ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠤᠯᠤᠰ᠎ᠤᠨ ᠳᠡᠰ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2024-08-27

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

             ᠥᠪᠥᠷ ᠵᠠᠰᠠᠭ ᠠᠯᠪᠠᠨ ᠲᠠᠷᠬᠠᠭ᠋ᠠᠭᠰᠠᠨ [2024] 5 ᠳ᠋ᠤᠭ᠋ᠠᠷ ᠲᠣᠭ᠋ᠠᠲᠤ

 

ᠤᠯᠤᠰ᠎ᠤᠨ ᠳᠡᠰ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ

 

ᠡᠯ᠎ᠡ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂  ᠠᠯᠪᠠᠨ ᠭᠡᠷ᠂  ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂  ᠠᠵᠢᠯ ᠦᠢ᠍ᠯᠡᠰ᠎ᠤᠨ ᠨᠢᠭᠡᠴᠢ᠎ᠳᠤ᠄

       ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠳᠡᠰ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ (ᠳᠣᠷᠣᠭᠰᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ ᠭᠡᠵᠦ ᠲᠣᠪᠴᠢᠯᠠᠨ᠎ᠠ)᠎ᠤ ᠨᠡᠭᠡᠭᠡᠯᠲᠡ ᠬᠢᠵᠦ ᠰᠢᠨ᠎ᠡ ᠵᠢ ᠡᠭᠦᠳᠬᠦ ᠵᠢ ᠬᠤᠷᠳᠤ ᠨᠡᠮᠡᠨ ᠠᠬᠢᠭᠤᠯᠵᠤ᠂  ᠨᠡᠩ ᠥᠨᠳᠥᠷ ᠳᠡᠰ ᠳᠠᠪᠬᠤᠷᠭ᠎ᠠ ᠵᠢᠨ ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ ᠪᠠ ᠬᠢᠷᠢ ᠲᠦᠪᠰᠢᠨ᠎ᠢ ᠳᠡᠭᠡᠭᠰᠢᠯᠡᠭᠦᠯᠦᠨ᠂  ᠭᠠᠵᠠᠷ ᠣᠷᠣᠨ᠎ᠤ ᠠᠵᠤ ᠠᠬᠤᠢ ᠵᠢ ᠨᠥᠯᠥᠭᠡᠯᠡᠨ ᠳᠠᠢ᠌ᠴᠢᠯᠠᠬᠤ ᠦᠢ᠍ᠯᠡᠳᠦᠯ᠎ᠢ ᠴᠢᠩᠭ᠋ᠠᠳᠬᠠᠵᠤ᠂  ᠬᠥᠬᠡᠬᠣᠲᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠂  ᠬᠥᠯᠥᠨ ᠪᠣᠢ᠌ᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠂  ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ ᠵᠡᠷᠭᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ᠎ᠬᠢ ᠬᠥᠲᠥᠯᠥᠨ ᠳᠠᠭ᠋ᠠᠭᠤᠯᠬᠤ ᠣᠷᠣᠨ᠂  ᠥᠭᠡᠷᠡᠴᠢᠯᠡᠯᠲᠡ ᠨᠡᠭᠡᠭᠡᠯᠲᠡ ᠵᠢ ᠤᠷᠢᠳ ᠵᠶ᠋ᠠᠷ ᠬᠡᠷᠡᠭᠵᠢᠭᠦᠯᠬᠦ ᠣᠷᠣᠨ᠂  ᠴᠢᠨᠠᠷ ᠰᠠᠢ᠌ᠲᠠᠢ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ ᠪᠣᠯᠭ᠋ᠠᠨ ᠴᠣᠭᠴᠠᠯᠠᠬᠤ ᠵᠢᠨ ᠲᠤᠰᠠᠳᠠ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂  ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃

       ᠨᠢᠭᠡ᠂  ᠵᠢᠯᠣᠭᠣᠳᠬᠤ ᠦᠵᠡᠯ ᠰᠠᠨᠠᠭ᠎ᠠ

       ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ᠂  ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠠᠬᠢ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠪᠠᠲᠤ ᠡᠵᠡᠮᠳᠡᠵᠦ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠨ᠂  ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂  ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠡᠷᠡᠰ ᠭᠤᠢ᠌ᠪᠢᠰᠢ ᠦᠭᠡᠢ ᠰᠠᠢ᠌ᠲᠤᠷ ᠵᠠᠮᠨᠠᠬᠤ ᠬᠡᠷᠡᠭᠲᠡᠢ᠃  ᠬᠡᠪᠴᠢᠶ᠎ᠡ ᠪᠠ ᠶᠠᠰᠤ ᠴᠢᠨᠠᠷ᠎ᠤᠨ ᠦᠷ᠎ᠡ ᠠᠰᠢᠭ᠎ᠢ ᠳᠡᠭᠡᠭᠰᠢᠯᠡᠭᠦᠯᠬᠦ᠎ᠪᠠᠷ ᠬᠠᠷᠠᠯᠲᠠ ᠪᠣᠯᠭ᠋ᠠᠨ᠂  ᠭᠠᠳᠠᠭ᠋ᠠᠳᠤ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠪᠠᠳᠠᠷᠠᠭ᠋ᠠᠨ ᠬᠥᠭᠵᠢᠭᠡᠬᠦ ᠪᠠ ᠠᠵᠤ ᠦᠢ᠍ᠯᠡᠰ᠎ᠤᠨ ᠪᠣᠳᠠᠲᠤ ᠬᠦᠴᠦᠨ᠎ᠢ ᠪᠤᠵᠠᠭ᠋ᠠᠢ᠌ᠷᠠᠭᠤᠯᠬᠤ᠎ᠪᠠᠷ ᠭᠣᠣᠯᠳᠠᠯᠭ᠎ᠠ ᠪᠣᠯᠭ᠋ᠠᠵᠤ᠂  ᠬᠠᠮᠢᠶᠠᠷᠤᠯᠲᠠ ᠵᠢᠨ ᠲᠣᠭᠲᠠᠴᠠ᠎ᠳᠤ ᠰᠢᠨ᠎ᠡ ᠵᠢ ᠡᠭᠦᠳᠬᠦ᠎ᠪᠠᠷ ᠭᠠᠷᠳᠠᠴᠠ ᠪᠣᠯᠭ᠋ᠠᠨ᠂  ᠡᠬᠢ ᠪᠠᠶᠠᠯᠢᠭ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠷᠠᠭᠤᠯᠬᠤ᠎ᠪᠠᠷ ᠲᠤᠯᠭ᠋ᠠᠭᠤᠷᠢᠯᠠᠯ ᠪᠣᠯᠭ᠋ᠠᠵᠤ᠂  ᠨᠡᠩ ᠢᠯᠡᠭᠦᠦ ᠲᠣᠪᠴᠢ ᠠᠪᠰᠠᠷᠬᠠᠨ ᠥᠨᠳᠥᠷ ᠪᠦᠲᠦᠮᠵᠢᠲᠡᠢ ᠬᠠᠮᠢᠶᠠᠷᠤᠯᠲᠠ ᠵᠢᠨ ᠪᠠᠢ᠌ᠭᠤᠯᠤᠯ᠂  ᠨᠡᠩ ᠢᠯᠡᠭᠦᠦ ᠠᠮᠢᠳᠤᠯᠢᠭ ᠪᠣᠳᠠᠲᠤ ᠬᠡᠷᠡᠭᠯᠡᠭᠡᠨ᠎ᠤ ᠨᠡᠭᠡᠭᠡᠨ ᠬᠥᠭᠵᠢᠭᠦᠯᠵᠦ ᠡᠵᠡᠩᠨᠡᠨ ᠠᠵᠢᠯᠯᠠᠭᠤᠯᠬᠤ ᠲᠣᠭᠲᠠᠴᠠ᠂  ᠠᠵᠢᠯ ᠬᠢᠵᠦ ᠦᠢ᠍ᠯᠡᠰ ᠴᠣᠭᠴᠠᠯᠠᠬᠤ ᠵᠢ ᠨᠡᠩ ᠢᠯᠡᠭᠦᠦ ᠤᠷᠮᠠᠰᠢᠭᠤᠯᠵᠤ ᠳᠡᠢ᠌ᠯᠬᠦ ᠬᠥᠮᠥᠨ ᠰᠣᠩᠭᠣᠵᠤ ᠬᠥᠮᠥᠨ ᠬᠡᠷᠡᠭᠯᠡᠬᠦ ᠳᠦᠷᠢᠮ᠂  ᠨᠡᠩ ᠢᠯᠡᠭᠦᠦ ᠰᠢᠰᠲ᠋ᠧᠮᠵᠢᠭᠦᠯᠦᠨ ᠬᠤᠷᠠᠭᠤᠯᠤᠭᠰᠠᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠲᠣᠭᠲᠠᠯᠴᠠᠭ᠎ᠠ ᠪᠠ ᠬᠤᠳᠠᠯᠳᠤᠭ᠋ᠠᠴᠢᠨ᠎ᠢ ᠨᠡᠩ ᠢᠯᠡᠭᠦᠦ ᠳᠣᠲᠣᠨᠣᠴᠢᠯᠠᠬᠤ ᠬᠤᠳᠠᠯᠳᠤᠭ᠋ᠠᠴᠢᠨ᠎ᠢ ᠨᠡᠩ ᠢᠯᠡᠭᠦᠦ ᠰᠠᠨᠠᠭ᠎ᠠ ᠠᠮᠤᠷ ᠪᠠᠢ᠌ᠯᠭ᠋ᠠᠬᠤ ᠬᠤᠳᠠᠯᠳᠤᠭ᠋ᠠᠴᠢᠨ᠎ᠢ ᠨᠡᠩ ᠢᠯᠡᠭᠦᠦ ᠪᠠᠶᠠᠵᠢᠭᠤᠯᠬᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠲᠦᠷᠭᠡᠳᠭᠡᠨ ᠪᠠᠢ᠌ᠭᠤᠯᠵᠤ᠂  ᠨᠡᠭᠡᠭᠡᠯᠲᠡ᠎ᠳᠤ ᠰᠢᠨ᠎ᠡ ᠵᠢ ᠡᠭᠦᠳᠬᠦ᠂  ᠳᠦᠷᠢᠮ᠎ᠳᠤ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠰᠢᠨ᠎ᠡ ᠵᠢ ᠡᠭᠦᠳᠬᠦ ᠵᠢ ᠬᠦᠴᠦᠯᠡᠨ ᠠᠬᠢᠭᠤᠯᠵᠤ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠭᠠᠳᠠᠭ᠋ᠠᠳᠤ᠎ᠲᠠᠢ ᠬᠠᠮᠲᠤᠷᠠᠨ ᠠᠵᠢᠯᠯᠠᠬᠤ ᠬᠢᠷᠢ ᠲᠦᠪᠰᠢᠨ ᠪᠠ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ᠎ᠤᠨ 《ᠬᠣᠣᠰ ᠳᠡᠭᠡᠭᠰᠢᠯᠡᠯᠲᠡ》 ᠵᠢ ᠪᠡᠶᠡᠯᠡᠭᠦᠯᠬᠦ᠎ᠪᠠᠷ ᠴᠢᠷᠮᠠᠢ᠌ᠨ᠂  ᠭᠠᠳᠠᠭ᠋ᠠᠳᠤ ᠨᠡᠭᠡᠭᠡᠯᠲᠡ ᠵᠢᠨ ᠰᠢᠨ᠎ᠡ ᠥᠨᠳᠥᠷᠯᠢᠭ᠎ᠢ ᠴᠣᠭᠴᠠᠯᠠᠨ᠎ᠠ᠃

       ᠬᠣᠶᠠᠷ᠂  ᠬᠥᠭᠵᠢᠯᠲᠡ ᠵᠢᠨ ᠬᠠᠷᠠᠯᠲᠠ

      2027 ᠣᠨ ᠪᠣᠯᠬᠤ᠎ᠳᠤ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠵᠤ ᠠᠬᠤᠢ ᠵᠢᠨ ᠶᠡᠷᠦᠩᠬᠡᠢ᠌ᠯᠡᠭᠰᠡᠨ ᠪᠣᠳᠠᠲᠤ ᠬᠦᠴᠦᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠂  ᠨᠡᠭᠡᠭᠡᠯᠲᠡ ᠬᠢᠵᠦ ᠬᠥᠭᠵᠢᠭᠦᠯᠬᠦ ᠬᠢᠷᠢ ᠲᠦᠪᠰᠢᠨ ᠪᠠ ᠣᠷᠣᠨ ᠪᠦᠰᠡ ᠵᠢᠨ ᠠᠵᠤ ᠠᠬᠤᠢ᠎ᠳᠤ ᠨᠡᠮᠡᠷᠢ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠵᠦ᠂  ᠭᠠᠵᠠᠷ ᠣᠷᠣᠨ᠎ᠤ ᠠᠵᠤ ᠠᠬᠤᠢ ᠵᠢᠨ ᠬᠥᠭᠵᠢᠯᠲᠡ᠎ᠳᠤ ᠦᠵᠡᠭᠦᠯᠬᠦ ᠳᠠᠢ᠌ᠴᠢᠯᠠᠬᠤ ᠬᠦᠴᠦᠨ ᠪᠠ ᠲᠤᠯᠭ᠋ᠠᠭᠤᠷᠢᠯᠠᠬᠤ ᠬᠦᠴᠦᠨ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃

      — ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢ ᠴᠢᠬᠤᠯᠠ ᠶᠡᠬᠡ ᠦᠷ᠎ᠡ ᠪᠦᠲᠦᠮᠵᠢ᠎ᠲᠠᠢ ᠪᠣᠯᠭ᠋ᠠᠵᠤ᠂  ᠬᠦᠷᠢᠶᠡᠯᠡᠩ ᠣᠷᠣᠨ᠎ᠤ ᠵᠠᠰᠠᠯᠲᠠ ᠵᠢᠨ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠦᠨ᠂  ᠪᠠᠢ᠌ᠭᠤᠯᠤᠯ ᠲᠣᠭᠲᠠᠴᠠ ᠵᠢ ᠨᠡᠩ ᠪᠣᠯᠪᠠᠰᠤᠷᠠᠩᠭᠤᠢ ᠪᠣᠯᠭ᠋ᠠᠵᠤ ᠲᠡᠭᠦᠯᠳᠡᠷᠵᠢᠭᠦᠯᠦᠨ᠂  ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠤᠯᠤᠰ᠎ᠤᠨ ᠳᠣᠲᠣᠭ᠋ᠠᠳᠤᠬᠢ ᠲᠡᠷᠢᠭᠦᠨ᠎ᠤ ᠬᠢᠷᠢ ᠲᠦᠪᠰᠢᠨ᠎ᠳᠤ ᠬᠦᠷᠦᠭᠦᠯᠦᠨ᠎ᠡ;

      — ᠠᠵᠤ ᠠᠬᠤᠢ ᠵᠢᠨ ᠶᠡᠷᠦᠩᠬᠡᠢ᠌ᠯᠡᠭᠰᠡᠨ ᠪᠣᠳᠠᠲᠤ ᠬᠦᠴᠦᠨ᠂  ᠰᠢᠨ᠎ᠡ ᠵᠢ ᠡᠭᠦᠳᠦᠨ ᠬᠥᠭᠵᠢᠭᠦᠯᠬᠦ ᠴᠢᠳᠠᠪᠤᠷᠢ᠂  ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ ᠠᠮᠢᠵᠢᠷᠠᠯ᠎ᠤᠨ ᠬᠦᠴᠦᠨ᠎ᠢ ᠢᠯᠡᠳᠲᠡ ᠴᠢᠩᠭ᠋ᠠᠷᠠᠭᠤᠯᠵᠤ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠳᠡᠭ (GDP)᠎ᠤᠨ ᠵᠢᠯ ᠪᠦᠷᠢ ᠵᠢᠨ ᠨᠡᠮᠡᠭᠳᠡᠯ᠎ᠤᠨ ᠬᠤᠷᠳᠤᠴᠠ ᠵᠢ 8%᠎ᠠᠴᠠ ᠳᠡᠭᠡᠭᠰᠢ ᠪᠠᠢ᠌ᠯᠭ᠋ᠠᠵᠤ᠂  ᠠᠵᠤ ᠦᠢ᠍ᠯᠡᠳᠪᠦᠷᠢ ᠵᠢᠨ ᠦᠢ᠍ᠯᠡᠳᠭᠦᠨ᠎ᠤ ᠶᠡᠷᠦᠩᠬᠡᠢ ᠥᠷᠳᠡᠭ᠎ᠤᠨ ᠨᠡᠮᠡᠭᠳᠡᠯ᠎ᠤᠨ ᠬᠡᠮᠵᠢᠶ᠎ᠡ ᠵᠢ 15%᠎ᠠᠴᠠ ᠳᠡᠭᠡᠭᠰᠢ᠎ᠳᠤ ᠬᠦᠷᠦᠭᠦᠯᠵᠦ᠂  ᠪᠠᠢ᠌ᠭ᠎ᠠ ᠭᠠᠵᠠᠷ ᠣᠷᠣᠨ᠎ᠤ᠎ᠪᠠᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠴᠢᠬᠤᠯᠠ ᠬᠥᠳᠡᠯᠭᠡᠭᠦᠷ ᠪᠣᠯᠭ᠋ᠠᠵᠤ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠶᠡᠷᠦᠩᠬᠡᠢ᠌ᠯᠡᠭᠰᠡᠨ ᠬᠥᠭᠵᠢᠯᠲᠡ ᠵᠢᠨ ᠬᠢᠷᠢ ᠲᠦᠪᠰᠢᠨ᠎ᠤ ᠰᠢᠯᠭ᠋ᠠᠨ ᠬᠢᠨᠠᠯᠲᠠ ᠦᠨᠡᠯᠡᠯᠲᠡ᠎ᠳᠠᠬᠢ ᠨᠡᠷᠡᠰ᠎ᠤᠨ ᠵᠢᠭᠰᠠᠭ᠋ᠠᠯᠲᠠ ᠵᠢ ᠨᠡᠯᠢᠶᠡᠳ ᠤᠷᠤᠭᠰᠢ ᠳᠡᠪᠰᠢᠭᠦᠯᠬᠦ ᠵᠢ ᠪᠡᠶᠡᠯᠡᠭᠦᠯᠦᠨ᠂  ᠪᠥᠬᠥ ᠤᠯᠤᠰ᠎ᠤᠨ ᠡᠮᠦᠨ᠎ᠡ 150 ᠨᠡᠷᠡᠰ᠂  ᠪᠠᠷᠠᠭᠤᠨ ᠬᠡᠰᠡᠭ ᠭᠠᠵᠠᠷ ᠣᠷᠣᠨ᠎ᠤ ᠡᠮᠦᠨ᠎ᠡ 25 ᠨᠡᠷᠡᠰ᠎ᠲᠤ ᠣᠷᠣᠭᠤᠯᠬᠤ᠎ᠪᠠᠷ ᠬᠦᠴᠦᠯᠡᠨ ᠴᠢᠷᠮᠠᠢ᠌ᠨ᠎ᠠ;

      — ᠣᠳᠣ ᠦᠶ᠎ᠡ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠪᠠᠢ᠌ᠭᠤᠯᠵᠦ᠂  ᠡᠯ᠎ᠡ ᠭᠣᠣᠯᠯᠠᠬᠤ ᠠᠵᠤ ᠦᠢ᠍ᠯᠡᠰ᠎ᠤᠨ ᠪᠦᠬᠦᠯᠢ ᠴᠣᠭᠴᠠ᠎ᠪᠠᠷ ᠰᠢᠨ᠎ᠡ ᠵᠢ ᠡᠭᠦᠳᠦᠨ ᠳᠡᠰ ᠳᠡᠪᠰᠢᠭᠦᠯᠬᠦ ᠵᠢ ᠪᠡᠶᠡᠯᠡᠭᠦᠯᠦᠨ᠂  ᠬᠡᠰᠡᠭ ᠠᠵᠤ ᠦᠢ᠍ᠯᠡᠰ᠎ᠤᠨ ᠬᠥᠭᠵᠢᠯᠲᠡ ᠵᠢ ᠪᠥᠬᠥ ᠤᠯᠤᠰ᠎ᠤᠨ ᠲᠡᠷᠢᠭᠦᠨ᠎ᠤ ᠡᠩᠨᠡᠭᠡᠨ᠎ᠳᠤ ᠣᠷᠣᠭᠤᠯᠵᠤ᠂  ᠠᠵᠤ ᠦᠢ᠍ᠯᠡᠰ᠎ᠤᠨ ᠳᠡᠭᠡᠳᠦ ᠳᠡᠰᠵᠢᠭᠦᠯᠬᠦ᠂  ᠣᠶᠤᠨᠴᠢᠯᠠᠬᠤ᠂  ᠪᠣᠬᠢᠷᠲᠤᠯ ᠦᠭᠡᠢ ᠪᠣᠯᠭ᠋ᠠᠬᠤ ᠬᠥᠭᠵᠢᠯᠲᠡ᠎ᠳᠤ ᠰᠢᠨ᠎ᠡ ᠰᠢᠪᠲᠤᠯᠤᠯᠲᠠ ᠭᠠᠷᠭ᠋ᠠᠵᠤ᠂  ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠬᠢᠷᠢ ᠲᠦᠪᠰᠢᠨ᠎ᠤ ᠰᠢᠨ᠎ᠡ ᠳᠠᠪᠠᠯᠲᠠ ᠵᠢ ᠪᠡᠶᠡᠯᠡᠭᠦᠯᠦᠨ᠎ᠡ;

      — ᠳᠡᠭᠡᠳᠦ ᠳᠡᠰ ᠳᠠᠪᠬᠤᠷᠭ᠎ᠠ ᠵᠢᠨ ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢ ᠠᠩᠬ᠎ᠠ ᠠᠯᠬᠤᠮ ᠪᠦᠲᠦᠭᠡᠨ ᠪᠠᠢ᠌ᠭᠤᠯᠵᠦ᠂  ᠭᠠᠳᠠᠭ᠋ᠠᠳᠤ ᠠᠷᠠᠯᠵᠢᠶ᠎ᠡ ᠭᠠᠳᠠᠭ᠋ᠠᠳᠤ ᠪᠡᠯᠡ ᠵᠢᠨ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠭᠡᠨ ᠶᠡᠬᠡᠰᠭᠡᠵᠦ᠂  ᠭᠠᠳᠠᠭᠰᠢᠯ ᠠᠵᠤ ᠠᠬᠤᠢ ᠵᠢᠨ ᠶᠠᠰᠤ ᠴᠢᠨᠠᠷ᠎ᠤᠨ ᠬᠢᠷᠢ ᠲᠦᠪᠰᠢᠨ᠎ᠢ ᠨᠡᠯᠢᠶᠡᠳ ᠶᠡᠬᠡ᠎ᠪᠠᠷ ᠳᠡᠭᠡᠭᠰᠢᠯᠡᠭᠦᠯᠦᠨ᠎ᠡ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠪᠣᠳᠠᠲᠠᠢ ᠬᠡᠷᠡᠭᠯᠡᠬᠦ ᠭᠠᠳᠠᠭ᠋ᠠᠳᠤ ᠪᠡᠯᠡ ᠵᠢ ᠵᠢᠯ ᠳᠤᠮᠳᠠᠴᠢ᠎ᠪᠠᠷ 10%᠎ᠠᠴᠠ ᠳᠡᠭᠡᠭᠰᠢ ᠨᠡᠮᠡᠭᠳᠡᠭᠦᠯᠦᠨ᠂  ᠪᠠᠢ᠌ᠭ᠎ᠠ ᠠᠢ᠌ᠮᠠᠭ ᠬᠣᠲᠠ ᠵᠢᠨ ᠵᠶ᠋ᠠᠨ ᠪᠣᠳᠠᠲᠠᠢ ᠬᠡᠷᠡᠭᠯᠡᠬᠦ ᠭᠠᠳᠠᠭ᠋ᠠᠳᠤ ᠪᠡᠯᠡ᠎ᠳᠤ ᠡᠵᠡᠯᠡᠬᠦ ᠬᠤᠪᠢ ᠵᠢᠨ ᠵᠢᠩ᠎ᠢ᠎ᠨᠢ 30%᠎ᠠᠴᠠ ᠳᠡᠭᠡᠭᠰᠢ᠎ᠳᠤ ᠬᠦᠷᠦᠭᠦᠯᠦᠨ᠎ᠡ᠃

       ᠭᠤᠷᠪᠠ᠂  ᠭᠣᠣᠯᠳᠠᠯᠭ᠋ᠠᠲᠤ ᠡᠭᠦᠷᠭᠡ

      (ᠨᠢᠭᠡ)  ᠥᠭᠡᠷᠡᠴᠢᠯᠡᠯᠲᠡ᠎ᠳᠤ ᠤᠯᠠᠮ ᠶᠡᠬᠡ ᠡᠵᠡ ᠮᠡᠳᠡᠬᠦ ᠡᠷᠬᠡ ᠣᠯᠭᠣᠨ᠎ᠠ᠃

      1. ᠡᠷᠬᠡ ᠵᠢ᠎ᠨᠢ ᠥᠷᠭᠡᠳᠭᠡᠨ ᠬᠦᠴᠦᠨ ᠴᠢᠳᠠᠮᠵᠢ ᠵᠢ ᠡᠷᠴᠢᠮᠯᠡᠬᠦ ᠵᠢ ᠯᠠᠪᠳᠠᠭᠤᠨ ᠪᠠᠲᠤᠲᠠᠢ ᠠᠬᠢᠭᠤᠯᠤᠨ᠎ᠠ᠃ 《ᠡᠷᠬᠡ ᠪᠠ ᠬᠠᠷᠢᠭᠤᠴᠠᠯᠭ᠎ᠠ ᠵᠢ ᠠᠳᠠᠯᠢ ᠲᠡᠭᠰᠢ ᠪᠠᠢ᠌ᠯᠭ᠋ᠠᠬᠤ᠂  ᠡᠭᠦᠷᠭᠡ ᠴᠢᠳᠠᠪᠤᠷᠢ ᠵᠢ ᠲᠣᠬᠢᠷᠠᠯᠴᠠᠭᠤᠯᠬᠤ᠂  ᠲᠠᠯᠪᠢᠪᠠᠰᠤ ᠵᠣᠬᠢᠬᠤ ᠵᠢ᠎ᠨᠢ ᠪᠥᠬᠥᠨ᠎ᠢ ᠲᠠᠯᠪᠢᠬᠤ》 ᠵᠠᠷᠴᠢᠮ ᠶᠣᠰᠣᠭ᠋ᠠᠷ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠡᠷᠬᠡ ᠵᠢ᠎ᠨᠢ ᠥᠷᠭᠡᠳᠭᠡᠨ ᠬᠦᠴᠦᠨ ᠴᠢᠳᠠᠮᠵᠢ ᠵᠢ᠎ᠨᠢ ᠡᠷᠴᠢᠮᠯᠡᠬᠦ ᠵᠢ ᠲᠦᠷᠭᠡᠳᠬᠡᠨ ᠠᠬᠢᠭᠤᠯᠵᠤ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠥᠪᠡᠷᠲᠡᠭᠡᠨ ᠵᠠᠰᠠᠬᠤ ᠣᠷᠣᠨ᠂  ᠠᠢ᠌ᠮᠠᠭ ᠬᠣᠲᠠ ᠵᠢᠨ ᠳᠡᠰ᠎ᠤᠨ ᠠᠵᠤ ᠠᠬᠤᠢ ᠵᠢᠨ ᠬᠠᠮᠢᠶᠠᠷᠤᠯᠲᠠ ᠵᠢᠨ ᠬᠢᠨᠠᠨ ᠵᠥᠪᠰᠢᠶᠡᠷᠡᠬᠦ ᠡᠷᠬᠡ ᠣᠯᠭᠣᠵᠤ᠂  ᠦᠨᠡᠨ ᠬᠦ᠌ ᠥᠪᠡᠷᠲᠡᠭᠡᠨ ᠵᠠᠰᠠᠬᠤ ᠣᠷᠣᠨ ᠪᠠ ᠠᠢ᠌ᠮᠠᠭ ᠬᠣᠲᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠠᠴᠠ ᠨᠢᠭᠡᠳᠦᠯᠲᠡᠢ ᠵᠣᠬᠢᠴᠠᠭᠤᠯᠤᠨ ᠬᠠᠮᠢᠶᠠᠷᠬᠤ ᠴᠢᠬᠤᠯᠠᠲᠠᠢ ᠵᠦᠢ᠍ᠯᠡᠰ᠎ᠠᠴᠠ ᠭᠠᠳᠠᠨ᠎ᠠ᠂  ᠵᠠᠷᠴᠢᠮ ᠳᠡᠭᠡᠷ᠎ᠡ᠎ᠪᠠᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ  ᠣᠷᠣᠨ᠎ᠤ ᠬᠠᠮᠢᠶᠠᠷᠤᠯᠲᠠ ᠵᠢᠨ ᠵᠥᠪᠯᠡᠯ᠎ᠳᠤ ᠬᠠᠤᠯᠢ ᠶᠣᠰᠣᠭ᠋ᠠᠷ ᠡᠷᠬᠡ ᠣᠯᠭᠣᠬᠤ ᠪᠤᠶᠤ ᠨᠠᠢ᠌ᠳᠠᠨ ᠬᠡᠷᠡᠭᠵᠢᠭᠦᠯᠦᠭᠦᠯᠵᠦ᠂  ᠬᠡᠷᠡᠭᠵᠢᠭᠦᠯᠬᠦ ᠬᠡᠪᠴᠢᠶ᠎ᠡ᠎ᠨᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠪᠥᠬᠥ ᠬᠠᠷᠢᠶ᠎ᠠ ᠣᠷᠣᠨ ᠪᠦᠰᠡ ᠵᠢ ᠬᠠᠮᠤᠷᠤᠨ᠎ᠠ᠃  ᠨᠦᠭᠦᠴᠡᠯ ᠪᠦᠷᠢᠳᠦᠭᠦᠯᠦᠭᠰᠡᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ ᠲᠥᠪᠯᠡᠷᠡᠩᠭᠦᠢ ᠬᠡᠷᠡᠭ ᠡᠷᠬᠢᠯᠡᠬᠦ ᠭᠠᠵᠠᠷ ᠲᠣᠬᠢᠷᠠᠭᠤᠯᠬᠤ ᠵᠢ ᠳᠡᠮᠵᠢᠵᠦ᠂  ᠲᠦᠷ ᠴᠠᠭ᠎ᠲᠤ ᠳᠣᠷᠣᠭᠰᠢ ᠪᠠᠭᠤᠯᠭ᠋ᠠᠵᠤ ᠳᠡᠢ᠌ᠯᠬᠦ ᠦᠭᠡᠢ ᠡᠷᠬᠡ ᠵᠢᠨ ᠵᠦᠢ᠍ᠯᠡᠰ᠎ᠲᠤ᠂  ᠦᠢ᠍ᠯᠡᠴᠢᠯᠡᠭᠡ᠎ᠪᠠᠨ ᠦᠷᠭᠦᠯᠵᠢᠯᠡᠨ ᠰᠢᠯᠢᠳᠡᠭᠵᠢᠭᠦᠯᠵᠦ᠂  ᠬᠡᠷᠡᠭ ᠡᠷᠬᠢᠯᠡᠬᠦ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ ᠰᠢᠭᠤᠳ ᠵᠠᠯᠭ᠋ᠠᠯᠳᠤᠭᠤᠯᠬᠤ ᠲᠣᠭᠲᠠᠴᠠ ᠵᠢ ᠪᠠᠢ᠌ᠭᠤᠯᠵᠤ᠂  ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠠᠭ᠋ᠠᠳ ᠦᠭᠡᠢ ᠨᠡᠪᠲᠡᠷᠡᠬᠦ ᠳᠥᠭᠥᠮ ᠨᠦᠭᠦᠴᠡᠯ᠎ᠢ ᠬᠦᠷᠲᠡᠭᠡᠨ᠎ᠡ᠃  ᠡᠯ᠎ᠡ ᠬᠣᠯᠪᠣᠭᠳᠠᠯ ᠪᠦᠬᠦᠢ ᠠᠢ᠌ᠮᠠᠭ ᠬᠣᠲᠠ᠎ᠨᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂  ᠡᠯ᠎ᠡ ᠲᠥᠷᠥᠯ᠎ᠤᠨ ᠣᠷᠣᠨ ᠲᠣᠭ᠋ᠠᠨ᠎ᠤ ᠡᠬᠢ ᠪᠠᠶᠠᠯᠢᠭ᠎ᠢ ᠲᠣᠭᠲᠠᠭ᠋ᠠᠯ ᠶᠣᠰᠣᠭ᠋ᠠᠷ ᠨᠢᠭᠡᠳᠦᠯᠲᠡᠢ ᠲᠥᠯᠥᠪᠯᠡᠨ ᠬᠡᠷᠡᠭᠯᠡᠵᠦ ᠪᠣᠯᠣᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂  ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ᠂  ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      2. ᠪᠡᠯᠡ ᠣᠷᠤᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃  ᠪᠡᠯᠡ ᠣᠷᠤᠭᠤᠯᠤᠯᠲᠠ ᠵᠢᠨ ᠲᠥᠷᠥᠯ ᠵᠦᠢ᠍ᠯ᠎ᠤᠨ ᠵᠥᠪᠰᠢᠶᠡᠷᠡᠨ ᠣᠷᠣᠭᠤᠯᠬᠤ ᠭᠠᠷᠳᠠᠮ᠎ᠢ ᠬᠠᠤᠯᠢ ᠶᠣᠰᠣᠭ᠋ᠠᠷ ᠴᠣᠮᠬᠠᠳᠬᠠᠨ᠂  ᠬᠢᠨᠠᠨ ᠵᠥᠪᠰᠢᠶᠡᠷᠡᠬᠦ ᠳᠠᠰ ᠳᠠᠷᠠᠭ᠋ᠠᠯᠠᠯ᠎ᠢ ᠳᠥᠭᠥᠮᠴᠢᠯᠡᠵᠦ᠂  ᠤᠷᠢᠳ ᠵᠶ᠋ᠠᠷ ᠪᠠᠢ᠌ᠭᠤᠯᠵᠤ ᠳᠠᠷᠠᠭ᠎ᠠ᠎ᠨᠢ ᠰᠢᠯᠭ᠋ᠠᠬᠤ ᠬᠠᠮᠢᠶᠠᠷᠤᠯᠲᠠ ᠵᠢᠨ ᠰᠢᠨ᠎ᠡ ᠵᠠᠭᠪᠤᠷ᠎ᠢ ᠬᠡᠷᠡᠭᠵᠢᠭᠦᠯᠦᠨ᠎ᠡ᠃  ᠪᠡᠯᠡ ᠣᠷᠤᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠪᠥᠬᠥ ᠴᠤᠪᠤᠷᠠᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂  ᠳᠤᠲᠠᠭᠤ ᠵᠢ ᠬᠦᠯᠢᠶᠡᠨ ᠠᠪᠴᠤ ᠬᠢᠨᠠᠨ ᠵᠥᠪᠰᠢᠶᠡᠷᠡᠬᠦ ᠳᠠᠷᠠᠭ᠋ᠠᠯᠠᠯ᠎ᠳᠤ ᠣᠷᠣᠭᠤᠯᠬᠤ ᠬᠠᠮᠢᠶᠠᠷᠤᠯᠲᠠ ᠵᠢᠨ ᠠᠷᠭ᠎ᠠ ᠮᠠᠶᠢᠭ᠎ᠢ ᠬᠡᠷᠡᠭᠵᠢᠭᠦᠯᠦᠨ᠎ᠡ;  ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠥᠷᠨᠢᠭᠦᠯᠦᠨ᠂  ᠬᠢᠨᠠᠨ ᠵᠥᠪᠰᠢᠶᠡᠷᠡᠬᠦ ᠴᠤᠪᠤᠷᠠᠯ᠎ᠢ ᠨᠢᠭᠡᠳᠭᠡᠨ᠂  ᠮᠡᠳᠡᠭᠡ ᠵᠠᠩᠬᠢ ᠵᠢᠨ ᠲᠣᠭ᠎ᠠ ᠪᠠᠷᠢᠮᠲᠠ ᠵᠢᠨ ᠲᠠᠪᠴᠠᠩ᠎ᠢ ᠨᠢᠭᠡᠳᠭᠡᠨ᠂  ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠲᠣᠭᠲᠠᠯᠴᠠᠭ᠎ᠠ ᠵᠢ ᠨᠢᠭᠡᠳᠭᠡᠨ᠂  ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠢ ᠨᠢᠭᠡᠳᠭᠡᠨ᠎ᠡ᠃  ᠬᠦᠷᠢᠶᠡᠯᠡᠩ ᠣᠷᠣᠨ᠎ᠤ ᠲᠥᠷᠥᠯ ᠵᠦᠢ᠍ᠯ ᠣᠷᠣᠭᠤᠯᠤᠨ ᠠᠪᠴᠢᠷᠠᠬᠤ ᠲᠥᠯᠥᠪᠵᠢᠭᠦᠯᠭᠡ᠎ᠪᠠᠨ ᠴᠢᠩᠭ᠋ᠠᠳᠬᠠᠨ᠂  ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠂  ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠠᠵᠢᠯ᠎ᠤᠨ ᠭᠣᠣᠯᠳᠠᠯᠭ᠎ᠠ ᠵᠢ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠲᠥᠯᠥᠪᠯᠡᠨ ᠲᠥᠯᠥᠪᠵᠢᠭᠦᠯᠬᠦ᠂  ᠲᠥᠷᠥᠯ ᠵᠦᠢ᠍ᠯ᠎ᠢ ᠪᠣᠳᠠᠲᠠᠢ᠌ᠵᠢᠭᠤᠯᠬᠤ ᠭᠣᠭᠴᠣᠭ᠎ᠠ᠎ᠳᠤ ᠲᠥᠪᠯᠡᠷᠡᠭᠦᠯᠵᠦ᠂  ᠠᠵᠤ ᠠᠬᠤᠢ᠌ᠯᠠᠯ᠎ᠠᠴᠠ ᠪᠡᠯᠡ ᠣᠷᠣᠭᠤᠯᠤᠨ ᠲᠦᠭᠰᠢᠭᠦᠷᠢ᠎ᠪᠠᠨ ᠥᠪᠡᠰᠦᠪᠡᠨ ᠳᠠᠭ᠋ᠠᠭ᠋ᠠᠨ ᠡᠭᠦᠷᠬᠡᠯᠡᠬᠦ ᠲᠥᠷᠥᠯ ᠵᠦᠢ᠍ᠯ᠎ᠳᠤ᠂  ᠬᠢᠨᠠᠨ ᠵᠥᠪᠰᠢᠶᠡᠷᠡᠬᠦ ᠶᠠᠪᠤᠴᠠ᠎ᠳᠤ ᠮᠡᠳᠡᠭᠳᠡᠨ ᠠᠮᠠᠯᠳᠠᠬᠤ ᠳᠦᠷᠢᠮ᠎ᠢ ᠬᠡᠷᠡᠭᠵᠢᠭᠦᠯᠦᠨ᠂  ᠠᠮᠠᠯᠳᠠᠭᠰᠠᠨ ᠵᠦᠢ᠍ᠯᠡᠰ᠎ᠤᠨ ᠠᠵᠢᠯ ᠶᠠᠪᠤᠳᠠᠯ᠎ᠤᠨ ᠳᠤᠮᠳᠠᠬᠢ᠂  ᠠᠵᠢᠯ ᠶᠠᠪᠤᠳᠠᠯ᠎ᠤᠨ ᠬᠣᠢ᠌ᠨᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠵᠢ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠡᠷᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂  ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂  ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂  ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      3. ᠵᠣᠬᠢᠬᠤ ᠬᠡᠮᠵᠢᠶ᠎ᠡ᠎ᠪᠠᠷ ᠬᠡᠯᠪᠡᠢ᠌ᠯᠭᠡᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠠᠴᠠ ᠪᠡᠯᠡ ᠣᠷᠤᠭᠤᠯᠤᠯᠲᠠ ᠵᠢ ᠱᠠᠩᠨᠠᠨ ᠬᠥᠬᠢᠭᠦᠯᠬᠦ᠂  ᠵᠢᠭᠡᠯᠡᠯᠭᠡ ᠵᠢᠨ ᠳᠡᠮ ᠬᠦᠦ ᠥᠭᠬᠦ᠂  ᠲᠥᠬᠥᠭᠡᠷᠦᠮᠵᠢ ᠵᠢᠨ ᠨᠡᠮᠡᠭᠦᠷᠢ ᠣᠯᠭᠣᠬᠤ᠂  ᠪᠣᠯᠪᠠᠰᠤᠷᠠᠯ᠎ᠤᠨ ᠨᠡᠮᠡᠭᠦᠷᠢ ᠬᠦᠷᠲᠡᠭᠡᠬᠦ ᠵᠡᠷᠭᠡ ᠠᠵᠤ ᠦᠢ᠍ᠯᠡᠰ᠎ᠢ ᠬᠥᠲᠥᠯᠥᠨ ᠵᠢᠯᠣᠭᠣᠳᠴᠤ ᠲᠡᠳᠭᠦᠨ ᠳᠡᠮᠵᠢᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠲᠣᠭᠲᠠᠭ᠋ᠠᠨ ᠬᠡᠷᠡᠭᠵᠢᠭᠦᠯᠬᠦ ᠵᠢ ᠵᠥᠪᠰᠢᠶᠡᠷᠡᠨ᠎ᠡ;  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠨᠢ ᠪᠣᠳᠠᠲᠤ ᠬᠦᠴᠦᠨ ᠵᠶ᠋ᠠᠷ ᠴᠢᠩᠭ᠎ᠠ ᠪᠡᠯᠡ ᠣᠷᠤᠭᠤᠯᠤᠯᠲᠠ ᠵᠢᠨ ᠪᠠᠩᠬᠢ᠂  ᠦᠨᠡᠲᠦ ᠲᠡᠮᠳᠡᠭᠲᠦ ᠵᠢᠨ ᠺᠣᠮᠫᠠᠨᠢ ᠵᠡᠷᠭᠡ᠎ᠯᠦᠭᠡ ᠬᠠᠮᠲᠤ᠎ᠪᠠᠷ ᠠᠵᠤ ᠦᠢ᠍ᠯᠡᠰ᠎ᠤᠨ ᠪᠡᠯᠡ ᠣᠷᠤᠭᠤᠯᠤᠯᠲᠠ ᠵᠢᠨ ᠰᠠᠭᠤᠷᠢ ᠮᠥᠩᠭᠥ ᠭᠤᠶᠤᠴᠢᠯᠠᠨ ᠪᠠᠢ᠌ᠭᠤᠯᠬᠤ ᠵᠢ ᠵᠥᠪᠰᠢᠶᠡᠷᠡᠵᠦ᠂  ᠤᠷᠢᠳ ᠵᠶ᠋ᠠᠷ ᠲᠤᠷᠰᠢᠯᠲᠠ ᠵᠢᠨ ᠴᠡᠭ ᠪᠠᠢ᠌ᠭᠤᠯᠤᠨ᠂ 《ᠬᠠᠮᠲᠤᠷᠠᠵᠤ ᠪᠡᠯᠡ ᠣᠷᠤᠭᠤᠯᠬᠤ᠂  ᠲᠤᠰᠬᠠᠢ ᠮᠡᠷᠭᠡᠵᠢᠯᠲᠡᠨ ᠵᠶ᠋ᠠᠷ ᠬᠠᠮᠢᠶᠠᠷᠤᠭᠤᠯᠬᠤ᠂  ᠲᠦᠭᠰᠢᠭᠦᠷᠢ᠎ᠪᠠᠨ ᠵᠠᠳᠠᠷᠠᠭᠤᠯᠬᠤ᠂  ᠵᠢᠷᠤᠮᠵᠢᠭᠤᠨ ᠠᠵᠢᠯᠯᠠᠭᠤᠯᠬᠤ》   ᠵᠠᠷᠴᠢᠮ ᠶᠣᠰᠣᠭ᠋ᠠᠷ᠂  ᠰᠠᠭᠤᠷᠢ ᠮᠥᠩᠭᠥᠨ᠎ᠤ ᠡᠳ᠋ ᠬᠥᠷᠥᠩᠭᠡ᠎ᠪᠠᠨ ᠨᠡᠮᠡᠭᠳᠡᠭᠦᠯᠬᠦ ᠵᠢ ᠪᠡᠶᠡᠯᠡᠭᠦᠯᠵᠦ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠌ᠭᠤᠯᠤᠯᠲᠠ᠂  ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠵᠢ ᠲᠡᠳᠭᠦᠨ ᠳᠡᠮᠵᠢᠬᠦ᠎ᠳᠤ ᠪᠦᠲᠦᠮᠵᠢᠲᠡᠢ ᠮᠥᠩᠭᠥᠨ ᠭᠦᠢ᠍ᠯᠭᠡᠭᠡᠨ᠎ᠤ ᠳᠡᠮᠵᠢᠯᠭᠡ ᠪᠠ ᠦᠢ᠍ᠯᠡᠴᠢᠯᠡᠭᠡ ᠬᠠᠩᠭ᠋ᠠᠨ᠎ᠠ;  ᠰᠠᠯᠬᠢᠨ ᠭᠦᠴᠦᠨ᠎ᠤ ᠴᠠᠬᠢᠯᠭ᠋ᠠᠨ᠂  ᠭᠡᠷᠡᠯᠴᠢ ᠴᠡᠨᠡᠭ᠎ᠤᠨ ᠪᠦᠲᠦᠭᠡᠨ ᠪᠠᠢ᠌ᠭᠤᠯᠤᠯᠲᠠ ᠵᠢᠨ ᠭᠦᠢ᠍ᠴᠡᠳᠭᠡᠯ ᠲᠣᠭ᠎ᠠ ᠵᠢ ᠤᠷᠢᠳ ᠵᠶ᠋ᠠᠷ ᠲᠣᠬᠢᠷᠠᠭᠤᠯᠵᠤ᠂  ᠬᠥᠬᠡᠬᠣᠲᠠ ᠵᠢᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠰᠢᠨ᠎ᠡ ᠡᠨᠧᠷᠭᠢ ᠵᠢᠨ ᠡᠨᠧᠷᠭᠢ ᠲᠣᠣᠷ ᠳᠠᠭ᠋ᠠᠭ᠋ᠠᠴᠠ ᠨᠦᠬᠡᠴᠡ ᠵᠢᠨ ᠨᠢᠭᠡ ᠴᠣᠭᠴᠠᠵᠢᠭᠤᠯᠬᠤ ᠲᠥᠬᠥᠷ ᠪᠦᠲᠦᠭᠡᠨ ᠪᠠᠢ᠌ᠭᠤᠯᠤᠯᠲᠠ ᠵᠢ ᠬᠡᠷᠡᠭᠵᠢᠭᠦᠯᠬᠦ ᠵᠢ᠎ᠨᠢ ᠳᠡᠮᠵᠢᠨ᠎ᠡ;  ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠭᠦᠢ᠍ᠴᠡᠳᠬᠡᠯ ᠲᠣᠭ᠎ᠠ ᠵᠡᠷᠭᠡ ᠭᠦᠢ᠍ᠴᠡᠳᠬᠡᠯ ᠲᠣᠭ᠋ᠠᠨ᠎ᠤ ᠬᠤᠪᠢᠶᠠᠷᠢᠯᠠᠯ᠎ᠤᠨ ᠲᠠᠯ᠎ᠠ᠎ᠪᠠᠷ ᠭᠦᠢ᠍ᠴᠡᠳᠬᠡᠯ ᠲᠣᠭ᠎ᠠ ᠵᠢ ᠠᠰ᠎ᠲᠤ᠎ᠨᠢ ᠵᠢᠭᠰᠠᠭ᠋ᠠᠬᠤ ᠠᠷᠭ᠎ᠠ ᠵᠢ ᠠᠪᠴᠤ ᠬᠥᠳᠡᠯᠦᠩᠭᠦᠢ ᠬᠠᠮᠢᠶᠠᠷᠤᠨ᠎ᠠ;  ᠭᠠᠵᠠᠷ ᠰᠢᠷᠣᠢ ᠬᠡᠷᠡᠭᠯᠡᠬᠦ᠂  ᠡᠨᠧᠷᠭᠢ ᠬᠡᠷᠡᠭᠯᠡᠬᠦ᠂  ᠤᠰᠤ ᠬᠡᠷᠡᠭᠯᠡᠬᠦ ᠵᠡᠷᠭᠡ ᠬᠢᠵᠠᠭ᠋ᠠᠷᠯᠠᠯ᠎ᠤᠨ ᠴᠢᠨᠠᠷᠲᠠᠢ ᠭᠦᠢ᠍ᠴᠡᠳᠬᠡᠯ ᠲᠣᠭ᠋ᠠᠨ᠎ᠤ ᠲᠠᠯ᠎ᠠ᠎ᠪᠠᠷ ᠵᠣᠬᠢᠬᠤ ᠬᠡᠮᠵᠢᠶ᠎ᠡ᠎ᠪᠠᠷ ᠬᠡᠯᠪᠡᠢ᠌ᠯᠭᠡᠵᠦ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠥᠭᠵᠢᠯᠲᠡ ᠵᠢᠨ ᠬᠡᠷᠡᠭᠴᠡᠭᠡ ᠵᠢ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠲᠢᠩᠬᠢᠮ᠂  ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂  ᠡᠨᠧᠷᠭᠢ ᠵᠢᠨ ᠲᠣᠪᠴᠢᠶ᠎ᠡ᠂  ᠳᠤᠮᠳᠠᠳᠤ ᠤᠯᠤᠰ᠎ᠤᠨ ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠂  ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      4. ᠪᠦᠲᠦᠭᠡᠨ ᠪᠠᠢ᠌ᠭᠤᠯᠤᠯᠲᠠ ᠡᠵᠡᠩᠨᠡᠬᠦ ᠠᠵᠢᠯᠯᠠᠭ᠋ᠠᠨ᠎ᠤ ᠵᠠᠭᠪᠤᠷ᠎ᠲᠤ ᠰᠢᠨ᠎ᠡ ᠵᠢ ᠡᠭᠦᠳᠦᠨ᠎ᠡ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠢ ᠨᠡᠭᠡᠭᠡᠨ ᠬᠥᠭᠵᠢᠭᠦᠯᠦᠨ ᠪᠦᠲᠦᠭᠡᠨ ᠪᠠᠢ᠌ᠭᠤᠯᠤᠭᠰᠠᠨ ᠭᠣᠣᠯ ᠴᠣᠭᠴᠠ ᠵᠢᠨ ᠡᠳ᠋ ᠬᠥᠷᠥᠩᠭᠡ᠎ᠪᠠᠨ ᠰᠢᠯᠢᠳᠡᠭᠵᠢᠭᠦᠯᠦᠨ ᠳᠠᠬᠢᠨ ᠵᠣᠬᠢᠶᠠᠨ ᠪᠠᠢ᠌ᠭᠤᠯᠬᠤ ᠵᠢ᠎ᠨᠢ ᠳᠡᠮᠵᠢᠨ᠎ᠡ;  ᠨᠦᠭᠦᠴᠡᠯ᠎ᠳᠤ ᠨᠡᠢ᠌ᠴᠡᠭᠰᠡᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠢ ᠨᠡᠭᠡᠭᠡᠨ ᠬᠥᠭᠵᠢᠭᠦᠯᠦᠨ ᠪᠦᠲᠦᠭᠡᠨ ᠪᠠᠢ᠌ᠭᠤᠯᠤᠭᠰᠠᠨ ᠭᠣᠣᠯ ᠴᠣᠭᠴᠠ ᠵᠢᠨ ᠠᠩᠬ᠎ᠠ ᠤᠳᠠᠭ᠎ᠠ ᠢᠯᠡ᠎ᠪᠠᠷ ᠰᠲ᠋ᠣᠺ ᠲᠠᠷᠬᠠᠭ᠋ᠠᠵᠤ ᠵᠠᠬ᠎ᠠ ᠳᠡᠯᠭᠡᠭᠦᠷ᠎ᠲᠤ ᠭᠠᠷᠬᠤ᠎ᠪᠠᠷ ᠭᠤᠶᠤᠴᠢᠯᠠᠬᠤ ᠵᠢ᠎ᠨᠢ ᠳᠡᠮᠵᠢᠨ᠎ᠡ;  ᠠᠷᠠᠳ᠎ᠠᠴᠠ ᠡᠵᠡᠩᠨᠡᠭᠰᠡᠨ ᠬᠥᠷᠥᠩᠭᠡ ᠪᠠ ᠨᠡᠢ᠌ᠭᠡᠮ᠎ᠤᠨ ᠬᠥᠷᠥᠩᠭᠡ ᠵᠢᠨ ᠣᠨᠴᠠᠯᠢᠭᠲᠤ ᠠᠵᠤ ᠦᠢ᠍ᠯᠡᠰ᠎ᠤᠨ ᠬᠦᠷᠢᠶᠡᠯᠡᠩ᠎ᠢ ᠬᠠᠮᠲᠤ᠎ᠪᠠᠷ ᠨᠡᠭᠡᠭᠡᠨ ᠬᠥᠭᠵᠢᠭᠦᠯᠬᠦ᠂  ᠪᠦᠲᠦᠭᠡᠨ ᠪᠠᠢ᠌ᠭᠤᠯᠬᠤ᠂  ᠬᠠᠮᠢᠶᠠᠷᠬᠤ ᠵᠢ᠎ᠨᠢ ᠳᠡᠮᠵᠢᠵᠦ᠂  ᠵᠥᠪᠰᠢᠶᠡᠷᠡᠨ ᠣᠷᠣᠭᠤᠯᠬᠤ᠂  ᠪᠡᠯᠡ ᠣᠷᠣᠭᠤᠯᠵᠤ ᠪᠡᠯᠡ ᠲᠣᠬᠢᠷᠠᠭᠤᠯᠬᠤ᠂  ᠳᠥᠭᠥᠮ ᠳᠥᠲᠡ ᠦᠢ᠍ᠯᠡᠴᠢᠯᠡᠭᠡᠨ ᠬᠦᠷᠲᠡᠭᠡᠬᠦ ᠵᠡᠷᠭᠡ ᠲᠠᠯ᠎ᠠ᠎ᠳᠤ ᠳᠡᠮᠵᠢᠯᠭᠡ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂  ᠡᠳ᠋᠎ᠤᠨ ᠵᠠᠰᠠᠭ᠎ᠤᠨ ᠲᠢᠩᠬᠢᠮ᠂  ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂  ᠳᠤᠮᠳᠠᠳᠤ ᠤᠯᠤᠰ᠎ᠤᠨ ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂  ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠬᠣᠶᠠᠷ)  ᠣᠳᠣ ᠦᠶ᠎ᠡ ᠵᠢᠨ ᠠᠵᠤ ᠦᠢ᠍ᠯᠡᠰ᠎ᠢ ᠪᠥᠭᠡᠮᠨᠡᠷᠡᠭᠦᠯᠦᠨ ᠬᠥᠭᠵᠢᠭᠦᠯᠬᠦ ᠵᠢ ᠠᠬᠢᠭᠤᠯᠤᠨ᠎ᠠ᠃

      5. ᠠᠵᠤ ᠦᠢ᠍ᠯᠡᠰ᠎ᠤᠨ ᠪᠠᠢ᠌ᠷᠢᠰᠢᠭᠤᠯᠤᠯᠲᠠ ᠵᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂  ᠴᠢᠨᠠᠷ ᠰᠠᠢ᠌ᠲᠠᠢ ᠬᠥᠭᠵᠢᠯᠲᠡ ᠵᠢᠨ ᠠᠷᠭ᠎ᠠ ᠵᠠᠮ ᠪᠠ ᠵᠦᠭ ᠴᠢᠭᠯᠡᠯ᠎ᠢ ᠲᠣᠳᠣᠷᠬᠠᠢ ᠪᠣᠯᠭ᠋ᠠᠨ᠂  ᠵᠥᠪᠰᠢᠶᠡᠷᠡᠨ ᠣᠷᠣᠭᠤᠯᠬᠤ ᠪᠠᠷᠢᠮᠵᠢᠶ᠎ᠠ ᠵᠢ ᠴᠢᠩᠭ᠎ᠠ ᠡᠵᠡᠮᠳᠡᠵᠦ᠂  ᠤᠳᠤᠷᠢᠳᠤᠮᠵᠢ ᠪᠣᠯᠬᠤ ᠠᠵᠤ ᠦᠢ᠍ᠯᠡᠰ᠎ᠤᠨ ᠪᠥᠬᠥ ᠦᠵᠡᠮᠵᠢ ᠵᠢᠨ ᠵᠢᠷᠤᠭ᠎ᠢ ᠨᠠᠢ᠌ᠷᠠᠭᠤᠯᠤᠨ ᠵᠣᠬᠢᠶᠠᠵᠤ᠂  ᠣᠳᠣ ᠦᠶ᠎ᠡ ᠵᠢᠨ ᠠᠵᠤ ᠦᠢ᠍ᠯᠡᠰ᠎ᠤᠨ ᠠᠮᠢ ᠠᠬᠤᠢ ᠵᠢᠨ ᠲᠣᠭᠲᠠᠯᠴᠠᠭ᠎ᠠ ᠵᠢ ᠴᠣᠭᠴᠠᠯᠠᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠵᠤ ᠦᠢ᠍ᠯᠡᠰ᠎ᠤᠨ ᠪᠠᠢ᠌ᠷᠢᠰᠢᠭᠤᠯᠤᠯᠲᠠ᠎ᠨᠢ ᠥᠪᠡᠷ ᠥᠪᠡᠷ᠎ᠤᠨ ᠵᠶ᠋ᠠᠨ ᠭᠣᠣᠯᠳᠠᠯᠭ᠎ᠠ᠎ᠲᠠᠢ ᠪᠠᠢ᠌ᠵᠤ᠂  ᠡᠬᠢ ᠪᠠᠶᠠᠯᠢᠭ᠎ᠤᠨ ᠳᠠᠪᠠᠭᠤᠯᠢᠭ᠂  ᠠᠵᠤ ᠦᠢ᠍ᠯᠡᠰ᠎ᠤᠨ ᠰᠠᠭᠤᠷᠢ᠂  ᠣᠷᠴᠢᠨ ᠲᠣᠭᠣᠷᠢᠨ᠎ᠤ ᠪᠠᠭᠲᠠᠭ᠋ᠠᠮᠵᠢ ᠵᠡᠷᠭᠡ ᠬᠦᠴᠦᠨ ᠵᠦᠢ᠍ᠯ᠎ᠯᠦᠭᠡ ᠤᠶᠠᠯᠳᠤᠭᠤᠯᠤᠨ ᠥᠪᠡᠷ᠎ᠤᠨ ᠣᠨᠴᠠᠯᠢᠭ ᠪᠦᠬᠦᠢ ᠤᠳᠤᠷᠢᠳᠤᠮᠵᠢ ᠪᠣᠯᠬᠤ ᠠᠵᠤ ᠦᠢ᠍ᠯᠡᠰ ᠵᠶ᠋ᠡᠨ ᠲᠣᠭᠲᠠᠭ᠋ᠠᠨ᠂  ᠢᠵᠢᠯᠢᠰᠢᠬᠦ ᠬᠠᠨᠳᠤᠰᠢ᠎ᠠᠴᠠ ᠵᠠᠢ᠌ᠯᠠᠰᠬᠢᠬᠦ ᠬᠡᠷᠡᠭᠲᠡᠢ᠃  ᠡᠯ᠎ᠡ ᠬᠣᠯᠪᠣᠭᠳᠠᠯ ᠪᠦᠬᠦᠢ ᠠᠢ᠌ᠮᠠᠭ ᠬᠣᠲᠠ ᠵᠢᠨ᠎ᠬᠢᠨ᠎ᠤ ᠴᠢᠬᠤᠯᠠ ᠶᠡᠬᠡ ᠠᠵᠤ ᠦᠢ᠍ᠯᠡᠰ᠎ᠤᠨ ᠲᠥᠷᠥᠯ ᠵᠦᠢ᠍ᠯ᠎ᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠤᠷᠢᠳ ᠵᠶ᠋ᠠᠷ ᠲᠥᠯᠥᠪᠵᠢᠭᠦᠯᠦᠨ ᠪᠠᠢ᠌ᠷᠢᠰᠢᠭᠤᠯᠬᠤ ᠵᠢ ᠵᠣᠷᠢᠭᠵᠢᠭᠤᠯᠵᠤ᠂  ᠬᠥᠲᠥᠴᠢ ᠠᠵᠤ ᠠᠬᠤᠢ᠌ᠯᠠᠯ᠂  ᠲᠣᠯᠣᠭ᠋ᠠᠢ᠌ᠯᠠᠭᠴᠢ ᠠᠵᠤ ᠠᠬᠤᠢ᠌ᠯᠠᠯ᠎ᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ ᠪᠣᠢ᠌ᠵᠢᠭᠤᠯᠤᠨ᠂  ᠤᠳᠤᠷᠢᠳᠤᠮᠵᠢ ᠪᠣᠯᠬᠤ ᠠᠵᠤ ᠦᠢ᠍ᠯᠡᠰ᠎ᠤᠨ ᠳᠡᠰ ᠳᠡᠪᠰᠢᠬᠦ ᠵᠢ ᠭᠣᠣᠯᠳᠠᠯᠭ᠎ᠠ᠎ᠲᠠᠢ ᠠᠬᠢᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂  ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      6. ᠳᠡᠭᠡᠳᠦ ᠰᠢᠯᠢᠳᠡᠭ ᠣᠬᠢ ᠠᠵᠤ ᠦᠢ᠍ᠯᠡᠰ᠎ᠤᠨ ᠪᠦᠯᠦᠭᠵᠢᠯ᠎ᠢ ᠪᠣᠢ᠌ᠵᠢᠭᠤᠯᠤᠨ᠎ᠠ᠃  ᠠᠮᠢᠳᠤ ᠪᠣᠳᠠᠰ᠎ᠤᠨ ᠮᠡᠷᠭᠡᠵᠢᠯ᠂  ᠳᠡᠭᠡᠳᠦ ᠳᠡᠰ᠎ᠤᠨ ᠲᠣᠨᠣᠭ ᠲᠥᠬᠥᠭᠡᠷᠦᠮᠵᠢ᠂  ᠰᠢᠨ᠎ᠡ ᠡᠨᠧᠷᠭᠢ᠂  ᠰᠢᠨ᠎ᠡ ᠮᠠᠲ᠋ᠧᠷᠢᠶᠠᠯ᠂  ᠳ᠋ᠢᠵᠢᠲ᠋ᠠᠯ ᠠᠵᠤ ᠦᠢ᠍ᠯᠡᠰ᠂  ᠪᠣᠬᠢᠷᠲᠤᠯ ᠦᠭᠡᠢ ᠢᠳᠡᠭᠡᠨ᠎ᠤ ᠵᠦᠢ᠍ᠯ᠎ᠢ ᠡᠳ᠋ᠰᠢᠭᠦᠯᠦᠨ ᠪᠣᠯᠪᠠᠰᠤᠷᠠᠭᠤᠯᠬᠤ᠂  ᠠᠮᠢᠳᠤ ᠪᠣᠳᠠᠰ᠎ᠤᠨ ᠡᠮ ᠡᠮᠨᠡᠯᠭᠡ᠂  ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠣᠨᠣᠭ ᠲᠥᠬᠥᠭᠡᠷᠦᠮᠵᠢ ᠦᠢ᠍ᠯᠡᠳᠬᠦ ᠵᠡᠷᠭᠡ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠪᠣᠢ ᠪᠣᠯᠣᠭᠰᠠᠨ ᠠᠵᠤ ᠦᠢ᠍ᠯᠡᠰ᠎ᠢ ᠭᠣᠣᠯᠳᠠᠯᠭ᠎ᠠ᠎ᠲᠠᠢ ᠬᠥᠭᠵᠢᠭᠦᠯᠵᠦ᠂  ᠳ᠋ᠢᠵᠢᠲ᠋ᠠᠯ ᠠᠵᠤ ᠠᠬᠤᠢ ᠵᠢ ᠶᠡᠬᠡ᠎ᠪᠠᠷ ᠬᠥᠭᠵᠢᠭᠦᠯᠦᠨ᠂  ᠠᠵᠤ ᠦᠢ᠍ᠯᠡᠰ᠎ᠤᠨ ᠲᠣᠭ᠋ᠠᠵᠢᠭᠤᠯᠤᠯᠲᠠ ᠪᠠ ᠲᠣᠭ᠋ᠠᠵᠢᠭᠤᠯᠤᠯᠲᠠ ᠵᠢᠨ ᠠᠵᠤ ᠦᠢ᠍ᠯᠡᠰᠵᠢᠯᠲᠡ ᠵᠢ ᠠᠬᠢᠭᠤᠯᠤᠨ᠎ᠠ;  ᠲᠡᠷᠢᠭᠦᠨ᠎ᠤ ᠦᠢ᠍ᠯᠡᠳᠬᠦ ᠦᠢ᠍ᠯᠡᠰ᠎ᠤᠨ ᠠᠵᠤ ᠠᠬᠤᠢ᠌ᠯᠠᠯ᠂  ᠲᠤᠰᠬᠠᠢ᠌ᠵᠢᠭᠰᠠᠨ ᠰᠣᠳᠣᠨ ᠥᠪᠡᠷᠮᠢᠴᠡ ᠰᠢᠨ᠎ᠡ ᠵᠢᠵᠢᠭ ᠠᠲᠠᠯ᠎ᠠ ᠠᠪᠤᠷᠭᠤ ᠠᠵᠤ ᠠᠬᠤᠢ᠌ᠯᠠᠯ᠂  ᠵᠠᠩᠬᠢᠯᠠᠭ᠎ᠠ ᠵᠢᠨ ᠰᠡᠯᠪᠢᠭ ᠲᠣᠨᠣᠭ ᠪᠠ ᠵᠠᠪᠰᠠᠷ᠎ᠤᠨ ᠦᠢ᠍ᠯᠡᠳᠭᠦᠨ ᠦᠢ᠍ᠯᠡᠳᠬᠦ ᠠᠵᠤ ᠠᠬᠤᠢ᠌ᠯᠠᠯ᠎ᠢ ᠲᠦᠷᠭᠡᠪᠴᠢᠯᠡᠨ ᠣᠷᠣᠭᠤᠯᠵᠤ ᠠᠪᠴᠢᠷᠠᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠤᠯᠤᠰ᠎ᠤᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠭᠦᠯᠦᠯᠲᠡ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠡᠭᠦᠳᠦᠨ ᠪᠠᠢ᠌ᠭᠤᠯᠬᠤ ᠵᠢ ᠳᠡᠮᠵᠢᠵᠦ᠂  ᠠᠵᠤ ᠠᠬᠤᠢ᠌ᠯᠠᠯ᠎ᠤᠨ ᠰᠢᠨ᠎ᠡ᠎ᠪᠠᠷ ᠪᠣᠢ ᠪᠣᠯᠣᠭᠰᠠᠨ ᠠᠵᠤ ᠦᠢ᠍ᠯᠡᠰ᠎ᠤᠨ ᠬᠥᠭᠵᠢᠯᠲᠡ ᠵᠢᠨ ᠬᠣᠯᠪᠣᠭ᠎ᠠ ᠪᠠ ᠠᠵᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠪᠠᠢ᠌ᠯᠳᠤᠬᠤ ᠪᠣᠳᠣᠯᠭ᠎ᠠ ᠵᠢᠨ ᠬᠣᠯᠪᠣᠭ᠎ᠠ ᠪᠠᠢ᠌ᠭᠤᠯᠬᠤ ᠵᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂  ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      7. ᠠᠵᠤ ᠠᠬᠤᠢ᠌ᠯᠠᠯ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃  ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠷᠠᠭᠤᠯᠤᠨ᠂  ᠰᠢᠨ᠎ᠡ ᠵᠢ ᠡᠭᠦᠳᠦᠨ ᠦᠢ᠍ᠯᠡᠰ ᠴᠣᠭᠴᠠᠯᠠᠬᠤ ᠣᠷᠴᠢᠨ ᠨᠦᠭᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂  ᠠᠵᠤ ᠠᠬᠤᠢ᠌ᠯᠠᠯ᠎ᠤᠨ ᠰᠢᠨ᠎ᠡ ᠵᠢ ᠡᠭᠦᠳᠦᠨ ᠬᠥᠭᠵᠢᠬᠦ᠎ᠳᠤ ᠦᠢ᠍ᠯᠡᠴᠢᠯᠡᠵᠦ᠂  ᠠᠵᠤ ᠠᠬᠤᠢ᠌ᠯᠠᠯ᠎ᠤᠨ ᠰᠢᠨ᠎ᠡ ᠵᠢ ᠡᠭᠦᠳᠴᠦ ᠦᠢ᠍ᠯᠡᠰ ᠴᠣᠭᠴᠠᠯᠠᠬᠤ ᠲᠥᠷᠥ ᠵᠢᠨ ᠪᠣᠳᠣᠯᠭ᠎ᠠ ᠵᠢᠨ ᠠᠰᠢᠭ᠎ᠢ ᠭᠦᠢ᠍ᠴᠡᠳ ᠬᠦᠷᠲᠡᠬᠦ ᠵᠢ᠎ᠨᠢ ᠳᠡᠮᠵᠢᠨ᠎ᠡ;  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ ᠪᠠ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠤᠨ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠬᠡᠪᠴᠢᠶ᠎ᠡ ᠵᠢ ᠪᠣᠢ᠌ᠵᠢᠭᠤᠯᠤᠨ ᠪᠤᠵᠠᠭ᠋ᠠᠢ᠌ᠷᠠᠭᠤᠯᠤᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠨᠢᠭᠡ ᠪᠦᠯᠦᠭ ᠤᠯᠤᠰ᠎ᠤᠨ ᠳᠡᠰ᠎ᠤᠨ᠂  ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠭᠣᠣᠯᠳᠠᠯᠭ᠋ᠠᠲᠤ ᠲᠤᠷᠰᠢᠯᠲᠠ ᠵᠢᠨ ᠲᠠᠰᠤᠭ᠂  ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂  ᠠᠵᠤ ᠠᠬᠤᠢ᠌ᠯᠠᠯ᠎ᠤᠨ ᠮᠡᠷᠭᠡᠵᠢᠯ᠎ᠤᠨ ᠲᠥᠪ᠂  ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡᠨ᠎ᠤ ᠲᠥᠪ ᠵᠡᠷᠭᠡ ᠰᠢᠨ᠎ᠡ ᠵᠢ ᠡᠭᠦᠳᠬᠦ ᠲᠠᠪᠴᠠᠩ ᠪᠠᠢ᠌ᠭᠤᠯᠬᠤ ᠵᠢ ᠳᠡᠮᠵᠢᠵᠦ᠂  ᠠᠵᠤ ᠠᠬᠤᠢ᠌ᠯᠠᠯ᠎ᠢ ᠰᠤᠳᠤᠯᠤᠨ ᠨᠡᠭᠡᠭᠡᠬᠦ ᠣᠷᠤᠭᠤᠯᠤᠯᠲᠠ᠎ᠪᠠᠨ ᠨᠡᠮᠡᠭᠳᠡᠭᠦᠯᠬᠦ᠎ᠪᠠᠷ ᠬᠥᠲᠥᠯᠥᠨ ᠵᠢᠯᠣᠭᠣᠳᠴᠦ᠂  ᠰᠢᠨ᠎ᠡ ᠵᠢ ᠡᠭᠦᠳᠦᠨ ᠬᠥᠭᠵᠢᠬᠦ ᠴᠢᠳᠠᠪᠤᠷᠢ᠎ᠪᠠᠨ ᠲᠦᠷᠭᠡᠳᠭᠡᠨ ᠳᠡᠭᠡᠭᠰᠢᠯᠡᠭᠦᠯᠵᠦ᠂  ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠵᠤ ᠬᠥᠭᠵᠢᠬᠦ᠎ᠳᠤ ᠬᠦᠴᠦᠲᠡᠢ ᠪᠠᠲᠤᠯᠠᠭ᠎ᠠ ᠬᠠᠩᠭ᠋ᠠᠨ᠎ᠠ᠃  ᠨᠦᠭᠦᠴᠡᠯ᠎ᠳᠤ ᠨᠡᠢ᠌ᠴᠡᠭᠰᠡᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠂  ᠣᠯᠠᠨ ᠵᠶ᠋ᠠᠷ ᠵᠶ᠋ᠠᠨ ᠰᠢᠨ᠎ᠡ ᠵᠢ ᠡᠭᠦᠳᠴᠦ ᠦᠢ᠍ᠯᠡᠰ ᠴᠣᠭᠴᠠᠯᠠᠬᠤ ᠣᠷᠣᠨ ᠵᠠᠢ ᠵᠡᠷᠭᠡ ᠰᠢᠨ᠎ᠡ ᠵᠢ ᠡᠭᠦᠳᠴᠦ ᠦᠢ᠍ᠯᠡᠰ ᠴᠣᠭᠴᠠᠯᠠᠬᠤ ᠠᠴᠢᠶᠠᠯᠠᠪᠤᠷᠢ ᠪᠠᠢ᠌ᠭᠤᠯᠵᠤ᠂  ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠥᠳᠡᠯᠭᠡᠭᠴᠢ ᠬᠦᠴᠦᠨ ᠪᠣᠢ᠌ᠵᠢᠭᠤᠯᠬᠤ ᠵᠢ᠎ᠨᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂  ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠲᠢᠩᠬᠢᠮ᠂  ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      8. ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠭᠡᠨ ᠬᠥᠭᠵᠢᠭᠦᠯᠦᠨ᠎ᠡ᠃  ᠲᠤᠰᠬᠠᠢ ᠠᠰᠢᠭ᠎ᠤᠨ ᠵᠠᠮᠴᠢᠯᠠᠭᠤᠷ᠂  ᠮᠡᠳᠡᠯᠭᠡ ᠵᠢᠨ ᠥᠮᠴᠢᠯᠡᠯ᠎ᠤᠨ ᠡᠷᠬᠡ ᠵᠢ ᠡᠵᠡᠩᠨᠡᠨ ᠠᠵᠢᠯᠯᠠᠭᠤᠯᠬᠤ ᠪᠠ ᠡᠷᠬᠡ ᠠᠰᠢᠭ ᠵᠶ᠋ᠠᠨ ᠬᠠᠮᠠᠭ᠋ᠠᠯᠠᠬᠤ ᠲᠤᠰᠠᠯᠠᠮᠵᠢ ᠵᠢᠨ ᠠᠵᠢᠯ᠎ᠢ ᠶᠡᠬᠡ᠎ᠪᠠᠷ ᠥᠷᠨᠢᠭᠦᠯᠦᠨ᠂  ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ᠂  ᠪᠠᠷᠠᠭ᠋ᠠᠨ᠎ᠤ ᠭᠦᠢ᠍ᠯᠭᠡᠭᠡ᠂  ᠦᠵᠡᠰᠭᠦᠯᠡᠩ ᠴᠤᠭᠯᠠᠭ᠋ᠠᠨ᠂  ᠮᠥᠩᠭᠥᠨ ᠭᠦᠢ᠍ᠯᠭᠡᠭᠡ᠂  ᠣᠶᠣᠨ᠎ᠤ ᠬᠥᠮᠥᠷᠭᠡ᠂  ᠬᠠᠤᠯᠢ ᠴᠠᠭ᠋ᠠᠵᠠ᠂  ᠮᠡᠳᠡᠯᠭᠡ ᠵᠢᠨ ᠥᠮᠴᠢᠯᠡᠯ᠎ᠤᠨ ᠡᠷᠬᠡ᠂  ᠰᠢᠯᠭ᠋ᠠᠨ ᠪᠠᠢ᠌ᠴᠠᠭ᠋ᠠᠵᠤ ᠰᠢᠯᠭ᠋ᠠᠨ ᠬᠡᠮᠵᠢᠬᠦ ᠭᠡᠷᠡᠴᠢᠯᠡᠯ᠂  ᠬᠥᠮᠥᠨ᠎ᠤ ᠬᠦᠴᠦᠨ᠎ᠤ ᠡᠬᠢ ᠪᠠᠶᠠᠯᠢᠭ ᠵᠡᠷᠭᠡ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠬᠦ ᠵᠢ ᠵᠣᠷᠢᠭᠵᠢᠭᠤᠯᠵᠤ᠂  ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠤᠨ ᠲᠤᠰᠬᠠᠢ᠌ᠵᠢᠬᠤ ᠪᠠ ᠥᠷᠳᠡᠭ᠎ᠤᠨ ᠬᠡᠯᠬᠢᠶᠡᠨ᠎ᠤ ᠳᠡᠭᠡᠳᠦ ᠦᠵᠦᠭᠦᠷ ᠲᠡᠢ᠌ᠰᠢ ᠤᠷᠲᠤᠳᠬᠠᠬᠤ ᠵᠢ ᠠᠬᠢᠭᠤᠯᠤᠨ᠎ᠠ᠃  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂  ᠠᠵᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠪᠠ ᠪᠣᠳᠠᠲᠤ ᠴᠣᠭᠴᠠ ᠵᠢᠨ ᠠᠵᠤ ᠠᠬᠤᠢ ᠵᠢᠨ ᠬᠥᠭᠵᠢᠯᠲᠡ ᠵᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂  ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠂  ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠭᠤᠷᠪᠠ)  ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃

      9. ᠭᠠᠳᠠᠭ᠋ᠠᠳᠤ ᠪᠡᠯᠡ ᠵᠢᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠡᠷᠴᠢᠮ᠎ᠢ ᠴᠢᠩᠭ᠋ᠠᠷᠠᠭᠤᠯᠤᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ ᠪᠠ ᠪᠠᠢ᠌ᠭ᠎ᠠ ᠭᠠᠵᠠᠷ᠎ᠤᠨ ᠠᠢ᠌ᠮᠠᠭ ᠬᠣᠲᠠ ᠵᠢ ᠵᠣᠷᠢᠭᠵᠢᠭᠤᠯᠵᠤ ᠪᠠᠢ᠌ᠭ᠋ᠠᠳ ᠣᠷᠣᠨ ᠪᠦᠰᠡ ᠵᠢᠨ ᠣᠨᠴᠠᠯᠢᠭ ᠪᠠ ᠡᠬᠢ ᠪᠠᠶᠠᠯᠢᠭ᠎ᠤᠨ ᠳᠠᠪᠠᠭᠤᠯᠢᠭ᠎ᠲᠠᠢ᠎ᠪᠠᠨ ᠤᠶᠠᠯᠳᠤᠭᠤᠯᠤᠨ᠂  ᠭᠠᠳᠠᠭ᠋ᠠᠳᠤ ᠪᠡᠯᠡ ᠵᠢᠨ ᠬᠥᠭᠵᠢᠯᠲᠡ ᠵᠢ ᠳᠡᠮᠵᠢᠬᠦ ᠪᠠ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠠᠬᠢᠭᠤᠯᠬᠤ ᠲᠥᠬᠥᠷ ᠠᠷᠭ᠎ᠠ ᠪᠠᠷᠢᠯ᠎ᠢ ᠲᠤᠬᠠᠢ ᠵᠢᠨ ᠭᠠᠵᠠᠷ᠎ᠲᠤ᠎ᠪᠠᠨ ᠲᠣᠬᠢᠷᠠᠭᠤᠯᠤᠨ ᠲᠣᠭᠲᠠᠭ᠋ᠠᠵᠤ᠂  ᠲᠣᠰ ᠣᠷᠣᠨ ᠪᠦᠰᠡ ᠵᠢᠨ ᠵᠶ᠋ᠠᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠤᠭᠤᠯᠤᠯᠲᠠ ᠵᠢᠨ ᠵᠢᠯᠣᠭᠣᠳᠤᠮᠵᠢ ᠵᠢ ᠨᠠᠢ᠌ᠷᠠᠭᠤᠯᠤᠨ ᠵᠣᠬᠢᠶᠠᠬᠤ ᠪᠠ ᠨᠡᠢ᠌ᠲᠡᠯᠡᠨ᠂  ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠤᠭᠤᠯᠤᠯᠲᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠦᠨ᠂  ᠭᠠᠳᠠᠭ᠋ᠠᠳᠤ ᠪᠡᠯᠡ ᠵᠢᠨ ᠲᠥᠷᠥᠯ ᠵᠦᠢ᠍ᠯ᠎ᠤᠨ ᠪᠣᠳᠠᠲᠠᠢ᠌ᠵᠢᠭᠤᠯᠤᠯᠲᠠ ᠪᠠ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠨ᠎ᠠ᠃  ᠡᠯ᠎ᠡ ᠭᠠᠵᠠᠷ ᠣᠷᠣᠨ᠎ᠤ ᠬᠠᠤᠯᠢ᠎ᠠᠴᠠ ᠲᠣᠭᠲᠠᠭ᠋ᠠᠭᠰᠠᠨ ᠡᠷᠬᠡ ᠲᠤᠰᠢᠶᠠᠯ᠎ᠤᠨ ᠬᠡᠪᠴᠢᠶᠡᠨ᠎ᠳᠤ᠎ᠪᠠᠨ᠂ 《ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠤᠭᠤᠯᠤᠯᠲᠠ ᠵᠢᠨ ᠣᠷᠴᠢᠨ ᠨᠦᠭᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠤᠭᠤᠯᠤᠯᠲᠠ ᠵᠢ ᠲᠠᠲᠠᠨ ᠠᠪᠴᠢᠷᠠᠬᠤ ᠡᠷᠴᠢᠮ ᠵᠶ᠋ᠠᠨ ᠴᠢᠩᠭ᠋ᠠᠷᠠᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2023]11 ᠳ᠋ᠦ᠍ᠭᠡᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠨ᠂  ᠭᠣᠣᠯᠳᠠᠯᠭ᠎ᠠ᠎ᠲᠠᠢ ᠤᠯᠤᠰ ᠠᠯᠤᠰᠯᠠᠭᠰᠠᠨ ᠺᠣᠮᠫᠠᠨᠢ ᠵᠢᠨ ᠪᠡᠯᠡ ᠣᠷᠤᠭᠤᠯᠤᠯᠲᠠ ᠵᠢᠨ ᠲᠥᠷᠥᠯ ᠵᠦᠢ᠍ᠯ᠎ᠳᠤ ᠳᠡᠮᠵᠢᠯᠭᠡ ᠦᠵᠡᠭᠦᠯᠬᠦ ᠵᠢ᠎ᠨᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂  ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

       ᠭᠠᠳᠠᠭ᠋ᠠᠳᠤ ᠠᠷᠠᠯᠵᠢᠶ᠎ᠠ ᠵᠢ ᠲᠣᠭᠲᠠᠭᠤᠨ ᠪᠠᠢ᠌ᠯᠭ᠋ᠠᠬᠤ ᠵᠢᠨ ᠳᠠᠭ᠋ᠠᠤ ᠴᠢᠨᠠᠷ᠎ᠢ᠎ᠨᠢ ᠳᠡᠭᠡᠭᠰᠢᠯᠡᠭᠦᠯᠬᠦ ᠵᠢ ᠠᠬᠢᠭᠤᠯᠤᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠪᠠᠢ᠌ᠭ᠎ᠠ ᠠᠢ᠌ᠮᠠᠭ ᠬᠣᠲᠠ᠎ᠠᠴᠠ ᠭᠠᠳᠠᠭ᠋ᠠᠳᠤ ᠠᠷᠠᠯᠵᠢᠶᠠᠨ᠎ᠤ ᠬᠡᠪᠴᠢᠶ᠎ᠡ ᠵᠢ ᠲᠣᠭᠲᠠᠭᠤᠨ ᠪᠠᠢ᠌ᠯᠭ᠋ᠠᠵᠤ ᠪᠦᠲᠦᠴᠡ ᠵᠢ ᠰᠢᠯᠢᠳᠡᠭᠵᠢᠭᠦᠯᠬᠦ ᠵᠢ ᠠᠬᠢᠭᠤᠯᠬᠤ ᠬᠠᠮᠢᠶ᠎ᠠ ᠪᠦᠬᠦᠢ ᠬᠥᠭᠵᠢᠭᠦᠯᠦᠯᠲᠡ ᠵᠢᠨ ᠠᠷᠭ᠎ᠠ ᠬᠡᠮᠵᠢᠶ᠎ᠡ ᠲᠣᠭᠲᠠᠭ᠋ᠠᠬᠤ ᠵᠢ ᠵᠣᠷᠢᠭᠵᠢᠭᠤᠯᠵᠤ᠂  ᠠᠷᠠᠯᠵᠢᠶ᠎ᠠ ᠪᠠ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠤᠨ᠂  ᠨᠢᠭᠡ ᠪᠦᠯᠦᠭ ᠣᠨᠴᠠᠯᠢᠭ ᠵᠶ᠋ᠠᠷ ᠢᠯᠡ ᠲᠣᠳᠣ᠂  ᠳᠠᠪᠠᠭᠤᠯᠢᠭ ᠵᠶ᠋ᠠᠷ ᠲᠣᠪᠣᠢ᠌ᠮ᠎ᠠ ᠭᠠᠳᠠᠭ᠋ᠠᠳᠤ ᠠᠷᠠᠯᠵᠢᠶᠠᠨ᠎ᠤ ᠠᠵᠤ ᠦᠢ᠍ᠯᠡᠰ᠎ᠤᠨ ᠪᠦᠯᠦᠭᠵᠢᠯ᠎ᠢ ᠴᠣᠭᠴᠠᠯᠠᠨ᠎ᠠ;  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠵᠤ ᠠᠬᠤᠢ᠌ᠯᠠᠯ᠎ᠤᠨ ᠭᠠᠳᠠᠭᠰᠢᠯ ᠠᠵᠤ ᠠᠬᠤᠢ ᠵᠢ ᠬᠥᠭᠵᠢᠭᠦᠯᠬᠦ᠎ᠪᠠᠷ ᠬᠥᠲᠥᠯᠥᠨ ᠵᠢᠯᠣᠭᠣᠳᠬᠤ ᠪᠠ ᠲᠡᠳᠡᠨ᠎ᠳᠤ ᠳᠡᠮᠵᠢᠯᠭᠡ ᠦᠵᠡᠭᠦᠯᠵᠦ᠂  ᠭᠠᠳᠠᠭ᠋ᠠᠳᠤ ᠠᠷᠠᠯᠵᠢᠶᠠᠨ᠎ᠤ ᠡᠵᠡᠩᠨᠡᠯᠲᠡ ᠵᠢᠨ ᠭᠣᠣᠯ ᠴᠣᠭᠴᠠ ᠵᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂  ᠲᠡᠭᠦᠨ᠎ᠤ ᠵᠠᠬ᠎ᠠ ᠳᠡᠯᠭᠡᠭᠦᠷ ᠵᠶ᠋ᠡᠨ ᠥᠷᠭᠡᠳᠭᠡᠬᠦ᠂  ᠣᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡ ᠲᠡᠭᠡᠭᠡᠪᠦᠷᠢ ᠪᠠ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠲᠣᠭᠲᠠᠯᠴᠠᠭ᠎ᠠ ᠵᠢ ᠪᠦᠲᠦᠭᠡᠨ ᠪᠠᠢ᠌ᠭᠤᠯᠬᠤ ᠵᠡᠷᠭᠡ᠎ᠳᠤ ᠳᠡᠮᠵᠢᠯᠭᠡ ᠦᠵᠡᠭᠦᠯᠵᠦ᠂  ᠬᠢᠯᠢ ᠵᠢᠨ ᠭᠠᠳᠠᠨᠠᠬᠢ ᠡᠵᠡᠩᠨᠡᠨ ᠪᠣᠷᠣᠯᠠᠭᠤᠯᠬᠤ ᠲᠣᠣᠷ ᠴᠡᠭ ᠪᠠ ᠭᠠᠳᠠᠭ᠋ᠠᠳᠤ ᠵᠢᠨ ᠬᠥᠮᠥᠷᠭᠡ ᠲᠣᠬᠢᠷᠠᠭᠤᠯᠬᠤ ᠵᠢ᠎ᠨᠢ ᠳᠡᠮᠵᠢᠵᠦ᠂  ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠲᠤᠬᠠᠢ᠌ᠯᠠᠭᠰᠠᠨ ᠠᠵᠢᠯ᠎ᠢ ᠬᠥᠭᠵᠢᠭᠦᠯᠦᠨ᠎ᠡ;  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠭᠠᠳᠠᠭ᠋ᠠᠳᠤ ᠠᠷᠠᠯᠵᠢᠶᠠᠨ᠎ᠤ ᠺᠣᠮᠫᠠᠨᠢ ᠵᠢᠨ ᠭᠠᠳᠠᠭ᠋ᠠᠳᠤ᠎ᠳᠤ ᠭᠠᠷᠭ᠋ᠠᠬᠤ ᠢᠲᠡᠭᠡᠮᠵᠢ ᠵᠢᠨ ᠳᠠᠭ᠋ᠠᠳᠬᠠᠯ᠂  ᠭᠠᠳᠠᠭ᠋ᠠᠳᠤ ᠠᠷᠠᠯᠵᠢᠶᠠᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡ᠂  ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠲᠠᠪᠴᠠᠩ᠂  ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠡᠷᠭᠡ᠎ᠯᠦᠭᠡ ᠲᠣᠭᠲᠠᠪᠤᠷᠢᠲᠠᠢ ᠦᠢ᠍ᠯᠡᠴᠢᠯᠡᠭᠡᠨ᠎ᠤ ᠬᠡᠯᠬᠢᠶ᠎ᠡ᠂  ᠬᠠᠩᠭ᠋ᠠᠯᠭ᠎ᠠ ᠵᠢᠨ ᠬᠡᠯᠬᠢᠶ᠎ᠡ ᠪᠠᠢ᠌ᠭᠤᠯᠬᠤ ᠵᠢ᠎ᠨᠢ ᠠᠬᠢᠭᠤᠯᠵᠤ᠂  ᠺᠣᠮᠫᠠᠨᠢ ᠵᠢ ᠬᠠᠪᠰᠤᠷᠴᠤ ᠪᠠᠢ᠌ᠭ᠋ᠠᠳ ᠵᠠᠬᠢᠶᠠᠯᠠᠭ᠎ᠠ ᠵᠢᠨ ᠬᠠᠭᠤᠳᠠᠰᠤ ᠵᠢ᠎ᠨᠢ ᠪᠠᠲᠤᠯᠠᠨ᠂  ᠵᠠᠬ᠎ᠠ ᠳᠡᠯᠭᠡᠭᠦᠷ᠎ᠢ ᠲᠣᠭᠲᠠᠭᠤᠨ ᠪᠠᠢ᠌ᠯᠭ᠋ᠠᠨ᠎ᠠ;  ᠥᠪᠡᠷ ᠵᠶ᠋ᠡᠨ ᠬᠡᠷᠡᠭᠯᠡᠬᠦ ᠴᠢᠩᠭᠡᠯᠢᠭ᠎ᠤᠨ ᠲᠡᠭᠡᠭᠡᠪᠦᠷᠢ᠂  ᠬᠢᠯᠢ ᠠᠯᠤᠰᠯᠠᠭᠰᠠᠨ ᠡᠭᠡᠯᠵᠢ ᠵᠢᠨ ᠭᠠᠯᠲᠤ ᠲᠡᠷᠭᠡ᠂  ᠠᠴᠢᠶ᠎ᠠ ᠮᠠᠰᠢᠨ᠎ᠤ ᠡᠭᠡᠯᠵᠢ ᠵᠢᠨ ᠲᠡᠷᠭᠡ ᠵᠡᠷᠭᠡ ᠲᠤᠰᠬᠠᠢ ᠬᠡᠷᠡᠭᠯᠡᠭᠡᠨ᠎ᠤ ᠨᠡᠪᠲᠡᠷᠡᠯ ᠵᠠᠮ᠎ᠤᠨ ᠲᠤᠬᠠᠢ᠌ᠯᠠᠭᠰᠠᠨ ᠠᠵᠢᠯ᠎ᠢ ᠥᠷᠭᠡᠳᠬᠦ ᠵᠢ ᠳᠡᠮᠵᠢᠵᠦ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠤᠳᠤᠷᠢᠳᠤᠮᠵᠢ ᠪᠣᠯᠬᠤ ᠠᠵᠤ ᠦᠢ᠍ᠯᠡᠰ᠎ᠲᠠᠢ᠎ᠪᠠᠨ ᠤᠶᠠᠯᠳᠤᠭᠤᠯᠤᠨ᠂  ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ᠎ᠤ ᠠᠵᠤ ᠦᠢ᠍ᠯᠡᠰ᠎ᠤᠨ ᠰᠢᠯᠵᠢᠯᠲᠡ ᠵᠢ ᠳᠠᠭ᠋ᠠᠭ᠋ᠠᠨ ᠠᠪᠴᠤ ᠵᠠᠯᠭ᠋ᠠᠭᠤᠯᠬᠤ ᠵᠢ ᠢᠳᠡᠪᠬᠢᠲᠡᠢ ᠥᠷᠨᠢᠭᠦᠯᠬᠦ ᠵᠢ᠎ᠨᠢ ᠵᠣᠷᠢᠭᠵᠢᠭᠤᠯᠤᠨ ᠳᠡᠮᠵᠢᠵᠦ᠂  ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ᠎ᠤ ᠲᠥᠷᠥᠯ ᠵᠦᠢ᠍ᠯ᠎ᠢ ᠤᠷᠢᠳ ᠵᠶ᠋ᠠᠷ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠪᠥᠭᠡᠮᠨᠡᠷᠡᠭᠦᠯᠬᠦ ᠵᠢ ᠬᠥᠲᠥᠯᠥᠨ ᠵᠢᠯᠣᠭᠣᠳᠬᠤ ᠵᠢᠨ ᠬᠠᠮᠲᠤ ᠬᠢᠯᠢ ᠵᠢᠨ ᠪᠣᠭᠣᠮᠲᠠ᠎ᠪᠠᠷ ᠥᠩᠭᠡᠷᠡᠭᠡᠬᠦ ᠲᠠᠯ᠎ᠠ᠎ᠪᠠᠷ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂  ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂  ᠬᠥᠬᠡᠬᠣᠲᠠ ᠪᠣᠭᠣᠮᠲᠠ᠂  ᠮᠠᠨᠵᠤᠤᠷ ᠪᠣᠭᠣᠮᠲᠠ᠂  ᠳᠤᠮᠳᠠᠳᠤ ᠤᠯᠤᠰ᠎ᠤᠨ ᠢᠲᠡᠭᠡᠮᠵᠢᠲᠦ ᠵᠢᠭᠡᠯᠡᠯᠭᠡ ᠵᠢᠨ ᠳᠠᠭ᠋ᠠᠳᠬᠠᠯ᠎ᠤᠨ ᠭᠤᠷᠪᠠᠳᠤᠭ᠋ᠠᠷ ᠡᠵᠡᠩᠨᠡᠯᠲᠡ ᠵᠢᠨ ᠬᠡᠯᠲᠡᠰ᠎ᠤᠨ ᠥᠪᠥᠷ ᠮᠣᠩᠭᠣᠯ᠎ᠳᠠᠬᠢ ᠲᠤᠬᠠᠢ᠌ᠯᠠᠭᠰᠠᠨ ᠠᠵᠢᠯ᠎ᠤᠨ ᠭᠠᠵᠠᠷ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠳᠥᠷᠪᠡ)  ᠪᠣᠬᠢᠷᠲᠤᠯ ᠦᠭᠡᠢ ᠲᠣᠭ᠋ᠠᠵᠢᠭᠤᠯᠤᠭᠰᠠᠨ ᠣᠶᠤᠨᠴᠢᠯᠠᠭᠰᠠᠨ ᠬᠥᠭᠵᠢᠯᠲᠡ ᠵᠢ ᠠᠬᠢᠭᠤᠯᠤᠨ᠎ᠠ᠃

      11. ᠪᠣᠬᠢᠷᠲᠤᠯ ᠦᠭᠡᠢ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ᠃  ᠤᠯᠤᠰ᠎ᠤᠨ ᠳᠠᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠦᠲᠦᠭᠡᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ (ᠠᠮᠢ ᠠᠬᠤᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ)᠂  ᠨᠡᠭᠦᠷᠡᠰᠦᠲᠥ᠋ᠷᠥᠭᠴᠢ ᠪᠠᠭ᠋ᠠᠲᠠᠢ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ ᠡᠭᠦᠳᠦᠨ ᠪᠠᠢ᠌ᠭᠤᠯᠬᠤ ᠵᠢ ᠳᠡᠮᠵᠢᠨ᠎ᠡ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠣᠷᠴᠢᠯᠳᠤᠭᠤᠯᠤᠭᠰᠠᠨ ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠤᠨ᠂  ᠬᠦᠷᠢᠶᠡᠯᠡᠩ ᠲᠣᠭᠣᠷᠢᠭ᠎ᠲᠠᠬᠢ ᠠᠵᠤ ᠦᠢ᠍ᠯᠡᠰ᠎ᠤᠨ ᠬᠥᠨᠳᠡᠯᠡᠨ ᠵᠶ᠋ᠡᠷ ᠡᠪᠴᠡᠯᠳᠦᠬᠦ᠂  ᠭᠤᠯᠳᠤ᠎ᠪᠠᠷ ᠤᠷᠲᠤᠳᠬᠠᠬᠤ᠂  ᠣᠷᠴᠢᠯᠳᠤᠭᠤᠯᠤᠨ ᠴᠦᠷᠭᠡᠯᠡᠭᠦᠯᠬᠦ ᠵᠢ ᠬᠡᠷᠡᠭᠵᠢᠭᠦᠯᠦᠨ ᠲᠡᠭᠦᠯᠳᠡᠷᠵᠢᠭᠦᠯᠦᠨ᠎ᠡ᠃  ᠣᠯᠠᠨ ᠨᠡᠢ᠌ᠲᠡ ᠵᠢᠨ ᠪᠡᠯᠡᠳᠭᠡᠮᠵᠢ ᠵᠢ ᠬᠠᠮᠲᠤ᠎ᠪᠠᠷ ᠪᠠᠢ᠌ᠭᠤᠯᠵᠤ ᠬᠠᠮᠲᠤ᠎ᠳᠤ᠎ᠪᠠᠨ ᠬᠦᠷᠲᠡᠬᠦ᠂  ᠡᠨᠧᠷᠭᠢ ᠵᠢ ᠱᠠᠲᠤᠯᠢᠭ ᠬᠡᠯᠪᠡᠷᠢ᠎ᠪᠠᠷ ᠠᠰᠢᠭᠯᠠᠬᠤ᠂  ᠡᠬᠢ ᠪᠠᠶᠠᠯᠢᠭ᠎ᠢ ᠣᠷᠴᠢᠯᠳᠤᠭᠤᠯᠤᠨ ᠠᠰᠢᠭᠯᠠᠬᠤ ᠪᠠ ᠪᠣᠬᠢᠷᠲᠤᠯ ᠪᠣᠳᠠᠰ᠎ᠢ ᠲᠥᠪᠯᠡᠷᠡᠭᠦᠯᠦᠨ ᠠᠮᠤᠷ ᠲᠦᠪᠰᠢᠨ ᠵᠶ᠋ᠡᠷ ᠰᠢᠢ᠍ᠳᠪᠦᠷᠢᠯᠡᠬᠦ ᠵᠢ ᠢᠳᠡᠪᠬᠢᠲᠡᠢ ᠠᠬᠢᠭᠤᠯᠤᠨ᠂  ᠣᠯᠠᠨ ᠵᠦᠢ᠍ᠯ᠎ᠤᠨ ᠡᠨᠧᠷᠭᠢ ᠵᠢᠨ ᠬᠠᠮᠵᠢᠯᠴᠠᠭᠤᠯᠤᠨ ᠨᠥᠬᠥᠪᠦᠷᠢᠯᠡᠭᠦᠯᠦᠭᠰᠡᠨ᠂  ᠶᠡᠷᠦᠩᠬᠡᠢ᠌ᠯᠡᠨ ᠠᠰᠢᠭᠯᠠᠭᠰᠠᠨ᠂  ᠡᠷᠴᠢᠮᠵᠢᠭᠦᠯᠦᠭᠰᠡᠨ ᠪᠥᠭᠡᠳ ᠥᠨᠳᠥᠷ ᠪᠦᠲᠦᠮᠵᠢᠲᠡᠢ ᠡᠨᠧᠷᠭᠢ ᠬᠠᠩᠭ᠋ᠠᠬᠤ ᠠᠷᠭ᠎ᠠ ᠮᠠᠶᠢᠭ᠎ᠢ ᠲᠦᠷᠭᠡᠳᠭᠡᠨ ᠪᠣᠢ ᠪᠣᠯᠭ᠋ᠠᠵᠤ᠂  ᠠᠶᠤᠯᠲᠠᠢ ᠬᠠᠶᠠᠭᠳᠠᠮᠠᠯ ᠪᠣᠳᠠᠰ᠎ᠢ ᠬᠣᠷᠢᠶᠠᠨ ᠲᠡᠭᠡᠭᠡᠪᠦᠷᠢᠯᠡᠬᠦ ᠲᠣᠭᠲᠠᠯᠴᠠᠭ᠎ᠠ ᠵᠢ ᠪᠠᠢ᠌ᠭᠤᠯᠤᠨ ᠪᠦᠷᠢᠨᠰᠢᠭᠦᠯᠵᠦ᠂  ᠬᠦᠷᠢᠶᠡᠯᠡᠩ ᠲᠣᠭᠣᠷᠢᠭ᠎ᠤᠨ ᠠᠶᠤᠯᠲᠠᠢ ᠬᠠᠶᠠᠭᠳᠠᠮᠠᠯ ᠪᠣᠳᠠᠰ᠎ᠢ ᠬᠣᠷᠢᠶᠠᠨ ᠴᠤᠭᠯᠠᠭᠤᠯᠬᠤ᠂  ᠬᠠᠳᠠᠭ᠋ᠠᠯᠠᠨ ᠨᠦᠬᠡᠴᠡᠯᠡᠬᠦ᠂  ᠰᠢᠯᠵᠢᠭᠦᠯᠦᠨ ᠲᠡᠭᠡᠭᠡᠪᠦᠷᠢᠯᠡᠬᠦ᠂  ᠳᠠᠬᠢᠨ ᠠᠰᠢᠭᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃  ᠨᠡᠭᠦᠷᠡᠰᠦᠲᠥ᠋ᠷᠥᠭᠴᠢ ᠪᠠᠭ᠋ᠠᠲᠠᠢ ᠠᠵᠤ ᠦᠢ᠍ᠯᠡᠰ᠂  ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠠᠵᠤ ᠦᠢ᠍ᠯᠡᠰ᠂  ᠴᠡᠪᠡᠷ ᠦᠢ᠍ᠯᠡᠳᠪᠦᠷᠢᠯᠡᠯ᠎ᠤᠨ ᠠᠵᠤ ᠦᠢ᠍ᠯᠡᠰ ᠵᠡᠷᠭᠡ ᠵᠢ ᠢᠳᠡᠪᠬᠢᠲᠡᠢ ᠣᠷᠣᠭᠤᠯᠤᠨ ᠠᠪᠴᠢᠷᠠᠵᠤ᠂  ᠨᠡᠭᠦᠷᠡᠰᠦᠲᠥ᠋ᠷᠥᠭᠴᠢ ᠪᠠᠭ᠋ᠠᠲᠠᠢ ᠮᠡᠷᠭᠡᠵᠢᠯ᠎ᠳᠤ ᠰᠢᠨ᠎ᠡ ᠵᠢ ᠡᠭᠦᠳᠦᠨ ᠬᠡᠷᠡᠭᠯᠡᠭᠡᠨ᠎ᠳᠤ ᠤᠯᠠᠷᠢᠭᠤᠯᠬᠤ ᠵᠢ ᠠᠬᠢᠭᠤᠯᠤᠨ᠂  ᠡᠨᠧᠷᠭᠢ ᠵᠢᠨ ᠣᠷᠣᠯᠠᠭᠤᠯᠬᠤ ᠮᠡᠷᠭᠡᠵᠢᠯ᠂  ᠨᠡᠭᠦᠷᠡᠰᠦᠲᠥ᠋ᠷᠥᠭᠴᠢ ᠵᠢ ᠣᠯᠵᠠᠯᠠᠨ ᠴᠤᠭᠯᠠᠭᠤᠯᠬᠤ᠂  ᠠᠰᠢᠭᠯᠠᠬᠤ ᠪᠠ ᠪᠢᠲᠡᠭᠦᠮᠵᠢᠯᠡᠨ ᠬᠠᠳᠠᠭ᠋ᠠᠯᠠᠬᠤ ᠮᠡᠷᠭᠡᠵᠢᠯ᠂  ᠤᠷ᠎ᠠ ᠮᠡᠷᠭᠡᠰᠢᠯ ᠵᠶ᠋ᠡᠷ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠮᠡᠷᠭᠡᠵᠢᠯ᠂  ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠯ᠎ᠠ ᠵᠢᠨ ᠬᠠᠮᠢᠶᠠᠷᠤᠯᠲᠠ ᠵᠢᠨ ᠮᠡᠷᠭᠡᠵᠢᠯ ᠵᠡᠷᠭᠡ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠤᠯ ᠪᠠ ᠨᠡᠭᠡᠭᠡᠯᠲᠡ ᠵᠢ ᠥᠷᠨᠢᠭᠦᠯᠦᠨ᠂  ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠯ᠎ᠠ ᠵᠢᠨ ᠮᠡᠷᠭᠡᠵᠢᠯ᠎ᠤᠨ ᠠᠵᠤ ᠦᠢ᠍ᠯᠡᠰᠵᠢᠯᠲᠡ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂  ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂  ᠡᠨᠧᠷᠭᠢ ᠵᠢᠨ ᠲᠣᠪᠴᠢᠶ᠎ᠠ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      12. ᠳ᠋ᠢᠵᠢᠲ᠋ᠠᠯ ᠠᠵᠤ ᠦᠢ᠍ᠯᠡᠰ᠎ᠤᠨ ᠬᠦᠴᠦᠨ ᠴᠢᠳᠠᠮᠵᠢ ᠵᠢ ᠡᠷᠴᠢᠮᠯᠡᠬᠦ᠎ᠪᠠᠨ ᠠᠬᠢᠭᠤᠯᠤᠨ᠎ᠠ᠃  ᠡᠯ᠎ᠡ ᠲᠥᠷᠥᠯ᠎ᠤᠨ ᠬᠥᠷᠥᠩᠭᠡ ᠵᠢᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠮᠡᠳᠡᠭᠡ ᠵᠠᠩᠬᠢ ᠵᠢᠨ ᠮᠡᠷᠭᠡᠵᠢᠯ᠎ᠤᠨ ᠰᠠᠭᠤᠷᠢ ᠪᠡᠯᠡᠳᠭᠡᠮᠵᠢ ᠵᠢ ᠪᠦᠲᠦᠭᠡᠨ ᠪᠠᠢ᠌ᠭᠤᠯᠬᠤ᠎ᠪᠠᠷ ᠪᠡᠯᠡ ᠣᠷᠣᠭᠤᠯᠬᠤ ᠵᠢ᠎ᠨᠢ ᠵᠣᠷᠢᠭᠵᠢᠭᠤᠯᠤᠨ᠂  ᠴᠢᠮᠡᠭᠡ ᠬᠣᠯᠪᠣᠭ᠋ᠠᠨ᠎ᠤ ᠠᠵᠤ ᠠᠬᠤᠢ᠌ᠯᠠᠯ᠎ᠤᠨ 5G ᠲᠣᠣᠷ ᠰᠦᠯᠵᠢᠶ᠎ᠡ ᠵᠢ ᠬᠡᠪᠴᠢᠶᠡᠵᠢᠭᠦᠯᠦᠨ ᠬᠡᠯᠬᠢᠨ ᠪᠠᠢ᠌ᠭᠤᠯᠬᠤ ᠵᠢ᠎ᠨᠢ ᠳᠡᠮᠵᠢᠵᠦ᠂  ᠴᠢᠮᠡᠭᠡ ᠬᠣᠯᠪᠣᠭ᠋ᠠᠨ᠎ᠤ ᠰᠠᠭᠤᠷᠢ ᠥᠷᠲᠡᠭᠡᠨ᠎ᠤ ᠴᠠᠬᠢᠯᠭ᠋ᠠᠨ ᠬᠡᠷᠡᠭᠯᠡᠬᠦ ᠵᠢᠨ ᠮᠡᠳᠡᠭᠦᠯᠦᠨ ᠬᠢᠨᠠᠭᠤᠯᠵᠤ ᠤᠭᠰᠠᠷᠠᠬᠤ ᠰᠢᠭᠤᠳ ᠨᠡᠪᠲᠡᠷᠡᠯ ᠵᠠᠮ ᠲᠣᠬᠢᠷᠠᠭᠤᠯᠵᠤ᠂  ᠳ᠋ᠢᠵᠢᠲ᠋ᠠᠯ ᠠᠵᠤ ᠠᠬᠤᠢ ᠵᠢᠨ ᠬᠦᠷᠢᠶᠡᠨ᠎ᠤ ᠠᠵᠤ ᠠᠬᠤᠢ᠌ᠯᠠᠯ᠎ᠤᠨ ᠴᠠᠬᠢᠯᠭ᠋ᠠᠨ ᠬᠦᠴᠦᠳᠡᠯ᠎ᠤᠨ ᠳᠡᠰ ᠪᠠ ᠴᠠᠬᠢᠯᠭ᠋ᠠᠨ ᠬᠡᠷᠡᠭᠯᠡᠬᠦ ᠬᠢᠵᠠᠭ᠋ᠠᠷᠯᠠᠯ᠎ᠳᠤ ᠬᠦᠯᠢᠶᠡᠰᠦᠯᠡᠭᠳᠡᠬᠦ ᠦᠭᠡᠢ᠎ᠪᠠᠷ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ᠎ᠳᠤ ᠣᠷᠣᠯᠴᠠᠬᠤ ᠵᠢ᠎ᠨᠢ ᠳᠡᠮᠵᠢᠨ᠎ᠡ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ 《ᠤᠬᠠᠭ᠋ᠠᠯᠢᠭ ᠶᠡᠬᠡ ᠲᠠᠷᠢᠬᠢ》 ᠵᠢ ᠪᠠᠢ᠌ᠭᠤᠯᠵᠤ᠂  ᠡᠯ᠎ᠡ ᠲᠥᠷᠥᠯ᠎ᠤᠨ ᠨᠡᠢ᠌ᠭᠡᠮ᠎ᠤᠨ ᠭᠣᠣᠯ ᠴᠣᠭᠴᠠ ᠵᠢᠨ ᠵᠣᠬᠢᠶᠠᠮᠠᠯ ᠣᠶᠣᠨ᠂  ᠲᠣᠮᠣ ᠳ᠋ᠠᠢ᠌ᠲ᠋ᠠ ᠵᠢᠨ ᠲᠥᠪ᠂  ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶ᠎ᠡ ᠵᠡᠷᠭᠡ ᠰᠢᠨ᠎ᠡ ᠬᠡᠯᠪᠡᠷᠢ ᠵᠢᠨ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠪᠡᠯᠡ ᠣᠷᠣᠭᠤᠯᠬᠤ ᠵᠢ᠎ᠨᠢ ᠵᠣᠷᠢᠭᠵᠢᠭᠤᠯᠵᠤ᠂  ᠵᠠᠰᠠᠭ᠎ᠤᠨ ᠶᠠᠪᠤᠳᠠᠯ᠂  ᠵᠠᠮ ᠬᠠᠷᠢᠯᠴᠠᠭ᠎ᠠ᠂  ᠪᠠᠴᠢᠮ ᠪᠠᠢ᠌ᠳᠠᠯ᠎ᠢ ᠠᠷᠭ᠋ᠠᠴᠠᠭ᠋ᠠᠬᠤ᠂  ᠶᠡᠷᠦᠩᠬᠡᠢ᠌ᠯᠡᠨ ᠵᠠᠰᠠᠬᠤ ᠵᠡᠷᠭᠡ ᠬᠦᠷᠢᠶᠡᠨ᠎ᠤ ᠲᠣᠭ᠋ᠠᠵᠢᠭᠤᠯᠤᠯᠲᠠ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠭᠡᠨ᠂  ᠳ᠋ᠢᠵᠢᠲ᠋ᠠᠯ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠴᠢ ᠰᠠᠭᠤᠷᠢ ᠪᠡᠯᠡᠳᠭᠡᠮᠵᠢ ᠵᠢᠨ ᠢᠵᠢ ᠪᠦᠷᠢᠳᠦᠭᠦᠯᠦᠭᠰᠡᠨ ᠪᠦᠲᠦᠭᠡᠨ ᠪᠠᠢ᠌ᠭᠤᠯᠤᠯᠲᠠ ᠵᠢ ᠳᠡᠮᠵᠢᠨ᠎ᠡ᠃  ᠨᠡᠭᠡᠭᠡᠯᠲᠡ ᠵᠢᠨ ᠣᠷᠣᠨ᠎ᠳᠠᠬᠢ ᠠᠵᠤ ᠠᠬᠤᠢ᠌ᠯᠠᠯ ᠠᠵᠤ ᠦᠢ᠍ᠯᠡᠰ᠎ᠤᠨ ᠲᠣᠭ᠋ᠠᠵᠢᠭᠤᠯᠤᠨ ᠬᠡᠯᠪᠡᠷᠢ᠎ᠪᠠᠨ ᠬᠤᠪᠢᠷᠠᠭᠤᠯᠬᠤ ᠵᠢ᠎ᠨᠢ ᠠᠬᠢᠭᠤᠯᠤᠨ᠂  ᠰᠢᠨ᠎ᠡ ᠨᠢᠭᠡ ᠦᠶ᠎ᠡ ᠵᠢᠨ ᠮᠡᠳᠡᠭᠡ ᠵᠠᠩᠬᠢ ᠵᠢᠨ ᠮᠡᠷᠭᠡᠵᠢᠯ ᠪᠠ ᠬᠠᠮᠢᠶ᠎ᠠ ᠪᠦᠬᠦᠢ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠢ ᠲᠦᠷᠭᠡᠳᠬᠡᠵᠦ᠂  ᠣᠶᠤᠨᠴᠢ᠎ᠪᠠᠷ ᠦᠢ᠍ᠯᠡᠳᠪᠦᠷᠢᠯᠡᠬᠦ ᠬᠠᠮᠲᠤ᠎ᠳᠤ᠎ᠪᠠᠨ ᠬᠦᠷᠲᠡᠬᠦ ᠲᠥᠪ ᠪᠠ ᠳ᠋ᠢᠵᠢᠲ᠋ᠠᠯ ᠠᠵᠤ ᠦᠢ᠍ᠯᠡᠰ᠎ᠤᠨ ᠰᠢᠨ᠎ᠡ ᠵᠢ ᠡᠭᠦᠳᠬᠦ ᠲᠥᠪ᠂  ᠣᠶᠤᠨᠴᠢ ᠠᠵᠤ ᠦᠢ᠍ᠯᠡᠳᠪᠦᠷᠢ᠂  ᠣᠶᠤᠨᠴᠢ ᠦᠢ᠍ᠯᠡᠳᠪᠦᠷᠢ ᠵᠢᠨ ᠲᠠᠰᠤᠭ ᠡᠭᠦᠳᠦᠨ ᠪᠠᠢ᠌ᠭᠤᠯᠬᠤ ᠵᠢ ᠳᠡᠮᠵᠢᠵᠦ᠂  ᠢᠵᠢᠯ ᠰᠢᠰᠲ᠋ᠧᠮ᠎ᠤᠨ ᠠᠵᠢᠯ ᠲᠥᠷᠥᠯ ᠪᠠ ᠨᠠᠷᠢᠯᠢᠭ ᠬᠤᠪᠢᠶᠠᠭᠰᠠᠨ ᠬᠦᠷᠢᠶᠠᠨ᠎ᠳᠤ ᠬᠠᠨᠳᠤᠭᠤᠯᠤᠭᠰᠠᠨ ᠨᠢᠭᠡ ᠪᠦᠯᠦᠭ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠲᠠᠪᠴᠠᠩ᠎ᠢ ᠪᠣᠢ᠌ᠵᠢᠭᠤᠯᠤᠨ᠎ᠠ᠃  ᠠᠵᠤ ᠠᠬᠤᠢ᠌ᠯᠠᠯ᠎ᠤᠨ ᠬᠣᠭᠣᠷᠣᠨᠳᠤᠬᠢ ᠬᠠᠩᠭ᠋ᠠᠯᠭ᠎ᠠ ᠵᠢᠨ ᠬᠡᠯᠬᠢᠶᠡᠨ᠎ᠤ ᠮᠡᠳᠡᠭᠡ ᠵᠠᠩᠬᠢ ᠵᠢ ᠵᠠᠯᠭ᠋ᠠᠭᠤᠯᠵᠤ ᠬᠠᠮᠲᠤ᠎ᠳᠤ᠎ᠪᠠᠨ ᠬᠦᠷᠲᠡᠬᠦ ᠵᠢ ᠠᠬᠢᠭᠤᠯᠤᠨ᠂  ᠨᠡᠭᠡᠭᠡᠯᠲᠡ ᠵᠢᠨ ᠣᠷᠣᠨ᠎ᠳᠠᠬᠢ ᠠᠵᠤ ᠠᠬᠤᠢ᠌ᠯᠠᠯ᠎ᠤᠨ ᠣᠶᠤᠨᠴᠢ᠎ᠪᠠᠷ ᠨᠦᠬᠡᠴᠡᠯᠡᠨ ᠬᠠᠳᠠᠭ᠋ᠠᠯᠠᠬᠤ ᠵᠡᠷᠭᠡ ᠲᠠᠪᠴᠠᠩ ᠪᠠᠢ᠌ᠭᠤᠯᠬᠤ ᠵᠢ᠎ᠨᠢ ᠵᠣᠷᠢᠭᠵᠢᠭᠤᠯᠵᠤ᠂  ᠲᠣᠬᠢᠷᠠᠭᠤᠯᠤᠨ ᠬᠦᠷᠭᠡᠭᠴᠢ ᠦᠭᠡᠢ ᠬᠦᠷᠭᠡᠯᠲᠡ ᠵᠡᠷᠭᠡ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠰᠦᠪᠡᠭᠴᠢᠯᠡᠨ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ   ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠲᠠᠪᠤ)  ᠰᠢᠨ᠎ᠡ ᠵᠢ ᠡᠭᠦᠳᠦᠨ ᠬᠥᠭᠵᠢᠭᠦᠯᠬᠦ ᠠᠴᠢᠶᠠᠯᠠᠪᠤᠷᠢ᠎ᠪᠠᠨ ᠥᠷᠭᠡᠳᠬᠡᠨ᠎ᠡ᠃

      13. ᠣᠯᠠᠨ ᠤᠯᠤᠰ᠎ᠤᠨ ᠰᠣᠯᠢᠯᠴᠠᠭ᠎ᠠ ᠪᠠ ᠣᠷᠣᠨ ᠪᠦᠰᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ 《ᠨᠢᠭᠡ ᠪᠦᠰᠡ ᠨᠢᠭᠡ ᠵᠠᠮ》 ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠬᠢᠯ᠎ᠤᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠤᠨ᠂  ᠭᠠᠳᠠᠭ᠋ᠠᠳᠤ ᠤᠯᠤᠰ᠎ᠤᠨ ᠪᠠᠢ᠌ᠭᠤᠯᠤᠮᠵᠢ᠂  ᠰᠢᠶᠠᠩᠭ᠋ᠠᠩ ᠣᠣᠮᠧᠨ ᠭᠠᠵᠠᠷ ᠣᠷᠣᠨ᠂  ᠤᠯᠤᠰ᠎ᠤᠨ ᠳᠣᠲᠣᠭ᠋ᠠᠳᠤᠬᠢ ᠬᠥᠷᠥᠩᠭᠡ ᠵᠢᠨ᠎ᠬᠢᠨ᠎ᠤ ᠪᠦᠲᠦᠭᠡᠨ ᠪᠠᠢ᠌ᠭᠤᠯᠤᠯᠲᠠ ᠡᠵᠡᠩᠨᠡᠯᠲᠡ᠎ᠳᠤ ᠣᠷᠣᠯᠴᠠᠬᠤ ᠵᠢ ᠵᠣᠷᠢᠭᠵᠢᠭᠤᠯᠤᠨ᠎ᠠ᠃  ᠤᠯᠤᠰ᠎ᠤᠨ ᠳᠣᠲᠣᠭ᠋ᠠᠳᠤᠬᠢ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠋ᠠᠨ᠎ᠤ ᠬᠠᠷᠢᠴᠠᠭ᠎ᠠ ᠵᠢ ᠪᠠᠢ᠌ᠭᠤᠯᠵᠤ᠂  ᠤᠯᠤᠰ᠎ᠤᠨ ᠳᠣᠲᠣᠭ᠋ᠠᠳᠤᠬᠢ ᠠᠵᠤ ᠠᠬᠤᠢ ᠵᠢᠨ ᠶᠡᠬᠡ ᠣᠷᠴᠢᠯ᠎ᠳᠤ ᠭᠦᠨᠵᠡᠭᠡᠢ ᠠᠭᠤᠰᠤᠯᠴᠠᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠪᠡᠭᠡᠵᠢᠩ ᠲᠢᠶᠠᠨᠵᠢᠨ ᠾᠧᠪᠧᠢ᠂  ᠬᠥᠬᠡᠮᠥ᠋ᠷᠡᠨ᠎ᠤ ᠭᠤᠷᠪᠠᠯᠵᠢᠨ ᠬᠣᠢ᠌ᠭ᠂  ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠣᠯᠣᠩ᠎ᠤᠨ ᠣᠷᠣᠨ ᠵᠡᠷᠭᠡ ᠣᠷᠣᠨ ᠪᠦᠰᠡ᠎ᠯᠦᠭᠡ ᠵᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ ᠵᠢ ᠳᠡᠮᠵᠢᠵᠦ᠂  ᠪᠡᠭᠡᠵᠢᠩ ᠲᠢᠶᠠᠨᠵᠢᠨ ᠾᠧᠪᠧᠢ ᠵᠢᠨ ᠠᠵᠤ ᠦᠢ᠍ᠯᠡᠰ᠎ᠤᠨ ᠢᠵᠢ ᠪᠦᠷᠢᠳᠦᠭᠦᠯᠦᠭᠰᠡᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠤᠬᠠᠭ᠋ᠠᠯᠠᠨ ᠲᠥᠯᠥᠪᠯᠡᠵᠦ᠂ 《ᠪᠡᠭᠡᠵᠢᠩ ᠲᠢᠶᠠᠨᠵᠢᠨ ᠾᠧᠪᠧᠢ᠎ᠳᠤ ᠰᠤᠳᠤᠯᠤᠨ ᠨᠡᠭᠡᠭᠡᠵᠦ᠂  ᠥᠪᠥᠷ ᠮᠣᠩᠭᠣᠯ᠎ᠳᠤ ᠤᠯᠠᠷᠢᠭᠤᠯᠬᠤ》 ᠲᠥᠪᠯᠡᠷᠡᠨ ᠳᠠᠭ᠋ᠠᠭ᠋ᠠᠴᠢᠯᠠᠬᠤ ᠭᠠᠵᠠᠷ᠎ᠢ ᠪᠦᠲᠦᠭᠡᠨ ᠪᠠᠢ᠌ᠭᠤᠯᠬᠤ᠎ᠳᠤ ᠬᠠᠨᠳᠤᠭᠤᠯᠤᠨ᠂  ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ᠎ᠤ ᠠᠵᠤ ᠦᠢ᠍ᠯᠡᠰ᠎ᠤᠨ ᠰᠢᠯᠵᠢᠯᠲᠡ ᠵᠢᠨ ᠲᠥᠷᠥᠯ ᠵᠦᠢ᠍ᠯ᠎ᠢ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠭ᠋ᠠᠨ ᠠᠪᠴᠤ ᠵᠠᠯᠭ᠋ᠠᠭᠤᠯᠵᠤ᠂  ᠳᠡᠭᠡᠳᠦ ᠳᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠠᠵᠤ ᠦᠢ᠍ᠯᠡᠰᠵᠢᠯᠲᠡ ᠵᠢᠨ ᠰᠠᠭᠤᠷᠢᠨ ᠭᠠᠵᠠᠷ᠎ᠢ ᠴᠣᠭᠴᠠᠯᠠᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠤᠯᠤᠰ᠎ᠤᠨ ᠳᠣᠲᠣᠭ᠋ᠠᠳᠤᠬᠢ ᠨᠡᠷᠡᠲᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ ᠲᠣᠭᠣᠷᠢᠭ᠂  ᠠᠵᠤ ᠠᠬᠤᠢ᠌ᠯᠠᠯ᠎ᠤᠨ ᠶᠡᠷᠦᠩᠬᠡᠢ ᠬᠡᠯᠲᠡᠰ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂  ᠶᠡᠬᠡ ᠳᠡᠭᠡᠳᠦ ᠰᠤᠷᠭ᠋ᠠᠭᠤᠯᠢ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠳᠡᠮᠵᠢᠵᠦ᠂  ᠨᠢᠭᠡ ᠲᠣᠭᠣᠷᠢᠭ ᠣᠯᠠᠨ ᠬᠦᠷᠢᠶᠡᠯᠡᠩ᠂  ᠶᠡᠷᠦᠩᠬᠡᠢ ᠬᠡᠯᠲᠡᠰ + ᠨᠡᠪᠴᠢᠭᠦᠯᠬᠦ ᠰᠠᠭᠤᠷᠢᠨ ᠭᠠᠵᠠᠷ᠂  ᠪᠦᠬᠦᠯᠢ ᠴᠣᠭᠴᠠ᠎ᠪᠠᠷ ᠨᠠᠢ᠌ᠳᠠᠨ ᠬᠠᠮᠢᠶᠠᠷᠤᠭᠤᠯᠬᠤ ᠵᠡᠷᠭᠡ ᠵᠠᠭᠪᠤᠷ ᠵᠶ᠋ᠠᠷ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠨᠢᠭᠡ ᠪᠦᠯᠦᠭ ᠬᠠᠮᠲᠤᠷᠠᠯᠴᠠᠭ᠋ᠠᠨ᠎ᠤ ᠬᠦᠷᠢᠶᠡᠯᠡᠩ ᠲᠣᠭᠣᠷᠢᠭ᠎ᠢ ᠪᠦᠲᠦᠭᠡᠨ ᠪᠠᠢ᠌ᠭᠤᠯᠤᠨ᠎ᠠ᠃  ᠣᠷᠣᠨ ᠪᠦᠰᠡ ᠠᠯᠤᠰᠯᠠᠨ ᠬᠠᠮᠲᠤ᠎ᠪᠠᠷ ᠬᠦᠷᠢᠶᠡᠯᠡᠩ ᠲᠣᠭᠣᠷᠢᠭ᠂  ᠨᠠᠢ᠌ᠳᠠᠨ ᠬᠠᠮᠢᠶᠠᠷᠤᠭᠤᠯᠬᠤ ᠬᠦᠷᠢᠶᠡᠯᠡᠩ ᠲᠣᠭᠣᠷᠢᠭ ᠪᠠ ᠣᠭᠣᠷᠴᠤᠭ ᠬᠠᠷᠢᠶ᠎ᠠ ᠭᠠᠵᠠᠷ᠎ᠤᠨ ᠠᠵᠤ ᠠᠬᠤᠢ ᠪᠦᠲᠦᠭᠡᠨ ᠪᠠᠢ᠌ᠭᠤᠯᠬᠤ ᠵᠡᠷᠭᠡ ᠬᠠᠮᠲᠤᠷᠠᠯᠴᠠᠭ᠋ᠠᠨ᠎ᠤ ᠵᠠᠭᠪᠤᠷ᠎ᠢ ᠰᠦᠪᠡᠭᠴᠢᠯᠡᠨ᠂  ᠬᠥᠭᠵᠢᠭᠰᠡᠨ ᠭᠠᠵᠠᠷ ᠣᠷᠣᠨ᠎ᠤ ᠰᠢᠯᠵᠢᠯᠲᠡ ᠵᠢᠨ ᠠᠵᠤ ᠦᠢ᠍ᠯᠡᠰ᠎ᠢ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠭ᠋ᠠᠴᠢᠯᠠᠨ ᠠᠪᠴᠤ ᠵᠠᠯᠭ᠋ᠠᠭᠤᠯᠵᠤ᠂  ᠠᠰᠢᠭ ᠲᠤᠰᠠ ᠵᠢ ᠬᠠᠮᠲᠤ᠎ᠳᠤ᠎ᠪᠠᠨ ᠬᠦᠷᠲᠡᠬᠦ ᠲᠣᠭᠲᠠᠴᠠ ᠵᠢ ᠪᠦᠷᠢᠯᠳᠦᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠰᠠᠯᠠᠭ᠎ᠠ ᠮᠥᠴᠢᠷ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      14. ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠣᠯᠪᠣᠭ᠋ᠠᠯᠠᠨ ᠬᠠᠮᠲᠤ᠎ᠪᠠᠷ ᠪᠠᠢ᠌ᠭᠤᠯᠬᠤ ᠲᠠᠪᠴᠠᠩ᠎ᠢ ᠴᠣᠭᠴᠠᠯᠠᠨ᠎ᠠ᠃  ᠪᠡᠭᠡᠵᠢᠩ ᠲᠢᠶᠠᠨᠵᠢᠨ ᠾᠧᠪᠧᠢ᠂  ᠬᠥᠬᠡᠮᠥ᠋ᠷᠡᠨ᠎ᠤ ᠭᠤᠷᠪᠠᠯᠵᠢᠨ ᠬᠣᠢ᠌ᠭ᠂  ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ ᠵᠡᠷᠭᠡ ᠣᠷᠣᠨ ᠪᠦᠰᠡ ᠵᠢᠨ ᠨᠡᠭᠡᠭᠡᠯᠲᠡ ᠵᠢᠨ ᠣᠷᠣᠨ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠨ᠂  ᠡᠳᠡᠭᠡᠷ᠎ᠤᠨ ᠪᠡᠯᠡ ᠣᠷᠤᠭᠤᠯᠤᠯᠲᠠ ᠵᠢ ᠠᠬᠢᠭᠤᠯᠬᠤ᠂  ᠠᠵᠤ ᠦᠢ᠍ᠯᠡᠰ᠎ᠤᠨ ᠰᠢᠯᠵᠢᠯᠲᠡ ᠬᠢᠬᠦ᠂  ᠮᠡᠳᠡᠭᠡ ᠵᠠᠩᠬᠢ ᠵᠢ ᠬᠠᠮᠲᠤ᠎ᠳᠤ᠎ᠪᠠᠨ ᠬᠦᠷᠲᠡᠬᠦ᠂  ᠲᠥᠷᠥᠯ ᠵᠦᠢ᠍ᠯ᠎ᠢ ᠵᠠᠯᠭ᠋ᠠᠭᠤᠯᠬᠤ᠂  ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠬᠦ ᠵᠡᠷᠭᠡ ᠲᠠᠯ᠎ᠠ ᠵᠢᠨ ᠳᠠᠪᠠᠭᠤᠯᠢᠭ᠎ᠢ᠎ᠨᠢ ᠪᠠᠳᠠᠷᠠᠭᠤᠯᠤᠨ᠎ᠠ᠃  ᠬᠥᠬᠡᠬᠣᠲᠠ ᠵᠢᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠂  ᠪᠠᠶᠠᠨᠨᠠᠭᠤᠷ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠨᠢ ᠬᠠᠳᠤᠨ ᠭᠣᠣᠯ᠎ᠤᠨ ᠰᠠᠪᠠ ᠭᠠᠵᠠᠷ᠎ᠤᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠯᠤᠭ᠎ᠠ᠂  ᠬᠥᠯᠥᠨ ᠪᠣᠢ᠌ᠷ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠨᠢ ᠵᠡᠭᠦᠨ ᠬᠣᠢ᠌ᠲᠤ ᠵᠢᠨ ᠭᠤᠷᠪᠠᠨ ᠮᠤᠵᠢ ᠵᠢᠨ ᠤᠯᠤᠰ᠎ᠤᠨ   ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠯᠤᠭ᠎ᠠ ᠬᠠᠮᠲᠤᠷᠠᠯᠴᠠᠭ᠎ᠠ ᠥᠷᠨᠢᠭᠦᠯᠬᠦ ᠵᠢ ᠵᠣᠷᠢᠭᠵᠢᠭᠤᠯᠵᠤ᠂  ᠠᠵᠤ ᠦᠢ᠍ᠯᠡᠰ᠎ᠤᠨ ᠰᠢᠯᠵᠢᠯᠲᠡ ᠬᠢᠬᠦ ᠪᠠ ᠢᠵᠢ ᠪᠦᠷᠢᠳᠦᠭᠦᠯᠦᠨ ᠬᠠᠮᠵᠢᠯᠴᠠᠨ ᠠᠵᠢᠯᠯᠠᠬᠤ᠎ᠪᠠᠨ ᠴᠢᠩᠭ᠋ᠠᠳᠬᠠᠵᠤ᠂  ᠳᠡᠭᠡᠳᠦ ᠳᠣᠣᠷᠠᠳᠤ ᠬᠡᠯᠬᠢᠶᠡᠨ᠎ᠤ ᠠᠵᠤ ᠦᠢ᠍ᠯᠡᠰ᠎ᠤᠨ ᠬᠠᠩᠭ᠋ᠠᠯᠭ᠎ᠠ ᠵᠢᠨ ᠬᠡᠯᠬᠢᠶᠡᠨ᠎ᠤ ᠲᠣᠭᠲᠠᠭᠤᠨ᠎ᠢ ᠬᠠᠮᠠᠭ᠋ᠠᠯᠠᠨ᠎ᠠ᠃  ᠣᠷᠣᠨ᠎ᠤ ᠳᠣᠲᠣᠭ᠋ᠠᠳᠤᠬᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤᠳ ᠥᠪᠡᠷ ᠥᠪᠡᠷ᠎ᠤᠨ ᠳᠠᠪᠠᠭᠤᠯᠢᠭ ᠵᠶ᠋ᠠᠨ ᠦᠨᠳᠦᠰᠦᠯᠡᠨ ᠵᠥᠷᠢᠶᠡᠲᠡᠢ ᠥᠷᠢᠰᠦᠯᠳᠦᠭᠡᠨ ᠥᠷᠨᠢᠭᠦᠯᠵᠦ᠂  ᠬᠠᠮᠵᠢᠯᠴᠠᠨ ᠬᠥᠭᠵᠢᠬᠦ ᠵᠢ ᠪᠡᠶᠡᠯᠡᠭᠦᠯᠦᠨ᠂  ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠢᠯᠢ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠂  ᠬᠢᠯᠢ ᠠᠯᠤᠰᠯᠠᠭᠰᠠᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠯᠤᠭ᠎ᠠ ᠬᠠᠮᠲᠤᠷᠠᠯᠴᠠᠭ᠎ᠠ ᠥᠷᠨᠢᠭᠦᠯᠦᠨ᠂  ᠪᠡᠯᠡ ᠣᠷᠣᠭᠤᠯᠬᠤ ᠪᠢᠯᠢᠭᠲᠡᠨ ᠣᠷᠣᠭᠤᠯᠬᠤ ᠮᠡᠷᠭᠡᠵᠢᠯ ᠣᠷᠣᠭᠤᠯᠬᠤ ᠵᠢ ᠨᠢᠭᠡᠳᠦᠯᠲᠡᠢ ᠲᠥᠯᠥᠪᠯᠡᠨ᠂  ᠠᠵᠤ ᠦᠢ᠍ᠯᠡᠰ᠎ᠤᠨ ᠱᠠᠲᠤᠯᠢᠭ ᠰᠢᠯᠵᠢᠯᠲᠡ ᠵᠢ ᠣᠢ᠌ᠷ᠎ᠠ ᠬᠠᠪᠢ ᠵᠢᠨ ᠵᠠᠬ᠎ᠠ ᠳᠡᠯᠭᠡᠭᠦᠷ᠎ᠢ ᠨᠡᠭᠡᠭᠡᠨ ᠥᠷᠭᠡᠳᠭᠡᠬᠦ᠎ᠯᠦᠭᠡ ᠨᠢᠭᠡᠳᠦᠯᠲᠡᠢ ᠲᠥᠯᠥᠪᠯᠡᠵᠦ᠂  ᠲᠠᠪᠴᠠᠩ᠎ᠤᠨ ᠲᠣᠭᠲᠠᠴᠠ ᠵᠢᠨ ᠪᠦᠲᠦᠭᠡᠨ ᠪᠠᠢ᠌ᠭᠤᠯᠤᠯᠲᠠ ᠪᠠ ᠴᠢᠳᠠᠪᠤᠷᠢᠲᠠᠨ᠎ᠤ ᠰᠣᠯᠢᠯᠴᠠᠭ᠎ᠠ ᠵᠢ ᠨᠢᠭᠡᠳᠦᠯᠲᠡᠢ ᠲᠥᠯᠥᠪᠯᠡᠬᠦ ᠵᠢ᠎ᠨᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      15. ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠡᠪᠴᠢᠶ᠎ᠡ ᠵᠢ ᠪᠤᠵᠠᠭ᠋ᠠᠢ᠌ᠷᠠᠭᠤᠯᠤᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠭᠠᠳᠠᠭ᠋ᠠᠳᠤ ᠨᠡᠭᠡᠭᠡᠯᠲᠡ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠂  ᠪᠣᠬᠢᠷᠲᠤᠯ ᠦᠭᠡᠢ ᠬᠥᠭᠵᠢᠯᠲᠡ᠂  ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠬᠥᠭᠵᠢᠯᠲᠡ ᠵᠢᠨ ᠶᠠᠰᠤ ᠴᠢᠨᠠᠷ᠎ᠲᠤ ᠠᠩᠬᠠᠷᠤᠯ ᠵᠶ᠋ᠠᠨ ᠲᠥᠪᠯᠡᠷᠡᠭᠦᠯᠦᠨ᠂  ᠶᠡᠷᠦᠩᠬᠡᠢ᠌ᠯᠡᠭᠰᠡᠨ ᠬᠥᠭᠵᠢᠯᠲᠡ ᠵᠢᠨ ᠬᠢᠷᠢ ᠲᠦᠪᠰᠢᠨ᠎ᠢ ᠯᠠᠪᠳᠠᠭᠤᠨ ᠪᠠᠲᠤᠲᠠᠢ ᠳᠡᠭᠡᠭᠰᠢᠯᠡᠭᠦᠯᠵᠦ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠰᠢᠯᠭ᠋ᠠᠨ ᠬᠢᠨᠠᠯᠲᠠ᠎ᠳᠤ ᠪᠠᠢ᠌ᠷᠢ ᠳᠡᠭᠡᠭᠰᠢᠯᠡᠨ ᠳᠡᠰ ᠳᠡᠪᠰᠢᠬᠦ ᠵᠢ ᠪᠡᠶᠡᠯᠡᠭᠦᠯᠬᠦ᠎ᠪᠠᠷ ᠬᠦᠴᠦᠯᠡᠨ ᠴᠢᠷᠮᠠᠢ᠌ᠬᠤ ᠵᠢ ᠳᠡᠮᠵᠢᠨ᠎ᠡ᠃  ᠨᠦᠭᠦᠴᠡᠯ᠎ᠳᠤ ᠨᠡᠢ᠌ᠴᠡᠭᠰᠡᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠨᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ ᠵᠶ᠋ᠠᠷ ᠢᠳᠡᠪᠬᠢᠲᠡᠢ ᠭᠤᠶᠤᠴᠢᠯᠠᠨ ᠮᠡᠳᠡᠭᠦᠯᠬᠦ ᠵᠢ ᠳᠡᠮᠵᠢᠵᠦ᠂  ᠮᠠᠨ᠎ᠤ ᠣᠷᠣᠨ᠎ᠤ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠡᠪᠴᠢᠶ᠎ᠡ ᠪᠠ ᠪᠦᠬᠦᠯᠢ ᠴᠣᠭᠴᠠ ᠵᠢᠨ ᠠᠵᠤ ᠠᠬᠤᠢ ᠵᠢᠨ ᠪᠣᠳᠠᠲᠤ ᠬᠦᠴᠦᠨ᠎ᠢ ᠯᠠᠪᠳᠠᠭᠤᠨ ᠪᠠᠲᠤᠲᠠᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂  ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂  ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠵᠢᠷᠭᠤᠭ᠎ᠠ)  ᠬᠦᠴᠦᠨ ᠵᠦᠢ᠍ᠯ᠎ᠤᠨ ᠪᠠᠲᠤᠯᠠᠭ᠎ᠠ ᠪᠠ ᠡᠬᠢ ᠪᠠᠶᠠᠯᠢᠭ᠎ᠢ ᠥᠨᠳᠥᠷ ᠪᠦᠲᠦᠮᠵᠢᠲᠡᠢ᠎ᠪᠠᠷ ᠠᠰᠢᠭᠯᠠᠬᠤ ᠵᠢ ᠴᠢᠩᠭ᠋ᠠᠳᠬᠠᠨ᠎ᠠ᠃

      16. ᠳᠡᠯᠡᠬᠡᠢ᠌ᠵᠢᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠪᠠᠢ᠌ᠭᠤᠯᠤᠨ᠎ᠠ᠃ 《ᠦᠨᠡᠮᠯᠡᠯ᠎ᠤᠳ᠎ᠢ ᠨᠢᠭᠡᠳᠦᠭᠦᠯᠬᠦ᠂  ᠲᠣᠭᠲᠠᠭ᠋ᠠᠯ᠎ᠤᠳ᠎ᠢ ᠨᠢᠭᠡᠳᠦᠭᠦᠯᠬᠦ᠂  ᠦᠨᠡᠯᠡᠯᠲᠡ᠎ᠨᠦᠭᠦᠳ᠎ᠢ ᠨᠢᠭᠡᠳᠦᠭᠦᠯᠬᠦ᠂  ᠵᠢᠷᠤᠭ ᠲᠥᠯᠥᠪᠯᠡᠭᠡ᠎ᠨᠦᠭᠦᠳ᠎ᠢ ᠬᠣᠯᠪᠣᠭ᠋ᠠᠯᠠᠨ ᠬᠢᠨᠠᠬᠤ᠂  ᠰᠢᠯᠭ᠋ᠠᠨ ᠠᠪᠬᠤ ᠤᠴᠢᠷ᠎ᠤᠳ᠎ᠢ ᠨᠢᠭᠡᠳᠦᠭᠦᠯᠬᠦ᠂  ᠬᠡᠮᠵᠢᠨ ᠵᠢᠷᠤᠭᠯᠠᠬᠤ ᠤᠴᠢᠷ᠎ᠤᠳ᠎ᠢ ᠨᠢᠭᠡᠳᠦᠭᠦᠯᠬᠦ》 ᠵᠡᠷᠭᠡ ᠰᠢᠨ᠎ᠡ ᠵᠢ ᠡᠭᠦᠳᠦᠭᠰᠡᠨ ᠠᠵᠢᠯᠯᠠᠬᠤ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠦᠨ᠂ 《ᠥᠷᠲᠡᠭᠡᠴᠢᠯᠡᠭᠰᠡᠨ ᠮᠠᠶᠢᠭ᠎ᠤᠨ》 ᠦᠢ᠍ᠯᠡᠴᠢᠯᠡᠭᠡᠨ᠎ᠤ ᠲᠠᠩᠬᠢᠮ᠎ᠤᠨ ᠪᠦᠲᠦᠭᠡᠨ ᠪᠠᠢ᠌ᠭᠤᠯᠤᠯᠲᠠ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠭᠡᠬᠦ》 ᠵᠢ ᠢᠳᠡᠪᠬᠢᠲᠡᠢ ᠠᠬᠢᠭᠤᠯᠤᠨ᠎ᠠ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠤᠯ᠎ᠤᠨ ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠤᠨ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂  ᠠᠶᠤᠯ ᠦᠭᠡᠢ ᠦᠢ᠍ᠯᠡᠳᠪᠦᠷᠢᠯᠡᠯ᠂  ᠪᠠᠢ᠌ᠭ᠋ᠠᠯᠢ ᠵᠢᠨ ᠡᠬᠢ ᠪᠠᠶᠠᠯᠢᠭ᠂  ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠵᠢ ᠪᠠᠭᠲᠠᠭ᠋ᠠᠭᠰᠠᠨ ᠵᠠᠰᠠᠭ ᠵᠠᠬᠢᠷᠭ᠋ᠠᠨ᠎ᠤ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠵᠢ ᠬᠠᠤᠯᠢ ᠶᠣᠰᠣᠭ᠋ᠠᠷ ᠪᠠᠢ᠌ᠭᠤᠯᠵᠤ᠂  ᠳᠣᠲᠣᠨᠣ ᠴᠢᠭᠡᠴᠢ ᠰᠢᠨ᠎ᠡ ᠬᠡᠯᠪᠡᠷᠢ ᠵᠢᠨ ᠵᠠᠰᠠᠭ ᠪᠠ ᠬᠤᠳᠠᠯᠳᠤᠭ᠋ᠠᠴᠢᠨ᠎ᠤ ᠬᠠᠷᠢᠴᠠᠭ᠎ᠠ ᠵᠢ ᠪᠠᠢ᠌ᠭᠤᠯᠤᠨ᠎ᠠ᠃  ᠨᠦᠭᠦᠴᠡᠯ᠎ᠲᠠᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ᠎ᠬᠢᠨ᠎ᠤ ᠪᠥᠬᠥ ᠶᠠᠪᠤᠴᠠ᠎ᠳᠤ ᠣᠷᠣᠯᠠᠨ ᠭᠦᠢ᠍ᠴᠡᠳᠭᠡᠬᠦ ᠳᠦᠷᠢᠮ ᠰᠦᠪᠡᠭᠴᠢᠯᠡᠨ ᠥᠷᠨᠢᠭᠦᠯᠬᠦ ᠵᠢ ᠵᠣᠷᠢᠭᠵᠢᠭᠤᠯᠤᠨ᠎ᠠ᠃  ᠡᠯ᠎ᠡ ᠵᠦᠢ᠍ᠯ᠎ᠤᠨ ᠠᠵᠤ ᠠᠬᠤᠢ᠌ᠯᠠᠯ᠎ᠳᠤ ᠬᠠᠷᠠᠭ᠋ᠠᠯᠵᠠᠯ ᠦᠵᠡᠭᠦᠯᠵᠦ ᠠᠷᠠᠳ᠎ᠲᠤ ᠳᠥᠭᠥᠮ ᠦᠵᠡᠭᠦᠯᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂  ᠡᠯ᠎ᠡ ᠵᠦᠢ᠍ᠯ᠎ᠤᠨ ᠠᠮᠠᠯᠠᠯᠲᠠ᠎ᠪᠠᠨ ᠴᠠᠭ ᠲᠤᠬᠠᠢ᠎ᠳᠤ᠎ᠨᠢ ᠪᠡᠶᠡᠯᠡᠭᠦᠯᠦᠨ᠎ᠡ᠃  ᠲᠥᠷᠥ ᠵᠢᠨ ᠪᠣᠳᠣᠯᠭ᠎ᠠ ᠵᠢᠨ ᠵᠥᠪᠰᠢᠶᠡᠷᠡᠯ ᠪᠠ ᠡᠷᠬᠡ ᠵᠢᠨ ᠬᠢᠵᠠᠭ᠋ᠠᠷ᠎ᠤᠨ ᠬᠡᠪᠴᠢᠶᠡᠨ᠎ᠳᠤ᠎ᠪᠠᠨ ᠥᠷᠢᠰᠦᠯᠳᠦᠬᠦ ᠬᠦᠴᠦᠨ᠎ᠲᠠᠢ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂  ᠴᠢᠬᠤᠯᠠ ᠶᠡᠬᠡ ᠠᠵᠦ ᠦᠢ᠍ᠯᠡᠰ᠎ᠤᠨ ᠲᠥᠷᠥᠯ ᠵᠦᠢ᠍ᠯ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥᠯ᠎ᠤᠨ ᠲᠥᠷᠥᠯ ᠵᠦᠢ᠍ᠯ᠎ᠳᠤ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠨᠢ 《ᠨᠢᠭᠡ ᠠᠵᠤ ᠠᠬᠤᠢ᠌ᠯᠠᠯ᠎ᠳᠤ ᠨᠢᠭᠡ ᠲᠥᠷᠥ ᠵᠢᠨ ᠪᠣᠳᠣᠯᠭ᠎ᠠ᠂  ᠨᠢᠭᠡ ᠠᠵᠤ ᠦᠢ᠍ᠯᠡᠰ᠎ᠲᠤ ᠨᠢᠭᠡ ᠲᠥᠷᠥ ᠵᠢᠨ ᠪᠣᠳᠣᠯᠭ᠎ᠠ》 ᠵᠢᠨ ᠬᠠᠷᠠᠭ᠋ᠠᠯᠵᠠᠯ᠎ᠤᠨ ᠤᠷᠮᠠᠰᠢᠭᠤᠯᠬᠤ ᠠᠷᠭ᠎ᠠ ᠬᠡᠮᠵᠢᠶ᠎ᠡ ᠵᠢ ᠠᠪᠴᠤ ᠪᠣᠯᠣᠨ᠎ᠠ᠃  (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂  ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠂  ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      17. ᠡᠷᠴᠢᠮᠵᠢᠭᠦᠯᠦᠨ ᠥᠨᠳᠥᠷ ᠪᠦᠲᠦᠮᠵᠢᠲᠡᠢ᠎ᠪᠠᠷ ᠭᠠᠵᠠᠷ ᠰᠢᠷᠣᠢ ᠬᠡᠷᠡᠭᠯᠡᠬᠦ ᠵᠢ ᠴᠢᠩᠭ᠋ᠠᠷᠠᠭᠤᠯᠤᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠥᠭᠵᠢᠯᠲᠡ ᠵᠢᠨ ᠲᠥᠯᠥᠪᠵᠢᠭᠦᠯᠭᠡ ᠵᠢ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ᠎ᠯᠦᠭᠡ ᠵᠣᠯᠭ᠋ᠠᠭᠤᠯᠬᠤ᠎ᠪᠠᠨ ᠴᠢᠩᠭ᠋ᠠᠳᠬᠠᠨ᠂  ᠬᠣᠲᠠ ᠪᠠᠯᠭ᠋ᠠᠰᠤ ᠵᠢ ᠨᠡᠭᠡᠭᠡᠨ ᠬᠥᠭᠵᠢᠭᠦᠯᠬᠦ ᠵᠢᠨ ᠬᠢᠯᠢ ᠵᠠᠭ᠋ᠠᠭ᠎ᠢ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠨ ᠲᠣᠭᠲᠠᠭ᠋ᠠᠵᠤ᠂  ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠢ ᠵᠦᠢ ᠵᠣᠬᠢᠰᠲᠠᠢ ᠤᠷᠢᠳᠴᠢᠯᠠᠵᠤ ᠦᠯᠡᠳᠡᠭᠡᠨ᠎ᠡ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ   ᠣᠷᠣᠨ᠎ᠤ ᠬᠠᠷᠭᠤᠭᠤᠯᠤᠨ ᠵᠥᠪᠰᠢᠶᠡᠷᠡᠬᠦ ᠬᠡᠪᠴᠢᠶ᠎ᠡ᠎ᠪᠠᠨ ᠬᠤᠪᠢᠷᠠᠭ᠋ᠠᠬᠤ ᠦᠭᠡᠢ ᠪᠠᠢ᠌ᠬᠤ ᠤᠷᠢᠳᠠᠯ ᠳᠣᠣᠷ᠎ᠠ᠂  ᠲᠥᠯᠥᠪᠵᠢᠭᠦᠯᠭᠡ ᠵᠢᠨ ᠬᠠᠲᠠᠭᠤ ᠬᠢᠵᠠᠭ᠋ᠠᠷᠯᠠᠯ ᠪᠠ ᠬᠠᠷᠢᠮᠠᠬᠠᠢ ᠲᠣᠬᠢᠷᠠᠭᠤᠯᠤᠯᠲᠠ ᠵᠢ ᠵᠡᠷᠭᠡ᠎ᠳᠤ᠎ᠨᠢ ᠬᠡᠷᠡᠭᠯᠡᠬᠦ ᠲᠣᠭᠲᠠᠴᠠ ᠬᠡᠷᠡᠭᠵᠢᠭᠦᠯᠬᠦ ᠵᠢ ᠵᠥᠪᠰᠢᠶᠡᠷᠡᠨ᠂  ᠲᠥᠷᠥᠯ ᠵᠦᠢ᠍ᠯ᠎ᠤᠨ ᠪᠣᠳᠠᠲᠠᠢ᠌ᠵᠢᠬᠤ ᠵᠢ ᠡᠮᠬᠢ ᠳᠢᠭᠯᠢᠮ᠎ᠲᠠᠢ ᠲᠣᠬᠢᠷᠠᠭᠤᠯᠤᠨ᠎ᠠ᠃  ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ᠎ᠳᠠᠬᠢ ᠡᠮᠦᠨ᠎ᠡ ᠬᠣᠢ᠌ᠨᠠᠬᠢ ᠳᠠᠷᠠᠭ᠋ᠠᠯᠠᠯ᠎ᠢ ᠴᠢᠩᠭ᠎ᠠ ᠨᠠᠢ᠌ᠳᠠᠪᠤᠷᠢᠵᠢᠭᠤᠯᠤᠨ᠂  ᠬᠣᠲᠠ ᠪᠠᠯᠭ᠋ᠠᠰᠤᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠪᠠ ᠬᠣᠲᠠ ᠪᠠᠯᠭ᠋ᠠᠰᠤ ᠵᠢ ᠨᠡᠭᠡᠭᠡᠨ ᠬᠥᠭᠵᠢᠭᠦᠯᠬᠦ ᠬᠢᠯᠢ ᠵᠠᠭ᠋ᠠᠭ᠎ᠢ ᠥᠷᠭᠡᠳᠭᠡᠬᠦ ᠳᠠᠬᠢᠨ ᠲᠣᠭ᠎ᠠ ᠵᠢ ᠰᠢᠪᠲᠤᠯᠬᠤ ᠦᠭᠡᠢ ᠤᠷᠢᠳᠠᠯ ᠳᠣᠣᠷ᠎ᠠ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ 《ᠬᠣᠲᠠ ᠪᠠᠯᠭ᠋ᠠᠰᠤ ᠵᠢ ᠨᠡᠭᠡᠭᠡᠨ ᠬᠥᠭᠵᠢᠭᠦᠯᠬᠦ ᠬᠢᠯᠢ ᠵᠠᠭ᠋ᠠᠭ᠎ᠤᠨ ᠬᠠᠮᠢᠶᠠᠷᠤᠯᠲᠠ ᠵᠢ ᠰᠠᠢ᠌ᠲᠤᠷ ᠬᠢᠬᠦ ᠲᠤᠬᠠᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ (ᠲᠤᠷᠰᠢᠨ ᠬᠡᠷᠡᠭᠵᠢᠭᠦᠯᠬᠦ)》 (ᠪᠠᠢ᠌ᠭ᠋ᠠᠯᠢ ᠪᠠᠶᠠᠯᠢᠭ ᠲᠠᠷᠬᠠᠭ᠋ᠠᠭᠰᠠᠨ [2023]193 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ ᠶᠣᠰᠣᠭ᠋ᠠᠷ᠂  ᠬᠣᠲᠠ ᠪᠠᠯᠭ᠋ᠠᠰᠤ ᠵᠢ ᠨᠡᠭᠡᠭᠡᠨ ᠬᠥᠭᠵᠢᠭᠦᠯᠬᠦ ᠬᠢᠯᠢ ᠵᠠᠭ᠋ᠠᠭ᠎ᠲᠤ ᠬᠡᠰᠡᠭ ᠲᠠᠯ᠎ᠠ ᠵᠢᠨ ᠰᠢᠯᠢᠳᠡᠭᠵᠢᠭᠦᠯᠦᠯᠲᠡ ᠬᠢᠬᠦ ᠵᠢ ᠵᠥᠪᠰᠢᠶᠡᠷᠡᠨ᠎ᠡ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠦᠯᠡᠳᠡᠭᠳᠡᠯ ᠭᠠᠵᠠᠷ ᠰᠢᠷᠣᠢ ᠵᠢ ᠳᠠᠬᠢᠨ ᠨᠡᠭᠡᠭᠡᠨ ᠬᠥᠭᠵᠢᠭᠦᠯᠬᠦ ᠵᠢ ᠴᠢᠩᠭ᠋ᠠᠳᠬᠠᠵᠤ᠂  ᠰᠤᠯᠠ ᠲᠠᠯᠪᠢᠭᠳᠠᠵᠤ ᠪᠠᠢ᠌ᠭ᠎ᠠ ᠭᠠᠵᠠᠷ ᠰᠢᠷᠣᠢ᠂  ᠬᠡᠷᠡᠭᠯᠡᠭᠡᠨ᠎ᠤ ᠪᠦᠲᠦᠮᠵᠢ ᠠᠨᠠᠢ ᠭᠠᠵᠠᠷ᠎ᠢ ᠰᠡᠷᠭᠦᠭᠡᠨ ᠠᠰᠢᠭᠯᠠᠬᠤ ᠵᠢ ᠠᠬᠢᠭᠤᠯᠤᠨ᠎ᠠ᠃  ᠰᠢᠨ᠎ᠡ᠎ᠪᠠᠷ ᠨᠡᠭᠡᠭᠡᠯᠲᠡ ᠵᠢᠨ ᠣᠷᠣᠨ᠎ᠳᠤ ᠰᠠᠭᠤᠷᠢᠰᠢᠭᠰᠠᠨ ᠠᠵᠤ ᠠᠬᠤᠢ᠌ᠯᠠᠯ ᠪᠠ ᠭᠠᠵᠠᠷ ᠰᠢᠷᠣᠢ ᠬᠡᠷᠡᠭᠯᠡᠬᠦ ᠡᠷᠬᠡ ᠵᠢᠨ ᠬᠠᠷᠢᠶᠠᠨ᠎ᠤ ᠠᠵᠤ ᠠᠬᠤᠢ᠌ᠯᠠᠯ ᠬᠣᠷᠰᠢᠨ ᠠᠵᠢᠯᠯᠠᠬᠤ ᠵᠢ ᠵᠣᠷᠢᠭᠵᠢᠭᠤᠯᠤᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠭᠤᠴᠢᠨ ᠬᠣᠲᠠ ᠪᠠᠯᠭ᠋ᠠᠰᠤ᠂  ᠬᠠᠭᠤᠴᠢᠨ ᠦᠢ᠍ᠯᠡᠳᠪᠦᠷᠢ ᠵᠢᠨ ᠭᠡᠷ ᠪᠠᠢ᠌ᠰᠢᠩ᠂  ᠬᠠᠭᠤᠴᠢᠨ ᠠᠢ᠌ᠯ ᠲᠣᠰᠬᠤᠨ ᠵᠡᠷᠭᠡ ᠵᠢ ᠥᠭᠡᠷᠡᠴᠢᠯᠡᠵᠦ ᠰᠠᠢ᠌ᠵᠢᠷᠠᠭᠤᠯᠬᠤ ᠵᠢ ᠳᠡᠮᠵᠢᠨ᠎ᠡ;  ᠬᠦᠷᠢᠶᠡᠯᠡᠩ ᠲᠣᠭᠣᠷᠢᠭ᠎ᠲᠠᠬᠢ ᠠᠵᠤ ᠠᠬᠤᠢ᠌ᠯᠠᠯ᠎ᠤᠨ ᠣᠳᠣ ᠪᠠᠢ᠌ᠭ᠎ᠠ ᠦᠯᠡᠳᠡᠭᠳᠡᠯ ᠭᠠᠵᠠᠷ ᠰᠢᠷᠣᠢ ᠵᠢ ᠠᠰᠢᠭᠯᠠᠨ ᠡᠮᠴᠢᠯᠡᠭᠡ᠂  ᠰᠤᠷᠭ᠋ᠠᠨ ᠬᠥᠮᠥᠵᠢᠯ᠂  ᠰᠢᠨᠵᠢᠯᠡᠬᠦ ᠤᠬᠠᠭ᠋ᠠᠨ᠎ᠤ ᠰᠤᠳᠤᠯᠤᠯ ᠵᠡᠷᠭᠡ ᠲᠥᠷᠥᠯ ᠵᠦᠢ᠍ᠯ ᠬᠥᠭᠵᠢᠭᠦᠯᠬᠦ ᠵᠢ᠎ᠨᠢ ᠳᠡᠮᠵᠢᠨ᠎ᠡ᠃  ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠢ ᠵᠣᠷᠢᠭᠵᠢᠭᠤᠯᠵᠤ ᠪᠠᠢ᠌ᠭ᠋ᠠᠳ ᠠᠵᠤ ᠦᠢ᠍ᠯᠡᠰ᠎ᠲᠤ ᠬᠡᠷᠡᠭᠯᠡᠬᠦ ᠭᠠᠵᠠᠷ ᠰᠢᠷᠣᠢ ᠵᠢᠨ ᠲᠥᠷᠥᠯ ᠠᠩᠭᠢᠯᠠᠯ᠎ᠳᠤ ᠰᠢᠨ᠎ᠡ ᠵᠢ ᠡᠭᠦᠳᠬᠦ᠂  ᠭᠠᠵᠠᠷ ᠰᠢᠷᠣᠢ ᠵᠢ ᠬᠣᠯᠢᠯᠳᠤᠭᠤᠯᠤᠨ ᠬᠡᠷᠡᠭᠯᠡᠬᠦ ᠵᠢ ᠵᠣᠷᠢᠭᠵᠢᠭᠤᠯᠬᠤ᠂  ᠠᠵᠤ ᠦᠢ᠍ᠯᠡᠰ᠎ᠲᠤ ᠬᠡᠷᠡᠭᠯᠡᠬᠦ ᠭᠠᠵᠠᠷ ᠰᠢᠷᠣᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ᠎ᠪᠠᠷ ᠳᠠᠮᠵᠢᠭᠤᠯᠤᠨ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠵᠤ ᠦᠢ᠍ᠯᠡᠰ᠎ᠤᠨ ᠲᠥᠷᠥᠯ ᠵᠦᠢ᠍ᠯ᠎ᠳᠤ ᠬᠡᠷᠡᠭᠯᠡᠬᠦ ᠭᠠᠵᠠᠷ ᠰᠢᠷᠣᠢ ᠵᠢᠨ ᠬᠡᠷᠡᠭᠴᠡᠭᠡ ᠵᠢ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      18. ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ ᠵᠶ᠋ᠡᠨ ᠴᠢᠩᠭ᠋ᠠᠷᠠᠭᠤᠯᠤᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠰᠠᠭᠤᠷᠢ ᠮᠥᠩᠭᠥ᠂  ᠡᠯ᠎ᠡ ᠲᠥᠷᠥᠯ᠎ᠤᠨ ᠠᠵᠤ ᠦᠢ᠍ᠯᠡᠰ᠎ᠤᠨ ᠲᠤᠰᠬᠠᠢ ᠪᠡᠯᠡ ᠮᠥᠩᠭᠥ ᠵᠢ ᠰᠠᠢ᠌ᠲᠤᠷ ᠠᠰᠢᠭᠯᠠᠨ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠌ᠭᠤᠯᠤᠯᠲᠠ᠎ᠪᠠᠨ ᠴᠢᠩᠭ᠋ᠠᠷᠠᠭᠤᠯᠬᠤ ᠵᠢ᠎ᠨᠢ ᠳᠡᠮᠵᠢᠵᠦ᠂  ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠬᠤ ᠵᠢ᠎ᠨᠢ ᠵᠣᠷᠢᠭᠵᠢᠭᠤᠯᠤᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠨᠡᠢ᠌ᠲᠡ ᠵᠢᠨ ᠠᠰᠠᠷᠠᠮᠵᠢ ᠵᠢᠨ ᠲᠥᠷᠥᠯ᠎ᠤᠨ ᠰᠠᠭᠤᠷᠢ ᠪᠡᠯᠡᠳᠭᠡᠮᠵᠢ ᠵᠢᠴᠢ ᠴᠢᠬᠤᠯᠠ ᠶᠡᠬᠡ ᠲᠥᠷᠥᠯ ᠵᠦᠢ᠍ᠯ᠎ᠢ ᠪᠦᠲᠦᠭᠡᠨ ᠪᠠᠢ᠌ᠭᠤᠯᠬᠤ᠎ᠪᠠᠷ ᠲᠤᠰᠬᠠᠢ ᠵᠢᠭᠡᠯᠡᠯᠭᠡ ᠵᠢᠨ ᠲᠡᠮᠳᠡᠭ ᠭᠤᠶᠤᠴᠢᠯᠠᠬᠤ᠎ᠳᠤ᠎ᠨᠢ ᠵᠣᠬᠢᠬᠤ ᠬᠡᠮᠵᠢᠶ᠎ᠡ᠎ᠪᠠᠷ ᠬᠠᠷᠠᠭ᠋ᠠᠯᠵᠠᠯ ᠦᠵᠡᠭᠦᠯᠵᠦ᠂  ᠡᠯ᠎ᠡ ᠠᠢ᠌ᠮᠠᠭ ᠬᠣᠲᠠ ᠵᠢ ᠵᠣᠷᠢᠭᠵᠢᠭᠤᠯᠵᠤ ᠪᠠᠢ᠌ᠭ᠋ᠠᠳ ᠲᠡᠭᠦᠨ᠎ᠤ ᠬᠠᠷᠢᠶ᠎ᠠ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ ᠵᠶ᠋ᠠᠨ ᠡᠮᠬᠢᠯᠡᠨ ᠨᠡᠢ᠌ᠯᠡᠭᠦᠯᠵᠦ ᠳᠠᠪᠰᠢᠨ ᠳᠡᠭᠡᠭᠰᠢᠯᠡᠭᠦᠯᠬᠦ᠎ᠳᠤ᠎ᠨᠢ ᠬᠠᠷᠠᠭ᠋ᠠᠯᠵᠠᠭᠰᠠᠨ ᠡᠳ᠋᠎ᠤᠨ ᠵᠠᠰᠠᠭ᠎ᠤᠨ ᠳᠡᠮᠵᠢᠯᠭᠡ ᠣᠯᠭᠣᠨ᠎ᠠ;  ᠨᠦᠭᠦᠴᠡᠯ᠎ᠲᠠᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ ᠵᠢᠨ ᠢᠲᠡᠭᠡᠮᠵᠢᠲᠦ ᠰᠠᠭᠤᠷᠢ ᠮᠥᠩᠭᠥ ᠵᠡᠷᠭᠡ ᠲᠤᠷᠰᠢᠯᠲᠠ ᠵᠢᠨ ᠴᠡᠭ ᠥᠷᠨᠢᠭᠦᠯᠬᠦ ᠵᠢ ᠳᠡᠮᠵᠢᠨ᠎ᠡ;  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠡᠳ᠋᠎ᠤᠨ ᠵᠠᠰᠠᠭ᠎ᠤᠨ ᠪᠦᠷᠢᠮᠦᠰᠦᠨ ᠲᠤᠰᠠᠭ᠋ᠠᠷ ᠪᠠᠢ᠌ᠬᠤ ᠵᠢ ᠳᠡᠮᠵᠢᠨ᠂  ᠥᠪᠡᠷᠲᠡᠭᠡᠨ ᠵᠠᠰᠠᠬᠤ ᠣᠷᠣᠨ᠎ᠠᠴᠠ ᠡᠯ᠎ᠡ ᠵᠦᠢ᠍ᠯ᠎ᠤᠨ ᠲᠤᠰᠬᠠᠢ ᠰᠢᠯᠵᠢᠭᠦᠯᠦᠨ ᠲᠥᠯᠥᠬᠦ ᠮᠥᠩᠭᠥ ᠪᠠᠭᠤᠯᠭ᠋ᠠᠬᠤ᠎ᠳᠤ᠎ᠪᠠᠨ᠂  ᠲᠤᠰᠠᠭ᠋ᠠᠷ ᠵᠢᠭᠰᠠᠭ᠋ᠠᠵᠤ᠂  ᠲᠤᠰᠠᠭ᠋ᠠᠷ ᠵᠣᠭᠣᠰ ᠲᠣᠬᠢᠷᠠᠭᠤᠯᠤᠨ᠎ᠠ;  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠬᠣᠰᠢᠭᠤ ᠰᠢᠶᠠᠨ (ᠬᠣᠲᠠ᠂  ᠲᠣᠭᠣᠷᠢᠭ)᠎ᠤ ᠵᠠᠰᠠᠭ᠎ᠤᠨ ᠣᠷᠳᠣᠨ᠎ᠤ ᠥᠷᠢ ᠥᠭᠴᠡᠭᠡᠨ᠎ᠤ ᠬᠠᠮᠢᠶᠠᠷᠤᠯᠲᠠ ᠵᠢᠨ ᠵᠠᠭᠪᠤᠷ ᠵᠶ᠋ᠡᠷ ᠯᠠᠪᠯᠠᠯᠲᠠ ᠪᠣᠯᠭ᠋ᠠᠵᠦ᠂  ᠪᠠᠢ᠌ᠭ᠎ᠠ ᠭᠠᠵᠠᠷ᠎ᠤᠨ ᠠᠢ᠌ᠮᠠᠭ ᠬᠣᠲᠠ᠎ᠠᠴᠠ ᠰᠠᠯᠤᠩᠬᠢᠳᠠ ᠪᠠᠢ᠌ᠯᠭ᠋ᠠᠵᠤ᠂  ᠲᠤᠰᠠᠭ᠋ᠠᠷᠯᠠᠨ ᠠᠵᠢᠯᠯᠠᠭᠤᠯᠬᠤ ᠪᠠ ᠬᠠᠮᠢᠶᠠᠷᠬᠤ ᠵᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂  ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂  ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂  ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠪᠥᠷ ᠮᠣᠩᠭᠣᠯ᠎ᠳᠠᠬᠢ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂  ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠥᠪᠥᠷ ᠮᠣᠩᠭᠣᠯ᠎ᠳᠠᠬᠢ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      19. ᠡᠨᠧᠷᠭᠢ ᠵᠢᠨ ᠡᠬᠢ ᠪᠠᠶᠠᠯᠢᠭ᠎ᠤᠨ ᠥᠪᠡᠷ᠎ᠤᠨ ᠥᠷᠳᠡᠭ᠎ᠢ ᠪᠠᠭᠤᠷᠠᠭᠤᠯᠤᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ᠂  ᠰᠢᠲᠠᠮᠠᠬᠠᠢ ᠬᠡᠢ ᠵᠢᠨ ᠰᠢᠭᠤᠳ ᠬᠡᠢ ᠬᠠᠩᠭ᠋ᠠᠬᠤ ᠲᠤᠷᠰᠢᠯᠲᠠ ᠵᠢᠨ ᠴᠡᠭ᠂  ᠤᠰᠤ ᠬᠠᠩᠭ᠋ᠠᠬᠤ ᠤᠰᠤ ᠭᠠᠳᠠᠭᠰᠢᠯᠠᠭᠤᠯᠬᠤ ᠭᠤᠷᠪᠠᠳᠤᠭ᠋ᠠᠷ ᠡᠲᠡᠭᠡᠳ᠎ᠤᠨ ᠦᠢ᠍ᠯᠡᠴᠢᠯᠡᠭᠡ ᠵᠡᠷᠭᠡ ᠥᠭᠡᠷᠡᠴᠢᠯᠡᠯᠲᠡ ᠥᠷᠨᠢᠭᠦᠯᠬᠦ ᠵᠢ ᠳᠡᠮᠵᠢᠨ᠎ᠡ᠃  ᠨᠡᠭᠡᠭᠡᠯᠲᠡ ᠵᠢᠨ ᠣᠷᠣᠨ᠎ᠳᠠᠬᠢ ᠠᠵᠤ ᠠᠬᠤᠢ᠌ᠯᠠᠯ᠎ᠤᠨ ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ᠎ᠯᠤᠭ᠎ᠠ ᠰᠢᠭᠤᠳ ᠴᠠᠬᠢᠯᠭ᠋ᠠᠨ ᠬᠦᠴᠦᠨ᠎ᠤ ᠠᠷᠠᠯᠵᠢᠶ᠎ᠠ ᠬᠢᠬᠦ ᠵᠢ ᠵᠣᠷᠢᠭᠵᠢᠭᠤᠯᠤᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠰᠠᠭᠤᠭ᠋ᠠᠯᠢ ᠠᠷᠠᠳ᠎ᠤᠨ ᠪᠤᠰᠤ ᠦᠨ᠎ᠡ ᠵᠢᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠵᠢ ᠲᠣᠭᠲᠠᠭ᠋ᠠᠯ ᠶᠣᠰᠣᠭ᠋ᠠᠷ ᠥᠷᠨᠢᠭᠦᠯᠬᠦ ᠵᠢ ᠳᠡᠮᠵᠢᠵᠦ᠂  ᠪᠠᠢ᠌ᠭ᠋ᠠᠯᠢ ᠵᠢᠨ ᠰᠢᠲᠠᠮᠠᠬᠠᠢ ᠬᠡᠢ ᠵᠢ ᠵᠥᠭᠡᠭᠡᠪᠦᠷᠢᠯᠡᠬᠦ ᠪᠠ ᠲᠣᠬᠢᠷᠠᠭᠤᠯᠬᠤ ᠦᠨ᠎ᠡ ᠬᠠᠩᠰᠢ ᠵᠢᠨ ᠲᠠᠯ᠎ᠠ ᠵᠢᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂  ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂  ᠠᠵᠦ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      20. ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ᠎ᠪᠠᠨ ᠲᠡᠭᠦᠯᠳᠡᠷᠵᠢᠭᠦᠯᠦᠨ᠎ᠡ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ 《ᠢᠯᠡᠭᠦᠦ ᠬᠥᠳᠡᠯᠮᠦᠷᠢᠯᠡᠪᠡᠯ ᠢᠯᠡᠭᠦᠦ ᠣᠯᠵᠤ᠂  ᠰᠢᠯᠢᠳᠡᠭ ᠪᠦᠲᠦᠮᠵᠢ ᠭᠠᠷᠭ᠋ᠠᠪᠠᠯ ᠶᠡᠬᠡ ᠬᠠᠷᠠᠮᠵᠢ ᠣᠯᠭᠣᠬᠤ》 ᠬᠥᠳᠡᠯᠦᠩᠭᠦᠢ᠎ᠪᠠᠷ ᠤᠷᠮᠠᠰᠢᠭᠤᠯᠵᠤ ᠴᠢᠳᠠᠪᠤᠷᠢᠲᠠᠨ ᠬᠡᠷᠡᠭᠯᠡᠬᠦ ᠰᠠᠢ᠌ᠨ ᠳᠠᠮᠵᠢᠯᠭ᠎ᠠ ᠵᠢᠨ ᠲᠣᠭᠲᠠᠴᠠ ᠪᠠᠢ᠌ᠭᠤᠯᠬᠤ᠎ᠳᠤ᠎ᠨᠢ ᠳᠡᠮᠵᠢᠯᠭᠡ ᠦᠵᠡᠭᠦᠯᠵᠦ᠂  ᠠᠵᠢᠯ ᠦᠢ᠍ᠯᠡᠰ᠎ᠤᠨ ᠨᠢᠭᠡᠴᠢ ᠵᠢᠨ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠳᠤ ᠵᠢᠯ᠎ᠤᠨ ᠴᠠᠯᠢᠩ᠎ᠤᠨ ᠳᠦᠷᠢᠮ᠂  ᠲᠥᠷᠥᠯ ᠵᠦᠢ᠍ᠯ᠎ᠤᠨ ᠴᠠᠯᠢᠩ᠂  ᠵᠥᠪᠯᠡᠯᠴᠡᠭᠡᠷ᠎ᠤᠨ ᠴᠠᠯᠢᠩ ᠵᠡᠷᠭᠡ ᠣᠯᠠᠨ ᠵᠦᠢ᠍ᠯ᠎ᠤᠨ ᠬᠤᠪᠢᠶᠠᠷᠢᠯᠠᠬᠤ ᠬᠡᠯᠪᠡᠷᠢ ᠬᠡᠷᠡᠭᠵᠢᠭᠦᠯᠬᠦ ᠵᠢ ᠰᠦᠪᠡᠭᠴᠢᠯᠡᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠣᠷᠣᠭᠤᠯᠵᠤ ᠠᠪᠴᠢᠷᠠᠬᠤ᠎ᠪᠠᠷ ᠲᠤᠯᠭ᠋ᠠᠮ ᠱᠠᠭ᠋ᠠᠷᠳᠠᠭᠳᠠᠵᠤ ᠪᠠᠢ᠌ᠭ᠎ᠠ ᠡᠯ᠎ᠡ ᠲᠥᠷᠥᠯ᠎ᠤᠨ ᠴᠢᠳᠠᠪᠤᠷᠢᠲᠠᠨ᠎ᠳᠤ ᠡᠷᠦᠬᠡ ᠠᠮᠠ ᠵᠢᠨ ᠳᠠᠩᠰᠠᠯᠠᠯᠲᠠ ᠵᠢ ᠭᠦᠢ᠍ᠴᠡᠳᠭᠡᠬᠦ᠂  ᠬᠢᠯᠢ᠎ᠪᠠᠷ ᠭᠠᠷᠴᠤ ᠣᠷᠣᠬᠤ᠂  ᠦᠷ᠎ᠡ ᠬᠡᠦᠬᠡᠳ ᠵᠶ᠋ᠠᠨ ᠰᠤᠷᠭ᠋ᠠᠭᠤᠯᠢ᠎ᠳᠤ ᠰᠠᠭᠤᠯᠭ᠋ᠠᠬᠤ᠂  ᠡᠮᠴᠢᠯᠡᠭᠡᠨ᠎ᠤ ᠳᠠᠭ᠋ᠠᠳᠬᠠᠯ᠂  ᠦᠢ᠍ᠯᠡᠰ ᠴᠣᠭᠴᠠᠯᠠᠬᠤ ᠪᠡᠯᠡ ᠣᠷᠤᠭᠤᠯᠤᠯᠲᠠ ᠵᠡᠷᠭᠡ ᠵᠢ ᠪᠠᠭᠲᠠᠭ᠋ᠠᠭᠰᠠᠨ 《ᠥᠷᠲᠡᠭᠡᠴᠢᠯᠡᠭᠰᠡᠨ ᠮᠠᠶᠢᠭ᠎ᠤᠨ》 ᠦᠢ᠍ᠯᠡᠴᠢᠯᠡᠭᠡ ᠬᠡᠷᠡᠭᠵᠢᠭᠦᠯᠬᠦ ᠵᠢ᠎ᠨᠢ ᠳᠡᠮᠵᠢᠨ᠎ᠡ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠠᠬᠢ ᠠᠵᠤ ᠠᠬᠤᠢ᠌ᠯᠠᠯ᠎ᠤᠨ ᠲᠤᠯᠭ᠋ᠠᠮ ᠱᠠᠭ᠋ᠠᠷᠳᠠᠭᠳᠠᠬᠤ ᠭᠠᠳᠠᠭ᠋ᠠᠳᠤ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠳᠤ᠂  ᠠᠵᠢᠯᠯᠠᠬᠤ ᠵᠥᠪᠰᠢᠶᠡᠷᠡᠯ᠎ᠢ ᠭᠤᠶᠤᠴᠢᠯᠠᠬᠤ ᠨᠠᠰᠤ ᠵᠢᠯ᠎ᠤᠨ ᠬᠢᠵᠠᠭ᠋ᠠᠷᠯᠠᠯ᠎ᠢ ᠲᠣᠭᠲᠠᠭ᠋ᠠᠯ ᠶᠣᠰᠣᠭ᠋ᠠᠷ ᠵᠣᠬᠢᠬᠤ ᠬᠡᠮᠵᠢᠶ᠎ᠡ᠎ᠪᠠᠷ ᠰᠤᠯᠠᠷᠠᠭᠤᠯᠵᠤ ᠪᠣᠯᠣᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠣᠷᠣᠭᠤᠯᠵᠤ ᠠᠪᠴᠢᠷᠠᠭᠰᠠᠨ ᠭᠠᠳᠠᠭ᠋ᠠᠳᠤ ᠵᠢᠨ ᠬᠠᠷᠢᠶ᠎ᠠ᠎ᠲᠠᠢ ᠳᠡᠭᠡᠳᠦ ᠳᠡᠰ᠎ᠤᠨ ᠴᠢᠳᠠᠪᠤᠷᠢᠲᠠᠨ᠎ᠳᠤ᠂  ᠬᠢᠯᠢ᠎ᠪᠠᠷ ᠣᠷᠣᠵᠤ ᠢᠷᠡᠬᠦ᠂  ᠣᠷᠣᠰᠢᠨ ᠰᠠᠭᠤᠬᠤ ᠪᠠ ᠥᠨᠢᠳᠡ ᠣᠷᠣᠰᠢᠨ ᠰᠠᠭᠤᠬᠤ ᠳᠥᠭᠥᠮ ᠨᠦᠭᠦᠴᠡᠯ ᠬᠠᠩᠭ᠋ᠠᠨ᠎ᠠ᠃  ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ ᠪᠠ ᠠᠵᠢᠯ ᠮᠡᠷᠭᠡᠵᠢᠯ᠎ᠤᠨ ᠪᠣᠯᠪᠠᠰᠤᠷᠠᠯ᠎ᠢ ᠶᠡᠬᠡ᠎ᠪᠠᠷ ᠬᠥᠭᠵᠢᠭᠦᠯᠦᠨ᠂  ᠶᠡᠬᠡ ᠰᠤᠷᠭ᠋ᠠᠭᠤᠯᠢ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠂  ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂  ᠨᠡᠢ᠌ᠭᠡᠮ᠎ᠤᠨ ᠰᠤᠷᠭ᠋ᠠᠨ ᠬᠥᠮᠥᠵᠢᠯ᠎ᠤᠨ ᠪᠠᠢ᠌ᠭᠤᠯᠤᠮᠵᠢ ᠵᠢᠨ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠯᠤᠭ᠎ᠠ ᠬᠠᠮᠲᠤ᠎ᠪᠠᠷ ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ ᠪᠠᠢ᠌ᠭᠤᠯᠬᠤ ᠵᠢ᠎ᠨᠢ ᠵᠣᠷᠢᠭᠵᠢᠭᠤᠯᠤᠨ ᠳᠡᠮᠵᠢᠵᠦ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠳᠤ ᠴᠢᠳᠠᠪᠤᠷᠢᠲᠠᠨ᠎ᠤ ᠪᠠᠲᠤᠯᠠᠭ᠎ᠠ ᠬᠠᠩᠭ᠋ᠠᠨ᠎ᠠ᠃  (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂  ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂  ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂  ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

       ᠳᠥᠷᠪᠡ᠂  ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ 

      (ᠨᠢᠭᠡ)  ᠠᠵᠢᠯ ᠵᠶ᠋ᠠᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃  ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ᠂  ᠬᠤᠳᠠᠯᠳᠤᠭ᠋ᠠᠨ᠎ᠤ ᠶᠠᠪᠤᠳᠠᠯ᠂  ᠡᠳ᠋᠎ᠤᠨ ᠵᠠᠰᠠᠭ᠂  ᠬᠥᠭᠵᠢᠭᠦᠯᠦᠯᠲᠡ ᠥᠭᠡᠷᠡᠴᠢᠯᠡᠯᠲᠡ᠂  ᠪᠠᠢ᠌ᠭ᠋ᠠᠯᠢ ᠵᠢᠨ ᠡᠬᠢ ᠪᠠᠶᠠᠯᠢᠭ᠂  ᠪᠣᠭᠣᠮᠲᠠ ᠵᠡᠷᠭᠡ ᠰᠠᠯᠠᠭ᠎ᠠ ᠮᠥᠴᠢᠷ ᠨᠢᠭᠡᠴᠢ ᠵᠢᠴᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠪᠠᠢ᠌ᠭ᠎ᠠ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠬᠣᠷᠰᠢᠨ ᠬᠥᠳᠡᠯᠦᠯᠴᠡᠵᠦ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠵᠢᠯ᠎ᠢ ᠨᠢᠭᠡᠳᠦᠯᠲᠡᠢ ᠲᠥᠯᠥᠪᠯᠡᠨ ᠵᠢᠯᠣᠭᠣᠳᠬᠤ᠎ᠪᠠᠨ ᠴᠢᠩᠭ᠋ᠠᠳᠬᠠᠵᠤ᠂  ᠴᠢᠬᠤᠯᠠ ᠶᠡᠬᠡ ᠵᠦᠢ᠍ᠯᠡᠰ᠎ᠢ ᠵᠣᠬᠢᠴᠠᠭᠤᠯᠤᠨ ᠠᠬᠢᠭᠤᠯᠵᠤ᠂  ᠬᠦᠴᠢᠷᠳᠡᠯ᠎ᠲᠠᠢ ᠠᠰᠠᠭᠤᠳᠠᠯ᠎ᠢ ᠰᠢᠢ᠍ᠳᠪᠦᠷᠢᠯᠡᠬᠦ ᠵᠢ᠎ᠨᠢ ᠠᠬᠢᠭᠤᠯᠤᠨ᠂  ᠴᠢᠬᠤᠯᠠ ᠶᠡᠬᠡ ᠲᠦᠭᠰᠢᠭᠦᠷᠢ ᠵᠢᠨ ᠭᠡᠮ ᠰᠣᠭᠣᠭ᠎ᠢ ᠰᠡᠷᠭᠡᠢ᠌ᠯᠡᠨ ᠠᠷᠢᠯᠭ᠋ᠠᠬᠤ ᠵᠢ ᠪᠦᠲᠦᠮᠵᠢᠲᠡᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂  ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠬᠣᠶᠠᠷ)  ᠴᠢᠭᠡᠴᠢ ᠵᠠᠰᠠᠭ᠎ᠤᠨ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ᠎ᠪᠠᠨ ᠴᠢᠩᠭ᠋ᠠᠳᠬᠠᠵᠤ᠂  ᠠᠯᠳᠠᠰᠢ ᠵᠢ ᠠᠭᠤᠴᠢᠯᠠᠵᠤ ᠵᠠᠯᠠᠷᠠᠭᠤᠯᠬᠤ ᠲᠣᠭᠲᠠᠴᠠ ᠵᠢ ᠪᠠᠢ᠌ᠭᠤᠯᠤᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠴᠢᠭᠡᠴᠢ ᠵᠠᠰᠠᠭ᠎ᠤᠨ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠣᠭᠲᠠᠯᠴᠠᠭ᠎ᠠ ᠵᠢ ᠪᠠᠢ᠌ᠭᠤᠯᠤᠨ᠂  ᠡᠷᠬᠡ ᠵᠢᠨ ᠠᠵᠢᠯᠯᠠᠭ᠋ᠠᠨ᠎ᠤ ᠬᠡᠷᠡᠭᠵᠢᠭᠦᠯᠬᠦ ᠪᠥᠬᠥ ᠶᠠᠪᠤᠴᠠ᠎ᠳᠤ ᠬᠢᠨᠠᠯᠲᠠ ᠲᠠᠯᠪᠢᠵᠤ᠂  ᠬᠠᠷᠢᠭᠤᠴᠠᠯᠭ᠎ᠠ ᠬᠡᠯᠡᠯᠴᠡᠬᠦ᠎ᠳᠤ᠎ᠪᠠᠨ ᠣᠨᠣᠭ᠋ᠠᠵᠤ᠂  ᠢᠯᠵᠠᠷᠠᠯ᠎ᠤᠨ ᠦᠵᠡᠭᠳᠡᠯ ᠭᠠᠷᠬᠤ᠎ᠠᠴᠠ ᠰᠡᠷᠭᠡᠢ᠌ᠯᠡᠨ᠎ᠡ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠰᠠᠢ᠌ᠨ ᠰᠠᠢ᠌ᠬᠠᠨ ᠤᠯᠤᠰ ᠲᠥᠷᠥ ᠵᠢᠨ ᠠᠮᠢ ᠠᠬᠤᠢ ᠵᠢ ᠬᠠᠮᠠᠭ᠋ᠠᠯᠠᠨ᠂  ᠴᠢᠨᠠᠷ ᠰᠠᠢ᠌ᠲᠠᠢ ᠬᠥᠭᠵᠢᠯᠲᠡ ᠵᠢ ᠬᠠᠮᠠᠭ᠋ᠠᠯᠠᠨ᠎ᠠ᠃  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠠᠯᠳᠠᠰᠢ ᠵᠢ ᠠᠭᠤᠴᠢᠯᠠᠵᠤ ᠵᠠᠯᠠᠷᠠᠭᠤᠯᠬᠤ ᠲᠣᠭᠲᠠᠴᠠ ᠵᠢ ᠪᠠᠢ᠌ᠭᠤᠯᠤᠨ᠂  ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠨᠦᠭᠦᠴᠡᠯ ᠳᠣᠣᠷ᠎ᠠ᠂  ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠂  ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠳᠤᠮᠳᠠ ᠭᠠᠷᠤᠭᠰᠠᠨ ᠠᠵᠢᠯ᠎ᠤᠨ ᠣᠰᠣᠯ ᠠᠯᠳᠠᠰᠢ ᠪᠤᠶᠤ ᠬᠠᠭᠤᠳᠠᠮ ᠴᠠᠯᠠᠭ᠋ᠠᠢ ᠦᠵᠡᠭᠳᠡᠯ᠎ᠳᠤ ᠠᠯᠳᠠᠰᠢ ᠵᠢ᠎ᠨᠢ ᠵᠠᠯᠠᠷᠠᠭᠤᠯᠬᠤ᠂  ᠠᠯᠳᠠᠰᠢ ᠵᠢ᠎ᠨᠢ ᠠᠭᠤᠴᠢᠯᠠᠨ ᠪᠠᠭᠲᠠᠭ᠋ᠠᠬᠤ ᠵᠢ ᠵᠥᠪᠰᠢᠶᠡᠷᠡᠨ᠂  ᠰᠢᠨ᠎ᠡ ᠵᠢ ᠡᠭᠦᠳᠬᠦ ᠵᠢ ᠵᠣᠷᠢᠭᠵᠢᠭᠤᠯᠤᠨ ᠳᠡᠮᠵᠢᠵᠦ᠂  ᠵᠣᠷᠢᠭᠲᠠᠢ᠎ᠪᠠᠷ ᠬᠠᠷᠢᠭᠤᠴᠠᠯᠭ᠎ᠠ ᠡᠭᠦᠷᠬᠡᠯᠡᠬᠦ ᠰᠠᠢ᠌ᠨ ᠰᠠᠢ᠌ᠬᠠᠨ ᠠᠵᠢᠯ᠎ᠤᠨ ᠠᠭᠤᠷ ᠠᠮᠢᠰᠬᠤᠯ᠎ᠢ ᠪᠦᠷᠢᠯᠳᠦᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂  ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠠᠮᠢᠶᠠᠷᠤᠯᠲᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠭᠤᠷᠪᠠ)  ᠬᠥᠬᠡᠬᠣᠲᠠ᠂  ᠬᠥᠯᠥᠨ ᠪᠣᠢ᠌ᠷ ᠬᠣᠲᠠ᠂  ᠪᠠᠶᠠᠨᠨᠠᠭᠤᠷ ᠬᠣᠲᠠ᠎ᠨᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂  ᠨᠡᠭᠡᠭᠡᠯᠲᠡ ᠬᠢᠵᠦ ᠰᠢᠨ᠎ᠡ ᠵᠢ ᠡᠭᠦᠳᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠢᠵᠢ ᠪᠦᠷᠢᠳᠦᠭᠦᠯᠦᠭᠰᠡᠨ ᠠᠷᠭ᠎ᠠ ᠪᠠᠷᠢᠯ᠎ᠢ ᠲᠤᠬᠠᠢ ᠵᠢᠨ ᠭᠠᠵᠠᠷ᠎ᠲᠤ᠎ᠪᠠᠨ ᠲᠣᠬᠢᠷᠠᠭᠤᠯᠤᠨ ᠲᠦᠷᠭᠡᠪᠴᠢᠯᠡᠨ ᠨᠡᠢ᠌ᠲᠡᠯᠡᠵᠦ᠂  ᠲᠥᠷᠥ ᠵᠢᠨ ᠪᠣᠳᠣᠯᠭ᠎ᠠ ᠵᠢᠨ ᠵᠣᠬᠢᠴᠠᠭᠤᠯᠬᠤ ᠨᠥᠯᠥᠭᠡᠯᠡᠯ᠎ᠢ ᠴᠢᠩᠭ᠋ᠠᠷᠠᠭᠤᠯᠵᠤ᠂  ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠎ᠤ ᠬᠥᠭᠵᠢᠯᠲᠡ ᠵᠢᠨ ᠬᠢᠷᠢ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃

 

2024 ᠣᠨ᠎ᠤ 1 ᠳ᠋ᠦ᠍ᠭᠡᠷ ᠰᠠᠷ᠎ᠠ ᠵᠢᠨ 22᠎ᠤᠨ ᠡᠳᠦᠷ

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

       ᠥᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

      2024 ᠤᠨ᠎ᠤ 1 ᠳ᠋ᠦ᠍ᠭᠡᠷ ᠰᠠᠷ᠎ᠠ ᠵᠢᠨ 25᠎ᠤ ᠡᠳᠦᠷ ᠳᠠᠷᠤᠮᠠᠯᠯᠠᠨ ᠲᠠᠷᠬᠠᠭ᠋ᠠᠪᠠ

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ