ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠷ ᠤᠳᠤᠷᠢᠳᠤᠮᠵᠢ ᠪᠣᠯᠭ᠋ᠠᠭᠰᠠᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-09-14

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

                ᠥᠪᠥᠷ ᠵᠠᠰᠠᠭ ᠠᠯᠪᠠᠨ ᠦᠰᠦᠭ [2024] 43 ᠳ᠋ᠤᠭ᠋ᠠᠷ ᠲᠣᠭ᠋ᠠᠲᠤ

 

      ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠷ ᠤᠳᠤᠷᠢᠳᠤᠮᠵᠢ ᠪᠣᠯᠭ᠋ᠠᠭᠰᠠᠨ ᠪᠠᠴᠢᠮ ᠪᠠᠢ᠌ᠳᠠᠯ᠎ᠢ  ᠠᠷᠭ᠋ᠠᠴᠠᠭ᠋ᠠᠵᠤ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ 

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ ᠄ 

       ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠷ ᠤᠳᠤᠷᠢᠳᠤᠮᠵᠢ ᠪᠣᠯᠭ᠋ᠠᠭᠰᠠᠨ ᠪᠠᠴᠢᠮ ᠪᠠᠢ᠌ᠳᠠᠯ᠎ᠢ  ᠠᠷᠭ᠋ᠠᠴᠠᠭ᠋ᠠᠵᠤ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠤᠯᠠᠮ ᠨᠢᠭᠡ ᠠᠯᠬᠤᠮ ᠪᠠᠢ᠌ᠭᠤᠯᠤᠨ ᠪᠦᠷᠢᠨᠰᠢᠭᠦᠯᠵᠦ ᠂  ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ᠎ᠳᠤ ᠦᠵᠡᠭᠦᠯᠬᠦ ᠴᠠᠭ ᠠᠭᠤᠷ᠎ᠤᠨ ᠭᠠᠮᠰᠢᠭ᠎ᠤᠨ ᠰᠡᠷᠡᠮᠵᠢᠯᠡᠭᠥᠯᠭᠡ ᠵᠢᠨ ᠮᠡᠳᠡᠭᠡ ᠵᠠᠩᠭᠢ ᠵᠢᠨ ᠰᠠᠭᠤᠷᠢᠯᠠᠬᠤ ᠴᠢᠨᠠᠷᠲᠠᠢ ᠂  ᠤᠳᠤᠷᠢᠳᠤᠮᠵᠢ ᠵᠢᠨ ᠴᠢᠨᠠᠷᠲᠠᠢ ᠦᠢ᠍ᠯᠡᠳᠦᠯ᠎ᠢ᠎ᠨᠢ  ᠭᠦᠢ᠍ᠴᠡᠳ ᠪᠠᠳᠠᠷᠠᠭᠤᠯᠤᠨ ᠂ ᠲᠤᠢ᠌ᠯᠰᠢᠷᠠᠭᠰᠠᠨ ᠴᠠᠭ ᠠᠭᠤᠷ᠎ᠢ ᠰᠡᠷᠭᠡᠢ᠌ᠯᠡᠵᠦ ᠠᠷᠭ᠋ᠠᠴᠠᠭ᠋ᠠᠬᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠵᠢᠨ ᠲᠤᠰᠠᠳᠠ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠡᠳᠦᠭᠡ ᠬᠣᠯᠪᠣᠭᠳᠠᠯ ᠪᠦᠬᠦᠢ ᠤᠴᠢᠷ᠎ᠤᠳ᠎ᠢ ᠳᠣᠣᠷᠠᠬᠢ ᠮᠡᠲᠦ ᠮᠡᠳᠡᠭᠳᠡᠪᠡ ᠃ 

       ᠨᠢᠭᠡ ᠂  ᠴᠠᠭ ᠠᠭᠤᠷ᠎ᠢ ᠰᠡᠷᠡᠮᠵᠢᠯᠡᠭᠦᠯᠬᠦ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ ᠬᠡᠷᠡᠭᠲᠡᠢ 

       ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ᠎ᠨᠢ  ᠠᠷᠠᠳ ᠲᠦᠮᠡᠨ᠎ᠢ ᠳᠡᠭᠡᠳᠦᠯᠡᠬᠦ ᠂  ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ ᠂  ᠵᠠᠰᠠᠭ᠎ᠤᠨ ᠣᠷᠳᠣᠨ ᠵᠶ᠋ᠠᠷ ᠭᠣᠣᠯᠯᠠᠭᠤᠯᠬᠤ ᠂  ᠡᠯ᠎ᠡ ᠰᠠᠯᠠᠭ᠎ᠠ ᠮᠥᠴᠢᠷ ᠨᠢᠭᠡᠴᠢ ᠪᠠ ᠨᠡᠢ᠌ᠭᠡᠮ᠎ᠤᠨ ᠬᠦᠴᠦᠨ ᠵᠡᠷᠭᠡ ᠡᠯ᠎ᠡ ᠬᠦᠷᠢᠶ᠎ᠡ ᠴᠠᠷᠠᠭ᠋ᠠᠨ᠎ᠳᠠᠬᠢ ᠵᠣᠬᠢᠴᠠᠯᠳᠤᠨ ᠬᠠᠮᠵᠢᠯᠴᠠᠬᠤ ᠵᠢ ᠴᠢᠩᠭ᠋ᠠᠳᠬᠠᠵᠤ ᠂  ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠨᠡᠢ᠌ᠲᠡᠯᠡᠬᠦ᠎ᠠᠴᠠ ᠵᠠᠰᠠᠭ᠎ᠤᠨ ᠣᠷᠳᠣᠨ ᠵᠢᠴᠢ ᠰᠠᠯᠠᠭ᠎ᠠ ᠮᠥᠴᠢᠷ ᠨᠢᠭᠡᠴᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠣᠯᠪᠤᠭ᠋ᠠᠯᠠᠨ ᠬᠥᠳᠡᠯᠦᠯᠴᠡᠵᠦ ᠂  ᠳᠠᠬᠢᠵᠤ ᠪᠦᠬᠦ ᠨᠡᠢ᠌ᠭᠡᠮ ᠵᠶ᠋ᠡᠷ ᠵᠶ᠋ᠡᠨ ᠤᠷᠢᠶᠠᠯᠠᠨ ᠳᠠᠭ᠋ᠠᠬᠤ ᠬᠦᠷᠲᠡᠯᠡᠬᠢ ᠲᠦᠷᠭᠡᠨ ᠤᠷᠢᠶᠠᠯᠠᠨ ᠳᠠᠭ᠋ᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂  ᠲᠤᠢ᠌ᠯᠰᠢᠷᠠᠭᠰᠠᠨ ᠴᠠᠭ ᠠᠭᠤᠷ᠎ᠢ ᠰᠡᠷᠭᠡᠢ᠌ᠯᠡᠨ ᠬᠣᠷᠢᠭᠯᠠᠬᠤ ᠪᠠ ᠪᠠᠴᠢᠮ ᠰᠢᠯᠵᠢᠭᠦᠯᠵᠦ ᠲᠦᠭᠰᠢᠭᠦᠷᠢ᠎ᠠᠴᠠ ᠵᠠᠢ᠌ᠯᠠᠭᠤᠯᠬᠤ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ ᠂  ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠲᠠᠯ᠎ᠠ᠎ᠳᠠᠬᠢ ᠴᠠᠭ ᠠᠭᠤᠷ᠎ᠤᠨ ᠨᠢᠭᠡᠳᠦᠭᠡᠷ ᠰᠡᠷᠭᠡᠢ᠌ᠯᠡᠯᠲᠡ ᠵᠢᠨ ᠱᠤᠭᠤᠮ᠎ᠤᠨ ᠦᠢ᠍ᠯᠡᠳᠦᠯ᠎ᠢ᠎ᠨᠢ  ᠭᠦᠢ᠍ᠴᠡᠳ ᠪᠠᠳᠠᠷᠠᠭᠤᠯᠤᠨ ᠂  ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠷ ᠵᠠᠰᠠᠭ᠎ᠤᠨ ᠣᠷᠳᠣᠨ ᠂  ᠰᠠᠯᠠᠭ᠎ᠠ ᠮᠥᠴᠢᠷ ᠨᠢᠭᠡᠴᠢ ᠪᠠ ᠨᠡᠢ᠌ᠭᠡᠮ ᠨᠡᠶ᠋ᠢᠲᠡ ᠵᠢᠨ᠎ᠬᠢᠨ᠎ᠤ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠠᠷᠭ᠋ᠠᠴᠠᠭ᠋ᠠᠬᠤ 《ᠳᠣᠬᠢᠶᠠᠨ᠎ᠤ ᠫᠤᠤ 》  ᠪᠣᠯᠭ᠋ᠠᠵᠤ ᠂  ᠡᠯ᠎ᠡ ᠲᠠᠯ᠎ᠠ ᠵᠢᠨ ᠬᠦᠴᠦᠨ᠎ᠢ ᠨᠢᠭᠲᠠᠷᠠᠭᠤᠯᠤᠨ ᠂  ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ ᠂  ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠃ 

       ᠬᠣᠶᠠᠷ ᠂  ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠷ ᠤᠳᠤᠷᠢᠳᠤᠮᠵᠢ ᠪᠣᠯᠭ᠋ᠠᠭᠰᠠᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ

      (ᠨᠢᠭᠡ)  ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠢᠭᠡᠳᠦᠯᠲᠡᠢ ᠨᠡᠢ᠌ᠲᠡᠯᠡᠬᠦ ᠲᠣᠭᠲᠠᠴᠠ᠎ᠪᠠᠨ ᠲᠡᠭᠦᠯᠳᠡᠷᠵᠢᠭᠦᠯᠬᠦ ᠬᠡᠷᠡᠭᠲᠡᠢ

       ᠴᠠᠭ ᠠᠭᠤᠷ᠎ᠤᠨ ᠰᠠᠯᠠᠭ᠎ᠠ ᠮᠥᠴᠢᠷ ᠄  ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠨᠢᠭᠡᠳᠦᠯᠲᠡᠢ ᠨᠡᠢ᠌ᠲᠡᠯᠡᠨ᠎ᠡ ᠂  ᠪᠤᠰᠤᠳ ᠵᠣᠬᠢᠶᠠᠨ ᠪᠠᠢ᠌ᠭᠤᠯᠤᠯᠲᠠ ᠪᠠ ᠬᠤᠪᠢ ᠬᠥᠮᠥᠨ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠢ᠌ᠭᠡᠮ᠎ᠳᠤ ᠨᠡᠢ᠌ᠲᠡᠯᠡᠵᠦ ᠪᠣᠯᠬᠤ ᠦᠭᠡᠢ ᠃  ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠠᠭᠤᠯᠭ᠎ᠠ᠎ᠳᠤ ᠴᠠᠭ ᠠᠭᠤᠷ᠎ᠤᠨ ᠭᠠᠮᠰᠢᠭ᠎ᠤᠨ ᠲᠦᠷᠦᠯ ᠢᠯᠭ᠋ᠠᠯ ᠂ ᠰᠡᠷᠡᠮᠵᠢᠯᠡᠭᠦᠯᠬᠦ ᠲᠡᠰ ᠢᠯᠭ᠋ᠠᠯ ᠂  ᠡᠬᠢᠯᠡᠬᠦ ᠴᠠᠭ ᠂  ᠨᠥᠯᠥᠭᠡᠯᠡᠵᠦ ᠮᠡᠳᠡᠬᠦ ᠬᠡᠪᠴᠢᠶ᠎ᠡ ᠂  ᠰᠡᠷᠡᠮᠵᠢᠯᠡᠭᠦᠯᠬᠦ ᠵᠦᠢ᠍ᠯᠡᠰ ᠂  ᠠᠪᠤᠪᠠᠰᠤ ᠵᠣᠬᠢᠬᠤ ᠠᠷᠭ᠎ᠠ ᠬᠡᠮᠵᠢᠶ᠎ᠡ ᠪᠠ  ᠨᠡᠢ᠌ᠲᠡᠯᠡᠭᠰᠡᠨ ᠪᠠᠢ᠌ᠭᠤᠯᠭ᠎ᠠ ᠵᠡᠷᠭᠡ ᠵᠢ ᠪᠠᠭᠲᠠᠭ᠋ᠠᠵᠤ ᠂  ᠡᠩ᠎ᠤᠨ ᠪᠠᠢ᠌ᠳᠠᠯ᠎ᠳᠤ ᠲᠣᠭᠲᠠᠮᠠᠯ ᠬᠡᠯᠪᠡᠷᠢ᠎ᠪᠠᠷ ᠨᠡᠢ᠌ᠲᠡᠯᠡᠨ᠎ᠡ ᠃  ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠢ᠌ᠲᠡᠯᠡᠭᠰᠡᠨ᠎ᠤ ᠲᠠᠷᠠᠭ᠎ᠠ ᠰᠡᠷᠡᠮᠵᠢᠯᠡᠭᠦᠯᠬᠦ ᠠᠭᠤᠯᠭ᠎ᠠ ᠵᠢ᠎ᠨᠢ  ᠬᠤᠪᠢᠷᠠᠭ᠋ᠠᠬᠤ ᠴᠢᠬᠤᠯᠠᠲᠠᠢ ᠪᠠᠢ᠌ᠪᠠᠯ ᠂  ᠬᠤᠪᠢᠷᠠᠭ᠋ᠠᠭᠰᠠᠨ ᠮᠡᠳᠡᠭᠡ ᠵᠠᠩᠭᠢ᠎ᠪᠠᠨ ᠴᠠᠭ ᠲᠤᠬᠠᠢ᠎ᠳᠤ᠎ᠨᠢ  ᠨᠡᠢ᠌ᠲᠡᠯᠡᠬᠦ ᠬᠡᠷᠡᠭᠲᠡᠢ ᠃ 

       ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠂  ᠴᠠᠭ ᠠᠭᠤᠷ᠎ᠤᠨ ᠰᠠᠯᠠᠭ᠎ᠠ ᠮᠥᠴᠢᠷ ᠄  ᠡᠯ᠎ᠡ ᠱᠠᠲᠤᠨ᠎ᠤ ᠴᠠᠭ ᠠᠭᠤᠷ᠎ᠤᠨ ᠰᠠᠯᠠᠭ᠎ᠠ ᠮᠥᠴᠢᠷ ᠲᠦᠷᠦᠭᠦᠯᠡᠨ ᠬᠠᠷᠢᠭᠤᠴᠠᠵᠤ ᠂  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ   ᠬᠠᠮᠵᠢᠯᠴᠠᠨ ᠂  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠂  ᠭᠠᠮᠰᠢᠭ᠎ᠲᠤ  ᠬᠣᠯᠪᠣᠭᠳᠠᠭᠰᠠᠨ ᠭᠣᠣᠯ ᠪᠣᠯᠬᠤ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠭᠣᠣᠯᠳᠠᠯᠭ᠎ᠠ ᠪᠣᠯᠬᠤ ᠨᠢᠭᠡᠴᠢ᠎ᠳᠤ ᠵᠢᠯ ᠪᠦᠷᠢ ᠵᠢᠨ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠨᠢᠭᠡ ᠤᠳᠠᠭ᠎ᠠ ᠴᠠᠭ ᠠᠭᠤᠷ᠎ᠤᠨ ᠭᠠᠮᠰᠢᠭ᠎ᠤᠨ ᠰᠡᠷᠡᠮᠵᠢᠯᠡᠭᠥᠯᠭᠡ ᠵᠢᠨ ᠮᠡᠳᠡᠭᠡ ᠵᠠᠩᠭᠢ ᠭᠥᠯᠢᠶᠡᠨ ᠠᠪᠬᠤ ᠬᠠᠷᠢᠭᠤᠴᠠᠯᠭ᠎ᠠ᠎ᠲᠠᠢ  ᠬᠥᠮᠥᠰ᠎ᠢ ᠰᠢᠨ᠎ᠡ᠎ᠪᠠᠷ ᠪᠦᠷᠢᠳᠬᠡᠨ ᠳᠠᠩᠰᠠᠯᠠᠬᠤ ᠠᠵᠢᠯ ᠵᠶ᠋ᠠᠨ ᠵᠣᠬᠢᠶᠠᠨ ᠪᠠᠢ᠌ᠭᠤᠯᠵᠤ ᠥᠷᠨᠢᠭᠦᠯᠬᠦ ᠵᠢᠨ ᠬᠠᠮᠲᠤ ᠂  ᠴᠠᠭ ᠠᠭᠤᠷ᠎ᠤᠨ ᠰᠠᠯᠠᠭ᠎ᠠ ᠮᠥᠴᠢᠷ᠎ᠠᠴᠠ ᠤᠯᠤᠰ᠎ᠤᠨ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠨᠡᠢ᠌ᠲᠡᠯᠡᠬᠦ ᠰᠢᠰᠲ᠋ᠧᠮ᠎ᠳᠤ ᠲᠡᠮᠳᠡᠭᠯᠡᠵᠦ ᠣᠷᠣᠭᠤᠯᠬᠤ ᠬᠡᠷᠡᠭᠲᠡᠢ ᠃ 

       ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠂  ᠭᠠᠮᠰᠢᠭ᠎ᠲᠤ ᠬᠣᠯᠪᠣᠭᠳᠠᠬᠤ ᠭᠣᠣᠯ ᠪᠣᠯᠬᠤ ᠰᠠᠯᠠᠭ᠎ᠠ ᠮᠥᠴᠢᠷ ᠂  ᠭᠣᠣᠯᠳᠠᠯᠭ᠎ᠠ ᠪᠣᠯᠬᠤ ᠨᠢᠭᠡᠴᠢ ᠄  ᠴᠠᠭ ᠠᠭᠤᠷ᠎ᠤᠨ ᠭᠠᠮᠰᠢᠭ᠎ᠤᠨ ᠰᠡᠷᠡᠮᠵᠢᠯᠡᠭᠥᠯᠭᠡ ᠵᠢᠨ ᠮᠡᠳᠡᠭᠡ ᠵᠠᠩᠭᠢ ᠭᠥᠯᠢᠶᠡᠨ ᠠᠪᠬᠤ ᠬᠠᠷᠢᠭᠤᠴᠠᠯᠭ᠎ᠠ᠎ᠲᠠᠢ  ᠬᠥᠮᠥᠨ᠎ᠨᠢ  ᠰᠣᠯᠢᠭᠳᠠᠭᠰᠠᠨ ᠪᠠᠢ᠌ᠪᠠᠯ ᠂  ᠡᠯ᠎ᠡ ᠰᠠᠯᠠᠭ᠎ᠠ ᠮᠥᠴᠢᠷ ᠨᠢᠭᠡᠴᠢ᠎ᠨᠢ  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠪᠠ ᠴᠠᠭ ᠠᠭᠤᠷ᠎ᠤᠨ ᠰᠠᠯᠠᠭ᠎ᠠ ᠮᠥᠴᠢᠷ᠎ᠲᠤ ᠰᠠᠨᠠᠭ᠋ᠠᠴᠢᠯᠠᠭ᠎ᠠ᠎ᠠᠴᠠ᠎ᠪᠠᠨ ᠴᠠᠭ ᠲᠤᠬᠠᠢ᠎ᠳᠤ᠎ᠨᠢ  ᠪᠦᠷᠢᠳᠬᠡᠨ ᠳᠠᠩᠰᠠᠯᠠᠭᠤᠯᠬᠤ ᠬᠡᠷᠡᠭᠲᠡᠢ ᠃ 

      (ᠬᠣᠶᠠᠷ)  ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠤᠯᠠᠮᠵᠢᠯᠠᠨ ᠳᠠᠮᠵᠢᠭᠤᠯᠬᠤ ᠲᠣᠭᠲᠠᠴᠠ᠎ᠪᠠᠨ ᠪᠦᠷᠢᠨᠰᠢᠭᠦᠯᠬᠦ ᠬᠡᠷᠡᠭᠲᠡᠢ

       ᠬᠣᠰᠢᠭᠤ ᠰᠢᠶᠠᠨ᠎ᠤ ᠱᠠᠲᠤᠨ᠎ᠠᠴᠠ  ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠄  ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠨᠡᠢ᠌ᠲᠡᠯᠡᠬᠦ ᠬᠢᠭᠡᠳ ᠤᠯᠠᠮᠵᠢᠯᠠᠨ ᠳᠠᠮᠵᠢᠭᠤᠯᠬᠤ ᠠᠵᠢᠯ᠎ᠢ ᠵᠣᠬᠢᠶᠠᠨ ᠪᠠᠢ᠌ᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ ᠂  ᠰᠡᠷᠡᠮᠵᠢᠯᠡᠭᠦᠯᠬᠦ ᠮᠡᠳᠡᠭᠡ ᠵᠠᠩᠭᠢ ᠵᠢ ᠤᠯᠠᠮᠵᠢᠯᠠᠨ ᠳᠠᠮᠵᠢᠭᠤᠯᠬᠤ ᠪᠡᠯᠡᠳᠬᠡᠮᠵᠢ ᠵᠢᠨ ᠲᠥᠯᠦᠪᠵᠢᠭᠦᠯᠭᠡ ᠪᠠ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ ᠂  ᠡᠯ᠎ᠡ ᠱᠠᠲᠤᠨ᠎ᠤ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠨᠡᠢ᠌ᠲᠡᠯᠡᠬᠦ ᠰᠢᠰᠲ᠋ᠧᠮ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠪᠡᠶᠡᠯᠡᠭᠦᠯᠵᠦ ᠂  ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠨᠡᠢ᠌ᠲᠡᠯᠡᠬᠦ ᠪᠠ ᠠᠵᠢᠯᠯᠠᠭᠤᠯᠵᠤ ᠪᠠᠲᠤᠯᠠᠬᠤ ᠲᠣᠭᠲᠠᠴᠠ ᠵᠢ ᠪᠦᠷᠢᠨᠰᠢᠭᠦᠯᠵᠦ ᠂  ᠥᠷᠭᠡᠨ ᠪᠦᠷᠬᠦᠭᠰᠡᠨ ᠂  ᠪᠣᠰᠣᠭ᠎ᠠ ᠴᠣᠭᠴᠠᠵᠢᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠢ᠌ᠲᠡᠯᠡᠬᠦ ᠠᠷᠭ᠎ᠠ ᠠᠪᠴᠠᠯ ᠬᠢᠭᠡᠳ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠨᠢᠭᠡᠳᠦᠯᠲᠡᠢ ᠨᠡᠢ᠌ᠲᠡᠯᠡᠬᠦ ᠪᠠ ᠨᠡᠢ᠌ᠭᠡᠮ᠎ᠤᠨ ᠵᠠᠭᠤᠴᠢᠯᠠᠭᠤᠷ ᠵᠶ᠋ᠠᠷ ᠥᠷᠭᠡᠨ ᠬᠡᠪᠴᠢᠶᠡᠨ᠎ᠳᠤ ᠤᠯᠠᠮᠵᠢᠯᠠᠨ ᠳᠠᠮᠵᠢᠭᠤᠯᠬᠤ ᠲᠣᠭᠲᠠᠴᠠ᠎ᠪᠠᠨ ᠲᠡᠭᠦᠯᠳᠡᠷᠵᠢᠭᠦᠯᠵᠦ ᠂  ᠰᠡᠷᠡᠮᠵᠢᠯᠡᠭᠦᠯᠬᠦ ᠮᠡᠳᠡᠭᠡ ᠵᠠᠩᠭᠢ  ᠨᠡᠢ᠌ᠲᠡᠯᠡᠬᠦ 《ᠰᠠᠭ᠋ᠠᠳ ᠦᠭᠡᠢ ᠨᠡᠪᠲᠡᠷᠡᠬᠦ ᠵᠠᠮ 》᠎ᠢ ᠨᠠᠪᠲᠠᠷᠡᠭᠦᠯᠵᠦ ᠂  ᠰᠡᠷᠡᠮᠵᠢᠯᠡᠭᠦᠯᠬᠦ ᠮᠡᠳᠡᠭᠡ ᠵᠠᠩᠭᠢ ᠵᠢᠨ ᠬᠠᠮᠤᠷᠬᠤ ᠬᠡᠪᠴᠢᠶ᠎ᠡ ᠂  ᠴᠠᠭ ᠲᠤᠬᠠᠢ᠌ᠴᠢ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ ᠃ 

       ᠴᠠᠭ ᠠᠭᠤᠷ᠎ᠤᠨ ᠰᠠᠯᠠᠭ᠎ᠠ ᠮᠥᠴᠢᠷ ᠄  ᠤᠯᠤᠰ᠎ᠤᠨ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠨᠡᠢ᠌ᠲᠡᠯᠡᠬᠦ ᠰᠢᠰᠲ᠋ᠧᠮ ᠵᠶ᠋ᠡᠷ ᠳᠠᠮᠵᠢᠭᠤᠯᠤᠨ ᠂  ᠴᠠᠭ ᠠᠭᠤᠷ᠎ᠤᠨ ᠭᠠᠮᠰᠢᠭ᠎ᠤᠨ ᠰᠡᠷᠡᠮᠵᠢᠯᠡᠭᠥᠯᠭᠡ ᠵᠢᠨ ᠮᠡᠳᠡᠭᠡ ᠵᠠᠩᠭᠢ ᠭᠥᠯᠢᠶᠡᠨ ᠠᠪᠬᠤ ᠬᠠᠷᠢᠭᠤᠴᠠᠯᠭ᠎ᠠ᠎ᠲᠠᠢ  ᠬᠥᠮᠥᠰ᠎ᠲᠤ ᠬᠠᠨᠳᠤᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠢ᠌ᠲᠡᠯᠡᠬᠦ ᠠᠵᠢᠯ᠎ᠢ ᠭᠦᠨᠵᠡᠭᠡᠢ ᠥᠷᠨᠢᠭᠦᠯᠬᠦ ᠬᠡᠷᠡᠭᠲᠡᠢ ᠃ 

       ᠷᠠᠳᠢᠣ᠋ ᠲᠧᠯᠸᠢᠰ ᠂  ᠰᠣᠶᠣᠯ ᠂  ᠰᠣᠨᠢᠨ ᠮᠡᠳᠡᠭᠡ ᠬᠡᠪᠯᠡᠯ ᠂  ᠴᠢᠮᠡᠭᠡ ᠬᠣᠯᠪᠣᠭ᠎ᠠ ᠵᠢᠨ ᠬᠠᠮᠢᠶᠠᠷᠤᠯᠲᠠ ᠂  ᠠᠷᠠᠳ᠎ᠤᠨ ᠶᠠᠪᠤᠳᠠᠯ ᠂  ᠲᠠᠷᠢᠶᠠᠯᠠᠩ ᠮᠠᠯ ᠠᠵᠤ ᠠᠬᠤᠢ ᠂  ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠂  ᠰᠡᠷᠡᠮᠵᠢᠯᠡᠭᠦᠯᠬᠦ ᠮᠡᠳᠡᠭᠡ ᠵᠠᠩᠭᠢ ᠵᠢ ᠤᠯᠠᠮᠵᠢᠯᠠᠨ ᠳᠠᠮᠵᠢᠭᠤᠯᠬᠤ᠎ᠯᠤᠭ᠎ᠠ ᠬᠣᠯᠪᠣᠭᠳᠠᠭᠰᠠᠨ ᠠᠵᠢᠯ᠎ᠤᠳ᠎ᠢ ᠰᠠᠢ᠌ᠲᠤᠷ ᠬᠢᠨ᠎ᠠ ;  ᠷᠠᠳᠢᠣ᠋ ᠨᠡᠪᠲᠡᠷᠡᠭᠦᠯᠭᠡ ᠂  ᠲᠧᠯᠸᠢᠰ ᠂  ᠰᠦᠯᠵᠢᠶ᠎ᠡ ᠵᠡᠷᠭᠡ ᠵᠠᠭᠤᠴᠢᠯᠠᠭᠤᠷ ᠵᠢᠴᠢ ᠴᠢᠮᠡᠭᠡ ᠬᠣᠯᠪᠣᠭ᠎ᠠ ᠵᠢᠨ ᠡᠵᠡᠩᠨᠡᠨ ᠠᠵᠢᠯᠯᠠᠭᠤᠯᠬᠤ ᠨᠢᠭᠡᠴᠢ᠎ᠨᠢ  ᠲᠤᠬᠠᠢ ᠵᠢᠨ ᠭᠠᠵᠠᠷ ᠎ᠤᠨ ᠴᠠᠭ ᠠᠭᠤᠷ᠎ᠤᠨ ᠥᠷᠲᠡᠭᠡᠨ᠎ᠤ ᠨᠡᠢ᠌ᠲᠡᠯᠡᠭᠰᠡᠨ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ᠎ᠨᠢ  ᠭᠠᠮᠰᠢᠭ᠎ᠲᠤ ᠨᠥᠯᠥᠭᠡᠯᠡᠭᠳᠡᠬᠦ ᠣᠷᠣᠨ ᠪᠦᠰᠡ᠎ᠳᠤ  ᠴᠠᠭ ᠲᠤᠬᠠᠢ᠎ᠳᠤ᠎ᠨᠢ  ᠤᠯᠠᠮᠵᠢᠯᠠᠨ ᠳᠠᠮᠵᠢᠭᠤᠯᠬᠤ ᠵᠢ ᠬᠠᠷᠢᠭᠤᠴᠠᠨ᠎ᠠ ᠃ 

      (ᠭᠤᠷᠪᠠ)  ᠳᠡᠭᠡᠳᠦ ᠲᠠᠰ ᠢᠯᠭ᠋ᠠᠯ᠎ᠤᠨ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ᠎ᠳᠤ 《ᠪᠠᠴᠢᠮ ᠳᠠᠭᠤᠳᠠᠯᠲᠠ 》 ᠵᠢᠨ ᠲᠣᠭᠲᠠᠴᠠ ᠵᠢ ᠴᠢᠩᠭ᠋ᠠᠷᠠᠭᠤᠯᠬᠤ ᠬᠡᠷᠡᠭᠲᠡᠢ

       ᠴᠠᠭ ᠠᠭᠤᠷ᠎ᠤᠨ ᠰᠠᠯᠠᠭ᠎ᠠ ᠮᠥᠴᠢᠷ ᠄  ᠳᠡᠭᠡᠳᠦ ᠲᠠᠰ ᠢᠯᠭ᠋ᠠᠯ᠎ᠤᠨ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ 《ᠪᠠᠴᠢᠮ ᠳᠠᠭᠤᠳᠠᠯᠲᠠ 》 ᠵᠢᠨ ᠦᠢ᠍ᠯᠡᠴᠢᠯᠡᠭᠡᠨ᠎ᠤ ᠪᠠᠷᠢᠮᠵᠢᠶ᠎ᠠ ᠪᠠ ᠠᠵᠢᠯ᠎ᠤᠨ ᠴᠤᠪᠤᠷᠠᠯ᠎ᠤᠨ ᠶᠣᠰᠣᠭ᠋ᠠᠷ ᠂  ᠲᠣᠰ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ᠎ᠳᠤ ᠬᠠᠨᠳᠤᠭᠤᠯᠤᠭᠰᠠᠨ ᠳᠡᠭᠡᠳᠦ ᠲᠠᠰ ᠢᠯᠭ᠋ᠠᠯ᠎ᠤᠨ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ 《ᠪᠠᠴᠢᠮ ᠳᠠᠭᠤᠳᠠᠯᠲᠠ 》 ᠵᠢᠨ ᠠᠵᠢᠯ᠎ᠢ ᠥᠷᠨᠢᠭᠦᠯᠬᠦ ᠬᠡᠷᠡᠭᠲᠡᠢ ᠃ 

       ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠄  ᠴᠠᠭ ᠠᠭᠤᠷ᠎ᠤᠨ ᠰᠠᠯᠠᠭ᠎ᠠ ᠮᠥᠴᠢᠷ᠎ᠤᠨ 《ᠪᠠᠴᠢᠮ ᠳᠠᠭᠤᠳᠠᠯᠲᠠ 》 ᠵᠢᠨ ᠳᠣᠬᠢᠶ᠎ᠠ ᠵᠢ ᠣᠯᠣᠭᠰᠠᠨ᠎ᠤ ᠲᠠᠷᠠᠭ᠎ᠠ ᠂  ᠴᠠᠭ ᠲᠤᠬᠠᠢ᠎ᠳᠤ᠎ᠨᠢ  ᠵᠢᠯᠣᠭᠣᠳᠤᠨ  ᠵᠣᠬᠢᠴᠠᠭᠤᠯᠵᠤ ᠂  ᠲᠣᠬᠢᠷᠠᠭᠤᠯᠤᠨ ᠪᠠᠢ᠌ᠷᠢᠯᠠᠭᠤᠯᠬᠤ ᠬᠡᠷᠡᠭᠲᠡᠢ ᠃ 

       ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ ᠄  ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ ᠵᠢᠭ᠋ᠠᠪᠤᠷᠢ ᠪᠠ ᠲᠣᠬᠢᠷᠠᠭᠤᠯᠤᠯᠲᠠ ᠵᠢ ᠦᠨᠳᠦᠰᠦᠯᠡᠨ ᠂  ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠳᠤ 《ᠪᠠᠴᠢᠮ ᠳᠠᠭᠤᠳᠠᠯᠲᠠ 》  ᠬᠢᠬᠦ ᠪᠠ ᠭᠠᠮᠰᠢᠭ᠎ᠢ ᠰᠡᠷᠡᠮᠵᠢᠯᠡᠨ ᠰᠡᠷᠭᠡᠢ᠌ᠯᠡᠬᠦ ᠪᠠᠢ᠌ᠷᠢᠯᠠᠭᠤᠯᠤᠯᠲᠠ ᠵᠢ ᠴᠠᠭ ᠲᠤᠬᠠᠢ᠎ᠳᠤ᠎ᠨᠢ  ᠰᠠᠢ᠌ᠲᠤᠷ ᠬᠢᠬᠦ ᠬᠡᠷᠡᠭᠲᠡᠢ ᠃ 

       ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠄  ᠰᠡᠷᠡᠮᠵᠢᠯᠡᠭᠦᠯᠬᠦ ᠮᠡᠳᠡᠭᠡ ᠵᠠᠩᠭᠢ ᠵᠢ ᠣᠯᠣᠭᠰᠠᠨ᠎ᠤ ᠳᠠᠷᠠᠭ᠎ᠠ ᠂  ᠲᠣᠰ ᠠᠵᠢᠯ ᠲᠥᠷᠥᠯ᠎ᠤᠨ ᠵᠶ᠋ᠡᠨ ᠰᠡᠷᠭᠡᠢ᠌ᠯᠡᠵᠦ ᠠᠷᠭ᠋ᠠᠴᠠᠭ᠋ᠠᠬᠤ ᠠᠵᠢᠯ᠎ᠢ ᠵᠣᠬᠢᠶᠠᠨ ᠪᠠᠢ᠌ᠭᠤᠯᠵᠤ ᠰᠠᠢ᠌ᠲᠤᠷ ᠬᠢᠬᠦ ᠬᠡᠷᠡᠭᠲᠡᠢ ᠃ 

      (ᠳᠥᠷᠪᠡ)  ᠡᠯ᠎ᠡ ᠰᠠᠯᠠᠭ᠎ᠠ ᠮᠥᠴᠢᠷ ᠨᠢᠭᠡᠴᠢ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ

       ᠴᠠᠭ ᠠᠭᠤᠷ᠎ᠤᠨ ᠰᠠᠯᠠᠭ᠎ᠠ ᠮᠥᠴᠢᠷ᠎ᠠᠴᠠ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠢ᠌ᠲᠡᠯᠡᠭᠰᠡᠨ᠎ᠤ ᠲᠡᠷᠡᠭ᠎ᠠ ᠂  ᠭᠠᠮᠰᠢᠭ᠎ᠲᠤ ᠨᠥᠯᠥᠭᠡᠯᠡᠭᠳᠡᠬᠦ ᠭᠠᠵᠠᠷ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠵᠢᠴᠢ ᠪᠠᠢ᠌ᠭᠤᠯᠤᠮᠵᠢ᠎ᠨᠢ  ᠲᠤᠰ ᠱᠠᠲᠤᠨ᠎ᠤ᠎ᠪᠠᠨ ᠴᠠᠭ ᠠᠭᠤᠷ᠎ᠤᠨ ᠭᠠᠮᠰᠢᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠤᠨ ᠶᠣᠰᠣᠭ᠋ᠠᠷ ᠂  ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠳᠣᠣᠷᠠᠬᠢ ᠠᠵᠢᠯ᠎ᠤᠳ᠎ᠢ ᠲᠡᠷᠡ ᠳᠠᠷᠤᠢ᠎ᠳᠤ᠎ᠨᠢ ᠥᠷᠨᠢᠭᠦᠯᠬᠦ ᠬᠡᠷᠡᠭᠲᠡᠢ ᠄ 

      1. ᠴᠠᠭ ᠠᠭᠤᠷ᠎ᠤᠨ ᠭᠠᠮᠰᠢᠭ᠎ᠤᠨ ᠨᠥᠯᠥᠭᠡ ᠵᠢᠴᠢ ᠲᠡᠭᠦᠨ᠎ᠤ ᠬᠥᠭᠵᠢᠵᠦ ᠬᠤᠪᠢᠷᠠᠬᠤ ᠬᠠᠨᠳᠤᠰᠢ᠎ᠳᠤ ᠵᠥᠪᠳᠡᠯᠴᠡᠵᠦ ᠰᠤᠳᠤᠯᠤᠨ ᠮᠠᠭ᠋ᠠᠳᠯᠠᠬᠤ ᠠᠵᠢᠯ᠎ᠢ ᠵᠣᠬᠢᠶᠠᠨ ᠪᠠᠢ᠌ᠭᠤᠯᠵᠤ ᠂  ᠪᠠᠢ᠌ᠳᠠᠯ᠎ᠢ᠎ᠨᠢ  ᠠᠵᠢᠵᠤ ᠪᠠᠢ᠌ᠭ᠋ᠠᠳ ᠪᠠᠴᠢᠮ ᠪᠠᠢ᠌ᠳᠠᠯ᠎ᠢ ᠠᠷᠭ᠋ᠠᠴᠠᠭ᠋ᠠᠵᠤ  ᠤᠷᠢᠶᠠᠯᠠᠨ ᠳᠠᠭ᠋ᠠᠬᠤ ᠠᠵᠢᠯ ᠵᠶ᠋ᠠᠨ ᠡᠬᠢᠯᠡᠭᠦᠯᠦᠨ᠎ᠡ ᠃ 

      2. ᠬᠤᠷᠠᠯ ᠵᠣᠬᠢᠶᠠᠨ ᠪᠠᠢ᠌ᠭᠤᠯᠵᠤ ᠬᠤᠷᠠᠯᠳᠤᠭᠤᠯᠤᠨ ᠂  ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢ ᠰᠤᠳᠤᠯᠵᠤ ᠂  ᠠᠵᠢᠯ᠎ᠤᠨ ᠪᠠᠢ᠌ᠷᠢᠯᠠᠭᠤᠯᠤᠯᠲᠠ ᠬᠢᠨ᠎ᠡ ᠃ 

      3. ᠪᠠᠢ᠌ᠳᠠᠯ᠎ᠢ᠎ᠨᠢ  ᠠᠵᠢᠵᠤ ᠪᠠᠢ᠌ᠭ᠋ᠠᠳ ᠴᠠᠭ ᠠᠭᠤᠷ᠎ᠤᠨ ᠭᠠᠮᠰᠢᠭ᠎ᠲᠤ ᠨᠥᠯᠥᠭᠡᠯᠡᠭᠳᠡᠬᠦ ᠭᠣᠣᠯᠳᠠᠯᠭ᠎ᠠ ᠪᠣᠯᠬᠤ  ᠣᠷᠣᠨ  ᠪᠦᠰᠡ ᠲᠡᠢ᠌ᠰᠢ ᠠᠵᠢᠯᠯᠠᠬᠤ ᠳᠤᠭᠤᠢ᠌ᠯᠠᠩ ᠂  ᠲᠤᠰᠬᠠᠢ ᠮᠡᠷᠭᠡᠵᠢᠯᠲᠡᠨ᠎ᠤ ᠳᠤᠭᠤᠢ᠌ᠯᠠᠩ ᠪᠤᠶᠤ ᠮᠡᠷᠭᠡᠵᠢᠯ᠎ᠤᠨ ᠠᠵᠢᠯᠲᠠᠨ ᠲᠣᠮᠢᠯᠠᠵᠤ ᠂  ᠭᠠᠮᠰᠢᠭ᠎ᠢ ᠰᠡᠷᠭᠡᠢ᠌ᠯᠡᠨ ᠬᠣᠷᠢᠭᠯᠠᠬᠤ ᠠᠵᠢᠯ᠎ᠢ ᠵᠢᠭ᠋ᠠᠨ ᠵᠢᠯᠣᠭᠣᠳᠤᠭᠤᠯᠤᠨ᠎ᠠ ᠃ 

      4. ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠡᠩᠨᠡᠭᠡ ᠂  ᠣᠨᠴᠠᠭ᠋ᠠᠢ ᠡᠭᠦᠷᠭᠡ ᠬᠠᠷᠢᠭᠤᠴᠠᠯᠭ᠎ᠠ᠎ᠲᠠᠢ ᠬᠥᠮᠥᠰ᠎ᠢ ᠵᠢᠵᠢᠭᠦᠷᠯᠡᠨ ᠰᠠᠬᠢᠬᠤ ᠵᠠᠷᠯᠢᠭ ᠬᠦᠯᠢᠶᠡᠬᠦ ᠪᠠᠢ᠌ᠳᠠᠯ᠎ᠳᠤ ᠪᠠᠢ᠌ᠯᠭ᠋ᠠᠬᠤ᠎ᠪᠠᠷ ᠵᠠᠷᠯᠢᠭᠳᠠᠬᠤ ᠵᠢᠨ ᠬᠠᠮᠲᠤ ᠂  ᠪᠡᠯᠡᠳᠬᠡᠯ ᠬᠥᠮᠥᠰ᠎ᠲᠤ ᠳᠠᠢ᠌ᠴᠢᠯᠠᠯᠲᠠ ᠬᠢᠵᠦ ᠪᠠᠢ᠌ᠭ᠋ᠠᠳ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠪᠠ ᠰᠢᠢ᠍ᠳᠪᠦᠷᠢᠯᠡᠨ ᠲᠣᠬᠢᠷᠠᠭᠤᠯᠬᠤ ᠠᠵᠢᠯ᠎ᠳᠤ ᠣᠷᠣᠯᠴᠠᠬᠤ ᠪᠡᠯᠡᠳᠬᠡᠯ᠎ᠢ᠎ᠨᠢ  ᠰᠠᠢ᠌ᠲᠤᠷ ᠬᠢᠯᠭᠡᠨ᠎ᠡ ᠃ 

      5. ᠪᠠᠴᠢᠮ ᠪᠠᠢ᠌ᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ᠎ᠳᠤ ᠬᠡᠷᠡᠭᠰᠡᠬᠦ ᠡᠳ᠋ ᠪᠠᠷᠠᠭ᠎ᠠ ᠂  ᠲᠥᠬᠦᠭᠡᠷᠦᠮᠵᠢ ᠂  ᠪᠠᠭ᠋ᠠᠵᠢ ᠬᠡᠷᠡᠭᠰᠡᠯ᠎ᠤᠳ᠎ᠢ ᠲᠣᠬᠢᠷᠠᠭᠤᠯᠤᠨ ᠴᠤᠭᠯᠠᠭᠤᠯᠵᠤ ᠂  ᠭᠠᠮᠰᠢᠭ᠎ᠲᠤ ᠨᠥᠯᠥᠭᠡᠯᠡᠭᠳᠡᠬᠦ ᠭᠠᠵᠠᠷ ᠣᠷᠣᠨ᠎ᠨᠢ  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠮᠵᠢ ᠪᠠ ᠠᠶᠤᠯ᠎ᠠᠴᠠ  ᠵᠠᠢ᠌ᠯᠠᠬᠤ ᠲᠠᠯᠠᠪᠤᠷ ᠭᠠᠵᠠᠷ᠎ᠢ ᠡᠬᠢᠯᠡᠨ ᠬᠡᠷᠡᠭᠯᠡᠬᠦ ᠪᠡᠯᠡᠳᠬᠡᠯ ᠵᠶ᠋ᠡᠨ ᠰᠠᠢ᠌ᠲᠤᠷ ᠬᠢᠵᠦ ᠂  ᠲᠡᠳᠡᠭᠡᠷ᠎ᠤᠨ ᠴᠢᠳᠠᠮᠵᠢ ᠰᠠᠢ᠌ᠲᠠᠢ ᠪᠦᠷᠢᠨ ᠲᠥᠬᠥᠷ ᠪᠠᠢ᠌ᠵᠤ ᠂  ᠴᠠᠭ ᠢᠮᠠᠭᠲᠠ ᠬᠡᠪ᠎ᠤᠨ ᠶᠣᠰᠣᠭ᠋ᠠᠷ ᠬᠡᠷᠡᠭᠯᠡᠵᠦ ᠪᠣᠯᠬᠤ ᠵᠢ᠎ᠨᠢ  ᠦᠨᠡᠨ ᠬᠦ᠌ ᠪᠠᠲᠤᠯᠠᠨ᠎ᠠ ᠃ 

       6. ᠢᠳᠡᠭᠡᠨ ᠤᠮᠳᠠᠭ᠋ᠠᠨ ᠂  ᠤᠤᠭᠤᠬᠤ ᠤᠰᠤ ᠂  ᠬᠤᠪᠴᠠᠰᠤ ᠬᠤᠨᠠᠷ ᠬᠥᠨᠵᠢᠯᠡ ᠳᠡᠪᠢᠰᠬᠡᠷ ᠂  ᠮᠠᠢ᠌ᠬᠠᠨ ᠵᠡᠷᠭᠡ ᠭᠠᠮᠰᠢᠭ᠎ᠠᠴᠠ  ᠠᠪᠤᠷᠠᠬᠤ ᠡᠳ᠋ ᠪᠠᠷᠠᠭ᠎ᠠ ᠵᠢ ᠴᠤᠭᠯᠠᠭᠤᠯᠬᠤ ᠪᠠ ᠬᠡᠷᠡᠭᠯᠡᠬᠦ ᠪᠡᠯᠡᠳᠬᠡᠯ᠎ᠢ ᠰᠠᠢ᠌ᠲᠤᠷ ᠬᠢᠵᠦ ᠂  ᠰᠢᠯᠵᠢᠭᠦᠯᠦᠨ ᠵᠠᠢ᠌ᠯᠠᠭᠰᠠᠳ᠎ᠤᠨ ᠦᠨᠳᠦᠰᠦᠨ ᠠᠮᠢᠳᠤᠷᠠᠯ᠎ᠢ᠎ᠨᠢ  ᠪᠠᠲᠤᠯᠠᠨ᠎ᠠ ᠃ 

      7. ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠵᠠᠮ ᠬᠠᠷᠢᠯᠴᠠᠭ᠎ᠠ ᠂  ᠴᠢᠮᠡᠭᠡ ᠬᠣᠯᠪᠣᠭ᠎ᠠ ᠂  ᠤᠰᠤ ᠬᠠᠩᠭ᠋ᠠᠬᠤ ᠂  ᠤᠰᠤ ᠵᠠᠯᠠᠬᠤ ᠂  ᠴᠠᠬᠢᠯᠭ᠋ᠠᠨ ᠬᠠᠩᠭ᠋ᠠᠬᠤ ᠂  ᠬᠡᠢ ᠬᠠᠩᠭ᠋ᠠᠬᠤ ᠂  ᠢᠯᠴᠢ ᠬᠠᠩᠭ᠋ᠠᠬᠤ ᠵᠡᠷᠭᠡ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠠᠮᠤᠷ ᠲᠦᠪᠰᠢᠨ ᠪᠠ ᠬᠡᠪ᠎ᠤᠨ ᠠᠵᠢᠯᠯᠠᠭ᠋ᠠᠨ᠎ᠢ ᠦᠨᠡᠨ ᠬᠦ᠌ ᠪᠠᠲᠤᠯᠠᠨ᠎ᠠ ᠃ 

      8.  ᠣᠨᠴᠠᠭ᠋ᠠᠢ ᠠᠷᠭ᠎ᠠ ᠬᠡᠮᠵᠢᠶ᠎ᠡ ᠠᠪᠴᠤ ᠬᠥᠨᠥᠭᠡᠯ ᠬᠣᠬᠢᠷᠠᠯ᠎ᠠᠴᠠ ᠵᠠᠢ᠌ᠯᠠᠭᠤᠯᠬᠤ ᠪᠤᠶᠤ ᠬᠥᠨᠥᠭᠡᠯ ᠬᠣᠬᠢᠷᠠᠯ᠎ᠢ ᠪᠠᠭ᠋ᠠᠰᠬᠠᠬᠤ ᠲᠤᠬᠠᠢ ᠰᠠᠨᠠᠭᠤᠯᠭ᠎ᠠ ᠂  ᠢᠳᠬᠠᠯ᠎ᠢ ᠴᠠᠭ ᠲᠤᠬᠠᠢ᠎ᠳᠤ᠎ᠨᠢ  ᠨᠡᠢ᠌ᠭᠡᠮ᠎ᠳᠤ ᠨᠡᠢ᠌ᠲᠡᠯᠡᠨ᠎ᠡ ᠃ 

      9. ᠭᠣᠣᠯᠳᠠᠯᠭ᠎ᠠ ᠪᠣᠯᠬᠤ ᠨᠢᠭᠡᠴᠢ ᠂  ᠴᠢᠬᠤᠯᠠ ᠣᠷᠣᠨ ᠪᠠᠢ᠌ᠷᠢ ᠪᠠ ᠴᠢᠬᠤᠯᠠ ᠰᠠᠭᠤᠷᠢ ᠪᠡᠯᠡᠳᠬᠡᠮᠵᠢ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ ᠂  ᠨᠡᠢ᠌ᠭᠡᠮ᠎ᠤᠨ ᠠᠮᠤᠷ ᠲᠦᠪᠰᠢᠨ᠎ᠤ ᠡᠮᠬᠢ ᠳᠢᠭᠯᠢᠮ᠎ᠢ ᠬᠠᠮᠠᠭ᠋ᠠᠯᠠᠨ᠎ᠠ ᠃ 

      10. ᠰᠡᠷᠡᠮᠵᠢᠯᠡᠭᠦᠯᠬᠦ ᠮᠡᠳᠡᠭᠡ ᠵᠠᠩᠭᠢ ᠵᠢ ᠠᠶᠤᠯ᠎ᠲᠠᠢ ᠣᠷᠣᠨ ᠪᠦᠰᠡ᠎ᠳᠠᠬᠢ ᠬᠥᠮᠥᠰ᠎ᠲᠤ ᠴᠠᠭ ᠲᠤᠬᠠᠢ᠎ᠳᠤ᠎ᠨᠢ  ᠮᠡᠳᠡᠭᠳᠡᠵᠦ ᠂  ᠲᠣᠭᠲᠠᠭ᠋ᠠᠯ ᠶᠣᠰᠣᠭ᠋ᠠᠷ ᠬᠥᠮᠥᠰ᠎ᠢ ᠵᠣᠬᠢᠶᠠᠨ ᠪᠠᠢ᠌ᠭᠤᠯᠵᠤ ᠰᠢᠯᠵᠢᠭᠦᠯᠦᠨ ᠵᠠᠢ᠌ᠯᠠᠭᠤᠯᠤᠨ᠎ᠠ ᠃ 

      11. ᠣᠯᠠᠨ ᠨᠡᠶ᠋ᠢᠲᠡ᠎ᠳᠤ ᠬᠣᠯᠪᠣᠭᠳᠠᠬᠤ ᠭᠠᠢ ᠭᠠᠮᠰᠢᠭ᠎ᠤᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠨᠡᠢ᠌ᠭᠡᠮ᠎ᠳᠤ ᠨᠡᠢ᠌ᠲᠡᠯᠡᠬᠦ ᠵᠢᠨ ᠬᠠᠮᠲᠤ ᠂  ᠬᠠᠮᠢᠶ᠎ᠠ ᠪᠦᠬᠦᠢ ᠮᠡᠳᠡᠭᠡ ᠵᠠᠩᠭᠢ ᠵᠢᠨ ᠮᠡᠳᠡᠭᠡᠯᠡᠯ᠎ᠳᠤ ᠬᠠᠮᠢᠶᠠᠷᠤᠯᠲᠠ᠎ᠪᠠᠨ  ᠴᠢᠩᠭ᠋ᠠᠳᠬᠠᠨ᠎ᠠ ᠃ 

      12. ᠴᠢᠬᠤᠯᠠ᠎ᠲᠠᠢ ᠦᠶ᠎ᠡ᠎ᠳᠤ ᠂  ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠬᠥᠷᠰᠢ ᠵᠡᠷᠭᠡᠯᠡᠳᠡᠭᠡ ᠭᠠᠵᠠᠷ ᠣᠷᠣᠨ᠎ᠠᠴᠠ ᠲᠤᠰᠠᠯᠠᠮᠵᠢ ᠭᠤᠶᠤᠴᠢᠯᠠᠵᠤ ᠂  ᠭᠠᠮᠰᠢᠭ᠎ᠤᠨ ᠪᠠᠢ᠌ᠳᠠᠯ᠎ᠤᠨ ᠬᠠᠮᠢᠶ᠎ᠠ ᠪᠦᠬᠦᠢ ᠮᠡᠳᠡᠭᠡ ᠵᠠᠩᠭᠢ᠎ᠪᠠᠨ ᠮᠡᠳᠡᠭᠦᠯᠦᠨ᠎ᠡ (ᠨᠡᠪᠲᠡᠷᠡᠭᠦᠯᠦᠨ ᠮᠡᠳᠡᠭᠡᠯᠡᠨ᠎ᠡ ) ᠃ 

      (ᠲᠠᠪᠤ)  ᠬᠦᠨᠳᠦ ᠶᠡᠬᠡ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠷ ᠬᠢᠴᠢᠶᠡᠯᠯᠡᠬᠦ ᠵᠢ  ᠵᠣᠭᠰᠤᠭ᠋ᠠᠬᠤ ᠂  ᠠᠵᠢᠯᠯᠠᠬᠤ ᠵᠢ ᠵᠣᠭᠰᠤᠭ᠋ᠠᠬᠤ ᠂  ᠲᠡᠭᠡᠭᠡᠪᠦᠷᠢᠯᠡᠬᠦ ᠵᠢ ᠵᠣᠭᠰᠤᠭ᠋ᠠᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ

       ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ  ᠰᠡᠷᠡᠮᠵᠢᠯᠡᠭᠦᠯᠬᠦ ᠮᠡᠳᠡᠭᠡ ᠵᠠᠩᠭᠢ ᠵᠢᠨ ᠲᠠᠰ ᠵᠡᠷᠭᠡ ᠂  ᠨᠥᠯᠥᠭᠡᠯᠡᠬᠦ ᠣᠷᠣᠨ ᠪᠦᠰᠡ ᠵᠢᠴᠢ ᠴᠠᠭ ᠬᠤᠭᠤᠴᠠᠭ᠎ᠠ ᠵᠢ ᠦᠨᠳᠦᠰᠦᠯᠡᠨ ᠂  ᠶᠡᠷᠦᠩᠬᠡᠢ᠌ᠯᠡᠨ ᠰᠤᠳᠤᠯᠵᠤ ᠮᠠᠭ᠋ᠠᠳᠯᠠᠬᠤ᠎ᠪᠠᠨ ᠴᠢᠩᠭ᠋ᠠᠳᠬᠠᠵᠤ ᠂  ᠴᠢᠬᠤᠯᠠ᠎ᠲᠠᠢ ᠦᠶ᠎ᠡ᠎ᠳᠤ ᠬᠢᠴᠢᠶᠡᠯᠯᠡᠬᠦ ᠵᠢ ᠵᠣᠭᠰᠤᠭ᠋ᠠᠬᠤ ᠂  ᠠᠵᠢᠯᠯᠠᠬᠤ ᠵᠢ ᠵᠣᠭᠰᠤᠭ᠋ᠠᠬᠤ ᠂  ᠲᠡᠭᠡᠭᠡᠪᠦᠷᠢᠯᠡᠬᠦ ᠵᠢ ᠵᠣᠭᠰᠤᠭ᠋ᠠᠬᠤ ᠠᠷᠭ᠎ᠠ ᠬᠡᠮᠵᠢᠶ᠎ᠡ ᠵᠢ ᠡᠷᠡᠰ ᠰᠢᠭᠤᠷᠬᠠᠢ ᠠᠪᠬᠤ ᠬᠡᠷᠡᠭᠲᠡᠢ ᠃ 

      1. ᠬᠢᠴᠢᠶᠡᠯᠯᠡᠬᠦ ᠵᠢ ᠵᠣᠭᠰᠤᠭ᠋ᠠᠬᠤ ᠠᠷᠭ᠎ᠠ ᠬᠡᠮᠵᠢᠶ᠎ᠡ ᠃ 

       ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠄  ᠲᠤᠬᠠᠢ ᠵᠢᠨ ᠭᠠᠵᠠᠷ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠦᠨᠳᠦᠰᠦᠯᠡᠨ ᠂  ᠨᠥᠯᠥᠭᠡᠯᠡᠬᠦ ᠴᠠᠭ ᠬᠤᠭᠤᠴᠠᠭ᠎ᠠ ᠪᠠ ᠨᠥᠯᠥᠭᠡᠯᠡᠬᠦ ᠣᠷᠣᠨ ᠪᠦᠰᠡ᠎ᠲᠠᠢ᠎ᠨᠢ  ᠤᠶᠠᠯᠳᠤᠭᠤᠯᠤᠨ ᠂  ᠲᠦᠭᠰᠢᠭᠦᠷᠢ ᠵᠢ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ ᠂  ᠰᠤᠷᠤᠭᠴᠢᠳ᠎ᠤᠨ ᠰᠤᠷᠭ᠋ᠠᠭᠤᠯᠢ᠎ᠳᠤ᠎ᠪᠠᠨ ᠣᠴᠢᠬᠤ ᠂  ᠰᠤᠷᠭ᠋ᠠᠭᠤᠯᠢ᠎ᠠᠴᠠ᠎ᠪᠠᠨ ᠬᠠᠷᠢᠬᠤ ᠵᠢ ᠠᠮᠢᠳᠤᠯᠢᠭ ᠳᠣᠭᠢᠷᠠᠭᠤᠯᠤᠨ᠎ᠠ ;  ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠨᠢ  ᠲᠣᠬᠢᠷᠠᠭᠤᠯᠤᠨ ᠬᠢᠴᠢᠶᠡᠯᠯᠡᠬᠦ ᠵᠢ ᠵᠣᠭᠰᠤᠭ᠋ᠠᠬᠤ ᠠᠵᠢᠯ᠎ᠤᠨ ᠵᠢᠯᠣᠭᠣᠳᠤᠮᠵᠢ ᠪᠠᠶ᠋ᠢᠭᠤᠯᠬᠤ ᠵᠢᠨ ᠬᠠᠮᠲᠤ ᠂  ᠲᠣᠰ ᠠᠵᠢᠯ ᠲᠥᠷᠥᠯ ᠪᠤᠶᠤ ᠲᠣᠰ ᠨᠢᠭᠡᠴᠢ ᠵᠢᠨ ᠵᠶ᠋ᠡᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠳᠤ ᠣᠷᠣᠭᠤᠯᠬᠤ ᠬᠡᠷᠡᠭᠲᠡᠢ ᠃ 

       ᠬᠠᠷᠢᠶ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠂  ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠄  ᠪᠠᠴᠢᠮ ᠪᠠᠢ᠌ᠳᠠᠯ᠎ᠲᠠᠢ  ᠦᠶ᠎ᠡ᠎ᠳᠤ ᠳᠤᠮᠳᠠᠳᠤ ᠪᠠᠭ᠎ᠠ ᠰᠤᠷᠭ᠋ᠠᠭᠤᠯᠢ ᠂  ᠬᠡᠦᠬᠡᠳ᠎ᠤᠨ ᠴᠡᠴᠡᠷᠯᠢᠭ ᠪᠠ ᠶᠡᠬᠡ ᠳᠡᠭᠡᠳᠦ ᠰᠤᠷᠭ᠋ᠠᠭᠤᠯᠢ᠎ᠳᠤ  ᠬᠢᠴᠢᠶᠡᠯᠯᠡᠬᠦ ᠵᠢ᠎ᠨᠢ  ᠵᠣᠭᠰᠤᠭ᠋ᠠᠬᠤ ᠠᠷᠭ᠎ᠠ ᠬᠡᠮᠵᠢᠶ᠎ᠡ ᠵᠢ ᠡᠬᠢᠯᠡᠭᠦᠯᠬᠦ᠎ᠳᠤ᠎ᠪᠠᠨ ᠂  ᠰᠠᠭ᠋ᠠᠲᠠᠵᠤ ᠦᠯᠡᠳᠡᠭᠰᠡᠨ ᠬᠥᠮᠥᠰ ᠵᠶ᠋ᠡᠨ ᠰᠢᠯᠵᠢᠭᠦᠯᠬᠦ ᠪᠠ ᠲᠥᠪᠬᠢᠨᠡᠭᠦᠯᠬᠦ ᠠᠵᠢᠯ᠎ᠢ ᠵᠣᠬᠢᠶᠠᠨ ᠪᠠᠢ᠌ᠭᠤᠯᠤᠨ ᠰᠠᠢ᠌ᠲᠤᠷ ᠬᠢᠵᠦ ᠂  ᠬᠢᠴᠢᠶᠡᠯᠯᠡᠬᠦ ᠵᠢ ᠵᠣᠭᠰᠤᠭ᠋ᠠᠬᠤ ᠠᠷᠭ᠎ᠠ ᠬᠡᠮᠵᠢᠶᠡᠨ᠎ᠤ ᠪᠣᠳᠠᠲᠠᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠃ 

      2.  ᠠᠵᠢᠯᠯᠠᠬᠤ ᠵᠢ ᠵᠣᠭᠰᠤᠭ᠋ᠠᠬᠤ ᠠᠷᠭ᠎ᠠ ᠬᠡᠮᠵᠢᠶ᠎ᠡ ᠃ 

       ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠄  ᠲᠤᠬᠠᠢ ᠵᠢᠨ ᠭᠠᠵᠠᠷ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠦᠨᠳᠦᠰᠦᠯᠡᠨ ᠂  ᠨᠥᠯᠥᠭᠡᠯᠡᠬᠦ ᠴᠠᠭ ᠬᠤᠭᠤᠴᠠᠭ᠎ᠠ ᠪᠠ ᠨᠥᠯᠥᠭᠡᠯᠡᠬᠦ ᠣᠷᠣᠨ ᠪᠦᠰᠡ᠎ᠲᠠᠢ᠎ᠨᠢ  ᠤᠶᠠᠯᠳᠤᠭᠤᠯᠤᠨ ᠂  ᠲᠦᠭᠰᠢᠭᠦᠷᠢ ᠵᠢ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ ᠂  ᠴᠠᠭ ᠠᠭᠤᠷ᠎ᠤᠨ ᠭᠠᠮᠰᠢᠭ᠎ᠤᠨ ᠲᠥᠷᠥᠯ ᠬᠡᠯᠪᠡᠷᠢ ᠵᠢ ᠦᠨᠳᠦᠰᠦᠯᠡᠨ ᠂  ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠬᠣᠯᠪᠣᠭᠳᠠᠯ ᠪᠦᠬᠦᠢ ᠠᠵᠤ ᠠᠬᠤᠢ᠌ᠯᠠᠯ᠎ᠤᠨ ᠳᠠᠷᠤᠢ᠌ᠬᠠᠨ ᠠᠵᠢᠯᠯᠠᠬᠤ᠎ᠪᠠᠨ ᠵᠣᠭᠰᠤᠭ᠋ᠠᠬᠤ ᠵᠢ᠎ᠨᠢ  ᠬᠢᠨᠠᠨ ᠵᠢᠯᠣᠭᠣᠳᠤᠨ᠎ᠠ ;  ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠨᠢ  ᠲᠣᠬᠢᠷᠠᠭᠤᠯᠤᠨ ᠠᠵᠢᠯᠯᠠᠬᠤ ᠵᠢ ᠵᠣᠭᠰᠤᠭ᠋ᠠᠬᠤ ᠠᠵᠢᠯ᠎ᠤᠨ ᠵᠢᠯᠣᠭᠣᠳᠤᠮᠵᠢ ᠪᠠᠶ᠋ᠢᠭᠤᠯᠬᠤ ᠵᠢᠨ ᠬᠠᠮᠲᠤ ᠂  ᠲᠣᠰ ᠠᠵᠢᠯ ᠲᠥᠷᠥᠯ ᠪᠤᠶᠤ ᠲᠣᠰ ᠨᠢᠭᠡᠴᠢ ᠵᠢᠨ ᠵᠶ᠋ᠡᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠳᠤ ᠣᠷᠣᠭᠤᠯᠬᠤ ᠬᠡᠷᠡᠭᠲᠡᠢ ᠃ 

       ᠬᠠᠷᠢᠶ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠂  ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠄  ᠪᠠᠴᠢᠮ ᠪᠠᠢ᠌ᠳᠠᠯ᠎ᠲᠠᠢ  ᠦᠶ᠎ᠡ᠎ᠳᠤ ᠠᠵᠤ ᠠᠬᠤᠢ᠌ᠯᠠᠯ᠎ᠳᠤ ᠠᠵᠢᠯᠯᠠᠬᠤ ᠵᠢ᠎ᠨᠢ  ᠵᠣᠭᠰᠤᠭ᠋ᠠᠬᠤ ᠠᠷᠭ᠎ᠠ ᠬᠡᠮᠵᠢᠶ᠎ᠡ ᠵᠢ ᠡᠬᠢᠯᠡᠭᠦᠯᠬᠦ᠎ᠳᠤ᠎ᠪᠠᠨ ᠂ ᠰᠠᠭ᠋ᠠᠲᠠᠵᠤ ᠦᠯᠡᠳᠡᠭᠰᠡᠨ ᠬᠥᠮᠥᠰ᠎ᠢ ᠰᠢᠯᠵᠢᠭᠦᠯᠬᠦ ᠪᠠ ᠲᠥᠪᠬᠢᠨᠡᠭᠦᠯᠬᠦ ᠠᠵᠢᠯ᠎ᠢ ᠵᠣᠬᠢᠶᠠᠨ ᠪᠠᠢ᠌ᠭᠤᠯᠤᠨ ᠰᠠᠢ᠌ᠲᠤᠷ ᠬᠢᠵᠦ ᠂ ᠠᠵᠢᠯᠯᠠᠬᠤ ᠵᠢ ᠵᠣᠭᠰᠤᠭ᠋ᠠᠬᠤ ᠠᠷᠭ᠎ᠠ ᠬᠡᠮᠵᠢᠶ᠎ᠡ᠎ᠪᠠᠨ ᠨᠠᠢ᠌ᠳᠠᠪᠤᠷᠢᠵᠢᠭᠤᠯᠵᠤ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ 

      3. ᠲᠡᠭᠡᠭᠡᠪᠦᠷᠢᠯᠡᠬᠦ ᠵᠢ ᠵᠣᠭᠰᠤᠭ᠋ᠠᠬᠤ ᠠᠷᠭ᠎ᠠ ᠬᠡᠮᠵᠢᠶ᠎ᠡ ᠃ 

       ᠵᠠᠮ ᠬᠠᠷᠢᠯᠴᠠᠭ᠎ᠠ ᠲᠡᠭᠡᠭᠡᠪᠦᠷᠢ ᠂  ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠬᠠᠮᠢᠶ᠎ᠠ ᠪᠦᠬᠦᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠄  ᠲᠤᠬᠠᠢ ᠵᠢᠨ ᠭᠠᠵᠠᠷ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠦᠨᠳᠦᠰᠦᠯᠡᠨ ᠂  ᠨᠥᠯᠥᠭᠡᠯᠡᠬᠦ ᠴᠠᠭ ᠬᠤᠭᠤᠴᠠᠭ᠎ᠠ ᠪᠠ ᠨᠥᠯᠥᠭᠡᠯᠡᠬᠦ ᠣᠷᠣᠨ ᠪᠦᠰᠡ᠎ᠲᠠᠢ᠎ᠨᠢ  ᠤᠶᠠᠯᠳᠤᠭᠤᠯᠤᠨ ᠂  ᠲᠦᠭᠰᠢᠭᠦᠷᠢ ᠵᠢ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ ᠂  ᠲᠡᠮᠦᠷ ᠵᠠᠮ ᠂  ᠵᠠᠰᠠᠮᠠᠯ ᠵᠠᠮ ᠂  ᠠᠭ᠋ᠠᠷ ᠠᠶᠠᠯᠠᠯ ᠵᠡᠷᠭᠡ ᠵᠢᠨ ᠲᠡᠭᠡᠭᠡᠪᠦᠷᠢᠯᠡᠬᠦ ᠵᠢ᠎ᠨᠢ  ᠵᠣᠭᠰᠤᠭ᠋ᠠᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ ᠃ 

       ᠲᠡᠮᠦᠷ ᠵᠠᠮ ᠂  ᠠᠷᠠᠳ᠎ᠤᠨ ᠠᠭ᠋ᠠᠷ᠎ᠤᠨ ᠲᠡᠭᠡᠭᠡᠪᠦᠷᠢ ᠂  ᠵᠠᠰᠠᠮᠠᠯ ᠵᠠᠮ ᠂  ᠤᠰᠤᠨ ᠵᠠᠮ᠎ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠄  ᠵᠠᠮ ᠬᠠᠷᠢᠯᠴᠠᠭ᠎ᠠ ᠲᠡᠭᠡᠭᠡᠪᠦᠷᠢ ᠵᠢ ᠵᠣᠭᠰᠤᠭ᠋ᠠᠬᠤ ᠠᠵᠢᠯ᠎ᠤᠨ ᠵᠢᠯᠣᠭᠣᠳᠤᠮᠵᠢ ᠵᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠬᠦ ᠵᠢᠨ ᠬᠠᠮᠲᠤ ᠂  ᠰᠠᠯᠠᠭ᠎ᠠ ᠮᠥᠴᠢᠷ ᠪᠠ ᠬᠣᠯᠪᠣᠭᠳᠠᠯ ᠪᠦᠬᠦᠢ ᠨᠢᠭᠡᠴᠢ ᠵᠢᠨ ᠵᠶ᠋ᠡᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠳᠤ ᠣᠷᠣᠭᠤᠯᠤᠨ᠎ᠠ ;  ᠠᠭ᠋ᠠᠷ᠎ᠤᠨ ᠲᠡᠭᠡᠭᠡᠪᠦᠷᠢ ᠵᠢᠨ ᠲᠡᠭᠡᠭᠡᠪᠦᠷᠢᠯᠡᠬᠦ ᠵᠢ ᠵᠣᠭᠰᠤᠭ᠋ᠠᠬᠤ ᠠᠵᠢᠯ᠎ᠢ ᠪᠣᠯ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠎ᠨᠦᠭᠦᠳ᠎ᠢ ᠰᠢᠮᠳᠠᠭᠤᠯᠤᠨ ᠵᠣᠬᠢᠴᠠᠭᠤᠯᠵᠤ ᠪᠠᠢ᠌ᠭ᠋ᠠᠳ ᠨᠠᠢ᠌ᠳᠠᠪᠤᠷᠢᠵᠢᠭᠤᠯᠬᠤ ᠵᠢ᠎ᠨᠢ  ᠬᠠᠷᠢᠭᠤᠴᠠᠨ᠎ᠠ ᠃ 

       ᠬᠠᠷᠢᠶ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠪᠠ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠄  ᠲᠡᠭᠡᠭᠡᠪᠦᠷᠢᠯᠡᠬᠦ ᠵᠢ᠎ᠨᠢ  ᠵᠣᠭᠰᠤᠭ᠋ᠠᠬᠤ ᠠᠷᠭ᠎ᠠ ᠬᠡᠮᠵᠢᠶ᠎ᠡ᠎ᠪᠠᠨ ᠡᠬᠢᠯᠡᠭᠦᠯᠬᠦ᠎ᠳᠤ᠎ᠪᠠᠨ ᠂  ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠡᠯ᠎ᠡ ᠲᠥᠷᠥᠯ᠎ᠤᠨ ᠭᠣᠣᠯ ᠴᠣᠭᠴᠠ ᠵᠢ ᠰᠢᠮᠳᠠᠭᠤᠯᠤᠨ ᠵᠢᠯᠤᠭᠣᠳᠴᠤ ᠪᠠᠢ᠌ᠭ᠋ᠠᠳ ᠴᠠᠭ ᠲᠤᠬᠠᠢ᠎ᠳᠤ᠎ᠨᠢ  ᠨᠠᠢ᠌ᠳᠠᠪᠤᠷᠢᠵᠢᠭᠤᠯᠵᠤ ᠂  ᠰᠠᠭ᠋ᠠᠲᠠᠵᠤ ᠦᠯᠡᠳᠡᠭᠰᠡᠨ ᠬᠥᠮᠥᠰ᠎ᠢ ᠰᠢᠯᠵᠢᠭᠦᠯᠬᠦ ᠪᠠ ᠲᠥᠪᠬᠢᠨᠡᠭᠦᠯᠬᠦ ᠠᠵᠢᠯ᠎ᠢ ᠵᠣᠬᠢᠶᠠᠨ ᠪᠠᠢ᠌ᠭᠤᠯᠤᠨ ᠰᠠᠢ᠌ᠲᠤᠷ ᠬᠢᠵᠦ ᠂  ᠲᠡᠭᠡᠭᠡᠪᠦᠷᠢᠯᠡᠬᠦ ᠵᠢ ᠵᠣᠭᠰᠤᠭ᠋ᠠᠬᠤ ᠠᠷᠭ᠎ᠠ ᠬᠡᠮᠵᠢᠶ᠎ᠡ᠎ᠪᠠᠨ ᠨᠠᠢ᠌ᠳᠠᠪᠤᠷᠢᠵᠢᠭᠤᠯᠵᠤ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ 

       ᠤᠰᠤ ᠬᠠᠩᠭ᠋ᠠᠬᠤ ᠂  ᠴᠠᠬᠢᠯᠭ᠋ᠠᠨ ᠬᠠᠩᠭ᠋ᠠᠬᠤ ᠂  ᠬᠡᠢ ᠬᠠᠩᠭ᠋ᠠᠬᠤ ᠂  ᠴᠢᠮᠡᠭᠡ ᠬᠣᠯᠪᠣᠭ᠎ᠠ ᠂  ᠡᠮᠴᠢᠯᠡᠭᠡ ᠵᠡᠷᠭᠡ ᠠᠷᠠᠳ᠎ᠤᠨ ᠠᠮᠢᠳᠤᠷᠠᠯ᠎ᠳᠤ ᠬᠣᠯᠪᠣᠭᠳᠠᠭᠰᠠᠨ ᠪᠠ ᠠᠶᠤᠯ ᠭᠠᠮᠰᠢᠭ᠎ᠠᠴᠠ ᠠᠪᠤᠷᠠᠬᠤ ᠠᠵᠢᠯ᠎ᠳᠤ ᠣᠷᠣᠯᠴᠠᠬᠤ ᠨᠢᠭᠡᠴᠢ ᠎ᠨᠦᠭᠦᠳ᠎ᠨᠢ  ᠬᠢᠴᠢᠶᠡᠯᠯᠡᠬᠦ ᠵᠢ ᠵᠣᠭᠰᠤᠭ᠋ᠠᠬᠤ ᠂  ᠠᠵᠢᠯᠯᠠᠬᠤ ᠵᠢ ᠵᠣᠭᠰᠤᠭ᠋ᠠᠬᠤ ᠂  ᠲᠡᠭᠡᠭᠡᠪᠦᠷᠢᠯᠡᠬᠦ ᠵᠢ ᠵᠣᠭᠰᠤᠭ᠋ᠠᠬᠤ ᠬᠡᠪᠴᠢᠶᠡᠨ᠎ᠳᠤ ᠪᠠᠭᠲᠠᠬᠤ ᠦᠭᠡᠢ ᠃ 

      (ᠵᠢᠷᠭᠤᠭ᠎ᠠ) ᠲᠤᠢ᠌ᠯ᠎ᠤᠨ ᠳᠣᠭᠰᠢᠨ ᠠᠵᠢᠷᠭ᠋ᠠᠨ ᠪᠣᠷᠣᠭ᠋ᠠᠨ ᠂  ᠬᠦᠴᠦᠲᠡᠢ ᠰᠣᠯᠢᠭ ᠤᠷᠤᠰᠬᠠᠯᠲᠤ ᠴᠠᠭ ᠠᠭᠤᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠣᠯᠪᠤᠭ᠋ᠠᠯᠠᠨ ᠬᠥᠳᠡᠯᠦᠯᠴᠡᠬᠦ᠎ᠪᠠᠨ ᠴᠢᠩᠭ᠋ᠠᠷᠠᠭᠤᠯᠬᠤ ᠬᠡᠷᠡᠭᠲᠡᠢ

       ᠬᠣᠰᠢᠭᠤ ᠰᠢᠶᠠᠨ᠎ᠤ ᠱᠠᠲᠤᠨ᠎ᠠᠴᠠ  ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠄  ᠴᠠᠭ ᠠᠭᠤᠷ᠎ᠤᠨ ᠭᠠᠮᠰᠢᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠤᠨ ᠲᠣᠭᠲᠠᠯᠴᠠᠭ᠋ᠠᠨ᠎ᠤ ᠪᠠᠢ᠌ᠭᠤᠯᠤᠯᠲᠠ ᠵᠢ ᠴᠢᠩᠭ᠋ᠠᠳᠬᠠᠵᠤ ᠂  ᠲᠤᠢ᠌ᠯ᠎ᠤᠨ ᠳᠣᠭᠰᠢᠨ ᠠᠵᠢᠷᠭ᠋ᠠᠨ ᠪᠣᠷᠣᠭ᠋ᠠᠨ ᠂  ᠬᠦᠴᠦᠲᠡᠢ ᠰᠣᠯᠢᠭ ᠤᠷᠤᠰᠬᠠᠯᠲᠤ ᠴᠠᠭ ᠠᠭᠤᠷ᠎ᠢ ᠠᠷᠭ᠋ᠠᠴᠠᠭ᠋ᠠᠬᠤ᠎ᠳᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠣᠯᠪᠤᠭ᠋ᠠᠯᠠᠨ ᠬᠥᠳᠡᠯᠦᠯᠴᠡᠬᠦ ᠵᠢᠴᠢ ᠤᠷᠢᠶᠠᠯᠠᠨ ᠳᠠᠭ᠋ᠠᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ ᠂  ᠵᠣᠬᠢᠬᠤ ᠰᠡᠷᠭᠡᠢ᠌ᠯᠡᠵᠦ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢ ᠲᠣᠭᠲᠠᠭ᠋ᠠᠨ᠎ᠠ ;  ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ᠎ᠪᠠᠨ ᠴᠢᠩᠭ᠋ᠠᠳᠬᠠᠵᠤ ᠂  ᠡᠯ᠎ᠡ ᠰᠠᠯᠠᠭ᠎ᠠ ᠮᠥᠴᠢᠷ ᠨᠢᠭᠡᠴᠢ ᠪᠠ ᠨᠡᠢ᠌ᠭᠡᠮ ᠨᠡᠶ᠋ᠢᠲᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠦᠨᠳᠦᠰᠦᠯᠡᠨ ᠂  ᠥᠪᠡᠷ᠎ᠢ᠎ᠪᠠᠨ  ᠠᠪᠤᠷᠠᠬᠤ ᠪᠠ ᠥᠷᠥᠭᠡᠯ ᠪᠤᠰᠤᠳ᠎ᠤᠨ ᠬᠣᠭᠣᠷᠣᠨᠳᠤ᠎ᠪᠠᠨ ᠲᠤᠰᠠᠯᠠᠨ ᠠᠪᠤᠷᠠᠬᠤ ᠵᠣᠬᠢᠴᠠᠩᠭᠤᠢ ᠠᠷᠭ᠎ᠠ ᠬᠡᠮᠵᠢᠶ᠎ᠡ ᠵᠢ ᠠᠪᠴᠤ ᠬᠡᠷᠡᠭᠯᠡᠬᠦ ᠬᠡᠷᠡᠭᠲᠡᠢ ᠃ 

       ᠴᠠᠭ ᠠᠭᠤᠷ᠎ᠤᠨ ᠰᠠᠯᠠᠭ᠎ᠠ ᠮᠥᠴᠢᠷ ᠄  ᠴᠠᠭ ᠠᠭᠤᠷ᠎ᠤᠨ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠠᠬᠢᠨ ᠳᠠᠪᠰᠢᠬᠤ ᠮᠠᠶᠢᠭ᠎ᠤᠨ ᠦᠢ᠍ᠯᠡᠴᠢᠯᠡᠭᠡ ᠵᠢ ᠥᠷᠨᠢᠭᠦᠯᠵᠦ ᠂  ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠣᠨᠣᠪᠴᠢ ᠵᠢᠨ ᠬᠡᠮᠵᠢᠶ᠎ᠡ ᠂  ᠤᠷᠢᠳᠴᠢᠯᠠᠭᠤᠯᠬᠤ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ ᠂  ᠴᠠᠭ ᠠᠭᠤᠷ᠎ᠤᠨ ᠬᠠᠮᠤᠭ᠎ᠤᠨ ᠰᠢᠨ᠎ᠡ ᠲᠣᠭ᠎ᠠ ᠪᠠᠷᠢᠮᠲᠠ ᠵᠢ ᠦᠨᠳᠦᠰᠦᠯᠡᠨ ᠪᠠᠢ᠌ᠵᠤ ᠨᠡᠢ᠌ᠲᠡᠯᠡᠭᠰᠡᠨ ᠠᠵᠢᠷᠭ᠋ᠠᠨ ᠪᠣᠷᠣᠭ᠋ᠠᠨ ᠂  ᠬᠦᠴᠦᠲᠡᠢ ᠰᠣᠯᠢᠭ ᠤᠷᠤᠰᠬᠠᠯᠲᠤ ᠴᠠᠭ ᠠᠭᠤᠷ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠳᠤ᠎ᠪᠠᠨ ᠴᠠᠭ ᠲᠤᠬᠠᠢ᠎ᠳᠤ᠎ᠨᠢ  ᠲᠣᠬᠢᠷᠠᠭᠤᠯᠤᠯᠲᠠ ᠬᠢᠵᠦ ᠂  ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠣᠯᠪᠤᠭ᠋ᠠᠯᠠᠨ ᠬᠥᠳᠡᠯᠦᠯᠴᠡᠬᠦ ᠵᠢᠨ ᠪᠦᠲᠦᠮᠵᠢᠲᠦ ᠴᠢᠨᠠᠷ᠎ᠢ ᠳᠡᠭᠡᠭᠰᠢᠯᠡᠭᠦᠯᠦᠨ᠎ᠡ ᠃ 

      1. ᠪᠠᠴᠢᠮ ᠪᠠᠢ᠌ᠳᠠᠯ᠎ᠢ ᠠᠷᠭ᠋ᠠᠴᠠᠭ᠋ᠠᠬᠤ᠎ᠳᠤ ᠤᠷᠢᠶᠠᠯᠠᠨ ᠳᠠᠭ᠋ᠠᠬᠤ ᠵᠢ ᠡᠬᠢᠯᠡᠭᠦᠯᠬᠦ ᠪᠡᠯᠡᠳᠬᠡᠯ ᠱᠠᠲᠤ ᠃  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠠ ᠰᠠᠯᠠᠭ᠎ᠠ ᠮᠥᠴᠢᠷ ᠨᠢᠭᠡᠴᠢ᠎ᠨᠦᠭᠦᠳ ᠴᠠᠭ ᠠᠭᠤᠷ ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠣᠯᠣᠭᠰᠠᠨ᠎ᠤ ᠲᠠᠷᠠᠭ᠎ᠠ ᠂  ᠴᠠᠭ ᠠᠭᠤᠷ᠎ᠤᠨ ᠭᠠᠮᠰᠢᠭ  ᠲᠣᠬᠢᠶᠠᠯᠳᠤᠭᠰᠠᠨ ᠣᠷᠣᠨ ᠬᠢᠭᠡᠳ ᠭᠠᠮᠰᠢᠭ᠎ᠤᠨ ᠬᠦᠴᠦᠯᠡᠴᠡ ᠵᠢ ᠦᠨᠳᠦᠰᠦᠯᠡᠨ ᠂  ᠬᠠᠮᠢᠶ᠎ᠠ ᠪᠦᠬᠦᠢ ᠨᠢᠭᠡᠴᠢ ᠵᠢ ᠵᠣᠬᠢᠶᠠᠨ ᠪᠠᠢ᠌ᠭᠤᠯᠵᠤ ᠬᠠᠮᠲᠤ᠎ᠪᠠᠷ ᠰᠤᠳᠤᠯᠤᠨ ᠮᠠᠭ᠋ᠠᠳᠯᠠᠵᠤ ᠂  ᠲᠠᠯᠳᠠ ᠭᠡᠮ᠎ᠢ᠎ᠨᠢ  ᠵᠢᠭᠰᠠᠭ᠋ᠠᠨ ᠪᠠᠢ᠌ᠴᠠᠭ᠋ᠠᠬᠤ ᠠᠵᠢᠯ ᠥᠷᠨᠢᠭᠦᠯᠦᠨ ᠂ ᠭᠠᠮᠰᠢᠭᠲᠤ ᠲᠦᠭᠰᠢᠭᠦᠷᠢᠲᠡᠢ ᠣᠷᠣᠨ᠎ᠢ ᠴᠠᠭ ᠲᠤᠬᠠᠢ᠎ᠳᠤ᠎ᠨᠢ  ᠬᠢᠨᠠᠨ ᠰᠢᠨᠵᠢᠬᠦ᠎ᠪᠠᠨ ᠴᠢᠩᠭ᠋ᠠᠳᠬᠠᠬᠤ ᠵᠢᠨ ᠬᠠᠮᠲᠤ ᠂  ᠴᠠᠭ ᠠᠭᠤᠷ᠎ᠤᠨ ᠬᠤᠪᠢᠷᠠᠯᠲᠠ ᠪᠠ ᠬᠤᠷ᠎ᠠ ᠲᠤᠨᠤᠳᠠᠰᠤᠨ᠎ᠤ ᠪᠠᠢ᠌ᠳᠠᠯ᠎ᠢ ᠮᠥᠷᠳᠡᠨ ᠡᠵᠡᠮᠰᠢᠵᠦ ᠂  ᠪᠠᠴᠢᠮ ᠪᠠᠢ᠌ᠳᠠᠯ᠎ᠢ ᠠᠷᠭ᠋ᠠᠴᠠᠭ᠋ᠠᠬᠤ᠎ᠳᠤ ᠤᠷᠢᠶᠠᠯᠠᠨ ᠲᠠᠭ᠋ᠠᠬᠤ ᠠᠵᠢᠯ ᠥᠷᠨᠢᠭᠦᠯᠬᠦ ᠪᠥᠬᠥ ᠲᠠᠯ᠎ᠠ ᠵᠢᠨ ᠪᠡᠯᠡᠳᠬᠡᠯ᠎ᠢ ᠰᠠᠢ᠌ᠲᠤᠷ ᠬᠢᠬᠦ ᠬᠡᠷᠡᠭᠲᠡᠢ ᠃ 

      2. ᠪᠠᠴᠢᠮ ᠪᠠᠢ᠌ᠳᠠᠯ᠎ᠢ ᠠᠷᠭ᠋ᠠᠴᠠᠭ᠋ᠠᠬᠤ᠎ᠳᠤ ᠤᠷᠢᠶᠠᠯᠠᠨ ᠳᠠᠭ᠋ᠠᠬᠤ ᠵᠢ ᠡᠬᠢᠯᠡᠭᠦᠯᠬᠦ ᠱᠠᠲᠤ ᠃  ᠬᠣᠰᠢᠭᠤ ᠰᠢᠶᠠᠨ ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠠ ᠰᠠᠯᠠᠭ᠎ᠠ ᠮᠥᠴᠢᠷ ᠨᠢᠭᠡᠴᠢ᠎ᠨᠢ  ᠴᠠᠭ ᠠᠭᠤᠷ᠎ᠤᠨ ᠰᠠᠯᠠᠭ᠎ᠠ ᠮᠥᠴᠢᠷ᠎ᠤᠨ ᠨᠡᠢ᠌ᠲᠡᠯᠡᠭᠰᠡᠨ ᠠᠵᠢᠷᠭ᠋ᠠᠨ ᠪᠣᠷᠣᠭ᠋ᠠᠨ ᠪᠠ ᠬᠦᠴᠦᠲᠡᠢ ᠰᠣᠯᠢᠭ ᠤᠷᠤᠰᠬᠠᠯ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠣᠯᠣᠭᠰᠠᠨ᠎ᠤ ᠲᠠᠷᠠᠭ᠎ᠠ ᠂ ᠰᠡᠷᠡᠮᠵᠢᠯᠡᠭᠦᠯᠦᠭᠰᠡᠨ ᠮᠡᠳᠡᠭᠡ ᠵᠠᠩᠭᠢ᠎ᠪᠠᠷ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠤᠷᠢᠶᠠᠯᠠᠨ ᠲᠠᠭ᠋ᠠᠬᠤ ᠵᠢ ᠡᠬᠢᠯᠡᠭᠦᠯᠬᠦ ᠨᠥᠬᠥᠴᠡᠯ ᠪᠣᠯᠭ᠋ᠠᠵᠤ ᠂  ᠬᠠᠮᠲᠤᠷᠠᠨ ᠵᠥᠪᠳᠡᠯᠴᠡᠵᠦ ᠰᠤᠳᠤᠯᠤᠨ ᠮᠠᠭ᠋ᠠᠳᠯᠠᠬᠤ ᠵᠢ ᠵᠣᠬᠢᠶᠠᠨ ᠪᠠᠢ᠌ᠭᠤᠯᠵᠤ ᠂  ᠰᠤᠳᠤᠯᠤᠨ ᠮᠠᠭ᠋ᠠᠳᠯᠠᠭᠰᠠᠨ ᠳ᠋ᠦᠩ᠎ᠢ ᠦᠨᠳᠦᠰᠦᠯᠡᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ᠎ᠳᠤ ᠤᠷᠢᠶᠠᠯᠠᠨ ᠲᠠᠭ᠋ᠠᠬᠤ ᠪᠠᠢ᠌ᠳᠠᠯ᠎ᠲᠠᠢ  ᠪᠠᠢ᠌ᠬᠤ ᠡᠰᠡᠬᠦ ᠎ᠪᠠᠨ ᠲᠣᠭᠲᠠᠭ᠋ᠠᠬᠤ ᠬᠡᠷᠡᠭᠲᠡᠢ ᠃  ᠪᠠᠴᠢᠮ ᠪᠠᠢ᠌ᠳᠠᠯ᠎ᠢ ᠠᠷᠭ᠋ᠠᠴᠠᠭ᠋ᠠᠬᠤ᠎ᠳᠤ ᠤᠷᠢᠶᠠᠯᠠᠨ ᠳᠠᠭ᠋ᠠᠬᠤ ᠵᠢ ᠡᠬᠢᠯᠡᠭᠦᠯᠦᠭᠰᠡᠨ᠎ᠤ ᠳᠠᠷᠠᠭ᠎ᠠ ᠂  ᠬᠣᠰᠢᠭᠤ ᠰᠢᠶᠠᠨ᠎ᠤ ᠱᠠᠲᠤᠨ᠎ᠠᠴᠠ  ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ  ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠪᠠ ᠨᠥᠯᠥᠭᠡᠯᠡᠭᠳᠡᠬᠦ ᠭᠠᠵᠠᠷ ᠣᠷᠣᠨ᠎ᠢ ᠵᠢᠯᠣᠭᠣᠳᠤᠨ ᠲᠣᠬᠢᠷᠠᠭᠤᠯᠵᠤ ᠪᠠᠢ᠌ᠭ᠋ᠠᠳ ᠰᠡᠷᠭᠡᠢ᠌ᠯᠡᠵᠦ ᠠᠷᠭ᠋ᠠᠴᠠᠭ᠋ᠠᠬᠤ ᠠᠵᠢᠯ᠎ᠢ ᠰᠠᠢ᠌ᠲᠤᠷ ᠬᠢᠯᠭᠡᠨ᠎ᠡ ;  ᠨᠥᠯᠥᠭᠡᠯᠡᠭᠳᠡᠬᠦ ᠭᠠᠵᠠᠷ ᠣᠷᠣᠨ᠎ᠤ ᠬᠣᠰᠢᠭᠤ ᠰᠢᠶᠠᠨ᠎ᠤ ᠱᠠᠲᠤᠨ᠎ᠠᠴᠠ  ᠳᠡᠭᠡᠭᠰᠢᠬᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ᠎ᠨᠢ  ᠵᠢᠵᠢᠭᠦᠷᠯᠡᠵᠦ ᠰᠠᠬᠢᠬᠤ ᠠᠵᠢᠯ ᠵᠶ᠋ᠠᠨ ᠴᠢᠩᠭ᠋ᠠᠳᠬᠠᠬᠤ ᠬᠡᠷᠡᠭᠲᠡᠢ ᠃ 

      3. ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠣᠯᠪᠤᠭ᠋ᠠᠯᠠᠨ ᠬᠥᠳᠡᠯᠦᠯᠴᠡᠬᠦ ᠃  ᠴᠠᠭ ᠠᠭᠤᠷ᠎ᠤᠨ ᠰᠠᠯᠠᠭ᠎ᠠ ᠮᠥᠴᠢᠷ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠢ᠌ᠲᠡᠯᠡᠭᠰᠡᠨ᠎ᠤ ᠲᠡᠷᠡᠭ᠎ᠠ ᠂  ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ  ᠪᠠᠴᠢᠮ ᠪᠠᠢ᠌ᠳᠠᠯ᠎ᠢ ᠠᠷᠭ᠋ᠠᠴᠠᠭ᠋ᠠᠨ ᠵᠢᠵᠢᠭᠦᠷᠯᠡᠵᠦ ᠰᠠᠬᠢᠬᠤ ᠠᠵᠢᠯ ᠵᠶ᠋ᠠᠨ ᠴᠢᠩᠭ᠋ᠠᠳᠬᠠᠵᠤ ᠂  ᠨᠢᠭᠲᠠ ᠵᠣᠬᠢᠴᠠᠭᠤᠯᠤᠨ ᠨᠡᠪᠲᠡᠷᠡᠯᠴᠡᠵᠦ ᠂  ᠭᠠᠢ ᠭᠠᠮᠰᠢᠭ᠎ᠤᠨ ᠬᠥᠭᠵᠢᠵᠦ ᠬᠤᠪᠢᠷᠠᠬᠤ ᠪᠠᠢ᠌ᠳᠠᠯ᠎ᠢ ᠴᠠᠭ ᠲᠤᠬᠠᠢ᠎ᠳᠤ᠎ᠨᠢ  ᠡᠵᠡᠮᠰᠢᠵᠦ ᠂  ᠮᠡᠳᠡᠭᠡ ᠵᠠᠩᠭᠢ ᠵᠢ ᠬᠤᠷᠢᠶᠠᠩᠭᠤᠢ᠌ᠯᠠᠨ ᠮᠡᠳᠡᠭᠦᠯᠬᠦ ᠠᠵᠢᠯ ᠵᠢᠴᠢ ᠮᠡᠳᠡᠭᠡ ᠵᠠᠩᠭᠢ ᠨᠡᠢ᠌ᠲᠡᠯᠡᠬᠦ ᠂  ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠬᠥᠲᠥᠯᠥᠨ ᠵᠢᠯᠤᠭᠣᠳᠬᠤ ᠠᠵᠢᠯ ᠵᠶ᠋ᠠᠨ ᠰᠠᠢ᠌ᠲᠤᠷ ᠬᠢᠬᠦ ᠬᠡᠷᠡᠭᠲᠡᠢ ᠃  ᠭᠣᠣᠯᠳᠠᠯᠭ᠎ᠠ ᠪᠣᠯᠬᠤ ᠣᠷᠣᠨ ᠪᠦᠰᠡ ᠂ ᠠᠨᠠᠢ ᠪᠠᠢ᠌ᠭ᠎ᠠ ᠭᠣᠭᠴᠣᠭ᠎ᠠ ᠵᠢ᠎ᠨᠢ  ᠲᠣᠭᠣᠷᠢᠨ ᠪᠠᠢ᠌ᠴᠠᠭ᠋ᠠᠵᠤ ᠰᠠᠬᠢᠨ ᠬᠠᠮᠠᠭ᠋ᠠᠯᠠᠬᠤ ᠠᠵᠢᠯ᠎ᠢ ᠰᠠᠢ᠌ᠲᠤᠷ ᠬᠢᠵᠦ ᠂  ᠭᠠᠮᠰᠢᠭ᠎ᠠᠴᠠ ᠪᠣᠯᠵᠤ ᠰᠦᠢ᠍ᠳᠬᠡᠭᠳᠡᠭᠰᠡᠨ ᠪᠠᠷᠢᠯᠭ᠎ᠠ ᠪᠡᠯᠡᠳᠬᠡᠮᠵᠢ ᠵᠢ ᠲᠦᠷᠭᠡᠨ ᠵᠠᠰᠠᠵᠤ ᠰᠡᠷᠭᠦᠭᠡᠨ᠎ᠡ ᠃  ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠡᠨ ᠶᠣᠰᠣᠭ᠋ᠠᠷ ᠂  ᠳᠣᠣᠷᠠᠬᠢ ᠠᠵᠢᠯ᠎ᠤᠳ᠎ᠢ ᠥᠷᠨᠢᠭᠦᠯᠬᠦ ᠬᠡᠷᠡᠭᠲᠡᠢ ᠄ 

       ᠴᠠᠭ ᠠᠭᠤᠷ᠎ᠤᠨ ᠰᠠᠯᠠᠭ᠎ᠠ ᠮᠥᠴᠢᠷ ᠄  ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠭᠯᠠᠯᠲᠠ ᠰᠢᠨᠵᠢᠯᠲᠡ ᠵᠢ ᠴᠠᠭ᠎ᠲᠤ᠎ᠨᠢ  ᠲᠣᠬᠢᠷᠠᠭᠤᠯᠤᠨ ᠡᠬᠢᠯᠡᠭᠦᠯᠵᠦ ᠂  ᠨᠠᠷᠢᠯᠢᠭᠵᠢᠭᠤᠯᠤᠭᠰᠠᠨ ᠬᠢᠨᠠᠨ ᠰᠢᠨᠵᠢᠯᠲᠡ ᠬᠢᠬᠦ ᠂  ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠴᠠᠭ ᠠᠭᠤᠷ᠎ᠤᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢ ᠬᠠᠩᠭ᠋ᠠᠨ᠎ᠠ ;  ᠬᠣᠰᠢᠭᠤ ᠰᠢᠶᠠᠨ᠎ᠤ ᠱᠠᠲᠤᠨ᠎ᠠᠴᠠ  ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠪᠣᠷᠣᠭ᠋ᠠᠨ ᠬᠤᠷ᠎ᠠ ᠵᠢᠨ ᠪᠣᠳᠠᠲᠤ ᠪᠠᠢ᠌ᠳᠠᠯ ᠵᠢᠴᠢ ᠤᠷᠢᠳᠴᠢᠯᠠᠭᠰᠠᠨ ᠮᠡᠳᠡᠭᠡ ᠵᠢ ᠴᠠᠭ ᠲᠤᠬᠠᠢ᠎ᠳᠤ᠎ᠨᠢ ᠲᠠᠰᠤᠯᠳᠠᠯ ᠦᠭᠡᠢ᠎ᠪᠠᠷ ᠮᠡᠳᠡᠭᠦᠯᠬᠦ ᠬᠡᠷᠡᠭᠲᠡᠶ ;  ᠴᠠᠭ ᠠᠭᠤᠷ᠎ᠤᠨ ᠨᠢᠭᠤᠴᠠᠯᠠᠭᠰᠠᠨ ᠵᠥᠪᠳᠡᠯᠴᠡᠭᠡ ᠵᠢ ᠵᠣᠬᠢᠶᠠᠨ ᠪᠠᠢ᠌ᠭᠤᠯᠤᠨ ᠥᠷᠨᠢᠭᠦᠯᠵᠦ ᠂  ᠴᠠᠭ ᠠᠭᠤᠷ᠎ᠤᠨ ᠭᠠᠮᠰᠢᠭ᠎ᠤᠨ ᠬᠥᠭᠵᠢᠵᠦ ᠬᠤᠪᠢᠷᠠᠬᠤ ᠬᠠᠨᠳᠤᠰᠢ ᠪᠠ ᠨᠥᠯᠥᠭᠡ ᠵᠢ ᠵᠠᠳᠠᠯᠤᠨ ᠰᠤᠳᠤᠯᠵᠤ ᠮᠠᠭ᠋ᠠᠳᠯᠠᠨ ᠂  ᠠᠳᠠᠯᠢ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠬᠠᠮᠢᠶ᠎ᠠ ᠪᠦᠬᠦᠢ ᠵᠢᠯᠤᠭᠣᠳᠬᠤ ᠪᠠᠢ᠌ᠭᠤᠯᠤᠮᠵᠢ᠎ᠳᠤ ᠰᠡᠷᠡᠮᠵᠢᠯᠡᠨ ᠰᠡᠷᠭᠡᠢ᠌ᠯᠡᠬᠦ ᠰᠠᠨᠠᠭᠤᠯᠭ᠎ᠠ ᠳᠤᠷᠠᠳᠬᠤ ᠬᠡᠷᠡᠭᠲᠡᠢ ᠃ 

       ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠄  ᠬᠡᠦᠬᠡᠳ᠎ᠤᠨ ᠴᠡᠴᠡᠷᠯᠢᠭ ᠂  ᠳᠤᠮᠳᠠᠳᠤ ᠪᠠᠭ᠎ᠠ ᠰᠤᠷᠭ᠋ᠠᠭᠤᠯᠢ ᠪᠠ ᠶᠡᠬᠡ ᠳᠡᠭᠡᠳᠦ ᠰᠤᠷᠭ᠋ᠠᠭᠤᠯᠢ ᠵᠢ ᠵᠣᠬᠢᠶᠠᠨ ᠪᠠᠢ᠌ᠭᠤᠯᠵᠤ ᠵᠢᠭ᠋ᠠᠨ ᠵᠢᠯᠤᠭᠣᠳᠴᠤ ᠪᠠᠢ᠌ᠭ᠋ᠠᠳ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ  ᠠᠷᠭ᠋ᠠᠴᠠᠭ᠋ᠠᠬᠤ ᠠᠵᠢᠯ᠎ᠢ ᠰᠠᠢ᠌ᠲᠤᠷ ᠬᠢᠯᠭᠡᠵᠦ ᠂  ᠴᠢᠬᠤᠯᠠ᠎ᠲᠠᠢ ᠦᠶ᠎ᠡ᠎ᠳᠤ ᠬᠢᠴᠢᠶᠡᠯᠯᠡᠬᠦ ᠵᠢ ᠵᠣᠭᠰᠤᠭ᠋ᠠᠬᠤ ᠂  ᠬᠢᠴᠢᠶᠡᠯᠯᠡᠬᠦ ᠴᠠᠭ᠎ᠢ᠎ᠨᠢ  ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ ᠂  ᠬᠦᠨᠳᠦ ᠶᠡᠬᠡ ᠴᠠᠭ ᠠᠭᠤᠷ᠎ᠤᠨ ᠭᠠᠮᠰᠢᠭ᠎ᠠᠴᠠ  ᠪᠣᠯᠬᠤ ᠠᠮᠤᠷ ᠲᠦᠪᠰᠢᠨ᠎ᠤ ᠳᠠᠯᠳᠠ ᠬᠡᠮ᠎ᠢ ᠰᠡᠷᠭᠡᠢ᠌ᠯᠡᠬᠦ ᠬᠡᠷᠡᠭᠲᠡᠢ ᠃ 

       ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠰᠠᠯᠠᠭ᠎ᠠ ᠮᠥᠴᠢᠷ ᠄  ᠠᠵᠢᠯ ᠲᠦᠷᠦᠯ᠎ᠤᠨ ᠭᠣᠣᠯᠴᠢᠯᠠᠨ ᠬᠠᠮᠢᠶᠠᠷᠬᠤ ᠨᠢᠭᠡᠴᠢ ᠵᠢ ᠰᠢᠮᠳᠠᠭᠤᠯᠤᠨ ᠵᠢᠯᠤᠭᠣᠳᠴᠤ ᠪᠠᠢ᠌ᠭ᠋ᠠᠳ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠨ ᠬᠣᠷᠢᠭᠯᠠᠬᠤ ᠠᠵᠢᠯ᠎ᠢ ᠰᠠᠢ᠌ᠲᠤᠷ  ᠬᠢᠯᠭᠡᠬᠦ ᠬᠡᠷᠡᠭᠲᠡᠢ ᠃

       ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠄  ᠴᠠᠭᠳᠠᠭ᠋ᠠᠨ᠎ᠤ ᠬᠦᠴᠦᠨ᠎ᠤ ᠣᠷᠣᠭᠤᠯᠤᠯᠲᠠ᠎ᠪᠠᠨ ᠨᠡᠮᠡᠭᠳᠡᠭᠦᠯᠵᠦ ᠂  ᠬᠣᠲᠠ ᠵᠢᠨ ᠭᠣᠣᠯ ᠪᠣᠯᠬᠤ ᠵᠠᠮ ᠬᠥᠭᠥᠷᠭᠡ ᠭᠤᠯᠳᠤᠩ ᠂ ᠲᠦᠷᠭᠡᠨ᠎ᠤ ᠵᠠᠰᠠᠮᠠᠯ ᠵᠠᠮ ᠂  ᠤᠯᠤᠰ ᠮᠤᠵᠢ ᠵᠢᠨ ᠭᠣᠣᠯ ᠱᠤᠭᠤᠮ ᠂  ᠡᠨᠳᠡᠯ ᠣᠯᠠᠨ ᠡᠭᠦᠰᠳᠡᠭ ᠵᠠᠮ᠎ᠤᠨ ᠬᠡᠰᠡᠭ ᠵᠡᠷᠭᠡ ᠴᠠᠭ ᠠᠭᠤᠷ᠎ᠤᠨ ᠭᠠᠮᠰᠢᠭ ᠪᠤᠶᠤ ᠡᠭᠦᠰᠦᠮᠡᠯ ᠭᠠᠮᠰᠢᠭ ᠂ ᠤᠯᠠᠷᠢᠨ ᠡᠭᠦᠰᠬᠦ ᠭᠠᠮᠰᠢᠭ᠎ᠲᠤ ᠠᠮᠠᠷᠬᠠᠨ ᠨᠥᠯᠥᠭᠡᠯᠡᠭᠳᠡᠬᠦ ᠵᠠᠮ᠎ᠤᠨ ᠬᠡᠰᠡᠭ᠎ᠲᠤ ᠴᠠᠭᠳᠠᠨ ᠲᠣᠭᠣᠷᠢᠵᠤ ᠬᠠᠮᠢᠶᠠᠷᠤᠨ ᠡᠵᠡᠮᠳᠡᠬᠦ ᠤᠳᠠᠭ᠎ᠠ ᠳᠠᠷᠠᠭ᠎ᠠ᠎ᠪᠠᠨ ᠨᠡᠮᠡᠭᠳᠡᠭᠦᠯᠦᠨ᠎ᠡ ;  ᠵᠠᠮ ᠳᠡᠭᠡᠷᠡᠬᠢ ᠵᠠᠯᠠᠵᠤ ᠵᠢᠯᠤᠭᠣᠳᠬᠤ ᠠᠵᠢᠯ ᠵᠶ᠋ᠠᠨ ᠴᠢᠩᠭ᠋ᠠᠳᠬᠠᠵᠤ ᠂  ᠴᠢᠬᠤᠯᠠ᠎ᠲᠠᠢ ᠦᠶ᠎ᠡ᠎ᠳᠤ ᠵᠠᠮ᠎ᠤᠨ ᠬᠡᠰᠡᠭ ᠬᠤᠪᠢᠶᠠᠨ ᠨᠡᠪᠲᠡᠷᠡᠭᠦᠯᠬᠦ ᠂  ᠵᠠᠮ ᠬᠠᠷᠢᠯᠴᠠᠭ᠋ᠠᠨ᠎ᠤ ᠵᠠᠯᠠᠵᠤ ᠰᠢᠯᠤᠭᠤᠳᠬᠠᠬᠤ ᠂  ᠱᠠᠲᠤᠴᠢ ᠴᠢᠨᠠᠷᠲᠠᠢ ᠪᠤᠶᠤ ᠣᠷᠣᠨ ᠪᠦᠰᠡ ᠵᠢᠨ ᠴᠢᠨᠠᠷᠲᠠᠢ᠎ᠪᠠᠷ ᠵᠠᠮ ᠪᠢᠲᠡᠭᠦᠮᠵᠢᠯᠡᠬᠦ ᠵᠡᠷᠭᠡ ᠵᠠᠮ ᠬᠠᠷᠢᠯᠴᠠᠭ᠋ᠠᠨ᠎ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠬᠤ ᠬᠡᠷᠡᠭᠲᠡᠶ ;  ᠤᠰᠤ᠎ᠲᠠᠢ  ᠭᠠᠵᠠᠷ᠎ᠢ ᠭᠠᠲᠤᠯᠤᠭ᠋ᠠᠳ ᠤᠨᠲᠠᠷᠠᠭᠰᠠᠨ ᠮᠠᠰᠢᠨ ᠲᠡᠷᠭᠡᠨ᠎ᠳᠠᠬᠢ ᠵᠢᠯᠣᠭᠣᠴᠢ  ᠪᠠ ᠠᠶᠠᠨᠴᠢᠳ᠎ᠢ ᠵᠣᠬᠢᠶᠠᠨ ᠪᠠᠢ᠌ᠭᠤᠯᠵᠤ ᠤᠰᠤ ᠬᠤᠷᠠᠭᠰᠠᠨ ᠭᠠᠵᠠᠷ᠎ᠠᠴᠠ ᠦᠳᠲᠡᠷ ᠲᠦᠷᠭᠡᠨ ᠵᠠᠢ᠌ᠯᠠᠭᠤᠯᠬᠤ ᠬᠡᠷᠡᠭᠲᠡᠢ ᠃ 

       ᠪᠠᠢ᠌ᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠄  ᠭᠠᠵᠠᠷ ᠬᠥᠷᠥᠰᠥᠨ᠎ᠤ ᠭᠠᠢ ᠭᠠᠮᠰᠢᠭ᠎ᠢ ᠬᠢᠨᠠᠨ ᠰᠢᠨᠵᠢᠵᠦ  ᠰᠡᠷᠡᠮᠵᠢᠯᠡᠭᠦᠯᠬᠦ᠎ᠪᠠᠨ ᠴᠢᠩᠭ᠋ᠠᠳᠬᠠᠵᠤ ᠂  ᠭᠠᠵᠠᠷ ᠬᠥᠷᠥᠰᠥᠨ᠎ᠤ ᠭᠠᠢ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠨ ᠴᠠᠭ ᠲᠤᠬᠠᠢ᠎ᠳᠤ᠎ᠨᠢ  ᠨᠡᠢ᠌ᠲᠡᠯᠡᠵᠦ ᠂  ᠠᠳᠠᠯᠢ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠤᠭᠣᠳᠬᠤ ᠪᠠᠢ᠌ᠭᠤᠯᠤᠮᠵᠢ᠎ᠳᠤ ᠭᠠᠵᠠᠷ ᠬᠥᠷᠥᠰᠥᠨ᠎ᠤ ᠭᠠᠢ ᠭᠠᠮᠰᠢᠭ᠎ᠢ  ᠰᠡᠷᠭᠡᠢ᠌ᠯᠡᠵᠦ ᠠᠷᠭ᠋ᠠᠴᠠᠭ᠋ᠠᠬᠤ ᠰᠠᠨᠠᠭᠤᠯᠭ᠎ᠠ ᠳᠤᠷᠠᠳᠤᠨ᠎ᠠ ᠃ 

       ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ ᠄  ᠪᠠᠢ᠌ᠭᠤᠯᠵᠤ ᠪᠠᠢ᠌ᠭ᠎ᠠ ᠪᠠᠷᠢᠯᠭ᠎ᠠ ᠵᠢᠨ ᠭᠠᠵᠠᠷ᠎ᠤᠨ ᠪᠠᠷᠢᠯᠭ᠎ᠠ ᠪᠠᠷᠢᠬᠤ ᠨᠢᠭᠡᠴᠢ ᠵᠢ ᠰᠢᠮᠳᠠᠭᠤᠯᠤᠨ ᠵᠢᠯᠤᠭᠣᠳᠴᠤ ᠪᠠᠢ᠌ᠭ᠋ᠠᠳ ᠨᠦᠬᠡ ᠵᠢᠨ   ᠡᠷᠭᠢ ᠬᠦᠪᠡᠭᠡ ᠨᠤᠷᠠᠬᠤ ᠵᠢ ᠰᠡᠷᠭᠡᠢ᠌ᠯᠡᠬᠦ ᠪᠠ ᠰᠠᠭᠤᠷᠢ ᠵᠢᠨ ᠨᠦᠬᠡᠨ᠎ᠤ ᠤᠰᠤ ᠲᠠᠲᠠᠷᠠᠭᠤᠯᠬᠤ ᠠᠵᠢᠯ᠎ᠤᠨ ᠪᠡᠯᠡᠳᠬᠡᠯ᠎ᠢ ᠰᠠᠢ᠌ᠲᠤᠷ ᠬᠢᠯᠭᠡᠨ᠎ᠡ ;  ᠥᠨᠳᠥᠷ ᠳᠡᠭᠡᠷ᠎ᠡ ᠠᠵᠢᠯᠯᠠᠬᠤ ᠵᠡᠷᠭᠡ ᠭᠡᠷ᠎ᠤᠨ ᠭᠠᠳᠠᠭᠤᠷᠬᠢ ᠪᠠᠷᠢᠯᠭ᠎ᠠ ᠵᠢᠨ ᠠᠵᠢᠯ ᠬᠢᠬᠦ ᠨᠢᠭᠡᠴᠢ ᠵᠢ ᠵᠢᠭ᠋ᠠᠨ ᠵᠢᠯᠤᠭᠣᠳᠴᠤ ᠪᠠᠢ᠌ᠭ᠋ᠠᠳ ᠰᠡᠷᠭᠡᠢ᠌ᠯᠡᠬᠦ ᠪᠡᠯᠡᠳᠬᠡᠯ᠎ᠢ ᠰᠠᠢ᠌ᠲᠤᠷ ᠬᠢᠯᠭᠡᠵᠦ ᠂  ᠴᠢᠬᠤᠯᠠ᠎ᠲᠠᠢ ᠦᠶ᠎ᠡ᠎ᠳᠤ  ᠠᠵᠢᠯᠯᠠᠬᠤ ᠵᠢ ᠵᠣᠭᠰᠤᠭ᠋ᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ ;  ᠬᠤᠳᠠ ᠵᠢᠨ ᠤᠰᠤᠲᠤᠯ᠎ᠢ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠰᠡᠷᠭᠡᠢ᠌ᠯᠡᠵᠦ ᠠᠷᠭ᠋ᠠᠴᠠᠭ᠋ᠠᠬᠤ ᠠᠵᠢᠯ᠎ᠢ ᠰᠠᠢ᠌ᠲᠤᠷ ᠬᠢᠨ᠎ᠠ ;  ᠬᠣᠲᠠ ᠵᠢᠨ ᠶᠠᠪᠤᠳᠠᠯ ᠂  ᠤᠰᠤ ᠬᠠᠩᠭ᠋ᠠᠬᠤ ᠂  ᠢᠯᠴᠢ ᠬᠠᠩᠭ᠋ᠠᠬᠤ ᠂  ᠬᠡᠢ ᠬᠠᠩᠭ᠋ᠠᠬᠤ ᠂  ᠴᠡᠴᠡᠷᠯᠢᠭᠵᠢᠭᠦᠯᠦᠨ ᠨᠣᠭᠣᠭ᠋ᠠᠷᠠᠭᠤᠯᠬᠤ ᠂  ᠪᠣᠬᠢᠷ ᠤᠰᠤ ᠵᠢ ᠰᠢᠢ᠍ᠳᠪᠦᠷᠢᠯᠡᠬᠦ ᠪᠠ ᠬᠣᠭ ᠨᠣᠪᠰᠢ ᠵᠢ ᠰᠢᠢ᠍ᠳᠪᠦᠷᠢᠯᠡᠬᠦ ᠵᠡᠷᠭᠡ ᠬᠣᠲᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡᠨ᠎ᠤ ᠠᠵᠢᠯ ᠲᠥᠷᠥᠯ᠎ᠢ ᠵᠢᠭ᠋ᠠᠨ ᠵᠢᠯᠤᠭᠣᠳᠴᠤ ᠵᠣᠬᠢᠶᠠᠨ ᠪᠠᠢ᠌ᠭᠤᠯᠵᠤ ᠪᠠᠢ᠌ᠭ᠋ᠠᠳ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠪᠠᠨ ᠨᠠᠢ᠌ᠳᠠᠪᠤᠷᠢᠵᠢᠭᠤᠯᠵᠤ ᠂  ᠬᠣᠲᠠ ᠵᠢᠨ ᠭᠣᠣᠯ ᠪᠣᠯᠬᠤ ᠵᠠᠮ ᠪᠠ ᠬᠥᠭᠥᠷᠭᠡ ᠵᠢᠨ ᠰᠠᠭ᠋ᠠᠳ ᠦᠭᠡᠢ ᠨᠡᠪᠲᠡᠷᠡᠬᠦ ᠵᠢᠴᠢ ᠨᠡᠶ᠋ᠢᠲᠡ ᠵᠢᠨ ᠬᠡᠷᠡᠭᠯᠡᠭᠡᠨ᠎ᠤ ᠠᠵᠢᠯ ᠲᠥᠷᠥᠯ᠎ᠤᠨ ᠲᠣᠭᠲᠠᠭᠤᠨ ᠠᠵᠢᠯᠯᠠᠭ᠋ᠠᠨ᠎ᠢ ᠦᠨᠡᠨ ᠬᠦ᠌ ᠪᠠᠲᠤᠯᠠᠬᠤ ᠬᠡᠷᠡᠭᠲᠡᠶ ;  ᠠᠳᠠᠯ ᠠᠬᠤᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠢ ᠵᠣᠬᠢᠶᠠᠨ ᠪᠠᠶ᠋ᠢᠭᠤᠯᠬᠤ ᠪᠠ ᠰᠢᠮᠳᠠᠭᠤᠯᠤᠨ ᠵᠢᠯᠤᠭᠣᠳᠴᠤ ᠪᠠᠢ᠌ᠭ᠋ᠠᠳ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ ᠂  ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ᠎ᠳᠠᠬᠢ ᠤᠰᠤᠲᠤᠯ᠎ᠢ ᠰᠠᠢ᠌ᠲᠤᠷ ᠠᠷᠢᠯᠭ᠋ᠠᠵᠤ ᠂  ᠰᠠᠭᠤᠭ᠋ᠠᠯᠢ ᠲᠣᠭᠣᠷᠢᠭ᠎ᠤᠨ ᠰᠠᠭᠤᠭ᠋ᠠᠯᠢ ᠠᠷᠠᠳ ᠂ ᠲᠡᠷᠭᠡ ᠬᠥᠰᠬᠡ ᠵᠢᠨ ᠬᠡᠪ᠎ᠤᠨ ᠪᠠᠢ᠌ᠳᠠᠯ ᠵᠶ᠋ᠠᠷ ᠣᠷᠣᠵᠤ ᠭᠠᠷᠬᠤ ᠵᠢ ᠪᠠᠲᠤᠯᠠᠬᠤ ᠬᠡᠷᠡᠭᠲᠡᠢ ᠃

       ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ ᠄  ᠲᠦᠷᠭᠡᠨ᠎ᠤ ᠵᠠᠰᠠᠮᠠᠯ ᠵᠠᠮ᠎ᠢ ᠪᠢᠲᠡᠭᠦᠮᠵᠢᠯᠡᠭᠰᠡᠨ ᠮᠡᠳᠡᠭᠡ ᠵᠠᠩᠭᠢ ᠵᠢ ᠨᠡᠢ᠌ᠭᠡᠮ᠎ᠳᠤ ᠨᠡᠢ᠌ᠲᠡᠯᠡᠵᠦ ᠂  ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠯᠤᠭ᠎ᠠ ᠬᠠᠮᠵᠢᠯᠴᠠᠨ ᠵᠠᠮ ᠬᠠᠷᠢᠯᠴᠠᠭ᠋ᠠᠨ᠎ᠤ  ᠵᠠᠬᠢᠷᠤᠯᠲᠠ ᠵᠢ ᠬᠡᠷᠡᠭᠵᠢᠭᠦᠯᠦᠨ᠎ᠡ; ᠠᠶᠤᠯ ᠲᠦᠭᠰᠢᠭᠦᠷᠢ ᠵᠢᠨ ᠲᠠᠯᠳᠠ ᠭᠡᠮ ᠣᠷᠣᠰᠢᠵᠤ ᠪᠠᠢ᠌ᠭ᠎ᠠ ᠠᠶᠠᠨᠴᠢᠳ᠎ᠤᠨ ᠲᠡᠭᠡᠭᠡᠪᠦᠷᠢ ᠵᠢᠨ ᠵᠠᠮ ᠱᠤᠭᠤᠮ᠎ᠳᠤ ᠲᠡᠭᠡᠭᠡᠪᠦᠷᠢᠯᠡᠬᠦ ᠵᠢ ᠵᠣᠭᠰᠤᠭ᠋ᠠᠬᠤ ᠠᠷᠭ᠎ᠠ ᠬᠡᠮᠵᠢᠶ᠎ᠡ ᠠᠪᠴᠤ ᠂  ᠠᠶᠠᠨᠴᠢᠳ᠎ᠢ ᠪᠤᠰᠤᠳ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠯᠡᠭᠦᠷ ᠵᠶ᠋ᠠᠷ ᠶᠠᠪᠤᠵᠤ ᠰᠠᠭᠤᠬᠤ ᠵᠢ ᠬᠥᠲᠥᠯᠥᠨ ᠵᠢᠯᠤᠭᠤᠳᠤᠨ᠎ᠠ ;  ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠠᠵᠤ ᠠᠬᠤᠢ᠌ᠯᠠᠯ᠎ᠢ ᠵᠢᠭ᠋ᠠᠨ ᠵᠢᠯᠤᠭᠣᠳᠴᠤ ᠪᠠᠢ᠌ᠭ᠋ᠠᠳ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠵᠠᠮ ᠱᠤᠭᠤᠮ᠎ᠢ ᠵᠦᠢ ᠵᠣᠬᠢᠰᠲᠠᠢ ᠲᠣᠬᠢᠷᠠᠭᠤᠯᠵᠤ ᠂  ᠲᠡᠷᠭᠡ ᠬᠥᠰᠬᠡ ᠵᠢᠨ ᠠᠵᠢᠯᠯᠠᠭ᠋ᠠᠨ᠎ᠤ ᠠᠮᠤᠷ ᠲᠦᠪᠰᠢᠨ ᠪᠠᠢ᠌ᠬᠤ ᠤᠷᠢᠲᠠᠯ ᠳᠣᠣᠷ᠎ᠠ ᠬᠣᠲᠠ ᠵᠢᠨ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠴᠦᠨ᠎ᠤ ᠪᠠᠲᠤᠯᠠᠭ᠎ᠠ ᠵᠢ ᠰᠠᠢ᠌ᠲᠤᠷ ᠬᠢᠬᠦ ᠬᠡᠷᠡᠭᠲᠡᠢ ;  ᠬᠣᠲᠠ ᠵᠢᠨ ᠵᠢᠮᠲᠦ ᠵᠠᠮ ᠬᠠᠷᠢᠯᠴᠠᠭ᠋ᠠᠨ᠎ᠤ ᠡᠵᠡᠩᠨᠡᠨ ᠠᠵᠢᠯᠯᠠᠭᠤᠯᠬᠤ ᠨᠢᠭᠡᠴᠢ ᠵᠢ ᠵᠢᠭ᠋ᠠᠨ ᠵᠢᠯᠤᠭᠣᠳᠴᠤ ᠪᠠᠢ᠌ᠭ᠋ᠠᠳ ᠬᠣᠲᠠ ᠵᠢᠨ ᠵᠢᠮᠲᠦ ᠵᠠᠮ ᠬᠠᠷᠢᠯᠴᠠᠭ᠋ᠠᠨ᠎ᠤ ᠠᠵᠢᠯᠯᠠᠭ᠋ᠠᠨ᠎ᠤ ᠠᠮᠤᠷ ᠲᠦᠪᠰᠢᠨ᠎ᠢ ᠦᠨᠡᠯᠡᠨ ᠵᠢᠱ᠌ᠢᠵᠦ ᠂  ᠦᠨᠡᠯᠡᠨ ᠵᠢᠱ᠌ᠢᠭᠰᠡᠨ ᠳ᠋ᠦᠩ᠎ᠢ᠎ᠨᠢ  ᠦᠨᠳᠦᠰᠦᠯᠡᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠠᠷᠭ᠎ᠠ ᠬᠡᠮᠵᠢᠶ᠎ᠡ ᠵᠢ ᠤᠷᠢᠳᠴᠢᠯᠠᠨ ᠠᠪᠴᠤ ᠬᠡᠷᠡᠭᠯᠡᠨ᠎ᠡ ᠂  ᠴᠢᠬᠤᠯᠠ᠎ᠲᠠᠢ ᠦᠶ᠎ᠡ᠎ᠳᠤ ᠲᠡᠭᠡᠭᠡᠪᠦᠷᠢᠯᠡᠬᠦ ᠵᠢ᠎ᠨᠢ  ᠵᠣᠭᠰᠤᠭ᠋ᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ; ᠤᠰᠤᠨ ᠳᠡᠭᠡᠷ᠎ᠡ ᠂  ᠤᠰᠤᠨ᠎ᠳᠤ ᠵᠡᠷᠭᠡ ᠭᠡᠷ᠎ᠤᠨ ᠭᠠᠳᠠᠭᠤᠷ ᠠᠵᠢᠯᠯᠠᠬᠤ ᠨᠢᠭᠡᠴᠢ᠎ᠳᠤ ᠮᠡᠳᠡᠭᠳᠡᠵᠦ ᠰᠡᠷᠭᠡᠢ᠌ᠯᠡᠬᠦ ᠪᠡᠯᠡᠳᠬᠡᠯ᠎ᠢ ᠰᠠᠢ᠌ᠲᠤᠷ ᠬᠢᠯᠭᠡᠵᠦ ᠂  ᠴᠢᠬᠤᠯᠠ᠎ᠲᠠᠢ ᠦᠶ᠎ᠡ᠎ᠳᠤ ᠠᠵᠢᠯᠯᠠᠬᠤ ᠵᠢ᠎ᠨᠢ  ᠵᠣᠭᠰᠤᠭ᠋ᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ ᠃ 

       ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ ᠄  ᠲᠠᠷᠢᠮᠠᠯ ᠂  ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠪᠠ ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠵᠤ ᠵᠢᠭ᠋ᠠᠨ ᠵᠢᠯᠤᠭᠣᠳᠴᠤ ᠪᠠᠢ᠌ᠭ᠋ᠠᠳ ᠲᠠᠷᠢᠮᠠᠯ ᠂  ᠮᠠᠯ ᠠᠵᠤ ᠠᠬᠤᠢ ᠂  ᠤᠰᠤᠨ ᠭᠠᠷᠤᠯᠲᠠ ᠵᠢᠨ ᠲᠡᠵᠢᠭᠡᠨ ᠦᠷᠡᠵᠢᠭᠦᠯᠬᠦ᠎ᠳᠤ ᠴᠢᠬᠤᠯᠠ ᠪᠦᠬᠦᠢ ᠰᠡᠷᠭᠡᠢ᠌ᠯᠡᠨ ᠬᠠᠮᠠᠭ᠋ᠠᠯᠠᠬᠤ ᠠᠷᠭ᠎ᠠ ᠬᠡᠮᠵᠢᠶ᠎ᠡ᠎ᠲᠠᠢ  ᠪᠣᠯᠭ᠋ᠠᠨ᠎ᠠ ;  ᠲᠠᠷᠢᠶᠠᠯᠠᠬᠤ ᠡᠷᠦᠬᠡ ᠮᠠᠯᠴᠢᠳ᠎ᠢ ᠵᠣᠬᠢᠶᠠᠨ ᠪᠠᠢ᠌ᠭᠤᠯᠤᠨ ᠠᠶᠤᠯᠲᠠᠢ ᠣᠷᠣᠨ ᠪᠦᠰᠡ᠎ᠳᠠᠬᠢ ᠮᠠᠯ ᠤᠨᠤᠭ᠎ᠠ ᠪᠠ ᠲᠡᠵᠢᠭᠡᠨ ᠦᠷᠡᠵᠢᠭᠦᠯᠬᠦ ᠪᠡᠯᠡᠳᠬᠡᠮᠵᠢ ᠵᠢ᠎ᠪᠠᠨ ᠨᠡᠭᠦᠯᠭᠡᠨ ᠰᠢᠯᠵᠢᠭᠦᠯᠵᠦ ᠂  ᠪᠡᠯᠡᠳᠭᠡᠮᠵᠢᠲᠦ ᠬᠦᠯᠡᠮᠵᠢ ᠵᠢᠴᠢ ᠭᠣᠣᠯ ᠮᠥᠷᠡᠨ ᠂  ᠤᠰᠤᠨ ᠴᠥᠭᠥᠷᠥᠮ ᠵᠡᠷᠭᠡ ᠪᠠᠢ᠌ᠭ᠋ᠠᠯᠢ ᠵᠢᠨ ᠤᠰᠤᠨ ᠴᠣᠭᠴᠠ᠎ᠳᠤ ᠪᠠᠢ᠌ᠷᠢᠯᠠᠭᠤᠯᠤᠭᠰᠠᠨ ᠲᠡᠵᠢᠭᠡᠨ ᠦᠷᠡᠵᠢᠭᠦᠯᠬᠦ ᠪᠡᠯᠡᠳᠬᠡᠮᠵᠢ ᠵᠢ᠎ᠪᠠᠨ ᠪᠡᠬᠢᠵᠢᠭᠦᠯᠦᠨ᠎ᠡ ᠃ 

       ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠄  ᠤᠰᠤᠨ᠎ᠤ ᠪᠠᠢ᠌ᠳᠠᠯ᠎ᠢ ᠬᠢᠨᠠᠨ ᠬᠡᠮᠵᠢᠵᠦ ᠰᠢᠨᠵᠢᠭᠡᠳ ᠰᠡᠷᠡᠮᠵᠢᠯᠡᠭᠦᠯᠬᠦ ᠤᠷᠢᠳᠴᠢᠯᠠᠨ ᠮᠡᠳᠡᠭᠡᠯᠡᠬᠦ ᠠᠵᠢᠯ᠎ᠢ ᠰᠠᠢ᠌ᠲᠤᠷ ᠬᠢᠵᠦ ᠂  ᠴᠠᠭ ᠠᠭᠤᠷ᠎ᠤᠨ ᠵᠡᠷᠭᠡ ᠰᠠᠯᠠᠭ᠎ᠠ ᠮᠥᠴᠢᠷ᠎ᠯᠦᠭᠡ ᠬᠣᠯᠪᠤᠭ᠋ᠠᠯᠠᠨ ᠠᠭᠤᠯᠠ ᠵᠢᠨ ᠦᠶᠡᠷ᠎ᠤᠨ ᠭᠠᠮᠰᠢᠭ ᠭᠠᠷᠬᠤ ᠴᠠᠭ ᠠᠭᠤᠷ᠎ᠤᠨ ᠲᠦᠭᠰᠢᠭᠦᠷᠢ ᠵᠢ ᠰᠡᠷᠡᠮᠵᠢᠯᠡᠭᠦᠯᠬᠦ ᠪᠠ ᠳᠤᠮᠳᠠ ᠵᠢᠵᠢᠭ ᠭᠣᠣᠯ ᠮᠥᠷᠡᠨ᠎ᠤ ᠦᠶᠡᠷ᠎ᠤᠨ ᠭᠠᠮᠰᠢᠭ ᠭᠠᠷᠬᠤ ᠴᠠᠭ ᠠᠭᠤᠷ᠎ᠤᠨ ᠲᠦᠭᠰᠢᠭᠦᠷᠢ ᠵᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ  ᠨᠡᠢ᠌ᠲᠡᠯᠡᠨ᠎ᠡ; ᠤᠰᠤᠨ ᠠᠰᠢᠭᠯᠠᠯᠲᠠ ᠵᠢᠨ ᠪᠠᠷᠢᠯᠭ᠎ᠠ᠎ᠳᠤ ᠲᠣᠬᠢᠷᠠᠭᠤᠯᠤᠯᠲᠠ ᠬᠢᠬᠦ ᠵᠢᠴᠢ ᠲᠣᠭᠣᠷᠢᠨ ᠬᠠᠮᠠᠭ᠋ᠠᠯᠠᠬᠤ ᠂  ᠠᠶᠤᠯ᠎ᠢ ᠪᠠᠢ᠌ᠴᠠᠭ᠋ᠠᠬᠤ ᠂  ᠠᠶᠤᠯ᠎ᠢ ᠠᠷᠢᠯᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ ᠂  ᠬᠠᠰᠢᠯᠭ᠎ᠠ ᠂  ᠤᠰᠤᠨ ᠴᠥᠭᠥᠷᠥᠮ᠎ᠤᠨ  ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ;  ᠤᠰᠤᠨ ᠴᠥᠭᠥᠷᠥᠮ᠎ᠤᠨ ᠦᠶᠡᠷ᠎ᠢ ᠵᠠᠯᠠᠬᠤ ᠂  ᠭᠣᠣᠯ᠎ᠤᠨ ᠵᠠᠮ᠎ᠤᠨ ᠦᠶᠡᠷ᠎ᠢ ᠰᠠᠯᠭ᠋ᠠᠬᠤ ᠪᠠ ᠦᠶᠡᠷ᠎ᠤᠨ ᠬᠣᠷᠢᠭᠳᠠᠨ ᠬᠤᠷᠠᠭᠰᠠᠨ ᠭᠠᠵᠠᠷ᠎ᠢ ᠠᠰᠢᠭᠯᠠᠨ ᠬᠡᠷᠡᠭᠯᠡᠬᠦ ᠵᠡᠷᠭᠡ ᠬᠣᠯᠪᠣᠭᠳᠠᠯ ᠪᠦᠬᠦᠢ ᠠᠵᠢᠯ᠎ᠤᠨ ᠪᠡᠯᠡᠳᠬᠡᠯ᠎ᠢ ᠰᠠᠢ᠌ᠲᠤᠷ ᠬᠢᠬᠦ ᠬᠡᠷᠡᠭᠲᠡᠢ ᠃ 

       ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ ᠄  ᠰᠣᠶᠣᠯ ᠪᠠ ᠵᠢᠭᠤᠯᠴᠢᠯᠠᠯ᠎ᠤᠨ ᠡᠵᠡᠩᠨᠡᠯᠲᠡ ᠵᠢᠨ ᠨᠢᠭᠡᠴᠢ ᠵᠢ ᠵᠢᠭ᠋ᠠᠨ ᠵᠢᠯᠤᠭᠣᠳᠴᠤ ᠭᠠᠮᠰᠢᠭ᠎ᠢ ᠰᠡᠷᠭᠡᠢ᠌ᠯᠡᠨ ᠬᠣᠷᠢᠭᠯᠠᠬᠤ ᠵᠢᠴᠢ ᠠᠮᠤᠷ ᠲᠦᠪᠰᠢᠨ ᠠᠵᠢᠯᠯᠠᠭ᠋ᠠᠨ᠎ᠤ ᠬᠠᠮᠢᠶᠠᠷᠤᠯᠲᠠ ᠵᠢ ᠰᠠᠢ᠌ᠲᠤᠷ  ᠬᠢᠯᠭᠡᠵᠦ ᠂  ᠴᠢᠬᠤᠯᠠ᠎ᠲᠠᠢ ᠦᠶ᠎ᠡ᠎ᠳᠤ ᠦᠵᠡᠮᠵᠢ ᠵᠢᠨ ᠣᠷᠣᠨ᠎ᠢ ᠪᠢᠲᠡᠭᠦᠮᠵᠢᠯᠡᠨ ᠬᠠᠭ᠋ᠠᠬᠤ ᠂  ᠵᠢᠭᠤᠯᠴᠢᠯᠠᠭᠴᠢᠳ᠎ᠢ  ᠲᠠᠷᠬᠠᠭ᠋ᠠᠵᠤ ᠬᠠᠷᠢᠭᠤᠯᠬᠤ ᠵᠡᠷᠭᠡ ᠪᠠᠴᠢᠮ ᠠᠷᠭ᠎ᠠ ᠬᠡᠮᠵᠢᠶ᠎ᠡ ᠵᠢ ᠴᠠᠭ ᠲᠤᠬᠠᠢ᠎ᠳᠤ᠎ᠨᠢ  ᠠᠪᠴᠤ ᠬᠡᠷᠡᠭᠯᠡᠨ ᠂  ᠵᠢᠭᠤᠯᠴᠢᠯᠠᠯ᠎ᠤᠨ ᠠᠮᠤᠷ ᠲᠦᠪᠰᠢᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ ᠃ 

       ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ ᠄  ᠴᠠᠭ ᠠᠭᠤᠷ᠎ᠤᠨ ᠭᠠᠮᠰᠢᠭ᠎ᠤᠨ  ᠬᠥᠭᠵᠢᠵᠦ ᠬᠤᠪᠢᠷᠠᠬᠤ ᠪᠠᠢ᠌ᠳᠠᠯ᠎ᠢ ᠶᠡᠷᠦᠩᠬᠡᠢ᠌ᠯᠡᠨ ᠰᠤᠳᠤᠯᠵᠤ ᠮᠠᠭ᠋ᠠᠳᠯᠠᠬᠤ ᠵᠢᠨ ᠬᠠᠮᠲᠤ ᠠᠷᠭ᠋ᠠᠴᠠᠭ᠋ᠠᠬᠤ ᠰᠠᠨᠠᠭᠤᠯᠭ᠎ᠠ ᠳᠤᠷᠠᠳᠤᠨ᠎ᠠ; ᠪᠡᠯᠡᠳᠬᠡᠯ ᠲᠥᠰᠥᠯ᠎ᠢ ᠦᠨᠳᠦᠰᠦᠯᠡᠨ ᠡᠯ᠎ᠡ ᠲᠦᠷᠦᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠤᠰᠬᠠᠢ ᠡᠩᠨᠡᠭᠡ ᠵᠢ ᠵᠣᠬᠢᠴᠠᠭᠤᠯᠤᠨ ᠵᠢᠯᠤᠭᠣᠳᠴᠤ ᠂  ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ᠎ᠯᠤᠭ᠎ᠠ ᠵᠣᠯᠭ᠋ᠠᠭᠤᠯᠵᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠳᠤ ᠣᠷᠣᠯᠴᠠᠭᠤᠯᠤᠨ᠎ᠠ; ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠶᠤᠯ ᠭᠠᠮᠰᠢᠭ᠎ᠠᠴᠠ ᠠᠪᠤᠷᠠᠬᠤ ᠡᠳ᠋ ᠪᠠᠷᠠᠭ᠎ᠠ ᠵᠢ ᠨᠢᠭᠡᠳᠦᠯᠲᠡᠢ ᠲᠣᠬᠢᠷᠠᠭᠤᠯᠤᠨ᠎ᠠ ;  ᠭᠠᠮᠰᠢᠭ᠎ᠠᠴᠠ  ᠠᠪᠤᠷᠠᠨ ᠲᠤᠰᠠᠯᠠᠬᠤ ᠠᠵᠢᠯ᠎ᠢ ᠵᠣᠬᠢᠶᠠᠨ ᠪᠠᠢ᠌ᠭᠤᠯᠵᠤ ᠵᠣᠬᠢᠴᠠᠭᠤᠯᠤᠨ ᠂  ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠂  ᠪᠠᠢ᠌ᠳᠠᠯ᠎ᠢ᠎ᠨᠢ  ᠠᠵᠢᠵᠤ ᠪᠠᠢ᠌ᠭ᠋ᠠᠳ ᠨᠡᠭᠦᠷᠡᠰᠦᠨ᠎ᠤ ᠪᠤᠰᠤ ᠠᠭᠤᠷᠬᠠᠢ ᠂  ᠠᠶᠤᠯᠲᠠᠢ ᠬᠢᠮᠢ ᠵᠢᠨ ᠵᠦᠢ᠍ᠯ᠎ᠢ ᠦᠢ᠍ᠯᠡᠳᠪᠦᠷᠢᠯᠡᠵᠦ ᠡᠵᠡᠩᠨᠡᠵᠦ ᠬᠠᠳᠠᠭ᠋ᠠᠯᠠᠬᠤ ᠵᠡᠷᠭᠡ ᠠᠵᠤ ᠠᠬᠤᠢ᠌ᠯᠠᠯ ᠵᠢᠴᠢ ᠲᠡᠮᠦᠷᠯᠢᠭ ᠬᠠᠢ᠌ᠯᠤᠭᠤᠯᠬᠤ ᠂  ᠥᠩᠭᠡᠲᠦ ᠲᠡᠮᠦᠷᠯᠢᠭ ᠂  ᠪᠠᠷᠢᠯᠭ᠎ᠠ ᠵᠢᠨ ᠮᠠᠲ᠋ᠧᠷᠢᠶᠠᠯ ᠵᠡᠷᠭᠡ ᠪᠤᠰᠤᠳ ᠠᠵᠢᠯ ᠲᠥᠷᠥᠯ᠎ᠤᠨ ᠠᠵᠤ ᠠᠬᠤᠢ᠌ᠯᠠᠯ᠎ᠳᠤ ᠮᠡᠳᠡᠭᠳᠡᠵᠦ ᠦᠢ᠍ᠯᠡᠳᠪᠦᠷᠢᠯᠡᠯ᠎ᠢ᠎ᠨᠢ  ᠵᠣᠭᠰᠤᠭ᠋ᠠᠬᠤ ᠬᠡᠷᠡᠭᠲᠡᠢ ᠃ 

       ᠷᠠᠳᠢᠣ᠋ ᠲᠧᠯᠸᠢᠰ᠎ᠤᠨ ᠰᠠᠯᠠᠭ᠎ᠠ ᠮᠥᠴᠢᠷ ᠄  ᠷᠠᠳᠢᠣ᠋ ᠨᠡᠪᠲᠡᠷᠡᠭᠦᠯᠭᠡ ᠂  ᠲᠧᠯᠸᠢᠰ ᠵᠡᠷᠭᠡ ᠵᠠᠭᠤᠴᠢᠯᠠᠭᠤᠷ ᠵᠶ᠋ᠠᠷ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠨ ᠴᠠᠭ ᠲᠤᠬᠠᠢ᠎ᠳᠤ᠎ᠨᠢ  ᠨᠡᠪᠲᠡᠷᠡᠭᠦᠯᠦᠨ ᠨᠡᠢ᠌ᠲᠡᠯᠡᠬᠦ ᠵᠢ ᠵᠣᠬᠢᠴᠠᠭᠤᠯᠤᠨ ᠵᠢᠯᠤᠭᠣᠳᠴᠤ ᠂  ᠨᠡᠪᠲᠡᠷᠡᠭᠦᠯᠭᠡ ᠬᠢᠬᠦ ᠤᠳᠠᠭ᠎ᠠ ᠳᠠᠷᠠᠭ᠎ᠠ᠎ᠪᠠᠨ ᠨᠡᠮᠡᠭᠳᠡᠭᠦᠯᠦᠨ᠎ᠡ; ᠪᠠᠴᠢᠮ ᠪᠠᠢ᠌ᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢ ᠠᠰᠢᠭᠯᠠᠨ ᠲᠠᠷᠢᠶᠠᠯᠠᠬᠤ ᠮᠠᠯᠵᠢᠬᠤ ᠣᠷᠣᠨ᠎ᠤ ᠰᠠᠭᠤᠭ᠋ᠠᠯᠢ ᠠᠷᠠᠳ᠎ᠲᠤ ᠰᠡᠷᠡᠮᠵᠢᠯᠡᠭᠥᠯᠭᠡ ᠪᠠ  ᠰᠠᠨᠠᠭᠤᠯᠤᠮᠵᠢ ᠥᠭᠬᠦ ᠬᠡᠷᠡᠭᠲᠡᠢ ᠃ 

       ᠣᠶ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ ᠄  ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠲᠠᠰ ᠢᠯᠭ᠋ᠠᠯ᠎ᠢ᠎ᠨᠢ  ᠦᠨᠳᠦᠰᠦᠯᠡᠨ ᠂  ᠵᠣᠬᠢᠬᠤ ᠰᠡᠷᠭᠡᠢ᠌ᠯᠡᠵᠦ ᠠᠷᠭ᠋ᠠᠴᠠᠭ᠋ᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ ᠃ 

       ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠄  ᠴᠠᠬᠢᠯᠭ᠋ᠠᠨ ᠬᠣᠯᠪᠣᠭ᠋ᠠᠨ᠎ᠤ ᠡᠵᠡᠩᠨᠡᠨ  ᠠᠵᠢᠯᠯᠠᠬᠤ ᠠᠵᠤ ᠠᠬᠤᠢ᠌ᠯᠠᠯ᠎ᠢ ᠵᠢᠯᠣᠭᠣᠳᠤᠨ ᠵᠣᠬᠢᠴᠠᠭᠤᠯᠵᠤ ᠪᠠᠢ᠌ᠭ᠋ᠠᠳ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ  ᠨᠡᠪᠲᠡᠷᠡᠭᠦᠯᠦᠨ ᠨᠡᠢ᠌ᠲᠡᠯᠡᠨ᠎ᠡ; ᠴᠠᠬᠢᠯᠭ᠋ᠠᠨ ᠬᠣᠯᠪᠣᠭ᠋ᠠᠨ᠎ᠤ ᠡᠵᠡᠩᠨᠡᠨ ᠠᠵᠢᠯᠯᠠᠬᠤ ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠡᠪᠳᠡᠭᠳᠡᠭᠰᠡᠨ ᠴᠢᠮᠡᠭᠡ ᠬᠣᠯᠪᠣᠭ᠋ᠠᠨ᠎ᠤ ᠪᠡᠯᠡᠳᠬᠡᠮᠵᠢ ᠵᠢ ᠲᠦᠷᠭᠡᠬᠡᠨ ᠵᠠᠰᠠᠨ ᠠᠵᠢᠯᠯᠠᠭᠤᠯᠵᠤ ᠂  ᠡᠯ᠎ᠡ ᠵᠦᠢ᠍ᠯ᠎ᠤᠨ ᠴᠠᠭ ᠠᠭᠤᠷ᠎ᠤᠨ ᠮᠡᠳᠡᠭᠡ ᠵᠠᠩᠭᠢ ᠵᠢ ᠳᠠᠮᠵᠢᠭᠤᠯᠬᠤ ᠂  ᠮᠡᠳᠡᠭᠦᠯᠦᠨ ᠬᠦᠷᠭᠡᠬᠦ ᠪᠠ ᠠᠶᠤᠯ ᠭᠠᠮᠰᠢᠭ᠎ᠠᠴᠠ  ᠠᠪᠤᠷᠠᠬᠤ ᠠᠵᠢᠯ᠎ᠤᠨ ᠴᠢᠮᠡᠭᠡ ᠬᠣᠯᠪᠣᠭ᠋ᠠᠨ᠎ᠤ ᠱᠤᠭᠤᠮ᠎ᠤᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠢ ᠃ 

       ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠄  ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠭᠡᠴᠢ ᠵᠢ ᠰᠢᠮᠳᠠᠭᠤᠯᠵᠤ ᠪᠠᠢ᠌ᠭ᠋ᠠᠳ ᠤᠰᠤ ᠬᠠᠩᠭ᠋ᠠᠬᠤ ᠂  ᠴᠠᠬᠢᠯᠭ᠋ᠠᠨ ᠬᠠᠩᠭ᠋ᠠᠬᠤ ᠂  ᠴᠢᠮᠡᠭᠡ ᠬᠣᠯᠪᠣᠭ᠎ᠠ ᠵᠡᠷᠭᠡ ᠴᠢᠬᠤᠯᠠ ᠪᠡᠯᠡᠳᠬᠡᠮᠵᠢ ᠲᠥᠬᠦᠭᠡᠷᠦᠮᠵᠢ᠎ᠳᠤ ᠰᠡᠷᠭᠡᠢ᠌ᠯᠡᠨ ᠬᠠᠮᠠᠭ᠋ᠠᠯᠠᠬᠤ ᠂  ᠪᠡᠬᠢᠵᠢᠭᠦᠯᠬᠦ ᠵᠡᠷᠭᠡ ᠠᠷᠭ᠎ᠠ ᠬᠡᠮᠵᠢᠶ᠎ᠡ ᠠᠪᠤᠭᠤᠯᠵᠤ ᠂  ᠠᠭ᠋ᠠᠷ᠎ᠤᠨ ᠲᠡᠭᠡᠭᠡᠪᠦᠷᠢ ᠵᠢᠨ ᠺᠣᠮᠫᠠᠨᠢ ᠂  ᠨᠢᠰᠬᠡᠯ᠎ᠤᠨ ᠪᠠᠭᠤᠳᠠᠯ᠎ᠢ ᠰᠢᠮᠳᠠᠭᠤᠯᠤᠨ ᠵᠣᠬᠢᠴᠠᠭᠤᠯᠵᠤ ᠪᠠᠢ᠌ᠭ᠋ᠠᠳ ᠠᠭ᠋ᠠᠷ᠎ᠤᠨ ᠨᠢᠰᠦᠭᠦᠷ᠎ᠢ ᠪᠤᠰᠤᠳ ᠲᠠᠯᠠᠪᠤᠷ᠎ᠲᠤ ᠰᠢᠯᠵᠢᠭᠦᠯᠬᠦ ᠪᠠ ᠰᠠᠭ᠋ᠠᠲᠠᠵᠤ ᠦᠯᠡᠳᠡᠭᠰᠡᠨ ᠠᠶᠠᠨᠴᠢᠳ᠎ᠢ ᠲᠥᠪᠬᠢᠨᠡᠭᠦᠯᠬᠦ ᠂  ᠵᠢᠯᠤᠭᠣᠳᠴᠤ ᠰᠢᠯᠤᠭᠤᠳᠬᠠᠬᠤ ᠂  ᠳᠠᠮᠵᠢᠭᠤᠯᠤᠨ ᠲᠡᠭᠡᠭᠡᠪᠦᠷᠢᠯᠡᠬᠦ ᠵᠡᠷᠭᠡ ᠠᠵᠢᠯ᠎ᠢ ᠰᠠᠢ᠌ᠲᠤᠷ ᠬᠢᠯᠭᠡᠨ᠎ᠡ ᠃ 

       ᠡᠨᠧᠷᠭᠢ ᠵᠢᠨ ᠰᠠᠯᠠᠭ᠎ᠠ ᠮᠥᠴᠢᠷ ᠄  ᠴᠠᠬᠢᠯᠭ᠋ᠠᠨ ᠬᠦᠴᠦᠨ᠎ᠤ ᠠᠵᠤ ᠠᠬᠤᠢ᠌ᠯᠠᠯ᠎ᠢ ᠵᠢᠯᠣᠭᠣᠳᠤᠨ ᠰᠢᠮᠳᠠᠭᠤᠯᠵᠤ ᠪᠠᠢ᠌ᠭ᠋ᠠᠳ ᠴᠠᠬᠢᠯᠭ᠋ᠠᠨ ᠬᠦᠴᠦᠨ᠎ᠤ ᠪᠡᠯᠡᠳᠬᠡᠮᠵᠢ ᠵᠢ ᠪᠠᠢ᠌ᠴᠠᠭ᠋ᠠᠬᠤ ᠪᠠ ᠴᠠᠬᠢᠯᠭ᠋ᠠᠨ ᠬᠦᠴᠦᠨ᠎ᠤ ᠲᠣᠣᠷ᠎ᠤᠨ ᠠᠵᠢᠯᠯᠠᠭ᠋ᠠᠨ᠎ᠢ ᠬᠢᠨᠠᠨ ᠡᠵᠡᠮᠳᠡᠬᠦ ᠵᠢ᠎ᠨᠢ  ᠴᠢᠩᠭ᠋ᠠᠳᠬᠠᠵᠤ ᠂  ᠳᠠᠯᠳᠠ ᠬᠡᠮ᠎ᠢ ᠴᠠᠭ ᠲᠤᠬᠠᠢ᠎ᠳᠤ᠎ᠨᠢ  ᠵᠢᠭᠰᠠᠭ᠋ᠠᠨ ᠪᠠᠢ᠌ᠴᠠᠭ᠋ᠠᠵᠤ ᠠᠷᠢᠯᠭ᠋ᠠᠬᠤ ᠬᠡᠷᠡᠭᠲᠡᠢ; ᠴᠠᠬᠢᠯᠭ᠋ᠠᠨ ᠬᠠᠩᠭ᠋ᠠᠬᠤ ᠠᠵᠤ ᠠᠬᠤᠢ᠌ᠯᠠᠯ᠎ᠢ ᠵᠣᠬᠢᠴᠠᠭᠤᠯᠵᠤ ᠪᠠᠢ᠌ᠭ᠋ᠠᠳ ᠪᠠᠴᠢᠮ ᠪᠠᠢ᠌ᠳᠠᠯ᠎ᠢ ᠠᠷᠭ᠋ᠠᠴᠠᠭ᠋ᠠᠬᠤ᠎ᠳᠤ ᠬᠡᠷᠡᠭᠰᠡᠬᠦ ᠴᠠᠬᠢᠯᠭ᠋ᠠᠨ ᠡᠭᠦᠰᠬᠡᠭᠴᠢ ᠵᠢ ᠲᠣᠬᠢᠷᠠᠭᠤᠯᠤᠨ ᠴᠤᠭᠯᠠᠭᠤᠯᠵᠤ ᠂  ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠶᠤᠯ᠎ᠠᠴᠠ  ᠠᠪᠤᠷᠠᠬᠤ ᠪᠡᠯᠡᠳᠬᠡᠯ᠎ᠢ ᠰᠠᠢ᠌ᠲᠤᠷ ᠬᠢᠵᠦ ᠂  ᠴᠢᠬᠤᠯᠠ ᠬᠡᠷᠡᠭᠯᠡᠭᠴᠢᠳ᠎ᠲᠤ ᠬᠠᠩᠭ᠋ᠠᠬᠤ ᠴᠠᠬᠢᠯᠭ᠋ᠠᠨ᠎ᠢ ᠪᠠᠲᠤᠯᠠᠬᠤ ᠠᠵᠢᠯ ᠵᠶ᠋ᠠᠨ ᠴᠢᠩᠭ᠋ᠠᠳᠬᠠᠬᠤ ᠬᠡᠷᠡᠭᠲᠡᠢ ᠃ 

      4. ᠪᠠᠴᠢᠮ ᠪᠠᠢ᠌ᠳᠠᠯ᠎ᠢ ᠠᠷᠭ᠋ᠠᠴᠠᠭ᠋ᠠᠬᠤ᠎ᠪᠠᠷ ᠰᠢᠯᠵᠢᠭᠦᠯᠵᠦ ᠨᠡᠭᠦᠯᠭᠡᠬᠦ ᠃  ᠴᠠᠭ ᠠᠭᠤᠷ᠎ᠤᠨ ᠰᠠᠯᠠᠭ᠎ᠠ ᠮᠥᠴᠢᠷ  ᠠᠵᠢᠷᠭ᠋ᠠᠨ ᠪᠣᠷᠣᠭ᠋ᠠᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠢ᠌ᠲᠡᠯᠡᠭᠰᠡᠨ᠎ᠤ ᠳᠠᠷᠠᠭ᠎ᠠ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠭ᠋ᠠᠳ ᠬᠥᠮᠥᠨ ᠬᠠᠷ᠎ᠠ ᠡᠨᠳᠡᠵᠦ ᠰᠢᠷᠬᠠᠲᠤᠵᠤ ᠮᠡᠳᠡᠬᠦ ᠪᠠᠢ᠌ᠳᠠᠯ ᠳᠣᠣᠷ᠎ᠠ ᠂  ᠬᠣᠰᠢᠭᠤ ᠰᠢᠶᠠᠨ᠎ᠤ ᠱᠠᠲᠤᠨ᠎ᠠᠴᠠ  ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ  ᠨᠢᠭᠡᠳᠦᠯᠲᠡᠢ ᠵᠢᠯᠤᠭᠣᠳᠴᠤ ᠂  ᠡᠯ᠎ᠡ ᠲᠠᠯ᠎ᠠ ᠵᠢᠨ ᠲᠤᠰᠬᠠᠢ ᠬᠦᠴᠦᠨ᠎ᠢ ᠳᠠᠢ᠌ᠴᠢᠯᠠᠨ ᠲᠥᠪᠯᠡᠷᠡᠭᠦᠯᠵᠦ ᠂  ᠰᠠᠯᠠᠭ᠎ᠠ ᠮᠥᠴᠢᠷ᠎ᠤᠳ᠎ᠤᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠂ ᠠᠶᠤᠯ᠎ᠠᠴᠠ  ᠪᠠᠴᠢᠮ ᠵᠠᠢ᠌ᠯᠠᠭᠤᠯᠬᠤ ᠪᠠ ᠰᠢᠢ᠍ᠳᠪᠦᠷᠢᠯᠡᠬᠦ ᠠᠵᠢᠯ᠎ᠢ ᠬᠠᠮᠵᠢᠯᠴᠠᠨ ᠡᠮᠬᠢ ᠵᠢᠷᠤᠮ᠎ᠲᠠᠢ ᠥᠷᠨᠢᠭᠦᠯᠵᠦ ᠂  ᠳᠠᠭ᠋ᠠᠭ᠋ᠠᠴᠢᠯᠠᠨ ᠬᠤᠪᠢᠶᠠᠭᠰᠠᠨ ᠳᠤᠭᠤᠢ᠌ᠯᠠᠩ ᠬᠡᠰᠡᠭ᠎ᠲᠤ᠎ᠪᠠᠨ ᠳᠠᠭ᠋ᠠᠭ᠋ᠠᠴᠢᠯᠠᠨ ᠪᠠᠲᠤᠯᠠᠬᠤ ᠬᠠᠷᠢᠭᠤᠴᠠᠯᠭ᠎ᠠ ᠵᠢ ᠱᠠᠲᠤ ᠳᠠᠷᠠᠭ᠋ᠠᠯᠠᠨ ᠰᠠᠢ᠌ᠲᠤᠷ ᠨᠠᠢ᠌ᠳᠠᠪᠤᠷᠢᠵᠢᠭᠤᠯᠵᠤ ᠂ 《ᠠᠯᠢ ᠵᠢ᠎ᠨᠢ  ᠨᠡᠭᠦᠯᠭᠡᠨ ᠰᠢᠯᠵᠢᠭᠦᠯᠬᠦ ᠂  ᠬᠡᠨ᠎ᠨᠢ  ᠵᠣᠬᠢᠶᠠᠨ ᠪᠠᠶ᠋ᠢᠭᠤᠯᠬᠤ ᠂  ᠬᠡᠵᠢᠶ᠎ᠡ ᠨᠡᠭᠦᠯᠭᠡᠨ ᠰᠢᠯᠵᠢᠭᠦᠯᠬᠦ ᠂  ᠬᠠᠮᠢᠭ᠋ᠠᠰᠢ᠎ᠪᠠᠨ ᠨᠡᠭᠦᠯᠭᠡᠨ ᠰᠢᠯᠵᠢᠭᠦᠯᠬᠦ ᠂  ᠶᠠᠭ᠋ᠠᠬᠢᠵᠤ ᠬᠠᠮᠢᠶᠠᠷᠬᠤ 》 5 ᠵᠠᠩᠭᠢᠯᠠᠭ᠎ᠠ ᠵᠢᠨ  ᠭᠣᠭᠴᠣᠭ᠎ᠠ ᠪᠣᠯᠬᠤ ᠠᠵᠢᠯ᠎ᠢ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ ᠃  ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ  ᠠᠵᠢᠷᠭ᠋ᠠᠨ ᠪᠣᠷᠣᠭ᠋ᠠᠨ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠨᠥᠯᠥᠭᠡᠯᠡᠬᠦ ᠣᠷᠣᠨ ᠪᠦᠰᠡ ᠪᠠ ᠪᠣᠷᠣᠭ᠋ᠠᠨ ᠬᠤᠷ᠎ᠠ ᠵᠢᠨ ᠪᠣᠳᠠᠲᠤ ᠪᠠᠢ᠌ᠳᠠᠯ᠎ᠢ ᠦᠨᠳᠦᠰᠦᠯᠡᠨ ᠂  ᠠᠶᠤᠯ᠎ᠲᠠᠢ ᠣᠷᠣᠨ ᠪᠠ ᠲᠠᠯᠳᠠ ᠭᠡᠮ᠎ᠲᠠᠢ ᠭᠠᠵᠠᠷ᠎ᠤᠨ ᠬᠥᠮᠥᠰ᠎ᠢ 《ᠭᠤᠷᠪᠠᠨ ᠪᠠᠢ᠌ᠳᠠᠯ᠎ᠳᠤ ᠪᠠᠴᠢᠮ ᠵᠠᠢ᠌ᠯᠠᠭᠤᠯᠬᠤ 》 (  ᠠᠶᠤᠯ ᠲᠦᠭᠰᠢᠭᠦᠷᠢ ᠵᠢᠨ ᠲᠠᠯᠳᠠ ᠭᠡᠮ᠎ᠲᠠᠢ ᠭᠠᠵᠠᠷ᠎ᠲᠤ ᠳᠣᠭᠰᠢᠨ ᠪᠣᠷᠣᠭ᠋ᠠᠨ ᠣᠷᠣᠪᠠᠯ ᠳᠠᠷᠤᠢ᠌ᠬᠠᠨ ᠪᠠᠴᠢᠮ ᠵᠠᠢ᠌ᠯᠠᠭᠤᠯᠬᠤ ᠂  ᠲᠠᠯᠳᠠ ᠭᠡᠮ᠎ᠲᠠᠢ ᠭᠠᠵᠠᠷ᠎ᠲᠤ ᠶᠡᠷᠦ ᠪᠤᠰᠤ ᠵᠢᠨ ᠠᠶᠤᠯ ᠲᠥᠭᠰᠢᠭᠦᠷᠢᠲᠦ ᠪᠠᠢ᠌ᠳᠠᠯ ᠭᠠᠷᠪᠠᠯ ᠳᠠᠷᠤᠢ᠌ᠬᠠᠨ ᠪᠠᠴᠢᠮ ᠵᠠᠢ᠌ᠯᠠᠭᠤᠯᠬᠤ ᠂  ᠲᠠᠯᠳᠠ ᠭᠡᠮ᠎ᠲᠠᠢ ᠭᠠᠵᠠᠷ᠎ᠤᠨ ᠠᠶᠤᠯ ᠲᠥᠭᠰᠢᠭᠦᠷᠢᠲᠦ ᠪᠠᠢ᠌ᠳᠠᠯ᠎ᠢ᠎ᠨᠢ  ᠣᠨᠣᠪᠴᠢᠲᠠᠶ ᠮᠠᠭ᠋ᠠᠳᠯᠠᠵᠤ ᠳᠡᠶ᠋ᠢᠯᠬᠦ ᠦᠭᠡᠢ ᠦᠶ᠎ᠡ᠎ᠳᠤ ᠳᠠᠷᠤᠢ᠌ᠬᠠᠨ ᠪᠠᠴᠢᠮ ᠵᠠᠢ᠌ᠯᠠᠭᠤᠯᠬᠤ ) ᠠᠵᠢᠯ᠎ᠢ ᠦᠳᠲᠡᠷ ᠲᠦᠷᠭᠡᠨ ᠵᠣᠬᠢᠶᠠᠨ ᠪᠠᠢ᠌ᠭᠤᠯᠵᠤ ᠥᠷᠨᠢᠭᠦᠯᠦᠨ ᠂  ᠡᠷᠡᠰ ᠰᠢᠭᠤᠷᠬᠠᠢ ᠠᠵᠢᠯᠯᠠᠬᠤ ᠂  ᠨᠡᠭᠦᠯᠭᠡᠨ ᠰᠢᠯᠵᠢᠭᠦᠯᠪᠡᠰᠦ ᠵᠣᠬᠢᠬᠤ ᠵᠢ᠎ᠨᠢ  ᠴᠥᠮ ᠨᠡᠭᠦᠯᠭᠡᠨ ᠰᠢᠯᠵᠢᠭᠦᠯᠬᠦ ᠂  ᠨᠡᠭᠦᠯᠭᠡᠨ ᠰᠢᠯᠵᠢᠭᠦᠯᠪᠡᠰᠦ ᠵᠣᠬᠢᠬᠤ ᠵᠢ᠎ᠨᠢ  ᠡᠷᠲᠡ᠎ᠠᠴᠠ ᠨᠡᠭᠦᠯᠭᠡᠨ ᠰᠢᠯᠵᠢᠭᠦᠯᠬᠦ ᠵᠢ ᠪᠡᠶᠡᠯᠡᠭᠦᠯᠵᠦ ᠂  ᠠᠷᠪᠠ ᠤᠳᠠᠭ᠎ᠠ ᠰᠡᠷᠭᠡᠢ᠌ᠯᠡᠭᠡᠳ ᠶᠢᠰᠦ᠎ᠨᠢ  ᠲᠠᠯᠠᠭ᠋ᠠᠷ ᠪᠣᠯᠤᠭᠰᠠᠨ ᠴᠦ᠍ ᠂  ᠰᠡᠷᠭᠡᠢ᠌ᠯᠡᠯᠲᠡ ᠵᠢ ᠣᠮᠲᠣᠭ᠋ᠠᠢ᠌ᠯᠠᠭᠰᠠᠨ᠎ᠠᠴᠠ ᠠᠯᠳᠠᠰᠢ ᠭᠠᠷᠭ᠋ᠠᠵᠤ ᠣᠭᠲᠣᠬᠠᠨ ᠴᠦ᠍ ᠪᠣᠯᠬᠤ ᠦᠭᠡᠢ ;  ᠨᠡᠭᠦᠯᠭᠡᠨ ᠰᠢᠯᠵᠢᠭᠦᠯᠦᠭᠰᠡᠨ ᠬᠥᠮᠥᠰ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ ᠂  ᠭᠠᠢ ᠭᠠᠮᠰᠢᠭ᠎ᠤᠨ ᠲᠦᠭᠰᠢᠭᠦᠷᠢ ᠠᠷᠢᠯᠬᠤ᠎ᠠᠴᠠ  ᠤᠷᠢᠳ ᠬᠥᠮᠥᠰ᠎ᠤᠨ ᠳᠤᠷ᠎ᠠ᠎ᠪᠠᠷ ᠵᠶ᠋ᠠᠨ ᠪᠤᠴᠠᠵᠤ ᠬᠠᠷᠢᠭ᠋ᠠᠳ ᠡᠨᠳᠡᠵᠦ ᠰᠢᠷᠬᠠᠲᠤᠬᠤ ᠶᠠᠪᠤᠳᠠᠯ ᠭᠠᠷᠬᠤ ᠵᠢ ᠴᠢᠩᠭ᠎ᠠ ᠰᠡᠷᠭᠡᠢ᠌ᠯᠡᠬᠦ ᠬᠡᠷᠡᠭᠲᠡᠢ ᠃ 

       ᠭᠤᠷᠪᠠ ᠂  ᠪᠠᠲᠤᠯᠠᠭ᠎ᠠ ᠵᠢᠨ ᠠᠷᠭ᠎ᠠ ᠬᠡᠮᠵᠢᠶ᠎ᠡ 

      (ᠨᠢᠭᠡ) ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠷᠠᠭᠤᠯᠬᠤ ᠬᠡᠷᠡᠭᠲᠡᠢ ᠃  ᠡᠯ᠎ᠡ ᠭᠠᠵᠠᠷ ᠣᠷᠣᠨ᠎ᠨᠢ 《ᠨᠠᠮ᠎ᠤᠨ ᠬᠣᠷᠢᠶ᠎ᠠ ᠤᠳᠤᠷᠢᠳᠤᠭᠰᠠᠨ ᠂  ᠵᠠᠰᠠᠭ᠎ᠤᠨ ᠣᠷᠳᠣᠨ ᠵᠶ᠋ᠡᠷ ᠭᠣᠣᠯᠯᠠᠭᠤᠯᠤᠭᠰᠠᠨ ᠂  ᠰᠠᠯᠠᠭ᠎ᠠ ᠮᠥᠴᠢᠷ ᠬᠠᠮᠲᠤᠷᠠᠨ  ᠬᠥᠳᠡᠯᠦᠯᠴᠡᠭᠰᠡᠨ ᠂  ᠨᠡᠢ᠌ᠭᠡᠮ᠎ᠤᠨ᠎ᠬᠢᠨ᠎ᠤ ᠣᠷᠤᠯᠴᠠᠭᠰᠠᠨ 》  ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠲᠣᠭᠲᠠᠴᠠ ᠵᠢ ᠪᠦᠷᠢᠨᠰᠢᠭᠦᠯᠵᠦ ᠂  ᠴᠠᠭ ᠠᠭᠤᠷ᠎ᠤᠨ ᠴᠢᠨᠠᠷ ᠰᠠᠢ᠌ᠲᠠᠢ ᠬᠥᠭᠵᠢᠯᠲᠡ ᠪᠠ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠠᠵᠢᠯ ᠵᠶ᠋ᠠᠨ ᠬᠠᠮᠢᠶ᠎ᠠ ᠪᠦᠬᠦᠢ ᠲᠥᠯᠦᠪᠵᠢᠭᠦᠯᠭᠡ᠎ᠳᠤ ᠣᠷᠣᠭᠤᠯᠤᠨ ᠂  ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢ᠎ᠨᠢ  ᠳᠡᠭᠡᠭᠰᠢᠯᠡᠭᠦᠯᠬᠦ ᠪᠠᠢ᠌ᠭᠤᠯᠤᠯᠲᠠ ᠵᠢᠨ ᠲᠤᠰᠬᠠᠢ ᠲᠥᠰᠥᠯ ᠪᠠ ᠣᠨ᠎ᠤ ᠬᠡᠷᠡᠭᠵᠢᠭᠦᠯᠬᠦ ᠲᠥᠯᠥᠪᠯᠡᠭᠡ ᠵᠢ ᠲᠣᠭᠲᠠᠭ᠋ᠠᠬᠤ ᠬᠡᠷᠡᠭᠲᠡᠢ ᠃  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠨᠥᠬᠥᠳ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠪᠠᠭ᠋ᠠᠰᠬᠠᠬᠤ ᠴᠢᠳᠠᠪᠤᠷᠢ ᠵᠢ ᠳᠡᠭᠡᠭᠰᠢᠯᠡᠭᠦᠯᠬᠦ ᠠᠵᠢᠯ ᠵᠶ᠋ᠠᠨ ᠢᠳᠡᠪᠬᠢᠲᠡᠢ᠎ᠪᠠᠷ ᠲᠥᠯᠥᠪᠯᠡᠨ ᠪᠠᠢ᠌ᠷᠢᠯᠠᠭᠤᠯᠬᠤ ᠪᠠ ᠠᠬᠢᠭᠤᠯᠵᠤ ᠂  ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠪᠠ ᠴᠢᠬᠤᠯᠠ ᠶᠡᠬᠡ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠳᠠᠬᠢ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠤ᠎ᠨᠢ  ᠰᠤᠳᠤᠯᠤᠨ ᠰᠢᠢ᠍ᠳᠪᠦᠷᠢᠯᠡᠬᠦ ᠬᠡᠷᠡᠭᠲᠡᠢ ᠃  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ᠎ᠨᠢ  ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠨ ᠬᠣᠷᠢᠭᠯᠠᠬᠤ ᠲᠠᠯ᠎ᠠ᠎ᠪᠠᠷ᠎ᠬᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ᠎ᠪᠠᠨ ᠴᠢᠩᠭ᠋ᠠᠷᠠᠭᠤᠯᠵᠤ ᠂  ᠡᠯ᠎ᠡ ᠠᠵᠢᠯ ᠲᠥᠷᠥᠯ ᠂  ᠡᠯ᠎ᠡ ᠰᠠᠯᠠᠭ᠎ᠠ ᠮᠥᠴᠢᠷ ᠨᠢᠭᠡᠴᠢ ᠵᠢᠨ ᠴᠠᠭ ᠠᠭᠤᠷ᠎ᠤᠨ ᠭᠠᠮᠰᠢᠭ᠎ᠤᠨ ᠠᠶᠤᠯ ᠲᠦᠭᠰᠢᠭᠦᠷᠢ ᠵᠢ ᠲᠠᠨᠢᠨ ᠮᠡᠳᠡᠬᠦ ᠬᠢᠷᠢ ᠬᠡᠮᠵᠢᠶ᠎ᠡ ᠪᠠ ᠨᠡᠢ᠌ᠭᠡᠮ ᠨᠡᠶ᠋ᠢᠲᠡ ᠵᠢᠨ ᠴᠠᠭ ᠠᠭᠤᠷ᠎ᠤᠨ ᠭᠠᠮᠰᠢᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠶᠤᠯ ᠲᠦᠭᠰᠢᠭᠦᠷᠢ᠎ᠠᠴᠠ  ᠵᠠᠢ᠌ᠯᠠᠬᠤ ᠴᠢᠳᠠᠪᠤᠷᠢ ᠵᠢ᠎ᠨᠢ  ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠃ 

      (ᠬᠣᠶᠠᠷ) ᠳᠡᠮᠵᠢᠵᠦ ᠪᠠᠲᠤᠯᠠᠬᠤ᠎ᠪᠠᠨ ᠴᠢᠩᠭ᠋ᠠᠷᠠᠭᠤᠯᠬᠤ ᠬᠡᠷᠡᠭᠲᠡᠢ ᠃  ᠡᠯ᠎ᠡ ᠭᠠᠵᠠᠷ ᠣᠷᠣᠨ ᠂  ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ  ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ  ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ ᠂  ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ᠎ᠳᠤ ᠳᠡᠮᠵᠢᠯᠭᠡ ᠦᠵᠡᠭᠦᠯᠬᠦ ᠠᠵᠢᠯ᠎ᠤᠨ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ ᠂  ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠠᠵᠢᠯ᠎ᠳᠠᠬᠢ ᠲᠥᠷᠥ ᠵᠢᠨ ᠪᠣᠳᠣᠯᠭ᠎ᠠ ᠪᠠ ᠪᠡᠯᠡ ᠮᠥᠩᠭᠥᠨ᠎ᠤ ᠳᠡᠮᠵᠢᠯᠭᠡ᠎ᠪᠠᠨ ᠴᠢᠩᠭ᠋ᠠᠳᠬᠠᠬᠤ ᠬᠡᠷᠡᠭᠲᠡᠢ ᠃ 

      (ᠭᠤᠷᠪᠠ) ᠰᠢᠮᠳᠠᠭᠤᠯᠤᠨ ᠵᠢᠯᠤᠭᠣᠳᠴᠤ ᠨᠠᠢ᠌ᠳᠠᠪᠤᠷᠢᠵᠢᠭᠤᠯᠬᠤ᠎ᠪᠠᠨ ᠴᠢᠩᠭ᠋ᠠᠷᠠᠭᠤᠯᠬᠤ ᠬᠡᠷᠡᠭᠲᠡᠢ ᠃  ᠡᠯ᠎ᠡ ᠭᠠᠵᠠᠷ ᠣᠷᠣᠨ ᠂  ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ  ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ ᠂  ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠬᠤ ᠬᠡᠷᠡᠭᠲᠡᠢ ᠃  ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢᠨ ᠪᠠᠢ᠌ᠭᠤᠯᠤᠯᠲᠠ᠎ᠪᠠᠨ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠨ ᠬᠣᠷᠢᠭᠯᠠᠬᠤ ᠠᠵᠢᠯ᠎ᠯᠤᠭ᠎ᠠ ᠵᠡᠷᠭᠡ᠎ᠳᠤ᠎ᠨᠢ  ᠪᠠᠢ᠌ᠷᠢᠯᠠᠭᠤᠯᠵᠤ ᠂  ᠵᠡᠷᠭᠡ᠎ᠳᠤ᠎ᠨᠢ  ᠪᠠᠢ᠌ᠴᠠᠭ᠋ᠠᠨ ᠰᠤᠳᠤᠯᠵᠤ ᠂  ᠵᠡᠷᠭᠡ᠎ᠳᠤ᠎ᠨᠢ  ᠬᠢᠨᠠᠯᠲᠠ ᠲᠠᠯᠪᠢᠵᠤ ᠂  ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠠᠵᠢᠯ᠎ᠤᠨ ᠡᠯ᠎ᠡ ᠵᠦᠢ᠍ᠯ᠎ᠤᠨ ᠡᠭᠦᠷᠭᠡ᠎ᠪᠠᠨ ᠴᠢᠨᠠᠷ ᠰᠠᠢ᠌ᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠃ 

       

       

2024 ᠣᠨ᠎ᠤ 8 ᠳ᠋ᠤᠭ᠋ᠠᠷ ᠰᠠᠷ᠎ᠠ ᠵᠢᠨ 13᠎ᠤ ᠡᠳᠦᠷ

      

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ