ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-08-29

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

                            ᠥᠪᠥᠷ ᠵᠠᠰᠠᠭ ᠠᠯᠪᠠᠨ ᠲᠠᠷᠬᠠᠭ᠋ᠠᠭᠰᠠᠨ [2024] 1 ᠳ᠋ᠦ᠍ᠭᠡᠷ ᠲᠣᠭ᠋ᠠᠲᠤ

 

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ  ᠮᠥᠩᠭᠥᠨ᠎ᠤ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ  ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ   ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂  ᠠᠯᠪᠠᠨ ᠭᠡᠷ᠂  ᠲᠢᠩᠬᠢᠮ᠂  ᠲᠣᠪᠴᠢᠶ᠎ᠠ᠂  ᠡᠯ᠎ᠡ ᠲᠣᠮᠣ ᠠᠵᠤ ᠠᠬᠤᠢ᠌ᠯᠠᠯ᠂  ᠠᠵᠢᠯ ᠦᠢ᠍ᠯᠡᠰ᠎ᠤᠨ ᠨᠢᠭᠡᠴᠢ᠎ᠳᠤ᠄

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂  ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂  ᠪᠣᠳᠠᠲᠠᠢ᠎ᠲᠠᠢ᠎ᠪᠠᠨ ᠤᠶᠠᠯᠳᠤᠭᠤᠯᠵᠤ᠂  ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃

 

2024 ᠣᠨ᠎ᠤ 3 ᠳ᠋ᠤᠭ᠋ᠠᠷ ᠰᠠᠷ᠎ᠠ ᠵᠢᠨ 31᠎ᠤ ᠡᠳᠦᠷ

     (ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ

ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠠᠷᠭ᠎ᠠ

       ᠨᠢᠭᠡᠳᠦᠭᠡᠷ ᠪᠦᠯᠦᠭ    ᠶᠡᠷᠦᠩᠬᠡᠢ ᠳᠦᠷᠢᠮ

       ᠨᠢᠭᠡᠳᠦᠭᠡᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠠᠷᠭ᠎ᠠ ᠮᠠᠶᠢᠭ᠎ᠲᠤ ᠤᠯᠠᠮ ᠨᠢᠭᠡ ᠠᠯᠬᠤᠮ ᠰᠢᠨ᠎ᠡ ᠵᠢ ᠡᠭᠦᠳᠴᠦ᠂  ᠵᠠᠰᠠᠭ᠎ᠤᠨ ᠣᠷᠳᠣᠨ᠎ᠤ ᠪᠡᠯᠡ ᠮᠥᠩᠭᠥ ᠵᠢᠨ ᠬᠥᠲᠥᠯᠥᠨ ᠵᠢᠯᠤᠭᠣᠳᠬᠤ ᠦᠢ᠍ᠯᠡᠳᠦᠯ ᠪᠠ ᠳᠠᠢ᠌ᠴᠢᠯᠠᠨ ᠳᠠᠭ᠋ᠠᠭᠤᠯᠬᠤ ᠨᠥᠯᠥᠭᠡᠯᠡᠯ᠎ᠢ᠎ᠨᠢ  ᠪᠠᠳᠠᠷᠠᠭᠤᠯᠤᠨ᠂  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠪᠠᠶ᠋ᠢᠭᠤᠯᠬᠤ᠂  ᠠᠵᠢᠯᠯᠠᠭᠤᠯᠬᠤ ᠪᠠ ᠬᠢᠨᠠᠨ ᠬᠠᠮᠢᠶᠠᠷᠬᠤ ᠠᠵᠢᠯ᠎ᠢ ᠵᠢᠷᠤᠮᠵᠢᠭᠤᠯᠬᠤ ᠵᠢᠨ ᠲᠤᠰᠠᠳᠠ᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠥᠪ᠎ᠤᠨ ᠬᠠᠤᠯᠢ》᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠣᠷᠰᠢᠭᠰᠠᠨ ᠠᠵᠤ ᠠᠬᠤᠢ᠌ᠯᠠᠯ᠎ᠤᠨ ᠬᠠᠤᠯᠢ》᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠰᠠᠭᠤᠷᠢ   ᠮᠥᠩᠭᠥᠨ᠎ᠤ ᠬᠠᠤᠯᠢ》᠂ 《ᠬᠤᠪᠢ᠎ᠪᠠᠷ ᠵᠶ᠋ᠠᠨ ᠵᠣᠭᠣᠰ ᠴᠤᠭᠯᠠᠭᠤᠯᠤᠭᠰᠠᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠬᠢᠨᠠᠯᠲᠠ ᠬᠠᠮᠢᠶᠠᠷᠤᠯᠲᠠ ᠵᠢᠨ ᠳᠦᠷᠢᠮ》 (ᠲᠥᠷᠥ ᠵᠢᠨ ᠶᠠᠪᠤᠳᠠᠯ᠎ᠤᠨ ᠬᠣᠷᠢᠶᠠᠨ᠎ᠤ 762 ᠳ᠋ᠤᠭ᠋ᠠᠷ ᠲᠣᠭ᠋ᠠᠲᠤ ᠵᠠᠷᠯᠢᠭ)  ᠵᠢᠴᠢ 《〈ᠵᠠᠰᠠᠭ᠎ᠤᠨ ᠣᠷᠳᠣᠨ᠎ᠠᠴᠠ ᠪᠡᠯᠡ ᠭᠠᠷᠭ᠋ᠠᠭᠰᠠᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠮᠡᠳᠡᠭᠳᠡᠯ》 (ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠥᠨ᠎ᠤ ᠲᠣᠭᠲᠠᠭ᠋ᠠᠯ[2016]2800 ᠳ᠋ᠤᠭ᠋ᠠᠷ ᠲᠣᠭ᠋ᠠᠲᠤ)᠂ 《〈ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠲᠦᠷ ᠬᠡᠷᠡᠭᠵᠢᠭᠦᠯᠬᠦ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠳ᠋ ᠲᠥᠰᠥᠪ[2015]210 ᠳ᠋ᠤᠭ᠋ᠠᠷ ᠲᠣᠭ᠋ᠠᠲᠤ)᠂  ᠡᠳ᠋᠎ᠤᠨ ᠵᠠᠰᠠᠭ᠎ᠤᠨ ᠶᠠᠮᠤᠨ᠎ᠤ 《ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠰᠠᠭᠤᠷᠢ ᠮᠥᠩᠭᠥᠨ᠎ᠤ ᠬᠠᠮᠢᠶᠠᠷᠤᠯᠲᠠ ᠵᠢ ᠴᠢᠩᠭ᠋ᠠᠳᠬᠠᠵᠤ ᠡᠳ᠋᠎ᠤᠨ ᠵᠠᠰᠠᠭ᠎ᠤᠨ ᠪᠡᠯᠡ ᠭᠠᠷᠭ᠋ᠠᠭᠰᠠᠨ ᠦᠷ᠎ᠡ ᠠᠰᠢᠭ᠎ᠢ ᠳᠡᠭᠡᠭᠰᠢᠯᠡᠭᠦᠯᠬᠦ ᠲᠤᠬᠠᠢ ᠮᠡᠳᠡᠭᠳᠡᠯ》 (ᠡᠳ᠋ ᠲᠥᠰᠥᠪ[2020]7 ᠳ᠋ᠤᠭ᠋ᠠᠷ ᠲᠣᠭ᠋ᠠᠲᠤ)  ᠵᠡᠷᠭᠡ ᠬᠠᠤᠯᠢ ᠴᠠᠭ᠋ᠠᠵᠠ᠂  ᠬᠠᠤᠯᠢ ᠲᠣᠭᠲᠠᠭ᠋ᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂  ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂  ᠲᠤᠰ ᠠᠷᠭ᠎ᠠ ᠵᠢ ᠲᠣᠭᠲᠠᠭ᠋ᠠᠪᠠ᠃

       ᠬᠣᠶᠠᠳᠤᠭ᠋ᠠᠷ ᠵᠦᠢ᠍ᠯ    ᠲᠤᠰ ᠠᠷᠭ᠎ᠠ᠎ᠳᠤ ᠬᠡᠯᠡᠵᠦ ᠪᠠᠢ᠌ᠭ᠎ᠠ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠭᠡᠳᠡᠭ᠎ᠨᠢ  ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠥᠰᠥᠪ᠎ᠤᠨ ᠲᠣᠬᠢᠷᠠᠭᠤᠯᠤᠯᠲᠠ᠎ᠪᠠᠷ ᠳᠠᠮᠵᠢᠭᠤᠯᠤᠨ᠂  ᠲᠤᠰᠠᠭ᠋ᠠᠷ ᠪᠡᠯᠡ ᠭᠠᠷᠭ᠋ᠠᠬᠤ ᠪᠤᠶᠤ ᠨᠡᠢ᠌ᠭᠡᠮ᠎ᠤᠨ ᠬᠥᠷᠥᠩᠭᠡ᠎ᠯᠦᠭᠡ ᠬᠠᠮᠲᠤ᠎ᠪᠠᠷ ᠪᠡᠯᠡ ᠭᠠᠷᠭ᠋ᠠᠵᠤ ᠪᠠᠢ᠌ᠭᠤᠯᠤᠨ᠂  ᠨᠡᠢ᠌ᠭᠡᠮ᠎ᠤᠨ ᠡᠯ᠎ᠡ ᠲᠥᠷᠥᠯ᠎ᠤᠨ ᠬᠥᠷᠥᠩᠭᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯᠳᠠᠯᠭ᠎ᠠ᠎ᠲᠠᠢ ᠬᠦᠷᠢᠶ᠎ᠡ ᠪᠠ ᠪᠠᠭᠤᠷᠠᠢ ᠭᠣᠭᠴᠣᠭ᠋ᠠᠨ᠎ᠳᠤ ᠪᠡᠯᠡ ᠣᠷᠣᠭᠤᠯᠤᠨ᠂  ᠬᠠᠮᠢᠶ᠎ᠠ ᠪᠦᠬᠦᠢ ᠠᠵᠤ ᠦᠢ᠍ᠯᠡᠰ ᠪᠠ ᠬᠦᠷᠢᠶ᠎ᠡ ᠴᠠᠷᠠᠭ᠋ᠠᠨ᠎ᠤ ᠬᠥᠭᠵᠢᠯᠲᠡ ᠵᠢ ᠳᠡᠮᠵᠢᠵᠦ᠂  ᠭᠣᠣᠯᠳᠠᠭᠤ ᠵᠠᠬ᠎ᠠ᠎ᠳᠤ ᠢᠯᠡ᠎ᠪᠠᠷ ᠦᠯᠦ ᠭᠠᠷᠭ᠋ᠠᠵᠤ ᠠᠷᠠᠯᠵᠢᠶᠠᠯᠠᠬᠤ ᠠᠵᠤ ᠠᠬᠤᠢ᠌ᠯᠠᠯ᠎ᠤᠨ ᠰᠲ᠋ᠣᠺ᠎ᠤᠨ ᠡᠷᠬᠡ᠎ᠳᠤ ᠪᠡᠯᠡ ᠣᠷᠤᠭᠤᠯᠬᠤ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠪᠠ ᠦᠢ᠍ᠯᠡᠰ ᠪᠣᠰᠬᠠᠬᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠵᠢᠭ᠋ᠠᠵᠤ ᠪᠤᠶ᠃

       ᠭᠤᠷᠪᠠᠳᠤᠭ᠋ᠠᠷ ᠵᠦᠢ᠍ᠯ    ᠲᠤᠰ ᠠᠷᠭ᠎ᠠ᠎ᠳᠤ ᠬᠡᠯᠡᠵᠦ ᠪᠠᠢ᠌ᠭ᠎ᠠ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠭᠡᠳᠡᠭ᠎ᠨᠢ  ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ  ᠡᠩ᠎ᠤᠨ ᠣᠯᠠᠨ ᠨᠡᠶ᠋ᠢᠲᠡ ᠵᠢᠨ ᠲᠥᠰᠥᠪ᠂  ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠤ ᠲᠥᠰᠥᠪ᠂  ᠤᠯᠤᠰ᠎ᠤᠨ ᠥᠮᠴᠢᠯᠡᠯᠲᠦ ᠬᠥᠷᠥᠩᠭᠡ ᠵᠢᠨ ᠡᠵᠡᠩᠨᠡᠯᠲᠡ ᠵᠢᠨ ᠲᠥᠰᠥᠪ ᠵᠡᠷᠭᠡ᠎ᠪᠠᠷ ᠳᠠᠮᠵᠢᠭᠤᠯᠤᠨ ᠰᠢᠭᠤᠳ ᠲᠣᠬᠢᠷᠠᠭᠤᠯᠤᠭᠰᠠᠨ ᠡᠳ᠋᠎ᠤᠨ ᠵᠠᠰᠠᠭ᠎ᠤᠨ ᠪᠡᠯᠡ ᠮᠥᠩᠭᠥ ᠵᠢ ᠵᠢᠭ᠋ᠠᠵᠤ ᠪᠤᠶ᠃

       ᠳᠥᠷᠪᠡᠳᠦᠭᠡᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠳᠤ ᠺᠣᠮᠫᠠᠨᠢ ᠵᠢᠨ ᠳᠦᠷᠢᠮᠲᠦ᠂  ᠬᠢᠵᠠᠭ᠋ᠠᠷᠲᠠᠢ ᠬᠣᠷᠰᠢᠯᠲᠠ ᠵᠢᠨ ᠳᠦᠷᠢᠮᠲᠦ᠂  ᠭᠡᠷ᠎ᠡ ᠵᠢᠨ ᠳᠦᠷᠢᠮᠲᠦ ᠵᠡᠷᠭᠡ ᠵᠣᠬᠢᠶᠠᠨ ᠪᠠᠢ᠌ᠭᠤᠯᠬᠤ ᠬᠡᠯᠪᠡᠷᠢ ᠵᠢ   ᠠᠪᠴᠤ ᠪᠣᠯᠣᠨ᠎ᠠ᠃

       ᠲᠠᠪᠤᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠬᠠᠮᠢᠶᠠᠷᠤᠯᠲᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂  ᠨᠢᠭᠡᠳᠦᠯᠲᠡᠢ ᠲᠥᠯᠥᠪᠯᠡᠨ ᠠᠬᠢᠭᠤᠯᠬᠤ᠂  ᠴᠢᠳᠠᠯ᠎ᠤᠨ ᠬᠢᠷᠢ᠎ᠪᠠᠷ ᠵᠶ᠋ᠠᠨ ᠬᠢᠬᠦ ᠪᠠ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂  ᠲᠤᠰᠬᠠᠢ᠌ᠵᠢᠭᠤᠯᠤᠨ ᠬᠠᠮᠢᠶᠠᠷᠬᠤ ᠵᠠᠷᠴᠢᠮ᠎ᠢ ᠪᠠᠷᠢᠮᠲᠠᠯᠠᠨ᠂  ᠪᠠᠶ᠋ᠢᠭᠤᠯᠬᠤ ᠲᠣᠭ᠎ᠠ ᠬᠡᠮᠵᠢᠶ᠎ᠡ ᠵᠢ᠎ᠨᠢ  ᠴᠢᠩᠭ᠎ᠠ ᠬᠢᠵᠠᠭ᠋ᠠᠷᠯᠠᠵᠤ᠂  ᠪᠠᠶ᠋ᠢᠭᠤᠯᠬᠤ ᠬᠡᠪᠴᠢᠶ᠎ᠡ ᠵᠢ᠎ᠨᠢ  ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠨᠢᠭᠡᠨᠲᠡ ᠪᠠᠢ᠌ᠭᠤᠯᠤᠭᠰᠠᠨ ᠬᠦᠷᠢᠶ᠎ᠡ ᠴᠠᠷᠠᠭ᠋ᠠᠨ᠎ᠳᠤ ᠵᠠᠷᠴᠢᠮ ᠳᠡᠭᠡᠷ᠎ᠡ᠎ᠪᠠᠨ ᠳᠠᠬᠢᠵᠤ ᠡᠳ᠋᠎ᠤᠨ ᠵᠠᠰᠠᠭ᠎ᠤᠨ ᠲᠤᠰᠬᠠᠢ ᠵᠦᠢ᠍ᠯ᠎ᠤᠨ ᠪᠡᠯᠡ ᠮᠥᠩᠭᠥ ᠵᠢ ᠲᠣᠬᠢᠷᠠᠭᠤᠯᠬᠤ ᠦᠭᠡᠢ᠃

       ᠵᠢᠷᠭᠤᠳᠤᠭ᠋ᠠᠷ ᠵᠦᠢ᠍ᠯ    ᠡᠯ᠎ᠡ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠳᠠᠩᠰᠠᠯᠠᠨ ᠲᠡᠮᠳᠡᠭᠯᠡᠵᠦ ᠬᠠᠮᠢᠶᠠᠷᠬᠤ ᠵᠢ ᠬᠠᠷᠢᠭᠤᠴᠠᠵᠤ᠂  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠢ᠌ᠴᠡᠬᠦ ᠴᠢᠨᠠᠷ ᠪᠠ ᠳᠦᠷᠢᠮ ᠲᠣᠭᠲᠠᠭ᠋ᠠᠯ ᠵᠡᠷᠭᠡ ᠮᠠᠲ᠋ᠧᠷᠢᠶᠠᠯ᠎ᠤᠨ ᠪᠦᠷᠢᠨ ᠭᠦᠢ᠍ᠴᠡᠳ ᠴᠢᠨᠠᠷ᠎ᠲᠤ ᠬᠢᠨᠠᠨ ᠪᠠᠢ᠌ᠴᠠᠭ᠋ᠠᠯᠲᠠ ᠬᠢᠵᠦ᠂  ᠪᠦᠬᠦ ᠤᠯᠤᠰ᠎ᠤᠨ ᠵᠠᠰᠠᠭ᠎ᠤᠨ ᠣᠷᠳᠣᠨ᠎ᠤ ᠪᠡᠯᠡ ᠭᠠᠷᠭ᠋ᠠᠭᠰᠠᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠢᠲᠡᠭᠡᠮᠵᠢ ᠵᠢᠨ ᠮᠡᠳᠡᠭᠡ ᠵᠠᠩᠭᠢ ᠵᠢᠨ ᠳᠠᠩᠰᠠᠯᠠᠨ ᠲᠡᠮᠳᠡᠭᠯᠡᠬᠦ ᠰᠢᠰᠲ᠋ᠧᠮ᠎ᠳᠤ ᠲᠦᠰᠢᠭᠯᠡᠨ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠠᠮᠢᠶᠠᠷᠤᠯᠲᠠ ᠬᠢᠨ᠎ᠡ᠃

       ᠳᠣᠯᠣᠳᠤᠭ᠋ᠠᠷ ᠵᠦᠢ᠍ᠯ    ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ  ᠰᠠᠭᠤᠷᠢ ᠮᠥᠩᠭᠥ ᠪᠠᠶ᠋ᠢᠭᠤᠯᠬᠤ᠂  ᠪᠡᠯᠡ ᠮᠥᠩᠭᠥ ᠨᠡᠮᠡᠭᠳᠡᠭᠦᠯᠬᠦ᠎ᠪᠠᠷ ᠪᠠᠢ᠌ᠭ᠎ᠠ ᠵᠠᠰᠠᠭ᠎ᠤᠨ ᠣᠷᠳᠣᠨ᠎ᠤ ᠣᠷᠣᠭᠤᠯᠤᠯᠲᠠ ᠬᠢᠬᠦ ᠴᠢᠳᠠᠪᠤᠷᠢ ᠵᠢ᠎ᠨᠢ  ᠦᠨᠡᠯᠡᠵᠦ ᠬᠢᠨᠠᠨ ᠬᠠᠷᠭᠤᠭᠤᠯᠤᠨ᠂  ᠲᠤᠰ ᠭᠠᠵᠠᠷ ᠣᠷᠣᠨ᠎ᠤ᠎ᠪᠠᠨ ᠡᠳ᠋᠎ᠤᠨ ᠬᠦᠴᠦᠨ᠎ᠤ ᠪᠠᠢ᠌ᠳᠠᠯ᠎ᠲᠠᠢ ᠤᠶᠠᠯᠳᠤᠭᠤᠯᠤᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠳᠠᠬᠢ ᠵᠠᠰᠠᠭ᠎ᠤᠨ ᠣᠷᠳᠣᠨ᠎ᠤ ᠪᠡᠯᠡ ᠭᠠᠷᠭ᠋ᠠᠬᠤ ᠬᠡᠪᠴᠢᠶᠡᠵᠢᠯ ᠵᠢᠴᠢ ᠪᠡᠯᠡ ᠮᠥᠩᠭᠥᠨ᠎ᠤ ᠢᠷᠡᠯᠲᠡ ᠵᠢ᠎ᠨᠢ  ᠲᠣᠭᠲᠠᠭ᠋ᠠᠬᠤ ᠵᠢᠨ ᠬᠠᠮᠲᠤ ᠰᠠᠭᠤᠷᠢ ᠮᠥᠩᠭᠥᠨ᠎ᠤ ᠲᠥᠰᠥᠪ᠎ᠤᠨ ᠲᠣᠬᠢᠷᠠᠭᠤᠯᠤᠯᠲᠠ ᠵᠢᠨ ᠬᠠᠮᠢᠶ᠎ᠠ ᠪᠦᠬᠦᠢ ᠵᠦᠢ᠍ᠯᠡᠰ᠎ᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ᠎ᠪᠠᠨ ᠮᠡᠳᠡᠭᠦᠯᠵᠦ ᠵᠥᠪᠰᠢᠶᠡᠷᠡᠭᠦᠯᠬᠦ ᠠᠵᠢᠯ᠎ᠢ ᠬᠠᠷᠢᠭᠤᠴᠠᠨ᠎ᠠ; ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠡᠷᠬᠡ ᠣᠯᠭᠣᠭᠰᠠᠨ ᠪᠤᠶᠤ ᠭᠡᠷ᠎ᠡ ᠳᠦᠷᠢᠮ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠨ ᠵᠠᠰᠠᠭ᠎ᠤᠨ ᠣᠷᠳᠣᠨ᠎ᠤ ᠪᠡᠯᠡ ᠭᠠᠷᠭ᠋ᠠᠭᠴᠢ ᠵᠢᠨ ᠡᠭᠦᠷᠭᠡ ᠬᠠᠷᠢᠭᠤᠴᠠᠯᠭ᠎ᠠ ᠵᠢ ᠣᠷᠣᠯᠠᠨ ᠭᠦᠢ᠍ᠴᠡᠳᠬᠡᠬᠦ ᠵᠢ ᠬᠠᠷᠢᠭᠤᠴᠠᠨ᠎ᠠ; ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠠᠭᠤᠷᠢ ᠮᠥᠩᠭᠥᠨ᠎ᠤ ᠪᠦᠬᠦ ᠶᠠᠪᠤᠴᠠ ᠵᠢᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂  ᠭᠣᠣᠯᠳᠠᠯᠭ᠎ᠠ᠎ᠲᠠᠢ ᠠᠮᠵᠢᠯᠲᠠ ᠪᠦᠲᠦᠮᠵᠢ ᠵᠢᠨ ᠦᠨᠡᠯᠡᠯᠲᠡ ᠵᠢ ᠵᠣᠬᠢᠶᠠᠨ ᠪᠠᠢ᠌ᠭᠤᠯᠵᠤ ᠥᠷᠨᠢᠭᠦᠯᠬᠦ ᠠᠵᠢᠯ᠎ᠢ ᠬᠠᠷᠢᠭᠤᠴᠠᠨ᠎ᠠ; ᠡᠳ᠋᠎ᠤᠨ ᠵᠠᠰᠠᠭ᠎ᠤᠨ ᠪᠡᠯᠡ ᠮᠥᠩᠭᠥᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂  ᠥᠷᠢ ᠥᠭᠴᠡᠭᠡ ᠵᠢᠨ ᠲᠦᠭᠰᠢᠭᠦᠷᠢ ᠵᠢᠨ ᠰᠡᠷᠭᠡᠢ᠌ᠯᠡᠯᠲᠡ ᠡᠵᠡᠮᠳᠡᠯ᠎ᠢ ᠴᠢᠩᠭ᠋ᠠᠳᠬᠠᠬᠤ ᠠᠵᠢᠯ᠎ᠢ ᠬᠠᠷᠢᠭᠤᠴᠠᠨ᠎ᠠ; ᠲᠤᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠳᠠᠭᠤᠰᠬᠤ ᠦᠶ᠎ᠡ᠎ᠳᠤ᠂  ᠰᠠᠭᠤᠷᠢ ᠮᠥᠩᠭᠥᠨ᠎ᠤ ᠪᠡᠯᠡ ᠬᠥᠷᠥᠩᠭᠡ ᠵᠢ ᠲᠣᠭ᠋ᠠᠴᠠᠯᠠᠨ ᠪᠤᠳᠤᠬᠤ ᠠᠵᠢᠯ᠎ᠳᠤ ᠬᠢᠨᠠᠯᠲᠠ ᠲᠠᠯᠪᠢᠬᠤ ᠵᠢ ᠬᠠᠷᠢᠭᠤᠴᠠᠨ᠎ᠠ᠃

       ᠨᠠᠢ᠍ᠮᠠᠳᠤᠭ᠋ᠠᠷ ᠵᠦᠢ᠍ᠯ    ᠰᠠᠭᠤᠷᠢ ᠮᠥᠩᠭᠥ ᠪᠠᠶ᠋ᠢᠭᠤᠯᠬᠤ ᠰᠠᠯᠠᠭ᠎ᠠ ᠮᠥᠴᠢᠷ᠎ᠨᠢ  ᠰᠠᠭᠤᠷᠢ ᠮᠥᠩᠭᠥ ᠡᠭᠦᠰᠬᠡᠨ ᠪᠠᠶ᠋ᠢᠭᠤᠯᠬᠤ ᠪᠣᠯᠣᠮᠵᠢᠲᠤ ᠲᠥᠰᠥᠯ᠎ᠢ ᠲᠣᠭᠲᠠᠭ᠋ᠠᠬᠤ ᠵᠢ ᠬᠠᠷᠢᠭᠤᠴᠠᠨ᠎ᠠ; ᠠᠵᠢᠯ ᠲᠥᠷᠥᠯ᠎ᠤᠨ ᠲᠥᠷᠥᠯ ᠵᠦᠢ᠍ᠯ᠎ᠤᠨ ᠬᠥᠮᠥᠷᠭᠡ ᠵᠢ ᠪᠠᠶ᠋ᠢᠭᠤᠯᠬᠤ᠂  ᠠᠷᠠᠴᠢᠯᠠᠵᠤ ᠬᠠᠮᠠᠭ᠋ᠠᠯᠠᠬᠤ ᠪᠠ ᠲᠥᠷᠥᠯ ᠵᠦᠢ᠍ᠯ ᠲᠠᠨᠢᠯᠴᠠᠭᠤᠯᠬᠤ ᠵᠢ ᠬᠠᠷᠢᠭᠤᠴᠠᠵᠤ᠂  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠵᠠᠷᠴᠢᠮ ᠳᠡᠭᠡᠷ᠎ᠡ᠎ᠪᠠᠨ ᠬᠥᠮᠥᠷᠭᠡ᠎ᠳᠤ ᠣᠷᠣᠭᠤᠯᠤᠭᠰᠠᠨ ᠲᠥᠷᠥᠯ ᠵᠦᠢ᠍ᠯ᠎ᠳᠤ ᠤᠷᠢᠳ ᠵᠶ᠋ᠠᠷ ᠣᠷᠣᠭᠤᠯᠵᠤ᠂  ᠲᠥᠷᠥᠯ ᠵᠦᠢ᠍ᠯ᠎ᠤᠨ ᠬᠥᠮᠥᠷᠭᠡ᠎ᠳᠤ ᠡᠷᠭᠢᠯᠳᠦᠭᠦᠯᠦᠭᠰᠡᠨ ᠬᠠᠮᠢᠶᠠᠷᠤᠯᠲᠠ᠂  ᠬᠥᠳᠡᠯᠦᠩᠭᠦᠢ ᠲᠣᠬᠢᠷᠠᠭᠤᠯᠤᠯᠲᠠ ᠵᠢ ᠬᠡᠷᠡᠭᠵᠢᠭᠦᠯᠦᠨ᠎ᠡ; ᠰᠠᠭᠤᠷᠢ ᠮᠥᠩᠭᠥ ᠣᠷᠣᠰᠢᠨ ᠦᠷᠭᠦᠯᠵᠢᠯᠡᠵᠦ ᠪᠠᠢ᠌ᠭ᠎ᠠ ᠬᠤᠭᠤᠴᠠᠭ᠋ᠠᠨ᠎ᠳᠠᠬᠢ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠵᠢ ᠬᠠᠷᠢᠭᠤᠴᠠᠨ᠎ᠠ; ᠠᠵᠢᠯ ᠶᠠᠪᠤᠳᠠᠯ᠎ᠠᠴᠠ ᠡᠮᠦᠨᠡᠬᠢ ᠠᠮᠵᠢᠯᠲᠠ ᠪᠦᠲᠦᠮᠵᠢ ᠵᠢ ᠦᠨᠡᠯᠡᠨ ᠵᠢᠱ᠌ᠢᠬᠦ ᠠᠵᠢᠯ᠎ᠢ ᠰᠠᠢ᠌ᠲᠤᠷ ᠬᠢᠵᠦ᠂  ᠠᠮᠵᠢᠯᠲᠠ ᠪᠦᠲᠦᠮᠵᠢ ᠵᠢᠨ ᠬᠠᠷᠠᠯᠲᠠ ᠪᠠ ᠠᠮᠵᠢᠯᠲᠠ ᠪᠦᠲᠦᠮᠵᠢ ᠵᠢᠨ ᠭᠦᠢ᠍ᠴᠡᠳᠬᠡᠯ ᠲᠣᠭ᠎ᠠ ᠵᠢ ᠲᠣᠭᠲᠠᠭ᠋ᠠᠵᠤ᠂  ᠠᠮᠵᠢᠯᠲᠠ ᠪᠦᠲᠦᠮᠵᠢ ᠵᠢ ᠬᠢᠨᠠᠨ ᠡᠵᠡᠮᠳᠡᠬᠦ ᠠᠵᠢᠯ ᠥᠷᠨᠢᠭᠦᠯᠬᠦ ᠵᠢ ᠬᠠᠷᠢᠭᠤᠴᠠᠨ᠎ᠠ; ᠵᠢᠯ ᠪᠦᠷᠢ ᠵᠢᠨ ᠡᠴᠦᠰ᠎ᠲᠤ ᠰᠠᠭᠤᠷᠢ ᠮᠥᠩᠭᠥ ᠵᠢ ᠬᠡᠷᠡᠭᠵᠢᠭᠦᠯᠦᠭᠰᠡᠨ ᠠᠮᠵᠢᠯᠲᠠ ᠪᠦᠲᠦᠮᠵᠢ᠎ᠳᠤ ᠥᠪᠡᠰᠦᠪᠡᠨ ᠦᠨᠡᠯᠡᠯᠲᠡ ᠬᠢᠬᠦ ᠵᠢ ᠬᠠᠷᠢᠭᠤᠴᠠᠵᠤ᠂  ᠥᠪᠡᠰᠦᠪᠡᠨ ᠦᠨᠡᠯᠡᠭᠰᠡᠨ ᠦᠷ᠎ᠡ ᠳ᠋ᠦᠩ ᠵᠶ᠋ᠠᠨ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠠ ᠪᠤᠰᠤᠳ ᠭᠣᠣᠯ ᠪᠣᠯᠬᠤ ᠪᠡᠯᠡ ᠭᠠᠷᠭ᠋ᠠᠭᠴᠢ᠎ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠨ᠎ᠠ᠃

       ᠬᠣᠶᠠᠳᠤᠭ᠋ᠠᠷ ᠪᠦᠯᠦᠭ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ  ᠮᠥᠩᠭᠥᠨ᠎ᠤ ᠡᠮᠦᠨᠡᠬᠢ ᠬᠤᠭᠤᠴᠠᠭ᠋ᠠᠨ᠎ᠤ ᠪᠡᠯᠡᠳᠬᠡᠯ ᠠᠵᠢᠯ

       ᠶᠢᠰᠦᠳᠦᠭᠡᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠪᠠᠶ᠋ᠢᠭᠤᠯᠬᠤ᠎ᠳᠤ᠂  ᠡᠩ ᠲᠡᠷᠢᠭᠦᠨ᠎ᠳᠤ ᠡᠭᠦᠰᠬᠡᠨ ᠪᠠᠢ᠌ᠭᠤᠯᠬᠤ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠪᠠᠶ᠋ᠢᠭᠤᠯᠬᠤ ᠪᠣᠯᠣᠮᠵᠢᠲᠤ ᠴᠢᠨᠠᠷ᠎ᠤᠨ ᠰᠤᠳᠤᠯᠤᠯ ᠨᠤᠲᠠᠯᠠᠯᠲᠠ ᠬᠢᠬᠦ ᠠᠵᠢᠯ᠎ᠢ  ᠵᠣᠬᠢᠶᠠᠨ ᠪᠠᠢ᠌ᠭᠤᠯᠤᠨ ᠥᠷᠨᠢᠭᠦᠯᠵᠦ᠂  ᠪᠣᠯᠣᠮᠵᠢᠲᠤ ᠲᠥᠰᠥᠯ᠎ᠢ  ᠪᠣᠶ ᠪᠣᠯᠭ᠋ᠠᠬᠤ ᠬᠡᠷᠡᠭᠲᠡᠢ᠃  ᠰᠠᠭᠤᠷᠢ ᠮᠥᠩᠭᠥ ᠪᠠᠶ᠋ᠢᠭᠤᠯᠬᠤ ᠰᠠᠯᠠᠭ᠎ᠠ ᠮᠥᠴᠢᠷ᠎ᠨᠢ  ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠢᠰᠢ ᠪᠣᠯ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠪᠣᠯᠣᠮᠵᠢᠲᠤ ᠲᠥᠰᠥᠯ᠎ᠢ  ᠪᠣᠶ ᠪᠣᠯᠭ᠋ᠠᠬᠤ ᠬᠡᠷᠡᠭᠲᠡᠢ᠃

       ᠠᠵᠢᠯ ᠲᠥᠷᠥᠯ᠎ᠤᠨ ᠲᠥᠷᠥᠯ ᠵᠦᠢ᠍ᠯ᠎ᠤᠨ ᠬᠥᠮᠥᠷᠭᠡ ᠪᠣᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠪᠠᠶ᠋ᠢᠭᠤᠯᠬᠤ᠎ᠪᠠᠷ ᠭᠤᠶᠤᠴᠢᠯᠠᠬᠤ ᠴᠢᠬᠤᠯᠠ ᠪᠦᠬᠦᠢ ᠨᠥᠬᠥᠴᠡᠯ ᠪᠠᠢ᠌ᠵᠤ᠂  ᠵᠠᠷᠴᠢᠮ ᠳᠡᠭᠡᠷ᠎ᠡ᠎ᠪᠠᠨ ᠠᠵᠢᠯ ᠲᠥᠷᠥᠯ᠎ᠤᠨ ᠲᠥᠷᠥᠯ ᠵᠦᠢ᠍ᠯ᠎ᠤᠨ ᠬᠥᠮᠥᠷᠭᠡ ᠪᠠᠢ᠌ᠭᠤᠯᠤᠭᠰᠠᠨ ᠦᠭᠡᠢ ᠪᠣᠯ ᠰᠠᠭᠤᠷᠢ ᠮᠥᠩᠭᠥ ᠪᠠᠶ᠋ᠢᠭᠤᠯᠬᠤ ᠭᠤᠶᠤᠴᠢᠯᠠᠯ ᠳᠤᠷᠠᠳᠴᠤ ᠪᠣᠯᠬᠤ ᠦᠭᠡᠢ᠃

       ᠠᠷᠪᠠᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠪᠣᠯᠣᠮᠵᠢᠲᠤ ᠲᠥᠰᠥᠯ᠎ᠳᠤ ᠳᠣᠣᠷᠠᠬᠢ ᠠᠭᠤᠯᠭ᠎ᠠ ᠵᠢ ᠪᠠᠭᠲᠠᠭ᠋ᠠᠬᠤ ᠬᠡᠷᠡᠭᠲᠡᠢ᠄

     (ᠨᠢᠭᠡ)  ᠰᠠᠭᠤᠷᠢ ᠮᠥᠩᠭᠥ ᠪᠠᠶ᠋ᠢᠭᠤᠯᠬᠤ ᠪᠣᠯᠣᠮᠵᠢᠲᠤ ᠵᠠᠳᠠᠯᠤᠯᠲᠠ ᠵᠢᠨ ᠮᠡᠳᠡᠭᠦᠯᠦᠯᠲᠡ;

     (ᠬᠣᠶᠠᠷ)  ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠢ᠌ᠳᠠᠯᠭ᠎ᠠ ᠬᠦᠯᠢᠶᠡᠬᠦ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠰᠣᠩᠭᠣᠭᠤᠯᠢ᠎ᠳᠤ ᠥᠷᠢᠰᠦᠯᠳᠦᠬᠦ ᠲᠥᠰᠦᠯ;

     (ᠭᠤᠷᠪᠠ)  ᠰᠠᠭᠤᠷᠢ ᠮᠥᠩᠭᠥ ᠬᠠᠮᠢᠶᠠᠷᠤᠭᠴᠢ ᠵᠢᠨ ᠰᠣᠩᠭᠣᠭᠤᠯᠢ᠎ᠳᠤ ᠥᠷᠢᠰᠦᠯᠳᠦᠬᠦ ᠲᠥᠰᠥᠯ;

     (ᠳᠥᠷᠪᠡ)  ᠰᠠᠭᠤᠷᠢ ᠮᠥᠩᠭᠥ ᠵᠢ ᠨᠠᠶ᠋ᠢᠳᠠᠯᠭ᠎ᠠ᠎ᠪᠠᠷ ᠬᠠᠮᠢᠶᠠᠷᠤᠭᠴᠢ ᠵᠢᠨ ᠰᠣᠩᠭᠣᠭᠤᠯᠢ᠎ᠳᠤ ᠥᠷᠢᠰᠦᠯᠳᠦᠬᠦ ᠲᠥᠰᠥᠯ;

     (ᠲᠠᠪᠤ)  ᠰᠠᠭᠤᠷᠢ ᠮᠥᠩᠭᠥᠨ᠎ᠤ ᠳᠦᠷᠢᠮ ᠲᠣᠭᠲᠠᠭ᠋ᠠᠯ᠂  ᠬᠣᠷᠰᠢᠬᠤ ᠵᠥᠪᠯᠡᠯᠴᠡᠭᠡᠷ ᠪᠤᠶᠤ ᠰᠠᠭᠤᠷᠢ   ᠮᠥᠩᠭᠥᠨ᠎ᠤ   ᠵᠥᠪᠯᠡᠯᠴᠡᠭᠡᠷ᠂  ᠭᠡᠷ᠎ᠡ ᠵᠡᠷᠭᠡ;

     (ᠵᠢᠷᠭᠤᠭ᠎ᠠ)  ᠠᠵᠢᠯ ᠲᠥᠷᠥᠯ᠎ᠤᠨ ᠲᠥᠷᠥᠯ ᠵᠦᠢ᠍ᠯ᠎ᠤᠨ ᠬᠥᠮᠥᠷᠭᠡ ᠵᠢᠨ ᠪᠡᠯᠡᠳᠬᠡᠯ ᠲᠥᠷᠥᠯ ᠵᠦᠢ᠍ᠯ᠎ᠤᠨ ᠨᠠᠷᠢᠨ ᠬᠠᠭᠤᠳᠠᠰᠤ;

     (ᠳᠤᠯᠤᠭ᠎ᠠ)  ᠪᠤᠰᠤᠳ ᠮᠠᠲ᠋ᠧᠷᠢᠶᠠᠯ᠃

       ᠠᠷᠪᠠᠨ ᠨᠢᠭᠡᠳᠦᠭᠡᠷ ᠵᠦᠢ᠍ᠯ    ᠰᠠᠭᠤᠷᠢ ᠮᠥᠩᠭᠥ ᠵᠢ ᠪᠠᠶ᠋ᠢᠭᠤᠯᠬᠤ ᠪᠣᠯᠣᠮᠵᠢᠲᠤ ᠵᠠᠳᠠᠯᠤᠯᠲᠠ ᠵᠢᠨ ᠮᠡᠳᠡᠭᠦᠯᠦᠯᠲᠡ ᠵᠢᠨ ᠠᠭᠤᠯᠭ᠎ᠠ᠎ᠳᠤ᠄  ᠰᠠᠭᠤᠷᠢ ᠮᠥᠩᠭᠥᠨ᠎ᠤ ᠨᠡᠷᠡᠢ᠌ᠳᠦᠯ᠂  ᠪᠠᠶ᠋ᠢᠭᠤᠯᠬᠤ ᠠᠬᠤᠢ ᠪᠠᠢ᠌ᠳᠠᠯ᠂  ᠪᠠᠶ᠋ᠢᠭᠤᠯᠬᠤ ᠵᠢᠨ ᠴᠢᠬᠤᠯᠠ ᠪᠦᠬᠦᠢ ᠴᠢᠨᠠᠷ ᠪᠠ ᠦᠨᠳᠦᠰᠦᠯᠡᠯ᠂  ᠰᠠᠭᠤᠷᠢ ᠮᠥᠩᠭᠥ ᠵᠢᠨ ᠪᠠᠢ᠌ᠭᠤᠯᠬᠤ ᠠᠵᠢᠯ᠎ᠳᠤ ᠣᠷᠤᠯᠴᠠᠬᠤ ᠡᠯ᠎ᠡ ᠲᠠᠯ᠎ᠠ ᠵᠢᠨ ᠦᠨᠳᠦᠰᠦᠨ ᠪᠠᠢ᠌ᠳᠠᠯ᠂  ᠵᠠᠰᠠᠯᠲᠠ ᠵᠢᠨ ᠪᠦᠲᠦᠴᠡ ᠪᠠ ᠵᠣᠬᠢᠶᠠᠨ ᠪᠠᠢ᠌ᠭᠤᠯᠤᠯᠲᠠ ᠵᠢᠨ ᠪᠦᠷᠢᠯᠳᠦᠴᠡ᠂  ᠲᠦᠷᠦ ᠵᠢᠨ ᠪᠣᠳᠣᠯᠭ᠎ᠠ ᠵᠢᠨ ᠬᠠᠷᠠᠯᠲᠠ᠂  ᠠᠮᠵᠢᠯᠲᠠ ᠪᠦᠲᠦᠮᠵᠢ ᠵᠢᠨ ᠬᠠᠷᠠᠯᠲᠠ᠂  ᠪᠡᠯᠡ ᠣᠷᠣᠭᠤᠯᠤᠯᠲᠠ ᠬᠢᠬᠦ ᠠᠵᠤ ᠦᠢ᠍ᠯᠡᠰ᠎ᠤᠨ ᠬᠦᠷᠢᠶ᠎ᠡ᠂  ᠬᠠᠷᠠᠯᠲᠠ ᠵᠢᠨ ᠬᠡᠪᠴᠢᠶᠡᠵᠢᠯ᠂  ᠪᠡᠯᠡ ᠴᠤᠭᠯᠠᠭᠤᠯᠬᠤ ᠲᠥᠯᠥᠪᠯᠡᠭᠡ᠂  ᠪᠡᠯᠡ ᠭᠠᠷᠭ᠋ᠠᠬᠤ ᠲᠥᠰᠥᠯ᠂  ᠪᠡᠯᠡ ᠭᠠᠷᠭ᠋ᠠᠬᠤ ᠠᠮᠠᠯᠠᠯᠲᠠ᠂  ᠪᠡᠯᠡ ᠣᠷᠣᠭᠤᠯᠬᠤ ᠠᠷᠭ᠎ᠠ ᠮᠠᠶᠢᠭ᠂  ᠣᠷᠣᠰᠢᠨ ᠦᠷᠭᠦᠯᠵᠢᠯᠡᠬᠦ ᠴᠠᠭ ᠬᠤᠭᠤᠴᠠᠭ᠎ᠠ᠂  ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠣᠭᠲᠠᠴᠠ᠂  ᠤᠷᠮᠠᠰᠢᠭᠤᠯᠬᠤ ᠲᠣᠭᠲᠠᠴᠠ᠂  ᠲᠦᠭᠰᠢᠭᠦᠷᠢ ᠵᠢᠨ ᠰᠡᠷᠭᠡᠢ᠌ᠯᠡᠯᠲᠡ᠂  ᠠᠯᠳᠠᠭ᠎ᠠ ᠪᠤᠷᠤᠭᠤ ᠵᠢ ᠪᠠᠭᠲᠠᠭ᠋ᠠᠵᠤ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠳᠦᠷᠢᠮ᠂  ᠪᠤᠴᠠᠭ᠋ᠠᠵᠤ ᠭᠠᠷᠭ᠋ᠠᠬᠤ ᠲᠣᠭᠲᠠᠴᠠ᠂  ᠬᠠᠮᠢᠶᠠᠷᠤᠯᠲᠠ ᠵᠢᠨ ᠵᠠᠷᠤᠳᠠᠯ ᠪᠠ ᠠᠰᠢᠭ ᠣᠷᠣᠯᠭ᠎ᠠ ᠵᠢᠨ ᠬᠤᠪᠢᠶᠠᠷᠢᠯᠠᠯᠲᠠ᠂  ᠨᠡᠢ᠌ᠭᠡᠮ᠎ᠤᠨ ᠬᠥᠷᠥᠩᠭᠡ ᠪᠠ ᠥᠷᠢᠰᠦᠯᠳᠦᠭᠡᠨ᠎ᠤ ᠪᠠᠢ᠌ᠳᠠᠯ᠎ᠳᠤ ᠦᠵᠡᠭᠦᠯᠬᠦ ᠨᠥᠯᠥᠭᠡᠨ᠎ᠤ ᠵᠠᠳᠠᠯᠤᠯᠲᠠ᠂  ᠵᠢᠱ᠌ᠢᠭᠰᠡᠨ ᠦᠷ᠎ᠡ ᠪᠦᠲᠦᠮᠵᠢ ᠵᠡᠷᠭᠡ ᠵᠢ ᠪᠠᠭᠲᠠᠭ᠋ᠠᠬᠤ ᠬᠡᠷᠡᠭᠲᠡᠢ᠃

       ᠠᠷᠪᠠᠨ ᠬᠣᠶᠠᠳᠤᠭ᠋ᠠᠷ ᠵᠦᠢ᠍ᠯ    ᠵᠠᠰᠠᠭ᠎ᠤᠨ ᠣᠷᠳᠣᠨ ᠎ᠤ ᠭᠠᠷᠭ᠋ᠠᠭᠰᠠᠨ ᠪᠡᠯᠡ ᠵᠢᠨ ᠨᠠᠢ᠌ᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠂  ᠰᠠᠭᠤᠷᠢ ᠮᠥᠩᠭᠥ ᠬᠠᠮᠢᠶᠠᠷᠤᠭᠴᠢ᠂  ᠰᠠᠭᠤᠷᠢ ᠮᠥᠩᠭᠥ ᠵᠢ ᠨᠠᠶ᠋ᠢᠳᠠᠯᠭ᠎ᠠ᠎ᠪᠠᠷ ᠬᠠᠮᠢᠶᠠᠷᠤᠭᠴᠢ ᠵᠢᠨ ᠰᠣᠩᠭᠣᠭᠤᠯᠢ᠎ᠳᠤ ᠥᠷᠢᠰᠦᠯᠳᠦᠬᠦ ᠲᠥᠰᠥᠯ᠎ᠤᠨ ᠠᠭᠤᠯᠭ᠎ᠠ᠎ᠳᠤ᠄  ᠰᠣᠩᠭᠣᠭᠤᠯᠢ᠎ᠳᠤ ᠥᠷᠢᠰᠦᠯᠳᠦᠬᠦ ᠬᠡᠯᠪᠡᠷᠢ ᠠᠷᠭ᠎ᠠ ᠮᠠᠶᠢᠭ᠂  ᠰᠣᠩᠭᠣᠭᠤᠯᠢ᠎ᠳᠤ ᠥᠷᠢᠰᠦᠯᠳᠦᠭᠴᠢ ᠵᠢᠨ ᠬᠢᠷᠢ ᠭᠡᠮ᠎ᠤᠨ ᠨᠥᠬᠥᠴᠡᠯ᠂  ᠰᠣᠩᠭᠣᠭᠤᠯᠢ ᠵᠢᠨ ᠥᠷᠢᠰᠦᠯᠳᠦᠭᠡᠨ᠎ᠢ ᠦᠨᠡᠯᠡᠬᠦ ᠠᠷᠭ᠎ᠠ ᠵᠡᠷᠭᠡ ᠪᠠᠭᠲᠠᠨ᠎ᠠ᠃  ᠰᠣᠩᠭᠣᠭᠤᠯᠢ ᠵᠢᠨ ᠥᠷᠢᠰᠦᠯᠳᠦᠭᠡᠨ᠎ᠢ ᠦᠨᠡᠯᠡᠬᠦ ᠠᠷᠭ᠎ᠠ ᠵᠢᠨ ᠠᠭᠤᠯᠭ᠎ᠠ᠎ᠳᠤ ᠬᠠᠮᠢᠶᠠᠷᠤᠯᠲᠠ ᠵᠢᠨ ᠵᠠᠷᠤᠳᠠᠯ᠎ᠤᠨ ᠨᠣᠷᠮ᠎ᠠ᠂  ᠳᠠᠭ᠋ᠠᠵᠤ ᠤᠷᠤᠭᠤᠯᠤᠯᠲᠠ ᠬᠢᠬᠦ ᠬᠠᠷᠢᠴᠠᠯ᠂  ᠠᠵᠢᠯ᠎ᠤᠨ ᠠᠮᠵᠢᠯᠲᠠ ᠪᠦᠲᠦᠮᠵᠢ ᠵᠡᠷᠭᠡ ᠬᠦᠴᠦᠨ ᠵᠦᠢ᠍ᠯ᠎ᠢ  ᠪᠠᠭᠲᠠᠭ᠋ᠠᠬᠤ ᠬᠡᠷᠡᠭᠲᠡᠢ᠃

       ᠭᠤᠷᠪᠠᠳᠤᠭ᠋ᠠᠷ ᠪᠦᠯᠦᠭ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠪᠠᠶ᠋ᠢᠭᠤᠯᠬᠤ

      ᠠᠷᠪᠠᠨ ᠭᠤᠷᠪᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠠᠳᠠᠯᠢ ᠨᠢᠭᠡᠨ ᠬᠦᠷᠢᠶ᠎ᠡ ᠪᠤᠶᠤ ᠠᠵᠢᠯ ᠲᠥᠷᠥᠯ᠎ᠳᠤ ᠡᠬᠡ ᠰᠠᠭᠤᠷᠢ ᠮᠥᠩᠭᠥ ᠵᠢ ᠳᠠᠪᠬᠤᠷᠳᠠᠭᠤᠯᠤᠨ ᠪᠠᠢ᠌ᠭᠤᠯᠵᠤ ᠪᠣᠯᠬᠤ ᠦᠭᠡᠢ᠃

       ᠡᠳ᠋᠎ᠤᠨ ᠵᠠᠰᠠᠭ᠎ᠠᠴᠠ ᠪᠡᠯᠡ ᠭᠠᠷᠭ᠋ᠠᠵᠤ ᠰᠠᠭᠤᠷᠢ ᠮᠥᠩᠭᠥ ᠪᠠᠢ᠌ᠭᠤᠯᠬᠤ ᠪᠤᠶᠤ ᠪᠡᠯᠡ ᠮᠥᠩᠭᠥ ᠳᠠᠩᠰᠠᠯᠠᠭᠤᠯᠬᠤ᠎ᠳᠤ ᠡᠷᠬᠡᠪᠰᠢ ᠴᠢᠩᠭ᠎ᠠ ᠬᠢᠨᠠᠨ ᠬᠠᠷᠭᠤᠭᠤᠯᠵᠤ᠂  ᠣᠨ᠎ᠤ ᠲᠥᠰᠥᠪ᠎ᠤᠨ ᠬᠠᠮᠢᠶᠠᠷᠤᠯᠲᠠ᠎ᠳᠤ ᠣᠷᠣᠭᠤᠯᠤᠨ᠂  ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠤᠶᠤ ᠲᠡᠭᠦᠨ᠎ᠤ ᠪᠠᠢ᠌ᠩᠭᠤ ᠵᠢᠨ ᠬᠣᠷᠢᠶ᠎ᠠ᠎ᠳᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠬᠡᠷᠡᠭᠲᠡᠢ;  ᠲᠣᠭ᠎ᠠ ᠬᠡᠮᠵᠢᠶ᠎ᠡ᠎ᠨᠢ  ᠨᠡᠯᠢᠶᠡᠳ ᠶᠡᠬᠡ ᠪᠠᠢ᠌ᠪᠠᠯ᠂  ᠰᠠᠭᠤᠷᠢ ᠮᠥᠩᠭᠥᠨ᠎ᠤ ᠪᠡᠯᠡ ᠣᠷᠣᠭᠤᠯᠤᠯᠲᠠ ᠵᠢᠨ ᠠᠬᠢᠴᠠ ᠵᠢ ᠦᠨᠳᠦᠰᠦᠯᠡᠨ ᠣᠨ ᠬᠤᠪᠢᠶᠠᠨ ᠲᠣᠬᠢᠷᠠᠭᠤᠯᠬᠤ ᠬᠡᠷᠡᠭᠲᠡᠢ᠃  ᠰᠠᠭᠤᠷᠢ ᠮᠥᠩᠭᠥ ᠪᠠᠶ᠋ᠢᠭᠤᠯᠬᠤ᠎ᠳᠤ ᠡᠳ᠋᠎ᠤᠨ ᠵᠠᠰᠠᠭ᠎ᠤᠨ ᠳᠠᠭ᠋ᠠᠭ᠋ᠠᠬᠤ ᠴᠢᠳᠠᠪᠤᠷᠢ ᠵᠢ ᠭᠦᠢ᠍ᠴᠡᠳ ᠪᠣᠳᠣᠯᠬᠢᠯᠠᠵᠤ᠂  ᠰᠠᠭᠤᠷᠢ ᠮᠥᠩᠭᠥᠨ᠎ᠤ ᠬᠡᠪᠴᠢᠶᠡᠵᠢᠯ ᠪᠣᠯᠣᠨ ᠪᠡᠯᠡ ᠣᠷᠣᠭᠤᠯᠤᠯᠲᠠ ᠵᠢᠨ ᠬᠡᠪᠴᠢᠶ᠎ᠡ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃  ᠣᠨ᠎ᠤ ᠲᠥᠰᠥᠪ᠎ᠤᠨ ᠳᠣᠲᠣᠷ᠎ᠠ᠂ 《ᠭᠤᠷᠪᠠ ᠵᠢ ᠪᠠᠲᠤᠯᠠᠬᠤ》᠂  ᠥᠷᠢ ᠥᠭᠴᠡᠭᠡᠨ᠎ᠤ ᠬᠦᠦ ᠮᠥᠩᠭᠥ ᠵᠢ ᠲᠥᠯᠥᠬᠦ ᠵᠡᠷᠭᠡ ᠵᠠᠪᠠᠯ ᠪᠠᠲᠤᠯᠠᠬᠤ ᠵᠠᠷᠤᠯᠭ᠎ᠠ ᠵᠢ ᠲᠣᠭ᠎ᠠ ᠶᠣᠰᠣᠭ᠋ᠠᠷ ᠭᠦᠢ᠍ᠴᠡᠳ ᠪᠠᠲᠤᠯᠠᠭᠰᠠᠨ ᠦᠭᠡᠢ ᠭᠠᠵᠠᠷ ᠣᠷᠣᠨ᠎ᠳᠤ ᠪᠡᠯᠡ ᠮᠥᠩᠭᠥ ᠲᠣᠬᠢᠷᠠᠭᠤᠯᠤᠨ ᠰᠠᠭᠤᠷᠢ ᠮᠥᠩᠭᠥ ᠵᠢ ᠰᠢᠨ᠎ᠡ᠎ᠪᠠᠷ ᠪᠠᠢ᠌ᠭᠤᠯᠵᠤ ᠪᠣᠯᠬᠤ ᠦᠭᠡᠢ᠃

       ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂  ᠰᠢᠭᠤᠳ ᠬᠠᠷᠢᠶ᠎ᠠ ᠪᠠᠢ᠌ᠭᠤᠯᠤᠮᠵᠢ ᠵᠢᠨ ᠪᠡᠯᠡ ᠭᠠᠷᠭ᠋ᠠᠵᠤ ᠪᠠᠢ᠌ᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠳᠤ ᠲᠣᠭᠲᠠᠭ᠋ᠠᠯ ᠶᠣᠰᠣᠭ᠋ᠠᠷ ᠤᠯᠤᠰ᠎ᠤᠨ ᠡᠯ᠎ᠡ ᠶᠠᠮᠤᠨ ᠵᠥᠪᠯᠡᠯ ᠪᠤᠶᠤ ᠰᠢᠭᠤᠳ ᠬᠠᠷᠢᠶ᠎ᠠ ᠪᠠᠢ᠌ᠭᠤᠯᠤᠮᠵᠢ ᠵᠢᠨ ᠪᠠᠢ᠌ᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠡᠬᠡ ᠰᠠᠭᠤᠷᠢ ᠮᠥᠩᠭᠥ ᠵᠢ᠎ᠨᠢ  ᠴᠢᠷᠮᠠᠢ᠌ᠨ ᠣᠯᠵᠤ ᠪᠠᠢ᠌ᠭ᠋ᠠᠳ ᠪᠡᠯᠡ ᠣᠷᠣᠭᠤᠯᠬᠤ᠂  ᠬᠤᠪᠢ ᠣᠷᠣᠭᠤᠯᠬᠤ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ ᠪᠠᠢ᠌ᠭᠤᠯᠵᠤ ᠪᠣᠯᠣᠨ᠎ᠠ᠃  ᠡᠯ᠎ᠡ ᠠᠢ᠌ᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠡᠯ᠎ᠡ ᠬᠣᠰᠢᠭᠤ ᠰᠢᠶᠠᠨ (ᠬᠣᠲᠠ᠂  ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ  ᠳᠡᠭᠡᠷ᠎ᠡ ᠳᠤᠷᠠᠳᠤᠭᠰᠠᠨ ᠱᠠᠭ᠋ᠠᠷᠳᠠᠯᠭ᠎ᠠ᠎ᠪᠠᠷ ᠯᠠᠪᠯᠠᠯᠲᠠ ᠪᠣᠯᠭ᠋ᠠᠨ ᠲᠤᠰ ᠭᠠᠵᠠᠷ ᠣᠷᠣᠨ᠎ᠤ᠎ᠪᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ ᠎ᠤ ᠲᠣᠭ᠎ᠠ ᠬᠡᠮᠵᠢᠶ᠎ᠡ ᠵᠢ ᠬᠢᠵᠠᠭ᠋ᠠᠷᠯᠠᠵᠤ ᠪᠣᠯᠣᠨ᠎ᠠ᠃

       ᠠᠷᠪᠠᠨ ᠳᠥᠷᠪᠡᠳᠦᠭᠡᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠭᠠᠷᠭ᠋ᠠᠭᠰᠠᠨ ᠪᠡᠯᠡ ᠵᠢ᠎ᠨᠢ  ᠨᠤᠲᠠᠯᠠᠨ ᠲᠣᠭᠲᠠᠭ᠋ᠠᠬᠤ᠂  ᠰᠠᠯᠠᠭ᠎ᠠ ᠮᠥᠴᠢᠷ ᠠᠩᠬᠠᠨ᠎ᠤ ᠬᠢᠨᠠᠯᠲᠠ ᠬᠢᠬᠦ᠂  ᠵᠠᠰᠠᠭ᠎ᠤᠨ ᠣᠷᠳᠣᠨ   ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠤᠨ ᠶᠣᠰᠣᠭ᠋ᠠᠷ ᠪᠠᠢ᠌ᠭᠤᠯᠤᠨ᠎ᠠ᠃

     (ᠨᠢᠭᠡ)  ᠭᠠᠷᠭ᠋ᠠᠭᠰᠠᠨ ᠪᠡᠯᠡ ᠵᠢ᠎ᠨᠢ  ᠨᠤᠲᠠᠯᠠᠨ ᠲᠣᠭᠲᠠᠭ᠋ᠠᠬᠤ᠃  ᠰᠠᠭᠤᠷᠢ ᠮᠥᠩᠭᠥ ᠪᠠᠶ᠋ᠢᠭᠤᠯᠬᠤ ᠰᠠᠯᠠᠭ᠎ᠠ ᠮᠥᠴᠢᠷ᠎ᠨᠢ  ᠲᠤᠰ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠪᠡᠯᠡ ᠮᠥᠩᠭᠥ   ᠬᠡᠷᠡᠭᠰᠡᠬᠦ ᠬᠡᠷᠡᠭᠴᠡᠭᠡ ᠱᠠᠭ᠋ᠠᠷᠳᠠᠯᠭ᠎ᠠ᠎ᠪᠠᠨ ᠳᠤᠷᠠᠳᠴᠤ᠂  ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠠᠰᠠᠭ᠎ᠤᠨ ᠣᠷᠳᠣᠨ᠎ᠠᠴᠠ ᠪᠡᠯᠡ ᠭᠠᠷᠭ᠋ᠠᠬᠤ ᠲᠣᠬᠢᠷᠠᠭᠤᠯᠤᠯᠲᠠ ᠵᠢ ᠨᠤᠲᠠᠯᠠᠨ ᠲᠣᠭᠲᠠᠭ᠋ᠠᠨ᠎ᠠ᠃

     (ᠬᠣᠶᠠᠷ)  ᠰᠠᠯᠠᠭ᠎ᠠ ᠮᠥᠴᠢᠷ᠎ᠤᠨ ᠎ᠬᠢᠨ ᠠᠩᠬᠠᠨ᠎ᠤ ᠬᠢᠨᠠᠯᠲᠠ ᠬᠢᠬᠦ᠃  ᠰᠠᠭᠤᠷᠢ ᠮᠥᠩᠭᠥ ᠪᠠᠶ᠋ᠢᠭᠤᠯᠬᠤ ᠰᠠᠯᠠᠭ᠎ᠠ ᠮᠥᠴᠢᠷ᠎ᠨᠢ  ᠲᠤᠰ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠲᠤ ᠰᠠᠭᠤᠷᠢ ᠮᠥᠩᠭᠥᠨ᠎ᠤ ᠳᠦᠷᠢᠮ ᠲᠣᠭᠲᠠᠭ᠋ᠠᠯ ᠵᠡᠷᠭᠡ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ ᠵᠶ᠋ᠠᠨ ᠳᠡᠪᠰᠢᠭᠦᠯᠦᠨ ᠲᠤᠰᠢᠶᠠᠵᠤ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ  ᠰᠠᠭᠤᠷᠢ ᠮᠥᠩᠭᠥᠨ᠎ᠤ ᠪᠡᠯᠡ ᠣᠷᠣᠭᠤᠯᠤᠯᠲᠠ ᠵᠢᠨ ᠬᠦᠷᠢᠶᠡᠨ᠎ᠤ ᠠᠵᠤ ᠦᠢ᠍ᠯᠡᠰ᠎ᠤᠨ ᠲᠣᠭᠲᠠᠭ᠋ᠠᠯ᠎ᠳᠤ ᠨᠡᠢ᠌ᠴᠡᠬᠦ ᠴᠢᠨᠠᠷ ᠪᠣᠯᠣᠨ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ᠎ᠤᠨ ᠪᠦᠷᠢᠨ ᠭᠦᠢ᠍ᠴᠡᠳ ᠴᠢᠨᠠᠷ᠎ᠲᠤ ᠠᠩᠬᠠᠨ᠎ᠤ ᠬᠢᠨᠠᠯᠲᠠ ᠬᠢᠬᠦ ᠬᠡᠷᠡᠭᠲᠡᠢ᠃  ᠴᠢᠬᠤᠯᠠ᠎ᠲᠠᠢ ᠦᠶ᠎ᠡ᠎ᠳᠤ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠢ ᠤᠷᠢᠵᠤ ᠨᠤᠲᠠᠯᠠᠯᠲᠠ᠎ᠳᠤ ᠣᠷᠣᠯᠴᠠᠭᠤᠯᠵᠤ ᠪᠣᠯᠣᠨ᠎ᠠ᠃

     (ᠭᠤᠷᠪᠠ)  ᠵᠠᠰᠠᠭ᠎ᠤᠨ ᠣᠷᠳᠣᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠃  ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠤᠶᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ  ᠰᠠᠭᠤᠷᠢ ᠮᠥᠩᠭᠥ ᠪᠠᠶ᠋ᠢᠭᠤᠯᠬᠤ ᠰᠠᠯᠠᠭ᠎ᠠ ᠮᠥᠴᠢᠷ᠎ᠲᠠᠢ ᠬᠠᠮᠲᠤᠷᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠬᠡᠷᠡᠭᠲᠡᠢ᠃

       ᠠᠷᠪᠠᠨ ᠲᠠᠪᠤᠳᠤᠭ᠋ᠠᠷ ᠵᠦᠢ᠍ᠯ    ᠡᠯ᠎ᠡ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ  ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂  ᠰᠢᠭᠤᠳ ᠬᠠᠷᠢᠶ᠎ᠠ ᠪᠠᠢ᠌ᠭᠤᠯᠤᠮᠵᠢ ᠵᠢᠨ ᠵᠠᠰᠠᠭ᠎ᠤᠨ ᠣᠷᠳᠣᠨ᠎ᠤ ᠪᠡᠯᠡ ᠭᠠᠷᠭ᠋ᠠᠵᠤ ᠪᠠᠢ᠌ᠭᠤᠯᠤᠭᠰᠠᠨ ᠪᠡᠯᠡ ᠣᠷᠣᠭᠤᠯᠤᠯᠲᠠ ᠵᠢᠨ ᠰᠠᠭᠤᠷᠢ   ᠮᠥᠩᠭᠥᠨ᠎ᠤ ᠮᠠᠲ᠋ᠧᠷᠢᠶᠠᠯ᠎ᠤᠨ ᠪᠦᠷᠢᠨ ᠭᠦᠢ᠍ᠴᠡᠳ ᠴᠢᠨᠠᠷ ᠪᠠ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠢ᠌ᠴᠡᠬᠦ ᠴᠢᠨᠠᠷ᠎ᠢ ᠬᠢᠨᠠᠨ ᠪᠠᠢ᠌ᠴᠠᠭ᠋ᠠᠬᠤ ᠠᠵᠢᠯ᠎ᠢ ᠬᠠᠷᠢᠭᠤᠴᠠᠨ᠎ᠠ᠃  ᠡᠭᠦᠨ᠎ᠳᠤ ᠳᠣᠣᠷᠠᠬᠢ ᠪᠠᠢ᠌ᠳᠠᠯ᠎ᠢ ᠪᠠᠭᠲᠠᠭ᠋ᠠᠬᠤ ᠦᠭᠡᠢ᠄

     (ᠨᠢᠭᠡ)  ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂  ᠰᠢᠭᠤᠳ ᠬᠠᠷᠢᠶ᠎ᠠ ᠪᠠᠢ᠌ᠭᠤᠯᠤᠮᠵᠢ ᠵᠢᠨ ᠭᠠᠷᠭ᠋ᠠᠭᠰᠠᠨ ᠪᠡᠯᠡ ᠵᠢᠨ ᠲᠣᠭ᠎ᠠ᠎ᠨᠢ  ᠠᠷᠠᠳ᠎ᠤᠨ ᠵᠣᠭᠣᠰ ᠵᠶ᠋ᠠᠷ 50 ᠳ᠋ᠦᠩᠰᠢᠭᠤᠷ ᠲᠥᠭᠥᠷᠢᠭ (ᠪᠤᠶᠤ ᠲᠡᠩᠴᠡᠭᠦᠦ ᠥᠷᠲᠡᠭ᠎ᠲᠠᠢ ᠭᠠᠳᠠᠭ᠋ᠠᠳᠤ ᠵᠢᠨ ᠵᠣᠭᠣᠰ)  ᠵᠢᠴᠢ ᠲᠡᠭᠦᠨ᠎ᠠᠴᠠ ᠳᠡᠭᠡᠭᠰᠢ ᠪᠠᠢ᠌ᠪᠠᠯ᠂  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠮᠡᠳᠡᠭᠦᠯᠦᠨ ᠬᠦᠷᠭᠡᠵᠦ ᠮᠠᠲ᠋ᠧᠷᠢᠶᠠᠯ᠎ᠤᠨ ᠪᠦᠷᠢᠨ ᠭᠦᠢ᠍ᠴᠡᠳ ᠴᠢᠨᠠᠷ ᠪᠠ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠢ᠌ᠴᠡᠬᠦ ᠴᠢᠨᠠᠷ᠎ᠲᠤ ᠬᠢᠨᠠᠨ ᠪᠠᠢ᠌ᠴᠠᠭ᠋ᠠᠯᠲᠠ ᠬᠢᠯᠭᠡᠨ᠎ᠡ;

     (ᠬᠣᠶᠠᠷ)  ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂  ᠰᠢᠭᠤᠳ ᠬᠠᠷᠢᠶ᠎ᠠ ᠪᠠᠢ᠌ᠭᠤᠯᠤᠮᠵᠢ ᠵᠢᠨ ᠭᠠᠷᠭ᠋ᠠᠭᠰᠠᠨ ᠪᠡᠯᠡ ᠵᠢᠨ ᠲᠣᠭ᠎ᠠ᠎ᠨᠢ  ᠠᠷᠠᠳ᠎ᠤᠨ ᠵᠣᠭᠣᠰ ᠵᠶ᠋ᠠᠷ  50 ᠳ᠋ᠦᠩᠰᠢᠭᠤᠷ ᠲᠥᠭᠥᠷᠢᠭ (ᠪᠤᠶᠤ ᠲᠡᠩᠴᠡᠭᠦᠦ ᠥᠷᠲᠡᠭ᠎ᠲᠠᠢ ᠭᠠᠳᠠᠭ᠋ᠠᠳᠤ ᠵᠢᠨ ᠵᠣᠭᠣᠰ)᠎ᠠᠴᠠ ᠳᠣᠣᠷ᠎ᠠ᠂  ᠠᠷᠠᠳ᠎ᠤᠨ ᠵᠣᠭᠣᠰ ᠵᠶ᠋ᠠᠷ 20 ᠳ᠋ᠦᠩᠰᠢᠭᠤᠷ ᠲᠥᠭᠥᠷᠢᠭ (ᠪᠤᠶᠤ ᠲᠡᠩᠴᠡᠭᠦᠦ ᠥᠷᠲᠡᠭ᠎ᠲᠠᠢ ᠭᠠᠳᠠᠭ᠋ᠠᠳᠤ ᠵᠢᠨ ᠵᠣᠭᠣᠰ)  ᠵᠢᠴᠢ ᠲᠡᠭᠦᠨ᠎ᠠᠴᠠ ᠳᠡᠭᠡᠭᠰᠢ ᠪᠠᠢ᠌ᠪᠠᠯ᠂  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠢ᠌ᠴᠡᠬᠦ ᠴᠢᠨᠠᠷ ᠪᠠ ᠳᠦᠷᠢᠮ ᠲᠣᠭᠲᠠᠭ᠋ᠠᠯ ᠵᠡᠷᠭᠡ ᠮᠠᠲ᠋ᠧᠷᠢᠶᠠᠯ᠎ᠤᠨ ᠪᠦᠷᠢᠨ ᠭᠦᠢ᠍ᠴᠡᠳ ᠴᠢᠨᠠᠷ᠎ᠲᠤ ᠬᠢᠨᠠᠨ ᠪᠠᠢ᠌ᠴᠠᠭ᠋ᠠᠯᠲᠠ ᠬᠢᠬᠦ ᠠᠵᠢᠯ᠎ᠢ ᠬᠠᠷᠢᠭᠤᠴᠠᠨ᠎ᠠ᠃

       ᠠᠷᠪᠠᠨ ᠵᠢᠷᠭᠤᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠥᠯᠳᠡ ᠵᠢᠨ ᠰᠠᠭᠤᠷᠢ ᠮᠥᠩᠭᠥ ᠵᠢ ᠪᠠᠶ᠋ᠢᠭᠤᠯᠬᠤ᠎ᠪᠠᠷ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠬᠦ᠎ᠳᠤ᠎ᠪᠠᠨ ᠳᠣᠣᠷᠠᠬᠢ ᠮᠡᠲ᠋ᠧᠷᠢᠶᠡᠯ᠎ᠤᠳ᠎ᠢ ᠲᠤᠰᠢᠶᠠᠬᠤ ᠬᠡᠷᠡᠭᠲᠡᠢ᠄

     (ᠨᠢᠭᠡ)  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠭᠤᠶᠤᠴᠢᠯᠠᠨ ᠪᠠᠶ᠋ᠢᠭᠤᠯᠬᠤ᠎ᠪᠠᠷ   ᠵᠢᠭ᠋ᠠᠪᠤᠷᠢ ᠠᠪᠬᠤ;

     (ᠬᠣᠶᠠᠷ)  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠪᠣᠯᠣᠮᠵᠢᠲᠤ ᠲᠥᠰᠦᠯ;

     (ᠭᠤᠷᠪᠠ)  ᠪᠤᠰᠤᠳ ᠮᠠᠲ᠋ᠧᠷᠢᠶᠠᠯ᠃

       ᠠᠷᠪᠠᠨ ᠳᠣᠯᠣᠳᠤᠭ᠋ᠠᠷ ᠵᠦᠢ᠍ᠯ    ᠡᠯ᠎ᠡ ᠠᠢ᠌ᠮᠠᠭ ᠬᠣᠲᠠ᠂  ᠬᠣᠰᠢᠭᠤ ᠰᠢᠶᠠᠨ (ᠬᠣᠲᠠ᠂  ᠲᠣᠭᠣᠷᠢᠭ)᠎ᠳᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠡᠬᠡ ᠰᠠᠭᠤᠷᠢ ᠮᠥᠩᠭᠥ ᠵᠢ ᠪᠠᠶ᠋ᠢᠭᠤᠯᠬᠤ᠎ᠳᠤ ᠡᠷᠬᠡᠪᠰᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ 30 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠲᠢᠩᠬᠢᠮ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃

       ᠳᠥᠷᠪᠡᠳᠦᠭᠡᠷ ᠪᠦᠯᠦᠭ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠴᠤᠭᠯᠠᠭᠤᠯᠬᠤ ᠪᠠ ᠳᠠᠩᠰᠠᠯᠠᠨ ᠲᠡᠮᠳᠡᠭᠯᠡᠵᠦ ᠬᠠᠮᠢᠶᠠᠷᠬᠤ

       ᠠᠷᠪᠠᠨ ᠨᠠᠢ᠍ᠮᠠᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠨᠡᠢ᠌ᠭᠡᠮ᠎ᠤᠨ ᠪᠡᠯᠡ ᠮᠥᠩᠭᠥ ᠵᠢᠨ ᠬᠡᠰᠡᠭ ᠎ᠲᠤ ᠪᠣᠯ ᠢᠯᠡ ᠪᠣᠯᠭ᠋ᠠᠯᠲᠠ ᠵᠢᠨ ᠪᠤᠰᠤ ᠠᠷᠭ᠎ᠠ ᠮᠠᠶᠢᠭ ᠠᠪᠴᠤ ᠲᠦᠭᠰᠢᠭᠦᠷᠢ ᠵᠢ ᠢᠯᠭ᠋ᠠᠨ ᠲᠠᠨᠢᠬᠤ ᠴᠢᠳᠠᠪᠤᠷᠢ ᠪᠠ ᠲᠦᠭᠰᠢᠭᠦᠷᠢ ᠵᠢ ᠳᠠᠭ᠋ᠠᠭ᠋ᠠᠬᠤ ᠴᠢᠳᠠᠪᠤᠷᠢ᠎ᠲᠠᠢ ᠬᠢᠷᠢ ᠲᠡᠩᠴᠡᠭᠰᠡᠨ ᠣᠨᠴᠠ ᠨᠢᠭᠡᠨ ᠪᠡᠯᠡ ᠣᠷᠣᠭᠤᠯᠤᠭᠴᠢ᠎ᠳᠤ ᠬᠠᠨᠳᠤᠭᠤᠯᠤᠨ ᠵᠣᠭᠣᠰ ᠴᠤᠭᠯᠠᠭᠤᠯᠵᠤ᠂  ᠴᠤᠭᠯᠠᠭᠤᠯᠬᠤ ᠦᠢ᠍ᠯᠡ ᠠᠵᠢᠯᠯᠠᠭ᠎ᠠ᠎ᠨᠢ  ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠣᠭᠲᠠᠭ᠋ᠠᠯ᠎ᠳᠤ ᠨᠡᠢ᠌ᠴᠡᠬᠦ ᠬᠡᠷᠡᠭᠲᠡᠢ᠃

       ᠠᠷᠪᠠ ᠶᠢᠰᠦᠳᠦᠭᠡᠷ ᠵᠦᠢ᠍ᠯ    ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂  ᠰᠢᠭᠤᠳ ᠬᠠᠷᠢᠶ᠎ᠠ ᠪᠠᠢ᠌ᠭᠤᠯᠤᠮᠵᠢ᠎ᠠᠴᠠ ᠪᠡᠯᠡ ᠭᠠᠷᠭ᠋ᠠᠵᠤ ᠪᠠᠢ᠌ᠭᠤᠯᠤᠭᠰᠠᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠴᠤᠭᠯᠠᠭᠤᠯᠵᠤ ᠳᠠᠭᠤᠰᠤᠭᠰᠠᠨ᠎ᠤ ᠳᠠᠷᠠᠭ᠎ᠠ 20 ᠠᠵᠢᠯᠯᠠᠬᠤ ᠡᠳᠦᠷ᠎ᠤᠨ ᠳᠣᠲᠣᠷ᠎ᠠ᠂  ᠰᠠᠭᠤᠷᠢ ᠮᠥᠩᠭᠥ ᠬᠠᠮᠢᠶᠠᠷᠤᠭᠴᠢ᠎ᠠᠴᠠ ᠪᠦᠬᠦ ᠤᠯᠤᠰ᠎ᠤᠨ ᠵᠠᠰᠠᠭ᠎ᠤᠨ ᠣᠷᠳᠣᠨ᠎ᠤ ᠪᠡᠯᠡ ᠭᠠᠷᠭ᠋ᠠᠭᠰᠠᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠢᠲᠡᠭᠡᠮᠵᠢ ᠵᠢᠨ ᠮᠡᠳᠡᠭᠡ ᠵᠠᠩᠭᠢ ᠵᠢᠨ ᠳᠠᠩᠰᠠᠯᠠᠨ ᠲᠡᠮᠳᠡᠭᠯᠡᠬᠦ ᠰᠢᠰᠲ᠋ᠧᠮ᠎ᠳᠤ ᠳᠠᠩᠰᠠᠯᠠᠭᠤᠯᠬᠤ ᠬᠡᠷᠡᠭᠲᠡᠢ᠃

       ᠬᠣᠷᠢᠳᠤᠭ᠋ᠠᠷ ᠵᠦᠢ᠍ᠯ    ᠬᠤᠪᠢ᠎ᠪᠠᠷ ᠵᠶ᠋ᠠᠨ ᠵᠣᠭᠣᠰ ᠴᠤᠭᠯᠠᠭᠤᠯᠬᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠬᠡᠯᠪᠡᠷᠢ᠎ᠪᠠᠷ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ᠂  ᠪᠡᠯᠡ ᠣᠷᠣᠭᠤᠯᠤᠯᠲᠠ ᠵᠢᠨ ᠬᠠᠮᠢᠶᠠᠷᠤᠯᠲᠠ᠂  ᠡᠳ᠋ ᠬᠥᠷᠥᠩᠭᠡ ᠵᠢᠨ ᠬᠠᠮᠢᠶᠠᠷᠤᠯᠲᠠ ᠬᠢᠵᠦ ᠪᠠᠢ᠌ᠭ᠎ᠠ ᠰᠠᠭᠤᠷᠢ ᠮᠥᠩᠭᠥ ᠵᠢ ᠴᠤᠭᠯᠠᠭᠤᠯᠵᠤ ᠳᠠᠭᠤᠰᠤᠭᠰᠠᠨ᠎ᠤ ᠳᠠᠷᠠᠭ᠎ᠠ 20 ᠠᠵᠢᠯᠯᠠᠬᠤ ᠡᠳᠦᠷ᠎ᠤᠨ ᠳᠣᠲᠣᠷ᠎ᠠ᠂  ᠰᠠᠭᠤᠷᠢ ᠮᠥᠩᠭᠥ ᠬᠠᠮᠢᠶᠠᠷᠤᠭᠴᠢ᠎ᠠᠴᠠ ᠳᠤᠮᠳᠠᠳᠤ ᠤᠯᠤᠰ᠎ᠤᠨ ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠠᠵᠢᠯ ᠲᠦᠷᠦᠯ᠎ᠤᠨ ᠨᠡᠢ᠌ᠭᠡᠮᠯᠢᠭ᠎ᠲᠤ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠵᠦ ᠰᠠᠭᠤᠷᠢ ᠮᠥᠩᠭᠥ ᠵᠢ ᠪᠦᠷᠢᠳᠬᠡᠨ ᠳᠠᠩᠰᠠᠯᠠᠭᠤᠯᠬᠤ ᠬᠡᠷᠡᠭᠲᠡᠢ᠃

       ᠬᠣᠷᠢᠨ ᠨᠢᠭᠡᠳᠦᠭᠡᠷ ᠵᠦᠢ᠍ᠯ    ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠡᠯᠡ ᠭᠠᠷᠭ᠋ᠠᠵᠤ ᠪᠠᠢ᠌ᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠰᠠᠭᠤᠷᠢ ᠮᠥᠩᠭᠥ ᠵᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠨ ᠲᠡᠮᠳᠡᠭᠯᠡᠭᠦᠯᠦᠭᠰᠡᠨ᠎ᠤ ᠳᠠᠷᠠᠭ᠋ᠠᠬᠢ 10 ᠠᠵᠢᠯᠯᠠᠬᠤ ᠡᠳᠦᠷ᠎ᠤᠨ ᠳᠣᠲᠣᠷ᠎ᠠ᠂  ᠰᠠᠭᠤᠷᠢ ᠮᠥᠩᠭᠥ ᠬᠠᠮᠢᠶᠠᠷᠤᠭᠴᠢ᠎ᠨᠢ  ᠲᠤᠰ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠡᠳ᠋᠎ᠤᠨ ᠵᠠᠰᠠᠭ᠎ᠤᠨ ᠶᠠᠮᠤᠨ᠎ᠤ ᠨᠢᠭᠡᠳᠦᠯᠲᠡᠢ ᠮᠡᠳᠡᠭᠦᠯᠬᠦ ᠬᠦᠰᠦᠨᠦᠭᠲᠦ ᠵᠢᠨ ᠰᠢᠰᠲ᠋ᠧᠮ᠎ᠤᠨ ᠳᠠᠩᠰᠠᠨ᠎ᠤ ᠳ᠋ᠤᠭ᠋ᠠᠷ᠎ᠢ  ᠭᠤᠶᠤᠴᠢᠯᠠᠬᠤ ᠬᠡᠷᠡᠭᠲᠡᠢ᠃  ᠭᠤᠶᠤᠴᠢᠯᠠᠯ ᠪᠠᠲᠤᠯᠠᠭᠳᠠᠭᠰᠠᠨ᠎ᠤ ᠳᠠᠷᠠᠭ᠎ᠠ᠂  ᠡᠳ᠋᠎ᠤᠨ ᠵᠠᠰᠠᠭ᠎ᠤᠨ ᠶᠠᠮᠤᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂  ᠤᠯᠠᠷᠢᠯ ᠪᠦᠷᠢ ᠵᠢᠨ ᠳᠠᠭᠤᠰᠤᠭᠰᠠᠨ᠎ᠤ ᠳᠠᠷᠠᠭ᠋ᠠᠬᠢ 15 ᠡᠳᠦᠷ᠎ᠤᠨ ᠳᠣᠲᠣᠷ᠎ᠠ ᠮᠡᠳᠡᠭᠦᠯᠬᠦ ᠬᠦᠰᠦᠨᠦᠭᠲᠦ ᠵᠢᠨ ᠰᠢᠰᠲ᠋ᠧᠮ ᠵᠶ᠋ᠡᠷ ᠳᠠᠮᠵᠢᠭᠤᠯᠤᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ   ᠮᠥᠩᠭᠥᠨ᠎ᠤ ᠠᠵᠢᠯᠯᠠᠭ᠋ᠠᠨ᠎ᠤ ᠪᠠᠢ᠌ᠳᠠᠯ᠎ᠢ  ᠴᠠᠭ ᠲᠤᠬᠠᠢ᠎ᠳᠤ᠎ᠨᠢ  ᠮᠡᠳᠡᠭᠦᠯᠬᠦ ᠬᠡᠷᠡᠭᠲᠡᠢ᠃  ᠡᠬᠡ ᠬᠦᠦ ᠰᠠᠭᠤᠷᠢ ᠮᠥᠩᠭᠥᠨ᠎ᠤ ᠪᠦᠷᠢᠯᠳᠦᠴᠡ᠎ᠪᠠᠷ ᠲᠣᠬᠢᠷᠠᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠪᠣᠯ᠂  ᠤᠯᠠᠷᠢᠯ ᠵᠶ᠋ᠠᠷ ᠮᠡᠳᠡᠭᠦᠯᠬᠦ ᠬᠦᠰᠦᠨᠦᠭᠲᠦ ᠵᠢ ᠵᠠᠰᠠᠭ᠎ᠤᠨ ᠣᠷᠳᠣᠨ᠎ᠠᠴᠠ ᠰᠢᠭᠤᠳ ᠪᠡᠯᠡ ᠭᠠᠷᠭ᠋ᠠᠵᠤ ᠪᠠᠢ᠌ᠭᠤᠯᠤᠭᠰᠠᠨ ᠡᠬᠡ ᠰᠠᠭᠤᠷᠢ ᠮᠥᠩᠭᠥ᠎ᠪᠠᠷ ᠲᠠᠭᠯᠠᠨ ᠮᠡᠳᠡᠭᠦᠯᠵᠦ᠂  ᠡᠬᠡ ᠰᠠᠭᠤᠷᠢ ᠮᠥᠩᠭᠥ᠎ᠪᠠᠷ ᠬᠤᠪᠢ ᠣᠷᠣᠭᠤᠯᠵᠤ ᠪᠠᠢ᠌ᠭᠤᠯᠤᠭᠰᠠᠨ ᠬᠦᠦ ᠰᠠᠭᠤᠷᠢ ᠮᠥᠩᠭᠥ ᠵᠢ ᠲᠠᠭᠯᠠᠨ ᠮᠡᠳᠡᠭᠦᠯᠬᠦ ᠴᠢᠬᠤᠯᠠ ᠦᠭᠡᠢ᠃

       ᠲᠠᠪᠤᠳᠤᠭ᠋ᠠᠷ ᠪᠦᠯᠦᠭ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠬᠠᠮᠢᠶᠠᠷᠬᠤ ᠪᠠ ᠨᠠᠢ᠌ᠳᠠᠨ ᠬᠠᠮᠢᠶᠠᠷᠤᠭᠤᠯᠬᠤ

       ᠬᠣᠷᠢᠨ ᠬᠣᠶᠠᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠳᠤ ᠥᠮᠴᠢᠯᠡᠬᠦ ᠡᠷᠬᠡ᠂  ᠬᠠᠮᠢᠶᠠᠷᠬᠤ ᠡᠷᠬᠡ᠂  ᠨᠠᠢ᠌ᠳᠠᠨ ᠬᠠᠮᠢᠶᠠᠷᠤᠭᠤᠯᠬᠤ ᠡᠷᠬᠡ ᠵᠢ ᠬᠠᠷᠢᠯᠴᠠᠨ ᠰᠠᠯᠭ᠋ᠠᠬᠤ ᠲᠤᠰᠠᠭ᠋ᠠᠷᠯᠠᠬᠤ ᠬᠠᠮᠢᠶᠠᠷᠤᠯᠲᠠ ᠵᠢᠨ ᠳᠦᠷᠢᠮ᠎ᠢ  ᠬᠡᠷᠡᠭᠵᠢᠭᠦᠯᠦᠨ᠎ᠡ᠃

       ᠬᠣᠷᠢᠨ ᠭᠤᠷᠪᠠᠳᠤᠭ᠋ᠠᠷ ᠵᠦᠢ᠍ᠯ    ᠰᠠᠭᠤᠷᠢ ᠮᠥᠩᠭᠥ ᠪᠠᠢ᠌ᠭᠤᠯᠤᠭᠰᠠᠨ ᠰᠠᠯᠠᠭ᠎ᠠ ᠮᠥᠴᠢᠷ᠎ᠨᠢ  ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠡᠷ ᠵᠥᠪᠰᠢᠶᠡᠷᠡᠭᠦᠯᠦᠭᠰᠡᠨ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠢ᠌ᠳᠠᠯᠭ᠎ᠠ ᠬᠦᠯᠢᠶᠡᠬᠦ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠰᠣᠩᠭᠣᠭᠤᠯᠢ᠎ᠳᠤ ᠥᠷᠢᠰᠦᠯᠳᠦᠬᠦ ᠲᠥᠰᠥᠯ᠎ᠢ ᠦᠨᠳᠦᠰᠦᠯᠡᠨ᠂  ᠵᠠᠬ᠎ᠠ ᠳᠡᠯᠭᠡᠭᠦᠷᠴᠢᠯᠡᠯᠲᠡ ᠵᠢᠨ ᠵᠠᠷᠴᠢᠮ ᠶᠣᠰᠣᠭ᠋ᠠᠷ᠂  ᠨᠠᠶ᠋ᠢᠳᠠᠯᠭ᠎ᠠ ᠬᠦᠯᠢᠶᠡᠬᠦ ᠬᠠᠮᠢᠶᠠᠷᠤᠯᠲᠠ ᠵᠢᠨ ᠪᠠᠢ᠌ᠭᠤᠯᠤᠮᠵᠢ ᠵᠢ ᠢᠯᠡ ᠪᠥᠭᠡᠳ ᠭᠣᠤᠯᠴᠢ᠎ᠪᠠᠷ ᠰᠢᠯᠢᠳᠡᠭ᠎ᠢ᠎ᠨᠢ  ᠰᠣᠩᠭᠣᠨ ᠲᠣᠭᠲᠠᠭ᠋ᠠᠵᠤ᠂  ᠰᠠᠭᠤᠷᠢ ᠮᠥᠩᠭᠥ ᠵᠢᠨ ᠡᠷᠬᠡ ᠣᠯᠭᠣᠵᠤ ᠨᠠᠢ᠌ᠳᠠᠨ ᠬᠠᠮᠢᠶᠠᠷᠤᠭᠤᠯᠬᠤ ᠵᠥᠪᠯᠡᠯᠴᠡᠭᠡᠷ ᠲᠣᠭᠲᠠᠵᠤ᠂  ᠰᠠᠭᠤᠷᠢ   ᠮᠥᠩᠭᠥᠨ᠎ᠤ ᠡᠷᠬᠡ ᠣᠯᠭᠣᠬᠤ ᠬᠡᠪᠴᠢᠶᠡᠵᠢᠯ ᠪᠠ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠨ᠂  ᠡᠳᠦᠷ ᠲᠤᠲᠤᠮ᠎ᠤᠨ ᠬᠠᠮᠢᠶᠠᠷᠤᠯᠲᠠ ᠵᠢᠨ ᠵᠠᠷᠤᠳᠠᠯ᠎ᠢ ᠠᠮᠵᠢᠯᠲᠠ ᠪᠦᠲᠦᠮᠵᠢ ᠵᠢᠨ ᠦᠨᠡᠯᠡᠯᠲᠡ᠂  ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠢ᠌ᠳᠠᠯ᠂  ᠰᠠᠭᠤᠷᠢ ᠮᠥᠩᠭᠥ ᠵᠢᠨ ᠪᠣᠳᠠᠲᠠᠢ ᠠᠵᠢᠯᠯᠠᠭ᠋ᠠᠨ᠎ᠤ ᠪᠠᠢ᠌ᠳᠠᠯ ᠵᠡᠷᠭᠡ᠎ᠯᠦᠭᠡ ᠬᠣᠯᠪᠣᠭᠳᠠᠭᠤᠯᠬᠤ ᠬᠡᠷᠡᠭᠲᠡᠢ᠃  ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠬᠦ ᠬᠠᠮᠢᠶᠠᠷᠤᠯᠲᠠ ᠵᠢᠨ ᠪᠠᠢ᠌ᠭᠤᠯᠤᠮᠵᠢ᠎ᠨᠢ  ᠳᠣᠣᠷᠠᠬᠢ ᠦᠨᠳᠦᠰᠦᠨ ᠨᠥᠬᠥᠴᠡᠯ᠎ᠢ  ᠪᠦᠷᠢᠳᠦᠭᠦᠯᠬᠦ ᠬᠡᠷᠡᠭᠲᠡᠢ᠄

     (ᠨᠢᠭᠡ)  ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ;

     (ᠬᠣᠶᠠᠷ)  ᠰᠠᠭᠤᠷᠢ ᠮᠥᠩᠭᠥ ᠵᠢ ᠬᠠᠮᠢᠶᠠᠷᠤᠭᠰᠠᠨ ᠨᠡᠯᠢᠶᠡᠳ ᠪᠠᠶᠠᠯᠢᠭ ᠲᠤᠷᠰᠢᠯᠭ᠎ᠠ ᠪᠠ ᠡᠭᠦᠨ᠎ᠯᠦᠭᠡ ᠵᠣᠬᠢᠴᠠᠭᠰᠠᠨ ᠲᠤᠰᠬᠠᠢ ᠮᠡᠷᠭᠡᠵᠢᠯ᠎ᠤᠨ ᠬᠠᠮᠢᠶᠠᠷᠤᠯᠲᠠ ᠵᠢᠨ ᠪᠦᠯᠬᠦᠮ᠎ᠲᠠᠢ;

     (ᠭᠤᠷᠪᠠ)  ᠦᠨᠡᠨᠴᠢ ᠢᠲᠡᠭᠡᠮᠵᠢᠲᠡᠢ᠎ᠪᠠᠷ ᠡᠵᠡᠩᠨᠡᠵᠦ᠂  ᠬᠠᠤᠯᠢ ᠲᠣᠭᠲᠠᠭ᠋ᠠᠯ  ᠶᠣᠰᠣᠭ᠋ᠠᠷ  ᠠᠵᠢᠯᠯᠠᠭᠤᠯᠵᠤ ᠪᠠᠢ᠌ᠬᠤ᠃

       ᠬᠣᠷᠢᠨ ᠳᠥᠷᠪᠡᠳᠦᠭᠡᠷ ᠵᠦᠢ᠍ᠯ    ᠵᠠᠰᠠᠭ᠎ᠤᠨ ᠣᠷᠳᠣᠨ᠎ᠤ ᠪᠡᠯᠡ ᠭᠠᠷᠭ᠋ᠠᠭᠰᠠᠨ ᠨᠠᠢ᠌ᠳᠠᠯᠭ᠎ᠠ ᠵᠢ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ  ᠳᠣᠣᠷᠠᠬᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠨ᠎ᠡ᠄

     (ᠨᠢᠭᠡ)  ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠡᠷᠬᠡ ᠣᠯᠭᠣᠯᠲᠠ ᠵᠢ ᠦᠨᠳᠦᠰᠦᠯᠡᠨ ᠵᠠᠰᠠᠭ᠎ᠤᠨ ᠣᠷᠳᠣᠨ᠎ᠤ ᠪᠡᠯᠡ ᠭᠠᠷᠭ᠋ᠠᠭᠴᠢ ᠵᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠣᠷᠣᠯᠠᠨ ᠭᠦᠢ᠍ᠴᠡᠳᠬᠡᠵᠦ᠂  ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠲᠤᠰᠬᠠᠢ ᠳᠠᠩᠰᠠᠨ ᠡᠷᠦᠬᠡ (ᠲᠤᠰᠬᠠᠢ ᠳᠠᠩᠰᠠ) ᠵᠢ ᠬᠠᠷᠢᠭᠤᠴᠠᠨ ᠬᠠᠮᠢᠶᠠᠷᠤᠨ᠎ᠠ;

     (ᠬᠣᠶᠠᠷ)  ᠰᠠᠭᠤᠷᠢ ᠮᠥᠩᠭᠥᠨ᠎ᠤ ᠳᠦᠷᠢᠮ ᠲᠣᠭᠲᠠᠭ᠋ᠠᠯ᠂  ᠬᠣᠷᠰᠢᠬᠤ ᠵᠥᠪᠯᠡᠯᠴᠡᠭᠡᠷ ᠵᠡᠷᠭᠡ ᠬᠠᠮᠢᠶ᠎ᠠ ᠪᠦᠬᠦᠢ ᠳᠦᠷᠢᠮ᠎ᠢ  ᠦᠨᠳᠦᠰᠦᠯᠡᠨ᠂  ᠬᠥᠮᠥᠨ ᠲᠣᠮᠢᠯᠠᠨ ᠪᠡᠯᠡ ᠣᠷᠣᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ  ᠭᠦᠢ᠍ᠴᠡᠳᠬᠡᠯᠭᠡᠵᠦ᠂  ᠰᠠᠭᠤᠷᠢ ᠮᠥᠩᠭᠥᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠲᠣᠭᠲᠠᠭ᠋ᠠᠯ᠎ᠳᠤ ᠨᠡᠢ᠌ᠴᠡᠬᠦ ᠴᠢᠨᠠᠷ᠎ᠢ᠎ᠨᠢ  ᠬᠢᠨᠠᠨ ᠬᠠᠷᠭᠤᠭᠤᠯᠵᠤ᠂  ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠤ ᠲᠣᠭᠲᠠᠭ᠋ᠠᠯ᠎ᠠᠴᠠ   ᠵᠥᠷᠢᠴᠡᠵᠦ ᠵᠠᠰᠠᠭ᠎ᠤᠨ ᠣᠷᠳᠣᠨ᠎ᠤ ᠪᠡᠯᠡ ᠭᠠᠷᠭ᠋ᠠᠭᠰᠠᠨ ᠠᠰᠢᠭ ᠲᠤᠰᠠ ᠵᠢ ᠬᠣᠬᠢᠷᠠᠭᠤᠯᠤᠭᠰᠠᠨ᠂  ᠰᠠᠭᠤᠷᠢ ᠮᠥᠩᠭᠥᠨ᠎ᠤ ᠳᠦᠷᠢᠮ ᠲᠣᠭᠲᠠᠭ᠋ᠠᠯ᠎ᠢ  ᠵᠥᠷᠢᠴᠡᠭᠰᠡᠨ ᠵᠢᠴᠢ ᠰᠠᠭᠤᠷᠢ ᠮᠥᠩᠭᠥᠨ᠎ᠤ ᠬᠠᠮᠢᠶ᠎ᠠ ᠪᠦᠬᠦᠢ ᠲᠣᠭᠲᠠᠭ᠋ᠠᠯ᠎ᠢ  ᠵᠥᠷᠢᠴᠡᠭᠰᠡᠨ ᠪᠠᠢ᠌ᠳᠠᠯ ᠭᠠᠷᠪᠠᠯ᠂  ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠢ᠌ᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠠᠴᠠ ᠲᠤᠰ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢ ᠳᠠᠭᠤᠰᠬᠠᠬᠤ᠎ᠪᠠᠷ ᠳᠡᠪᠰᠢᠭᠦᠯᠵᠦ ᠪᠣᠯᠤᠨ᠎ᠠ;

     (ᠭᠤᠷᠪᠠ)  ᠰᠠᠭᠤᠷᠢ ᠮᠥᠩᠭᠥ ᠬᠠᠮᠢᠶᠠᠷᠤᠭᠴᠢ ᠵᠢᠨ ᠣᠨ᠎ᠤ ᠡᠳ᠋᠎ᠤᠨ ᠶᠠᠪᠤᠳᠠᠯ᠎ᠤᠨ ᠬᠢᠨᠠᠨ ᠪᠣᠳᠣᠬᠤ᠂  ᠰᠢᠯᠭ᠋ᠠᠨ ᠬᠢᠨᠠᠵᠤ ᠦᠨᠡᠯᠡᠬᠦ ᠵᠡᠷᠭᠡ ᠠᠵᠢᠯ ᠥᠷᠨᠢᠭᠦᠯᠬᠦ ᠵᠢ᠎ᠨᠢ  ᠰᠢᠮᠳᠠᠭᠤᠯᠤᠨ᠂  ᠡᠳ᠋᠎ᠤᠨ ᠵᠠᠰᠠᠭ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠠᠭᠤᠷᠢ ᠮᠥᠩᠭᠥᠨ᠎ᠤ ᠠᠵᠢᠯᠯᠠᠭ᠋ᠠᠨ᠎ᠤ ᠪᠠᠢ᠌ᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠢᠶᠠᠩᠭᠤᠢ᠌ᠯᠠᠵᠤ ᠮᠡᠳᠡᠭᠦᠯᠦᠨ ᠬᠦᠷᠭᠡᠬᠦ ᠠᠵᠢᠯ᠎ᠢ ᠬᠠᠷᠢᠭᠤᠴᠠᠨ᠎ᠠ;

     (ᠳᠥᠷᠪᠡ)  ᠰᠠᠭᠤᠷᠢ ᠮᠥᠩᠭᠥ ᠪᠠᠢ᠌ᠭᠤᠯᠤᠭᠰᠠᠨ ᠰᠠᠯᠠᠭ᠎ᠠ ᠮᠥᠴᠢᠷ᠎ᠢ ᠬᠠᠮᠵᠢᠨ ᠰᠠᠭᠤᠷᠢ ᠮᠥᠩᠭᠥ ᠬᠠᠮᠢᠶᠠᠷᠤᠭᠴᠢ᠎ᠳᠤ ᠬᠢᠨᠠᠯᠲᠠ ᠲᠠᠯᠪᠢᠵᠤ᠂  ᠰᠠᠭᠤᠷᠢ ᠮᠥᠩᠭᠥ ᠬᠠᠮᠢᠶᠠᠷᠤᠭᠴᠢ ᠵᠢ ᠰᠢᠮᠳᠠᠭᠤᠯᠵᠤ ᠪᠠᠢ᠌ᠭ᠋ᠠᠳ ᠬᠠᠮᠢᠶ᠎ᠠ ᠪᠦᠬᠦᠢ ᠠᠵᠢᠯ᠎ᠢ ᠪᠡᠶᠡᠯᠡᠭᠦᠯᠦᠨ᠎ᠡ᠃

       ᠬᠣᠷᠢᠨ ᠲᠠᠪᠤᠳᠤᠭ᠋ᠠᠷ ᠵᠦᠢ᠍ᠯ    ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ  ᠵᠠᠰᠠᠭ᠎ᠤᠨ ᠣᠷᠳᠣᠨ᠎ᠳᠤ ᠭᠠᠷᠭ᠋ᠠᠭᠰᠠᠨ ᠪᠡᠯᠡ ᠵᠢᠨ ᠨᠠᠢ᠌ᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠡᠳᠦᠷ ᠲᠤᠲᠤᠮ᠎ᠤᠨ ᠬᠠᠮᠢᠶᠠᠷᠤᠯᠲᠠ ᠵᠢᠨ ᠵᠠᠷᠤᠳᠠᠯ ᠥᠭᠴᠦ᠂  ᠬᠠᠮᠢᠶᠠᠷᠤᠯᠲᠠ ᠵᠢᠨ ᠵᠠᠷᠤᠳᠠᠯ᠎ᠢ  ᠣᠨ᠎ᠤ ᠲᠥᠰᠥᠪ᠎ᠲᠤ᠎ᠪᠠᠨ ᠣᠷᠣᠭᠤᠯᠵᠤ᠂  ᠰᠠᠭᠤᠷᠢ ᠮᠥᠩᠭᠥ ᠵᠢ ᠰᠢᠯᠭ᠋ᠠᠨ ᠬᠢᠨᠠᠵᠤ ᠦᠨᠡᠯᠡᠭᠰᠡᠨ ᠦᠷ᠎ᠡ ᠳ᠋ᠦᠩ᠎ᠤᠨ ᠪᠠᠢ᠌ᠳᠠᠯ᠎ᠢ  ᠦᠨᠳᠦᠰᠦᠯᠡᠨ ᠴᠢᠩᠭ᠎ᠠ ᠬᠢᠨᠠᠭᠤᠷ ᠬᠠᠷᠭᠤᠭᠤᠯᠤᠨ ᠲᠣᠭᠲᠠᠭ᠋ᠠᠵᠤ ᠰᠠᠯᠭ᠋ᠠᠨ ᠥᠭᠭᠦᠨ᠎ᠡ᠃  ᠬᠠᠮᠢᠶᠠᠷᠤᠯᠲᠠ ᠵᠢᠨ ᠵᠠᠷᠤᠳᠠᠯ᠎ᠢ ᠭᠠᠷᠭ᠋ᠠᠨ ᠠᠪᠬᠤ ᠰᠠᠭᠤᠷᠢ ᠲᠣᠭ᠎ᠠ᠎ᠨᠢ  ᠲᠤᠬᠠᠢ ᠵᠢᠨ ᠵᠢᠯ᠎ᠤᠨ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠨᠢᠭᠡᠨᠲᠡ ᠪᠡᠯᠡ ᠣᠷᠣᠭᠤᠯᠤᠭ᠋ᠠᠳ ᠬᠠᠷᠠᠬᠠᠨ ᠬᠣᠷᠢᠶᠠᠨ ᠠᠪᠤᠭ᠋ᠠᠳᠤᠢ ᠵᠣᠭᠣᠰ᠎ᠤᠨ ᠲᠣᠭ᠎ᠠ ᠪᠠᠢ᠌ᠵᠤ᠂  ᠵᠠᠷᠤᠳᠠᠯ᠎ᠤᠨ ᠨᠣᠷᠮ᠎ᠠ ᠵᠢ ᠵᠠᠷᠴᠢᠮ ᠳᠡᠭᠡᠷ᠎ᠡ᠎ᠪᠠᠨ 1%᠎ᠠᠴᠠ ᠥᠨᠳᠥᠷ ᠪᠠᠢ᠌ᠯᠭ᠋ᠠᠵᠤ ᠪᠣᠯᠬᠤ ᠦᠭᠡᠢ᠃

       ᠬᠣᠷᠢᠨ ᠵᠢᠷᠭᠤᠳᠤᠭ᠋ᠠᠷ ᠵᠦᠢ᠍ᠯ    ᠰᠠᠭᠤᠷᠢ ᠮᠥᠩᠭᠥ ᠪᠠᠢ᠌ᠭᠤᠯᠤᠭᠰᠠᠨ ᠰᠠᠯᠠᠭ᠎ᠠ ᠮᠥᠴᠢᠷ᠎ᠨᠢ  ᠲᠥᠪ ᠭᠣᠤᠯᠴᠢ ᠢᠯᠡ ᠪᠠᠢ᠌ᠯᠭ᠋ᠠᠬᠤ᠂  ᠰᠢᠯᠢᠳᠡᠭ᠎ᠢ᠎ᠨᠢ  ᠰᠣᠩᠭᠣᠬᠤ ᠵᠠᠷᠴᠢᠮ᠎ᠢ  ᠵᠢᠷᠤᠮᠯᠠᠵᠤ᠂  ᠰᠠᠭᠤᠷᠢ ᠮᠥᠩᠭᠥ ᠬᠠᠮᠢᠶᠠᠷᠤᠭᠴᠢ ᠵᠢᠨ ᠰᠣᠩᠭᠣᠭᠤᠯᠢ᠎ᠳᠤ ᠥᠷᠢᠰᠦᠯᠳᠦᠬᠦ ᠲᠥᠰᠥᠯ᠂  ᠨᠠᠢ᠌ᠳᠠᠨ ᠬᠠᠮᠢᠶᠠᠷᠤᠭᠤᠯᠤᠭᠴᠢ ᠵᠢᠨ ᠰᠣᠩᠭᠣᠭᠤᠯᠢ᠎ᠳᠤ ᠥᠷᠢᠰᠦᠯᠳᠦᠬᠦ ᠲᠥᠰᠥᠯ ᠶᠣᠰᠣᠭ᠋ᠠᠷ ᠰᠠᠭᠤᠷᠢ ᠮᠥᠩᠭᠥ ᠬᠠᠮᠢᠶᠠᠷᠤᠭᠴᠢ᠂  ᠨᠠᠢ᠌ᠳᠠᠨ ᠬᠠᠮᠢᠶᠠᠷᠤᠭᠤᠯᠤᠭᠴᠢ ᠵᠢ ᠰᠣᠩᠭᠣᠨ ᠤᠷᠢᠬᠤ ᠬᠡᠷᠡᠭᠲᠡᠢ᠃

       ᠬᠣᠷᠢᠨ ᠳᠣᠯᠣᠳᠤᠭ᠋ᠠᠷ ᠵᠦᠢ᠍ᠯ    ᠰᠠᠭᠤᠷᠢ ᠮᠥᠩᠭᠥ ᠬᠠᠮᠢᠶᠠᠷᠤᠭᠴᠢ᠎ᠨᠢ  ᠳᠣᠣᠷᠠᠬᠢ ᠨᠥᠬᠥᠴᠡᠯ᠎ᠤᠳ᠎ᠢ ᠪᠦᠷᠢᠳᠦᠭᠦᠯᠬᠦ ᠬᠡᠷᠡᠭᠲᠡᠢ᠄

     (ᠨᠢᠭᠡ)  ᠳᠤᠮᠳᠠᠳᠤ ᠤᠯᠤᠰ᠎ᠤᠨ ᠡᠬᠡ ᠬᠠᠭᠤᠷᠠᠢ᠎ᠳᠤ ᠬᠠᠤᠯᠢ ᠶᠣᠰᠣᠭ᠋ᠠᠷ ᠪᠠᠢ᠌ᠭᠤᠯᠤᠭᠰᠠᠨ ᠺᠣᠮᠫᠠᠨᠢ ᠪᠤᠶᠤ ᠬᠣᠷᠰᠢᠭᠰᠠᠨ ᠠᠵᠤ ᠠᠬᠤᠢ᠌ᠯᠠᠯ᠂  ᠪᠣᠳᠠᠲᠠᠢ ᠬᠤᠷᠢᠶᠠᠭᠰᠠᠨ ᠬᠥᠷᠥᠩᠭᠡ᠎ᠨᠢ  ᠠᠷᠠᠳ᠎ᠤᠨ ᠵᠣᠭᠣᠰ ᠵᠶ᠋ᠡᠷ1000 ᠲᠦᠮᠡᠨ ᠲᠥᠭᠥᠷᠢᠭ᠎ᠠᠴᠠ ᠳᠣᠣᠷ᠎ᠠ ᠦᠭᠡᠢ ᠪᠠᠢ᠌ᠵᠤ᠂  ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠬᠤᠪᠢᠶᠠᠷᠢ ᠰᠠᠯᠪᠤᠷᠢ ᠪᠠᠢ᠌ᠭᠤᠯᠤᠮᠵᠢ ᠪᠠᠢ᠌ᠭᠤᠯᠵᠤ᠂  ᠲᠣᠭᠲᠠᠭᠰᠠᠨ ᠠᠵᠢᠯᠯᠠᠬᠤ ᠭᠠᠵᠠᠷ᠎ᠲᠠᠢ ᠪᠠᠢ᠌ᠬᠤ;

     (ᠬᠣᠶᠠᠷ)  ᠲᠣᠭᠲᠠᠭᠤᠨ ᠬᠠᠮᠢᠶᠠᠷᠤᠯᠲᠠ ᠵᠢᠨ ᠪᠦᠯᠬᠦᠮ ᠨᠡᠶ᠋ᠢᠲᠡ ᠲᠠ᠊ ᠪᠠᠢ᠌ᠵᠤ᠂  ᠰᠠᠢ᠌ᠨ ᠰᠠᠢ᠌ᠬᠠᠨ ᠡᠷᠬᠢᠯᠡᠭᠰᠡᠨ ᠠᠵᠢᠯ᠎ᠤᠨ ᠰᠠᠬᠢᠯᠭ᠎ᠠ ᠪᠠᠲᠤ ᠪᠠ ᠢᠲᠡᠭᠡᠯ ᠬᠦᠨᠳᠦ᠎ᠲᠠᠢ ᠪᠥᠭᠡᠳ ᠤᠯᠤᠰ᠎ᠠᠴᠠ ᠲᠣᠭᠲᠠᠭ᠋ᠠᠭᠰᠠᠨ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠬᠢᠷᠢ ᠭᠡᠮ᠎ᠲᠠᠢ ᠪᠠᠢ᠌ᠵᠤ᠂  ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠠᠳᠠᠭ᠎ᠲᠤ᠎ᠪᠠᠨ 3 ᠬᠥᠮᠥᠨ᠎ᠠᠴᠠ ᠢᠯᠡᠭᠦᠦ ᠲᠣᠭᠲᠠᠭᠤᠨ ᠠᠵᠢᠯᠲᠠᠨ᠎ᠲᠠᠢ ᠪᠠᠶ᠋ᠢᠬᠤ;

     (ᠭᠤᠷᠪᠠ) 3 ᠵᠢᠯ᠎ᠠᠴᠠ ᠳᠡᠭᠡᠭᠰᠢᠬᠢ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠠᠵᠢᠯ᠎ᠤᠨ ᠲᠤᠷᠰᠢᠯᠭ᠎ᠠ᠎ᠲᠠᠢ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ᠠᠳᠠᠭ᠎ᠲᠤ᠎ᠪᠠᠨ 3   ᠬᠥᠮᠥᠨ ᠪᠠᠢ᠌ᠬᠤ ᠬᠡᠷᠡᠭᠲᠡᠢ;  ᠢᠲᠡᠭᠡᠮᠵᠢ ᠵᠢᠨ   ᠰᠠᠢ᠌ᠲᠠᠢ ᠪᠥᠭᠡᠳ ᠬᠠᠮᠢᠶᠠᠷᠤᠭᠴᠢ ᠵᠢᠴᠢ ᠬᠡᠷᠡᠭ ᠮᠡᠳᠡᠭᠴᠢ᠂  ᠬᠢᠨᠠᠭᠴᠢ᠂  ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ᠵᠢᠴᠢ ᠪᠤᠰᠤᠳ ᠠᠵᠢᠯᠯᠠᠭᠰᠠᠳ᠎ᠨᠢ  ᠣᠢ᠌ᠷ᠎ᠠ ᠵᠢᠨ 3 ᠵᠢᠯ᠎ᠳᠤ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠵᠡᠷᠭᠡ ᠮᠠᠭᠤ ᠮᠠᠭᠤᠬᠠᠢ ᠲᠡᠮᠳᠡᠭᠯᠡᠯ ᠪᠠᠢ᠌ᠬᠤ ᠦᠭᠡᠢ;

     (ᠳᠥᠷᠪᠡ)  ᠱᠠᠭ᠋ᠠᠷᠳᠠᠯᠭ᠎ᠠ᠎ᠳᠤ ᠨᠡᠢ᠌ᠴᠡᠭᠰᠡᠨ ᠡᠵᠡᠩᠨᠡᠯᠲᠡ ᠵᠢᠨ ᠲᠠᠯᠠᠪᠤᠷ᠂  ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠪᠡᠯᠡᠳᠬᠡᠮᠵᠢ ᠪᠠ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠲᠤᠬᠠᠢ᠌ᠯᠠᠭᠰᠠᠨ ᠠᠵᠢᠯ᠎ᠲᠠᠢ ᠬᠣᠯᠪᠣᠭᠳᠠᠬᠤ ᠪᠤᠰᠤᠳ ᠪᠡᠯᠡᠳᠬᠡᠮᠵᠢ᠎ᠲᠠᠢ ᠪᠠᠢ᠌ᠬᠤ;

     (ᠲᠠᠪᠤ)  ᠴᠢᠩᠭ᠎ᠠ ᠪᠥᠭᠡᠳ ᠵᠣᠬᠢᠰᠲᠠᠢ ᠪᠡᠯᠡ ᠣᠷᠣᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠂  ᠲᠦᠭᠰᠢᠭᠦᠷᠢ ᠵᠢ ᠡᠵᠡᠮᠳᠡᠬᠦ ᠲᠣᠭᠲᠠᠴᠠ ᠵᠢᠴᠢ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ᠎ᠲᠠᠢ ᠪᠠᠢ᠌ᠬᠤ;

     (ᠵᠢᠷᠭᠤᠭ᠎ᠠ)  ᠳᠤᠮᠳᠠᠳᠤ ᠤᠯᠤᠰ᠎ᠤᠨ ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ   ᠠᠵᠢᠯ ᠲᠦᠷᠦᠯ᠎ᠤᠨ ᠨᠡᠢ᠌ᠭᠡᠮᠯᠢᠭ᠎ᠤᠨ ᠲᠣᠭᠲᠠᠭ᠋ᠠᠭᠰᠠᠨ ᠬᠤᠪᠢ᠎ᠪᠠᠷ ᠵᠶ᠋ᠠᠨ ᠵᠣᠭᠣᠰ ᠴᠤᠭᠯᠠᠭᠤᠯᠤᠭᠰᠠᠨ ᠰᠠᠭᠤᠷᠢ ᠮᠥᠩᠭᠥ ᠵᠢᠨ ᠬᠠᠮᠢᠶᠠᠷᠤᠭᠴᠢ ᠵᠢᠨ ᠬᠢᠷᠢ ᠭᠡᠮ᠎ᠲᠠᠢ ᠪᠠᠢ᠌ᠵᠤ᠂  ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ᠎ᠳᠤ ᠪᠦᠷᠢᠳᠬᠡᠨ ᠳᠠᠩᠰᠠᠯᠠᠭᠤᠯᠬᠤ ᠭᠠᠷᠳᠠᠮ᠎ᠢ  ᠭᠦᠢ᠍ᠴᠡᠳᠬᠡᠭᠰᠡᠨ᠎ᠤ ᠬᠠᠮᠲᠤ ᠬᠢᠨᠠᠯᠲᠠ ᠲᠠᠯᠪᠢᠯᠲᠠ ᠵᠢ ᠬᠦᠯᠢᠶᠡᠵᠦ ᠪᠠᠢ᠌ᠬᠤ᠃

       ᠬᠣᠷᠢᠨ ᠨᠠᠢ᠍ᠮᠠᠳᠤᠭ᠋ᠠᠷ ᠵᠦᠢ᠍ᠯ    ᠰᠠᠭᠤᠷᠢ ᠮᠥᠩᠭᠥ ᠬᠠᠮᠢᠶᠠᠷᠤᠭᠴᠢ᠎ᠨᠢ  ᠳᠣᠣᠷᠠᠬᠢ ᠡᠭᠦᠷᠭᠡ ᠬᠠᠷᠢᠭᠤᠴᠠᠯᠭ᠎ᠠ ᠵᠢ ᠭᠦᠶ᠋ᠢᠴᠡᠳᠭᠡᠨ᠎ᠡ᠄

     (ᠨᠢᠭᠡ)  ᠰᠠᠭᠤᠷᠢ   ᠮᠥᠩᠭᠥᠨ᠎ᠤ ᠳᠦᠷᠢᠮ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ᠂  ᠰᠠᠭᠤᠷᠢ ᠮᠥᠩᠭᠥᠨ᠎ᠤ ᠰᠢᠢ᠍ᠳᠪᠦᠷᠢᠲᠦ ᠪᠣᠳᠣᠯᠭ᠎ᠠ ᠵᠢᠨ ᠺᠣᠮᠢᠰ᠎ᠤᠨ ᠵᠥᠪᠯᠡᠨ ᠲᠣᠭᠲᠠᠭ᠋ᠠᠭᠰᠠᠨ ᠲᠥᠷᠥ ᠵᠢᠨ ᠪᠣᠳᠣᠯᠭ᠎ᠠ ᠵᠢᠨ ᠬᠠᠷᠠᠯᠲᠠ ᠵᠢ ᠦᠨᠳᠦᠰᠦᠯᠡᠨ᠂  ᠪᠡᠯᠡ ᠣᠷᠣᠭᠤᠯᠬᠤ ᠲᠥᠰᠥᠯ᠎ᠢ  ᠲᠣᠭᠲᠠᠭ᠋ᠠᠵᠤ᠂  ᠰᠠᠭᠤᠷᠢ ᠮᠥᠩᠭᠥ ᠵᠢᠨ ᠪᠡᠯᠡ ᠴᠤᠭᠯᠠᠭᠤᠯᠬᠤ᠂  ᠪᠡᠯᠡ   ᠣᠷᠤᠭᠤᠯᠬᠤ᠂  ᠬᠠᠮᠢᠶᠠᠷᠬᠤ᠂  ᠪᠤᠴᠠᠭ᠋ᠠᠵᠤ ᠭᠠᠷᠭ᠋ᠠᠬᠤ ᠵᠡᠷᠭᠡ ᠠᠵᠢᠯᠯᠠᠭᠤᠯᠬᠤ ᠠᠵᠢᠯ᠎ᠢ  ᠭᠦᠢ᠍ᠴᠡᠳᠬᠡᠨ᠎ᠡ;

     (ᠬᠣᠶᠠᠷ)  ᠰᠠᠭᠤᠷᠢ ᠮᠥᠩᠭᠥᠨ᠎ᠤ ᠳᠦᠷᠢᠮ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ᠂  ᠲᠣᠭᠲᠠᠮᠠᠯ ᠬᠤᠭᠤᠴᠠᠭ᠎ᠠ᠎ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠰᠠᠭᠤᠷᠢ ᠮᠥᠩᠭᠥ ᠵᠢᠨ ᠬᠤᠪᠢ ᠣᠷᠣᠭᠤᠯᠤᠭᠴᠢ ᠪᠤᠶᠤ ᠬᠤᠷᠰᠢᠭᠴᠢ᠎ᠳᠤ ᠰᠠᠭᠤᠷᠢ   ᠮᠥᠩᠭᠥᠨ᠎ᠤ ᠡᠵᠡᠩᠨᠡᠯᠲᠡ ᠵᠢᠨ ᠠᠵᠢᠯᠯᠠᠭ᠋ᠠᠨ᠂  ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡ ᠵᠡᠷᠭᠡ ᠲᠠᠯ᠎ᠠ ᠵᠢᠨ ᠮᠡᠳᠡᠭᠡ ᠵᠠᠩᠭᠢ ᠵᠢ ᠨᠡᠢ᠌ᠲᠡᠯᠡᠵᠦ᠂  ᠰᠠᠭᠤᠷᠢ ᠮᠥᠩᠭᠥᠨ᠎ᠤ ᠵᠠᠰᠠᠯᠲᠠ᠂  ᠡᠵᠡᠩᠨᠡᠯᠲᠡ᠂  ᠡᠳ᠋᠎ᠤᠨ ᠶᠠᠪᠤᠳᠠᠯ ᠵᠡᠷᠭᠡ ᠲᠠᠯ᠎ᠠ ᠵᠢᠨ ᠪᠠᠢ᠌ᠳᠠᠯ᠎ᠢ ᠪᠥᠬᠦ ᠲᠠᠯ᠎ᠠ᠎ᠪᠠᠷ ᠮᠡᠳᠡᠭᠳᠡᠨ᠎ᠡ;

     (ᠭᠤᠷᠪᠠ)  ᠰᠠᠭᠤᠷᠢ ᠮᠥᠩᠭᠥᠨ᠎ᠤ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠠᠢ᠌ᠷᠠᠭᠤᠯᠤᠨ ᠵᠣᠬᠢᠶᠠᠵᠤ᠂  ᠬᠢᠷᠢ ᠭᠡᠮ᠎ᠲᠠᠢ ᠭᠠᠳᠠᠨᠠᠬᠢ ᠬᠢᠨᠠᠨ ᠪᠤᠳᠤᠬᠤ ᠪᠠᠢ᠌ᠭᠤᠯᠤᠮᠵᠢ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ ᠰᠠᠭᠤᠷᠢ ᠮᠥᠩᠭᠥᠨ᠎ᠤ ᠬᠡᠷᠡᠭ ᠮᠡᠳᠡᠭᠴᠢᠳ᠎ᠤᠨ ᠵᠥᠪᠯᠡᠯ (ᠡᠵᠡᠮᠰᠢᠭᠴᠢᠳ᠎ᠤᠨ ᠶᠡᠬᠡ ᠬᠤᠷᠠᠯ)᠎ᠳᠤ ᠮᠡᠳᠡᠭᠦᠯᠦᠯᠲᠡ ᠬᠢᠬᠦ ᠵᠢᠨ ᠬᠠᠮᠲᠤ ᠵᠠᠰᠠᠭ᠎ᠤᠨ ᠣᠷᠳᠣᠨ᠎ᠠᠴᠠ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠣᠨ᠎ᠤ ᠮᠡᠳᠡᠭᠦᠯᠦᠯᠲᠡ᠎ᠪᠠᠨ ᠲᠤᠰᠢᠶᠠᠨ᠎ᠠ;

     (ᠳᠥᠷᠪᠡ)  ᠰᠠᠭᠤᠷᠢ ᠮᠥᠩᠭᠥᠨ᠎ᠤ ᠳᠦᠷᠢᠮ ᠲᠣᠭᠲᠠᠭ᠋ᠠᠯ᠂  ᠰᠠᠭᠤᠷᠢ ᠮᠥᠩᠭᠥᠨ᠎ᠤ ᠬᠠᠮᠢᠶᠠᠷᠤᠯᠲᠠ ᠵᠢᠨ   ᠵᠥᠪᠯᠡᠯᠴᠡᠭᠡᠷ᠎ᠲᠤ ᠪᠣᠯᠵᠣᠨ ᠲᠣᠭᠲᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃

       ᠬᠣᠷᠢ ᠶᠢᠰᠦᠳᠦᠭᠡᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠨᠢ  ᠪᠡᠯᠡ ᠴᠤᠭᠯᠠᠭᠤᠯᠬᠤ ᠲᠣᠳᠣᠷᠬᠠᠢ᠌ᠯᠠᠯᠲᠠ ᠵᠢᠨ ᠪᠢᠴᠢᠭ᠂  ᠰᠠᠭᠤᠷᠢ ᠮᠥᠩᠭᠥᠨ᠎ᠤ ᠺᠣᠮᠫᠠᠨᠢ ᠵᠢᠨ ᠳᠦᠷᠢᠮ ᠲᠣᠭᠲᠠᠭ᠋ᠠᠯ ᠪᠤᠶᠤ ᠰᠠᠭᠤᠷᠢ ᠮᠥᠩᠭᠥᠨ᠎ᠤ ᠬᠣᠷᠰᠢᠯᠴᠠᠬᠤ ᠵᠥᠪᠯᠡᠯᠴᠡᠭᠡᠷ᠂  ᠨᠠᠢ᠌ᠳᠠᠨ ᠬᠠᠮᠢᠶᠠᠷᠤᠭᠤᠯᠬᠤ ᠵᠥᠪᠯᠡᠯᠴᠡᠭᠡᠷ ᠵᠡᠷᠭᠡ ᠬᠠᠤᠯᠢ ᠴᠠᠭ᠋ᠠᠵᠠ ᠵᠢᠨ ᠪᠢᠴᠢᠭ ᠮᠠᠲ᠋ᠧᠷᠢᠶᠠᠯ᠎ᠳᠤ᠂  ᠰᠠᠭᠤᠷᠢ ᠮᠥᠩᠭᠥᠨ᠎ᠤ ᠠᠰᠢᠭ ᠣᠷᠣᠯᠭ᠎ᠠ ᠵᠢᠨ ᠪᠦᠷᠢᠯᠳᠦᠯ᠂  ᠬᠤᠪᠢᠶᠠᠷᠢᠯᠠᠬᠤ ᠠᠷᠭ᠎ᠠ ᠬᠡᠯᠪᠡᠷᠢ᠂  ᠪᠤᠴᠠᠭ᠋ᠠᠵᠤ ᠭᠠᠷᠭ᠋ᠠᠬᠤ ᠠᠷᠭ᠎ᠠ ᠬᠡᠯᠪᠡᠷᠢ ᠵᠢ ᠲᠣᠳᠣᠷᠬᠠᠢ᠌ᠯᠠᠵᠤ᠂  ᠰᠠᠭᠤᠷᠢ ᠮᠥᠩᠭᠥ ᠬᠠᠮᠢᠶᠠᠷᠤᠭᠴᠢ ᠵᠢᠨ ᠬᠠᠮᠢᠶᠠᠷᠤᠯᠲᠠ ᠵᠢᠨ ᠵᠠᠷᠤᠳᠠᠯ ᠪᠠ ᠠᠮᠵᠢᠯᠲᠠ ᠪᠦᠲᠦᠮᠵᠢ ᠵᠢᠨ ᠬᠥᠯᠥᠰᠦ ᠣᠯᠭᠣᠮᠵᠢ ᠵᠡᠷᠭᠡ ᠰᠠᠭᠤᠷᠢ ᠮᠥᠩᠭᠥ ᠵᠢᠨ ᠡᠭᠦᠷᠭᠡᠯᠡᠬᠦ ᠴᠢᠬᠤᠯᠠ᠎ᠲᠠᠢ ᠪᠤᠰᠤᠳ ᠬᠣᠯᠪᠣᠭᠳᠠᠯ ᠪᠦᠬᠦᠢ ᠵᠠᠷᠤᠳᠠᠯ᠎ᠤᠨ ᠪᠠᠷᠢᠮᠵᠢᠶ᠎ᠠ ᠪᠠ ᠣᠨ᠎ᠤ ᠣᠯᠭᠣᠬᠤ ᠬᠠᠷᠢᠴᠠᠯ᠎ᠢ ᠵᠣᠬᠢᠰᠲᠠᠢ ᠲᠣᠭᠲᠠᠭ᠋ᠠᠬᠤ ᠬᠡᠷᠡᠭᠲᠡᠢ᠃  ᠰᠠᠭᠤᠷᠢ ᠮᠥᠩᠭᠥ ᠬᠠᠮᠢᠶᠠᠷᠤᠭᠴᠢ ᠵᠢᠨ ᠬᠠᠮᠢᠶᠠᠷᠤᠯᠲᠠ ᠵᠢᠨ ᠵᠠᠷᠤᠳᠠᠯ᠎ᠢ ᠠᠮᠵᠢᠯᠲᠠ ᠪᠦᠲᠦᠮᠵᠢ ᠵᠢ ᠦᠨᠡᠯᠡᠬᠦ᠂  ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠢ᠌ᠳᠠᠯ᠂  ᠰᠠᠭᠤᠷᠢ ᠮᠥᠩᠭᠥᠨ᠎ᠤ ᠪᠣᠳᠠᠲᠠᠢ ᠠᠵᠢᠯᠯᠠᠭ᠋ᠠᠨ᠎ᠤ ᠪᠠᠢ᠌ᠳᠠᠯ᠂  ᠳᠠᠭ᠋ᠠᠵᠤ ᠣᠷᠤᠭᠤᠯᠤᠯᠲᠠ ᠬᠢᠬᠦ ᠬᠠᠷᠢᠴᠠᠯ ᠵᠡᠷᠭᠡ᠎ᠯᠦᠭᠡ ᠬᠣᠯᠪᠣᠭᠳᠠᠭᠤᠯᠵᠤ᠂  ᠡᠬᠡ ᠰᠠᠭᠤᠷᠢ ᠮᠥᠩᠭᠥᠨ᠎ᠤ ᠪᠡᠯᠡ ᠣᠷᠣᠭᠤᠯᠤᠯᠲᠠ ᠵᠢᠨ ᠬᠤᠭᠤᠴᠠᠭ᠋ᠠᠨ᠎ᠤ ᠬᠠᠮᠢᠶᠠᠷᠤᠯᠲᠠ ᠵᠢᠨ ᠵᠠᠷᠤᠳᠠᠯ᠎ᠤᠨ ᠪᠣᠳᠣᠵᠤ ᠠᠪᠬᠤ ᠰᠠᠭᠤᠷᠢ ᠲᠣᠭ᠎ᠠ᠎ᠨᠢ  ᠨᠢᠭᠡᠨᠲᠡ ᠣᠷᠤᠭᠤᠯᠤᠯᠲᠠ ᠬᠢᠭᠰᠡᠨ ᠪᠣᠯᠪᠠᠴᠤ ᠪᠤᠴᠠᠭ᠋ᠠᠭ᠋ᠠᠳᠤᠢ ᠪᠡᠯᠡ ᠣᠷᠣᠭᠤᠯᠤᠯᠲᠠ ᠵᠢᠨ ᠵᠣᠭᠣᠰᠤᠨ ᠲᠣᠭ᠎ᠠ (ᠬᠦᠦ ᠰᠠᠭᠤᠷᠢ ᠮᠥᠩᠭᠥ   ᠪᠠᠢ᠌ᠭᠤᠯᠬᠤ᠎ᠳᠤ ᠭᠠᠷᠭ᠋ᠠᠭᠰᠠᠨ ᠪᠡᠯᠡ ᠮᠥᠩᠭᠥᠨ᠎ᠤ ᠵᠣᠭᠣᠰᠤᠨ ᠲᠣᠭ᠎ᠠ ᠪᠠᠭᠲᠠᠬᠤ ᠦᠭᠡᠢ)᠂  ᠵᠠᠷᠤᠳᠠᠯ᠎ᠤᠨ ᠨᠣᠷᠮ᠎ᠠ ᠵᠢ 1%᠎ᠠᠴᠠ ᠥᠨᠳᠥᠷ ᠪᠠᠢ᠌ᠯᠭ᠋ᠠᠬᠤ ᠦᠭᠡᠶ; ᠪᠤᠴᠠᠭ᠋ᠠᠵᠤ ᠭᠠᠷᠭ᠋ᠠᠬᠤ ᠬᠤᠭᠤᠴᠠᠭ᠋ᠠᠨ᠎ᠤ ᠬᠠᠮᠢᠶᠠᠷᠤᠯᠲᠠ ᠵᠢᠨ ᠵᠠᠷᠤᠳᠠᠯ᠎ᠤᠨ ᠪᠣᠳᠣᠵᠤ ᠠᠪᠬᠤ ᠰᠠᠭᠤᠷᠢ ᠲᠣᠭ᠎ᠠ᠎ᠨᠢ  ᠨᠢᠭᠡᠨᠲᠡ ᠣᠷᠤᠭᠤᠯᠤᠯᠲᠠ ᠬᠢᠭᠰᠡᠨ ᠪᠣᠯᠪᠠᠴᠤ ᠪᠤᠴᠠᠭ᠋ᠠᠭ᠋ᠠᠳᠤᠢ ᠪᠡᠯᠡ ᠣᠷᠣᠭᠤᠯᠤᠯᠲᠠ ᠵᠢᠨ ᠵᠣᠭᠣᠰᠤᠨ ᠲᠣᠭ᠎ᠠ ᠪᠠᠢ᠌ᠵᠤ᠂  ᠵᠠᠷᠤᠳᠠᠯ᠎ᠤᠨ ᠨᠣᠷᠮ᠎ᠠ ᠵᠢᠨ ᠬᠠᠷᠢᠴᠠᠯ᠎ᠢ  ᠬᠠᠭ᠋ᠠᠰ ᠵᠶ᠋ᠠᠷ ᠬᠠᠰᠤᠵᠤ ᠬᠤᠷᠢᠶᠠᠨ᠎ᠠ᠃  ᠬᠦᠦ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠵᠠᠷᠤᠳᠠᠯ᠎ᠢ ᠪᠣᠳᠣᠵᠤ ᠠᠪᠬᠤ ᠪᠠᠷᠢᠮᠵᠢᠶ᠎ᠠ ᠪᠠ ᠵᠠᠷᠤᠳᠠᠯ᠎ᠤᠨ ᠨᠣᠷᠮ᠎ᠠ ᠵᠢ ᠵᠠᠷᠴᠢᠮ ᠳᠡᠭᠡᠷ᠎ᠡ᠎ᠪᠠᠨ ᠡᠬᠡ ᠰᠠᠭᠤᠷᠢ ᠮᠥᠩᠭᠥ᠎ᠠᠴᠠ ᠥᠨᠳᠥᠷ ᠪᠠᠢ᠌ᠯᠭ᠋ᠠᠵᠤ ᠪᠣᠯᠬᠤ ᠦᠭᠡᠢ᠃  ᠡᠬᠡ ᠰᠠᠭᠤᠷᠢ ᠮᠥᠩᠭᠥᠨ᠎ᠤ ᠤᠷᠲᠤᠳᠬᠠᠬᠤ ᠬᠤᠭᠤᠴᠠᠭ᠋ᠠᠨ᠎ᠳᠤ ᠬᠠᠮᠢᠶᠠᠷᠤᠯᠲᠠ ᠵᠢᠨ ᠵᠠᠷᠤᠳᠠᠯ ᠬᠤᠷᠢᠶᠠᠬᠤ ᠦᠭᠡᠢ᠃

       ᠭᠤᠴᠢᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠳᠤ ᠨᠠᠢ᠌ᠳᠠᠵᠤ ᠬᠠᠮᠢᠶᠠᠷᠤᠭᠤᠯᠬᠤ ᠵᠥᠪᠯᠡᠯᠴᠡᠭᠡᠷ ᠲᠣᠭᠲᠠᠵᠤ᠂  ᠰᠠᠭᠤᠷᠢ ᠮᠥᠩᠭᠥ ᠵᠢ ᠨᠠᠢ᠌ᠳᠠᠯᠭ᠎ᠠ᠎ᠪᠠᠷ ᠬᠠᠮᠢᠶᠠᠷᠤᠭᠴᠢ᠎ᠨᠢ  ᠪᠣᠯ ᠬᠠᠤᠯᠢ ᠶᠣᠰᠣᠭ᠋ᠠᠷ ᠪᠠᠢ᠌ᠭᠤᠯᠤᠭᠰᠠᠨ ᠬᠤᠳᠠᠯᠳᠤᠭ᠋ᠠᠨ᠎ᠤ ᠪᠠᠩᠬᠢ ᠪᠠᠢ᠌ᠵᠤ᠂  ᠵᠥᠪᠯᠡᠯᠴᠡᠭᠡᠷ᠎ᠲᠤ ᠪᠣᠯᠵᠣᠭᠰᠠᠨ ᠶᠣᠰᠣᠭ᠋ᠠᠷ ᠰᠠᠭᠤᠷᠢ ᠮᠥᠩᠭᠥ ᠵᠢ ᠨᠠᠢ᠌ᠳᠠᠨ ᠬᠠᠮᠢᠶᠠᠷᠤᠭᠤᠯᠤᠨ᠎ᠠ᠃  ᠰᠠᠭᠤᠷᠢ ᠮᠥᠩᠭᠥ ᠵᠢ ᠨᠠᠢ᠌ᠳᠠᠯᠭ᠎ᠠ᠎ᠪᠠᠷ ᠬᠠᠮᠢᠶᠠᠷᠤᠭᠴᠢ᠎ᠨᠢ  ᠳᠣᠣᠷᠠᠬᠢ ᠨᠥᠬᠥᠴᠡᠯ᠎ᠤᠳ᠎ᠢ ᠪᠦᠷᠢᠳᠦᠭᠦᠯᠦᠭᠰᠡᠨ ᠪᠠᠢ᠌ᠬᠤ ᠬᠡᠷᠡᠭᠲᠡᠢ᠄

     (ᠨᠢᠭᠡ)  ᠴᠡᠪᠡᠷ ᠡᠳ᠋ ᠬᠥᠷᠥᠩᠭᠡ ᠪᠠ ᠲᠦᠭᠰᠢᠭᠦᠷᠢ ᠵᠢ ᠡᠵᠡᠮᠳᠡᠬᠦ ᠭᠦᠢ᠍ᠴᠡᠳᠬᠡᠯ ᠲᠣᠭ᠎ᠠ᠎ᠨᠢ  ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ;

     (ᠬᠣᠶᠠᠷ)  ᠰᠠᠭᠤᠷᠢ ᠮᠥᠩᠭᠥ ᠵᠢ ᠨᠠᠢ᠌ᠳᠠᠨ ᠬᠠᠮᠢᠶᠠᠷᠤᠭᠤᠯᠬᠤ ᠲᠤᠰᠬᠠᠢ ᠰᠠᠯᠠᠭ᠎ᠠ ᠮᠥᠴᠢᠷ᠎ᠢ ᠪᠠᠢ᠌ᠭᠤᠯᠤᠭᠰᠠᠨ ᠪᠠᠢ᠌ᠬᠤ;

     (ᠭᠤᠷᠪᠠ)  ᠰᠠᠭᠤᠷᠢ ᠮᠥᠩᠭᠥᠨ᠎ᠤ ᠠᠵᠢᠯ ᠡᠷᠬᠢᠯᠡᠬᠦ ᠬᠢᠷᠢ ᠭᠡᠮ ᠣᠯᠣᠭᠰᠠᠨ ᠲᠤᠰᠬᠠᠢ ᠲᠤᠰᠢᠶᠠᠯ᠎ᠤᠨ ᠠᠵᠢᠯᠲᠠᠨ᠎ᠨᠢ  ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠋ᠠᠨ᠎ᠳᠤ ᠬᠦᠷᠦᠭᠰᠡᠨ ᠪᠠᠶ᠋ᠢᠬᠤ;

     (ᠳᠥᠷᠪᠡ)  ᠰᠠᠭᠤᠷᠢ ᠮᠥᠩᠭᠥᠨ᠎ᠤ ᠡᠳ᠋ ᠬᠥᠷᠥᠩᠭᠡ ᠵᠢ ᠠᠮᠤᠷ ᠲᠦᠪᠰᠢᠨ ᠵᠶ᠋ᠡᠷ ᠬᠠᠮᠢᠶᠠᠷᠬᠤ ᠨᠥᠬᠥᠴᠡᠯ᠎ᠲᠠᠢ ᠪᠠᠢ᠌ᠬᠤ;

     (ᠲᠠᠪᠤ)  ᠠᠮᠤᠷ ᠲᠦᠪᠰᠢᠨ ᠥᠨᠳᠥᠷ ᠪᠦᠲᠦᠮᠵᠢᠲᠡᠶ ᠢᠯᠭ᠋ᠠᠷᠠᠭᠤᠯᠤᠨ ᠪᠤᠳᠤᠬᠤ᠂  ᠲᠠᠰᠤᠯᠤᠨ ᠪᠤᠳᠤᠬᠤ ᠰᠢᠰᠲ᠋ᠧᠮ᠎ᠲᠠᠢ ᠪᠠᠢ᠌ᠬᠤ;

     (ᠵᠢᠷᠭᠤᠭ᠎ᠠ)  ᠱᠠᠭ᠋ᠠᠷᠳᠠᠯᠭ᠎ᠠ᠎ᠳᠤ ᠨᠡᠢ᠌ᠴᠡᠭᠰᠡᠨ ᠡᠵᠡᠩᠨᠡᠯᠲᠡ ᠵᠢᠨ ᠲᠠᠯᠠᠪᠤᠷ᠂  ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠪᠡᠯᠡᠳᠬᠡᠮᠵᠢ ᠪᠠ ᠰᠠᠭᠤᠷᠢ ᠮᠥᠩᠭᠥ ᠨᠠᠢ᠌ᠳᠠᠨ ᠬᠠᠮᠢᠶᠠᠷᠤᠭᠤᠯᠬᠤ ᠲᠤᠬᠠᠢ᠌ᠯᠠᠭᠰᠠᠨ ᠠᠵᠢᠯ᠎ᠲᠠᠢ ᠬᠣᠯᠪᠣᠭᠳᠠᠬᠤ ᠪᠤᠰᠤᠳ ᠪᠡᠯᠡᠳᠬᠡᠮᠵᠢ᠎ᠲᠠᠢ ᠪᠠᠢ᠌ᠬᠤ;

     (ᠳᠤᠯᠤᠭ᠎ᠠ)  ᠪᠦᠷᠢᠨ ᠲᠡᠭᠦᠯᠳᠡᠷ ᠪᠦᠬᠦᠢ ᠳᠣᠲᠣᠭ᠋ᠠᠳᠤ ᠵᠢᠨ ᠰᠢᠯᠭ᠋ᠠᠨ ᠬᠠᠷᠭᠤᠭᠤᠯᠵᠤ ᠬᠢᠨᠠᠨ ᠡᠵᠡᠮᠳᠡᠬᠦ ᠳᠦᠷᠢᠮ ᠪᠠ   ᠲᠦᠭᠰᠢᠭᠦᠷᠢ ᠵᠢ ᠡᠵᠡᠮᠳᠡᠬᠦ ᠳᠦᠷᠢᠮ᠎ᠲᠠᠢ ᠪᠠᠢ᠌ᠬᠤ;

     (ᠨᠠᠢ᠍ᠮᠠ)  ᠬᠠᠤᠯᠢ ᠴᠠᠭ᠋ᠠᠵᠠ᠂  ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠠ ᠲᠥᠷᠥ ᠵᠢᠨ ᠶᠠᠪᠤᠳᠠᠯ᠎ᠤᠨ ᠬᠣᠷᠢᠶᠠᠨ᠎ᠤ   ᠲᠡᠮᠳᠡᠭᠲᠦ ᠵᠢ ᠬᠢᠨᠠᠨ ᠬᠠᠮᠢᠶᠠᠷᠬᠤ ᠪᠠᠢ᠌ᠭᠤᠯᠤᠮᠵᠢ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠩᠬᠢ ᠵᠢᠨ ᠦᠢ᠍ᠯᠡᠰ᠎ᠢ ᠬᠢᠨᠠᠨ ᠬᠠᠮᠢᠶᠠᠷᠬᠤ ᠪᠠᠢ᠌ᠭᠤᠯᠤᠮᠵᠢ᠎ᠠᠴᠠ ᠲᠣᠭᠲᠠᠭ᠋ᠠᠭᠰᠠᠨ ᠪᠤᠰᠤᠳ ᠨᠥᠬᠥᠴᠡᠯ᠃

       ᠭᠤᠴᠢᠨ ᠨᠢᠭᠡᠳᠦᠭᠡᠷ ᠵᠦᠢ᠍ᠯ    ᠰᠠᠭᠤᠷᠢ ᠮᠥᠩᠭᠥ ᠵᠢ ᠨᠠᠶ᠋ᠢᠳᠠᠯᠭ᠎ᠠ᠎ᠪᠠᠷ ᠬᠠᠮᠢᠶᠠᠷᠤᠭᠴᠢ᠎ᠨᠢ  ᠳᠣᠣᠷᠠᠬᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄

     (ᠨᠢᠭᠡ)  ᠨᠠᠢ᠌ᠳᠠᠨ ᠬᠠᠮᠢᠶᠠᠷᠤᠭᠤᠯᠤᠭᠰᠠᠨ ᠰᠠᠭᠤᠷᠢ ᠮᠥᠩᠭᠥᠨ᠎ᠤ ᠪᠦᠬᠦ ᠡᠳ᠋ ᠬᠥᠷᠥᠩᠭᠡ ᠵᠢ ᠠᠮᠤᠷ ᠲᠦᠪᠰᠢᠨ ᠵᠶ᠋ᠡᠷ ᠬᠠᠮᠢᠶᠠᠷᠴᠤ᠂  ᠰᠠᠭᠤᠷᠢ ᠮᠥᠩᠭᠥ ᠵᠢ ᠨᠠᠶ᠋ᠢᠳᠠᠯᠭ᠎ᠠ᠎ᠪᠠᠷ ᠬᠠᠮᠢᠶᠠᠷᠤᠭᠴᠢ᠎ᠨᠢ  ᠨᠠᠶ᠋ᠢᠳᠠᠯᠭ᠎ᠠ᠎ᠪᠠᠷ ᠬᠠᠮᠢᠶᠠᠷᠤᠭᠰᠠᠨ ᠰᠠᠭᠤᠷᠢ   ᠮᠥᠩᠭᠥᠨ᠎ᠤ ᠡᠳ᠋ ᠬᠥᠷᠥᠩᠭᠡ ᠵᠢ ᠥᠪᠡᠷ᠎ᠤᠨ ᠡᠳ᠋ ᠬᠥᠷᠥᠩᠭᠡ᠎ᠯᠦᠭᠡ ᠴᠢᠩᠭ᠎ᠠ ᠰᠠᠯᠭ᠋ᠠᠵᠤ᠂  ᠠᠳᠠᠯᠢ ᠪᠤᠰᠤ ᠰᠠᠭᠤᠷᠢ ᠮᠥᠩᠭᠥ᠎ᠳᠤ ᠲᠤᠰ ᠲᠤᠰ᠎ᠲᠤ᠎ᠨᠢ  ᠳᠠᠩᠰᠠᠨ ᠡᠷᠦᠬᠡ ᠪᠠᠢ᠌ᠭᠤᠯᠵᠤ᠂  ᠳᠠᠩᠰᠠ ᠬᠤᠪᠢᠶᠠᠨ ᠬᠠᠮᠢᠶᠠᠷᠬᠤ ᠵᠢ   ᠬᠡᠷᠡᠭᠵᠢᠭᠦᠯᠦᠨ᠎ᠡ;

     (ᠬᠣᠶᠠᠷ)  ᠰᠠᠭᠤᠷᠢ ᠮᠥᠩᠭᠥ ᠬᠠᠮᠢᠶᠠᠷᠤᠭᠴᠢ ᠵᠢᠨ ᠪᠡᠯᠡ ᠣᠷᠤᠭᠤᠯᠤᠯᠲᠠ ᠬᠢᠬᠦ ᠵᠠᠷᠯᠢᠭ ᠵᠢᠭ᠋ᠠᠪᠤᠷᠢ ᠵᠢ᠎ᠨᠢ  ᠬᠡᠷᠡᠭᠵᠢᠭᠦᠯᠵᠦ᠂  ᠰᠠᠭᠤᠷᠢ ᠮᠥᠩᠭᠥᠨ᠎ᠤ ᠨᠡᠷ᠎ᠡ ᠵᠢᠨ ᠳᠣᠣᠷᠠᠬᠢ ᠪᠡᠯᠡ ᠮᠥᠩᠭᠥᠨ᠎ᠤ ᠬᠠᠷᠢᠯᠴᠠᠭ᠎ᠠ ᠵᠢ ᠬᠠᠷᠢᠭᠤᠴᠠᠨ᠎ᠠ;

     (ᠭᠤᠷᠪᠠ)  ᠨᠠᠢ᠌ᠳᠠᠨ ᠬᠠᠮᠢᠶᠠᠷᠤᠭᠤᠯᠬᠤ ᠵᠥᠪᠯᠡᠯᠴᠡᠭᠡᠷ᠎ᠢ ᠦᠨᠳᠦᠰᠦᠯᠡᠨ᠂  ᠰᠠᠭᠤᠷᠢ ᠮᠥᠩᠭᠥ ᠬᠠᠮᠢᠶᠠᠷᠤᠭᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂  ᠺᠤᠮᠫᠠᠨᠢ ᠵᠢᠨ ᠳᠦᠷᠢᠮ ᠲᠣᠭᠲᠠᠭ᠋ᠠᠯ ᠪᠤᠶᠤ ᠬᠣᠷᠰᠢᠬᠤ ᠵᠥᠪᠯᠡᠯᠴᠡᠭᠡᠷ᠂  ᠨᠠᠶ᠋ᠢᠳᠠᠯᠭ᠎ᠠ᠎ᠪᠠᠷ ᠬᠠᠮᠢᠶᠠᠷᠬᠤ   ᠵᠥᠪᠯᠡᠯᠴᠡᠭᠡᠷ᠂  ᠰᠠᠭᠤᠷᠢ ᠮᠥᠩᠭᠥᠨ᠎ᠤ ᠬᠡᠷᠡᠭ ᠮᠡᠳᠡᠭᠴᠢᠳ᠎ᠤᠨ ᠬᠤᠷᠠᠯ (ᠡᠵᠡᠮᠰᠢᠭᠴᠢᠳ᠎ᠤᠨ ᠶᠡᠬᠡ ᠬᠤᠷᠠᠯ)᠎ᠤᠨ ᠰᠢᠢ᠍ᠳᠪᠦᠷᠢ ᠵᠢ ᠵᠥᠷᠢᠴᠡᠭᠰᠡᠨ ᠪᠡᠯᠡ ᠣᠷᠣᠭᠤᠯᠤᠯᠲᠠ ᠬᠢᠬᠦ ᠵᠠᠷᠯᠢᠭ ᠵᠢᠭ᠋ᠠᠪᠤᠷᠢ ᠵᠢ ᠣᠯᠵᠤ ᠮᠡᠳᠡᠪᠡᠯ᠂  ᠭᠦᠢ᠍ᠴᠡᠳᠬᠡᠬᠦ ᠵᠢ ᠲᠡᠪᠴᠢᠬᠦ ᠵᠢᠨ ᠬᠠᠮᠲᠤ ᠴᠠᠭ ᠲᠤᠬᠠᠢ᠎ᠳᠤ᠎ᠨᠢ  ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠮᠡᠳᠡᠭᠦᠯᠦᠨ᠎ᠡ;  ᠨᠢᠭᠡᠨᠲᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ ᠡᠭᠦᠰᠦᠭᠰᠡᠨ ᠪᠠᠢ᠌ᠪᠠᠯ᠂  ᠴᠠᠭ ᠲᠤᠬᠠᠢ᠎ᠳᠤ᠎ᠨᠢ  ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ;

     (ᠳᠥᠷᠪᠡ)  ᠰᠠᠭᠤᠷᠢ ᠮᠥᠩᠭᠥ ᠵᠢ ᠨᠠᠢ᠌ᠳᠠᠯᠭ᠎ᠠ᠎ᠪᠠᠷ ᠬᠠᠮᠢᠶᠠᠷᠤᠭᠰᠠᠨ ᠮᠡᠳᠡᠭᠦᠯᠦᠯᠲᠡ ᠭᠠᠷᠭ᠋ᠠᠵᠤ᠂  ᠰᠠᠭᠤᠷᠢ   ᠮᠥᠩᠭᠥᠨ᠎ᠤ ᠬᠡᠷᠡᠭ ᠮᠡᠳᠡᠭᠴᠢᠳ᠎ᠤᠨ ᠵᠥᠪᠯᠡᠯ (ᠡᠵᠡᠮᠰᠢᠭᠴᠢᠳ᠎ᠤᠨ ᠶᠡᠬᠡ ᠬᠤᠷᠠᠯ)᠎ᠳᠤ ᠮᠡᠳᠡᠭᠦᠯᠦᠯᠲᠡ ᠬᠢᠬᠦ ᠵᠢᠨ ᠬᠠᠮᠲᠤ ᠵᠠᠰᠠᠭ᠎ᠤᠨ ᠣᠷᠳᠣᠨ᠎ᠠᠴᠠ ᠭᠠᠷᠭ᠋ᠠᠭᠰᠠᠨ ᠪᠡᠯᠡ ᠵᠢᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠣᠨ᠎ᠤ ᠮᠡᠳᠡᠭᠦᠯᠦᠯᠲᠡ᠎ᠪᠠᠨ ᠲᠤᠰᠢᠶᠠᠬᠤ ᠬᠡᠷᠡᠭᠲᠡᠢ;

     (ᠲᠠᠪᠤ)  ᠨᠠᠢ᠌ᠳᠠᠯᠭ᠎ᠠ᠎ᠪᠠᠷ ᠬᠠᠮᠢᠶᠠᠷᠬᠤ ᠵᠥᠪᠯᠡᠯᠴᠡᠭᠡᠷ᠎ᠲᠤ ᠲᠣᠭᠲᠠᠭ᠋ᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃

       ᠵᠢᠷᠭᠤᠳᠤᠭ᠋ᠠᠷ ᠪᠦᠯᠦᠭ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠠᠵᠢᠯᠯᠠᠭ᠋ᠠᠨ ᠪᠠ ᠲᠦᠭᠰᠢᠭᠦᠷᠢ ᠵᠢᠨ ᠡᠵᠡᠮᠳᠡᠯ

       ᠭᠤᠴᠢᠨ ᠬᠣᠶᠠᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ 《ᠵᠠᠰᠠᠭ᠎ᠤᠨ ᠣᠷᠳᠣᠨ ᠬᠥᠲᠥᠯᠥᠨ ᠵᠢᠯᠤᠭᠣᠳᠬᠤ᠂  ᠵᠠᠬ᠎ᠠ ᠳᠡᠯᠭᠡᠭᠦᠷ᠎ᠲᠤ ᠠᠵᠢᠯᠯᠠᠭᠤᠯᠬᠤ᠂  ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂  ᠲᠦᠭᠰᠢᠭᠦᠷᠢ ᠵᠢ ᠰᠡᠷᠭᠡᠢ᠌ᠯᠡᠬᠦ》  ᠵᠠᠷᠴᠢᠮ ᠶᠣᠰᠣᠭ᠋ᠠᠷ ᠪᠡᠯᠡ ᠣᠷᠤᠭᠤᠯᠬᠤ ᠠᠵᠢᠯᠯᠠᠭ᠋ᠠᠨ᠎ᠢ ᠥᠷᠨᠢᠭᠦᠯᠵᠦ᠂  ᠥᠪᠡᠷᠲᠡᠭᠡᠨ ᠡᠵᠡᠨ ᠮᠡᠳᠡᠵᠦ ᠡᠵᠡᠩᠨᠡᠨ᠂  ᠣᠯᠵᠤ ᠠᠯᠳᠠᠬᠤ᠎ᠪᠠᠨ ᠥᠪᠡᠷ ᠵᠶ᠋ᠡᠨ ᠬᠠᠷᠢᠭᠤᠴᠠᠬᠤ ᠬᠡᠷᠡᠭᠲᠡᠢ᠃  ᠡᠳ᠋᠎ᠤᠨ ᠵᠠᠰᠠᠭ᠎ᠤᠨ ᠲᠥᠰᠥᠪ ᠪᠣᠯᠣᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ᠂  ᠳᠣᠲᠣᠭ᠋ᠠᠳᠤ ᠡᠵᠡᠮᠳᠡᠯ ᠪᠠ ᠭᠠᠳᠠᠨᠠᠬᠢ ᠬᠢᠨᠠᠯᠲᠠ ᠬᠠᠮᠢᠶᠠᠷᠤᠯᠲᠠ ᠵᠢᠨ ᠳᠦᠷᠢᠮ᠎ᠢ  ᠪᠠᠢ᠌ᠭᠤᠯᠤᠨ ᠪᠦᠷᠢᠨᠰᠢᠭᠦᠯᠵᠦ᠂  ᠪᠡᠯᠡ ᠣᠷᠣᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠ ᠲᠦᠭᠰᠢᠭᠦᠷᠢ ᠵᠢ ᠬᠢᠵᠠᠭ᠋ᠠᠷᠯᠠᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ᠃

       ᠭᠤᠴᠢᠨ ᠭᠤᠷᠪᠠᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠪᠡᠯᠡ ᠮᠥᠩᠭᠥ ᠴᠤᠭᠯᠠᠭᠤᠯᠬᠤ᠂  ᠪᠡᠯᠡ ᠣᠷᠣᠭᠤᠯᠬᠤ᠂  ᠣᠷᠤᠭᠤᠯᠤᠯᠲᠠ ᠬᠢᠭᠰᠡᠨ᠎ᠤ ᠳᠠᠷᠠᠭ᠎ᠠ ᠬᠠᠮᠢᠶᠠᠷᠬᠤ᠂  ᠢᠯᠭ᠋ᠠᠷᠠᠭᠤᠯᠤᠨ ᠪᠣᠳᠣᠬᠤ᠂  ᠪᠤᠴᠠᠭ᠋ᠠᠵᠤ ᠭᠠᠷᠭ᠋ᠠᠬᠤ ᠵᠡᠷᠭᠡ᠎ᠳᠤ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂  ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠵᠠᠬ᠎ᠠ ᠳᠡᠯᠭᠡᠭᠦᠷ ᠵᠶ᠋ᠡᠷ ᠰᠢᠢ᠍ᠳᠪᠦᠷᠢᠯᠡᠭᠦᠯᠬᠦ ᠵᠢ ᠪᠠᠷᠢᠮᠲᠠᠯᠠᠨ᠂  ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢ ᠪᠠᠷᠢᠮᠲᠠᠯᠠᠵᠤ᠂  ᠵᠠᠰᠠᠭ᠎ᠤᠨ ᠣᠷᠳᠣᠨ ᠵᠢᠴᠢ ᠬᠠᠷᠢᠶ᠎ᠠ ᠪᠦᠬᠦᠢ ᠰᠠᠯᠠᠭ᠎ᠠ ᠮᠥᠴᠢᠷ᠎ᠤᠳ ᠰᠠᠭᠤᠷᠢ ᠮᠥᠩᠭᠥᠨ᠎ᠤ ᠡᠳᠦᠷ ᠲᠤᠲᠤᠮ᠎ᠤᠨ ᠬᠠᠮᠢᠶᠠᠷᠤᠯᠲᠠ ᠵᠢᠨ ᠠᠵᠢᠯ ᠶᠠᠪᠤᠳᠠᠯ᠎ᠳᠤ ᠣᠷᠣᠯᠴᠠᠵᠤ ᠪᠣᠯᠬᠤ ᠦᠭᠡᠢ᠃

       ᠭᠤᠴᠢᠨ ᠳᠥᠷᠪᠡᠳᠦᠭᠡᠷ ᠵᠦᠢ᠍ᠯ    ᠰᠠᠭᠤᠷᠢ ᠮᠥᠩᠭᠥ ᠵᠢ ᠨᠠᠢ᠌ᠳᠠᠯᠭ᠎ᠠ᠎ᠪᠠᠷ ᠬᠠᠮᠢᠶᠠᠷᠬᠤ ᠪᠠᠢ᠌ᠭᠤᠯᠤᠮᠵᠢ᠎ᠨᠢ  ᠨᠡᠢ᠌ᠭᠡᠮ᠎ᠤᠨ   ᠬᠥᠷᠥᠩᠭᠡ ᠵᠢᠨ ᠪᠡᠯᠡ ᠭᠠᠷᠭ᠋ᠠᠭᠴᠢ ᠵᠢᠨ ᠬᠤᠪᠢ᠎ᠪᠠᠷ ᠰᠠᠭᠤᠷᠢ ᠮᠥᠩᠭᠥ ᠪᠠᠶ᠋ᠢᠭᠤᠯᠬᠤ᠎ᠳᠤ ᠣᠷᠣᠯᠴᠠᠵᠤ ᠪᠣᠯᠬᠤ ᠦᠭᠡᠢ᠃  ᠰᠠᠭᠤᠷᠢ ᠮᠥᠩᠭᠥ ᠬᠠᠮᠢᠶᠠᠷᠤᠭᠴᠢ ᠬᠢᠭᠡᠳ ᠰᠠᠭᠤᠷᠢ ᠮᠥᠩᠭᠥ ᠵᠢ ᠨᠠᠢ᠌ᠳᠠᠯᠭ᠎ᠠ᠎ᠪᠠᠷ ᠬᠠᠮᠢᠶᠠᠷᠬᠤ ᠪᠠᠢ᠌ᠭᠤᠯᠤᠮᠵᠢ᠎ᠨᠢ  ᠠᠳᠠᠯᠢ ᠨᠢᠭᠡᠨ ᠪᠠᠢ᠌ᠭᠤᠯᠤᠮᠵᠢ ᠪᠤᠶᠤ ᠬᠠᠷᠢᠶᠠᠯᠠᠭᠳᠠᠬᠤ ᠬᠠᠷᠢᠴᠠᠭ᠎ᠠ᠎ᠲᠠᠢ ᠪᠠᠢ᠌ᠵᠤ ᠪᠣᠯᠬᠤ ᠦᠭᠡᠢ᠃

       ᠭᠤᠴᠢᠨ ᠲᠠᠪᠤᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠪᠡᠯᠡ ᠣᠷᠣᠭᠤᠯᠤᠭᠰᠠᠨ ᠪᠣᠳᠠᠲᠠᠢ ᠪᠡᠯᠡ ᠮᠥᠩᠭᠥ (ᠥᠪᠡᠷᠲᠡᠭᠡᠨ ᠵᠠᠰᠠᠬᠤ ᠣᠷᠣᠨ᠎ᠤ ᠭᠠᠳᠠᠨᠠᠬᠢ ᠠᠵᠤ ᠠᠬᠤᠢ᠌ᠯᠠᠯ᠎ᠳᠤ ᠪᠡᠯᠡ ᠣᠷᠣᠭᠤᠯᠵᠤ᠂  ᠲᠤᠰ ᠠᠵᠤ ᠠᠬᠤᠢ᠌ᠯᠠᠯ᠎ᠨᠢ  ᠰᠲ᠋ᠣᠺ᠎ᠤᠨ ᠡᠷᠬᠡ ᠵᠢᠨ ᠠᠷᠭ᠎ᠠ ᠮᠠᠶᠢᠭ ᠵᠶ᠋ᠠᠷ ᠥᠪᠡᠷᠲᠡᠭᠡᠨ ᠵᠠᠰᠠᠬᠤ ᠣᠷᠣᠨ᠎ᠳᠤ ᠨᠢᠭᠡᠨᠲᠡ ᠪᠠᠢ᠌ᠭ᠎ᠠ ᠪᠤᠶᠤ ᠰᠢᠨ᠎ᠡ᠎ᠪᠠᠷ ᠪᠠᠢ᠌ᠭᠤᠯᠤᠭᠰᠠᠨ ᠠᠵᠤ ᠠᠬᠤᠢ᠌ᠯᠠᠯ᠎ᠳᠤ ᠪᠡᠯᠡ ᠣᠷᠤᠭᠤᠯᠬᠤ ᠵᠢ ᠪᠠᠭᠲᠠᠭ᠋ᠠᠨ᠎ᠠ)᠎ᠨᠢ  ᠪᠣᠳᠠᠲᠠᠢ ᠲᠤᠰᠢᠶᠠᠭᠰᠠᠨ ᠪᠡᠯᠡ ᠮᠥᠩᠭᠥᠨ᠎ᠤ᠎ᠪᠠᠨ 80%᠎ᠠᠴᠠ ᠳᠣᠣᠷ᠎ᠠ ᠪᠠᠢ᠌ᠵᠤ ᠪᠣᠯᠬᠤ ᠦᠭᠡᠢ᠃  ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠳᠦᠷᠢᠮ ᠲᠣᠭᠲᠠᠭ᠋ᠠᠯ᠂  ᠬᠤᠷᠰᠢᠬᠤ ᠵᠥᠪᠯᠡᠯᠴᠡᠭᠡᠷ᠂  ᠰᠠᠭᠤᠷᠢ ᠮᠥᠩᠭᠥᠨ᠎ᠤ ᠵᠥᠪᠯᠡᠯᠴᠡᠭᠡᠷ᠎ᠲᠤ ᠪᠣᠯᠵᠣᠵᠤ ᠲᠣᠭᠲᠠᠭᠰᠠᠨ ᠠᠵᠤ ᠦᠢ᠍ᠯᠡᠰ᠎ᠤᠨ ᠬᠦᠷᠢᠶᠡᠨ᠎ᠤ ᠬᠠᠷᠢᠴᠠᠯ᠎ᠨᠢ  ᠰᠠᠭᠤᠷᠢ ᠮᠥᠩᠭᠥ ᠴᠤᠭᠯᠠᠭᠤᠯᠬᠤ ᠬᠡᠪᠴᠢᠶᠡᠵᠢᠯ ᠪᠤᠶᠤ ᠠᠮᠠᠯᠠᠭᠰᠠᠨ ᠪᠡᠯᠡ ᠭᠠᠷᠭ᠋ᠠᠬᠤ ᠲᠣᠭ᠋ᠠᠨ᠎ᠤ 60%᠎ᠠᠴᠠ ᠳᠣᠣᠷ᠎ᠠ ᠪᠠᠢ᠌ᠵᠤ ᠪᠣᠯᠬᠤ ᠦᠭᠡᠢ᠃  ᠳᠠᠩ ᠭᠠᠭᠴᠠ ᠠᠵᠤ ᠠᠬᠤᠢ᠌ᠯᠠᠯ᠎ᠳᠠᠬᠢ ᠪᠡᠯᠡ ᠣᠷᠤᠭᠤᠯᠤᠯᠲᠠ ᠵᠢᠨ ᠲᠣᠭ᠎ᠠ ᠵᠢ ᠰᠠᠭᠤᠷᠢ ᠮᠥ᠋ᠩᠭᠥᠨ᠎ᠤ ᠡᠳ᠋ ᠬᠥᠷᠥᠩᠭᠡ ᠵᠢᠨ ᠶᠡᠷᠦᠩᠬᠡᠢ   ᠥᠷᠲᠡᠭ᠎ᠤᠨ 20%᠎ᠠᠴᠠ ᠬᠡᠲᠦᠷᠡᠭᠦᠯᠵᠦ ᠪᠤᠯᠬᠤ ᠦᠭᠡᠢ᠃

       ᠭᠤᠴᠢᠨ ᠵᠢᠷᠭᠤᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠨᠢ  ᠨᠡᠢ᠌ᠭᠡᠮ᠎ᠤᠨ ᠬᠥᠷᠥᠩᠭᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯᠳᠠᠯᠭ᠎ᠠ᠎ᠲᠠᠢ ᠬᠦᠷᠢᠶ᠎ᠡ ᠪᠠ ᠪᠠᠭᠤᠷᠠᠢ ᠭᠣᠭᠴᠣᠭ᠋ᠠᠨ᠎ᠳᠤ ᠪᠡᠯᠡ ᠣᠷᠤᠭᠤᠯᠤᠯᠲᠠ ᠬᠢᠯᠭᠡᠵᠦ᠂  ᠬᠠᠮᠢᠶ᠎ᠠ ᠪᠦᠬᠦᠢ ᠠᠵᠤ ᠦᠢ᠍ᠯᠡᠰ ᠪᠠ ᠬᠦᠷᠢᠶᠡᠨ᠎ᠤ ᠬᠥᠭᠵᠢᠯᠲᠡ ᠵᠢ ᠳᠡᠮᠵᠢᠬᠦ᠎ᠳᠤ ᠳᠣᠣᠷᠠᠬᠢ ᠲᠤᠬᠠᠢ᠌ᠯᠠᠭᠰᠠᠨ ᠠᠵᠢᠯ᠎ᠢ  ᠡᠷᠬᠢᠯᠡᠵᠦ ᠪᠣᠯᠬᠤ ᠦᠭᠡᠢ᠄

     (ᠨᠢᠭᠡ)  ᠢᠯᠡ ᠬᠣᠪᠢᠴᠠᠭ᠋ᠠᠲᠤ ᠣᠷᠤᠭᠤᠯᠤᠯᠲᠠ᠎ᠨᠢ  ᠦᠨᠡᠨ᠎ᠳᠤ᠎ᠪᠠᠨ ᠠᠪᠴᠠᠭ᠋ᠠᠲᠤ ᠣᠷᠤᠭᠤᠯᠤᠯᠲᠠ ᠪᠣᠯᠬᠤ ᠵᠡᠷᠭᠡ ᠬᠡᠯᠪᠡᠷᠢ ᠵᠢ᠎ᠨᠢ   ᠥᠭᠡᠷᠡᠲᠦᠭᠦᠯᠦᠭᠰᠡᠨ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠨᠡᠮᠡᠭᠳᠡᠭᠦᠯᠬᠦ ᠠᠵᠢᠯᠯᠠᠭ᠎ᠠ;

     (ᠬᠣᠶᠠᠷ)  ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ᠎ᠠᠴᠠ ᠭᠠᠳᠠᠨᠠᠬᠢ ᠳᠠᠭ᠋ᠠᠭ᠋ᠠᠯᠲᠠ ᠬᠢᠬᠦ᠂   ᠪᠠᠷᠢᠴᠠᠭ᠋ᠠᠯᠠᠬᠤ᠂  ᠨᠠᠶ᠋ᠢᠳᠠᠯᠭ᠎ᠠ ᠵᠢᠨ ᠵᠢᠭᠡᠯᠡᠯᠭᠡ ᠵᠡᠷᠭᠡ ᠲᠤᠬᠠᠢ᠌ᠯᠠᠭᠰᠠᠨ ᠠᠵᠢᠯ;

     (ᠭᠤᠷᠪᠠ)  ᠢᠯᠡ᠎ᠪᠠᠷ ᠠᠷᠠᠯᠵᠢᠶᠠᠯᠠᠬᠤ ᠲᠥᠷᠥᠯ᠎ᠤᠨ ᠰᠲ᠋ᠣᠺ (ᠨᠡᠢ᠌ᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶ᠋ᠢᠭᠤᠯᠬᠤ᠎ᠪᠠᠷ ᠵᠣᠷᠢᠯᠭ᠎ᠠ ᠪᠣᠯᠭ᠋ᠠᠭᠰᠠᠨ᠎ᠨᠢ  ᠡᠭᠦᠨ᠎ᠳᠤ ᠪᠠᠭᠲᠠᠬᠤ ᠦᠭᠡᠢ)᠂  ᠬᠤᠭᠤᠴᠠᠭ᠋ᠠᠲᠤ ᠪᠠᠷᠠᠭ᠎ᠠ᠂  ᠭᠡᠷ ᠪᠠᠢ᠌ᠰᠢᠩ ᠭᠠᠵᠠᠷ ᠬᠥᠷᠥᠩᠭᠡ᠂  ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠂  ᠢᠲᠡᠭᠡᠮᠵᠢ ᠨᠠᠢ᠌ᠳᠠᠯᠭ᠎ᠠ ᠵᠢᠨ ᠨᠡᠷᠡᠳᠭᠦᠨ᠂  ᠪᠡᠯᠡ᠎ᠪᠠᠨ ᠪᠠᠲᠤᠯᠠᠬᠤ ᠪᠤᠰᠤ ᠬᠡᠯᠪᠡᠷᠢ ᠵᠢᠨ ᠡᠳ᠋ ᠬᠥᠷᠥᠩᠭᠡ ᠠᠬᠤᠢ᠌ᠯᠠᠬᠤ ᠨᠡᠷᠡᠳᠭᠦᠨ᠂  ᠳᠠᠭ᠋ᠠᠳᠬᠠᠯ᠎ᠤᠨ ᠲᠥᠯᠥᠪᠯᠡᠭᠡ ᠵᠢᠴᠢ ᠪᠤᠰᠤᠳ ᠮᠥᠩᠭᠥᠨ ᠭᠦᠢ᠍ᠯᠭᠡᠭᠡᠨ᠎ᠤ ᠡᠭᠦᠰᠦᠮᠡᠯ ᠵᠦᠢ᠍ᠯ;

     (ᠳᠥᠷᠪᠡ)  ᠶᠠᠮᠠᠷᠪᠠ ᠭᠤᠷᠪᠠᠳᠠᠭᠢ ᠡᠲᠡᠭᠡᠳ᠎ᠢ ᠢᠪᠡᠭᠡᠨ ᠲᠡᠳᠬᠦᠬᠦ᠂  ᠬᠠᠨᠳᠢᠪᠯᠡᠨ ᠲᠤᠰᠠᠯᠠᠬᠤ (ᠵᠥᠪᠰᠢᠶᠡᠷᠡᠭᠦᠯᠦᠭᠰᠡᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠪᠡᠯᠡᠭᠯᠡᠨ ᠬᠦᠷᠭᠡᠭᠰᠡᠨ᠎ᠨᠢ  ᠡᠭᠦᠨ᠎ᠳᠤ ᠪᠠᠭᠲᠠᠬᠤ ᠦᠭᠡᠢ);

     (ᠲᠠᠪᠤ)  ᠬᠠᠳᠠᠭ᠋ᠠᠯᠠᠮᠵᠢ ᠵᠢᠨ ᠵᠣᠭᠣᠰ᠎ᠢ ᠲᠡᠳᠡᠨ ᠠᠪᠬᠤ ᠪᠤᠶᠤ ᠬᠡᠯᠪᠡᠷᠢ ᠵᠢ᠎ᠨᠢ  ᠥᠭᠡᠷᠡᠲᠦᠭᠦᠯᠦᠨ ᠴᠤᠭᠯᠠᠭᠤᠯᠵᠤ ᠬᠤᠷᠢᠶᠠᠬᠤ᠂  ᠡᠰᠡᠬᠦᠯ᠎ᠡ ᠭᠤᠷᠪᠠᠳᠤᠭ᠋ᠠᠷ ᠡᠲᠡᠭᠡᠳ᠎ᠲᠤ ᠵᠢᠭᠡᠯᠡᠯᠭᠡ ᠪᠣᠯᠣᠨ ᠪᠡᠯᠡ ᠮᠥᠩᠭᠥ ᠵᠢ ᠲᠦᠷ ᠵᠢᠭᠡᠯᠡᠭᠦᠯᠬᠦ;

     (ᠵᠢᠷᠭᠤᠭ᠎ᠠ)  ᠬᠢᠵᠠᠭ᠋ᠠᠷ ᠦᠭᠡᠢ ᠬᠣᠯᠪᠣᠯᠳᠠᠳᠤ ᠬᠠᠷᠢᠭᠤᠴᠠᠯᠭ᠎ᠠ ᠡᠭᠦᠷᠭᠡᠯᠡᠬᠦ ᠭᠠᠳᠠᠭ᠋ᠠᠳᠤ ᠪᠡᠯᠡ ᠣᠷᠣᠭᠤᠯᠤᠯᠲᠠ;

     (ᠳᠤᠯᠤᠭ᠎ᠠ)  ᠢᠲᠡᠭᠡᠮᠵᠢᠲᠦ ᠨᠠᠢ᠌ᠳᠠᠯᠭ᠎ᠠ ᠲᠠᠷᠬᠠᠭ᠋ᠠᠬᠤ ᠪᠤᠶᠤ ᠬᠥᠷᠥᠩᠭᠡ ᠮᠥᠩᠭᠥ ᠠᠬᠤᠢ᠌ᠯᠠᠬᠤ ᠨᠡᠷᠡᠳᠭᠦᠨ᠎ᠢ   ᠨᠡᠢ᠌ᠯᠡᠭᠦᠯᠵᠦ ᠪᠡᠯᠡ ᠮᠥᠩᠭᠥ ᠴᠤᠭᠯᠠᠭᠤᠯᠬᠤ;

     (ᠨᠠᠢ᠍ᠮᠠ)  ᠤᠯᠤᠰ᠎ᠤᠨ ᠲᠥᠷᠥ ᠵᠢᠨ ᠪᠣᠳᠣᠯᠭ᠎ᠠ᠎ᠳᠤ ᠢᠯᠡ᠎ᠪᠠᠷ ᠵᠠᠷᠯᠢᠭᠳᠠᠨ ᠴᠠᠭ᠋ᠠᠵᠠᠯᠠᠭᠰᠠᠨ ᠬᠦᠷᠢᠶ᠎ᠡ ᠴᠠᠷᠠᠭ᠎ᠠ ᠪᠣᠯᠣᠨ ᠠᠵᠢᠯ ᠲᠥᠷᠥᠯ᠎ᠳᠤ ᠪᠡᠯᠡ ᠣᠷᠤᠭᠤᠯᠬᠤ;

     (ᠶᠢᠰᠦ)  ᠬᠠᠤᠯᠢ   ᠴᠠᠭ᠋ᠠᠵᠠ ᠬᠠᠤᠯᠢ ᠲᠣᠭᠲᠠᠭ᠋ᠠᠯ᠎ᠳᠤ ᠡᠷᠬᠢᠯᠡᠬᠦ ᠵᠢ ᠴᠠᠭ᠋ᠠᠵᠠᠯᠠᠭᠰᠠᠨ ᠠᠵᠢᠯ ᠲᠦᠷᠦᠯ᠃

       ᠭᠤᠴᠢᠨ ᠳᠣᠯᠣᠳᠤᠭ᠋ᠠᠷ ᠵᠦᠢ᠍ᠯ    ᠰᠠᠭᠤᠷᠢ ᠮᠥᠩᠭᠥ ᠬᠠᠮᠢᠶᠠᠷᠤᠭᠴᠢ ᠵᠢᠴᠢ ᠠᠵᠢᠯ ᠡᠷᠬᠢᠯᠡᠭᠰᠡᠳ᠎ᠨᠢ  ᠰᠠᠭᠤᠷᠢ   ᠮᠥᠩᠭᠥᠨ᠎ᠤ ᠡᠳ᠋ ᠬᠥᠷᠥᠩᠭᠡ ᠪᠤᠶᠤ ᠲᠤᠰᠢᠶᠠᠯ ᠵᠶ᠋ᠡᠨ ᠠᠰᠢᠭᠯᠠᠨ᠂  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠂  ᠰᠠᠭᠤᠷᠢ ᠮᠥᠩᠭᠥᠨ᠎ᠤ ᠪᠡᠯᠡ ᠣᠷᠣᠭᠤᠯᠤᠯᠲᠠ ᠵᠢᠨ ᠬᠠᠷᠠᠯᠲᠠ ᠵᠢᠴᠢ ᠡᠭᠦᠨ᠎ᠲᠠᠢ ᠬᠣᠯᠪᠣᠭᠳᠠᠬᠤ ᠡᠲᠡᠭᠡᠳ᠎ᠠᠴᠠ ᠠᠰᠠᠭᠤᠨ ᠯᠠᠪᠯᠠᠬᠤ ᠵᠠᠷᠤᠳᠠᠯ᠂  ᠭᠠᠷᠳᠠᠮ᠎ᠤᠨ ᠵᠠᠷᠤᠳᠠᠯ᠂  ᠡᠳ᠋᠎ᠤᠨ ᠶᠠᠪᠤᠳᠠᠯ᠎ᠤᠨ ᠵᠥᠪᠯᠡᠭᠴᠢ ᠵᠢᠨ ᠵᠠᠷᠤᠳᠠᠯ ᠬᠤᠷᠢᠶᠠᠬᠤ ᠵᠡᠷᠭᠡ ᠨᠡᠷ᠎ᠡ᠎ᠪᠠᠷ᠂  ᠬᠤᠪᠢ ᠪᠡᠶ᠎ᠡ ᠪᠤᠶᠤ ᠪᠡᠯᠡ ᠣᠷᠣᠭᠤᠯᠤᠭᠴᠢ᠎ᠠᠴᠠ ᠭᠠᠳᠠᠨᠠᠬᠢ ᠬᠥᠮᠥᠨ᠎ᠳᠤ ᠬᠠᠤᠯᠢ ᠪᠤᠰᠤ ᠠᠰᠢᠭ ᠲᠤᠰᠠ ᠬᠥᠭᠡᠭᠡᠴᠡᠯᠳᠦᠨ᠂  ᠠᠰᠢᠭ ᠲᠤᠰᠠ ᠬᠦᠷᠭᠡᠬᠦ ᠦᠢ᠍ᠯᠡ ᠠᠵᠢᠯᠯᠠᠭ᠎ᠠ᠎ᠲᠠᠢ ᠪᠠᠢ᠌ᠵᠤ ᠪᠣᠯᠬᠤ ᠦᠭᠡᠢ᠃

       ᠭᠤᠴᠢᠨ ᠨᠠᠢ᠍ᠮᠠᠳᠤᠭ᠋ᠠᠷ ᠵᠦᠢ᠍ᠯ    ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠎ᠨᠢ  ᠵᠢᠭᠡᠯᠡᠯᠭᠡ ᠵᠢᠨ ᠪᠡᠯᠡ ᠮᠥᠩᠭᠥ᠂  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠥ᠎ᠪᠠᠷ ᠡᠯ᠎ᠡ ᠲᠥᠷᠥᠯ᠎ᠤᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠪᠠᠶ᠋ᠢᠭᠤᠯᠬᠤ ᠪᠤᠶᠤ ᠪᠡᠯᠡ ᠣᠷᠣᠭᠤᠯᠵᠤ ᠪᠣᠯᠬᠤ ᠦᠭᠡᠢ᠂  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠠᠰᠢᠭᠯᠠᠬᠤ ᠵᠡᠷᠭᠡ ᠠᠷᠭ᠎ᠠ ᠬᠡᠯᠪᠡᠷᠢ᠎ᠪᠠᠷ ᠬᠠᠤᠯᠢ   ᠲᠣᠭᠲᠠᠭ᠋ᠠᠯ᠎ᠠᠴᠠ ᠵᠥᠷᠢᠴᠡᠵᠦ ᠬᠡᠯᠪᠡᠷᠢ ᠵᠢ᠎ᠨᠢ  ᠥᠭᠡᠷᠡᠲᠦᠭᠦᠯᠦᠨ ᠵᠢᠭᠡᠯᠡᠯᠭᠡ ᠠᠪᠬᠤ ᠵᠢ ᠡᠷᠡᠰ ᠴᠠᠭ᠋ᠠᠵᠠᠯᠠᠨ᠎ᠠ᠃  ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠬᠡᠯᠪᠡᠷᠢ᠎ᠪᠠᠷ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠂  ᠪᠡᠯᠡ ᠲᠣᠬᠢᠷᠠᠭᠤᠯᠵᠤ ᠲᠦᠷᠢᠶᠡᠰᠦᠯᠡᠭᠦᠯᠬᠦ ᠺᠣᠮᠫᠠᠨᠢ ᠵᠡᠷᠭᠡ ᠮᠥᠩᠭᠥᠨ ᠭᠦᠢ᠍ᠯᠭᠡᠭᠡᠨ᠎ᠤ ᠪᠤᠰᠤ ᠪᠠᠢ᠌ᠭᠤᠯᠤᠮᠵᠢ᠎ᠳᠤ ᠪᠡᠯᠡ ᠲᠣᠬᠢᠷᠠᠭᠤᠯᠵᠤ ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠰᠠᠭᠤᠷᠢ ᠮᠥᠩᠭᠥ ᠵᠢ ᠡᠭᠦᠰᠬᠡᠨ ᠪᠠᠶ᠋ᠢᠭᠤᠯᠬᠤ ᠵᠢ ᠡᠷᠡᠰ ᠴᠠᠭ᠋ᠠᠵᠠᠯᠠᠨ᠎ᠠ;  ᠶᠠᠮᠠᠷᠪᠠ ᠠᠷᠭ᠎ᠠ ᠮᠠᠶᠢᠭ ᠵᠶ᠋ᠠᠷ ᠥᠭᠭᠦᠪᠡᠰᠦ (ᠬᠤᠷᠢᠶᠠᠪᠠᠰᠤ)  ᠵᠣᠬᠢᠬᠤ ᠳᠠᠩᠰᠠᠨ ᠵᠣᠭᠣᠰ᠎ᠤᠨ ᠭᠡᠷ᠎ᠡ ᠵᠢ ᠬᠤᠳᠠᠯ ᠵᠶ᠋ᠠᠷ ᠵᠣᠬᠢᠶᠠᠬᠤ ᠪᠤᠶᠤ ᠡᠷᠬᠡ ᠮᠡᠳᠡᠯ᠎ᠠᠴᠠ᠎ᠪᠠᠨ ᠳᠠᠪᠠᠭᠤᠯᠤᠨ ᠲᠣᠭᠲᠠᠵᠤ ᠪᠣᠯᠬᠤ ᠦᠭᠡᠢ ᠪᠠᠢ᠌ᠬᠤ ᠵᠢᠨ ᠬᠠᠮᠲᠤ ᠰᠠᠭᠤᠷᠢ ᠮᠥᠩᠭᠥ ᠬᠠᠮᠢᠶᠠᠷᠤᠭᠴᠢ ᠪᠤᠶᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠪᠡᠯᠡ ᠲᠣᠬᠢᠷᠠᠭᠤᠯᠭ᠎ᠠ᠎ᠳᠤ ᠬᠠᠪᠰᠤᠷᠴᠤ ᠪᠣᠯᠬᠤ ᠦᠭᠡᠢ᠃

       ᠭᠤᠴᠢ ᠶᠢᠰᠦᠳᠦᠭᠡᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠡᠯ᠎ᠡ ᠪᠡᠯᠡ ᠭᠠᠷᠭ᠋ᠠᠭᠴᠢ᠎ᠨᠢ 《ᠠᠳᠠᠯᠢ ᠰᠲ᠋ᠣᠺ᠎ᠲᠤ ᠠᠳᠠᠯᠢᠬᠠᠨ ᠡᠷᠬᠡ᠂  ᠠᠰᠢᠭ ᠲᠤᠰᠠ ᠵᠢ ᠬᠠᠮᠲᠤ᠎ᠪᠠᠷ ᠬᠦᠷᠲᠡᠬᠦ᠂  ᠲᠦᠭᠰᠢᠭᠦᠷᠢ ᠵᠢ ᠬᠠᠮᠲᠤ᠎ᠪᠠᠷ ᠡᠭᠦᠷᠭᠡᠯᠡᠬᠦ》  ᠵᠠᠷᠴᠢᠮ ᠶᠣᠰᠣᠭ᠋ᠠᠷ᠂  ᠠᠰᠢᠭ ᠣᠯᠵᠠᠪᠤᠷᠢ ᠵᠢ ᠰᠢᠢ᠍ᠳᠪᠦᠷᠢᠯᠡᠬᠦ ᠪᠠ ᠠᠯᠳᠠᠭᠳᠠᠯ᠎ᠢ  ᠡᠭᠦᠷᠭᠡᠯᠡᠬᠦ ᠠᠷᠭ᠎ᠠ ᠬᠡᠯᠪᠡᠷᠢ᠎ᠪᠠᠨ ᠲᠣᠳᠣᠷᠬᠠᠢ ᠪᠣᠯᠵᠣᠨ ᠲᠣᠭᠲᠠᠵᠤ᠂  ᠪᠡᠯᠡ ᠣᠷᠣᠭᠤᠯᠤᠯᠲᠠ ᠵᠢᠨ ᠬᠠᠷᠢᠭᠤ᠎ᠨᠢ  ᠭᠣᠣᠯᠳᠠᠭᠤ ᠲᠥᠷᠥᠯ ᠵᠦᠢ᠍ᠯ᠎ᠤᠨ ᠠᠰᠢᠭ ᠣᠯᠵᠠᠪᠤᠷᠢ᠎ᠠᠴᠠ ᠢᠷᠡᠯᠲᠡ᠎ᠲᠠᠢ ᠪᠠᠢ᠌ᠬᠤ᠎ᠪᠠᠨ ᠲᠣᠳᠣᠷᠬᠠᠢ᠌ᠯᠠᠬᠤ ᠬᠡᠷᠡᠭᠲᠡᠢ᠃  ᠵᠠᠰᠠᠭ᠎ᠤᠨ ᠣᠷᠳᠣᠨ᠎ᠳᠤ ᠬᠠᠷᠢᠶᠠᠯᠠᠭᠳᠠᠬᠤ ᠪᠡᠯᠡ ᠣᠷᠣᠭᠤᠯᠤᠯᠲᠠ ᠵᠢᠨ ᠠᠰᠢᠭ ᠣᠯᠵᠠᠪᠤᠷᠢ ᠪᠣᠯᠣᠨ ᠬᠦᠦ ᠮᠥᠩᠭᠥ ᠵᠡᠷᠭᠡ ᠵᠢ ᠦᠷᠭᠦᠯᠵᠢᠯᠡᠨ ᠪᠡᠯᠡ ᠣᠷᠤᠭᠤᠯᠤᠯᠲᠠ ᠵᠢᠨ ᠰᠠᠭᠤᠷᠢ ᠮᠥᠩᠭᠥᠨ᠎ᠳᠤ ᠡᠷᠭᠢᠯᠳᠦᠭᠦᠯᠦᠨ ᠬᠡᠷᠡᠭᠯᠡᠬᠦ᠎ᠪᠠᠷ ᠲᠣᠳᠣᠷᠬᠠᠢ ᠪᠣᠯᠵᠣᠨ ᠲᠣᠭᠲᠠᠭᠰᠠᠨ᠎ᠠᠴᠠ ᠪᠤᠰᠤᠳ᠎ᠢ᠎ᠨᠢ᠂  ᠡᠳ᠋᠎ᠤᠨ ᠵᠠᠰᠠᠭ᠎ᠤᠨ ᠤᠯᠤᠰ᠎ᠤᠨ ᠬᠥᠮᠥᠷᠭᠡ ᠵᠢᠨ ᠬᠠᠮᠢᠶᠠᠷᠤᠯᠲᠠ ᠵᠢᠨ ᠳᠦᠷᠢᠮ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠠᠭ ᠲᠤᠬᠠᠢ᠎ᠳᠤ᠎ᠨᠢ  ᠭᠦᠢ᠍ᠴᠡᠳ ᠲᠣᠭ᠎ᠠ᠎ᠪᠠᠷ ᠤᠯᠤᠰ᠎ᠤᠨ ᠬᠥᠮᠥᠷᠭᠡ᠎ᠳᠤ ᠲᠤᠰᠢᠶᠠᠬᠤ ᠬᠡᠷᠡᠭᠲᠡᠢ᠃  ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠠᠯᠳᠠᠭᠳᠠᠯ᠎ᠢ ᠪᠡᠯᠡ ᠭᠠᠷᠭ᠋ᠠᠭᠴᠢ ᠬᠠᠮᠲᠤ᠎ᠳᠤ᠎ᠪᠠᠨ ᠡᠭᠦᠷᠭᠡᠯᠡᠵᠦ᠂  ᠵᠠᠰᠠᠭ᠎ᠤᠨ ᠣᠷᠳᠣᠨ᠎ᠨᠢ  ᠪᠡᠯᠡ ᠭᠠᠷᠭ᠋ᠠᠭᠰᠠᠨ ᠲᠣᠭ᠎ᠠ᠎ᠪᠠᠷ ᠬᠡᠮᠵᠢᠶᠡᠯᠡᠨ ᠬᠢᠵᠠᠭ᠋ᠠᠷᠲᠤ ᠬᠠᠷᠢᠭᠤᠴᠠᠯᠭ᠎ᠠ ᠡᠭᠦᠷᠭᠡᠯᠡᠨ᠎ᠡ᠃

       ᠳᠥᠴᠢᠳᠦᠭᠡᠷ ᠵᠦᠢ᠍ᠯ    ᠵᠠᠰᠠᠭ᠎ᠤᠨ ᠣᠷᠳᠣᠨ᠎ᠤ ᠪᠡᠯᠡ ᠭᠠᠷᠭ᠋ᠠᠬᠤ ᠵᠢᠨ ᠬᠥᠲᠥᠯᠥᠨ ᠵᠢᠯᠤᠭᠣᠳᠬᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ ᠵᠢᠨ ᠲᠤᠰᠠᠳᠠ᠂  ᠵᠠᠰᠠᠭ᠎ᠤᠨ ᠣᠷᠳᠣᠨ᠎ᠠᠴᠠ ᠵᠣᠬᠢᠰᠲᠠᠢ᠎ᠪᠠᠷ ᠠᠰᠢᠭ ᠲᠠᠯᠪᠢᠵᠤ ᠪᠣᠯᠣᠨ᠎ᠠ᠂  ᠭᠡᠪᠡᠴᠦ ᠶᠠᠮᠠᠷᠪᠠ ᠠᠷᠭ᠎ᠠ ᠮᠠᠶᠢᠭ ᠵᠶ᠋ᠠᠷ ᠨᠡᠢ᠌ᠭᠡᠮ᠎ᠤᠨ ᠬᠥᠷᠥᠩᠭᠡ ᠵᠢᠨ ᠲᠠᠯ᠎ᠠ ᠵᠢᠨ ᠪᠡᠯᠡ ᠣᠷᠣᠭᠤᠯᠤᠯᠲᠠ ᠵᠢᠨ ᠡᠬᠡ ᠮᠥᠩᠭᠥ ᠵᠢ ᠡᠭᠡᠭᠦᠯᠦᠨ ᠬᠤᠳᠠᠯᠳᠤᠵᠤ ᠠᠪᠬᠤ᠎ᠪᠠᠷ ᠠᠮᠠᠯᠠᠵᠤ ᠪᠣᠯᠬᠤ ᠦᠭᠡᠢ᠂  ᠶᠠᠮᠠᠷᠪᠠ ᠠᠷᠭ᠎ᠠ ᠮᠠᠶᠢᠭ ᠵᠶ᠋ᠠᠷ ᠨᠡᠢ᠌ᠭᠡᠮ᠎ᠤᠨ ᠬᠥᠷᠥᠩᠭᠡ ᠵᠢᠨ ᠲᠠᠯ᠎ᠠ ᠵᠢᠨ ᠪᠡᠯᠡ ᠣᠷᠣᠭᠤᠯᠤᠯᠲᠠ ᠵᠢᠨ ᠡᠬᠡ ᠮᠥᠩᠭᠥ ᠵᠢᠨ ᠬᠣᠬᠢᠷᠠᠯ᠎ᠢ ᠡᠭᠦᠷᠭᠡᠯᠡᠵᠦ ᠪᠣᠯᠬᠤ ᠦᠭᠡᠢ᠂  ᠶᠠᠮᠠᠷᠪᠠ ᠠᠷᠭ᠎ᠠ ᠮᠠᠶᠢᠭ ᠵᠶ᠋ᠠᠷ ᠨᠡᠢ᠌ᠭᠡᠮ᠎ᠤᠨ ᠬᠥᠷᠥᠩᠭᠡ ᠵᠢᠨ ᠲᠠᠯ᠎ᠠ᠎ᠳᠤ ᠬᠠᠮᠤᠭ᠎ᠤᠨ ᠨᠠᠭ᠋ᠠᠲᠤ ᠵᠠᠬ᠎ᠠ ᠵᠢᠨ ᠠᠰᠢᠭ ᠣᠯᠵᠠᠪᠤᠷᠢ ᠵᠢ  ᠠᠮᠠᠯᠠᠵᠤ ᠪᠣᠯᠬᠤ ᠦᠭᠡᠢ᠂  ᠬᠢᠵᠠᠭ᠋ᠠᠷᠲᠤ ᠬᠣᠷᠰᠢᠭᠰᠠᠨ ᠳᠦᠷᠢᠮᠲᠦ ᠰᠠᠭᠤᠷᠢ ᠮᠥᠩᠭᠥ ᠵᠡᠷᠭᠡ ᠶᠠᠮᠠᠷᠪᠠ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ ᠵᠢᠨ ᠠᠷᠭ᠎ᠠ ᠮᠠᠶᠢᠭ᠎ᠲᠤ ᠢᠯᠡᠭᠦᠴᠡ ᠨᠡᠮᠡᠯᠲᠡ ᠵᠦᠢ᠍ᠯ ᠵᠤᠷᠪᠤᠰ ᠨᠡᠮᠡᠵᠦ ᠬᠡᠯᠪᠡᠷᠢ ᠵᠢ᠎ᠨᠢ  ᠥᠭᠡᠷᠡᠲᠦᠭᠦᠯᠦᠨ ᠵᠢᠭᠡᠯᠡᠯᠭᠡ ᠠᠪᠴᠤ ᠪᠣᠯᠬᠤ ᠦᠭᠡᠢ᠃  ᠲᠥᠷᠥ ᠵᠢᠨ ᠶᠠᠪᠤᠳᠠᠯ᠎ᠤᠨ ᠬᠣᠷᠢᠶᠠᠨ᠎ᠠᠴᠠ ᠠᠰ᠎ᠲᠤ᠎ᠪᠠᠨ ᠲᠣᠭᠲᠠᠭ᠋ᠠᠯ᠎ᠲᠠᠢ᠎ᠨᠢ  ᠡᠭᠦᠨ᠎ᠳᠤ ᠪᠠᠭᠲᠠᠬᠤ ᠦᠭᠡᠢ᠃

       ᠳᠥᠴᠢᠨ ᠨᠢᠭᠡᠳᠦᠭᠡᠷ ᠵᠦᠢ᠍ᠯ    ᠰᠠᠭᠤᠷᠢ ᠮᠥᠩᠭᠥᠨ᠎ᠤ ᠳᠦᠷᠢᠮ ᠲᠣᠭᠲᠠᠭ᠋ᠠᠯ᠎ᠳᠤ ᠲᠤᠰᠢᠶᠠᠯ ᠵᠶ᠋ᠠᠨ ᠭᠦᠢ᠍ᠴᠡᠳᠬᠡᠬᠦ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠵᠦᠢ᠍ᠯ ᠵᠤᠷᠪᠤᠰ ᠪᠣᠯᠣᠨ ᠰᠢᠢ᠍ᠳᠬᠡᠨ ᠲᠣᠷᠭ᠋ᠠᠬᠤ ᠲᠣᠭᠲᠠᠴᠠ ᠵᠢ ᠪᠣᠯᠵᠣᠵᠤ ᠲᠣᠭᠲᠠᠭ᠋ᠠᠭᠰᠠᠨ ᠪᠠᠢ᠌ᠬᠤ ᠬᠡᠷᠡᠭᠲᠡᠢ᠂  ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ ᠵᠶ᠋ᠠᠨ ᠭᠦᠢ᠍ᠴᠡᠳᠬᠡᠵᠦ᠂  ᠡᠭᠦᠷᠭᠡ ᠬᠠᠷᠢᠭᠤᠴᠠᠯᠭ᠎ᠠ᠎ᠪᠠᠨ ᠨᠢᠭᠡᠨᠲᠡ ᠭᠦᠢ᠍ᠴᠡᠳᠬᠡᠭᠰᠡᠨ ᠪᠣᠯᠪᠠᠴᠤ ᠲᠥᠷᠥ ᠵᠢᠨ ᠪᠣᠳᠣᠯᠭ᠎ᠠ ᠵᠢᠨ ᠬᠤᠪᠢᠷᠠᠯᠲᠠ ᠵᠡᠷᠭᠡ ᠬᠦᠴᠦᠨ ᠵᠦᠢ᠍ᠯ᠎ᠠᠴᠠ ᠪᠣᠯᠵᠤ ᠰᠠᠭᠤᠷᠢ ᠮᠥᠩᠭᠥᠨ᠎ᠤ ᠪᠡᠯᠡ ᠣᠷᠣᠭᠤᠯᠤᠯᠲᠠ ᠪᠦᠲᠦᠭᠰᠡᠨ ᠦᠭᠡᠢ ᠪᠤᠶᠤ ᠬᠣᠬᠢᠷᠠᠯ᠎ᠳᠤ ᠤᠴᠠᠷᠠᠭᠰᠠᠨ᠂  ᠵᠢᠱ᠌ᠢᠭᠰᠡᠨ ᠬᠠᠷᠠᠯᠲᠠ᠎ᠪᠠᠨ ᠪᠡᠶᠡᠯᠡᠭᠦᠯᠵᠦ ᠳᠡᠢ᠌ᠯᠦᠭᠰᠡᠨ ᠦᠭᠡᠢ ᠮᠥᠷᠲᠡᠭᠡᠨ ᠬᠤᠪᠢ ᠵᠢᠨ ᠠᠰᠢᠭ ᠲᠤᠰᠠ ᠵᠢ ᠡᠰᠡ ᠬᠥᠭᠡᠭᠡᠴᠡᠯᠳᠦᠭᠰᠡᠨ ᠪᠠᠢ᠌ᠪᠠᠯ᠂  ᠪᠣᠳᠠᠲᠠᠢ ᠪᠠᠢ᠌ᠳᠠᠯ᠎ᠢ᠎ᠨᠢ  ᠬᠠᠷᠠᠵᠤ ᠠᠯᠳᠠᠰᠢ ᠵᠢ᠎ᠨᠢ  ᠠᠭᠤᠴᠢᠯᠠᠨ    ᠬᠠᠷᠢᠭᠤᠴᠠᠯᠭ᠎ᠠ᠎ᠠᠴᠠ ᠬᠡᠯᠲᠦᠷᠢᠭᠦᠯᠦᠨ᠎ᠡ᠃

       ᠳᠣᠯᠣᠳᠤᠭ᠋ᠠᠷ ᠪᠦᠯᠦᠭ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠲᠥᠰᠥᠪ᠎ᠤᠨ ᠬᠠᠮᠢᠶᠠᠷᠤᠯᠲᠠ

       ᠳᠥᠴᠢᠨ ᠬᠣᠶᠠᠳᠤᠭ᠋ᠠᠷ ᠵᠦᠢ᠍ᠯ    ᠵᠠᠰᠠᠭ᠎ᠤᠨ ᠣᠷᠳᠣᠨ ᠪᠡᠯᠡ ᠭᠠᠷᠭ᠋ᠠᠵᠤ ᠪᠠᠢ᠌ᠭᠤᠯᠤᠭᠰᠠᠨ ᠪᠡᠯᠡ ᠣᠷᠤᠭᠤᠯᠤᠯᠲᠠ ᠵᠢᠨ ᠰᠠᠭᠤᠷᠢ ᠮᠥᠩᠭᠥ᠎ᠳᠤ᠂  ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ  ᠪᠡᠯᠡ ᠣᠷᠤᠭᠤᠯᠤᠯᠲᠠ ᠵᠢᠨ ᠰᠠᠭᠤᠷᠢ   ᠮᠥᠩᠭᠥᠨ᠎ᠤ ᠳᠦᠷᠢᠮ ᠲᠣᠭᠲᠠᠭ᠋ᠠᠯ᠎ᠳᠤ ᠪᠣᠯᠵᠣᠵᠤ ᠲᠣᠭᠲᠠᠭᠰᠠᠨ ᠪᠡᠯᠡ ᠭᠠᠷᠭ᠋ᠠᠬᠤ ᠲᠥᠰᠥᠯ ᠪᠣᠯᠣᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠠᠵᠢᠯᠯᠠᠭ᠋ᠠᠨ᠎ᠤ ᠪᠠᠢ᠌ᠳᠠᠯ᠎ᠢ ᠦᠨᠳᠦᠰᠦᠯᠡᠨ᠂  ᠲᠤᠬᠠᠢ ᠵᠢᠨ ᠵᠢᠯ᠎ᠤᠨ ᠵᠠᠰᠠᠭ᠎ᠤᠨ ᠣᠷᠳᠣᠨ᠎ᠤ ᠪᠡᠯᠡ ᠭᠠᠷᠭ᠋ᠠᠭᠰᠠᠨ ᠲᠣᠭ᠎ᠠ ᠵᠢ ᠣᠨ᠎ᠤ ᠵᠠᠰᠠᠭ᠎ᠤᠨ ᠣᠷᠳᠣᠨ᠎ᠤ ᠲᠥᠰᠥᠪ᠎ᠲᠤ᠎ᠪᠠᠨ ᠣᠷᠣᠭᠤᠯᠬᠤ ᠵᠢᠨ ᠬᠠᠮᠲᠤ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠦᠷ᠎ᠡ ᠳ᠋ᠦᠩ᠂  ᠰᠠᠭᠤᠷᠢ ᠮᠥᠩᠭᠥ ᠵᠢ ᠪᠣᠳᠠᠲᠠᠢ ᠲᠤᠰᠢᠶᠠᠬᠤ ᠵᠥᠪᠯᠡᠯᠴᠡᠭᠡᠷ ᠲᠣᠭᠲᠠᠭᠰᠠᠨ ᠪᠠᠢ᠌ᠳᠠᠯ᠂  ᠣᠨ᠎ᠤ ᠲᠥᠰᠥᠪ᠎ᠤᠨ ᠲᠣᠬᠢᠷᠠᠭᠤᠯᠤᠯᠲᠠ ᠵᠢᠨ ᠪᠠᠢ᠌ᠳᠠᠯ᠎ᠢ ᠦᠨᠳᠦᠰᠦᠯᠡᠨ ᠵᠠᠰᠠᠭ᠎ᠤᠨ ᠣᠷᠳᠣᠨ᠎ᠠᠴᠠ ᠭᠠᠷᠭ᠋ᠠᠭᠰᠠᠨ ᠪᠡᠯᠡ ᠮᠥᠩᠭᠥ ᠵᠢ ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠮᠥᠩᠭᠥᠨ᠎ᠤ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠰᠠᠯᠭ᠋ᠠᠨ ᠥᠭᠴᠦ᠂  ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠮᠥᠩᠭᠥᠨ᠎ᠤ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ  ᠰᠠᠭᠤᠷᠢ ᠮᠥᠩᠭᠥᠨ᠎ᠤ ᠳᠦᠷᠢᠮ ᠲᠣᠭᠲᠠᠭ᠋ᠠᠯ᠎ᠢ ᠦᠨᠳᠦᠰᠦᠯᠡᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠳᠤ ᠰᠠᠯᠭ᠋ᠠᠨ ᠥᠭᠬᠦ ᠬᠡᠷᠡᠭᠲᠡᠢ᠃  ᠵᠢᠯ᠎ᠤᠨ ᠡᠴᠦᠰ᠎ᠲᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠲᠥᠰᠥᠪ᠎ᠤᠨ ᠲᠣᠬᠢᠷᠠᠭᠤᠯᠤᠯᠲᠠ ᠪᠦᠬᠦᠢ ᠬᠡᠰᠡᠭ᠎ᠲᠤ ᠰᠤᠯᠠ ᠲᠠᠯᠪᠢᠭᠳᠠᠵᠤ ᠪᠠᠢ᠌ᠭ᠎ᠠ ᠬᠡᠰᠡᠭ ᠪᠠᠢ᠌ᠪᠠᠯ᠂  ᠡᠳ᠋᠎ᠤᠨ ᠵᠠᠰᠠᠭ᠎ᠲᠤ   ᠡᠭᠡᠭᠦᠯᠦᠨ ᠬᠤᠷᠢᠶᠠᠵᠤ ᠨᠢᠭᠡᠳᠦᠯᠲᠡᠢ ᠲᠥᠯᠥᠪᠯᠡᠵᠦ ᠬᠡᠷᠡᠭᠯᠡᠨ᠎ᠡ᠃

       ᠳᠥᠴᠢᠨ ᠭᠤᠷᠪᠠᠳᠤᠭ᠋ᠠᠷ ᠵᠦᠢ᠍ᠯ    ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ  ᠰᠢᠯᠵᠢᠭᠦᠯᠦᠨ   ᠲᠥᠯᠥᠬᠦ᠎ᠪᠠᠷ ᠳᠠᠮᠵᠢᠭᠤᠯᠤᠨ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠪᠠᠢ᠌ᠭᠤᠯᠬᠤ ᠵᠢ᠎ᠨᠢ  ᠳᠡᠮᠵᠢᠵᠦ ᠪᠣᠯᠣᠨ᠎ᠠ᠂  ᠮᠥᠨ ᠴᠦ᠍ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠯᠤᠭ᠎ᠠ ᠬᠠᠮᠲᠤ᠎ᠪᠠᠷ ᠪᠡᠯᠡ ᠭᠠᠷᠭ᠋ᠠᠵᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠪᠠᠢ᠌ᠭᠤᠯᠤᠭᠰᠠᠨ ᠪᠣᠯᠣᠨ᠎ᠠ᠃

       ᠳᠥᠴᠢᠨ ᠳᠥᠷᠪᠡᠳᠦᠭᠡᠷ ᠵᠦᠢ᠍ᠯ    ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠳᠤ ᠪᠡᠯᠡ ᠮᠥᠩᠭᠥ ᠰᠠᠯᠭ᠋ᠠᠨ ᠥᠭᠬᠦ᠎ᠳᠤ᠎ᠪᠠᠨ᠂  ᠲᠤᠰ ᠬᠤᠭᠤᠴᠠᠭ᠋ᠠᠨ᠎ᠤ ᠲᠥᠰᠥᠪ᠎ᠤᠨ ᠵᠠᠷᠤᠯᠭ᠎ᠠ ᠵᠢ ᠨᠡᠮᠡᠵᠦ ᠵᠢᠭᠰᠠᠭ᠋ᠠᠨ᠂  ᠵᠠᠷᠤᠯᠭ᠎ᠠ ᠵᠢᠨ ᠴᠢᠭᠯᠡᠯ ᠵᠶ᠋ᠡᠷ ᠬᠠᠷᠠᠭ᠋ᠠᠯᠵᠠᠭᠰᠠᠨ ᠵᠠᠷᠤᠯᠭ᠎ᠠ ᠵᠢᠨ ᠲᠥᠷᠥᠯ ᠬᠤᠪᠢᠶᠠᠵᠤ ᠠᠩᠭᠢᠯᠠᠭᠰᠠᠨ ᠵᠦᠢ᠍ᠯ ᠵᠶ᠋ᠡᠷ ᠳᠠᠮᠵᠢᠭᠤᠯᠵᠤ ᠲᠤᠰᠬᠠᠬᠤ ᠬᠡᠷᠡᠭᠲᠡᠢ᠃

       ᠪᠡᠯᠡ ᠣᠷᠣᠭᠤᠯᠤᠯᠲᠠ ᠵᠢᠨ ᠠᠰᠢᠭ ᠣᠯᠵᠠᠪᠤᠷᠢ ᠵᠢ ᠣᠯᠬᠤ᠎ᠳᠤ᠎ᠪᠠᠨ᠂  ᠲᠤᠰ ᠬᠤᠭᠤᠴᠠᠭ᠋ᠠᠨ᠎ᠤ ᠲᠥᠰᠥᠪ᠎ᠤᠨ ᠣᠷᠣᠯᠭ᠎ᠠ ᠵᠢ ᠨᠡᠮᠡᠭᠳᠡᠭᠦᠯᠬᠦ᠎ᠪᠠᠷ ᠰᠢᠢ᠍ᠳᠪᠦᠷᠢᠯᠡᠵᠦ᠂  ᠬᠠᠮᠢᠶ᠎ᠠ ᠪᠦᠬᠦᠢ ᠲᠥᠰᠥᠪ᠎ᠤᠨ ᠣᠷᠣᠯᠭ᠎ᠠ ᠵᠢᠨ ᠠᠩᠭᠢᠯᠠᠭᠰᠠᠨ ᠵᠦᠢ᠍ᠯ ᠵᠶ᠋ᠡᠷ ᠳᠠᠮᠵᠢᠭᠤᠯᠵᠤ ᠲᠤᠰᠬᠠᠬᠤ ᠬᠡᠷᠡᠭᠲᠡᠢ᠃

       ᠰᠠᠭᠤᠷᠢ ᠮᠥᠩᠭᠥ ᠵᠢ ᠢᠯᠭ᠋ᠠᠷᠠᠭᠤᠯᠤᠨ ᠪᠣᠳᠣᠬᠤ ᠪᠤᠶᠤ ᠪᠡᠯᠡ ᠣᠷᠣᠭᠤᠯᠤᠯᠲᠠ ᠵᠢ ᠪᠤᠴᠠᠭ᠋ᠠᠨ ᠬᠤᠷᠢᠶᠠᠬᠤ᠎ᠳᠤ᠎ᠪᠠᠨ ᠲᠤᠰ ᠬᠤᠭᠤᠴᠠᠭ᠋ᠠᠨ᠎ᠤ ᠡᠳ᠋᠎ᠤᠨ ᠵᠠᠰᠠᠭ᠎ᠤᠨ ᠵᠠᠷᠤᠯᠭ᠎ᠠ ᠵᠢ ᠲᠤᠯᠭ᠋ᠠᠨ ᠬᠠᠰᠤᠬᠤ᠎ᠪᠠᠷ ᠰᠢᠢ᠍ᠳᠪᠦᠷᠢᠯᠡᠨ᠎ᠡ᠃

       ᠨᠠᠢ᠍ᠮᠠᠳᠤᠭ᠋ᠠᠷ ᠪᠦᠯᠦᠭ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠡᠳ᠋ ᠬᠥᠷᠥᠩᠭᠡ ᠵᠢᠨ ᠬᠠᠮᠢᠶᠠᠷᠤᠯᠲᠠ

       ᠳᠥᠴᠢᠨ ᠲᠠᠪᠤᠳᠤᠭ᠋ᠠᠷ ᠵᠦᠢ᠍ᠯ    ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ 《ᠡᠳ᠋᠎ᠤᠨ ᠵᠠᠰᠠᠭ᠎ᠤᠨ ᠶᠡᠷᠦᠩᠬᠡᠢ ᠲᠥᠰᠥᠪ᠎ᠤᠨ ᠨᠢᠭᠲᠠᠯᠠᠨ ᠪᠣᠳᠣᠬᠤ ᠳᠦᠷᠢᠮ》᠎ᠤᠨ ᠲᠣᠭᠲᠠᠭ᠋ᠠᠯ ᠶᠣᠰᠣᠭ᠋ᠠᠷ᠂  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠳᠠᠬᠢ ᠵᠠᠰᠠᠭ᠎ᠤᠨ ᠣᠷᠳᠣᠨ᠎ᠠᠴᠠ ᠪᠡᠯᠡ ᠭᠠᠷᠭ᠋ᠠᠭᠰᠠᠨ ᠬᠡᠰᠡᠭ᠎ᠠᠴᠠ ᠪᠤᠶ ᠪᠣᠯᠤᠭᠰᠠᠨ ᠡᠳ᠋ ᠬᠥᠷᠥᠩᠭᠡ ᠪᠠ ᠡᠷᠬᠡ ᠠᠰᠢᠭ᠎ᠢ  ᠪᠦᠷᠢᠨ ᠪᠦᠲᠦᠨ ᠣᠨᠣᠪᠴᠢᠲᠠᠶ ᠲᠤᠰᠬᠠᠬᠤ ᠬᠡᠷᠡᠭᠲᠡᠢ᠃

       ᠲᠤᠰ ᠠᠷᠭ᠎ᠠ ᠵᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠪᠠᠢ᠌ᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠵᠠᠰᠠᠭ᠎ᠤᠨ ᠣᠷᠳᠣᠨ᠎ᠠᠴᠠ ᠭᠠᠷᠭ᠋ᠠᠭᠰᠠᠨ ᠪᠡᠯᠡ ᠮᠥᠩᠭᠥᠨ᠎ᠤ ᠨᠠᠢ᠌ᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ  ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ᠂  ᠵᠠᠰᠠᠭ᠎ᠤᠨ ᠣᠷᠳᠣᠨ᠎ᠤ ᠨᠡᠶ᠋ᠢᠲᠡ ᠪᠡᠯᠡ ᠣᠷᠤᠭᠤᠯᠤᠯᠲᠠ᠎ᠠᠴᠠ ᠪᠤᠶ ᠪᠣᠯᠤᠭᠰᠠᠨ ᠡᠳ᠋ ᠬᠥᠷᠥᠩᠭᠡ᠂  ᠡᠷᠬᠡ ᠠᠰᠢᠭ ᠪᠣᠯᠣᠨ ᠬᠤᠪᠢᠶᠠᠨ ᠡᠳ᠋ᠯᠡᠪᠡᠰᠦ ᠵᠣᠬᠢᠬᠤ ᠪᠡᠯᠡ ᠣᠷᠣᠭᠤᠯᠤᠯᠲᠠ ᠵᠢᠨ ᠠᠰᠢᠭ ᠣᠯᠵᠠᠪᠤᠷᠢ ᠵᠢ ᠴᠠᠭ ᠲᠤᠬᠠᠢ᠎ᠳᠤ᠎ᠨᠢ  ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃  ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ  ᠲᠤᠰ ᠠᠷᠭ᠎ᠠ ᠪᠣᠯᠣᠨ 《ᠡᠳ᠋᠎ᠤᠨ ᠵᠠᠰᠠᠭ᠎ᠤᠨ ᠶᠡᠷᠦᠩᠬᠡᠢ ᠲᠥᠰᠥᠪ᠎ᠤᠨ ᠨᠢᠭᠲᠠᠯᠠᠨ ᠪᠣᠳᠣᠬᠤ ᠳᠦᠷᠢᠮ》᠎ᠤᠨ ᠱᠠᠭ᠋ᠠᠷᠳᠠᠯᠭ᠎ᠠ ᠶᠣᠰᠣᠭ᠋ᠠᠷ᠂  ᠵᠠᠰᠠᠭ᠎ᠤᠨ ᠣᠷᠳᠣᠨ᠎ᠤ ᠡᠳ᠋ ᠬᠥᠷᠥᠩᠭᠡ ᠪᠣᠯᠣᠨ ᠡᠷᠬᠡ ᠠᠰᠢᠭ᠎ᠢ  ᠵᠣᠬᠢᠴᠠᠩᠭᠤᠢ᠎ᠪᠠᠷ ᠨᠡᠮᠡᠭᠳᠡᠭᠦᠯᠦᠨ᠎ᠡ᠃

       ᠳᠥᠴᠢᠨ ᠵᠢᠷᠭᠤᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠬᠤᠪᠢᠶᠠᠯᠴᠠᠪᠠᠰᠤ ᠵᠣᠬᠢᠬᠤ ᠪᠡᠯᠡ ᠣᠷᠣᠭᠤᠯᠤᠯᠲᠠ ᠵᠢᠨ ᠠᠰᠢᠭ   ᠠᠯᠳᠠᠭᠳᠠᠯ᠎ᠢ ᠡᠷᠬᠡ ᠠᠰᠢᠭ᠎ᠤᠨ ᠬᠠᠤᠯᠢ᠎ᠪᠠᠷ ᠲᠣᠭ᠋ᠠᠴᠠᠭ᠎ᠠ ᠬᠢᠨ᠎ᠡ᠃  ᠰᠠᠭᠤᠷᠢ ᠮᠥᠩᠭᠥ ᠪᠠᠢ᠌ᠭᠤᠯᠤᠭᠰᠠᠨ ᠰᠠᠯᠠᠭ᠎ᠠ ᠮᠥᠴᠢᠷ᠎ᠨᠢ  ᠲᠤᠬᠠᠢ ᠵᠢᠨ ᠣᠨ ᠵᠢᠯ ᠳᠠᠭᠤᠰᠤᠭᠰᠠᠨ᠎ᠤ ᠳᠠᠷᠠᠭ᠎ᠠ ᠪᠦᠬᠦ ᠵᠢᠯ᠎ᠤᠨ ᠪᠡᠯᠡ ᠣᠷᠣᠭᠤᠯᠤᠯᠲᠠ ᠵᠢᠨ ᠠᠰᠢᠭ ᠣᠯᠵᠠᠪᠤᠷᠢ ᠪᠤᠶᠤ ᠠᠯᠳᠠᠭᠳᠠᠯ᠎ᠤᠨ ᠪᠠᠢ᠌ᠳᠠᠯ ᠵᠶ᠋ᠠᠨ ᠴᠠᠭ ᠲᠤᠬᠠᠢ᠎ᠳᠤ᠎ᠨᠢ  ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠵᠢᠨ ᠬᠠᠮᠲᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠬᠠᠭᠤᠯᠤᠨ ᠢᠯᠡᠭᠡᠬᠦ ᠬᠡᠷᠡᠭᠲᠡᠢ᠃

       ᠳᠥᠴᠢᠨ ᠳᠣᠯᠣᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠤᠯᠠᠷᠢᠯ ᠵᠶ᠋ᠠᠷ ᠡᠳ᠋ ᠬᠥᠷᠥᠩᠭᠡ ᠵᠢᠨ ᠥᠷᠢᠲᠦᠯ᠎ᠤᠨ ᠬᠦᠰᠦᠨᠦᠭᠲᠦ᠂  ᠠᠰᠢᠭ ᠠᠯᠳᠠᠪᠤᠷᠢ ᠵᠢᠨ ᠬᠦᠰᠦᠨᠦᠭᠲᠦ ᠵᠢᠴᠢ ᠪᠡᠯᠡᠨ ᠵᠣᠭᠣᠰ᠎ᠤᠨ ᠭᠦᠢ᠍ᠯᠭᠡᠭᠡᠨ᠎ᠤ ᠬᠡᠮᠵᠢᠶ᠎ᠡ ᠵᠢᠨ ᠬᠦᠰᠦᠨᠦᠭᠲᠦ ᠵᠡᠷᠭᠡ ᠮᠡᠳᠡᠭᠦᠯᠬᠦ ᠬᠦᠰᠦᠨᠦᠭᠲᠦ ᠵᠢ ᠨᠠᠢ᠌ᠷᠠᠭᠤᠯᠤᠨ ᠵᠣᠬᠢᠶᠠᠬᠤ ᠵᠢᠨ ᠬᠠᠮᠲᠤ ᠡᠳ᠋᠎ᠤᠨ ᠵᠠᠰᠠᠭ᠎ᠤᠨ ᠶᠠᠮᠤᠨ᠎ᠤ ᠮᠡᠳᠡᠭᠦᠯᠬᠦ ᠬᠦᠰᠦᠨᠦᠭᠲᠦ ᠵᠢᠨ ᠰᠢᠰᠲ᠋ᠧᠮ ᠵᠶ᠋ᠡᠷ ᠳᠠᠮᠵᠢᠭᠤᠯᠤᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃

       ᠶᠢᠰᠦᠳᠦᠭᠡᠷ ᠪᠦᠯᠦᠭ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ  ᠠᠮᠵᠢᠯᠲᠠ ᠪᠦᠲᠦᠮᠵᠢ ᠵᠢᠨ ᠦᠨᠡᠯᠡᠯᠲᠡ ᠬᠢᠭᠡᠳ ᠬᠢᠨᠠᠯᠲᠠ ᠬᠠᠮᠢᠶᠠᠷᠤᠯᠲᠠ

       ᠳᠥᠴᠢᠨ ᠨᠠᠢ᠍ᠮᠠᠳᠤᠭ᠋ᠠᠷ ᠵᠦᠢ᠍ᠯ    ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ  ᠰᠠᠭᠤᠷᠢ ᠮᠥᠩᠭᠥᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠳᠦᠷᠢᠮ᠎ᠢ  ᠪᠠᠶ᠋ᠢᠭᠤᠯᠬᠤ ᠵᠢ ᠬᠠᠷᠢᠭᠤᠴᠠᠵᠤ᠂  ᠬᠣᠯᠪᠣᠭᠳᠠᠯ ᠪᠦᠬᠦᠢ ᠦᠨᠡᠯᠡᠬᠦ ᠭᠦᠢ᠍ᠴᠡᠳᠬᠡᠯ ᠲᠣᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂  ᠬᠡᠷᠡᠭᠴᠡᠭᠡ᠎ᠪᠠᠨ ᠦᠨᠳᠦᠰᠦᠯᠡᠨ ᠭᠤᠷᠪᠠᠳᠠᠭᠢ ᠡᠲᠡᠭᠡᠳ᠎ᠤᠨ ᠵᠠᠭᠤᠴᠢ ᠪᠠᠢ᠌ᠭᠤᠯᠤᠮᠵᠢ ᠵᠢ ᠤᠷᠢᠵᠤ ᠰᠠᠭᠤᠷᠢ ᠮᠥᠩᠭᠥᠨ᠎ᠤ ᠲᠥᠷᠥ ᠵᠢᠨ ᠪᠣᠳᠣᠯᠭ᠎ᠠ ᠵᠢᠨ ᠬᠠᠷᠠᠯᠲᠠ ᠵᠢ ᠪᠡᠶᠡᠯᠡᠭᠦᠯᠦᠭᠰᠡᠨ ᠬᠡᠮᠵᠢᠶ᠎ᠡ᠂  ᠰᠠᠭᠤᠷᠢ ᠮᠥᠩᠭᠥ ᠬᠠᠮᠢᠶᠠᠷᠤᠭᠴᠢ ᠵᠢᠨ ᠪᠡᠯᠡ ᠣᠷᠣᠭᠤᠯᠤᠨ ᠡᠵᠡᠩᠨᠡᠭᠰᠡᠨ ᠪᠠᠢ᠌ᠳᠠᠯ᠂  ᠡᠳ᠋᠎ᠤᠨ ᠵᠠᠰᠠᠭ᠎ᠤᠨ ᠪᠡᠯᠡ ᠮᠥᠩᠭᠥᠨ᠎ᠤ ᠣᠯᠵᠠᠪᠤᠷᠢ ᠠᠯᠳᠠᠪᠤᠷᠢ ᠵᠢᠨ ᠪᠠᠢ᠌ᠳᠠᠯ ᠵᠡᠷᠭᠡ᠎ᠳᠤ ᠭᠣᠣᠯᠳᠠᠯᠭ᠎ᠠ᠎ᠲᠠᠢ ᠠᠮᠵᠢᠯᠲᠠ ᠪᠦᠲᠦᠮᠵᠢ ᠵᠢᠨ ᠦᠨᠡᠯᠡᠯᠲᠡ ᠪᠠ ᠰᠢᠯᠭ᠋ᠠᠨ ᠬᠢᠨᠠᠯᠲᠠ ᠬᠢᠵᠦ᠂  ᠦᠨᠡᠯᠡᠵᠦ ᠰᠢᠯᠭ᠋ᠠᠨ ᠬᠢᠨᠠᠭᠰᠠᠨ ᠪᠠ ᠠᠵᠢᠯ᠎ᠤᠨ ᠠᠮᠵᠢᠯᠲᠠ ᠪᠦᠲᠦᠮᠵᠢ ᠵᠢ ᠥᠪᠡᠷ ᠵᠶ᠋ᠡᠨ ᠦᠨᠡᠯᠡᠭᠰᠡᠨ ᠦᠷ᠎ᠡ ᠳ᠋ᠦᠩ᠎ᠢ  ᠰᠠᠭᠤᠷᠢ ᠮᠥᠩᠭᠥ ᠵᠢ ᠦᠷᠭᠦᠯᠵᠢᠯᠡᠭᠦᠯᠬᠦ᠂  ᠬᠥᠷᠥᠩᠭᠡ ᠵᠢ ᠨᠡᠮᠡᠭᠳᠡᠭᠦᠯᠦᠨ ᠰᠲ᠋ᠣᠺ᠎ᠢ ᠥᠷᠭᠡᠳᠬᠡᠬᠦ᠂  ᠤᠷᠢᠳᠴᠢᠯᠠᠨ ᠳᠠᠭᠤᠰᠬᠠᠬᠤ ᠵᠢᠴᠢ ᠨᠠᠢ᠌ᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ ᠪᠠ ᠰᠠᠭᠤᠷᠢ ᠮᠥᠩᠭᠥ ᠬᠠᠮᠢᠶᠠᠷᠤᠭᠴᠢ ᠵᠢᠨ ᠬᠠᠮᠢᠶᠠᠷᠤᠯᠲᠠ ᠵᠢᠨ ᠵᠠᠷᠤᠳᠠᠯ᠎ᠢ ᠪᠤᠳᠤᠬᠤ ᠵᠢᠨ ᠴᠢᠬᠤᠯᠠ ᠦᠨᠳᠦᠰᠦᠯᠡᠯ ᠪᠣᠯᠭ᠋ᠠᠨ᠎ᠠ᠃

       ᠳᠥᠴᠢ ᠶᠢᠰᠦᠳᠦᠭᠡᠷ ᠵᠦᠢ᠍ᠯ    ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ  ᠬᠠᠷᠢᠶ᠎ᠠ ᠣᠷᠣᠨ᠎ᠤ ᠳᠣᠲᠣᠷ᠎ᠠ ᠳᠠᠩᠰᠠᠯᠠᠭᠤᠯᠤᠭᠰᠠᠨ ᠬᠤᠪᠢ᠎ᠪᠠᠷ ᠵᠶ᠋ᠠᠨ ᠵᠣᠭᠣᠰ ᠴᠤᠭᠯᠠᠭᠤᠯᠤᠭᠰᠠᠨ ᠰᠠᠭᠤᠷᠢ ᠮᠥᠩᠭᠥ ᠬᠠᠮᠢᠶᠠᠷᠤᠭᠴᠢ ᠵᠢᠴᠢ ᠲᠡᠭᠦᠨ᠎ᠤ ᠬᠠᠮᠢᠶᠠᠷᠴᠤ ᠪᠦᠬᠦᠢ ᠬᠤᠪᠢ᠎ᠪᠠᠷ ᠵᠶ᠋ᠠᠨ ᠵᠣᠭᠣᠰ ᠴᠤᠭᠯᠠᠭᠤᠯᠤᠭᠰᠠᠨ ᠰᠠᠭᠤᠷᠢ ᠮᠥᠩᠭᠥᠨ᠎ᠤ ᠨᠡᠷᠡᠳᠭᠦᠨ᠂  ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠨᠠᠢ᠌ᠳᠠᠯᠭ᠎ᠠ᠎ᠪᠠᠷ ᠬᠠᠮᠢᠶᠠᠷᠬᠤ ᠪᠠᠢ᠌ᠭᠤᠯᠤᠮᠵᠢ᠎ᠳᠠᠬᠢ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂  ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠵᠢᠯᠴᠠᠨ ᠬᠤᠪᠢ᠎ᠪᠠᠷ ᠵᠶ᠋ᠠᠨ ᠵᠣᠭᠣᠰ ᠴᠤᠭᠯᠠᠭᠤᠯᠬᠤ ᠰᠠᠭᠤᠷᠢ ᠮᠥᠩᠭᠥ ᠵᠢᠨ ᠬᠦᠷᠢᠶᠡᠨ᠎ᠤ ᠲᠦᠭᠰᠢᠭᠦᠷᠢ ᠵᠢ ᠰᠢᠢ᠍ᠳᠪᠦᠷᠢᠯᠡᠵᠦ ᠠᠷᠢᠯᠭ᠋ᠠᠬᠤ ᠠᠵᠢᠯ᠎ᠢ  ᠰᠠᠢ᠌ᠲᠤᠷ ᠬᠢᠬᠦ ᠬᠡᠷᠡᠭᠲᠡᠢ᠃

       ᠲᠠᠪᠢᠳᠤᠭ᠋ᠠᠷ ᠵᠦᠢ᠍ᠯ    ᠬᠢᠨᠠᠨ ᠪᠣᠳᠣᠬᠤ ᠰᠠᠯᠠᠭ᠎ᠠ ᠮᠥᠴᠢᠷ᠎ᠨᠢ  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠠᠵᠢᠯᠯᠠᠭ᠋ᠠᠨ᠎ᠤ ᠪᠠᠢ᠌ᠳᠠᠯ᠎ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠵᠢ ᠬᠠᠷᠢᠭᠤᠴᠠᠨ᠎ᠠ᠃  ᠬᠢᠨᠠᠨ ᠪᠣᠳᠣᠯᠲᠠ᠎ᠪᠠᠷ ᠢᠯᠡᠷᠡᠭᠦᠯᠦᠭᠰᠡᠨ ᠠᠰᠠᠭᠤᠳᠠᠯ᠎ᠢ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠥᠪ᠎ᠤᠨ ᠬᠠᠤᠯᠢ》᠂ 《ᠡᠳ᠋᠎ᠤᠨ ᠵᠠᠰᠠᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠬᠡᠨ ᠲᠣᠷᠭ᠋ᠠᠬᠤ ᠳᠦᠷᠢᠮ》  ᠵᠡᠷᠭᠡ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠵᠦ᠂  ᠶᠠᠯ᠎ᠠ ᠬᠢᠭᠰᠡᠨ ᠵᠶ᠋ᠡᠷ ᠰᠡᠵᠢᠭᠯᠡᠭᠳᠡᠭᠰᠡᠨ ᠪᠣᠯ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠵᠦ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃

       ᠲᠠᠪᠢᠨ ᠨᠢᠭᠡᠳᠦᠭᠡᠷ ᠵᠦᠢ᠍ᠯ    ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠢ᠌ᠳᠠᠯᠭ᠎ᠠ ᠬᠦᠯᠢᠶᠡᠭᠰᠡᠨ   ᠬᠠᠮᠢᠶᠠᠷᠤᠯᠲᠠ ᠵᠢᠨ ᠪᠠᠢ᠌ᠭᠤᠯᠤᠮᠵᠢ᠂  ᠰᠠᠭᠤᠷᠢ ᠮᠥᠩᠭᠥ ᠬᠠᠮᠢᠶᠠᠷᠤᠭᠴᠢ᠂  ᠰᠠᠭᠤᠷᠢ ᠮᠥᠩᠭᠥ ᠵᠢ ᠨᠠᠶ᠋ᠢᠳᠠᠯᠭ᠎ᠠ᠎ᠪᠠᠷ ᠬᠠᠮᠢᠶᠠᠷᠤᠭᠴᠢ᠎ᠨᠢ  ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠰᠠᠭᠤᠷᠢ ᠮᠥᠩᠭᠥ ᠵᠢᠨ ᠳᠦᠷᠢᠮ ᠲᠣᠭᠲᠠᠭ᠋ᠠᠯ᠎ᠤᠨ   ᠪᠣᠯᠵᠣᠯ ᠶᠣᠰᠣᠭ᠋ᠠᠷ᠂  ᠴᠢᠬᠤᠯᠠ ᠶᠡᠬᠡ ᠵᠦᠢ᠍ᠯᠡᠰ᠎ᠢ ᠮᠡᠳᠡᠭᠦᠯᠬᠦ ᠡᠭᠦᠷᠭᠡ ᠬᠠᠷᠢᠭᠤᠴᠠᠯᠭ᠎ᠠ᠎ᠪᠠᠨ ᠴᠠᠭ ᠲᠤᠬᠠᠢ᠎ᠳᠤ᠎ᠨᠢ  ᠭᠦᠢ᠍ᠴᠡᠳᠬᠡᠵᠦ᠂  ᠡᠳᠦᠷ ᠲᠤᠲᠤᠮ᠎ᠤᠨ ᠪᠡᠯᠡ ᠣᠷᠣᠭᠤᠯᠵᠤ ᠠᠵᠢᠯᠯᠠᠭᠤᠯᠬᠤ ᠶᠠᠪᠤᠴᠠ᠎ᠳᠤ ᠡᠭᠦᠰᠦᠭᠰᠡᠨ ᠴᠢᠬᠤᠯᠠ ᠶᠡᠬᠡ ᠵᠦᠢ᠍ᠯᠡᠰ ᠵᠶ᠋ᠡᠨ ᠴᠠᠭ ᠲᠤᠬᠠᠢ᠎ᠳᠤ᠎ᠨᠢ  ᠮᠡᠳᠡᠭᠦᠯᠬᠦ ᠬᠡᠷᠡᠭᠲᠡᠢ᠃  ᠴᠢᠬᠤᠯᠠ ᠶᠡᠬᠡ ᠵᠦᠢ᠍ᠯᠡᠰ᠎ᠲᠤ ᠺᠣᠮᠫᠠᠨᠢ ᠵᠢᠨ ᠳᠦᠷᠢᠮ ᠲᠣᠭᠲᠠᠭ᠋ᠠᠯ᠎ᠳᠤ ᠵᠠᠰᠠᠪᠤᠷᠢ ᠣᠷᠣᠭᠤᠯᠬᠤ᠂  ᠬᠥᠷᠥᠩᠭᠡ ᠵᠢᠨ ᠨᠡᠮᠡᠭᠳᠡᠯ ᠬᠣᠷᠣᠭᠳᠠᠯ᠂  ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ᠎ᠢ ᠬᠤᠪᠢᠷᠠᠭᠤᠯᠬᠤ᠂  ᠨᠡᠢ᠌ᠯᠡᠭᠦᠯᠬᠦ᠂  ᠢᠯᠭ᠋ᠠᠷᠠᠭᠤᠯᠤᠨ ᠪᠤᠳᠤᠬᠤ ᠵᠡᠷᠭᠡ ᠪᠠᠭᠲᠠᠬᠤ ᠪᠣᠯᠪᠠᠴᠤ ᠡᠳᠡᠭᠡᠷ᠎ᠲᠤ ᠬᠢᠵᠠᠭ᠋ᠠᠷᠯᠠᠭᠳᠠᠬᠤ ᠦᠭᠡᠢ᠃  ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢᠨ ᠨᠠᠢ᠌ᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ  ᠲᠤᠰ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠣᠯᠣᠨ ᠪᠤᠰᠤᠳ ᠪᠡᠯᠡ ᠭᠠᠷᠭ᠋ᠠᠭᠴᠢ᠎ᠳᠤ ᠬᠤᠷᠢᠶᠠᠩᠭᠤᠢ᠌ᠯᠠᠨ   ᠮᠡᠳᠡᠭᠦᠯᠵᠦ ᠬᠦᠷᠭᠡᠬᠦ ᠠᠵᠢᠯ᠎ᠢ ᠬᠠᠷᠢᠭᠤᠴᠠᠵᠤ᠂  ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠬᠦ ᠵᠢᠨ ᠬᠠᠮᠲᠤ ᠲᠤᠰ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ ᠪᠣᠯᠣᠨ ᠰᠠᠭᠤᠷᠢ ᠮᠥᠩᠭᠥ ᠪᠠᠢ᠌ᠭᠤᠯᠤᠭᠰᠠᠨ ᠰᠠᠯᠠᠭ᠎ᠠ ᠮᠥᠴᠢᠷ᠎ᠲᠤ ᠬᠠᠭᠤᠯᠤᠨ ᠢᠯᠡᠭᠡᠬᠦ ᠬᠡᠷᠡᠭᠲᠡᠢ᠃

       ᠲᠠᠪᠢᠨ ᠬᠣᠶᠠᠳᠤᠭ᠋ᠠᠷ ᠵᠦᠢ᠍ᠯ    ᠰᠠᠭᠤᠷᠢ ᠮᠥᠩᠭᠥ ᠪᠠᠢ᠌ᠭᠤᠯᠤᠭᠰᠠᠨ ᠰᠠᠯᠠᠭ᠎ᠠ ᠮᠥᠴᠢᠷ᠎ᠨᠢ  ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ᠎ᠪᠠᠨ ᠬᠠᠷᠢᠯᠴᠠᠨ ᠨᠡᠪᠲᠡᠷᠡᠯᠴᠡᠵᠦ ᠬᠠᠮᠲᠤ᠎ᠪᠠᠷ ᠬᠦᠷᠲᠡᠬᠦ ᠲᠣᠭᠲᠠᠴᠠ ᠵᠢ ᠪᠠᠢ᠌ᠭᠤᠯᠵᠤ᠂  ᠬᠥᠭᠵᠢᠭᠦᠯᠦᠯᠲᠡ ᠪᠠ ᠥᠭᠡᠷᠡᠴᠢᠯᠡᠯᠲᠡ᠂  ᠡᠳ᠋᠎ᠤᠨ ᠵᠠᠰᠠᠭ᠂  ᠬᠢᠨᠠᠨ ᠪᠣᠳᠣᠬᠤ᠂  ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠯᠦᠭᠡ ᠰᠠᠭᠤᠷᠢ ᠮᠥᠩᠭᠥ ᠪᠠᠶ᠋ᠢᠭᠤᠯᠬᠤ᠂  ᠪᠠᠢ᠌ᠴᠠᠭ᠋ᠠᠵᠤ ᠬᠢᠨᠠᠨ ᠬᠡᠮᠵᠢᠬᠦ᠂  ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠡᠷᠭᠡ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ  ᠬᠠᠮᠲᠤ᠎ᠳᠤ᠎ᠪᠠᠨ ᠬᠦᠷᠲᠡᠬᠦ ᠬᠡᠷᠡᠭᠲᠡᠢ᠃  ᠠᠮᠵᠢᠯᠲᠠ ᠪᠦᠲᠦᠮᠵᠢ ᠵᠢ ᠦᠨᠡᠯᠡᠭᠰᠡᠨ ᠦᠷ᠎ᠡ ᠳ᠋ᠦᠩ᠎ᠲᠠᠢ᠎ᠪᠠᠨ ᠤᠶᠠᠯᠳᠤᠭᠤᠯᠤᠨ᠂  ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠵᠢ ᠬᠡᠷᠡᠭᠵᠢᠭᠦᠯᠦᠨ᠎ᠡ᠃

       ᠠᠷᠪᠠᠳᠤᠭ᠋ᠠᠷ ᠪᠦᠯᠦᠭ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠳᠠᠭᠤᠰᠬᠠᠬᠤ ᠪᠠ ᠪᠤᠴᠠᠭ᠋ᠠᠵᠤ ᠭᠠᠷᠭ᠋ᠠᠬᠤ

       ᠲᠠᠪᠢᠨ ᠭᠤᠷᠪᠠᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠡᠩ᠎ᠤᠨ ᠪᠠᠢ᠌ᠳᠠᠯ ᠳᠣᠣᠷ᠎ᠠ ᠣᠷᠣᠰᠢᠨ ᠦᠷᠭᠦᠯᠵᠢᠯᠡᠬᠦ ᠬᠤᠭᠤᠴᠠᠭ᠎ᠠ᠎ᠨᠢ  ᠲᠤᠯᠤᠭᠰᠠᠨ᠎ᠤ ᠳᠠᠷᠠᠭ᠎ᠠ ᠳᠠᠭᠤᠰᠬᠠᠬᠤ ᠬᠡᠷᠡᠭᠲᠡᠢ᠃  ᠬᠤᠭᠤᠴᠠᠭ᠎ᠠ ᠵᠢ᠎ᠨᠢ  ᠦᠨᠡᠨ ᠬᠦ᠌ ᠤᠷᠲᠤᠳᠬᠠᠬᠤ ᠴᠢᠬᠤᠯᠠ᠎ᠲᠠᠢ ᠪᠣᠯ ᠰᠠᠭᠤᠷᠢ ᠮᠥᠩᠭᠥ ᠪᠠᠢ᠌ᠭᠤᠯᠤᠭᠰᠠᠨ ᠰᠠᠯᠠᠭ᠎ᠠ ᠮᠥᠴᠢᠷ᠎ᠠᠴᠠ ᠰᠠᠭᠤᠷᠢ ᠮᠥᠩᠭᠥ ᠵᠢᠨ ᠬᠤᠭᠤᠴᠠᠭ᠎ᠠ᠎ᠨᠢ  ᠲᠤᠯᠬᠤ᠎ᠠᠴᠠ ᠡᠮᠦᠨ᠎ᠡ 1 ᠵᠢᠯ᠎ᠤᠨ ᠳᠣᠲᠣᠷ᠎ᠠ ᠭᠤᠶᠤᠴᠢᠯᠠᠯ ᠭᠠᠷᠭ᠋ᠠᠵᠤ᠂  ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ᠂  ᠪᠤᠰᠤᠳ ᠪᠡᠯᠡ ᠭᠠᠷᠭ᠋ᠠᠭᠴᠢ ᠎ᠯᠤᠭ᠎ᠠ  ᠳᠦᠷᠢᠮ ᠲᠣᠭᠲᠠᠭ᠋ᠠᠯ᠎ᠳᠤ ᠪᠣᠯᠵᠣᠨ ᠲᠣᠭᠲᠠᠭᠰᠠᠨ ᠳᠡᠰ ᠳᠠᠷᠠᠭ᠋ᠠᠯᠠᠯ᠎ᠤᠨ ᠶᠣᠰᠣᠭ᠋ᠠᠷ ᠭᠦᠢ᠍ᠴᠡᠳᠬᠡᠬᠦ ᠬᠡᠷᠡᠭᠲᠡᠢ᠃

       ᠲᠠᠪᠢᠨ ᠳᠥᠷᠪᠡᠳᠦᠭᠡᠷ ᠵᠦᠢ᠍ᠯ    ᠳᠣᠣᠷᠠᠬᠢ ᠪᠠᠢ᠌ᠳᠠᠯ᠎ᠠᠴᠠ ᠨᠢᠭᠡ᠎ᠨᠢ  ᠭᠠᠷᠪᠠᠯ᠂  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠳᠠᠭᠤᠰᠬᠠᠬᠤ ᠵᠢᠨ ᠬᠠᠮᠲᠤ ᠢᠯᠭ᠋ᠠᠷᠠᠭᠤᠯᠤᠨ ᠪᠣᠳᠣᠬᠤ ᠬᠡᠷᠡᠭᠲᠡᠢ᠄

     (ᠨᠢᠭᠡ)  ᠰᠠᠭᠤᠷᠢ ᠮᠥᠩᠭᠥᠨ᠎ᠤ ᠭᠡᠷ᠎ᠡ ᠵᠢᠨ ᠬᠤᠭᠤᠴᠠᠭ᠎ᠠ᠎ᠨᠢ  ᠲᠤᠯᠤᠭᠰᠠᠨ ᠪᠠᠢ᠌ᠲᠠᠯ᠎ᠠ ᠬᠣᠢ᠌ᠰᠢᠯᠠᠭᠤᠯᠤᠭᠰᠠᠨ ᠦᠭᠡᠢ;

     (ᠬᠣᠶᠠᠷ)  ᠰᠠᠭᠤᠷᠢ ᠮᠥᠩᠭᠥᠨ᠎ᠤ ᠬᠤᠪᠢ ᠡᠵᠡᠮᠰᠢᠭᠴᠢᠳ᠎ᠤᠨ ᠶᠡᠬᠡ ᠬᠤᠷᠠᠯ᠎ᠤᠨ ᠰᠢᠢ᠍ᠳᠪᠦᠷᠢ᠎ᠪᠠᠷ ᠨᠢᠭᠡᠳᠦᠯᠲᠡᠢ   ᠪᠠᠲᠤᠯᠠᠭᠰᠠᠨ ᠪᠠᠢ᠌ᠬᠤ;

     (ᠭᠤᠷᠪᠠ)  ᠰᠠᠭᠤᠷᠢ ᠮᠥᠩᠭᠥᠨ᠎ᠤ ᠭᠡᠷ᠎ᠡ᠂  ᠳᠦᠷᠢᠮ ᠲᠣᠭᠲᠠᠭ᠋ᠠᠯ᠎ᠳᠤ ᠪᠣᠯᠵᠣᠨ ᠲᠣᠭᠲᠠᠭᠰᠠᠨ ᠪᠤᠰᠤᠳ ᠪᠠᠢ᠌ᠳᠠᠯ᠃

       ᠲᠠᠪᠢᠨ ᠲᠠᠪᠤᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ  ᠳᠠᠭᠤᠰᠬᠠᠭᠰᠠᠨ᠎ᠤ ᠳᠠᠷᠠᠭ᠎ᠠ᠂  ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠣᠯᠣᠨ ᠪᠤᠰᠤᠳ ᠪᠡᠯᠡ ᠭᠠᠷᠭ᠋ᠠᠭᠴᠢ ᠵᠢᠨ ᠬᠢᠨᠠᠯᠲᠠ ᠲᠠᠯᠪᠢᠯᠲᠠ ᠳᠣᠣᠷ᠎ᠠ ᠢᠯᠭ᠋ᠠᠷᠠᠭᠤᠯᠤᠨ ᠪᠣᠳᠣᠬᠤ ᠵᠢ ᠵᠣᠬᠢᠶᠠᠨ ᠪᠠᠢ᠌ᠭᠤᠯᠵᠤ᠂  ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠮᠥᠩᠭᠥᠨ᠎ᠤ ᠲᠣᠭ᠎ᠠ ᠪᠣᠯᠣᠨ ᠵᠠᠰᠠᠭ᠎ᠤᠨ ᠣᠷᠳᠣᠨ᠎ᠳᠤ ᠬᠠᠷᠢᠶᠠᠯᠠᠭᠳᠠᠬᠤ ᠠᠰᠢᠭ ᠣᠯᠵᠠᠪᠤᠷᠢ ᠵᠢ ᠡᠳ᠋᠎ᠤᠨ ᠵᠠᠰᠠᠭ᠎ᠤᠨ ᠤᠯᠤᠰ᠎ᠤᠨ ᠬᠥᠮᠥᠷᠭᠡ ᠵᠢᠨ ᠬᠠᠮᠢᠶᠠᠷᠤᠯᠲᠠ ᠵᠢᠨ ᠳᠦᠷᠢᠮ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠠᠭ ᠲᠤᠬᠠᠢ᠎ᠳᠤ᠎ᠨᠢ  ᠭᠦᠢ᠍ᠴᠡᠳ ᠲᠣᠭ᠎ᠠ ᠶᠣᠰᠣᠭ᠋ᠠᠷ ᠤᠯᠤᠰ᠎ᠤᠨ ᠬᠥᠮᠥᠷᠭᠡ᠎ᠳᠤ ᠲᠤᠰᠢᠶᠠᠬᠤ ᠬᠡᠷᠡᠭᠲᠡᠢ᠃

       ᠲᠠᠪᠢᠨ ᠵᠢᠷᠭᠤᠳᠤᠭ᠋ᠠᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠨᠡᠢ᠌ᠭᠡᠮ᠎ᠤᠨ ᠪᠡᠯᠡ ᠭᠠᠷᠭ᠋ᠠᠭᠴᠢ᠎ᠠᠴᠠ ᠬᠤᠳᠠᠯᠳᠤᠨ ᠠᠪᠬᠤ᠂  ᠰᠲ᠋ᠣᠺ᠎ᠤᠨ ᠡᠷᠬᠡ ᠵᠢ ᠰᠢᠯᠵᠢᠭᠦᠯᠬᠦ᠂  ᠬᠤᠭᠤᠴᠠᠭ᠎ᠠ᠎ᠨᠢ   ᠲᠤᠯᠵᠤ ᠢᠯᠭ᠋ᠠᠷᠠᠭᠤᠯᠤᠨ ᠪᠣᠳᠣᠬᠤ ᠪᠤᠶᠤ ᠵᠥᠪᠯᠡᠯᠴᠡᠭᠡᠷ᠎ᠲᠤ ᠪᠣᠯᠵᠣᠵᠤ ᠲᠣᠭᠲᠠᠭᠰᠠᠨ ᠪᠤᠰᠤᠳ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶᠢᠭ ᠵᠶ᠋ᠠᠷ ᠳᠠᠮᠵᠢᠭᠤᠯᠵᠤ ᠪᠤᠴᠠᠭ᠋ᠠᠨ ᠭᠠᠷᠭ᠋ᠠᠵᠤ ᠪᠣᠯᠣᠨ᠎ᠠ᠃  ᠪᠡᠯᠡ ᠭᠠᠷᠭ᠋ᠠᠭᠴᠢ ᠪᠡᠯᠡ ᠣᠷᠣᠭᠤᠯᠤᠯᠲᠠ ᠵᠢᠨ ᠰᠠᠭᠤᠷᠢ   ᠮᠥᠩᠭᠥᠨ᠎ᠤ ᠪᠣᠳᠠᠲᠠᠢ ᠪᠠᠢ᠌ᠳᠠᠯ᠎ᠢ  ᠦᠨᠳᠦᠰᠦᠯᠡᠨ᠂  ᠰᠠᠭᠤᠷᠢ ᠮᠥᠩᠭᠥᠨ᠎ᠤ ᠳᠦᠷᠢᠮ ᠲᠣᠭᠲᠠᠭ᠋ᠠᠯ᠂  ᠬᠣᠷᠰᠢᠬᠤ   ᠵᠥᠪᠯᠡᠯᠴᠡᠭᠡᠷ ᠪᠤᠶᠤ ᠪᠡᠯᠡ ᠣᠷᠣᠭᠤᠯᠤᠯᠲᠠ ᠵᠢᠨ ᠵᠥᠪᠯᠡᠯᠴᠡᠭᠡᠷ᠎ᠲᠤ ᠪᠤᠴᠠᠭ᠋ᠠᠵᠤ ᠭᠠᠷᠭ᠋ᠠᠬᠤ ᠨᠥᠬᠥᠴᠡᠯ ᠪᠠ ᠠᠷᠭ᠎ᠠ ᠬᠡᠯᠪᠡᠷᠢ᠎ᠪᠠᠨ ᠪᠣᠯᠵᠣᠵᠤ ᠲᠣᠭᠲᠠᠨ᠎ᠠ᠃

       ᠲᠠᠪᠢᠨ ᠳᠣᠯᠣᠳᠤᠭ᠋ᠠᠷ ᠵᠦᠢ᠍ᠯ    ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ  ᠪᠤᠰᠤᠳ ᠪᠡᠯᠡ ᠭᠠᠷᠭ᠋ᠠᠭᠴᠢ᠎ᠲᠠᠢ ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠳᠦᠷᠢᠮ ᠲᠣᠭᠲᠠᠭ᠋ᠠᠯ᠎ᠳᠤ᠎ᠪᠠᠨ ᠳᠣᠣᠷ᠎ᠠ ᠳᠤᠷᠠᠳᠤᠭᠰᠠᠨ ᠪᠠᠢ᠌ᠳᠠᠯ᠎ᠠᠴᠠ ᠨᠢᠭᠡ᠎ᠨᠢ  ᠪᠠᠢ᠌ᠪᠠᠯ᠂  ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠮᠥᠩᠭᠥ᠎ᠪᠠᠨ ᠪᠤᠰᠤᠳ ᠪᠡᠯᠡ ᠭᠠᠷᠭ᠋ᠠᠭᠴᠢ᠎ᠪᠠᠷ ᠵᠥᠪᠰᠢᠶᠡᠷᠡᠭᠦᠯᠬᠦ ᠴᠢᠬᠤᠯᠠ ᠦᠭᠡᠢ᠎ᠪᠠᠷ ᠤᠷᠢᠳᠴᠢᠯᠠᠨ ᠪᠤᠴᠠᠭ᠋ᠠᠵᠤ ᠭᠠᠷᠭ᠋ᠠᠬᠤ᠎ᠪᠠᠷ ᠰᠣᠩᠭᠣᠵᠤ ᠪᠣᠯᠬᠤ᠎ᠪᠠᠷ ᠪᠣᠯᠵᠣᠵᠤ ᠲᠣᠭᠲᠠᠬᠤ ᠬᠡᠷᠡᠭᠲᠡᠢ :

     (ᠨᠢᠭᠡ)  ᠪᠡᠯᠡ ᠣᠷᠣᠭᠤᠯᠤᠯᠲᠠ ᠵᠢᠨ ᠰᠠᠭᠤᠷᠢ ᠮᠥᠩᠭᠥᠨ᠎ᠤ ᠲᠥᠰᠥᠯ᠎ᠢ ᠨᠤᠲᠠᠯᠠᠭᠰᠠᠨ᠎ᠤ ᠳᠠᠷᠠᠭ᠎ᠠ 1 ᠵᠢᠯ ᠬᠡᠲᠦᠷᠡᠭᠰᠡᠨ ᠪᠠᠢ᠌ᠲᠠᠯ᠎ᠠ ᠲᠣᠭᠲᠠᠭᠰᠠᠨ ᠵᠢᠷᠤᠮ ᠪᠠ ᠴᠠᠭ᠎ᠤᠨ ᠱᠠᠭ᠋ᠠᠷᠳᠠᠯᠭ᠎ᠠ ᠶᠣᠰᠣᠭ᠋ᠠᠷ ᠪᠠᠶ᠋ᠢᠭᠤᠯᠬᠤ ᠭᠠᠷᠳᠠᠮ᠎ᠢ ᠪᠡᠶᠡᠯᠡᠭᠦᠯᠦᠭᠰᠡᠨ ᠦᠭᠡᠢ;

     (ᠬᠣᠶᠠᠷ)  ᠵᠠᠰᠠᠭ᠎ᠤᠨ ᠣᠷᠳᠣᠨ᠎ᠤ ᠭᠠᠷᠭ᠋ᠠᠭᠰᠠᠨ ᠪᠡᠯᠡ ᠵᠢ ᠪᠡᠯᠡ ᠣᠷᠣᠭᠤᠯᠤᠯᠲᠠ ᠵᠢᠨ ᠰᠠᠭᠤᠷᠢ   ᠮᠥᠩᠭᠥᠨ᠎ᠤ ᠲᠠᠩᠰᠠᠨ ᠡᠷᠦᠬᠡ᠎ᠳᠤ ᠰᠢᠯᠵᠢᠭᠦᠯᠦᠨ ᠥᠭᠭᠦᠭᠡᠳ 1 ᠵᠢᠯ᠎ᠠᠴᠠ ᠳᠡᠭᠡᠭᠰᠢ ᠪᠣᠯᠤᠭᠰᠠᠨ᠎ᠳᠤ᠂  ᠰᠠᠭᠤᠷᠢ ᠮᠥᠩᠭᠥ ᠵᠢᠨ ᠪᠡᠯᠡ ᠣᠷᠣᠭᠤᠯᠤᠯᠲᠠ ᠵᠢᠨ ᠲᠤᠬᠠᠢ᠌ᠯᠠᠭᠰᠠᠨ ᠠᠵᠢᠯ᠎ᠢ ᠥᠷᠨᠢᠭᠦᠯᠦᠭᠰᠡᠨ ᠦᠭᠡᠢ;

     (ᠭᠤᠷᠪᠠ)  ᠰᠠᠭᠤᠷᠢ ᠮᠥᠩᠭᠥᠨ᠎ᠤ ᠪᠡᠯᠡ ᠣᠷᠣᠭᠤᠯᠤᠯᠲᠠ ᠵᠢᠨ ᠬᠦᠷᠢᠶ᠎ᠡ ᠪᠠ ᠴᠢᠭᠯᠡᠯ᠎ᠨᠢ  ᠲᠥᠷᠥ ᠵᠢᠨ ᠪᠣᠳᠣᠯᠭ᠎ᠠ ᠵᠢᠨ ᠬᠠᠷᠠᠯᠲᠠ᠎ᠳᠤ ᠨᠡᠢ᠌ᠴᠡᠬᠦ ᠦᠭᠡᠶ;

     (ᠳᠥᠷᠪᠡ)  ᠰᠠᠭᠤᠷᠢ ᠮᠥᠩᠭᠥ ᠵᠢ ᠳᠦᠷᠢᠮ ᠲᠣᠭᠲᠠᠭ᠋ᠠᠯ ᠎ᠤᠨ ᠶᠣᠰᠣᠭ᠋ᠠᠷ ᠪᠡᠯᠡ ᠣᠷᠣᠭᠤᠯᠤᠯᠲᠠ ᠬᠢᠭᠰᠡᠨ ᠦᠭᠡᠢ;

     (ᠲᠠᠪᠤ)  ᠳᠦᠷᠢᠮ ᠲᠣᠭᠲᠠᠭ᠋ᠠᠯ᠎ᠳᠤ ᠲᠣᠭᠲᠠᠭᠰᠠᠨ ᠵᠦᠢ᠍ᠯ᠎ᠲᠠᠢ ᠨᠡᠢ᠌ᠴᠡᠬᠦ ᠦᠭᠡᠢ ᠪᠤᠰᠤᠳ ᠪᠠᠢ᠌ᠳᠠᠯ;

     (ᠵᠢᠷᠭᠤᠭ᠎ᠠ)  ᠰᠠᠭᠤᠷᠢ ᠮᠥᠩᠭᠥᠨ᠎ᠳᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠂  ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ ᠲᠤᠰ ᠠᠷᠭ᠎ᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠢ᠌ᠬᠤ᠃

       ᠲᠠᠪᠢᠨ ᠨᠠᠢ᠍ᠮᠠᠳᠤᠭ᠋ᠠᠷ ᠵᠦᠢ᠍ᠯ    ᠵᠠᠰᠠᠭ᠎ᠤᠨ ᠣᠷᠳᠣᠨ ᠭᠠᠷᠭ᠋ᠠᠭᠰᠠᠨ ᠪᠡᠯᠡ᠎ᠪᠠᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠠᠴᠠ ᠪᠤᠴᠠᠭ᠋ᠠᠵᠤ ᠭᠠᠷᠭ᠋ᠠᠬᠤ᠎ᠳᠤ᠂  ᠳᠦᠷᠢᠮ ᠲᠣᠭᠲᠠᠭ᠋ᠠᠯ᠎ᠳᠤ ᠪᠣᠯᠵᠣᠨ ᠲᠣᠭᠲᠠᠭᠰᠠᠨ ᠨᠥᠬᠥᠴᠡᠯ ᠵᠶ᠋ᠡᠷ ᠪᠤᠴᠠᠭ᠋ᠠᠵᠤ ᠭᠠᠷᠭ᠋ᠠᠬᠤ ᠬᠡᠷᠡᠭᠲᠡᠶ; ᠳᠦᠷᠢᠮ ᠲᠣᠭᠲᠠᠭ᠋ᠠᠯ᠎ᠳᠤ ᠪᠣᠯᠵᠣᠵᠤ ᠲᠣᠭᠲᠠᠭᠰᠠᠨ ᠦᠭᠡᠢ ᠪᠣᠯ᠂  ᠬᠢᠷᠢ ᠭᠡᠮ᠎ᠲᠠᠢ ᠡᠳ᠋ ᠬᠥᠷᠥᠩᠭᠡ ᠵᠢ  ᠦᠨᠡᠯᠡᠨ ᠵᠢᠱ᠌ᠢᠬᠦ ᠪᠠᠢ᠌ᠭᠤᠯᠤᠮᠵᠢ ᠵᠢ ᠤᠷᠢᠵᠤ ᠪᠡᠯᠡ ᠭᠠᠷᠭ᠋ᠠᠭᠰᠠᠨ ᠡᠷᠬᠡ ᠠᠰᠢᠭ᠎ᠲᠤ ᠦᠨᠡᠯᠡᠯᠲᠡ ᠵᠢᠱ᠌ᠢᠯᠲᠡ ᠬᠢᠯᠭᠡᠵᠦ᠂  ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠪᠤᠴᠠᠭ᠋ᠠᠵᠤ ᠭᠠᠷᠭ᠋ᠠᠬᠤ ᠦᠨ᠎ᠡ ᠬᠠᠩᠰᠢ ᠵᠢ ᠲᠣᠭᠲᠠᠭ᠋ᠠᠬᠤ ᠵᠢᠨ ᠦᠨᠳᠦᠰᠦᠯᠡᠯ ᠪᠣᠯᠭ᠋ᠠᠬᠤ ᠬᠡᠷᠡᠭᠲᠡᠢ᠃

       ᠠᠷᠪᠠᠨ ᠨᠢᠭᠡᠳᠦᠭᠡᠷ ᠪᠦᠯᠦᠭ    ᠳᠠᠭ᠋ᠠᠯᠳᠤᠭᠤᠯᠤᠭᠰᠠᠨ ᠳᠦᠷᠢᠮ

       ᠲᠠᠪᠢ ᠶᠢᠰᠦᠳᠦᠭᠡᠷ ᠵᠦᠢ᠍ᠯ    ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠬᠢᠯᠢ ᠵᠢᠨ ᠭᠠᠳᠠᠨᠠᠬᠢ ᠠᠵᠤ ᠠᠬᠤᠢ᠌ᠯᠠᠯ᠎ᠳᠤ ᠪᠡᠯᠡ ᠣᠷᠤᠭᠤᠯᠤᠯᠲᠠ ᠬᠢᠬᠦ᠎ᠳᠤ ᠬᠢᠯᠢ ᠵᠢᠨ ᠭᠠᠳᠠᠨᠠᠬᠢ ᠪᠡᠯᠡ ᠣᠷᠣᠭᠤᠯᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠬᠦ ᠬᠡᠷᠡᠭᠲᠡᠢ᠃

       ᠵᠢᠷᠠᠳᠤᠭ᠋ᠠᠷ ᠵᠦᠢ᠍ᠯ    ᠲᠤᠰ ᠠᠷᠭ᠎ᠠ᠎ᠳᠤ ᠲᠣᠳᠣᠷᠬᠠᠢ᠌ᠯᠠᠭᠰᠠᠨ ᠦᠭᠡᠢ ᠵᠦᠢ᠍ᠯᠡᠰ᠎ᠨᠢ  ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠨᠡᠢ᠌ᠲᠡᠯᠡᠭᠰᠡᠨ ᠪᠤᠰᠤᠳ ᠲᠥᠷᠥ ᠵᠢᠨ ᠪᠣᠳᠣᠯᠭ᠎ᠠ᠎ᠳᠤ ᠲᠣᠭᠲᠠᠭ᠋ᠠᠯ᠎ᠲᠠᠢ ᠪᠠᠢ᠌ᠪᠠᠯ᠂  ᠪᠤᠰᠤᠳ ᠲᠥᠷᠥ ᠵᠢᠨ ᠪᠣᠳᠣᠯᠭ᠎ᠠ ᠵᠢ ᠵᠢᠷᠤᠮᠯᠠᠨ ᠬᠡᠷᠡᠭᠵᠢᠭᠦᠯᠦᠨ᠎ᠡ᠃

       ᠵᠢᠷᠠᠨ ᠨᠢᠭᠡᠳᠦᠭᠡᠷ ᠵᠦᠢ᠍ᠯ    ᠲᠤᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃  ᠲᠤᠰ ᠠᠷᠭ᠎ᠠ ᠵᠢ ᠬᠡᠷᠡᠭᠵᠢᠭᠦᠯᠬᠦ᠎ᠠᠴᠠ ᠡᠮᠦᠨ᠎ᠡ᠂  ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠨᠲᠡ ᠪᠠᠢ᠌ᠭᠤᠯᠤᠭᠰᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠳᠤ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠦᠩᠭᠦᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ〉 ᠵᠢ  ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2018] 100 ᠳ᠋ᠤᠭ᠋ᠠᠷ ᠲᠣᠭ᠋ᠠᠲᠤ)᠎ᠢ ᠲᠣᠬᠢᠷᠠᠭᠤᠯᠤᠨ ᠬᠡᠷᠡᠭᠯᠡᠵᠦ᠂  ᠲᠡᠭᠦᠨ᠎ᠤ ᠲᠥᠰᠥᠪ᠎ᠤᠨ ᠬᠠᠮᠢᠶᠠᠷᠤᠯᠲᠠ᠂  ᠡᠳ᠋ ᠬᠥᠷᠥᠩᠭᠡ ᠵᠢᠨ ᠬᠠᠮᠢᠶᠠᠷᠤᠯᠲᠠ᠂  ᠠᠮᠵᠢᠯᠲᠠ ᠪᠦᠲᠦᠮᠵᠢ ᠵᠢᠨ ᠦᠨᠡᠯᠡᠯᠲᠡ ᠵᠢᠴᠢ ᠬᠢᠨᠠᠯᠲᠠ ᠬᠠᠮᠢᠶᠠᠷᠤᠯᠲᠠ᠂  ᠳᠠᠭᠤᠰᠬᠠᠬᠤ ᠪᠠ ᠪᠤᠴᠠᠭ᠋ᠠᠨ ᠭᠠᠷᠭ᠋ᠠᠬᠤ ᠵᠡᠷᠭᠡ ᠠᠵᠢᠯᠯᠠᠭ᠎ᠠ᠎ᠨᠢ  ᠲᠤᠰ ᠠᠷᠭ᠎ᠠ ᠵᠢ ᠬᠡᠷᠡᠭᠵᠢᠭᠦᠯᠲᠡᠯ᠎ᠡ ᠦᠷᠭᠦᠯᠵᠢᠯᠡᠭᠰᠡᠨ ᠪᠠᠢ᠌ᠪᠠᠯ ᠲᠤᠰ ᠠᠷᠭ᠎ᠠ ᠵᠢᠨ ᠲᠣᠭᠲᠠᠭ᠋ᠠᠯ᠎ᠢ ᠲᠣᠬᠢᠷᠠᠭᠤᠯᠤᠨ ᠬᠡᠷᠡᠭᠯᠡᠨ᠎ᠡ᠃

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

         2024 ᠣᠨ᠎ᠤ 4 ᠳ᠋ᠦ᠍ᠭᠡᠷ ᠰᠠᠷ᠎ᠠ ᠵᠢᠨ 2᠎ᠤᠨ ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ