ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠢᠨᠵᠧᠨᠧᠷᠢᠩ᠎ᠤᠨ ᠬᠢᠨᠠᠨ ᠵᠥᠪᠰᠢᠶᠡᠷᠡᠵᠦ ᠪᠦᠲᠦᠭᠡᠨ ᠪᠠᠢ᠌ᠭᠤᠯᠬᠤ ᠵᠢ ᠲᠦᠷᠭᠡᠳᠬᠡᠬᠦ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-07-03

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ  ᠮᠠᠲᠸᠷᠢᠶᠠᠯ

             

ᠥᠪᠥᠷ ᠵᠠᠰᠠᠭ ᠠᠯᠪᠠᠨ ᠲᠠᠷᠬᠠᠭ᠋ᠠᠭᠰᠠᠨ [ 2024 ] 6 ᠳ᠋ᠤᠭ᠋ᠠᠷ ᠲᠣᠭ᠋ᠠᠲᠤ

 

ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠢᠨᠵᠧᠨᠧᠷᠢᠩ᠎ᠤᠨ

ᠬᠢᠨᠠᠨ ᠵᠥᠪᠰᠢᠶᠡᠷᠡᠵᠦ ᠪᠦᠲᠦᠭᠡᠨ ᠪᠠᠢ᠌ᠭᠤᠯᠬᠤ ᠵᠢ ᠲᠦᠷᠭᠡᠳᠬᠡᠬᠦ ᠠᠷᠭ᠎ᠠ ᠬᠡᠮᠵᠢᠶ᠎ᠡ

᠎ᠨᠦᠭᠦᠳ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ᠄

       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶᠠᠨ᠎ᠤ ᠵᠢᠷᠭᠤᠳᠤᠭ᠋ᠠᠷ ᠪᠦᠬᠦᠳᠡ ᠬᠤᠷᠠᠯ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶᠠᠨ᠎ᠤ ᠳᠣᠯᠣᠳᠤᠭ᠋ᠠᠷ ᠪᠦᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ   ᠪᠠ 2024 ᠣᠨ᠎ᠤ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ 》᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠰᠢᠨ᠎ᠡ ᠡᠨᠧᠷᠭᠢ ᠵᠢᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠂  ᠰᠢᠨ᠎ᠡ ᠡᠨᠧᠷᠭᠢ ᠵᠢᠨ ᠴᠢᠨᠠᠷ ᠰᠠᠢ᠌ᠲᠠᠢ ᠪᠦᠬᠦ ᠲᠠᠯ᠎ᠠ᠎ᠪᠠᠷ ᠲᠡᠷᠢᠭᠦᠯᠡᠵᠦ ᠬᠥᠭᠵᠢᠬᠦ ᠵᠢ ᠠᠬᠢᠭᠤᠯᠵᠤ ᠂  ᠰᠢᠨ᠎ᠡ ᠡᠨᠧᠷᠭᠢ᠎ᠪᠠᠷ ᠭᠣᠣᠯ ᠴᠣᠭᠴᠠ ᠪᠣᠯᠭ᠋ᠠᠭᠰᠠᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ  ᠰᠢᠰᠲᠸᠮ᠎ᠢ ᠲᠦᠷᠦᠭᠦᠯᠡᠨ ᠴᠣᠭᠴᠠᠯᠠᠵᠤ ᠂  ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠤᠰᠠᠳᠠ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠡᠷ ᠵᠥᠪᠰᠢᠶᠡᠷᠡᠭᠦᠯᠦᠭᠡᠳ ᠂  ᠡᠳᠦᠭᠡ ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠦᠷᠦᠯ ᠵᠦᠢ᠍ᠯ᠎ᠤᠨ ᠬᠢᠨᠠᠨ ᠵᠥᠪᠰᠢᠶᠡᠷᠡᠵᠦ ᠪᠦᠲᠦᠭᠡᠨ ᠪᠠᠢ᠌ᠭᠤᠯᠬᠤ ᠵᠢ ᠲᠦᠷᠭᠡᠳᠬᠡᠬᠦ ᠠᠷᠭ᠎ᠠ ᠬᠡᠮᠵᠢᠶ᠎ᠡ᠎ᠨᠦᠭᠦᠳ᠎ᠢ ᠳᠣᠣᠷᠠᠬᠢ ᠮᠡᠲᠦ ᠮᠡᠳᠡᠭᠳᠡᠶ᠎ᠡ ᠃

       ᠨᠢᠭᠡ ᠂  ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠭᠦᠨᠴᠡ ᠵᠢ ᠲᠡᠬᠡᠭᠰᠢᠯᠡᠬᠦᠯᠬᠦ ᠬᠡᠷᠡᠭᠲᠡᠢ

       ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠨᠤᠲᠠᠯᠠᠯᠲᠠ ᠵᠢᠨ ᠭᠦᠨᠴᠡ ᠂  ᠰᠢᠰᠲ᠋ᠧᠮ᠎ᠤᠨ ᠲᠥᠰᠥᠯ᠎ᠳᠤ  ᠵᠠᠯᠭ᠋ᠠᠨ ᠣᠷᠣᠭᠤᠯᠬᠤ ᠵᠢᠷᠤᠭ ᠲᠥᠯᠥᠪᠯᠡᠭᠡ ᠰᠤᠳᠤᠯᠤᠯ᠎ᠤᠨ ᠮᠡᠳᠡᠭᠦᠯᠦᠯᠲᠡ ᠵᠢᠨ ᠭᠦᠨᠴᠡ ᠵᠢ ᠲᠣᠳᠣᠷᠬᠠᠢ᠌ᠯᠠᠵᠤ ᠂  ᠰᠢᠨ᠎ᠡ ᠡᠨᠧᠷᠭᠢ ᠪᠠ ᠲᠥᠬᠥᠷ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠤᠨ ᠲᠥᠯᠦᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠣᠬᠢᠶᠠᠨ᠎ᠠ ᠃  ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠲᠥᠯᠦᠪᠵᠢᠭᠦᠯᠭᠡ᠎ᠳᠤ  ᠤᠷᠤᠭᠤᠯᠬᠤ᠎ᠪᠠᠷ  ᠭᠤᠶᠤᠴᠢᠯᠠᠨ ᠮᠡᠳᠡᠭᠦᠯᠬᠦ᠎ᠠᠴᠠ ᠡᠮᠦᠨ᠎ᠡ ᠰᠣᠩᠭᠣᠬᠤ᠎ᠪᠠᠷ ᠲᠥᠰᠥᠪᠯᠡᠵᠦ ᠪᠠᠢ᠌ᠭ᠎ᠠ ᠲᠠᠯᠠᠪᠤᠷ᠎ᠤᠨ  ᠬᠠᠶᠢᠭ ᠵᠶ᠋ᠠᠨ ᠨᠠᠢ᠌ᠳᠠᠪᠤᠷᠢᠵᠢᠭᠤᠯᠵᠤ ᠂  ᠰᠡᠷᠭᠡᠭ ᠬᠦᠴᠦᠨ ᠵᠦᠢ᠍ᠯ᠎ᠢ ᠵᠢᠭᠰᠠᠭ᠋ᠠᠨ ᠪᠠᠢ᠌ᠴᠠᠭ᠋ᠠᠬᠤ ᠵᠢ ᠪᠡᠶᠡᠯᠡᠭᠦᠯᠬᠦ ᠵᠢᠨ ᠬᠠᠮᠲᠤ ᠬᠠᠮᠢᠶ᠎ᠠ ᠪᠦᠬᠦᠢ ᠳᠡᠮᠵᠢᠯᠭᠡ ᠵᠢᠨ ᠴᠢᠨᠠᠷᠲᠠᠢ ᠪᠢᠴᠢᠭ ᠮᠠᠲ᠋ᠧᠷᠢᠶᠠᠯ᠎ᠢ ᠣᠯᠵᠤ ᠂  ᠪᠡᠯᠡ ᠣᠷᠣᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠵᠢ ᠪᠡᠶᠡᠯᠡᠭᠦᠯᠬᠦ ᠪᠤᠶᠤ ᠪᠡᠯᠡ ᠣᠷᠣᠭᠤᠯᠤᠯᠲᠠ ᠵᠢ ᠨᠠᠢ᠌ᠳᠠᠪᠤᠷᠢᠵᠢᠭᠤᠯᠬᠤ ᠠᠮᠠᠯᠠᠯᠲᠠ ᠵᠢᠨ ᠪᠢᠴᠢᠭ ᠭᠠᠷᠭ᠋ᠠᠨ ᠥᠭᠴᠦ ᠂  ᠴᠠᠬᠢᠯᠭ᠋ᠠᠨ ᠲᠣᠣᠷ᠎ᠤᠨ ᠠᠵᠤ ᠠᠬᠤᠢ᠌ᠯᠠᠯ᠎ᠠᠴᠠ ᠭᠠᠷᠭ᠋ᠠᠭᠰᠠᠨ ᠰᠢᠰᠲ᠋ᠧᠮ᠎ᠳᠤ  ᠵᠠᠯᠭ᠋ᠠᠵᠤ ᠤᠷᠤᠭᠤᠯᠬᠤ ᠰᠠᠨᠠᠯ᠎ᠢ ᠣᠯᠣᠭᠰᠠᠨ ᠪᠠᠢ᠌ᠬᠤ ᠬᠡᠷᠡᠭᠲᠡᠢ ᠃ (  ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠂  ᠣᠷᠣᠨ ᠨᠤᠲᠤᠭ᠎ᠤᠨ ᠡᠯ᠎ᠡ ᠱᠠᠲᠤᠨ᠎ᠤ ᠡᠨᠧᠷᠭᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂  ᠡᠯ᠎ᠡ ᠴᠠᠬᠢᠯᠭ᠋ᠠᠨ ᠲᠣᠣᠷ᠎ᠤᠨ ᠠᠵᠤ ᠠᠬᠤᠢ᠌ᠯᠠᠯ ᠂  ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠬᠣᠶᠠᠷ ᠂  ᠰᠢᠨ᠎ᠡ ᠡᠨᠧᠷᠭᠢ ᠵᠢᠨ ᠲᠥᠷᠥᠯ ᠵᠦᠢ᠍ᠯ ᠪᠠ ᠲᠣᠣᠷ᠎ᠲᠤ  ᠵᠠᠯᠭ᠋ᠠᠬᠤ ᠢᠨᠵᠧᠨᠧᠷᠢᠩ᠎ᠢ ᠵᠡᠷᠭᠡ᠎ᠳᠤ᠎ᠨᠢ  ᠲᠥᠯᠦᠪᠵᠢᠭᠦᠯᠭᠡ᠎ᠳᠤ  ᠤᠷᠤᠭᠤᠯᠬᠤ ᠬᠡᠷᠡᠭᠲᠡᠢ   

      220 ᠺᠢᠯᠣᠸᠠᠲ ᠵᠢᠴᠢ ᠲᠡᠭᠦᠨ᠎ᠠᠴᠠ ᠳᠣᠷᠣᠭᠰᠢᠬᠢ ᠵᠢ ᠲᠥᠬᠥᠷᠵᠢᠭᠦᠯᠦᠭᠰᠡᠨ ᠲᠣᠣᠷ᠎ᠲᠤ  ᠵᠠᠯᠭ᠋ᠠᠬᠤ ᠢᠨᠵᠧᠨᠧᠷᠢᠩ᠎ᠢ ᠰᠢᠨ᠎ᠡ ᠡᠨᠧᠷᠭᠢ ᠵᠢᠨ ᠲᠥᠷᠥᠯ ᠵᠦᠢ᠍ᠯ  ᠎ᠯᠦᠭᠡ ᠵᠡᠷᠭᠡ᠎ᠳᠤ᠎ᠨᠢ  ᠰᠡᠷᠭᠡᠭ ᠬᠦᠴᠦᠨ ᠵᠦᠢ᠍ᠯ᠎ᠢ ᠵᠢᠭᠰᠠᠭ᠋ᠠᠨ ᠪᠠᠢ᠌ᠴᠠᠭ᠋ᠠᠬᠤ ᠪᠠ ᠪᠣᠯᠣᠮᠵᠢᠲᠤ ᠴᠢᠨᠠᠷ᠎ᠤᠨ ᠨᠤᠲᠠᠯᠠᠯᠲᠠ ᠬᠢᠬᠦ ᠵᠢ ᠪᠡᠶᠡᠯᠡᠭᠦᠯᠵᠦ ᠂  ᠰᠢᠨ᠎ᠡ ᠡᠨᠧᠷᠭᠢ ᠵᠢᠨ ᠲᠥᠷᠥᠯ ᠵᠦᠢ᠍ᠯ᠎ᠯᠦᠭᠡ ᠵᠡᠷᠭᠡ᠎ᠳᠤ᠎ᠨᠢ 《ᠮᠡᠳᠡᠭᠦᠯᠦᠮᠡᠭᠴᠡ ᠠᠪᠤᠨ ᠵᠥᠪᠰᠢᠶᠡᠷᠡᠵᠦ 》 ᠬᠠᠮᠲᠤ᠎ᠪᠠᠷ  ᠲᠥᠯᠦᠪᠵᠢᠭᠦᠯᠭᠡ᠎ᠳᠤ ᠣᠷᠣᠭᠤᠯᠤᠨ᠎ᠠ ;  ᠥᠪᠡᠷᠲᠡᠭᠡᠨ ᠵᠠᠰᠠᠬᠤ ᠣᠷᠣᠨ᠎ᠤ ᠴᠣᠬᠣᠯᠠᠪᠤᠷᠢᠯᠠᠭᠰᠠᠨ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ 500 ᠺᠢᠯᠣᠸᠠᠲ᠎ᠢ ᠲᠥᠬᠥᠷᠵᠢᠭᠦᠯᠦᠭᠰᠡᠨ ᠲᠣᠣᠷ᠎ᠲᠤ  ᠵᠠᠯᠭ᠋ᠠᠬᠤ ᠢᠨᠵᠧᠨᠧᠷᠢᠩ᠎ᠢ ᠪᠣᠯ ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠲᠥᠯᠦᠪᠵᠢᠭᠦᠯᠭᠡ᠎ᠳᠤ  ᠣᠷᠣᠭᠤᠯᠤᠭᠰᠠᠨ᠎ᠤ ᠳᠠᠷᠠᠭ᠋ᠠᠬᠢ 30 ᠠᠵᠢᠯᠯᠠᠬᠤ ᠡᠳᠦᠷ᠎ᠤᠨ ᠳᠣᠲᠣᠷ᠎ᠠ ᠲᠥᠯᠦᠪᠵᠢᠭᠦᠯᠭᠡ᠎ᠳᠤ  ᠤᠷᠤᠭᠤᠯᠬᠤ᠎ᠪᠠᠷ  ᠤᠯᠤᠰ᠎ᠲᠤ ᠭᠤᠶᠤᠴᠢᠯᠠᠨ ᠮᠡᠳᠡᠭᠦᠯᠦᠨ᠎ᠡ ᠃ (  ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠴᠠᠬᠢᠯᠭ᠋ᠠᠨ ᠲᠣᠣᠷ᠎ᠤᠨ ᠠᠵᠤ ᠠᠬᠤᠢ᠌ᠯᠠᠯ ᠂  ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠭᠤᠷᠪᠠ ᠂  ᠲᠣᠣᠷ᠎ᠲᠤ  ᠵᠠᠯᠭ᠋ᠠᠬᠤ ᠢᠨᠵᠧᠨᠧᠷᠢᠩ᠎ᠢ ᠵᠡᠷᠭᠡ᠎ᠳᠤ᠎ᠨᠢ  ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠣᠷᠣᠭᠤᠯᠬᠤ ᠵᠢ ᠠᠬᠢᠭᠤᠯᠬᠤ ᠬᠡᠷᠡᠭᠲᠡᠢ

       ᠥᠪᠡᠷᠲᠡᠭᠡᠨ ᠵᠠᠰᠠᠬᠤ ᠣᠷᠣᠨ᠎ᠤ ᠴᠠᠬᠢᠯᠭ᠋ᠠᠨ ᠬᠦᠴᠦᠨ᠎ᠤ ᠬᠥᠭᠵᠢᠯᠲᠡ ᠵᠢᠨ ᠲᠥᠯᠦᠪᠵᠢᠭᠦᠯᠭᠡ ᠵᠢᠨ ᠲᠣᠬᠢᠷᠠᠭᠤᠯᠤᠯᠲᠠ ᠵᠢ ᠦᠨᠳᠦᠰᠦᠯᠡᠵᠦ ᠂  ᠴᠠᠬᠢᠯᠭ᠋ᠠᠨ ᠲᠣᠣᠷ᠎ᠤᠨ ᠠᠵᠤ ᠠᠬᠤᠢ᠌ᠯᠠᠯ᠎ᠨᠢ  ᠲᠥᠯᠦᠪᠵᠢᠭᠦᠯᠭᠡ ᠵᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠋ᠠᠬᠢ 60 ᠡᠳᠦᠷ᠎ᠤᠨ ᠳᠣᠲᠣᠷ᠎ᠠ ᠴᠠᠬᠢᠯᠭ᠋ᠠᠨ ᠲᠣᠣᠷ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠂  ᠴᠠᠬᠢᠯᠭ᠋ᠠᠨ ᠬᠦᠴᠦᠨ᠎ᠤ ᠳᠡᠭᠦᠵᠢᠯᠡᠭᠦᠷ ᠤᠲᠠᠰᠤ ᠱᠤᠭᠤᠮ᠎ᠤᠨ ᠬᠣᠩᠭᠢᠯ ᠂  ᠴᠠᠬᠢᠯᠭ᠋ᠠᠨ ᠳᠡᠭᠡᠰᠦᠨ᠎ᠤ ᠨᠡᠪᠳᠡᠷᠡᠯ ᠵᠠᠮ ᠵᠡᠷᠭᠡ ᠣᠷᠣᠨ ᠵᠠᠢ ᠵᠢᠨ ᠡᠬᠢ ᠪᠠᠶᠠᠯᠢᠭ᠎ᠤᠨ ᠬᠡᠷᠡᠭᠴᠡᠭᠡ ᠱᠠᠭ᠋ᠠᠷᠳᠠᠯᠭ᠎ᠠ᠎ᠪᠠᠨ  ᠳᠤᠷᠠᠳᠴᠤ ᠂  ᠴᠠᠬᠢᠯᠭ᠋ᠠᠨ ᠬᠦᠴᠦᠨ᠎ᠤ ᠪᠡᠯᠡᠳᠬᠡᠮᠵᠢ ᠵᠢᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠤᠰᠬᠠᠢ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ ᠂  ᠠᠳᠠᠯᠢ ᠱᠠᠲᠤᠨ᠎ᠤ ᠡᠨᠧᠷᠭᠢ ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠢᠨᠠᠨ ᠬᠠᠷᠭᠤᠭᠤᠯᠤᠭᠰᠠᠨ᠎ᠤ ᠳᠠᠷᠠᠭ᠎ᠠ ᠂  ᠠᠢ᠌ᠮᠠᠭ᠎ᠤᠨ ᠵᠠᠬᠢᠷᠭ᠎ᠠ ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠬᠣᠰᠢᠭᠤ ᠰᠢᠶᠠᠨ (  ᠬᠤᠲᠠ ᠂  ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠬᠦ ᠵᠢᠨ ᠬᠠᠮᠲᠤ ᠠᠳᠠᠯᠢ ᠱᠠᠲᠤᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠨᠠᠷᠢᠨ ᠲᠥᠯᠦᠪᠵᠢᠭᠦᠯᠭᠡ᠎ᠳᠤ ᠣᠷᠣᠭᠤᠯᠤᠨ᠎ᠠ ᠃ (  ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂  ᠡᠯ᠎ᠡ ᠠᠢ᠌ᠮᠠᠭ᠎ᠤᠨ ᠵᠠᠬᠢᠷᠭ᠎ᠠ ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠴᠠᠬᠢᠯᠭ᠋ᠠᠨ ᠲᠣᠣᠷ᠎ᠤᠨ ᠠᠵᠤ ᠠᠬᠤᠢ᠌ᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠳᠥᠷᠪᠡ ᠂  ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠭᠦᠢ᠍ᠴᠡᠳᠬᠡᠬᠦ ᠭᠠᠷᠳᠠᠮ᠎ᠤᠨ ᠭᠣᠭᠴᠣᠭ᠎ᠠ ᠵᠢ ᠴᠥᠭᠡᠳᠬᠡᠬᠦ ᠬᠡᠷᠡᠭᠲᠡᠢ

       ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠤᠨ ᠭᠠᠵᠠᠷ ᠬᠡᠷᠡᠭᠯᠡᠬᠦ ᠂  ᠣᠶ ᠰᠢᠭᠤᠢ (  ᠨᠤᠲᠤᠭ ᠪᠡᠯᠴᠢᠭᠡᠷ ) ᠬᠡᠷᠡᠭᠯᠡᠬᠦ ᠵᠡᠷᠭᠡ ᠡᠯ᠎ᠡ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠭᠠᠷᠳᠠᠮ᠎ᠢ ᠭᠦᠢ᠍ᠴᠡᠳᠬᠡᠬᠦ᠎ᠳᠤ  ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ  ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ 《ᠵᠥᠪᠬᠡᠨ ᠨᠥᠬᠥᠪᠦᠷᠢᠯᠡᠨ ᠵᠠᠯᠠᠷᠠᠭᠤᠯᠬᠤ᠎ᠠᠴᠠ ᠪᠢᠰᠢ ᠪᠤᠴᠠᠭ᠋ᠠᠵᠤ ᠪᠣᠯᠬᠤ ᠦᠭᠡᠢ 》᠂  ᠨᠥᠬᠥᠪᠦᠷᠢᠯᠡᠨ ᠵᠠᠯᠠᠷᠠᠭᠤᠯᠬᠤ ᠴᠢᠬᠤᠯᠠᠲᠠᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠨᠢᠭᠡ ᠯᠡ ᠤᠳᠠᠭ᠎ᠠ᠎ᠳᠤ  ᠮᠡᠳᠡᠭᠳᠡᠬᠦ ᠮᠥᠷᠲᠡᠭᠡᠨ ᠵᠥᠪᠬᠡᠨ ᠨᠢᠭᠡ ᠯᠡ ᠤᠳᠠᠭ᠎ᠠ ᠨᠥᠬᠥᠪᠦᠷᠢᠯᠡᠨ ᠵᠠᠯᠠᠷᠠᠭᠤᠯᠵᠤ ᠪᠣᠯᠣᠨ᠎ᠠ; ᠭᠤᠶᠤᠴᠢᠯᠠᠨ ᠮᠡᠳᠡᠭᠦᠯᠦᠭᠰᠡᠨ ᠨᠢᠭᠡᠴᠢ ᠨᠢᠭᠡ ᠯᠡ ᠤᠳᠠᠭ᠎ᠠ᠎ᠳᠤ  ᠨᠥᠬᠥᠪᠦᠷᠢᠯᠡᠨ ᠵᠠᠯᠠᠷᠠᠭᠤᠯᠬᠤ ᠬᠡᠷᠡᠭᠲᠡᠢ ᠃ (ᠬᠠᠷᠢᠭᠤᠴᠠᠯᠭ᠋ᠠᠲᠤ   ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠂  ᠡᠯ᠎ᠡ ᠴᠠᠬᠢᠯᠭ᠋ᠠᠨ ᠲᠣᠣᠷ᠎ᠤᠨ ᠠᠵᠤ ᠠᠬᠤᠢ᠌ᠯᠠᠯ ᠂  ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠲᠠᠪᠤ ᠂  ᠡᠮᠦᠨᠡᠬᠢ ᠬᠤᠭᠤᠴᠠᠭ᠋ᠠᠨ᠎ᠤ ᠭᠠᠷᠳᠠᠮ᠎ᠢ ᠨᠡᠢ᠌ᠯᠡᠭᠦᠯᠵᠦ ᠬᠢᠨᠠᠨ ᠵᠥᠪᠰᠢᠶᠡᠷᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠬᠡᠷᠡᠭᠲᠡᠢ

       ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠳᠤ  ᠲᠡᠦᠬᠡ ᠵᠢᠨ ᠳᠤᠷᠠᠰᠬᠠᠯᠲᠤ ᠵᠦᠢ᠍ᠯ᠎ᠤᠨ ᠪᠠᠢ᠌ᠴᠠᠭ᠋ᠠᠯᠲᠠ ᠂  ᠨᠡᠢ᠌ᠭᠡᠮ᠎ᠤᠨ ᠲᠣᠭᠲᠠᠭᠤᠨ ᠪᠠᠢ᠌ᠳᠠᠯ᠎ᠤᠨ ᠲᠦᠭᠰᠢᠭᠦᠷᠢ ᠵᠢᠨ ᠦᠨᠡᠯᠡᠨ ᠵᠢᠱ᠌ᠢᠯᠲᠡ ᠂  ᠣᠷᠴᠢᠨ ᠲᠣᠭᠣᠷᠢᠨ᠎ᠤ ᠨᠥᠯᠥᠭᠡᠯᠡᠯ᠎ᠤᠨ  ᠦᠨᠡᠯᠡᠯᠲᠡ ᠂  ᠬᠥᠷᠥᠰᠥ ᠰᠢᠷᠣᠢ ᠵᠢ ᠬᠠᠮᠠᠭ᠋ᠠᠯᠠᠬᠤ ᠲᠥᠰᠥᠯ ᠂  ᠦᠶᠡᠷ᠎ᠤᠨ ᠨᠥᠯᠥᠭᠡᠨ᠎ᠤ ᠦᠨᠡᠯᠡᠯᠲᠡ ᠂  ᠠᠭᠤᠷᠬᠠᠢ ᠵᠢᠨ ᠭᠠᠷᠤᠯᠲᠠ ᠵᠢᠨ ᠳᠠᠷᠤᠭᠳᠠᠯ ᠂  ᠠᠮᠢ ᠠᠬᠤᠢ ᠵᠢᠨ ᠤᠯᠠᠭ᠋ᠠᠨ ᠱᠤᠭᠤᠮ᠎ᠠᠴᠠ ᠵᠠᠢ᠌ᠯᠠᠵᠤ ᠪᠣᠯᠣᠰᠢ ᠦᠭᠡᠢ ᠴᠢᠨᠠᠷ᠎ᠤᠨ ᠦᠨᠡᠯᠡᠯᠲᠡ ᠵᠡᠷᠭᠡ ᠡᠯ᠎ᠡ ᠲᠥᠷᠥᠯ᠎ᠤᠨ ᠬᠢᠨᠠᠨ ᠵᠥᠪᠰᠢᠶᠡᠷᠡᠬᠦ ᠭᠠᠷᠳᠠᠮ᠎ᠢ  ᠭᠦᠢ᠍ᠴᠡᠳᠬᠡᠬᠦ᠎ᠳᠤ᠎ᠪᠠᠨ᠂  ᠲᠥᠷᠥᠯ ᠵᠦᠢ᠍ᠯ᠎ᠤᠨ ᠨᠢᠭᠡᠴᠢ ᠵᠢᠨ ᠭᠤᠶᠤᠴᠢᠯᠠᠯ᠎ᠢ  ᠦᠨᠳᠦᠰᠦᠯᠡᠵᠦ ᠪᠠᠢ᠌ᠭ᠋ᠠᠳ ᠨᠡᠢ᠌ᠯᠡᠭᠦᠯᠵᠦ ᠬᠢᠨᠠᠨ ᠵᠥᠪᠰᠢᠶᠡᠷᠡᠬᠦ ᠵᠢ ᠬᠡᠷᠡᠭᠵᠢᠭᠦᠯᠵᠦ ᠂  ᠬᠠᠮᠢᠶ᠎ᠠ ᠪᠦᠬᠦᠢ ᠬᠠᠤᠯᠢ ᠴᠠᠭ᠋ᠠᠵᠠ ᠂  ᠬᠠᠤᠯᠢ ᠲᠣᠭᠲᠠᠭ᠋ᠠᠯ ᠂  ᠤᠯᠤᠰ᠎ᠤᠨ ᠲᠥᠷᠥ ᠵᠢᠨ ᠪᠣᠳᠣᠯᠭ᠎ᠠ᠎ᠳᠤ  ᠲᠣᠭᠲᠠᠭ᠋ᠠᠯ᠎ᠲᠠᠢ ᠴᠢᠬᠤᠯᠠ ᠪᠢᠴᠢᠭ  ᠮᠠᠲᠸᠷᠢᠶᠠᠯ᠎ᠠᠴᠠ ᠭᠠᠳᠠᠨ᠎ᠠ ᠂  ᠬᠠᠷᠢᠯᠴᠠᠨ ᠤᠷᠢᠳᠠᠴᠢ ᠵᠦᠢ᠍ᠯ ᠪᠣᠯᠵᠤ ᠪᠣᠯᠬᠤ ᠦᠭᠡᠢ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠵᠢᠷᠭᠤᠭ᠎ᠠ ᠂  ᠲᠦᠷᠦᠯ ᠵᠦᠢ᠍ᠯ᠎ᠳᠤ ᠬᠡᠷᠡᠭᠯᠡᠬᠦ ᠭᠠᠵᠠᠷ᠎ᠢ ᠲᠤᠰᠢᠶᠠᠵᠤ ᠥᠭᠬᠦ ᠡᠮᠦᠨᠡᠬᠢ ᠬᠤᠭᠤᠴᠠᠭ᠋ᠠᠨ᠎ᠤ ᠠᠵᠢᠯ᠎ᠢ ᠰᠠᠢ᠌ᠲᠤᠷ ᠬᠢᠬᠦ ᠬᠡᠷᠡᠭᠲᠡᠢ

        ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠭᠰᠡᠨ(ᠪᠦᠷᠢᠳᠬᠡᠨ ᠳᠠᠩᠰᠠᠯᠠᠭᠰᠠᠨ )᠎ᠤ ᠳᠠᠷᠠᠭ᠎ᠠ ᠂  ᠬᠣᠰᠢᠭᠤ ᠰᠢᠶᠠᠨ (  ᠬᠤᠲᠠ ᠂  ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠨᠢ 45 ᠠᠵᠢᠯᠯᠠᠬᠤ ᠡᠳᠦᠷ᠎ᠤᠨ ᠳᠣᠲᠣᠷ᠎ᠠ ᠭᠠᠵᠠᠷ ᠰᠢᠷᠣᠢ ᠵᠢ ᠬᠤᠳᠠᠯᠳᠤᠨ ᠠᠪᠴᠤ ᠨᠥᠭᠡᠴᠡᠯᠡᠬᠦ ᠂  ᠭᠠᠳᠠᠷᠭᠤ ᠵᠢᠨ ᠬᠠᠰᠢᠶ᠎ᠠ ᠬᠡᠷᠡᠮ᠎ᠢ ᠠᠷᠢᠯᠭ᠋ᠠᠬᠤ ᠂  ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠢ᠌ᠨ ᠰᠢᠨᠵᠢᠬᠦ ᠵᠡᠷᠭᠡ ᠠᠵᠢᠯ᠎ᠢ ᠪᠡᠶᠡᠯᠡᠭᠦᠯᠵᠦ ᠂ 《ᠠᠬᠤᠢ᠌ᠯᠠᠭᠰᠠᠨ ᠭᠠᠵᠠᠷ ᠰᠢᠷᠣᠢ ᠬᠠᠩᠭ᠋ᠠᠬᠤ 》 ᠵᠢ ᠪᠡᠶᠡᠯᠡᠭᠦᠯᠦᠨ ᠂  ᠲᠥᠷᠥᠯ ᠵᠦᠢ᠍ᠯ᠎ᠤᠨ ᠨᠢᠭᠡᠴᠢ᠎ᠠᠴᠠ ᠪᠡᠯᠡ ᠮᠥᠩᠭᠥᠨ᠎ᠤ ᠪᠠᠲᠤᠯᠠᠭ᠎ᠠ ᠬᠠᠩᠭ᠋ᠠᠬᠤ ᠬᠡᠷᠡᠭᠲᠡᠢ ᠃  ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠨᠢ  ᠬᠣᠲᠠ ᠪᠠᠯᠭ᠋ᠠᠰᠤᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠦᠪᠵᠢᠭᠦᠯᠭᠡ ᠵᠢᠨ ᠬᠡᠪᠴᠢᠶᠡᠨ ᠳᠣᠲᠣᠷ᠎ᠠ ᠤᠯᠤᠰ᠎ᠤᠨ ᠥᠮᠴᠢᠯᠡᠯᠲᠦ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠣᠯᠣᠭᠰᠠᠨ ᠪᠠᠢ᠌ᠪᠠᠯ ᠂  ᠨᠥᠬᠥᠴᠡᠯ᠎ᠳᠤ ᠨᠡᠢ᠌ᠴᠡᠬᠦ (  ᠳᠥᠷᠪᠡᠨ ᠬᠢᠵᠠᠭ᠋ᠠᠷ᠎ᠨᠢ  ᠲᠣᠳᠣᠷᠬᠠᠢ ᠂  ᠡᠷᠬᠡ ᠵᠢᠨ ᠬᠠᠷᠢᠶ᠎ᠠ᠎ᠨᠢ  ᠮᠠᠷᠭᠤᠯᠳᠤᠭ᠋ᠠᠨ ᠦᠭᠡᠢ ᠂  ᠬᠠᠮᠢᠶ᠎ᠠ ᠪᠦᠬᠦᠢ ᠭᠠᠢ᠌ᠯᠢ ᠰᠦᠢ᠍ᠳᠬᠡᠯ᠎ᠢ  ᠲᠤᠰᠢᠶᠠᠭᠰᠠᠨ )᠎ᠳᠤ᠎ᠨᠢ 《ᠭᠠᠵᠠᠷ ᠪᠠ ᠭᠡᠷᠡᠴᠢ ᠦᠨᠡᠮᠯᠡᠯ᠎ᠢ  ᠬᠠᠮᠲᠤ ᠲᠤᠰᠢᠶᠠᠬᠤ 》 ᠵᠢ ᠪᠦᠬᠦ ᠲᠠᠯ᠎ᠠ᠎ᠪᠠᠷ ᠶᠠᠪᠤᠭᠤᠯᠵᠤ ᠂  ᠭᠠᠵᠠᠷ ᠲᠤᠰᠢᠶᠠᠬᠤ ᠬᠢᠭᠡᠳ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠦᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ ᠂  ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠲᠥᠯᠦᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ ᠂  ᠦᠯᠦ ᠬᠥᠳᠡᠯᠬᠦ ᠬᠥᠷᠥᠩᠭᠡ ᠵᠢᠨ ᠡᠷᠬᠡ ᠵᠢᠨ ᠦᠨᠡᠮᠯᠡᠯ᠎ᠤᠨ ᠪᠢᠴᠢᠭ᠎ᠢ  ᠵᠡᠷᠭᠡ᠎ᠳᠤ᠎ᠨᠢ  ᠭᠦᠢ᠍ᠴᠡᠳᠬᠡᠬᠦ ᠵᠢ ᠪᠡᠶᠡᠯᠡᠭᠦᠯᠦᠨ᠎ᠡ ᠃ (  ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂  ᠡᠯ᠎ᠡ ᠠᠢ᠌ᠮᠠᠭ᠎ᠤᠨ ᠵᠠᠬᠢᠷᠭ᠎ᠠ ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠴᠠᠬᠢᠯᠭ᠋ᠠᠨ ᠲᠣᠣᠷ᠎ᠤᠨ ᠠᠵᠤ ᠠᠬᠤᠢ᠌ᠯᠠᠯ ᠂  ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠳᠣᠯᠤᠭ᠎ᠠ ᠂  ᠰᠢᠨ᠎ᠡ ᠡᠨᠧᠷᠭᠢ ᠂  ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠤᠨ ᠭᠠᠵᠠᠷ ᠰᠢᠷᠣᠢ ᠵᠢᠨ ᠭᠠᠷᠳᠠᠮ ᠭᠦᠢ᠍ᠴᠡᠳᠬᠡᠬᠦ ᠵᠢ ᠰᠢᠯᠢᠳᠡᠭᠵᠢᠭᠦᠯᠬᠦ ᠬᠡᠷᠡᠭᠲᠡᠢ

      《ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ᠎ᠪᠠᠨ  ᠤᠯᠠᠮ ᠨᠢᠭᠡ ᠠᠯᠬᠤᠮ ᠳᠥᠭᠥᠮᠴᠢᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ 》 (  ᠥᠪᠥᠷ ᠵᠠᠰᠠᠭ ᠠᠯᠪᠠᠨ ᠥᠰᠥᠭ [ 2022 ] 55 ᠳ᠋ᠤᠭ᠋ᠠᠷ ᠲᠣᠭ᠋ᠠᠲᠤ )᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠵᠢᠨ ᠨᠠᠢ᠌ᠳᠠᠪᠤᠷᠢᠵᠢᠨ ᠪᠣᠳᠠᠲᠠᠢ᠌ᠵᠢᠬᠤ ᠵᠢ ᠦᠷᠭᠦᠯᠵᠢᠯᠡᠨ ᠰᠠᠢ᠌ᠲᠤᠷ ᠠᠳᠬᠤᠵᠤ ᠂  ᠭᠠᠵᠠᠷ ᠰᠢᠷᠣᠢ ᠵᠢᠨ ᠳᠠᠭ᠋ᠠᠭᠤᠯᠢ ᠣᠳᠣᠨ᠎ᠤ ᠵᠢᠷᠤᠭ ᠳᠦᠷᠰᠦ᠎ᠪᠠᠷ  ᠬᠠᠤᠯᠢ ᠬᠡᠷᠡᠭᠵᠢᠭᠦᠯᠵᠦ ᠪᠠᠢ᠌ᠴᠠᠭ᠋ᠠᠬᠤ ᠡᠷᠴᠢᠮ᠎ᠢ ᠴᠢᠩᠭ᠋ᠠᠷᠠᠭᠤᠯᠤᠨ ᠂  ᠰᠠᠯᠬᠢᠨ ᠬᠦᠴᠦᠨ᠎ᠤ ᠴᠠᠬᠢᠯᠭ᠋ᠠᠨ᠎ᠤ ᠰᠤᠪᠤᠷᠭ᠎ᠠ ᠵᠢᠨ ᠰᠠᠭᠤᠷᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠭᠠᠷᠳᠠᠮ᠎ᠢ ᠭᠦᠢ᠍ᠴᠡᠳᠬᠡᠬᠦ ᠦᠷ᠎ᠡ ᠪᠦᠲᠦᠮᠵᠢ ᠵᠢ ᠲᠡᠬᠡᠭᠰᠢᠯᠡᠬᠦᠯᠦᠨ᠎ᠡ ᠃ (  ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂  ᠡᠯ᠎ᠡ ᠠᠢ᠌ᠮᠠᠭ᠎ᠤᠨ ᠵᠠᠬᠢᠷᠭ᠎ᠠ ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠴᠠᠬᠢᠯᠭ᠋ᠠᠨ ᠲᠣᠣᠷ᠎ᠤᠨ ᠠᠵᠤ ᠠᠬᠤᠢ᠌ᠯᠠᠯ ᠂  ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

        ᠨᠠᠢ᠍ᠮᠠ ᠂  ᠨᠡᠢ᠌ᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠭᠠᠷᠳᠠᠮ᠎ᠤᠨ ᠳᠦᠷᠢᠮ᠎ᠢ   ᠨᠠᠢ᠌ᠳᠠᠪᠤᠷᠢᠵᠢᠭᠤᠯᠬᠤ ᠬᠡᠷᠡᠭᠲᠡᠢ

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠨᠡᠢ᠌ᠭᠡᠮ᠎ᠤᠨ ᠲᠣᠭᠲᠠᠭᠤᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢᠨ ᠬᠡᠷᠡᠭᠵᠢᠭᠦᠯᠬᠦ ᠠᠷᠭ᠎ᠠ 》 ᠵᠢᠨ ᠱᠠᠭ᠋ᠠᠷᠳᠠᠯᠭ᠎ᠠ ᠶᠣᠰᠣᠭ᠋ᠠᠷ ᠂  ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠨᠡᠢ᠌ᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠢ ᠨᠢᠭᠡᠨᠲᠡ ᠢᠨᠵᠧᠨᠧᠷᠢᠩ᠎ᠤᠨ ᠲᠥᠷᠥᠯ ᠵᠦᠢ᠍ᠯ᠎ᠤᠨ ᠪᠣᠯᠣᠮᠵᠢᠲᠤ ᠴᠢᠨᠠᠷ᠎ᠤᠨ ᠰᠤᠳᠤᠯᠤᠯ᠎ᠤᠨ ᠠᠭᠤᠯᠭ᠎ᠠ ᠪᠤᠯᠭ᠋ᠠᠨᠨᠰᠠᠨ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠳᠤ  ᠳᠠᠭᠢᠵᠤ ᠠᠰᠲᠠᠭ᠋ᠠᠨ ᠦᠨᠡᠯᠡᠨ ᠵᠢᠱ᠌ᠢᠯᠲᠡ ᠬᠢᠬᠦ ᠦᠭᠡᠢ ᠃  ᠰᠢᠨ᠎ᠡ ᠡᠨᠧᠷᠭᠢ ᠪᠠ ᠴᠠᠬᠢᠯᠭ᠋ᠠᠨ᠎ᠤ ᠲᠣᠣᠷ᠎ᠤᠨ ᠲᠥᠷᠥᠯ ᠵᠦᠢ᠍ᠯ᠎ᠤᠨ ᠪᠠᠢ᠌ᠭ᠎ᠠ ᠬᠣᠰᠢᠭᠤ ᠰᠢᠶᠠᠨ (  ᠬᠤᠲᠠ ᠂  ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠨᠢ  ᠬᠠᠤᠯᠢ ᠲᠣᠭᠲᠠᠭ᠋ᠠᠯ ᠶᠣᠰᠣᠭ᠋ᠠᠷ ᠭᠠᠵᠠᠷ ᠰᠢᠷᠣᠢ ᠲᠠᠲᠠᠪᠤᠷᠢᠯᠠᠬᠤ ᠬᠢᠨᠠᠨ ᠵᠥᠪᠰᠢᠶᠡᠷᠡᠯ᠎ᠢ ᠭᠤᠶᠤᠴᠢᠯᠠᠨ ᠮᠡᠳᠡᠭᠦᠯᠬᠦ᠎ᠠᠴᠠ ᠡᠮᠦᠨ᠎ᠡ ᠂  ᠨᠡᠢ᠌ᠭᠡᠮ᠎ᠤᠨ ᠲᠣᠭᠲᠠᠭᠤᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠵᠣᠬᠢᠶᠠᠨ ᠪᠠᠢ᠌ᠭᠤᠯᠵᠤ ᠪᠡᠶᠡᠯᠡᠭᠦᠯᠬᠦ ᠬᠡᠷᠡᠭᠲᠡᠢ ᠃ (  ᠬᠠᠷᠢᠭᠤᠴᠠᠯᠭ᠋ᠠᠲᠤ ᠨᠢᠭᠡᠴᠢ ᠄ ᠡᠯ᠎ᠡ ᠠᠢ᠌ᠮᠠᠭ ᠬᠤᠲᠠ ᠵᠢᠨ ᠨᠠᠮ᠎ᠤᠨ ᠬᠣᠷᠢᠶᠠᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠂  ᠡᠯ᠎ᠡ ᠠᠢ᠌ᠮᠠᠭ᠎ᠤᠨ ᠵᠠᠬᠢᠷᠭ᠎ᠠ ᠂  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠴᠠᠬᠢᠯᠭ᠋ᠠᠨ ᠲᠣᠣᠷ᠎ᠤᠨ ᠠᠵᠤ ᠠᠬᠤᠢ᠌ᠯᠠᠯ ᠂  ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠶᠢᠰᠦ ᠂  ᠣᠢ ᠰᠢᠭᠤᠢ ᠨᠤᠲᠤᠭ ᠪᠡᠯᠴᠢᠭᠡᠷ ᠬᠡᠷᠡᠭᠯᠡᠬᠦ ᠭᠠᠷᠳᠠᠮ᠎ᠢ ᠰᠢᠯᠢᠳᠡᠭᠵᠢᠭᠦᠯᠬᠦ ᠬᠡᠷᠡᠭᠲᠡᠢ

       ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠤᠨ ᠣᠶ ᠰᠢᠭᠤᠢ (  ᠨᠤᠲᠤᠭ ᠪᠡᠯᠴᠢᠭᠡᠷ ) ᠵᠢ ᠲᠦᠷ ᠬᠡᠷᠡᠭᠯᠡᠬᠦ ᠭᠠᠷᠳᠠᠮ᠎ᠢ ᠣᠶ ᠰᠢᠭᠤᠢ (  ᠨᠤᠲᠤᠭ ᠪᠡᠯᠴᠢᠭᠡᠷ ) ᠵᠢ ᠥᠨᠢᠳᠡ ᠬᠡᠷᠡᠭᠯᠡᠬᠦ ᠭᠠᠷᠳᠠᠮ᠎ᠯᠤᠭ᠎ᠠ ᠵᠡᠷᠭᠡ᠎ᠪᠠᠷ  ᠭᠦᠢ᠍ᠴᠡᠳᠬᠡᠬᠦ ᠬᠡᠷᠡᠭᠲᠡᠢ; ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ  ᠣᠶ ᠰᠢᠭᠤᠢ (  ᠨᠤᠲᠤᠭ ᠪᠡᠯᠴᠢᠭᠡᠷ ) ᠵᠢ ᠬᠡᠷᠡᠭᠯᠡᠬᠦ ᠭᠤᠶᠤᠴᠢᠯᠠᠯ᠎ᠢ ᠰᠢᠢ᠍ᠳᠪᠦᠷᠢᠯᠡᠬᠦ᠎ᠪᠠᠷ  ᠬᠦᠯᠢᠶᠡᠨ ᠠᠪᠤᠭᠰᠠᠨ ᠡᠳᠦᠷ᠎ᠠᠴᠠ ᠡᠬᠢᠯᠡᠨ 10 ᠠᠵᠢᠯᠯᠠᠬᠤ ᠡᠳᠦᠷ᠎ᠤᠨ ᠳᠣᠲᠣᠷ᠎ᠠ ᠂  ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ ᠭᠠᠷᠭ᠋ᠠᠬᠤ ᠪᠤᠶᠤ ᠬᠢᠨᠠᠨ ᠪᠠᠢ᠌ᠴᠠᠭ᠋ᠠᠭᠰᠠᠨ ᠰᠠᠨᠠᠯ ᠭᠠᠷᠭ᠋ᠠᠵᠤ ᠳᠡᠭᠡᠳᠦ ᠱᠠᠲᠤᠨ᠎ᠤ ᠰᠠᠯᠠᠭ᠎ᠠ ᠮᠥᠴᠢᠷ᠎ᠲᠤ᠎ᠪᠠᠨ  ᠮᠡᠳᠡᠭᠦᠯᠬᠦ ᠬᠡᠷᠡᠭᠲᠡᠢ ᠃ (  ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂  ᠡᠯ᠎ᠡ ᠴᠠᠬᠢᠯᠭ᠋ᠠᠨ ᠲᠣᠣᠷ᠎ᠤᠨ ᠠᠵᠤ ᠠᠬᠤᠢ᠌ᠯᠠᠯ ᠂  ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠠᠷᠪᠠ ᠂  ᠭᠠᠷᠳᠠᠮ ᠣᠷᠣᠯᠠᠨ ᠭᠦᠢ᠍ᠴᠡᠳᠬᠡᠬᠦ ᠳᠦᠷᠢᠮ᠎ᠢ ᠳᠡᠯᠭᠡᠷᠡᠭᠦᠯᠦᠨ ᠬᠡᠷᠡᠭᠵᠢᠭᠦᠯᠬᠦ ᠬᠡᠷᠡᠭᠲᠡᠢ

       ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠨᠢ  ᠨᠤᠲᠤᠭ ᠪᠡᠯᠴᠢᠭᠡᠷ᠎ᠢ  ᠲᠠᠲᠠᠪᠤᠷᠢᠯᠠᠨ ᠡᠵᠡᠯᠡᠵᠦ ᠬᠡᠷᠡᠭᠯᠡᠬᠦ ᠵᠢᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠭᠠᠷᠳᠠᠮ ᠭᠦᠢ᠍ᠴᠡᠳᠬᠡᠬᠦ᠎ᠳᠤ᠎ᠪᠠᠨ᠂  ᠬᠣᠰᠢᠭᠤ ᠰᠢᠶᠠᠨ (  ᠬᠣᠲᠠ ᠂  ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ  ᠲᠥᠷᠥᠯ ᠵᠦᠢ᠍ᠯ᠎ᠤᠨ   ᠨᠢᠭᠡᠴᠢ ᠵᠢ ᠬᠠᠪᠰᠤᠷᠤᠨ ᠬᠠᠮᠢᠶ᠎ᠠ ᠪᠦᠬᠦᠢ ᠡᠷᠬᠡᠲᠦ ᠬᠥᠮᠥᠨ᠎ᠯᠦᠭᠡ ᠨᠥᠬᠥᠪᠦᠷᠢᠯᠡᠬᠦ ᠵᠥᠪᠯᠡᠯᠴᠡᠭᠡᠷ ᠲᠣᠭᠲᠠᠬᠤ ᠂  ᠣᠯᠠᠨ ᠨᠡᠶ᠋ᠢᠲᠡ ᠵᠢᠨ ᠪᠠᠢ᠌ᠴᠠᠭ᠋ᠠᠯᠲᠠ ᠵᠢᠨ ᠬᠦᠰᠦᠨᠦᠭᠲᠦ᠎ᠳᠤ ᠭᠠᠷ᠎ᠤᠨ ᠦᠰᠦᠭ ᠵᠢᠷᠤᠬᠤ ᠵᠡᠷᠭᠡ ᠠᠵᠢᠯ᠎ᠳᠤ  ᠬᠠᠷᠢᠭᠤᠴᠠᠬᠤ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ᠄ ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠴᠠᠬᠢᠯᠭ᠋ᠠᠨ᠎ᠤ ᠲᠣᠣᠷ᠎ᠤᠨ ᠠᠵᠤ ᠠᠬᠤᠢ᠌ᠯᠠᠯ ᠂  ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠠᠷᠪᠠᠨ ᠨᠢᠭᠡ ᠂  ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠲᠠᠢ ᠲᠥᠬᠥᠷᠵᠢᠭᠰᠡᠨ ᠰᠠᠭᠤᠷᠢ ᠪᠣᠯᠬᠤ ᠠᠵᠢᠯ᠎ᠢ  ᠰᠠᠢ᠌ᠲᠤᠷ ᠬᠢᠬᠦ ᠬᠡᠷᠡᠭᠲᠡᠢ

       ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠢ ᠠᠵᠢᠯ ᠡᠬᠢᠯᠡᠭᠦᠯᠬᠦ᠎ᠠᠴᠠ ᠡᠮᠦᠨ᠎ᠡ ᠂  ᠬᠣᠰᠢᠭᠤ ᠰᠢᠶᠠᠨ (  ᠬᠣᠲᠠ ᠂  ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠨᠢ  ᠲᠠᠲᠠᠪᠤᠷᠢᠯᠠᠨ ᠡᠵᠡᠯᠡᠬᠦ ᠭᠠᠵᠠᠷ ᠂  ᠭᠡᠷ ᠪᠠᠢ᠌ᠰᠢᠩ ᠨᠡᠭᠦᠯᠭᠡᠬᠦ ᠂  ᠨᠡᠭᠦᠯᠭᠡᠨ ᠲᠥᠪᠬᠢᠨᠡᠭᠦᠯᠬᠦ ᠂  ᠳᠠᠷᠢᠭᠰᠠᠨ ᠲᠠᠷᠢᠮᠠᠯ᠎ᠤᠨ ᠲᠥᠯᠥᠪᠦᠷᠢ ᠪᠠ ᠰᠠᠭ᠋ᠠᠳ ᠲᠣᠳᠬᠠᠷ᠎ᠢ ᠠᠷᠢᠯᠭ᠋ᠠᠨ ᠰᠢᠢ᠍ᠳᠪᠦᠷᠢᠯᠡᠬᠦ ᠵᠢᠴᠢ ᠢᠨᠵᠧᠨᠧᠷᠢᠩ᠎ᠯᠦᠭᠡ ᠬᠣᠯᠪᠣᠭᠳᠠᠬᠤ ᠵᠠᠮ ᠬᠠᠷᠢᠯᠴᠠᠭ᠎ᠠ ᠵᠠᠮ ᠱᠤᠭᠤᠮ ᠂  ᠤᠰᠤ ᠬᠠᠩᠭ᠋ᠠᠬᠤ ᠤᠰᠤ ᠵᠠᠯᠠᠬᠤ ᠵᠡᠷᠭᠡ ᠲᠥᠬᠥᠷ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠪᠡᠶᠡᠯᠡᠭᠦᠯᠵᠦ ᠂  ᠲᠥᠷᠥᠯ ᠵᠦᠢ᠍ᠯ᠎ᠤᠨ ᠮᠡᠷᠭᠡᠵᠢᠯ᠎ᠤᠨ ᠪᠤᠰᠤ ᠥᠪᠡᠷ᠎ᠤᠨ ᠥᠷᠲᠡᠭ᠎ᠢ ᠪᠠᠭᠤᠷᠠᠭᠤᠯᠬᠤ ᠬᠡᠷᠡᠭᠲᠡᠢ; ᠵᠠᠪᠳᠤᠨ ᠵᠠᠢ᠌ᠯᠠᠵᠤ ᠵᠠᠪᠳᠤᠨ ᠲᠠᠷᠢᠬᠤ ᠂  ᠪᠠᠷᠢᠯᠭ᠎ᠠ ᠪᠠᠷᠢᠬᠤ ᠵᠢ ᠬᠠᠷᠰᠢᠯᠠᠬᠤ ᠵᠡᠷᠭᠡ ᠭᠡᠨᠡᠳᠲᠡ ᠵᠢᠨ ᠬᠡᠷᠡᠭ᠎ᠢ ᠴᠠᠭ ᠲᠤᠬᠠᠢ᠎ᠳᠤ᠎ᠨᠢ  ᠰᠢᠢ᠍ᠳᠪᠦᠷᠢᠯᠡᠬᠦ ᠵᠢ   ᠬᠠᠷᠢᠭᠤᠴᠠᠬᠤ ᠬᠡᠷᠡᠭᠲᠡᠢ ᠃ (  ᠬᠠᠷᠢᠭᠤᠴᠠᠯᠭ᠋ᠠᠲᠤ ᠨᠢᠭᠡᠴᠢ᠄ ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ )

       ᠠᠷᠪᠠᠨ ᠬᠣᠶᠠᠷ ᠂  ᠲᠥᠷᠥᠯ ᠵᠦᠢ᠍ᠯ᠎ᠢ ᠠᠬᠢᠭᠤᠯᠬᠤ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ

       ᠡᠯ᠎ᠡ ᠠᠢ᠌ᠮᠠᠭ ᠬᠤᠲᠠ᠎ᠨᠢ  ᠰᠢᠨ᠎ᠡ ᠡᠨᠧᠷᠭᠢ ᠂  ᠴᠠᠬᠢᠯᠭ᠋ᠠᠨ ᠲᠣᠣᠷ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠠᠵᠢᠯ᠎ᠤᠨ ᠲᠣᠭᠲᠠᠴᠠ ᠵᠢ ᠪᠠᠢ᠌ᠭᠤᠯᠵᠤ ᠂  ᠠᠵᠢᠯ᠎ᠤᠨ ᠲᠤᠰᠬᠠᠢ ᠤᠳᠤᠷᠢᠳᠬᠤ ᠪᠠᠭ ᠪᠠᠢ᠌ᠭᠤᠯᠤᠨ ᠂  ᠲᠥᠷᠥᠯ ᠵᠦᠢ᠍ᠯ᠎ᠢ ᠨᠡᠢ᠌ᠯᠡᠭᠦᠯᠵᠦ ᠬᠢᠨᠠᠨ ᠵᠥᠪᠰᠢᠶᠡᠷᠡᠬᠦ ᠂  ᠳᠤᠲᠠᠭᠤ ᠵᠢ ᠭᠥᠯᠢᠶᠡᠨ ᠰᠢᠢ᠍ᠳᠪᠦᠷᠢᠯᠡᠬᠦ ᠂  ᠳᠠᠭ᠋ᠠᠭ᠋ᠠᠴᠠ ᠰᠦᠯᠵᠢᠶ᠎ᠡ ᠵᠢ ᠬᠠᠮᠵᠢᠯᠴᠠᠭᠤᠯᠬᠤ ᠵᠡᠷᠭᠡ ᠠᠬᠢᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂  ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠎ᠪᠠᠨ  ᠴᠢᠩᠭ᠋ᠠᠷᠠᠭᠤᠯᠬᠤ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

       ᠠᠷᠪᠠᠨ ᠭᠤᠷᠪᠠ ᠂  ᠲᠥᠷᠥᠯ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢ ᠬᠦᠴᠦᠯᠡᠨ ᠴᠢᠩᠭ᠋ᠠᠳᠬᠠᠬᠤ ᠬᠡᠷᠡᠭᠲᠡᠢ

        ᠲᠥᠷᠥᠯ ᠵᠦᠢ᠍ᠯ᠎ᠢ  ᠲᠥᠯᠦᠪᠵᠢᠭᠦᠯᠭᠡ᠎ᠳᠤ  ᠤᠷᠤᠭᠤᠯᠬᠤ ᠂  ᠬᠢᠨᠠᠨ ᠵᠥᠪᠰᠢᠶᠡᠷᠡᠬᠦ ᠂  ᠪᠦᠲᠦᠭᠡᠨ ᠪᠠᠶ᠋ᠢᠭᠤᠯᠬᠤ ᠂  ᠲᠣᠣᠷ᠎ᠲᠤ  ᠨᠡᠢ᠌ᠯᠡᠭᠦᠯᠬᠦ ᠂  ᠵᠠᠬ᠎ᠠ ᠳᠡᠯᠭᠡᠭᠦᠷ ᠵᠶ᠋ᠠᠷ ᠠᠷᠠᠯᠵᠢᠶᠠᠯᠠᠬᠤ ᠪᠥᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠵᠤ ᠂  ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠂  ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠨ᠎ᠠ ᠃  ᠰᠢᠨ᠎ᠡ ᠡᠨᠧᠷᠭᠢ ᠵᠢ ᠨᠡᠭᠡᠭᠡᠨ ᠬᠥᠭᠵᠢᠭᠦᠯᠵᠦ ᠪᠦᠲᠦᠭᠡᠨ ᠪᠠᠢ᠌ᠭᠤᠯᠵᠤ ᠬᠠᠮᠢᠶᠠᠷᠤᠯᠲᠠ ᠬᠢᠬᠦ ᠲᠠᠯ᠎ᠠ ᠵᠢᠨ ᠲᠦᠭᠰᠢᠭᠦᠷᠢ ᠵᠢ ᠰᠡᠷᠭᠡᠢ᠌ᠯᠡᠬᠦ ᠲᠣᠭᠲᠠᠴᠠ ᠵᠢ ᠪᠠᠢ᠌ᠭᠤᠯᠵᠤ ᠂  ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠨᠥᠬᠥᠴᠡᠯ ᠪᠦᠷᠢᠳᠦᠭᠡᠳᠦᠢ ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠴᠠᠭ ᠲᠤᠬᠠᠢ᠎ᠳᠤ᠎ᠨᠢ  ᠬᠦᠴᠦᠨ ᠦᠭᠡᠢ ᠪᠣᠯᠭ᠋ᠠᠵᠤ ᠂  ᠰᠢᠨ᠎ᠡ ᠡᠨᠧᠷᠭᠢ ᠵᠢ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠪᠠ ᠴᠢᠨᠠᠷ ᠰᠠᠢ᠌ᠲᠠᠢ ᠬᠥᠭᠵᠢᠬᠦ᠎ᠳᠤ  ᠡᠬᠢ ᠪᠠᠶᠠᠯᠢᠭ᠎ᠤᠨ ᠴᠢᠬᠤᠯᠠ ᠬᠦᠴᠦᠨ ᠵᠦᠢ᠍ᠯ᠎ᠤᠨ ᠲᠣᠬᠢᠷᠠᠭᠤᠯᠤᠯᠲᠠ ᠵᠢ ᠨᠠᠩ ᠰᠠᠢ᠌ᠲᠤᠷ ᠰᠢᠯᠢᠳᠡᠭᠵᠢᠭᠦᠯᠵᠦ ᠂  ᠨᠠᠩ ᠣᠯᠠᠨ ᠦᠨᠡᠨᠴᠢ ᠢᠲᠡᠭᠡᠮᠵᠢᠲᠡᠢ ᠂  ᠪᠣᠳᠠᠲᠤ ᠬᠦᠴᠦᠨ᠎ᠲᠠᠢ ᠠᠵᠤ ᠠᠬᠤᠢ᠌ᠯᠠᠯ᠎ᠳᠤ ᠵᠠᠬ᠎ᠠ ᠳᠡᠯᠭᠡᠭᠦᠷ᠎ᠤᠨ ᠣᠷᠣᠨ ᠵᠠᠢ ᠬᠠᠩᠭ᠋ᠠᠵᠤ ᠂  ᠰᠢᠨ᠎ᠡ ᠡᠨᠧᠷᠭᠢ ᠵᠢᠨ ᠠᠵᠤ ᠦᠢ᠍ᠯᠡᠰ ᠪᠠ ᠰᠢᠨ᠎ᠡ ᠡᠨᠧᠷᠭᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠬᠠᠮᠵᠢᠯᠴᠠᠨ ᠬᠥᠭᠵᠢᠬᠦ᠎ᠳᠤ ᠵᠠᠰᠠᠭ᠎ᠤᠨ ᠶᠠᠪᠤᠳᠠᠯ ᠪᠠ ᠵᠠᠬ᠎ᠠ ᠳᠡᠯᠭᠡᠭᠦᠷ᠎ᠤᠨ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠶ ᠪᠣᠯᠭ᠋ᠠᠵᠤ ᠥᠭᠭᠦᠨ᠎ᠡ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ )

                                                                              2024 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ

 

      (ᠲᠤᠰ ᠪᠢᠴᠢᠭ   ᠮᠠᠲᠸᠷᠢᠶᠠᠯ᠎ᠢ ᠢᠯᠡ ᠨᠡᠢ᠌ᠲᠡᠯᠡᠨ᠎ᠡ )

 

                   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

               2024 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ ᠳᠠᠷᠤᠮᠠᠯᠯᠠᠨ ᠲᠠᠷᠬᠠᠭ᠋ᠠᠪᠠ

     

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ