ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶ᠋ᠢᠲᠡᠯᠡᠭᠰᠡᠨ ᠴᠠᠭ᠄ 2024-07-17

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

       ᠥᠪᠥᠷ ᠵᠠᠰᠠᠭ ᠠᠯᠪᠠᠨ ᠲᠠᠷᠬᠠᠭ᠋ᠠᠭᠰᠠᠨ [2024] 10 ᠳ᠋ᠤᠭ᠋ᠠᠷ ᠲᠣᠭ᠋ᠠᠲᠤ


      ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠵᠢ ᠳᠡᠮᠵᠢᠬᠦ ᠲᠤᠬᠠᠢ

      ᠠᠷᠭ᠎ᠠ ᠬᠡᠮᠵᠢᠶ᠎ᠡ᠎ᠨᠦᠭᠦᠳ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ

      ᠠᠯᠪᠠᠨ ᠲᠢᠩᠬᠢᠮ᠎ᠤᠨ ᠳᠠᠷᠤᠮᠠᠯᠯᠠᠨ ᠶᠠᠪᠤᠭᠤᠯᠬᠤ ᠮᠡᠳᠡᠭᠳᠡᠯ


ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ ᠄

      《  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ 》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ ᠂  ᠪᠣᠳᠠᠲᠠᠢ᠎ᠲᠠᠢ᠎ᠪᠠᠨ ᠤᠶᠠᠯᠳᠤᠭᠤᠯᠤᠨ ᠂  ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ ᠃

                         2024 ᠣᠨ᠎ᠤ 2 ᠳ᠋ᠤᠭ᠋ᠠᠷ ᠰᠠᠷ᠎ᠠ ᠵᠢᠨ 25᠎ᠤ ᠡᠳᠦᠷ

      (  ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )

 

       ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ

       ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠵᠢᠨ ᠳᠤᠲᠠᠭᠤᠳᠠᠯ᠎ᠢ ᠲᠦᠷᠭᠡᠳᠬᠡᠨ ᠨᠥᠬᠥᠪᠦᠷᠢᠯᠡᠵᠦ ᠂  ᠬᠡᠪᠴᠢᠶᠡᠵᠢᠭᠦᠯᠦᠨ ᠂  ᠠᠵᠤ ᠦᠢ᠍ᠯᠡᠰᠵᠢᠭᠦᠯᠦᠨ ᠂  ᠲᠥᠷᠥᠯ ᠲᠡᠮᠳᠡᠭᠵᠢᠭᠦᠯᠦᠨ ᠬᠥᠭᠵᠢᠭᠦᠯᠬᠦ ᠵᠢ ᠠᠬᠢᠭᠤᠯᠵᠤ ᠂  ᠲᠠᠷᠢᠶᠠᠯᠠᠩ ᠮᠠᠯ ᠠᠵᠤ ᠠᠬᠤᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠬᠦᠨ᠎ᠤ ᠥᠷᠲᠡᠭ᠎ᠢ ᠲᠦᠮᠡᠨ ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ ᠵᠢ ᠲᠦᠷᠭᠡᠬᠡᠨ ᠪᠡᠶᠡᠯᠡᠭᠦᠯᠵᠦ ᠂  ᠲᠠᠷᠢᠶᠠᠯᠠᠩ ᠮᠠᠯ ᠠᠵᠤ ᠠᠬᠤᠢ ᠵᠢᠨ ᠲᠠᠯ᠎ᠠ᠎ᠪᠠᠷ ᠭᠠᠷᠤᠯᠲᠠ ᠵᠢᠨ ᠲᠣᠮᠣ ᠣᠷᠣᠨ ᠪᠠᠢ᠌ᠭᠰᠠᠨ᠎ᠠᠴᠠ ᠠᠵᠤ ᠦᠢ᠍ᠯᠡᠰ᠎ᠤᠨ ᠬᠦᠴᠦᠷᠬᠡᠭ ᠣᠷᠣᠨ ᠲᠡᠢ᠌ᠰᠢ ᠬᠤᠪᠢᠷᠠᠭᠤᠯᠬᠤ ᠵᠢ ᠠᠬᠢᠭᠤᠯᠬᠤ ᠵᠢᠨ ᠲᠤᠰᠠᠳᠠ ᠂  ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠵᠤ ᠂  ᠳᠣᠣᠷᠠᠬᠢ ᠮᠡᠲᠦ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠪᠠ ᠃

       ᠨᠢᠭᠡ ᠂  ᠣᠳᠣ ᠪᠠᠢ᠌ᠭ᠎ᠠ ᠠᠵᠤ ᠠᠬᠤᠢ᠌ᠯᠠᠯ᠎ᠤᠨ ᠪᠤᠵᠠᠭ᠋ᠠᠢ᠌ᠷᠠᠨ ᠬᠦᠴᠦᠷᠬᠡᠭᠵᠢᠬᠦ ᠵᠢ ᠲᠡᠳᠬᠦᠨ᠎ᠡ

      2024 ᠣᠨ (  ᠪᠠᠭᠲᠠᠨ᠎ᠠ )᠎ᠠᠴᠠ ᠬᠣᠢ᠌ᠰᠢ ᠨᠡᠢ᠌ᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ ᠂  ᠬᠡᠪᠴᠢᠶ᠎ᠡ᠎ᠪᠠᠨ ᠥᠷᠭᠡᠳᠬᠡᠨ ᠦᠢ᠍ᠯᠡᠳᠪᠦᠷᠢᠯᠡᠯ ᠵᠶ᠋ᠡᠨ ᠨᠡᠮᠡᠭᠳᠡᠭᠦᠯᠬᠦ ᠵᠡᠷᠭᠡ ᠠᠷᠭ᠎ᠠ ᠮᠠᠶᠢᠭ ᠵᠶ᠋ᠠᠷ ᠣᠨ᠎ᠤ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠣᠷᠣᠯᠭ᠎ᠠ᠎ᠪᠠᠨ 2 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠦᠭᠦᠯᠦᠭᠰᠡᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠠᠵᠤ ᠠᠬᠤᠢ᠌ᠯᠠᠯ᠎ᠳᠤ ᠂  ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠨ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠠᠴᠠ ᠭᠦᠢ᠍ᠯᠭᠡᠭᠡᠨ᠎ᠤ ᠪᠡᠯᠡ ᠮᠥᠩᠭᠥ ᠂  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠥ ᠵᠢ ᠵᠢᠭᠡᠯᠡᠵᠦ ᠣᠷᠣᠭᠤᠯᠤᠨ ᠂  ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠥ ᠵᠢᠨ ᠨᠣᠷᠮ᠎ᠠ ( LPR ) ᠵᠢᠨ 70%᠎ᠪᠠᠷ ᠲᠡᠷᠡᠴᠢᠯᠡᠨ 2% ᠵᠢ ᠥᠯᠥ ᠬᠡᠲᠦᠷᠡᠬᠦ ᠬᠦᠦ ᠮᠥᠩᠭᠥ ᠵᠢᠨ ᠨᠣᠷᠮ᠎ᠠ ᠶᠣᠰᠣᠭ᠋ᠠᠷ ᠂  ᠵᠢᠯ ᠪᠦᠷᠢ 200 ᠲᠦᠮᠡᠨ ᠲᠥᠭᠥᠷᠢᠭ᠎ᠠᠴᠠ ᠥᠯᠥ ᠳᠠᠪᠠᠬᠤ ᠳᠠᠮ ᠬᠦᠦ ᠵᠢᠨ ᠳᠡᠮᠵᠢᠯᠭᠡ ᠣᠯᠭᠣᠵᠤ ᠂  ᠲᠡᠭᠦᠨ᠎ᠢ ᠲᠠᠷᠢᠶᠠᠯᠠᠩ᠎ᠤᠨ ᠠᠵᠤ ᠦᠢ᠍ᠯᠡᠰᠵᠢᠭᠰᠡᠨ ᠤᠯᠤᠰ᠎ᠤᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ ᠪᠠ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠲᠡ ᠵᠢᠨ ᠵᠢᠱ᠌ᠢᠶᠡᠴᠢ ᠬᠣᠯᠪᠣᠭ᠋ᠠᠲᠤ ᠴᠣᠭᠴᠠ᠎ᠪᠠᠷ ᠦᠨᠡᠮᠰᠢᠭᠦᠯᠬᠦ ᠵᠢ᠎ᠨᠢ  ᠵᠣᠷᠢᠭᠵᠢᠭᠤᠯᠤᠨ᠎ᠠ ᠃  ᠰᠢᠨ᠎ᠡ᠎ᠪᠠᠷ ᠦᠨᠡᠮᠰᠢᠭᠰᠡᠨ ᠲᠠᠷᠢᠶᠠᠯᠠᠩ᠎ᠤᠨ ᠠᠵᠤ ᠦᠢ᠍ᠯᠡᠰᠵᠢᠭᠰᠡᠨ ᠤᠯᠤᠰ᠎ᠤᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠳᠤ ᠨᠢᠭᠡ ᠯᠡ ᠤᠳᠠᠭ᠎ᠠ ᠵᠢᠨ ᠴᠢᠨᠠᠷᠲᠠᠢ 50 ᠲᠦᠮᠡᠨ ᠲᠥᠭᠥᠷᠢᠭ᠎ᠤᠨ ᠱᠠᠩᠨᠠᠯ ᠣᠯᠭᠣᠨ᠎ᠠ ᠃  ᠤᠯᠤᠰ᠎ᠤᠨ ᠲᠠᠰ᠎ᠤᠨ ᠠᠵᠤ ᠦᠢ᠍ᠯᠡᠰᠵᠢᠭᠰᠡᠨ ᠬᠥᠲᠥᠴᠢ ᠠᠵᠤ ᠠᠬᠤᠢ᠌ᠯᠠᠯ᠎ᠤᠨ ᠨᠢᠭᠡᠳ ᠨᠢᠭᠡ᠎ᠪᠠᠷ ᠲᠡᠳᠬᠦᠬᠦ ᠲᠣᠭᠲᠠᠴᠠ ᠵᠢ ᠪᠠᠢ᠌ᠭᠤᠯᠵᠤ ᠂  ᠡᠬᠢ ᠪᠠᠶᠠᠯᠢᠭ᠎ᠤᠨ ᠬᠦᠴᠦᠨ᠎ᠢ ᠲᠥᠪᠯᠡᠷᠡᠭᠦᠯᠦᠨ ᠂ 《  ᠨᠢᠭᠡ ᠠᠵᠤ ᠠᠬᠤᠢ᠌ᠯᠠᠯ᠎ᠳᠤ ᠨᠢᠭᠡ ᠲᠥᠷᠥ ᠵᠢᠨ ᠪᠣᠳᠣᠯᠭ᠎ᠠ 》᠎ᠪᠠᠷ ᠠᠵᠤ ᠠᠬᠤᠢ᠌ᠯᠠᠯ᠎ᠳᠤ ᠲᠤᠯᠭ᠋ᠠᠷᠠᠵᠤ ᠪᠠᠢ᠌ᠭ᠎ᠠ ᠬᠦᠴᠢᠷᠳᠡᠯ ᠪᠠ ᠠᠰᠠᠭᠤᠳᠠᠯ᠎ᠢ᠎ᠨᠢ  ᠰᠢᠢ᠍ᠳᠪᠦᠷᠢᠯᠡᠨ᠎ᠡ ᠃ [  ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ (  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ) ᠂  ᠡᠳ᠋᠎ᠤᠨ ᠵᠠᠰᠠᠭ᠎ᠤᠨ ᠲᠢᠩᠬᠢᠮ ]

       ᠬᠣᠶᠠᠷ ᠂  ᠨᠠᠷᠢᠯᠢᠭ ᠭᠦᠨ ᠡᠳ᠋ᠰᠢᠭᠦᠯᠬᠦ ᠠᠵᠤ ᠠᠬᠤᠢ᠌ᠯᠠᠯ᠎ᠢ ᠶᠡᠬᠡ᠎ᠪᠠᠷ ᠣᠷᠣᠭᠤᠯᠤᠨ ᠠᠪᠴᠢᠷᠠᠨ᠎ᠠ

       ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠬᠠᠮᠢᠶ᠎ᠠ ᠪᠦᠬᠦᠢ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠵᠦ ᠂  ᠣᠷᠣᠭᠤᠯᠤᠨ ᠠᠪᠴᠢᠷᠠᠭᠰᠠᠨ ᠠᠵᠤ ᠠᠬᠤᠢ᠌ᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ᠎ᠨᠢ  ᠦᠨᠳᠦᠰᠦᠯᠡᠨ ᠂  ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ᠎ᠳᠤ ᠨᠡᠢ᠌ᠴᠡᠭᠰᠡᠨ ᠦᠢ᠍ᠯᠡᠳᠪᠦᠷᠢ ᠵᠢᠨ ᠭᠡᠷ ᠪᠠᠢ᠌ᠰᠢᠩ᠎ᠢ ᠪᠠᠢ᠌ᠭᠤᠯᠵᠤ ᠂  ᠨᠠᠷᠢᠯᠢᠭ ᠭᠦᠨ ᠡᠳ᠋ᠰᠢᠭᠦᠯᠬᠦ ᠲᠥᠬᠦᠭᠡᠷᠦᠮᠵᠢ ᠬᠤᠳᠠᠯᠳᠤᠨ ᠠᠪᠴᠤ ᠂  ᠣᠷᠣᠭᠤᠯᠤᠨ ᠠᠪᠴᠢᠷᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠳᠤ ᠰᠢᠨ᠎ᠡ᠎ᠪᠠᠷ ᠳᠠᠩᠰᠠᠯᠠᠭᠤᠯᠤᠭᠰᠠᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠠᠵᠤ ᠠᠬᠤᠢ᠌ᠯᠠᠯ᠎ᠳᠤ ᠲᠦᠷᠢᠶᠡᠰᠦᠯᠡᠨ ᠥᠭᠴᠦ ᠡᠳ᠋ᠰᠢᠭᠦᠯᠦᠨ ᠦᠢ᠍ᠯᠡᠳᠪᠦᠷᠢᠯᠡᠭᠦᠯᠦᠨ᠎ᠡ ᠃  ᠰᠢᠨ᠎ᠡ᠎ᠪᠠᠷ ᠳᠠᠩᠰᠠᠯᠠᠭᠤᠯᠤᠭᠰᠠᠨ ᠮᠥᠷᠲᠡᠭᠡᠨ ᠣᠨ᠎ᠤ ᠭᠣᠣᠯ ᠡᠵᠡᠩᠨᠡᠵᠦ ᠪᠠᠢ᠌ᠭ᠎ᠠ ᠲᠤᠬᠠᠢ᠌ᠯᠠᠭᠰᠠᠨ ᠠᠵᠢᠯ᠎ᠤᠨ ᠣᠷᠣᠯᠭ᠎ᠠ᠎ᠨᠢ  2 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠭᠦᠨᠵᠡᠭᠡᠢ ᠡᠳ᠋ᠰᠢᠭᠦᠯᠬᠦ ᠠᠵᠤ ᠠᠬᠤᠢ᠌ᠯᠠᠯ᠎ᠳᠤ ᠂  ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠨ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠠᠴᠠ ᠭᠦᠢ᠍ᠯᠭᠡᠭᠡᠨ᠎ᠤ ᠪᠡᠯᠡ ᠮᠥᠩᠭᠥ ᠂  ᠰᠢᠨᠵᠢᠯᠡᠬᠦ ᠤᠬᠠᠭ᠋ᠠᠨ   ᠲᠸᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠥ ᠵᠢᠭᠡᠯᠡᠨ ᠣᠷᠣᠭᠤᠯᠵᠤ ᠂  ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠵᠢᠨ ᠨᠤᠷᠮ᠎ᠠ ( LPR ) ᠵᠢᠨ 70%᠎ᠪᠠᠷ ᠲᠡᠷᠡᠴᠢᠯᠡᠨ 2%᠎ᠠᠴᠠ ᠦᠯᠦ ᠬᠡᠲᠦᠷᠡᠬᠦ ᠬᠦᠦ ᠵᠢᠨ ᠨᠤᠷᠮ᠎ᠠ᠎ᠪᠠᠷ ᠵᠢᠯ ᠪᠦᠷᠢ 200 ᠲᠦᠮᠡᠨ ᠲᠥᠭᠥᠷᠢᠭ᠎ᠠᠴᠠ ᠦᠯᠦ ᠬᠡᠲᠦᠷᠡᠬᠦ ᠲᠡᠮ ᠬᠦᠦ ᠵᠢᠨ ᠳᠡᠮᠵᠢᠯᠭᠡ ᠣᠯᠭᠣᠨ᠎ᠠ ᠃ [  ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ (  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ) ᠂  ᠡᠳ᠋᠎ᠤᠨ ᠵᠠᠰᠠᠭ᠎ᠤᠨ ᠲᠢᠩᠬᠢᠮ ]

       ᠭᠤᠷᠪᠠ ᠂  ᠨᠠᠷᠢᠯᠢᠭ ᠭᠦᠨ ᠡᠳ᠋ᠰᠢᠭᠦᠯᠭᠡ ᠵᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ

      2024 ᠣᠨ᠎ᠠᠴᠠ ᠬᠣᠢ᠌ᠰᠢᠬᠢ ᠵᠢᠯ᠎ᠤᠨ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠣᠷᠣᠯᠭ᠎ᠠ᠎ᠨᠢ 1.6 ᠳ᠋ᠦᠩᠰᠢᠭᠤᠷ ᠲᠥᠭᠥᠷᠢᠭ᠎ᠲᠤ ᠬᠦᠷᠴᠦ ᠂  ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠨ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠠᠴᠠ ᠰᠢᠨ᠎ᠡ᠎ᠪᠠᠷ ᠪᠠᠢ᠌ᠭᠤᠯᠤᠭᠰᠠᠨ ᠪᠠ ᠲᠠᠰ ᠳᠡᠪᠰᠢᠭᠦᠯᠦᠨ ᠥᠭᠡᠷᠡᠴᠢᠯᠡᠭᠰᠡᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠨᠠᠷᠢᠯᠢᠭ ᠭᠦᠨ ᠡᠳ᠋ᠰᠢᠭᠦᠯᠬᠦ ᠲᠥᠷᠥᠯ ᠵᠦᠢ᠍ᠯ᠎ᠤᠨ ᠵᠢᠭᠡᠯᠡᠯᠭᠡ ᠵᠢ ᠵᠢᠭᠡᠯᠡᠭᠰᠡᠨ ᠠᠵᠤ ᠠᠬᠤᠢ᠌ᠯᠠᠯ᠎ᠳᠤ ᠂  ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠥ ᠵᠢᠨ ᠨᠣᠷᠮ᠎ᠠ ( LPR ) ᠵᠢᠨ 70%᠎ᠪᠠᠷ ᠲᠡᠷᠡᠴᠢᠯᠡᠨ 2%᠎ᠠᠴᠠ ᠥᠯᠥ ᠬᠡᠲᠦᠷᠡᠬᠦ ᠬᠦᠦ ᠮᠥᠩᠭᠥ ᠵᠢᠨ ᠨᠣᠷᠮ᠎ᠠ ᠶᠣᠰᠣᠭ᠋ᠠᠷ ᠂  ᠵᠢᠯ ᠪᠦᠷᠢ 300 ᠲᠦᠮᠡᠨ ᠲᠥᠭᠥᠷᠢᠭ᠎ᠠᠴᠠ ᠥᠯᠥ ᠳᠠᠪᠠᠬᠤ ᠳᠠᠮ ᠬᠦᠦ ᠵᠢᠨ ᠳᠡᠮᠵᠢᠯᠭᠡ ᠣᠯᠭᠣᠨ᠎ᠠ ᠃  ᠵᠢᠯ᠎ᠤᠨ ᠨᠢᠲᠤᠯᠵᠤ ᠡᠳ᠋ᠰᠢᠭᠦᠯᠬᠦ ᠪᠣᠳᠠᠲᠠᠢ ᠬᠡᠮᠵᠢᠶ᠎ᠡ᠎ᠨᠢ 2 ᠲᠦᠮᠡ᠎ᠠᠴᠠ ᠳᠡᠭᠡᠭᠰᠢ ᠠᠯᠠᠰᠢᠨ ᠦᠬᠡᠷ ᠨᠢᠲᠤᠯᠬᠤ ᠠᠵᠤ ᠠᠬᠤᠢ᠌ᠯᠠᠯ᠎ᠤᠨ ᠲᠤᠬᠠᠢ ᠵᠢᠨ ᠭᠠᠵᠠᠷ᠎ᠤᠨ ᠪᠣᠷᠳᠣᠭᠰᠠᠨ ᠦᠬᠡᠷ᠎ᠢ ᠬᠤᠳᠠᠯᠳᠤᠨ ᠠᠪᠬᠤ ᠭᠦᠢ᠍ᠯᠭᠡᠭᠡᠨ᠎ᠤ ᠪᠡᠯᠡ ᠮᠥᠩᠭᠥ ᠵᠢᠨ ᠵᠢᠭᠡᠯᠡᠯᠭᠡ᠎ᠳᠤ ᠂  ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠥ ᠵᠢᠨ ᠨᠣᠷᠮ᠎ᠠ ( LPR ) ᠵᠢᠨ 70%᠎ᠪᠠᠷ ᠲᠡᠷᠡᠴᠢᠯᠡᠨ 2%᠎ᠠᠴᠠ ᠦᠯᠦ ᠬᠡᠲᠦᠷᠡᠬᠦ ᠬᠦᠦ ᠮᠥᠩᠭᠥ ᠵᠢᠨ ᠨᠣᠷᠮ᠎ᠠ᠎ᠪᠠᠷ ᠵᠢᠯ ᠪᠦᠷᠢ 600 ᠲᠦᠮᠡᠨ ᠲᠥᠭᠥᠷᠢᠭ᠎ᠠᠴᠠ ᠦᠯᠦ ᠬᠡᠲᠦᠷᠡᠬᠦ ᠳᠠᠮ ᠬᠦᠦ ᠵᠢᠨ ᠳᠡᠮᠵᠢᠯᠭᠡ ᠣᠯᠭᠣᠨ᠎ᠠ ᠃  ᠠᠯᠠᠰᠢᠨ ᠦᠬᠡᠷ᠎ᠤᠨ ᠠᠵᠤ ᠠᠬᠤᠢ᠌ᠯᠠᠯ᠎ᠤᠨ ᠦᠬᠡᠷ᠎ᠤᠨ ᠮᠢᠬᠠᠨ᠎ᠤ ᠪᠡᠯᠡᠨ ᠵᠠᠭᠤᠰᠢ ᠂  ᠴᠢᠳᠬᠤᠭᠰᠠᠨ ᠪᠦᠲᠦᠭᠡᠭᠳᠡᠬᠦᠨ ᠂  ᠡᠷᠡᠭᠦᠯᠵᠢᠯ᠎ᠤᠨ ᠡᠳ᠋ ᠂  ᠢᠳᠡᠪᠬᠢ ᠢᠰᠬᠡᠭᠦᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠮᠡᠷᠭᠡᠵᠢᠯ᠎ᠢ ᠰᠤᠳᠤᠯᠤᠨ ᠨᠡᠭᠡᠭᠡᠬᠦ ᠪᠠ ᠬᠡᠷᠡᠭᠯᠡᠬᠦ ᠵᠢ᠎ᠨᠢ  ᠳᠡᠮᠵᠢᠨ᠎ᠡ ᠃  ᠥᠪᠡᠷᠲᠡᠭᠡᠨ ᠵᠠᠰᠠᠬᠤ ᠣᠷᠣᠨ᠎ᠤ ᠲᠣᠮᠣ ᠬᠡᠯᠪᠡᠷᠢ ᠵᠢᠨ ᠨᠠᠷᠠᠲᠠᠢ ᠠᠵᠤ ᠠᠬᠤᠢ᠌ᠯᠠᠯ᠎ᠤᠨ ᠠᠯᠠᠰᠢᠨ ᠦᠬᠡᠷ᠎ᠤᠨ ᠠᠵᠤ ᠦᠢ᠍ᠯᠡᠰ᠎ᠲᠤ ᠣᠷᠣᠬᠤ ᠵᠢ ᠵᠣᠷᠢᠭᠵᠢᠭᠤᠯᠵᠤ ᠂  ᠠᠵᠤ ᠠᠬᠤᠢ᠌ᠯᠠᠯ᠎ᠤᠨ ᠪᠣᠷᠤᠯᠠᠭᠤᠯᠭ᠎ᠠ ᠵᠢᠨ ᠠᠷᠭ᠎ᠠ ᠵᠠᠮ ᠂  ᠨᠠᠷᠠᠲᠤ ᠲᠥᠷᠥᠯ ᠲᠡᠮᠳᠡᠭ᠎ᠤᠨ ᠳᠠᠪᠠᠭᠤᠯᠢᠭ ᠪᠠ ᠬᠠᠮᠢᠶᠠᠷᠤᠯᠲᠠ ᠵᠢᠨ ᠲᠦᠪᠰᠢᠨ᠎ᠢ ᠠᠰᠢᠭᠯᠠᠨ ᠂  ᠪᠥᠬᠥ ᠣᠷᠣᠨ᠎ᠤ ᠠᠯᠠᠰᠢᠨ ᠦᠬᠡᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠴᠢᠳᠠᠪᠤᠷᠢ ᠵᠢᠨ ᠳᠡᠰ᠎ᠢ ᠳᠡᠭᠡᠭᠰᠢᠯᠡᠭᠦᠯᠦᠨ᠎ᠡ ᠃ [  ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ (  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ) ᠂  ᠡᠳ᠋᠎ᠤᠨ ᠵᠠᠰᠠᠭ᠎ᠤᠨ ᠲᠢᠩᠬᠢᠮ ]

       ᠳᠥᠷᠪᠡ ᠂  ᠨᠠᠷᠢᠯᠢᠭ ᠭᠦᠨ ᠡᠳ᠋ᠰᠢᠭᠦᠯᠬᠦ ᠠᠵᠤ ᠠᠬᠤᠢ᠌ᠯᠠᠯ᠎ᠤᠨ ᠬᠦᠷᠢᠶᠡᠯᠡᠩ ᠲᠣᠭᠣᠷᠢᠭ ᠲᠡᠢ᠌ᠰᠢ ᠲᠥᠪᠯᠡᠷᠡᠬᠦ ᠵᠢ ᠠᠬᠢᠭᠤᠯᠤᠨ᠎ᠠ

       ᠵᠢᠯ ᠪᠦᠷᠢ ᠨᠠᠷᠢᠯᠢᠭ ᠭᠦᠨ ᠡᠳ᠋ᠰᠢᠭᠦᠯᠬᠦ᠎ᠪᠠᠷ ᠭᠣᠣᠯᠯᠠᠭᠰᠠᠨ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠠᠴᠠ 2᠎ᠢ ᠰᠢᠯᠢᠵᠦ ᠳᠡᠮᠵᠢᠯᠭᠡ ᠦᠵᠡᠭᠦᠯᠦᠨ᠎ᠡ ᠃  ᠤᠯᠤᠰ᠎ᠤᠨ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠡᠭᠦᠳᠦᠨ ᠪᠠᠶ᠋ᠢᠭᠤᠯᠬᠤ᠎ᠳᠤ᠎ᠪᠠᠨ ᠂  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ᠎ᠪᠠᠷ ᠭᠣᠣᠯᠯᠠᠭᠰᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠠᠳᠠᠯᠢ ᠨᠥᠬᠥᠴᠡᠯ ᠳᠣᠣᠷ᠎ᠠ ᠡᠩ ᠲᠡᠷᠢᠭᠦᠨ᠎ᠳᠤ ᠳᠡᠮᠵᠢᠨ᠎ᠡ ᠃  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠤᠰᠬᠠᠢ ᠪᠡᠯᠡ ᠮᠥᠩᠭᠥ ᠵᠢ ᠬᠡᠷᠡᠭᠯᠡᠬᠦ᠎ᠳᠤ᠎ᠪᠠᠨ ᠂  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ᠎ᠪᠠᠷ ᠭᠣᠣᠯᠯᠠᠭᠰᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠠᠳᠠᠯᠢ ᠨᠥᠬᠥᠴᠡᠯ ᠳᠣᠣᠷ᠎ᠠ ᠡᠩ ᠲᠡᠷᠢᠭᠦᠨ᠎ᠳᠤ ᠳᠡᠮᠵᠢᠨ᠎ᠡ ᠃ [  ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ (  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ) ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ]

       ᠲᠠᠪᠤ ᠂  ᠪᠡᠯᠡᠨ ᠵᠠᠭᠤᠰᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ

       ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰᠵᠢᠭᠦᠯᠦᠨ ᠬᠥᠭᠵᠢᠭᠦᠯᠬᠦ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠵᠦ ᠂  ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠪᠡᠯᠡᠨ ᠵᠠᠭᠤᠰᠢ ᠵᠢᠨ ᠵᠠᠮᠴᠢ ᠠᠵᠤ ᠠᠬᠤᠢ᠌ᠯᠠᠯ ᠂  ᠰᠦᠯᠵᠢᠶᠡᠨ ᠳᠡᠭᠡᠷ᠎ᠡ ᠪᠣᠷᠣᠯᠠᠭᠤᠯᠬᠤ ᠂  ᠣᠨᠴᠠᠯᠢᠭᠲᠤ ᠨᠠᠷᠠᠲᠤ ᠲᠡᠮᠳᠡᠭ ᠵᠡᠷᠭᠡ᠎ᠠᠴᠠ ᠲᠤᠰᠪᠦᠷᠢ ᠰᠢᠯᠭ᠋ᠠᠷᠠᠭᠤᠯᠤᠭᠰᠠᠨ ᠠᠷᠪᠠᠨ ᠬᠦᠴᠦᠷᠬᠡᠭ ᠠᠵᠤ ᠠᠬᠤᠢ᠌ᠯᠠᠯ᠎ᠳᠤ ᠂  ᠪᠣᠷᠣᠯᠠᠭᠤᠯᠤᠯᠲᠠ ᠵᠢᠨ ᠲᠣᠭ᠎ᠠ᠎ᠨᠢ  ᠳᠡᠭᠡᠷ᠎ᠡ ᠵᠢᠯ᠎ᠤᠨ᠎ᠬᠢ᠎ᠠᠴᠠ᠎ᠪᠠᠨ 100 ᠲᠦᠮᠡᠨ ᠲᠥᠭᠥᠷᠢᠭ ᠰᠢᠨ᠎ᠡ᠎ᠪᠠᠷ ᠨᠡᠮᠡᠭᠳᠡᠬᠦ ᠪᠦᠷᠢ 2 ᠲᠦᠮᠡᠨ ᠲᠥᠭᠥᠷᠢᠭ ᠱᠠᠩᠨᠠᠵᠤ ᠂  ᠬᠠᠮᠤᠭ᠎ᠤᠨ ᠥᠨᠳᠥᠷ᠎ᠲᠤ᠎ᠪᠠᠨ 30 ᠲᠦᠮᠡᠨ ᠲᠥᠭᠥᠷᠢᠭ᠎ᠠᠴᠠ ᠦᠯᠦ ᠬᠡᠲᠦᠷᠡᠭᠦᠯᠵᠦ ᠂  ᠠᠳᠠᠯᠢ ᠨᠢᠭᠡ ᠠᠵᠤ ᠠᠬᠤᠢ᠌ᠯᠠᠯ᠎ᠢ ᠨᠢᠭᠡ ᠵᠢᠯ᠎ᠳᠤ ᠳᠠᠪᠬᠤᠷᠳᠠᠭᠤᠯᠤᠨ ᠱᠠᠩᠨᠠᠬᠤ ᠦᠭᠡᠢ ᠃ [  ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ (  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ) ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ]

       ᠵᠢᠷᠭᠤᠭ᠎ᠠ ᠂  ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ

       ᠥᠪᠡᠷᠲᠡᠭᠡᠨ ᠵᠠᠰᠠᠬᠤ ᠣᠷᠣᠨ᠎ᠳᠤ ᠰᠢᠨ᠎ᠡ᠎ᠪᠠᠷ ᠳᠡᠪᠰᠢᠭᠰᠡᠨ ᠪᠤᠶᠤ ᠨᠤᠲᠤᠭᠰᠢᠭᠰᠠᠨ ᠤᠯᠤᠰ᠎ᠤᠨ ᠲᠡᠰ᠎ᠤᠨ ᠵᠢᠱ᠌ᠢᠶ᠎ᠡ ᠦᠵᠡᠭᠦᠯᠬᠦ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠂ 5A ᠲᠡᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠢ᠌ᠯᠠᠯ᠎ᠳᠤ ᠲᠤᠰ ᠲᠤᠰ 300 ᠲᠦᠮᠡᠨ ᠲᠥᠭᠥᠷᠢᠭ ᠂ 100 ᠲᠦᠮᠡᠨ ᠲᠥᠭᠥᠷᠢᠭ᠎ᠤᠨ ᠨᠢᠭᠡ ᠯᠠ ᠤᠳᠠᠭ᠎ᠠ ᠵᠢᠨ ᠴᠢᠨᠠᠷᠲᠠᠢ ᠱᠠᠩᠨᠠᠯ ᠣᠯᠭᠣᠨ᠎ᠠ ᠃  ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠪᠡᠭᠡᠵᠢᠩ ᠱᠠᠩᠬᠠᠢ ᠭᠤᠸᠠᠩᠵᠧᠦ ᠱᠧᠨᠵᠧᠨ ᠂  ᠬᠥᠬᠡᠮᠥ᠋ᠷᠡᠨ᠎ᠤ ᠭᠤᠷᠪᠠᠯᠵᠢᠨ ᠬᠣᠢ᠌ᠭ ᠂  ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ ᠵᠡᠷᠭᠡ ᠭᠣᠣᠯ ᠪᠣᠯᠬᠤ ᠬᠡᠷᠡᠭᠯᠡᠭᠡᠨ᠎ᠤ ᠭᠠᠵᠠᠷ᠎ᠲᠤ ᠤᠷᠢᠳᠠᠴᠢ ᠬᠦᠢ᠍ᠲᠡᠨ ᠬᠡᠯᠬᠢᠶᠡᠲᠦ ᠰᠣᠷᠭᠣᠭ ᠬᠠᠳᠠᠭ᠋ᠠᠯᠠᠬᠤ ᠬᠥᠮᠥᠷᠭᠡ ᠬᠥᠭᠵᠢᠭᠦᠯᠬᠦ ᠵᠢ ᠵᠣᠷᠢᠭᠵᠢᠭᠤᠯᠤᠨ᠎ᠠ ᠃ [  ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ (  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ) ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠡᠳ᠋᠎ᠤᠨ ᠵᠠᠰᠠᠭ᠎ᠤᠨ ᠲᠢᠩᠬᠢᠮ ]

       ᠳᠣᠯᠣᠭ᠎ᠠ ᠂  ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠬᠤ ᠵᠠᠭᠪᠤᠷ᠎ᠲᠤ ᠰᠢᠨ᠎ᠡ ᠵᠢ ᠡᠭᠦᠳᠦᠨ᠎ᠡ

       ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠨᠠᠷᠠᠲᠤ ᠲᠡᠮᠳᠡᠭ᠎ᠢ ᠪᠣᠢ᠌ᠵᠢᠭᠤᠯᠬᠤ ᠪᠠ ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠬᠤ ᠵᠢ ᠳᠡᠮᠵᠢᠵᠦ ᠂ 《  ᠥᠪᠥᠷ ᠮᠣᠩᠭᠣᠯ 》 ᠨᠡᠷᠡᠮᠵᠢᠲᠦ ᠲᠡᠮᠳᠡᠭ᠎ᠤᠨ ᠭᠡᠷᠡᠴᠢᠯᠡᠯᠲᠡ ᠵᠢ ᠥᠷᠨᠢᠭᠦᠯᠦᠨ ᠂  ᠨᠢᠭᠡᠳᠦᠯᠲᠡᠢ ᠪᠠᠷᠢᠮᠵᠢᠶ᠎ᠠ ᠂  ᠨᠢᠭᠡᠳᠦᠯᠲᠡᠢ ᠨᠠᠷᠠᠲᠤ ᠲᠡᠮᠳᠡᠭ ᠂  ᠨᠢᠭᠡᠳᠦᠯᠲᠡᠢ ᠢᠯᠭ᠋ᠠᠬᠤ ᠲᠡᠮᠳᠡᠭ ᠂  ᠨᠢᠭᠡᠳᠦᠯᠲᠡᠢ ᠤᠬᠠᠭᠤᠯᠭ᠎ᠠ ᠂  ᠨᠢᠭᠡᠳᠦᠯᠲᠡᠢ ᠡᠵᠡᠩᠨᠡᠨ ᠪᠣᠷᠣᠯᠠᠭᠤᠯᠤᠯᠲᠠ ᠵᠢ ᠠᠬᠢᠭᠤᠯᠵᠤ ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《  ᠥᠪᠥᠷ ᠮᠣᠩᠭᠣᠯ 》 ᠨᠡᠷᠡᠮᠵᠢᠲᠦ ᠲᠡᠮᠳᠡᠭ —  ᠲᠠᠯ᠎ᠠ ᠨᠤᠲᠤᠭ᠎ᠤᠨ ᠰᠢᠯᠢᠳᠡᠭ ᠪᠦᠲᠦᠭᠡᠭᠳᠡᠬᠦᠨ᠎ᠤ ᠣᠷᠣᠨ ᠪᠦᠰᠡ ᠵᠢᠨ ᠨᠡᠢ᠌ᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠪᠣᠶ ᠪᠣᠯᠭ᠋ᠠᠨ᠎ᠠ ᠃ 《ᠥᠪᠥᠷ ᠮᠣᠩᠭᠣᠯ 》 ᠨᠡᠷᠡᠮᠵᠢᠲᠦ ᠲᠡᠮᠳᠡᠭ ᠵᠶ᠋ᠡᠷ ᠭᠡᠷᠡᠴᠢᠯᠡᠭᠳᠡᠭᠰᠡᠨ ᠠᠵᠤ ᠠᠬᠤᠢ᠌ᠯᠠᠯ᠎ᠳᠤ ᠭᠡᠷᠡᠴᠢᠯᠡᠭᠦᠯᠬᠦ ᠪᠠ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠰᠢᠨᠵᠢᠬᠦ ᠵᠠᠷᠤᠳᠠᠯ᠎ᠤᠨ ᠱᠠᠩᠨᠠᠯ ᠨᠥᠬᠥᠪᠦᠷᠢ ᠣᠯᠭᠣᠨ᠎ᠠ ᠃ 2024 ᠣᠨ᠎ᠳᠤ ᠪᠣᠬᠢᠷᠲᠤᠯ ᠦᠭᠡᠢ ᠢᠳᠡᠭᠡᠨ ᠂  ᠣᠷᠭ᠋ᠠᠨᠢᠭ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠭᠡᠷᠡᠴᠢᠯᠡᠭᠰᠡᠨ ᠭᠠᠷᠤᠯᠲᠠ᠎ᠨᠢ 1000 ᠲᠣᠨ᠎ᠠᠴᠠ ᠳᠡᠭᠡᠭᠰᠢᠬᠢ ᠠᠵᠤ ᠠᠬᠤᠢ᠌ᠯᠠᠯ᠎ᠤᠨ ᠭᠡᠷᠡᠴᠢᠯᠡᠯᠲᠡ ᠵᠢᠨ ᠵᠠᠷᠤᠳᠠᠯ᠎ᠢ ᠪᠥᠬᠥ ᠲᠣᠭ᠎ᠠ᠎ᠪᠠᠷ᠎ᠨᠢ  ᠱᠠᠩᠨᠠᠨ ᠨᠥᠬᠥᠪᠦᠷᠢᠯᠡᠵᠦ ᠂  ᠪᠣᠳᠠᠲᠠᠢ ᠪᠠᠷᠢᠮᠵᠢᠶ᠎ᠠ ᠵᠢ ᠳᠡᠭᠡᠷ᠎ᠡ ᠨᠢᠭᠡ ᠵᠢᠯ᠎ᠤᠨ ᠭᠡᠷᠡᠴᠢᠯᠡᠭᠰᠡᠨ ᠭᠠᠷᠤᠯᠲᠠ᠎ᠪᠠᠷ ᠦᠨᠳᠦᠰᠦᠯᠡᠯ ᠪᠣᠯᠭ᠋ᠠᠨ ᠲᠣᠭᠲᠠᠭ᠋ᠠᠨ᠎ᠠ ᠃  ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠰᠠᠨ 《  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠪᠣᠷᠤᠯᠠᠭᠤᠯᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ 》 ᠵᠢ  ᠬᠡᠷᠡᠭᠵᠢᠭᠦᠯᠬᠦ ᠵᠢ ᠠᠬᠢᠭᠤᠯᠵᠤ ᠂  ᠪᠡᠭᠡᠵᠢᠩ ᠵᠡᠷᠭᠡ ᠨᠢᠭᠡᠳᠦᠭᠡᠷ ᠵᠡᠷᠭᠡᠯᠡᠯ᠎ᠤᠨ ᠬᠣᠲᠠ᠎ᠳᠤ 《  ᠪᠣᠬᠢᠷᠲᠤᠯ ᠦᠭᠡᠢ ᠪᠦᠲᠦᠭᠡᠭᠳᠡᠬᠦᠨ ᠪᠣᠭᠣᠮᠲᠠ᠎ᠠᠴᠠ ᠭᠠᠷᠬᠤ 》 ᠬᠡᠷᠡᠭᠯᠡᠭᠡ ᠵᠢ ᠬᠠᠪᠰᠤᠷᠤᠨ ᠲᠡᠳᠬᠦᠵᠦ ᠲᠠᠨᠢᠯᠴᠠᠭᠤᠯᠬᠤ ᠠᠵᠢᠯᠯᠠᠭ᠎ᠠ ᠵᠢ ᠦᠷᠭᠦᠯᠵᠢᠯᠡᠨ ᠡᠷᠭᠢᠯᠡᠨ᠎ᠡ ᠃  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠶᠠᠮᠤᠨ ᠵᠥᠪᠯᠡᠯ ᠂  ᠲᠥᠪ᠎ᠤᠨ ᠠᠵᠤ ᠠᠬᠤᠢ᠌ᠯᠠᠯ ᠂  ᠶᠡᠬᠡ ᠳᠡᠭᠡᠳᠦ ᠰᠤᠷᠭ᠋ᠠᠭᠤᠯᠢ ᠂  ᠬᠤᠳᠠᠯᠳᠤᠭ᠎ᠠ ᠬᠡᠲᠦ ᠳᠡᠯᠭᠡᠭᠦᠷ ᠂  ᠬᠣᠭᠣᠯᠠ ᠤᠮᠳᠠᠭ᠋ᠠᠨ᠎ᠳᠤ ᠣᠷᠣᠭᠤᠯᠬᠤ ᠵᠢ ᠠᠬᠢᠭᠤᠯᠵᠤ ᠂  ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠳᠠᠭ᠋ᠠᠭᠤᠯᠬᠤ ᠂  ᠡᠯᠧᠺᠲᠷᠣᠨ ᠬᠤᠳᠠᠯᠳᠤᠭ᠋ᠠᠨ᠎ᠤ ᠲᠠᠪᠴᠠᠩ ᠵᠡᠷᠭᠡ ᠰᠦᠯᠵᠢᠶᠡᠨ ᠳᠡᠭᠡᠷ᠎ᠡ ᠪᠣᠷᠣᠯᠠᠭᠤᠯᠬᠤ ᠵᠢ ᠡᠷᠴᠢᠮᠵᠢᠭᠦᠯᠦᠨ ᠳᠡᠮᠵᠢᠨ᠎ᠡ ᠃ [  ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ (  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ) ᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ]

       ᠨᠠᠢ᠍ᠮᠠ ᠂  ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠴᠢᠩᠭ᠋ᠠᠷᠠᠭᠤᠯᠤᠨ᠎ᠠ

       ᠠᠵᠤ ᠠᠬᠤᠢ᠌ᠯᠠᠯ᠎ᠤᠨ ᠨᠡᠢ᠌ᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ ᠪᠠ ᠲᠥᠷᠥᠯ ᠵᠦᠢ᠍ᠯ᠎ᠤᠨ ᠪᠡᠯᠡ ᠲᠣᠬᠢᠷᠠᠭᠤᠯᠭ᠎ᠠ ᠬᠢᠬᠦ ᠵᠢ ᠳᠡᠮᠵᠢᠵᠦ ᠂  ᠵᠠᠬᠢᠶᠠᠯᠠᠭ᠎ᠠ ᠵᠢᠨ ᠬᠠᠭᠤᠳᠠᠰᠤ ᠂  ᠰᠠᠩ᠎ᠤᠨ ᠬᠠᠭᠤᠳᠠᠰᠤ ᠂  ᠬᠤᠷᠢᠶᠠᠪᠠᠰᠤ ᠵᠣᠬᠢᠬᠤ ᠲᠠᠩᠰᠠᠨ᠎ᠤ ᠵᠣᠭᠣᠰ ᠂  ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠯ᠎ᠤᠨ ᠡᠷᠬᠡ ᠵᠡᠷᠭᠡ ᠳᠠᠨᠵᠢᠯᠠᠭ᠎ᠠ᠎ᠲᠠᠢ ᠵᠢᠭᠡᠯᠡᠯᠭᠡ ᠵᠢᠨ ᠲᠤᠬᠠᠢ᠌ᠯᠠᠭᠰᠠᠨ ᠠᠵᠢᠯ᠎ᠢ ᠥᠷᠨᠢᠭᠦᠯᠦᠨ ᠂  ᠬᠥᠳᠡᠯᠬᠦ ᠬᠥᠷᠥᠩᠭᠡ ᠵᠢᠨ ᠪᠡᠯᠡ ᠲᠣᠬᠢᠷᠠᠭᠤᠯᠭ᠎ᠠ ᠵᠢ ᠨᠢᠭᠡᠳᠦᠯᠲᠡᠢ ᠳᠡᠩᠰᠡᠯᠡᠨ ᠲᠡᠮᠳᠡᠭᠯᠡᠵᠦ ᠨᠡᠢ᠌ᠲᠡ᠎ᠳᠤ ᠵᠠᠷᠯᠠᠬᠤ ᠰᠢᠰᠲ᠋ᠧᠮ ᠵᠶ᠋ᠡᠷ ᠳᠠᠮᠵᠢᠭᠤᠯᠤᠨ ᠳᠠᠭ᠋ᠠᠭ᠋ᠠᠯᠲᠠ᠎ᠲᠠᠢ ᠪᠡᠯᠡ ᠲᠣᠬᠢᠷᠠᠭᠤᠯᠭ᠎ᠠ ᠵᠢᠨ ᠲᠤᠬᠠᠢ᠌ᠯᠠᠭᠰᠠᠨ ᠠᠵᠢᠯ᠎ᠢ ᠳᠡᠩᠰᠡᠯᠡᠨ ᠲᠡᠮᠳᠡᠭᠯᠡᠨ᠎ᠡ ᠃  ᠬᠦᠦ ᠮᠥᠩᠭᠥ ᠵᠢᠨ ᠨᠣᠷᠮ᠎ᠠ᠎ᠳᠤ ᠨᠥᠬᠥᠪᠦᠷᠢ ᠥᠭᠬᠦ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ᠎ᠪᠠᠷ ᠨᠡᠩ ᠣᠯᠠᠨ ᠮᠥᠩᠭᠥᠨ ᠭᠦᠢ᠍ᠯᠭᠡᠭᠡᠨ᠎ᠤ ᠡᠬᠢ ᠪᠠᠶᠠᠯᠢᠭ ᠪᠣᠯᠣᠨ ᠨᠡᠢ᠌ᠭᠡᠮ᠎ᠤᠨ ᠮᠥᠩᠭᠥᠨ ᠭᠦᠢ᠍ᠯᠭᠡᠭᠡᠨ᠎ᠤ ᠬᠥᠷᠥᠩᠭᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠬᠥᠭᠵᠢᠯᠲᠡ᠎ᠳᠤ ᠣᠷᠣᠭᠤᠯᠤᠯᠲᠠ ᠬᠢᠯᠭᠡᠨ᠎ᠡ ᠃  ᠨᠥᠬᠥᠴᠡᠯ᠎ᠳᠤ ᠨᠡᠢ᠌ᠴᠡᠬᠦ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠨᠠᠷᠢᠯᠢᠭ ᠭᠦᠨ ᠡᠳ᠋ᠰᠢᠭᠦᠯᠬᠦ ᠠᠵᠤ ᠠᠬᠤᠢ᠌ᠯᠠᠯ᠎ᠤᠨ ᠪᠠᠩᠬᠢ ᠵᠢᠨ ᠬᠣᠭᠣᠷᠣᠨᠳᠣᠬᠢ ᠵᠢᠭᠡᠯᠡᠯᠭᠡ ᠵᠢᠨ ᠲᠡᠮᠳᠡᠭᠲᠦ ᠵᠢᠨ ᠵᠠᠬ᠎ᠠ ᠳᠡᠯᠭᠡᠭᠦᠷ᠎ᠲᠤ ᠣᠬᠣᠷ ᠬᠤᠭᠤᠴᠠᠭ᠋ᠠᠨ᠎ᠤ ᠪᠡᠯᠡ ᠲᠣᠬᠢᠷᠠᠭᠤᠯᠭ᠎ᠠ ᠵᠢᠨ ᠲᠡᠮᠳᠡᠭᠲᠦ ᠂  ᠤᠷᠲᠤᠪᠲᠤᠷ ᠬᠤᠭᠤᠴᠠᠭ᠋ᠠᠨ᠎ᠤ ᠪᠠᠷᠢᠮᠲᠠ ᠵᠡᠷᠭᠡ ᠥᠷᠢ ᠥᠭᠴᠡᠭᠡ ᠵᠢᠨ ᠪᠡᠯᠡ ᠲᠣᠬᠢᠷᠠᠭᠤᠯᠭ᠎ᠠ ᠵᠢᠨ ᠪᠠᠭ᠋ᠠᠵᠢ ᠲᠠᠷᠬᠠᠭ᠋ᠠᠵᠤ ᠪᠡᠯᠡ ᠮᠥᠩᠭᠥ ᠴᠤᠭᠯᠠᠭᠤᠯᠬᠤ ᠵᠢ ᠵᠣᠷᠢᠭᠵᠢᠭᠤᠯᠤᠨ᠎ᠠ ᠃  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠮᠥᠩᠭᠥᠨ ᠭᠦᠢ᠍ᠯᠭᠡᠭᠡᠨ᠎ᠤ ᠬᠡᠯᠬᠢᠶ᠎ᠡ ᠵᠢᠨ ᠳᠠᠷᠤᠭ᠎ᠠ ᠵᠢᠨ ᠳᠦᠷᠢᠮ᠎ᠢ ᠪᠠᠢ᠌ᠭᠤᠯᠵᠤ ᠂  ᠠᠵᠤ ᠦᠢ᠍ᠯᠡᠰ ᠬᠤᠪᠢᠶᠠᠨ ᠬᠡᠯᠬᠢᠶ᠎ᠡ ᠵᠢᠨ ᠳᠠᠷᠤᠭ᠎ᠠ ᠵᠢᠨ ᠪᠠᠩᠬᠢ ᠪᠣᠯᠣᠨ ᠬᠠᠪᠰᠤᠷᠤᠨ ᠡᠷᠬᠢᠯᠡᠬᠦ ᠪᠠᠩᠬᠢ ᠵᠢ ᠲᠣᠳᠣᠷᠬᠠᠢ᠌ᠯᠠᠵᠤ ᠂  ᠨᠠᠷᠢᠯᠢᠭ ᠭᠦᠨ ᠡᠳ᠋ᠰᠢᠭᠦᠯᠬᠦ ᠠᠵᠤ ᠠᠬᠤᠢ᠌ᠯᠠᠯ᠎ᠳᠤ ᠵᠠᠬᠢᠶᠠᠯᠠᠭ᠎ᠠ ᠵᠢᠨ ᠦᠢ᠍ᠯᠡᠴᠢᠯᠡᠭᠡ ᠬᠠᠩᠭ᠋ᠠᠨ᠎ᠠ ᠃  ᠥᠪᠡᠷ᠎ᠤᠨ ᠦᠷᠳᠡᠭ᠎ᠤᠨ ᠳᠠᠭ᠋ᠠᠳᠬᠠᠯ ᠂  ᠶᠠᠰᠤ ᠴᠢᠨᠠᠷ᠎ᠤᠨ ᠳᠠᠭ᠋ᠠᠳᠬᠠᠯ ᠂  ᠪᠡᠯᠡᠳᠬᠡᠮᠵᠢ ᠵᠢᠨ ᠳᠠᠭ᠋ᠠᠳᠬᠠᠯ ᠂  ᠳᠠᠭ᠋ᠠᠳᠬᠠᠯ +  ᠬᠤᠭᠤᠴᠠᠭ᠋ᠠᠲᠤ ᠪᠠᠷᠠᠭ᠎ᠠ ᠵᠡᠷᠭᠡ ᠰᠢᠷᠢᠰ ᠦᠢ᠍ᠯᠡᠴᠢᠯᠡᠭᠡ ᠪᠠ ᠨᠡᠢ᠌ᠯᠡᠮᠡᠯ ᠨᠡᠷᠡᠳᠭᠦᠨ᠎ᠢ ᠰᠢᠨ᠎ᠡ ᠡᠭᠦᠳᠦᠯᠲᠡ᠎ᠲᠠᠢ᠎ᠪᠠᠷ ᠳᠡᠯᠭᠡᠷᠡᠭᠦᠯᠦᠨ᠎ᠡ ᠃ [  ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂  ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ (  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ) ᠂  ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ ᠂  ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠳᠠᠬᠢ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ]

       ᠶᠢᠰᠦ ᠂  ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ

       ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠢ᠌ᠯᠠᠯ᠎ᠤᠨ ᠣᠯᠵᠠᠪᠤᠷᠢ ᠵᠢᠨ ᠭᠠᠢ᠌ᠯᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢᠨ ᠬᠠᠮᠲᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠢ᠌ᠯᠠᠯ ᠬᠤᠳᠠᠯᠳᠤᠨ ᠠᠪᠤᠭᠰᠠᠨ ᠪᠠᠷᠢᠮᠲᠠ᠎ᠪᠠᠷ ᠵᠶ᠋ᠠᠨ ᠥᠷᠲᠡᠭ ᠨᠡᠮᠡᠭᠳᠡᠯ᠎ᠤᠨ ᠭᠠᠢ᠌ᠯᠢ ᠵᠢ ᠲᠣᠭᠲᠠᠭ᠋ᠠᠯ ᠶᠣᠰᠣᠭ᠋ᠠᠷ ᠲᠤᠯᠭ᠋ᠠᠨ ᠰᠠᠭᠤᠯᠭ᠋ᠠᠵᠤ ᠪᠣᠯᠣᠨ᠎ᠠ ᠃  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠬᠦ ᠠᠵᠤ ᠠᠬᠤᠢ᠌ᠯᠠᠯ᠎ᠤᠨ ᠬᠥᠭᠵᠢᠯᠲᠡ᠎ᠳᠤ ᠬᠡᠷᠡᠭᠯᠡᠬᠦ ᠭᠠᠵᠠᠷ᠎ᠢ ᠤᠷᠢᠳ ᠵᠶ᠋ᠠᠷ ᠪᠠᠲᠤᠯᠠᠨ᠎ᠠ ᠃  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠬᠦ ᠠᠵᠤ ᠠᠬᠤᠢ᠌ᠯᠠᠯ᠎ᠤᠨ ᠪᠣᠬᠢᠷᠲᠤᠯ ᠦᠭᠡᠢ ᠴᠠᠬᠢᠯᠭ᠋ᠠᠨ ᠪᠠᠭᠲᠠᠭ᠋ᠠᠨ ᠰᠢᠩᠭᠡᠭᠡᠬᠦ ᠵᠢ ᠳᠡᠮᠵᠢᠵᠦ ᠂  ᠠᠵᠤ ᠠᠬᠤᠢ᠌ᠯᠠᠯ᠎ᠤᠨ ᠥᠪᠡᠰᠦᠪᠡᠨ ᠪᠣᠬᠢᠷᠲᠤᠯ ᠦᠭᠡᠢ ᠴᠠᠬᠢᠯᠭ᠋ᠠᠨ ᠡᠭᠦᠰᠬᠡᠭᠴᠢ ᠪᠠᠶ᠋ᠢᠭᠤᠯᠬᠤ ᠵᠢ ᠵᠣᠷᠢᠭᠵᠢᠭᠤᠯᠤᠨ ᠂  ᠪᠣᠬᠢᠷᠲᠤᠯ ᠦᠭᠡᠢ ᠴᠠᠬᠢᠯᠭ᠋ᠠᠨ᠎ᠤ ᠬᠡᠷᠡᠭᠯᠡᠭᠡᠨ᠎ᠤ ᠬᠠᠷᠢᠴᠠᠯ᠎ᠢ ᠳᠡᠭᠡᠭᠰᠢᠯᠡᠭᠦᠯᠦᠨ᠎ᠡ ᠃  ᠤᠰᠤ᠎ᠪᠠᠷ ᠭᠠᠷᠤᠯᠲᠠ ᠵᠢ ᠲᠣᠭᠲᠠᠭ᠋ᠠᠭᠰᠠᠨ ᠤᠷᠢᠲᠠᠯ ᠳᠣᠣᠷ᠎ᠠ ᠂  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤ ᠵᠢ ᠪᠠᠲᠤᠯᠠᠨ᠎ᠠ ᠃ [  ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠂  ᠤᠰᠤᠨ ᠠᠰᠢᠭᠯᠠᠯᠲᠠ ᠵᠢᠨ ᠲᠢᠩᠬᠢᠮ ᠂  ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ (  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ) ᠂  ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠂  ᠥᠪᠥᠷ ᠮᠣᠩᠭᠣᠯ᠎ᠤᠨ ᠴᠠᠬᠢᠯᠭ᠋ᠠᠨ ᠬᠦᠴᠦᠨ (  ᠪᠦᠯᠦᠭᠯᠡᠯ )᠎ᠤ ᠺᠣᠮᠫᠠᠨᠢ ᠂  ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ]

       ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ᠎ᠳᠤ ᠬᠣᠯᠪᠣᠭᠳᠠᠭᠰᠠᠨ ᠱᠠᠩᠨᠠᠯ ᠨᠥᠬᠥᠪᠦᠷᠢ (  ᠱᠠᠩᠨᠠᠯ ) ᠵᠢᠨ ᠪᠡᠯᠡ ᠮᠥᠩᠭᠥ ᠵᠢ ᠴᠥᠮ 《  ᠤᠷᠢᠳ ᠵᠶ᠋ᠠᠷ ᠪᠠᠢ᠌ᠭᠤᠯᠵᠤ ᠳᠠᠷᠠᠭ᠎ᠠ᠎ᠨᠢ  ᠨᠥᠬᠥᠪᠦᠷᠢᠯᠡᠬᠦ ᠂  ᠱᠠᠲᠤ ᠬᠤᠪᠢᠶᠠᠨ ᠡᠭᠦᠷᠭᠡᠯᠡᠬᠦ ᠂  ᠪᠣᠳᠠᠲᠠᠢ ᠵᠢ ᠦᠨᠳᠦᠰᠦᠯᠡᠨ ᠨᠥᠬᠥᠪᠦᠷᠢᠯᠡᠬᠦ ᠂  ᠡᠷᠭᠢᠯᠳᠦᠭᠦᠯᠦᠨ ᠬᠡᠷᠡᠭᠵᠢᠭᠦᠯᠬᠦ 》 ᠠᠷᠭ᠎ᠠ ᠮᠠᠶᠢᠭ ᠵᠶ᠋ᠠᠷ ᠰᠠᠯᠭ᠋ᠠᠨ ᠥᠭᠴᠦ ᠂  ᠡᠯ᠎ᠡ ᠬᠠᠷᠢᠭᠤᠴᠠᠯᠭ᠋ᠠᠲᠤ ᠨᠢᠭᠡᠴᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠨ ᠂  ᠪᠡᠯᠡ ᠮᠥᠩᠭᠥ ᠵᠢᠨ ᠱᠠᠩᠨᠠᠯ ᠨᠥᠬᠥᠪᠦᠷᠢ ᠵᠢᠨ ᠬᠠᠮᠢᠶ᠎ᠠ ᠪᠦᠬᠦᠢ ᠪᠠᠷᠢᠮᠵᠢᠶ᠎ᠠ ᠂  ᠭᠤᠶᠤᠴᠢᠯᠠᠨ ᠮᠡᠳᠡᠭᠦᠯᠬᠦ ᠲᠠᠰ ᠳᠠᠷᠠᠭ᠋ᠠᠯᠠᠯ ᠂  ᠬᠡᠷᠡᠭᠵᠢᠭᠦᠯᠬᠦ ᠠᠭᠤᠯᠭ᠎ᠠ ᠂  ᠰᠢᠯᠭ᠋ᠠᠨ ᠬᠢᠨᠠᠵᠤ ᠰᠢᠯᠭ᠋ᠠᠨ ᠠᠪᠬᠤ ᠵᠡᠷᠭᠡ ᠠᠭᠤᠯᠭ᠎ᠠ ᠵᠢ ᠲᠣᠳᠣᠷᠬᠠᠢ᠌ᠯᠠᠬᠤ ᠵᠢᠨ ᠬᠠᠮᠲᠤ ᠂  ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠵᠤ ᠂  ᠵᠣᠬᠢᠷᠠᠭᠰᠠᠨ ᠴᠠᠭ᠎ᠲᠤ᠎ᠨᠢ  ᠦᠨᠡᠯᠡᠨ ᠵᠢᠱ᠌ᠢᠵᠦ ᠂  ᠦᠷ᠎ᠡ ᠪᠦᠲᠦᠮᠵᠢ ᠵᠢ ᠮᠥᠷᠳᠡᠨ ᠠᠰᠠᠭᠤᠬᠤ ᠬᠡᠷᠡᠭᠲᠡᠢ ᠃

 

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

      2024 ᠣᠨ᠎ᠤ 2 ᠳ᠋ᠤᠭ᠋ᠠᠷ ᠰᠠᠷ᠎ᠠ ᠵᠢᠨ 27᠎ᠤ ᠡᠳᠦᠷ ᠳᠠᠷᠤᠮᠠᠯᠯᠠᠨ ᠲᠠᠷᠬᠠᠭ᠋ᠠᠪᠠ

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ