ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠷᠥᠯ ᠵᠦᠢ᠍ᠯ᠎ᠤᠨ ᠲᠠᠯ᠎ᠠ᠎ᠪᠠᠷ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠵᠢᠨ ᠭᠠᠷᠳᠠᠮ᠎ᠢ ᠭᠦᠢ᠍ᠴᠡᠳᠬᠡᠬᠦ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-08-23

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

       

ᠥᠪᠥᠷ ᠵᠠᠰᠠᠭ ᠠᠯᠪᠠᠨ ᠲᠠᠷᠬᠠᠭ᠋ᠠᠭᠰᠠᠨ [2024 ] 33 ᠳ᠋ᠤᠭ᠋ᠠᠷ ᠲᠣᠭ᠋ᠠᠲᠤ

      

ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠷᠥᠯ ᠵᠦᠢ᠍ᠯ᠎ᠤᠨ  ᠲᠠᠯ᠎ᠠ᠎ᠪᠠᠷ ᠨᠤᠲᠤᠭ ᠪᠡᠯᠴᠢᠭᠡᠷ

ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠵᠢᠨ ᠭᠠᠷᠳᠠᠮ᠎ᠢ ᠭᠦᠢ᠍ᠴᠡᠳᠬᠡᠬᠦ ᠬᠣᠯᠪᠣᠭᠳᠠᠯ ᠪᠦᠬᠦᠢ ᠠᠰᠠᠭᠤᠳᠠᠯ᠎ᠤᠨ

ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

      

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

      《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ 》 (  ᠲᠥᠷᠥ ᠲᠠᠷᠬᠠᠭ᠋ᠠᠭᠰᠠᠨ [2023 ] 16 ᠳ᠋ᠤᠭ᠋ᠠᠷ ᠲᠣᠭ᠋ᠠᠲᠤ) ᠪᠠ 《ᠥᠪᠥᠷ ᠮᠣᠩᠭᠣᠯ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠪᠠᠳᠠᠷᠠᠭᠤᠯᠵᠤ ᠴᠢᠨᠠᠷ ᠰᠠᠢ᠌ᠲᠠᠢ ᠬᠥᠭᠵᠢᠯᠲᠡ᠎ᠪᠠᠨ ᠠᠬᠢᠭᠤᠯᠬᠤ ᠵᠢ ᠳᠡᠮᠵᠢᠬᠦ ᠲᠤᠬᠠᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠠᠨᠠᠯ 》 (  ᠪᠠᠢ᠌ᠭ᠋ᠠᠯᠢ ᠡᠬᠢ ᠵᠠᠬᠢᠳᠠᠯ [2024 ] 224 ᠳ᠋ᠦ᠍ᠭᠡᠷ ᠲᠣᠭ᠋ᠠᠲᠤ )᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠴᠢᠩᠭ᠎ᠠ ᠠᠳᠬᠤᠨ᠂ ᠠᠭᠤᠷᠬᠠᠢ ᠵᠢᠨ ᠡᠬᠢ ᠪᠠᠶᠠᠯᠢᠭ᠎ᠢ ᠬᠡᠷᠡᠭᠯᠡᠬᠦ ᠡᠷᠬᠡ᠎ᠪᠠᠨ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠣᠷᠣᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠷᠥᠯ ᠵᠦᠢ᠍ᠯ᠎ᠳᠤ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠵᠢᠨ ᠭᠠᠷᠳᠠᠮ᠎ᠢ ᠭᠦᠢ᠍ᠴᠡᠳᠬᠡᠬᠦ᠎ᠪᠠᠨ ᠬᠠᠤᠯᠢ ᠲᠣᠭᠲᠠᠭ᠋ᠠᠯ ᠶᠣᠰᠣᠭ᠋ᠠᠷ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠬᠣᠯᠪᠣᠭᠳᠠᠯ ᠪᠦᠬᠦᠢ ᠠᠰᠠᠭᠤᠳᠠᠯ᠎ᠤᠳ᠎ᠢ ᠳᠣᠣᠷᠠᠬᠢ ᠮᠡᠲᠦ ᠮᠡᠳᠡᠭᠳᠡᠪᠡ᠃

       ᠨᠢᠭᠡ᠂ 《ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠶᠠᠪᠤᠴᠠ᠎ᠳᠤ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ 》 (  ᠥᠪᠥᠷ ᠵᠠᠰᠠᠭ ᠠᠯᠪᠠᠨ ᠲᠠᠷᠬᠠᠭ᠋ᠠᠭᠰᠠᠨ [2021 ] 7 ᠳ᠋ᠤᠭ᠋ᠠᠷ ᠲᠣᠭ᠋ᠠᠲᠤ ) ᠪᠠ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶᠠᠨ᠎ᠤ 《ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠨᠤᠲᠤᠭ ᠪᠡᠯᠴᠢᠭᠡᠷ ᠣᠢ᠌ᠲᠤ ᠭᠠᠵᠠᠷ᠎ᠤᠨ ᠬᠤᠪᠢᠶᠠᠷᠢᠯᠠᠯ᠎ᠤᠨ ᠬᠡᠷᠡᠭᠴᠡᠭᠡᠨ᠎ᠤ ᠬᠠᠮᠢᠶᠠᠷᠤᠨ ᠡᠵᠡᠮᠳᠡᠬᠦ ᠵᠢ ᠬᠡᠷᠡᠭᠵᠢᠭᠦᠯᠬᠦ ᠲᠤᠬᠠᠢ ᠮᠡᠳᠡᠭᠳᠡᠯ 》 (  ᠥᠪᠥᠷ ᠣᠢ ᠪᠡᠯᠴᠢᠭᠡᠷ ᠪᠡᠯᠴᠢᠭᠡᠷ ᠬᠢᠨᠠᠯᠲᠠ ᠲᠠᠷᠬᠠᠭ᠋ᠠᠭᠰᠠᠨ [2021 ] 257 ᠳ᠋ᠤᠭ᠋ᠠᠷ ᠲᠣᠭ᠋ᠠᠲᠤ ) ᠵᠡᠷᠭᠡ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠢ ᠦᠨᠳᠦᠰᠦᠯᠡᠪᠡᠯ᠂ 《ᠰᠢᠨ᠎ᠡ ᠨᠡᠭᠡᠭᠡᠭᠰᠡᠨ ᠵᠠᠳᠠᠭ᠋ᠠᠢ ᠠᠭᠤᠷᠬᠠᠢ 》  ᠭᠡᠳᠡᠭ᠎ᠨᠢ 2021 ᠣᠨ᠎ᠤ 2 ᠳ᠋ᠤᠭ᠋ᠠᠷ ᠰᠠᠷ᠎ᠠ ᠵᠢᠨ 6᠎ᠤ ᠡᠳᠦᠷ ᠥᠪᠥᠷ ᠵᠠᠰᠠᠭ ᠠᠯᠪᠠᠨ ᠲᠠᠷᠬᠠᠭ᠋ᠠᠭᠰᠠᠨ [2021 ] 7 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠳᠠᠷᠤᠮᠠᠯᠯᠠᠨ ᠶᠠᠪᠤᠭᠤᠯᠤᠭᠰᠠᠨ᠎ᠤ ᠳᠠᠷᠠᠭ᠎ᠠ ᠰᠢᠨ᠎ᠡ ᠬᠤᠳᠠᠯᠳᠤᠨ ᠰᠢᠯᠵᠢᠭᠦᠯᠦᠭᠰᠡᠨ ᠵᠠᠳᠠᠭ᠋ᠠᠢ ᠠᠷᠭ᠎ᠠ ᠮᠠᠶᠢᠭ ᠵᠶ᠋ᠠᠷ ᠨᠡᠭᠡᠭᠡᠵᠦ ᠮᠠᠯᠲᠠᠭᠰᠠᠨ ᠠᠭᠤᠷᠬᠠᠢ ᠵᠢᠨ ᠡᠬᠢ ᠪᠠᠶᠠᠯᠢᠭ᠎ᠢ ᠬᠡᠷᠡᠭᠯᠡᠬᠦ ᠡᠷᠬᠡ᠎ᠲᠠᠢ ᠲᠥᠷᠥᠯ ᠵᠦᠢ᠍ᠯ᠎ᠢ ᠵᠢᠭ᠋ᠠᠵᠤ ᠪᠣᠶ; ᠥᠪᠥᠷ ᠵᠠᠰᠠᠭ ᠠᠯᠪᠠᠨ ᠲᠠᠷᠬᠠᠭ᠋ᠠᠭᠰᠠᠨ [2021 ] 7 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠨᠡᠢ᠌ᠲᠡᠯᠡᠬᠦ᠎ᠠᠴᠠ ᠡᠮᠦᠨ᠎ᠡ ᠨᠢᠭᠡᠨᠲᠡ ᠠᠭᠤᠷᠬᠠᠢ ᠬᠠᠢ᠌ᠬᠤ ᠡᠷᠬᠡ᠂ ᠠᠭᠤᠷᠬᠠᠢ ᠬᠠᠢ᠌ᠬᠤ ᠡᠷᠬᠡ᠎ᠪᠠᠨ ᠠᠭᠤᠷᠬᠠᠢ ᠮᠠᠯᠲᠠᠬᠤ ᠡᠷᠬᠡ ᠪᠣᠯᠭ᠋ᠠᠨ ᠰᠢᠯᠵᠢᠭᠦᠯᠦᠭᠰᠡᠨ᠂ ᠠᠭᠤᠷᠬᠠᠢ ᠮᠠᠯᠲᠠᠬᠤ ᠡᠷᠬᠡ᠂ ᠡᠰᠡᠬᠦᠯ᠎ᠡ ᠵᠠᠬ᠎ᠠ ᠳᠡᠯᠭᠡᠭᠦᠷ ᠵᠶ᠋ᠠᠷ ᠬᠤᠳᠠᠯᠳᠤᠨ ᠰᠢᠯᠵᠢᠭᠦᠯᠦᠭᠰᠡᠨ᠂ ᠠᠭᠤᠷᠬᠠᠢ ᠵᠢᠨ ᠡᠬᠢ ᠪᠠᠶᠠᠯᠢᠭ᠎ᠤᠨ ᠬᠡᠷᠡᠭᠯᠡᠬᠦ ᠡᠷᠬᠡ᠎ᠪᠠᠨ ᠬᠤᠳᠠᠯᠳᠤᠨ ᠰᠢᠯᠵᠢᠭᠦᠯᠦᠭᠰᠡᠨ ᠠᠰᠢᠭ ᠣᠯᠵᠠᠪᠤᠷᠢ ᠵᠢ᠎ᠨᠢ ᠲᠤᠰᠢᠶᠠᠭᠰᠠᠨ ᠠᠭᠤᠷᠬᠠᠢ ᠵᠢᠨ ᠡᠬᠢ ᠪᠠᠶᠠᠯᠢᠭ᠎ᠤᠨ ᠬᠠᠢ᠌ᠨ ᠪᠠᠢ᠌ᠴᠠᠭ᠋ᠠᠵᠤ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠬᠠᠤᠯᠢ ᠶᠣᠰᠣᠭ᠋ᠠᠷ ᠣᠯᠣᠭᠰᠠᠨ ᠪᠠᠢ᠌ᠪᠠᠯ᠂ ᠰᠢᠨ᠎ᠡ ᠨᠡᠭᠡᠭᠡᠭᠰᠡᠨ ᠠᠭᠤᠷᠬᠠᠢ᠎ᠪᠠᠷ ᠲᠣᠭᠲᠠᠭ᠋ᠠᠬᠤ ᠦᠭᠡᠢ ; 《ᠨᠤᠲᠤᠭ ᠪᠡᠯᠴᠢᠭᠡᠷ᠎ᠤᠨ ᠠᠮᠢ ᠠᠬᠤᠢ ᠵᠢᠨ ᠤᠯᠠᠭ᠋ᠠᠨ ᠱᠤᠭᠤᠮ᠎ᠤᠨ ᠳᠣᠲᠣᠷ᠎ᠠ 》  ᠭᠡᠳᠡᠭ᠎ᠨᠢ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠳᠣᠲᠣᠷᠠᠬᠢ ᠨᠤᠲᠤᠭ ᠪᠡᠯᠴᠢᠭᠡᠷ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠠᠴᠠ ᠭᠠᠳᠠᠨᠠᠬᠢ ᠦᠨᠳᠦᠰᠦᠨ ᠨᠤᠲᠤᠭ ᠪᠡᠯᠴᠢᠭᠡᠷ᠎ᠢ ᠵᠢᠭ᠋ᠠᠵᠤ ᠪᠣᠢ᠂ ᠡᠭᠦᠨ᠎ᠠᠴᠠ ᠪᠤᠰᠤᠳ ᠨᠤᠲᠤᠭ ᠪᠡᠯᠴᠢᠭᠡᠷ᠎ᠨᠢ ᠡᠩ᠎ᠤᠨ ᠨᠤᠲᠤᠭ ᠪᠡᠯᠴᠢᠭᠡᠷ᠎ᠲᠤ ᠬᠠᠷᠢᠶᠠᠯᠠᠭᠳᠠᠬᠤ ᠪᠣᠯᠬᠣᠷ᠂ ᠨᠤᠲᠤᠭ ᠪᠡᠯᠴᠢᠭᠡᠷ᠎ᠤᠨ ᠬᠤᠪᠢᠶᠠᠷᠢᠯᠠᠯ᠎ᠤᠨ ᠬᠡᠷᠡᠭᠴᠡᠭᠡᠨ᠎ᠤ ᠬᠠᠮᠢᠶᠠᠷᠤᠨ ᠡᠵᠡᠮᠳᠡᠬᠦ ᠳᠦᠷᠢᠮ᠎ᠢ ᠬᠡᠷᠡᠭᠵᠢᠭᠦᠯᠬᠦ ᠬᠡᠷᠡᠭᠲᠡᠢ᠃

       ᠬᠣᠶᠠᠷ᠂ ᠥᠪᠥᠷ ᠵᠠᠰᠠᠭ ᠠᠯᠪᠠᠨ ᠲᠠᠷᠬᠠᠭ᠋ᠠᠭᠰᠠᠨ [2021 ] 7 ᠳ᠋ᠤᠭ᠋ᠠᠷ ᠲᠣᠭ᠋ᠠᠲᠤ ᠵᠢ ᠳᠠᠷᠤᠮᠠᠯᠯᠠᠨ ᠶᠠᠪᠤᠭᠤᠯᠬᠤ᠎ᠠᠴᠠ ᠡᠮᠦᠨ᠎ᠡ ᠨᠢᠭᠡᠨᠲᠡ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠲᠣᠬᠢᠷᠠᠭᠤᠯᠤᠭ᠋ᠠᠳ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠠᠭᠤᠷᠬᠠᠢ ᠪᠠ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠪᠥᠭᠡᠮᠨᠡᠷᠡᠯ᠎ᠳᠤ ᠴᠢᠬᠤᠯᠠ ᠶᠡᠬᠡ ᠲᠤᠯᠭ᠋ᠠᠭᠤᠷᠢᠯᠠᠬᠤ ᠦᠢ᠍ᠯᠡᠳᠦᠯ᠎ᠲᠠᠢ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠵᠢᠨ ᠲᠥᠷᠥᠯ ᠵᠦᠢ᠍ᠯ (  ᠠᠮᠢ ᠠᠬᠤᠢ ᠣᠷᠴᠢᠨ ᠲᠣᠭᠣᠷᠢᠨ᠎ᠢ ᠶᠡᠬᠡ᠎ᠪᠠᠷ ᠡᠪᠳᠡᠭᠰᠡᠨ᠂ ᠣᠷᠣᠨ ᠨᠤᠲᠤᠭ᠎ᠲᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ ᠳᠣᠣᠷ᠎ᠠ ᠪᠠᠢ᠌ᠭ᠎ᠠ ᠵᠠᠳᠠᠭ᠋ᠠᠢ ᠨᠡᠭᠡᠭᠡᠨ ᠮᠠᠯᠲᠠᠬᠤ ᠲᠥᠷᠥᠯ ᠵᠦᠢ᠍ᠯ᠎ᠠᠴᠠ ᠭᠠᠳᠠᠨ᠎ᠠ ) ᠪᠣᠯᠬᠤ᠂ ᠲᠡᠭᠡᠬᠦ ᠮᠥᠷᠲᠡᠭᠡᠨ ᠦᠨᠳᠦᠰᠦᠨ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠭᠰᠡᠨ ᠦᠭᠡᠢ ᠪᠠᠢ᠌ᠪᠠᠯ᠂ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢ᠍ᠴᠡᠳᠬᠡᠬᠦ ᠵᠢ ᠳᠡᠰ ᠳᠠᠷᠠᠭ᠋ᠠᠯᠠᠯ᠎ᠲᠠᠢ᠎ᠪᠠᠷ ᠠᠬᠢᠭᠤᠯᠵᠤ ᠪᠣᠯᠣᠨ᠎ᠠ᠃

       ᠭᠤᠷᠪᠠ᠂ ᠡᠬᠢ ᠪᠠᠶᠠᠯᠢᠭ ᠵᠶ᠋ᠠᠨ ᠡᠷᠴᠢᠮᠵᠢᠭᠦᠯᠦᠨ ᠠᠷᠪᠢᠲᠠᠢ ᠠᠰᠢᠭᠯᠠᠬᠤ ᠵᠢ ᠠᠬᠢᠭᠤᠯᠬᠤ ᠵᠢᠨ ᠲᠤᠰᠠᠳᠠ᠂ ᠨᠡᠭᠦᠷᠡᠰᠦᠨ᠎ᠤ ᠦᠢ᠍ᠷᠡᠮᠡᠭ᠎ᠤᠨ ᠡᠬᠢ ᠪᠠᠶᠠᠯᠢᠭ (  ᠨᠡᠭᠦᠷᠡᠰᠦᠨ᠎ᠤ ᠠᠭᠤᠷᠬᠠᠢ ᠵᠢᠨ ᠲᠣᠭᠣᠷᠢᠭ᠎ᠤᠨ ᠶᠡᠷᠦᠩᠬᠡᠢ ᠲᠥᠯᠦᠪᠵᠢᠭᠦᠯᠭᠡ᠎ᠳᠤ ᠲᠣᠬᠢᠷᠠᠭᠤᠯᠤᠭᠰᠠᠨ ᠨᠡᠭᠦᠷᠡᠰᠦᠨ᠎ᠤ ᠠᠭᠤᠷᠬᠠᠢ ᠵᠢᠨ ᠠᠢ ᠰᠠᠪᠠ ᠵᠢᠨ ᠬᠡᠪᠴᠢᠶ᠎ᠡ ᠬᠢᠭᠡᠳ ᠲᠣᠬᠢᠷᠠᠭᠤᠯᠤᠭ᠋ᠠᠳ ᠪᠠᠢ᠌ᠭ᠎ᠠ ᠨᠡᠭᠦᠷᠡᠰᠦᠨ᠎ᠤ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠵᠢᠨ ᠬᠡᠪᠴᠢᠶᠡᠨ᠎ᠳᠠᠬᠢ ᠬᠡᠯᠪᠡᠷᠢ ᠳᠦᠷᠰᠦ᠎ᠨᠢ ᠡᠮᠬᠢ ᠦᠭᠡᠢ᠂ ᠲᠠᠯᠠᠪᠠᠶ᠎ᠨᠢ ᠨᠡᠯᠢᠶᠡᠳ ᠪᠠᠭ᠎ᠠ᠂ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠵᠢ᠎ᠨᠢ ᠲᠤᠰᠠᠭ᠋ᠠᠷ ᠬᠤᠪᠢᠶᠠᠷᠢᠯᠠᠬᠤ᠎ᠳᠤ ᠲᠣᠬᠢᠷᠠᠬᠤ ᠦᠭᠡᠢ᠂ ᠭᠡᠪᠡᠴᠦ ᠮᠥᠨ ᠬᠦ᠌ ᠡᠬᠢ ᠪᠠᠶᠠᠯᠢᠭ᠎ᠤᠨ ᠨᠥᠭᠡᠴᠡ᠎ᠲᠠᠢ ᠪᠠᠢ᠌ᠭ᠎ᠠ ᠬᠣᠭᠣᠰᠤᠨ ᠣᠷᠣᠨ )᠎ᠨᠢ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ᠎ᠳᠤ ᠬᠣᠯᠪᠣᠭᠳᠠᠭᠰᠠᠨ ᠪᠠᠢ᠌ᠪᠠᠯ᠂ ᠨᠡᠭᠦᠷᠡᠰᠦᠨ᠎ᠤ ᠦᠢ᠍ᠷᠡᠮᠡᠭ᠎ᠤᠨ ᠡᠬᠢ ᠪᠠᠶᠠᠯᠢᠭ᠎ᠢ ᠬᠤᠳᠠᠯᠳᠤᠨ ᠰᠢᠯᠵᠢᠭᠦᠯᠬᠦ ᠵᠢᠴᠢ ᠬᠣᠢ᠌ᠰᠢᠳᠠ ᠡᠷᠬᠢᠨ ᠲᠣᠭᠣᠷᠢᠨ᠎ᠳᠤ᠎ᠨᠢ ᠲᠣᠬᠢᠷᠠᠭᠤᠯᠤᠭ᠋ᠠᠳ ᠪᠠᠢ᠌ᠭ᠎ᠠ ᠠᠭᠤᠷᠬᠠᠢ ᠮᠠᠯᠲᠠᠬᠤ ᠡᠷᠬᠡ᠎ᠯᠦᠭᠡ ᠡᠮᠬᠢᠯᠡᠨ ᠨᠡᠢ᠌ᠯᠡᠭᠦᠯᠬᠦ ᠭᠠᠷᠳᠠᠮ ᠭᠦᠢ᠍ᠴᠡᠳᠬᠡᠬᠦ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃

       ᠳᠥᠷᠪᠡ᠂ ᠦᠨᠳᠦᠰᠦᠨ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ᠎ᠯᠦᠭᠡ ᠬᠣᠯᠪᠣᠭᠳᠠᠭᠰᠠᠨ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠲᠥᠷᠥᠯ ᠵᠦᠢ᠍ᠯ᠎ᠳᠤ᠂ ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ ᠵᠶ᠋ᠠᠷ ᠳᠠᠬᠢᠵᠤ ᠢᠯᠭ᠋ᠠᠬᠤ ᠦᠭᠡᠢ᠂ ᠲᠥᠷᠥ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠳᠠᠬᠢ 《ᠦᠨᠳᠦᠰᠦᠨ ᠨᠤᠲᠤᠭ ᠪᠡᠯᠴᠢᠭᠡᠷ᠎ᠲᠤ ᠬᠠᠤᠯᠢ ᠲᠣᠭᠲᠠᠭ᠋ᠠᠯ ᠶᠣᠰᠣᠭ᠋ᠠᠷ ᠵᠥᠪᠰᠢᠶᠡᠷᠡᠭᠦᠯᠦᠭᠰᠡᠨ ᠤᠯᠤᠰ᠎ᠤᠨ ᠴᠢᠬᠤᠯᠠ ᠶᠡᠬᠡ ᠠᠭᠤᠷᠬᠠᠢ ᠵᠢᠨ ᠡᠬᠢ ᠪᠠᠶᠠᠯᠢᠭ ᠬᠠᠢ᠌ᠨ ᠰᠢᠨᠵᠢᠯᠡᠵᠦ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠰᠢᠨ᠎ᠡ᠎ᠪᠠᠷ ᠲᠣᠬᠢᠷᠠᠭᠤᠯᠬᠤ ᠵᠢ᠎ᠨᠢ ᠵᠥᠪᠰᠢᠶᠡᠷᠡᠨ᠎ᠡ 》᠂ ᠪᠠᠢ᠌ᠭ᠋ᠠᠯᠢ ᠡᠬᠢ ᠵᠠᠬᠢᠳᠠᠯ [2024] 224 ᠳ᠋ᠦ᠍ᠭᠡᠷ ᠲᠣᠭ᠋ᠠᠲᠤ ᠪᠢᠴᠢᠭ ᠮᠠᠲ᠋ᠧᠷᠢᠶᠠᠯ᠎ᠳᠠᠬᠢ 《ᠦᠨᠳᠦᠰᠦᠨ ᠨᠤᠲᠤᠭ ᠪᠡᠯᠴᠢᠭᠡᠷ᠎ᠲᠤ ᠬᠠᠤᠯᠢ ᠲᠣᠭᠲᠠᠭ᠋ᠠᠯ ᠶᠣᠰᠣᠭ᠋ᠠᠷ ᠵᠥᠪᠰᠢᠶᠡᠷᠡᠭᠦᠯᠦᠭᠰᠡᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠬᠠᠢ᠌ᠨ ᠰᠢᠨᠵᠢᠯᠡᠵᠦ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠰᠢᠨ᠎ᠡ᠎ᠪᠠᠷ ᠲᠣᠬᠢᠷᠠᠭᠤᠯᠬᠤ ᠵᠢ᠎ᠨᠢ ᠵᠥᠪᠰᠢᠶᠡᠷᠡᠨ᠎ᠡ 》  ᠭᠡᠰᠡᠨ ᠲᠣᠭᠲᠠᠭ᠋ᠠᠯ ᠶᠣᠰᠣᠭ᠋ᠠᠷ᠂ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢ᠍ᠴᠡᠳᠬᠡᠬᠦ ᠵᠢ ᠬᠠᠤᠯᠢ ᠲᠣᠭᠲᠠᠭ᠋ᠠᠯ ᠶᠣᠰᠣᠭ᠋ᠠᠷ ᠠᠬᠢᠭᠤᠯᠬᠤ ᠬᠡᠷᠡᠭᠲᠡᠢ᠃

       ᠲᠠᠪᠤ᠂ 《ᠬᠠᠢ᠌ᠷ ᠴᠢᠯᠠᠭᠤ ᠨᠡᠭᠡᠭᠡᠨ ᠮᠠᠯᠲᠠᠬᠤ ᠬᠠᠮᠢᠶᠠᠷᠤᠯᠲᠠ ᠵᠢ ᠵᠢᠷᠤᠮᠵᠢᠭᠤᠯᠤᠨ ᠲᠡᠭᠦᠯᠳᠡᠷᠵᠢᠭᠦᠯᠬᠦ ᠲᠤᠬᠠᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ 》 (  ᠪᠠᠢ᠌ᠭ᠋ᠠᠯᠢ ᠡᠬᠢ ᠲᠠᠷᠬᠠᠭ᠋ᠠᠭᠰᠠᠨ [2023 ] 57 ᠳ᠋ᠤᠭ᠋ᠠᠷ ᠲᠣᠭ᠋ᠠᠲᠤ )᠂ 《ᠠᠭᠤᠷᠬᠠᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠦᠢ᠍ᠯᠡᠰ᠎ᠤᠳ᠎ᠤᠨ ᠲᠤᠬᠠᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠠᠨᠠᠯ 》 (  ᠪᠠᠢ᠌ᠭ᠋ᠠᠯᠢ ᠡᠬᠢ ᠲᠥᠯᠦᠪᠵᠢᠭᠦᠯᠭᠡ [2023] 6 ᠳ᠋ᠤᠭ᠋ᠠᠷ ᠲᠣᠭ᠋ᠠᠲᠤ )᠎ᠳᠠᠬᠢ ᠬᠠᠢ᠌ᠷ ᠰᠢᠷᠣᠢ ᠵᠢᠨ ᠠᠭᠤᠷᠬᠠᠢ ᠮᠠᠯᠲᠠᠬᠤ ᠡᠷᠬᠡ᠎ᠲᠠᠢ 《ᠴᠡᠪᠡᠷ ᠠᠭᠤᠷᠬᠠᠢ 》 ᠵᠢ ᠰᠢᠯᠵᠢᠭᠦᠯᠦᠨ ᠬᠤᠳᠠᠯᠳᠤᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠴᠢᠬᠤᠯᠠ ᠶᠡᠬᠡ ᠲᠥᠷᠥᠯ ᠵᠦᠢ᠍ᠯ ᠵᠢᠴᠢ ᠠᠷᠠᠳ᠎ᠤᠨ ᠠᠮᠢᠳᠤᠷᠠᠯ᠎ᠤᠨ ᠬᠡᠷᠡᠭᠴᠡᠭᠡ ᠵᠢ ᠪᠠᠲᠤᠯᠠᠬᠤ ᠬᠠᠢ᠌ᠷ ᠰᠢᠷᠣᠢ ᠵᠢᠨ ᠠᠭᠤᠷᠬᠠᠢ᠎ᠨᠢ ᠦᠨᠳᠦᠰᠦᠨ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠭᠰᠡᠨ ᠦᠭᠡᠢ ᠪᠠᠢ᠌ᠪᠠᠯ᠂ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢ᠍ᠴᠡᠳᠬᠡᠬᠦ ᠵᠢ᠎ᠨᠢ ᠤᠷᠢᠳ ᠵᠶ᠋ᠠᠷ ᠠᠬᠢᠭᠤᠯᠵᠤ ᠪᠣᠯᠣᠨ᠎ᠠ᠃

       ᠵᠢᠷᠭᠤᠭ᠎ᠠ᠂ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ᠎ᠯᠦᠭᠡ ᠬᠣᠯᠪᠣᠭᠳᠠᠭᠰᠠᠨ᠎ᠠᠴᠠ ᠪᠡᠯᠡ ᠣᠷᠣᠭᠤᠯᠤᠯᠲᠠ ᠵᠢᠨ ᠮᠠᠷᠭᠤᠯᠳᠤᠭ᠋ᠠᠨ ᠡᠭᠦᠰᠦᠭᠰᠡᠨ ᠪᠠᠢ᠌ᠪᠠᠯ᠂ ᠨᠢᠭᠡ ᠨᠢᠭᠡ ᠤᠴᠢᠷ ᠵᠶ᠋ᠠᠷ ᠵᠥᠪᠯᠡᠬᠦ ᠠᠷᠭ᠎ᠠ ᠮᠠᠶᠢᠭ᠎ᠢ ᠬᠡᠷᠡᠭᠯᠡᠨ᠂ ᠳᠡᠰ ᠳᠠᠷᠠᠭ᠋ᠠᠯᠠᠯ᠎ᠤᠨ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠭᠠᠷᠳᠠᠮ ᠭᠦᠢ᠍ᠴᠡᠳᠬᠡᠬᠦ ᠵᠢ ᠠᠬᠢᠭᠤᠯᠬᠤ ᠬᠡᠷᠡᠭᠲᠡᠢ᠃

2024 ᠣᠨ᠎ᠤ 7 ᠳ᠋ᠤᠭ᠋ᠠᠷ ᠰᠠᠷ᠎ᠠ ᠵᠢᠨ 3᠎ᠤ ᠡᠳᠦᠷ

      (  ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2024 ᠣᠨ᠎ᠤ 7 ᠳ᠋ᠤᠭ᠋ᠠᠷ ᠰᠠᠷ᠎ᠠ ᠵᠢᠨ 3᠎ᠤ ᠡᠳᠦᠷ ᠳᠠᠷᠤᠮᠠᠯᠯᠠᠨ ᠲᠠᠷᠬᠠᠭ᠋ᠠᠪᠠ



ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ