᠠ ᠣᠷᠴᠢᠨ ᠲᠣᠭᠣᠷᠢᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠥᠷᠨᠢᠭᠦᠯᠦᠨ᠎ᠡ ᠃
1. ᠤᠯᠤᠰ᠎ᠤᠨ ᠠᠵᠢᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ ᠂ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢ ᠥᠷᠨᠢᠭᠦᠯᠦᠨ᠎ᠡ ᠃ ᠤᠯᠤᠰ᠎ᠤᠨ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠦᠨᠳᠦᠰᠦᠨ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢᠨ ᠱᠠᠭ᠋ᠠᠷᠳᠠᠯᠭ᠎ᠠ ᠶᠣᠰᠣᠭ᠋ᠠᠷ ᠂ ᠭᠣᠣᠯᠳᠠᠯᠭ᠎ᠠ᠎ᠲᠠᠢ ᠠᠵᠢᠯ ᠲᠥᠷᠥᠯ᠎ᠳᠠᠬᠢ ᠭᠣᠣᠯᠳᠠᠯᠭ᠎ᠠ᠎ᠲᠠᠢ ᠬᠢᠮᠢ ᠵᠢᠨ ᠪᠣᠳᠠᠰ᠎ᠤᠨ ᠦᠢ᠍ᠯᠡᠳᠪᠦᠷᠢᠯᠡᠯ ᠬᠡᠷᠡᠭᠯᠡᠭᠡᠨ᠎ᠤ ᠲᠥᠷᠥᠯ ᠵᠦᠢ᠍ᠯ ᠂ ᠲᠣᠭ᠎ᠠ ᠬᠡᠮᠵᠢᠶ᠎ᠡ ᠂ ᠬᠡᠷᠡᠭᠴᠡᠭᠡ ᠵᠡᠷᠭᠡ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢ ᠱᠠᠲᠤ ᠬᠤᠪᠢᠶᠠᠨ ᠥᠷᠨᠢᠭᠦᠯᠦᠨ᠎ᠡ ᠃ ᠪᠠᠢ᠌ᠴᠠᠭ᠋ᠠᠯᠲᠠ ᠬᠢᠭᠰᠡᠨ ᠦᠷ᠎ᠡ ᠳ᠋ᠦᠩ᠎ᠢ ᠦᠨᠳᠦᠰᠦᠯᠡᠨ ᠂ ᠤᠯᠤᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢ ᠤᠷᠢᠳ ᠵᠶ᠋ᠠᠷ ᠦᠨᠡᠯᠡᠨ ᠵᠢᠱ᠌ᠢᠬᠦ ᠲᠥᠯᠥᠪᠯᠡᠭᠡ᠎ᠳᠤ ᠵᠢᠭᠰᠠᠭ᠋ᠠᠭᠳᠠᠭᠰᠠᠨ ᠬᠢᠮᠢ ᠵᠢᠨ ᠪᠣᠳᠠᠰ᠎ᠲᠤ ᠬᠣᠯᠪᠣᠭᠳᠠᠯ ᠪᠦᠬᠦᠢ ᠦᠢ᠍ᠯᠡᠳᠪᠦᠷᠢᠯᠡᠬᠦ ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠂ ᠣᠷᠴᠢᠨ ᠲᠣᠭᠣᠷᠢᠨ᠎ᠳᠤ ᠭᠠᠳᠠᠭᠰᠢᠯᠠᠭᠤᠯᠬᠤ ᠲᠣᠭ᠎ᠠ ᠬᠡᠮᠵᠢᠶ᠎ᠡ ᠵᠢᠴᠢ ᠠᠷᠭ᠎ᠠ ᠵᠠᠮ ᠂ ᠬᠣᠣᠷ ᠬᠥᠨᠥᠭᠡᠯ᠎ᠤᠨ ᠣᠨᠴᠠᠭ᠋ᠠᠢ ᠰᠢᠨᠵᠢ ᠂ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠢ᠌ᠯᠠᠯ᠎ᠤᠨ ᠲᠠᠷᠬᠠᠯᠲᠠ ᠵᠢᠨ ᠪᠠᠢ᠌ᠳᠠᠯ ᠵᠡᠷᠭᠡ ᠨᠠᠷᠢᠨ ᠲᠣᠳᠣᠷᠬᠠᠢ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢ ᠤᠯᠠᠮ ᠨᠢᠭᠡ ᠠᠯᠬᠤᠮ ᠥᠷᠨᠢᠭᠦᠯᠦᠨ᠎ᠡ ᠃ 2023 ᠣᠨ᠎ᠤ ᠡᠴᠦᠰ᠎ᠠᠴᠠ ᠡᠮᠦᠨ᠎ᠡ ᠂ ᠬᠢᠮᠢ ᠵᠢᠨ ᠪᠣᠳᠠᠰ᠎ᠤᠨ ᠦᠨᠳᠦᠰᠦᠨ ᠮᠡᠳᠡᠭᠡ ᠵᠠᠩᠭᠢ ᠵᠢᠨ ᠲᠡᠷᠢᠭᠦᠨ ᠡᠭᠡᠯᠵᠢ ᠵᠢᠨ ᠪᠠᠢ᠌ᠴᠠᠭ᠋ᠠᠯᠲᠠ ᠵᠢ ᠪᠡᠶᠡᠯᠡᠭᠦᠯᠦᠨ᠎ᠡ ; ᠠᠮᠢ ᠠᠬᠤᠢ ᠣᠷᠴᠢᠨ ᠲᠣᠭᠣᠷᠢᠨ᠎ᠤ ᠶᠠᠮᠤᠨ ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠲᠣᠪᠴᠢᠶᠠᠨ᠎ᠤ ᠳᠠᠷᠤᠮᠠᠯᠯᠠᠨ ᠲᠠᠷᠬᠠᠭ᠋ᠠᠭᠰᠠᠨ 《ᠨᠢᠭᠡᠳᠦᠭᠡᠷ ᠪᠦᠯᠦᠭ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢ ᠤᠷᠢᠳ ᠵᠶ᠋ᠠᠷ ᠦᠨᠡᠯᠡᠨ ᠵᠢᠱ᠌ᠢᠬᠦ ᠲᠥᠯᠥᠪᠯᠡᠭᠡ》᠎ᠳᠤ ᠵᠢᠭᠰᠠᠭ᠋ᠠᠭᠳᠠᠭᠰᠠᠨ 20 ᠵᠦᠢ᠍ᠯ᠎ᠤᠨ ᠬᠢᠮᠢ ᠵᠢᠨ ᠪᠣᠳᠠᠰ᠎ᠲᠤ ᠤᠯᠤᠰ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠨᠠᠷᠢᠨ ᠲᠣᠳᠣᠷᠬᠠᠢ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢ ᠪᠡᠶᠡᠯᠡᠭᠦᠯᠵᠦ ᠂ ᠪᠥᠬᠥ ᠣᠷᠣᠨ᠎ᠤ ᠭᠣᠣᠯᠳᠠᠯᠭ᠎ᠠ᠎ᠲᠠᠢ ᠠᠵᠢᠯ ᠲᠥᠷᠥᠯ᠎ᠳᠠᠬᠢ ᠬᠣᠣᠷ ᠬᠥᠨᠥᠭᠡᠯ᠎ᠲᠠᠢ ᠬᠢᠮᠢ ᠵᠢᠨ ᠪᠣᠳᠠᠰ᠎ᠤᠨ ᠦᠨᠳᠦᠰᠦᠨ ᠮᠡᠳᠡᠭᠡ ᠵᠠᠩᠭᠢ ᠵᠢᠨ ᠳ᠋ᠠᠢ᠌ᠲ᠋ᠠ ᠬᠥᠮᠥᠷᠭᠡ ᠵᠢ ᠪᠠᠢ᠌ᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠷᠢᠭᠤᠴᠠᠵᠤ ᠂ ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ ᠨᠠᠢ᠌ᠳᠠᠪᠤᠷᠢᠵᠢᠭᠤᠯᠤᠨ᠎ᠠ ᠃ ᠳᠣᠷᠣᠭᠰᠢ ᠪᠦᠷ ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ ᠨᠠᠢ᠌ᠳᠠᠪᠤᠷᠢᠵᠢᠭᠤᠯᠬᠤ ᠴᠢᠬᠤᠯᠠᠲᠠᠢ ᠪᠣᠯᠬᠣᠷ ᠳᠠᠬᠢᠨ ᠵᠢᠭᠰᠠᠭ᠋ᠠᠬᠤ ᠦᠭᠡᠢ)
2. ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭᠲᠠᠯᠴᠠᠭ᠎ᠠ ᠵᠢ ᠪᠦᠷᠢᠨᠰᠢᠭᠦᠯᠵᠦ ᠂ ᠣᠷᠴᠢᠨ ᠲᠣᠭᠣᠷᠢᠨ᠎ᠤ ᠪᠠᠢ᠌ᠴᠠᠭ᠋ᠠᠯᠲᠠ ᠬᠢᠨᠠᠨ ᠬᠡᠮᠵᠢᠯᠲᠡ ᠵᠢ ᠥᠷᠨᠢᠭᠦᠯᠦᠨ᠎ᠡ᠃ ᠪᠥᠬᠥ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠪᠠᠢ᠌ᠴᠠᠭ᠋ᠠᠯᠲᠠ ᠬᠢᠨᠠᠨ ᠬᠡᠮᠵᠢᠯᠲᠡ ᠵᠢᠨ ᠲᠥᠰᠥᠯ᠎ᠢ ᠨᠠᠢ᠌ᠷᠠᠭᠤᠯᠤᠨ ᠵᠣᠬᠢᠶᠠᠵᠤ᠂ ᠣᠳᠣ ᠪᠠᠢ᠌ᠭ᠎ᠠ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠲᠣᠣᠷ ᠰᠦᠯᠵᠢᠶ᠎ᠡ ᠵᠢ ᠭᠦᠢ᠍ᠴᠡᠳ ᠠᠰᠢᠭᠯᠠᠵᠤ᠂ ᠬᠠᠳᠤᠨ ᠭᠣᠣᠯ᠎ᠤᠨ ᠰᠠᠪᠠ ᠭᠠᠵᠠᠷ᠂ 《ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ》 ᠂ ᠲᠥᠪᠯᠡᠷᠡᠭᠰᠡᠨ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ ᠂ ᠨᠡᠢ᠌ᠲᠡᠯᠢᠭ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠵᠡᠷᠭᠡ ᠭᠣᠣᠯᠳᠠᠯᠭ᠎ᠠ᠎ᠲᠠᠢ ᠣᠷᠣᠨ ᠪᠦᠰᠡ ᠂ ᠬᠢᠮᠢ ᠵᠢᠨ ᠠᠵᠤ ᠦᠢ᠍ᠯᠡᠳᠪᠦᠷᠢ ᠂ ᠡᠮ ᠡᠮᠨᠡᠯᠭᠡ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ ᠂ ᠪᠤᠵᠠᠷ ᠤᠰᠤ ᠵᠢ ᠰᠢᠢ᠍ᠳᠪᠦᠷᠢᠯᠡᠬᠦ ᠂ ᠬᠣᠭ ᠨᠣᠪᠰᠢ ᠵᠢ ᠰᠢᠲᠠᠭ᠋ᠠᠬᠤ ᠂ ᠠᠶᠤᠯᠲᠠᠢ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠨ ᠠᠰᠢᠭᠯᠠᠬᠤ ᠵᠡᠷᠭᠡ ᠭᠣᠣᠯᠳᠠᠯᠭ᠎ᠠ᠎ᠲᠠᠢ ᠠᠵᠤ ᠠᠬᠤᠢ᠌ᠯᠠᠯ᠎ᠳᠤ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠪᠠᠢ᠌ᠴᠠᠭ᠋ᠠᠯᠲᠠ ᠬᠢᠨᠠᠨ ᠬᠡᠮᠵᠢᠯᠲᠡ ᠵᠢᠨ ᠲᠤᠷᠰᠢᠯᠲᠠ ᠥᠷᠨᠢᠭᠦᠯᠵᠦ ᠂ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠪᠠᠢ᠌ᠴᠠᠭ᠋ᠠᠯᠲᠠ ᠬᠢᠨᠠᠨ ᠬᠡᠮᠵᠢᠯᠲᠡ ᠵᠢᠨ ᠲᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠪᠠᠢ᠌ᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠷᠢᠭᠤᠴᠠᠨ᠎ᠠ)
3. ᠭᠣᠣᠯᠳᠠᠯᠭ᠎ᠠ᠎ᠲᠠᠢ ᠬᠢᠮᠢ ᠵᠢᠨ ᠪᠣᠳᠠᠰ᠎ᠲᠤ ᠴᠢᠭᠯᠡᠭᠦᠯᠦᠨ ᠂ ᠣᠷᠴᠢᠨ ᠲᠣᠭᠣᠷᠢᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠬᠡᠷᠡᠭᠵᠢᠭᠦᠯᠦᠨ᠎ᠡ ᠃ ᠤᠯᠤᠰ᠎ᠤᠨ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢ ᠤᠷᠢᠳ ᠵᠶ᠋ᠠᠷ ᠦᠨᠡᠯᠡᠨ ᠵᠢᠱ᠌ᠢᠬᠦ ᠲᠥᠯᠥᠪᠯᠡᠭᠡ ᠶᠣᠰᠣᠭ᠋ᠠᠷ ᠂ ᠪᠥᠬᠥ ᠣᠷᠣᠨ᠎ᠤ ᠠᠵᠤ ᠦᠢ᠍ᠯᠡᠰ᠎ᠤᠨ ᠪᠦᠲᠦᠴᠡ ᠵᠢᠨ ᠣᠨᠴᠠᠯᠢᠭ᠎ᠲᠠᠢ ᠤᠶᠠᠯᠳᠤᠭᠤᠯᠤᠨ ᠂ ᠠᠩᠬᠠᠷᠤᠯ᠎ᠳᠤ ᠶᠡᠬᠡᠳᠡ ᠬᠥᠷᠥᠭᠰᠡᠨ ᠂ ᠦᠢ᠍ᠯᠡᠳᠪᠦᠷᠢᠯᠡᠬᠦ (ᠬᠡᠷᠡᠭᠯᠡᠭᠡ) ᠬᠡᠮᠵᠢᠶ᠎ᠡ ᠶᠡᠬᠡᠲᠡᠢ ᠂ ᠣᠷᠴᠢᠨ ᠲᠣᠭᠣᠷᠢᠨ᠎ᠤ ᠪᠠᠢ᠌ᠴᠠᠭ᠋ᠠᠨ ᠭᠠᠷᠭ᠋ᠠᠬᠤ ᠲᠣᠬᠢᠶᠠᠯᠳᠤᠮᠵᠢ ᠥᠨᠳᠥᠷ ᠂ ᠲᠠᠷᠠᠬᠠᠢ ᠮᠠᠶᠢᠭ᠎ᠤᠨ ᠬᠡᠷᠡᠭᠴᠡᠭᠡ᠎ᠲᠠᠢ ᠬᠢᠮᠢ ᠵᠢᠨ ᠪᠣᠳᠠᠰ ᠵᠶ᠋ᠠᠷ ᠭᠣᠣᠯᠳᠠᠯᠭ᠎ᠠ ᠪᠣᠯᠭ᠋ᠠᠵᠤ ᠂ ᠣᠷᠴᠢᠨ ᠲᠣᠭᠣᠷᠢᠨ ᠬᠢᠭᠡᠳ ᠡᠷᠡᠭᠦᠯ ᠮᠡᠨᠳᠦ ᠵᠢᠨ ᠬᠣᠣᠷ ᠬᠥᠨᠥᠭᠡᠯ᠎ᠤᠨ ᠲᠤᠷᠰᠢᠯᠲᠠ ᠪᠠ ᠲᠦᠭᠰᠢᠭᠦᠷᠢ ᠵᠢᠨ ᠰᠢᠭᠰᠢᠨ ᠪᠠᠢ᠌ᠴᠠᠭ᠋ᠠᠯᠲᠠ ᠵᠢ ᠥᠷᠨᠢᠭᠦᠯᠵᠦ ᠂ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ ᠪᠠ ᠠᠷᠠᠳ ᠲᠦᠮᠡᠨ᠎ᠤ ᠪᠡᠶ᠎ᠡ ᠮᠠᠬᠠᠪᠤᠳ᠎ᠤᠨ ᠡᠷᠡᠭᠦᠯ ᠴᠢᠭᠢᠷᠠᠭ᠎ᠢ ᠬᠣᠬᠢᠷᠠᠭᠤᠯᠬᠤ ᠂ ᠣᠷᠴᠢᠨ ᠲᠣᠭᠣᠷᠢᠨ᠎ᠤ ᠲᠦᠭᠰᠢᠭᠦᠷᠢ᠎ᠪᠠᠷ ᠨᠡᠯᠢᠶᠡᠳ ᠶᠡᠬᠡ ᠬᠣᠣᠷ ᠬᠥᠨᠥᠭᠡᠯᠳᠦ ᠬᠢᠮᠢ ᠵᠢᠨ ᠪᠣᠳᠠᠰ᠎ᠢ ᠦᠨᠡᠯᠡᠨ ᠵᠢᠱ᠌ᠢᠵᠦ ᠢᠯᠭ᠋ᠠᠨ ᠭᠠᠷᠭ᠋ᠠᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
4. ᠰᠢᠨ᠎ᠡ ᠪᠣᠬᠢᠷᠲᠤᠯ ᠪᠣᠳᠠᠰ᠎ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ ᠂ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠨᠥᠬᠥᠪᠦᠷᠢ ᠲᠣᠳᠣᠷᠬᠠᠢ ᠬᠠᠭᠤᠳᠠᠰᠤ ᠵᠢ ᠲᠣᠭᠲᠠᠭ᠋ᠠᠨ᠎ᠠ ᠃ ᠤᠷᠢᠳ ᠵᠶ᠋ᠠᠷ ᠡᠵᠡᠮᠳᠡᠵᠦ ᠪᠦᠬᠦᠢ ᠬᠢᠮᠢ ᠵᠢᠨ ᠪᠣᠳᠠᠰ ᠵᠢᠴᠢ ᠨᠢᠶᠠᠨ ᠳᠠᠷᠤᠭᠴᠢ ᠂ ᠪᠢᠴᠢᠯ ᠰᠦᠯᠢᠶᠥᠦ ᠵᠡᠷᠭᠡ ᠭᠣᠣᠯᠳᠠᠯᠭ᠎ᠠ᠎ᠲᠠᠢ ᠰᠢᠨ᠎ᠡ ᠪᠣᠬᠢᠷᠲᠤᠯ ᠪᠣᠳᠠᠰᠲᠠᠬᠢ ᠣᠷᠴᠢᠨ ᠲᠣᠭᠣᠷᠢᠨ᠎ᠤ ᠬᠢᠨᠠᠨ ᠬᠠᠮᠢᠶᠠᠷᠤᠯᠲᠠ᠎ᠪᠠᠨ ᠴᠢᠩᠭ᠋ᠠᠳᠬᠠᠵᠤ ᠂ 《ᠨᠢᠭᠡ ᠪᠣᠳᠠᠰ᠎ᠲᠤ ᠨᠢᠭᠡ ᠠᠷᠭ᠎ᠠ ᠪᠣᠳᠣᠯᠭ᠎ᠠ》 ᠵᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ ᠃ ᠤᠯᠤᠰ᠎ᠠᠴᠠ ᠨᠡᠢ᠌ᠲᠡᠯᠡᠭᠰᠡᠨ 《ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠤᠨ ᠲᠣᠳᠣᠷᠬᠠᠢ ᠬᠠᠭᠤᠳᠠᠰᠤ》 ᠵᠢ ᠴᠢᠩᠭ᠎ᠠ ᠨᠠᠢ᠌ᠳᠠᠪᠤᠷᠢᠵᠢᠭᠤᠯᠵᠤ ᠂ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠲᠣᠳᠣᠷᠬᠠᠢ ᠬᠠᠭᠤᠳᠠᠰᠤᠨ᠎ᠳᠤ ᠵᠢᠭᠰᠠᠭ᠋ᠠᠭᠳᠠᠭᠰᠠᠨ ᠰᠢᠨ᠎ᠡ ᠪᠣᠬᠢᠷᠲᠤᠯ ᠪᠣᠳᠠᠰ᠎ᠲᠤ ᠴᠠᠭ᠋ᠠᠵᠠᠯᠠᠬᠤ ᠂ ᠬᠢᠵᠠᠭ᠋ᠠᠷᠯᠠᠬᠤ ᠂ ᠭᠠᠳᠠᠭᠰᠢᠯᠠᠭᠤᠯᠬᠤ ᠵᠢ ᠬᠢᠵᠠᠭ᠋ᠠᠷᠯᠠᠬᠤ ᠵᠡᠷᠭᠡ ᠣᠷᠴᠢᠨ ᠲᠣᠭᠣᠷᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ ᠃ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢᠨ ᠪᠠᠢ᠌ᠳᠠᠯ᠎ᠢ ᠦᠨᠳᠦᠰᠦᠯᠡᠨ ᠂ ᠪᠥᠬᠥ ᠣᠷᠣᠨ᠎ᠤ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠤᠨ ᠨᠥᠬᠥᠪᠦᠷᠢ ᠲᠣᠳᠣᠷᠬᠠᠢ ᠬᠠᠭᠤᠳᠠᠰᠤ ᠪᠣᠯᠣᠨ ᠬᠠᠮᠢᠶᠠᠷᠤᠨ ᠡᠵᠡᠮᠳᠡᠬᠦ ᠲᠥᠰᠥᠯ᠎ᠢ ᠬᠥᠳᠡᠯᠦᠩᠭᠦᠢ᠎ᠪᠠᠷ ᠲᠣᠭᠲᠠᠭ᠋ᠠᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠦᠷᠦᠭᠦᠯᠡᠨ ᠬᠠᠷᠢᠭᠤᠴᠠᠵᠤ ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠬᠥᠬᠡᠬᠣᠲᠠ ᠪᠣᠭᠣᠮᠲᠠ ᠂ ᠮᠠᠨᠵᠤᠤᠷ ᠪᠣᠭᠣᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠬᠣᠶᠠᠷ) ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠴᠢᠩᠳᠠᠯᠠᠵᠤ ᠂ ᠰᠢᠨ᠎ᠡ ᠪᠣᠬᠢᠷᠲᠤᠯ ᠪᠣᠳᠠᠰ ᠡᠭᠦᠰᠬᠦ ᠵᠢ ᠰᠡᠷᠡᠮᠵᠢᠯᠡᠨ ᠰᠡᠷᠭᠡᠢ᠌ᠯᠡᠨ᠎ᠡ ᠃
1. ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠪᠦᠷᠢᠳᠬᠡᠨ ᠳᠠᠩᠰᠠᠯᠠᠬᠤ ᠳᠦᠷᠢᠮ᠎ᠢ ᠨᠠᠢ᠌ᠳᠠᠪᠤᠷᠢᠵᠢᠭᠤᠯᠤᠨ᠎ᠠ ᠃ 《ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠪᠦᠷᠢᠳᠬᠡᠨ ᠳᠠᠩᠰᠠᠯᠠᠬᠤ ᠠᠷᠭ᠎ᠠ》 ᠵᠢ ᠴᠢᠩᠭ᠎ᠠ ᠬᠡᠷᠡᠭᠵᠢᠭᠦᠯᠵᠦ ᠂ ᠰᠢᠨ᠎ᠡ ᠬᠢᠮᠢ ᠵᠢᠨ ᠪᠣᠳᠠᠰ᠎ᠢ ᠰᠤᠳᠤᠯᠬᠤ ᠂ ᠦᠢ᠍ᠯᠡᠳᠪᠦᠷᠢᠯᠡᠬᠦ ᠂ ᠭᠠᠳᠠᠭ᠋ᠠᠳᠤ᠎ᠠᠴᠠ ᠣᠷᠣᠭᠤᠯᠬᠤ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢ ᠰᠢᠮᠳᠠᠭᠤᠯᠵᠤ ᠪᠠᠢ᠌ᠭ᠋ᠠᠳ ᠰᠠᠨᠠᠭ᠋ᠠᠴᠢᠯᠠᠭ᠎ᠠ᠎ᠠᠴᠠ᠎ᠪᠠᠨ ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠪᠦᠷᠢᠳᠬᠡᠨ ᠳᠠᠩᠰᠠᠯᠠᠯᠲᠠ ᠵᠢ ᠥᠷᠨᠢᠭᠦᠯᠵᠦ ᠂ ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠤᠨ᠎ᠠ ᠃ 《ᠬᠣᠶᠠᠷ᠎ᠢ ᠰᠤᠭᠤᠴᠢᠨ ᠂ ᠨᠢᠭᠡ ᠵᠢ ᠢᠯᠡ ᠪᠣᠯᠭ᠋ᠠᠬᠤ》 ᠵᠠᠷᠴᠢᠮ ᠶᠣᠰᠣᠭ᠋ᠠᠷ ᠂ ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠵᠦᠢ᠍ᠯᠡᠰ᠎ᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠣᠨ᠎ᠤ ᠠᠵᠢᠯ᠎ᠤᠨ ᠲᠥᠯᠥᠪᠯᠡᠭᠡ᠎ᠳᠤ ᠣᠷᠣᠭᠤᠯᠤᠨ ᠂ ᠰᠢᠨ᠎ᠡ ᠬᠢᠮᠢ ᠵᠢᠨ ᠪᠣᠳᠠᠰ᠎ᠤᠨ ᠦᠢ᠍ᠯᠡᠳᠪᠦᠷᠢᠯᠡᠭᠴᠢ ᠂ ᠭᠠᠳᠠᠭ᠋ᠠᠳᠤ᠎ᠠᠴᠠ ᠣᠷᠣᠭᠤᠯᠤᠭᠴᠢ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠭᠴᠢᠳ᠎ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ ᠂ ᠰᠢᠨ᠎ᠡ ᠬᠢᠮᠢ ᠵᠢᠨ ᠪᠣᠳᠠᠰ᠎ᠲᠤ ᠬᠣᠯᠪᠣᠭᠳᠠᠬᠤ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠷᠢᠭᠤᠴᠠᠨ᠎ᠠ)
2. ᠰᠢᠭᠰᠢᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢᠴᠢ ᠠᠭᠤᠯᠤᠭᠳᠠᠴᠠ ᠵᠢ ᠬᠢᠵᠠᠭ᠋ᠠᠷᠯᠠᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠎ᠠ ᠃ ᠤᠯᠤᠰ᠎ᠤᠨ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ ᠂ 《ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠵᠢᠯᠣᠭᠣᠳᠬᠤ ᠭᠠᠷᠴᠠᠭ》᠎ᠲᠤ ᠣᠷᠣᠭᠤᠯᠤᠭᠰᠠᠨ ᠰᠢᠭᠰᠢᠭᠳᠡᠭᠦᠯᠬᠦ ᠲᠥᠷᠥᠯ᠎ᠤᠨ ᠠᠵᠤ ᠦᠢ᠍ᠯᠡᠳᠪᠦᠷᠢ ᠵᠢᠨ ᠬᠢᠮᠢ ᠵᠢᠨ ᠪᠣᠳᠠᠰ ᠂ ᠲᠠᠷᠢᠶᠠᠨ ᠡᠮ ᠂ ᠮᠠᠯ᠎ᠤᠨ ᠡᠮ ᠂ ᠵᠠᠰᠠᠯ ᠴᠢᠮᠡᠭᠯᠡᠯ᠎ᠤᠨ ᠡᠳ᠋ ᠵᠡᠷᠭᠡ ᠵᠢ ᠪᠣᠯ ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢ ᠴᠠᠭ ᠲᠤᠬᠠᠢᠳᠤᠨᠢ ᠰᠢᠮᠳᠠᠭᠤᠯᠤᠨ ᠬᠦᠴᠦᠲᠡᠢ ᠠᠷᠭ᠎ᠠ ᠬᠡᠮᠵᠢᠶ᠎ᠡ ᠠᠪᠴᠤ ᠬᠤᠭᠤᠴᠠᠭ᠎ᠠ ᠬᠢᠵᠠᠭ᠋ᠠᠷᠯᠠᠨ ᠰᠢᠭᠰᠢᠭᠳᠡᠭᠦᠯᠦᠨ᠎ᠡ ᠂ ᠬᠤᠭᠤᠴᠠᠭ᠎ᠠ ᠶᠣᠰᠣᠭ᠋ᠠᠷ ᠰᠢᠭᠰᠢᠭᠳᠡᠭᠦᠯᠦᠭᠰᠡᠨ ᠦᠭᠡᠢ ᠪᠣᠯ ᠂ ᠲᠡᠭᠦᠨ᠎ᠤ ᠦᠢ᠍ᠯᠡᠳᠬᠦᠨ᠎ᠤ ᠪᠦᠷᠢᠳᠬᠡᠨ ᠳᠠᠩᠰᠠᠯᠠᠯᠲᠠ ᠪᠤᠶᠤ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ᠎ᠨᠢ ᠬᠠᠷᠭᠤᠭᠤᠯᠤᠨ ᠲᠠᠷᠬᠠᠭ᠋ᠠᠬᠤ᠎ᠪᠠᠨ ᠬᠠᠤᠯᠢ ᠶᠣᠰᠣᠭ᠋ᠠᠷ ᠵᠣᠭᠰᠣᠭ᠋ᠠᠨ᠎ᠠ ᠃ ᠣᠷᠴᠢᠨ ᠲᠣᠭᠣᠷᠢᠨ᠎ᠤ ᠨᠥᠯᠥᠭᠡᠯᠡᠯ᠎ᠳᠤ ᠦᠨᠡᠯᠡᠯᠲᠡ ᠬᠢᠬᠦ ᠬᠠᠮᠢᠶᠠᠷᠤᠯᠲᠠ᠎ᠪᠠᠨ ᠴᠢᠩᠭ᠋ᠠᠳᠬᠠᠵᠤ ᠂ ᠰᠢᠨ᠎ᠡ ᠪᠣᠬᠢᠷᠲᠤᠯ ᠪᠣᠳᠠᠰ᠎ᠲᠤ ᠬᠣᠯᠪᠣᠭᠳᠠᠬᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ᠎ᠪᠠᠨ ᠴᠢᠩᠳᠠᠯᠠᠨ᠎ᠠ ᠃ ᠭᠠᠳᠠᠭ᠋ᠠᠳᠤ᠎ᠠᠴᠠ ᠣᠷᠣᠭᠤᠯᠬᠤ (ᠭᠠᠳᠠᠭ᠋ᠠᠳᠤ᠎ᠳᠤ ᠭᠠᠷᠭ᠋ᠠᠬᠤ) ᠵᠢ ᠴᠠᠭ᠋ᠠᠵᠠᠯᠠᠬᠤ ᠡᠳ᠋ ᠪᠠᠷᠠᠭ᠎ᠠ ᠵᠢᠨ ᠭᠠᠷᠴᠠᠭ ᠪᠣᠯᠣᠨ 《ᠳᠤᠮᠳᠠᠳᠤ ᠤᠯᠤᠰ᠎ᠤᠨ ᠴᠢᠩᠭ᠎ᠠ ᠬᠢᠵᠠᠭ᠋ᠠᠷᠯᠠᠵᠤ ᠪᠠᠢ᠌ᠭ᠎ᠠ ᠬᠣᠣᠷᠲᠠᠢ ᠬᠢᠮᠢ ᠵᠢᠨ ᠪᠣᠳᠠᠰ᠎ᠤᠨ ᠨᠡᠷ᠎ᠡ ᠵᠢᠨ ᠵᠢᠭᠰᠠᠭ᠋ᠠᠯᠲᠠ》 ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠵᠢ ᠬᠠᠮᠢᠶᠠᠷᠤᠨ ᠡᠵᠡᠮᠳᠡᠬᠦ᠎ᠪᠠᠨ ᠴᠢᠩᠭ᠋ᠠᠳᠬᠠᠨ᠎ᠠ ᠃ ᠨᠢᠭᠡᠨᠲᠡ ᠰᠢᠭᠰᠢᠭᠳᠡᠭᠦᠯᠦᠭᠰᠡᠨ ᠳᠠᠭ᠋ᠠᠭ᠋ᠠᠮᠠᠭ᠋ᠠᠢ ᠴᠢᠨᠠᠷᠲᠠᠢ ᠣᠷᠭ᠋ᠠᠨᠢᠭ ᠪᠣᠬᠢᠷᠲᠤᠯ ᠪᠣᠳᠠᠰ ᠵᠡᠷᠭᠡ ᠰᠢᠨ᠎ᠡ ᠪᠣᠬᠢᠷᠲᠤᠯ ᠪᠣᠳᠠᠰ᠎ᠢ ᠬᠠᠤᠯᠢ ᠪᠤᠰᠤ᠎ᠪᠠᠷ ᠦᠢ᠍ᠯᠡᠳᠪᠦᠷᠢᠯᠡᠬᠦ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ᠎ᠳᠤ ᠴᠢᠩᠭ᠎ᠠ ᠴᠣᠬᠢᠯᠲᠠ ᠥᠭᠴᠦ ᠂ ᠰᠢᠨ᠎ᠡ᠎ᠪᠠᠷ ᠵᠢᠭᠰᠠᠭ᠋ᠠᠭᠳᠠᠭᠰᠠᠨ ᠳᠠᠭ᠋ᠠᠭ᠋ᠠᠮᠠᠭ᠋ᠠᠢ ᠴᠢᠨᠠᠷᠲᠠᠢ ᠣᠷᠭ᠋ᠠᠨᠢᠭ ᠪᠣᠬᠢᠷᠲᠤᠯ ᠪᠣᠳᠠᠰ᠎ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠨ᠎ᠠ ᠃ ᠨᠠᠭ᠋ᠠᠳᠤᠮ᠎ᠤᠨ ᠵᠦᠢ᠍ᠯ ᠂ ᠰᠣᠷᠣᠭᠴᠢ ᠵᠢᠨ ᠬᠡᠷᠡᠭᠰᠡᠯ ᠵᠡᠷᠭᠡ ᠬᠠᠮᠢᠶ᠎ᠠ ᠪᠦᠬᠦᠢ ᠦᠢ᠍ᠯᠡᠳᠬᠦᠨ᠎ᠤ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠤᠨ ᠠᠭᠤᠯᠤᠭᠳᠠᠴᠠ ᠵᠢ ᠬᠢᠵᠠᠭ᠋ᠠᠷᠯᠠᠬᠤ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ ᠵᠢ ᠨᠠᠢ᠌ᠳᠠᠪᠤᠷᠢᠵᠢᠭᠤᠯᠬᠤ᠎ᠳᠤ ᠪᠥᠬᠥ ᠲᠠᠯ᠎ᠠ᠎ᠪᠠᠷ ᠬᠢᠨᠠᠯᠲᠠ ᠲᠠᠯᠪᠢᠵᠤ ᠂ ᠦᠢ᠍ᠯᠡᠳᠬᠦᠨ᠎ᠤ ᠬᠡᠷᠡᠭᠯᠡᠭᠡᠨ᠎ᠤ ᠶᠠᠪᠤᠴᠠ᠎ᠳᠤ ᠪᠣᠢ ᠪᠣᠯᠭ᠋ᠠᠭᠰᠠᠨ ᠰᠢᠨ᠎ᠡ ᠪᠣᠬᠢᠷᠲᠤᠯ ᠪᠣᠳᠠᠰ᠎ᠢ ᠣᠷᠴᠢᠨ ᠲᠣᠭᠣᠷᠢᠨ᠎ᠳᠤ ᠭᠠᠳᠠᠭᠰᠢᠯᠠᠭᠤᠯᠬᠤ᠎ᠪᠠᠨ ᠪᠠᠭ᠋ᠠᠰᠬᠠᠨ᠎ᠠ ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠬᠥᠬᠡᠬᠣᠲᠠ ᠪᠣᠭᠣᠮᠲᠠ ᠂ ᠮᠠᠨᠵᠤᠤᠷ ᠪᠣᠭᠣᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠭᠤᠷᠪᠠ) ᠶᠠᠪᠤᠴᠠ ᠵᠢᠨ ᠡᠵᠡᠮᠰᠢᠯ᠎ᠢ ᠴᠢᠩᠭ᠋ᠠᠷᠠᠭᠤᠯᠵᠤ ᠂ ᠰᠢᠨ᠎ᠡ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠨ᠎ᠠ ᠃
1. ᠴᠡᠪᠡᠷ ᠦᠢ᠍ᠯᠡᠳᠪᠦᠷᠢᠯᠡᠯ᠎ᠢ ᠴᠢᠩᠭ᠋ᠠᠳᠬᠠᠵᠤ ᠂ ᠪᠣᠬᠢᠷᠲᠤᠯ ᠦᠭᠡᠢ᠎ᠪᠠᠷ ᠦᠢ᠍ᠯᠡᠳᠬᠦ ᠪᠠᠷᠢᠮᠵᠢᠶ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ ᠃ ᠬᠣᠣᠷ ᠬᠥᠨᠥᠭᠡᠯ᠎ᠲᠠᠢ ᠬᠢᠮᠢ ᠵᠢᠨ ᠪᠣᠳᠠᠰ᠎ᠢ ᠬᠡᠷᠡᠭᠯᠡᠵᠦ ᠦᠢ᠍ᠯᠡᠳᠪᠦᠷᠢᠯᠡᠬᠦ ᠪᠤᠶᠤ ᠦᠢ᠍ᠯᠡᠳᠪᠦᠷᠢᠯᠡᠬᠦ ᠶᠠᠪᠤᠴᠠ᠎ᠳᠤ ᠬᠣᠣᠷ ᠬᠥᠨᠥᠭᠡᠯ᠎ᠲᠠᠢ ᠬᠢᠮᠢ ᠵᠢᠨ ᠪᠣᠳᠠᠰ ᠭᠠᠳᠠᠭᠰᠢᠯᠠᠭᠤᠯᠬᠤ ᠠᠵᠤ ᠠᠬᠤᠢ᠌ᠯᠠᠯ᠎ᠳᠤ ᠴᠡᠪᠡᠷ ᠦᠢ᠍ᠯᠡᠳᠪᠦᠷᠢᠯᠡᠯ᠎ᠤᠨ ᠠᠯᠪᠠᠳᠠᠯᠭ᠎ᠠ ᠵᠢᠨ ᠴᠢᠨᠠᠷᠲᠠᠢ ᠬᠢᠨᠠᠨ ᠬᠠᠷᠭᠤᠭᠤᠯᠤᠯᠲᠠ ᠵᠢ ᠬᠠᠤᠯᠢ ᠶᠣᠰᠣᠭ᠋ᠠᠷ ᠬᠡᠷᠡᠭᠵᠢᠭᠦᠯᠵᠦ ᠂ ᠠᠵᠤ ᠠᠬᠤᠢ᠌ᠯᠠᠯ᠎ᠢ ᠰᠢᠮᠳᠠᠭᠤᠯᠤᠨ ᠲᠦᠭᠦᠬᠡᠢ ᠲᠤᠰᠠᠯᠠᠬᠤ ᠮᠠᠲ᠋ᠧᠷᠢᠶᠠᠯ᠎ᠢ ᠬᠥᠨᠥᠭᠡᠯ ᠦᠭᠡᠢ᠎ᠪᠠᠷ ᠣᠷᠣᠯᠠᠭᠤᠯᠬᠤ ᠂ ᠦᠢ᠍ᠯᠡᠳᠪᠦᠷᠢᠯᠡᠬᠦ ᠤᠷ᠎ᠠ ᠮᠡᠷᠭᠡᠰᠢᠯ᠎ᠢ ᠬᠥᠨᠥᠭᠡᠯ ᠦᠭᠡᠢ ᠪᠣᠯᠭ᠋ᠠᠨ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠬᠡᠷᠡᠭᠵᠢᠭᠦᠯᠦᠨ ᠂ ᠴᠡᠪᠡᠷ ᠦᠢ᠍ᠯᠡᠳᠪᠦᠷᠢᠯᠡᠯ᠎ᠤᠨ ᠥᠭᠡᠷᠡᠴᠢᠯᠡᠨ ᠰᠢᠨᠡᠳᠬᠡᠬᠦ ᠵᠢ ᠪᠥᠬᠥ ᠬᠦᠴᠦᠨ ᠵᠶ᠋ᠡᠷ ᠵᠶ᠋ᠠᠨ ᠠᠬᠢᠭᠤᠯᠤᠨ᠎ᠠ ᠃ ᠠᠵᠤ ᠠᠬᠤᠢ᠌ᠯᠠᠯ᠎ᠨᠢ ᠬᠣᠣᠷ ᠬᠥᠨᠥᠭᠡᠯ᠎ᠲᠠᠢ ᠲᠦᠭᠦᠬᠡᠢ ᠲᠤᠰᠠᠯᠠᠬᠤ ᠮᠠᠲ᠋ᠧᠷᠢᠶᠠᠯ ᠬᠡᠷᠡᠭᠯᠡᠵᠦ ᠪᠠᠢ᠌ᠭ᠎ᠠ ᠪᠠᠢ᠌ᠳᠠᠯ ᠵᠢᠴᠢ ᠭᠠᠳᠠᠭᠰᠢᠯᠠᠭᠤᠯᠵᠤ ᠪᠠᠢ᠌ᠭ᠎ᠠ ᠬᠣᠣᠷ ᠬᠥᠨᠥᠭᠡᠯ᠎ᠲᠠᠢ ᠬᠢᠮᠢ ᠵᠢᠨ ᠪᠣᠳᠠᠰ᠎ᠤᠨ ᠨᠡᠷᠡᠢ᠌ᠳᠦᠯ ᠂ ᠥᠳᠬᠡᠴᠡ ᠪᠣᠯᠣᠨ ᠲᠣᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠵᠢ ᠣᠯᠠᠨ ᠨᠡᠢ᠌ᠲᠡ ᠵᠢᠨ ᠣᠢ᠌ᠯᠠᠭ᠋ᠠᠵᠤ ᠮᠡᠳᠡᠬᠦ᠎ᠳᠤ ᠬᠢᠯᠪᠠᠷᠬᠠᠨ ᠠᠷᠭ᠎ᠠ ᠬᠡᠯᠪᠡᠷᠢ᠎ᠪᠠᠷ ᠨᠡᠢ᠌ᠲᠡᠯᠡᠬᠦ ᠬᠡᠷᠡᠭᠲᠡᠢ ᠃ ᠬᠣᠣᠷ ᠬᠥᠨᠥᠭᠡᠯ᠎ᠲᠠᠢ ᠬᠢᠮᠢ ᠵᠢᠨ ᠪᠣᠳᠠᠰ᠎ᠢ ᠣᠷᠣᠯᠠᠭᠤᠯᠬᠤ ᠪᠠ ᠭᠠᠳᠠᠭᠰᠢᠯᠠᠭᠤᠯᠬᠤ ᠡᠵᠡᠮᠰᠢᠯ᠎ᠤᠨ ᠱᠠᠭ᠋ᠠᠷᠳᠠᠯᠭ᠎ᠠ ᠵᠢ ᠪᠣᠬᠢᠷᠲᠤᠯ ᠦᠭᠡᠢ ᠦᠢ᠍ᠯᠡᠳᠬᠦᠨ ᠂ ᠪᠣᠬᠢᠷᠲᠤᠯ ᠦᠭᠡᠢ ᠬᠦᠷᠢᠶᠡᠯᠡᠩ ᠲᠣᠭᠣᠷᠢᠭ ᠂ ᠪᠣᠬᠢᠷᠲᠤᠯ ᠦᠭᠡᠢ ᠠᠵᠤ ᠦᠢ᠍ᠯᠡᠳᠪᠦᠷᠢ ᠪᠣᠯᠣᠨ ᠪᠣᠬᠢᠷᠲᠤᠯ ᠦᠭᠡᠢ ᠬᠠᠩᠭ᠋ᠠᠯᠭ᠎ᠠ ᠵᠢᠨ ᠬᠡᠯᠬᠢᠶ᠎ᠡ ᠵᠡᠷᠭᠡ ᠪᠣᠬᠢᠷᠲᠤᠯ ᠦᠭᠡᠢ᠎ᠪᠠᠷ ᠦᠢ᠍ᠯᠡᠳᠬᠦ ᠪᠠᠷᠢᠮᠵᠢᠶ᠎ᠠ ᠵᠢᠨ ᠲᠣᠭᠲᠠᠯᠴᠠᠭ᠎ᠠ᠎ᠳᠤ ᠣᠷᠣᠭᠤᠯᠬᠤ ᠵᠡᠷᠭᠡ ᠤᠯᠤᠰ᠎ᠤᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
2. ᠨᠢᠶᠠᠨ ᠳᠠᠷᠤᠭᠴᠢ ᠵᠢᠨ ᠲᠥᠷᠥᠯ᠎ᠤᠨ ᠡᠮ᠎ᠤᠨ ᠵᠦᠢ᠍ᠯ᠎ᠢ ᠬᠡᠷᠡᠭᠯᠡᠬᠦ ᠬᠠᠮᠢᠶᠠᠷᠤᠯᠲᠠ ᠵᠢ ᠵᠢᠷᠤᠮᠵᠢᠭᠤᠯᠵᠤ ᠂ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠋ᠠᠨ᠎ᠢ ᠥᠷᠨᠢᠭᠦᠯᠦᠨ᠎ᠡ ᠃ ᠪᠠᠺᠲ᠋ᠧᠷᠢ ᠳᠠᠷᠤᠬᠤ ᠡᠮ᠎ᠢ ᠡᠮᠴᠢᠯᠡᠭᠡᠨ᠎ᠳᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠵᠤ ᠂ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠵᠣᠷ ᠵᠶ᠋ᠠᠷ ᠵᠶ᠋ᠠᠨ ᠵᠣᠷ᠎ᠤᠨ ᠡᠮ᠎ᠤᠨ ᠲᠥᠷᠥᠯ᠎ᠤᠨ ᠪᠠᠺᠲ᠋ᠧᠷᠢ ᠳᠠᠷᠤᠬᠤ ᠡᠮ᠎ᠢ ᠪᠣᠷᠣᠯᠠᠭᠤᠯᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠎ᠠ ᠃ ᠮᠠᠯ᠎ᠳᠤ ᠬᠡᠷᠡᠭᠯᠡᠬᠦ ᠪᠠᠺᠲ᠋ᠧᠷᠢ ᠳᠠᠷᠤᠬᠤ ᠡᠮᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ ᠂ ᠮᠠᠯ᠎ᠳᠤ ᠬᠡᠷᠡᠭᠯᠡᠬᠦ ᠪᠠᠺᠲ᠋ᠧᠷᠢ ᠳᠠᠷᠤᠬᠤ ᠡᠮ᠎ᠤᠨ ᠬᠡᠷᠡᠭᠯᠡᠬᠦ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠋ᠠᠨ᠎ᠢ ᠬᠡᠷᠡᠭᠵᠢᠭᠦᠯᠵᠦ ᠂ ᠮᠢᠬ᠎ᠠ ᠥᠨᠳᠡᠭᠡ ᠰᠦᠨ ᠭᠠᠷᠤᠯᠲᠠ᠎ᠲᠠᠢ ᠭᠣᠣᠯ ᠪᠣᠯᠬᠤ ᠮᠠᠯ ᠵᠢᠭᠦᠷᠲᠡᠨ᠎ᠤ ᠲᠥᠷᠥᠯ ᠵᠦᠢ᠍ᠯ ᠵᠶ᠋ᠡᠷ ᠭᠣᠣᠯᠳᠠᠯᠭ᠎ᠠ ᠪᠣᠯᠭ᠋ᠠᠵᠤ ᠂ ᠮᠠᠯ᠎ᠤᠨ ᠡᠮ᠎ᠢ ᠬᠡᠷᠡᠭᠯᠡᠭᠰᠡᠨ ᠲᠡᠮᠳᠡᠭᠯᠡᠯ ᠂ ᠮᠠᠯ᠎ᠳᠤ ᠬᠡᠷᠡᠭᠯᠡᠬᠦ ᠵᠣᠷ᠎ᠤᠨ ᠡᠮ ᠪᠣᠯᠣᠨ ᠮᠠᠯ᠎ᠤᠨ ᠡᠮ᠎ᠤᠨ ᠡᠮ ᠵᠣᠭᠰᠣᠬᠤ ᠬᠤᠭᠤᠴᠠᠭ᠋ᠠᠨ᠎ᠤ ᠬᠠᠮᠢᠶᠠᠷᠤᠯᠲᠠ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ ᠂ ᠲᠡᠵᠢᠭᠡᠨ ᠦᠷᠡᠵᠢᠭᠦᠯᠬᠦ ᠲᠠᠯᠠᠪᠠᠢ ᠵᠢᠨ ᠡᠮ ᠬᠡᠷᠡᠭᠯᠡᠬᠦ ᠠᠵᠢᠯᠯᠠᠭ᠎ᠠ ᠵᠢ ᠵᠢᠷᠤᠮᠵᠢᠭᠤᠯᠤᠨ ᠂ ᠠᠮᠢᠳᠠᠨ᠎ᠤ ᠠᠰᠢᠭ ᠰᠢᠮ᠎ᠡ ᠵᠢᠨ ᠨᠢᠭᠡᠴᠢ ᠭᠠᠷᠤᠯᠲᠠ᠎ᠳᠤ ᠮᠠᠯ᠎ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠬᠡᠷᠡᠭᠯᠡᠬᠦ ᠵᠢ ᠳᠣᠷᠣᠭᠰᠢᠯᠠᠬᠤ ᠬᠠᠨᠳᠤᠰᠢ᠎ᠲᠠᠢ ᠪᠠᠢ᠌ᠯᠭ᠋ᠠᠬᠤ ᠵᠢ ᠪᠠᠷᠢᠮᠲᠠᠯᠠᠵᠤ ᠂ ᠮᠠᠯ ᠵᠢᠭᠦᠷᠲᠡᠨ᠎ᠤ ᠠᠰᠢᠭ ᠰᠢᠮ᠎ᠡ᠎ᠳᠠᠬᠢ ᠮᠠᠯ᠎ᠳᠤ ᠬᠡᠷᠡᠭᠯᠡᠬᠦ ᠪᠠᠺᠲ᠋ᠧᠷᠢ ᠳᠠᠷᠤᠬᠤ ᠡᠮ᠎ᠤᠨ ᠦᠯᠡᠳᠡᠭᠳᠡᠯ᠎ᠤᠨ ᠬᠡᠮᠵᠢᠶ᠎ᠡ ᠵᠢ ᠪᠠᠭᠤᠷᠠᠭᠤᠯᠤᠨ᠎ᠠ ᠃ 2025 ᠣᠨ ᠪᠣᠯᠬᠤ᠎ᠳᠤ ᠂ 50%᠎ᠠᠴᠠ ᠳᠡᠭᠡᠭᠰᠢᠬᠢ ᠲᠣᠭ᠋ᠠᠨ᠎ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ᠎ᠳᠤ ᠲᠡᠵᠢᠭᠡᠨ ᠦᠷᠡᠵᠢᠭᠦᠯᠬᠦ ᠵᠢᠨ ᠪᠠᠺᠲ᠋ᠧᠷᠢ ᠳᠠᠷᠤᠬᠤ ᠡᠮ ᠬᠡᠷᠡᠭᠯᠡᠬᠦ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠋ᠠᠨ᠎ᠢ ᠬᠡᠷᠡᠭᠵᠢᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
3. ᠲᠠᠷᠢᠶᠠᠨ ᠡᠮ᠎ᠤᠨ ᠬᠡᠷᠡᠭᠯᠡᠯᠲᠡ ᠵᠢᠨ ᠬᠠᠮᠢᠶᠠᠷᠤᠯᠲᠠ ᠵᠢ ᠴᠢᠩᠭ᠋ᠠᠳᠬᠠᠵᠤ ᠂ ᠲᠠᠷᠢᠶᠠᠨ ᠡᠮ᠎ᠤᠨ ᠪᠣᠭᠣᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠤᠨ ᠡᠭᠡᠭᠦᠯᠦᠨ ᠬᠤᠷᠢᠶᠠᠬᠤ ᠲᠣᠭᠲᠠᠯᠴᠠᠭ᠎ᠠ ᠵᠢ ᠪᠦᠷᠢᠨᠰᠢᠭᠦᠯᠦᠨ᠎ᠡ ᠃ ᠡᠮ ᠬᠡᠷᠡᠭᠯᠡᠬᠦ ᠵᠢ ᠬᠢᠵᠠᠭ᠋ᠠᠷᠯᠠᠵᠤ ᠬᠥᠨᠥᠭᠡᠯ᠎ᠢ ᠪᠠᠭ᠋ᠠᠰᠬᠠᠬᠤ ᠠᠵᠢᠯᠯᠠᠭ᠋ᠠᠨ᠎ᠢ ᠦᠷᠭᠦᠯᠵᠢᠯᠡᠨ ᠥᠷᠨᠢᠭᠦᠯᠵᠦ ᠂ ᠥᠨᠳᠥᠷ ᠪᠦᠲᠦᠮᠵᠢᠲᠡᠢ ᠳᠣᠣᠷ᠎ᠠ ᠲᠦᠭᠰᠢᠭᠦᠷᠢᠲᠦ ᠲᠠᠷᠢᠶᠠᠨ ᠡᠮ ᠦᠢ᠍ᠯᠡᠳᠦᠨ ᠬᠥᠭᠵᠢᠭᠦᠯᠬᠦ ᠵᠢ ᠵᠣᠷᠢᠭᠵᠢᠭᠤᠯᠵᠤ ᠂ ᠥᠨᠳᠥᠷ ᠪᠦᠲᠦᠮᠵᠢᠲᠦ ᠤᠷᠭᠤᠮᠠᠯ᠎ᠤᠨ ᠬᠠᠮᠠᠭ᠋ᠠᠯᠠᠯ᠎ᠤᠨ ᠮᠧᠬᠠᠨᠢᠭ᠎ᠢ ᠳᠡᠯᠭᠡᠷᠡᠭᠦᠯᠦᠨ ᠂ ᠨᠢᠭᠡᠳᠦᠯᠲᠡᠢ ᠰᠡᠷᠭᠡᠢ᠌ᠯᠡᠵᠦ ᠨᠢᠭᠡᠳᠦᠯᠲᠡᠢ ᠵᠠᠰᠠᠬᠤ ᠵᠢ ᠪᠣᠬᠢᠷᠲᠤᠯ ᠦᠭᠡᠢ᠎ᠪᠠᠷ ᠰᠡᠷᠭᠡᠢ᠌ᠯᠡᠨ ᠡᠵᠡᠮᠳᠡᠬᠦᠯᠦᠭᠡ ᠠᠭᠤᠰᠤᠯᠴᠠᠭᠤᠯᠬᠤ ᠵᠢ ᠠᠬᠢᠭᠤᠯᠵᠤ ᠂ ᠲᠠᠷᠢᠮᠠᠯ᠎ᠤᠨ ᠡᠪᠡᠳᠴᠢᠨ ᠬᠣᠷᠣᠬᠠᠢ ᠵᠢᠨ ᠬᠥᠨᠥᠭᠡᠯ᠎ᠢ ᠰᠡᠷᠭᠡᠢ᠌ᠯᠡᠵᠦ ᠡᠵᠡᠮᠳᠡᠬᠦ ᠵᠣᠬᠢᠶᠠᠨ ᠪᠠᠢ᠌ᠭᠤᠯᠤᠯᠴᠠᠭᠰᠠᠨ ᠬᠡᠮᠵᠢᠶ᠎ᠡ ᠪᠠ ᠰᠢᠨᠵᠢᠯᠡᠬᠦ ᠤᠬᠠᠭ᠋ᠠᠨᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠵᠦ ᠂ ᠲᠠᠷᠢᠶᠠᠨ ᠡᠮ ᠬᠡᠷᠡᠭᠯᠡᠬᠦ ᠡᠷᠴᠢᠮ᠎ᠢ ᠰᠤᠯᠠᠷᠠᠭᠤᠯᠤᠨ᠎ᠠ ᠃ ᠲᠤᠬᠠᠢ ᠵᠢᠨ ᠭᠠᠵᠠᠷ᠎ᠲᠤᠨᠢ ᠲᠣᠬᠢᠷᠠᠭᠤᠯᠤᠨ ᠠᠮᠢ ᠠᠬᠤᠢ ᠵᠶ᠋ᠠᠷ ᠲᠣᠬᠢᠷᠠᠭᠤᠯᠤᠨ ᠡᠵᠡᠮᠳᠡᠬᠦ ᠂ ᠡᠭᠡᠯᠢᠯᠡᠭᠡ ᠵᠢᠨ ᠪᠠᠺᠲ᠋ᠧᠷᠢ ᠳᠠᠷᠤᠬᠤ ᠵᠢ ᠥᠳᠥᠭᠡᠬᠦ ᠂ ᠠᠮᠢᠳᠤ ᠪᠣᠳᠠᠰ ᠵᠶ᠋ᠡᠷ ᠰᠡᠷᠭᠡᠢ᠌ᠯᠡᠨ ᠵᠠᠰᠠᠬᠤ ᠂ ᠹᠢᠽᠢᠺ ᠬᠢᠮᠢ᠎ᠪᠠᠷ ᠥᠳᠥᠭᠡᠨ ᠡᠵᠡᠮᠳᠡᠬᠦ ᠂ ᠰᠢᠨᠵᠢᠯᠡᠬᠦ ᠤᠬᠠᠭ᠋ᠠᠨᠴᠢ᠎ᠪᠠᠷ ᠡᠮ ᠬᠡᠷᠡᠭᠯᠡᠬᠦ ᠵᠡᠷᠭᠡ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠡᠮᠬᠢᠳᠬᠡᠨ ᠳᠡᠯᠭᠡᠷᠡᠭᠦᠯᠵᠦ ᠂ ᠬᠢᠮᠢ ᠵᠢᠨ ᠲᠠᠷᠢᠶᠠᠨ ᠡᠮ᠎ᠢ ᠬᠡᠷᠡᠭᠯᠡᠬᠦ ᠤᠳᠠᠭ᠎ᠠ ᠪᠠ ᠬᠡᠷᠡᠭᠯᠡᠬᠦ ᠬᠡᠮᠵᠢᠶ᠎ᠡ ᠵᠢ ᠪᠠᠭ᠋ᠠᠰᠬᠠᠨ᠎ᠠ ᠃ ᠲᠠᠷᠢᠶᠠᠨ ᠡᠮ᠎ᠤᠨ ᠪᠣᠭᠣᠳᠠᠯ ᠪᠠᠭᠯᠠᠭ᠋ᠠᠨᠤ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠬᠤ ᠵᠢ ᠦᠷᠭᠦᠯᠵᠢᠯᠡᠨ ᠠᠬᠢᠭᠤᠯᠵᠤ ᠂ ᠲᠠᠷᠢᠶᠠᠨ ᠡᠮ᠎ᠤᠨ ᠦᠢ᠍ᠯᠡᠳᠪᠦᠷᠢᠯᠡᠬᠦ ᠭᠣᠭᠴᠣᠭ᠎ᠠ᠎ᠳᠤ ᠡᠭᠡᠭᠦᠯᠦᠨ ᠬᠤᠷᠢᠶᠠᠬᠤ᠎ᠳᠤ ᠳᠥᠭᠥᠮ ᠪᠦᠬᠦᠢ ᠪᠠᠭᠲᠠᠭ᠋ᠠᠮᠵᠢ ᠶᠡᠬᠡᠲᠡᠢ ᠪᠣᠭᠣᠳᠠᠯ ᠪᠠᠭᠯᠠᠭ᠎ᠠ ᠬᠡᠷᠡᠭᠯᠡᠬᠦ ᠵᠢ ᠵᠣᠷᠢᠭᠵᠢᠭᠤᠯᠵᠤ ᠂ ᠲᠠᠷᠢᠶᠠᠨ ᠡᠮ᠎ᠤᠨ ᠦᠢ᠍ᠯᠡᠳᠪᠦᠷᠢᠯᠡᠭᠴᠢ ᠂ ᠡᠵᠡᠩᠨᠡᠭᠴᠢ ᠵᠢ ᠲᠠᠷᠢᠶᠠᠨ ᠡᠮ᠎ᠤᠨ ᠪᠣᠭᠣᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠬᠤ ᠡᠭᠦᠷᠭᠡ᠎ᠪᠠᠨ ᠪᠡᠶᠡᠯᠡᠭᠦᠯᠬᠦ ᠲᠠᠯ᠎ᠠ᠎ᠪᠠᠷ ᠰᠢᠮᠳᠠᠭᠤᠯᠤᠨ ᠂ ᠲᠠᠷᠢᠶᠠᠨ ᠡᠮ᠎ᠤᠨ ᠪᠣᠭᠣᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠵᠤ ᠰᠢᠢ᠍ᠳᠪᠦᠷᠢᠯᠡᠬᠦ ᠠᠵᠢᠯ᠎ᠢ ᠴᠢᠩᠭ᠋ᠠᠳᠬᠠᠨ᠎ᠠ ᠃ 2025 ᠣᠨ ᠪᠣᠯᠬᠤ᠎ᠳᠤ ᠲᠠᠷᠢᠶᠠᠨ ᠡᠮ᠎ᠤᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠬᠤ ᠨᠣᠷᠮ᠎ᠠ ᠵᠢ 80%᠎ᠠᠴᠠ ᠳᠡᠭᠡᠭᠰᠢ᠎ᠳᠤ ᠬᠦᠷᠭᠡᠨ᠎ᠡ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠳᠥᠷᠪᠡ) ᠦᠵᠦᠭᠦᠷ᠎ᠤᠨ ᠵᠠᠰᠠᠯᠲᠠ ᠵᠢ ᠭᠦᠨᠵᠡᠭᠡᠢ᠌ᠷᠡᠭᠦᠯᠵᠦ ᠂ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢ ᠪᠠᠭᠤᠷᠠᠭᠤᠯᠤᠨ᠎ᠠ ᠃
1. ᠰᠢᠨ᠎ᠡ ᠪᠣᠬᠢᠷᠲᠤᠯ ᠪᠣᠳᠠᠰ᠎ᠢ ᠣᠯᠠᠨ ᠣᠷᠴᠢᠨ ᠲᠣᠭᠣᠷᠢᠨ᠎ᠤ ᠵᠠᠭᠤᠴᠢ᠎ᠪᠠᠷ ᠬᠠᠮᠵᠢᠯᠴᠠᠨ ᠵᠠᠰᠠᠬᠤ ᠵᠢ ᠴᠢᠩᠭ᠋ᠠᠳᠬᠠᠨ᠎ᠠ ᠃ 《ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠤᠨ ᠲᠣᠳᠣᠷᠬᠠᠢ ᠬᠠᠭᠤᠳᠠᠰᠤ》᠎ᠳᠤ ᠵᠢᠭᠰᠠᠭ᠋ᠠᠭᠰᠠᠨ ᠬᠢᠮᠢ ᠵᠢᠨ ᠪᠣᠳᠠᠰ᠎ᠢ ᠦᠢ᠍ᠯᠡᠳᠪᠦᠷᠢᠯᠡᠬᠦ ᠂ ᠡᠳ᠋ᠰᠢᠭᠦᠯᠦᠨ ᠪᠣᠯᠪᠠᠰᠤᠷᠠᠭᠤᠯᠬᠤ ᠂ ᠬᠡᠷᠡᠭᠯᠡᠬᠦ ᠪᠤᠶᠤ ᠭᠠᠳᠠᠭᠰᠢᠯᠠᠭᠤᠯᠬᠤ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢ ᠪᠣᠯ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ᠎ᠳᠤ ᠣᠷᠣᠭᠤᠯᠬᠤ ᠬᠡᠷᠡᠭᠲᠡᠢ ᠃ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ᠎ᠳᠤ ᠣᠷᠣᠭᠤᠯᠵᠤ ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠠᠤᠯᠢ ᠶᠣᠰᠣᠭ᠋ᠠᠷ ᠭᠤᠶᠤᠴᠢᠯᠠᠨ ᠠᠪᠬᠤ ᠪᠤᠶᠤ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠵᠢᠨ ᠬᠦᠰᠦᠨᠦᠭᠲᠦ ᠵᠢ ᠲᠠᠭᠯᠠᠵᠤ ᠂ ᠬᠡᠷᠡᠭᠵᠢᠭᠦᠯᠵᠦ ᠪᠠᠢ᠌ᠭ᠎ᠠ ᠪᠣᠬᠢᠷᠲᠤᠯ᠎ᠢ ᠬᠢᠵᠠᠭ᠋ᠠᠷᠯᠠᠬᠤ ᠪᠠᠷᠢᠮᠵᠢᠶ᠎ᠠ ᠱᠠᠭ᠋ᠠᠷᠳᠠᠯᠭ᠎ᠠ ᠵᠢᠴᠢ ᠠᠪᠴᠤ ᠪᠠᠢ᠌ᠭ᠎ᠠ ᠪᠣᠬᠢᠷᠲᠤᠯ᠎ᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠲᠣᠳᠣᠷᠬᠠᠢ ᠲᠡᠮᠳᠡᠭᠯᠡᠵᠦ ᠂ ᠭᠠᠳᠠᠭᠰᠢᠯᠠᠭᠤᠯᠬᠤ (ᠪᠣᠬᠢᠷᠲᠤᠯ ᠪᠣᠳᠠᠰ ᠭᠠᠳᠠᠭᠰᠢᠯᠠᠭᠤᠯᠬᠤ) ᠠᠮᠠᠰᠠᠷ ᠵᠢᠴᠢ ᠡᠷᠭᠢᠨ ᠲᠣᠭᠣᠷᠢᠨ᠎ᠤ ᠣᠷᠴᠢᠨ ᠠᠬᠤᠢ᠎ᠳᠤ ᠣᠷᠴᠢᠨ ᠲᠣᠭᠣᠷᠢᠨ᠎ᠤ ᠬᠢᠨᠠᠨ ᠰᠢᠨᠵᠢᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ ᠂ ᠣᠷᠴᠢᠨ ᠲᠣᠭᠣᠷᠢᠨ᠎ᠤ ᠲᠦᠭᠰᠢᠭᠦᠷᠢ ᠵᠢ ᠦᠨᠡᠯᠡᠨ ᠵᠢᠱ᠌ᠢᠵᠦ ᠂ ᠣᠷᠴᠢᠨ ᠲᠣᠭᠣᠷᠢᠨ᠎ᠤ ᠠᠮᠤᠷ ᠲᠦᠪᠰᠢᠨ᠎ᠤ ᠭᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠵᠤ ᠂ ᠰᠢᠨ᠎ᠡ ᠪᠣᠬᠢᠷᠲᠤᠯ ᠪᠣᠳᠠᠰ᠎ᠤᠨ ᠮᠡᠳᠡᠭᠡ ᠵᠠᠩᠭᠢ ᠵᠢ ᠬᠠᠤᠯᠢ ᠶᠣᠰᠣᠭ᠋ᠠᠷ ᠢᠯᠡ ᠪᠣᠯᠭ᠋ᠠᠵᠤ ᠂ ᠠᠷᠭ᠎ᠠ ᠬᠡᠮᠵᠢᠶ᠎ᠡ ᠠᠪᠴᠤ ᠪᠠᠢ᠌ᠭ᠋ᠠᠳ ᠣᠷᠴᠢᠨ ᠲᠣᠭᠣᠷᠢᠨ᠎ᠤ ᠲᠦᠭᠰᠢᠭᠦᠷᠢ ᠵᠢ ᠰᠡᠷᠭᠡᠢ᠌ᠯᠡᠬᠦ ᠬᠡᠷᠡᠭᠲᠡᠢ ᠃ ᠬᠥᠷᠥᠰᠥ ᠰᠢᠷᠣᠢ ᠵᠢᠨ ᠪᠣᠬᠢᠷᠲᠤᠯ᠎ᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ᠎ᠨᠢ ᠬᠣᠣᠷ ᠬᠥᠨᠥᠭᠡᠯ᠎ᠲᠠᠢ ᠪᠣᠳᠠᠰ᠎ᠤᠨ ᠭᠠᠳᠠᠭᠰᠢᠯᠠᠭᠤᠯᠤᠯᠲᠠ ᠵᠢ ᠴᠢᠩᠭ᠎ᠠ ᠬᠢᠵᠠᠭ᠋ᠠᠷᠯᠠᠵᠤ ᠂ ᠬᠥᠷᠥᠰᠥ ᠰᠢᠷᠣᠢ ᠵᠢᠨ ᠪᠣᠬᠢᠷᠲᠤᠯ᠎ᠤᠨ ᠭᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠳᠦᠷᠢᠮ᠎ᠢ ᠪᠠᠢ᠌ᠭᠤᠯᠤᠨ ᠂ ᠬᠣᠣᠷ ᠬᠥᠨᠥᠭᠡᠯ᠎ᠲᠠᠢ ᠪᠣᠳᠠᠰ᠎ᠤᠨ ᠨᠡᠪᠴᠢᠬᠦ ᠂ ᠤᠷᠤᠰᠬᠤ ᠂ ᠰᠠᠷᠨᠢᠬᠤ᠎ᠠᠴᠠ ᠰᠡᠷᠭᠡᠢ᠌ᠯᠡᠬᠦ ᠬᠡᠷᠡᠭᠲᠡᠢ ᠃ ᠬᠣᠣᠷ ᠬᠥᠨᠥᠭᠡᠯ᠎ᠲᠠᠢ ᠠᠭ᠋ᠠᠷ ᠮᠠᠨᠳᠠᠯ᠎ᠤᠨ ᠪᠣᠬᠢᠷᠲᠤᠯ ᠪᠣᠳᠠᠰ ᠂ ᠤᠰᠤᠨ᠎ᠤ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠵᠠᠰᠠᠯᠲᠠ ᠵᠢ ᠦᠨᠡᠨ ᠬᠦ᠌ ᠴᠢᠩᠭ᠋ᠠᠳᠬᠠᠵᠤ ᠂ ᠬᠠᠮᠢᠶ᠎ᠠ ᠪᠦᠬᠦᠢ ᠪᠣᠬᠢᠷᠲᠤᠯ᠎ᠢ ᠬᠢᠵᠠᠭ᠋ᠠᠷᠯᠠᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠷᠢᠭᠤᠴᠠᠨ᠎ᠠ)
2. ᠣᠨᠴᠠ ᠲᠣᠭᠲᠠᠭᠰᠠᠨ ᠰᠢᠨ᠎ᠡ ᠪᠣᠬᠢᠷᠲᠤᠯ ᠪᠣᠳᠠᠰ᠎ᠢ ᠠᠭᠤᠯᠬᠤ ᠬᠠᠶᠠᠭᠳᠠᠮᠠᠯ ᠪᠣᠳᠠᠰ᠎ᠢ ᠴᠤᠭᠯᠠᠭᠤᠯᠤᠨ ᠠᠰᠢᠭᠯᠠᠵᠤ ᠰᠢᠢ᠍ᠳᠪᠦᠷᠢᠯᠡᠬᠦ ᠵᠢ ᠴᠢᠩᠭ᠋ᠠᠷᠠᠭᠤᠯᠤᠨ᠎ᠠ ᠃ ᠬᠠᠶᠠᠭᠳᠠᠮᠠᠯ ᠡᠮ᠎ᠤᠨ ᠵᠦᠢ᠍ᠯ ᠂ ᠬᠠᠶᠠᠭᠳᠠᠮᠠᠯ ᠲᠠᠷᠢᠶᠠᠨ ᠡᠮ ᠵᠢᠴᠢ ᠨᠢᠶᠠᠨ ᠳᠠᠷᠤᠭᠴᠢ ᠵᠢ ᠦᠢ᠍ᠯᠡᠳᠪᠦᠷᠢᠯᠡᠬᠦ ᠶᠠᠪᠤᠴᠠ᠎ᠳᠤ ᠡᠭᠦᠰᠦᠭᠰᠡᠨ ᠬᠠᠶᠠᠭᠳᠠᠮᠠᠯ ᠡᠬᠡ ᠰᠢᠩᠭᠡᠨ ᠂ ᠬᠠᠶᠠᠭᠳᠠᠮᠠᠯ ᠤᠷᠪᠠᠯ᠎ᠤᠨ ᠪᠦᠯᠦᠭ ᠪᠠ ᠬᠠᠶᠠᠭᠳᠠᠮᠠᠯ ᠬᠥᠮᠥᠵᠢᠭᠦᠯᠦᠭᠴᠢ ᠵᠡᠷᠭᠡ ᠬᠠᠶᠠᠭᠳᠠᠮᠠᠯ ᠪᠣᠳᠠᠰ᠎ᠢ ᠴᠤᠭᠯᠠᠭᠤᠯᠤᠨ ᠠᠰᠢᠭᠯᠠᠵᠤ ᠰᠢᠢ᠍ᠳᠪᠦᠷᠢᠯᠡᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ᠎ᠤ ᠣᠳᠣ ᠪᠠᠢ᠌ᠭ᠎ᠠ ᠱᠦᠢ᠍ᠨᠢ ᠵᠢᠨ ᠤᠭᠤᠷᠭ᠋ᠠᠢ ᠵᠡᠷᠭᠡ ᠰᠢᠲᠠᠭ᠋ᠠᠵᠤ ᠰᠢᠢ᠍ᠳᠪᠦᠷᠢᠯᠡᠬᠦ ᠪᠡᠯᠡᠳᠬᠡᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ ᠬᠠᠶᠠᠭᠳᠠᠮᠠᠯ ᠡᠮ᠎ᠤᠨ ᠵᠦᠢ᠍ᠯ ᠂ ᠬᠠᠶᠠᠭᠳᠠᠮᠠᠯ ᠲᠠᠷᠢᠶᠠᠨ ᠡᠮ᠎ᠢ ᠬᠠᠮᠵᠢᠯᠴᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ ᠂ ᠬᠥᠬᠡᠬᠣᠲᠠ ᠪᠠᠶᠠᠨᠨᠠᠭᠤᠷ ᠬᠣᠲᠠ ᠵᠢᠨ ᠨᠢᠶᠠᠨ ᠳᠠᠷᠤᠭᠴᠢ ᠪᠠᠺᠲ᠋ᠧᠷᠢ ᠵᠢᠨ ᠰᠢᠭ᠋ᠠᠷᠤ ᠵᠢ ᠬᠣᠣᠷ ᠦᠭᠡᠢ᠌ᠳᠡᠭᠦᠯᠦᠨ ᠶᠡᠷᠦᠩᠬᠡᠢ᠌ᠯᠡᠨ ᠠᠰᠢᠭᠯᠠᠬᠤ ᠢᠨᠵᠧᠨᠧᠷᠢᠩ᠎ᠢ ᠶᠡᠬᠡ᠎ᠪᠠᠷ ᠳᠡᠯᠭᠡᠷᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
3. ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠲᠤᠷᠰᠢᠯᠲᠠ ᠵᠢᠨ ᠴᠡᠭ᠎ᠤᠨ ᠢᠨᠵᠧᠨᠧᠷᠢᠩ᠎ᠢ ᠥᠷᠨᠢᠭᠦᠯᠵᠦ ᠂ ᠪᠣᠬᠢᠷᠲᠤᠯ᠎ᠢ ᠵᠠᠰᠠᠬᠤ ᠵᠢ ᠠᠬᠢᠭᠤᠯᠤᠨ᠎ᠠ ᠃ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠪᠠᠢ᠌ᠴᠠᠭ᠋ᠠᠯᠲᠠ ᠬᠢᠨᠠᠨ ᠬᠡᠮᠵᠢᠯᠲᠡ ᠵᠢᠨ ᠲᠤᠷᠰᠢᠯᠲᠠ ᠵᠢᠨ ᠴᠡᠭ᠎ᠤᠨ ᠦᠷ᠎ᠡ ᠳ᠋ᠦᠩ᠎ᠢ ᠦᠨᠳᠦᠰᠦᠯᠡᠨ ᠂ ᠬᠢᠮᠢ ᠵᠢᠨ ᠠᠵᠤ ᠦᠢ᠍ᠯᠡᠳᠪᠦᠷᠢ ᠂ ᠡᠮ ᠡᠮᠨᠡᠯᠭᠡ ᠵᠡᠷᠭᠡ ᠠᠵᠢᠯ ᠲᠥᠷᠥᠯ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠢ ᠰᠣᠩᠭᠣᠨ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠲᠤᠷᠰᠢᠯᠲᠠ ᠵᠢᠨ ᠴᠡᠭ᠎ᠤᠨ ᠢᠨᠵᠧᠨᠧᠷᠢᠩ᠎ᠢ ᠥᠷᠨᠢᠭᠦᠯᠦᠨ᠎ᠡ ᠃ ᠤᠯᠤᠰ᠎ᠤᠨ ᠬᠣᠣᠷ ᠬᠥᠨᠥᠭᠡᠯ᠎ᠲᠠᠢ ᠬᠢᠮᠢ ᠵᠢᠨ ᠪᠣᠳᠠᠰ᠎ᠢ ᠪᠣᠬᠢᠷᠲᠤᠯ ᠦᠭᠡᠢ᠎ᠪᠠᠷ ᠣᠷᠣᠯᠠᠭᠤᠯᠬᠤ ᠂ ᠰᠢᠨ᠎ᠡ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠢᠴᠢ ᠪᠣᠬᠢᠷ ᠤᠰᠤ ᠪᠤᠵᠠᠷ ᠰᠢᠪᠠᠷ ᠂ ᠬᠠᠶᠠᠭᠳᠠᠮᠠᠯ ᠰᠢᠩᠭᠡᠨ ᠬᠠᠶᠠᠭᠳᠠᠮᠠᠯ ᠰᠢᠭ᠋ᠠᠷᠤ ᠵᠢᠨ ᠳᠤᠮᠳᠠᠬᠢ ᠰᠢᠨ᠎ᠡ ᠪᠣᠬᠢᠷᠲᠤᠯ ᠪᠣᠳᠠᠰ᠎ᠢ ᠵᠠᠰᠠᠬᠤ ᠵᠢᠱ᠌ᠢᠶ᠎ᠡ ᠦᠵᠡᠭᠦᠯᠬᠦ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠵᠦ ᠂ ᠨᠥᠬᠥᠴᠡᠯ᠎ᠲᠠᠢ ᠠᠵᠤ ᠠᠬᠤᠢ᠌ᠯᠠᠯ᠎ᠤᠨ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠵᠢ ᠵᠣᠷᠢᠭᠵᠢᠭᠤᠯᠵᠤ ᠂ ᠰᠢᠨ᠎ᠡ ᠪᠣᠬᠢᠷᠲᠤᠯ ᠪᠣᠳᠠᠰ ᠡᠭᠦᠰᠬᠡᠬᠦ ᠪᠠ ᠭᠠᠳᠠᠭᠰᠢᠯᠠᠭᠤᠯᠬᠤ ᠵᠢ ᠪᠠᠭ᠋ᠠᠰᠬᠠᠨ᠎ᠠ ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠲᠠᠪᠤ) ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠰᠠᠭᠤᠷᠢ᠎ᠪᠠᠨ ᠪᠡᠬᠢᠵᠢᠭᠦᠯᠦᠨ᠎ᠡ ᠃
1. ᠰᠢᠨ᠎ᠡ ᠪᠣᠬᠢᠷᠲᠤᠯ ᠪᠣᠳᠠᠰ᠎ᠤᠨ ᠮᠡᠷᠭᠡᠵᠢᠯ᠎ᠤᠨ ᠰᠤᠳᠤᠯᠭ᠋ᠠᠨ᠎ᠢ ᠥᠷᠨᠢᠭᠦᠯᠦᠨ᠎ᠡ ᠃ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠲᠥᠯᠥᠪᠯᠡᠭᠡ᠎ᠳᠤ ᠲᠦᠰᠢᠭᠯᠡᠨ ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠮᠡᠷᠭᠡᠵᠢᠯ᠎ᠤᠨ ᠰᠤᠳᠤᠯᠭ᠋ᠠᠨ᠎ᠢ ᠥᠷᠨᠢᠭᠦᠯᠵᠦ ᠂ ᠬᠣᠣᠷ ᠬᠥᠨᠥᠭᠡᠯ᠎ᠲᠠᠢ ᠰᠢᠨ᠎ᠡ ᠪᠣᠬᠢᠷᠲᠤᠯ ᠪᠣᠳᠠᠰ᠎ᠢ ᠬᠢᠨᠠᠨ ᠬᠡᠮᠵᠢᠵᠦ ᠵᠠᠳᠠᠯᠬᠤ ᠂ ᠲᠦᠭᠰᠢᠭᠦᠷᠢ ᠵᠢ ᠦᠨᠡᠯᠡᠨ ᠵᠢᠱ᠌ᠢᠬᠦ ᠂ ᠭᠠᠳᠠᠭᠰᠢᠯᠠᠭᠤᠯᠤᠯᠲᠠ ᠵᠢᠨ ᠤᠭ ᠦᠨᠳᠦᠰᠦ ᠵᠢ᠎ᠨᠢ ᠡᠷᠢᠬᠦ ᠂ ᠪᠦᠲᠦᠮᠵᠢᠲᠡᠢ ᠠᠷᠢᠯᠭ᠋ᠠᠬᠤ ᠵᠡᠷᠭᠡ ᠮᠡᠷᠭᠡᠵᠢᠯ᠎ᠢ ᠰᠤᠳᠤᠯᠤᠨ ᠨᠡᠭᠡᠭᠡᠬᠦ ᠬᠢᠭᠡᠳ ᠦᠨᠡᠯᠡᠬᠦ᠎ᠳᠤ ᠳᠡᠮᠵᠢᠯᠭᠡ ᠦᠵᠡᠭᠦᠯᠦᠨ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠬᠦᠴᠦᠯᠡᠴᠡ ᠵᠢ ᠨᠡᠮᠡᠭᠳᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
2. ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠰᠠᠭᠤᠷᠢ ᠵᠢ ᠪᠠᠲᠤᠯᠠᠬᠤ ᠴᠢᠳᠠᠪᠤᠷᠢ ᠵᠢᠨ ᠪᠠᠢ᠌ᠭᠤᠯᠤᠯᠲᠠ ᠵᠢ ᠳᠡᠭᠡᠭᠰᠢᠯᠡᠭᠦᠯᠦᠨ᠎ᠡ ᠃ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ᠎ᠳᠤ ᠬᠢᠨᠠᠯᠲᠠ ᠲᠠᠯᠪᠢᠬᠤ ᠂ ᠬᠠᠤᠯᠢ ᠬᠡᠷᠡᠭᠵᠢᠭᠦᠯᠬᠦ ᠂ ᠬᠢᠨᠠᠨ ᠬᠡᠮᠵᠢᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠬᠢᠷᠢ ᠭᠡᠮ ᠪᠣᠯᠣᠨ ᠲᠥᠬᠥᠭᠡᠷᠦᠮᠵᠢ ᠵᠢᠨ ᠪᠠᠢ᠌ᠭᠤᠯᠤᠯᠲᠠ ᠵᠢ ᠲᠡᠭᠦᠯᠳᠡᠷᠵᠢᠭᠦᠯᠵᠦ ᠂ ᠰᠢᠨ᠎ᠡ ᠪᠣᠬᠢᠷᠲᠤᠯ ᠪᠣᠳᠠᠰ᠎ᠤᠨ ᠨᠡᠢ᠌ᠭᠡᠮᠴᠢᠯᠡᠭᠰᠡᠨ ᠬᠢᠨᠠᠨ ᠬᠡᠮᠵᠢᠯᠲᠡ ᠵᠢ ᠵᠣᠷᠢᠭᠵᠢᠭᠤᠯᠵᠤ ᠂ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠪᠠ ᠲᠤᠰᠬᠠᠢ ᠵᠦᠢ᠍ᠯ᠎ᠤᠨ ᠪᠣᠯᠪᠠᠰᠤᠷᠠᠯ᠎ᠢ ᠥᠷᠨᠢᠭᠦᠯᠵᠦ ᠂ ᠪᠥᠬᠥ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠬᠢᠬᠦ ᠪᠠ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢᠨ ᠮᠡᠷᠭᠡᠵᠢᠯ᠎ᠤᠨ ᠲᠤᠯᠭ᠋ᠠᠭᠤᠷᠢᠯᠠᠨ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ ᠃ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠮᠡᠳᠡᠭᠡ ᠵᠠᠩᠭᠢᠴᠢᠯᠠᠯᠲᠠ ᠵᠢᠨ ᠬᠢᠷᠢ ᠲᠦᠪᠰᠢᠨ᠎ᠢ ᠴᠢᠩᠭ᠋ᠠᠷᠠᠭᠤᠯᠵᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ ᠃ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠪᠠᠢ᠌ᠭᠤᠯᠵᠤ ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠭᠤᠷᠪᠠ ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠨ᠎ᠠ ᠃ ᠥᠪᠡᠷᠲᠡᠭᠡᠨ ᠵᠠᠰᠠᠬᠤ ᠣᠷᠣᠨ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠵᠦ ᠂ ᠠᠢ᠌ᠮᠠᠭ ᠬᠣᠲᠠ ᠂ ᠬᠣᠰᠢᠭᠤ ᠰᠢᠶᠠᠨ (ᠬᠣᠲᠠ ᠂ ᠲᠣᠭᠣᠷᠢᠭ) ᠪᠣᠳᠠᠲᠠᠢ ᠨᠠᠢ᠌ᠳᠠᠪᠤᠷᠢᠵᠢᠭᠤᠯᠬᠤ ᠵᠠᠷᠴᠢᠮ ᠶᠣᠰᠣᠭ᠋ᠠᠷ ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠬᠠᠷᠢᠶᠠᠲᠤ ᠭᠠᠵᠠᠷ᠎ᠤᠨ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠨᠢ ᠲᠦᠷᠦᠭᠦᠯᠡᠨ ᠬᠠᠷᠢᠭᠤᠴᠠᠵᠤ ᠶᠡᠷᠦᠩᠬᠡᠢ᠌ᠯᠡᠨ ᠠᠳᠬᠤᠬᠤ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ ᠂ ᠬᠥᠭᠵᠢᠭᠦᠯᠦᠯᠲᠡ ᠪᠠ ᠥᠭᠡᠷᠡᠴᠢᠯᠡᠯᠲᠡ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠡᠳ᠋᠎ᠤᠨ ᠵᠠᠰᠠᠭ ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠂ ᠭᠠᠢ᠌ᠯᠢ ᠵᠢᠨ ᠶᠠᠪᠤᠳᠠᠯ ᠂ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠂ ᠪᠣᠭᠣᠮᠲᠠ ᠵᠡᠷᠭᠡ ᠰᠠᠯᠠᠭ᠎ᠠ ᠮᠥᠴᠢᠷ ᠨᠢᠭᠡᠴᠢ ᠵᠢ ᠲᠣᠭᠲᠠᠭᠰᠠᠨ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠵᠤ ᠵᠥᠪᠳᠡᠯᠴᠡᠨ ᠂ ᠪᠥᠬᠥ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷ ᠪᠡᠷᠬᠡᠰᠢᠶᠡᠯ ᠪᠣᠯᠣᠨ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ ᠃ ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ 2023 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠲᠣᠰ ᠭᠠᠵᠠᠷ ᠣᠷᠣᠨ᠎ᠤ᠎ᠪᠠᠨ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠨ ᠨᠡᠢ᠌ᠲᠡᠯᠡᠵᠦ ᠂ ᠬᠠᠷᠠᠯᠲᠠ ᠡᠭᠦᠷᠭᠡ ᠵᠢ ᠨᠠᠷᠢᠯᠢᠭᠵᠢᠭᠤᠯᠤᠨ ᠵᠠᠳᠠᠯᠵᠤ ᠂ ᠰᠠᠯᠠᠭ᠎ᠠ ᠮᠥᠴᠢᠷ᠎ᠤᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠨ ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠬᠣᠯᠪᠤᠭ᠋ᠠᠯᠠᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠵᠢ ᠥᠷᠨᠢᠭᠦᠯᠵᠦ ᠂ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠵᠢ ᠪᠡᠶᠡᠯᠡᠭᠦᠯᠵᠦ ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠡᠯ᠎ᠡ ᠵᠦᠢ᠍ᠯ᠎ᠤᠨ ᠠᠵᠢᠯ᠎ᠢ ᠬᠦᠴᠦ᠎ᠪᠠᠨ ᠬᠠᠮᠲᠤᠳᠬᠠᠨ ᠰᠠᠢ᠌ᠲᠤᠷ ᠬᠢᠵᠦ ᠂ 2025 ᠣᠨ᠎ᠳᠤ ᠲᠣᠰ ᠲᠥᠰᠥᠯ᠎ᠢ ᠬᠡᠷᠡᠭᠵᠢᠭᠦᠯᠦᠭᠰᠡᠨ ᠪᠠᠢ᠌ᠳᠠᠯ᠎ᠳᠤ ᠪᠥᠬᠥ ᠲᠠᠯ᠎ᠠ ᠵᠢᠨ ᠦᠨᠡᠯᠡᠨ ᠵᠢᠱ᠌ᠢᠯᠲᠡ ᠬᠢᠬᠦ ᠬᠡᠷᠡᠭᠲᠡᠢ ᠃ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠳᠤᠮᠳᠠ ᠣᠷᠣᠰᠢᠵᠤ ᠪᠠᠢ᠌ᠭ᠎ᠠ ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ᠎ᠳᠤ ᠣᠷᠣᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠦᠷᠦᠭᠦᠯᠡᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠬᠣᠶᠠᠷ) ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠨ᠎ᠠ ᠃ ᠠᠵᠤ ᠠᠬᠤᠢ᠌ᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠬᠤ ᠵᠢ ᠰᠢᠮᠳᠠᠭᠤᠯᠤᠨ ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠎ᠠ ᠃ ᠡᠯ᠎ᠡ ᠰᠠᠯᠠᠭ᠎ᠠ ᠮᠥᠴᠢᠷ ᠨᠢᠭᠡᠴᠢ᠎ᠨᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢᠨ ᠨᠡᠪᠲᠡᠷᠡᠭᠦᠯᠦᠨ ᠮᠡᠳᠡᠭᠡᠯᠡᠬᠦ ᠲᠣᠭᠲᠠᠴᠠ ᠵᠢ ᠪᠠᠢ᠌ᠭᠤᠯᠵᠤ ᠂ ᠮᠡᠳᠡᠭᠡ ᠵᠠᠩᠭᠢ ᠵᠢᠨ ᠬᠠᠷᠢᠯᠴᠠᠨ ᠨᠡᠪᠲᠡᠷᠡᠯᠴᠡᠵᠦ ᠬᠠᠮᠲᠤ᠎ᠪᠠᠷ ᠬᠦᠷᠲᠡᠬᠦ ᠵᠢ ᠴᠢᠩᠭ᠋ᠠᠷᠠᠭᠤᠯᠵᠤ ᠂ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠬᠠᠤᠯᠢ ᠬᠡᠷᠡᠭᠵᠢᠭᠦᠯᠬᠦ ᠬᠢᠨᠠᠨ ᠬᠡᠮᠵᠢᠯᠲᠡ ᠪᠣᠯᠣᠨ ᠭᠣᠣᠯᠳᠠᠯᠭ᠎ᠠ᠎ᠲᠠᠢ ᠣᠷᠣᠨ ᠪᠦᠰᠡ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢ ᠴᠢᠩᠭ᠋ᠠᠳᠬᠠᠬᠤ ᠬᠡᠷᠡᠭᠲᠡᠢ ᠃ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠲᠤ ᠬᠣᠯᠪᠣᠭᠳᠠᠬᠤ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠎ᠳᠤ ᠬᠠᠤᠯᠢ ᠶᠣᠰᠣᠭ᠋ᠠᠷ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠵᠢ ᠥᠷᠨᠢᠭᠦᠯᠵᠦ ᠂ ᠣᠷᠴᠢᠨ ᠲᠣᠭᠣᠷᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠤᠭᠰᠠᠨ ᠦᠭᠡᠢ ᠠᠵᠤ ᠠᠬᠤᠢ᠌ᠯᠠᠯ᠎ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠎ᠠ ᠃ ᠴᠠᠭ᠋ᠠᠵᠠᠯᠠᠬᠤ ᠪᠤᠶᠤ ᠬᠢᠵᠠᠭ᠋ᠠᠷᠯᠠᠬᠤ ᠲᠥᠷᠥᠯ᠎ᠤᠨ ᠬᠣᠣᠷ ᠬᠥᠨᠥᠭᠡᠯ᠎ᠲᠠᠢ ᠬᠢᠮᠢ ᠵᠢᠨ ᠪᠣᠳᠠᠰ ᠵᠢᠴᠢ ᠬᠠᠮᠢᠶ᠎ᠠ ᠪᠦᠬᠦᠢ ᠦᠢ᠍ᠯᠡᠳᠬᠦᠨ᠎ᠢ ᠦᠢ᠍ᠯᠡᠳᠪᠦᠷᠢᠯᠡᠬᠦ ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ᠎ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠬᠥᠬᠡᠬᠣᠲᠠ ᠪᠣᠭᠣᠮᠲᠠ ᠂ ᠮᠠᠨᠵᠤᠤᠷ ᠪᠣᠭᠣᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠭᠤᠷᠪᠠ) ᠪᠡᠯᠡ ᠮᠥᠩᠭᠥᠨ᠎ᠤ ᠣᠷᠤᠭᠤᠯᠤᠯᠲᠠ ᠵᠢ ᠨᠡᠮᠡᠭᠳᠡᠭᠦᠯᠦᠨ᠎ᠡ ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠪᠠ ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠡᠳ᠋᠎ᠤᠨ ᠵᠠᠰᠠᠭ᠎ᠤᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠵᠦ ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠵᠤ ᠂ ᠰᠢᠨ᠎ᠡ ᠪᠣᠬᠢᠷᠲᠤᠯ ᠪᠣᠳᠠᠰ᠎ᠤᠨ ᠪᠠᠢ᠌ᠴᠠᠭ᠋ᠠᠵᠤ ᠬᠢᠨᠠᠨ ᠬᠡᠮᠵᠢᠬᠦ ᠂ ᠰᠢᠭᠰᠢᠨ ᠪᠠᠢ᠌ᠴᠠᠭ᠋ᠠᠵᠤ ᠦᠨᠡᠯᠡᠨ ᠵᠢᠱ᠌ᠢᠬᠦ ᠂ ᠲᠤᠷᠰᠢᠯᠲᠠ ᠵᠢᠨ ᠴᠡᠭ ᠪᠠᠢ᠌ᠭᠤᠯᠵᠤ ᠵᠢᠱ᠌ᠢᠶ᠎ᠡ ᠦᠵᠡᠭᠦᠯᠬᠦ ᠂ ᠬᠠᠮᠢᠶᠠᠷᠤᠨ ᠡᠵᠡᠮᠳᠡᠵᠦ ᠵᠠᠰᠠᠬᠤ ᠵᠡᠷᠭᠡ ᠠᠵᠢᠯ ᠥᠷᠨᠢᠭᠦᠯᠬᠦ ᠵᠢ ᠳᠡᠮᠵᠢᠵᠦ ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠲᠤᠰᠬᠠᠢ ᠵᠦᠢ᠍ᠯ᠎ᠤᠨ ᠪᠡᠯᠡ ᠮᠥᠩᠭᠥ ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠣᠷᠤᠭᠤᠯᠤᠯᠲᠠ᠎ᠪᠠᠷ ᠬᠥᠲᠥᠯᠥᠮᠵᠢ ᠪᠣᠯᠭ᠋ᠠᠭᠰᠠᠨ ᠣᠯᠠᠨ ᠡᠰᠢᠵᠢᠭᠰᠡᠨ ᠪᠡᠯᠡ ᠮᠥᠩᠭᠥᠨ᠎ᠤ ᠪᠠᠲᠤᠯᠠᠭ᠎ᠠ ᠵᠢᠨ ᠳᠦᠷᠢᠮ᠎ᠢ ᠪᠠᠢ᠌ᠭᠤᠯᠬᠤ ᠬᠡᠷᠡᠭᠲᠡᠢ ᠃ ᠪᠡᠯᠡ ᠮᠥᠩᠭᠥᠨ᠎ᠤ ᠣᠷᠤᠭᠤᠯᠤᠯᠲᠠ ᠵᠢᠨ ᠠᠷᠭ᠎ᠠ ᠵᠠᠮ᠎ᠢ ᠥᠷᠭᠡᠳᠬᠡᠵᠦ ᠂ ᠨᠡᠩ ᠣᠯᠠᠨ ᠨᠡᠢ᠌ᠭᠡᠮ ᠂ ᠮᠥᠩᠭᠥᠨ ᠭᠦᠢ᠍ᠯᠭᠡᠭᠡᠨ᠎ᠤ ᠬᠥᠷᠥᠩᠭᠡ ᠵᠢ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠬᠦᠷᠢᠶᠡᠨ᠎ᠳᠤ ᠣᠷᠣᠭᠤᠯᠬᠤ᠎ᠪᠠᠷ ᠵᠢᠯᠤᠭᠣᠳᠬᠤ ᠪᠠ ᠵᠣᠷᠢᠭᠵᠢᠭᠤᠯᠤᠨ᠎ᠠ ᠃ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ᠎ᠨᠢ ᠲᠣᠭᠲᠠᠭ᠋ᠠᠯ ᠶᠣᠰᠣᠭ᠋ᠠᠷ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠷᠲᠡᠨ᠎ᠡ ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠂ ᠥᠪᠥᠷ ᠮᠣᠩᠭᠣᠯ᠎ᠤᠨ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠳᠥᠷᠪᠡ) ᠤᠬᠠᠭᠤᠯᠤᠨ ᠵᠢᠯᠤᠭᠣᠳᠬᠤ ᠵᠢ ᠴᠢᠩᠭ᠋ᠠᠳᠬᠠᠨ᠎ᠠ ᠃ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠵᠢ ᠴᠢᠩᠭ᠋ᠠᠳᠬᠠᠨ᠎ᠠ ᠃ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠢ ᠥᠷᠭᠡᠨ ᠵᠶ᠋ᠡᠷ ᠥᠷᠨᠢᠭᠦᠯᠵᠦ ᠂ ᠣᠯᠠᠨ ᠨᠡᠢ᠌ᠲᠡ ᠵᠢᠨ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠢ ᠮᠠᠭᠤᠳᠠᠭᠤᠯᠬᠤ ᠪᠠ ᠡᠷᠡᠭᠦᠯ ᠮᠡᠨᠳᠦ ᠵᠢ ᠬᠣᠬᠢᠷᠠᠭᠤᠯᠬᠤ ᠲᠤᠬᠠᠢ ᠰᠢᠨᠵᠢᠯᠡᠬᠦ ᠤᠬᠠᠭ᠋ᠠᠨᠴᠢ ᠲᠠᠨᠢᠯᠲᠠ ᠵᠢ᠎ᠨᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠪᠣᠬᠢᠷᠲᠤᠯ ᠦᠭᠡᠢ ᠬᠡᠷᠡᠭᠯᠡᠭᠡᠨ᠎ᠤ ᠣᠨᠣᠯᠵᠢᠬᠤᠨ᠎ᠢ᠎ᠨᠢ ᠴᠢᠩᠭ᠋ᠠᠷᠠᠭᠤᠯᠤᠨ᠎ᠠ ᠃ ᠣᠯᠠᠨ ᠨᠡᠢ᠌ᠲᠡ ᠵᠢᠨ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠰᠢᠨ᠎ᠡ ᠪᠣᠬᠢᠷᠲᠤᠯ ᠪᠣᠳᠠᠰ᠎ᠲᠤ ᠬᠣᠯᠪᠣᠭᠳᠠᠬᠤ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠵᠢ᠎ᠨᠢ ᠵᠣᠷᠢᠭᠵᠢᠭᠤᠯᠵᠤ ᠂ ᠨᠡᠢ᠌ᠭᠡᠮ᠎ᠤᠨ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ ᠃ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠣᠯᠠᠨ ᠤᠯᠤᠰ᠎ᠤᠨ ᠨᠡᠢ᠌ᠲᠡ ᠵᠢᠨ ᠭᠡᠷ᠎ᠡ ᠭᠦᠢ᠍ᠴᠡᠳᠬᠡᠬᠦ ᠠᠵᠢᠯᠯᠠᠭ᠎ᠠ ᠪᠠ ᠤᠬᠠᠭᠤᠯᠬᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠨ ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠭᠡᠷ᠎ᠡ ᠭᠦᠢ᠍ᠴᠡᠳᠬᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠦᠷᠦᠭᠦᠯᠡᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠣᠨ᠎ᠤ 2 ᠳ᠋ᠤᠭ᠋ᠠᠷ ᠰᠠᠷ᠎ᠠ ᠵᠢᠨ 27᠎ᠤ ᠡᠳᠦᠷ ᠳᠠᠷᠤᠮᠠᠯᠯᠠᠨ ᠲᠠᠷᠬᠠᠭ᠋ᠠᠪᠠ