ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 4 ᠳ᠋ᠦ᠍ᠭᠡᠷ ᠲᠣᠭ᠋ᠠᠲᠤ
ᠪᠡᠯᠡᠳᠭᠡᠮᠵᠢᠲᠦ ᠲᠠᠷᠢᠶᠠᠯᠠᠩ᠂ ᠪᠡᠯᠡᠳᠭᠡᠮᠵᠢᠲᠦ ᠮᠠᠯ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠪᠡᠯᠡᠳᠭᠡᠮᠵᠢᠳᠤ ᠲᠠᠷᠢᠶᠠᠯᠠᠩ᠎ᠤᠨ ᠬᠥᠭᠵᠢᠯᠲᠡ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ》᠂ 《ᠪᠡᠯᠡᠳᠭᠡᠮᠵᠢᠳᠤ ᠮᠠᠯ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2024 ᠣᠨ᠎ᠤ 2 ᠳ᠋ᠤᠭ᠋ᠠᠷ ᠰᠠᠷ᠎ᠠ ᠵᠢᠨ 7᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠪᠡᠯᠡᠳᠭᠡᠮᠵᠢᠳᠤ ᠲᠠᠷᠢᠶᠠᠯᠠᠩ᠎ᠤᠨ ᠬᠥᠭᠵᠢᠯᠲᠡ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ
ᠪᠥᠬᠦ ᠣᠷᠣᠨ᠎ᠤ ᠪᠡᠯᠡᠳᠭᠡᠮᠵᠢᠳᠤ ᠲᠠᠷᠢᠶᠠᠯᠠᠩ᠎ᠤᠨ ᠲᠠᠯᠠᠪᠠᠶ ᠬᠡᠪᠴᠢᠶ᠎ᠡ ᠪᠠᠭ᠎ᠠ᠂ ᠬᠠᠲᠠᠭᠤ ᠲᠤᠨᠤᠭ ᠪᠡᠯᠡᠳᠬᠡᠮᠵᠢ ᠠᠨᠠᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠪᠠᠭᠤᠷᠠᠢ᠂ ᠡᠵᠡᠩᠨᠡᠯᠲᠡ ᠵᠢᠨ ᠦᠷ᠎ᠡ ᠠᠰᠢᠭ ᠳᠣᠣᠷ᠎ᠠ ᠪᠠᠢ᠌ᠬᠤ ᠠᠰᠠᠭᠤᠳᠠᠯ᠎ᠢ ᠰᠢᠢ᠍ᠳᠪᠦᠷᠢᠯᠡᠵᠦ᠂ 2026 ᠣᠨ ᠪᠣᠯᠬᠤ᠎ᠳᠤ ᠪᠡᠯᠡᠳᠭᠡᠮᠵᠢᠳᠤ ᠲᠠᠷᠢᠶᠠᠯᠠᠩ᠎ᠤᠨ ᠲᠠᠯᠠᠪᠠᠶ ᠵᠢ ᠨᠡᠮᠡᠭᠳᠡᠭᠦᠯᠦᠭᠡᠳ 280 ᠲᠦᠮᠡ ᠮᠦ᠍᠎ᠠᠴᠠ ᠳᠡᠭᠡᠭᠰᠢ ᠪᠣᠯᠭ᠋ᠠᠬᠤ᠂ 2030 ᠣᠨ ᠪᠣᠯᠬᠤ᠎ᠳᠤ ᠣᠷᠣᠨ ᠪᠦᠰᠡ ᠵᠢᠨ ᠪᠠᠢ᠌ᠷᠢᠰᠢᠭᠤᠯᠤᠯᠲᠠ ᠨᠠᠩ ᠵᠣᠬᠢᠰᠲᠠᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠨᠤᠭ ᠲᠥᠬᠦᠭᠡᠷᠦᠮᠵᠢ ᠵᠢᠨ ᠨᠥᠬᠥᠴᠡᠯ ᠢᠯᠡᠳᠲᠡ ᠰᠠᠢ᠌ᠵᠢᠷᠠᠭᠰᠠᠨ᠂ ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ᠎ᠨᠢ ᠲᠠᠰᠤᠷᠠᠯᠲᠠ ᠦᠭᠡᠢ ᠴᠢᠩᠭ᠋ᠠᠷᠠᠭᠰᠠᠨ ᠣᠲᠣ ᠦᠶ᠎ᠡ ᠵᠢᠨ ᠪᠡᠯᠡᠳᠭᠡᠮᠵᠢᠳᠤ ᠲᠠᠷᠢᠶᠠᠯᠠᠩ᠎ᠤᠨ ᠰᠢᠨ᠎ᠡ ᠪᠠᠢ᠌ᠷᠢᠰᠢᠯ᠎ᠢ ᠴᠣᠭᠴᠠᠯᠠᠬᠤ ᠵᠢ ᠴᠢᠷᠮᠠᠢ᠌ᠨ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠳᠣᠣᠷᠠᠬᠢ ᠠᠷᠭ᠎ᠠ ᠬᠡᠮᠵᠢᠶ᠎ᠡ ᠵᠢ ᠲᠣᠭᠲᠠᠭ᠋ᠠᠪᠠ᠃
ᠨᠢᠭᠡ᠂ ᠪᠡᠯᠡᠳᠭᠡᠮᠵᠢᠳᠤ ᠲᠠᠷᠢᠶᠠᠯᠠᠩ᠎ᠢ ᠬᠡᠪᠵᠢᠶᠡᠵᠢᠭᠦᠯᠦᠨ ᠬᠥᠭᠵᠢᠭᠦᠯᠬᠦ ᠵᠢ ᠳᠡᠮᠵᠢᠨ᠎ᠡ
ᠬᠤᠲᠠ ᠵᠢᠨ ᠡᠷᠬᠢᠨ ᠲᠣᠭᠣᠷᠢᠨ᠎ᠤ 《ᠢᠳᠡᠰᠢᠨ ᠨᠣᠭᠣᠭ᠎ᠠ》 ᠵᠢᠨ ᠰᠠᠭᠤᠷᠢᠨ ᠭᠠᠵᠠᠷ ᠪᠠ ᠪᠡᠯᠡᠳᠭᠡᠮᠵᠢᠳᠤ ᠲᠠᠷᠢᠶᠠᠯᠠᠩ᠎ᠤᠨ ᠬᠥᠭᠵᠢᠯᠲᠡ ᠵᠢᠨ ᠳᠠᠪᠠᠭᠤᠯᠢᠭ ᠣᠷᠣᠨ᠎ᠳᠤ᠂ ᠤᠷᠢᠳ ᠵᠶ᠋ᠠᠷ ᠪᠠᠢ᠌ᠭᠤᠯᠵᠤ ᠳᠠᠷᠠᠭ᠎ᠠ᠎ᠳᠤ᠎ᠨᠢ ᠨᠥᠬᠥᠪᠦᠷᠢᠯᠡᠬᠦ ᠠᠷᠭ᠎ᠠ ᠮᠠᠶᠢᠭ ᠵᠶ᠋ᠠᠷ ᠬᠡᠪᠴᠢᠶᠡᠵᠢᠭᠦᠯᠦᠨ ᠬᠥᠭᠵᠢᠭᠦᠯᠬᠦ ᠵᠢ ᠳᠡᠮᠵᠢᠵᠦ᠂ ᠡᠩ᠎ᠤᠨ ᠨᠠᠷᠠᠨ ᠬᠦᠯᠡᠮᠵᠢ ᠵᠢ 500 ᠮᠦ᠍᠎ᠠᠴᠠ ᠳᠡᠭᠡᠭᠰᠢ᠂ ᠰᠦᠯᠢᠶᠥᠦ ᠬᠦᠢ᠍ᠲᠡᠨ ᠪᠦᠷᠭᠡ ᠵᠢ 1000 ᠮᠦ᠍᠎ᠠᠴᠠ ᠳᠡᠭᠡᠭᠰᠢ᠂ ᠲᠠᠩ ᠴᠣᠭᠴᠠᠲᠤ ᠣᠶᠤᠨᠴᠢ ᠬᠦᠯᠡᠮᠵᠢ ᠵᠢ 50 ᠮᠦ᠍᠎ᠠᠴᠠ ᠳᠡᠭᠡᠭᠰᠢ ᠰᠢᠨ᠎ᠡ᠎ᠪᠠᠷ ᠪᠠᠢ᠌ᠭᠤᠯᠬᠤ ᠵᠢᠴᠢ 1000 ᠮᠦ᠍᠎ᠠᠴᠠ ᠳᠡᠭᠡᠭᠰᠢ ᠡᠩ᠎ᠤᠨ ᠨᠠᠷᠠᠨ ᠬᠦᠯᠡᠮᠵᠢ ᠵᠢ ᠲᠥᠪᠯᠡᠷᠡᠭᠦᠯᠦᠨ ᠵᠠᠯᠭ᠋ᠠᠯᠳᠤᠭᠤᠯᠵᠤ ᠥᠭᠡᠷᠡᠴᠢᠯᠡᠨ ᠰᠢᠨᠡᠳᠬᠡᠵᠦ᠂ ᠰᠢᠨ᠎ᠡ᠎ᠪᠠᠷ ᠪᠠᠢ᠌ᠭᠤᠯᠬᠤ᠎ᠳᠤ ᠡᠩ᠎ᠤᠨ ᠨᠠᠷᠠᠨ ᠬᠦᠯᠡᠮᠵᠢ ᠮᠦ᠍ ᠪᠦᠷᠢ 20000 ᠲᠥᠭᠥᠷᠢᠭ᠂ ᠰᠦᠯᠢᠶᠥᠦ ᠬᠦᠢ᠍ᠲᠡᠨ ᠪᠦᠷᠭᠡ ᠮᠦ᠍ ᠪᠦᠷᠢ 2000 ᠲᠥᠭᠥᠷᠢᠭ᠂ ᠣᠶᠤᠨᠴᠢ ᠬᠦᠯᠡᠮᠵᠢ ᠲᠡᠭᠰᠢ ᠳᠥᠷᠪᠡᠯᠵᠢᠨ ᠮᠧᠲᠷ ᠪᠦᠷᠢ 100 ᠲᠥᠭᠥᠷᠢᠭ᠂ ᠥᠭᠡᠷᠡᠴᠢᠯᠡᠵᠦ ᠰᠢᠨᠡᠳᠬᠡᠨ ᠰᠠᠢ᠌ᠵᠢᠷᠠᠭᠤᠯᠬᠤ ᠡᠩ᠎ᠤᠨ ᠨᠡᠷᠡᠨ ᠬᠦᠯᠡᠮᠵᠢ ᠮᠦ᠍ ᠪᠦᠷᠢ 10000 ᠲᠥᠭᠥᠷᠢᠭ᠎ᠤᠨ ᠪᠠᠷᠢᠮᠵᠢᠶ᠎ᠠ ᠶᠣᠰᠣᠭ᠋ᠠᠷ ᠪᠦᠲᠦᠭᠡᠨ ᠪᠠᠢ᠌ᠭᠤᠯᠤᠯᠲᠠ ᠵᠢᠨ ᠭᠣᠣᠯ ᠴᠣᠭᠴᠠ᠎ᠳᠤ ᠨᠡᠮᠡᠭᠦᠷᠢ ᠣᠯᠭᠣᠨ᠎ᠠ᠃ ᠮᠢᠩᠭ᠋ᠠᠨ ᠮᠦ᠍᠎ᠠᠴᠠ ᠳᠡᠭᠡᠭᠰᠢ ᠰᠢᠨ᠎ᠡ᠎ᠪᠠᠷ ᠪᠠᠢ᠌ᠭᠤᠯᠤᠭᠰᠠᠨ ᠪᠤᠶᠤ ᠥᠷᠭᠡᠳᠬᠡᠨ ᠪᠠᠢ᠌ᠭᠤᠯᠤᠭᠰᠠᠨ ᠪᠥᠭᠡᠳ ᠲᠥᠪᠯᠡᠷᠡᠭᠦᠯᠦᠨ ᠵᠠᠯᠭ᠋ᠠᠯᠳᠤᠭᠤᠯᠤᠭᠰᠠᠨᠨᠢ ᠲᠦᠮᠡᠨ ᠮᠦ᠍᠎ᠠᠴᠠ ᠳᠡᠭᠡᠭᠰᠢ᠎ᠳᠤ ᠬᠦᠷᠦᠭᠰᠡᠨ ᠪᠡᠯᠡᠳᠬᠡᠮᠵᠢᠲᠦ ᠲᠠᠷᠢᠶᠠᠯᠠᠩ᠎ᠤᠨ ᠬᠦᠷᠢᠶᠡᠯᠡᠩ ᠲᠣᠭᠣᠷᠢᠭ᠎ᠤᠨ ᠪᠠᠢ᠌ᠭ᠎ᠠ ᠬᠣᠰᠢᠭᠤ ᠰᠢᠶᠠᠨ (ᠬᠤᠲᠠ᠂ ᠲᠣᠭᠣᠷᠢᠭ) ᠪᠦᠷᠢ᠎ᠳᠤ 500 ᠲᠦᠮᠡᠨ ᠲᠥᠭᠥᠷᠢᠭ ᠱᠠᠩᠨᠠᠵᠤ᠂ 2000 ᠮᠦ᠍ ᠨᠡᠮᠡᠭᠳᠡᠭᠦᠯᠬᠦ ᠪᠦᠷᠢ ᠳᠠᠬᠢᠵᠤ 100 ᠲᠦᠮᠡᠨ ᠲᠥᠭᠥᠷᠢᠭ ᠱᠠᠩᠨᠠᠵᠤ᠂ ᠬᠠᠮᠤᠭ᠎ᠤᠨ ᠥᠨᠳᠥᠷ᠎ᠲᠤ᠎ᠪᠠᠨ 1000 ᠲᠦᠮᠡᠨ ᠲᠥᠭᠥᠷᠢᠭ᠎ᠠᠴᠠ ᠳᠠᠪᠠᠭᠤᠯᠬᠤ ᠦᠭᠡᠢ ᠪᠠᠢ᠌ᠯᠭ᠋ᠠᠵᠤ᠂ ᠪᠥᠬᠦ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠵᠣᠷᠢᠭᠵᠢᠭᠤᠯᠤᠨ᠂ ᠱᠠᠩᠨᠠᠯ᠎ᠤᠨ ᠪᠡᠯᠡ ᠮᠥᠩᠭᠥ ᠵᠢ ᠬᠡᠪᠴᠢᠶ᠎ᠡ᠎ᠪᠠᠨ ᠥᠷᠭᠡᠳᠬᠡᠬᠦ ᠪᠠ ᠰᠠᠢ᠌ᠵᠢᠷᠠᠭᠤᠯᠤᠨ ᠥᠭᠡᠷᠡᠴᠢᠯᠡᠵᠦ ᠰᠢᠨᠡᠳᠬᠡᠬᠦ ᠵᠢᠴᠢ ᠦᠷ᠎ᠡ ᠴᠢᠬᠢ ᠨᠥᠬᠥᠵᠦ ᠪᠣᠢ᠌ᠵᠢᠭᠤᠯᠬᠤ᠂ ᠣᠶᠤᠨᠴᠢᠯᠠᠨ ᠡᠵᠡᠮᠳᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠥᠮᠥᠷᠭᠡᠯᠡᠨ ᠬᠠᠳᠠᠭ᠋ᠠᠯᠠᠬᠤ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ᠂ ᠲᠤᠰᠬᠠᠢ ᠵᠠᠬ᠎ᠠ ᠳᠡᠯᠭᠡᠭᠦᠷ ᠵᠡᠷᠭᠡ ᠠᠵᠤ ᠦᠢ᠍ᠯᠡᠰ᠎ᠤᠨ ᠬᠡᠯᠬᠢᠶ᠎ᠡ ᠵᠢᠨ ᠳᠤᠲᠠᠭᠤᠳᠠᠯ᠎ᠢ ᠨᠥᠬᠥᠪᠦᠷᠢᠯᠡᠬᠦ᠎ᠳᠤ ᠭᠣᠣᠯᠳᠠᠯᠭ᠎ᠠ᠎ᠲᠠᠢ ᠬᠡᠷᠡᠭᠯᠡᠵᠦ᠂ ᠢᠳᠡᠰᠢᠨ ᠨᠣᠭᠣᠭ᠎ᠠ ᠵᠢᠨ ᠬᠠᠩᠭ᠋ᠠᠯᠭ᠎ᠠ ᠵᠢᠨ ᠨᠣᠷᠮ᠎ᠠ ᠵᠢ ᠳᠡᠭᠡᠭᠰᠢᠯᠡᠭᠦᠯᠦᠨ᠎ᠡ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠮᠵᠢᠯᠴᠠᠨ᠎ᠠ]
ᠬᠣᠶᠠᠷ᠂ ᠲᠠᠷᠢᠶᠠᠯᠠᠩ᠎ᠤᠨ ᠪᠡᠯᠡᠳᠬᠡᠮᠵᠢ ᠵᠢᠨ ᠥᠮᠴᠢᠯᠡᠯ᠎ᠤᠨ ᠡᠷᠬᠡ ᠵᠢᠨ ᠪᠡᠯᠡ ᠲᠣᠬᠢᠷᠠᠭᠤᠯᠭ᠎ᠠ ᠵᠢᠨ ᠡᠷᠬᠡ ᠴᠢᠳᠠᠪᠬᠢ ᠵᠢ ᠳᠡᠭᠡᠭᠰᠢᠯᠡᠭᠦᠯᠦᠨ᠎ᠡ
ᠪᠥᠬᠦ ᠣᠷᠣᠨ᠎ᠤ ᠬᠡᠪᠴᠢᠶᠡᠨ᠎ᠳᠤ ᠲᠠᠷᠢᠶᠠᠯᠠᠩ᠎ᠤᠨ ᠪᠡᠯᠡᠳᠬᠡᠮᠵᠢ ᠵᠢᠨ ᠡᠷᠬᠡ ᠵᠢ ᠨᠤᠲᠠᠯᠠᠨ ᠳᠡᠩᠰᠡᠯᠡᠵᠦ ᠦᠨᠡᠮᠯᠡᠯ ᠣᠯᠭᠣᠬᠤ ᠵᠢ ᠬᠡᠷᠡᠭᠵᠢᠭᠦᠯᠵᠦ᠂ ᠦᠨᠡᠮᠯᠡᠯ ᠣᠯᠭᠣᠬᠤ ᠵᠢᠨ ᠣᠨᠣᠪᠴᠢ ᠵᠢᠨ ᠬᠡᠮᠵᠢᠶ᠎ᠡ ᠪᠠ ᠬᠠᠮᠤᠷᠬᠤ ᠬᠡᠪᠴᠢᠶ᠎ᠡ ᠵᠢ ᠳᠡᠭᠡᠭᠰᠢᠯᠡᠭᠦᠯᠦᠨ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ᠎ᠬᠢᠨ᠎ᠤ ᠲᠠᠷᠢᠶᠠᠯᠠᠩ᠎ᠤᠨ ᠪᠡᠯᠡᠳᠬᠡᠮᠵᠢ ᠵᠢᠨ ᠪᠣᠳᠠᠰ᠎ᠤᠨ ᠡᠷᠬᠡ ᠵᠢᠨ ᠦᠨᠡᠮᠯᠡᠯ᠂ ᠡᠵᠡᠩᠨᠡᠯᠲᠡ ᠵᠢᠨ ᠡᠷᠬᠡ ᠵᠢᠨ ᠦᠨᠡᠮᠯᠡᠯ ᠵᠡᠷᠭᠡ ᠵᠢᠨ ᠪᠠᠷᠢᠴᠠᠭ᠋ᠠᠲᠤ ᠵᠢᠭᠡᠯᠡᠯᠭᠡ ᠵᠢ ᠰᠢᠨ᠎ᠡ ᠡᠭᠦᠳᠦᠯᠲᠡ᠎ᠲᠠᠢ᠎ᠪᠠᠷ ᠥᠷᠨᠢᠭᠦᠯᠬᠦ ᠵᠢ ᠠᠬᠢᠭᠤᠯᠤᠨ᠎ᠠ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠵᠢᠯᠴᠠᠨ᠎ᠠ]
ᠭᠤᠷᠪᠠ᠂ ᠮᠥᠩᠭᠥᠨ ᠭᠦᠢ᠍ᠯᠭᠡᠭᠡᠨ᠎ᠤ ᠳᠡᠮᠵᠢᠯᠭᠡ᠎ᠳᠤ ᠰᠢᠨ᠎ᠡ ᠵᠢ ᠡᠭᠦᠳᠦᠨ᠎ᠡ
ᠨᠥᠬᠥᠴᠡᠯ᠎ᠳᠤ ᠨᠡᠢ᠌ᠴᠡᠬᠦ ᠣᠲᠣ ᠦᠶ᠎ᠡ ᠵᠢᠨ ᠪᠡᠯᠡᠳᠭᠡᠮᠵᠢᠳᠤ ᠲᠠᠷᠢᠶᠠᠯᠠᠩ᠎ᠤᠨ ᠲᠥᠷᠥᠯ ᠵᠦᠢ᠍ᠯ᠎ᠤᠨ ᠵᠢᠭᠡᠯᠡᠯᠭᠡ᠎ᠳᠤ ᠳᠡᠮ ᠬᠦᠦ ᠮᠥᠩᠭᠥ ᠵᠢᠨ ᠳᠡᠮᠵᠢᠯᠭᠡ ᠵᠢ ᠬᠡᠷᠡᠭᠵᠢᠭᠦᠯᠵᠦ᠂ ᠨᠢᠭᠡᠨᠲᠡ ᠪᠠᠢ᠌ᠭ᠎ᠠ ᠳᠠᠮ ᠬᠦᠦ ᠮᠥᠩᠭᠥ ᠵᠢᠨ ᠲᠥᠷᠥ ᠵᠢᠨ ᠪᠣᠳᠣᠯᠭ᠎ᠠ ᠵᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠳᠠᠬᠢᠵᠤ 10% - 20% ᠵᠢᠨ ᠳᠠᠮ ᠬᠦᠦ ᠥᠭᠴᠦ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠠᠴᠠ ᠥᠭᠬᠦ ᠳᠠᠮ ᠬᠦᠦ ᠮᠥᠩᠭᠥ ᠵᠢ ᠨᠡᠢ᠌ᠯᠡᠭᠦᠯᠦᠭᠡᠳ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠨᠡᠢ᠌ᠲᠡᠯᠡᠭᠰᠡᠨ ᠠᠳᠠᠯᠢ ᠬᠤᠭᠤᠴᠠᠭ᠋ᠠᠨ᠎ᠤ ᠠᠳᠠᠯᠢ ᠲᠠᠰ᠎ᠤᠨ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠥᠨ᠎ᠤ ᠨᠣᠷᠮ᠎ᠠ (LPR) ᠵᠢᠨ 90%᠎ᠠᠴᠠ ᠥᠨᠳᠥᠷ ᠪᠠᠢ᠌ᠯᠭ᠋ᠠᠬᠤ ᠦᠭᠡᠢ ᠮᠥᠷᠲᠡᠭᠡᠨ ᠵᠢᠭᠡᠯᠡᠯᠭᠡ ᠵᠢᠨ ᠬᠦᠦ ᠵᠢᠨ ᠨᠤᠷᠮ᠎ᠠ ᠵᠢᠨ 3%᠎ᠠᠴᠠ ᠳᠠᠪᠠᠭᠤᠯᠬᠤ ᠦᠭᠡᠢ (ᠪᠣᠳᠠᠲᠠᠢ ᠬᠦᠦ ᠮᠥᠩᠭᠥᠨ᠎ᠤ ᠨᠣᠷᠮ᠎ᠠ᠎ᠨᠢ LPR᠎ᠠᠴᠠ ᠳᠣᠣᠷ᠎ᠠ ᠪᠠᠢ᠌ᠬᠤ ᠵᠢ᠎ᠨᠢ ᠪᠣᠳᠠᠲᠠᠢ ᠬᠦᠦ ᠮᠥᠩᠭᠥᠨ᠎ᠤ ᠨᠤᠷᠮ᠎ᠠ᠎ᠪᠠᠷ᠎ᠨᠢ ᠪᠤᠳᠤᠨ᠎ᠠ) ᠪᠠᠢ᠌ᠯᠭ᠋ᠠᠨ᠎ᠠ᠃ ᠪᠡᠯᠡᠳᠭᠡᠮᠵᠢᠲᠦ ᠲᠠᠷᠢᠶᠠᠯᠠᠩ᠎ᠤᠨ ᠵᠢᠭᠡᠯᠡᠯᠭᠡ ᠵᠢᠨ ᠳᠠᠭ᠋ᠠᠭ᠋ᠠᠯᠲᠠ ᠵᠢᠨ ᠵᠠᠷᠤᠳᠠᠯ᠎ᠤᠨ ᠨᠣᠷᠮ᠎ᠠ ᠵᠢ 1%᠎ᠠᠴᠠ ᠥᠨᠳᠥᠷ ᠪᠠᠢ᠌ᠯᠭ᠋ᠠᠬᠤ ᠦᠭᠡᠢ᠃ ᠪᠡᠯᠡᠳᠭᠡᠮᠵᠢᠳᠤ ᠲᠠᠷᠢᠶᠠᠯᠠᠩ᠎ᠤᠨ ᠳᠠᠭ᠋ᠠᠳᠬᠠᠯ᠎ᠳᠤ ᠣᠷᠣᠯᠴᠠᠬᠤ ᠬᠡᠪᠴᠢᠶ᠎ᠡ ᠵᠢ ᠥᠷᠭᠡᠳᠬᠡᠵᠦ᠂ ᠨᠥᠬᠥᠴᠡᠯ ᠪᠦᠷᠢᠳᠦᠭᠦᠯᠦᠭᠰᠡᠨ ᠭᠠᠵᠠᠷ ᠣᠷᠣᠨ᠎ᠳᠤ ᠳᠠᠭ᠋ᠠᠳᠬᠠᠯ᠎ᠤᠨ ᠨᠡᠢ᠌ᠳᠡᠮ ᠬᠠᠮᠤᠷᠤᠯᠲᠠ ᠵᠢ ᠬᠡᠷᠡᠭᠵᠢᠭᠦᠯᠬᠦ ᠵᠢ ᠵᠣᠷᠢᠭᠵᠢᠭᠤᠯᠵᠤ᠂ ᠢᠯᠭ᠋ᠠᠪᠤᠷᠢᠯᠠᠨ ᠨᠡᠮᠡᠭᠦᠷᠢ ᠣᠯᠭᠣᠬᠤ ᠲᠥᠷᠥ ᠵᠢᠨ ᠪᠣᠳᠣᠯᠭ᠎ᠠ ᠵᠢ ᠨᠡᠢ᠌ᠲᠡᠯᠡᠨ᠎ᠡ᠃ [ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠵᠢᠯᠴᠠᠨ᠎ᠠ]
ᠳᠥᠷᠪᠡ᠂ ᠪᠡᠯᠡᠳᠭᠡᠮᠵᠢᠳᠤ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ᠎ᠪᠠᠨ ᠴᠢᠩᠭ᠋ᠠᠳᠬᠠᠨ᠎ᠠ
ᠪᠡᠯᠡᠳᠭᠡᠮᠵᠢᠳᠤ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢ᠍ᠯ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠵᠠᠭᠪᠤᠷ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠣᠷᠴᠢᠨ ᠲᠣᠭᠣᠷᠢᠨ᠎ᠤ ᠣᠶᠤᠨᠴᠢ ᠬᠠᠮᠢᠶᠠᠷᠤᠯᠲᠠ᠂ ᠭᠣᠪᠢ ᠵᠢᠨ ᠪᠡᠯᠡᠳᠭᠡᠮᠵᠢᠲᠦ ᠲᠠᠷᠢᠶᠠᠯᠠᠩ᠂ ᠬᠠᠭᠤᠴᠢᠨ ᠬᠦᠯᠡᠮᠵᠢ ᠵᠢ ᠥᠭᠡᠷᠡᠴᠢᠯᠡᠨ ᠰᠢᠨᠡᠳᠬᠡᠵᠦ ᠰᠠᠢ᠌ᠵᠢᠷᠠᠭᠤᠯᠬᠤ ᠵᠡᠷᠭᠡ ᠰᠢᠨ᠎ᠡ ᠵᠠᠭᠪᠤᠷ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ᠎ᠢ ᠰᠤᠳᠤᠯᠤᠨ ᠰᠢᠨ᠎ᠡ ᠵᠢ ᠡᠭᠦᠳᠬᠦ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ ᠠᠵᠢᠯ᠎ᠢ ᠥᠷᠨᠢᠭᠦᠯᠦᠨ᠎ᠡ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠢᠭᠡᠴᠢ ᠪᠤᠶᠤ ᠠᠵᠤ ᠠᠬᠤᠢ᠌ᠯᠠᠯ᠎ᠳᠤ ᠲᠦᠰᠢᠭᠯᠡᠨ ᠪᠡᠯᠡᠳᠭᠡᠮᠵᠢᠳᠤ ᠲᠠᠷᠢᠶᠠᠯᠠᠩ᠎ᠤᠨ ᠰᠤᠳᠤᠯᠤᠯ᠎ᠤᠨ ᠬᠦᠷᠢᠶᠡᠯᠡᠩ᠎ᠢ ᠪᠠᠢ᠌ᠭᠤᠯᠵᠤ᠂ ᠣᠷᠣᠨ᠎ᠤ ᠳᠣᠲᠣᠷ᠎ᠠ ᠭᠠᠳᠠᠨᠠᠬᠢ ᠪᠡᠯᠡᠳᠭᠡᠮᠵᠢᠳᠤ ᠲᠠᠷᠢᠶᠠᠯᠠᠩ᠎ᠤᠨ ᠬᠦᠷᠢᠶᠡᠨ᠎ᠳᠠᠬᠢ ᠳᠡᠭᠡᠳᠦ ᠲᠠᠰ ᠳᠠᠪᠬᠤᠷᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠪᠡᠯᠡᠳᠭᠡᠮᠵᠢᠳᠤ ᠲᠠᠷᠢᠶᠠᠯᠠᠩ᠎ᠤᠨ ᠲᠠᠯ᠎ᠠ᠎ᠪᠠᠷ᠎ᠬᠢ ᠨᠤᠲᠤᠭ ᠣᠷᠣᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ᠎ᠤᠨ ᠮᠧᠬᠠᠨᠢᠭᠵᠢᠭᠤᠯᠬᠤ᠎ᠳᠤ ᠲᠣᠬᠢᠷᠠᠮᠵᠢᠲᠠᠢ ᠪᠣᠯᠭ᠋ᠠᠬᠤ ᠲᠠᠯ᠎ᠠ᠎ᠳᠠᠬᠢ ᠳᠤᠲᠠᠭᠤᠳᠠᠯ ᠪᠠ ᠪᠠᠭᠤᠷᠠᠢ ᠲᠠᠯ᠎ᠠ᠎ᠳᠤ ᠴᠢᠭᠯᠡᠭᠦᠯᠦᠨ᠂ ᠨᠠᠩ ᠣᠯᠠᠨ ᠪᠡᠯᠡᠳᠭᠡᠮᠵᠢᠳᠤ ᠲᠠᠷᠢᠶᠠᠯᠠᠩ᠎ᠤᠨ ᠮᠧᠬᠠᠨᠢᠭᠵᠢᠭᠤᠯᠤᠭᠰᠠᠨ ᠲᠣᠨᠤᠭ ᠲᠥᠬᠦᠭᠡᠷᠦᠮᠵᠢ ᠵᠢ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠡᠮᠡᠭᠦᠷᠢ ᠵᠢᠨ ᠬᠡᠪᠴᠢᠶᠡᠨ᠎ᠳᠤ ᠣᠷᠣᠭᠤᠯᠤᠨ᠎ᠠ᠃ ᠢᠳᠡᠰᠢᠨ ᠨᠣᠭᠣᠭ᠎ᠠ᠂ ᠭᠤᠸ᠎ᠠ ᠵᠢᠮᠢᠰ ᠵᠡᠷᠭᠡ ᠵᠢᠨ ᠰᠢᠨ᠎ᠡ ᠡᠭᠦᠯᠳᠡᠷ᠎ᠢ ᠡᠮᠦᠨ᠎ᠡ ᠣᠷᠣᠨ᠎ᠳᠤ ᠦᠷᠡᠵᠢᠭᠦᠯᠵᠦ ᠰᠣᠩᠭᠣᠨ ᠪᠣᠢ᠌ᠵᠢᠭᠤᠯᠬᠤ᠎ᠲᠠᠢ ᠬᠠᠮᠢᠶᠠᠳᠤᠭᠰᠠᠨ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠨ᠎ᠡ᠃ [ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠬᠠᠮᠵᠢᠯᠴᠠᠨ᠎ᠠ]
ᠲᠠᠪᠤ᠂ ᠬᠦᠷᠢᠶᠡᠨ ᠠᠵᠤ ᠠᠬᠤᠢ ᠵᠢ ᠶᠡᠬᠡ᠎ᠪᠠᠷ ᠬᠥᠭᠵᠢᠭᠦᠯᠦᠨ᠎ᠡ
ᠲᠠᠷᠢᠶᠠᠴᠢᠳ᠎ᠤᠨ ᠭᠡᠷ ᠪᠠᠢ᠌ᠰᠢᠩ᠎ᠤᠨ ᠵᠶ᠋ᠠᠨ ᠡᠮᠦᠨ᠎ᠡ ᠠᠷᠤ ᠵᠡᠷᠭᠡ᠎ᠳᠤ ᠰᠤᠯᠠ ᠲᠠᠯᠪᠢᠭᠳᠠᠵᠤ ᠪᠠᠢ᠌ᠭ᠎ᠠ ᠬᠦᠷᠢᠶ᠎ᠡ ᠬᠠᠰᠢᠶᠠᠨ᠎ᠤ ᠣᠷᠣᠨ ᠵᠠᠢ᠎ᠪᠠᠨ ᠠᠰᠢᠭᠯᠠᠨ᠂ ᠪᠡᠯᠡᠳᠬᠡᠮᠵᠢᠲᠦ ᠲᠠᠷᠢᠮᠠᠯ ᠵᠢᠴᠢ ᠪᠡᠯᠡᠳᠭᠡᠮᠵᠢᠭᠦᠯᠵᠦ ᠲᠥᠪᠯᠡᠷᠡᠭᠦᠯᠦᠭᠰᠡᠨ ᠭᠡᠷ ᠪᠦᠯᠢ ᠵᠢᠨ ᠦᠢ᠍ᠯᠡᠳᠪᠦᠷᠢ᠂ ᠭᠠᠷ ᠦᠢ᠍ᠯᠡᠳᠬᠡᠯ᠎ᠤᠨ ᠭᠠᠵᠠᠷ᠂ ᠣᠨᠴᠠᠯᠢᠭᠲᠤ ᠰᠣᠶᠣᠯ ᠡᠭᠦᠳᠦᠯᠲᠡ ᠵᠢᠨ ᠪᠦᠲᠦᠭᠡᠭᠳᠡᠬᠦᠨ᠎ᠤ ᠬᠦᠷᠢᠶᠡᠯᠡᠩ᠎ᠢ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ ᠬᠥᠭᠵᠢᠭᠦᠯᠬᠦ ᠵᠢ᠎ᠨᠢ ᠵᠣᠷᠢᠭᠵᠢᠭᠤᠯᠤᠨ᠎ᠠ᠃ ᠪᠥᠬᠦ ᠣᠷᠣᠨ᠎ᠳᠤ ᠵᠡᠭᠦᠨ᠂ ᠳᠤᠮᠳᠠ᠂ ᠪᠠᠷᠠᠭᠤᠨ ᠬᠡᠰᠡᠭ᠎ᠤᠨ ᠣᠷᠣᠨ ᠲᠠᠷᠬᠠᠯᠲᠠ᠎ᠪᠠᠷ᠂ ᠪᠦᠬᠦ ᠲᠣᠰᠬᠤᠨ ᠵᠶ᠋ᠠᠷ ᠵᠶ᠋ᠠᠨ ᠬᠦᠷᠢᠶᠡᠨ ᠠᠵᠤ ᠠᠬᠤᠢ ᠵᠢ ᠬᠥᠭᠵᠢᠭᠦᠯᠦᠭᠰᠡᠨ ᠵᠢᠱ᠌ᠢᠶ᠎ᠡ ᠦᠵᠡᠭᠦᠯᠬᠦ ᠲᠤᠰᠬᠤᠨ᠎ᠢ ᠵᠢᠯ ᠪᠦᠷᠢ 150 ᠰᠢᠯᠢᠳᠡᠭᠴᠢᠯᠡᠨ ᠰᠣᠩᠭᠣᠵᠤ᠂ ᠪᠦᠬᠦ ᠲᠣᠰᠬᠤᠨ ᠪᠤᠶᠤ ᠪᠦᠬᠦ ᠰᠢᠶᠠᠩ ᠵᠶ᠋ᠠᠷ ᠨᠢᠭᠡᠴᠢ ᠪᠣᠯᠭ᠋ᠠᠵᠤ ᠲᠥᠷᠥᠯ ᠵᠦᠢ᠍ᠯ᠎ᠤᠨ ᠬᠠᠮᠢᠶᠠᠷᠤᠯᠲᠠ ᠶᠣᠰᠣᠭ᠋ᠠᠷ ᠲᠡᠳᠬᠦᠨ ᠳᠡᠮᠵᠢᠬᠦ ᠪᠡᠯᠡ ᠮᠥᠩᠭᠥ ᠭᠤᠶᠤᠴᠢᠯᠠᠨ ᠮᠡᠳᠡᠭᠦᠯᠵᠦ᠂ ᠣᠨᠴᠠᠯᠢᠭᠲᠤ ᠲᠠᠷᠢᠮᠠᠯ᠂ ᠰᠡᠯᠡᠭᠦᠴᠡᠯ ᠵᠤᠭ᠋ᠠᠴᠠᠯ᠂ ᠡᠯᠧᠺᠲᠷᠣᠨ ᠬᠤᠳᠠᠯᠳᠤᠭ᠋ᠠᠨ᠎ᠤ ᠦᠢ᠍ᠯᠡᠴᠢᠯᠡᠭᠡ᠂ ᠦᠢ᠍ᠯᠡᠳᠪᠦᠷᠢᠯᠡᠯ ᠠᠮᠢᠳᠤᠷᠠᠯ᠎ᠤᠨ ᠦᠢ᠍ᠯᠡᠴᠢᠯᠡᠭᠡ ᠵᠡᠷᠭᠡ ᠣᠯᠠᠨ ᠲᠥᠷᠥᠯ ᠬᠡᠯᠪᠡᠷᠢ ᠵᠢᠨ ᠬᠦᠷᠢᠶᠡᠨ ᠠᠵᠤ ᠠᠬᠤᠢ ᠵᠢ ᠳᠡᠮᠵᠢᠨ ᠬᠥᠭᠵᠢᠭᠦᠯᠦᠨ᠎ᠡ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠎ᠠᠴᠠ ᠬᠠᠷᠢᠭᠤᠴᠠᠨ᠎ᠠ]
ᠵᠢᠷᠭᠤᠭ᠎ᠠ᠂ ᠪᠡᠯᠡᠳᠭᠡᠮᠵᠢᠳᠤ ᠲᠠᠷᠢᠶᠠᠯᠠᠩ᠎ᠤᠨ ᠣᠯᠠᠨ ᠡᠰᠢᠵᠢᠭᠰᠡᠨ ᠬᠥᠭᠵᠢᠯᠲᠡ ᠵᠢ ᠠᠬᠢᠭᠤᠯᠤᠨ᠎ᠠ
ᠪᠣᠬᠢᠷᠲᠤᠯ ᠦᠭᠡᠢ ᠬᠡᠷᠡᠭᠯᠡᠭᠡ᠂ ᠡᠷᠡᠭᠦᠯ ᠮᠡᠨᠳᠦ ᠵᠢᠨ ᠬᠡᠷᠡᠭᠯᠡᠭᠡ ᠵᠢᠨ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠴᠢᠭᠯᠡᠭᠦᠯᠦᠨ᠂ ᠣᠷᠣᠨ ᠪᠦᠰᠡ ᠵᠢᠨ ᠪᠡᠯᠡᠳᠬᠡᠮᠵᠢ ᠵᠢᠨ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠵᠦ᠂ ᠪᠡᠯᠡᠳᠬᠡᠮᠵᠢᠲᠦ ᠴᠡᠴᠡᠭ ᠡᠪᠡᠰᠦ᠂ ᠭᠤᠸ᠎ᠠ ᠵᠢᠮᠢᠰ᠂ ᠡᠮ᠎ᠤᠨ ᠮᠠᠲ᠋ᠧᠷᠢᠶᠠᠯ᠂ ᠵᠤᠯᠵᠠᠭ᠎ᠠ ᠮᠣᠳᠣ᠂ ᠢᠳᠡᠰᠢᠨ ᠮᠥᠭᠦ ᠵᠡᠷᠭᠡ ᠥᠨᠳᠥᠷ ᠨᠡᠮᠡᠯᠲᠡ ᠥᠷᠲᠡᠭ ᠪᠦᠬᠦᠢ ᠣᠨᠴᠠᠯᠢᠭᠲᠤ ᠠᠵᠤ ᠦᠢ᠍ᠯᠡᠰ᠎ᠢ ᠵᠣᠷᠢᠭᠵᠢᠭᠤᠯᠤᠨ ᠬᠥᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠥᠨᠳᠥᠷ ᠪᠦᠲᠦᠮᠵᠢᠲᠡᠶ ᠲᠠᠷᠢᠵᠤ ᠤᠷᠭᠤᠭᠤᠯᠬᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠨᠢᠭᠡᠳᠦᠯᠲᠡᠢ ᠰᠡᠷᠭᠡᠢ᠌ᠯᠡᠨ ᠨᠢᠭᠡᠳᠦᠯᠲᠡᠢ ᠵᠠᠰᠠᠬᠤ ᠵᠡᠷᠭᠡ ᠪᠠᠷᠢᠮᠵᠢᠶᠠᠵᠢᠭᠤᠯᠤᠭᠰᠠᠨ ᠪᠥᠭᠡᠳ ᠨᠡᠢ᠌ᠭᠡᠮᠴᠢᠯᠡᠭᠰᠡᠨ ᠦᠢ᠍ᠯᠡᠴᠢᠯᠡᠭᠡ ᠬᠠᠩᠭ᠋ᠠᠬᠤ ᠵᠢ᠎ᠨᠢ ᠵᠣᠷᠢᠭᠵᠢᠭᠤᠯᠤᠨ᠎ᠠ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠮᠵᠢᠯᠴᠠᠨ᠎ᠠ]
ᠳᠣᠯᠤᠭ᠎ᠠ᠂ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠎ᠠ
ᠭᠠᠵᠠᠷ ᠰᠢᠷᠣᠢ ᠵᠢ ᠲᠥᠯᠥᠪᠦᠷᠢᠲᠡᠢ ᠰᠢᠯᠵᠢᠭᠦᠯᠦᠭᠰᠡᠨ ᠣᠷᠣᠯᠭ᠎ᠠ ᠵᠢᠨ ᠪᠡᠯᠡ ᠮᠥᠩᠭᠥ᠂ ᠭᠠᠵᠠᠷ ᠰᠢᠷᠣᠢ ᠵᠢᠨ ᠭᠦᠢ᠍ᠴᠡᠳᠬᠡᠯ ᠲᠣᠭ᠎ᠠ ᠵᠢᠨ ᠠᠷᠠᠯᠵᠢᠶᠠᠨ᠎ᠤ ᠣᠷᠣᠯᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠣᠭᠤᠯᠤᠯᠲᠠ ᠵᠢᠨ ᠪᠡᠯᠡ ᠮᠥᠩᠭᠥ ᠵᠡᠷᠭᠡ᠎ᠪᠠᠷ ᠪᠡᠯᠡᠳᠭᠡᠮᠵᠢᠳᠤ ᠲᠠᠷᠢᠶᠠᠯᠠᠩ᠎ᠤᠨ ᠲᠥᠷᠥᠯ ᠵᠦᠢ᠍ᠯ᠎ᠢ ᠤᠷᠢᠳ ᠵᠶ᠋ᠠᠷ ᠳᠡᠮᠵᠢᠨ᠎ᠡ᠃ ᠨᠥᠬᠥᠴᠡᠯ᠎ᠲᠠᠢ ᠪᠠᠢ᠌ᠭ᠎ᠠ ᠭᠣᠪᠢ᠂ ᠴᠦᠯ᠂ ᠬᠤᠵᠢᠷᠯᠢᠭ ᠠᠲᠠᠷ ᠭᠠᠵᠠᠷ ᠵᠡᠷᠭᠡ ᠣᠷᠣᠨ ᠪᠦᠰᠡ᠎ᠳᠤ ᠪᠡᠯᠡᠳᠭᠡᠮᠵᠢᠳᠤ ᠲᠠᠷᠢᠶᠠᠯᠠᠩ᠎ᠢ ᠬᠥᠭᠵᠢᠭᠦᠯᠬᠦ ᠵᠢ ᠳᠡᠮᠵᠢᠨ᠎ᠡ᠃ 《ᠤᠰᠤ᠎ᠪᠠᠷ ᠭᠠᠵᠠᠷ᠎ᠢ ᠲᠣᠭᠲᠠᠭ᠋ᠠᠬᠤ》 ᠤᠷᠢᠲᠠᠯ ᠳᠣᠣᠷ᠎ᠠ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠤᠰᠤ ᠵᠢ ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠯᠡᠬᠦ ᠴᠠᠬᠢᠯᠭ᠋ᠠᠨ᠎ᠳᠤ ᠲᠠᠷᠢᠶᠠᠯᠠᠩ᠎ᠳᠤ ᠬᠡᠷᠡᠭᠯᠡᠬᠦ ᠴᠠᠬᠢᠯᠭ᠋ᠠᠨ᠎ᠤ ᠲᠦᠷᠦ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ᠎ᠤᠨ ᠪᠣᠬᠢᠷᠲᠤᠯ ᠦᠭᠡᠢ ᠡᠷᠭᠢᠯᠳᠦᠨ ᠬᠥᠭᠵᠢᠬᠦ ᠵᠢ ᠳᠡᠮᠵᠢᠵᠦ᠂ ᠭᠡᠷᠡᠯᠴᠢ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠵᠢ ᠠᠰᠢᠭᠯᠠᠨ ᠳᠤᠯᠠᠭ᠋ᠠᠯᠠᠨ ᠬᠡᠷᠡᠯᠲᠦᠭᠦᠯᠬᠦ᠂ ᠭᠠᠵᠠᠷ᠎ᠤᠨ ᠢᠯᠴᠢ ᠪᠠ ᠠᠵᠤ ᠦᠢ᠍ᠯᠡᠳᠪᠦᠷᠢ ᠵᠢᠨ ᠬᠠᠶᠠᠭᠳᠠᠮᠠᠯ ᠢᠯᠴᠢ᠂ ᠬᠠᠶᠠᠭᠳᠠᠮᠠᠯ ᠬᠡᠢ (ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ) ᠵᠡᠷᠭᠡ ᠵᠢ ᠭᠦᠢ᠍ᠴᠡᠳ ᠠᠰᠢᠭᠯᠠᠨ ᠪᠡᠯᠡᠳᠭᠡᠮᠵᠢᠳᠤ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠳᠠᠬᠢᠨᠲᠠ ᠠᠰᠢᠭᠯᠠᠬᠤ ᠵᠢ ᠵᠣᠷᠢᠭᠵᠢᠭᠤᠯᠤᠨ᠎ᠠ᠃ [ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ]
ᠡᠯ᠎ᠡ ᠭᠠᠵᠠᠷ ᠣᠷᠣᠨ᠎ᠨᠢ 《ᠢᠳᠡᠰᠢᠨ ᠨᠣᠭᠣᠭ᠎ᠠ》 ᠵᠢᠨ ᠬᠤᠳᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠪᠡᠯᠡᠳᠭᠡᠮᠵᠢᠳᠤ ᠲᠠᠷᠢᠶᠠᠯᠠᠩ᠎ᠢ ᠢᠳᠡᠪᠬᠢᠲᠡᠢ᠎ᠪᠠᠷ ᠬᠥᠭᠵᠢᠭᠦᠯᠦᠨ᠂ ᠲᠣᠰ ᠠᠷᠭ᠎ᠠ ᠬᠡᠮᠵᠢᠶ᠎ᠡ᠎ᠳᠤ ᠬᠣᠯᠪᠣᠭᠳᠠᠭᠰᠠᠨ ᠲᠤᠰᠬᠠᠢ ᠳᠡᠮᠵᠢᠯᠭᠡ ᠵᠢᠨ ᠪᠡᠯᠡ ᠮᠥᠩᠭᠥ ᠵᠢ ᠴᠥᠮ 《ᠤᠷᠢᠳ ᠵᠶ᠋ᠠᠷ ᠪᠠᠢ᠌ᠭᠤᠯᠵᠤ ᠳᠠᠷᠠᠭ᠎ᠠ᠎ᠳᠤ᠎ᠨᠢ ᠨᠥᠬᠥᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠢ᠌ᠳᠠᠯ᠎ᠢ᠎ᠨᠢ ᠦᠨᠳᠦᠰᠦᠯᠡᠨ ᠨᠡᠮᠡᠭᠦᠷᠢ ᠣᠯᠭᠣᠬᠤ᠂ ᠳᠠᠷᠠᠭ᠋ᠠᠯᠠᠨ ᠬᠡᠷᠡᠭᠵᠢᠭᠦᠯᠬᠦ》 ᠠᠷᠭ᠎ᠠ ᠮᠠᠶᠢᠭ ᠵᠶ᠋ᠠᠷ ᠰᠠᠯᠭ᠋ᠠᠨ ᠥᠭᠴᠦ᠂ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠎ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭ᠋ᠠᠵᠤ᠂ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭ᠋ᠠᠯᠠᠯ᠂ ᠪᠦᠲᠦᠭᠡᠨ ᠪᠠᠶ᠋ᠢᠭᠤᠯᠬᠤ ᠠᠭᠤᠯᠭ᠎ᠠ᠂ ᠰᠢᠯᠭ᠋ᠠᠨ ᠬᠢᠨᠠᠵᠤ ᠰᠢᠯᠭ᠋ᠠᠨ ᠬᠤᠷᠢᠶᠠᠬᠤ ᠵᠡᠷᠭᠡ ᠵᠢ ᠲᠣᠳᠣᠷᠬᠠᠢ᠌ᠯᠠᠬᠤ ᠬᠡᠷᠡᠭᠲᠡᠢ᠃
ᠪᠡᠯᠡᠳᠬᠡᠮᠵᠢᠲᠦ ᠮᠠᠯ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ
ᠪᠦᠬᠦ ᠣᠷᠣᠨ᠎ᠤ ᠪᠡᠯᠡᠳᠬᠡᠮᠵᠢᠲᠦ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠠᠷᠭ᠎ᠠ ᠮᠠᠶᠢᠭ ᠪᠦᠳᠦᠭᠦᠯᠢᠭ᠂ ᠪᠣᠷᠳᠣᠭᠰᠠᠨ ᠬᠤᠪᠢ ᠵᠢᠨ ᠵᠢᠩ ᠬᠠᠷᠢᠴᠠᠩᠭᠤᠢ ᠳᠣᠣᠷ᠎ᠠ᠂ ᠡᠵᠡᠩᠨᠡᠯᠲᠡ ᠵᠢᠨ ᠦᠷ᠎ᠡ ᠠᠰᠢᠭ ᠥᠨᠳᠥᠷ ᠪᠤᠰᠤ ᠪᠠᠢ᠌ᠬᠤ ᠠᠰᠠᠭᠤᠳᠠᠯ᠎ᠢ ᠰᠢᠢ᠍ᠳᠪᠦᠷᠢᠯᠡᠵᠦ᠂ 2026 ᠣᠨ ᠪᠣᠯᠬᠤ᠎ᠳᠤ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠦᠭᠰᠡᠨ ᠬᠡᠪᠴᠢᠶᠡᠵᠢᠯ᠎ᠤᠨ ᠨᠣᠷᠮ᠎ᠠ ᠵᠢ 78%᠎ᠠᠴᠠ ᠳᠡᠭᠡᠭᠰᠢ᠎ᠳᠤ ᠬᠦᠷᠦᠭᠦᠯᠦᠨ᠂ ᠣᠳᠣ ᠦᠶ᠎ᠡ ᠵᠢᠨ ᠪᠡᠯᠡᠳᠬᠡᠮᠵᠢᠲᠦ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠦᠷ᠎ᠡ ᠪᠦᠲᠦᠮᠵᠢ᠂ ᠭᠠᠷᠤᠯᠲᠠ ᠵᠢᠨ ᠶᠠᠰᠤ ᠴᠢᠨᠠᠷ ᠪᠠ ᠳᠠᠢ᠌ᠴᠢᠯᠠᠬᠤ ᠦᠢ᠍ᠯᠡᠳᠦᠯ᠎ᠤᠨ ᠢᠯᠡᠷᠬᠡᠢ ᠳᠡᠭᠡᠭᠰᠢᠯᠡᠬᠦ ᠵᠢ ᠴᠢᠷᠮᠠᠢ᠌ᠨ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠳᠣᠣᠷᠠᠬᠢ ᠠᠷᠭ᠎ᠠ ᠬᠡᠮᠵᠢᠶ᠎ᠡ ᠵᠢ ᠲᠣᠭᠲᠠᠭ᠋ᠠᠪᠠ᠃
ᠨᠢᠭᠡ᠂ ᠪᠡᠯᠡᠳᠭᠡᠮᠵᠢᠳᠤ ᠮᠠᠯ ᠠᠵᠤ ᠠᠬᠤᠢ ᠵᠢᠨ ᠶᠠᠰᠤ ᠴᠢᠨᠠᠷ ᠦᠷ᠎ᠡ ᠠᠰᠢᠭ᠎ᠤᠨ ᠳᠡᠭᠡᠭᠰᠢᠯᠡᠯᠲᠡ ᠵᠢ ᠠᠬᠢᠭᠤᠯᠤᠨ᠎ᠠ
ᠬᠠᠰᠢᠶᠠᠯᠠᠨ ᠲᠡᠵᠢᠭᠡᠬᠦ ᠵᠢ ᠶᠡᠬᠡ᠎ᠪᠠᠷ ᠠᠬᠢᠭᠤᠯᠵᠤ᠂ ᠵᠢᠯ᠎ᠳᠤ ᠪᠣᠳᠠᠲᠠᠢ ᠲᠡᠵᠢᠭᠡᠯ᠎ᠠᠴᠠ ᠭᠠᠷᠭ᠋ᠠᠭᠰᠠᠨ ᠪᠣᠷᠳᠣᠭᠰᠠᠨ ᠠᠯᠠᠰᠢᠨ ᠦᠬᠡᠷ 500 ᠲᠣᠯᠣᠭ᠋ᠠᠢ ᠪᠤᠶᠤ ᠠᠯᠠᠰᠢᠨ ᠬᠣᠨᠢ 3000 ᠲᠣᠯᠣᠭ᠋ᠠᠢ᠎ᠠᠴᠠ ᠳᠡᠭᠡᠭᠰᠢᠬᠢ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠣᠷᠢᠭ ᠪᠣᠯᠬᠤ ᠮᠥᠷᠲᠡᠭᠡᠨ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠨᠢᠲᠤᠯᠤᠭᠰᠠᠨ ᠪᠥᠭᠡᠳ ᠭᠠᠷᠤᠯᠲᠠ ᠵᠢᠨ ᠣᠷᠣᠨ᠎ᠤ ᠬᠢᠵᠢᠭ ᠪᠠᠢ᠌ᠴᠠᠭ᠋ᠠᠭᠰᠠᠨ ᠭᠡᠷᠡᠴᠢ᠎ᠲᠠᠢ ᠪᠠᠢ᠌ᠪᠠᠯ᠂ ᠲᠡᠵᠢᠭᠡᠯ᠎ᠠᠴᠠ ᠭᠠᠷᠭ᠋ᠠᠭᠰᠠᠨ ᠠᠯᠠᠰᠢᠨ ᠦᠬᠡᠷ᠎ᠤᠨ ᠲᠣᠯᠣᠭ᠋ᠠᠢ ᠪᠦᠷᠢ᠎ᠳᠤ 300 ᠲᠥᠭᠥᠷᠢᠭ᠂ ᠠᠯᠠᠰᠢᠨ ᠬᠣᠨᠢ ᠵᠢᠨ ᠲᠣᠯᠣᠭ᠋ᠠᠢ ᠪᠦᠷᠢ᠎ᠳᠤ 60 ᠲᠥᠭᠥᠷᠢᠭ ᠵᠶ᠋ᠠᠷ ᠱᠠᠩᠨᠠᠨ᠎ᠠ᠃ ᠱᠠᠩᠨᠠᠯ᠎ᠤᠨ ᠪᠡᠯᠡ ᠮᠥᠩᠭᠥ ᠵᠢ ᠭᠣᠣᠯᠳᠠᠭᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠂ ᠰᠢᠭᠡᠭ ᠰᠠᠩᠭ᠋ᠠᠰᠤ ᠰᠢᠢ᠍ᠳᠪᠦᠷᠢᠯᠡᠬᠦ ᠪᠡᠯᠡᠳᠬᠡᠮᠵᠢ ᠵᠢ ᠢᠵᠢ ᠪᠦᠷᠢᠳᠦᠭᠦᠯᠬᠦ ᠵᠢᠴᠢ ᠤᠳᠤ ᠦᠶ᠎ᠡ ᠵᠢᠨ ᠲᠡᠵᠢᠭᠡᠨ ᠦᠷᠡᠵᠢᠭᠦᠯᠬᠦ ᠪᠡᠯᠡᠳᠬᠡᠮᠵᠢ ᠲᠥᠬᠦᠭᠡᠷᠦᠮᠵᠢ ᠵᠢ ᠲᠡᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ᠎ᠳᠤ ᠵᠠᠷᠤᠴᠠᠭᠤᠯᠵᠤ᠂ ᠦᠬᠡᠷ ᠬᠣᠨᠢ ᠪᠣᠷᠳᠣᠬᠤ ᠵᠢᠨ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠣᠶᠤᠨᠴᠢᠯᠠᠭᠰᠠᠨ ᠲᠦᠪᠰᠢᠨ᠎ᠢ ᠳᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠵᠣᠬᠢᠬᠤ ᠬᠡᠪᠴᠢᠶ᠎ᠡ᠎ᠪᠠᠷ ᠦᠬᠡᠷ ᠬᠣᠨᠢ᠎ᠪᠠᠨ ᠪᠣᠷᠳᠣᠬᠤ ᠵᠢ᠎ᠨᠢ ᠬᠥᠭᠵᠢᠭᠦᠯᠦᠨ᠎ᠡ᠃ ᠲᠠᠬᠢᠶ᠎ᠠ᠂ ᠨᠤᠭᠤᠰᠤ᠂ ᠭᠠᠯᠠᠭᠤ ᠵᠢᠨ ᠬᠡᠪᠴᠢᠶᠡᠵᠢᠭᠦᠯᠦᠭᠰᠡᠨ ᠥᠨᠳᠥᠷ ᠦᠷ᠎ᠡ ᠠᠰᠢᠭ᠎ᠲᠤ ᠪᠡᠯᠡᠳᠭᠡᠮᠵᠢᠲᠦ ᠲᠡᠵᠢᠭᠡᠨ ᠦᠷᠡᠵᠢᠭᠦᠯᠬᠦ ᠲᠠᠯᠠᠪᠠᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠨ᠎ᠡ᠃ ᠠᠳᠤᠭᠤ᠂ ᠡᠯᠵᠢᠭᠡ᠂ ᠲᠡᠮᠡᠭᠡ᠂ ᠪᠤᠭᠤ᠂ ᠲᠡᠮᠡᠭᠡᠨ ᠬᠢᠷᠭᠤᠤᠯ ᠵᠡᠷᠭᠡ ᠣᠨᠴᠠᠯᠢᠭᠲᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠵᠢ ᠵᠣᠷᠢᠭᠵᠢᠭᠤᠯᠬᠤ ᠪᠠ ᠬᠥᠲᠥᠯᠥᠨ ᠵᠢᠯᠤᠭᠣᠳᠴᠤ᠂ ᠣᠨᠴᠠᠯᠢᠭᠲᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠬᠡᠯᠬᠢᠶ᠎ᠡ ᠵᠢ ᠤᠷᠲᠤᠳᠬᠠᠨ᠎ᠠ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠮᠵᠢᠯᠴᠠᠨ᠎ᠠ]
ᠬᠣᠶᠠᠷ᠂ ᠲᠡᠵᠢᠭᠡᠯ ᠡᠪᠡᠰᠦᠨ᠎ᠤ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠦᠨ᠎ᠡ
ᠠᠵᠤ ᠠᠬᠤᠢ᠌ᠯᠠᠯ᠎ᠤᠨ ᠣᠳᠣ ᠦᠶ᠎ᠡ ᠵᠢᠨ ᠲᠡᠵᠢᠭᠡᠯ ᠡᠪᠡᠰᠦᠨ᠎ᠤ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠪᠠᠶ᠋ᠢᠭᠤᠯᠬᠤ ᠵᠢ ᠳᠡᠮᠵᠢᠵᠦ᠂ ᠴᠠᠷᠭ᠋ᠠᠰᠤ᠂ ᠬᠢᠶᠠᠭ᠂ ᠨᠣᠬᠠᠢ ᠵᠢᠨ ᠬᠣᠰᠢᠭᠤ ᠵᠡᠷᠭᠡ ᠲᠡᠵᠢᠭᠡᠯ ᠡᠪᠡᠰᠦᠨ᠎ᠤ ᠲᠠᠷᠢᠮᠠᠯ᠎ᠤᠨ ᠰᠢᠯᠭ᠋ᠠᠨ ᠬᠤᠷᠢᠶᠠᠬᠤ ᠪᠠᠷᠢᠮᠵᠢᠶ᠎ᠠ᠎ᠳᠤ ᠬᠦᠷᠦᠭᠰᠡᠨ ᠪᠠᠢ᠌ᠪᠠᠯ᠂ ᠣᠲᠣ ᠵᠢᠨ ᠪᠠᠢ᠌ᠭ᠎ᠠ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠱᠠᠩᠨᠠᠨ ᠬᠥᠬᠢᠭᠦᠯᠵᠦ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠲᠡᠵᠢᠭᠡᠯ ᠡᠪᠡᠰᠦ ᠳᠠᠷᠢᠬᠤ ᠲᠠᠯᠠᠪᠠᠶ ᠵᠢ ᠥᠷᠭᠡᠳᠬᠡᠨ᠂ ᠣᠯᠠᠨ ᠶᠠᠩᠵᠤ ᠵᠢᠨ ᠲᠡᠵᠢᠭᠡᠯ ᠡᠪᠡᠰᠦ ᠪᠣᠷᠳᠣᠭ᠋ᠠᠨ᠎ᠤ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠲᠡᠵᠢᠭᠡᠯ ᠡᠪᠡᠰᠦ ᠬᠣᠷᠢᠶᠠᠨ ᠬᠠᠳᠠᠭ᠋ᠠᠯᠠᠵᠤ ᠡᠳ᠋ᠰᠢᠭᠦᠯᠬᠦ ᠪᠡᠯᠡᠳᠬᠡᠮᠵᠢ ᠲᠣᠨᠤᠭ ᠲᠥᠬᠦᠭᠡᠷᠦᠮᠵᠢ ᠵᠢ ᠰᠠᠢ᠌ᠵᠢᠷᠠᠭᠤᠯᠤᠨ᠂ ᠡᠪᠡᠰᠦᠨ ᠦᠷ᠎ᠡ ᠪᠣᠢ᠌ᠵᠢᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠎ᠠᠴᠠ ᠬᠠᠷᠢᠭᠤᠴᠠᠨ᠎ᠠ]
ᠭᠤᠷᠪᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠨᠤᠭ ᠲᠥᠬᠦᠭᠡᠷᠦᠮᠵᠢ ᠵᠢᠨ ᠢᠵᠢ ᠪᠦᠷᠢᠳᠦᠭᠦᠯᠬᠦ ᠴᠢᠳᠠᠪᠤᠷᠢ ᠵᠢ ᠴᠢᠩᠭ᠋ᠠᠷᠠᠭᠤᠯᠤᠨ᠎ᠠ
ᠪᠡᠯᠡᠳᠭᠡᠮᠵᠢᠳᠤ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢ᠍ᠯ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠡᠵᠢᠭᠡᠯ ᠡᠪᠡᠰᠦ ᠪᠣᠷᠳᠣᠭ᠎ᠠ᠂ ᠰᠠᠢ᠌ᠨ ᠡᠭᠦᠯᠳᠡᠷ ᠦᠷᠡᠵᠢᠭᠦᠯᠦᠨ ᠪᠣᠢ᠌ᠵᠢᠭᠤᠯᠬᠤ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠂ ᠬᠢᠵᠢᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠵᠡᠷᠭᠡ ᠬᠦᠷᠢᠶ᠎ᠡ ᠴᠠᠷᠠᠭ᠋ᠠᠨ᠎ᠳᠠᠬᠢ ᠰᠤᠳᠤᠯᠤᠯ ᠰᠢᠨ᠎ᠡ ᠡᠭᠦᠳᠦᠯᠲᠡ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ ᠠᠵᠢᠯ᠎ᠢ ᠥᠷᠨᠢᠭᠦᠯᠦᠨ᠎ᠡ᠃ ᠨᠥᠬᠥᠴᠡᠯ᠎ᠳᠤ ᠨᠡᠢ᠌ᠴᠡᠬᠦ ᠬᠣᠰᠢᠭᠤ ᠰᠢᠶᠠᠨ (ᠬᠣᠲᠠ᠂ ᠲᠣᠭᠣᠷᠢᠭ)᠎ᠤ ᠲᠠᠷᠢᠶᠠᠴᠢᠨ ᠮᠠᠯᠴᠢᠳ ᠪᠣᠯᠣᠨ ᠦᠢ᠍ᠯᠡᠳᠪᠦᠷᠢᠯᠡᠯ ᠡᠵᠡᠩᠨᠡᠯᠲᠡ ᠵᠢᠨ ᠵᠣᠬᠢᠶᠠᠨ ᠪᠠᠢ᠌ᠭᠤᠯᠤᠯᠲᠠ ᠵᠢᠨ ᠬᠤᠳᠠᠯᠳᠤᠨ ᠠᠪᠤᠭᠰᠠᠨ ᠲᠠᠷᠮᠠᠭᠤᠷ᠂ ᠪᠦᠷᠢᠨ ᠬᠣᠯᠢᠮᠠᠭ ᠡᠳᠦᠷ᠎ᠲᠤ ᠠᠮᠤ ᠬᠦᠨᠡᠰᠦ ᠦᠢ᠍ᠯᠡᠳᠬᠦ ᠮᠠᠰᠢᠨ᠂ ᠢᠯᠭ᠋ᠠᠳᠠᠰᠤ ᠴᠡᠪᠡᠷᠯᠡᠬᠦ ᠮᠠᠰᠢᠨ ᠵᠡᠷᠭᠡ 16 ᠲᠠᠸᠠᠷ᠎ᠤᠨ ᠲᠦᠷᠦᠯ᠎ᠳᠤ᠂ ᠲᠥᠪ᠎ᠤᠨ ᠡᠳ᠋᠎ᠤᠨ ᠵᠠᠰᠠᠭ᠎ᠤᠨ ᠲᠣᠭᠲᠠᠭᠰᠠᠨ ᠨᠣᠷᠮᠠᠲᠤ ᠨᠡᠮᠡᠭᠦᠷᠢ ᠵᠢᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠪᠡᠯᠡ ᠮᠥᠩᠭᠥ ᠵᠢ ᠬᠡᠷᠡᠭᠯᠡᠨ ᠨᠡᠮᠡᠵᠦ ᠨᠥᠬᠥᠪᠦᠷᠢᠯᠡᠨ᠎ᠡ᠂ ᠨᠡᠮᠡᠭᠦᠷᠢ ᠥᠭᠬᠦ ᠲᠣᠭ᠎ᠠ ᠵᠢ ᠲᠥᠪ᠎ᠤᠨ ᠡᠳ᠋᠎ᠤᠨ ᠵᠠᠰᠠᠭ᠎ᠤᠨ ᠲᠣᠭᠲᠠᠭᠰᠠᠨ ᠨᠣᠷᠮᠠᠲᠤ ᠨᠡᠮᠡᠭᠦᠷᠢ ᠵᠢᠨ 1/3᠎ᠠᠴᠠ ᠳᠠᠪᠠᠭᠤᠯᠬᠤ ᠦᠭᠡᠢ᠃ ᠲᠥᠪ᠎ᠤᠨ ᠡᠳ᠋᠎ᠤᠨ ᠵᠠᠰᠠᠭ᠎ᠤᠨ ᠨᠡᠮᠡᠭᠦᠷᠢ ᠥᠭᠬᠦ ᠬᠡᠪᠴᠢᠶᠡᠨ᠎ᠳᠤ ᠵᠢᠭᠰᠠᠭ᠋ᠠᠨ ᠣᠷᠣᠭᠤᠯᠤᠭ᠋ᠠᠳᠤᠢ᠂ ᠲᠠᠷᠢᠶᠠᠴᠢᠨ ᠮᠠᠯᠴᠢᠳ᠎ᠤᠨ ᠦᠢ᠍ᠯᠡᠳᠪᠦᠷᠢᠯᠡᠯ᠎ᠳᠤ ᠪᠠᠴᠢᠮ ᠬᠡᠷᠡᠭᠰᠡᠬᠦ ᠮᠠᠯ ᠠᠵᠤ ᠠᠬᠤᠢ ᠵᠢᠨ ᠮᠧᠬᠠᠨᠢᠭ᠎ᠢ ᠪᠣᠯ ᠥᠪᠡᠷᠲᠡᠭᠡᠨ ᠵᠠᠰᠠᠬᠤ ᠣᠷᠣᠨ᠎ᠤ ᠲᠣᠳᠣᠷᠬᠠᠢ᠌ᠯᠠᠭᠰᠠᠨ ᠮᠠᠰᠢᠨ ᠪᠠᠭ᠋ᠠᠵᠢ ᠵᠢᠨ ᠬᠡᠪᠴᠢᠶᠡᠨ ᠳᠣᠲᠣᠷ᠎ᠠ᠂ ᠳᠡᠭᠡᠷ᠎ᠡ ᠵᠢᠯ᠎ᠤᠨ ᠪᠣᠷᠣᠯᠠᠭᠤᠯᠤᠨ ᠬᠤᠳᠠᠯᠳᠤᠭᠰᠠᠨ ᠳᠤᠮᠳᠠᠴᠢ ᠦᠨ᠎ᠡ ᠬᠠᠩᠰᠢ ᠵᠢᠨ 30%᠎ᠠᠴᠠ ᠥᠨᠳᠥᠷ ᠪᠠᠢ᠌ᠯᠭ᠋ᠠᠬᠤ ᠦᠭᠡᠢ ᠬᠠᠷᠢᠴᠠᠯ ᠵᠶ᠋ᠠᠷ ᠲᠥᠰᠥᠭᠡᠯᠡᠨ ᠪᠣᠳᠣᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠪᠡᠯᠡ ᠮᠥᠩᠭᠥ ᠵᠢ ᠬᠡᠷᠡᠭᠯᠡᠨ ᠲᠣᠭᠲᠠᠭᠰᠠᠨ ᠨᠤᠷᠮ᠎ᠠ᠎ᠪᠠᠷ ᠨᠥᠬᠥᠪᠦᠷᠢᠯᠡᠨ᠎ᠡ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠬᠠᠮᠵᠢᠯᠴᠠᠨ᠎ᠠ]
ᠳᠥᠷᠪᠡ᠂ ᠮᠥᠩᠭᠥᠨ ᠭᠦᠢ᠍ᠯᠭᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠳᠤ ᠰᠢᠨ᠎ᠡ ᠵᠢ ᠡᠭᠦᠳᠦᠨ᠎ᠡ
ᠨᠥᠬᠥᠴᠡᠯ᠎ᠳᠤ ᠨᠡᠢ᠌ᠴᠡᠬᠦ ᠣᠲᠣ ᠦᠶ᠎ᠡ ᠵᠢᠨ ᠪᠡᠯᠡᠳᠭᠡᠮᠵᠢᠳᠤ ᠮᠠᠯ ᠠᠵᠤ ᠠᠬᠤᠢ ᠵᠢᠨ ᠲᠥᠷᠥᠯ ᠵᠦᠢ᠍ᠯ᠎ᠤᠨ ᠵᠢᠭᠡᠯᠡᠯᠭᠡ᠎ᠳᠤ ᠳᠠᠮ ᠬᠦᠦ ᠮᠥᠩᠭᠥ ᠵᠢᠨ ᠳᠡᠮᠵᠢᠯᠭᠡ ᠵᠢ ᠬᠡᠷᠡᠭᠵᠢᠭᠦᠯᠵᠦ᠂ ᠨᠢᠭᠡᠨᠲᠡ ᠪᠠᠢ᠌ᠭ᠎ᠠ ᠳᠠᠮ ᠬᠦᠦ ᠮᠥᠩᠭᠥ ᠵᠢᠨ ᠲᠥᠷᠥ ᠵᠢᠨ ᠪᠣᠳᠣᠯᠭ᠎ᠠ ᠵᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠳ᠋᠎ᠤᠨ ᠵᠠᠰᠠᠭ ᠳᠠᠬᠢᠵᠤ 10% - 20% ᠵᠢᠨ ᠳᠠᠮ ᠬᠦᠦ ᠥᠭᠴᠦ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠠᠴᠠ ᠥᠭᠬᠦ ᠳᠠᠮ ᠬᠦᠦ ᠮᠥᠩᠭᠥ ᠵᠢ ᠨᠡᠢ᠌ᠯᠡᠭᠦᠯᠦᠭᠡᠳ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠨᠡᠢ᠌ᠲᠡᠯᠡᠭᠰᠡᠨ ᠠᠳᠠᠯᠢ ᠬᠤᠭᠤᠴᠠᠭ᠋ᠠᠨ᠎ᠤ ᠠᠳᠠᠯᠢ ᠲᠠᠰ᠎ᠤᠨ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠥᠨ᠎ᠤ ᠨᠣᠷᠮ᠎ᠠ (LPR) ᠵᠢᠨ 90%᠎ᠠᠴᠠ ᠥᠨᠳᠥᠷ ᠪᠠᠢ᠌ᠯᠭ᠋ᠠᠬᠤ ᠦᠭᠡᠢ ᠮᠥᠷᠲᠡᠭᠡᠨ ᠵᠢᠭᠡᠯᠡᠯᠭᠡ ᠵᠢᠨ ᠬᠦᠦ ᠮᠥᠩᠭᠥ ᠵᠢᠨ ᠨᠤᠷᠮ᠎ᠠ ᠵᠢᠨ 3%᠎ᠠᠴᠠ ᠳᠠᠪᠠᠭᠤᠯᠬᠤ ᠦᠭᠡᠢ (ᠪᠣᠳᠠᠲᠠᠢ ᠬᠦᠦ ᠮᠥᠩᠭᠥᠨ᠎ᠤ ᠨᠣᠷᠮ᠎ᠠ᠎ᠨᠢ LPR᠎ᠠᠴᠠ ᠳᠣᠣᠷ᠎ᠠ ᠪᠠᠢ᠌ᠪᠠᠯ ᠪᠣᠳᠠᠲᠠᠢ ᠬᠦᠦ ᠮᠥᠩᠭᠥᠨ᠎ᠤ ᠨᠤᠷᠮ᠎ᠠ᠎ᠪᠠᠷ ᠪᠤᠳᠤᠨ᠎ᠠ) ᠪᠠᠢ᠌ᠯᠭ᠋ᠠᠨ᠎ᠠ᠃ ᠮᠥᠩᠭᠥᠨ ᠭᠦᠢ᠍ᠯᠭᠡᠭᠡᠨ ᠵᠶ᠋ᠠᠷ ᠠᠯᠠᠰᠢᠨ ᠦᠬᠡᠷ᠎ᠤᠨ ᠠᠵᠤ ᠦᠢ᠍ᠯᠡᠰ᠎ᠢ ᠳᠡᠮᠵᠢᠬᠦ ᠬᠠᠮᠵᠢᠯᠴᠠᠭ᠋ᠠᠨ᠎ᠤ ᠲᠣᠭᠲᠠᠴᠠ ᠵᠢ ᠪᠠᠢ᠌ᠭᠤᠯᠵᠤ᠂ ᠪᠠᠲᠤᠯᠠᠭ᠎ᠠ ᠵᠢᠨ ᠳᠠᠭ᠋ᠠᠭ᠋ᠠᠯᠲᠠ᠂ ᠳᠠᠭ᠋ᠠᠳᠬᠠᠯ᠎ᠤᠨ ᠪᠠᠲᠤᠯᠠᠭ᠎ᠠ᠂ ᠪᠠᠩᠬᠢ ᠵᠢᠨ ᠢᠲᠡᠭᠡᠮᠵᠢᠲᠦ ᠵᠢᠭᠡᠯᠡᠯᠭᠡ ᠵᠢᠨ ᠬᠣᠯᠪᠤᠭ᠋ᠠᠯᠠᠨ ᠬᠥᠳᠡᠯᠦᠯᠴᠡᠬᠦ ᠵᠠᠭᠪᠤᠷ᠎ᠢ ᠪᠠᠢ᠌ᠭᠤᠯᠵᠤ᠂ ᠠᠮᠢᠲᠠᠨ ᠵᠶ᠋ᠠᠷ ᠪᠠᠷᠢᠴᠠᠭ᠎ᠠ ᠪᠣᠯᠭ᠋ᠠᠭᠰᠠᠨ ᠵᠢᠭᠡᠯᠡᠯᠭᠡ ᠵᠢᠨ ᠲᠤᠬᠠᠢ᠌ᠯᠠᠭᠰᠠᠨ ᠠᠵᠢᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠪᠡᠯᠡᠳᠬᠡᠮᠵᠢᠲᠦ ᠮᠠᠯ ᠠᠵᠤ ᠠᠬᠤᠢ ᠵᠢᠨ ᠵᠢᠭᠡᠯᠡᠯᠭᠡ ᠵᠢᠨ ᠳᠠᠭ᠋ᠠᠭ᠋ᠠᠯᠲᠠ ᠵᠢᠨ ᠵᠠᠷᠤᠳᠠᠯ᠎ᠤᠨ ᠨᠣᠷᠮ᠎ᠠ ᠵᠢ 1%᠎ᠠᠴᠠ ᠥᠨᠳᠥᠷ ᠪᠠᠢ᠌ᠯᠭ᠋ᠠᠵᠤ ᠪᠣᠯᠬᠤ ᠦᠭᠡᠢ᠃ ᠠᠯᠠᠰᠢᠨ ᠦᠬᠡᠷ ᠠᠯᠠᠰᠢᠨ ᠬᠤᠨᠢᠨ᠎ᠤ ᠣᠷᠣᠨ ᠨᠤᠲᠤᠭ᠎ᠤᠨ ᠳᠠᠪᠠᠭᠤᠯᠢᠭ ᠣᠨᠴᠠᠯᠢᠭᠲᠤ ᠳᠠᠭ᠋ᠠᠳᠬᠠᠯ᠎ᠢ ᠠᠯᠠᠰᠢᠨ ᠦᠬᠡᠷ᠂ ᠠᠯᠠᠰᠢᠨ ᠬᠣᠨᠢ ᠵᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠡᠰᠢ ᠬᠡᠯᠪᠡᠢ᠌ᠯᠭᠡᠬᠦ ᠵᠢ ᠠᠬᠢᠭᠤᠯᠤᠨ᠎ᠠ᠃ [ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠵᠢᠯᠴᠠᠨ᠎ᠠ]
ᠲᠠᠪᠤ᠂ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠎ᠠ
ᠭᠠᠵᠠᠷ ᠰᠢᠷᠣᠢ ᠵᠢ ᠲᠥᠯᠥᠪᠦᠷᠢᠲᠡᠢ ᠰᠢᠯᠵᠢᠭᠦᠯᠦᠭᠰᠡᠨ ᠣᠷᠣᠯᠭ᠎ᠠ ᠵᠢᠨ ᠪᠡᠯᠡ ᠮᠥᠩᠭᠥ᠂ ᠭᠠᠵᠠᠷ ᠰᠢᠷᠣᠢ ᠵᠢᠨ ᠭᠦᠢ᠍ᠴᠡᠳᠬᠡᠯ ᠲᠣᠭ᠎ᠠ ᠵᠢᠨ ᠠᠷᠠᠯᠵᠢᠶᠠᠨ᠎ᠤ ᠣᠷᠣᠯᠭ᠎ᠠ ᠵᠡᠷᠭᠡ᠎ᠪᠠᠷ ᠪᠡᠯᠡᠳᠬᠡᠮᠵᠢᠲᠦ ᠮᠠᠯ ᠠᠵᠤ ᠠᠬᠤᠢ ᠵᠢᠨ ᠲᠥᠷᠥᠯ ᠵᠦᠢ᠍ᠯ᠎ᠢ ᠤᠷᠢᠳ ᠵᠶ᠋ᠠᠷ ᠳᠡᠮᠵᠢᠬᠦ ᠬᠡᠷᠡᠭᠲᠡᠢ᠃ ᠨᠥᠬᠥᠴᠡᠯ᠎ᠲᠠᠢ ᠪᠠᠢ᠌ᠭ᠎ᠠ ᠭᠣᠪᠢ᠂ ᠴᠦᠯ᠂ ᠬᠤᠵᠢᠷᠯᠢᠭ ᠭᠠᠵᠠᠷ ᠵᠡᠷᠭᠡ ᠣᠷᠣᠨ ᠪᠦᠰᠡ᠎ᠳᠤ ᠪᠡᠯᠡᠳᠬᠡᠮᠵᠢᠲᠦ ᠮᠠᠯ ᠠᠵᠤ ᠠᠬᠤᠢ ᠵᠢ ᠬᠥᠭᠵᠢᠭᠦᠯᠬᠦ ᠵᠢ ᠳᠡᠮᠵᠢᠨ᠎ᠡ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠶᠣᠰᠣᠭ᠋ᠠᠷ ᠬᠠᠮᠢᠶᠠᠷᠤᠨ᠎ᠠ᠃ 《ᠤᠰᠤ᠎ᠪᠠᠷ ᠳᠥᠷᠪᠡ ᠵᠢ ᠲᠣᠭᠲᠠᠭ᠋ᠠᠬᠤ》 ᠤᠷᠢᠲᠠᠯ ᠳᠣᠣᠷ᠎ᠠ᠂ ᠮᠠᠯ ᠠᠵᠤ ᠠᠬᠤᠢ᠎ᠳᠤ ᠬᠡᠷᠡᠭᠯᠡᠬᠦ ᠤᠰᠤ ᠵᠢ ᠪᠠᠲᠤᠯᠠᠬᠤ ᠬᠡᠷᠡᠭᠲᠡᠢ᠃ ᠪᠡᠯᠡᠳᠬᠡᠮᠵᠢᠲᠦ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠬᠡᠷᠡᠭᠯᠡᠬᠦ ᠴᠠᠬᠢᠯᠭ᠋ᠠᠨ᠎ᠳᠤ ᠲᠠᠷᠢᠶᠠᠯᠠᠩ᠎ᠳᠤ ᠬᠡᠷᠡᠭᠯᠡᠬᠦ ᠴᠠᠬᠢᠯᠭ᠋ᠠᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ [ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)]
ᠵᠢᠷᠭᠤᠭ᠎ᠠ᠂ ᠨᠡᠢ᠌ᠲᠡᠯᠢᠭ ᠵᠶ᠋ᠠᠷ ᠵᠢᠱ᠌ᠢᠶ᠎ᠡ ᠦᠵᠡᠭᠦᠯᠬᠦ ᠵᠢ ᠳᠡᠯᠭᠡᠷᠡᠭᠦᠯᠬᠦ᠎ᠪᠠᠨ ᠴᠢᠩᠭ᠋ᠠᠷᠠᠭᠤᠯᠤᠨ᠎ᠠ
ᠵᠢᠯ ᠪᠦᠷᠢ 1 - 3 ᠬᠣᠰᠢᠭᠤ ᠰᠢᠶᠠᠨ (ᠬᠤᠲᠠ᠂ ᠲᠣᠭᠣᠷᠢᠭ)᠎ᠢ ᠰᠢᠯᠢᠳᠡᠭᠴᠢᠯᠡᠨ ᠰᠣᠩᠭᠣᠵᠤ ᠪᠡᠯᠡᠳᠭᠡᠮᠵᠢᠳᠤ ᠮᠠᠯ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠬᠣᠰᠢᠭᠤ ᠰᠢᠶᠠᠨ᠎ᠤ ᠪᠦᠲᠦᠭᠡᠨ ᠪᠠᠢ᠌ᠭᠤᠯᠤᠯᠲᠠ ᠵᠢ ᠥᠷᠨᠢᠭᠦᠯᠦᠨ᠂ ᠵᠢᠱ᠌ᠢᠶ᠎ᠡ ᠦᠵᠡᠭᠦᠯᠬᠦ ᠬᠣᠰᠢᠭᠤ ᠰᠢᠶᠠᠨ ᠪᠦᠷᠢ᠎ᠳᠤ 1000 ᠲᠦᠮᠡᠨ ᠲᠥᠭᠥᠷᠢᠭ ᠱᠠᠩᠨᠠᠨ᠎ᠠ᠃ ᠵᠢᠯ ᠪᠦᠷᠢ 2 - 5 ᠬᠣᠰᠢᠭᠤ ᠰᠢᠶᠠᠨ (ᠬᠣᠲᠠ᠂ ᠲᠣᠭᠣᠷᠢᠭ)᠎ᠳᠤ ᠮᠠᠯ ᠠᠵᠤ ᠠᠬᠤᠢ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠤᠷᠰᠢᠯᠲᠠ ᠵᠢ ᠥᠷᠨᠢᠭᠦᠯᠵᠦ᠂ ᠲᠡᠳᠡᠨ᠎ᠤ ᠪᠡᠯᠡᠳᠬᠡᠮᠵᠢᠲᠦ ᠮᠠᠯ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠬᠣᠰᠢᠭᠤ ᠰᠢᠶᠠᠨ᠎ᠢ ᠡᠭᠦᠳᠦᠨ ᠪᠠᠶ᠋ᠢᠭᠤᠯᠬᠤ ᠵᠢ᠎ᠨᠢ ᠡᠩ ᠲᠡᠷᠢᠭᠦᠨ᠎ᠳᠤ ᠳᠡᠮᠵᠢᠵᠦ᠂ ᠱᠠᠩᠨᠠᠬᠤ᠎ᠪᠠᠷ ᠨᠥᠬᠥᠪᠦᠷᠢ ᠵᠢ ᠣᠷᠣᠯᠠᠬᠤ᠂ ᠣᠯᠠᠨ ᠨᠡᠶ᠋ᠢᠲᠡ ᠵᠢᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠲᠡᠵᠢᠭᠡᠯ ᠡᠪᠡᠰᠦ ᠪᠣᠷᠳᠣᠭ᠎ᠠ ᠡᠳ᠋ᠰᠢᠭᠦᠯᠦᠨ ᠪᠣᠯᠪᠠᠰᠤᠷᠠᠭᠤᠯᠬᠤ᠂ ᠨᠠᠷᠢᠯᠢᠭ ᠣᠨᠣᠴᠠᠲᠠᠢ ᠲᠡᠵᠢᠭᠡᠨ ᠠᠷᠠᠴᠢᠯᠠᠬᠤ᠂ ᠬᠢᠵᠢᠭ ᠡᠪᠡᠳᠴᠢᠨ᠎ᠢ ᠰᠡᠷᠭᠡᠢ᠌ᠯᠡᠨ ᠬᠣᠷᠢᠭᠯᠠᠬᠤ᠂ ᠦᠷ᠎ᠡ ᠡᠭᠦᠯᠳᠡᠷ᠎ᠢ ᠰᠠᠢ᠌ᠵᠢᠷᠠᠭᠤᠯᠬᠤ ᠵᠡᠷᠭᠡ ᠨᠡᠢ᠌ᠭᠡᠮᠴᠢᠯᠡᠭᠰᠡᠨ ᠦᠢ᠍ᠯᠡᠴᠢᠯᠡᠭᠡ ᠬᠠᠩᠭ᠋ᠠᠵᠤ᠂ ᠲᠤᠷᠰᠢᠯᠲᠠ ᠪᠦᠷᠢ᠎ᠳᠤ ᠠᠳᠠᠭ᠎ᠲᠤ᠎ᠪᠠᠨ 10 ᠲᠦᠮᠡᠨ ᠬᠣᠨᠢᠨ ᠨᠢᠭᠡᠴᠢ᠎ᠠᠴᠠ ᠳᠡᠭᠡᠭᠰᠢᠬᠢ ᠮᠠᠯ᠎ᠢ ᠬᠠᠮᠤᠷᠤᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠢᠭᠡᠴᠢ᠂ ᠶᠡᠬᠡ ᠳᠡᠭᠡᠳᠦ ᠰᠤᠷᠭ᠋ᠠᠭᠤᠯᠢ᠎ᠳᠤ ᠲᠦᠰᠢᠭᠯᠡᠨ ᠲᠤᠰᠬᠠᠢ ᠮᠡᠷᠭᠡᠵᠢᠯᠲᠡᠨ᠎ᠤ ᠪᠦᠯᠬᠦᠮ᠎ᠢ ᠵᠣᠬᠢᠶᠠᠨ ᠪᠠᠢ᠌ᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ᠎ᠤᠨ ᠬᠡᠷᠡᠭᠯᠡᠯᠲᠡ ᠵᠢ ᠳᠡᠯᠭᠡᠷᠡᠭᠦᠯᠬᠦ ᠪᠣᠯᠪᠠᠰᠤᠷᠠᠭᠤᠯᠤᠯ᠎ᠢ ᠥᠷᠨᠢᠭᠦᠯᠦᠨ᠂ ᠴᠢᠳᠠᠪᠤᠷᠢᠲᠠᠨ᠎ᠤ ᠪᠠᠲᠤᠯᠠᠭ᠎ᠠ ᠵᠢ ᠴᠢᠩᠭ᠋ᠠᠷᠠᠭᠤᠯᠵᠤ᠂ ᠵᠢᠱ᠌ᠢᠶ᠎ᠡ ᠦᠵᠡᠭᠦᠯᠬᠦ ᠬᠣᠰᠢᠭᠤ ᠰᠢᠶᠠᠨ᠎ᠤ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠠᠬᠢᠭᠤᠯᠤᠨ᠎ᠠ᠃ [ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠎ᠨᠢ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠬᠠᠮᠵᠢᠯᠴᠠᠨ᠎ᠠ]
ᠲᠣᠰ ᠠᠷᠭ᠎ᠠ ᠬᠡᠮᠵᠢᠶ᠎ᠡ᠎ᠳᠤ ᠬᠣᠯᠪᠣᠭᠳᠠᠭᠰᠠᠨ ᠲᠤᠰᠬᠠᠢ ᠳᠡᠮᠵᠢᠯᠭᠡ ᠵᠢᠨ ᠪᠡᠯᠡ ᠮᠥᠩᠭᠥ ᠵᠢ ᠴᠥᠮ 《ᠤᠷᠢᠳ ᠵᠶ᠋ᠠᠷ ᠪᠠᠢ᠌ᠭᠤᠯᠵᠤ ᠳᠠᠷᠠᠭ᠎ᠠ᠎ᠳᠤ᠎ᠨᠢ ᠨᠥᠬᠥᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠢ᠌ᠳᠠᠯ᠎ᠢ᠎ᠨᠢ ᠦᠨᠳᠦᠰᠦᠯᠡᠨ ᠨᠡᠮᠡᠭᠦᠷᠢ ᠣᠯᠭᠣᠬᠤ᠂ ᠳᠠᠷᠠᠭ᠋ᠠᠯᠠᠨ ᠬᠡᠷᠡᠭᠵᠢᠭᠦᠯᠬᠦ》 ᠠᠷᠭ᠎ᠠ ᠮᠠᠶᠢᠭ ᠵᠶ᠋ᠠᠷ ᠰᠠᠯᠭ᠋ᠠᠨ ᠥᠭᠭᠦᠨ᠎ᠡ᠃ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠎ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭ᠋ᠠᠵᠤ᠂ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭ᠋ᠠᠯᠠᠯ᠂ ᠪᠦᠲᠦᠭᠡᠨ ᠪᠠᠶ᠋ᠢᠭᠤᠯᠬᠤ ᠠᠭᠤᠯᠭ᠎ᠠ᠂ ᠰᠢᠯᠭ᠋ᠠᠨ ᠬᠢᠨᠠᠵᠤ ᠰᠢᠯᠭ᠋ᠠᠨ ᠬᠤᠷᠢᠶᠠᠬᠤ ᠵᠡᠷᠭᠡ ᠵᠢ ᠲᠣᠳᠣᠷᠬᠠᠢ᠌ᠯᠠᠬᠤ ᠬᠡᠷᠡᠭᠲᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 2 ᠳ᠋ᠤᠭ᠋ᠠᠷ ᠰᠠᠷ᠎ᠠ ᠵᠢᠨ 19᠎ᠤ ᠡᠳᠦᠷ ᠳᠠᠷᠤᠮᠠᠯᠯᠠᠨ ᠲᠠᠷᠬᠠᠭ᠋ᠠᠪᠠ