ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠦᠷ᠎ᠡ ᠡᠭᠦᠯᠳᠡᠷ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-03-22

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

 

ᠥᠪᠥᠷ ᠵᠠᠰᠠᠭ ᠠᠯᠪᠠᠨ ᠲᠠᠷᠬᠠᠭ᠋ᠠᠭᠰᠠᠨ [ 2023 ] 68 ᠳ᠋ᠤᠭ᠋ᠠᠷ ᠲᠣᠭ᠋ᠠᠲᠤ

 

ᠦᠷ᠎ᠡ ᠡᠭᠦᠯᠳᠡᠷ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠲᠤᠬᠠᠢ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩ᠊ ᠬᠢᠮ᠎ᠤᠨ ᠮᠡᠳᠡᠭᠳᠡᠯ


ᠡᠯ᠎ᠡ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂  ᠠᠯᠪᠠᠨ ᠭᠡᠷ᠂  ᠲᠢᠩᠬᠢᠮ᠂  ᠲᠣᠪᠴᠢᠶ᠎ᠠ᠂  ᠡᠯ᠎ᠡ ᠲᠣᠮᠣ ᠠᠵᠤ ᠠᠬᠤᠢ᠌ᠯᠠᠯ᠂  ᠠᠵᠢᠯ ᠦᠢ᠍ᠯᠡᠰ᠎ᠤᠨ ᠨᠢᠭᠡᠴᠢ᠎ᠳᠤ᠄

ᠶᠡᠷᠦᠩᠬᠡᠢ ᠱᠦᠵᠢ ᠰᠢ  ᠵᠢᠨ ᠫᠢᠩ᠎ᠤᠨ ᠦᠷ᠎ᠡ ᠡᠭᠦᠯᠳᠡᠷ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠋ᠠᠨ᠎ᠢ ᠦᠨᠡᠨ ᠬᠦ᠌ ᠠᠳᠬᠤᠵᠤ ᠦᠷ᠎ᠡ ᠪᠦᠲᠦᠭᠡᠮᠵᠢ ᠭᠠᠷᠭ᠋ᠠᠬᠤ ᠪᠠ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂  ᠦᠷ᠎ᠡ ᠡᠭᠦᠯᠳᠡᠷ᠎ᠤᠨ ᠦᠢ᠍ᠯᠡᠰ᠎ᠤᠨ ᠠᠵᠢᠯ᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠪᠣᠳᠠᠲᠠᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂  ᠥᠪᠡᠷᠲᠡᠭᠡᠨ ᠵᠠᠰᠠᠬᠤ ᠣᠷᠣᠨ᠎ᠤ ᠦᠷ᠎ᠡ ᠡᠭᠦᠯᠳᠡᠷ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠪᠴᠢᠯᠡᠨ ᠠᠬᠢᠭᠤᠯᠵᠤ᠂ 《ᠦᠷ᠎ᠡ ᠡᠭᠦᠯᠳᠡᠷ᠎ᠢ ᠬᠠᠮᠠᠭ᠋ᠠᠯᠠᠬᠤ᠂  ᠦᠷ᠎ᠡ ᠡᠭᠦᠯᠳᠡᠷ ᠪᠣᠢ᠌ᠵᠢᠭᠤᠯᠬᠤ᠂  ᠰᠠᠢ᠌ᠨ ᠦᠷ᠎ᠡ ᠪᠣᠢ᠌ᠵᠢᠭᠤᠯᠬᠤ᠂  ᠦᠷ᠎ᠡ ᠡᠭᠦᠯᠳᠡᠷ᠎ᠢ ᠬᠡᠷᠡᠭᠯᠡᠬᠦ》 4 ᠵᠠᠩᠭᠢᠯᠠᠭ᠎ᠠ ᠵᠢᠨ ᠭᠣᠭᠴᠣᠭ᠎ᠠ ᠵᠢ ᠲᠣᠪᠤᠢ᠌ᠯᠭ᠋ᠠᠨ᠂ 《ᠭᠠᠵᠠᠷ ᠰᠢᠷᠣᠢ᠂  ᠤᠰᠤ᠂  ᠦᠷ᠎ᠡ ᠡᠭᠦᠯᠳᠡᠷ᠂  ᠠᠮᠤ ᠪᠤᠳᠠᠭ᠎ᠠ᠂  ᠮᠢᠬ᠎ᠠ᠂  ᠰᠦ》 6 ᠭᠣᠣᠯᠳᠠᠯᠭ᠎ᠠ᠎ᠲᠠᠢ ᠡᠭᠦᠷᠭᠡ ᠵᠢ ᠴᠢᠩᠭ᠎ᠠ ᠡᠵᠡᠮᠳᠡᠵᠦ᠂  ᠦᠷ᠎ᠡ ᠡᠭᠦᠯᠳᠡᠷ᠎ᠤᠨ ᠦᠢ᠍ᠯᠡᠰ᠎ᠤᠨ ᠬᠥᠭᠵᠢᠯᠲᠡ ᠵᠢ ᠬᠦᠯᠢᠶᠡᠰᠦᠯᠡᠵᠦ ᠪᠠᠢ᠌ᠭ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂  ᠵᠠᠰᠠᠭ᠎ᠤᠨ ᠣᠷᠳᠣᠨ᠎ᠤ ᠦᠢ᠍ᠯᠡᠳᠦᠯ᠎ᠢ ᠢᠳᠡᠪᠬᠢᠲᠡᠢ ᠪᠠᠳᠠᠷᠠᠭᠤᠯᠤᠨ᠂  ᠠᠵᠤ ᠠᠬᠤᠢ᠌ᠯᠠᠯ᠂  ᠰᠤᠳᠤᠯᠤᠨ ᠨᠡᠭᠡᠭᠡᠬᠦ ᠪᠠᠢ᠌ᠭᠤᠯᠤᠮᠵᠢ᠂  ᠲᠠᠷᠢᠶᠠᠯᠠᠬᠤ ᠮᠠᠯᠵᠢᠬᠤ ᠡᠷᠦᠬᠡ ᠵᠢᠨ ᠰᠠᠭ᠋ᠠᠳ ᠦᠭᠡᠢ ᠵᠣᠯᠭ᠋ᠠᠬᠤ ᠪᠠ ᠨᠢᠭᠲᠠ ᠬᠠᠮᠲᠤᠷᠠᠯᠴᠠᠬᠤ ᠵᠢ ᠠᠬᠢᠭᠤᠯᠤᠨ᠂  ᠦᠷ᠎ᠡ ᠡᠭᠦᠯᠳᠡᠷ᠎ᠤᠨ ᠦᠢ᠍ᠯᠡᠰ᠎ᠤᠨ ᠡᠯ᠎ᠡ ᠭᠣᠣᠯ ᠴᠣᠭᠴᠠ᠂  ᠡᠯ᠎ᠡ ᠭᠣᠭᠴᠣᠭ᠋ᠠᠨ᠎ᠤ ᠬᠦᠴᠦ ᠵᠢ ᠬᠠᠮᠲᠤᠳᠬᠠᠨ ᠪᠥᠬᠦ ᠬᠡᠯᠬᠢᠶ᠎ᠡ᠎ᠪᠠᠷ ᠬᠥᠭᠵᠢᠬᠦ ᠵᠢ ᠠᠬᠢᠭᠤᠯᠵᠤ᠂  ᠨᠡᠩ ᠣᠯᠠᠨ ᠰᠠᠢ᠌ᠨ ᠦᠷ᠎ᠡ ᠡᠭᠦᠯᠳᠡᠷ᠎ᠢ ᠪᠣᠢ᠌ᠵᠢᠭᠤᠯᠤᠨ ᠦᠷᠡᠵᠢᠭᠦᠯᠵᠦ᠂  ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠬᠦ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ ᠬᠦᠴᠦᠲᠦ ᠲᠤᠯᠭ᠋ᠠᠭᠤᠷᠢᠯᠠᠯ ᠬᠠᠩᠭ᠋ᠠᠬᠤ ᠵᠢᠨ ᠲᠤᠰᠠᠳᠠ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂  ᠡᠳᠦᠭᠡ ᠦᠷ᠎ᠡ ᠡᠭᠦᠯᠳᠡᠷ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠣᠣᠷᠠᠬᠢ ᠮᠡᠲᠦ ᠮᠡᠳᠡᠭᠳᠡᠶ᠎ᠡ᠃

ᠨᠢᠭᠡ᠂  ᠬᠢᠨᠠᠨ ᠲᠣᠭᠲᠠᠭ᠋ᠠᠬᠤ ᠵᠢ ᠠᠳᠬᠤᠨ ᠬᠠᠮᠲᠤ᠎ᠪᠠᠷ ᠬᠦᠷᠲᠡᠬᠦ ᠵᠢ ᠠᠬᠢᠭᠤᠯᠵᠤ᠂  ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠵᠤ ᠠᠰᠢᠭᠯᠠᠬᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠦᠨ᠎ᠡ

(ᠨᠢᠭᠡ) ᠲᠠᠷᠢᠮᠠᠯ᠎ᠤᠨ ᠦᠷ᠎ᠡ ᠡᠳ᠋᠎ᠤᠨ ᠡᠬᠢ ᠪᠠᠶᠠᠯᠢᠭ᠎ᠢ ᠴᠤᠭᠯᠠᠭᠤᠯᠬᠤ ᠪᠠ ᠬᠢᠨᠠᠨ ᠲᠣᠭᠲᠠᠭ᠋ᠠᠵᠤ ᠦᠨᠡᠯᠡᠬᠦ ᠠᠵᠢᠯ᠎ᠢ ᠥᠷᠨᠢᠭᠦᠯᠦᠨ᠎ᠡ᠃  ᠡᠭᠦᠯᠳᠡᠷ ᠪᠣᠢ᠌ᠵᠢᠭᠤᠯᠬᠤ ᠵᠢ ᠲᠤᠯᠭ᠋ᠠᠮ ᠱᠠᠭ᠋ᠠᠷᠳᠠᠭᠳᠠᠵᠤ ᠪᠦᠬᠦᠢ ᠲᠠᠷᠢᠮᠠᠯ᠎ᠤᠨ ᠦᠷ᠎ᠡ ᠡᠳ᠋᠎ᠤᠨ ᠡᠬᠢ ᠪᠠᠶᠠᠯᠢᠭ᠎ᠢ ᠴᠤᠭᠯᠠᠭᠤᠯᠵᠤ᠂  ᠣᠳᠣ ᠪᠠᠢ᠌ᠭ᠎ᠠ ᠪᠥᠭᠡᠳ ᠦᠷ᠎ᠡ ᠡᠭᠦᠯᠳᠡᠷ ᠪᠣᠢ᠌ᠵᠢᠭᠤᠯᠬᠤ᠎ᠯᠤᠭ᠎ᠠ ᠨᠢᠭᠲᠠ ᠬᠣᠯᠪᠣᠭᠳᠠᠬᠤ ᠡᠷᠳᠡᠨᠢ ᠰᠢᠰᠢ᠂  ᠰᠢᠷ᠎ᠠ ᠪᠤᠷᠴᠠᠭ᠂  ᠲᠥᠮᠥᠰᠥ᠂  ᠨᠠᠷᠠᠨ ᠬᠤᠸᠠᠷ᠂  ᠨᠠᠷᠢᠮᠤ᠂  ᠨᠣᠬᠠᠢ ᠵᠢᠨ ᠬᠣᠰᠢᠭᠤ ᠵᠡᠷᠭᠡ ᠦᠷ᠎ᠡ ᠡᠳ᠋᠎ᠤᠨ ᠡᠬᠢ ᠪᠠᠶᠠᠯᠢᠭ᠎ᠲᠤ ᠲᠠᠷᠢᠶᠠᠨ ᠭᠠᠵᠠᠷ᠎ᠤᠨ ᠰᠢᠨᠵᠢ ᠲᠥᠷᠬᠦ᠂  ᠰᠥᠷᠬᠦ ᠵᠢ ᠳᠠᠭ᠋ᠠᠭ᠋ᠠᠬᠤ ᠴᠢᠨᠠᠷ ᠪᠠ ᠵᠠᠩᠭᠢᠯᠠᠭ᠎ᠠ ᠵᠢᠨ ᠭᠧᠨ᠎ᠤ ᠬᠢᠨᠠᠨ ᠲᠣᠭᠲᠠᠭ᠋ᠠᠯᠲᠠ ᠬᠢᠨ᠎ᠡ᠃  ᠥᠪᠡᠷᠲᠡᠭᠡᠨ ᠵᠠᠰᠠᠬᠤ ᠣᠷᠣᠨ᠎ᠠᠴᠠ ᠦᠷ᠎ᠡ ᠡᠳ᠋᠎ᠤᠨ ᠡᠬᠢ ᠪᠠᠶᠠᠯᠢᠭ᠎ᠢ ᠴᠤᠭᠯᠠᠭᠤᠯᠬᠤ᠂  ᠬᠢᠨᠠᠨ ᠲᠣᠭᠲᠠᠭ᠋ᠠᠵᠤ ᠦᠨᠡᠯᠡᠬᠦ ᠮᠡᠷᠭᠡᠵᠢᠯ᠎ᠤᠨ ᠪᠠᠷᠢᠮᠵᠢᠶ᠎ᠠ᠂  ᠳᠦᠷᠢᠮᠯᠡᠯ ᠵᠡᠷᠭᠡ ᠵᠢ ᠲᠣᠭᠲᠠᠭ᠋ᠠᠵᠤ᠂  ᠵᠢᠯ ᠪᠦᠷᠢ᠎ᠳᠤ ᠦᠷ᠎ᠡ ᠡᠳ᠋᠎ᠤᠨ ᠡᠬᠢ ᠪᠠᠶᠠᠯᠢᠭ᠎ᠢ 2000 ᠬᠤᠪᠢ᠎ᠠᠴᠠ ᠳᠤᠲᠠᠭᠤ ᠦᠭᠡᠢ ᠬᠢᠨᠠᠨ ᠲᠣᠭᠲᠠᠭ᠋ᠠᠨ ᠦᠨᠡᠯᠡᠵᠦ᠂  ᠦᠷ᠎ᠡ ᠡᠭᠦᠯᠳᠡᠷ ᠪᠣᠢ᠌ᠵᠢᠭᠤᠯᠬᠤ ᠲᠠᠯ᠎ᠠ ᠵᠢᠨ ᠰᠢᠨ᠎ᠡ ᠡᠭᠦᠳᠦᠯᠲᠡ᠎ᠳᠤ ᠣᠨᠴᠠ ᠰᠠᠢ᠌ᠨ ᠦᠷ᠎ᠡ ᠡᠳ᠋᠎ᠤᠨ ᠳᠡᠮᠵᠢᠯᠭᠡ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠡᠯ᠎ᠡ ᠠᠢ᠌ᠮᠠᠭ᠎ᠤᠨ ᠵᠠᠬᠢᠷᠭ᠎ᠠ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ ;  ᠳᠣᠣᠷᠠᠬᠢ ᠡᠯ᠎ᠡ ᠵᠦᠢ᠍ᠯ᠎ᠤᠨ ᠡᠭᠦᠷᠭᠡ ᠵᠢ ᠴᠥᠮ ᠡᠯ᠎ᠡ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠨᠠᠢ᠌ᠳᠠᠪᠤᠷᠢᠵᠢᠭᠤᠯᠬᠤ ᠴᠢᠬᠤᠯᠠᠲᠠᠢ ᠪᠣᠯᠬᠣᠷ ᠳᠠᠬᠢᠵᠤ ᠵᠢᠭᠰᠠᠭ᠋ᠠᠬᠤ ᠦᠭᠡᠢ)

(ᠬᠣᠶᠠᠷ) ᠮᠠᠯ ᠵᠢᠭᠦᠷᠲᠡᠨ᠎ᠤ ᠦᠷ᠎ᠡ ᠡᠭᠦᠯᠳᠡᠷ᠎ᠢ ᠬᠠᠮᠠᠭ᠋ᠠᠯᠠᠬᠤ ᠪᠠ ᠤᠳᠤᠮᠯᠠᠯ᠎ᠤᠨ ᠮᠠᠲ᠋ᠧᠷᠢᠶᠠᠯ᠎ᠢ ᠴᠤᠭᠯᠠᠭᠤᠯᠵᠤ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠦᠨ᠎ᠡ᠃  ᠮᠠᠭ᠋ᠠᠳᠯᠠᠨ ᠲᠣᠭᠲᠠᠭ᠋ᠠᠭᠳᠠᠭᠰᠠᠨ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠦᠷ᠎ᠡ ᠡᠭᠦᠯᠳᠡᠷ ᠬᠠᠮᠠᠭ᠋ᠠᠯᠠᠬᠤ ᠲᠠᠯᠠᠪᠠᠢ (ᠲᠣᠭᠣᠷᠢᠭ)᠎ᠠᠴᠠ ᠥᠪᠡᠷᠮᠢᠴᠡ ᠣᠨᠴᠠᠯᠢᠭ᠎ᠲᠠᠢ᠂  ᠬᠣᠪᠣᠷ ᠴᠤᠬᠠᠭ᠂  ᠮᠥᠬᠥᠬᠦ ᠰᠢᠬᠠᠭᠰᠠᠨ ᠨᠤᠲᠤᠭ᠎ᠤᠨ ᠦᠷ᠎ᠡ ᠡᠭᠦᠯᠳᠡᠷ᠎ᠲᠤ ᠠᠮᠢᠳᠤ ᠪᠡᠶᠡᠲᠦ ᠵᠢᠨ ᠬᠠᠮᠠᠭ᠋ᠠᠯᠠᠯᠲᠠ ᠬᠢᠬᠦ ᠵᠢ ᠲᠡᠮᠵᠢᠵᠦ᠂  ᠮᠣᠩᠭᠣᠯ ᠦᠬᠡᠷ᠂  ᠮᠣᠩᠭᠣᠯ ᠮᠣᠷᠢ᠂  ᠬᠣᠣᠰ ᠪᠥᠬᠥᠲᠦ ᠲᠡᠮᠡᠭᠡ᠂  ᠪᠣᠷᠣᠳᠣᠬᠣᠢ ᠵᠢᠨ ᠳᠡᠯᠳᠡᠦ ᠭᠠᠬᠠᠢ ᠵᠡᠷᠭᠡ᠎ᠳᠤ 80 ᠲᠦᠮᠡᠨ ᠲᠥᠭᠥᠷᠢᠭ᠂  ᠮᠣᠩᠭᠣᠯ ᠬᠣᠨᠢ ᠢᠮᠠᠭ᠎ᠠ᠂  ᠨᠣᠣᠯᠣᠭᠤᠷ᠎ᠤᠨ ᠢᠮᠠᠭ᠎ᠠ᠂  ᠴᠠ ᠪᠤᠭᠤ ᠵᠡᠷᠭᠡ᠎ᠳᠤ 40 ᠲᠦᠮᠡᠨ ᠲᠥᠭᠥᠷᠢᠭ᠂  ᠪᠢᠶᠠᠨᠵᠢ ᠲᠠᠬᠢᠶ᠎ᠠ᠂  ᠵᠥᠭᠡᠢ᠂  ᠬᠦᠷᠢ ᠵᠡᠷᠭᠡ᠎ᠳᠤ 20 ᠲᠦᠮᠡᠨ ᠲᠥᠭᠥᠷᠢᠭ᠎ᠤᠨ ᠪᠠᠷᠢᠮᠵᠢᠶ᠎ᠠ᠎ᠪᠠᠷ ᠨᠥᠬᠥᠪᠦᠷᠢ ᠣᠯᠭᠣᠨ᠎ᠠ᠃  ᠤᠳᠤᠮᠯᠠᠯ᠎ᠤᠨ ᠮᠠᠲ᠋ᠧᠷᠢᠶᠠᠯ᠎ᠢ ᠴᠤᠭᠯᠠᠭᠤᠯᠤᠨ ᠨᠠᠢ᠌ᠷᠠᠭᠤᠯᠬᠤ ᠪᠠ ᠭᠧᠨ᠎ᠢ ᠢᠯᠡᠷᠡᠭᠦᠯᠦᠨ ᠬᠢᠨᠠᠨ ᠲᠣᠭᠲᠠᠭ᠋ᠠᠬᠤ ᠠᠵᠢᠯ ᠥᠷᠨᠢᠭᠦᠯᠬᠦ ᠵᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠭᠤᠷᠪᠠ) ᠥᠪᠡᠷᠲᠡᠭᠡᠨ ᠵᠠᠰᠠᠬᠤ ᠣᠷᠣᠨ᠎ᠤ ᠦᠷ᠎ᠡ ᠡᠳ᠋᠎ᠤᠨ ᠡᠬᠢ ᠪᠠᠶᠠᠯᠢᠭ᠎ᠤᠨ ᠲᠣᠭ᠋ᠠᠵᠢᠭᠤᠯᠤᠭᠰᠠᠨ ᠬᠥᠮᠥᠷᠭᠡ ᠵᠢ ᠪᠠᠢ᠌ᠭᠤᠯᠤᠨ᠎ᠠ᠃  ᠦᠷ᠎ᠡ ᠡᠳ᠋᠎ᠤᠨ ᠡᠬᠢ ᠪᠠᠶᠠᠯᠢᠭ᠎ᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂  ᠡᠬᠢ ᠪᠠᠶᠠᠯᠢᠭ᠎ᠤᠨ ᠬᠥᠮᠥᠷᠭᠡ ᠵᠢ ᠬᠠᠮᠲᠤ᠎ᠪᠠᠷ ᠪᠠᠢ᠌ᠭᠤᠯᠵᠤ ᠬᠠᠮᠲᠤ᠎ᠳᠤ᠎ᠪᠠᠨ  ᠬᠦᠷᠲᠡᠬᠦ ᠲᠣᠭᠲᠠᠴᠠ ᠵᠢ ᠪᠠᠢ᠌ᠭᠤᠯᠵᠤ᠂  ᠥᠪᠡᠷᠲᠡᠭᠡᠨ ᠵᠠᠰᠠᠬᠤ ᠣᠷᠣᠨ᠎ᠠᠴᠠ ᠴᠤᠭᠯᠠᠭᠤᠯᠤᠭᠰᠠᠨ᠂  ᠬᠢᠨᠠᠨ ᠲᠣᠭᠲᠠᠭ᠋ᠠᠵᠤ ᠦᠨᠡᠯᠡᠭᠰᠡᠨ ᠦᠷ᠎ᠡ ᠡᠳ᠋᠎ᠤᠨ ᠡᠬᠢ ᠪᠠᠶᠠᠯᠢᠭ᠎ᠤᠨ ᠲᠣᠭ᠎ᠠ ᠪᠠᠷᠢᠮᠲᠠ ᠪᠥᠬᠦᠨ᠎ᠢ ᠨᠢᠭᠡᠳᠦᠯᠲᠡᠢ ᠦᠷ᠎ᠡ ᠡᠳ᠋᠎ᠤᠨ ᠡᠬᠢ ᠪᠠᠶᠠᠯᠢᠭ᠎ᠤᠨ ᠲᠣᠭ᠋ᠠᠵᠢᠭᠤᠯᠤᠭᠰᠠᠨ ᠬᠥᠮᠥᠷᠭᠡ᠎ᠳᠤ ᠰᠢᠩᠭᠡᠬᠡᠨ ᠣᠷᠣᠭᠤᠯᠵᠤ᠂  ᠠᠵᠤ ᠠᠬᠤᠢ᠌ᠯᠠᠯ᠂  ᠶᠡᠬᠡ ᠳᠡᠭᠡᠳᠦ ᠰᠤᠷᠭ᠋ᠠᠭᠤᠯᠢ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠵᠡᠷᠭᠡ᠎ᠠᠴᠠ ᠣᠳᠣ ᠪᠠᠢ᠌ᠭ᠎ᠠ ᠦᠷ᠎ᠡ ᠡᠳ᠋᠎ᠤᠨ ᠡᠬᠢ ᠪᠠᠶᠠᠯᠢᠭ᠎ᠤᠨ ᠮᠡᠳᠡᠭᠡ ᠵᠠᠩᠭᠢ ᠵᠢ ᠲᠠᠪᠴᠠᠩ᠎ᠳᠤ ᠰᠢᠩᠭᠡᠬᠡᠨ ᠣᠷᠣᠭᠤᠯᠬᠤ ᠵᠢ ᠵᠣᠷᠢᠭᠵᠢᠭᠤᠯᠵᠤ᠂ 《ᠨᠢᠭᠡ ᠵᠦᠢ᠍ᠯ᠎ᠤᠨ ᠡᠬᠢ ᠪᠠᠶᠠᠯᠢᠭ᠎ᠲᠤ ᠨᠢᠭᠡᠨ ᠪᠡᠶ᠎ᠡ ᠵᠢᠨ ᠭᠠᠷᠤᠯ᠎ᠲᠠᠢ  ᠪᠠᠢ᠌ᠬᠤ》 ᠵᠢ ᠪᠡᠶᠡᠯᠡᠭᠦᠯᠦᠨ᠎ᠡ᠃  ᠦᠷ᠎ᠡ ᠡᠳ᠋᠎ᠤᠨ ᠡᠬᠢ ᠪᠠᠶᠠᠯᠢᠭ᠎ᠢ ᠬᠠᠮᠲᠤ᠎ᠪᠠᠷ ᠬᠦᠷᠲᠡᠵᠦ ᠠᠰᠢᠭᠯᠠᠬᠤ ᠲᠣᠭᠲᠠᠴᠠ ᠵᠢ ᠪᠠᠢ᠌ᠭᠤᠯᠵᠤ᠂  ᠡᠬᠢ ᠪᠠᠶᠠᠯᠢᠭ᠎ᠢ ᠬᠠᠮᠲᠤ᠎ᠪᠠᠷ ᠬᠦᠷᠲᠡᠵᠦ ᠠᠰᠢᠭᠯᠠᠬᠤ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠂  ᠦᠷ᠎ᠡ ᠡᠳ᠋᠎ᠤᠨ ᠡᠬᠢ ᠪᠠᠶᠠᠯᠢᠭ᠎ᠤᠨ ᠢᠯᠡ᠎ᠪᠠᠷ ᠠᠷᠠᠯᠵᠢᠶᠠᠯᠠᠬᠤ ᠵᠢ ᠠᠬᠢᠭᠤᠯᠵᠤ᠂  ᠰᠣᠯᠢᠯᠴᠠᠬᠤ᠂  ᠰᠢᠯᠵᠢᠭᠦᠯᠦᠨ ᠥᠭᠬᠦ᠂  ᠵᠥᠪᠰᠢᠶᠡᠷᠡᠬᠦ᠂  ᠦᠨ᠎ᠡ ᠬᠠᠩᠰᠢ ᠲᠣᠭᠲᠠᠭ᠋ᠠᠵᠤ ᠬᠤᠪᠢ ᠣᠷᠣᠭᠤᠯᠬᠤ ᠵᠡᠷᠭᠡ ᠠᠷᠭ᠎ᠠ ᠮᠠᠶᠢᠭ ᠵᠶ᠋ᠠᠷ ᠬᠠᠮᠲᠤ᠎ᠪᠠᠷ ᠬᠦᠷᠲᠡᠵᠦ ᠠᠰᠢᠭᠯᠠᠬᠤ ᠵᠢ ᠵᠣᠷᠢᠭᠵᠢᠭᠤᠯᠤᠨ᠎ᠠ᠃  ᠥᠪᠡᠷᠲᠡᠭᠡᠨ ᠵᠠᠰᠠᠬᠤ ᠣᠷᠣᠨ᠎ᠤ ᠮᠠᠭ᠋ᠠᠳᠯᠠᠨ ᠲᠣᠭᠲᠠᠭ᠋ᠠᠭᠰᠠᠨ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠢᠨ ᠵᠢᠯ ᠪᠦᠷᠢ ᠬᠤᠪᠢᠶᠠᠨ ᠲᠠᠷᠬᠠᠭ᠋ᠠᠬᠤ ᠪᠤᠶᠤ ᠰᠣᠯᠢᠯᠴᠠᠬᠤ ᠡᠬᠢ ᠪᠠᠶᠠᠯᠢᠭ᠎ᠢ 50 ᠬᠤᠪᠢ᠎ᠠᠴᠠ ᠳᠣᠣᠷᠠᠳᠠᠬᠤ ᠦᠭᠡᠢ ᠪᠠᠢ᠌ᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

ᠬᠣᠶᠠᠷ᠂  ᠳᠠᠪᠠᠭᠤᠯᠢᠭ ᠵᠶ᠋ᠠᠨ ᠳᠠᠪᠲᠠᠵᠤ ᠳᠤᠲᠠᠭᠤᠳᠠᠯ ᠵᠶ᠋ᠠᠨ ᠨᠥᠬᠥᠪᠦᠷᠢᠯᠡᠨ᠂  ᠲᠣᠭᠲᠠᠭᠤᠨ ᠪᠥᠭᠡᠳ ᠥᠨᠳᠥᠷ ᠪᠦᠲᠦᠮᠵᠢᠲᠡᠢ ᠣᠳᠣ ᠦᠶ᠎ᠡ ᠵᠢᠨ ᠦᠷ᠎ᠡ ᠡᠭᠦᠯᠳᠡᠷ ᠪᠣᠢ᠌ᠵᠢᠭᠤᠯᠬᠤ ᠲᠣᠭᠲᠠᠯᠴᠠᠭ᠎ᠠ ᠵᠢ ᠪᠠᠢ᠌ᠭᠤᠯᠤᠨ᠎ᠠ

(ᠳᠥᠷᠪᠡ) ᠰᠢᠯᠢᠳᠡᠭ ᠠᠵᠤ ᠠᠬᠤᠢ᠌ᠯᠠᠯ᠎ᠢ ᠲᠡᠳᠬᠦᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃  ᠠᠵᠤ ᠠᠬᠤᠢ᠌ᠯᠠᠯ᠎ᠤᠨ ᠭᠣᠣᠯ ᠴᠣᠭᠴᠠ ᠵᠢᠨ ᠴᠢᠳᠠᠮᠵᠢ ᠵᠢ ᠴᠢᠩᠭ᠋ᠠᠷᠠᠭᠤᠯᠵᠤ᠂  ᠬᠥᠲᠥᠴᠢ ᠠᠵᠤ ᠠᠬᠤᠢ᠌ᠯᠠᠯ᠎ᠤᠨ ᠦᠷ᠎ᠡ ᠡᠳ᠋᠎ᠤᠨ ᠡᠬᠢ ᠪᠠᠶᠠᠯᠢᠭ᠎ᠢ ᠴᠤᠭᠯᠠᠭᠤᠯᠬᠤ ᠪᠠ ᠵᠠᠩᠭᠢᠯᠠᠭ᠎ᠠ ᠵᠢᠨ ᠭᠣᠣᠯᠯᠠᠭᠴᠢ ᠮᠡᠷᠭᠡᠵᠢᠯ᠎ᠤᠨ ᠪᠣᠭᠣᠮᠲᠠ ᠰᠢᠪᠲᠤᠯᠬᠤ ᠠᠵᠢᠯ ᠥᠷᠨᠢᠭᠦᠯᠬᠦ ᠵᠢ ᠳᠡᠮᠵᠢᠨ᠎ᠡ᠃  ᠤᠯᠤᠰ᠎ᠤᠨ ᠦᠷ᠎ᠡ ᠡᠭᠦᠯᠳᠡᠷ᠎ᠤᠨ ᠦᠢ᠍ᠯᠡᠰ᠎ᠤᠨ ᠵᠢᠭᠰᠠᠭ᠋ᠠᠯ᠎ᠤᠨ ᠬᠡᠯᠪᠡᠷᠢ ᠪᠦᠬᠦᠢ ᠠᠵᠤ ᠠᠬᠤᠢ᠌ᠯᠠᠯ᠎ᠤᠨ 《ᠨᠢᠭᠡ᠎ᠳᠤ  ᠨᠢᠭᠡ ᠵᠢ ᠴᠢᠭᠯᠡᠭᠦᠯᠬᠦ》 ᠬᠠᠷᠢᠯᠴᠠᠬᠤ ᠲᠣᠭᠲᠠᠴᠠ ᠵᠢ ᠪᠠᠢ᠌ᠭᠤᠯᠵᠤ᠂ 《ᠨᠢᠭᠡ ᠠᠵᠤ ᠠᠬᠤᠢ᠌ᠯᠠᠯ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠱᠠᠲᠤᠯᠢᠭ ᠪᠣᠶ᠋ᠢᠵᠢᠯᠲᠠ ᠵᠢ ᠬᠡᠷᠡᠭᠵᠢᠭᠦᠯᠦᠨ᠎ᠡ᠃  ᠥᠪᠡᠷᠲᠡᠭᠡᠨ ᠵᠠᠰᠠᠬᠤ ᠣᠷᠣᠨ᠎ᠤ ᠦᠷ᠎ᠡ ᠡᠭᠦᠯᠳᠡᠷ᠎ᠤᠨ ᠦᠢ᠍ᠯᠡᠰ᠎ᠤᠨ ᠠᠵᠤ ᠠᠬᠤᠢ᠌ᠯᠠᠯ᠎ᠤᠨ ᠬᠢᠯᠢ ᠵᠢᠨ ᠳᠣᠲᠣᠭ᠋ᠠᠳᠤ᠎ᠳᠤ ᠵᠠᠬ᠎ᠠ᠎ᠳᠤ ᠭᠠᠷᠬᠤ ᠵᠢ ᠵᠣᠷᠢᠭᠵᠢᠭᠤᠯᠵᠤ᠂  ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠵᠠᠬ᠎ᠠ᠎ᠳᠤ ᠭᠠᠷᠴᠤ ᠫᠠᠢ᠌ᠰᠠ ᠡᠯᠭᠦᠬᠦ᠎ᠳᠤ ᠱᠠᠩᠨᠠᠨ ᠨᠥᠬᠥᠪᠦᠷᠢᠯᠡᠬᠦ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃  ᠤᠯᠤᠰ᠎ᠤᠨ ᠦᠷ᠎ᠡ ᠡᠭᠦᠯᠳᠡᠷ᠎ᠤᠨ ᠦᠢ᠍ᠯᠡᠰ᠎ᠤᠨ ᠵᠢᠭᠰᠠᠭ᠋ᠠᠯ᠎ᠤᠨ ᠬᠡᠯᠪᠡᠷᠢ ᠪᠦᠬᠦᠢ ᠠᠵᠤ ᠠᠬᠤᠢ᠌ᠯᠠᠯ᠂  ᠳᠤᠮᠳᠠᠳᠤ ᠤᠯᠤᠰ᠎ᠤᠨ ᠦᠷ᠎ᠡ ᠵᠢᠨ ᠠᠵᠢᠯ ᠲᠥᠷᠥᠯ᠎ᠤᠨ ᠨᠡᠢ᠌ᠭᠡᠮᠯᠢᠭ᠎ᠤᠨ ᠥᠷᠨᠢᠭᠦᠯᠦᠭᠰᠡᠨ ᠢᠲᠡᠭᠡᠮᠵᠢ ᠵᠢᠨ ᠦᠨᠡᠯᠡᠯᠲᠡ᠎ᠳᠠᠬᠢ ᠳᠡᠰ᠎ᠨᠢ 3A᠎ᠤᠨ ᠠᠵᠤ ᠠᠬᠤᠢ᠌ᠯᠠᠯ᠂  ᠪᠣᠢ᠌ᠵᠢᠭᠤᠯᠬᠤ ᠦᠷᠡᠵᠢᠭᠦᠯᠬᠦ ᠳᠡᠯᠭᠡᠷᠡᠭᠦᠯᠬᠦ ᠵᠢ ᠨᠢᠭᠡ ᠴᠣᠭᠴᠠᠵᠢᠭᠤᠯᠤᠭᠰᠠᠨ ᠠᠵᠤ ᠠᠬᠤᠢ᠌ᠯᠠᠯ ᠵᠡᠷᠭᠡ ᠦᠷ᠎ᠡ ᠡᠭᠦᠯᠳᠡᠷ᠎ᠤᠨ ᠦᠢ᠍ᠯᠡᠰ᠎ᠤᠨ ᠬᠥᠲᠥᠴᠢ ᠠᠵᠤ ᠠᠬᠤᠢ᠌ᠯᠠᠯ᠎ᠢ ᠪᠣᠢ᠌ᠵᠢᠭᠤᠯᠬᠤ ᠵᠢ ᠳᠡᠮᠵᠢᠨ᠎ᠡ᠃  ᠳᠠᠪᠠᠭᠤᠯᠢᠭ ᠦᠷ᠎ᠡ ᠡᠭᠦᠯᠳᠡᠷ᠎ᠤᠨ ᠦᠢ᠍ᠯᠡᠰ᠎ᠤᠨ ᠠᠵᠤ ᠠᠬᠤᠢ᠌ᠯᠠᠯ᠎ᠤᠨ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠥᠷᠨᠢᠭᠦᠯᠬᠦ᠂  ᠭᠠᠳᠠᠭ᠋ᠠᠳᠤ ᠵᠢᠨ ᠵᠠᠬ᠎ᠠ ᠳᠡᠯᠭᠡᠭᠦᠷ᠎ᠢ ᠢᠳᠡᠪᠬᠢᠲᠡᠢ ᠥᠷᠭᠡᠳᠬᠡᠬᠦ᠂  ᠣᠯᠠᠨ ᠤᠯᠤᠰᠵᠢᠭᠰᠠᠨ ᠬᠥᠭᠵᠢᠯᠲᠡ᠎ᠳᠤ ᠬᠦᠴᠦᠨ ᠨᠡᠮᠡᠷᠢᠯᠡᠬᠦ ᠵᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂  ᠡᠳ᠋᠎ᠤᠨ ᠵᠠᠰᠠᠭ᠎ᠤᠨ ᠲᠢᠩᠬᠢᠮ᠂  ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂  ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠲᠠᠪᠤ) ᠲᠠᠷᠢᠮᠠᠯ᠎ᠤᠨ ᠦᠷ᠎ᠡ ᠡᠭᠦᠯᠳᠡᠷ ᠪᠣᠢ᠌ᠵᠢᠭᠤᠯᠬᠤ ᠲᠠᠯ᠎ᠠ᠎ᠳᠤ  ᠰᠢᠨ᠎ᠡ ᠡᠭᠦᠳᠦᠯᠲᠡ ᠭᠠᠷᠭ᠋ᠠᠬᠤ ᠵᠢ ᠳᠡᠮᠵᠢᠨ᠎ᠡ᠃  ᠥᠪᠡᠷᠲᠡᠭᠡᠨ ᠵᠠᠰᠠᠬᠤ ᠣᠷᠣᠨ᠎ᠤ ᠦᠷ᠎ᠡ ᠡᠭᠦᠯᠳᠡᠷ ᠪᠣᠢ᠌ᠵᠢᠭᠤᠯᠬᠤ ᠰᠤᠳᠤᠯᠤᠨ ᠨᠡᠭᠡᠭᠡᠬᠦ ᠰᠠᠭᠤᠷᠢ᠂  ᠣᠷᠣᠨ ᠪᠦᠰᠡ ᠵᠢᠨ ᠬᠠᠷᠢᠴᠠᠩᠭᠤᠢ ᠳᠠᠪᠠᠭᠤᠯᠢᠭ ᠪᠠ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠰᠢᠷ᠎ᠠ ᠪᠤᠷᠴᠠᠭ᠂  ᠨᠠᠷᠢᠮᠤ᠂  ᠨᠠᠷᠠᠨ ᠬᠤᠸᠠᠷ᠂  ᠡᠷᠳᠡᠨᠢ ᠰᠢᠰᠢ᠂  ᠲᠥᠮᠥᠰᠥ᠂  ᠤᠰᠤᠨ ᠲᠤᠲᠤᠷᠭ᠎ᠠ᠂  ᠪᠤᠭᠤᠳᠠᠢ᠂  ᠰᠢᠬᠢᠷ ᠯᠤᠤᠪᠠᠩ᠂  ᠨᠣᠬᠠᠢ ᠵᠢᠨ ᠬᠣᠰᠢᠭᠤ ᠵᠡᠷᠭᠡ ᠳᠠᠪᠠᠭᠤᠯᠢᠭ ᠣᠨᠴᠠᠯᠢᠭᠲᠤ ᠲᠠᠷᠢᠮᠠᠯ ᠵᠶ᠋ᠠᠷ ᠭᠣᠣᠯᠳᠠᠭᠤᠯᠤᠨ᠂  ᠦᠷ᠎ᠡ ᠡᠭᠦᠯᠳᠡᠷ ᠪᠣᠢ᠌ᠵᠢᠭᠤᠯᠬᠤ ᠲᠠᠯ᠎ᠠ᠎ᠪᠠᠷ ᠬᠣᠯᠪᠤᠭ᠋ᠠᠯᠠᠨ ᠪᠣᠭᠣᠮᠲᠠ ᠰᠢᠪᠲᠤᠯᠬᠤ ᠪᠠ 《ᠵᠠᠷᠯᠠᠯ ᠨᠡᠢ᠌ᠲᠡᠯᠡᠵᠦ ᠬᠣᠰᠢᠭᠤᠷᠠᠨ ᠠᠵᠢᠯᠯᠠᠬᠤ》 ᠵᠢ ᠬᠡᠷᠡᠭᠵᠢᠭᠦᠯᠦᠨ᠂  ᠦᠷ᠎ᠡ ᠡᠭᠦᠯᠳᠡᠷ ᠪᠣᠢ᠌ᠵᠢᠭᠤᠯᠬᠤ ᠰᠤᠳᠤᠯᠤᠨ ᠨᠡᠭᠡᠭᠡᠬᠦ ᠲᠣᠭᠲᠠᠴᠠ᠎ᠳᠤ ᠰᠢᠨ᠎ᠡ ᠵᠢ ᠡᠭᠦᠳᠴᠦ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂  ᠶᠡᠬᠡ ᠳᠡᠭᠡᠳᠦ ᠰᠤᠷᠭ᠋ᠠᠭᠤᠯᠢ᠂  ᠬᠥᠲᠥᠴᠢ ᠠᠵᠤ ᠠᠬᠤᠢ᠌ᠯᠠᠯ᠂  ᠠᠵᠢᠯ ᠲᠥᠷᠥᠯ᠎ᠤᠨ ᠳᠠᠭ᠋ᠠᠭᠤᠯᠤᠭᠴᠢ ᠰᠢᠨᠵᠢᠯᠡᠬᠦ ᠤᠬᠠᠭ᠋ᠠᠨᠲᠠᠨ᠎ᠤ ᠦᠷ᠎ᠡ ᠡᠭᠦᠯᠳᠡᠷ ᠪᠣᠢ᠌ᠵᠢᠭᠤᠯᠬᠤ᠎ᠳᠤ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠣᠬᠢᠶᠠᠨ ᠪᠠᠶ᠋ᠢᠭᠤᠯᠬᠤ ᠵᠢ᠎ᠨᠢ ᠳᠡᠮᠵᠢᠵᠦ᠂  ᠡᠯ᠎ᠡ ᠲᠠᠯ᠎ᠠ ᠵᠢᠨ ᠦᠷ᠎ᠡ ᠡᠳ᠋᠎ᠤᠨ ᠡᠬᠢ ᠪᠠᠶᠠᠯᠢᠭ᠂  ᠴᠢᠳᠠᠪᠤᠷᠢᠲᠠᠨ᠎ᠤ ᠡᠬᠢ ᠪᠠᠶᠠᠯᠢᠭ᠂  ᠲᠠᠪᠴᠠᠩ᠎ᠤᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂  ᠠᠵᠤ ᠦᠢ᠍ᠯᠡᠰᠵᠢᠭᠰᠡᠨ ᠵᠠᠭᠪᠤᠷ ᠶᠣᠰᠣᠭ᠋ᠠᠷ ᠰᠠᠭᠤᠷᠢ ᠰᠢᠨᠵᠢᠯᠡᠬᠦ ᠤᠬᠠᠭ᠋ᠠᠨ᠎ᠤ ᠰᠤᠳᠤᠯᠤᠯ᠂  ᠬᠡᠷᠡᠭᠯᠡᠭᠡᠨ᠎ᠤ ᠰᠤᠳᠤᠯᠤᠯ᠂  ᠦᠷ᠎ᠡ ᠡᠭᠦᠯᠳᠡᠷ ᠪᠣᠢ᠌ᠵᠢᠭᠤᠯᠬᠤ ᠮᠡᠷᠭᠡᠵᠢᠯ ᠵᠡᠷᠭᠡ ᠲᠠᠯ᠎ᠠ᠎ᠪᠠᠷ ᠲᠥᠪᠯᠡᠷᠡᠭᠦᠯᠦᠨ ᠪᠣᠭᠣᠮᠲᠠ ᠰᠢᠪᠲᠤᠯᠵᠤ᠂  ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ᠎ᠪᠠᠨ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠤᠨ᠂  ᠵᠠᠩᠭᠢᠯᠠᠭ᠎ᠠ ᠵᠢᠨ ᠮᠡᠷᠭᠡᠵᠢᠯ᠂  ᠤᠰᠤ ᠠᠷᠪᠢᠯᠠᠵᠤ ᠭᠠᠩ᠎ᠢ ᠳᠠᠭ᠋ᠠᠭ᠋ᠠᠬᠤ ᠪᠠ ᠬᠤᠵᠢᠷ᠎ᠲᠤ ᠲᠡᠰᠪᠦᠷᠢᠲᠡᠢ ᠰᠢᠨ᠎ᠡ ᠦᠷ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ ᠵᠡᠷᠭᠡ ᠲᠠᠯ᠎ᠠ᠎ᠪᠠᠷ ᠰᠢᠪᠲᠤᠯᠤᠯᠲᠠ ᠭᠠᠷᠭ᠋ᠠᠨ᠎ᠠ᠃  ᠨᠠᠷᠠᠨ ᠬᠤᠸᠠᠷ᠂  ᠰᠢᠷ᠎ᠠ ᠪᠤᠷᠴᠠᠭ᠂  ᠨᠠᠷᠢᠮᠤ ᠵᠢᠨ ᠦᠷ᠎ᠡ ᠡᠭᠦᠯᠳᠡᠷ᠎ᠤᠨ ᠪᠥᠬᠦ ᠤᠯᠤᠰ᠎ᠤᠨ ᠲᠡᠷᠢᠭᠦᠨ᠎ᠳᠤ ᠪᠠᠢ᠌ᠬᠤ ᠪᠠᠢ᠌ᠷᠢ ᠰᠠᠭᠤᠷᠢ ᠵᠢ ᠪᠠᠲᠤᠯᠠᠵᠤ᠂  ᠪᠤᠰᠤᠳ ᠲᠠᠷᠢᠮᠠᠯ᠎ᠤᠨ ᠦᠷ᠎ᠡ ᠡᠭᠦᠯᠳᠡᠷ᠎ᠤᠨ ᠥᠪᠡᠷ᠎ᠢ᠎ᠪᠠᠨ  ᠬᠠᠩᠭ᠋ᠠᠬᠤ ᠨᠣᠷᠮ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂  ᠳᠠᠪᠠᠭᠤᠯᠢᠭ ᠵᠶ᠋ᠠᠨ ᠳᠠᠪᠲᠠᠵᠤ᠂  ᠲᠡᠷᠢᠭᠦᠨ᠎ᠤ ᠪᠠᠢ᠌ᠷᠢ ᠰᠠᠭᠤᠷᠢ᠎ᠪᠠᠨ ᠪᠠᠲᠤᠯᠠᠨ᠂  ᠳᠤᠲᠠᠭᠤᠳᠠᠯ ᠵᠶ᠋ᠠᠨ ᠨᠥᠬᠥᠪᠦᠷᠢᠯᠡᠵᠦ᠂  ᠵᠥᠷᠢᠶ᠎ᠡ᠎ᠪᠠᠨ ᠪᠠᠭ᠋ᠠᠰᠬᠠᠨ᠎ᠠ᠃  ᠡᠷᠳᠡᠨᠢ ᠰᠢᠰᠢ᠂  ᠲᠥᠮᠥᠰᠥ᠂  ᠢᠳᠡᠰᠢᠨ ᠨᠣᠭᠣᠭ᠎ᠠ᠂  ᠰᠢᠷ᠎ᠠ ᠪᠤᠷᠴᠠᠭ᠂  ᠠᠮᠢᠳᠤ ᠪᠣᠳᠠᠰ᠎ᠤᠨ ᠦᠷ᠎ᠡ ᠡᠭᠦᠯᠳᠡᠷ ᠪᠣᠢ᠌ᠵᠢᠭᠤᠯᠬᠤ ᠵᠢᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠵᠢᠷᠭᠤᠭ᠎ᠠ) ᠮᠠᠯ ᠵᠢᠭᠦᠷᠲᠡᠨ᠎ᠤ ᠡᠭᠦᠯᠳᠡᠷ ᠪᠣᠢ᠌ᠵᠢᠭᠤᠯᠬᠤ ᠲᠠᠯ᠎ᠠ᠎ᠳᠤ  ᠰᠢᠨ᠎ᠡ ᠡᠭᠦᠳᠦᠯᠲᠡ ᠭᠠᠷᠭ᠋ᠠᠬᠤ ᠵᠢ ᠳᠡᠮᠵᠢᠨ᠎ᠡ᠃  ᠠᠯᠠᠰᠢᠨ ᠦᠬᠡᠷ᠂  ᠠᠯᠠᠰᠢᠨ ᠬᠣᠨᠢ᠂  ᠠᠮᠢᠳᠤ ᠭᠠᠬᠠᠢ ᠵᠡᠷᠭᠡ ᠵᠢᠨ ᠡᠭᠦᠯᠳᠡᠷ ᠪᠣᠢ᠌ᠵᠢᠭᠤᠯᠬᠤ ᠲᠠᠯ᠎ᠠ᠎ᠪᠠᠷ ᠬᠣᠯᠪᠤᠭ᠋ᠠᠯᠠᠨ ᠪᠣᠭᠣᠮᠲᠠ ᠰᠢᠪᠲᠤᠯᠬᠤ ᠪᠠ 《ᠵᠠᠷᠯᠠᠯ ᠨᠡᠢ᠌ᠲᠡᠯᠡᠵᠦ ᠬᠣᠰᠢᠭᠤᠷᠠᠨ ᠠᠵᠢᠯᠯᠠᠬᠤ》 ᠵᠢ ᠥᠷᠨᠢᠭᠦᠯᠵᠦ᠂  ᠰᠠᠭ᠋ᠠᠯᠢ ᠵᠢᠨ ᠦᠨᠢᠶᠡᠨ᠎ᠤ ᠡᠭᠦᠯᠳᠡᠷ ᠪᠣᠢ᠌ᠵᠢᠭᠤᠯᠬᠤ ᠲᠠᠯ᠎ᠠ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠣᠮᠲᠠ ᠰᠢᠪᠲᠤᠯᠬᠤ᠎ᠪᠠᠨ  ᠴᠢᠩᠭ᠋ᠠᠳᠬᠠᠨ᠎ᠠ᠃  ᠣᠷᠣᠨ ᠪᠦᠰᠡ ᠵᠢᠨ ᠴᠢᠨᠠᠷᠲᠠᠢ᠎ᠪᠠᠷ ᠬᠣᠯᠪᠤᠭ᠋ᠠᠯᠠᠨ ᠦᠷ᠎ᠡ ᠡᠭᠦᠯᠳᠡᠷ ᠪᠣᠢ᠌ᠵᠢᠭᠤᠯᠬᠤ ᠠᠵᠢᠯ ᠥᠷᠨᠢᠭᠦᠯᠬᠦ ᠵᠢ ᠵᠣᠷᠢᠭᠵᠢᠭᠤᠯᠵᠤ᠂  ᠦᠢ᠍ᠯᠡᠳᠪᠦᠷᠢᠯᠡᠬᠦ ᠴᠢᠨᠰᠠᠭ᠎ᠠ ᠵᠢ ᠬᠡᠮᠵᠢᠨ ᠲᠣᠭᠲᠠᠭ᠋ᠠᠬᠤ ᠠᠵᠢᠯ᠎ᠢ ᠰᠢᠨᠵᠢᠯᠡᠬᠦ ᠤᠬᠠᠭ᠋ᠠᠨᠴᠢ᠂  ᠰᠢᠰᠲ᠋ᠧᠮ᠎ᠲᠠᠢ᠂  ᠵᠢᠷᠤᠮᠵᠢᠭᠤᠨ ᠪᠠᠢ᠌ᠬᠤ ᠳᠦᠷᠢᠮᠯᠡᠯ᠎ᠢ ᠴᠢᠩᠭ᠎ᠠ ᠵᠢᠷᠤᠮᠯᠠᠨ ᠥᠷᠨᠢᠭᠦᠯᠵᠦ᠂  ᠬᠡᠪᠴᠢᠶᠡᠵᠢᠭᠦᠯᠦᠭᠰᠡᠨ᠂  ᠬᠠᠮᠵᠢᠯᠴᠠᠭᠰᠠᠨ᠂  ᠣᠶᠤᠨᠴᠢᠯᠠᠭᠰᠠᠨ ᠣᠳᠣ ᠦᠶ᠎ᠡ ᠵᠢᠨ ᠡᠭᠦᠯᠳᠡᠷ ᠪᠣᠢ᠌ᠵᠢᠭᠤᠯᠬᠤ ᠰᠢᠨ᠎ᠡ ᠵᠠᠭᠪᠤᠷ ᠪᠠᠶ᠋ᠢᠭᠤᠯᠬᠤ ᠵᠢ ᠠᠬᠢᠭᠤᠯᠤᠨ᠎ᠠ᠃  ᠠᠯᠠᠰᠢᠨ ᠦᠬᠡᠷ᠎ᠤᠨ ᠲᠠᠯ᠎ᠠ᠎ᠪᠠᠷ ᠬᠤᠸᠠᠰᠢ ᠦᠬᠡᠷ ᠵᠡᠷᠭᠡ ᠰᠠᠢ᠌ᠨ ᠦᠷ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ ᠪᠥᠭᠡᠳ ᠴᠢᠨᠰᠠᠭ᠎ᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂  ᠡᠭᠦᠯᠳᠡᠷ᠎ᠤᠨ ᠢᠷᠡᠯᠲᠡ ᠵᠢ ᠪᠡᠶ᠎ᠡ᠎ᠪᠠᠨ ᠳᠠᠭ᠋ᠠᠭ᠋ᠠᠵᠤ ᠦᠪᠡᠰᠦᠪᠡᠨ ᠡᠵᠡᠮᠳᠡᠵᠦ ᠪᠣᠯᠬᠤ᠎ᠪᠠᠷ ᠬᠦᠴᠦᠯᠡᠨ ᠴᠢᠷᠮᠠᠢ᠌ᠨ᠎ᠠ ;  ᠠᠯᠠᠰᠢᠨ ᠬᠤᠨᠢᠨ᠎ᠤ ᠲᠠᠯ᠎ᠠ᠎ᠪᠠᠷ ᠨᠤᠲᠤᠭ᠎ᠤᠨ ᠦᠷ᠎ᠡ ᠡᠭᠦᠯᠳᠡᠷ᠎ᠤᠨ ᠳᠠᠪᠠᠭᠤᠯᠢᠭ ᠥᠪᠡᠷᠮᠢᠴᠡ ᠰᠢᠨᠵᠢ ᠵᠢ ᠭᠦᠢ᠍ᠴᠡᠳ ᠠᠭᠤᠳᠠᠯᠵᠤ᠂  ᠦᠢ᠍ᠯᠡᠳᠪᠦᠷᠢᠯᠡᠬᠦ ᠴᠢᠨᠰᠠᠭ᠎ᠠ ᠵᠢ᠎ᠨᠢ ᠦᠷᠭᠦᠯᠵᠢᠯᠡᠨ ᠳᠡᠭᠡᠭᠰᠢᠯᠡᠭᠦᠯᠵᠦ᠂  ᠣᠯᠠᠨ ᠬᠦᠪᠦᠷᠡᠯᠳᠦ ᠢᠯᠡᠭᠦᠦ ᠲᠥᠯᠯᠡᠬᠦ ᠲᠤᠰᠬᠠᠢ᠌ᠵᠢᠭᠰᠠᠨ ᠰᠢᠨ᠎ᠡ ᠦᠷ᠎ᠡ ᠡᠭᠦᠯᠳᠡᠷ᠎ᠢ ᠪᠣᠢ᠌ᠵᠢᠭᠤᠯᠤᠨ᠎ᠠ ;  ᠠᠮᠢᠳᠤ ᠭᠠᠬᠠᠢ ᠵᠢᠨ ᠲᠠᠯ᠎ᠠ᠎ᠪᠠᠷ ᠤᠳᠤᠮᠯᠠᠯ᠎ᠤᠨ ᠦᠨᠡᠯᠡᠨ ᠵᠢᠱ᠌ᠢᠯᠲᠡ᠂  ᠪᠥᠬᠦ ᠭᠧᠨ᠎ᠤ ᠪᠦᠯᠦᠭ᠎ᠤᠨ ᠰᠣᠩᠭᠣᠯᠲᠠ ᠵᠡᠷᠭᠡ ᠮᠡᠷᠭᠡᠵᠢᠯ ᠵᠶ᠋ᠠᠷ ᠲᠣᠷᠣᠢ᠌ᠯᠠᠬᠤ ᠨᠣᠷᠮ᠎ᠠ᠂  ᠡᠪᠡᠳᠴᠢᠨ᠎ᠢ ᠳᠠᠷᠤᠬᠤ ᠴᠢᠨᠠᠷ᠎ᠢ ᠲᠡᠬᠡᠭᠰᠢᠯᠡᠬᠦᠯᠦᠨ᠎ᠡ᠃  ᠪᠥᠬᠦ ᠤᠯᠤᠰ᠎ᠲᠤ ᠣᠷᠣᠢ᠌ᠯᠠᠭᠰᠠᠨ ᠦᠬᠡᠷ᠂  ᠬᠣᠨᠢ ᠪᠠ ᠠᠮᠢᠳᠤ ᠭᠠᠬᠠᠢ ᠵᠢᠨ ᠡᠭᠦᠯᠳᠡᠷ ᠪᠣᠢ᠌ᠵᠢᠭᠤᠯᠬᠤ ᠲᠣᠭᠲᠠᠯᠴᠠᠭ᠎ᠠ ᠵᠢ ᠴᠣᠭᠴᠠᠯᠠᠵᠤ᠂  ᠡᠭᠦᠯᠳᠡᠷ᠎ᠤᠨ ᠮᠠᠯ ᠵᠢᠭᠦᠷᠲᠡᠨ᠎ᠤ ᠦᠢ᠍ᠯᠡᠳᠪᠦᠷᠢᠯᠡᠯ᠎ᠤᠨ ᠴᠢᠨᠰᠠᠭ᠎ᠠ ᠪᠠ ᠶᠠᠰᠤ ᠴᠢᠨᠠᠷ᠎ᠤᠨ ᠬᠢᠷᠢ ᠲᠦᠪᠰᠢᠨ᠎ᠤ ᠬᠣᠣᠰᠯᠠᠨ ᠳᠡᠭᠡᠭᠰᠢᠯᠡᠬᠦ ᠵᠢ ᠪᠡᠶᠡᠯᠡᠭᠦᠯᠦᠨ᠎ᠡ᠃  ᠨᠣᠣᠯᠣᠭᠤᠷ᠎ᠤᠨ ᠢᠮᠠᠭ᠎ᠠ᠂  ᠠᠳᠤᠭᠤ᠂  ᠲᠡᠮᠡᠭᠡ᠂  ᠰᠠᠭ᠋ᠠᠯᠢ ᠵᠢᠨ ᠢᠮᠠᠭ᠎ᠠ᠂  ᠭᠡᠷ᠎ᠤᠨ ᠵᠢᠭᠦᠷᠲᠡᠨ ᠵᠡᠷᠭᠡ ᠵᠢᠨ ᠥᠪᠡᠷᠮᠢᠴᠡ ᠣᠨᠴᠠᠯᠢᠭ᠎ᠲᠠᠢ ᠡᠭᠦᠯᠳᠡᠷ᠎ᠢ᠎ᠨᠢ ᠰᠣᠩᠭᠣᠨ ᠪᠣᠢ᠌ᠵᠢᠭᠤᠯᠬᠤ ᠵᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠳᠣᠯᠤᠭ᠎ᠠ) ᠣᠢ ᠮᠣᠳᠣ ᠡᠪᠡᠰᠦᠨ᠎ᠤ ᠦᠷ᠎ᠡ ᠵᠢᠨ ᠴᠢᠬᠢ ᠪᠣᠢ᠌ᠵᠢᠭᠤᠯᠬᠤ ᠲᠠᠯ᠎ᠠ᠎ᠳᠤ  ᠰᠢᠨ᠎ᠡ ᠡᠭᠦᠳᠦᠯᠲᠡ ᠭᠠᠷᠭ᠋ᠠᠬᠤ ᠵᠢ ᠳᠡᠮᠵᠢᠨ᠎ᠡ᠃  ᠤᠯᠤᠰ᠎ᠤᠨ ᠳᠣᠲᠣᠭ᠋ᠠᠳᠤ ᠵᠢᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠂  ᠮᠡᠷᠭᠡᠵᠢᠯ᠎ᠤᠨ ᠰᠤᠳᠤᠯᠤᠨ ᠨᠡᠭᠡᠭᠡᠬᠦ ᠲᠠᠪᠴᠠᠩ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠢᠭᠡᠴᠢ᠂  ᠶᠡᠬᠡ ᠳᠡᠭᠡᠳᠦ ᠰᠤᠷᠭ᠋ᠠᠭᠤᠯᠢ ᠵᠡᠷᠭᠡ ᠡᠬᠢ ᠪᠠᠶᠠᠯᠢᠭ᠎ᠢ ᠬᠤᠷᠠᠭᠤᠯᠵᠤ᠂  ᠥᠪᠡᠷᠲᠡᠭᠡᠨ ᠵᠠᠰᠠᠬᠤ ᠣᠷᠣᠨ᠎ᠤ ᠡᠪᠡᠰᠦᠨ (ᠦᠷ᠎ᠡ)᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂  ᠤᠯᠤᠰ᠎ᠤᠨ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠢᠳᠡᠪᠬᠢᠲᠡᠢ ᠡᠭᠦᠳᠦᠨ ᠪᠠᠢ᠌ᠭᠤᠯᠵᠤ᠂  ᠣᠢ ᠮᠣᠳᠣ ᠡᠪᠡᠰᠦᠨ᠎ᠤ ᠦᠷ᠎ᠡ ᠵᠢᠨ ᠦᠢ᠍ᠯᠡᠰ᠎ᠤᠨ ᠵᠠᠩᠭᠢᠯᠠᠭ᠎ᠠ ᠵᠢᠨ ᠭᠣᠣᠯᠯᠠᠭᠴᠢ ᠮᠡᠷᠭᠡᠵᠢᠯ᠎ᠤᠨ ᠪᠣᠭᠣᠮᠲᠠ ᠰᠢᠪᠲᠤᠯᠬᠤ ᠠᠵᠢᠯ᠎ᠢ ᠬᠡᠷᠡᠭᠵᠢᠭᠦᠯᠵᠦ᠂  ᠥᠪᠡᠷᠲᠡᠭᠡᠨ ᠵᠠᠰᠠᠬᠤ ᠣᠷᠣᠨ᠎ᠤ ᠣᠢ ᠮᠣᠳᠣ ᠡᠪᠡᠰᠦᠨ᠎ᠤ ᠦᠷ᠎ᠡ ᠡᠭᠦᠯᠳᠡᠷ᠎ᠲᠤ ᠰᠢᠨ᠎ᠡ ᠵᠢ ᠡᠭᠦᠳᠴᠦ ᠬᠥᠭᠵᠢᠭᠦᠯᠬᠦ ᠵᠢ ᠠᠬᠢᠭᠤᠯᠤᠨ᠎ᠠ᠃  ᠬᠢᠶᠠᠭ᠂  ᠶᠦᠷᠬᠦᠭ᠎ᠤᠨ ᠲᠠᠯ᠎ᠠ᠎ᠪᠠᠷ ᠭᠣᠣᠯᠳᠠᠭᠤ ᠦᠷ᠎ᠡ ᠡᠭᠦᠯᠳᠡᠷ᠎ᠤᠨ ᠲᠣᠭ᠎ᠠ ᠬᠡᠮᠵᠢᠶ᠎ᠡ ᠵᠢ ᠨᠡᠮᠡᠭᠳᠡᠭᠦᠯᠵᠦ᠂  ᠥᠨᠳᠥᠷ ᠮᠥᠷᠲᠡᠭᠡᠨ ᠪᠡᠬᠢᠯᠢᠭ᠂  ᠰᠥᠷᠬᠦ ᠵᠢ ᠳᠠᠭ᠋ᠠᠭ᠋ᠠᠬᠤ ᠥᠨᠳᠥᠷ ᠤᠨᠠᠯᠲᠠᠲᠤ ᠰᠢᠨ᠎ᠡ ᠦᠷ᠎ᠡ ᠡᠭᠦᠯᠳᠡᠷ᠎ᠢ ᠲᠦᠷᠭᠡᠪᠴᠢᠯᠡᠨ ᠪᠣᠢ᠌ᠵᠢᠭᠤᠯᠵᠤ᠂  ᠦᠷ᠎ᠡ ᠵᠢᠨ ᠨᠢᠭᠡᠴᠢ ᠲᠠᠯᠠᠪᠠᠢ ᠵᠢᠨ ᠬᠤᠷᠢᠶᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂  ᠪᠣᠢ᠌ᠵᠢᠭᠤᠯᠬᠤ ᠦᠷᠡᠵᠢᠭᠦᠯᠬᠦ ᠳᠡᠯᠭᠡᠷᠡᠭᠦᠯᠬᠦ ᠠᠵᠤ ᠦᠢ᠍ᠯᠡᠰ᠎ᠤᠨ ᠲᠣᠭᠲᠠᠯᠴᠠᠭ᠎ᠠ ᠵᠢ ᠪᠦᠷᠢᠨᠰᠢᠭᠦᠯᠵᠦ ᠲᠡᠭᠦᠯᠳᠡᠷᠵᠢᠭᠦᠯᠦᠨ᠎ᠡ ;  ᠴᠠᠷᠭ᠋ᠠᠰᠤ ᠵᠢᠨ ᠲᠠᠯ᠎ᠠ᠎ᠪᠠᠷ ᠡᠪᠡᠰᠦᠨ᠎ᠤ ᠦᠷ᠎ᠡ ᠡᠭᠦᠯᠳᠡᠷ᠎ᠢ ᠭᠠᠳᠠᠭ᠋ᠠᠳᠤ᠎ᠠᠴᠠ ᠣᠷᠣᠭᠤᠯᠬᠤ᠎ᠳᠤ  ᠲᠦᠰᠢᠭᠯᠡᠬᠦ᠎ᠠᠴᠠ ᠠᠩᠭᠢᠵᠢᠷᠠᠬᠤ᠎ᠪᠠᠷ ᠬᠦᠴᠦᠯᠡᠨ ᠴᠢᠷᠮᠠᠢ᠌ᠵᠤ᠂  ᠤᠯᠤᠰ᠎ᠤᠨ ᠭᠠᠷᠤᠯᠲᠠᠲᠤ ᠦᠷ᠎ᠡ ᠵᠢᠨ ᠤᠨᠠᠯᠲᠠ ᠪᠠ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ ;  ᠨᠣᠬᠠᠢ ᠵᠢᠨ ᠬᠣᠰᠢᠭᠤᠨ᠎ᠤ ᠲᠠᠯ᠎ᠠ᠎ᠪᠠᠷ ᠨᠢᠭᠡᠴᠢ ᠤᠨᠠᠯᠲᠠ ᠵᠢᠨ ᠬᠢᠷᠢ ᠲᠦᠪᠰᠢᠨ ᠥᠨᠳᠥᠷ᠂  ᠮᠧᠬᠠᠨᠢᠭᠵᠢᠭᠰᠠᠨ ᠦᠢ᠍ᠯᠡᠳᠪᠦᠷᠢᠯᠡᠯ᠎ᠳᠤ ᠲᠣᠬᠢᠷᠠᠬᠤ᠂  ᠡᠳ᠋ᠰᠢᠭᠦᠯᠦᠨ ᠪᠣᠯᠪᠠᠰᠤᠷᠠᠭᠤᠯᠬᠤ ᠬᠡᠷᠡᠭᠴᠡᠭᠡ ᠱᠠᠭ᠋ᠠᠷᠳᠠᠯᠭ᠎ᠠ᠎ᠳᠤ ᠨᠡᠢ᠌ᠴᠡᠭᠰᠡᠨ ᠴᠢᠨᠠᠷ ᠪᠦᠬᠦᠢ ᠰᠢᠨ᠎ᠡ ᠦᠷ᠎ᠡ ᠡᠭᠦᠯᠳᠡᠷ᠎ᠢ ᠪᠣᠢ᠌ᠵᠢᠭᠤᠯᠬᠤ᠎ᠪᠠᠷ ᠭᠣᠣᠯ ᠬᠠᠷᠠᠯᠲᠠ᠎ᠪᠠᠨ ᠪᠣᠯᠭ᠋ᠠᠨ᠎ᠠ ;  ᠨᠠᠷᠠᠰᠤ᠂  ᠴᠠᠭ᠋ᠠᠨ ᠬᠠᠷᠭ᠋ᠠᠨ᠎ᠠ᠂  ᠵᠠᠭ ᠮᠣᠳᠣ᠂  ᠡᠯᠡᠰᠦᠨ ᠪᠤᠷᠭ᠋ᠠᠰᠤᠨ᠎ᠤ ᠲᠠᠯ᠎ᠠ᠎ᠪᠠᠷ ᠭᠠᠩ᠎ᠢ ᠳᠠᠭ᠋ᠠᠭ᠋ᠠᠬᠤ᠂  ᠬᠤᠵᠢᠷ᠎ᠲᠤ ᠲᠡᠰᠪᠦᠷᠢᠲᠡᠢ᠂  ᠡᠯᠡᠰᠦ ᠵᠢ ᠲᠣᠭᠲᠠᠪᠤᠷᠢᠵᠢᠭᠤᠯᠬᠤ ᠴᠢᠳᠠᠪᠤᠷᠢ᠎ᠪᠠᠷ ᠴᠢᠩᠭ᠎ᠠ ᠪᠠᠢ᠌ᠭ᠎ᠠ ᠰᠠᠢ᠌ᠨ ᠦᠷ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ᠎ᠪᠠᠷ ᠭᠣᠣᠯ ᠬᠠᠷᠠᠯᠲᠠ᠎ᠪᠠᠨ ᠪᠣᠯᠭ᠋ᠠᠨ᠎ᠠ ;  ᠬᠠᠲᠠᠭᠤ ᠴᠠᠭ᠋ᠠᠨ᠂  ᠬᠡᠭᠡᠷ᠎ᠡ ᠵᠢᠨ ᠭᠦᠢ᠍ᠯᠡᠰᠦ᠂  ᠪᠤᠶ᠋ᠢᠯᠠᠰᠤ᠂  ᠰᠡᠩᠳᠡᠩ ᠮᠣᠳᠣᠨ᠎ᠤ ᠲᠠᠯ᠎ᠠ᠎ᠪᠠᠷ ᠥᠨᠳᠥᠷ ᠤᠨᠠᠯᠲᠠᠲᠤ ᠴᠢᠨᠠᠷ ᠰᠠᠢ᠌ᠲᠠᠢ ᠮᠣᠳᠣᠯᠢᠭ ᠲᠣᠰᠣᠯᠢᠭ ᠲᠠᠷᠢᠮᠠᠯ᠎ᠤᠨ ᠰᠠᠢ᠌ᠨ ᠦᠷ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ᠎ᠪᠠᠷ ᠭᠣᠣᠯ ᠬᠠᠷᠠᠯᠲᠠ᠎ᠪᠠᠨ ᠪᠣᠯᠭ᠋ᠠᠨ᠎ᠠ ;  ᠴᠢᠴᠠᠷᠭ᠋ᠠᠨ᠎ᠠ᠂  ᠴᠠᠭ᠋ᠠᠨ ᠭᠣᠶᠣᠣ᠂  ᠴᠢᠨᠦ᠎ᠠ ᠵᠢᠨ ᠬᠠᠷᠮᠠᠭ᠎ᠲᠤ ᠥᠨᠳᠥᠷ ᠨᠡᠮᠡᠯᠲᠡ ᠥᠷᠳᠡᠭ ᠪᠦᠬᠦᠢ ᠠᠵᠤ ᠠᠬᠤᠢ ᠵᠢᠨ ᠣᠢ ᠵᠢᠨ ᠵᠢᠮᠢᠰ᠎ᠤᠨ ᠰᠠᠢ᠌ᠨ ᠦᠷ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ᠎ᠪᠠᠷ ᠭᠣᠣᠯ ᠬᠠᠷᠠᠯᠲᠠ᠎ᠪᠠᠨ ᠪᠣᠯᠭ᠋ᠠᠵᠤ᠂  ᠣᠢ ᠮᠣᠳᠣ ᠡᠪᠡᠰᠦᠨ᠎ᠤ ᠦᠷ᠎ᠡ ᠡᠭᠦᠯᠳᠡᠷ᠎ᠤᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠥᠪᠡᠰᠦᠪᠡᠨ ᠬᠦᠴᠦᠷᠬᠡᠭᠵᠢᠬᠦ᠂  ᠦᠷ᠎ᠡ ᠡᠭᠦᠯᠳᠡᠷ᠎ᠤᠨ ᠢᠷᠡᠯᠲᠡ ᠵᠢ ᠪᠡᠶ᠎ᠡ᠎ᠪᠠᠨ ᠳᠠᠭ᠋ᠠᠭ᠋ᠠᠵᠤ ᠥᠪᠡᠰᠦᠪᠡᠨ ᠡᠵᠡᠮᠳᠡᠵᠦ ᠪᠣᠯᠬᠤ ᠵᠢ ᠪᠡᠶᠡᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠨᠠᠢ᠍ᠮᠠ) ᠦᠷ᠎ᠡ ᠡᠭᠦᠯᠳᠡᠷ᠎ᠤᠨ ᠬᠢᠨᠠᠨ ᠲᠣᠭᠲᠠᠭ᠋ᠠᠯᠲᠠ ᠬᠠᠮᠢᠶᠠᠷᠤᠯᠲᠠ᠎ᠪᠠᠨ  ᠴᠢᠩᠭ᠋ᠠᠳᠬᠠᠨ᠎ᠠ᠃  ᠲᠠᠷᠢᠮᠠᠯ᠎ᠤᠨ ᠦᠷ᠎ᠡ ᠡᠭᠦᠯᠳᠡᠷ᠎ᠤᠨ ᠬᠢᠨᠠᠨ ᠲᠣᠭᠲᠠᠭ᠋ᠠᠬᠤ ᠪᠠᠷᠢᠮᠵᠢᠶ᠎ᠠ ᠵᠢ ᠴᠢᠩᠳᠠᠯᠠᠵᠤ᠂ DNA᠎ᠤᠨ ᠪᠠᠢ᠌ᠷᠢ ᠴᠡᠭ᠎ᠤᠨ ᠲᠣᠭ᠎ᠠ᠂  ᠤᠨᠠᠯᠲᠠ ᠪᠠ ᠰᠥᠷᠬᠦ ᠵᠢ ᠳᠠᠭ᠋ᠠᠭ᠋ᠠᠬᠤ ᠴᠢᠨᠠᠷ᠎ᠤᠨ ᠱᠠᠭ᠋ᠠᠷᠳᠠᠯᠭ᠎ᠠ ᠵᠢ ᠳᠡᠭᠡᠭᠰᠢᠯᠡᠭᠦᠯᠦᠨ᠎ᠡ᠃  ᠲᠤᠷᠰᠢᠯᠲᠠ ᠵᠢᠨ ᠦᠷ᠎ᠡ ᠡᠭᠦᠯᠳᠡᠷ᠎ᠤᠨ ᠴᠢᠬᠤᠯᠠ ᠭᠦᠢ᠍ᠴᠡᠳᠬᠡᠯ ᠲᠣᠭ᠎ᠠ ᠵᠢᠨ ᠬᠢᠨᠠᠯᠲᠠ ᠬᠠᠮᠢᠶᠠᠷᠤᠯᠲᠠ᠎ᠪᠠᠨ  ᠴᠢᠩᠭ᠋ᠠᠳᠬᠠᠵᠤ᠂  ᠲᠤᠷᠰᠢᠯᠲᠠ᠎ᠳᠤ ᠣᠷᠣᠯᠴᠠᠭᠰᠠᠨ ᠦᠷ᠎ᠡ ᠡᠭᠦᠯᠳᠡᠷ᠎ᠤᠨ DNA ᠬᠤᠷᠤᠭᠤᠨ᠎ᠤ ᠣᠷᠣᠮ᠂  ᠰᠥᠷᠬᠦ ᠵᠢ ᠳᠠᠭ᠋ᠠᠭ᠋ᠠᠬᠤ ᠴᠢᠨᠠᠷ᠂  ᠴᠢᠨᠠᠷ ᠪᠠ ᠭᠧᠨ ᠬᠤᠪᠢᠷᠠᠭᠤᠯᠤᠭᠰᠠᠨ ᠪᠦᠷᠢᠯᠳᠦᠭᠦᠨ ᠵᠡᠷᠭᠡ ᠵᠢ ᠪᠥᠬᠦᠨ᠎ᠢ ᠬᠠᠮᠤᠷᠠᠭᠤᠯᠤᠨ ᠪᠠᠢ᠌ᠴᠠᠭ᠋ᠠᠨ ᠬᠡᠮᠵᠢᠵᠦ᠂  ᠬᠢᠨᠠᠨ ᠲᠣᠭᠲᠠᠭ᠋ᠠᠭᠰᠠᠨ ᠦᠷ᠎ᠡ ᠡᠭᠦᠯᠳᠡᠷ᠎ᠤᠨ ᠲᠣᠭ᠎ᠠ ᠬᠡᠮᠵᠢᠶ᠎ᠡ ᠵᠢ᠎ᠨᠢ ᠪᠠᠭᠤᠷᠠᠭᠤᠯᠵᠤ᠂  ᠴᠢᠨᠠᠷ᠎ᠢ᠎ᠨᠢ ᠦᠨᠡᠨ ᠬᠦ᠌ ᠳᠡᠭᠡᠭᠰᠢᠯᠡᠭᠦᠯᠦᠨ᠎ᠡ᠃  ᠲᠤᠷᠰᠢᠯᠲᠠ ᠵᠢᠨ ᠲᠣᠭᠲᠠᠯᠴᠠᠭ᠋ᠠᠨ᠎ᠤ ᠪᠠᠢ᠌ᠭᠤᠯᠤᠯᠲᠠ ᠵᠢ ᠲᠡᠭᠦᠯᠳᠡᠷᠵᠢᠭᠦᠯᠵᠦ᠂  ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠦᠷ᠎ᠡ ᠡᠭᠦᠯᠳᠡᠷ᠎ᠤᠨ ᠲᠤᠷᠰᠢᠯᠲᠠ ᠵᠢᠨ ᠰᠠᠭᠤᠷᠢᠨ ᠭᠠᠵᠠᠷ᠎ᠢ ᠴᠢᠨᠠᠷ ᠰᠠᠢ᠌ᠲᠠᠢ ᠴᠣᠭᠴᠠᠯᠠᠨ᠎ᠠ᠃  ᠣᠷᠣᠭᠤᠯᠤᠭᠰᠠᠨ ᠦᠷ᠎ᠡ ᠡᠭᠦᠯᠳᠡᠷ᠎ᠢ ᠪᠦᠷᠢᠳᠬᠡᠨ ᠳᠠᠩᠰᠠᠯᠠᠵᠤ ᠬᠠᠮᠢᠶᠠᠷᠬᠤ᠎ᠪᠠᠨ  ᠴᠢᠩᠭ᠋ᠠᠳᠬᠠᠵᠤ᠂  ᠣᠷᠣᠭᠤᠯᠤᠭᠰᠠᠨ ᠦᠷ᠎ᠡ ᠡᠭᠦᠯᠳᠡᠷ᠎ᠤᠨ ᠲᠤᠷᠰᠢᠯᠲᠠ ᠵᠢ ᠮᠡᠳᠡᠭᠦᠯᠦᠨ ᠳᠠᠩᠰᠠᠯᠠᠭᠤᠯᠬᠤ᠎ᠪᠠᠨ ᠵᠢᠷᠤᠮᠵᠢᠭᠤᠯᠬᠤ ᠵᠢᠨ ᠬᠠᠮᠲᠤ ᠦᠷ᠎ᠡ ᠡᠭᠦᠯᠳᠡᠷ᠎ᠲᠤ ᠮᠥᠷᠳᠡᠵᠦ ᠦᠨᠡᠯᠡᠯᠲᠡ ᠬᠢᠬᠦ ᠠᠵᠢᠯ᠎ᠢ ᠥᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠬᠠᠷᠢᠭᠤᠴᠠᠨ᠎ᠠ)

ᠭᠤᠷᠪᠠ᠂  ᠪᠠᠲᠤᠯᠠᠭ᠎ᠠ᠎ᠪᠠᠨ ᠴᠢᠩᠭ᠋ᠠᠳᠬᠠᠵᠤ ᠳᠠᠪᠠᠭᠤᠯᠢᠭ ᠵᠶ᠋ᠠᠨ ᠪᠠᠳᠠᠷᠠᠭᠤᠯᠤᠨ᠂  ᠰᠠᠢ᠌ᠨ ᠦᠷ᠎ᠡ ᠡᠭᠦᠯᠳᠡᠷ ᠦᠷᠡᠵᠢᠭᠦᠯᠦᠨ ᠪᠣᠢ᠌ᠵᠢᠭᠤᠯᠬᠤ ᠤᠯᠤᠰ᠎ᠤᠨ ᠳᠡᠰ᠎ᠤᠨ ᠰᠠᠭᠤᠷᠢᠨ ᠭᠠᠵᠠᠷ᠎ᠢ ᠴᠣᠭᠴᠠᠯᠠᠨ᠎ᠠ

(ᠶᠢᠰᠦ) ᠲᠠᠷᠢᠮᠠᠯ᠎ᠤᠨ ᠰᠠᠢ᠌ᠨ ᠦᠷ᠎ᠡ ᠡᠭᠦᠯᠳᠡᠷ᠎ᠢ ᠪᠣᠢ᠌ᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠪᠠᠨ  ᠴᠢᠩᠭ᠋ᠠᠳᠬᠠᠨ᠎ᠠ᠃  ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠠᠢ᠌ᠨ ᠦᠷ᠎ᠡ ᠡᠭᠦᠯᠳᠡᠷ ᠪᠣᠢ᠌ᠵᠢᠭᠤᠯᠬᠤ ᠲᠣᠮᠣ ᠰᠢᠶᠠᠨ᠎ᠤ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ ᠪᠠᠢ᠌ᠷᠢᠰᠢᠭᠤᠯᠬᠤ ᠵᠢ᠎ᠨᠢ ᠵᠢᠯᠤᠭᠣᠳᠴᠤ᠂  ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠷᠠᠯᠲᠠ ᠡᠭᠦᠷᠭᠡ᠂  ᠰᠡᠳᠬᠢᠴᠡ ᠠᠷᠭ᠎ᠠ ᠬᠡᠮᠵᠢᠶ᠎ᠡ ᠵᠢ᠎ᠨᠢ ᠲᠣᠳᠣᠷᠬᠠᠢ᠌ᠯᠠᠵᠤ᠂  ᠬᠠᠮᠤᠷᠬᠤ ᠬᠡᠪᠴᠢᠶ᠎ᠡ᠎ᠪᠠᠷ ᠨᠡᠩ ᠥᠷᠭᠡᠨ᠂  ᠳᠡᠮᠵᠢᠬᠦ ᠡᠷᠴᠢᠮ ᠨᠡᠩ ᠴᠢᠩᠭ᠎ᠠ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠲᠣᠭᠲᠠᠯᠴᠠᠭ᠎ᠠ ᠵᠢ ᠪᠠᠢ᠌ᠭᠤᠯᠤᠨ ᠪᠦᠷᠢᠨᠰᠢᠭᠦᠯᠵᠦ᠂  ᠭᠠᠵᠠᠷ ᠰᠢᠷᠣᠢ᠂  ᠡᠳ᠋᠎ᠤᠨ ᠵᠠᠰᠠᠭ ᠭᠠᠢ᠌ᠯᠢ ᠲᠠᠲᠠᠪᠤᠷᠢ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠎ᠪᠠᠷ ᠳᠠᠮᠵᠢᠭᠤᠯᠵᠤ᠂  ᠰᠠᠢ᠌ᠨ ᠰᠠᠢ᠌ᠬᠠᠨ ᠦᠢ᠍ᠯᠡᠳᠪᠦᠷᠢᠯᠡᠯ᠎ᠤᠨ ᠨᠥᠬᠥᠴᠡᠯ ᠪᠠ ᠬᠥᠭᠵᠢᠯᠲᠡ ᠵᠢᠨ ᠣᠷᠴᠢᠨ ᠵᠶ᠋ᠠᠷ ᠵᠶ᠋ᠠᠨ ᠣᠷᠣᠨ᠎ᠤ ᠳᠣᠲᠣᠨ᠎ᠠ ᠭᠠᠳᠠᠨᠠᠬᠢ ᠨᠡᠷᠡᠲᠦ ᠦᠷ᠎ᠡ ᠡᠭᠦᠯᠳᠡᠷ᠎ᠤᠨ ᠠᠵᠤ ᠠᠬᠤᠢ᠌ᠯᠠᠯ᠎ᠢ ᠲᠠᠲᠠᠨ ᠠᠪᠴᠢᠷᠠᠵᠤ ᠥᠪᠥᠷ ᠮᠣᠩᠭᠣᠯ᠎ᠳᠤ ᠨᠤᠲᠤᠭᠰᠢᠭᠤᠯᠤᠨ᠎ᠠ᠃  ᠤᠯᠤᠰ᠎ᠤᠨ ᠡᠷᠳᠡᠨᠢ ᠰᠢᠰᠢ ᠵᠢᠨ ᠰᠠᠢ᠌ᠨ ᠦᠷ᠎ᠡ ᠡᠭᠦᠯᠳᠡᠷ ᠪᠣᠢ᠌ᠵᠢᠭᠤᠯᠬᠤ ᠰᠠᠭᠤᠷᠢᠨ ᠭᠠᠵᠠᠷ᠎ᠢ ᠴᠣᠭᠴᠠᠯᠠᠵᠤ᠂  ᠤᠯᠠᠭ᠋ᠠᠨᠬᠠᠳᠠ ᠬᠤᠲᠠ᠂  ᠪᠠᠶᠠᠨᠨᠠᠭᠤᠷ ᠬᠤᠲᠠ᠎ᠪᠠᠷ ᠭᠣᠣᠯᠳᠠᠯᠭ᠎ᠠ ᠪᠣᠯᠭ᠋ᠠᠵᠤ᠂  ᠪᠥᠬᠦ ᠤᠯᠤᠰ᠎ᠤᠨ ᠭᠣᠣᠯ ᠪᠣᠯᠬᠤ ᠠᠮᠢ ᠠᠬᠤᠢ ᠵᠢᠨ ᠣᠷᠣᠨ᠎ᠤ ᠦᠷ᠎ᠡ ᠡᠭᠦᠯᠳᠡᠷ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠮᠤᠷᠴᠤ᠂  ᠵᠢᠮᠢᠰ᠎ᠤᠨ ᠲᠦᠷᠦᠭᠦᠦ ᠵᠢ ᠬᠠᠳᠠᠭ᠋ᠠᠬᠤ᠂  ᠮᠧᠬᠠᠨᠢᠭᠵᠢᠭᠤᠯᠤᠯᠲᠠ᠎ᠪᠠᠷ ᠡᠷ᠎ᠡ ᠲᠣᠭᠤᠷᠴᠤᠭ᠎ᠢ᠎ᠨᠢ ᠠᠷᠢᠯᠭ᠋ᠠᠬᠤ᠂  ᠨᠠᠷᠢᠯᠢᠭ ᠢᠯᠭ᠋ᠠᠨ ᠰᠢᠯᠢᠬᠦ ᠵᠡᠷᠭᠡ ᠲᠥᠬᠦᠭᠡᠷᠦᠮᠵᠢ ᠪᠡᠯᠡᠳᠬᠡᠮᠵᠢ ᠵᠢᠨ ᠳᠤᠲᠠᠭᠤᠳᠠᠯ᠎ᠢ ᠨᠥᠬᠥᠪᠦᠷᠢᠯᠡᠵᠦ᠂  ᠣᠷᠣᠨ᠎ᠤ ᠳᠣᠲᠣᠨ᠎ᠠ ᠭᠠᠳᠠᠨᠠᠬᠢ ᠠᠵᠤ ᠠᠬᠤᠢ᠌ᠯᠠᠯ᠎ᠢ ᠥᠪᠡᠷᠲᠡᠭᠡᠨ ᠵᠠᠰᠠᠬᠤ ᠣᠷᠣᠨ᠎ᠳᠤ ᠢᠷᠡᠵᠦ ᠰᠠᠢ᠌ᠨ ᠦᠷ᠎ᠡ ᠪᠣᠢ᠌ᠵᠢᠭᠤᠯᠬᠤ᠎ᠪᠠᠷ ᠲᠠᠲᠠᠵᠤ᠂  ᠡᠷᠳᠡᠨᠢ ᠰᠢᠰᠢ ᠵᠢᠨ ᠠᠮᠢᠳᠤ ᠪᠣᠳᠠᠰ᠎ᠤᠨ ᠰᠠᠢ᠌ᠨ ᠦᠷ᠎ᠡ ᠡᠭᠦᠯᠳᠡᠷ ᠪᠣᠢ᠌ᠵᠢᠭᠤᠯᠬᠤ ᠠᠵᠢᠯ᠎ᠢ ᠳᠠᠭ᠋ᠠᠭ᠋ᠠᠨ ᠵᠠᠯᠭ᠋ᠠᠭᠤᠯᠤᠨ᠎ᠠ᠃  ᠤᠯᠤᠰ᠎ᠤᠨ ᠰᠢᠷ᠎ᠠ ᠪᠤᠷᠴᠠᠭ᠎ᠤᠨ ᠦᠷ᠎ᠡ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠰᠠᠭᠤᠷᠢᠨ ᠭᠠᠵᠠᠷ᠎ᠢ ᠴᠣᠭᠴᠠᠯᠠᠵᠤ᠂  ᠬᠥᠯᠥᠨ ᠪᠣᠶ᠋ᠢᠷ ᠬᠤᠲᠠ᠂  ᠬᠢᠩᠭ᠋ᠠᠨ ᠠᠢ᠌ᠮᠠᠭ ᠵᠶ᠋ᠠᠷ ᠭᠣᠣᠯᠳᠠᠯᠭ᠎ᠠ ᠪᠣᠯᠭ᠋ᠠᠨ᠂  ᠦᠷ᠎ᠡ ᠵᠢᠨ ᠥᠩᠭᠡ ᠵᠢᠨ ᠰᠣᠩᠭᠣᠯᠲᠠ ᠨᠠᠷᠢᠯᠢᠭ ᠰᠣᠩᠭᠣᠯᠲᠠ᠂  ᠴᠢᠨᠠᠷ ᠰᠠᠢ᠌ᠲᠠᠢ ᠥᠩᠭᠡᠯᠡᠯᠲᠡ᠂  ᠣᠶᠤᠨᠯᠢᠭ ᠲᠤᠰᠠᠯᠠᠬᠤ ᠪᠡᠯᠡᠳᠬᠡᠮᠵᠢ ᠵᠢᠨ ᠬᠡᠷᠡᠭᠯᠡᠭᠡ ᠵᠢ ᠲᠡᠭᠦᠯᠳᠡᠷᠵᠢᠭᠦᠯᠵᠦ᠂  ᠤᠯᠤᠰ᠎ᠤᠨ ᠠᠮᠢᠳᠤ ᠪᠣᠳᠠᠰ᠎ᠤᠨ ᠦᠷ᠎ᠡ ᠡᠭᠦᠯᠳᠡᠷ ᠪᠣᠢ᠌ᠵᠢᠭᠤᠯᠬᠤ ᠰᠢᠷ᠎ᠠ ᠪᠤᠷᠴᠠᠭ᠎ᠤᠨ ᠦᠷ᠎ᠡ ᠡᠭᠦᠯᠳᠡᠷ ᠦᠷᠡᠵᠢᠭᠦᠯᠦᠨ ᠪᠣᠢ᠌ᠵᠢᠭᠤᠯᠬᠤ ᠡᠭᠦᠷᠭᠡ ᠵᠢ ᠳᠠᠭ᠋ᠠᠭ᠋ᠠᠨ ᠵᠠᠯᠭ᠋ᠠᠭᠤᠯᠤᠨ᠎ᠠ᠃  ᠤᠯᠤᠰ᠎ᠤᠨ ᠲᠥᠮᠥᠰᠥ ᠵᠢᠨ ᠦᠷ᠎ᠡ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠰᠠᠭᠤᠷᠢᠨ ᠭᠠᠵᠠᠷ᠎ᠢ ᠴᠣᠭᠴᠠᠯᠠᠵᠤ᠂  ᠤᠯᠠᠭ᠋ᠠᠨᠴᠠᠪ ᠬᠤᠲᠠ᠂  ᠬᠥᠯᠥᠨ ᠪᠣᠶ᠋ᠢᠷ ᠬᠤᠲᠠ᠎ᠪᠠᠷ ᠭᠣᠣᠯᠳᠠᠯᠭ᠎ᠠ ᠪᠣᠯᠭ᠋ᠠᠨ᠂  ᠰᠠᠭᠤᠷᠢᠨ ᠭᠠᠵᠠᠷ᠎ᠤᠨ ᠡᠪᠡᠳᠴᠢᠨ ᠬᠣᠷᠣᠬᠠᠢ ᠵᠢᠨ ᠬᠥᠨᠥᠭᠡᠯ᠎ᠤᠨ ᠣᠶᠤᠨᠯᠢᠭ ᠬᠢᠨᠠᠨ ᠬᠡᠮᠵᠢᠯᠲᠡ᠂  ᠬᠥᠷᠥᠰᠥ᠎ᠪᠠᠷ ᠲᠠᠷᠬᠠᠬᠤ ᠪᠠᠺᠲ᠋ᠧᠷᠢ ᠬᠡᠮ᠎ᠤᠨ ᠬᠥᠨᠥᠭᠡᠯ᠎ᠤᠨ ᠰᠡᠷᠭᠡᠢ᠌ᠯᠡᠯᠲᠡ ᠵᠠᠰᠠᠯᠲᠠ᠂  ᠴᠢᠨᠠᠷ ᠴᠢᠨᠰᠠᠭ᠋ᠠᠨ᠎ᠤ ᠪᠠᠢ᠌ᠴᠠᠭ᠋ᠠᠨ ᠬᠡᠮᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃  ᠤᠯᠤᠰ᠎ᠤᠨ ᠨᠠᠷᠢᠮᠤ ᠪᠠ ᠨᠣᠬᠠᠢ ᠵᠢᠨ ᠬᠣᠰᠢᠭᠤ ᠵᠢᠨ ᠦᠷ᠎ᠡ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠰᠠᠭᠤᠷᠢᠨ᠎ᠢ ᠴᠣᠭᠴᠠᠯᠠᠵᠤ᠂  ᠤᠯᠠᠭ᠋ᠠᠨᠬᠠᠳᠠ ᠬᠤᠲᠠ᠂  ᠤᠯᠠᠭ᠋ᠠᠨᠴᠠᠪ ᠬᠤᠲᠠ᠎ᠪᠠᠷ ᠭᠣᠣᠯᠳᠠᠯᠭ᠎ᠠ ᠪᠣᠯᠭ᠋ᠠᠨ᠂  ᠦᠷ᠎ᠡ ᠵᠢᠨ ᠨᠠᠷᠢᠯᠢᠭ ᠰᠣᠩᠭᠣᠯᠲᠠ᠂  ᠬᠠᠳᠠᠭ᠋ᠠᠬᠤ᠂  ᠥᠩᠭᠡᠯᠡᠬᠦ᠂  ᠦᠷ᠎ᠡ ᠵᠢᠨ ᠬᠥᠮᠥᠷᠭᠡ ᠵᠡᠷᠭᠡ ᠲᠥᠬᠦᠭᠡᠷᠦᠮᠵᠢ ᠪᠡᠯᠡᠳᠬᠡᠮᠵᠢ ᠵᠢ ᠲᠡᠭᠦᠯᠳᠡᠷᠵᠢᠭᠦᠯᠦᠨ᠎ᠡ᠃  ᠥᠪᠡᠷᠲᠡᠭᠡᠨ ᠵᠠᠰᠠᠬᠤ ᠣᠷᠣᠨ᠎ᠤ ᠡᠮᠦᠨ᠎ᠡ ᠣᠷᠣᠨ᠎ᠳᠠᠬᠢ ᠦᠷᠡᠵᠢᠭᠦᠯᠵᠦ ᠪᠣᠢ᠌ᠵᠢᠭᠤᠯᠤᠨ ᠲᠠᠷᠢᠬᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠷ᠎ᠡ ᠡᠭᠦᠯᠳᠡᠷ ᠪᠣᠢ᠌ᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠡᠭᠦᠯᠳᠡᠷᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠡᠳ᠋᠎ᠤᠨ ᠵᠠᠰᠠᠭ᠎ᠤᠨ ᠲᠢᠩᠬᠢᠮ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠠᠷᠪᠠ) ᠮᠠᠯ ᠵᠢᠭᠦᠷᠲᠡᠨ᠎ᠤ ᠦᠷ᠎ᠡ ᠡᠭᠦᠯᠳᠡᠷ᠎ᠤᠨ ᠢᠷᠡᠯᠲᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃  ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠮᠠᠯ ᠵᠢᠭᠦᠷᠲᠡᠨ᠎ᠤ ᠡᠭᠦᠯᠳᠡᠷ ᠪᠣᠢ᠌ᠵᠢᠭᠤᠯᠬᠤ ᠭᠣᠣᠯᠯᠠᠭᠴᠢ ᠲᠠᠯᠠᠪᠠᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠵᠦ᠂  ᠲᠥᠬᠦᠭᠡᠷᠦᠮᠵᠢ ᠪᠡᠯᠡᠳᠬᠡᠮᠵᠢ ᠵᠢ ᠲᠡᠭᠦᠯᠳᠡᠷᠵᠢᠭᠦᠯᠦᠨ᠂  ᠲᠡᠵᠢᠭᠡᠨ ᠪᠣᠷᠳᠣᠬᠤ ᠬᠠᠮᠢᠶᠠᠷᠤᠯᠲᠠ ᠵᠢᠨ ᠠᠦ᠋ᠲ᠋ᠣᠴᠢᠯᠠᠯᠲᠠ᠂  ᠬᠡᠮᠵᠢᠨ ᠲᠣᠭᠲᠠᠭ᠋ᠠᠯᠲᠠ ᠦᠨᠡᠯᠡᠨ ᠵᠢᠱ᠌ᠢᠯᠲᠡ ᠵᠢᠨ ᠣᠶᠤᠨᠴᠢᠯᠠᠯᠲᠠ᠂  ᠬᠢᠵᠢᠭ ᠡᠪᠡᠳᠴᠢᠨ᠎ᠢ ᠰᠡᠷᠭᠡᠢ᠌ᠯᠡᠨ ᠳᠠᠷᠤᠬᠤ ᠵᠢᠨ ᠪᠣᠰᠣᠭ᠎ᠠ ᠴᠣᠭᠴᠠᠲᠤ ᠪᠠᠢ᠌ᠭᠤᠯᠤᠯᠲᠠ ᠵᠢ ᠴᠢᠩᠭ᠋ᠠᠳᠬᠠᠵᠤ᠂  ᠦᠢ᠍ᠯᠡᠳᠪᠦᠷᠢᠯᠡᠯ᠎ᠤᠨ ᠴᠢᠨᠰᠠᠭ᠎ᠠ ᠵᠢᠨ ᠬᠡᠮᠵᠢᠨ ᠲᠣᠭᠲᠠᠭ᠋ᠠᠯᠲᠠ ᠵᠢᠴᠢ ᠤᠳᠤᠮᠯᠠᠯ᠎ᠤᠨ ᠦᠨᠡᠯᠡᠨ ᠵᠢᠱ᠌ᠢᠯᠲᠡ ᠵᠢ ᠵᠢᠷᠤᠮᠵᠢᠭᠤᠨ ᠪᠥᠭᠡᠳ ᠨᠢᠭᠡᠳᠦᠯᠲᠡᠢ ᠥᠷᠨᠢᠭᠦᠯᠦᠨ᠂  ᠵᠢᠯ ᠪᠣᠯᠭ᠋ᠠᠨ ᠲᠠᠯᠠᠪᠠᠢ ᠪᠦᠷᠢ᠎ᠳᠤ ᠦᠬᠡᠷ᠎ᠢ 200᠎ᠠᠴᠠ ᠳᠡᠭᠡᠭᠰᠢ᠂  ᠬᠣᠨᠢ ᠢᠮᠠᠭ᠎ᠠ ᠵᠢ 800᠎ᠠᠴᠠ ᠳᠡᠭᠡᠭᠰᠢ᠂  ᠭᠠᠬᠠᠢ ᠵᠢ 1000᠎ᠠᠴᠠ ᠳᠡᠭᠡᠭᠰᠢ ᠬᠡᠮᠵᠢᠨ ᠲᠣᠭᠲᠠᠭ᠋ᠠᠵᠤ᠂  ᠡᠭᠦᠯᠳᠡᠷ᠎ᠤᠨ ᠮᠠᠯ᠎ᠤᠨ ᠲᠣᠭ᠎ᠠ ᠬᠡᠮᠵᠢᠶ᠎ᠡ ᠵᠢ ᠥᠷᠭᠡᠳᠬᠡᠨ᠂  ᠡᠭᠦᠯᠳᠡᠷ᠎ᠤᠨ ᠮᠠᠯ᠎ᠤᠨ ᠴᠢᠨᠠᠷ᠎ᠢ᠎ᠨᠢ ᠳᠡᠭᠡᠭᠰᠢᠯᠡᠭᠦᠯᠵᠦ᠂  ᠦᠷ᠎ᠡ ᠡᠭᠦᠯᠳᠡᠷ ᠬᠠᠩᠭ᠋ᠠᠬᠤ ᠴᠢᠳᠠᠪᠤᠷᠢ ᠵᠢ ᠵᠢᠯ᠎ᠳᠤ 10%᠎ᠪᠠᠷ ᠳᠡᠭᠡᠭᠰᠢᠯᠡᠭᠦᠯᠵᠦ᠂  ᠤᠯᠤᠰ᠎ᠤᠨ ᠳᠣᠲᠣᠭ᠋ᠠᠳᠤᠬᠢ ᠲᠡᠷᠢᠭᠦᠨ ᠳᠡᠰ᠎ᠤᠨ ᠮᠠᠯ ᠵᠢᠭᠦᠷᠲᠡᠨ᠎ᠤ ᠡᠭᠦᠯᠳᠡᠷ᠎ᠤᠨ ᠢᠷᠡᠯᠲᠡ ᠵᠢᠨ ᠰᠠᠭᠤᠷᠢᠨ᠎ᠢ ᠴᠣᠭᠴᠠᠯᠠᠨ᠎ᠠ᠃  ᠦᠬᠡᠷ᠂  ᠬᠣᠨᠢ ᠢᠮᠠᠭ᠋ᠠᠨ᠎ᠤ ᠡᠭᠦᠯᠳᠡᠷ ᠪᠣᠢ᠌ᠵᠢᠭᠤᠯᠬᠤ ᠭᠣᠣᠯᠯᠠᠭᠴᠢ ᠲᠠᠯᠠᠪᠠᠢ᠎ᠳᠤ ᠵᠢᠯ ᠪᠣᠯᠭ᠋ᠠᠨ ᠲᠣᠰ ᠪᠦᠷᠢ 60 ᠲᠦᠮᠡᠨ ᠲᠥᠭᠥᠷᠢᠭ᠂ 40 ᠲᠦᠮᠡᠨ ᠲᠥᠭᠥᠷᠢᠭ᠎ᠠᠴᠠ ᠳᠡᠭᠡᠭᠰᠢᠬᠢ ᠨᠥᠬᠥᠪᠦᠷᠢ ᠣᠯᠭᠣᠵᠤ᠂  ᠬᠢᠨᠠᠨ ᠬᠡᠮᠵᠢᠯᠲᠡ ᠦᠨᠡᠯᠡᠨ ᠵᠢᠱ᠌ᠢᠯᠲᠡ᠎ᠳᠤ ᠬᠢᠷᠢ ᠲᠡᠩᠴᠡᠭᠰᠡᠨ ᠦᠭᠡᠢ ᠵᠢ᠎ᠨᠢ ᠬᠥᠳᠡᠯᠦᠩᠭᠦᠢ᠎ᠪᠠᠷ ᠪᠤᠴᠠᠭ᠋ᠠᠨ ᠭᠠᠷᠭ᠋ᠠᠬᠤ ᠵᠢ ᠬᠡᠷᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠠᠷᠪᠠᠨ ᠨᠢᠭᠡ) ᠣᠢ ᠮᠣᠳᠣ ᠡᠪᠡᠰᠦᠨ᠎ᠤ ᠦᠷ᠎ᠡ ᠵᠢᠨ ᠴᠢᠬᠢ ᠵᠢᠨ ᠦᠷᠡᠵᠢᠭᠦᠯᠦᠨ ᠪᠣᠢ᠌ᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠪᠠᠨ  ᠴᠢᠩᠭ᠋ᠠᠳᠬᠠᠨ᠎ᠠ᠃  ᠡᠪᠡᠰᠦᠨ᠎ᠤ ᠦᠷ᠎ᠡ ᠵᠢ ᠦᠷᠡᠵᠢᠭᠦᠯᠵᠦ ᠪᠣᠢ᠌ᠵᠢᠭᠤᠯᠬᠤ᠎ᠳᠤ  ᠨᠥᠬᠥᠪᠦᠷᠢ ᠥᠭᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂  ᠡᠪᠡᠰᠦᠨ᠎ᠤ ᠦᠷ᠎ᠡ ᠦᠷᠡᠵᠢᠭᠦᠯᠵᠦ ᠪᠣᠢ᠌ᠵᠢᠭᠤᠯᠬᠤ ᠭᠣᠣᠯᠳᠠᠯᠭ᠎ᠠ᠎ᠲᠠᠢ ᠭᠠᠵᠠᠷ ᠣᠷᠣᠨ᠎ᠤ ᠨᠢᠭᠡ ᠪᠦᠯᠦᠭ ᠥᠨᠳᠥᠷ ᠪᠠᠷᠢᠮᠵᠢᠶᠠᠲᠤ ᠡᠪᠡᠰᠦᠨ᠎ᠤ ᠦᠷ᠎ᠡ ᠦᠷᠡᠵᠢᠭᠦᠯᠵᠦ ᠪᠣᠢ᠌ᠵᠢᠭᠤᠯᠬᠤ ᠰᠠᠭᠤᠷᠢᠨ ᠭᠠᠵᠠᠷ᠎ᠢ ᠰᠢᠨᠵᠢᠯᠡᠬᠦ ᠤᠬᠠᠭ᠋ᠠᠨᠴᠢ ᠣᠨᠣᠴᠠᠲᠠᠢ᠎ᠪᠠᠷ ᠪᠠᠢ᠌ᠷᠢᠰᠢᠭᠤᠯᠬᠤ ᠵᠢ᠎ᠨᠢ ᠵᠣᠷᠢᠭᠵᠢᠭᠤᠯᠤᠨ ᠬᠥᠲᠥᠯᠥᠨ ᠵᠢᠯᠣᠭᠣᠳᠤᠨ᠎ᠠ᠃  ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ ᠪᠠ ᠠᠮᠢ ᠠᠬᠤᠢ ᠵᠢᠨ ᠰᠡᠯᠪᠢᠯᠲᠡ᠎ᠳᠤ ᠬᠡᠷᠡᠭᠰᠡᠬᠦ ᠦᠷ᠎ᠡ ᠡᠭᠦᠯᠳᠡᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠦᠢ᠍ᠯᠡᠴᠢᠯᠡᠬᠦ᠎ᠪᠠᠷ ᠬᠠᠷᠠᠯᠲᠠ᠎ᠪᠠᠨ ᠪᠣᠯᠭ᠋ᠠᠵᠤ᠂  ᠭᠠᠵᠠᠷ ᠰᠢᠷᠣᠢ᠂  ᠪᠡᠯᠡ ᠮᠥᠩᠭᠥ᠂  ᠲᠥᠷᠥᠯ ᠵᠦᠢ᠍ᠯ ᠵᠡᠷᠭᠡ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂  ᠪᠠᠷᠢᠮᠵᠢᠶᠠᠵᠢᠭᠰᠠᠨ᠂  ᠡᠷᠴᠢᠮᠵᠢᠭᠰᠡᠨ᠂  ᠬᠡᠪᠴᠢᠶᠡᠵᠢᠭᠰᠡᠨ ᠡᠪᠡᠰᠦᠨ᠎ᠤ ᠦᠷ᠎ᠡ ᠦᠷᠡᠵᠢᠭᠦᠯᠵᠦ ᠪᠣᠢ᠌ᠵᠢᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠤᠨ᠎ᠠ᠃  ᠬᠢᠶᠠᠭ᠎ᠤᠨ ᠦᠷᠡᠵᠢᠭᠦᠯᠦᠨ ᠪᠣᠢ᠌ᠵᠢᠭᠤᠯᠬᠤ ᠰᠠᠭᠤᠷᠢᠨ ᠭᠠᠵᠠᠷ᠎ᠢ ᠴᠣᠭᠴᠠᠯᠠᠵᠤ᠂  ᠬᠥᠯᠥᠨ ᠪᠣᠶ᠋ᠢᠷ ᠬᠤᠲᠠ᠂  ᠬᠢᠩᠭ᠋ᠠᠨ ᠠᠢ᠌ᠮᠠᠭ᠂  ᠲᠦᠩᠯᠢᠶᠣᠣ ᠬᠤᠲᠠ᠎ᠪᠠᠷ ᠭᠣᠣᠯᠳᠠᠯᠭ᠎ᠠ ᠪᠣᠯᠭ᠋ᠠᠨ᠂  ᠬᠤᠵᠢᠷᠯᠢᠭ ᠭᠠᠵᠠᠷ᠂  ᠡᠯᠡᠰᠦᠷᠬᠡᠭ ᠭᠠᠵᠠᠷ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠠᠭᠤᠳᠠᠯᠵᠤ᠂  ᠭᠠᠵᠠᠷ ᠰᠣᠩᠭᠣᠬᠤ ᠭᠠᠵᠠᠷ ᠬᠡᠷᠡᠭᠯᠡᠬᠦ ᠪᠠᠲᠤᠯᠠᠭ᠎ᠠ ᠵᠢ ᠰᠠᠢ᠌ᠲᠤᠷ ᠬᠢᠵᠦ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠬᠤᠯᠠ ᠶᠡᠬᠡ ᠲᠤᠰᠬᠠᠢ ᠲᠥᠷᠥᠯ ᠵᠶ᠋ᠠᠷ ᠲᠤᠯᠭ᠋ᠠᠭᠤᠷᠢᠯᠠᠵᠤ᠂  ᠲᠠᠷᠢᠬᠤ᠂  ᠬᠤᠷᠢᠶᠠᠬᠤ᠂  ᠢᠯᠭ᠋ᠠᠷᠠᠭᠤᠯᠤᠨ ᠰᠣᠩᠭᠣᠬᠤ᠎ᠳᠤ ᠲᠤᠰᠬᠠᠢ ᠬᠡᠷᠡᠭᠯᠡᠬᠦ ᠮᠧᠬᠠᠨᠢᠭ᠎ᠢ ᠰᠤᠳᠤᠯᠤᠨ ᠦᠢ᠍ᠯᠡᠳᠬᠦ ᠵᠢ ᠵᠣᠬᠢᠶᠠᠨ ᠪᠠᠢ᠌ᠭᠤᠯᠤᠨ᠎ᠠ ;  ᠴᠠᠷᠭ᠋ᠠᠰᠤᠨ᠎ᠤ ᠦᠷᠡᠵᠢᠭᠦᠯᠵᠦ ᠪᠣᠢ᠌ᠵᠢᠭᠤᠯᠬᠤ ᠰᠠᠭᠤᠷᠢᠨ ᠭᠠᠵᠠᠷ᠎ᠢ ᠴᠣᠭᠴᠠᠯᠠᠵᠤ᠂  ᠬᠥᠬᠡᠬᠤᠲᠠ᠂  ᠤᠯᠠᠭ᠋ᠠᠨᠴᠠᠪ ᠬᠤᠲᠠ᠂  ᠣᠷᠳᠣᠰ ᠬᠤᠲᠠ᠂  ᠪᠠᠶᠠᠨᠨᠠᠭᠤᠷ ᠬᠤᠲᠠ᠎ᠪᠠᠷ ᠭᠣᠣᠯᠳᠠᠯᠭ᠎ᠠ ᠪᠣᠯᠭ᠋ᠠᠨ᠂  ᠲᠥᠪᠯᠡᠷᠡᠨ ᠵᠠᠯᠭ᠋ᠠᠯᠳᠤᠭᠰᠠᠨ ᠬᠡᠪᠴᠢᠶᠡᠵᠢᠭᠰᠡᠨ ᠦᠢ᠍ᠯᠡᠳᠪᠦᠷᠢᠯᠡᠯ᠎ᠢ ᠬᠥᠭᠵᠢᠭᠦᠯᠵᠦ᠂  ᠦᠷ᠎ᠡ ᠵᠢᠨ ᠶᠠᠰᠤ ᠴᠢᠨᠠᠷ᠎ᠢ ᠮᠥᠷᠳᠡᠨ ᠬᠠᠮᠢᠶᠠᠷᠬᠤ ᠵᠢ ᠥᠷᠨᠢᠭᠦᠯᠦᠨ᠂  ᠰᠠᠢ᠌ᠨ ᠦᠷ᠎ᠡ ᠡᠭᠦᠯᠳᠡᠷ᠎ᠤᠨ ᠡᠵᠡᠯᠡᠬᠦ ᠬᠠᠷᠢᠴᠠᠯ᠎ᠢ ᠳᠡᠭᠡᠭᠰᠢᠯᠡᠭᠦᠯᠵᠦ᠂  ᠲᠥᠬᠥᠷ ᠦᠢ᠍ᠯᠡᠳᠪᠦᠷᠢᠯᠡᠯ᠎ᠤᠨ ᠮᠧᠬᠠᠨᠢᠭ᠎ᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠨ᠎ᠡ ;  ᠠᠮᠢ ᠠᠬᠤᠢ ᠵᠢᠨ ᠰᠡᠯᠪᠢᠯᠲᠡ᠎ᠳᠤ ᠬᠡᠷᠡᠭᠰᠡᠬᠦ ᠡᠪᠡᠰᠦᠨ᠎ᠤ ᠦᠷ᠎ᠡ ᠵᠢ ᠦᠷᠡᠵᠢᠭᠦᠯᠵᠦ ᠪᠣᠢ᠌ᠵᠢᠭᠤᠯᠬᠤ ᠰᠠᠭᠤᠷᠢᠨ᠎ᠢ ᠴᠣᠭᠴᠠᠯᠠᠵᠤ᠂  ᠤᠯᠠᠭ᠋ᠠᠨᠬᠠᠳᠠ ᠬᠤᠲᠠ ᠪᠠ ᠰᠢᠯᠢ ᠵᠢᠨ ᠭᠣᠣᠯ ᠠᠢ᠌ᠮᠠᠭ᠎ᠤᠨ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ ᠵᠶ᠋ᠠᠷ ᠭᠣᠣᠯᠳᠠᠯᠭ᠎ᠠ ᠪᠣᠯᠭ᠋ᠠᠨ᠂  ᠰᠥᠷᠬᠦ ᠵᠢ ᠳᠠᠭ᠋ᠠᠭ᠋ᠠᠬᠤ ᠴᠢᠳᠠᠪᠤᠷᠢ᠎ᠪᠠᠷ ᠴᠢᠩᠭ᠎ᠠ᠂  ᠲᠣᠬᠢᠷᠠᠯᠴᠠᠬᠤ ᠬᠡᠪᠴᠢᠶ᠎ᠡ᠎ᠪᠠᠷ ᠥᠷᠭᠡᠨ ᠠᠮᠢ ᠠᠬᠤᠢ ᠵᠢᠨ ᠬᠡᠷᠡᠭᠯᠡᠭᠡᠨ᠎ᠤ ᠡᠪᠡᠰᠦᠨ᠎ᠤ ᠦᠷ᠎ᠡ ᠵᠢ ᠨᠡᠩ ᠣᠯᠠᠨ ᠦᠷᠡᠵᠢᠭᠦᠯᠵᠦ ᠪᠣᠢ᠌ᠵᠢᠭᠤᠯᠤᠨ᠂  ᠲᠠᠴᠢᠷᠳᠠᠭᠰᠠᠨ ᠨᠤᠲᠤᠭ ᠪᠡᠯᠴᠢᠭᠡᠷ᠎ᠤᠨ ᠠᠮᠢ ᠠᠬᠤᠢ ᠵᠢᠨ ᠰᠡᠯᠪᠢᠯᠲᠡ᠂  ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ᠂  ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ᠂  ᠴᠥᠯᠡᠷᠬᠡᠭᠵᠢᠯ᠎ᠢ ᠰᠡᠷᠭᠡᠢ᠌ᠯᠡᠨ ᠵᠠᠰᠠᠬᠤ ᠪᠠ ᠡᠯᠡᠰᠦᠷᠬᠡᠭ ᠭᠠᠵᠠᠷ᠎ᠤᠨ ᠵᠠᠰᠠᠯᠲᠠ᠂  ᠬᠤᠵᠢᠷᠯᠢᠭ ᠭᠠᠵᠠᠷ᠎ᠲᠤ ᠳᠡᠯᠭᠡᠷᠡᠭᠦᠯᠬᠦ᠎ᠳᠤ ᠲᠣᠬᠢᠷᠠᠬᠤ ᠠᠳᠠᠯᠢ ᠪᠤᠰᠤ ᠲᠥᠷᠥᠯ᠎ᠤᠨ ᠠᠮᠢ ᠠᠬᠤᠢ ᠵᠢᠨ ᠰᠡᠯᠪᠢᠯᠲᠡ᠎ᠳᠤ ᠬᠡᠷᠡᠭᠰᠡᠬᠦ ᠦᠷ᠎ᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂  ᠥᠪᠥᠷ ᠮᠣᠩᠭᠣᠯ᠎ᠢ ᠪᠥᠬᠦ ᠤᠯᠤᠰ᠎ᠤᠨ ᠬᠠᠮᠤᠭ᠎ᠤᠨ ᠶᠡᠬᠡ ᠡᠪᠡᠰᠦᠨ᠎ᠤ ᠦᠷ᠎ᠡ ᠦᠷᠡᠵᠢᠭᠦᠯᠵᠦ ᠪᠣᠢ᠌ᠵᠢᠭᠤᠯᠬᠤ ᠰᠠᠭᠤᠷᠢᠨ ᠭᠠᠵᠠᠷ ᠪᠣᠯᠭ᠋ᠠᠨ ᠪᠦᠲᠦᠭᠡᠨ ᠪᠠᠶ᠋ᠢᠭᠤᠯᠬᠤ᠎ᠪᠠᠷ ᠬᠦᠴᠦᠯᠡᠨ ᠴᠢᠷᠮᠠᠢ᠌ᠨ᠎ᠠ᠃  ᠰᠢᠨ᠎ᠡ᠎ᠪᠠᠷ ᠪᠠᠢ᠌ᠭᠤᠯᠤᠭᠰᠠᠨ ᠪᠠᠲᠤᠯᠠᠭ᠎ᠠ ᠵᠢᠨ ᠴᠢᠨᠠᠷᠲᠠᠢ ᠴᠢᠬᠢ ᠮᠣᠳᠣᠨ᠎ᠤ ᠬᠦᠷᠢᠶᠡᠯᠡᠩ᠎ᠳᠤ ᠨᠥᠬᠥᠪᠦᠷᠢ ᠱᠠᠩᠨᠠᠯ ᠣᠯᠭᠣᠬᠤ ᠵᠢ ᠳᠡᠮᠵᠢᠨ᠎ᠡ᠃  ᠰᠢᠬᠢᠷ ᠡᠪᠡᠰᠦ᠂  ᠬᠤᠨᠴᠢᠷ᠂  ᠤᠯᠠᠭ᠋ᠠᠨ ᠴᠠᠨ᠎ᠠ᠂  ᠴᠠᠭ᠋ᠠᠨ ᠭᠣᠶᠣᠣ᠂  ᠤᠯᠠᠭ᠋ᠠᠨ ᠭᠣᠶᠣᠣ᠂  ᠬᠤᠷᠳᠤᠨ ᠴᠠᠭ᠋ᠠᠨ᠂  ᠴᠢᠴᠠᠷᠭ᠋ᠠᠨ᠎ᠠ᠂  ᠴᠠᠭ᠋ᠠᠨ ᠰᠣᠷᠣᠯᠣ᠂  ᠱᠦᠬᠦᠷᠭᠡᠨ᠎ᠡ ᠵᠡᠷᠭᠡ ᠥᠪᠡᠷᠮᠢᠴᠡ ᠣᠨᠴᠠᠯᠢᠭ᠎ᠲᠠᠢ ᠬᠢᠲᠠᠳ (ᠮᠣᠩᠭᠣᠯ) ᠡᠮ᠎ᠤᠨ ᠮᠠᠲ᠋ᠧᠷᠢᠶᠠᠯ᠎ᠤᠨ ᠰᠠᠢ᠌ᠨ ᠦᠷ᠎ᠡ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠠᠵᠢᠯ ᠥᠷᠨᠢᠭᠦᠯᠬᠦ ᠵᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂  ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠠᠷᠪᠠᠨ ᠬᠣᠶᠠᠷ) ᠰᠠᠭᠤᠷᠢᠨ ᠭᠠᠵᠠᠷ᠎ᠤᠨ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠪᠠᠨ  ᠴᠢᠩᠭ᠋ᠠᠷᠠᠭᠤᠯᠤᠨ᠎ᠠ᠃  ᠲᠥᠷᠥ ᠵᠢᠨ ᠪᠣᠳᠣᠯᠭ᠎ᠠ ᠪᠠ ᠲᠥᠷᠥᠯ ᠵᠦᠢ᠍ᠯ᠎ᠢ ᠨᠢᠭᠡᠳᠦᠯᠲᠡᠢ ᠲᠥᠯᠥᠪᠵᠢᠭᠦᠯᠬᠦ᠎ᠪᠠᠨ  ᠴᠢᠩᠭ᠋ᠠᠳᠬᠠᠵᠤ᠂  ᠤᠷᠢᠳ ᠵᠶ᠋ᠠᠷ ᠨᠥᠬᠥᠴᠡᠯ᠎ᠳᠤ ᠨᠡᠢ᠌ᠴᠡᠬᠦ ᠲᠠᠷᠢᠮᠠᠯ᠎ᠤᠨ ᠦᠷ᠎ᠡ ᠵᠢᠨ ᠰᠠᠭᠤᠷᠢᠨ ᠭᠠᠵᠠᠷ᠎ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ ᠪᠠᠶ᠋ᠢᠭᠤᠯᠬᠤ ᠪᠤᠶᠤ ᠥᠭᠡᠷᠡᠴᠢᠯᠡᠨ ᠳᠡᠭᠡᠭᠰᠢᠯᠡᠭᠦᠯᠵᠦ᠂  ᠦᠷ᠎ᠡ ᠦᠢ᠍ᠯᠡᠳᠪᠦᠷᠢᠯᠡᠬᠦ ᠳᠠᠪᠠᠭᠤᠯᠢᠭ ᠰᠠᠭᠤᠷᠢᠨ ᠭᠠᠵᠠᠷ᠎ᠢ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠮᠵᠢᠲᠤ ᠣᠷᠣᠨ᠎ᠳᠤ ᠬᠤᠪᠢᠶᠠᠷᠢᠯᠠᠨ ᠣᠷᠣᠭᠤᠯᠬᠤ ᠵᠢᠨ ᠬᠠᠮᠲᠤ ᠦᠨᠳᠦᠰᠦᠨ ᠲᠠᠷᠢᠶᠠᠨ ᠭᠠᠵᠠᠷ᠎ᠤᠨ ᠬᠡᠪᠴᠢᠶᠡᠨ᠎ᠳᠤ ᠣᠷᠣᠭᠤᠯᠵᠤ ᠬᠠᠮᠠᠭ᠋ᠠᠯᠠᠨ᠎ᠠ᠃  ᠲᠠᠷᠢᠶᠠᠯᠠᠬᠤ ᠭᠠᠵᠠᠷ᠎ᠤᠨ ᠥᠨᠵᠢᠭᠦᠯᠦᠨ ᠲᠠᠷᠢᠬᠤ ᠲᠥᠷᠥᠯ ᠵᠦᠢ᠍ᠯ᠎ᠢ ᠬᠡᠷᠡᠭᠵᠢᠭᠦᠯᠬᠦ ᠱᠠᠭ᠋ᠠᠷᠳᠠᠯᠭ᠎ᠠ᠎ᠳᠤ ᠨᠡᠢ᠌ᠴᠡᠭᠰᠡᠨ ᠰᠠᠢ᠌ᠨ ᠦᠷ᠎ᠡ ᠪᠣᠢ᠌ᠵᠢᠭᠤᠯᠬᠤ ᠰᠠᠭᠤᠷᠢᠨ ᠭᠠᠵᠠᠷ᠎ᠲᠤ ᠪᠣᠯ ᠲᠠᠷᠢᠶᠠᠯᠠᠬᠤ ᠭᠠᠵᠠᠷ᠎ᠤᠨ ᠥᠨᠵᠢᠭᠦᠯᠦᠨ ᠲᠠᠷᠢᠬᠤ ᠲᠥᠷᠥᠯ ᠵᠦᠢ᠍ᠯ ᠪᠥᠬᠦᠨ᠎ᠢ ᠬᠠᠮᠤᠷᠬᠤ ᠵᠢ ᠪᠡᠶᠡᠯᠡᠭᠦᠯᠦᠨ᠎ᠡ᠃  ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡ᠎ᠪᠠᠷ ᠰᠠᠢ᠌ᠨ ᠦᠷ᠎ᠡ ᠪᠣᠢ᠌ᠵᠢᠭᠤᠯᠬᠤ ᠰᠠᠭᠤᠷᠢᠨ ᠭᠠᠵᠠᠷ᠎ᠢ ᠤᠷᠢᠳ ᠵᠶ᠋ᠠᠷ ᠬᠠᠮᠤᠷᠤᠭᠤᠯᠵᠤ᠂  ᠬᠠᠭ᠋ᠠᠯᠪᠤᠷᠢᠯᠠᠬᠤ᠂  ᠲᠠᠷᠢᠬᠤ᠂  ᠬᠠᠮᠢᠶᠠᠷᠬᠤ᠂  ᠬᠤᠷᠢᠶᠠᠬᠤ᠂  ᠨᠥᠭᠡᠴᠡᠯᠡᠬᠦ ᠵᠡᠷᠭᠡ ᠦᠢ᠍ᠯᠡᠴᠢᠯᠡᠭᠡ ᠥᠷᠨᠢᠭᠦᠯᠦᠨ᠎ᠡ᠃  ᠬᠡᠪᠴᠢᠶ᠎ᠡ᠎ᠲᠠᠢ ᠢᠲᠡᠭᠡᠮᠵᠢ ᠣᠯᠭᠣᠬᠤ ᠳᠦᠷᠢᠮ᠎ᠢ ᠬᠡᠷᠡᠭᠵᠢᠭᠦᠯᠵᠦ᠂  ᠬᠢᠨᠠᠨ ᠬᠠᠮᠢᠶᠠᠷᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂  ᠰᠠᠢ᠌ᠨ ᠦᠷ᠎ᠡ ᠪᠣᠢ᠌ᠵᠢᠭᠤᠯᠬᠤ ᠰᠠᠭᠤᠷᠢᠨ ᠭᠠᠵᠠᠷ᠎ᠢ ᠬᠠᠮᠢᠶᠠᠷᠬᠤ ᠦᠢ᠍ᠯᠡᠴᠢᠯᠡᠭᠡᠨ᠎ᠤ ᠲᠡᠭᠦᠯᠳᠡᠷ ᠲᠣᠭᠲᠠᠴᠠ ᠵᠢ ᠪᠦᠷᠢᠯᠳᠦᠭᠦᠯᠦᠨ᠎ᠡ᠃  ᠡᠪᠡᠰᠦᠨ ᠦᠷ᠎ᠡ ᠵᠢᠨ ᠦᠢ᠍ᠯᠡᠳᠪᠦᠷᠢᠯᠡᠯ᠎ᠤᠨ ᠣᠷᠣᠨ᠎ᠢ ᠦᠨᠳᠦᠰᠦᠯᠡᠨ ᠤᠰᠤ ᠠᠷᠪᠢᠯᠠᠵᠤ ᠤᠰᠤᠯᠠᠬᠤ ᠨᠥᠬᠥᠴᠡᠯ᠎ᠲᠠᠢ᠂  ᠲᠥᠪᠯᠡᠷᠡᠨ ᠵᠠᠯᠭ᠋ᠠᠯᠳᠤᠭᠰᠠᠨ ᠮᠥᠷᠲᠡᠭᠡᠨ ᠮᠧᠬᠠᠨᠢᠭᠵᠢᠭᠰᠠᠨ ᠦᠢ᠍ᠯᠡᠳᠪᠦᠷᠢᠯᠡᠯ᠎ᠳᠤ ᠲᠣᠬᠢᠷᠠᠬᠤ ᠡᠩ᠎ᠤᠨ ᠲᠠᠷᠢᠶᠠᠯᠠᠬᠤ ᠭᠠᠵᠠᠷ᠂  ᠲᠡᠵᠢᠭᠡᠯ ᠡᠪᠡᠰᠦᠨ᠎ᠤ ᠭᠠᠵᠠᠷ ᠪᠠ ᠲᠠᠷᠢᠶᠠᠯᠠᠬᠤ᠎ᠪᠠᠨ ᠵᠣᠭᠰᠣᠵᠤ ᠪᠡᠯᠴᠢᠭᠡᠷ᠎ᠢ ᠰᠡᠷᠭᠦᠭᠡᠬᠦ ᠭᠠᠵᠠᠷ ᠵᠡᠷᠭᠡ ᠭᠠᠵᠠᠷ᠎ᠤᠨ ᠲᠥᠷᠥᠯ᠎ᠢ ᠬᠤᠪᠢᠶᠠᠷᠢᠯᠠᠨ ᠲᠣᠭᠲᠠᠭ᠋ᠠᠵᠤ᠂  ᠥᠨᠳᠥᠷ ᠪᠠᠷᠢᠮᠵᠢᠶᠠᠲᠤ ᠡᠪᠡᠰᠦᠨ ᠦᠷ᠎ᠡ ᠦᠷᠡᠵᠢᠭᠦᠯᠵᠦ ᠪᠣᠢ᠌ᠵᠢᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

ᠳᠥᠷᠪᠡ᠂  ᠱᠠᠩᠨᠠᠯ ᠬᠥᠬᠢᠭᠦᠯᠦᠯ᠎ᠢ ᠡᠯᠪᠡᠭᠵᠢᠭᠦᠯᠦᠨ ᠲᠣᠭᠲᠠᠴᠠ ᠪᠠᠢ᠌ᠭᠤᠯᠵᠤ᠂  ᠰᠢᠯᠢᠳᠡᠭ ᠰᠠᠢ᠌ᠨ ᠦᠷ᠎ᠡ ᠡᠭᠦᠯᠳᠡᠷ᠎ᠢ ᠳᠡᠯᠭᠡᠷᠡᠭᠦᠯᠦᠨ ᠬᠡᠷᠡᠭᠯᠡᠬᠦ ᠠᠬᠢᠴᠠ᠎ᠪᠠᠨ ᠲᠦᠷᠭᠡᠳᠬᠡᠨ᠎ᠡ

(ᠠᠷᠪᠠᠨ ᠭᠤᠷᠪᠠ) ᠰᠠᠢ᠌ᠨ ᠦᠷ᠎ᠡ ᠡᠭᠦᠯᠳᠡᠷ᠎ᠲᠠᠢ ᠪᠤᠯᠭ᠋ᠠᠬᠣ ᠬᠢᠷᠢ ᠲᠦᠪᠰᠢᠨ ᠵᠶ᠋ᠠᠨ ᠯᠠᠪᠳᠠᠭᠤᠨ ᠵᠶ᠋ᠠᠷ ᠳᠡᠭᠡᠭᠰᠢᠯᠡᠭᠦᠯᠦᠨ᠎ᠡ᠃  ᠲᠠᠷᠢᠶ᠎ᠠ ᠦᠵᠡᠵᠦ ᠦᠷ᠎ᠡ ᠰᠣᠩᠭᠣᠬᠤ ᠲᠠᠪᠴᠠᠩ᠎ᠢ ᠪᠠᠢ᠌ᠭᠤᠯᠵᠤ᠂  ᠪᠥᠬᠦ ᠣᠷᠣᠨ᠎ᠳᠤ ᠲᠠᠷᠢᠮᠠᠯ᠎ᠤᠨ ᠥᠨᠳᠥᠷ ᠤᠨᠠᠯᠲᠠᠲᠤ᠂  ᠴᠢᠨᠠᠷ ᠰᠠᠢ᠌ᠲᠠᠢ᠂  ᠪᠣᠬᠢᠷᠲᠤᠯ ᠦᠭᠡᠢ ᠰᠢᠨ᠎ᠡ ᠦᠷ᠎ᠡ ᠡᠭᠦᠯᠳᠡᠷ᠎ᠤᠨ  ᠲᠠᠷᠢᠶ᠎ᠠ ᠦᠵᠡᠵᠦ ᠦᠷ᠎ᠡ ᠰᠣᠩᠭᠣᠬᠤ》 ᠲᠠᠪᠴᠠᠩ᠎ᠢ 60 ᠪᠠᠢ᠌ᠭᠤᠯᠵᠤ᠂  ᠡᠷᠳᠡᠨᠢ ᠰᠢᠰᠢ᠂  ᠰᠢᠷ᠎ᠠ ᠪᠤᠷᠴᠠᠭ᠂  ᠲᠥᠮᠥᠰᠥ᠂  ᠨᠠᠷᠠᠨ ᠬᠤᠸᠠᠷ᠂  ᠡᠯᠳᠡᠪ ᠠᠮᠤ ᠬᠣᠯᠢᠮᠠᠭ ᠪᠤᠷᠴᠠᠭ᠎ᠤᠨ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠣᠷᠣᠨ ᠪᠦᠰᠡ ᠵᠢᠨ ᠴᠢᠨᠠᠷᠲᠠᠢ 5 ᠲᠠᠪᠴᠠᠩ᠎ᠢ ᠭᠣᠣᠯᠳᠠᠯᠭ᠎ᠠ᠎ᠲᠠᠢ ᠴᠣᠭᠴᠠᠯᠠᠨ᠂  ᠰᠢᠨ᠎ᠡ ᠦᠷ᠎ᠡ ᠡᠭᠦᠯᠳᠡᠷ᠎ᠢ ᠳᠡᠯᠭᠡᠨ ᠦᠵᠡᠭᠦᠯᠵᠦ ᠦᠨᠡᠯᠡᠬᠦ ᠪᠠ ᠠᠮᠤᠷ ᠲᠦᠪᠰᠢᠨ ᠴᠢᠨᠠᠷ᠎ᠢ᠎ᠨᠢ ᠬᠢᠨᠠᠨ ᠰᠢᠨᠵᠢᠬᠦ ᠠᠵᠢᠯ᠎ᠢ ᠲᠥᠪᠯᠡᠷᠡᠭᠦᠯᠦᠨ ᠥᠷᠨᠢᠭᠦᠯᠵᠦ᠂  ᠰᠠᠢ᠌ᠨ ᠦᠷ᠎ᠡ ᠡᠭᠦᠯᠳᠡᠷ᠎ᠢ ᠲᠠᠨᠢᠯᠴᠠᠭᠤᠯᠬᠤ ᠨᠡᠷᠡᠰ᠎ᠤᠨ ᠭᠠᠷᠴᠠᠭ᠎ᠢ ᠨᠠᠢ᠌ᠷᠠᠭᠤᠯᠤᠨ ᠨᠡᠢ᠌ᠲᠡᠯᠡᠵᠦ᠂  ᠦᠷ᠎ᠡ ᠡᠭᠦᠯᠳᠡᠷ ᠬᠡᠷᠡᠭᠯᠡᠬᠦ ᠦᠷ᠎ᠡ ᠡᠭᠦᠯᠳᠡᠷ ᠬᠠᠩᠭ᠋ᠠᠬᠤ ᠤᠬᠠᠭᠤᠯᠭ᠎ᠠ ᠪᠣᠯᠪᠠᠰᠤᠷᠠᠯ ᠵᠶ᠋ᠠᠨ ᠴᠢᠩᠭ᠋ᠠᠳᠬᠠᠵᠤ᠂  ᠲᠠᠷᠢᠶᠠᠴᠢᠳ᠎ᠤᠨ ᠦᠢ᠍ᠯᠡᠳᠪᠦᠷᠢᠯᠡᠯ᠎ᠳᠤ ᠦᠷ᠎ᠡ ᠡᠭᠦᠯᠳᠡᠷ ᠰᠣᠩᠭᠣᠬᠤ ᠦᠷ᠎ᠡ ᠡᠭᠦᠯᠳᠡᠷ ᠬᠡᠷᠡᠭᠯᠡᠬᠦ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠨ᠎ᠠ᠃  ᠦᠷ᠎ᠡ ᠵᠢᠨ ᠴᠢᠨᠠᠷ᠎ᠤᠨ ᠭᠡᠷᠡᠴᠢᠯᠡᠭᠡ ᠵᠢ ᠥᠷᠨᠢᠭᠦᠯᠵᠦ᠂  ᠰᠢᠯᠢᠳᠡᠭ ᠠᠵᠤ ᠠᠬᠤᠢ᠌ᠯᠠᠯ᠎ᠤᠨ ᠴᠢᠨᠠᠷ ᠰᠠᠢ᠌ᠲᠠᠢ ᠦᠷ᠎ᠡ ᠡᠭᠦᠯᠳᠡᠷ᠎ᠨᠢ ᠭᠡᠷᠡᠴᠢᠯᠡᠯᠲᠡ᠎ᠪᠠᠷ ᠳᠠᠮᠵᠢᠭ᠋ᠠᠳ ᠴᠢᠨᠠᠷ ᠰᠠᠢ᠌ᠲᠠᠢ᠎ᠨᠢ ᠰᠠᠢ᠌ᠨ ᠦᠨ᠎ᠡ ᠵᠢ ᠪᠡᠶᠡᠯᠡᠭᠦᠯᠬᠦ ᠵᠢ᠎ᠨᠢ ᠵᠣᠷᠢᠭᠵᠢᠭᠤᠯᠵᠤ᠂  ᠦᠷ᠎ᠡ ᠵᠢᠨ ᠲᠥᠮᠥᠰᠥᠨ᠎ᠳᠤ  ᠴᠢᠨᠠᠷ᠎ᠤᠨ ᠭᠡᠷᠡᠴᠢᠯᠡᠯᠲᠡ ᠬᠢᠭᠰᠡᠨ ᠲᠠᠯᠠᠪᠠᠢ ᠵᠢ ᠵᠢᠯ ᠪᠦᠷᠢ 4000 ᠮᠦ᠍᠎ᠠᠴᠠ ᠳᠣᠣᠷ᠎ᠠ ᠦᠭᠡᠢ ᠪᠠᠢ᠌ᠯᠭ᠋ᠠᠨ᠂  ᠮᠦ᠍ ᠪᠦᠷᠢ᠎ᠳᠤ ᠎ᠨᠢ 1000 ᠲᠥᠭᠥᠷᠢᠭ᠎ᠤᠨ ᠨᠡᠮᠡᠭᠦᠷᠢ ᠣᠯᠭᠣᠵᠤ᠂  ᠡᠷᠳᠡᠨᠢ ᠰᠢᠰᠢ ᠵᠢᠨ ᠦᠷ᠎ᠡ᠎ᠳᠤ ᠴᠢᠨᠠᠷ᠎ᠤᠨ ᠭᠡᠷᠡᠴᠢᠯᠡᠯᠲᠡ ᠬᠢᠭᠰᠡᠨ ᠲᠠᠯᠠᠪᠠᠢ ᠵᠢ ᠵᠢᠯ ᠪᠦᠷᠢ 2 ᠲᠦᠮᠡᠨ ᠮᠦ᠍᠎ᠠᠴᠠ ᠳᠣᠣᠷ᠎ᠠ ᠦᠭᠡᠢ ᠪᠠᠢ᠌ᠯᠭ᠋ᠠᠨ᠂  ᠮᠦ᠍ ᠪᠦᠷᠢ᠎ᠳᠤ᠎ᠨᠢ 200 ᠲᠥᠭᠥᠷᠢᠭ᠎ᠤᠨ ᠨᠡᠮᠡᠭᠦᠷᠢ ᠣᠯᠭᠣᠵᠤ᠂  ᠰᠢᠷ᠎ᠠ ᠪᠤᠷᠴᠠᠭ᠎ᠤᠨ ᠦᠷ᠎ᠡ᠎ᠳᠤ ᠴᠢᠨᠠᠷ᠎ᠤᠨ ᠭᠡᠷᠡᠴᠢᠯᠡᠯᠲᠡ ᠬᠢᠭᠰᠡᠨ ᠲᠠᠯᠠᠪᠠᠢ ᠵᠢ ᠵᠢᠯ ᠪᠦᠷᠢ 1 ᠲᠦᠮᠡᠨ ᠮᠦ᠍᠎ᠠᠴᠠ ᠳᠣᠣᠷ᠎ᠠ ᠦᠭᠡᠢ ᠪᠠᠢ᠌ᠯᠭ᠋ᠠᠨ᠂  ᠮᠦ᠍ ᠪᠦᠷᠢ᠎ᠳᠤ᠎ᠨᠢ 200 ᠲᠥᠭᠥᠷᠢᠭ᠎ᠤᠨ ᠨᠡᠮᠡᠭᠦᠷᠢ ᠣᠯᠭᠣᠨ᠎ᠠ᠃  ᠮᠠᠯ ᠵᠢᠭᠦᠷᠲᠡᠨ᠎ᠤ ᠰᠠᠢ᠌ᠨ ᠡᠭᠦᠯᠳᠡᠷ᠎ᠢ ᠳᠡᠯᠭᠡᠷᠡᠭᠦᠯᠬᠦ ᠵᠢ ᠲᠦᠷᠭᠡᠳᠬᠡᠵᠦ᠂  ᠭᠠᠬᠠᠢ ᠦᠬᠡᠷ ᠬᠣᠨᠢ ᠢᠮᠠᠭ᠋ᠠᠨ᠎ᠤ ᠰᠠᠢ᠌ᠨ ᠡᠭᠦᠯᠳᠡᠷ᠎ᠲᠤ ᠨᠡᠮᠡᠭᠦᠷᠢ ᠣᠯᠭᠣᠬᠤ ᠵᠢ ᠬᠡᠷᠡᠭᠵᠢᠭᠦᠯᠵᠦ᠂  ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠵᠢᠨ ᠰᠠᠢ᠌ᠨ ᠡᠭᠦᠯᠳᠡᠷ᠎ᠤᠨ ᠢᠴᠡᠭᠡᠯ ᠦᠷ᠎ᠡ᠂  ᠴᠢᠨᠠᠷ ᠰᠠᠢ᠌ᠲᠠᠢ ᠤᠬᠤᠨ᠎ᠠ ᠬᠤᠴᠠ᠎ᠪᠠᠷ ᠦᠷᠡᠵᠢᠭᠦᠯᠵᠦ ᠪᠣᠢ᠌ᠵᠢᠭᠤᠯᠬᠤ ᠵᠢ ᠳᠡᠮᠵᠢᠨ᠎ᠡ᠃  ᠰᠦ ᠰᠠᠭ᠋ᠠᠯᠢ ᠵᠢᠨ ᠦᠢ᠍ᠯᠡᠰ᠎ᠤᠨ ᠰᠠᠢ᠌ᠨ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠵᠤ ᠳᠡᠯᠭᠡᠷᠡᠭᠦᠯᠦᠭᠰᠡᠨ ᠱᠠᠩᠨᠠᠯ᠎ᠢ ᠨᠠᠢ᠌ᠳᠠᠪᠤᠷᠢᠵᠢᠭᠤᠯᠵᠤ᠂  ᠴᠢᠨᠠᠷ ᠰᠠᠢ᠌ᠲᠠᠢ ᠰᠠᠭ᠋ᠠᠯᠢ ᠵᠢᠨ ᠦᠨᠢᠶᠡᠨ᠎ᠤ ᠬᠦᠢ᠍ᠰᠦ ᠵᠢᠨ ᠢᠯᠭ᠋ᠠᠯ ᠪᠦᠬᠦᠢ ᠬᠥᠪᠥᠷᠡᠯ᠂  ᠢᠴᠡᠭᠡᠯ ᠦᠷ᠎ᠡ ᠵᠢ ᠳᠡᠯᠭᠡᠷᠡᠭᠦᠯᠦᠨ ᠬᠡᠷᠡᠭᠯᠡᠬᠦ ᠵᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠡᠳ᠋᠎ᠤᠨ ᠵᠠᠰᠠᠭ᠎ᠤᠨ ᠲᠢᠩᠬᠢᠮ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠠᠷᠪᠠᠨ ᠳᠥᠷᠪᠡ) ᠲᠠᠷᠢᠮᠠᠯ ᠣᠢ ᠮᠣᠳᠣ ᠡᠪᠡᠰᠦᠨ᠎ᠤ ᠦᠷ᠎ᠡ ᠡᠭᠦᠯᠳᠡᠷ᠎ᠲᠤ ᠬᠣᠵᠢᠭᠤ ᠨᠥᠬᠥᠪᠦᠷᠢᠯᠡᠨ ᠱᠠᠩᠨᠠᠬᠤ ᠵᠢ ᠬᠡᠷᠡᠭᠵᠢᠭᠦᠯᠦᠨ᠎ᠡ᠃  ᠥᠪᠡᠷᠲᠡᠭᠡᠨ ᠵᠠᠰᠠᠬᠤ ᠣᠷᠣᠨ᠎ᠤ ᠦᠷ᠎ᠡ ᠡᠭᠦᠯᠳᠡᠷ ᠪᠣᠢ᠌ᠵᠢᠭᠤᠯᠬᠤ ᠨᠢᠭᠡᠴᠢ ᠵᠢᠨ ᠰᠢᠨ᠎ᠡ᠎ᠪᠠᠷ ᠪᠣᠢ᠌ᠵᠢᠭᠤᠯᠤᠭᠰᠠᠨ ᠤᠯᠤᠰ᠎ᠤᠨ ᠬᠢᠨᠠᠨ ᠲᠣᠭᠲᠠᠭ᠋ᠠᠯᠲᠠ᠎ᠪᠠᠷ ᠪᠠᠲᠤᠯᠠᠭᠳᠠᠭᠰᠠᠨ ᠭᠣᠣᠯ ᠪᠣᠯᠬᠤ ᠲᠠᠷᠢᠮᠠᠯ ᠪᠠ ᠣᠢ ᠮᠣᠳᠣ ᠡᠪᠡᠰᠦᠨ᠎ᠤ ᠦᠷ᠎ᠡ ᠡᠭᠦᠯᠳᠡᠷ ᠪᠦᠷᠢ᠎ᠳᠤ ᠨᠢᠭᠡ ᠯᠡ ᠤᠳᠠᠭ᠎ᠠ ᠵᠢᠨ ᠴᠢᠨᠠᠷᠲᠠᠢ᠎ᠪᠠᠷ 10 ᠲᠦᠮᠡᠨ ᠲᠥᠭᠥᠷᠢᠭ᠎ᠤᠨ ᠱᠠᠩᠨᠠᠯ ᠣᠯᠭᠣᠨ᠎ᠠ ;  ᠥᠪᠡᠷᠲᠡᠭᠡᠨ ᠵᠠᠰᠠᠬᠤ ᠣᠷᠣᠨ᠎ᠤ ᠦᠷ᠎ᠡ ᠡᠭᠦᠯᠳᠡᠷ ᠪᠣᠢ᠌ᠵᠢᠭᠤᠯᠬᠤ ᠨᠢᠭᠡᠴᠢ ᠵᠢᠨ ᠰᠢᠨ᠎ᠡ᠎ᠪᠠᠷ ᠪᠣᠢ᠌ᠵᠢᠭᠤᠯᠤᠭᠰᠠᠨ ᠤᠷᠭᠤᠮᠠᠯ᠎ᠤᠨ ᠰᠢᠨ᠎ᠡ ᠦᠷ᠎ᠡ ᠡᠭᠦᠯᠳᠡᠷ᠎ᠢ ᠬᠠᠮᠠᠭ᠋ᠠᠯᠠᠬᠤ ᠡᠷᠬᠡ ᠣᠯᠣᠭᠰᠠᠨ ᠦᠷ᠎ᠡ ᠡᠭᠦᠯᠳᠡᠷ ᠪᠦᠷᠢ᠎ᠳᠤ ᠨᠢᠭᠡ ᠯᠡ ᠤᠳᠠᠭ᠎ᠠ ᠵᠢᠨ ᠴᠢᠨᠠᠷᠲᠠᠢ᠎ᠪᠠᠷ 5 ᠲᠦᠮᠡᠨ ᠲᠥᠭᠥᠷᠢᠭ᠎ᠤᠨ ᠱᠠᠩᠨᠠᠯ ᠣᠯᠭᠣᠨ᠎ᠠ ;  ᠴᠢᠬᠤᠯᠠ ᠶᠡᠬᠡ ᠦᠷ᠎ᠡ ᠡᠭᠦᠯᠳᠡᠷ᠎ᠢ ᠰᠤᠳᠤᠯᠤᠨ ᠨᠡᠭᠡᠭᠡᠬᠦ ᠪᠠ ᠳᠡᠯᠭᠡᠷᠡᠭᠦᠯᠪᠡᠯ ᠬᠣᠵᠢᠭᠤ ᠨᠥᠬᠥᠪᠦᠷᠢᠯᠡᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂  ᠥᠪᠡᠷᠲᠡᠭᠡᠨ ᠵᠠᠰᠠᠬᠤ ᠣᠷᠣᠨ᠎ᠤ ᠳᠡᠯᠭᠡᠷᠡᠭᠦᠯᠦᠭᠰᠡᠨ ᠲᠠᠯᠠᠪᠠᠢ᠎ᠨᠢ ᠶᠡᠬᠡ᠂  ᠨᠢᠭᠡᠴᠢ ᠤᠨᠠᠯᠲᠠ ᠵᠢᠨ ᠬᠢᠷᠢ ᠲᠦᠪᠰᠢᠨ ᠵᠶ᠋ᠠᠷ ᠥᠨᠳᠥᠷ᠂  ᠤᠨᠠᠯᠲᠠ ᠨᠡᠮᠡᠭᠳᠡᠭᠦᠯᠬᠦ ᠳᠠᠯᠳᠠ ᠬᠦᠴᠦᠨ ᠵᠶ᠋ᠠᠷ ᠶᠡᠬᠡ᠂  ᠴᠢᠨᠠᠷ ᠰᠠᠢ᠌ᠲᠠᠢ ᠲᠤᠰᠬᠠᠢ ᠬᠡᠷᠡᠭᠯᠡᠭᠡᠨ᠎ᠤ ᠴᠢᠨᠠᠷ ᠵᠶ᠋ᠠᠷ ᠰᠠᠢ᠌ᠨ ᠡᠷᠳᠡᠨᠢ ᠰᠢᠰᠢ᠂  ᠰᠢᠷ᠎ᠠ ᠪᠤᠷᠴᠠᠭ᠂  ᠲᠥᠮᠥᠰᠥ ᠵᠢᠨ ᠦᠷ᠎ᠡ ᠡᠭᠦᠯᠳᠡᠷ᠎ᠲᠤ ᠡᠭᠦᠯᠳᠡᠷ ᠳᠡᠯᠭᠡᠷᠡᠭᠦᠯᠦᠭᠰᠡᠨ ᠱᠠᠩᠨᠠᠯ ᠣᠯᠭᠣᠵᠤ᠂  ᠦᠢ᠍ᠯᠡᠰ᠎ᠤᠨ ᠰᠠᠢ᠌ᠨ ᠦᠷ᠎ᠡ ᠡᠭᠦᠯᠳᠡᠷ ᠪᠣᠯᠭ᠋ᠠᠬᠤ ᠬᠢᠷᠢ ᠲᠦᠪᠰᠢᠨ᠎ᠤ ᠯᠠᠪᠳᠠᠭᠤᠨ ᠵᠶ᠋ᠠᠷ ᠳᠡᠭᠡᠭᠰᠢᠯᠡᠬᠦ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠡᠳ᠋᠎ᠤᠨ ᠵᠠᠰᠠᠭ᠎ᠤᠨ ᠲᠢᠩᠬᠢᠮ᠂  ᠣᠢ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠠᠷᠪᠠᠨ ᠲᠠᠪᠤ) ᠮᠠᠯ ᠵᠢᠭᠦᠷᠲᠡᠨ᠎ᠤ ᠦᠷ᠎ᠡ ᠡᠭᠦᠯᠳᠡᠷ᠎ᠲᠤ ᠬᠣᠵᠢᠭᠤ ᠨᠥᠬᠥᠪᠦᠷᠢᠯᠡᠨ ᠱᠠᠩᠨᠠᠬᠤ ᠵᠢ ᠬᠡᠷᠡᠭᠵᠢᠭᠦᠯᠦᠨ᠎ᠡ᠃  ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠪᠠᠷ ᠪᠣᠢ᠌ᠵᠢᠭᠤᠯᠤᠭᠰᠠᠨ ᠤᠯᠤᠰ᠎ᠤᠨ ᠬᠢᠨᠠᠨ ᠲᠣᠭᠲᠠᠭ᠋ᠠᠯᠲᠠ᠎ᠪᠠᠷ ᠪᠠᠲᠤᠯᠠᠭᠳᠠᠭᠰᠠᠨ ᠮᠠᠯ ᠵᠢᠭᠦᠷᠲᠡᠨ᠎ᠤ ᠰᠢᠨ᠎ᠡ ᠡᠭᠦᠯᠳᠡᠷ (ᠢᠵᠢ ᠤᠳᠤᠮᠯᠠᠯ) ᠪᠦᠷᠢ᠎ᠳᠤ 100 ᠲᠦᠮᠡᠨ ᠲᠥᠭᠥᠷᠢᠭ ᠱᠠᠩᠨᠠᠨ᠎ᠠ ;  ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ᠎ᠤᠨ ᠵᠥᠪᠯᠡᠯ᠎ᠠᠴᠠ ᠬᠢᠨᠠᠨ ᠲᠣᠭᠲᠠᠭ᠋ᠠᠵᠤ ᠪᠠᠲᠤᠯᠠᠭᠰᠠᠨ ᠮᠠᠯ ᠵᠢᠭᠦᠷᠲᠡᠨ᠎ᠤ ᠤᠳᠤᠮᠯᠠᠯ᠎ᠤᠨ ᠡᠬᠢ ᠪᠠᠶᠠᠯᠢᠭ ᠪᠦᠷᠢ᠎ᠳᠤ 50 ᠲᠦᠮᠡᠨ ᠲᠥᠭᠥᠷᠢᠭ ᠱᠠᠩᠨᠠᠨ᠎ᠠ ;  ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠨᠡᠷᠡᠰ᠎ᠤᠨ ᠵᠢᠭᠰᠠᠭ᠋ᠠᠯᠲᠠ ᠵᠢ ᠦᠨᠳᠦᠰᠦᠯᠡᠵᠦ᠂  ᠳᠡᠯᠡᠬᠡᠢ ᠪᠠ ᠤᠯᠤᠰ᠎ᠤᠨ ᠳᠣᠲᠣᠭ᠋ᠠᠳᠤᠬᠢ ᠨᠡᠷᠡᠰ᠎ᠤᠨ ᠵᠢᠭᠰᠠᠭ᠋ᠠᠯᠲᠠ᠎ᠳᠤ ᠡᠮᠦᠨᠡᠭᠦᠷ ᠣᠷᠣᠭᠰᠠᠨ ᠬᠤᠰᠲ᠋ᠠᠨ ᠦᠬᠡᠷ᠂  ᠰᠢᠮᠧᠨ᠋ᠲᠠᠷ ᠦᠬᠡᠷ᠂  ᠰᠠᠨ ᠾᠧ ᠦᠬᠡᠷ᠎ᠤᠨ ᠡᠭᠦᠯᠳᠡᠷ᠎ᠤᠨ ᠪᠤᠬ᠎ᠠ ᠵᠢᠨ ᠦᠷ᠎ᠡ ᠡᠭᠦᠯᠳᠡᠷ ᠪᠣᠢ᠌ᠵᠢᠭᠤᠯᠬᠤ ᠠᠵᠤ ᠠᠬᠤᠢ᠌ᠯᠠᠯ᠎ᠢ ᠪᠣᠯ ᠰᠢᠯᠭ᠋ᠠᠨ ᠬᠢᠨᠠᠭ᠋ᠠᠳ ᠪᠠᠷᠢᠮᠵᠢᠶᠠᠨ᠎ᠳᠤ ᠬᠥᠷᠥᠭᠰᠡᠨ᠎ᠤ ᠳᠠᠷᠠᠭ᠎ᠠ ᠬᠥᠬᠢᠭᠦᠯᠦᠨ ᠱᠠᠩᠨᠠᠨ᠎ᠠ ;  ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠨᠡᠷᠡᠲᠦ ᠲᠡᠮᠳᠡᠭ᠎ᠤᠨ ᠥᠷᠢᠰᠦᠯᠳᠦᠬᠦ ᠬᠦᠴᠦᠨ᠎ᠤ ᠵᠢᠭ᠋ᠠᠯᠲᠠ ᠲᠣᠭ᠎ᠠ ᠵᠢᠨ (CBI) ᠨᠡᠷᠡᠰ᠎ᠤᠨ ᠵᠢᠭᠰᠠᠭ᠋ᠠᠯᠲᠠ᠎ᠳᠤ ᠤᠯᠤᠰ᠎ᠤᠨ ᠳᠣᠲᠣᠭ᠋ᠠᠳᠤ ᠵᠢᠨ ᠡᠮᠦᠨ᠎ᠡ 100 ᠨᠡᠷᠡᠰ᠎ᠲᠤ ᠪᠠᠢ᠌ᠷᠢᠯᠠᠭᠰᠠᠨ ᠠᠯᠠᠰᠢᠨ᠎ᠤ ᠡᠭᠦᠯᠳᠡᠷ᠎ᠤᠨ ᠪᠤᠬ᠎ᠠ ᠵᠢ ᠪᠣᠢ᠌ᠵᠢᠭᠤᠯᠤᠭᠰᠠᠨ ᠦᠷ᠎ᠡ ᠡᠭᠦᠯᠳᠡᠷ ᠪᠣᠢ᠌ᠵᠢᠭᠤᠯᠬᠤ ᠠᠵᠤ ᠠᠬᠤᠢ᠌ᠯᠠᠯ᠎ᠤᠨ ᠪᠤᠬ᠎ᠠ ᠪᠦᠷᠢ᠎ᠳᠤ 5 ᠲᠦᠮᠡᠨ ᠲᠥᠭᠥᠷᠢᠭ ᠱᠠᠩᠨᠠᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠠᠷᠪᠠᠨ ᠵᠢᠷᠭᠤᠭ᠎ᠠ) ᠮᠥᠩᠭᠥᠨ ᠭᠦᠢ᠍ᠯᠭᠡᠭᠡᠨ᠎ᠤ ᠳᠡᠮᠵᠢᠯᠭᠡ ᠦᠵᠡᠬᠦᠯᠬᠦ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ᠎ᠡ᠃  ᠲᠤᠰᠬᠠᠢ ᠵᠦᠢ᠍ᠯ᠎ᠤᠨ ᠮᠥᠩᠭᠥᠨ ᠭᠦᠢ᠍ᠯᠭᠡᠭᠡᠨ᠎ᠤ ᠨᠡᠷᠡᠳᠬᠦᠨ ᠨᠡᠢ᠌ᠲᠡᠯᠡᠬᠦ ᠵᠢ ᠳᠡᠮᠵᠢᠵᠦ᠂  ᠦᠷ᠎ᠡ ᠡᠭᠦᠯᠳᠡᠷ᠎ᠤᠨ ᠦᠢ᠍ᠯᠡᠰ᠎ᠤᠨ ᠠᠵᠤ ᠠᠬᠤᠢ᠌ᠯᠠᠯ᠎ᠤᠨ ᠪᠡᠯᠡ ᠲᠣᠬᠢᠷᠠᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠤᠷᠢᠳ ᠵᠶ᠋ᠠᠷ ᠪᠠᠲᠤᠯᠠᠵᠤ᠂  ᠦᠷ᠎ᠡ ᠡᠭᠦᠯᠳᠡᠷ᠎ᠤᠨ ᠦᠢ᠍ᠯᠡᠰ᠎ᠤᠨ ᠰᠤᠳᠤᠯᠤᠨ ᠨᠡᠭᠡᠭᠡᠬᠦ ᠦᠶᠡᠯᠡᠯ᠎ᠤᠨ ᠬᠤᠭᠤᠴᠠᠭ᠎ᠠ ᠤᠷᠳᠤ ᠪᠠᠢ᠌ᠬᠤ ᠣᠨᠴᠠᠯᠢᠭ᠎ᠲᠤ ᠲᠣᠬᠢᠷᠠᠭᠤᠯᠤᠨ 3 - 5 ᠵᠢᠯ᠎ᠤᠨ ᠦᠶᠡᠯᠡᠯ᠎ᠤᠨ ᠬᠤᠭᠤᠴᠠᠭ᠎ᠠ ᠤᠷᠳᠤ ᠮᠥᠩᠭᠥᠨ ᠭᠦᠢ᠍ᠯᠭᠡᠭᠡᠨ᠎ᠤ ᠨᠡᠷᠡᠳᠭᠦᠨ᠎ᠢ ᠲᠣᠭᠲᠠᠭ᠋ᠠᠵᠤ᠂  ᠦᠷ᠎ᠡ ᠡᠭᠦᠯᠳᠡᠷ ᠪᠣᠢ᠌ᠵᠢᠭᠤᠯᠬᠤ ᠠᠵᠤ ᠠᠬᠤᠢ᠌ᠯᠠᠯ᠂  ᠦᠷ᠎ᠡ ᠵᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠳᠤ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠦᠵᠡᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃  ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠩᠭᠥ ᠵᠢ ᠰᠠᠢ᠌ᠲᠤᠷ ᠬᠡᠷᠡᠭᠯᠡᠵᠦ᠂  ᠨᠥᠬᠥᠴᠡᠯ᠎ᠳᠤ ᠨᠡᠢ᠌ᠴᠡᠭᠰᠡᠨ ᠥᠪᠡᠷᠲᠡᠭᠡᠨ ᠵᠠᠰᠠᠬᠤ ᠣᠷᠣᠨ᠎ᠤ ᠳᠡᠰ᠎ᠠᠴᠠ ᠳᠡᠭᠡᠭᠰᠢᠬᠢ ᠦᠷ᠎ᠡ ᠡᠭᠦᠯᠳᠡᠷ᠎ᠤᠨ ᠦᠢ᠍ᠯᠡᠰ᠎ᠤᠨ ᠬᠥᠲᠥᠴᠢ ᠠᠵᠤ ᠠᠬᠤᠢ᠌ᠯᠠᠯ᠎ᠤᠨ ᠦᠷ᠎ᠡ ᠡᠭᠦᠯᠳᠡᠷ᠎ᠢ ᠰᠤᠳᠤᠯᠤᠨ ᠨᠡᠭᠡᠭᠡᠬᠦ᠂  ᠰᠠᠭᠤᠷᠢᠨ ᠭᠠᠵᠠᠷ ᠪᠦᠲᠦᠭᠡᠨ ᠪᠠᠶ᠋ᠢᠭᠤᠯᠬᠤ ᠪᠠ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠵᠡᠷᠭᠡ ᠠᠵᠢᠯ ᠥᠷᠨᠢᠭᠦᠯᠬᠦ ᠵᠢ᠎ᠨᠢ ᠲᠡᠮᠵᠢᠨ᠎ᠡ᠃ (ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂  ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂  ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂  ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠠᠷᠪᠠᠨ ᠳᠣᠯᠤᠭ᠎ᠠ) ᠦᠷ᠎ᠡ ᠡᠭᠦᠯᠳᠡᠷ᠎ᠤᠨ ᠦᠢ᠍ᠯᠡᠰ᠎ᠤᠨ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠴᠡᠪᠡᠷᠰᠢᠭᠦᠯᠦᠨ᠎ᠡ᠃  ᠦᠷ᠎ᠡ ᠡᠭᠦᠯᠳᠡᠷ᠎ᠤᠨ ᠦᠢ᠍ᠯᠡᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠨᠠᠢ᠌ᠳᠠᠪᠤᠷᠢᠵᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠦᠷ᠎ᠡ ᠡᠭᠦᠯᠳᠡᠷ᠎ᠤᠨ ᠦᠢ᠍ᠯᠡᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠋ᠠᠨ᠎ᠢ ᠯᠠᠪᠳᠠᠭᠤᠨ ᠪᠠᠲᠤᠲᠠᠢ ᠥᠷᠨᠢᠭᠦᠯᠵᠦ᠂  ᠭᠠᠵᠠᠷ ᠣᠷᠣᠨ᠂  ᠰᠠᠯᠠᠭ᠎ᠠ ᠮᠥᠴᠢᠷ ᠠᠯᠤᠰᠯᠠᠭᠰᠠᠨ ᠬᠣᠯᠪᠤᠭ᠋ᠠᠯᠠᠨ ᠬᠥᠳᠡᠯᠦᠯᠴᠡᠵᠦ ᠬᠠᠮᠠᠭ᠋ᠠᠯᠠᠬᠤ ᠪᠠ ᠵᠠᠰᠠᠭ ᠵᠠᠬᠢᠷᠭ᠋ᠠᠨ ᠬᠠᠤᠯᠢ ᠴᠠᠭ᠋ᠠᠵᠠ ᠵᠢᠨ ᠬᠠᠮᠵᠢᠯᠴᠠᠨ ᠬᠠᠮᠠᠭ᠋ᠠᠯᠠᠬᠤ ᠲᠣᠭᠲᠠᠴᠠ ᠵᠢ ᠪᠠᠢ᠌ᠭᠤᠯᠵᠤ᠂  ᠬᠤᠳᠠᠯ ᠬᠠᠭᠤᠷᠮᠠᠭ ᠴᠢᠨᠠᠷ ᠮᠠᠭᠤ ᠵᠦᠢ᠍ᠯ ᠵᠶ᠋ᠠᠷ ᠨᠡᠷᠡᠲᠦ ᠲᠡᠮᠳᠡᠭ᠎ᠢ ᠣᠷᠣᠯᠠᠬᠤ ᠡᠷᠬᠡ᠎ᠳᠤ ᠬᠠᠯᠳᠠᠭᠰᠠᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂  ᠦᠷ᠎ᠡ ᠡᠭᠦᠯᠳᠡᠷ᠎ᠤᠨ ᠦᠢ᠍ᠯᠡᠰ᠎ᠤᠨ ᠠᠩᠬᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ᠎ᠨᠢ ᠬᠥᠭᠵᠢᠭᠡᠨ᠎ᠡ᠃  ᠦᠷ᠎ᠡ ᠡᠭᠦᠯᠳᠡᠷ᠎ᠤᠨ ᠦᠢ᠍ᠯᠡᠰ᠎ᠤᠨ ᠵᠠᠬ᠎ᠠ ᠳᠡᠯᠭᠡᠭᠦᠷ᠎ᠲᠤ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ᠎ᠪᠠᠨ ᠴᠢᠩᠭ᠋ᠠᠳᠬᠠᠵᠤ᠂  ᠦᠷ᠎ᠡ ᠡᠭᠦᠯᠳᠡᠷ᠎ᠤᠨ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂  ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂  ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

(ᠠᠷᠪᠠᠨ ᠨᠠᠢ᠍ᠮᠠ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠤᠷᠮᠠᠰᠢᠭᠤᠯᠬᠤ ᠲᠣᠭᠲᠠᠴᠠ ᠵᠢ ᠴᠢᠩᠭ᠋ᠠᠷᠠᠭᠤᠯᠤᠨ᠎ᠠ᠃  ᠲᠥᠷᠥ ᠵᠢᠨ ᠪᠣᠳᠣᠯᠭ᠎ᠠ ᠵᠢᠨ ᠬᠥᠲᠥᠯᠥᠨ ᠵᠢᠯᠤᠭᠣᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠰᠢᠨ᠎ᠡ ᠵᠢ ᠡᠭᠦᠳᠬᠦ ᠢᠳᠡᠪᠬᠢᠵᠢᠯ ᠰᠠᠨᠠᠭ᠋ᠠᠴᠢᠯᠠᠭ᠋ᠠᠲᠤ ᠴᠢᠨᠠᠷ᠎ᠢ ᠳᠠᠶ᠋ᠢᠴᠢᠯᠠᠨ᠂  ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ 《ᠮᠧᠩ ᠺᠧ ᠵᠢᠦᠢ》 ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠲᠠᠪᠴᠠᠩ᠎ᠢ ᠰᠠᠢ᠌ᠲᠤᠷ ᠠᠰᠢᠭᠯᠠᠵᠤ᠂  ᠰᠢᠨ᠎ᠡ ᠵᠢ ᠡᠭᠦᠳᠬᠦ ᠪᠦᠯᠬᠦᠮ ᠨᠡᠶ᠋ᠢᠲᠡ᠂  ᠲᠥᠷᠥᠯ ᠵᠦᠢ᠍ᠯ᠂  ᠪᠡᠯᠡ ᠮᠥᠩᠭᠥ ᠵᠢ ᠪᠦᠲᠦᠮᠵᠢᠲᠡᠢ ᠵᠣᠯᠭ᠋ᠠᠭᠤᠯᠵᠤ᠂  ᠣᠨᠣᠴᠠᠲᠠᠢ᠎ᠪᠠᠷ 《ᠭᠠᠷ ᠬᠣᠯᠪᠣᠭᠤᠯᠤᠨ᠎ᠠ》᠃  ᠰᠢᠯᠢᠳᠡᠭ᠎ᠠᠴᠠ ᠰᠢᠯᠢᠳᠡᠭ᠎ᠢ᠎ᠨᠢ ᠰᠣᠩᠭᠣᠬᠤ ᠵᠢ ᠪᠠᠷᠢᠮᠲᠠᠯᠠᠵᠤ᠂  ᠡᠭᠦᠳᠡ᠎ᠪᠠᠨ ᠨᠡᠭᠡᠭᠡᠵᠦ ᠬᠠᠮᠲᠤ᠎ᠪᠠᠷ ᠭᠦᠷᠳᠡᠯᠴᠡᠨ ᠰᠢᠨ᠎ᠡ ᠡᠭᠦᠳᠦᠯᠲᠡ ᠵᠢ ᠰᠡᠳᠦᠵᠦ᠂  ᠨᠡᠭᠡᠭᠡᠯᠲᠡ᠎ᠲᠠᠢ ᠬᠠᠮᠲᠤᠷᠠᠯᠴᠠᠵᠤ ᠪᠦᠯᠬᠦᠮ ᠨᠡᠶ᠋ᠢᠲᠡ ᠵᠢ ᠵᠣᠬᠢᠶᠠᠨ ᠪᠠᠢ᠌ᠭᠤᠯᠵᠤ᠂  ᠣᠷᠣᠨ᠎ᠤ ᠳᠣᠲᠣᠨ᠎ᠠ ᠭᠠᠳᠠᠨᠠᠬᠢ ᠲᠤᠰᠬᠠᠢ ᠮᠡᠷᠭᠡᠵᠢᠯᠲᠡᠨ᠎ᠤ ᠪᠦᠯᠬᠦᠮ ᠨᠡᠶ᠋ᠢᠲᠡ᠎ᠠᠴᠠ ᠦᠷ᠎ᠡ ᠡᠭᠦᠯᠳᠡᠷ᠎ᠤᠨ ᠦᠢ᠍ᠯᠡᠰ᠎ᠤᠨ ᠬᠥᠭᠵᠢᠯᠲᠡ ᠵᠢ ᠬᠦᠯᠢᠶᠡᠰᠦᠯᠡᠵᠦ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ᠎ᠨᠢ ᠳᠡᠮᠵᠢᠵᠦ᠂  ᠣᠷᠣᠨ᠎ᠤ ᠳᠣᠲᠣᠷᠠᠬᠢ ᠶᠡᠬᠡ ᠳᠡᠭᠡᠳᠦ ᠰᠤᠷᠭ᠋ᠠᠭᠤᠯᠢ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠦᠷ᠎ᠡ ᠡᠭᠦᠯᠳᠡᠷ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠵᠤ᠂  ᠦᠷ᠎ᠡ ᠡᠭᠦᠯᠳᠡᠷ᠎ᠤᠨ ᠲᠠᠯ᠎ᠠ᠎ᠪᠠᠷ᠎ᠬᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠤᠲᠤᠭ᠎ᠤᠨ ᠴᠢᠳᠠᠪᠤᠷᠢᠲᠠᠨ᠎ᠢ ᠨᠡᠩ ᠤᠯᠠᠨ ᠬᠥᠮᠥᠵᠢᠭᠦᠯᠦᠨ᠎ᠡ᠃  ᠦᠷ᠎ᠡ ᠡᠭᠦᠯᠳᠡᠷ᠎ᠤᠨ ᠦᠢ᠍ᠯᠡᠰ᠎ᠤᠨ ᠳᠡᠭᠡᠳᠦ ᠳᠡᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠡᠷᠴᠢᠮ ᠵᠶ᠋ᠠᠨ ᠴᠢᠩᠭ᠋ᠠᠷᠠᠭᠤᠯᠵᠤ᠂  ᠤᠷᠢᠨ ᠲᠣᠮᠢᠯᠠᠬᠤ ᠳᠦᠷᠢᠮ᠂  ᠬᠣᠣᠰ ᠤᠷᠢᠯᠭ᠎ᠠ ᠵᠢᠨ ᠳᠦᠷᠢᠮ᠎ᠤᠨ ᠬᠡᠯᠪᠡᠷᠢ᠎ᠪᠠᠷ ᠳᠡᠭᠡᠳᠦ ᠳᠡᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠳᠡᠮᠵᠢᠵᠦ᠂  ᠦᠷ᠎ᠡ ᠡᠭᠦᠯᠳᠡᠷ᠎ᠤᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ ᠪᠠ ᠰᠢᠨ᠎ᠡ ᠵᠢ ᠡᠭᠦᠳᠬᠦ ᠪᠦᠯᠬᠦᠮ ᠨᠡᠶ᠋ᠢᠲᠡ ᠵᠢ ᠣᠷᠣᠭᠤᠯᠤᠨ ᠠᠪᠴᠢᠷᠠᠬᠤ ᠵᠢ ᠵᠣᠷᠢᠭᠵᠢᠭᠤᠯᠵᠤ᠂ 《ᠨᠢᠭᠡ ᠨᠢᠭᠡ ᠠᠵᠢᠯ ᠶᠠᠪᠤᠳᠠᠯ ᠵᠶ᠋ᠠᠷ ᠵᠥᠪᠯᠡᠬᠦ》 ᠠᠷᠭ᠎ᠠ ᠮᠠᠶᠢᠭ ᠵᠶ᠋ᠠᠷ ᠳᠡᠮᠵᠢᠯᠭᠡ ᠦᠵᠡᠭᠦᠯᠦᠨ᠎ᠡ᠃  ᠦᠷ᠎ᠡ ᠡᠭᠦᠯᠳᠡᠷ᠎ᠤᠨ ᠦᠢ᠍ᠯᠡᠰ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠴᠢᠳᠠᠪᠤᠷᠢᠲᠠᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂  ᠤᠳᠤᠷᠢᠳᠤᠯᠭ᠎ᠠ ᠵᠢᠨ ᠲᠤᠰᠢᠶᠠᠯ ᠡᠭᠦᠷᠭᠡᠯᠡᠬᠦ ᠦᠭᠡᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠎ᠤ ᠠᠵᠤ ᠠᠬᠤᠢ᠌ᠯᠠᠯ᠎ᠳᠤ ᠬᠦᠷᠴᠦ ᠲᠤᠰᠢᠶᠠᠯ ᠪᠠ ᠴᠠᠯᠢᠩ ᠬᠠᠪᠰᠤᠷᠭ᠋ᠠᠬᠤ ᠵᠢ ᠵᠣᠷᠢᠭᠵᠢᠭᠤᠯᠵᠤ᠂  ᠠᠵᠤ ᠠᠬᠤᠢ᠌ᠯᠠᠯ᠎ᠤᠨ᠎ᠬᠢᠨ᠎ᠤ ᠠᠰᠢᠭ ᠲᠤᠰᠠ ᠵᠢ ᠬᠣᠯᠪᠣᠭᠳᠠᠭᠤᠯᠬᠤ ᠲᠣᠭᠲᠠᠴᠠ᠎ᠪᠠᠷ ᠰᠢᠨ᠎ᠡ ᠵᠢ ᠡᠭᠦᠳᠬᠦ ᠴᠢᠳᠠᠪᠤᠷᠢᠲᠠᠨ᠎ᠢ ᠰᠢᠩᠭᠡᠬᠡᠨ ᠣᠷᠣᠭᠤᠯᠬᠤ ᠵᠢ᠎ᠨᠢ ᠳᠡᠮᠵᠢᠵᠦ᠂  ᠦᠷ᠎ᠡ ᠡᠭᠦᠯᠳᠡᠷ᠎ᠤᠨ ᠦᠢ᠍ᠯᠡᠰ᠎ᠤᠨ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠎ᠤ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ ᠵᠠᠮ ᠮᠥᠷ᠎ᠢ ᠰᠢᠯᠤᠭᠤᠳᠬᠠᠨ᠎ᠠ᠃  ᠦᠷ᠎ᠡ ᠡᠭᠦᠯᠳᠡᠷ᠎ᠤᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠣᠭᠲᠠᠴᠠ᠎ᠳᠤ ᠰᠢᠨ᠎ᠡ ᠵᠢ ᠡᠭᠦᠳᠴᠦ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠵᠣᠷᠢᠭᠵᠢᠭᠤᠯᠵᠤ ᠪᠠᠲᠤᠯᠠᠬᠤ᠎ᠪᠠᠨ ᠴᠢᠩᠭ᠋ᠠᠷᠠᠭᠤᠯᠵᠤ᠂  ᠰᠢᠯᠵᠢᠭᠦᠯᠦᠨ ᠥᠭᠬᠦ᠂  ᠵᠥᠪᠰᠢᠶᠡᠷᠡᠬᠦ᠂  ᠦᠨ᠎ᠡ ᠬᠠᠩᠰᠢ ᠲᠣᠭᠲᠠᠭ᠋ᠠᠵᠤ ᠬᠤᠪᠢ ᠣᠷᠣᠭᠤᠯᠬᠤ ᠵᠡᠷᠭᠡ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠪᠣᠳᠠᠲᠠᠢ᠌ᠵᠢᠭᠤᠯᠤᠨ ᠤᠯᠠᠷᠢᠭᠤᠯᠤᠭᠰᠠᠨ ᠦᠷ᠎ᠡ ᠡᠭᠦᠯᠳᠡᠷ᠎ᠤᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠦᠨ ᠬᠡᠷᠡᠭᠯᠡᠭᠰᠡᠨ᠎ᠳᠤ ᠱᠠᠩᠨᠠᠯ ᠣᠯᠭᠣᠨ᠎ᠠ᠃  ᠵᠠᠬᠢᠶᠠᠯᠠᠭ᠎ᠠ ᠵᠢᠨ ᠮᠠᠶᠢᠭ᠂  ᠦᠢ᠍ᠯᠡᠴᠢᠯᠡᠭᠡᠨ᠎ᠤ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠢ ᠰᠦᠪᠡᠭᠴᠢᠯᠡᠵᠦ᠂  ᠦᠷ᠎ᠡ ᠡᠭᠦᠯᠳᠡᠷ᠎ᠤᠨ ᠦᠢ᠍ᠯᠡᠰ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠢ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠯᠤᠭ᠎ᠠ ᠥᠨᠳᠥᠷ ᠪᠦᠲᠦᠮᠵᠢᠲᠡᠢ᠎ᠪᠠᠷ ᠵᠣᠯᠭ᠋ᠠᠭᠤᠯᠬᠤ ᠵᠢ ᠠᠬᠢᠭᠤᠯᠵᠤ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠎ᠤ ᠦᠷ᠎ᠡ ᠪᠦᠲᠦᠭᠡᠯ ᠭᠠᠷᠭ᠋ᠠᠬᠤ᠂  ᠠᠵᠤ ᠠᠬᠤᠢ᠌ᠯᠠᠯ ᠦᠷ᠎ᠡ ᠪᠦᠲᠦᠭᠡᠯ᠎ᠢ ᠬᠤᠳᠠᠯᠳᠤᠨ ᠠᠪᠴᠤ ᠦᠷᠡᠵᠢᠭᠦᠯᠵᠦ ᠪᠣᠢ᠌ᠵᠢᠭᠤᠯᠤᠨ ᠳᠡᠯᠭᠡᠷᠡᠭᠦᠯᠬᠦ᠂  ᠲᠠᠷᠢᠶᠠᠴᠢᠨ ᠮᠠᠯᠴᠢᠳ ᠬᠠᠮᠤᠭ᠎ᠤᠨ ᠰᠢᠯᠢᠳᠡᠭ ᠬᠠᠮᠤᠭ᠎ᠠᠴᠠ ᠲᠣᠬᠢᠷᠠᠮᠵᠢᠲᠠᠢ ᠦᠷ᠎ᠡ ᠡᠭᠦᠯᠳᠡᠷ᠎ᠢ ᠬᠡᠷᠡᠭᠯᠡᠬᠦ ᠵᠢ ᠪᠡᠶᠡᠯᠡᠭᠦᠯᠵᠦ᠂  ᠦᠷ᠎ᠡ ᠡᠭᠦᠯᠳᠡᠷ᠎ᠤᠨ ᠦᠢ᠍ᠯᠡᠰ᠎ᠤᠨ ᠡᠯ᠎ᠡ ᠭᠣᠣᠯ ᠴᠣᠭᠴᠠ᠂  ᠡᠯ᠎ᠡ ᠭᠣᠭᠴᠣᠭ᠋ᠠᠨ᠎ᠤ ᠬᠦᠴᠦ ᠵᠢ ᠬᠠᠮᠲᠤᠳᠬᠠᠨ ᠪᠥᠬᠦ ᠬᠡᠯᠬᠢᠶᠡᠰᠦ᠎ᠪᠠᠷ ᠬᠥᠭᠵᠢᠬᠦ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂  ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

ᠳᠡᠭᠡᠷ᠎ᠡ ᠳᠤᠷᠠᠳᠤᠭᠰᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠴᠠᠭ ᠬᠤᠭᠤᠴᠠᠭ᠎ᠠ᠎ᠨᠢ 2023 ᠣᠨ᠎ᠠᠴᠠ 2025 ᠣᠨ᠎ᠤ ᠬᠣᠭᠣᠷᠣᠨᠳᠤ ᠪᠠᠢ᠌ᠵᠤ᠂ 《ᠤᠷᠢᠳ ᠵᠶ᠋ᠠᠷ ᠪᠠᠢ᠌ᠭᠤᠯᠵᠤ ᠳᠠᠷᠠᠭ᠎ᠠ᠎ᠳᠤ᠎ᠨᠢ ᠨᠥᠬᠥᠪᠦᠷᠢᠯᠡᠬᠦ》 ᠠᠷᠭ᠎ᠠ ᠮᠠᠶᠢᠭ ᠵᠶ᠋ᠠᠷ ᠬᠡᠷᠡᠭᠵᠢᠭᠦᠯᠪᠡᠯ᠂  ᠡᠯ᠎ᠡ ᠲᠦᠷᠦᠭᠦᠯᠡᠨ ᠠᠵᠢᠯᠯᠠᠬᠤ ᠰᠠᠯᠠᠭ᠎ᠠ ᠮᠥᠴᠢᠷ᠎ᠨᠢ ᠪᠡᠯᠡ ᠮᠥᠩᠭᠥᠨ᠎ᠤ ᠬᠠᠮᠢᠶᠠᠷᠤᠯᠲᠠ ᠪᠠ ᠰᠢᠯᠭ᠋ᠠᠨ ᠬᠤᠷᠢᠶᠠᠬᠤ ᠰᠢᠯᠭ᠋ᠠᠨ ᠬᠢᠨᠠᠬᠤ ᠠᠷᠭ᠎ᠠ᠎ᠪᠠᠨ ᠲᠣᠭᠲᠠᠭ᠋ᠠᠵᠤ᠂  ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠣᠨᠣᠴᠠᠲᠠᠢ ᠪᠣᠳᠠᠲᠠᠢ᠌ᠵᠢᠭᠤᠯᠤᠨ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃

2023 ᠣᠨ᠎ᠤ 10 ᠳ᠋ᠤᠭ᠋ᠠᠷ ᠰᠠᠷ᠎ᠠ ᠵᠢᠨ 21᠎ᠤ ᠡᠳᠦᠷ

(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2023 ᠣᠨ᠎ᠤ 10 ᠳ᠋ᠤᠭ᠋ᠠᠷ ᠰᠠᠷ᠎ᠠ ᠵᠢᠨ 23᠎ᠤ  ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ