ᠦᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠣᠷ ᠵᠠᠰᠠᠭ ᠠᠯᠪᠠᠨ ᠲᠠᠷᠬᠠᠭ᠋ᠠᠭᠰᠠᠨ [2023] 86 ᠳ᠋ᠤᠭ᠋ᠠᠷ ᠲᠤᠭ᠋ᠠᠲᠦ
ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ (2023 ᠣᠨ᠎ᠳᠤ ᠵᠠᠰᠠᠪᠤᠷᠢ ᠣᠷᠣᠭᠤᠯᠪᠠ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠬᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶ᠋ᠢᠯᠠᠯ ᠂ ᠠᠵᠢᠯ ᠦᠢ᠍ᠯᠡᠰ ᠦ᠋᠊ᠨ ᠨᠢᠭᠡᠴᠢ᠎ᠳᠤ᠄
ᠡᠳᠦᠭᠡ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ (2023 ᠣᠨ᠎ᠳᠤ ᠵᠠᠰᠠᠪᠤᠷᠢ ᠣᠷᠣᠭᠤᠯᠪᠠ) 》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2023 ᠣᠨ᠎ᠤ 12 ᠳ᠋ᠤᠭ᠋ᠠᠷ ᠰᠠᠷ᠎ᠠ ᠵᠢᠨ 19᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ (2023 ᠣᠨ᠎ᠳᠤ ᠵᠠᠰᠠᠪᠤᠷᠢ ᠣᠷᠣᠭᠤᠯᠪᠠ)
1 ᠶᠡᠷᠦᠩᠬᠡᠢ ᠳᠦᠷᠢᠮ
1.1 ᠨᠠᠢ᠌ᠷᠠᠭᠤᠯᠤᠨ ᠵᠣᠬᠢᠶᠠᠭᠰᠠᠨ ᠵᠣᠷᠢᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠡᠷᠬᠢᠮᠯᠡᠬᠦ ᠵᠢ ᠪᠠᠷᠢᠮᠲᠠᠯᠠᠨ᠂ ᠪᠠᠢ᠌ᠭ᠋ᠠᠯᠢ ᠵᠢᠨ ᠭᠠᠮᠰᠢᠭ᠎ᠤᠨ ᠬᠡᠷᠡᠭ᠂ ᠡᠨᠳᠡᠯ᠎ᠤᠨ ᠭᠠᠢ ᠭᠠᠮᠰᠢᠭ᠎ᠤᠨ ᠬᠡᠷᠡᠭ᠂ ᠨᠡᠢ᠌ᠭᠡᠮ᠎ᠤᠨ ᠠᠮᠤᠷ ᠲᠦᠪᠰᠢᠨ᠎ᠤ ᠬᠡᠷᠡᠭ ᠵᠡᠷᠭᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ (ᠳᠣᠷᠣᠭᠰᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠡᠵᠦ ᠲᠣᠪᠴᠢᠯᠠᠨ᠎ᠠ) ᠡᠭᠦᠰᠦᠭᠰᠡᠨ᠎ᠤ ᠳᠠᠷᠠᠭ᠎ᠠ᠂ ᠡᠯ᠎ᠡ ᠵᠦᠢ᠍ᠯ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠳᠠᠷᠤᠢ ᠲᠦᠷᠭᠡᠨ᠂ ᠥᠨᠳᠥᠷ ᠪᠦᠲᠦᠮᠵᠢᠲᠡᠢ᠂ ᠡᠮᠬᠢ ᠵᠢᠷᠤᠮ᠎ᠲᠠᠢ ᠶᠠᠪᠤᠭᠳᠠᠬᠤ ᠵᠢ ᠦᠨᠡᠨ ᠬᠦ᠌ ᠪᠠᠲᠤᠯᠠᠵᠤ᠂ ᠪᠥᠬᠥ ᠣᠷᠣᠨ᠎ᠤ ᠡᠯ᠎ᠡ ᠱᠠᠲᠤᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠴᠢᠳᠠᠪᠤᠷᠢ ᠪᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠥᠮᠥᠨ ᠬᠠᠷ᠎ᠠ ᠵᠢᠨ ᠦᠬᠦᠯ ᠰᠢᠷᠬᠠᠲᠤᠯ ᠪᠠ ᠡᠷᠡᠭᠦᠯ ᠮᠡᠨᠳᠦ ᠵᠢᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠨ ᠬᠥᠩᠭᠡᠯᠡᠵᠦ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢ ᠪᠠᠲᠤᠯᠠᠨ᠂ ᠨᠡᠢ᠌ᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠢ᠌ᠳᠠᠯ᠎ᠢ ᠬᠠᠮᠠᠭ᠋ᠠᠯᠠᠨ᠎ᠠ᠃
1.2 ᠨᠠᠢ᠌ᠷᠠᠭᠤᠯᠤᠨ ᠵᠣᠬᠢᠶᠠᠭᠰᠠᠨ ᠦᠨᠳᠦᠰᠦᠯᠡᠯ
《 ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ ᠬᠢᠭᠡᠳ ᠡᠷᠡᠭᠦᠯ ᠮᠡᠨᠳᠦ ᠵᠢ ᠠᠬᠢᠭᠤᠯᠬᠤ ᠬᠠᠥᠯᠢ》 ᠂ 《 ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠬᠠᠤᠯᠢ》 ᠂ 《 ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠯᠳᠠᠪᠤᠷᠢᠲᠤ ᠡᠪᠡᠳᠴᠢᠨ᠎ᠢ ᠰᠡᠷᠭᠡᠢ᠌ᠯᠡᠨ ᠵᠠᠰᠠᠬᠤ ᠬᠠᠥᠯᠢ》 ᠂ 《 ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ᠎ᠤᠨ ᠨᠥᠯᠥᠭᠡᠨ᠎ᠤ ᠡᠪᠡᠳᠴᠢᠨ᠎ᠢ ᠰᠡᠷᠭᠡᠢ᠌ᠯᠡᠨ ᠵᠠᠰᠠᠬᠤ ᠬᠠᠥᠯᠢ》 ᠂ 《 ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠴᠤᠷᠠᠭ᠎ᠤᠨ ᠴᠢᠨᠠᠷᠲᠠᠢ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠥᠯᠢ》 ᠵᠢᠴᠢ 《 ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠳᠦᠷᠢᠮ》 ᠂ 《 ᠤᠯᠤᠰ᠎ᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ》 ᠂ 《 ᠪᠥᠬᠥ ᠤᠯᠤᠰ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠡᠷᠡᠭᠦᠯ ᠬᠠᠮᠠᠭ᠋ᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠵᠢᠷᠤᠮᠵᠢᠯ (ᠲᠤᠷᠰᠢᠨ ᠬᠡᠷᠡᠭᠵᠢᠭᠦᠯᠬᠦ)》 ᠂《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠵᠢᠨ ᠬᠡᠷᠡᠭ᠎ᠤᠨ ᠶᠡᠷᠦᠩᠬᠡᠢ᠌ᠯᠡᠭᠰᠡᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ (ᠲᠤᠷᠰᠢᠨ ᠬᠡᠷᠡᠭᠵᠢᠭᠦᠯᠬᠦ)》 ᠵᠡᠷᠭᠡ ᠬᠠᠥᠯᠢ ᠴᠠᠭ᠋ᠠᠵᠠ᠂ ᠬᠠᠥᠯᠢ ᠲᠣᠭᠲᠠᠭ᠋ᠠᠯ ᠪᠠ ᠪᠡᠯᠡᠳᠭᠡᠯ ᠲᠥᠰᠥᠯ᠎ᠢ ᠦᠨᠳᠦᠰᠦᠯᠡᠵᠦ᠂ ᠲᠣᠰ ᠪᠡᠯᠡᠳᠭᠡᠯ ᠲᠥᠰᠥᠯ᠎ᠢ ᠲᠣᠭᠲᠠᠭ᠋ᠠᠪᠠ᠃
1.3 ᠲᠣᠬᠢᠷᠠᠭᠤᠯᠤᠨ ᠬᠡᠷᠡᠭᠯᠡᠬᠦ ᠬᠡᠪᠴᠢᠶ᠎ᠡ
ᠲᠣᠰ ᠪᠡᠯᠡᠳᠭᠡᠯ ᠲᠥᠰᠥᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠣᠯᠠᠨ ᠨᠡᠢ᠌ᠲᠡ ᠵᠢᠨ ᠬᠡᠨᠡᠳᠲᠡ ᠵᠢᠨ ᠬᠡᠷᠡᠭ (ᠪᠠᠢ᠌ᠭ᠋ᠠᠯᠢ ᠵᠢᠨ ᠭᠠᠮᠰᠢᠭ᠎ᠤᠨ ᠲᠥᠷᠥᠯ᠂ ᠡᠨᠳᠡᠯ᠎ᠤᠨ ᠭᠠᠢ ᠭᠠᠮᠰᠢᠭ᠎ᠤᠨ ᠲᠥᠷᠥᠯ᠂ ᠨᠡᠢ᠌ᠭᠡᠮ᠎ᠤᠨ ᠠᠮᠤᠷ ᠲᠦᠪᠰᠢᠨ᠎ᠤ ᠲᠥᠷᠥᠯ)᠎ᠠᠴᠠ ᠪᠣᠯᠣᠭᠰᠠᠨ ᠬᠥᠮᠥᠨ ᠬᠠᠷ᠎ᠠ ᠵᠢᠨ ᠦᠬᠦᠯ ᠰᠢᠷᠬᠠᠲᠤᠯ᠂ ᠡᠷᠡᠭᠦᠯ ᠮᠡᠨᠳᠦ ᠵᠢᠨ ᠬᠣᠬᠢᠷᠠᠯ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠳᠤ ᠲᠣᠬᠢᠷᠠᠭᠤᠯᠤᠨ ᠬᠡᠷᠡᠭᠯᠡᠨ᠎ᠡ᠃
ᠪᠠᠢ᠌ᠭ᠋ᠠᠯᠢ ᠵᠢᠨ ᠭᠠᠮᠰᠢᠭ᠎ᠤᠨ ᠬᠡᠷᠡᠭ᠎ᠲᠤ ᠭᠣᠣᠯᠳᠠᠭᠤ ᠤᠰᠤᠳᠤᠯ ᠭᠠᠩᠳᠠᠯ᠎ᠤᠨ ᠭᠠᠮᠰᠢᠭ᠂ ᠴᠠᠭ ᠠᠭᠤᠷ᠎ᠤᠨ ᠭᠠᠮᠰᠢᠭ᠂ ᠭᠠᠵᠠᠷ ᠬᠥᠳᠡᠯᠦᠯᠲᠡ ᠵᠢᠨ ᠭᠠᠮᠰᠢᠭ᠂ ᠭᠠᠵᠠᠷ ᠬᠥᠷᠥᠰᠥᠨ᠎ᠤ ᠭᠠᠮᠰᠢᠭ᠂ ᠠᠮᠢᠳᠤ ᠪᠣᠳᠠᠰ᠎ᠤᠨ ᠭᠠᠮᠰᠢᠭ ᠪᠠ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠤᠢ᠌ᠮᠠᠷ᠎ᠤᠨ ᠠᠶᠤᠯ ᠵᠡᠷᠭᠡ ᠪᠠᠭᠲᠠᠨ᠎ᠠ; ᠡᠨᠳᠡᠯ᠎ᠤᠨ ᠭᠠᠢ ᠭᠠᠮᠰᠢᠭ᠎ᠤᠨ ᠬᠡᠷᠡᠭ᠎ᠲᠤ ᠭᠣᠣᠯᠳᠠᠭᠤ ᠦᠢ᠍ᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠵᠡᠷᠭᠡ ᠠᠵᠤ ᠠᠬᠤᠢ᠌ᠯᠠᠯ᠎ᠤᠨ ᠡᠯ᠎ᠡ ᠲᠥᠷᠥᠯ᠎ᠤᠨ ᠠᠮᠤᠷ ᠲᠦᠪᠰᠢᠨ᠎ᠤ ᠡᠨᠳᠡᠯ᠂ ᠦᠢ᠍ᠯᠡᠳᠭᠦᠨ᠎ᠤ ᠶᠠᠰᠤ ᠴᠢᠨᠠᠷ᠎ᠤᠨ ᠡᠨᠳᠡᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠡᠨᠳᠡᠯ᠂ ᠣᠯᠠᠨ ᠨᠡᠢ᠌ᠲᠡ ᠵᠢᠨ ᠪᠡᠯᠡᠳᠭᠡᠮᠵᠢ ᠪᠠ ᠲᠥᠬᠥᠭᠡᠷᠦᠮᠵᠢ ᠵᠢᠨ ᠡᠨᠳᠡᠯ᠂ ᠴᠥᠮ᠎ᠡ ᠪᠣᠯᠣᠨ ᠰᠠᠴᠤᠷᠠᠭ᠎ᠤᠨ ᠡᠨᠳᠡᠯ᠂ ᠬᠢᠮᠢ ᠵᠢᠨ ᠬᠣᠣᠷᠳᠠᠯ᠂ ᠣᠷᠴᠢᠨ ᠲᠣᠭᠣᠷᠢᠨ᠎ᠤ ᠪᠣᠬᠢᠷᠲᠤᠯ ᠪᠠ ᠠᠮᠢ ᠠᠬᠤᠢ ᠵᠢ ᠡᠪᠳᠡᠭᠰᠡᠨ ᠬᠡᠷᠡᠭ ᠵᠡᠷᠭᠡ ᠪᠠᠭᠲᠠᠨ᠎ᠠ; ᠨᠡᠢ᠌ᠭᠡᠮ᠎ᠤᠨ ᠠᠮᠤᠷ ᠲᠦᠪᠰᠢᠨ᠎ᠤ ᠬᠡᠷᠡᠭ᠎ᠲᠤ ᠭᠣᠣᠯᠳᠠᠭᠤ ᠰᠦᠷᠳᠡᠭᠦᠯᠦᠯ ᠳᠠᠭ᠋ᠠᠷᠢᠯᠲᠠ ᠵᠢᠨ ᠬᠡᠷᠡᠭ᠂ ᠡᠷᠡᠭᠦᠦ ᠵᠢᠨ ᠶᠠᠯᠠᠲᠤ ᠬᠡᠷᠡᠭ᠂ ᠪᠦᠯᠦᠭᠵᠢᠯ᠎ᠤᠨ ᠴᠢᠨᠠᠷᠲᠠᠢ ᠬᠡᠷᠡᠭ᠂ ᠲᠣᠰᠣ ᠬᠡᠢ ᠵᠢᠨ ᠬᠠᠩᠭ᠋ᠠᠯᠭ᠎ᠠ ᠲᠠᠰᠤᠯᠳᠠᠭᠰᠠᠨ ᠭᠡᠨᠡᠳᠲᠡ ᠵᠢᠨ ᠬᠡᠷᠡᠭ᠂ ᠮᠥᠩᠭᠥᠨ ᠭᠦᠢ᠍ᠯᠭᠡᠭᠡᠨ᠎ᠤ ᠭᠡᠨᠡᠳᠲᠡ ᠵᠢᠨ ᠬᠡᠷᠡᠭ᠂ ᠭᠠᠳᠠᠭ᠋ᠠᠳᠤ᠎ᠲᠠᠢ ᠬᠣᠯᠪᠣᠭᠳᠠᠭᠰᠠᠨ ᠭᠡᠨᠡᠳᠲᠡ ᠵᠢᠨ ᠬᠡᠷᠡᠭ᠂ ᠦᠨᠳᠦᠰᠦᠲᠡᠨ ᠱᠠᠰᠢᠨ ᠰᠤᠷᠲᠠᠬᠤᠨ᠎ᠤ ᠬᠡᠷᠡᠭ᠂ ᠰᠦᠯᠵᠢᠶ᠎ᠡ ᠪᠠ ᠮᠡᠳᠡᠭᠡ ᠵᠠᠩᠬᠢ ᠵᠢᠨ ᠠᠮᠤᠷ ᠲᠦᠪᠰᠢᠨ᠎ᠤ ᠬᠡᠷᠡᠭ ᠵᠡᠷᠭᠡ ᠪᠠᠭᠲᠠᠨ᠎ᠠ᠃
ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠢ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ(ᠲᠤᠷᠰᠢᠨ ᠬᠡᠷᠡᠭᠵᠢᠭᠦᠯᠬᠦ)》᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
1.4 ᠠᠵᠢᠯᠯᠠᠬᠤ ᠵᠠᠷᠴᠢᠮ
ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ; ᠬᠠᠷᠢᠶᠠᠯᠠᠭᠳᠠᠬᠤ ᠭᠠᠵᠠᠷ ᠵᠶ᠋ᠠᠷ ᠬᠠᠮᠢᠶᠠᠷᠤᠭᠤᠯᠵᠤ᠂ ᠡᠭᠦᠷᠭᠡ ᠬᠠᠷᠢᠭᠤᠴᠠᠯᠭ᠎ᠠ ᠵᠢ ᠲᠣᠳᠣᠷᠬᠠᠢ ᠪᠣᠯᠭ᠋ᠠᠨ᠎ᠠ; ᠬᠠᠥᠯᠢ ᠲᠣᠭᠲᠠᠭ᠋ᠠᠯ᠎ᠢ ᠵᠢᠷᠤᠮᠯᠠᠵᠤ᠂ ᠰᠢᠨᠵᠢᠯᠡᠬᠦ ᠤᠬᠠᠭ᠋ᠠᠨᠴᠢ ᠵᠢᠷᠤᠮᠵᠢᠭᠤᠨ ᠪᠠᠢ᠌ᠯᠭ᠋ᠠᠨ᠎ᠠ; ᠴᠠᠭᠲᠤᠨᠢ ᠲᠤᠰᠬᠠᠯ ᠭᠠᠷᠭ᠋ᠠᠵᠤ᠂ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠤᠨ᠎ᠠ; ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠮᠡᠳᠡᠭᠡ ᠵᠠᠩᠬᠢ ᠵᠢ ᠬᠠᠮᠲᠤ᠎ᠳᠤ᠎ᠪᠠᠨ ᠬᠦᠷᠲᠡᠨ᠎ᠡ; ᠡᠩ᠎ᠤᠨ ᠦᠶ᠎ᠡ ᠪᠠ ᠪᠠᠴᠢᠮ ᠦᠶ᠎ᠡ ᠵᠢ ᠤᠶᠠᠯᠳᠤᠭᠤᠯᠵᠤ᠂ ᠰᠢᠨᠲᠠᠷᠠᠰᠢ ᠦᠭᠡᠢ ᠪᠠᠢ᠌ᠩᠭᠤ ᠪᠡᠯᠡᠳᠭᠡᠨ᠎ᠡ; ᠬᠠᠮᠵᠢᠯᠴᠠᠭ᠎ᠠ᠎ᠪᠠᠨ ᠴᠢᠩᠭ᠋ᠠᠳᠬᠠᠵᠤ᠂ ᠣᠯᠠᠨ ᠨᠡᠢ᠌ᠲᠡ ᠵᠢ ᠣᠷᠣᠯᠴᠠᠭᠤᠯᠤᠨ᠎ᠠ᠃
2 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠡᠷᠡᠭ᠎ᠤᠨ ᠳᠡᠰ᠎ᠤᠨ ᠬᠤᠪᠢᠶᠠᠷᠢᠯᠠᠯ
ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠠᠴᠠ ᠪᠣᠯᠣᠭᠰᠠᠨ ᠬᠥᠮᠥᠨ ᠬᠠᠷ᠎ᠠ ᠵᠢᠨ ᠦᠬᠦᠯ ᠰᠢᠷᠬᠠᠲᠤᠯ ᠪᠠ ᠡᠷᠡᠭᠦᠯ ᠮᠡᠨᠳᠦ ᠵᠢ ᠬᠣᠬᠢᠷᠠᠭᠤᠯᠤᠭᠰᠠᠨ ᠪᠠᠢ᠌ᠳᠠᠯ᠎ᠢ ᠦᠨᠳᠦᠰᠦᠯᠡᠵᠦ᠂ 《 ᠤᠯᠤᠰ᠎ᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠡᠷᠡᠭ᠎ᠢ ᠣᠨᠴᠠᠭ᠋ᠠᠢ ᠬᠦᠨᠳᠦ ᠶᠡᠬᠡ ( Ⅰ ᠳᠡᠰ)᠂ ᠬᠦᠨᠳᠦ ᠶᠡᠬᠡ ( Ⅱ ᠳᠡᠰ )᠂ ᠨᠡᠯᠢᠶᠡᠳ ᠶᠡᠬᠡ ( Ⅲ ᠳᠡᠰ) ᠪᠠ ᠡᠩ᠎ᠤᠨ (Ⅳ ᠳᠡᠰ) ᠭᠡᠬᠦ ᠳᠥᠷᠪᠡᠨ ᠳᠡᠰ ᠬᠤᠪᠢᠶᠠᠨ᠎ᠠ᠃
2.1 ᠣᠨᠴᠠᠭ᠋ᠠᠢ ᠬᠦᠨᠳᠦ ᠶᠡᠬᠡ ᠬᠡᠷᠡᠭ ( Ⅰ ᠳᠡᠰ)
(1) ᠨᠢᠭᠡ ᠤᠳᠠᠭ᠋ᠠᠨ᠎ᠤ ᠬᠡᠷᠡᠭ᠎ᠲᠤ ᠣᠨᠴᠠᠭ᠋ᠠᠢ ᠬᠦᠨᠳᠦ ᠶᠡᠬᠡ ᠬᠥᠮᠥᠨ ᠬᠠᠷ᠎ᠠ ᠦᠬᠦᠯ ᠰᠢᠷᠬᠠᠲᠤᠯ ᠡᠭᠦᠰᠦᠭᠰᠡᠨ ᠮᠥᠷᠲᠡᠭᠡᠨ ᠬᠦᠨᠳᠦ ᠲᠦᠭᠰᠢᠭᠦᠷᠢᠲᠡᠢ ᠪᠠᠢ᠌ᠳᠠᠯ᠎ᠳᠤ ᠪᠠᠢ᠌ᠭ᠎ᠠ ᠬᠥᠮᠥᠨ ᠠᠷᠪᠢᠨ᠂ ᠡᠰᠡᠭᠦᠯ᠎ᠡ ᠴᠥᠮ᠎ᠡ ᠵᠢᠨ ᠡᠨᠳᠡᠯ ᠪᠠ ᠭᠡᠨᠡᠳᠲᠡ ᠵᠢᠨ ᠰᠠᠴᠤᠷᠠᠭ᠎ᠤᠨ ᠬᠡᠷᠡᠭ᠂ ᠬᠢᠮᠢ ᠵᠢᠨ ᠡᠳ᠋ ᠯᠡᠪᠡᠷᠡᠭᠰᠡᠨ ᠡᠨᠳᠡᠯ ᠵᠡᠷᠭᠡ᠎ᠠᠴᠠ ᠪᠣᠯᠵᠤ ᠶᠡᠬᠡ ᠬᠡᠮᠵᠢᠶᠡᠨ᠎ᠤ ᠬᠥᠮᠥᠨ ᠬᠠᠷ᠎ᠠ ᠦᠬᠦᠵᠦ ᠰᠢᠷᠬᠠᠲᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠤᠯᠤᠰ᠎ᠠᠴᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠲᠠᠯ᠎ᠠ᠎ᠪᠠᠷ ᠳᠡᠮᠵᠢᠯᠭᠡ ᠦᠵᠡᠭᠦᠯᠬᠦ ᠵᠢ ᠭᠤᠶᠤᠴᠢᠯᠠᠭᠰᠠᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
(2) ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠣᠨᠴᠠᠭ᠋ᠠᠢ ᠬᠦᠨᠳᠦ ᠨᠣᠴᠢᠲᠠᠢ ᠬᠥᠮᠥᠨ ᠬᠠᠷ᠎ᠠ ᠦᠬᠦᠵᠦ ᠰᠢᠷᠬᠠᠲᠤᠭᠰᠠᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
(3) ᠲᠥᠷᠥ ᠵᠢᠨ ᠶᠠᠪᠤᠳᠠᠯ᠎ᠤᠨ ᠬᠣᠷᠢᠶ᠎ᠠ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠣᠨᠴᠠᠭ᠋ᠠᠢ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
2.2 ᠬᠦᠨᠳᠦ ᠶᠡᠬᠡ ᠬᠡᠷᠡᠭ ( Ⅱ ᠳᠡᠰ )
(1) ᠨᠢᠭᠡ ᠤᠳᠠᠭ᠋ᠠᠨ᠎ᠤ ᠬᠡᠷᠡᠭ᠎ᠲᠤ ᠬᠦᠨᠳᠦ ᠶᠡᠬᠡ ᠬᠥᠮᠥᠨ ᠬᠠᠷ᠎ᠠ ᠦᠬᠦᠯ ᠰᠢᠷᠬᠠᠲᠤᠯ ᠡᠭᠦᠰᠴᠦ᠂ ᠡᠭᠦᠨ᠎ᠳᠤ ᠦᠬᠦᠭᠰᠡᠨ ᠪᠠ ᠬᠦᠨᠳᠦ ᠲᠦᠭᠰᠢᠭᠦᠷᠢᠲᠡᠢ ᠪᠠᠢ᠌ᠳᠠᠯ᠎ᠳᠤ ᠪᠠᠢ᠌ᠭ᠎ᠠ ᠡᠪᠡᠳᠴᠢᠲᠡᠨ᠎ᠤ ᠵᠢᠱ᠌ᠢᠶ᠎ᠡ 5᠎ᠠᠴᠠ ᠳᠠᠪᠠᠭᠰᠠᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
(2) ᠠᠢ᠌ᠮᠠᠭ ᠬᠣᠲᠠ ᠠᠯᠤᠰᠯᠠᠭᠰᠠᠨ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
(3) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
2.3 ᠨᠡᠯᠢᠶᠡᠳ ᠶᠡᠬᠡ ᠬᠡᠷᠡᠭ ( Ⅲ ᠳᠡᠰ )
(1) ᠨᠢᠭᠡ ᠤᠳᠠᠭ᠋ᠠᠨ᠎ᠤ ᠬᠡᠷᠡᠭ᠎ᠲᠤ ᠨᠡᠯᠢᠶᠡᠳ ᠶᠡᠬᠡ ᠬᠥᠮᠥᠨ ᠬᠠᠷ᠎ᠠ ᠵᠢᠨ ᠦᠬᠦᠯ ᠰᠢᠷᠬᠠᠲᠤᠯ ᠡᠭᠦᠰᠴᠦ᠂ ᠡᠭᠦᠨ᠎ᠳᠤ ᠦᠬᠦᠭᠰᠡᠨ ᠪᠠ ᠬᠦᠨᠳᠦ ᠲᠦᠭᠰᠢᠭᠦᠷᠢᠲᠡᠢ ᠪᠠᠢ᠌ᠳᠠᠯ᠎ᠳᠤ ᠪᠠᠢ᠌ᠭ᠎ᠠ ᠡᠪᠡᠳᠴᠢᠲᠡᠨ᠎ᠤ ᠵᠢᠱ᠌ᠢᠶ᠎ᠡ 3᠎ᠠᠴᠠ ᠳᠠᠪᠠᠭᠰᠠᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
(2) ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠨᠡᠯᠢᠶᠡᠳ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
2.4 ᠡᠩ᠎ᠤᠨ ᠬᠡᠷᠡᠭ (Ⅳ ᠳᠡᠰ )
(1) ᠨᠢᠭᠡ ᠤᠳᠠᠭ᠋ᠠᠨ᠎ᠤ ᠬᠡᠷᠡᠭ᠎ᠲᠤ ᠵᠣᠬᠢᠬᠤ ᠲᠣᠭ᠎ᠠ ᠬᠡᠮᠵᠢᠶᠡᠨ᠎ᠤ ᠬᠥᠮᠥᠨ ᠬᠠᠷ᠎ᠠ ᠵᠢᠨ ᠦᠬᠦᠯ ᠰᠢᠷᠬᠠᠲᠤᠯ ᠡᠭᠦᠰᠴᠦ᠂ ᠡᠭᠦᠨ᠎ᠳᠤ ᠦᠬᠦᠭᠰᠡᠨ ᠪᠠ ᠬᠦᠨᠳᠦ ᠲᠦᠭᠰᠢᠭᠦᠷᠢᠲᠡᠢ ᠪᠠᠢ᠌ᠳᠠᠯ᠎ᠳᠤ ᠪᠠᠢ᠌ᠭ᠎ᠠ ᠡᠪᠡᠳᠴᠢᠲᠡᠨ᠎ᠤ ᠵᠢᠱ᠌ᠢᠶ᠎ᠡ 1᠎ᠠᠴᠠ ᠳᠠᠪᠠᠭᠰᠠᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
(2) ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠡᠩ᠎ᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
3 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠣᠬᠢᠶᠠᠨ ᠪᠠᠢ᠌ᠭᠤᠯᠤᠯᠲᠠ ᠵᠢᠨ ᠲᠣᠭᠲᠠᠯᠴᠠᠭ᠎ᠠ
ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠵᠢᠯᠣᠭᠣᠳᠬᠤ ᠪᠠᠢ᠌ᠭᠤᠯᠤᠮᠵᠢ ᠵᠢᠨ ᠨᠢᠭᠡᠳᠦᠯᠲᠡᠢ ᠤᠳᠤᠷᠢᠳᠤᠯᠭ᠎ᠠ᠂ ᠵᠢᠯᠣᠭᠣᠳᠤᠯᠭ᠎ᠠ ᠳᠣᠣᠷ᠎ᠠ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠨᠢᠭᠲᠠ ᠬᠠᠮᠵᠢᠯᠴᠠᠨ᠂ ᠵᠣᠬᠢᠴᠠᠭᠤᠯᠤᠨ ᠨᠢᠭᠡᠳᠦᠭᠦᠯᠵᠦ᠂ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠢ ᠬᠠᠮᠲᠤ᠎ᠪᠠᠷ ᠠᠷᠭ᠋ᠠᠴᠠᠵᠤ᠂ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠰᠠᠢ᠌ᠲᠤᠷ ᠬᠢᠬᠦ ᠬᠡᠷᠡᠭᠲᠡᠢ᠃
ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ᠎ᠳᠤ ᠄ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠪᠠᠢ᠌ᠭᠤᠯᠤᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠂ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠢ᠌ᠭᠤᠯᠤᠮᠵᠢ [ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠢ᠌ᠭᠤᠯᠤᠮᠵᠢ ᠵᠢ ᠵᠢᠭ᠋ᠠᠨ᠎ᠠ᠂ ᠡᠭᠦᠨ᠎ᠳᠤ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ (ᠥᠷᠲᠡᠭᠡ)᠂ ᠶᠡᠷᠦᠩᠬᠡᠢ ᠡᠮᠨᠡᠯᠭᠡ ᠵᠢᠨ ᠬᠣᠷᠢᠶ᠎ᠠ᠂ ᠲᠤᠰᠬᠠᠢ ᠰᠠᠯᠠᠭ᠋ᠠᠨ᠎ᠤ ᠡᠮᠨᠡᠯᠭᠡ ᠵᠢᠨ ᠬᠣᠷᠢᠶ᠎ᠠ᠂ ᠬᠢᠮᠢ ᠵᠢᠨ ᠬᠣᠣᠷᠳᠠᠯ᠂ ᠴᠥᠮ᠎ᠡ ᠪᠠ ᠰᠠᠴᠤᠷᠠᠭ᠎ᠤᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠮᠴᠢᠯᠡᠭᠡᠨ᠎ᠤ ᠠᠪᠤᠷᠠᠨ ᠵᠠᠰᠠᠬᠤ ᠲᠤᠰᠬᠠᠢ ᠪᠠᠢ᠌ᠭᠤᠯᠤᠮᠵᠢ᠂ ᠴᠢᠰᠤ ᠠᠪᠬᠤ ᠴᠢᠰᠤ ᠬᠠᠩᠭ᠋ᠠᠬᠤ ᠪᠠᠢ᠌ᠭᠤᠯᠤᠮᠵᠢ᠂ ᠡᠪᠡᠳᠴᠢᠨ ᠡᠮᠬᠡᠭ᠎ᠢ ᠰᠡᠷᠭᠡᠢ᠌ᠯᠡᠨ ᠬᠣᠷᠢᠭᠯᠠᠬᠤ ᠪᠠᠢ᠌ᠭᠤᠯᠤᠮᠵᠢ᠂ ᠣᠶᠣᠨ ᠮᠡᠳᠡᠷᠡᠯ᠎ᠤᠨ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠬᠤ ᠪᠠᠢ᠌ᠭᠤᠯᠤᠮᠵᠢ ᠵᠡᠷᠭᠡ ᠵᠢ ᠪᠠᠭᠲᠠᠭ᠋ᠠᠨ᠎ᠠ]᠂ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠣᠳᠬᠤ ᠭᠠᠵᠠᠷ᠎ᠢ ᠪᠠᠭᠲᠠᠭ᠋ᠠᠨ᠎ᠠ᠃
3.1 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ
ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠄ ᠣᠨᠴᠠᠭ᠋ᠠᠢ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠬᠤ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠠᠵᠢᠯ᠎ᠢ ᠬᠤᠪᠢᠳᠠᠨ ᠬᠠᠮᠢᠶᠠᠷᠴᠤ ᠪᠠᠢ᠌ᠭ᠎ᠠ ᠳᠡᠳ᠋ ᠲᠡᠷᠢᠭᠦᠯᠡᠭᠴᠢ᠎ᠠᠴᠠ ᠳᠤᠭᠤᠢ᠌ᠯᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠠᠢ᠌ᠭ᠎ᠠ ᠨᠠᠷᠢᠨ ᠪᠢᠴᠢᠭ᠎ᠤᠨ ᠳᠡᠳ᠋ ᠳᠠᠷᠤᠭ᠎ᠠ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠠᠢ᠌ᠭ᠎ᠠ ᠳᠡᠳ᠋ ᠡᠷᠬᠢᠯᠡᠭᠴᠢ)᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠭᠣᠣᠯ ᠤᠳᠤᠷᠢᠳᠤᠯᠭ᠎ᠠ᠎ᠠᠴᠠ ᠳᠤᠭᠤᠢ᠌ᠯᠠᠩ᠎ᠤᠨ ᠳᠡᠳ᠋ ᠳᠠᠷᠤᠭ᠎ᠠ ᠵᠢᠨ ᠲᠤᠰᠢᠶᠠᠯ᠎ᠢ ᠡᠭᠦᠷᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ (ᠠᠮᠤ ᠪᠤᠳᠠᠭ᠎ᠠ ᠪᠠ ᠡᠳ᠋ ᠪᠠᠷᠠᠭ᠎ᠠ ᠨᠦᠬᠡᠴᠡᠯᠡᠬᠦ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)᠂ ᠤᠯᠠᠭ᠋ᠠᠨ ᠵᠠᠭ᠋ᠠᠯᠮᠠᠢ᠌ᠳᠠᠨ᠎ᠤ ᠨᠡᠢ᠌ᠭᠡᠮᠯᠢᠭ ᠵᠢᠴᠢ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠎ᠤᠨ ᠪᠠᠲᠤᠯᠠᠭ᠎ᠠ ᠵᠢᠨ ᠲᠣᠪᠴᠢᠶ᠎ᠠ᠂ ᠬᠥᠬᠡᠬᠣᠲᠠ ᠪᠣᠭᠣᠮᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠵᠶ᠋ᠡᠷ ᠪᠦᠷᠢᠯᠳᠤᠭ᠌ᠰᠡᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠣᠨᠴᠠᠭ᠋ᠠᠢ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠤᠳᠤᠷᠢᠳᠬᠤ᠂ ᠵᠣᠬᠢᠶᠠᠨ ᠪᠠᠢ᠌ᠭᠤᠯᠬᠤ᠂ ᠵᠣᠬᠢᠴᠠᠭᠤᠯᠬᠤ᠂ ᠪᠠᠢ᠌ᠷᠢᠯᠠᠭᠤᠯᠬᠤ ᠠᠵᠢᠯ᠎ᠢ ᠬᠠᠷᠢᠭᠤᠴᠠᠨ᠎ᠠ; ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠬᠤ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠭᠣᠣᠯ ᠤᠳᠤᠷᠢᠳᠤᠯᠭ᠎ᠠ᠎ᠠᠴᠠ ᠳᠤᠭᠤᠢ᠌ᠯᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠬᠡᠯᠡᠵᠦ᠂ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ᠎ᠠᠴᠠ ᠳᠤᠭᠤᠢ᠌ᠯᠠᠩ᠎ᠤᠨ ᠳᠡᠳ᠋ ᠳᠠᠷᠤᠭ᠎ᠠ ᠵᠢᠨ ᠲᠤᠰᠢᠶᠠᠯ᠎ᠢ ᠡᠭᠦᠷᠬᠡᠯᠡᠵᠦ᠂ ᠬᠣᠯᠪᠣᠭᠳᠠᠯ ᠪᠦᠬᠦᠢ ᠭᠠᠵᠠᠷ ᠲᠠᠰᠤᠭ ᠪᠠ ᠬᠣᠯᠪᠣᠭᠳᠠᠯ ᠪᠦᠬᠦᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠵᠶ᠋ᠠᠷ ᠪᠦᠷᠢᠯᠳᠦᠭᠰᠡᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠤᠳᠤᠷᠢᠳᠬᠤ᠂ ᠵᠣᠬᠢᠶᠠᠨ ᠪᠠᠢ᠌ᠭᠤᠯᠬᠤ᠂ ᠵᠣᠬᠢᠴᠠᠭᠤᠯᠬᠤ᠂ ᠪᠠᠢ᠌ᠷᠢᠯᠠᠭᠤᠯᠬᠤ ᠠᠵᠢᠯ᠎ᠢ ᠬᠠᠷᠢᠭᠤᠴᠠᠨ᠎ᠠ᠃ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠳᠤ ᠲᠣᠬᠢᠷᠠᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠪᠤᠷᠠᠨ ᠲᠤᠰᠠᠯᠠᠬᠤ ᠪᠠᠢ᠌ᠭᠤᠯᠤᠮᠵᠢ ᠵᠢᠨ ᠠᠩᠬᠢ ᠡᠩᠨᠡᠭᠡ ᠵᠢ ᠬᠠᠮᠢᠶᠠᠷᠬᠤ᠂ ᠵᠣᠬᠢᠶᠠᠨ ᠪᠠᠢ᠌ᠭᠤᠯᠵᠤ ᠬᠠᠷᠢᠯᠴᠠᠬᠤ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠬᠢᠬᠦ᠂ ᠮᠡᠳᠡᠭᠡ ᠵᠠᠩᠬᠢ ᠵᠢ ᠴᠤᠭᠯᠠᠭᠤᠯᠬᠤ᠂ ᠮᠡᠷᠭᠡᠵᠢᠯ ᠴᠢᠳᠠᠪᠤᠷᠢ ᠵᠢᠨ ᠰᠣᠷᠢᠯᠲᠠ ᠬᠢᠬᠦ ᠵᠡᠷᠭᠡ ᠡᠳᠦᠷ ᠲᠤᠲᠤᠮ᠎ᠤᠨ ᠠᠵᠢᠯ᠎ᠢ ᠬᠠᠷᠢᠭᠤᠴᠠᠨ᠎ᠠ᠃
ᠠᠢ᠌ᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠄ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠠᠷᠠᠭ᠋ᠠᠯᠵᠠᠭᠰᠠᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠨᠡᠯᠢᠶᠡᠳ ᠶᠡᠬᠡ ᠪᠠ ᠡᠩ᠎ᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠲᠣᠰ ᠲᠣᠰ ᠤᠳᠤᠷᠢᠳᠤᠨ᠂ ᠡᠯ᠎ᠡ ᠲᠥᠷᠥᠯ᠎ᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠵᠣᠬᠢᠶᠠᠨ ᠪᠠᠢ᠌ᠭᠤᠯᠬᠤ᠂ ᠵᠣᠬᠢᠴᠠᠭᠤᠯᠬᠤ ᠡᠭᠦᠷᠭᠡ ᠵᠢ ᠳᠠᠭ᠋ᠠᠭ᠋ᠠᠨ ᠡᠭᠦᠷᠬᠡᠯᠡᠬᠦ ᠵᠢᠨ ᠬᠠᠮᠲᠤ ᠨᠡᠷ᠎ᠡ ᠵᠢᠭ᠋ᠠᠭᠰᠠᠨ ᠪᠠᠢ᠌ᠭᠤᠯᠤᠮᠵᠢ᠎ᠪᠠᠷ ᠡᠳᠦᠷ ᠲᠤᠲᠤᠮ᠎ᠤᠨ ᠠᠵᠢᠯ᠎ᠢ ᠬᠠᠷᠢᠭᠤᠴᠠᠭᠤᠯᠤᠨ᠎ᠠ᠃
3.2 ᠲᠤᠰᠬᠠᠢ ᠮᠡᠷᠭᠡᠵᠢᠯᠲᠡᠨ᠎ᠤ ᠳᠤᠭᠤᠢ᠌ᠯᠠᠩ
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠷᠡᠭᠦᠯ ᠬᠠᠮᠠᠭ᠋ᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠤᠰᠬᠠᠢ ᠮᠡᠷᠭᠡᠵᠢᠯᠲᠡᠨ᠎ᠤ ᠰᠠᠨᠠᠯ ᠵᠥᠪᠯᠡᠯᠭᠡ ᠥᠭᠬᠦ ᠺᠣᠮᠢᠰ᠎ᠢ ᠵᠣᠬᠢᠶᠠᠨ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠠᠬᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠳᠤ ᠰᠠᠨᠠᠯ ᠵᠥᠪᠯᠡᠯᠭᠡ ᠰᠠᠨᠠᠭᠤᠯᠭ᠎ᠠ᠂ ᠮᠡᠷᠭᠡᠵᠢᠯ᠎ᠤᠨ ᠵᠢᠯᠣᠭᠣᠳᠤᠯᠭ᠎ᠠ ᠪᠠ ᠳᠡᠮᠵᠢᠯᠭᠡ ᠬᠠᠩᠭ᠋ᠠᠨ᠎ᠠ᠃ ᠲᠤᠰᠬᠠᠢ ᠮᠡᠷᠭᠡᠵᠢᠯᠲᠡᠨ᠎ᠤ ᠰᠠᠨᠠᠯ ᠵᠥᠪᠯᠡᠯᠭᠡ ᠥᠭᠬᠦ ᠺᠣᠮᠢᠰ᠎ᠲᠤ 3 ᠵᠢᠯ᠎ᠳᠤ ᠨᠢᠭᠡ ᠤᠳᠠᠭ᠎ᠠ ᠲᠣᠬᠢᠷᠠᠭᠤᠯᠤᠯᠲᠠ ᠬᠢᠨ᠎ᠡ᠃
ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠳᠤ ᠮᠡᠷᠭᠡᠵᠢᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃
3.3 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠢ᠌ᠭᠤᠯᠤᠮᠵᠢ
ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠢ᠌ᠭᠤᠯᠤᠮᠵᠢ᠎ᠨᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠡᠭᠦᠷᠭᠡ ᠵᠢ ᠳᠠᠭ᠋ᠠᠭ᠋ᠠᠨ ᠡᠭᠦᠷᠬᠡᠯᠡᠨ᠎ᠡ᠃ ᠨᠢᠭᠡᠳᠦᠯᠲᠡᠢ ᠪᠠᠢ᠌ᠷᠢᠯᠠᠭᠤᠯᠬᠤ᠂ ᠠᠵᠢᠯ ᠵᠶ᠋ᠠᠨ ᠬᠤᠪᠢᠶᠠᠷᠢᠯᠠᠨ ᠬᠠᠷᠢᠭᠤᠴᠠᠬᠤ ᠵᠠᠷᠴᠢᠮ ᠶᠣᠰᠣᠭ᠋ᠠᠷ᠂ ᠡᠯ᠎ᠡ ᠱᠠᠲᠤᠨ᠎ᠤ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ (ᠥᠷᠳᠡᠭᠡ) ᠵᠢᠴᠢ ᠡᠮᠨᠡᠯᠭᠡ ᠵᠢᠨ ᠬᠣᠷᠢᠶᠠᠨ᠎ᠤ ᠲᠦᠷᠭᠡᠨ ᠡᠮᠨᠡᠬᠦ ᠰᠠᠯᠠᠭ᠎ᠠ᠂ ᠬᠢᠮᠢ ᠵᠢᠨ ᠬᠣᠣᠷᠳᠠᠯ᠂ ᠴᠥᠮ᠎ᠡ ᠪᠠ ᠰᠠᠴᠤᠷᠠᠭ᠎ᠤᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠮᠴᠢᠯᠡᠭᠡᠨ᠎ᠤ ᠠᠪᠤᠷᠠᠨ ᠵᠠᠰᠠᠬᠤ ᠲᠤᠰᠬᠠᠢ ᠪᠠᠢ᠌ᠭᠤᠯᠤᠮᠵᠢ᠎ᠨᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠ ᠰᠢᠷᠬᠠᠲᠤᠭᠰᠠᠳ᠎ᠢ ᠰᠢᠯᠵᠢᠭᠦᠯᠦᠨ ᠬᠦᠷᠭᠡᠬᠦ ᠡᠭᠦᠷᠭᠡ ᠵᠢ ᠳᠠᠭ᠋ᠠᠭ᠋ᠠᠨ ᠡᠭᠦᠷᠬᠡᠯᠡᠨ᠎ᠡ; ᠡᠯ᠎ᠡ ᠱᠠᠲᠤᠨ᠎ᠤ ᠶᠡᠷᠦᠩᠬᠡᠢ ᠡᠮᠨᠡᠯᠭᠡ ᠵᠢᠨ ᠬᠣᠷᠢᠶ᠎ᠠ᠂ ᠲᠤᠰᠬᠠᠢ ᠰᠠᠯᠠᠭ᠋ᠠᠨ᠎ᠤ ᠡᠮᠨᠡᠯᠭᠡ ᠵᠢᠨ ᠬᠣᠷᠢᠶ᠎ᠠ᠎ᠨᠢ ᠰᠢᠷᠬᠠᠲᠤᠭᠰᠠᠳ᠎ᠢ ᠬᠦᠯᠢᠶᠡᠨ ᠠᠪᠬᠤ ᠵᠢᠨ ᠬᠠᠮᠲᠤ ᠡᠮᠨᠡᠨ ᠰᠢᠢ᠍ᠳᠪᠦᠷᠢᠯᠡᠬᠦ᠂ ᠠᠪᠤᠷᠠᠨ ᠵᠠᠰᠠᠬᠤ ᠠᠵᠢᠯ᠎ᠢ ᠬᠠᠷᠢᠭᠤᠴᠠᠨ᠎ᠠ; ᠡᠯ᠎ᠡ ᠱᠠᠲᠤᠨ᠎ᠤ ᠴᠢᠰᠤ ᠠᠪᠬᠤ ᠴᠢᠰᠤ ᠬᠠᠩᠭ᠋ᠠᠬᠤ ᠪᠠᠢ᠌ᠭᠤᠯᠤᠮᠵᠢ᠎ᠨᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠠᠪᠤᠷᠠᠨ ᠲᠤᠰᠠᠯᠠᠬᠤ ᠬᠤᠭᠤᠴᠠᠭ᠋ᠠᠨ᠎ᠳᠠᠬᠢ ᠴᠢᠰᠤᠨ᠎ᠤ ᠬᠠᠩᠭ᠋ᠠᠯᠲᠠ ᠪᠠ ᠴᠢᠰᠤᠨ᠎ᠤ ᠢᠷᠡᠯᠲᠡ ᠵᠢ ᠵᠣᠬᠢᠶᠠᠨ ᠪᠠᠢ᠌ᠭᠤᠯᠬᠤ ᠠᠵᠢᠯ᠎ᠢ ᠬᠠᠷᠢᠭᠤᠴᠠᠨ᠎ᠠ; ᠡᠯ᠎ᠡ ᠱᠠᠲᠤᠨ᠎ᠤ ᠣᠶᠣᠨ ᠮᠡᠳᠡᠷᠡᠯ᠎ᠤᠨ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠨᠢ ᠰᠢᠷᠬᠠᠲᠤᠭᠰᠠᠳ ᠵᠢᠴᠢ ᠲᠡᠭᠦᠨ᠎ᠤ ᠭᠡᠷ᠎ᠤᠨ ᠬᠥᠮᠥᠰ᠂ ᠠᠪᠤᠷᠠᠨ ᠲᠤᠰᠠᠯᠠᠬᠤ ᠠᠵᠢᠯᠲᠠᠨ᠎ᠤ ᠰᠡᠳᠭᠢᠴᠡ ᠵᠢᠨ ᠬᠢᠮᠤᠷᠠᠯ᠎ᠢ ᠵᠢᠯᠣᠭᠣᠳᠤᠨ ᠨᠥᠯᠥᠭᠡᠯᠡᠬᠦ ᠠᠵᠢᠯ᠎ᠢ ᠬᠠᠷᠢᠭᠤᠴᠠᠨ᠎ᠠ; ᠡᠯ᠎ᠡ ᠱᠠᠲᠤᠨ᠎ᠤ ᠡᠪᠡᠳᠴᠢᠨ ᠡᠮᠭᠡᠭ᠎ᠢ ᠰᠡᠷᠭᠡᠢ᠌ᠯᠡᠨ ᠬᠣᠷᠢᠭᠯᠠᠬᠤ ᠪᠠᠢ᠌ᠭᠤᠯᠤᠮᠵᠢ ᠪᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠬᠤ ᠪᠠᠢ᠌ᠭᠤᠯᠤᠮᠵᠢ᠎ᠨᠢ ᠥᠪᠡᠷ ᠥᠪᠡᠷ᠎ᠤᠨ ᠡᠭᠦᠷᠭᠡ ᠴᠢᠳᠠᠪᠤᠷᠢ᠎ᠪᠠᠨ ᠦᠨᠳᠦᠰᠦᠯᠡᠵᠦ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠠᠬᠢ ᠡᠪᠡᠳᠴᠢᠨ ᠡᠮᠬᠡᠭ᠎ᠢ ᠰᠡᠷᠭᠡᠢ᠌ᠯᠡᠨ ᠬᠣᠷᠢᠭᠯᠠᠬᠤ ᠪᠠ ᠡᠷᠡᠭᠦᠯ ᠬᠠᠮᠠᠭ᠋ᠠᠯᠠᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠰᠠᠢ᠌ᠲᠤᠷ ᠬᠢᠨ᠎ᠡ᠃
3.4 ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠣᠳᠬᠤ ᠭᠠᠵᠠᠷ
ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠲᠤᠬᠠᠢ ᠵᠢᠨ ᠲᠠᠯᠠᠪᠠᠢ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠬᠡᠷᠡᠭᠴᠡᠭᠡ ᠵᠢ ᠦᠨᠳᠦᠰᠦᠯᠡᠵᠦ᠂ ᠴᠢᠬᠤᠯᠠᠲᠠᠢ ᠦᠶ᠎ᠡ᠎ᠳᠤ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠣᠳᠬᠤ ᠭᠠᠵᠠᠷ᠎ᠢ ᠪᠠᠢ᠌ᠭᠤᠯᠵᠤ᠂ ᠲᠤᠬᠠᠢ ᠵᠢᠨ ᠲᠠᠯᠠᠪᠠᠢ᠎ᠳᠠᠬᠢ ᠬᠠᠮᠤᠭ᠎ᠤᠨ ᠳᠡᠭᠡᠳᠦ ᠵᠡᠷᠭᠡ ᠳᠡᠰ᠎ᠲᠠᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠤᠶᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠵᠢᠯᠣᠭᠣᠳᠬᠤ ᠪᠠᠢ᠌ᠭᠤᠯᠤᠮᠵᠢ ᠵᠢᠨ ᠨᠡᠷ᠎ᠡ ᠵᠢᠭ᠋ᠠᠭᠰᠠᠨ ᠬᠠᠷᠢᠭᠤᠴᠠᠯᠭ᠋ᠠᠲᠠᠨ ᠨᠥᠬᠥᠳ᠎ᠠᠴᠠ ᠵᠢᠯᠣᠭᠣᠳᠬᠤ ᠳᠠᠷᠤᠭ᠎ᠠ ᠵᠢᠨ ᠲᠤᠰᠢᠶᠠᠯ᠎ᠢ ᠳᠠᠭ᠋ᠠᠭ᠋ᠠᠨ ᠡᠭᠦᠷᠬᠡᠯᠡᠵᠦ᠂ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠨᠢᠭᠡᠳᠦᠯᠲᠡᠢ ᠵᠢᠯᠣᠭᠣᠳᠴᠤ᠂ ᠵᠣᠬᠢᠴᠠᠭᠤᠯᠤᠨ᠎ᠠ᠃
4 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠳᠠᠭ᠋ᠠᠬᠤ ᠪᠠ ᠵᠣᠭᠰᠣᠭ᠋ᠠᠬᠤ
4.1 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠳᠡᠰ ᠬᠤᠪᠢᠶᠠᠨ ᠳᠠᠭ᠋ᠠᠬᠤ
4.1.1 Ⅰ ᠳᠡᠰ᠎ᠤᠨ ᠳᠠᠭ᠋ᠠᠬᠤ ᠠᠵᠢᠯᠯᠠᠭ᠎ᠠ
4.1.1.1 Ⅰ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ
ᠳᠣᠣᠷ᠎ᠠ ᠵᠢᠭᠰᠠᠭ᠋ᠠᠭᠰᠠᠨ ᠨᠦᠭᠦᠴᠡᠯ᠎ᠤᠨ ᠨᠢᠭᠡᠳᠤᠨᠢ ᠨᠡᠢ᠌ᠴᠡᠭᠰᠡᠨ ᠪᠠᠢ᠍ᠪᠠᠯ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ Ⅰ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ᠄
(1) ᠣᠨᠴᠠᠭ᠋ᠠᠢ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠴᠤ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠤᠯᠤᠰ᠎ᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠶᠡᠷᠦᠩᠬᠡᠢ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
(2) ᠣᠨᠴᠠᠭ᠋ᠠᠢ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠴᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠤᠯᠤᠰ᠎ᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠤᠰᠬᠠᠢ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
(3) ᠣᠨᠴᠠᠭ᠋ᠠᠢ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
(4) ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠣᠨᠴᠠᠭ᠋ᠠᠢ ᠬᠦᠨᠳᠦ ᠶᠡᠬᠡ ᠬᠡᠷᠡᠭ ( Ⅰ ᠳᠡᠰ )᠎ᠤᠨ ᠳᠡᠰ᠎ᠲᠤ ᠨᠡᠢ᠌ᠴᠡᠭᠰᠡᠨ ᠪᠤᠰᠤᠳ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
4.1.1.2 Ⅰ ᠳᠡᠰ᠎ᠤᠨ ᠳᠠᠭ᠋ᠠᠬᠤ ᠠᠵᠢᠯᠯᠠᠭ᠋ᠠᠨ
ᠣᠨᠴᠠᠭ᠋ᠠᠢ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠬᠤ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠵᠢᠯᠣᠭᠣᠳᠤᠯᠭ᠎ᠠ ᠳᠣᠣᠷ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠠᠨᠳᠤ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠭ᠋ᠠᠨ ᠵᠢᠯᠣᠭᠣᠳᠤᠯᠭ᠎ᠠ ᠳᠣᠣᠷ᠎ᠠ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠤᠳᠤᠷᠢᠳᠬᠤ ᠳᠤᠭᠤᠢ᠌ᠯᠠᠩ᠎ᠤᠨ ᠠᠵᠢᠯ᠎ᠢ ᠳᠠᠷᠤᠢ᠍ᠬᠠᠨ ᠡᠬᠢᠯᠡᠭᠦᠯᠵᠦ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠳᠠᠷᠤᠢ ᠲᠦᠷᠭᠡᠨ ᠵᠣᠬᠢᠶᠠᠨ ᠪᠠᠢ᠌ᠭᠤᠯᠵᠤ᠂ ᠵᠣᠬᠢᠴᠠᠭᠤᠯᠤᠨ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩᠨᠡᠭᠡ ᠪᠠ ᠬᠣᠯᠪᠣᠭᠳᠠᠯ ᠪᠦᠬᠦᠢ ᠬᠥᠮᠥᠰ᠎ᠢ ᠵᠣᠬᠢᠶᠠᠨ ᠪᠠᠢ᠌ᠭᠤᠯᠵᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠤᠭᠰᠠᠨ ᠲᠤᠬᠠᠢ ᠵᠢᠨ ᠲᠠᠯᠠᠪᠠᠢ᠎ᠳᠤ ᠬᠦᠷᠴᠦ ᠡᠮᠴᠢᠯᠡᠨ ᠠᠪᠤᠷᠠᠨ ᠵᠠᠰᠠᠬᠤ ᠠᠵᠢᠯ᠎ᠢ ᠥᠷᠨᠢᠭᠦᠯᠦᠨ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠢ᠌ᠳᠠᠯ᠎ᠳᠤ ᠶᠡᠷᠦᠩᠬᠡᠢ᠌ᠯᠡᠭᠰᠡᠨ ᠦᠨᠡᠯᠡᠨ ᠵᠢᠱ᠌ᠢᠯᠲᠠ ᠬᠢᠵᠦ᠂ ᠡᠮᠴᠢᠯᠡᠭᠡᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠰᠠᠨᠠᠭᠤᠯᠭ᠎ᠠ ᠵᠢ ᠳᠤᠷᠠᠳᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠵᠢᠯᠣᠭᠣᠳᠬᠤ ᠪᠠᠢ᠌ᠭᠤᠯᠤᠮᠵᠢ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠣᠨᠴᠠᠭ᠋ᠠᠢ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠭᠰᠠᠨ ᠬᠣᠯᠪᠣᠭᠳᠠᠯ ᠪᠦᠬᠦᠢ ᠪᠠᠢ᠌ᠳᠠᠯ᠎ᠢ ᠴᠠᠭ ᠲᠤᠬᠠᠢᠳᠤᠨᠢ ᠮᠡᠳᠡᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ᠎ᠤ ᠣᠨᠴᠠᠭ᠋ᠠᠢ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠤᠨ ᠲᠠᠯ᠎ᠠ᠎ᠪᠠᠷ ᠰᠢᠮᠳᠠᠭᠤᠯᠤᠨ ᠵᠢᠯᠣᠭᠣᠳᠤᠯᠭ᠎ᠠ ᠬᠢᠬᠦ ᠵᠢ ᠬᠢᠨᠠᠮᠠᠭ᠋ᠠᠢ ᠬᠦᠯᠢᠶᠡᠵᠦ᠂ ᠬᠡᠷᠡᠭᠴᠡᠭᠡ᠎ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠢᠳᠤᠨᠢ ᠳᠡᠪᠰᠢᠭᠦᠯᠵᠦ ᠤᠯᠤᠰ᠎ᠤᠨ ᠲᠤᠰᠠᠯᠠᠮᠵᠢ ᠵᠢ ᠣᠯᠬᠤ᠎ᠪᠠᠷ ᠬᠦᠴᠦᠯᠡᠨ ᠴᠢᠷᠮᠠᠢ᠌ᠨ᠎ᠠ᠃
ᠬᠡᠷᠡᠭ ᠭᠠᠷᠤᠭᠰᠠᠨ ᠭᠠᠵᠠᠷ᠎ᠤᠨ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠣᠳᠤᠯᠭ᠎ᠠ ᠳᠣᠣᠷ᠎ᠠ᠂ ᠲᠣᠰ ᠭᠠᠵᠠᠷ ᠣᠷᠣᠨ᠎ᠤ᠎ᠪᠠᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠣᠨᠴᠠᠭ᠋ᠠᠢ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠵᠣᠬᠢᠶᠠᠨ ᠪᠠᠢ᠌ᠭᠤᠯᠵᠤ᠂ ᠵᠣᠬᠢᠴᠠᠭᠤᠯᠤᠨ᠎ᠠ᠃
4.1.2 Ⅱ ᠳᠡᠰ᠎ᠤᠨ ᠳᠠᠭ᠋ᠠᠬᠤ ᠠᠵᠢᠯᠯᠠᠭ᠎ᠠ
4.1.2.1 Ⅱ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ
ᠳᠣᠣᠷ᠎ᠠ ᠵᠢᠭᠰᠠᠭ᠋ᠠᠭᠰᠠᠨ ᠨᠦᠭᠦᠴᠡᠯ᠎ᠤᠨ ᠨᠢᠭᠡᠳᠤᠨᠢ ᠨᠡᠢ᠌ᠴᠡᠭᠰᠡᠨ ᠪᠠᠢ᠍ᠪᠠᠯ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ Ⅱ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ᠄
(1) ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
(2) ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠤᠰᠬᠠᠢ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
(3) ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠦᠨᠳᠦ ᠶᠡᠬᠡ ᠬᠡᠷᠡᠭ ( Ⅱ ᠳᠡᠰ )᠎ᠤᠨ ᠳᠡᠰ᠎ᠲᠤ ᠨᠡᠢ᠌ᠴᠡᠭᠰᠡᠨ ᠪᠤᠰᠤᠳ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
4.1.2.2 Ⅱ ᠳᠡᠰ᠎ᠤᠨ ᠳᠠᠭ᠋ᠠᠬᠤ ᠠᠵᠢᠯᠯᠠᠭ᠋ᠠᠨ
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠣᠯᠠᠨ ᠨᠡᠢ᠌ᠲᠡ ᠵᠢᠨ ᠬᠦᠨᠳᠦ ᠶᠡᠬᠡ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠬᠣᠯᠪᠣᠭᠳᠠᠯ ᠪᠦᠬᠦᠢ ᠵᠢᠭ᠋ᠠᠪᠤᠷᠢ᠂ ᠨᠡᠪᠲᠡᠷᠡᠭᠦᠯᠭᠡ ᠪᠤᠶᠤ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠤᠳᠤᠷᠢᠳᠬᠤ ᠳᠤᠭᠤᠢ᠌ᠯᠠᠩ᠎ᠤᠨ ᠠᠵᠢᠯ᠎ᠢ ᠳᠠᠷᠤᠢ᠍ᠬᠠᠨ ᠡᠬᠢᠯᠡᠭᠦᠯᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠳᠠᠷᠤᠢ ᠲᠦᠷᠭᠡᠨ ᠵᠣᠬᠢᠶᠠᠨ ᠪᠠᠢ᠌ᠭᠤᠯᠵᠤ᠂ ᠵᠣᠬᠢᠴᠠᠭᠤᠯᠤᠨ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠩᠬᠢ ᠪᠠ ᠬᠣᠯᠪᠣᠭᠳᠠᠯ ᠪᠦᠬᠦᠢ ᠬᠥᠮᠥᠰ᠎ᠢ ᠵᠣᠬᠢᠶᠠᠨ ᠪᠠᠢ᠌ᠭᠤᠯᠵᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠤᠭᠰᠠᠨ ᠲᠤᠬᠠᠢ ᠵᠢᠨ ᠲᠠᠯᠠᠪᠠᠢ᠎ᠳᠤ ᠬᠦᠷᠴᠦ ᠡᠮᠴᠢᠯᠡᠵᠦ ᠠᠪᠤᠷᠠᠨ ᠵᠠᠰᠠᠬᠤ ᠠᠵᠢᠯ᠎ᠢ ᠥᠷᠨᠢᠭᠦᠯᠵᠦ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠢ᠌ᠳᠠᠯ᠎ᠳᠤ ᠶᠡᠷᠦᠩᠬᠡᠢ᠌ᠯᠡᠭᠰᠡᠨ ᠦᠨᠡᠯᠡᠨ ᠵᠢᠱ᠌ᠢᠯᠲᠡ ᠬᠢᠵᠦ᠂ ᠡᠮᠴᠢᠯᠡᠭᠡᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠰᠠᠨᠠᠭᠤᠯᠭ᠎ᠠ ᠵᠢ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠣᠭᠣᠳᠬᠤ ᠪᠠᠢ᠌ᠭᠤᠯᠤᠮᠵᠢ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡᠨ᠎ᠤ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠭᠰᠠᠨ ᠬᠣᠯᠪᠣᠭᠳᠠᠯ ᠪᠦᠬᠦᠢ ᠪᠠᠢ᠌ᠳᠠᠯ᠎ᠢ ᠴᠠᠭ ᠲᠤᠬᠠᠢᠳᠤᠨᠢ ᠮᠡᠳᠡᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ᠎ᠤ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠲᠠᠯ᠎ᠠ᠎ᠪᠠᠷ᠎ᠬᠢ ᠰᠢᠮᠳᠠᠭᠤᠯᠤᠯ ᠵᠢᠯᠣᠭᠣᠳᠤᠯᠭ᠎ᠠ ᠵᠢ ᠬᠢᠨᠠᠮᠠᠭ᠋ᠠᠢ ᠬᠦᠯᠢᠶᠡᠵᠦ᠂ ᠬᠡᠷᠡᠭᠴᠡᠭᠡ᠎ᠪᠠᠨ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠢᠳᠤᠨᠢ ᠳᠡᠪᠰᠢᠭᠦᠯᠵᠦ ᠤᠯᠤᠰ᠎ᠤᠨ ᠲᠤᠰᠠᠯᠠᠮᠵᠢ ᠵᠢ ᠣᠯᠬᠤ᠎ᠪᠠᠷ ᠬᠦᠴᠦᠯᠡᠨ ᠴᠢᠷᠮᠠᠢ᠌ᠨ᠎ᠠ᠃
ᠬᠡᠷᠡᠭ ᠭᠠᠷᠤᠭᠰᠠᠨ ᠭᠠᠵᠠᠷ᠎ᠤᠨ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠣᠳᠤᠯᠭ᠎ᠠ ᠳᠣᠣᠷ᠎ᠠ᠂ ᠲᠣᠰ ᠭᠠᠵᠠᠷ ᠣᠷᠣᠨ᠎ᠤ᠎ᠪᠠᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠬᠦᠨᠳᠦ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠵᠣᠬᠢᠶᠠᠨ ᠪᠠᠢ᠌ᠭᠤᠯᠵᠤ᠂ ᠵᠣᠬᠢᠴᠠᠭᠤᠯᠤᠨ᠎ᠠ᠃
4.1.3 Ⅲ ᠳᠡᠰ᠎ᠤᠨ ᠳᠠᠭ᠋ᠠᠬᠤ ᠠᠵᠢᠯᠯᠠᠭ᠎ᠠ
4.1.3.1 Ⅲ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ
ᠳᠣᠣᠷ᠎ᠠ ᠵᠢᠭᠰᠠᠭ᠋ᠠᠭᠰᠠᠨ ᠨᠥᠬᠥᠴᠡᠯ᠎ᠤᠨ ᠨᠢᠭᠡᠳᠤᠨᠢ ᠨᠡᠢ᠌ᠴᠡᠭᠰᠡᠨ ᠪᠠᠢ᠍ᠪᠠᠯ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ Ⅲ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ᠄
(1) ᠨᠡᠯᠢᠶᠡᠳ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠴᠤ᠂ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠠᠢ᠌ᠮᠠᠭ ᠬᠣᠲᠠ ᠵᠢᠨ ᠱᠠᠲᠤᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
(2) ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠨᠡᠯᠢᠶᠡᠳ ᠶᠡᠬᠡ ᠬᠡᠷᠡᠭ (Ⅲ ᠳᠡᠰ )᠎ᠤᠨ ᠳᠡᠰ᠎ᠲᠤ ᠨᠡᠢ᠌ᠴᠡᠭᠰᠡᠨ ᠪᠤᠰᠤᠳ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
4.1.3.2 Ⅲ ᠳᠡᠰ᠎ᠤᠨ ᠳᠠᠭ᠋ᠠᠬᠤ ᠠᠵᠢᠯᠯᠠᠭ᠋ᠠᠨ
ᠠᠢ᠌ᠮᠠᠭ ᠬᠣᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠨᠡᠯᠢᠶᠡᠳ ᠶᠡᠬᠡ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠬᠣᠯᠪᠣᠭᠳᠠᠯ ᠪᠦᠬᠦᠢ ᠵᠢᠭ᠋ᠠᠪᠤᠷᠢ᠂ ᠨᠡᠪᠲᠡᠷᠡᠭᠦᠯᠭᠡ ᠪᠤᠶᠤ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠤᠳᠤᠷᠢᠳᠬᠤ ᠳᠤᠭᠤᠢ᠌ᠯᠠᠩ᠎ᠤᠨ ᠠᠵᠢᠯ᠎ᠢ ᠳᠠᠷᠤᠢ᠍ᠬᠠᠨ ᠡᠬᠢᠯᠡᠭᠦᠯᠵᠦ᠂ ᠲᠤᠬᠠᠢ ᠵᠢᠨ ᠲᠠᠯᠠᠪᠠᠢ᠎ᠳᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠳᠠᠷᠤᠢ ᠲᠦᠷᠭᠡᠨ ᠵᠣᠬᠢᠶᠠᠨ ᠪᠠᠢ᠌ᠭᠤᠯᠤᠨ ᠥᠷᠨᠢᠭᠦᠯᠵᠦ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠢ᠌ᠳᠠᠯ᠎ᠳᠤ ᠶᠡᠷᠦᠩᠬᠡᠢ᠌ᠯᠡᠭᠰᠡᠨ ᠦᠨᠡᠯᠡᠨ ᠵᠢᠱ᠌ᠢᠯᠲᠡ ᠬᠢᠬᠦ ᠵᠢᠨ ᠬᠠᠮᠲᠤ᠂ ᠪᠠᠢ᠌ᠭ᠎ᠠ ᠭᠠᠵᠠᠷ᠎ᠤᠨ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠲᠣᠰ ᠱᠠᠲᠤᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠣᠭᠣᠳᠬᠤ ᠪᠠᠢ᠌ᠭᠤᠯᠤᠮᠵᠢ᠎ᠳᠤ ᠬᠣᠯᠪᠣᠭᠳᠠᠯ ᠪᠦᠬᠦᠢ ᠰᠢᠢ᠍ᠳᠪᠦᠷᠢᠯᠡᠭᠰᠡᠨ ᠪᠠᠢ᠌ᠳᠠᠯ᠎ᠢ ᠮᠡᠳᠡᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠨᠡᠯᠢᠶᠡᠳ ᠶᠡᠬᠡ ᠬᠡᠷᠡᠭ᠎ᠤᠨ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠬᠡᠷᠡᠭ ᠭᠠᠷᠤᠭᠰᠠᠨ ᠭᠠᠵᠠᠷ᠎ᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠰᠢᠮᠳᠠᠭᠤᠯᠤᠨ ᠵᠢᠯᠣᠭᠣᠳᠴᠤ᠂ ᠴᠢᠬᠤᠯᠠᠲᠠᠢ ᠦᠶ᠎ᠡ᠎ᠳᠤ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠮᠡᠷᠭᠡᠵᠢᠯ᠎ᠤᠨ ᠵᠢᠯᠣᠭᠣᠳᠤᠯᠭ᠎ᠠ ᠬᠠᠩᠭ᠋ᠠᠬᠤ ᠪᠠ ᠳᠡᠮᠵᠢᠯᠭᠡ ᠦᠵᠡᠭᠦᠯᠬᠦ ᠬᠡᠷᠡᠭᠲᠡᠢ᠃
4.1.4 Ⅳ ᠳᠡᠰ᠎ᠤᠨ ᠳᠠᠭ᠋ᠠᠬᠤ ᠠᠵᠢᠯᠯᠠᠭ᠎ᠠ
4.1.4.1 Ⅳ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠬᠦ
ᠳᠣᠣᠷ᠎ᠠ ᠵᠢᠭᠰᠠᠭ᠋ᠠᠭᠰᠠᠨ ᠨᠥᠬᠥᠴᠡᠯ᠎ᠤᠨ ᠨᠢᠭᠡᠳᠤᠨᠢ ᠨᠡᠢ᠌ᠴᠡᠭᠰᠡᠨ ᠪᠠᠢ᠍ᠪᠠᠯ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ Ⅳ ᠳᠡᠰ᠎ᠤᠨ ᠳᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ᠄
(1) ᠡᠩ᠎ᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠴᠤ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ ᠬᠣᠰᠢᠭᠤ ᠰᠢᠶᠠᠨ᠎ᠤ ᠱᠠᠲᠤᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ᠎ᠢ ᠡᠬᠢᠯᠡᠭᠦᠯᠦᠭᠰᠡᠨ᠃
(2) ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩ᠎ᠤᠨ ᠬᠡᠷᠡᠭ (Ⅳ ᠳᠡᠰ )᠎ᠤᠨ ᠳᠡᠰ᠎ᠲᠤ ᠨᠡᠢ᠌ᠴᠡᠭᠰᠡᠨ ᠪᠤᠰᠤᠳ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠃
4.1.4.2 Ⅳ ᠳᠡᠰ᠎ᠤᠨ ᠳᠠᠭ᠋ᠠᠬᠤ ᠠᠵᠢᠯᠯᠠᠭ᠋ᠠᠨ
ᠬᠣᠰᠢᠭᠤ ᠰᠢᠶᠠᠨ (ᠬᠣᠲᠠ᠂ ᠲᠣᠭᠣᠷᠢᠭ)᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠩ᠎ᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠬᠣᠯᠪᠣᠭᠳᠠᠯ ᠪᠦᠬᠦᠢ ᠵᠢᠭ᠋ᠠᠪᠤᠷᠢ᠂ ᠨᠡᠪᠲᠡᠷᠡᠭᠦᠯᠭᠡ ᠪᠤᠶᠤ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠬᠣᠰᠢᠭᠤ ᠰᠢᠶᠠᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠤᠳᠤᠷᠢᠳᠬᠤ ᠳᠤᠭᠤᠢ᠌ᠯᠠᠩ᠎ᠤᠨ ᠠᠵᠢᠯ᠎ᠢ ᠳᠠᠷᠤᠢ᠍ᠬᠠᠨ ᠡᠬᠢᠯᠡᠭᠦᠯᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠢ᠌ᠭᠤᠯᠤᠮᠵᠢ ᠵᠢ ᠳᠠᠷᠤᠢ ᠲᠦᠷᠭᠡᠨ ᠵᠣᠬᠢᠶᠠᠨ ᠪᠠᠢ᠌ᠭᠤᠯᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠲᠤᠬᠠᠢ ᠵᠢᠨ ᠲᠠᠯᠠᠪᠠᠢ ᠵᠢᠨ ᠠᠪᠤᠷᠠᠨ ᠵᠠᠰᠠᠬᠤ ᠠᠵᠢᠯ᠎ᠢ ᠥᠷᠨᠢᠭᠦᠯᠵᠦ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠢ᠌ᠳᠠᠯ᠎ᠢ ᠨᠤᠲᠠᠯᠠᠨ ᠲᠣᠭᠲᠠᠭ᠋ᠠᠬᠤ ᠪᠠ ᠦᠨᠡᠯᠡᠨ ᠵᠢᠱ᠌ᠢᠬᠦ ᠵᠢᠨ ᠬᠠᠮᠲᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠣᠭᠣᠳᠬᠤ ᠪᠠᠢ᠌ᠭᠤᠯᠤᠮᠵᠢ᠎ᠳᠤ ᠬᠣᠯᠪᠣᠭᠳᠠᠯ ᠪᠦᠬᠦᠢ ᠰᠢᠢ᠍ᠳᠪᠦᠷᠢᠯᠡᠭᠰᠡᠨ ᠪᠠᠢ᠌ᠳᠠᠯ᠎ᠢ ᠮᠡᠳᠡᠭᠦᠯᠦᠨ᠎ᠡ᠃
ᠠᠢ᠌ᠮᠠᠭ ᠬᠣᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠴᠢᠬᠤᠯᠠᠲᠠᠢ ᠦᠶ᠎ᠡ᠎ᠳᠤ ᠳᠠᠷᠤᠢ ᠲᠦᠷᠭᠡᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠳᠤ ᠮᠡᠷᠭᠡᠵᠢᠯ᠎ᠤᠨ ᠵᠢᠯᠣᠭᠣᠳᠤᠯᠭ᠎ᠠ ᠥᠭᠬᠦ ᠬᠡᠷᠡᠭᠲᠡᠢ᠃
4.2 ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠴᠢ ᠵᠢᠯᠣᠭᠣᠳᠤᠯᠭ᠎ᠠ
ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠩᠬᠢ᠎ᠨᠢ ᠠᠪᠤᠷᠠᠨ ᠲᠤᠰᠠᠯᠠᠬᠤ ᠵᠠᠷᠯᠢᠭ ᠵᠢᠭ᠋ᠠᠪᠤᠷᠢ ᠵᠢ ᠲᠣᠰᠣᠭᠰᠠᠨ᠎ᠤ ᠳᠠᠷᠠᠭ᠎ᠠ ᠴᠠᠭ ᠲᠤᠬᠠᠢᠳᠤᠨᠢ ᠲᠤᠬᠠᠢ ᠵᠢᠨ ᠲᠠᠯᠠᠪᠠᠢ᠎ᠳᠤ ᠬᠦᠷᠬᠦ ᠵᠢᠨ ᠬᠠᠮᠲᠤ ᠲᠤᠬᠠᠢ ᠵᠢᠨ ᠲᠠᠯᠠᠪᠠᠢ ᠵᠢᠨ ᠪᠠᠢ᠌ᠳᠠᠯ᠎ᠢ ᠦᠨᠳᠦᠰᠦᠯᠡᠨ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠪᠥᠬᠥ ᠬᠦᠴᠦᠨ ᠵᠶ᠋ᠡᠷ ᠵᠶ᠋ᠡᠨ ᠥᠷᠨᠢᠭᠦᠯᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠶᠠᠪᠤᠴᠠ᠎ᠳᠤ᠂ ᠢᠳᠡᠪᠬᠢᠲᠡᠢ᠎ᠪᠠᠷ ᠠᠪᠤᠷᠠᠨ ᠵᠠᠰᠠᠬᠤ ᠬᠡᠷᠡᠭᠲᠡᠢ ᠮᠥᠷᠲᠡᠭᠡᠨ ᠥᠪᠡᠷ᠎ᠢ᠎ᠪᠠᠨ ᠬᠠᠮᠠᠭ᠋ᠠᠯᠠᠬᠤ ᠵᠢ ᠪᠠᠰᠠ ᠠᠩᠬᠠᠷᠴᠤ᠂ ᠠᠮᠤᠷ ᠲᠦᠪᠰᠢᠨ ᠵᠶ᠋ᠠᠨ ᠦᠨᠡᠨ ᠬᠦ᠌ ᠪᠠᠲᠤᠯᠠᠬᠤ ᠬᠡᠷᠡᠭᠲᠡᠢ᠃
ᠲᠤᠬᠠᠢ ᠵᠢᠨ ᠲᠠᠯᠠᠪᠠᠢ ᠵᠢᠨ ᠪᠠᠢ᠌ᠳᠠᠯ᠎ᠢ ᠴᠠᠭ ᠲᠤᠬᠠᠢᠳᠤᠨᠢ ᠣᠨᠣᠪᠴᠢᠲᠠᠢ᠎ᠪᠠᠷ ᠡᠵᠡᠮᠰᠢᠨ᠂ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠵᠤ ᠵᠢᠯᠣᠭᠣᠳᠬᠤ ᠠᠵᠢᠯ᠎ᠢ ᠰᠠᠢ᠌ᠲᠤᠷ ᠬᠢᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠪᠤᠰᠢᠭᠤ ᠲᠦᠷᠭᠡᠨ᠂ ᠡᠮᠬᠢ ᠵᠢᠷᠤᠮ᠎ᠲᠠᠢ᠂ ᠥᠨᠳᠥᠷ ᠪᠦᠲᠦᠮᠵᠢᠲᠡᠢ᠎ᠪᠠᠷ ᠶᠠᠪᠤᠭᠳᠠᠭᠤᠯᠬᠤ ᠵᠢᠨ ᠲᠤᠰᠠᠳᠠ᠂ ᠬᠣᠯᠪᠣᠭᠳᠠᠯ ᠪᠦᠬᠦᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠡᠷᠡᠭ ᠭᠠᠷᠤᠭᠰᠠᠨ ᠲᠤᠬᠠᠢ ᠵᠢᠨ ᠲᠠᠯᠠᠪᠠᠢ᠎ᠳᠤ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠣᠳᠬᠤ ᠭᠠᠵᠠᠷ᠎ᠢ ᠲᠣᠬᠢᠷᠠᠭᠤᠯᠵᠤ᠂ ᠭᠣᠣᠯ ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠴᠤ ᠪᠠᠢ᠍ᠭ᠎ᠠ ᠤᠳᠤᠷᠢᠳᠤᠯᠭ᠎ᠠ ᠪᠡᠶ᠎ᠡ᠎ᠪᠠᠷ ᠵᠶ᠋ᠡᠨ ᠲᠤᠬᠠᠢ ᠵᠢᠨ ᠲᠠᠯᠠᠪᠠᠢ᠎ᠳᠤ ᠬᠦᠷᠴᠦ᠂ ᠡᠮᠦᠨ᠎ᠡ ᠹᠷᠤᠨᠲ᠎ᠲᠤ ᠬᠦᠷᠴᠦ ᠵᠢᠯᠣᠭᠣᠳᠴᠤ᠂ ᠳᠤᠮᠳᠠᠬᠢ ᠭᠣᠭᠴᠣᠭ᠎ᠠ ᠵᠢ ᠪᠠᠭ᠋ᠠᠰᠬᠠᠨ᠂ ᠰᠢᠢ᠍ᠳᠪᠦᠷᠢᠯᠡᠴᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠪᠤᠷᠠᠨ ᠲᠤᠰᠠᠯᠠᠬᠤ ᠠᠬᠢᠴᠠ ᠵᠢ ᠲᠦᠷᠭᠡᠳᠬᠡᠬᠦ ᠬᠡᠷᠡᠭᠲᠡᠢ᠃ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠣᠳᠬᠤ ᠭᠠᠵᠠᠷ᠎ᠨᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠵᠢᠯᠣᠭᠣᠳᠬᠤ ᠪᠠᠢ᠌ᠭᠤᠯᠤᠮᠵᠢ ᠵᠢᠨ ᠤᠳᠤᠷᠢᠳᠤᠯᠭ᠎ᠠ ᠵᠢ ᠬᠦᠯᠢᠶᠡᠵᠦ᠂ ᠲᠤᠬᠠᠢ ᠵᠢᠨ ᠲᠠᠯᠠᠪᠠᠢ ᠵᠢᠨ ᠡᠯ᠎ᠡ ᠠᠪᠤᠷᠠᠨ ᠲᠤᠰᠠᠯᠠᠬᠤ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠪᠠ ᠵᠣᠬᠢᠴᠠᠭᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃
4.2.1 ᠲᠤᠬᠠᠢ ᠵᠢᠨ ᠲᠠᠯᠠᠪᠠᠢ᠎ᠳᠤ ᠲᠦᠷᠭᠡᠨ ᠠᠪᠤᠷᠠᠬᠤ
ᠲᠤᠬᠠᠢ ᠵᠢᠨ ᠲᠠᠯᠠᠪᠠᠢ᠎ᠳᠤ ᠬᠥᠷᠥᠭᠰᠡᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠩᠬᠢ᠎ᠨᠢ ᠲᠤᠬᠠᠢ ᠵᠢᠨ ᠲᠠᠯᠠᠪᠠᠢ ᠵᠢᠨ ᠲᠤᠰᠬᠠᠢ ᠠᠪᠤᠷᠠᠨ ᠲᠤᠰᠠᠯᠠᠬᠤ ᠠᠩᠬᠢᠯᠤᠭᠠ ᠵᠣᠬᠢᠴᠠᠯᠳᠤᠨ ᠬᠠᠮᠵᠢᠯᠴᠠᠵᠤ᠂ ᠰᠢᠷᠬᠠᠲᠤᠭᠰᠠᠳ᠎ᠢ ᠳᠠᠷᠤᠢ ᠲᠦᠷᠭᠡᠨ ᠠᠶᠤᠯᠲᠠᠢ ᠣᠷᠣᠨ᠎ᠠᠴᠠ ᠰᠢᠯᠵᠢᠭᠦᠯᠦᠨ ᠵᠥᠭᠡᠭᠡᠵᠦ ᠭᠠᠷᠭ᠋ᠠᠨ᠂ 《 ᠤᠷᠢᠳ ᠵᠶ᠋ᠠᠷ ᠠᠮᠢ ᠵᠢ᠎ᠨᠢ ᠠᠪᠤᠷᠠᠵᠤ ᠳᠠᠷᠠᠭ᠎ᠠ᠎ᠨᠢ ᠰᠢᠷᠬ᠎ᠠ ᠵᠢ᠎ᠨᠢ ᠠᠨᠠᠭ᠋ᠠᠬᠤ᠂ ᠤᠷᠢᠳ ᠵᠶ᠋ᠠᠷ ᠬᠦᠨᠳᠦ ᠰᠢᠷᠬᠠᠲᠤᠭᠰᠠᠨ᠎ᠢ᠎ᠨᠢ ᠳᠠᠷᠠᠭ᠎ᠠ᠎ᠨᠢ ᠬᠥᠩᠭᠡᠨ ᠰᠢᠷᠬᠠᠲᠤᠭᠰᠠᠨ᠎ᠢ᠎ᠨᠢ ᠠᠪᠤᠷᠠᠬᠤ》 ᠵᠠᠷᠴᠢᠮ ᠵᠶ᠋ᠠᠷ ᠠᠵᠢᠯ ᠵᠶ᠋ᠠᠨ ᠥᠷᠨᠢᠭᠦᠯᠦᠨ᠂ ᠣᠯᠠᠨ ᠤᠯᠤᠰ᠎ᠤᠨ ᠨᠢᠭᠡᠳᠦᠯᠲᠡᠢ ᠪᠠᠷᠢᠮᠵᠢᠶ᠎ᠠ ᠶᠣᠰᠣᠭ᠋ᠠᠷ ᠰᠢᠷᠬᠠᠲᠠᠨ ᠡᠪᠡᠳᠴᠢᠲᠡᠨ᠎ᠤ ᠰᠢᠷᠬ᠎ᠠ ᠵᠢ᠎ᠨᠢ ᠪᠠᠢ᠍ᠴᠠᠭ᠋ᠠᠬᠤᠳᠤᠪᠠᠨ ᠲᠥᠷᠥᠯ ᠬᠤᠪᠢᠶᠠᠨ᠂ 《 ᠨᠣᠭᠣᠭ᠋ᠠᠨ᠂ ᠰᠢᠷ᠎ᠠ᠂ ᠤᠯᠠᠭ᠋ᠠᠨ᠂ ᠬᠠᠷ᠎ᠠ》 ᠳᠥᠷᠪᠡᠨ ᠵᠦᠢ᠍ᠯ᠎ᠤᠨ ᠥᠩᠭᠡ᠎ᠪᠠᠷ ᠲᠣᠰ ᠲᠣᠰ ᠬᠥᠩᠭᠡᠨ᠂ ᠬᠦᠨᠳᠦ᠂ ᠬᠦᠨᠳᠦ ᠲᠦᠭᠰᠢᠭᠦᠷᠢ᠎ᠲᠠᠢ ᠰᠢᠷᠬᠠᠲᠠᠨ ᠡᠪᠡᠳᠴᠢᠲᠡᠨ ᠪᠠ ᠨᠠᠰᠤ ᠪᠠᠷᠠᠭᠰᠠᠨ ᠬᠥᠮᠥᠰ᠎ᠲᠤ ᠢᠯᠭ᠋ᠠᠬᠤ ᠲᠡᠮᠳᠡᠭ (ᠰᠦᠯᠢᠶᠣᠣ ᠮᠠᠲ᠋ᠧᠷᠢᠶᠠᠯ᠎ᠤᠨ ᠪᠠᠭᠤᠪᠴᠢ᠎ᠪᠠᠷ ᠲᠥᠷᠥᠯ ᠬᠤᠪᠢᠶᠠᠬᠤ ᠲᠡᠮᠳᠡᠭ᠎ᠢ ᠵᠣᠬᠢᠶᠠᠨ᠎ᠠ) ᠬᠠᠳᠠᠵᠤ᠂ ᠰᠢᠷᠬᠠᠲᠠᠨ ᠡᠪᠡᠳᠴᠢᠲᠡᠨ ᠪᠤᠶᠤ ᠨᠠᠰᠤ ᠪᠠᠷᠠᠭᠰᠠᠨ ᠬᠥᠮᠥᠰ᠎ᠤᠨ ᠪᠠᠭᠤᠤ ᠪᠤᠶᠤ ᠰᠢᠯᠪᠢ ᠵᠢᠨ ᠬᠡᠰᠡᠭ᠎ᠲᠤ ᠵᠠᠩᠭᠢᠳᠤᠨ᠂ ᠳᠠᠷᠠᠭ᠋ᠠᠴᠢ ᠵᠢᠨ ᠠᠪᠤᠷᠠᠨ ᠵᠠᠰᠠᠯᠲᠠ᠎ᠳᠤ ᠢᠯᠭ᠋ᠠᠨ ᠲᠠᠨᠢᠬᠤ ᠪᠤᠶᠤ ᠵᠣᠬᠢᠬᠤ ᠠᠷᠭ᠎ᠠ ᠬᠡᠮᠵᠢᠶ᠎ᠡ ᠠᠪᠬᠤ᠎ᠳᠤ ᠳᠥᠭᠥᠮ ᠦᠵᠡᠭᠦᠯᠦᠨ᠎ᠡ᠃
4.2.2 ᠰᠢᠷᠬᠠᠲᠤᠭᠰᠠᠳ᠎ᠢ ᠰᠢᠯᠵᠢᠭᠦᠯᠦᠨ ᠵᠥᠭᠡᠭᠡᠬᠦ
ᠲᠤᠬᠠᠢ ᠵᠢᠨ ᠲᠠᠯᠠᠪᠠᠢ ᠵᠢᠨ ᠣᠷᠴᠢᠨ᠎ᠨᠢ ᠲᠦᠭᠰᠢᠭᠦᠷᠢᠲᠡᠢ ᠪᠤᠶᠤ ᠰᠢᠷᠬᠠᠲᠠᠨ ᠡᠪᠡᠳᠴᠢᠲᠡᠨ᠎ᠤ ᠪᠠᠢ᠌ᠳᠠᠯ᠎ᠨᠢ ᠠᠷᠠᠢ ᠪᠣᠯᠣᠮᠠᠷ ᠪᠣᠯ᠂ ᠰᠢᠷᠬᠠᠲᠠᠨ ᠡᠪᠡᠳᠴᠢᠲᠡᠨ᠎ᠢ ᠲᠦᠷᠭᠡᠬᠡᠨ ᠰᠢᠯᠵᠢᠭᠦᠯᠦᠨ ᠵᠥᠭᠡᠭᠡᠬᠦ ᠵᠢᠨ ᠬᠠᠮᠲᠤ ᠳᠣᠣᠷᠠᠬᠢ ᠠᠵᠢᠯ᠎ᠤᠳ᠎ᠢ ᠰᠠᠢ᠌ᠲᠤᠷ ᠬᠢᠬᠦ ᠬᠡᠷᠡᠭᠲᠡᠢ᠄
(1) ᠨᠢᠭᠡᠨᠲᠡ ᠰᠢᠷᠬ᠎ᠠ ᠵᠢ᠎ᠨᠢ ᠪᠠᠢ᠌ᠴᠠᠭ᠋ᠠᠵᠤ ᠲᠥᠷᠥᠯ ᠬᠤᠪᠢᠶᠠᠭ᠋ᠠᠳ ᠰᠢᠯᠵᠢᠭᠦᠯᠦᠨ ᠵᠥᠭᠡᠭᠡᠬᠦ᠎ᠪᠠᠷ ᠪᠠᠢ᠌ᠭ᠎ᠠ ᠰᠢᠷᠬᠠᠲᠠᠨ ᠡᠪᠡᠳᠴᠢᠲᠡᠨ᠎ᠳᠤ ᠳᠠᠬᠢᠨᠲᠠ ᠪᠠᠢ᠌ᠴᠠᠭ᠋ᠠᠯᠲᠠ ᠬᠢᠨ᠎ᠡ᠃ ᠬᠥᠳᠡᠯᠦᠮᠡᠯ ᠴᠢᠨᠠᠷᠲᠠᠢ ᠴᠢᠰᠤ ᠶᠡᠬᠡ ᠭᠠᠷᠤᠭᠰᠠᠨ ᠪᠤᠶᠤ ᠰᠢᠯᠵᠢᠭᠦᠯᠦᠨ ᠵᠥᠭᠡᠭᠡᠬᠦ ᠵᠠᠮ᠎ᠳᠤ᠎ᠪᠠᠨ ᠠᠮᠢ ᠨᠠᠰᠤᠨ᠎ᠤ ᠠᠶᠤᠯ ᠲᠦᠭᠰᠢᠭᠦᠷᠢ ᠭᠠᠷᠬᠤ ᠪᠣᠯᠣᠮᠵᠢ᠎ᠲᠠᠢ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ᠎ᠢ ᠤᠷᠢᠳ ᠵᠶ᠋ᠠᠷ ᠲᠤᠬᠠᠢ ᠵᠢᠨ ᠭᠠᠵᠠᠷ᠎ᠲᠤᠨᠢ ᠲᠦᠷᠭᠡᠨ ᠠᠪᠤᠷᠠᠵᠤ᠂ ᠡᠮᠴᠢᠯᠡᠨ ᠵᠠᠰᠠᠵᠦ᠂ ᠴᠢᠬᠤᠯᠠ ᠪᠦᠬᠦᠢ ᠵᠠᠰᠠᠯᠲᠠ ᠬᠢᠭᠰᠡᠨ᠎ᠤ ᠳᠠᠷᠠᠭ᠎ᠠ ᠰᠠᠶᠢ ᠬᠠᠷᠠᠭ᠋ᠠᠯᠵᠠᠨ ᠬᠠᠮᠠᠭ᠋ᠠᠯᠠᠭᠰᠠᠨ ᠤᠷᠢᠳᠠᠯ ᠳᠣᠣᠷ᠎ᠠ ᠰᠢᠯᠵᠢᠭᠦᠯᠦᠨ ᠵᠥᠭᠡᠭᠡᠨ᠎ᠡ᠃
(2) ᠰᠢᠯᠵᠢᠭᠦᠯᠦᠨ ᠵᠥᠭᠡᠭᠡᠬᠦ ᠺᠠᠷᠲ᠎ᠢ ᠬᠢᠨᠠᠮᠠᠭ᠋ᠠᠢ ᠲᠠᠭᠯᠠᠵᠤ ᠬᠦᠯᠢᠶᠡᠨ ᠠᠪᠬᠤ ᠡᠮᠴᠢᠯᠡᠭᠡᠨ᠎ᠤ ᠪᠠᠢ᠌ᠭᠤᠯᠤᠮᠵᠢ᠎ᠳᠤ ᠲᠤᠰᠢᠶᠠᠨ ᠥᠭᠬᠦ ᠵᠢᠨ ᠬᠠᠮᠲᠤ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠣᠳᠬᠤ ᠭᠠᠵᠠᠷ᠎ᠲᠤ ᠮᠡᠳᠡᠭᠦᠯᠵᠦ ᠬᠤᠷᠢᠶᠠᠩᠭᠤᠢ᠌ᠯᠠᠭᠤᠯᠤᠨᠠ᠃
(3) ᠰᠢᠯᠵᠢᠭᠦᠯᠦᠨ ᠵᠥᠭᠡᠭᠡᠬᠦ ᠶᠠᠪᠤᠴᠠ᠎ᠳᠤ ᠡᠮᠴᠢ ᠰᠤᠪᠢᠯᠠᠭᠴᠢ ᠨᠠᠷ ᠡᠮᠴᠢᠯᠡᠭᠡᠨ᠎ᠤ ᠴᠢᠩᠭᠡᠯᠢᠭ᠎ᠲᠤ ᠰᠢᠷᠬᠠᠲᠠᠨ ᠡᠪᠡᠳᠴᠢᠲᠡᠨ᠎ᠤ ᠡᠪᠡᠳᠴᠢᠨ᠎ᠤ ᠪᠠᠢ᠌ᠳᠠᠯ᠎ᠤᠨ ᠬᠤᠪᠢᠷᠠᠯᠲᠠ ᠵᠢ ᠡᠷᠬᠡᠪᠰᠢ ᠨᠢᠭᠲᠠ ᠠᠵᠢᠶᠠᠷᠠᠬᠤ ᠵᠢᠨ ᠬᠠᠮᠲᠤ ᠡᠮᠴᠢᠯᠡᠭᠡ ᠵᠠᠰᠠᠯᠲᠠ ᠵᠢᠨ ᠦᠷᠭᠦᠯᠵᠢᠯᠡᠨ ᠶᠠᠪᠤᠭᠳᠠᠬᠤ ᠵᠢ ᠦᠨᠡᠨ ᠬᠦ᠌ ᠪᠠᠲᠤᠯᠠᠨ᠎ᠠ᠃
(4) ᠰᠢᠯᠵᠢᠭᠦᠯᠦᠨ ᠵᠥᠭᠡᠭᠡᠬᠦ ᠶᠠᠪᠤᠴᠠ᠎ᠳᠤ ᠰᠢᠨᠵᠢᠯᠡᠬᠦ ᠤᠬᠠᠭ᠋ᠠᠨᠴᠢ᠎ᠪᠠᠷ ᠡᠪᠲᠡᠢ ᠵᠥᠭᠡᠭᠡᠪᠦᠷᠢᠯᠡᠵᠦ᠂ ᠬᠣᠶᠠᠳᠠᠬᠢ ᠤᠳᠠᠭ᠋ᠠᠨ᠎ᠤ ᠭᠡᠮᠲᠤᠯ ᠭᠠᠷᠬᠤ᠎ᠠᠴᠠ ᠵᠠᠢ᠌ᠯᠠᠰᠭᠢᠬᠦ ᠬᠡᠷᠡᠭᠲᠡᠢ᠃
(5) ᠰᠢᠷᠬᠠᠲᠠᠨ ᠡᠪᠡᠳᠴᠢᠲᠡᠨ᠎ᠢ ᠵᠣᠬᠢᠰᠲᠠᠢ ᠰᠠᠯᠭ᠋ᠠᠨ ᠲᠣᠬᠢᠷᠠᠭᠤᠯᠬᠤ ᠪᠤᠶᠤ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠣᠳᠬᠤ ᠭᠠᠵᠠᠷ᠎ᠤᠨ ᠨᠡᠷ᠎ᠡ ᠵᠢᠭ᠋ᠠᠭᠰᠠᠨ ᠴᠡᠭ ᠵᠶ᠋ᠡᠷ ᠰᠢᠯᠵᠢᠭᠦᠯᠦᠨ ᠵᠥᠭᠡᠭᠡᠵᠦ᠂ ᠶᠠᠮᠠᠷᠪᠠ ᠡᠮᠴᠢᠯᠡᠭᠡᠨ᠎ᠤ ᠪᠠᠢ᠌ᠭᠤᠯᠤᠮᠵᠢ ᠭᠡᠳ ᠶᠠᠮᠠᠷ ᠨᠢᠭᠡᠨ ᠰᠢᠯᠲᠠᠭ᠋ᠠᠨ ᠵᠶ᠋ᠠᠷ ᠰᠢᠷᠬᠠᠲᠠᠨ ᠡᠪᠡᠳᠴᠢᠲᠡᠨ᠎ᠢ ᠬᠦᠯᠢᠶᠡᠨ ᠠᠪᠬᠤ ᠪᠠ ᠡᠮᠴᠢᠯᠡᠬᠦ ᠵᠢ ᠲᠡᠪᠴᠢᠵᠦ ᠪᠣᠯᠬᠤ ᠦᠭᠡᠢ᠃
4.3 ᠣᠶᠣᠨ ᠮᠡᠳᠡᠷᠡᠯ᠎ᠤᠨ ᠡᠷᠡᠭᠦᠯ ᠬᠠᠮᠠᠭ᠋ᠠᠯᠠᠯ᠂ ᠡᠪᠡᠳᠴᠢᠨ ᠡᠮᠬᠡᠭ᠎ᠢ ᠰᠡᠷᠭᠡᠢ᠌ᠯᠡᠨ ᠬᠣᠷᠢᠭᠯᠠᠬᠤ ᠪᠠ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠠᠵᠢᠯ
ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠤᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠠᠢ᠌ᠳᠠᠯ᠎ᠢ ᠦᠨᠳᠦᠰᠦᠯᠡᠨ ᠣᠶᠣᠨ ᠮᠡᠳᠡᠷᠡᠯ᠎ᠤᠨ ᠡᠷᠡᠭᠦᠯ ᠬᠠᠮᠠᠭ᠋ᠠᠯᠠᠯ᠂ ᠡᠪᠡᠳᠴᠢᠨ ᠡᠮᠬᠡᠭ᠎ᠢ ᠰᠡᠷᠭᠡᠢ᠌ᠯᠡᠨ ᠬᠣᠷᠢᠭᠯᠠᠬᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠬᠤ ᠵᠡᠷᠭᠡ ᠬᠣᠯᠪᠣᠭᠳᠠᠯ ᠪᠦᠬᠦᠢ ᠲᠤᠰᠬᠠᠢ ᠪᠠᠢ᠌ᠭᠤᠯᠤᠮᠵᠢ ᠪᠠ ᠠᠵᠢᠯᠲᠠᠨ᠎ᠢ ᠵᠣᠬᠢᠶᠠᠨ ᠪᠠᠢ᠌ᠭᠤᠯᠵᠤ᠂ ᠰᠡᠳᠭᠢᠴᠡ ᠵᠢᠨ ᠬᠢᠮᠤᠷᠠᠯ᠎ᠢ ᠵᠢᠯᠣᠭᠣᠳᠤᠨ ᠨᠥᠯᠥᠭᠡᠯᠡᠬᠦ᠂ ᠡᠷᠡᠭᠦᠯ ᠬᠠᠮᠠᠭ᠋ᠠᠯᠠᠯ᠎ᠤᠨ ᠤᠬᠠᠭ᠋ᠠᠨ᠎ᠤ ᠪᠠᠢ᠌ᠴᠠᠭ᠋ᠠᠯᠲᠠ ᠪᠠ ᠦᠨᠡᠯᠡᠯᠲᠡ ᠬᠢᠬᠦ᠂ ᠡᠷᠡᠭᠦᠯ ᠬᠠᠮᠠᠭ᠋ᠠᠯᠠᠯ᠎ᠤᠨ ᠬᠠᠥᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠡᠷᠭᠡ ᠠᠵᠢᠯ᠎ᠢ ᠥᠷᠨᠢᠭᠦᠯᠵᠦ᠂ ᠪᠦᠲᠦᠮᠵᠢᠲᠡᠢ ᠰᠡᠷᠭᠡᠢ᠌ᠯᠡᠨ ᠬᠣᠷᠢᠭᠯᠠᠬᠤ ᠠᠷᠭ᠎ᠠ ᠬᠡᠮᠵᠢᠶ᠎ᠡ ᠵᠢ ᠠᠪᠴᠤ᠂ ᠡᠯ᠎ᠡ ᠲᠥᠷᠥᠯ᠎ᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠠᠴᠠ ᠪᠣᠯᠣᠭᠰᠠᠨ ᠳᠠᠭ᠋ᠠᠯᠲᠠ ᠪᠤᠶᠤ ᠡᠭᠦᠰᠦᠮᠡᠯ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ ᠭᠠᠷᠬᠤ ᠵᠢ ᠰᠡᠷᠭᠡᠢ᠌ᠯᠡᠵᠦ᠂ ᠶᠡᠬᠡ ᠭᠠᠮᠰᠢᠭ᠎ᠤᠨ ᠳᠠᠷᠠᠭ᠎ᠠ ᠶᠡᠬᠡ ᠬᠢᠵᠢᠭ ᠡᠪᠡᠳᠴᠢᠨ ᠳᠡᠯᠭᠡᠷᠡᠬᠦ ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
4.4 ᠮᠡᠳᠡᠭᠡ ᠵᠠᠩᠬᠢ ᠵᠢ ᠮᠡᠳᠡᠭᠦᠯᠬᠦ ᠪᠠ ᠨᠡᠢ᠌ᠲᠡᠯᠡᠬᠦ
ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ (ᠥᠷᠳᠡᠭᠡ) ᠪᠠ ᠪᠤᠰᠤᠳ ᠡᠮᠴᠢᠯᠡᠭᠡᠨ᠎ᠤ ᠪᠠᠢ᠌ᠭᠤᠯᠤᠮᠵᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠤᠭᠰᠠᠨ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠳᠠᠷᠤᠢ ᠲᠦᠷᠭᠡᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠥᠷᠨᠢᠭᠦᠯᠬᠦ ᠵᠢᠨ ᠬᠠᠮᠲᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠲᠦᠷᠭᠡᠨ ᠠᠪᠤᠷᠠᠭᠰᠠᠨ ᠵᠠᠷᠭᠡ ᠪᠠᠢ᠌ᠳᠠᠯ᠎ᠢ ᠳᠠᠷᠤᠢ᠍ᠬᠠᠨ ᠬᠡᠷᠡᠭ ᠭᠠᠷᠤᠭᠰᠠᠨ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠢ ᠠᠷᠭ᠋ᠠᠴᠠᠬᠤ᠎ᠪᠠᠷ ᠪᠠᠢ᠌ᠭᠤᠯᠤᠭᠰᠠᠨ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠤᠭᠣᠳᠬᠤ ᠭᠠᠵᠠᠷ᠎ᠲᠤ ᠮᠡᠳᠡᠭᠦᠯᠦᠨ᠎ᠡ᠃
ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠣᠭᠣᠳᠬᠤ ᠭᠠᠵᠠᠷ᠎ᠠᠴᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠭᠦᠷᠭᠡ ᠵᠢ ᠳᠠᠭ᠋ᠠᠭ᠋ᠠᠨ ᠡᠭᠦᠷᠬᠡᠯᠡᠭᠰᠡᠨ ᠡᠯ᠎ᠡ ᠡᠮᠴᠢᠯᠡᠭᠡᠨ᠎ᠤ ᠪᠠᠢ᠌ᠭᠤᠯᠤᠮᠵᠢ ᠵᠢᠨ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠬᠤᠷᠢᠶᠠᠩᠭᠤᠢ᠌ᠯᠠᠨ᠂ ᠡᠳᠦᠷ ᠪᠦᠷᠢ ᠳᠡᠭᠡᠳᠦ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠰᠢᠷᠬᠠᠲᠠᠨ ᠡᠪᠡᠳᠴᠢᠲᠡᠨ᠎ᠤ ᠪᠠᠢ᠌ᠳᠠᠯ᠂ ᠡᠮᠴᠢᠯᠡᠵᠦ ᠠᠪᠤᠷᠠᠨ ᠵᠠᠰᠠᠵᠤ ᠪᠠᠢ᠌ᠭ᠎ᠠ ᠠᠬᠢᠴᠠ ᠵᠡᠷᠭᠡ ᠵᠢ ᠮᠡᠳᠡᠭᠦᠯᠵᠦ᠂ ᠴᠢᠬᠤᠯᠠ ᠪᠠᠢ᠌ᠳᠠᠯ᠎ᠢ ᠴᠠᠭ ᠲᠤᠬᠠᠢᠳᠤᠨᠢ ᠮᠡᠳᠡᠭᠦᠯᠦᠨ᠎ᠡ᠃ ᠮᠡᠳᠡᠭᠦᠯᠦᠯᠲᠡ ᠲᠣᠰᠣᠭᠰᠠᠨ ᠬᠣᠯᠪᠣᠭᠳᠠᠯ ᠪᠦᠬᠦᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠣᠭᠣᠳᠬᠤ ᠭᠠᠵᠠᠷ᠎ᠲᠤ ᠬᠣᠯᠪᠣᠭᠳᠠᠯ ᠪᠦᠬᠦᠢ ᠪᠠᠢ᠌ᠳᠠᠯ᠎ᠢ ᠴᠠᠭ ᠲᠤᠬᠠᠢᠳᠤᠨᠢ ᠮᠡᠳᠡᠭᠦᠯᠦᠨ᠎ᠡ᠃ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠵᠢᠯᠣᠭᠣᠳᠬᠤ ᠭᠠᠵᠠᠷ᠎ᠤᠨ ᠨᠢᠭᠡᠳᠦᠯᠲᠡᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠮᠡᠳᠡᠭᠡ ᠵᠠᠩᠬᠢ ᠵᠢ ᠨᠡᠢ᠌ᠲᠡᠯᠡᠬᠦ ᠠᠵᠢᠯ᠎ᠢ᠎ᠨᠢ ᠬᠠᠮᠵᠢᠯᠴᠠᠵᠤ ᠰᠠᠢ᠌ᠲᠤᠷ ᠬᠢᠨ᠎ᠡ᠃
4.5 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠳᠠᠭ᠋ᠠᠬᠤ ᠵᠢ ᠳᠡᠰ ᠳᠡᠪᠰᠢᠭᠦᠯᠬᠦ ᠪᠠ ᠵᠣᠭᠰᠣᠭ᠋ᠠᠬᠤ
ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠴᠠᠭ ᠮᠥᠴᠡ ᠵᠢ ᠳᠠᠭ᠋ᠠᠯᠳᠤᠨ ᠤᠯᠠᠷᠢᠨ ᠬᠤᠪᠢᠰᠴᠤ᠂ ᠬᠦᠨᠳᠦ ᠨᠣᠴᠢ ᠵᠢᠨ ᠪᠠ ᠬᠥᠨᠥᠭᠡᠯ᠎ᠤᠨ ᠬᠡᠮᠵᠢᠶ᠎ᠡ ᠴᠦ᠍ ᠤᠯᠠᠮ ᠨᠢᠭᠡ ᠠᠯᠬᠤᠮ ᠰᠢᠷᠦᠭᠦᠰᠬᠦ ᠵᠢᠨ ᠬᠠᠮᠲᠤ ᠦᠷᠪᠢᠰᠦᠨ ᠳᠡᠯᠭᠡᠷᠡᠬᠦ ᠬᠠᠨᠳᠤᠰᠢ ᠢᠯᠡᠷᠡᠬᠦ ᠪᠤᠶᠤ ᠪᠠᠢ᠌ᠳᠠᠯ᠎ᠨᠢ ᠪᠤᠳᠤᠯᠢᠶᠠᠨᠲᠠᠢ ᠪᠣᠯᠵᠤ ᠬᠣᠷᠢᠭᠯᠠᠬᠤ᠎ᠳᠤ ᠪᠡᠷᠬᠡ ᠪᠣᠯᠪᠠᠯ᠂ ᠬᠡᠷᠡᠭ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠤᠨ ᠵᠢᠯᠣᠭᠣᠳᠬᠤ ᠪᠠᠢ᠌ᠭᠤᠯᠤᠮᠵᠢ᠎ᠳᠤ ᠳᠠᠷᠤᠢ ᠲᠦᠷᠭᠡᠨ ᠲᠤᠰᠬᠠᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠡᠷᠭᠡ ᠳᠡᠰ᠎ᠢ ᠴᠠᠭ ᠲᠤᠬᠠᠢᠳᠤᠨᠢ ᠳᠡᠭᠡᠭᠰᠢᠯᠡᠭᠦᠯᠬᠦ ᠬᠡᠷᠡᠭᠲᠡᠢ᠃
ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠳᠠᠭᠤᠰᠴᠤ᠂ ᠰᠢᠷᠬᠠᠲᠠᠨ ᠡᠪᠡᠳᠴᠢᠲᠡᠨ ᠡᠮᠴᠢᠯᠡᠭᠡᠨ᠎ᠤ ᠪᠠᠢ᠌ᠭᠤᠯᠤᠮᠵᠢ᠎ᠳᠤ ᠪᠦᠲᠦᠮᠵᠢᠲᠡᠢ ᠠᠪᠤᠷᠠᠨ ᠵᠠᠰᠠᠯᠲᠠ ᠵᠢ ᠬᠦᠯᠢᠶᠡᠵᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠠᠳᠠᠯᠢ ᠱᠠᠲᠤᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠣᠭᠣᠳᠬᠤ ᠪᠠᠢ᠌ᠭᠤᠯᠤᠮᠵᠢ ᠪᠤᠶᠤ ᠠᠳᠠᠯᠢ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠨᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠳᠠᠭ᠋ᠠᠬᠤ ᠠᠵᠢᠯᠯᠠᠭ᠎ᠠ ᠳᠠᠭᠤᠰᠤᠭᠰᠠᠨ᠎ᠢ ᠨᠡᠢ᠌ᠲᠡᠯᠡᠵᠦ ᠪᠣᠯᠬᠤ ᠵᠢᠨ ᠬᠠᠮᠲᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠳᠠᠭ᠋ᠠᠬᠤ ᠠᠵᠢᠯᠯᠠᠭ᠎ᠠ ᠵᠢ ᠵᠣᠭᠰᠣᠭ᠋ᠠᠭᠰᠠᠨ ᠮᠡᠳᠡᠭᠡ ᠵᠠᠩᠬᠢ ᠵᠢ ᠳᠡᠭᠡᠳᠦ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ᠎ᠡ᠃
5 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠲᠤᠯᠠᠭ᠎ᠠ
ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠢ᠌ᠭᠤᠯᠤᠮᠵᠢ ᠪᠠ ᠡᠩᠨᠡᠭᠡᠨ᠎ᠤ ᠪᠠᠢ᠌ᠭᠤᠯᠤᠯᠲᠠ ᠪᠣᠯ ᠤᠯᠤᠰ᠎ᠤᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠢ ᠰᠡᠷᠭᠡᠢ᠌ᠯᠡᠨ ᠬᠣᠷᠢᠭᠯᠠᠬᠤ ᠲᠣᠭᠲᠠᠯᠴᠠᠭ᠋ᠠᠨ᠎ᠤ ᠪᠠᠢ᠌ᠭᠤᠯᠤᠯᠲᠠ ᠵᠢᠨ ᠴᠢᠬᠤᠯᠠ ᠪᠦᠷᠢᠯᠳᠦᠭᠦᠨ ᠬᠡᠰᠡᠭ ᠪᠠᠢ᠌ᠵᠤ᠂ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠠᠨᠳᠤ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ 《 ᠡᠩ᠎ᠤᠨ ᠦᠶ᠎ᠡ ᠪᠠ ᠪᠠᠴᠢᠮ ᠦᠶ᠎ᠡ ᠵᠢ ᠤᠶᠠᠯᠳᠤᠭᠤᠯᠵᠤ᠂ ᠰᠢᠨᠲᠠᠷᠠᠰᠢ ᠦᠭᠡᠢ ᠪᠠᠢ᠌ᠩᠭᠤ ᠪᠡᠯᠡᠳᠭᠡᠬᠦ》 ᠵᠠᠷᠴᠢᠮ᠎ᠢ ᠵᠢᠷᠤᠮᠯᠠᠨ᠂ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠤᠨ ᠵᠣᠬᠢᠶᠠᠨ ᠪᠠᠢ᠌ᠭᠤᠯᠤᠯᠲᠠ ᠪᠠ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠩᠨᠡᠭᠡ ᠵᠢ ᠪᠠᠢ᠌ᠭᠤᠯᠵᠤ᠂ ᠡᠯ᠎ᠡ ᠵᠦᠢ᠍ᠯ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠮᠡᠷᠭᠡᠵᠢᠯ᠎ᠤᠨ ᠲᠥᠰᠥᠯ᠎ᠢ ᠲᠣᠭᠲᠠᠭ᠋ᠠᠵᠤ᠂ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠢ᠃
5.1 ᠮᠡᠳᠡᠭᠡ ᠵᠠᠩᠬᠢ ᠵᠢᠨ ᠰᠢᠰᠲ᠋ᠧᠮ᠎ᠤᠨ ᠪᠠᠲᠤᠯᠠᠭ᠎ᠠ
ᠣᠳᠣᠬᠢ ᠪᠠᠢ᠌ᠭ᠎ᠠ ᠡᠬᠢ ᠪᠠᠶᠠᠯᠢᠭ᠎ᠢ ᠠᠰᠢᠭᠯᠠᠭᠰᠠᠨ ᠰᠠᠭᠤᠷᠢᠨ ᠳᠡᠭᠡᠷ᠎ᠡ᠂ ᠮᠡᠳᠡᠭᠡ ᠵᠠᠩᠬᠢᠴᠢᠯᠠᠯᠲᠠ ᠵᠢᠨ ᠮᠡᠷᠭᠡᠵᠢᠯ᠎ᠢ ᠭᠦᠢ᠍ᠴᠡᠳ ᠬᠡᠷᠡᠭᠯᠡᠵᠦ᠂ ᠥᠨᠳᠥᠷ ᠪᠦᠲᠦᠮᠵᠢᠲᠡᠢ ᠪᠥᠭᠡᠳ ᠨᠢᠭᠡᠳᠦᠯᠲᠡᠢ ᠡᠮᠴᠢᠯᠡᠭᠡᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠵᠢᠯᠣᠭᠣᠳᠤᠨ ᠲᠣᠬᠢᠷᠠᠭᠤᠯᠬᠤ ᠮᠡᠳᠡᠭᠡ ᠵᠠᠩᠬᠢ ᠵᠢᠨ ᠰᠢᠰᠲ᠋ᠧᠮ᠎ᠢ ᠪᠠᠢ᠌ᠭᠤᠯᠵᠤ᠂ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠠᠨᠠᠭ᠋ᠠᠬᠤ ᠤᠬᠠᠭ᠋ᠠᠨ᠎ᠤ ᠪᠠᠴᠢᠮ ᠠᠪᠤᠷᠠᠨ ᠲᠤᠰᠠᠯᠠᠬᠤ ᠬᠠᠮᠢᠶ᠎ᠠ ᠪᠦᠬᠦᠢ ᠮᠡᠳᠡᠭᠡ ᠵᠠᠩᠬᠢ ᠵᠢ ᠴᠠᠭ ᠲᠤᠬᠠᠢᠳᠤᠨᠢ ᠂ ᠣᠨᠣᠪᠴᠢᠲᠠᠢ ᠡᠵᠡᠮᠰᠢᠨ᠂ ᠲᠡᠷᠡ ᠳᠠᠷᠤᠢ ᠪᠠᠴᠢᠮ ᠪᠠᠢ᠌ᠳᠠᠯ᠎ᠢ ᠠᠷᠭ᠋ᠠᠴᠠᠭ᠋ᠠᠨ ᠳᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ; ᠡᠮᠴᠢᠯᠡᠭᠡᠨ᠎ᠤ ᠪᠠᠢ᠌ᠭᠤᠯᠤᠮᠵᠢ ᠪᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠣᠭᠣᠷᠣ ᠬᠣᠭᠣᠷᠣᠨᠳᠤ᠎ᠪᠠᠨ ᠵᠢᠴᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠬᠣᠭᠣᠷᠣ ᠬᠣᠭᠣᠷᠣᠨᠳᠤ᠎ᠪᠠᠨ ᠮᠡᠳᠡᠭᠡ ᠵᠠᠩᠬᠢ ᠵᠢ ᠬᠠᠮᠲᠤ᠎ᠳᠤ᠎ᠪᠠᠨ ᠬᠦᠷᠲᠡᠵᠦ᠂ ᠵᠠᠷᠯᠢᠭ ᠵᠢᠭ᠋ᠠᠪᠤᠷᠢ᠎ᠨᠢ ᠲᠣᠳᠣᠷᠬᠠᠢ᠂ ᠰᠢᠰᠲ᠋ᠧᠮ᠎ᠨᠢ ᠡᠮᠬᠢ ᠵᠢᠷᠤᠮ᠎ᠲᠠᠢ᠂ ᠬᠡᠰᠡᠭ ᠵᠤᠷᠪᠤᠰ᠎ᠨᠢ ᠨᠡᠪᠲᠡᠷᠡᠯᠴᠡᠭᠰᠡᠨ᠂ ᠬᠡᠷᠡᠭᠵᠢᠭᠦᠯᠦᠯᠲᠡ᠎ᠨᠢ ᠬᠦᠴᠦᠲᠡᠢ ᠪᠠᠢ᠌ᠬᠤ ᠵᠢ ᠦᠨᠡᠨ ᠬᠦ᠌ ᠪᠠᠲᠤᠯᠠᠨ᠎ᠠ᠃
5.2 ᠲᠦᠷᠭᠡᠨ ᠠᠪᠤᠷᠠᠯᠳᠠ ᠵᠢᠨ ᠪᠠᠢ᠌ᠭᠤᠯᠤᠮᠵᠢ ᠵᠢᠨ ᠪᠠᠲᠤᠯᠠᠭ᠎ᠠ
《 ᠲᠦᠷᠭᠡᠨ ᠠᠪᠤᠷᠠᠯᠳᠠ ᠵᠢᠨ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ》 ᠪᠠ 《 ᠡᠮᠨᠡᠯᠭᠡ ᠵᠢᠨ ᠬᠣᠷᠢᠶᠠᠨ᠎ᠳᠤ ᠣᠷᠣᠬᠤ᠎ᠠᠴᠠ ᠡᠮᠦᠨᠡᠬᠢ ᠡᠮᠴᠢᠯᠡᠭᠡᠨ᠎ᠤ ᠲᠦᠷᠭᠡᠨ ᠠᠪᠤᠷᠠᠬᠤ ᠬᠠᠮᠢᠶᠠᠷᠤᠯᠲᠠ ᠵᠢᠨ ᠠᠷᠭ᠎ᠠ》 ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠲᠥᠪ᠎ᠤᠨ ᠪᠠᠢ᠌ᠭ᠎ᠠ ᠭᠠᠵᠠᠷ ᠦᠢ᠍ᠯᠡᠴᠢᠯᠡᠬᠦ ᠬᠥᠮᠥᠨ ᠠᠮᠠ ᠵᠢᠨ ᠲᠣᠭ᠎ᠠ ᠪᠠ ᠡᠮᠴᠢᠯᠡᠵᠦ ᠠᠪᠤᠷᠠᠨ ᠵᠠᠰᠠᠬᠤ ᠬᠡᠷᠡᠭᠴᠡᠭᠡ᠎ᠪᠠᠨ ᠦᠨᠳᠦᠰᠦᠯᠡᠵᠦ᠂ ᠵᠣᠬᠢᠬᠤ ᠬᠡᠪᠴᠢᠶ᠎ᠡ᠎ᠲᠠᠢ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ᠎ᠢ 1 ᠪᠠᠢ᠌ᠭᠤᠯᠬᠤ ᠵᠢᠨ ᠬᠠᠮᠲᠤ᠂ ᠲᠦᠷᠭᠡᠨ ᠠᠪᠤᠷᠠᠯᠳᠠ ᠵᠢᠨ ᠲᠣᠣᠷ ᠰᠦᠯᠵᠢᠶ᠎ᠡ ᠵᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ; ᠪᠤᠰᠤᠳ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠨᠢ ᠶᠡᠷᠦᠩᠬᠡᠢ᠌ᠯᠡᠭᠰᠡᠨ ᠬᠦᠴᠦᠨ ᠵᠶ᠋ᠠᠷ ᠨᠡᠯᠢᠶᠡᠳ ᠴᠢᠩᠭ᠎ᠠ ᠡᠮᠴᠢᠯᠡᠭᠡᠨ᠎ᠤ ᠪᠠᠢ᠌ᠭᠤᠯᠤᠮᠵᠢ᠎ᠳᠤ ᠲᠦᠰᠢᠭᠯᠡᠨ᠂ ᠵᠣᠬᠢᠬᠤ ᠬᠡᠪᠴᠢᠶ᠎ᠡ᠎ᠲᠠᠢ ᠲᠦᠷᠭᠡᠨ ᠠᠪᠤᠷᠠᠯᠳᠠ ᠵᠢᠨ ᠪᠠᠢ᠌ᠭᠤᠯᠤᠮᠵᠢ ᠵᠢ ᠪᠠᠢ᠌ᠭᠤᠯᠬᠤ ᠬᠡᠷᠡᠭᠲᠡᠢ᠃
5.3 ᠬᠢᠮᠢ ᠵᠢᠨ ᠬᠣᠣᠷᠳᠠᠯ᠂ ᠴᠥᠮ᠎ᠡ ᠪᠠ ᠰᠠᠴᠤᠷᠠᠭ᠎ᠤᠨ ᠡᠮᠴᠢᠯᠡᠭᠡᠨ᠎ᠤ ᠠᠪᠤᠷᠠᠨ ᠵᠠᠰᠠᠬᠤ ᠪᠠᠢ᠌ᠭᠤᠯᠤᠮᠵᠢ ᠵᠢᠨ ᠪᠠᠲᠤᠯᠠᠭ᠎ᠠ
ᠤᠯᠤᠰ᠎ᠤᠨ ᠨᠢᠭᠡᠳᠦᠯᠲᠡᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠦᠨᠳᠦᠰᠦᠯᠡᠵᠦ᠂ 《 ᠡᠩ᠎ᠤᠨ ᠦᠶ᠎ᠡ ᠪᠠ ᠪᠠᠴᠢᠮ ᠦᠶ᠎ᠡ ᠵᠢ ᠤᠶᠠᠯᠳᠤᠭᠤᠯᠬᠤ》 ᠵᠠᠷᠴᠢᠮ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠪᠤᠭᠤᠲᠤ ᠬᠣᠲᠠ ᠵᠢᠨ ᠬᠠᠪᠤᠳᠠᠷ᠎ᠤᠨ ᠡᠮᠨᠡᠯᠭᠡ ᠵᠢᠨ ᠬᠣᠷᠢᠶᠠᠨ᠎ᠳᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠴᠥᠮ᠎ᠡ ᠪᠠ ᠰᠠᠴᠤᠷᠠᠭ᠎ᠤᠨ ᠡᠮᠴᠢᠯᠡᠭᠡᠨ᠎ᠤ ᠠᠪᠤᠷᠠᠨ ᠵᠠᠰᠠᠬᠤ ᠲᠤᠰᠬᠠᠢ ᠪᠠᠢ᠌ᠭᠤᠯᠤᠮᠵᠢ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠩᠬᠢ ᠵᠢ ᠲᠣᠬᠢᠷᠠᠭᠤᠯᠤᠨ᠎ᠠ; ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠳᠥᠷᠪᠡᠳᠦᠭᠡᠷ ᠡᠮᠨᠡᠯᠭᠡ ᠵᠢᠨ ᠬᠣᠷᠢᠶᠠᠨ᠎ᠳᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠢᠮᠢ ᠵᠢᠨ ᠬᠣᠣᠷᠳᠠᠯ᠎ᠤᠨ ᠡᠮᠴᠢᠯᠡᠭᠡᠨ᠎ᠤ ᠠᠪᠤᠷᠠᠨ ᠵᠠᠰᠠᠬᠤ ᠰᠠᠭᠤᠷᠢᠨ ᠭᠠᠵᠠᠷ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠩᠬᠢ ᠲᠣᠬᠢᠷᠠᠭᠤᠯᠤᠨ᠎ᠠ᠃ ᠪᠤᠰᠤᠳ ᠭᠠᠵᠠᠷ ᠣᠷᠣᠨ᠎ᠨᠢ ᠪᠣᠳᠠᠲᠤ ᠬᠦᠴᠦᠨ ᠵᠶ᠋ᠠᠷ ᠨᠡᠯᠢᠶᠡᠳ ᠴᠢᠩᠭ᠎ᠠ ᠶᠡᠷᠦᠩᠬᠡᠢ᠌ᠯᠡᠭᠰᠡᠨ ᠡᠮᠨᠡᠯᠭᠡ ᠵᠢᠨ ᠬᠣᠷᠢᠶᠠᠨ᠎ᠳᠤ ᠲᠦᠰᠢᠭᠯᠡᠵᠦ ᠬᠢᠮᠢ ᠵᠢᠨ ᠬᠣᠣᠷᠳᠠᠯ᠂ ᠴᠥᠮ᠎ᠡ ᠪᠠ ᠰᠠᠴᠤᠷᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠮᠴᠢᠯᠡᠭᠡᠨ᠎ᠤ ᠠᠪᠤᠷᠠᠨ ᠵᠠᠰᠠᠬᠤ ᠲᠤᠰᠬᠠᠢ ᠰᠠᠯᠠᠭ᠎ᠠ ᠲᠠᠰᠤᠭ ᠪᠠᠢ᠌ᠭᠤᠯᠬᠤ ᠬᠡᠷᠡᠭᠲᠡᠢ᠃
5.4 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠩᠬᠢ ᠵᠢᠨ ᠪᠠᠲᠤᠯᠠᠭ᠎ᠠ
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠨᠠᠭ᠋ᠠᠬᠤ ᠤᠬᠠᠭ᠋ᠠᠨ᠎ᠤ ᠪᠠᠴᠢᠮ ᠠᠪᠤᠷᠠᠨ ᠲᠤᠰᠠᠯᠠᠬᠤ ᠠᠩᠬᠢ ᠵᠢ 4 ᠲᠣᠬᠢᠷᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠡᠮᠨᠡᠯᠭᠡ ᠵᠢᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠤᠯᠤᠰ᠎ᠤᠨ ᠮᠣᠩᠭᠣᠯ ᠠᠨᠠᠭ᠋ᠠᠬᠤ ᠤᠬᠠᠭ᠋ᠠᠨ᠎ᠤ ᠡᠮᠨᠡᠯᠭᠡ ᠵᠢᠨ ᠬᠣᠷᠢᠶ᠎ᠠ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠤᠨ ᠡᠮᠨᠡᠯᠭᠡ ᠵᠢᠨ ᠬᠣᠷᠢᠶᠠᠨ᠎ᠳᠤ ᠲᠣᠰ ᠲᠣᠰ ᠲᠣᠬᠢᠷᠠᠭᠤᠯᠤᠨ᠎ᠠ; ᠰᠡᠳᠭᠢᠴᠡ ᠵᠢᠨ ᠬᠢᠮᠤᠷᠠᠯ᠎ᠢ ᠵᠢᠯᠣᠭᠣᠳᠤᠨ ᠨᠥᠯᠥᠭᠡᠯᠡᠬᠦ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠩᠬᠢ ᠵᠢ 1 ᠲᠣᠬᠢᠷᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠣᠨ ᠮᠡᠳᠡᠷᠡᠯ᠎ᠤᠨ ᠡᠷᠡᠭᠦᠯ ᠬᠠᠮᠠᠭ᠋ᠠᠯᠠᠯ᠎ᠤᠨ ᠲᠥᠪ᠎ᠲᠤ ᠲᠣᠬᠢᠷᠠᠭᠤᠯᠤᠨ᠎ᠠ; ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠩᠬᠢ ᠵᠢ 1 ᠲᠣᠬᠢᠷᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠶᠡᠷᠦᠩᠬᠡᠢ᠌ᠯᠡᠭᠰᠡᠨ ᠬᠢᠨᠠᠯᠲᠠ ᠲᠠᠯᠪᠢᠬᠤ ᠪᠠᠲᠤᠯᠠᠭ᠋ᠠᠨ᠎ᠤ ᠲᠥᠪ᠎ᠲᠤ ᠲᠣᠬᠢᠷᠠᠭᠤᠯᠤᠨ᠎ᠠ; ᠭᠡᠨᠡᠳᠲᠡ ᠵᠢᠨ ᠲᠦᠷᠭᠡᠨ ᠴᠢᠨᠠᠷᠲᠠᠢ ᠬᠠᠯᠳᠠᠪᠤᠷᠢᠲᠤ ᠡᠪᠡᠳᠴᠢᠨ᠎ᠢ ᠰᠡᠷᠭᠡᠢ᠌ᠯᠡᠨ ᠬᠣᠷᠢᠭᠯᠠᠬᠤ ᠠᠩᠬᠢ ᠵᠢ 1 ᠲᠣᠬᠢᠷᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠳᠴᠢᠨ ᠡᠮᠬᠡᠭ᠎ᠢ ᠰᠡᠷᠭᠡᠢ᠌ᠯᠡᠨ ᠬᠣᠷᠢᠭᠯᠠᠬᠤ ᠶᠡᠷᠦᠩᠬᠡᠢ᠌ᠯᠡᠭᠰᠡᠨ ᠲᠥᠪ᠎ᠲᠤ ᠲᠣᠬᠢᠷᠠᠭᠤᠯᠤᠨ᠎ᠠ; ᠬᠢᠲᠠᠳ ᠠᠨᠠᠭ᠋ᠠᠬᠤ ᠤᠬᠠᠭ᠋ᠠᠨ᠎ᠤ ᠡᠮᠴᠢᠯᠡᠭᠡᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠩᠬᠢ ᠵᠢ 1 ᠲᠣᠬᠢᠷᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ ᠵᠢᠨ ᠬᠣᠷᠢᠶᠠᠨ᠎ᠳᠤ ᠲᠣᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮᠴᠢᠯᠡᠭᠡᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠩᠬᠢ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠦᠨᠳᠦ ᠶᠡᠬᠡ ᠵᠢᠴᠢ ᠲᠡᠭᠦᠨ᠎ᠠᠴᠠ ᠬᠦᠨᠳᠦ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠ ᠣᠷᠣᠨ᠎ᠤ ᠭᠠᠳᠠᠨᠠᠬᠢ ᠤᠯᠤᠰ᠎ᠠᠴᠠ ᠲᠣᠬᠢᠷᠠᠭᠤᠯᠤᠨ ᠲᠣᠮᠢᠯᠠᠭᠰᠠᠨ ᠳᠡᠮᠵᠢᠨ ᠲᠤᠰᠠᠯᠠᠬᠤ ᠠᠵᠢᠯᠯᠠᠭ᠎ᠠ ᠵᠢ ᠡᠭᠦᠷᠬᠡᠯᠡᠬᠦ ᠵᠢᠨ ᠬᠠᠮᠲᠤ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠢ ᠵᠢᠯᠣᠭᠣᠳᠴᠤ ᠪᠠᠢ᠌ᠭ᠋ᠠᠳ ᠨᠡᠯᠢᠶᠡᠳ ᠶᠡᠬᠡ ᠵᠢᠴᠢ ᠲᠡᠭᠦᠨ᠎ᠠᠴᠠ ᠬᠥᠩᠭᠡᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠰᠠᠢ᠌ᠲᠤᠷ ᠬᠢᠯᠭᠡᠨ᠎ᠡ᠃
ᠠᠢ᠌ᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠶᠡᠷᠦᠩᠬᠡᠢ᠌ᠯᠡᠭᠰᠡᠨ ᠴᠢᠨᠠᠷᠲᠠᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢᠵᠢᠭ ᠬᠤᠪᠢᠶᠠᠷᠢ ᠠᠩᠬᠢ (ᠠᠢ᠌ᠮᠠᠭ ᠬᠣᠲᠠ ᠵᠢᠨ ᠱᠠᠲᠤᠨ᠎ᠤ᠎ᠬᠢ 50 ᠬᠥᠮᠥᠨ᠎ᠠᠴᠠ ᠳᠤᠲᠠᠭᠤ ᠪᠠᠢ᠌ᠯᠭ᠋ᠠᠬᠤ ᠦᠭᠡᠢ᠂ ᠬᠣᠰᠢᠭᠤ ᠰᠢᠶᠠᠨ᠎ᠤ ᠱᠠᠲᠤᠨ᠎ᠤ᠎ᠬᠢ 20 ᠬᠥᠮᠥᠨ᠎ᠠᠴᠠ ᠳᠤᠲᠠᠭᠤ ᠪᠠᠢ᠌ᠯᠭ᠋ᠠᠬᠤ ᠦᠭᠡᠢ) ᠵᠢ ᠲᠣᠬᠢᠷᠠᠭᠤᠯᠬᠤ ᠵᠢᠨ ᠬᠠᠮᠲᠤ᠂ ᠲᠤᠬᠠᠢ ᠵᠢᠨ ᠭᠠᠵᠠᠷ᠎ᠤᠨ ᠣᠨᠴᠠᠯᠢᠭ᠎ᠢ᠎ᠨᠢ ᠦᠨᠳᠦᠰᠦᠯᠡᠨ᠂ ᠣᠨᠴᠠᠭ᠋ᠠᠢ ᠲᠤᠰᠬᠠᠢ ᠮᠡᠷᠭᠡᠵᠢᠯ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠩᠬᠢ ᠵᠢ ᠪᠠᠢ᠌ᠭᠤᠯᠤᠨ᠎ᠠ᠃
ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠠᠵᠢᠯᠲᠠᠨ᠎ᠤ ᠬᠤᠪᠢᠷᠠᠯᠲᠠ ᠪᠠ ᠪᠣᠳᠠᠲᠠᠢ᠎ᠪᠠᠨ ᠦᠨᠳᠦᠰᠦᠯᠡᠵᠦ᠂ 3 ᠵᠢᠯ ᠪᠦᠷᠢ ᠨᠢᠭᠡ ᠤᠳᠠᠭ᠎ᠠ ᠡᠩᠨᠡᠭᠡ ᠵᠢᠨ ᠪᠦᠷᠢᠯᠳᠦᠭᠦᠨ ᠵᠶ᠋ᠡᠨ ᠲᠣᠬᠢᠷᠠᠭᠤᠯᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩᠨᠡᠭᠡᠨ᠎ᠤ ᠲᠣᠭᠲᠠᠭᠤᠨ ᠪᠠᠢ᠌ᠬᠤ ᠵᠢ ᠪᠠᠲᠤᠯᠠᠬᠤ ᠵᠢᠨ ᠬᠠᠮᠲᠤ᠂ ᠬᠠᠮᠢᠶᠠᠷᠤᠯᠲᠠ᠎ᠪᠠᠨ ᠴᠢᠩᠳᠠᠯᠠᠵᠤ᠂ ᠪᠣᠯᠪᠠᠰᠤᠷᠠᠯ ᠪᠠ ᠰᠣᠷᠢᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠤᠨ᠂ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠵᠠᠰᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
5.5 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ
ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠡᠮᠴᠢᠯᠡᠭᠡᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠩᠬᠢ᠂ ᠪᠠᠲᠤᠯᠠᠭ᠋ᠠᠨ᠎ᠤ ᠪᠠᠢ᠌ᠭᠤᠯᠤᠮᠵᠢ᠎ᠨᠢ ᠬᠣᠯᠪᠣᠭᠳᠠᠯ ᠪᠦᠬᠦᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠵᠢᠯᠣᠭᠣᠳᠬᠤ ᠭᠠᠵᠠᠷ᠎ᠤᠨ ᠨᠢᠭᠡᠳᠦᠯᠲᠡᠢ ᠵᠢᠭ᠋ᠠᠨ ᠵᠢᠯᠣᠭᠣᠳᠤᠯᠭ᠎ᠠ ᠲᠣᠬᠢᠷᠠᠭᠤᠯᠤᠯᠲᠠ ᠳᠣᠣᠷ᠎ᠠ᠂ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠵᠢ ᠢᠳᠡᠪᠬᠢᠲᠡᠢ ᠥᠷᠨᠢᠭᠦᠯᠬᠦ ᠬᠡᠷᠡᠭᠲᠡᠢ; ᠡᠮᠴᠢᠯᠡᠭᠡᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠲᠣᠰ ᠪᠡᠯᠡᠳᠭᠡᠯ ᠲᠥᠰᠥᠯ᠎ᠤᠨ ᠱᠠᠭ᠋ᠠᠷᠳᠠᠯᠭ᠎ᠠ ᠵᠢ ᠦᠨᠳᠦᠰᠦᠯᠡᠵᠦ ᠲᠣᠰ ᠰᠠᠯᠠᠭ᠎ᠠ ᠮᠥᠴᠢᠷ᠂ ᠲᠣᠰ ᠨᠢᠭᠡᠴᠢ ᠵᠢᠨ ᠣᠨ᠎ᠤ ᠰᠣᠷᠢᠯᠲᠠ ᠵᠢᠨ ᠲᠥᠯᠥᠪᠯᠡᠭᠡ᠎ᠪᠠᠨ ᠲᠣᠭᠲᠠᠭ᠋ᠠᠵᠤ᠂ ᠰᠢᠷᠡᠭᠡᠨ᠎ᠤ ᠰᠣᠷᠢᠯᠲᠠ ᠪᠤᠶᠤ ᠪᠣᠳᠠᠲᠤ ᠪᠠᠢ᠌ᠯᠳᠤᠭ᠋ᠠᠨ᠎ᠤ ᠰᠣᠷᠢᠯᠲᠠ᠂ ᠬᠡᠰᠡᠭ ᠴᠢᠳᠠᠮᠵᠢ ᠵᠢᠨ ᠰᠣᠷᠢᠯᠲᠠ ᠪᠤᠶᠤ ᠪᠥᠬᠥ ᠲᠠᠯ᠎ᠠ ᠵᠢᠨ ᠰᠣᠷᠢᠯᠲᠠ ᠵᠡᠷᠭᠡ ᠬᠡᠯᠪᠡᠷᠢ ᠵᠢ ᠠᠪᠴᠤ ᠪᠣᠯᠣᠨ᠎ᠠ᠃ ᠰᠣᠷᠢᠯᠲᠠ᠎ᠳᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ᠂ ᠵᠣᠬᠢᠶᠠᠨ ᠪᠠᠢ᠌ᠭᠤᠯᠵᠤ ᠬᠠᠮᠢᠶᠠᠷᠬᠤ᠂ ᠲᠦᠷᠭᠡᠨ ᠲᠤᠰᠬᠠᠯ ᠭᠠᠷᠭ᠋ᠠᠬᠤ (ᠠᠩᠬᠢ ᠵᠢᠨ ᠴᠤᠭᠯᠠᠷᠠᠬᠤ᠂ ᠲᠤᠬᠠᠢ ᠵᠢᠨ ᠲᠠᠯᠠᠪᠠᠢ᠎ᠳᠤ᠎ᠨᠢ ᠠᠪᠤᠷᠠᠨ ᠵᠠᠰᠠᠬᠤ᠂ ᠰᠢᠷᠬᠠᠲᠤᠭᠰᠠᠳ᠎ᠢ ᠰᠢᠯᠵᠢᠭᠦᠯᠦᠨ ᠵᠥᠭᠡᠭᠡᠬᠦ᠂ ᠡᠮᠨᠡᠯᠭᠡ ᠵᠢᠨ ᠬᠣᠷᠢᠶᠠᠨ᠎ᠳᠤ ᠠᠪᠤᠷᠠᠨ ᠵᠠᠰᠠᠬᠤ ᠵᠡᠷᠭᠡ)᠂ ᠡᠳ᠋ ᠪᠠᠷᠠᠭ᠎ᠠ ᠨᠦᠬᠡᠴᠡᠯᠡᠬᠦ᠂ ᠰᠠᠯᠠᠭ᠎ᠠ ᠮᠥᠴᠢᠷ᠎ᠢ ᠵᠣᠬᠢᠴᠠᠭᠤᠯᠬᠤ᠂ ᠵᠠᠭᠤᠴᠢᠯᠠᠭᠤᠷ᠎ᠤᠨ ᠨᠡᠪᠲᠡᠷᠡᠯᠴᠡᠭᠡ ᠵᠢᠴᠢ ᠮᠡᠳᠡᠭᠡ ᠵᠠᠩᠬᠢᠴᠢᠯᠠᠯᠲᠠ ᠵᠢᠨ ᠬᠠᠮᠵᠢᠯᠴᠠᠭ᠎ᠠ ᠵᠡᠷᠭᠡ ᠠᠭᠤᠯᠭ᠎ᠠ᠎ᠲᠠᠢ ᠬᠣᠯᠪᠣᠭᠳᠠᠭᠤᠯᠬᠤ ᠬᠡᠷᠡᠭᠲᠡᠢ᠃
ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠰᠣᠷᠢᠯᠲᠠ᠎ᠳᠤ ᠣᠯᠠᠨ ᠨᠡᠢ᠌ᠲᠡ ᠣᠷᠣᠯᠴᠠᠬᠤ ᠴᠢᠬᠤᠯᠠᠲᠠᠢ ᠪᠣᠯ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃
5.6 ᠡᠳ᠋ ᠪᠠᠷᠠᠭ᠎ᠠ ᠨᠥᠭᠡᠴᠡᠯᠡᠬᠦ ᠪᠠᠲᠤᠯᠠᠭ᠎ᠠ
ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠮ᠎ᠤᠨ ᠵᠦᠢ᠍ᠯ᠂ ᠡᠮᠴᠢᠯᠡᠭᠡᠨ᠎ᠤ ᠪᠠᠭ᠋ᠠᠵᠢ ᠬᠡᠷᠡᠭᠯᠡᠭᠦᠷ᠂ ᠲᠥᠬᠥᠭᠡᠷᠦᠮᠵᠢ᠂ ᠲᠦᠷᠭᠡᠨ ᠪᠠᠢ᠌ᠴᠠᠭ᠋ᠠᠨ ᠬᠡᠮᠵᠢᠬᠦ ᠬᠡᠷᠡᠭᠰᠡᠯ ᠪᠠ ᠤᠷᠪᠠᠯᠵᠢ᠂ ᠡᠷᠡᠭᠦᠯ ᠬᠠᠮᠠᠭ᠋ᠠᠯᠠᠯ᠎ᠤᠨ ᠰᠡᠷᠭᠡᠢ᠌ᠯᠡᠨ ᠬᠠᠮᠠᠭ᠋ᠠᠯᠠᠬᠤ ᠬᠡᠷᠡᠭᠰᠡᠯ ᠵᠡᠷᠭᠡ ᠡᠳ᠋ ᠪᠠᠷᠠᠭ᠋ᠠᠨ᠎ᠤ ᠨᠦᠬᠡᠴᠡᠯᠡᠬᠦ ᠲᠥᠯᠥᠪᠯᠡᠭᠡ ᠵᠢᠨ ᠰᠠᠨᠠᠭᠤᠯᠭ᠎ᠠ ᠵᠢ ᠳᠤᠷᠠᠳᠤᠨ᠎ᠠ᠃ ᠡᠯ᠎ᠡ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ (ᠡᠳ᠋ ᠪᠠᠷᠠᠭ᠎ᠠ ᠨᠦᠬᠡᠴᠡᠯᠡᠬᠦ)᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠡᠷᠭᠡ ᠰᠠᠯᠠᠭ᠎ᠠ ᠮᠥᠴᠢᠷ᠎ᠨᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠳ᠋ ᠪᠠᠷᠠᠭ᠋ᠠᠨ᠎ᠤ ᠦᠢ᠍ᠯᠡᠳᠪᠦᠷᠢᠯᠡᠬᠦ᠂ ᠨᠦᠬᠡᠴᠡᠯᠡᠬᠦ ᠪᠠ ᠲᠣᠬᠢᠷᠠᠭᠤᠯᠤᠨ ᠵᠥᠭᠡᠭᠡᠪᠦᠷᠢᠯᠡᠬᠦ ᠵᠢ ᠵᠣᠬᠢᠶᠠᠨ ᠪᠠᠢ᠌ᠭᠤᠯᠬᠤ ᠵᠢ ᠬᠠᠷᠢᠭᠤᠴᠠᠵᠤ᠂ ᠬᠠᠩᠭ᠋ᠠᠯᠭ᠎ᠠ ᠵᠢ ᠪᠠᠲᠤᠯᠠᠨ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠮᠠᠭ᠋ᠠᠯᠠᠵᠤ᠂ ᠪᠠᠷᠠᠭ᠋ᠠᠨ᠎ᠤ ᠦᠨ᠎ᠡ ᠵᠢ ᠲᠣᠭᠲᠠᠭᠤᠨ ᠪᠠᠢ᠌ᠯᠭ᠋ᠠᠨ᠎ᠠ᠃ ᠡᠮ ᠡᠮᠨᠡᠯᠭᠡ ᠵᠢᠨ ᠨᠦᠬᠡᠴᠡ ᠡᠳ᠋ ᠪᠠᠷᠠᠭ᠋ᠠᠨ᠎ᠤ ᠨᠦᠬᠡᠴᠡᠯᠡᠬᠦ᠂ ᠬᠡᠷᠡᠭᠯᠡᠬᠦ ᠵᠢ 《 ᠤᠯᠤᠰ᠎ᠤᠨ ᠡᠮ ᠡᠮᠨᠡᠯᠭᠡ ᠵᠢᠨ ᠨᠦᠬᠡᠴᠡᠯᠡᠬᠦ ᠬᠠᠮᠢᠶᠠᠷᠤᠯᠲᠠ ᠵᠢᠨ ᠠᠷᠭ᠎ᠠ》 ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮ ᠡᠮᠨᠡᠯᠭᠡ ᠵᠢᠨ ᠨᠦᠬᠡᠴᠡᠯᠡᠬᠦ ᠬᠠᠮᠢᠶᠠᠷᠤᠯᠲᠠ ᠵᠢᠨ ᠠᠷᠭ᠎ᠠ》 ᠶᠣᠰᠣᠭ᠋ᠠᠷ ᠬᠡᠷᠡᠭᠵᠢᠭᠦᠯᠦᠨ᠎ᠡ᠃
5.7 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠠᠷᠤᠳᠠᠯ᠎ᠤᠨ ᠪᠠᠲᠤᠯᠠᠭ᠎ᠠ
ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠠᠴᠠ ᠡᠭᠦᠷᠬᠡᠯᠡᠪᠡᠰᠦ ᠵᠣᠬᠢᠬᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠬᠢᠬᠦ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ᠎ᠳᠤ ᠬᠡᠷᠡᠭᠰᠡᠬᠦ ᠴᠢᠬᠤᠯᠠᠲᠠᠢ ᠵᠠᠷᠤᠳᠠᠯ᠎ᠢ᠎ᠨᠢ ᠬᠠᠷᠢᠭᠤᠴᠠᠨ ᠲᠣᠬᠢᠷᠠᠭᠤᠯᠬᠤ ᠵᠢᠨ ᠬᠠᠮᠲᠤ᠂ ᠵᠠᠷᠤᠳᠠᠯ᠎ᠤᠨ ᠬᠡᠷᠡᠭᠯᠡᠭᠡᠨ᠎ᠤ ᠪᠠᠢ᠌ᠳᠠᠯ᠎ᠳᠤ ᠬᠢᠨᠠᠯᠲᠠ ᠲᠠᠯᠪᠢᠬᠤ ᠠᠵᠢᠯ᠎ᠢ ᠰᠠᠢ᠌ᠲᠤᠷ ᠬᠢᠨ᠎ᠡ᠃
ᠪᠠᠢ᠌ᠭ᠋ᠠᠯᠢ ᠵᠢᠨ ᠭᠠᠢ ᠭᠠᠮᠰᠢᠭ᠎ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠪᠠᠯ᠂ ᠡᠯ᠎ᠡ ᠱᠠᠲᠤᠨ᠎ᠤ ᠡᠳ᠋᠎ᠤᠨ ᠵᠠᠰᠠᠭ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠮᠴᠢᠯᠡᠵᠦ ᠠᠪᠤᠷᠠᠨ ᠵᠠᠰᠠᠬᠤ ᠵᠠᠷᠤᠳᠠᠯ᠎ᠢ ᠡᠭᠦᠷᠬᠡᠯᠡᠬᠦ ᠪᠤᠶᠤ ᠨᠥᠬᠥᠪᠦᠷᠢ ᠣᠯᠭᠣᠨ᠎ᠠ᠃
ᠠᠶᠤᠯ ᠦᠭᠡᠢ ᠦᠢ᠍ᠯᠡᠳᠪᠦᠷᠢᠯᠡᠯ᠎ᠤᠨ ᠡᠨᠳᠡᠯ᠎ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠪᠠᠯ᠂ ᠡᠨᠳᠡᠯ ᠭᠠᠷᠤᠭᠰᠠᠨ ᠨᠢᠭᠡᠴᠢ᠎ᠨᠢ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ (ᠥᠷᠳᠡᠭᠡ) ᠪᠤᠶᠤ ᠬᠠᠮᠢᠶ᠎ᠠ ᠪᠦᠬᠦᠢ ᠡᠮᠴᠢᠯᠡᠭᠡᠨ᠎ᠤ ᠪᠠᠢ᠌ᠭᠤᠯᠤᠮᠵᠢ᠎ᠳᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠶᠠᠪᠤᠴᠠ᠎ᠳᠤ ᠡᠭᠦᠰᠦᠭᠰᠡᠨ ᠵᠠᠷᠤᠳᠠᠯ᠎ᠢ ᠲᠥᠯᠥᠬᠦ ᠬᠡᠷᠡᠭᠲᠡᠢ᠂ ᠬᠡᠷᠡᠭ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠰᠢᠮᠳᠠᠭᠤᠯᠤᠨ ᠨᠠᠢ᠍ᠳᠠᠪᠤᠷᠢᠵᠢᠭᠤᠯᠬᠤ ᠵᠢ ᠬᠠᠷᠢᠭᠤᠴᠠᠬᠤ ᠬᠡᠷᠡᠭᠲᠡᠢ᠃
ᠨᠡᠢ᠌ᠭᠡᠮ᠎ᠤᠨ ᠠᠮᠤᠷ ᠲᠦᠪᠰᠢᠨ᠎ᠤ ᠬᠡᠷᠡᠭ᠎ᠲᠤ ᠡᠭᠦᠰᠦᠭᠰᠡᠨ ᠬᠥᠮᠥᠨ ᠬᠠᠷ᠎ᠠ ᠵᠢᠨ ᠦᠬᠦᠯ ᠰᠢᠷᠬᠠᠲᠤᠯ᠎ᠢ ᠪᠣᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠬᠠᠷᠢᠭᠤᠴᠠᠯᠭ᠋ᠠᠲᠤ ᠨᠢᠭᠡᠴᠢ ᠪᠤᠶᠤ ᠬᠠᠷᠢᠭᠤᠴᠠᠯᠭ᠋ᠠᠲᠠᠨ᠎ᠠᠴᠠ ᠡᠮᠴᠢᠯᠡᠭᠡᠨ᠎ᠤ ᠠᠪᠤᠷᠠᠨ ᠵᠠᠰᠠᠬᠤ ᠵᠠᠷᠤᠳᠠᠯ᠎ᠢ᠎ᠨᠢ ᠡᠭᠦᠷᠬᠡᠯᠡᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠰᠢᠮᠳᠠᠭᠤᠯᠤᠨ ᠨᠠᠢ᠍ᠳᠠᠪᠤᠷᠢᠵᠢᠭᠤᠯᠬᠤ ᠵᠢ ᠬᠠᠷᠢᠭᠤᠴᠠᠬᠤ ᠬᠡᠷᠡᠭᠲᠡᠢ᠃ ᠡᠯ᠎ᠡ ᠱᠠᠲᠤᠨ᠎ᠤ ᠡᠳ᠋᠎ᠤᠨ ᠵᠠᠰᠠᠭ᠎ᠨᠢ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠪᠤᠶᠤ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ᠎ᠢ ᠦᠨᠳᠦᠰᠦᠯᠡᠨ ᠡᠮᠴᠢᠯᠡᠭᠡᠨ᠎ᠤ ᠠᠪᠤᠷᠠᠨ ᠵᠠᠰᠠᠬᠤ ᠵᠠᠷᠤᠳᠠᠯ᠎ᠳᠤ ᠨᠥᠬᠥᠪᠦᠷᠢ ᠣᠯᠭᠣᠵᠤ ᠪᠣᠯᠣᠨ᠎ᠠ᠃
ᠡᠯ᠎ᠡ ᠲᠥᠷᠥᠯ᠎ᠤᠨ ᠳᠠᠭ᠋ᠠᠳᠬᠠᠯ᠎ᠤᠨ ᠪᠠᠢ᠌ᠭᠤᠯᠤᠮᠵᠢ᠎ᠨᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠪᠡᠶ᠎ᠡ ᠮᠠᠬᠠᠪᠤᠳ᠂ ᠡᠮᠴᠢᠯᠡᠭᠡ᠂ ᠡᠷᠡᠭᠦᠯ ᠮᠡᠨᠳᠦ ᠵᠡᠷᠭᠡ ᠳᠠᠭ᠋ᠠᠳᠬᠠᠯ᠎ᠳᠤ ᠣᠷᠣᠯᠴᠠᠭᠰᠠᠨ ᠦᠬᠦᠵᠦ ᠰᠢᠷᠬᠠᠲᠤᠭᠰᠠᠨ ᠬᠥᠮᠥᠰ᠎ᠲᠤ ᠳᠠᠭ᠋ᠠᠳᠬᠠᠯ᠎ᠤᠨ ᠲᠥᠯᠥᠪᠦᠷᠢ ᠥᠭᠬᠦ ᠠᠵᠢᠯ᠎ᠢ ᠰᠠᠢ᠌ᠲᠤᠷ ᠬᠢᠨ᠎ᠡ᠃
5.8 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠲᠤᠯᠠᠭ᠎ᠠ
ᠡᠯ᠎ᠡ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠩᠬᠢ᠎ᠨᠢ ᠪᠣᠳᠠᠲᠠᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠠᠪᠤᠷᠠᠨ ᠰᠤᠪᠢᠯᠠᠬᠤ ᠲᠡᠷᠭᠡ ᠬᠥᠰᠭᠡ᠂ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ ᠪᠠ ᠴᠢᠮᠡᠭᠡ ᠬᠣᠯᠪᠣᠭ᠋ᠠᠨ᠎ᠤ ᠲᠥᠬᠥᠭᠡᠷᠦᠮᠵᠢ ᠵᠢ ᠲᠣᠬᠢᠷᠠᠭᠤᠯᠤᠨ᠎ᠠ᠃
ᠲᠡᠮᠦᠷ ᠵᠠᠮ᠂ ᠵᠠᠮ ᠬᠠᠷᠢᠯᠴᠠᠭ᠎ᠠ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠳᠣᠲᠣᠭ᠋ᠠᠳᠤ ᠵᠢ ᠬᠠᠮᠠᠭ᠋ᠠᠯᠠᠬᠤ (ᠵᠠᠮ ᠬᠠᠷᠢᠯᠴᠠᠭ᠋ᠠᠨ᠎ᠤ ᠬᠠᠮᠢᠶᠠᠷᠤᠯᠲᠠ) ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠥᠮᠥᠰ ᠪᠠ ᠡᠳ᠋ ᠪᠠᠷᠠᠭ᠎ᠠ ᠲᠡᠭᠡᠭᠡᠪᠦᠷᠢᠯᠡᠬᠦ ᠵᠢ ᠤᠷᠢᠳ ᠵᠶ᠋ᠠᠷ ᠪᠠᠢ᠌ᠷᠢᠯᠠᠭᠤᠯᠵᠤ᠂ ᠤᠷᠢᠳ ᠵᠶ᠋ᠠᠷ ᠲᠣᠬᠢᠷᠠᠭᠤᠯᠬᠤ᠂ ᠤᠷᠢᠳ ᠵᠶ᠋ᠠᠷ ᠶᠠᠪᠤᠭᠤᠯᠬᠤ ᠵᠢ ᠪᠠᠲᠤᠯᠠᠵᠤ᠂ ᠲᠡᠭᠡᠭᠡᠪᠦᠷᠢ ᠵᠢᠨ ᠠᠮᠤᠷ ᠲᠦᠪᠰᠢᠨ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠪᠠᠢ᠌ᠳᠠᠯ ᠣᠨᠴᠠᠭ᠋ᠠᠢ ᠪᠠᠴᠢᠮ ᠦᠶ᠎ᠡ᠎ᠳᠤ᠂ ᠲᠤᠬᠠᠢ ᠵᠢᠨ ᠲᠠᠯᠠᠪᠠᠢ ᠵᠢᠴᠢ ᠬᠠᠮᠢᠶ᠎ᠠ ᠪᠦᠬᠦᠢ ᠵᠠᠮ ᠨᠡᠪᠲᠡᠷᠡᠯᠭᠡ᠎ᠳᠤ ᠵᠠᠮ ᠬᠠᠷᠢᠯᠴᠠᠭ᠋ᠠᠨ᠎ᠤ ᠬᠠᠮᠢᠶᠠᠷᠤᠨ ᠬᠣᠷᠢᠭᠯᠠᠯᠲᠠ ᠵᠢ ᠬᠡᠷᠡᠭᠵᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ 《 ᠰᠠᠭ᠋ᠠᠳ ᠦᠭᠡᠢ ᠨᠡᠪᠲᠡᠷᠡᠬᠦ ᠵᠠᠮ》 ᠭᠠᠷᠭ᠋ᠠᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠦᠨᠡᠨ ᠬᠦ᠌ ᠪᠠᠲᠤᠯᠠᠨ᠎ᠠ᠃
5.9 ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ
ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠳᠤ ᠳᠡᠮᠵᠢᠯᠭᠡ ᠪᠠ ᠪᠠᠲᠤᠯᠠᠭ᠎ᠠ ᠬᠠᠩᠭ᠋ᠠᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ ᠭᠠᠷᠤᠭᠰᠠᠨ ᠲᠤᠬᠠᠢ ᠵᠢᠨ ᠲᠠᠯᠠᠪᠠᠢ ᠵᠢᠨ ᠠᠮᠤᠷ᠎ᠢ ᠬᠠᠮᠠᠭ᠋ᠠᠯᠠᠬᠤ ᠡᠮᠬᠢ ᠳᠢᠭᠯᠢᠮ᠂ ᠵᠠᠮ ᠬᠠᠷᠢᠯᠴᠠᠭ᠋ᠠᠨ᠎ᠤ ᠡᠮᠬᠢ ᠳᠢᠭᠯᠢᠮ᠎ᠢ ᠬᠠᠮᠠᠭ᠋ᠠᠯᠠᠵᠤ᠂ ᠲᠤᠬᠠᠢ ᠵᠢᠨ ᠲᠠᠯᠠᠪᠠᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠵᠢ᠎ᠨᠢ ᠬᠠᠷᠢᠭᠤᠴᠠᠨ᠎ᠠ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠯᠠᠭ᠎ᠠ ᠮᠥᠴᠢᠷ᠎ᠨᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠴᠦᠨ᠎ᠢ ᠵᠣᠬᠢᠶᠠᠨ ᠪᠠᠢ᠌ᠭᠤᠯᠵᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠣᠭᠣᠮᠲᠠ ᠰᠢᠪᠲᠤᠯᠬᠤ ᠠᠵᠢᠯ ᠥᠷᠨᠢᠭᠦᠯᠬᠦ ᠵᠢ ᠬᠠᠷᠢᠭᠤᠴᠠᠨ᠎ᠠ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ (ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ) ᠵᠢᠨ ᠰᠠᠯᠠᠭ᠎ᠠ ᠮᠥᠴᠢᠷ᠎ᠨᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠡᠮ᠎ᠤᠨ ᠵᠦᠢ᠍ᠯ᠂ ᠡᠮᠴᠢᠯᠡᠭᠡᠨ᠎ᠤ ᠪᠠᠭ᠋ᠠᠵᠢ ᠬᠡᠷᠡᠭᠯᠡᠭᠦᠷ ᠪᠠ ᠲᠥᠬᠥᠭᠡᠷᠦᠮᠵᠢ ᠵᠢᠨ ᠶᠠᠰᠤ ᠴᠢᠨᠠᠷ᠎ᠤᠨ ᠠᠮᠤᠷ ᠲᠦᠪᠰᠢᠨ᠎ᠳᠤ ᠬᠢᠨᠠᠯᠲᠠ ᠬᠠᠮᠢᠶᠠᠷᠤᠯᠲᠠ ᠲᠠᠯᠪᠢᠬᠤ ᠵᠢ ᠬᠠᠷᠢᠭᠤᠴᠠᠨ᠎ᠠ᠃
ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠌ᠳᠠᠨ᠎ᠤ ᠨᠡᠢ᠌ᠭᠡᠮᠯᠢᠭ᠎ᠨᠢ 《 ᠳᠤᠮᠳᠠᠳᠤ ᠤᠯᠤᠰ᠎ᠤᠨ ᠤᠯᠠᠭ᠋ᠠᠨ ᠵᠠᠭ᠋ᠠᠯᠮᠠᠢ᠌ᠳᠠᠨ᠎ᠤ ᠶᠡᠷᠦᠩᠬᠡᠢ ᠨᠡᠢ᠌ᠭᠡᠮᠯᠢᠭ᠎ᠤᠨ ᠪᠠᠢ᠌ᠭ᠋ᠠᠯᠢ ᠵᠢᠨ ᠭᠠᠢ ᠭᠠᠮᠰᠢᠭ ᠪᠠ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ》 ᠪᠠ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠭᠠᠢ ᠭᠠᠮᠰᠢᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ》 ᠶᠣᠰᠣᠭ᠋ᠠᠷ᠂ ᠣᠯᠠᠨ ᠲᠦᠮᠡᠨ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠲᠤᠬᠠᠢ ᠵᠢᠨ ᠲᠠᠯᠠᠪᠠᠢ᠎ᠳᠤ ᠥᠪᠡᠷ᠎ᠢ᠎ᠪᠠᠨ ᠠᠪᠤᠷᠠᠬᠤ ᠪᠠ ᠬᠠᠷᠢᠯᠴᠠᠨ ᠠᠪᠤᠷᠠᠬᠤ ᠠᠵᠢᠯ ᠥᠷᠨᠢᠭᠦᠯᠬᠦ᠂ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ ᠵᠢ ᠬᠠᠷᠢᠭᠤᠴᠠᠨ᠎ᠠ᠃ ᠡᠭᠦᠨ᠎ᠤ ᠬᠠᠮᠲᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠪᠣᠳᠠᠲᠤ ᠪᠠᠢ᠌ᠳᠠᠯ᠎ᠢ ᠦᠨᠳᠦᠰᠦᠯᠡᠨ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠤᠷᠢᠶᠠᠯᠠᠭ᠎ᠠ ᠭᠠᠷᠭ᠋ᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠣᠬᠢᠶᠠᠨ ᠪᠠᠢ᠌ᠭᠤᠯᠤᠯᠲᠠ ᠪᠠ ᠬᠤᠪᠢ ᠬᠥᠮᠥᠨ᠎ᠤ ᠬᠠᠨᠳᠢᠪ᠎ᠢ ᠬᠠᠥᠯᠢ ᠶᠣᠰᠣᠭ᠋ᠠᠷ ᠬᠦᠯᠢᠶᠡᠨ᠂ ᠪᠠᠴᠢᠮ ᠱᠠᠭ᠋ᠠᠷᠳᠠᠭᠳᠠᠬᠤ ᠬᠦᠮᠦᠯᠢᠭ ᠦᠵᠡᠯ᠎ᠤᠨ ᠲᠤᠰᠠᠯᠠᠮᠵᠢ ᠬᠠᠩᠭ᠋ᠠᠨ᠎ᠠ᠃
ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠴᠡᠷᠢᠭ ᠠᠩᠬᠢ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠵᠤ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠴᠢ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠵᠢᠭ᠋ᠠᠪᠤᠷᠢ ᠵᠢ ᠦᠨᠳᠦᠰᠦᠯᠡᠨ᠂ ᠴᠡᠷᠢᠭ ᠠᠩᠬᠢ ᠵᠢᠨ ᠬᠣᠯᠪᠣᠭᠳᠠᠯ ᠪᠦᠬᠦᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠬᠥᠮᠥᠰ ᠪᠠ ᠬᠦᠴᠦᠨ᠎ᠢ ᠵᠣᠬᠢᠶᠠᠨ ᠪᠠᠢ᠌ᠭᠤᠯᠵᠤ᠂ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠢ ᠳᠡᠮᠵᠢᠬᠦ ᠪᠠ ᠲᠡᠭᠦᠨ᠎ᠳᠤ ᠬᠠᠮᠵᠢᠯᠴᠠᠨ᠎ᠠ᠃
ᠬᠥᠬᠡᠬᠣᠲᠠ ᠪᠣᠭᠣᠮᠲᠠ᠎ᠨᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ᠎ᠳᠤ ᠬᠡᠷᠡᠭᠰᠡᠬᠦ ᠭᠠᠳᠠᠭ᠋ᠠᠳᠤ᠎ᠠᠴᠠ ᠣᠷᠣᠭᠤᠯᠬᠤ ᠣᠨᠴᠠ ᠵᠦᠢ᠍ᠯ᠎ᠤᠨ ᠡᠮ᠎ᠤᠨ ᠵᠦᠢ᠍ᠯ᠂ ᠤᠷᠪᠠᠯᠵᠢ᠂ ᠪᠠᠭ᠋ᠠᠵᠢ ᠬᠡᠷᠡᠭᠰᠡᠯ᠎ᠢ ᠤᠷᠢᠳ ᠵᠶ᠋ᠠᠷ ᠪᠣᠭᠣᠮᠲᠠ᠎ᠪᠠᠷ ᠨᠡᠪᠲᠡᠷᠡᠭᠦᠯᠵᠦ ᠪᠠᠢ᠌ᠴᠠᠭ᠋ᠠᠨ ᠰᠢᠯᠭ᠋ᠠᠵᠤ ᠥᠩᠭᠡᠷᠡᠭᠦᠯᠬᠦ ᠠᠵᠢᠯ᠎ᠢ ᠬᠠᠷᠢᠭᠤᠴᠠᠨ᠎ᠠ᠃
6 ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ᠎ᠳᠤ ᠣᠯᠠᠨ ᠨᠡᠢ᠌ᠲᠡ ᠣᠷᠣᠯᠴᠠᠬᠤ
ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠮᠡᠳᠡᠯᠭᠡ ᠵᠢᠨ ᠲᠦᠭᠡᠮᠡᠯᠵᠢᠯ᠎ᠤᠨ ᠵᠣᠬᠢᠶᠠᠨ ᠪᠠᠢ᠌ᠭᠤᠯᠬᠤ ᠠᠵᠢᠯ᠎ᠢ ᠰᠠᠢ᠌ᠲᠤᠷ ᠬᠢᠨ᠎ᠡ; ᠥᠪᠡᠷᠲᠡᠭᠡᠨ ᠵᠠᠰᠠᠬᠤ ᠣᠷᠣᠨ ᠪᠠ ᠣᠷᠣᠨ ᠨᠤᠲᠤᠭ᠎ᠤᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠭᠦᠯ᠂ ᠢᠨᠲᠸᠷ ᠰᠦᠯᠵᠢᠶ᠎ᠡ ᠵᠡᠷᠭᠡ ᠵᠠᠭᠤᠴᠢᠯᠠᠭᠤᠷ᠎ᠨᠢ ᠨᠡᠢ᠌ᠭᠡᠮ ᠨᠡᠢ᠌ᠲᠡ᠎ᠳᠠᠬᠢ ᠤᠬᠠᠭᠤᠯᠭ᠎ᠠ ᠬᠥᠮᠥᠵᠢᠯ ᠵᠶ᠋ᠡᠨ ᠥᠷᠭᠡᠳᠬᠡᠬᠦ ᠬᠡᠷᠡᠭᠲᠡᠢ; ᠡᠯ᠎ᠡ ᠰᠠᠯᠠᠭ᠎ᠠ ᠮᠥᠴᠢᠷ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠪᠦᠯᠬᠦᠮ᠎ᠨᠢ ᠬᠠᠷᠢᠶᠠᠲᠤ ᠬᠥᠮᠥᠰ ᠵᠶ᠋ᠠᠨ ᠤᠬᠠᠭᠤᠯᠤᠨ ᠬᠥᠮᠥᠵᠢᠭᠦᠯᠬᠦ ᠵᠢ ᠴᠢᠩᠭ᠋ᠠᠳᠬᠠᠬᠤ ᠬᠡᠷᠡᠭᠲᠡᠢ; ᠡᠯ᠎ᠡ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠨᠢ ᠤᠬᠠᠭᠤᠯᠬᠤ ᠮᠠᠲ᠋ᠧᠷᠢᠶᠠᠯ᠎ᠢ ᠬᠠᠩᠭ᠋ᠠᠬᠤ ᠪᠠ ᠪᠠᠭᠰᠢ ᠵᠢᠨ ᠪᠣᠯᠪᠠᠰᠤᠷᠠᠯ᠎ᠤᠨ ᠠᠵᠢᠯ᠎ᠢ ᠰᠠᠢ᠌ᠲᠤᠷ ᠬᠢᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠮᠡᠳᠡᠯᠭᠡ ᠵᠢ ᠥᠷᠭᠡᠨ ᠬᠡᠪᠴᠢᠶ᠎ᠡ᠎ᠪᠠᠷ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ ᠳᠣᠲᠣᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠠᠮᠤᠷ ᠲᠦᠪᠰᠢᠨ᠎ᠢ ᠬᠠᠮᠠᠭ᠋ᠠᠯᠠᠭᠴᠢ ᠪᠠ ᠡᠷᠡᠭᠦᠯ ᠬᠠᠮᠠᠭ᠋ᠠᠯᠠᠭᠴᠢ᠎ᠪᠠᠷ ᠭᠣᠣᠯᠯᠠᠬᠤ ᠬᠦᠴᠦᠨ ᠪᠣᠯᠭ᠋ᠠᠭᠰᠠᠨ ᠣᠯᠠᠨ ᠲᠦᠮᠡᠨᠴᠢ ᠴᠢᠨᠠᠷᠲᠠᠢ ᠠᠪᠤᠷᠠᠨ ᠲᠤᠰᠠᠯᠠᠬᠤ ᠲᠣᠣᠷ ᠰᠦᠯᠵᠢᠶ᠎ᠡ ᠵᠢ ᠠᠯᠬᠤᠮ ᠠᠯᠬᠤᠮ ᠵᠶ᠋ᠠᠷ ᠵᠣᠬᠢᠶᠠᠨ ᠪᠠᠢ᠌ᠭᠤᠯᠤᠨ᠂ ᠪᠣᠯᠪᠠᠰᠤᠷᠠᠯ ᠪᠠ ᠰᠣᠷᠢᠯᠲᠠ᠎ᠪᠠᠷ ᠳᠠᠮᠵᠢᠨ ᠲᠡᠳᠡᠨ᠎ᠤ ᠥᠪᠡᠷ᠎ᠢ᠎ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃
7 ᠳᠠᠭ᠋ᠠᠯᠳᠤᠭᠤᠯᠤᠯ
7.1 ᠬᠠᠷᠢᠭᠤᠴᠠᠯᠭ᠎ᠠ ᠪᠠ ᠱᠠᠩᠨᠠᠯ ᠲᠣᠷᠭ᠋ᠠᠭᠤᠯᠢ
ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠠᠪᠤᠷᠠᠨ ᠲᠤᠰᠠᠯᠠᠬᠤ ᠠᠵᠢᠯ᠎ᠨᠢ ᠬᠠᠷᠢᠭᠤᠴᠠᠯᠭ᠋ᠠᠲᠤ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠬᠡᠷᠡᠭᠵᠢᠭᠦᠯᠦᠨ᠎ᠡ᠃
ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠠᠵᠢᠯ᠎ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ᠎ᠤ ᠬᠠᠮᠲᠤ ᠪᠠ ᠬᠤᠪᠢ ᠬᠥᠮᠥᠨ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠠᠢ᠌ᠰᠢᠶᠠᠨ ᠬᠥᠬᠢᠭᠦᠯᠬᠦ ᠪᠠ ᠱᠠᠩᠨᠠᠯ ᠣᠯᠭᠣᠨ᠎ᠠ᠃
ᠬᠠᠷᠢᠭᠤᠴᠠᠯᠭ᠎ᠠ᠎ᠪᠠᠨ ᠠᠯᠳᠠᠵᠤ᠂ ᠲᠤᠰᠢᠶᠠᠯ ᠵᠶ᠋ᠡᠨ ᠭᠤᠲᠤᠭ᠋ᠠᠭᠰᠠᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠢ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠲᠥᠪ ᠴᠢᠩᠭ᠎ᠠ᠎ᠪᠠᠷ ᠬᠠᠷᠢᠭᠤᠴᠠᠯᠭ᠎ᠠ ᠨᠡᠬᠡᠮᠵᠢᠯᠡᠨ᠎ᠡ᠂ ᠶᠠᠯᠠᠳᠤ ᠬᠥᠷᠥᠭᠰᠡᠨ ᠪᠠᠢ᠌ᠪᠠᠯ᠂ ᠬᠠᠥᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
7.2 ᠪᠡᠯᠡᠳᠭᠡᠯ ᠲᠥᠰᠥᠯ᠎ᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ
ᠲᠣᠰ ᠪᠡᠯᠡᠳᠭᠡᠯ ᠲᠥᠰᠥᠯ᠎ᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠵᠣᠬᠢᠶᠠᠨ ᠪᠠᠢ᠌ᠭᠤᠯᠵᠤ ᠲᠣᠭᠲᠠᠭ᠋ᠠᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠡᠳ ᠨᠡᠢ᠌ᠲᠡᠯᠡᠨ᠎ᠡ᠃ ᠡᠯ᠎ᠡ ᠭᠠᠵᠠᠷ ᠣᠷᠣᠨ᠎ᠨᠢ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠲᠣᠰ ᠭᠠᠵᠠᠷ ᠣᠷᠣᠨ᠎ᠤ᠎ᠪᠠᠨ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ᠎ᠢ ᠲᠣᠭᠲᠠᠭ᠋ᠠᠬᠤ ᠵᠢᠨ ᠬᠠᠮᠲᠤ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ᠎ᠪᠠᠨ ᠮᠡᠳᠡᠭᠦᠯᠵᠦ ᠬᠢᠨᠠᠨ ᠵᠥᠪᠰᠢᠶᠡᠷᠡᠭᠦᠯᠦᠭᠡᠳ ᠨᠡᠢ᠌ᠲᠡᠯᠡᠵᠦ ᠪᠣᠯᠣᠨ᠎ᠠ᠃
ᠲᠣᠰ ᠪᠡᠯᠡᠳᠭᠡᠯ ᠲᠥᠰᠥᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠲᠣᠭᠲᠠᠭ᠋ᠠᠵᠤ᠂ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢ ᠬᠡᠷᠡᠭᠵᠢᠭᠦᠯᠬᠦ ᠶᠠᠪᠤᠴᠠ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠢ ᠦᠨᠳᠦᠰᠦᠯᠡᠨ ᠴᠠᠭ ᠲᠤᠬᠠᠢᠳᠤᠨᠢ ᠵᠠᠰᠠᠪᠤᠷᠢ ᠣᠷᠣᠭᠤᠯᠵᠤ᠂ ᠨᠥᠬᠥᠪᠦᠷᠢᠯᠡᠨ᠎ᠡ᠃
7.3 ᠪᠡᠯᠡᠳᠭᠡᠯ ᠲᠥᠰᠥᠯ᠎ᠳᠤ ᠲᠠᠢ᠌ᠯᠪᠤᠷᠢ ᠥᠭᠬᠦ ᠰᠠᠯᠠᠭ᠎ᠠ ᠮᠥᠴᠢᠷ
ᠲᠣᠰ ᠪᠡᠯᠡᠳᠭᠡᠯ ᠲᠥᠰᠥᠯ᠎ᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠬᠠᠷᠢᠭᠤᠴᠠᠨ ᠲᠠᠢ᠌ᠯᠪᠤᠷᠢᠯᠠᠨ᠎ᠠ᠃
7.4 ᠪᠡᠯᠡᠳᠭᠡᠯ ᠲᠥᠰᠥᠯ᠎ᠤᠨ ᠬᠡᠷᠡᠭᠵᠢᠭᠦᠯᠬᠦ ᠬᠤᠭᠤᠴᠠᠭ᠎ᠠ
ᠲᠣᠰ ᠪᠡᠯᠡᠳᠭᠡᠯ ᠲᠥᠰᠥᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《 〈 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ 〉 ᠪᠠ 〈 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ 〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠦᠰᠦᠭ [2006] 364 ᠳ᠋ᠦ᠍ᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
2023 ᠤᠨ᠎ᠤ 12 ᠳ᠋ᠤᠭ᠋ᠠᠷ ᠰᠠᠷ᠎ᠠ ᠵᠢᠨ 21᠎ᠤ ᠡᠳᠦᠷ ᠳᠠᠷᠤᠮᠠᠯᠯᠠᠨ ᠲᠠᠷᠬᠠᠭ᠋ᠠᠪᠠ