ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2023]55 ᠳ᠋ᠤᠭ᠋ᠠᠷ ᠲᠣᠭ᠋ᠠᠲᠤ
ᠲᠥᠮᠥᠰᠥᠨ᠎ᠤ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠠᠬᠢᠭᠤᠯᠬᠤ ᠵᠢᠷᠭᠤᠭ᠋ᠠᠨ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠢ᠌ᠯᠠᠯ ᠂ ᠠᠵᠢᠯ ᠦᠢ᠍ᠯᠡᠰ᠎ᠤᠨ ᠨᠢᠭᠡᠴᠢ᠎ᠳᠤ᠄
ᠥᠪᠡᠷᠲᠡᠭᠡᠨ ᠵᠠᠰᠠᠬᠤ ᠣᠷᠣᠨ᠎ᠤ ᠲᠥᠮᠥᠰᠥᠨ᠎ᠤ ᠠᠵᠤ ᠦᠢ᠍ᠯᠡᠰ᠎ᠤᠨ ᠲᠣᠮᠣ ᠣᠷᠣᠨ᠎ᠠᠴᠠ ᠲᠥᠮᠥᠰᠥᠨ᠎ᠤ ᠠᠵᠤ ᠦᠢ᠍ᠯᠡᠰ᠎ᠤᠨ ᠬᠦᠴᠦᠷᠬᠡᠭ ᠣᠷᠣᠨ ᠲᠡᠢ᠌ᠰᠢ ᠲᠠᠪᠰᠢᠬᠤ ᠵᠢ ᠠᠬᠢᠭᠤᠯᠬᠤ ᠵᠢᠨ ᠲᠤᠰᠠᠳᠠ ᠂ 《ᠵᠠᠭᠤᠨ ᠳ᠋ᠦᠩᠰᠢᠭᠤᠷ ᠲᠡᠰ᠎ᠤᠨ ᠲᠥᠮᠥᠰᠥᠨ᠎ᠤ ᠠᠵᠤ ᠦᠢ᠍ᠯᠡᠰ᠎ᠤᠨ ᠬᠡᠪᠴᠢᠶ᠎ᠡ ᠵᠢ᠎ᠨᠢ ᠥᠷᠭᠡᠳᠬᠡᠨ ᠴᠢᠨᠠᠷ᠎ᠢ᠎ᠨᠢ ᠲᠡᠬᠡᠭᠰᠢᠯᠡᠬᠦᠯᠬᠦ 》 ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠂ ᠲᠥᠮᠥᠰᠥᠨ᠎ᠤ ᠨᠢᠭᠡᠴᠢ ᠲᠠᠯᠠᠪᠠᠢ ᠵᠢᠨ ᠤᠨᠠᠯᠲᠠ ᠬᠠᠷᠢᠴᠠᠩᠭᠤᠢ ᠳᠣᠣᠷ᠎ᠠ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠲᠤᠷᠤᠢ ᠂ ᠠᠵᠤ ᠠᠬᠤᠢ᠌ᠯᠠᠯ᠎ᠤᠨ ᠪᠡᠯᠡ ᠲᠣᠬᠢᠷᠠᠭᠤᠯᠬᠤ᠎ᠳᠤ ᠬᠦᠴᠢᠷᠲᠡᠢ ᠂ ᠣᠳᠣᠬᠢᠴᠢᠯᠠᠭᠰᠠᠨ ᠬᠠᠳᠠᠭ᠋ᠠᠯᠠᠬᠤ ᠪᠡᠯᠡᠳᠬᠡᠮᠵᠢ ᠵᠢᠨ ᠲᠣᠭ᠎ᠠ ᠬᠡᠮᠵᠢᠶ᠎ᠡ ᠬᠦᠷᠦᠯᠴᠡᠬᠦ ᠦᠭᠡᠢ ᠪᠠ ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ ᠠᠨᠠᠢ ᠵᠡᠷᠭᠡ ᠠᠰᠠᠭᠤᠳᠠᠯ᠎ᠳᠤ ᠬᠠᠨᠳᠤᠭᠤᠯᠵᠤ ᠂ ᠲᠥᠮᠥᠰᠥᠨ᠎ᠤ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ ᠂ 《ᠲᠥᠮᠥᠰᠥᠨ᠎ᠤ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ 》 (ᠥᠪᠥᠷ ᠵᠠᠰᠠᠭ ᠠᠯᠪᠠᠨ ᠲᠠᠷᠬᠠᠭ᠋ᠠᠭᠰᠠᠨ [2020] 35 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ᠎ᠲᠠᠢ ᠤᠶᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂ ᠡᠳᠦᠭᠡ ᠲᠥᠮᠥᠰᠥᠨ᠎ᠤ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠠᠬᠢᠭᠤᠯᠬᠤ ᠵᠢᠷᠭᠤᠭ᠋ᠠᠨ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠳᠣᠣᠷᠠᠬᠢ ᠮᠡᠲᠦ ᠮᠡᠳᠡᠭᠳᠡᠶ᠎ᠡ ᠃
ᠨᠢᠭᠡ ᠂ ᠦᠷ᠎ᠡ ᠵᠢᠨ ᠲᠥᠮᠥᠰᠥ ᠦᠷᠡᠵᠢᠭᠦᠯᠵᠦ ᠪᠣᠢ᠌ᠵᠢᠭᠤᠯᠬᠤ ᠠᠵᠤ ᠦᠢ᠍ᠯᠡᠰ᠎ᠤᠨ ᠬᠦᠴᠦᠷᠬᠡᠭᠵᠢᠬᠦ᠎ᠳᠤ ᠳᠡᠮᠵᠢᠯᠭᠡ ᠦᠵᠡᠭᠦᠯᠦᠨ᠎ᠡ
ᠦᠷ᠎ᠡ ᠪᠣᠢ᠌ᠵᠢᠭᠤᠯᠬᠤ ᠲᠠᠯ᠎ᠠ᠎ᠪᠠᠷ ᠬᠢ ᠰᠢᠨ᠎ᠡ ᠡᠭᠦᠳᠦᠯᠲᠡ ᠵᠢ ᠲᠡᠮᠵᠢᠵᠦ ᠂ ᠲᠥᠮᠥᠰᠥᠨ᠎ᠤ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠬᠡᠷᠡᠭᠵᠢᠭᠦᠯᠦᠨ ᠂ ᠲᠥᠮᠥᠰᠥᠨ᠎ᠤ ᠦᠷ᠎ᠡ ᠪᠣᠢ᠌ᠵᠢᠭᠤᠯᠬᠤ ᠲᠠᠯ᠎ᠠ᠎ᠪᠠᠷ ᠬᠣᠯᠪᠤᠭ᠋ᠠᠯᠠᠨ ᠪᠣᠭᠣᠮᠲᠠ ᠰᠢᠪᠲᠤᠯᠬᠤ᠎ᠳᠤ ᠳᠡᠮᠵᠢᠯᠭᠡ ᠦᠵᠡᠭᠦᠯᠵᠦ ᠂ ᠬᠣᠯᠪᠤᠭ᠋ᠠᠯᠠᠨ ᠪᠣᠭᠣᠮᠲᠠ ᠰᠢᠪᠲᠤᠯᠬᠤ ᠲᠥᠰᠥᠯ ᠲᠣᠭᠲᠠᠭ᠋ᠠᠨ ᠂ ᠥᠪᠡᠷᠲᠡᠭᠡᠨ ᠵᠠᠰᠠᠬᠤ ᠣᠷᠣᠨ᠎ᠤ ᠲᠥᠮᠥᠰᠥᠨ᠎ᠤ ᠦᠷ᠎ᠡ ᠪᠣᠢ᠌ᠵᠢᠭᠤᠯᠬᠤ ᠲᠠᠯ᠎ᠠ᠎ᠪᠠᠷ ᠬᠣᠯᠪᠤᠭ᠋ᠠᠯᠠᠨ ᠪᠣᠭᠣᠮᠲᠠ ᠰᠢᠪᠲᠤᠯᠬᠤ ᠪᠦᠯᠭᠦᠮ ᠭᠠᠷᠭ᠋ᠠᠵᠤ ᠂ ᠲᠡᠷᠢᠭᠦᠨ ᠰᠢᠨᠵᠢᠯᠡᠬᠦ ᠤᠬᠠᠭ᠋ᠠᠨᠲᠠᠨ᠎ᠢ ᠰᠢᠯᠢᠨ ᠰᠣᠩᠭᠣᠵᠤ ᠂ ᠥᠨᠳᠥᠷ ᠪᠦᠳᠦᠮᠵᠢᠳᠡᠢᠲᠠᠢᠪᠠᠷ ᠦᠷ᠎ᠡ ᠪᠣᠢ᠌ᠵᠢᠭᠤᠯᠬᠤ ᠲᠣᠭᠲᠠᠯᠴᠠᠭ᠎ᠠ ᠵᠢ ᠪᠠᠢ᠌ᠭᠤᠯᠤᠨ ᠪᠦᠷᠢᠨᠰᠢᠭᠦᠯᠵᠦ ᠂ ᠭᠠᠩ᠎ᠢ ᠳᠠᠭ᠋ᠠᠭ᠋ᠠᠬᠤ ᠰᠣᠷᠭᠣᠭ ᠢᠳᠡᠭᠡᠨ ᠂ ᠡᠳ᠋ᠰᠢᠭᠦᠯᠦᠨ ᠪᠤᠯᠪᠠᠰᠤᠷᠠᠭᠤᠯᠬᠤ᠎ᠳᠤ ᠲᠤᠰᠬᠠᠢ ᠬᠡᠷᠡᠭᠯᠡᠬᠦ ᠰᠢᠯᠢᠳᠡᠭ ᠡᠭᠦᠯᠳᠡᠷ᠎ᠢ ᠪᠣᠢ᠌ᠵᠢᠭᠤᠯᠤᠨ᠎ᠠ ᠃ ᠦᠷ᠎ᠡ ᠵᠢᠨ ᠲᠥᠮᠥᠰᠥ ᠦᠷᠡᠵᠢᠭᠦᠯᠦᠨ ᠪᠣᠢ᠌ᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠡᠮᠵᠢᠵᠦ ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠶᠡᠬᠡ ᠬᠡᠪᠴᠢᠶ᠎ᠡ᠎ᠪᠠᠷ ᠦᠷ᠎ᠡ ᠪᠣᠢ᠌ᠵᠢᠭᠤᠯᠤᠭᠰᠠᠨ ᠰᠢᠶᠠᠨ᠎ᠳᠤ ᠱᠠᠩᠨᠠᠬᠤ ᠪᠡᠯᠡ ᠮᠥᠩᠭᠥ ᠵᠢ ᠨᠢᠭᠡᠳᠦᠯᠲᠡᠢ ᠲᠥᠯᠥᠪᠵᠢᠭᠦᠯᠦᠨ ᠂ ᠰᠠᠢ᠌ᠨ ᠦᠷ᠎ᠡ ᠵᠢᠨ ᠲᠥᠮᠥᠰᠥ ᠦᠷᠡᠵᠢᠭᠦᠯᠦᠨ ᠪᠣᠢ᠌ᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠡᠮᠵᠢᠵᠦ ᠂ ᠬᠠᠭᠤᠷᠠᠢ ᠲᠠᠷᠢᠶᠠᠯᠠᠬᠤ ᠭᠠᠵᠠᠷ᠎ᠲᠤ ᠴᠢᠨᠠᠷ ᠰᠠᠢ᠌ᠲᠠᠢ ᠦᠷ᠎ᠡ ᠵᠢᠨ ᠲᠥᠮᠥᠰᠥ ᠲᠠᠷᠢᠬᠤ ᠵᠢ ᠵᠣᠷᠢᠭᠵᠢᠭᠤᠯᠤᠨ ᠂ ᠰᠠᠭᠤᠷᠢᠨ ᠭᠠᠵᠠᠷ᠎ᠤᠨ ᠦᠢ᠍ᠯᠡᠴᠢᠯᠡᠬᠦ ᠴᠢᠳᠠᠪᠤᠷᠢ ᠪᠠ ᠬᠢᠷᠢ ᠲᠦᠪᠰᠢᠨ᠎ᠢ᠎ᠨᠢ ᠲᠡᠬᠡᠭᠰᠢᠯᠡᠬᠦᠯᠬᠦ ᠵᠢᠨ ᠬᠠᠮᠲᠤ ᠦᠷ᠎ᠡ ᠵᠢᠨ ᠲᠥᠮᠥᠰᠥᠨ᠎ᠤ ᠶᠠᠰᠤ ᠴᠢᠨᠠᠷ᠎ᠤᠨ ᠭᠡᠷᠡᠴᠢᠯᠡᠭᠡ ᠥᠷᠨᠢᠭᠦᠯᠬᠦ ᠵᠢ ᠲᠡᠮᠵᠢᠵᠦ ᠂ ᠦᠷ᠎ᠡ ᠵᠢᠨ ᠲᠥᠮᠥᠰᠥᠨ᠎ᠤ ᠴᠢᠨᠠᠷ᠎ᠢ᠎ᠨᠢ ᠲᠡᠬᠡᠭᠰᠢᠯᠡᠬᠦᠯᠦᠨ᠎ᠡ ᠃ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠲᠠᠢ ᠦᠷ᠎ᠡ ᠵᠢᠨ ᠲᠥᠮᠥᠰᠥᠨ᠎ᠤ ᠡᠭᠦᠯᠳᠡᠷ ᠳᠡᠯᠭᠡᠷᠡᠭᠦᠯᠬᠦ ᠵᠢ ᠲᠡᠮᠵᠢᠵᠦ ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠲᠠᠢ ᠡᠭᠦᠯᠳᠡᠷ᠎ᠢ ᠣᠷᠣᠨ᠎ᠤ ᠳᠣᠲᠣᠷ᠎ᠠ ᠵᠢᠯ᠎ᠳᠤ ᠳᠡᠯᠭᠡᠷᠡᠭᠦᠯᠦᠭᠰᠡᠨ ᠲᠠᠯᠠᠪᠠᠢ᠎ᠨᠢ 10 ᠲᠦᠮᠡᠨ ᠮᠦ᠍᠎ᠠᠴᠠ ᠳᠡᠭᠡᠭᠰᠢ ᠪᠠᠢ᠌ᠪᠠᠯ ᠂ ᠨᠢᠭᠡ ᠯᠡ ᠤᠳᠠᠭ᠎ᠠ᠎ᠳᠤ 500 ᠲᠦᠮᠡᠨ ᠲᠥᠭᠥᠷᠢᠭ ᠱᠠᠩᠨᠠᠨ᠎ᠠ; ᠵᠢᠯ᠎ᠳᠤ ᠳᠡᠯᠭᠡᠷᠡᠭᠦᠯᠦᠭᠰᠡᠨ ᠲᠠᠯᠠᠪᠠᠢ᠎ᠨᠢ 30 ᠲᠦᠮᠡᠨ ᠮᠦ᠍᠎ᠠᠴᠠ ᠳᠡᠭᠡᠭᠰᠢ ᠪᠠᠢ᠌ᠪᠠᠯ ᠂ ᠨᠢᠭᠡ ᠯᠡ ᠤᠳᠠᠭ᠎ᠠ᠎ᠳᠤ 1000 ᠲᠦᠮᠡᠨ ᠲᠥᠭᠥᠷᠢᠭ ᠱᠠᠩᠨᠠᠨ᠎ᠠ ᠃ ( ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠰᠢᠨᠵᠢᠯᠡᠬᠦ ᠤᠬᠠᠭ᠋ᠠᠨ ᠲᠧ ᠭ᠋ᠨᠢᠭ ᠮᠡᠷᠭᠡᠵᠢᠯ᠎ᠤᠨ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠢ᠌ᠳᠠᠪᠤᠷᠢᠵᠢᠭᠤᠯᠤᠨ᠎ᠠ )
ᠬᠣᠶᠠᠷ ᠂ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠢᠨᠵᠧᠨᠧᠷᠢᠩ᠎ᠢ ᠬᠡᠷᠡᠭᠵᠢᠭᠦᠯᠬᠦ᠎ᠳᠤ ᠳᠡᠮᠵᠢᠯᠭᠡ ᠦᠵᠡᠭᠦᠯᠦᠨ᠎ᠡ
ᠲᠥᠮᠥᠰᠥ ᠦᠢ᠍ᠯᠡᠳᠪᠦᠷᠢᠯᠡᠭᠴᠢ᠎ᠳᠤ ᠨᠡᠮᠡᠭᠦᠷᠢ ᠥᠭᠬᠦ ᠪᠣᠳᠣᠯᠭ᠎ᠠ ᠵᠢ ᠬᠡᠷᠡᠭᠵᠢᠭᠦᠯᠵᠦ ᠂ ᠥᠪᠡᠷᠲᠡᠭᠡᠨ ᠵᠠᠰᠠᠬᠤ ᠣᠷᠣᠨ᠎ᠨᠢ ᠤᠯᠤᠰ᠎ᠤᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢᠨ ᠬᠡᠪᠴᠢᠶᠡᠨ ᠳᠣᠲᠣᠷ᠎ᠠ ᠂ ᠡᠷᠳᠡᠨᠢ ᠰᠢᠰᠢ ᠂ ᠰᠢᠷ᠎ᠠ ᠪᠤᠷᠴᠠᠭ ᠦᠢ᠍ᠯᠡᠳᠪᠦᠷᠢᠯᠡᠭᠴᠢ᠎ᠳᠤ ᠬᠦᠷᠲᠡᠭᠡᠬᠦ ᠨᠡᠮᠡᠭᠦᠷᠢ᠎ᠠᠴᠠ ᠬᠡᠰᠡᠭ ᠪᠡᠯᠡ ᠮᠥᠩᠭᠥ ᠲᠣᠬᠢᠷᠠᠭᠤᠯᠵᠤ ᠂ ᠲᠥᠮᠥᠰᠥ ᠲᠠᠷᠢᠭᠴᠢ᠎ᠳᠤ ᠨᠡᠮᠡᠭᠦᠷᠢ ᠣᠯᠭᠣᠨ᠎ᠠ ᠃ ᠥᠪᠡᠷᠲᠡᠭᠡᠨ ᠵᠠᠰᠠᠬᠤ ᠣᠷᠣᠨ᠎ᠠᠴᠠ ᠲᠥᠮᠥᠰᠥᠨ᠎ᠤ ᠤᠨᠠᠯᠲᠠ ᠵᠢ ᠦᠢ᠍ᠯᠡᠳᠪᠦᠷᠢᠯᠡᠭᠴᠢ᠎ᠳᠤ ᠨᠡᠮᠡᠭᠦᠷᠢ ᠪᠡᠯᠡ ᠮᠥᠩᠭᠥ ᠬᠤᠪᠢᠶᠠᠷᠢᠯᠠᠬᠤ ᠵᠢᠨ ᠯᠠᠪᠯᠠᠬᠤ ᠬᠦᠴᠦᠨ ᠵᠦᠢ᠍ᠯ ᠪᠣᠯᠭ᠋ᠠᠵᠤ ᠂ ᠡᠯ᠎ᠡ ᠭᠠᠵᠠᠷ ᠣᠷᠣᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠨᠡᠮᠡᠭᠦᠷᠢ ᠪᠡᠯᠡ ᠮᠥᠩᠭᠥ ᠵᠢ ᠨᠢᠭᠡᠴᠢ ᠲᠠᠯᠠᠪᠠᠢ ᠵᠢᠨ ᠤᠨᠠᠯᠲᠠ᠎ᠪᠠᠨ ᠨᠡᠮᠡᠭᠳᠡᠭᠦᠯᠬᠦ ᠵᠢ ᠳᠡᠮᠵᠢᠬᠦ᠎ᠳᠤ ᠨᠠᠩ ᠢᠯᠡᠭᠦᠦ ᠵᠠᠷᠤᠴᠠᠭᠤᠯᠤᠭᠤᠯᠬᠤ ᠵᠢᠨ ᠬᠠᠮᠲᠤ ᠳᠠᠪᠠᠭᠤᠯᠢᠭ ᠭᠣᠣᠯ ᠭᠠᠷᠤᠯᠲᠠ ᠵᠢᠨ ᠣᠷᠣᠨ ᠲᠡᠢ᠌ᠰᠢ ᠲᠥᠪᠯᠡᠷᠡᠭᠦᠯᠦᠨ᠎ᠡ ᠃ ᠡᠭᠡᠯᠵᠢᠯᠡᠨ ᠲᠠᠷᠢᠵᠤ ᠭᠤᠤᠷᠰᠤ ᠰᠣᠯᠢᠬᠤ ᠵᠢ ᠳᠡᠮᠵᠢᠵᠦ ᠂ 3 ᠵᠢᠯ ᠵᠢᠴᠢ ᠡᠭᠦᠨ᠎ᠠᠴᠠ ᠢᠯᠡᠭᠦᠦ ᠡᠭᠡᠯᠵᠢᠯᠡᠨ ᠲᠠᠷᠢᠬᠤ ᠵᠢ ᠬᠡᠷᠡᠭᠵᠢᠭᠦᠯᠦᠨ ᠂ ᠵᠠᠯᠭ᠋ᠠᠭ᠎ᠠ᠎ᠪᠠᠷ ᠳᠠᠷᠢᠬᠤ ᠰᠠᠭ᠋ᠠᠳ ᠲᠣᠳᠬᠠᠷ᠎ᠢ ᠰᠢᠢ᠍ᠳᠪᠦᠷᠢᠯᠡᠵᠦ ᠂ ᠬᠥᠷᠥᠰᠥ ᠰᠢᠷᠣᠢ᠎ᠪᠠᠷ ᠳᠠᠮᠵᠢᠨ ᠬᠠᠯᠳᠠᠪᠤᠷᠢᠯᠠᠬᠤ ᠬᠣᠷᠣᠬᠠᠢ ᠭᠡᠮ᠎ᠤᠨ ᠬᠥᠨᠥᠭᠡᠯ᠎ᠢ ᠳᠠᠷᠤᠵᠤ ᠪᠠᠭ᠋ᠠᠰᠬᠠᠨ ᠂ ᠲᠥᠮᠥᠰᠥᠨ᠎ᠤ ᠴᠢᠨᠠᠷ ᠪᠠ ᠨᠢᠭᠡᠴᠢ ᠲᠠᠯᠠᠪᠠᠢ ᠵᠢᠨ ᠤᠨᠠᠯᠲᠠ ᠵᠢ ᠳᠡᠭᠡᠭᠰᠢᠯᠡᠭᠦᠯᠦᠨ᠎ᠡ ᠃ ᠲᠠᠷᠢᠶᠠᠯᠠᠬᠤ ᠭᠠᠵᠠᠷ᠎ᠢ ᠡᠭᠡᠯᠵᠢᠯᠡᠨ ᠲᠠᠷᠢᠬᠤ᠎ᠳᠤ ᠮᠦ᠍ ᠪᠦᠷᠢ᠎ᠳᠤ 150 ᠲᠥᠭᠥᠷᠢᠭ ᠥᠭᠬᠦ ᠤᠯᠤᠰ᠎ᠤᠨ ᠨᠡᠮᠡᠭᠦᠷᠢ ᠵᠢᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ ᠂ ᠤᠯᠠᠭ᠋ᠠᠨᠴᠠᠪ ᠬᠤᠲᠠ ᠵᠡᠷᠭᠡ ᠲᠥᠮᠥᠰᠥᠨ᠎ᠤ ᠳᠠᠪᠠᠭᠤᠯᠢᠭ ᠭᠣᠣᠯ ᠭᠠᠷᠤᠯᠲᠠ ᠵᠢᠨ ᠣᠷᠣᠨ᠎ᠤ ᠡᠭᠡᠯᠵᠢᠯᠡᠨ ᠳᠠᠷᠢᠬᠤ᠎ᠳᠤ ᠨᠡᠮᠡᠭᠦᠷᠢ ᠥᠭᠬᠦ ᠲᠠᠯᠠᠪᠠᠶ ᠵᠢ 100 ᠲᠦᠮᠡᠨ ᠮᠦ᠍᠎ᠠᠴᠠ ᠳᠡᠭᠡᠭᠰᠢ᠎ᠳᠤ ᠲᠣᠭᠲᠠᠪᠤᠷᠢᠵᠢᠭᠤᠯᠤᠨ᠎ᠠ ᠃ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠳᠡᠮᠵᠢᠵᠦ ᠂ ᠵᠢᠵᠢᠭ ᠲᠠᠷᠢᠶᠠᠴᠢᠨ ᠡᠷᠦᠬᠡ ᠵᠢᠨ ᠲᠠᠷᠠᠬᠠᠢ ᠡᠵᠡᠩᠨᠡᠯᠲᠡ ᠵᠢ ᠬᠤᠪᠢᠷᠠᠭᠤᠯᠤᠨ ᠂ ᠡᠯ᠎ᠡ ᠲᠥᠷᠥᠯ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠵᠢᠵᠢᠭ ᠲᠠᠷᠢᠶᠠᠴᠢᠨ ᠡᠷᠦᠬᠡ᠎ᠳᠤ ᠲᠥᠮᠥᠰᠥᠨ ᠲᠠᠷᠢᠶ᠎ᠡ ᠵᠢ᠎ᠨᠢ ᠣᠷᠣᠯᠠᠨ ᠬᠠᠭ᠋ᠠᠯᠪᠤᠷᠢᠯᠠᠵᠤ ᠣᠷᠣᠯᠠᠨ ᠳᠠᠷᠢᠬᠤ ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ ᠂ ᠪᠦᠬᠦ ᠶᠠᠪᠤᠴᠠ᠎ᠳᠤ ᠨᠠᠢ᠌ᠳᠠᠨ ᠬᠠᠮᠢᠶᠠᠷᠤᠭᠤᠯᠬᠤ ᠵᠡᠷᠭᠡ ᠨᠡᠢ᠌ᠭᠡᠮᠴᠢᠯᠡᠭᠰᠡᠨ ᠦᠢ᠍ᠯᠡᠴᠢᠯᠡᠭᠡ ᠬᠠᠩᠭ᠋ᠠᠨ ᠂ ᠰᠢᠨ᠎ᠡ ᠡᠭᠦᠯᠳᠡᠷ ᠂ ᠰᠢᠨ᠎ᠡ ᠮᠡᠷᠭᠡᠵᠢᠯ᠎ᠢ ᠲᠥᠪᠯᠡᠷᠡᠭᠦᠯᠦᠨ ᠳᠡᠯᠭᠡᠷᠡᠭᠦᠯᠵᠦ ᠂ ᠬᠡᠪᠴᠢᠶᠡᠵᠢᠭᠦᠯᠦᠨ ᠡᠷᠴᠢᠮᠵᠢᠭᠦᠯᠦᠭᠰᠡᠨ ᠡᠵᠡᠩᠨᠡᠯᠲᠡ ᠵᠢ ᠠᠬᠢᠭᠤᠯᠤᠨ ᠂ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ ᠂ ᠵᠠᠷᠴᠢᠮ ᠳᠡᠭᠡᠷ᠎ᠡ᠎ᠪᠠᠨ ᠦᠢ᠍ᠯᠡᠴᠢᠯᠡᠬᠦ ᠦᠨ᠎ᠡ ᠬᠠᠩᠰᠢ᠎ᠳᠠᠬᠢ ᠡᠳ᠋᠎ᠤᠨ ᠵᠠᠰᠠᠭ᠎ᠤᠨ ᠨᠥᠬᠥᠪᠦᠷᠢ ᠵᠢᠨ ᠡᠵᠡᠯᠡᠬᠦ ᠬᠠᠷᠢᠴᠠᠯ᠎ᠢ 30%᠎ᠠᠴᠠ ᠬᠡᠲᠦᠷᠡᠭᠦᠯᠬᠦ ᠦᠭᠡᠢ ᠪᠠᠢ᠌ᠯᠭ᠋ᠠᠨ ᠂ ᠨᠢᠭᠡ ᠬᠣᠷᠢᠶᠡᠯᠳᠡᠳᠦ ᠲᠠᠷᠢᠮᠠᠯ᠎ᠤᠨ ᠮᠦ᠍ ᠳᠤᠮᠳᠠᠴᠢ ᠵᠢᠨ ᠨᠥᠬᠥᠪᠦᠷᠢ ᠵᠢᠨ ᠶᠡᠷᠦᠩᠬᠡᠢ ᠲᠣᠭ᠎ᠠ ᠵᠢ 100 ᠲᠥᠭᠥᠷᠢᠭ᠎ᠠᠴᠠ ᠬᠡᠲᠦᠷᠡᠭᠦᠯᠬᠦ ᠦᠭᠡᠢ ᠪᠠᠢ᠌ᠯᠭ᠋ᠠᠵᠤ ᠂ ᠵᠢᠯ᠎ᠤᠨ ᠦᠢ᠍ᠯᠡᠴᠢᠯᠡᠬᠦ ᠲᠠᠯᠠᠪᠠᠶ ᠵᠢ 100 ᠲᠦᠮᠡᠨ ᠮᠦ᠍ ᠤᠳᠠᠭ᠎ᠠ᠎ᠠᠴᠠ ᠳᠣᠣᠷᠠᠳᠠᠭᠤᠯᠬᠤ ᠦᠭᠡᠢ ᠪᠠᠢ᠌ᠯᠭ᠋ᠠᠨ᠎ᠠ ᠃ ᠲᠥᠮᠥᠰᠥᠨ᠎ᠤ ᠥᠨᠳᠥᠷ ᠤᠨᠠᠯᠲᠠᠲᠤ ᠥᠨᠳᠥᠷ ᠦᠷ᠎ᠡ ᠠᠰᠢᠭ᠎ᠲᠤ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠢ᠌ᠭᠤᠯᠤᠯᠲᠠ ᠵᠢ ᠳᠡᠮᠵᠢᠵᠦ ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠂ ᠲᠥᠮᠥᠰᠥᠨ᠎ᠤ ᠭᠣᠣᠯ ᠭᠠᠷᠤᠯᠲᠠ ᠵᠢᠨ ᠠᠢ᠌ᠮᠠᠭ ᠬᠣᠲᠠ ᠵᠢᠨ ᠭᠣᠣᠯᠳᠠᠯᠭ᠎ᠠ ᠪᠣᠯᠬᠤ ᠬᠣᠰᠢᠭᠤ ᠰᠢᠶᠠᠨ (ᠬᠣᠲᠠ ᠂ ᠲᠣᠭᠣᠷᠢᠭ) ᠵᠶ᠋ᠠᠷ ᠭᠣᠣᠯᠯᠠᠵᠤ ᠂ ᠴᠢᠨᠠᠷ ᠰᠠᠢ᠌ᠲᠠᠢ ᠪᠥᠭᠡᠳ ᠥᠨᠳᠥᠷ ᠪᠦᠲᠦᠮᠵᠢᠲᠦ ᠲᠠᠷᠢᠵᠦ ᠤᠷᠭᠤᠭᠤᠯᠬᠤ ᠵᠢᠱ᠌ᠢᠶ᠎ᠡ ᠦᠵᠡᠭᠦᠯᠬᠦ ᠣᠷᠣᠨ᠎ᠢ ᠪᠦᠲᠦᠭᠡᠨ ᠪᠠᠢ᠌ᠭᠤᠯᠵᠤ ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠨ ᠬᠡᠷᠡᠭᠯᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ ᠂ ᠪᠣᠷᠳᠣᠭᠤᠷ ᠲᠠᠷᠢᠶᠠᠨ ᠡᠮ ᠤᠰᠤ ᠬᠡᠷᠡᠭᠯᠡᠬᠦ ᠵᠢ ᠰᠢᠨᠵᠢᠯᠡᠬᠦ ᠤᠬᠠᠭ᠋ᠠᠨᠴᠢ᠎ᠪᠠᠷ ᠬᠢᠵᠠᠭ᠋ᠠᠷᠯᠠᠵᠤ ᠂ ᠬᠠᠭᠤᠷᠠᠢ ᠲᠠᠷᠢᠶᠠᠯᠠᠬᠤ ᠭᠠᠵᠠᠷ᠎ᠲᠤ ᠴᠢᠨᠠᠷ ᠰᠠᠢ᠌ᠲᠠᠢ ᠲᠥᠮᠥᠰᠥ ᠳᠠᠷᠢᠬᠤ ᠵᠢ ᠳᠡᠮᠵᠢᠨ ᠂ ᠤᠨᠠᠯᠲᠠ᠎ᠪᠠᠨ ᠨᠡᠮᠡᠭᠳᠡᠭᠦᠯᠦᠨ ᠦᠷ᠎ᠡ ᠠᠰᠢᠭ ᠵᠶ᠋ᠡᠨ ᠲᠡᠬᠡᠭᠰᠢᠯᠡᠬᠦᠯᠬᠦ ᠲᠡᠢ᠌ᠰᠢ ᠳᠠᠶ᠋ᠢᠴᠢᠯᠠᠨ᠎ᠠ ᠃ ᠡᠳ᠋ᠰᠢᠭᠦᠯᠦᠨ ᠪᠤᠯᠪᠠᠰᠤᠷᠠᠭᠤᠯᠬᠤ ᠵᠠᠬᠢᠶᠠᠯᠠᠭ᠎ᠠ᠎ᠳᠤ ᠨᠡᠮᠡᠭᠦᠷᠢ ᠥᠭᠬᠦ ᠵᠢ ᠳᠡᠮᠵᠢᠵᠦ ᠂ ᠥᠪᠡᠷᠲᠡᠭᠡᠨ ᠵᠠᠰᠠᠬᠤ ᠣᠷᠣᠨ᠎ᠤ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠨᠢ ᠣᠷᠣᠨ᠎ᠤ ᠳᠣᠲᠣᠷᠠᠬᠢ ᠲᠠᠷᠢᠮᠠᠯ᠎ᠤᠨ ᠡᠷᠦᠬᠡ᠎ᠯᠦᠭᠡ ᠲᠣᠭᠲᠠᠪᠤᠷᠢᠲᠠᠢ ᠠᠰᠢᠭ ᠲᠤᠰᠠ ᠵᠢᠨ ᠬᠣᠯᠪᠣᠭᠳᠠᠭᠤᠯᠬᠤ ᠲᠣᠭᠲᠠᠴᠠ ᠵᠢ ᠪᠠᠢ᠌ᠭᠤᠯᠤᠭᠰᠠᠨ ᠂ ᠪᠠᠷᠢᠮᠵᠢᠶᠠᠵᠢᠭᠤᠯᠤᠨ ᠳᠠᠷᠢᠭᠰᠠᠨ ᠮᠥᠷᠲᠡᠭᠡᠨ ᠬᠦᠴᠦ ᠪᠦᠬᠦᠢ ᠵᠠᠬᠢᠶᠠᠯᠠᠭ᠎ᠠ ᠲᠣᠭᠲᠠᠭᠰᠠᠨ ᠪᠠᠢ᠌ᠪᠠᠯ ᠂ ᠬᠤᠳᠠᠯᠳᠤᠨ ᠠᠪᠬᠤ ᠭᠣᠣᠯ ᠴᠣᠭᠴᠠ᠎ᠳᠤ 20 ᠲᠥᠭᠥᠷᠢᠭ / ᠲᠣᠨ᠎ᠤ ᠨᠡᠮᠡᠭᠦᠷᠢ ᠣᠯᠭᠣᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠢ᠌ᠳᠠᠪᠤᠷᠢᠵᠢᠭᠤᠯᠤᠨ᠎ᠠ )
ᠭᠤᠷᠪᠠ ᠂ ᠭᠠᠷᠤᠯᠲᠠ ᠵᠢᠨ ᠣᠷᠣᠨ᠎ᠳᠤ ᠬᠦᠢ᠍ᠲᠡᠨ ᠬᠠᠳᠠᠭ᠋ᠠᠯᠠᠯᠲᠠ᠎ᠪᠠᠷ ᠰᠢᠨ᠎ᠡ ᠰᠣᠷᠭᠣᠭ᠎ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠪᠠᠢ᠌ᠭᠤᠯᠬᠤ ᠵᠢ ᠲᠡᠳᠬᠦᠨ᠎ᠡ
ᠲᠠᠷᠢᠶᠠᠴᠢᠨ᠎ᠤ ᠬᠤᠷᠰᠢᠶ᠎ᠡ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠲᠥᠮᠥᠰᠥ ᠲᠠᠷᠢᠬᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ᠎ᠨᠢ ᠦᠨᠳᠦᠰᠦᠯᠡᠵᠦ ᠂ ᠰᠠᠯᠬᠢ ᠨᠡᠪᠲᠡᠷᠡᠭᠦᠯᠬᠦ ᠬᠠᠳᠠᠭ᠋ᠠᠯᠠᠯᠲᠠ ᠵᠢᠨ ᠬᠥᠮᠥᠷᠭᠡ ᠂ ᠮᠸ ᠊ᠬᠠᠨᠢᠭ ᠬᠦᠢ᠍ᠲᠡᠨ ᠬᠥᠮᠥᠷᠭᠡ ᠂ ᠬᠡᠢ ᠠᠭ᠋ᠠᠷ ᠲᠣᠬᠢᠷᠠᠭᠤᠯᠬᠤ ᠬᠠᠳᠠᠭ᠋ᠠᠯᠠᠯᠲᠠ ᠵᠢᠨ ᠬᠥᠮᠥᠷᠭᠡ ᠂ ᠤᠷᠢᠳᠴᠢᠯᠠᠨ ᠬᠥᠷᠥᠭᠡᠵᠦ ᠬᠥᠯᠳᠡᠭᠡᠬᠦ ᠵᠢᠴᠢ ᠲᠥᠬᠥᠷ ᠭᠠᠷᠤᠯᠲᠠ ᠵᠢᠨ ᠣᠷᠣᠨ᠎ᠳᠤ ᠬᠦᠢ᠍ᠲᠡᠨ ᠬᠠᠳᠠᠭ᠋ᠠᠯᠠᠯᠲᠠ᠎ᠪᠠᠷ ᠰᠢᠨ᠎ᠡ ᠰᠣᠷᠭᠣᠭ᠎ᠢ ᠪᠠᠲᠤᠯᠠᠬᠤ ᠵᠡᠷᠭᠡ ᠰᠢᠢ᠍ᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠵᠢ ᠵᠦᠢ ᠵᠣᠬᠢᠰᠲᠠᠢ ᠪᠠᠢ᠌ᠭᠤᠯᠵᠤ ᠂ ᠦᠷ᠎ᠡ ᠵᠢᠨ ᠲᠥᠮᠥᠰᠥ ᠪᠠ ᠲᠠᠸᠠᠷ᠎ᠤᠨ ᠲᠥᠮᠥᠰᠥ ᠵᠢ ᠴᠢᠨᠠᠷ ᠰᠠᠢ᠌ᠲᠠᠢ ᠬᠠᠳᠠᠭ᠋ᠠᠯᠠᠬᠤ ᠵᠢ᠎ᠨᠢ ᠪᠠᠲᠤᠯᠠᠨ᠎ᠠ ᠃ ᠭᠠᠷᠤᠯᠲᠠ ᠵᠢᠨ ᠣᠷᠣᠨ᠎ᠤ ᠲᠠᠷᠢᠮᠠᠯ ᠲᠠᠷᠢᠨᠨᠴᠢᠳ ᠥᠪᠡᠰᠦᠪᠡᠨ ᠬᠡᠷᠡᠭᠯᠡᠬᠦ ᠲᠥᠮᠥᠰᠥᠨ᠎ᠤ ᠬᠦᠢ᠍ᠲᠡᠨ ᠬᠠᠳᠠᠭ᠋ᠠᠯᠠᠯᠲᠠ᠎ᠪᠠᠷ ᠰᠢᠨ᠎ᠡ ᠰᠣᠷᠭᠣᠭ᠎ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠵᠢ ᠰᠢᠨ᠎ᠡ᠎ᠪᠠᠷ ᠪᠠᠢ᠌ᠭᠤᠯᠤᠭᠰᠠᠨ ᠪᠠᠢ᠌ᠪᠠᠯ ᠂ ᠪᠡᠯᠡᠳᠭᠡᠮᠵᠢᠳᠤ ᠲᠠᠷᠢᠶᠠᠯᠠᠩ᠎ᠤᠨ ᠳᠠᠭ᠋ᠠᠯᠲᠠ ᠪᠡᠯᠡᠳᠬᠡᠮᠵᠢ᠎ᠳᠤ ᠬᠡᠷᠡᠭᠯᠡᠬᠦ ᠭᠠᠵᠠᠷ᠎ᠤᠨ ᠬᠠᠮᠢᠶᠠᠷᠤᠯᠲᠠ᠎ᠪᠠᠷ ᠬᠠᠮᠢᠶᠠᠷᠴᠤ ᠂ ᠱᠠᠭ᠋ᠠᠷᠳᠠᠯᠭ᠎ᠠ ᠶᠣᠰᠣᠭ᠋ᠠᠷ ᠪᠦᠷᠢᠳᠬᠡᠨ ᠲᠠᠩᠰᠠᠯᠠᠵᠦ ᠬᠠᠮᠢᠶᠠᠷᠤᠨ᠎ᠠ; ᠡᠵᠡᠩᠨᠡᠯᠲᠡ ᠵᠢᠨ ᠴᠢᠨᠠᠷᠲᠠᠢ ᠲᠥᠮᠥᠰᠥᠨ᠎ᠤ ᠰᠢᠨ᠎ᠡ ᠰᠣᠷᠭᠣᠭ ᠵᠶ᠋ᠠᠷ ᠬᠥᠮᠥᠷᠭᠡᠯᠡᠨ ᠬᠠᠳᠠᠭ᠋ᠠᠯᠠᠬᠤ ᠣᠳᠣᠬᠢᠴᠢᠯᠠᠭᠰᠠᠨ ᠪᠡᠯᠡᠳᠬᠡᠮᠵᠢ ᠵᠢ ᠪᠠᠢ᠌ᠭᠤᠯᠤᠭᠰᠠᠨ ᠪᠠᠢ᠌ᠪᠠᠯ ᠂ ᠡᠩ᠎ᠤᠨ ᠲᠠᠷᠢᠶᠠᠯᠠᠬᠤ ᠭᠠᠵᠠᠷ᠎ᠢ ᠡᠵᠡᠯᠡᠨ ᠬᠡᠷᠡᠭᠯᠡᠭᠰᠡᠨ᠎ᠳᠤᠨᠢ ᠲᠠᠷᠢᠶᠠᠯᠠᠬᠤ ᠭᠠᠵᠠᠷ᠎ᠤᠨ 《ᠨᠡᠮᠡᠭᠳᠡᠯ ᠬᠠᠰᠤᠭᠳᠠᠯ᠎ᠢ ᠲᠡᠩᠴᠡᠭᠦᠷᠢᠲᠡᠢ ᠪᠠᠢ᠌ᠯᠭ᠋ᠠᠬᠤ 》 ᠪᠣᠳᠣᠯᠭ᠎ᠠ ᠵᠢ ᠤᠷᠢᠳ ᠵᠶ᠋ᠠᠷ ᠲᠣᠬᠢᠷᠠᠭᠤᠯᠤᠨ ᠨᠠᠢ᠌ᠳᠠᠪᠤᠷᠢᠵᠢᠭᠤᠯᠤᠨ᠎ᠠ ᠃ ᠲᠥᠪ ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠯᠤᠭ᠎ᠠ ᠵᠣᠯᠭ᠋ᠠᠯᠳᠤᠭᠤᠯᠤᠭᠰᠠᠨ ᠨᠥᠬᠥᠪᠦᠷᠢ ᠪᠡᠯᠡ ᠮᠥᠩᠭᠥ ᠵᠢ ᠨᠢᠭᠡᠳᠦᠯᠲᠡᠢ ᠲᠥᠯᠥᠪᠵᠢᠭᠦᠯᠦᠨ ᠠᠰᠢᠭᠯᠠᠵᠤ ᠪᠠᠢ᠌ᠭ᠋ᠠᠳ ᠲᠥᠮᠥᠰᠥᠨ᠎ᠤ ᠬᠦᠢ᠍ᠲᠡᠨ ᠬᠠᠳᠠᠭ᠋ᠠᠯᠠᠯᠲᠠ᠎ᠪᠠᠷ ᠰᠢᠨ᠎ᠡ ᠰᠣᠷᠭᠣᠭ᠎ᠢ ᠪᠠᠲᠤᠯᠠᠬᠤ ᠣᠳᠣᠬᠢᠴᠢ ᠪᠡᠯᠡᠳᠬᠡᠮᠵᠢ ᠪᠠᠢ᠌ᠭᠤᠯᠬᠤ ᠵᠢ ᠲᠡᠮᠵᠢᠵᠦ ᠂ ᠤᠷᠢᠳ ᠵᠶ᠋ᠠᠷ ᠪᠠᠢ᠌ᠭᠤᠯᠵᠤ ᠲᠠᠷᠠᠭ᠎ᠠ᠎ᠳᠤᠨᠢ ᠨᠥᠬᠥᠪᠦᠷᠢᠯᠡᠬᠦ ᠠᠷᠭ᠎ᠠ ᠮᠠᠶᠢᠭ᠎ᠢ ᠬᠡᠷᠡᠭᠯᠡᠨ ᠂ ᠵᠢᠯ ᠪᠦᠷᠢ ᠲᠠᠷᠢᠶᠠᠴᠢᠨ᠎ᠲᠠᠢ ᠬᠣᠯᠪᠣᠭ᠋ᠠᠯᠠᠵᠤ ᠲᠠᠷᠢᠶᠠᠴᠢᠨ᠎ᠢ ᠳᠠᠢ᠌ᠴᠢᠯᠠᠬᠤ ᠴᠢᠳᠠᠪᠤᠷᠢ᠎ᠪᠠᠷ ᠴᠢᠩᠭ᠎ᠠ ᠪᠣᠯᠬᠤᠢ᠌ᠴᠠ ᠨᠡᠮᠡᠭᠦᠷᠢ ᠬᠦᠷᠲᠡᠭᠡᠬᠦ ᠰᠢᠯᠢᠳᠡᠭ ᠡᠲᠡᠭᠡᠳ᠎ᠢ ᠰᠣᠩᠭᠣᠨ ᠲᠣᠭᠲᠠᠭ᠋ᠠᠵᠤ ᠂ ᠭᠠᠷᠤᠯᠲᠠ ᠵᠢᠨ ᠣᠷᠣᠨ᠎ᠤ ᠲᠠᠷᠢᠮᠠᠯ ᠲᠠᠷᠢᠨᠨᠴᠢᠳ ᠬᠥᠮᠥᠷᠭᠡ ᠵᠢᠨ ᠪᠠᠭᠲᠠᠭ᠋ᠠᠮᠵᠢ᠎ᠨᠢ 2000 ᠲᠣᠨ᠎ᠠᠴᠠ ᠳᠡᠭᠡᠭᠰᠢᠬᠢ ᠬᠦᠢ᠍ᠲᠡᠨ ᠬᠠᠳᠠᠭ᠋ᠠᠯᠠᠯᠲᠠ᠎ᠪᠠᠷ ᠰᠢᠨ᠎ᠡ ᠰᠣᠷᠭᠣᠭ᠎ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠵᠢ ᠰᠢᠨ᠎ᠡ᠎ᠪᠠᠷ ᠪᠠᠢ᠌ᠭᠤᠯᠤᠭᠰᠠᠨ ᠪᠤᠶᠤ ᠥᠭᠡᠷᠡᠴᠢᠯᠡᠨ ᠪᠠᠢ᠌ᠭᠤᠯᠤᠭᠰᠠᠨ (ᠬᠦᠢ᠍ᠲᠡᠨ ᠬᠠᠳᠠᠭ᠋ᠠᠯᠠᠯᠲᠠ ᠵᠢᠨ ᠲᠤᠨᠤᠭ ᠲᠥᠬᠦᠭᠡᠷᠦᠮᠵᠢ ᠤᠭᠰᠠᠷᠠᠭᠰᠠᠨ ᠦᠭᠡᠢ ᠡᠩ᠎ᠤᠨ ᠬᠠᠳᠠᠭ᠋ᠠᠯᠠᠬᠤ ᠬᠥᠮᠥᠷᠭᠡ ᠵᠢ ᠥᠭᠡᠷᠡᠴᠢᠯᠡᠨ ᠰᠢᠨᠡᠳᠬᠡᠬᠦ ᠵᠢ ᠵᠢᠭ᠋ᠠᠨ᠎ᠠ ) ᠪᠠᠢ᠌ᠪᠠᠯ ᠂ ᠪᠦᠲᠦᠭᠡᠨ ᠪᠠᠢ᠌ᠭᠤᠯᠤᠯᠲᠠ ᠵᠢᠨ ᠪᠦᠭᠦ ᠦᠢ᠍ᠯᠡᠳᠦᠭᠰᠡᠨ ᠦᠨ᠎ᠡ ᠵᠢᠨ 30% ᠂ ᠲᠠᠩ ᠴᠣᠭᠴᠠᠲᠤ ᠪᠡᠯᠡᠳᠬᠡᠮᠵᠢ᠎ᠳᠤ ᠬᠠᠮᠤᠭ᠎ᠤᠨ ᠠᠷᠪᠢᠨ᠎ᠳᠤ᠎ᠪᠠᠨ 100 ᠲᠦᠮᠡᠨ ᠲᠥᠭᠥᠷᠢᠭ᠎ᠤᠨ ᠶᠣᠰᠣᠭ᠋ᠠᠷ ᠨᠡᠮᠡᠭᠦᠷᠢ ᠣᠯᠭᠣᠨ᠎ᠠ ᠂ ᠥᠪᠡᠷᠲᠡᠭᠡᠨ ᠵᠠᠰᠠᠬᠤ ᠣᠷᠣᠨ᠎ᠠᠴᠠ ᠨᠡᠮᠡᠭᠦᠷᠢ ᠣᠯᠭᠣᠭᠰᠠᠨ ᠰᠠᠭᠤᠷᠢᠨ ᠳᠡᠭᠡᠷ᠎ᠡ ᠠᠢ᠌ᠮᠠᠭ ᠬᠤᠲᠠ ᠪᠠ ᠬᠣᠰᠢᠭᠤ ᠰᠢᠶᠠᠨ (ᠬᠤᠲᠠ ᠂ ᠲᠣᠭᠣᠷᠢᠭ )᠎ᠤ ᠡᠳ᠋᠎ᠤᠨ ᠵᠠᠰᠠᠭ᠎ᠠᠴᠠ ᠵᠣᠬᠢᠮᠵᠢᠲᠠᠢ᠎ᠪᠠᠷ ᠲᠠᠬᠢᠵᠦ ᠨᠡᠮᠡᠭᠦᠷᠢ ᠣᠯᠭᠣᠬᠤ ᠵᠢ ᠵᠣᠷᠢᠭᠵᠢᠭᠤᠯᠤᠨ᠎ᠠ ᠃ ( ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂ ᠡᠳ᠋᠎ᠤᠨ ᠵᠠᠰᠠᠭ᠎ᠤᠨ ᠲᠢᠩᠬᠢᠮ ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠢ᠌ᠳᠠᠪᠤᠷᠢᠵᠢᠭᠤᠯᠤᠨ᠎ᠠ )
ᠳᠥᠷᠪᠡ ᠂ ᠲᠥᠮᠥᠰᠥᠨ᠎ᠤ ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ᠎ᠢ ᠨᠡᠮᠡᠭᠳᠡᠭᠦᠯᠦᠨ᠎ᠡ
ᠲᠥᠮᠥᠰᠥᠨ᠎ᠤ ᠠᠵᠤ ᠦᠢ᠍ᠯᠡᠰ᠎ᠤᠨ ᠨᠡᠷᠡᠳᠦ ᠲᠡᠮᠳᠡᠭ᠎ᠢ ᠬᠥᠮᠥᠵᠢᠭᠦᠯᠦᠨ ᠪᠣᠢ᠌ᠵᠢᠭᠤᠯᠬᠤ ᠪᠠ ᠵᠠᠬ᠎ᠠ ᠳᠡᠯᠭᠡᠭᠦᠷ᠎ᠤᠨ ᠡᠵᠡᠩᠨᠡᠯᠲᠡ ᠪᠣᠷᠣᠯᠠᠭᠤᠯᠤᠯᠲᠠ ᠬᠢᠬᠦ ᠵᠢ ᠲᠡᠮᠵᠢᠵᠦ ᠂ ᠠᠵᠤ ᠠᠬᠤᠢ᠌ᠯᠠᠯ᠎ᠤᠨ ᠪᠦᠲᠦᠭᠡᠭᠳᠡᠬᠦᠨ᠎ᠤ ᠶᠠᠰᠤ ᠴᠢᠨᠠᠷ ᠪᠠ ᠪᠠᠷᠢᠮᠵᠢᠶᠠᠵᠢᠭᠤᠯᠬᠤ ᠬᠢᠷᠢ ᠲᠦᠪᠰᠢᠨ ᠵᠶ᠋ᠡᠨ ᠳᠡᠬᠡᠭᠰᠢᠯᠡᠬᠦᠯᠬᠦ ᠵᠢ᠎ᠨᠢ ᠵᠣᠷᠢᠭᠵᠢᠭᠤᠯᠤᠨ ᠂ 《 ᠥᠪᠥᠷ ᠮᠣᠩᠭᠣᠯ 》 ᠨᠡᠷᠡᠮᠵᠢᠲᠦ ᠲᠡᠮᠳᠡᠭ ᠵᠶ᠋ᠡᠷ ᠬᠥᠲᠥᠯᠥᠨ ᠳᠠᠭ᠋ᠠᠭᠤᠯᠵᠤ ᠪᠠᠢ᠌ᠭ᠋ᠠᠳ ᠨᠢᠭᠡᠳᠦᠯᠲᠡᠢ ᠪᠠᠷᠢᠮᠵᠢᠶ᠎ᠠ ᠂ ᠨᠢᠭᠡᠳᠦᠯᠲᠡᠢ ᠨᠡᠷᠡᠳᠦ ᠲᠡᠮᠳᠡᠭ ᠂ ᠨᠢᠭᠡᠳᠦᠯᠲᠡᠢ ᠪᠣᠭᠣᠳᠠᠯ ᠪᠠᠭᠯᠠᠭ᠎ᠠ ᠂ ᠨᠢᠭᠡᠳᠦᠯᠲᠡᠢ ᠰᠤᠷᠲᠠᠯ ᠤᠬᠠᠭᠤᠯᠭ᠎ᠠ ᠂ ᠨᠢᠭᠡᠳᠦᠯᠲᠡᠢ ᠡᠵᠡᠩᠨᠡᠯᠲᠡ ᠪᠣᠷᠤᠯᠠᠭᠤᠯᠭ᠎ᠠ᠎ᠪᠠᠷ ᠥᠪᠥᠷ ᠮᠣᠩᠭᠣᠯ᠎ᠤᠨ ᠲᠥᠮᠥᠰᠥᠨ᠎ᠤ ᠣᠷᠣᠨ ᠪᠦᠰᠡ ᠵᠢᠨ ᠨᠡᠷᠡᠲᠦ ᠲᠡᠮᠳᠡᠭ᠎ᠢ ᠴᠣᠭᠴᠠᠯᠠᠨ᠎ᠠ ᠃ 《 ᠥᠪᠥᠷ ᠮᠣᠩᠭᠣᠯ 》 ᠨᠡᠷᠡᠮᠵᠢᠲᠦ ᠲᠡᠮᠳᠡᠭ᠎ᠤᠨ ᠭᠡᠷᠡᠴᠢᠯᠡᠭᠡ ᠵᠢ ᠠᠬᠢᠭᠤᠯᠵᠤ ᠂ 《ᠥᠪᠥᠷ ᠮᠣᠩᠭᠣᠯ 》 ᠨᠡᠷᠡᠮᠵᠢᠳᠦ ᠲᠡᠮᠳᠡᠭ᠎ᠤᠨ ᠭᠡᠷᠡᠴᠢᠯᠡᠯ᠎ᠢ ᠣᠯᠣᠭᠰᠠᠨ ᠠᠵᠤ ᠠᠬᠤᠢ᠌ᠯᠠᠯ᠎ᠳᠤ ᠰᠢᠯᠭ᠋ᠠᠨ ᠪᠠᠢ᠌ᠴᠠᠭ᠋ᠠᠵᠤ ᠬᠡᠮᠵᠢᠨ ᠪᠠᠢ᠌ᠴᠠᠭ᠋ᠠᠬᠤ ᠂ ᠭᠡᠷᠡᠴᠢᠯᠡᠭᠡ ᠬᠢᠬᠦ ᠵᠡᠷᠭᠡ ᠵᠠᠷᠤᠳᠠᠯ᠎ᠤᠨ ᠲᠠᠯ᠎ᠠ᠎ᠳᠤ 5 ᠲᠦᠮᠡᠨ ᠲᠥᠭᠥᠷᠢᠭ᠎ᠤᠨ ᠨᠡᠮᠡᠭᠦᠷᠢ ᠣᠯᠭᠣᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠡᠳ᠋᠎ᠤᠨ ᠵᠠᠰᠠᠭ᠎ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠢ᠌ᠳᠠᠪᠤᠷᠢᠵᠢᠭᠤᠯᠤᠨ᠎ᠠ )
ᠲᠠᠪᠤ ᠂ ᠲᠥᠮᠥᠰᠥᠨ᠎ᠤ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ
ᠲᠥᠮᠥᠰᠥᠨ᠎ᠤ ᠲᠠᠯ᠎ᠠ᠎ᠪᠠᠷ ᠬᠢ ᠡᠳ᠋ᠰᠢᠭᠦᠯᠦᠨ ᠪᠤᠯᠪᠠᠰᠤᠷᠠᠭᠤᠯᠬᠤ ᠪᠦᠲᠦᠭᠡᠭᠳᠡᠬᠦᠨ ᠰᠤᠳᠤᠯᠤᠨ ᠨᠡᠭᠡᠭᠡᠬᠦ ᠵᠢ ᠲᠡᠮᠵᠢᠵᠦ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠪᠡᠯᠡ ᠮᠥᠩᠭᠥ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠭᠤᠷᠢ ᠮᠥᠩᠭᠥ ᠵᠡᠷᠭᠡ᠎ᠳᠤ ᠲᠦᠰᠢᠭᠯᠡᠨ ᠂ ᠠᠵᠤ ᠠᠬᠤᠢ᠌ᠯᠠᠯ᠎ᠤᠨ᠎ᠬᠢᠨ᠎ᠤ ᠴᠠᠷᠳᠠᠭᠤᠯ᠎ᠤᠨ ᠰᠤᠩᠭ᠋ᠠᠯ ᠬᠦᠷᠢᠶ᠎ᠡ ᠴᠠᠷᠠᠭ᠎ᠠ ᠵᠡᠷᠭᠡ᠎ᠳᠠᠬᠢ ᠨᠠᠷᠢᠯᠢᠭ ᠭᠦᠨ ᠡᠳ᠋ᠰᠢᠭᠦᠯᠦᠭᠰᠡᠨ ᠪᠦᠲᠦᠭᠡᠭᠳᠡᠬᠦᠨ ᠂ ᠲᠥᠮᠥᠰᠥ ᠵᠢ ᠦᠬᠡᠷ ᠬᠤᠨᠢᠨ ᠮᠢᠬ᠎ᠠ ᠪᠠ ᠨᠣᠬᠠᠢ ᠵᠢᠨ ᠬᠣᠰᠢᠭᠤ ᠵᠡᠷᠭᠡ ᠢᠳᠡᠭᠡᠨ᠎ᠲᠠᠢ ᠲᠣᠬᠢᠷᠠᠭᠤᠯᠤᠨ ᠲᠡᠩᠨᠡᠭᠦᠯᠵᠦ ᠤᠷᠢᠳᠴᠢᠯᠠᠨ ᠬᠢᠭᠰᠡᠨ ᠵᠠᠭᠤᠰᠢ ᠂ ᠰᠤᠯᠠ ᠢᠳᠡᠭᠡᠨ ᠵᠡᠷᠭᠡ ᠵᠢ ᠰᠤᠳᠤᠯᠤᠨ ᠨᠡᠭᠡᠭᠡᠬᠦ ᠡᠷᠴᠢᠮ ᠵᠶ᠋ᠠᠨ ᠴᠢᠩᠭ᠋ᠠᠷᠠᠭᠤᠯᠬᠤ ᠵᠢ ᠭᠣᠣᠯᠳᠠᠯᠭ᠎ᠠ᠎ᠲᠠᠢ ᠳᠡᠮᠵᠢᠨ᠎ᠠ ᠃ ᠬᠤᠷᠢᠶᠠᠬᠤ ᠮᠠᠰᠢᠨ ᠮᠧᠬᠠᠨᠢᠭ ᠪᠠ ᠡᠳ᠋ᠰᠢᠭᠦᠯᠦᠨ ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠵᠢ ᠰᠤᠳᠤᠯᠤᠨ ᠨᠡᠭᠡᠭᠡᠵᠦ ᠬᠡᠷᠡᠭᠯᠡᠬᠦ ᠵᠢ ᠲᠡᠮᠵᠢᠵᠦ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠪᠡᠯᠡ ᠮᠥᠩᠭᠥ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠭᠤᠷᠢ ᠮᠥᠩᠭᠥᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ ᠂ ᠲᠥᠮᠥᠰᠥ ᠬᠤᠷᠢᠶᠠᠬᠤ ᠮᠠᠰᠢᠨ ᠮᠧᠬᠠᠨᠢᠭ ᠪᠠ ᠡᠳ᠋ᠰᠢᠭᠦᠯᠦᠨ ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠰᠤᠳᠤᠯᠤᠨ ᠨᠡᠭᠡᠭᠡᠬᠦ ᠵᠢ ᠤᠷᠢᠳ ᠵᠶ᠋ᠠᠷ ᠲᠡᠮᠵᠢᠵᠦ ᠂ ᠠᠵᠤ ᠠᠬᠤᠢ᠌ᠯᠠᠯ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠬᠠᠮᠲᠤᠷᠠᠨ ᠲᠥᠮᠥᠰᠥ ᠬᠤᠷᠢᠶᠠᠬᠤ ᠪᠠ ᠲᠡᠭᠦᠵᠦ ᠣᠭᠣᠳᠠᠯᠯᠠᠬᠤ ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠵᠡᠷᠭᠡ ᠵᠢ ᠰᠤᠳᠤᠯᠤᠨ ᠨᠡᠭᠡᠭᠡᠬᠦ ᠪᠠ ᠬᠡᠷᠡᠭᠯᠡᠬᠦ ᠵᠢ᠎ᠨᠢ ᠲᠡᠮᠵᠢᠨ᠎ᠠ ᠃ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠳᠡᠮᠵᠢᠵᠦ ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠂ ᠲᠠᠷᠢᠶᠠᠯᠠᠩ᠎ᠳᠤ ᠬᠣᠯᠪᠣᠭᠳᠠᠬᠤ ᠶᠡᠬᠡ ᠳᠡᠭᠡᠳᠦ ᠰᠤᠷᠭ᠋ᠠᠭᠤᠯᠢ ᠂ ᠠᠵᠤ ᠠᠬᠤᠢ᠌ᠯᠠᠯ ᠵᠡᠷᠭᠡ ᠵᠢᠨ ᠲᠥᠮᠥᠰᠥᠨ᠎ᠤ ᠪᠥᠬᠦ ᠬᠡᠯᠬᠢᠶ᠎ᠡ ᠵᠢᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠳᠡᠮᠵᠢᠨ ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠳᠤ ᠲᠥᠷᠥ ᠵᠢᠨ ᠪᠣᠳᠣᠯᠭ᠎ᠠ᠎ᠪᠠᠷ ᠲᠡᠳᠬᠦᠬᠦ ᠂ ᠰᠤᠳᠤᠯᠤᠨ ᠨᠡᠭᠡᠭᠡᠬᠦ ᠨᠥᠬᠥᠴᠡᠯ᠎ᠢ ᠳᠡᠭᠡᠭᠰᠢᠯᠡᠭᠦᠯᠬᠦ ᠵᠡᠷᠭᠡ ᠲᠠᠯ᠎ᠠ᠎ᠳᠤ ᠬᠡᠯᠪᠡᠢ᠌ᠯᠳᠡᠲᠠᠢ ᠪᠠᠢ᠌ᠯᠭ᠋ᠠᠨ᠎ᠠ ᠃ ( ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠢ᠌ᠳᠠᠪᠤᠷᠢᠵᠢᠭᠤᠯᠤᠨ᠎ᠠ )
ᠵᠢᠷᠭᠤᠭ᠎ᠠ ᠂ ᠪᠦᠭᠦ ᠠᠵᠤ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠷᠠᠭᠤᠯᠤᠨ᠎ᠠ
ᠲᠤᠰᠬᠠᠢ ᠵᠦᠢ᠍ᠯ᠎ᠤᠨ ᠮᠥᠩᠭᠥᠨ ᠭᠦᠢ᠍ᠯᠭᠡᠭᠡᠨ᠎ᠤ ᠨᠡᠷᠡᠳᠬᠦᠨ ᠭᠠᠷᠭ᠋ᠠᠬᠤ ᠵᠢ ᠲᠡᠮᠵᠢᠵᠦ ᠂ ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠨᠢ ᠲᠥᠮᠥᠰᠥ ᠵᠢᠴᠢ ᠦᠷ᠎ᠡ ᠵᠢᠨ ᠲᠥᠮᠥᠰᠥ ᠵᠢ ᠦᠢ᠍ᠯᠡᠳᠪᠦᠷᠢᠯᠡᠨ ᠪᠣᠷᠣᠯᠠᠭᠤᠯᠬᠤ ᠦᠶᠡᠯᠡᠯ᠎ᠤᠨ ᠣᠨᠴᠠᠯᠢᠭ᠎ᠢ ᠦᠨᠳᠦᠰᠦᠯᠡᠨ ᠂ ᠨᠢᠭᠡ ᠤᠳᠠᠭ᠎ᠠ᠎ᠳᠤ ᠢᠲᠡᠭᠡᠮᠵᠢ ᠣᠯᠭᠣᠬᠤ ᠂ ᠠᠪᠤᠨ ᠵᠢᠭᠡᠯᠡᠵᠦ ᠪᠤᠴᠠᠭ᠋ᠠᠬᠤ ᠂ ᠡᠷᠭᠢᠯᠳᠦᠭᠦᠯᠦᠨ ᠬᠡᠷᠡᠭᠯᠡᠵᠦ ᠪᠣᠯᠬᠤ ᠢᠲᠡᠭᠡᠮᠵᠢᠲᠦ ᠵᠢᠭᠡᠯᠡᠯᠭᠡ ᠵᠢᠨ ᠨᠡᠷᠡᠳᠬᠦᠨ᠎ᠢ ᠳᠡᠯᠭᠡᠷᠡᠭᠦᠯᠵᠦ ᠂ ᠦᠷ᠎ᠡ ᠵᠢᠨ ᠲᠥᠮᠥᠰᠥᠨ᠎ᠤ ᠠᠵᠤ ᠠᠬᠤᠢ᠌ᠯᠠᠯ ᠂ ᠲᠠᠷᠢᠮᠠᠯ᠎ᠤᠨ ᠲᠣᠮᠣ ᠡᠷᠦᠬᠡ ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠳᠤ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠦᠵᠡᠭᠦᠯᠬᠦ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ ᠃ ᠡᠯ᠎ᠡ ᠭᠠᠵᠠᠷ ᠣᠷᠣᠨ᠎ᠤ᠎ᠬᠢᠨ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ ᠭᠤᠶᠤᠴᠢᠯᠠᠨ ᠬᠡᠷᠡᠭᠯᠡᠵᠦ ᠪᠠᠢ᠌ᠭ᠋ᠠᠳ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ᠎ᠪᠠᠨ ᠠᠬᠢᠭᠤᠯᠬᠤ ᠵᠢ ᠳᠡᠮᠵᠢᠨ᠎ᠡ ᠃ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ ᠢᠲᠡᠭᠡᠮᠵᠢ ᠵᠢ ᠨᠡᠮᠡᠭᠳᠡᠭᠦᠯᠬᠦ ᠵᠢᠨ ᠳᠡᠮᠵᠢᠬᠦ ᠡᠷᠴᠢᠮ᠎ᠢ ᠴᠢᠩᠭ᠋ᠠᠷᠠᠭᠤᠯᠵᠤ ᠂ ᠲᠠᠷᠢᠶᠠᠯᠠᠩ ᠮᠠᠯ ᠠᠵᠤ ᠠᠬᠤᠢ ᠵᠢᠨ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠺᠣᠮᠫᠠᠨᠢ ᠵᠡᠷᠭᠡ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠤᠨ ᠂ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠢ᠌ᠭᠤᠯᠤᠮᠵᠢ᠎ᠠᠴᠠ ᠨᠥᠬᠥᠴᠡᠯ᠎ᠳᠤ ᠨᠡᠢ᠌ᠴᠡᠭᠰᠡᠨ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠰᠢᠨ᠎ᠡ᠎ᠪᠠᠷ ᠪᠠᠢ᠌ᠭᠤᠯᠬᠤ ᠪᠠ ᠦᠢ᠍ᠯᠡᠳᠪᠦᠷᠢᠯᠡᠯ ᠵᠶ᠋ᠠᠨ ᠥᠷᠭᠡᠳᠬᠡᠬᠦ ᠂ ᠣᠷᠣᠭᠤᠯᠤᠨ ᠠᠪᠴᠢᠷᠠᠭᠰᠠᠨ ᠲᠥᠮᠥᠰᠥᠨ᠎ᠤ ᠲᠡᠷᠢᠭᠦᠨ᠎ᠤ ᠮᠠᠰᠢᠨ ᠮᠧᠬᠠᠨᠢᠭ᠎ᠢ ᠰᠤᠳᠤᠯᠤᠨ ᠨᠡᠭᠡᠭᠡᠬᠦ ᠪᠠ ᠦᠢ᠍ᠯᠡᠳᠪᠦᠷᠢᠯᠡᠬᠦ ᠠᠵᠤ ᠠᠬᠤᠢ᠌ᠯᠠᠯ ᠵᠢᠴᠢ ᠲᠠᠷᠢᠮᠠᠯ᠎ᠤᠨ ᠲᠣᠮᠣ ᠡᠷᠦᠬᠡ ᠂ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ ᠂ ᠬᠣᠷᠰᠢᠶ᠎ᠡ ᠵᠡᠷᠭᠡ ᠲᠠᠷᠢᠶᠠᠯᠠᠩ ᠮᠠᠯ ᠠᠵᠤ ᠠᠬᠤᠢ ᠵᠢᠨ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ᠎ᠳᠤ ᠵᠢᠭᠡᠯᠡᠯᠭᠡ ᠵᠢᠨ ᠳᠠᠭ᠋ᠠᠭ᠋ᠠᠯᠲᠠ ᠬᠠᠩᠭ᠋ᠠᠬᠤ ᠵᠢ ᠲᠡᠮᠵᠢᠵᠦ ᠂ ᠳᠠᠭ᠋ᠠᠭ᠋ᠠᠯᠲᠠ ᠬᠢᠬᠦ ᠵᠠᠷᠤᠳᠠᠯ᠎ᠤᠨ ᠨᠣᠷᠮ᠎ᠠ ᠵᠢ ᠪᠠᠭᠤᠷᠠᠭᠤᠯᠤᠨ᠎ᠠ ᠃ ᠡᠭᠦᠨ᠎ᠤ ᠬᠠᠮᠲᠤ ᠂ ᠡᠯ᠎ᠡ ᠭᠠᠵᠠᠷ ᠣᠷᠣᠨ᠎ᠤ᠎ᠬᠢᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠪᠠᠷ ᠳᠠᠮᠵᠢᠭᠤᠯᠤᠨ ᠂ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠠᠵᠤ ᠠᠬᠤᠢ᠌ᠯᠠᠯ᠎ᠢ ᠣᠷᠣᠭᠤᠯᠤᠨ ᠠᠪᠴᠢᠷᠠᠬᠤ ᠵᠢᠨ ᠬᠠᠮᠲᠤ ᠲᠡᠭᠦᠨ᠎ᠳᠤ ᠵᠢᠭᠡᠯᠡᠯᠭᠡ ᠵᠢᠨ ᠳᠠᠭ᠋ᠠᠭ᠋ᠠᠯᠲᠠ ᠬᠠᠩᠭ᠋ᠠᠬᠤ ᠵᠢ ᠵᠣᠷᠢᠭᠵᠢᠭᠤᠯᠤᠨ᠎ᠠ ᠃ ᠬᠤᠭᠤᠴᠠᠭ᠋ᠠᠲᠤ ᠪᠠᠷᠠᠭ᠎ᠠ ᠵᠢ ᠵᠠᠬ᠎ᠠ᠎ᠳᠤ ᠭᠠᠷᠭ᠋ᠠᠨ ᠠᠷᠠᠯᠵᠢᠶᠠᠯᠠᠬᠤ ᠵᠢ ᠠᠬᠢᠭᠤᠯᠵᠤ ᠂ ᠲᠥᠮᠥᠰᠥᠨ᠎ᠤ ᠪᠡᠯᠡᠨ ᠪᠠᠷᠠᠭ᠋ᠠᠨ᠎ᠤ ᠰᠠᠭᠤᠷᠢ ᠨᠥᠬᠥᠴᠡᠯ᠎ᠢ ᠰᠠᠢ᠌ᠵᠢᠷᠠᠭᠤᠯᠤᠨ ᠂ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠪᠠᠢ᠌ᠭᠤᠯᠤᠮᠵᠢ ᠵᠢ ᠪᠣᠢ᠌ᠵᠢᠭᠤᠯᠵᠤ ᠂ ᠪᠡᠯᠡᠨ ᠪᠠᠷᠠᠭ᠋ᠠᠨ᠎ᠤ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠂ ᠲᠥᠮᠥᠰᠥᠨ᠎ᠤ ᠬᠤᠭᠤᠴᠠᠭ᠋ᠠᠲᠤ ᠪᠠᠷᠠᠭ᠎ᠠ ᠵᠢ ᠵᠠᠬ᠎ᠠ᠎ᠳᠤ ᠭᠠᠷᠭ᠋ᠠᠨ ᠠᠷᠠᠯᠵᠢᠶᠠᠯᠠᠬᠤ ᠵᠢ ᠢᠳᠡᠪᠬᠢᠲᠡᠢ ᠠᠬᠢᠭᠤᠯᠬᠤ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠡᠳ᠋᠎ᠤᠨ ᠵᠠᠰᠠᠭ᠎ᠤᠨ ᠲᠢᠩᠬᠢᠮ ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠬᠤᠪᠢᠶᠠᠷᠢ ᠪᠠᠩᠬᠢ ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠬᠢᠵᠠᠭ᠋ᠠᠷᠲᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠢ᠌ᠳᠠᠪᠤᠷᠢᠵᠢᠭᠤᠯᠤᠨ᠎ᠠ )
ᠳᠡᠭᠡᠷ᠎ᠡ ᠳᠤᠷᠠᠳᠤᠭᠰᠠᠨ ᠲᠦᠷᠦ ᠵᠢᠨ ᠪᠣᠳᠣᠯᠭ᠎ᠠ ᠵᠢᠨ ᠬᠡᠷᠡᠭᠵᠢᠭᠦᠯᠬᠦ ᠴᠠᠭ ᠬᠤᠭᠤᠴᠠᠭ᠎ᠠ ᠵᠢ 2023 ᠣᠨ᠎ᠠᠴᠠ 2025 ᠣᠨ ᠬᠡᠮᠡᠨ ᠲᠦᠷ ᠲᠣᠭᠲᠠᠭ᠋ᠠᠵᠤ ᠂ ᠬᠡᠷᠡᠭᠵᠢᠭᠦᠯᠦᠯᠲᠡ ᠵᠢᠨ ᠪᠠᠢ᠌ᠳᠠᠯ᠎ᠢ ᠦᠨᠳᠦᠰᠦᠯᠡᠵᠦ ᠲᠣᠬᠢᠷᠠᠭᠤᠯᠤᠯᠲᠠ ᠬᠢᠨ᠎ᠡ ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠳᠡᠮᠵᠢᠯᠭᠡ ᠵᠢ ᠰᠢᠨ᠎ᠡ᠎ᠪᠠᠷ ᠨᠡᠮᠡᠭᠳᠡᠭᠦᠯᠬᠦ ᠪᠤᠶᠤ ᠲᠡᠭᠦᠨ᠎ᠳᠤ ᠲᠣᠬᠢᠷᠠᠭᠤᠯᠤᠯᠲᠠ ᠬᠢᠬᠦ᠎ᠲᠠᠢ ᠬᠣᠯᠪᠣᠭᠳᠠᠪᠠᠯ ᠂ ᠡᠯ᠎ᠡ ᠬᠠᠷᠢᠭᠤᠴᠠᠯᠭ᠋ᠠᠲᠤ ᠰᠠᠯᠠᠭ᠎ᠠ ᠮᠥᠴᠢᠷ ᠨᠢᠭᠡᠴᠢ᠎ᠨᠢ ᠪᠡᠯᠡ ᠮᠥᠩᠭᠥᠨ᠎ᠤ ᠬᠠᠮᠢᠶᠠᠷᠤᠯᠲᠠ ᠪᠠ ᠠᠵᠢᠯ᠎ᠤᠨ ᠦᠷ᠎ᠡ ᠪᠦᠳᠦᠮᠵᠢ ᠵᠢ ᠰᠢᠯᠭ᠋ᠠᠨ ᠬᠢᠨᠠᠬᠤ ᠠᠷᠭ᠎ᠠ᠎ᠳᠤ᠎ᠪᠠᠨ ᠵᠣᠬᠢᠬᠤ ᠲᠣᠬᠢᠷᠠᠭᠤᠯᠤᠯᠲᠠ ᠬᠢᠵᠦ ᠂ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠪᠣᠳᠠᠲᠠᠢ᠌ᠵᠢᠨ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ᠎ᠨᠢ ᠳᠡᠮᠵᠢᠯᠭᠡ ᠵᠢᠨ ᠲᠦᠷᠦ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠪᠠᠢ᠌ᠳᠠᠯ ᠪᠠ ᠦᠷ᠎ᠡ ᠪᠦᠳᠦᠮᠵᠢ ᠵᠢ ᠴᠠᠭ ᠲᠤᠬᠠᠢᠳᠤᠨᠢ ᠳ᠋ᠦᠩᠨᠡᠵᠦ ᠂ ᠪᠠᠢ᠌ᠳᠠᠯ ᠵᠶ᠋ᠡᠨ ᠦᠨᠳᠦᠰᠦᠯᠡᠨ ᠲᠦᠷᠦ ᠵᠢᠨ ᠪᠣᠳᠣᠯᠭ᠎ᠠ᠎ᠳᠤ ᠬᠥᠳᠡᠯᠦᠩᠭᠦᠢ ᠲᠣᠬᠢᠷᠠᠭᠤᠯᠤᠯᠲᠠ ᠬᠢᠵᠦ ᠰᠢᠯᠢᠳᠡᠭᠵᠢᠭᠦᠯᠬᠦ ᠲᠣᠭᠲᠠᠴᠠ ᠵᠢ ᠪᠠᠢ᠌ᠭᠤᠯᠤᠨ ᠂ ᠳᠡᠮᠵᠢᠯᠭᠡ ᠵᠢᠨ ᠠᠷᠭ᠎ᠠ ᠬᠡᠮᠵᠢᠶ᠎ᠡ ᠵᠢᠨ ᠴᠠᠭᠲᠤᠨᠢ ᠲᠣᠬᠢᠷᠠᠭᠤᠯᠵᠤ ᠲᠣᠬᠢᠷᠠᠭᠤᠯᠤᠯᠲᠠ ᠬᠢᠬᠦ ᠬᠡᠷᠡᠭᠲᠡᠢ ᠃
2023 ᠣᠨ᠎ᠤ 9 ᠳ᠋ᠦ᠍ᠭᠡᠷ ᠰᠠᠷ᠎ᠠ ᠵᠢᠨ 6᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )