ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ 〔2023〕 10 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-07-04

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

                    ᠥᠪᠥᠷ ᠵᠠᠰᠠᠭ ᠠᠯᠪᠠᠨ ᠦᠰᠦᠭ 〔2024〕 13 ᠳ᠋ᠤᠭ᠋ᠠᠷ ᠲᠣᠭ᠋ᠠᠲᠤ

 

       ᠥᠪᠥᠷ ᠵᠠᠰᠠᠭ ᠠᠯᠪᠠᠨ ᠲᠠᠷᠬᠠᠭ᠋ᠠᠭᠰᠠᠨ 〔2023〕 10 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠬᠤ ᠲᠤᠬᠠᠢ ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ  ᠠᠯᠪᠠᠨ ᠲᠢᠩᠬᠢᠮ᠎ᠤᠨ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

       ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂ 《 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠢ᠌ᠯᠠᠯ (  ᠦᠬᠡᠷ ᠬᠣᠨᠢ ᠢᠮᠠᠭ᠎ᠠ )᠎ᠤᠨ ᠲᠤᠰᠠᠯᠠᠮᠵᠢ ᠵᠢᠨ ᠪᠠᠲᠤᠯᠠᠭ᠋ᠠᠲᠤ ᠵᠢᠭᠡᠯᠡᠯᠭᠡ ᠵᠢ ᠬᠥᠲᠥᠯᠥᠨ ᠵᠢᠯᠤᠭᠣᠳᠬᠤ ᠪᠡᠯᠡ ᠮᠥᠩᠭᠥᠨ᠎ᠤ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠥᠯ 〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ 》 (  ᠥᠪᠥᠷ ᠵᠠᠰᠠᠭ ᠠᠯᠪᠠᠨ ᠲᠠᠷᠬᠠᠭ᠋ᠠᠭᠰᠠᠨ 〔2023〕 10 ᠳ᠋ᠤᠭ᠋ᠠᠷ ᠲᠣᠭ᠋ᠠᠲᠤ )᠎ᠢ ᠬᠦᠴᠦᠨ ᠦᠭᠡᠢ ᠪᠣᠯᠭ᠋ᠠᠬᠤ᠎ᠪᠠᠷ ᠲᠣᠭᠲᠠᠪᠠ ᠂ ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ ᠃ ᠬᠣᠢ᠌ᠨᠠᠬᠢ ᠬᠣᠯᠪᠣᠭᠳᠠᠯ ᠪᠦᠬᠦᠢ ᠵᠦᠢ᠍ᠯᠡᠰ᠎ᠢ  ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ   ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃

                                 2024 ᠣᠨ᠎ᠤ 3 ᠳ᠋ᠤᠭ᠋ᠠᠷ ᠰᠠᠷ᠎ᠠ ᠵᠢᠨ 15᠎ᠤ ᠡᠳᠦᠷ

                                      (  ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ