ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 16 ᠳ᠋ᠤᠭ᠋ᠠᠷ ᠲᠣᠭ᠋ᠠᠲᠤ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠢ᠌ᠯᠠᠯ ᠂ ᠠᠵᠢᠯ ᠦᠢ᠍ᠯᠡᠰ᠎ᠤᠨ ᠨᠢᠭᠡᠴᠢ᠎ᠳᠤ ᠄
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠤᠬᠠᠢ ᠨᠠᠮ᠎ᠤᠨ ᠲᠥᠪ ᠬᠣᠷᠢᠶ᠎ᠠ ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ ᠂ 《ᠮᠢᠩᠭ᠎ᠠ ᠲᠦᠮᠡ ᠵᠢᠨ ᠢᠨᠵᠧᠨᠧᠷᠢᠩ 》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ ᠪᠥᠬᠦ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠣᠭ᠎ᠠ ᠬᠡᠮᠵᠢᠶ᠎ᠡ ᠂ ᠶᠠᠰᠤ ᠴᠢᠨᠠᠷ᠎ᠤᠨ ᠬᠣᠣᠰ ᠳᠡᠭᠡᠭᠰᠢᠯᠡᠯᠲᠡ ᠵᠢ ᠠᠬᠢᠭᠤᠯᠵᠤ ᠂ 2032 ᠣᠨ ᠪᠣᠯᠬᠤ᠎ᠳᠤ ᠲᠦᠷᠦᠭᠦᠯᠡᠨ ᠥᠨᠢᠳᠡ ᠵᠢᠨ ᠦᠨᠳᠦᠰᠦᠨ ᠲᠠᠷᠢᠶᠠᠨ ᠭᠠᠵᠠᠷ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠶ᠋ᠢᠭᠤᠯᠬᠤ ᠵᠢ ᠦᠨᠡᠨ ᠬᠦ᠌ ᠪᠠᠲᠤᠯᠠᠵᠤ ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂ ᠡᠳᠦᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠬᠤ ᠬᠣᠯᠪᠣᠭᠳᠠᠯ ᠪᠦᠬᠦᠢ ᠤᠴᠢᠷ᠎ᠤᠳ᠎ᠢ ᠳᠣᠣᠷᠠᠬᠢ ᠮᠡᠲᠦ ᠮᠡᠳᠡᠭᠳᠡᠪᠡ ᠃
ᠨᠢᠭᠡ ᠂ ᠨᠥᠬᠥᠪᠦᠷᠢᠯᠡᠬᠦ ᠪᠠᠷᠢᠮᠵᠢᠶ᠎ᠠ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠠᠬᠢ ᠲᠥᠪ᠎ᠤᠨ ᠲᠥᠰᠥᠪ᠎ᠤᠨ ᠳᠣᠲᠣᠷᠠᠬᠢ ᠪᠠ ᠲᠥᠪ᠎ᠤᠨ ᠡᠳ᠋᠎ᠤᠨ ᠵᠠᠰᠠᠭ᠎ᠤᠨ ᠰᠢᠯᠵᠢᠭᠦᠯᠦᠨ ᠣᠯᠭᠣᠬᠤ ᠵᠡᠷᠭᠡ ᠠᠷᠭ᠎ᠠ ᠵᠠᠮ ᠵᠶ᠋ᠠᠷ᠎ᠬᠢ ᠪᠡᠯᠡ ᠣᠷᠣᠭᠤᠯᠤᠯᠲᠠ ᠵᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠢ᠌ᠯᠡᠭᠦᠯᠬᠦ ᠬᠡᠷᠡᠭᠲᠡᠢ ᠃ ᠤᠯᠤᠰ᠎ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠳᠦᠬᠦᠷᠵᠢᠭᠦᠯᠦᠨ ᠪᠡᠯᠡ ᠣᠷᠣᠭᠤᠯᠬᠤ᠎ᠪᠠᠷ ᠱᠠᠭ᠋ᠠᠷᠳᠠᠭᠰᠠᠨ ᠵᠠᠷᠤᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠠᠴᠠ ᠡᠭᠦᠷᠭᠡᠯᠡᠵᠦ ᠂ ᠠᠢ᠌ᠮᠠᠭ ᠬᠤᠲᠠ ᠂ ᠬᠣᠰᠢᠭᠤ ᠰᠢᠶᠠᠨ (ᠬᠤᠲᠠ ᠂ ᠲᠣᠭᠣᠷᠢᠭ)ᠤ᠎ᠬᠢᠨ ᠳᠠᠬᠢᠵᠤ ᠲᠥᠬᠦᠷᠵᠢᠭᠦᠯᠬᠦ ᠦᠭᠡᠢ ᠃ ᠥᠪᠡᠷᠲᠡᠭᠡᠨ ᠵᠠᠰᠠᠬᠤ ᠣᠷᠣᠨ᠎ᠠᠴᠠ ᠡᠯ᠎ᠡ ᠠᠢ᠌ᠮᠠᠭ ᠬᠣᠲᠠ ᠵᠢᠨ ᠮᠦ᠍ ᠪᠦᠷᠢ ᠵᠢᠨ ᠳᠤᠮᠳᠠᠴᠢ ᠡᠳ᠋᠎ᠤᠨ ᠵᠠᠰᠠᠭ᠎ᠤᠨ ᠨᠥᠬᠥᠪᠦᠷᠢ ᠵᠢᠨ ᠪᠠᠷᠢᠮᠵᠢᠶ᠎ᠠ ᠵᠢ ᠲᠥᠷᠥᠯ ᠬᠤᠪᠢᠶᠠᠨ ᠲᠣᠭᠲᠠᠭ᠋ᠠᠵᠤ ᠂ ᠡᠯ᠎ᠡ ᠠᠢ᠌ᠮᠠᠭ ᠬᠣᠲᠠ᠎ᠨᠢ ᠲᠤᠰ ᠭᠠᠵᠠᠷ ᠣᠷᠣᠨ᠎ᠤ᠎ᠪᠠᠨ ᠡᠳ᠋᠎ᠤᠨ ᠵᠠᠰᠠᠭ᠎ᠤᠨ ᠨᠥᠬᠥᠪᠦᠷᠢ ᠵᠢᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠂ ᠠᠳᠠᠯᠢ ᠪᠤᠰᠤ ᠭᠠᠵᠠᠷ᠎ᠤᠨ ᠲᠥᠷᠥᠯ ᠪᠠ ᠪᠦᠲᠦᠭᠡᠨ ᠪᠠᠶ᠋ᠢᠭᠤᠯᠬᠤ ᠠᠭᠤᠯᠭ᠎ᠠ ᠵᠢᠨ ᠶᠣᠰᠣᠭ᠋ᠠᠷ ᠡᠯ᠎ᠡ ᠬᠣᠰᠢᠭᠤ ᠰᠢᠶᠠᠨ (ᠬᠣᠲᠠ ᠂ ᠲᠣᠭᠣᠷᠢᠭ) ᠤ ᠮᠦ᠍ ᠪᠦᠷᠢ ᠵᠢᠨ ᠳᠤᠮᠳᠠᠴᠢ ᠡᠳ᠋᠎ᠤᠨ ᠵᠠᠰᠠᠭ᠎ᠤᠨ ᠨᠥᠬᠥᠪᠦᠷᠢ ᠵᠢᠨ ᠪᠠᠷᠢᠮᠵᠢᠶ᠎ᠠ ᠵᠢ ᠲᠣᠭᠲᠠᠭ᠋ᠠᠵᠤ ᠂ ᠬᠣᠰᠢᠭᠤ ᠰᠢᠶᠠᠨ (ᠬᠣᠲᠠ ᠂ ᠲᠣᠭᠣᠷᠢᠭ) ᠵᠶ᠋ᠡᠷ ᠨᠢᠭᠡᠴᠢ ᠪᠣᠯᠭ᠋ᠠᠨ ᠨᠢᠭᠡᠳᠦᠯᠲᠡᠢ ᠲᠥᠯᠥᠪᠯᠡᠨ ᠪᠣᠳᠣᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠶ᠋ᠢᠭᠤᠯᠬᠤ ᠶᠠᠪᠤᠴᠠ᠎ᠳᠤ ᠂ ᠮᠦ᠍ ᠪᠦᠷᠢ᠎ᠳᠤ 100 ᠲᠥᠭᠥᠷᠢᠭ᠎ᠠᠴᠠ ᠳᠣᠣᠷ᠎ᠠ ᠦᠭᠡᠢ ᠪᠠᠷᠢᠮᠵᠢᠶ᠎ᠠ᠎ᠪᠠᠷ ᠪᠡᠯᠡ ᠮᠥᠩᠭᠥ ᠴᠤᠭᠯᠠᠭᠤᠯᠤᠨ ᠬᠥᠳᠡᠯᠮᠦᠷᠢ ᠬᠦᠴᠦ ᠣᠷᠣᠭᠤᠯᠬᠤ ᠬᠡᠷᠡᠭᠲᠡᠢ ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠨᠥᠬᠥᠴᠡᠯ᠎ᠳᠤ ᠨᠡᠢ᠌ᠴᠡᠬᠦ ᠲᠠᠷᠢᠶᠠᠯᠠᠩ ᠮᠠᠯ ᠠᠵᠤ ᠠᠬᠤᠢ ᠂ ᠤᠰᠤᠨ ᠠᠰᠢᠭᠯᠠᠯᠲᠠ ᠂ ᠣᠶ ᠰᠢᠭᠤᠢ ᠨᠤᠲᠤᠭ ᠪᠡᠯᠴᠢᠭᠡᠷ ᠂ ᠵᠠᠮ ᠬᠠᠷᠢᠯᠴᠠᠭ᠎ᠠ ᠵᠡᠷᠭᠡ ᠡᠯ᠎ᠡ ᠲᠥᠷᠥᠯ᠎ᠤᠨ ᠲᠥᠷᠥᠯ ᠵᠦᠢ᠍ᠯ᠎ᠤᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠵᠦ ᠪᠠᠢ᠌ᠭ᠋ᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠵᠢ ᠰᠠᠨᠠᠭ᠋ᠠᠴᠢᠯᠠᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠵᠤ ᠡᠵᠡᠩᠨᠡᠬᠦ᠎ᠳᠤ ᠪᠥᠬᠦ ᠠᠵᠤ ᠦᠢ᠍ᠯᠡᠰ᠎ᠤᠨ ᠬᠡᠯᠬᠢᠶᠡᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠢ᠌ᠯᠠᠯ ᠵᠡᠷᠭᠡ ᠨᠡᠢ᠌ᠭᠡᠮ᠎ᠤᠨ ᠬᠥᠷᠥᠩᠭᠡ ᠵᠢᠨ ᠪᠡᠯᠡ ᠣᠷᠣᠭᠤᠯᠬᠤ ᠪᠠ ᠣᠷᠣᠯᠴᠠᠬᠤ ᠵᠢ᠎ᠨᠢ ᠵᠣᠷᠢᠭᠵᠢᠭᠤᠯᠤᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)
ᠬᠣᠶᠠᠷ ᠂ ᠡᠮᠦᠨᠡᠬᠢ ᠬᠤᠭᠤᠴᠠᠭ᠋ᠠᠨ᠎ᠤ ᠠᠵᠢᠯ ᠵᠶ᠋ᠠᠨ ᠰᠢᠯᠢᠳᠡᠭᠵᠢᠭᠦᠯᠬᠦ ᠬᠡᠷᠡᠭᠲᠡᠢ
ᠦᠯᠡᠭᠦᠦ ᠥᠨᠢᠳᠡ ᠵᠢᠨ ᠦᠨᠳᠦᠰᠦᠨ ᠲᠠᠷᠢᠶᠠᠨ ᠭᠠᠵᠠᠷ ᠪᠦᠬᠦᠨ᠎ᠢ ᠨᠥᠭᠡᠴᠡ ᠲᠥᠷᠥᠯ ᠵᠦᠢ᠍ᠯ᠎ᠤᠨ ᠬᠥᠮᠥᠷᠭᠡ᠎ᠳᠤ ᠠᠯᠬᠤᠮ ᠠᠯᠬᠤᠮ ᠵᠶ᠋ᠠᠷ ᠣᠷᠣᠭᠤᠯᠵᠤ ᠂ ᠪᠣᠳᠠᠲᠤ ᠪᠠᠢ᠌ᠳᠠᠯ᠎ᠳᠤ᠎ᠪᠠᠨ ᠰᠠᠭᠤᠷᠢᠯᠠᠵᠤ ᠪᠦᠲᠦᠭᠡᠨ ᠪᠠᠶ᠋ᠢᠭᠤᠯᠬᠤ ᠡᠭᠦᠷᠭᠡ ᠪᠠ ᠤᠷᠢᠲᠠᠵᠤ ᠬᠢᠬᠦ ᠳᠠᠷᠠᠭ᠋ᠠᠯᠠᠯ᠎ᠢ ᠲᠣᠭᠲᠠᠭ᠋ᠠᠨ ᠂ ᠤᠷᠢᠳ ᠵᠶ᠋ᠠᠷ ᠬᠢᠯᠪᠠᠷ᠎ᠢ᠎ᠨᠢ ᠳᠠᠷᠠᠭ᠎ᠠ᠎ᠨᠢ ᠬᠦᠴᠢᠷᠲᠡᠢ ᠵᠢ᠎ᠨᠢ ᠬᠢᠬᠦ ᠵᠢ ᠪᠠᠷᠢᠮᠲᠠᠯᠠᠵᠤ ᠂ ᠲᠤᠷᠰᠢᠯᠲᠠ ᠵᠢᠨ ᠭᠠᠵᠠᠷ ᠣᠷᠣᠨ ᠂ ᠬᠠᠷ᠎ᠠ ᠬᠥᠷᠥᠰᠥᠲᠦ ᠭᠠᠵᠠᠷ ᠣᠷᠣᠨ ᠂ ᠲᠠᠯ᠎ᠠ ᠭᠠᠵᠠᠷ ᠂ ᠤᠰᠤᠨ ᠠᠰᠢᠭᠯᠠᠯᠲᠠ ᠵᠢᠨ ᠤᠰᠤᠯᠠᠯᠲᠠ ᠵᠢᠨ ᠨᠥᠬᠥᠴᠡᠯ᠎ᠢ ᠪᠦᠷᠢᠳᠦᠭᠦᠯᠦᠭᠰᠡᠨ ᠭᠠᠵᠠᠷ ᠣᠷᠣᠨ ᠪᠠ ᠦᠯᠡᠳᠡᠭᠳᠡᠯ ᠡᠭᠦᠷᠭᠡ᠎ᠪᠠᠷ ᠨᠡᠯᠢᠶᠡᠳ ᠴᠥᠭᠡᠨ ᠪᠠᠢ᠌ᠭ᠎ᠠ ᠪᠦᠬᠦᠯᠢ ᠪᠠᠢ᠌ᠭᠤᠯᠤᠮᠵᠢᠲᠤ ᠳᠦᠷᠢᠮ᠎ᠤᠨ ᠭᠠᠵᠠᠷ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠤᠷᠢᠳ ᠵᠶ᠋ᠠᠷ ᠠᠬᠢᠭᠤᠯᠵᠤ ᠂ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠨ ᠠᠰᠢᠭᠯᠠᠬᠤ ᠪᠠ ᠬᠤᠵᠢᠷᠰᠢᠭᠰᠠᠨ ᠲᠠᠷᠢᠶᠠᠯᠠᠬᠤ ᠭᠠᠵᠠᠷ᠎ᠢ ᠵᠠᠰᠠᠵᠤ ᠰᠠᠢ᠌ᠵᠢᠷᠠᠭᠤᠯᠬᠤ ᠵᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ᠃ ᠬᠣᠰᠢᠭᠤ ᠰᠢᠶᠠᠨ (ᠬᠣᠲᠠ ᠂ ᠲᠣᠭᠣᠷᠢᠭ)᠎ᠨᠢ ᠲᠥᠷᠥᠯ ᠵᠦᠢ᠍ᠯ ᠲᠣᠭᠲᠠᠭ᠋ᠠᠬᠤ᠎ᠠᠴᠠ ᠡᠮᠦᠨᠡᠬᠢ 3 ᠵᠢᠯ᠎ᠤᠨ ᠮᠦ᠍ ᠪᠦᠷᠢ ᠵᠢᠨ ᠳᠤᠮᠳᠠᠴᠢ ᠪᠣᠳᠠᠲᠠᠢ ᠵᠠᠷᠤᠯᠭ᠎ᠠ ᠵᠢᠨ ᠵᠣᠭᠣᠰ᠎ᠤᠨ ᠲᠣᠭ᠎ᠠ ᠶᠣᠰᠣᠭ᠋ᠠᠷ ᠂ ᠵᠢᠷᠤᠭ ᠲᠥᠯᠥᠪᠯᠡᠭᠡ ᠵᠢᠨ ᠳᠠᠭ᠋ᠠᠭ᠋ᠠᠴᠢᠯᠠᠯᠲᠠ ᠵᠠᠷᠯᠠᠬᠤ ᠂ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠬᠢᠬᠦ ᠂ ᠤᠰᠤᠨ᠎ᠤ ᠡᠬᠢ ᠰᠤᠷᠪᠤᠯᠵᠢ ᠵᠢᠨ ᠨᠤᠲᠠᠯᠠᠯᠲᠠ ᠵᠢ ᠬᠢᠨᠠᠨ ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭ᠋ᠠᠨ᠎ᠤ ᠠᠵᠢᠯ ᠢ ᠤᠷᠢᠳᠴᠢᠯᠠᠨ ᠥᠷᠨᠢᠭᠦᠯᠵᠦ ᠂ ᠪᠦᠲᠦᠭᠡᠨ ᠪᠠᠶ᠋ᠢᠭᠤᠯᠬᠤ ᠣᠨ᠎ᠤ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠠᠵᠢᠯ ᠡᠬᠢᠯᠡᠭᠦᠯᠬᠦ ᠨᠥᠬᠥᠴᠡᠯ ᠪᠦᠷᠢᠳᠦᠭᠦᠯᠬᠦ ᠵᠢ ᠦᠨᠡᠨ ᠬᠦ᠌ ᠪᠠᠲᠤᠯᠠᠨ ᠂ 《ᠵᠣᠭᠣᠰ᠎ᠨᠢ ᠲᠥᠷᠥᠯ ᠵᠦᠢ᠍ᠯ᠎ᠢ ᠬᠦᠯᠢᠶᠡᠬᠦ 》᠎ᠠᠴᠠ ᠵᠠᠢ᠌ᠯᠠᠰᠬᠢᠨ᠎ᠡ ᠃ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ 》 ᠵᠢᠷᠤᠭ ᠲᠥᠯᠥᠪᠯᠡᠭᠡ ᠵᠢᠨ ᠣᠨᠣᠯᠵᠢᠬᠤᠨ᠎ᠢ ᠪᠠᠷᠢᠮᠲᠠᠯᠠᠵᠤ ᠂ ᠭᠠᠵᠠᠷ ᠳᠣᠣᠷᠠᠬᠢ ᠤᠰᠤ ᠵᠢ ᠬᠠᠮᠢᠶᠠᠷᠤᠨ ᠡᠵᠡᠮᠳᠡᠬᠦ ᠨᠢᠭᠡᠴᠢ ᠵᠢᠨ ᠶᠡᠷᠦᠩᠬᠡᠢ ᠬᠡᠮᠵᠢᠶ᠎ᠡ ᠵᠢ ᠡᠵᠡᠮᠳᠡᠬᠦ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠦᠨ ᠂ ᠭᠠᠵᠠᠷ ᠣᠷᠣᠨ᠎ᠤ᠎ᠪᠠᠨ ᠪᠠᠢ᠌ᠳᠠᠯ᠎ᠳᠤ ᠲᠣᠬᠢᠷᠠᠭᠤᠯᠤᠨ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢ ᠥᠷᠨᠢᠭᠦᠯᠦᠨ᠎ᠡ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠠᠬᠢ ᠣᠶ ᠰᠢᠭᠤᠢ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ ᠬᠢᠨᠠᠨ ᠵᠥᠪᠰᠢᠶᠡᠷᠡᠯ ᠪᠠ ᠬᠠᠢ᠌ᠷ ᠴᠢᠯᠠᠭᠤᠨ ᠮᠠᠲ᠋ᠧᠷᠢᠶᠠᠯ ᠠᠪᠴᠤ ᠬᠡᠷᠡᠭᠯᠡᠬᠦ ᠵᠥᠪᠰᠢᠶᠡᠷᠡᠯ ᠂ ᠤᠰᠤ ᠠᠪᠴᠤ ᠬᠡᠷᠡᠭᠯᠡᠬᠦ ᠵᠥᠪᠰᠢᠶᠡᠷᠡᠯ᠎ᠤᠨ ᠬᠢᠨᠠᠨ ᠵᠥᠪᠰᠢᠶᠡᠷᠡᠯ ᠵᠡᠷᠭᠡ ᠵᠢᠨ ᠵᠠᠮ ᠱᠤᠭᠤᠮ᠎ᠢ ᠰᠠᠭ᠋ᠠᠳ ᠦᠭᠡᠢ ᠨᠡᠪᠲᠡᠷᠡᠭᠦᠯᠬᠦ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠰᠡᠳᠦᠪ ᠲᠣᠭᠲᠠᠭ᠋ᠠᠬᠤ ᠲᠥᠰᠥᠯ ᠪᠠ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠲᠥᠰᠥᠯ᠎ᠢ ᠲᠣᠰ ᠲᠣᠰ ᠭᠠᠴᠠᠭ᠎ᠠ ᠲᠣᠰᠬᠤᠨ᠎ᠤ ᠠᠷᠠᠳ᠎ᠤᠨ ᠬᠤᠷᠠᠯ ᠵᠶ᠋ᠠᠷ ᠰᠤᠳᠤᠯᠤᠨ ᠪᠠᠲᠤᠯᠠᠭᠤᠯᠬᠤ ᠵᠢᠨ ᠬᠠᠮᠲᠤ ᠭᠠᠷᠤᠨ ᠥᠰᠥᠭ ᠵᠢᠷᠤᠭᠤᠯᠵᠤ ᠨᠤᠲᠠᠯᠠᠨ ᠲᠣᠭᠲᠠᠭ᠋ᠠᠬᠤ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂ ᠤᠰᠤᠨ ᠠᠰᠢᠭᠯᠠᠯᠲᠠ ᠵᠢᠨ ᠲᠢᠩᠬᠢᠮ ᠂ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ)
ᠭᠤᠷᠪᠠ ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠵᠢᠷᠤᠮᠵᠢᠭᠤᠯᠬᠤ ᠬᠡᠷᠡᠭᠲᠡᠢ
ᠵᠠᠷᠴᠢᠮ ᠳᠡᠭᠡᠷ᠎ᠡ᠎ᠪᠠᠨ ᠪᠠᠷᠢᠯᠭ᠎ᠠ ᠵᠢᠨ ᠠᠵᠢᠯ᠎ᠤᠨ ᠳᠠᠭ᠋ᠠᠭ᠋ᠠᠴᠢᠯᠠᠯᠲᠠ ᠵᠢᠨ ᠬᠡᠰᠡᠭ᠎ᠤᠨ ᠲᠠᠯᠠᠪᠠᠶ ᠵᠢ 10000 ᠮᠦ᠍᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠢ ᠂ ᠬᠣᠰᠢᠭᠤ ᠰᠢᠶᠠᠨ (ᠬᠣᠲᠠ ᠂ ᠲᠣᠭᠣᠷᠢᠭ)ᠤᠬᠢᠨᠤ ᠣᠨ᠎ᠤ ᠪᠠᠷᠢᠯᠭ᠎ᠠ ᠵᠢᠨ ᠠᠵᠢᠯ᠎ᠤᠨ ᠪᠠᠷᠢᠬᠤ ᠡᠭᠦᠷᠭᠡ᠎ᠪᠠᠨ ᠪᠦᠬᠦᠯᠢ ᠴᠣᠭᠴᠠ᠎ᠪᠠᠷ᠎ᠨᠢ ᠳᠠᠭ᠋ᠠᠭ᠋ᠠᠴᠢᠯᠠᠭᠤᠯᠬᠤ ᠵᠢ ᠵᠥᠪᠰᠢᠶᠡᠷᠡᠨ᠎ᠡ ᠃ ᠪᠦᠬᠦ ᠶᠠᠪᠤᠴᠠ ᠵᠢᠨ ᠡᠯᠧᠺᠲᠷᠣᠨᠴᠢᠯᠠᠭᠰᠠᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠪᠠ ᠠᠯᠤᠰ᠎ᠠᠴᠠ ᠣᠨᠳᠣᠣ ᠭᠠᠵᠠᠷ᠎ᠲᠤ ᠳᠠᠭ᠋ᠠᠭ᠋ᠠᠴᠢᠯᠠᠯᠲᠠ ᠦᠨᠡᠯᠡᠬᠦ ᠵᠢ ᠳᠡᠯᠭᠡᠷᠡᠭᠦᠯᠦᠨ ᠬᠡᠷᠡᠭᠵᠢᠭᠦᠯᠵᠦ ᠂ ᠵᠢᠷᠤᠭ ᠲᠥᠯᠥᠪᠯᠡᠭᠡ ᠵᠢᠨ ᠦᠯᠢᠭᠡᠷ ᠶᠠᠩᠵᠤ ᠂ ᠬᠢᠨᠠᠨ ᠵᠠᠬᠢᠷᠬᠤ ᠪᠠ ᠪᠠᠷᠢᠯᠭ᠎ᠠ ᠵᠢᠨ ᠠᠵᠢᠯ᠎ᠤᠨ ᠮᠠᠲ᠋ᠧᠷᠢᠶᠠᠯ᠎ᠤᠨ ᠦᠯᠢᠭᠡᠷ ᠶᠠᠩᠵᠤ ᠂ ᠮᠠᠲ᠋ᠧᠷᠢᠶᠠᠯ᠎ᠤᠨ ᠦᠯᠢᠭᠡᠷ ᠶᠠᠩᠵᠤ ᠵᠡᠷᠭᠡ ᠵᠢ ᠳᠠᠭ᠋ᠠᠭ᠋ᠠᠴᠢᠯᠠᠯᠲᠠ ᠦᠨᠡᠯᠡᠬᠦ ᠬᠦᠴᠦᠨ ᠵᠦᠢ᠍ᠯ ᠪᠠ ᠭᠡᠷ᠎ᠡ ᠭᠦᠢ᠍ᠴᠡᠳᠬᠡᠬᠦ ᠪᠠᠷᠢᠮᠵᠢᠶ᠎ᠠ ᠪᠣᠯᠭ᠋ᠠᠬᠤ ᠵᠢ ᠠᠬᠢᠭᠤᠯᠵᠤ ᠂ ᠪᠦᠲᠦᠭᠡᠨ ᠪᠠᠢ᠌ᠭᠤᠯᠤᠯᠲᠠ ᠵᠢᠨ ᠣᠨ᠎ᠤ 2 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠠᠷᠢᠯᠭ᠎ᠠ ᠵᠢᠨ ᠠᠵᠢᠯ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠵᠢ ᠪᠡᠶᠡᠯᠡᠭᠦᠯᠦᠨ᠎ᠡ ᠃ ᠪᠠᠷᠢᠯᠭ᠎ᠠ ᠵᠢᠨ ᠭᠡᠷ᠎ᠡ ᠵᠢ ᠵᠠᠷᠯᠠᠨ ᠨᠡᠢ᠌ᠲᠡᠯᠡᠵᠦ ᠂ 《ᠦᠨᠡᠨ ᠬᠤᠳᠠᠯ ᠭᠡᠷ᠎ᠡ 》᠂ 《ᠳᠣᠣᠷ᠎ᠠ ᠦᠨ᠎ᠡ᠎ᠪᠠᠷ ᠳᠠᠭ᠋ᠠᠭ᠋ᠠᠴᠢᠯᠠᠯᠲᠠ ᠣᠨᠣᠵᠤ ᠥᠨᠳᠥᠷ ᠦᠨ᠎ᠡ᠎ᠪᠠᠷ ᠳ᠋ᠦᠩᠨᠡᠨ ᠪᠣᠳᠣᠬᠤ 》 ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠡᠷᠡᠰ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ ᠃ ᠥᠩᠭᠡᠨ ᠳᠡᠭᠡᠷ᠎ᠡ᠎ᠪᠠᠨ ᠳᠠᠭ᠋ᠠᠭ᠋ᠠᠴᠢᠯᠠᠯᠲᠠ ᠵᠠᠷᠯᠠᠵᠤ ᠳᠠᠯᠳᠠᠭᠤᠷ ᠲᠣᠭᠲᠠᠭ᠋ᠠᠬᠤ ᠂ ᠳᠠᠭ᠋ᠠᠭ᠋ᠠᠴᠢᠯᠠᠯᠲᠠ ᠬᠦᠯᠢᠶᠡᠬᠦ᠎ᠳᠤ ᠬᠤᠤᠪᠢᠯᠳᠤᠵᠤ ᠬᠣᠮᠣᠷᠭ᠋ᠠᠯᠠᠬᠤ ᠂ ᠰᠢᠯᠵᠢᠭᠦᠯᠦᠨ ᠳᠠᠭ᠋ᠠᠭ᠋ᠠᠴᠢᠯᠠᠭᠤᠯᠵᠤ ᠲᠦᠰᠢᠭᠯᠡᠬᠦ ᠵᠡᠷᠭᠡ ᠬᠡᠯᠪᠡᠷᠢ᠎ᠪᠠᠷ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠨ ᠪᠠᠢ᠌ᠪᠠᠯ ᠂ ᠪᠣᠳᠠᠲᠤ ᠪᠠᠢ᠌ᠳᠠᠯ᠎ᠢ ᠪᠠᠢ᠌ᠴᠠᠭ᠋ᠠᠨ ᠲᠣᠳᠣᠯᠠᠮᠠᠭᠴᠠ ᠳᠠᠭ᠋ᠠᠭ᠋ᠠᠴᠢᠯᠠᠯᠲᠠ ᠬᠦᠯᠢᠶᠡᠭᠴᠢ ᠵᠢᠨ ᠳᠠᠭ᠋ᠠᠭ᠋ᠠᠴᠢᠯᠠᠯᠲᠠ ᠬᠦᠯᠢᠶᠡᠬᠦ (ᠳᠠᠭ᠋ᠠᠭ᠋ᠠᠴᠢᠯᠠᠯᠲᠠ ᠣᠨᠣᠬᠤ) ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠵᠤ ᠂ 3 ᠵᠢᠯ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠠᠵᠢᠯᠯᠠᠭ᠎ᠠ᠎ᠳᠤ ᠣᠷᠤᠯᠴᠠᠬᠤ ᠵᠢ ᠴᠠᠭ᠋ᠠᠵᠠᠯᠠᠬᠤ ᠵᠢᠨ ᠬᠠᠮᠲᠤ ᠂ ᠬᠠᠮᠢᠶ᠎ᠠ ᠪᠦᠬᠦᠢ ᠰᠦᠪᠡᠭᠴᠢ ᠵᠢ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂ ᠡᠳ᠋᠎ᠤᠨ ᠵᠠᠰᠠᠭ᠎ᠤᠨ ᠲᠢᠩᠬᠢᠮ)
ᠳᠥᠷᠪᠡ ᠂ ᠪᠡᠯᠡ ᠮᠥᠩᠭᠥᠨ᠎ᠤ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ
ᠲᠥᠷᠥᠯ ᠵᠦᠢ᠍ᠯ᠎ᠤᠨ ᠪᠡᠯᠡ ᠣᠷᠣᠭᠤᠯᠤᠯᠲᠠ᠎ᠳᠤ 《ᠨᠢᠭᠡ ᠭᠠᠵᠠᠷ᠎ᠢ ᠨᠢᠭᠡ ᠵᠥᠪᠯᠡᠬᠦ ᠵᠢ ᠬᠡᠷᠡᠭᠵᠢᠭᠦᠯᠵᠦ 》᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠭᠤᠯᠭ᠎ᠠ ᠵᠢ ᠵᠢᠷᠤᠭᠯᠠᠨ ᠲᠥᠯᠥᠪᠯᠡᠬᠦ᠎ᠳᠤ᠎ᠪᠠᠨ 《ᠶᠠᠭᠤ ᠳᠤᠲᠠᠭᠳᠠᠵᠤ ᠪᠠᠢ᠌ᠪᠠᠯ ᠲᠡᠭᠦᠨ᠎ᠢ᠎ᠨᠢ ᠨᠥᠬᠥᠪᠦᠷᠢᠯᠡᠵᠦ 》᠂ ᠤᠷᠢᠳ ᠵᠶ᠋ᠠᠷ ᠲᠠᠷᠢᠶᠠᠨ ᠭᠠᠵᠠᠷ᠎ᠤᠨ ᠰᠠᠭᠤᠷᠢ ᠪᠡᠯᠡᠳᠬᠡᠮᠵᠢ ᠵᠢᠨ ᠢᠨᠵᠧᠨᠧᠷᠢᠩ ᠳᠠᠷᠠᠭ᠎ᠠ᠎ᠨᠢ ᠲᠠᠷᠢᠶᠠᠨ ᠭᠠᠵᠠᠷ᠎ᠤᠨ ᠭᠠᠵᠠᠷ᠎ᠤᠨ ᠬᠦᠴᠦ ᠵᠢ ᠨᠡᠮᠡᠭᠳᠡᠭᠦᠯᠬᠦ ᠢᠨᠵᠧᠨᠧᠷᠢᠩ᠎ᠤᠨ ᠳᠡᠰ ᠳᠠᠷᠠᠭ᠋ᠠᠯᠠᠯ᠎ᠤᠨ ᠲᠣᠬᠢᠷᠠᠭᠤᠯᠤᠯᠲᠠ ᠶᠣᠰᠣᠭ᠋ᠠᠷ ᠂ ᠲᠠᠷᠢᠶᠠᠨ ᠭᠠᠵᠠᠷ ᠂ ᠤᠰᠤ ᠂ ᠴᠠᠬᠢᠯᠭ᠋ᠠᠨ ᠂ ᠵᠠᠮ ᠂ ᠣᠢ ᠰᠢᠭᠤᠢ ᠵᠢ ᠶᠡᠷᠦᠩᠬᠡᠢ᠌ᠯᠡᠨ ᠳᠦᠬᠦᠷᠵᠢᠭᠦᠯᠬᠦ ᠵᠢ ᠪᠡᠶᠡᠯᠡᠭᠦᠯᠵᠦ ᠂ 《ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ᠎ᠠᠴᠠ ᠬᠡᠲᠦᠷᠡᠭᠦᠯᠦᠭᠰᠡᠨ ᠵᠢᠷᠤᠭ ᠲᠥᠯᠥᠪᠯᠡᠭᠡ 》 ᠵᠢ ᠲᠠᠰᠤ ᠵᠣᠭᠰᠣᠭ᠋ᠠᠵᠤ ᠂ ᠳᠠᠩ ᠭᠠᠭᠴᠠ ᠲᠥᠷᠥᠯ ᠵᠦᠢ᠍ᠯ᠎ᠤᠨ ᠮᠦ᠍ ᠪᠦᠷᠢ ᠵᠢᠨ ᠳᠤᠮᠳᠠᠴᠢ ᠪᠡᠯᠡ ᠣᠷᠣᠭᠤᠯᠤᠯᠲᠠ ᠵᠢ ᠪᠣᠳᠠᠲᠤ ᠪᠠᠢ᠌ᠳᠠᠯ ᠵᠶ᠋ᠡᠨ ᠦᠨᠳᠦᠰᠦᠯᠡᠨ ᠮᠦ᠍ ᠪᠦᠷᠢ ᠵᠢᠨ ᠳᠤᠮᠳᠠᠴᠢ ᠡᠳ᠋᠎ᠤᠨ ᠵᠠᠰᠠᠭ᠎ᠤᠨ ᠨᠥᠬᠥᠪᠦᠷᠢ ᠵᠢᠨ ᠪᠠᠷᠢᠮᠵᠢᠶ᠎ᠠ᠎ᠠᠴᠠ ᠥᠨᠳᠥᠷ ᠪᠤᠶᠤ ᠳᠣᠣᠷ᠎ᠠ ᠪᠠᠢ᠌ᠯᠭ᠋ᠠᠵᠤ ᠪᠣᠯᠣᠨ᠎ᠠ ᠃ ᠬᠣᠰᠢᠭᠤ ᠰᠢᠶᠠᠨ (ᠬᠣᠲᠠ ᠂ ᠲᠣᠭᠣᠷᠢᠭ)᠎ᠨᠢ ᠴᠢᠩᠭ᠎ᠠ ᠬᠢᠨᠠᠭᠤᠷ ᠪᠠᠢ᠌ᠬᠤ ᠵᠠᠷᠴᠢᠮ᠎ᠤᠨ ᠶᠣᠰᠣᠭ᠋ᠠᠷ ᠲᠤᠰᠠᠭ᠋ᠠᠷ ᠵᠠᠷᠤᠳᠠᠯ ᠢ ᠦᠨᠡᠨ ᠪᠣᠳᠠᠲᠠᠢ᠎ᠪᠠᠷ ᠵᠠᠷᠤᠯᠭ᠎ᠠ᠎ᠪᠠᠷ ᠵᠢᠭᠰᠠᠭ᠋ᠠᠨ ᠭᠠᠷᠭ᠋ᠠᠵᠤ ᠂ ᠨᠡᠶ᠋ᠢᠲᠡ ᠲᠣᠭ᠎ᠠ ᠵᠢ ᠲᠤᠰ ᠲᠥᠷᠥᠯ ᠵᠦᠢ᠍ᠯ᠎ᠤᠨ ᠥᠪᠡᠷᠲᠡᠭᠡᠨ ᠵᠠᠰᠠᠬᠤ ᠣᠷᠣᠨ᠎ᠤ ᠵᠢᠴᠢ ᠲᠡᠭᠦᠨ᠎ᠠᠴᠠ ᠳᠡᠭᠡᠭᠰᠢᠬᠢ ᠡᠳ᠋᠎ᠤᠨ ᠵᠠᠰᠠᠭ᠎ᠤᠨ ᠨᠥᠬᠥᠪᠦᠷᠢ ᠵᠢᠨ ᠪᠡᠯᠡ ᠮᠥᠩᠭᠥ ᠵᠢᠨ ᠶᠡᠷᠦᠩᠬᠡᠢ ᠲᠣᠭ᠋ᠠᠨ᠎ᠤ 5%᠎ᠠᠴᠠ ᠬᠡᠲᠦᠷᠡᠭᠦᠯᠵᠦ ᠪᠣᠯᠬᠤ ᠦᠭᠡᠢ ᠃ ᠡᠳ᠋᠎ᠤᠨ ᠵᠠᠰᠠᠭ᠎ᠤᠨ ᠪᠡᠯᠡ ᠣᠷᠣᠭᠤᠯᠤᠯᠲᠠ ᠵᠢ ᠬᠢᠨᠠᠨ ᠬᠠᠷᠭᠤᠭᠤᠯᠵᠤ ᠬᠠᠰᠤᠭᠰᠠᠨ ᠪᠠ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠥ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ᠎ᠳᠤ ᠲᠤᠰᠬᠠᠢ ᠳᠠᠩᠰᠠᠨ ᠡᠷᠦᠬᠡ ᠵᠢᠨ ᠬᠠᠮᠢᠶᠠᠷᠤᠯᠲᠠ ᠵᠢ ᠬᠡᠷᠡᠭᠵᠢᠭᠦᠯᠵᠦ ᠂ ᠪᠥᠬᠦ ᠶᠠᠪᠤᠴᠠ᠎ᠳᠤ ᠮᠥᠷᠳᠡᠵᠦ ᠬᠢᠨᠠᠨ ᠪᠤᠳᠤᠬᠤ ᠠᠵᠢᠯ᠎ᠢ ᠥᠷᠨᠢᠭᠦᠯᠵᠦ ᠂ ᠪᠠᠷᠢᠯᠭ᠎ᠠ ᠵᠢᠨ ᠠᠬᠢᠴᠠ ᠵᠢ ᠴᠢᠩᠭ᠎ᠠ ᠵᠢᠷᠤᠮᠯᠠᠨ ᠲᠣᠭ᠋ᠠᠴᠠᠭ᠎ᠠ ᠬᠢᠵᠦ ᠂ ᠪᠠᠷᠢᠯᠭ᠎ᠠ ᠵᠢᠨ ᠠᠬᠢᠴᠠ ᠵᠢᠨ ᠵᠣᠭᠣᠰ ᠥᠭᠬᠦ ᠬᠠᠷᠢᠴᠠᠯ᠎ᠢ ᠨᠢᠭᠡᠨᠲᠡ ᠱᠠᠲᠤᠯᠠᠨ ᠰᠢᠯᠭ᠋ᠠᠨ ᠬᠤᠷᠢᠶᠠᠵᠤ ᠠᠪᠬᠤ ᠵᠢ ᠪᠡᠶᠡᠯᠡᠭᠦᠯᠦᠭᠰᠡᠨ ᠪᠠ ᠦᠵᠦᠭᠯᠡᠭᠰᠡᠨ ᠭᠡᠷᠡᠴᠢᠯᠡᠯᠲᠡ ᠲᠣᠭᠲᠠᠭᠰᠠᠨ ᠪᠠᠷᠢᠯᠭ᠎ᠠ ᠵᠢᠨ ᠦᠨ᠎ᠡ ᠮᠥᠩᠭᠥᠨ᠎ᠤ 80%᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ ᠂ ᠪᠤᠰᠤᠳ ᠥᠭᠬᠦ ᠶᠣᠰᠣᠲᠠᠢ ᠪᠠᠷᠢᠯᠭ᠎ᠠ ᠵᠢᠨ ᠵᠣᠭᠣᠰ᠎ᠢ ᠪᠠᠷᠢᠯᠭ᠎ᠠ ᠳᠠᠭᠤᠰᠴᠤ ᠰᠢᠯᠭ᠋ᠠᠨ ᠬᠤᠷᠢᠶᠠᠵᠤ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ 30 ᠡᠳᠦᠷ᠎ᠤᠨ ᠳᠣᠲᠣᠷ᠎ᠠ ᠥᠭᠬᠦ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)
ᠲᠠᠪᠤ ᠂ ᠨᠡᠮᠡᠭᠳᠡᠭᠦᠯᠦᠭᠰᠡᠨ ᠭᠠᠵᠠᠷ᠎ᠤᠨ ᠳᠠᠯᠳᠠ ᠬᠦᠴᠦᠨ᠎ᠢ ᠠᠭᠤᠳᠠᠯᠬᠤ ᠬᠡᠷᠡᠭᠲᠡᠢ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠬᠤ᠎ᠠᠴᠠ ᠡᠮᠦᠨ᠎ᠡ ᠂ ᠬᠣᠰᠢᠭᠤ ᠰᠢᠶᠠᠨ (ᠬᠤᠲᠠ ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠭᠠᠵᠠᠷ᠎ᠤᠨ ᠲᠥᠷᠥᠯ᠎ᠤᠨ ᠰᠢᠨᠵᠢ ᠴᠢᠨᠠᠷ᠎ᠢ ᠨᠤᠲᠠᠯᠠᠵᠤ ᠂ ᠣᠳᠣᠬᠢ ᠪᠠᠢ᠌ᠳᠠᠯ᠎ᠳᠠᠬᠢ ᠲᠠᠷᠢᠮᠠᠯ᠎ᠤᠨ ᠪᠠᠢ᠌ᠳᠠᠯ᠎ᠤᠨ ᠡᠬᠡ ᠲᠠᠩᠰᠠ ᠵᠢ ᠪᠠᠢ᠌ᠭᠤᠯᠤᠨ ᠂ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠤᠨ ᠣᠷᠣᠨ ᠪᠠᠢ᠌ᠷᠢ ᠂ ᠲᠣᠭ᠎ᠠ ᠬᠡᠮᠵᠢᠶ᠎ᠡ ᠵᠢ ᠲᠣᠭᠲᠠᠭ᠋ᠠᠬᠤ ᠬᠡᠷᠡᠭᠲᠡᠢ ᠃ 《ᠨᠢᠭᠡ ᠡᠷᠦᠬᠡ᠎ᠳᠤ ᠨᠢᠭᠡ ᠬᠡᠰᠡᠭ ᠲᠠᠷᠢᠶᠠᠨ ᠭᠠᠵᠠᠷ 》᠎ᠤᠨ ᠪᠠᠷᠢᠮᠵᠢᠶ᠎ᠠ ᠶᠣᠰᠣᠭ᠋ᠠᠷ 《ᠭᠤᠷᠪᠠ ᠵᠢ ᠬᠤᠪᠢᠷᠠᠭ᠋ᠠᠬᠤ ᠂ ᠲᠠᠪᠤ ᠵᠢ ᠨᠢᠭᠡᠳᠦᠯᠲᠡᠢ ᠬᠢᠬᠦ ᠂ ᠨᠢᠭᠡ ᠵᠢ ᠳᠠᠬᠢᠨᠲᠠ ᠬᠤᠪᠢᠶᠠᠷᠢᠯᠠᠬᠤ 》 (ᠲᠠᠷᠢᠶᠠᠴᠢᠨ ᠡᠷᠦᠬᠡ ᠵᠢᠨ ᠳᠠᠭ᠋ᠠᠭ᠋ᠠᠴᠢᠯᠠᠯᠲᠠ ᠵᠢᠨ ᠵᠠᠭ᠋ᠠᠭ ᠬᠢᠵᠠᠭ᠋ᠠᠷ᠎ᠢ ᠬᠤᠪᠢᠷᠠᠭ᠋ᠠᠬᠤ ᠂ ᠡᠮᠬᠢ ᠳᠢᠭᠯᠢᠮ ᠦᠭᠡᠢ ᠭᠠᠵᠠᠷ ᠬᠡᠰᠡᠭ᠎ᠤᠨ ᠵᠠᠭ᠋ᠠᠭ ᠬᠢᠵᠠᠭ᠋ᠠᠷ᠎ᠢ ᠬᠤᠪᠢᠷᠠᠭ᠋ᠠᠬᠤ ᠂ ᠡᠮᠬᠢ ᠵᠠᠮᠪᠠᠷᠠᠭ᠎ᠠ ᠦᠭᠡᠢ ᠭᠤᠤ ᠰᠤᠪᠠᠭ ᠵᠠᠮ᠎ᠤᠨ ᠪᠠᠢ᠌ᠷᠢᠰᠢᠭᠤᠯᠤᠯᠲᠠ ᠵᠢ ᠬᠤᠪᠢᠷᠠᠭ᠋ᠠᠬᠤ; ᠰᠢᠨ᠎ᠡ ᠵᠢᠷᠤᠭ ᠲᠥᠯᠥᠪᠯᠡᠭᠡ ᠵᠢᠨ ᠶᠣᠰᠣᠭ᠋ᠠᠷ ᠂ ᠨᠢᠭᠡᠳᠦᠯᠲᠡᠢ ᠭᠤᠤ ᠰᠤᠪᠠᠭ ᠮᠠᠯᠲᠠᠬᠤ ᠂ ᠨᠢᠭᠡᠳᠦᠯᠲᠡᠢ ᠵᠠᠮ ᠵᠠᠰᠠᠬᠤ ᠂ ᠨᠢᠭᠡᠳᠦᠯᠲᠡᠢ ᠮᠣᠳᠣ ᠲᠠᠷᠢᠵᠤ ᠣᠢ᠌ᠵᠢᠭᠤᠯᠬᠤ ᠂ ᠭᠠᠵᠠᠷ ᠰᠢᠷᠣᠢ ᠵᠢ ᠨᠢᠭᠡᠳᠦᠯᠲᠡᠢ ᠲᠡᠭᠰᠢᠯᠡᠬᠦ ᠂ ᠭᠠᠵᠠᠷ ᠬᠡᠰᠡᠭ᠎ᠢ ᠨᠢᠭᠡᠳᠦᠯᠲᠡᠢ ᠬᠤᠪᠢᠶᠠᠷᠢᠯᠠᠬᠤ; ᠴᠡᠭᠴᠡᠯᠡᠨ ᠵᠠᠰᠠᠬᠤ ᠵᠢ ᠪᠡᠶᠡᠯᠡᠭᠦᠯᠦᠭᠰᠡᠨ᠎ᠤ ᠳᠠᠷᠠᠭ᠎ᠠ ᠂ ᠲᠠᠷᠢᠶᠠᠴᠢᠨ ᠮᠠᠯᠴᠢᠳ᠎ᠤᠨ ᠤᠤᠯ᠎ᠤᠨ ᠪᠠᠢ᠌ᠭᠰᠠᠨ ᠲᠠᠯᠠᠪᠠᠶ᠎ᠠᠴᠠ ᠬᠡᠲᠦᠷᠡᠭᠦᠯᠬᠦ ᠦᠭᠡᠢ᠎ᠪᠠᠷ ᠡᠵᠡᠩᠨᠡᠯᠲᠡ ᠵᠢᠨ ᠡᠷᠬᠡ ᠵᠢ ᠡᠷᠦᠬᠡ᠎ᠳᠤ ᠬᠦᠷᠲᠡᠯ᠎ᠡ ᠳᠠᠬᠢᠨᠲᠠ ᠬᠤᠪᠢᠶᠠᠷᠢᠯᠠᠬᠤ) ᠪᠦᠲᠦᠭᠡᠨ ᠪᠠᠢ᠌ᠭᠤᠯᠤᠯᠲᠠ ᠵᠢᠨ ᠵᠠᠭᠪᠤᠷ᠎ᠢ ᠳᠡᠯᠭᠡᠷᠡᠭᠦᠯᠦᠨ ᠬᠡᠷᠡᠭᠵᠢᠭᠦᠯᠵᠦ ᠂ 《ᠵᠢᠵᠢᠭ ᠲᠠᠷᠢᠶᠠᠨ ᠭᠠᠵᠠᠷ᠎ᠢ ᠲᠣᠮᠣ ᠲᠠᠷᠢᠶᠠᠨ ᠭᠠᠵᠠᠷ ᠪᠣᠯᠭ᠋ᠠᠨ ᠬᠤᠪᠢᠷᠠᠭᠤᠯᠬᠤ 》 ᠵᠢ ᠪᠡᠶᠡᠯᠡᠭᠦᠯᠦᠨ᠎ᠡ ᠃ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠢ ᠤᠯᠤᠰ᠎ᠤᠨ ᠥᠮᠴᠢᠯᠡᠯᠲᠦ᠎ᠠᠴᠠ ᠪᠤᠰᠤᠳ᠎ᠢ᠎ᠨᠢ ᠪᠦᠬᠦᠨ᠎ᠢ ᠭᠠᠴᠠᠭ᠎ᠠ ᠲᠣᠰᠬᠤᠨ᠎ᠤ ᠬᠠᠮᠲᠤ ᠵᠢᠨ ᠡᠵᠡᠩᠨᠡᠯᠲᠡ ᠬᠠᠮᠢᠶᠠᠷᠤᠯᠲᠠ᠎ᠳᠤ ᠣᠷᠣᠭᠤᠯᠤᠨ᠎ᠠ ᠃ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠡᠷᠡᠭᠯᠡᠭᠰᠡᠨ ᠪᠤᠶᠤ ᠡᠵᠡᠯᠡᠨ ᠬᠡᠷᠡᠭᠯᠡᠭᠰᠡᠨ ᠪᠠᠢ᠌ᠪᠠᠯ ᠂ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠲᠤ ᠲᠣᠬᠢᠷᠠᠭᠤᠯᠤᠯᠲᠠ ᠬᠢᠵᠦ ᠨᠥᠬᠥᠪᠦᠷᠢᠯᠡᠨ ᠬᠤᠪᠢᠶᠠᠷᠢᠯᠠᠬᠤ ᠵᠢ ᠪᠡᠶᠡᠯᠡᠭᠦᠯᠬᠦ ᠬᠡᠷᠡᠭᠲᠡᠢ ᠃ ᠲᠠᠷᠢᠶᠠᠯᠠᠬᠤ ᠭᠠᠵᠠᠷ᠎ᠤᠨ ᠡᠷᠬᠢᠨ ᠲᠣᠭᠣᠷᠢᠨ᠎ᠤ ᠬᠡᠰᠡᠭ ᠪᠤᠰᠠᠭ ᠡᠪᠡᠰᠦ ᠪᠡᠯᠴᠢᠭᠡᠷ᠎ᠢ ᠡᠵᠡᠯᠡᠨ ᠬᠡᠷᠡᠭᠯᠡᠬᠦ᠎ᠳᠤ ᠬᠣᠯᠪᠣᠭᠳᠠᠭᠰᠠᠨ ᠪᠠᠢ᠌ᠪᠠᠯ ᠂ 《ᠡᠵᠡᠯᠡᠬᠦ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ 》 ᠪᠤᠶᠤ 《ᠣᠷᠣᠭᠤᠯᠵᠤ ᠭᠠᠷᠭ᠋ᠠᠬᠤ ᠵᠢ ᠲᠡᠩᠴᠡᠭᠦᠷᠢᠲᠡᠢ ᠪᠠᠢ᠌ᠯᠭ᠋ᠠᠬᠤ 》 ᠵᠢ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ ᠰᠢᠯᠵᠢᠭᠦᠯᠦᠨ ᠭᠠᠷᠭ᠋ᠠᠬᠤ ᠵᠢ᠎ᠨᠢ ᠵᠥᠪᠰᠢᠶᠡᠷᠡᠨ᠎ᠡ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ)
ᠵᠢᠷᠭᠤᠭ᠎ᠠ ᠂ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠪᠠᠲᠤᠯᠠᠬᠤ ᠬᠡᠷᠡᠭᠲᠡᠢ
ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠨᠠᠰᠤᠨ ᠲᠤᠷᠰᠢ ᠵᠢᠨ ᠬᠠᠷᠢᠭᠤᠴᠠᠯᠭ᠎ᠠ ᠵᠢᠨ ᠳᠦᠷᠢᠮ ᠢ ᠬᠡᠷᠡᠭᠵᠢᠭᠦᠯᠵᠦ ᠂ 《ᠬᠣᠶᠠᠷ ᠢ ᠰᠤᠭᠤᠴᠢᠵᠤ ᠂ ᠨᠢᠭᠡ ᠵᠢ ᠢᠯᠡ ᠪᠣᠯᠭ᠋ᠠᠬᠤ 》 ᠲᠥᠷᠥᠯ ᠵᠦᠢ᠍ᠯ᠎ᠤᠨ ᠰᠤᠭᠤᠴᠢᠨ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠤᠨ ᠂ ᠣᠯᠵᠤ ᠮᠡᠳᠡᠭᠰᠡᠨ ᠠᠰᠠᠭᠤᠳᠠᠯ᠎ᠢ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠲᠡᠮᠳᠡᠭᠯᠡᠨ ᠣᠷᠣᠭᠤᠯᠵᠤ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠤᠨ᠎ᠠ ᠃ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠠᠵᠤ ᠠᠬᠤᠢ᠌ᠯᠠᠯ᠎ᠳᠤ ᠢᠲᠡᠭᠡᠮᠵᠢ ᠵᠢᠨ ᠦᠨᠡᠯᠡᠯᠲᠡ ᠬᠢᠬᠦ ᠠᠵᠢᠯ᠎ᠢ ᠥᠷᠨᠢᠭᠦᠯᠵᠦ ᠂ ᠬᠠᠷ᠎ᠠ ᠴᠠᠭ᠋ᠠᠨ ᠳᠠᠩᠰᠠ ᠵᠢ ᠪᠠᠢ᠌ᠭᠤᠯᠵᠤ ᠂ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ᠎ᠪᠠᠨ ᠴᠢᠩᠭ᠋ᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠂ ᠠᠢ᠌ᠮᠠᠭ ᠬᠤᠲᠠ ᠬᠣᠶᠠᠷ ᠱᠠᠲᠤᠨ᠎ᠤ ᠲᠠᠷᠢᠶᠠᠯᠠᠩ᠎ᠤᠨ ᠪᠡᠯᠡ ᠣᠷᠤᠭᠤᠯᠤᠯᠲᠠ ᠂ ᠨᠡᠭᠡᠭᠡᠯᠲᠡ ᠬᠥᠭᠵᠢᠭᠦᠯᠦᠯᠲᠡ ᠂ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠰᠦᠪᠡᠭᠴᠢᠯᠡᠨ ᠵᠣᠬᠢᠶᠠᠨ ᠪᠠᠢ᠌ᠭᠤᠯᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠭᠤᠯᠤᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠠᠢ᠌ᠭᠤᠯᠤᠨ ᠬᠦᠴᠦᠷᠬᠡᠭᠵᠢᠭᠦᠯᠵᠦ ᠂ ᠮᠡᠷᠭᠡᠵᠢᠯ᠎ᠤᠨ ᠲᠤᠯᠭ᠋ᠠᠭᠤᠷᠢᠯᠠᠯ᠎ᠤᠨ ᠦᠢ᠍ᠯᠡᠴᠢᠯᠡᠭᠡ ᠵᠢ ᠰᠠᠢ᠌ᠲᠤᠷ ᠬᠢᠵᠦ ᠂ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠬᠥᠮᠥᠰ᠎ᠤᠨ ᠲᠥᠪᠯᠡᠷᠡᠭᠦᠯᠦᠨ ᠠᠵᠢᠯᠯᠠᠬᠤ ᠵᠢ ᠵᠣᠷᠢᠭᠵᠢᠭᠤᠯᠵᠤ ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ ᠃ ᠥᠪᠡᠷᠲᠡᠭᠡᠨ ᠵᠠᠰᠠᠬᠤ ᠣᠷᠣᠨ ᠬᠢᠨᠠᠯᠲᠠ ᠲᠠᠯᠪᠢᠬᠤ ᠬᠠᠯᠠᠮᠰᠢᠯ ᠤᠲᠠᠰᠤ 12316 ᠵᠢ ᠨᠡᠪᠲᠡᠷᠡᠭᠦᠯᠬᠦ ᠵᠢᠨ ᠬᠠᠮᠲᠤ 《ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠭᠠᠷᠤᠨ ᠠᠶ᠎ᠠ᠎ᠪᠠᠷ ᠰᠡᠭᠦᠳᠡᠷᠯᠡᠬᠦ 》 ᠵᠢᠵᠢᠭ ᠫᠷᠣᠭ᠌ᠷᠠᠮ᠎ᠢ ᠢᠳᠡᠪᠬᠢᠲᠡᠢ ᠳᠡᠯᠭᠡᠷᠡᠭᠦᠯᠵᠦ ᠂ ᠬᠣᠰᠢᠭᠤ ᠰᠢᠶᠠᠨ (ᠬᠤᠲᠠ ᠂ ᠲᠣᠭᠣᠷᠢᠭ)᠎ᠳᠤ ᠲᠠᠷᠢᠶᠠᠴᠢᠨ ᠮᠠᠯᠴᠢᠨ᠎ᠤ ᠬᠢᠨᠠᠯᠲᠠ ᠲᠠᠯᠪᠢᠭᠴᠢ ᠵᠢᠨ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠢ᠌ᠷᠢ ᠲᠣᠬᠢᠷᠠᠭᠤᠯᠤᠨ ᠂ ᠢᠯᠡ᠎ᠪᠠᠷ ᠨᠡᠢ᠌ᠲᠡᠯᠡᠬᠦ ᠠᠵᠢᠯ᠎ᠢ ᠵᠢᠷᠤᠮᠵᠢᠭᠤᠯᠤᠨ ᠥᠷᠨᠢᠭᠦᠯᠵᠦ ᠂ ᠨᠡᠢ᠌ᠭᠡᠮ᠎ᠤᠨ ᠬᠢᠨᠠᠯᠲᠠ ᠲᠠᠯᠪᠢᠯᠲᠠ ᠵᠢ ᠴᠢᠩᠭ᠋ᠠᠷᠠᠭᠤᠯᠤᠨ᠎ᠠ ᠃ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠬᠦ ᠂ ᠲᠦᠷᠭᠡᠨ ᠴᠤᠤᠷᠢᠶᠠᠲᠤᠨ ᠳᠠᠭ᠋ᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠨᠠᠮ᠎ᠤᠨ ᠬᠣᠷᠢᠶᠠᠨ᠎ᠤ ᠪᠠᠢ᠌ᠭᠤᠯᠤᠮᠵᠢ ᠣᠷᠣᠨ ᠲᠣᠭ᠎ᠠ ᠵᠢᠨ ᠠᠯᠪᠠᠨ ᠭᠡᠷ)
ᠳᠣᠯᠤᠭ᠎ᠠ ᠂ ᠰᠢᠯᠭ᠋ᠠᠵᠤ ᠬᠣᠷᠢᠶᠠᠨ ᠠᠪᠴᠤ ᠬᠥᠮᠥᠷᠭᠡ᠎ᠳᠤ ᠣᠷᠣᠭᠤᠯᠬᠤ ᠵᠢ ᠵᠢᠷᠤᠮᠵᠢᠭᠤᠯᠬᠤ ᠬᠡᠷᠡᠭᠲᠡᠢ
ᠠᠢ᠌ᠮᠠᠭ ᠬᠤᠳᠡ ᠵᠢᠨ ᠪᠠᠷᠢᠯᠭ᠎ᠠ ᠳᠠᠭᠤᠰᠴᠤ ᠰᠢᠯᠭ᠋ᠠᠨ ᠬᠤᠷᠢᠶᠠᠵᠤ ᠠᠪᠬᠤ ᠬᠠᠷᠢᠴᠠᠯ᠎ᠢ ᠳᠥᠷᠦᠯ ᠵᠦᠢ᠍ᠯ᠎ᠤᠨ ᠲᠣᠭᠣᠷᠢᠭ ᠵᠶ᠋ᠠᠷ 100%᠎ᠳᠤ ᠬᠦᠷᠦᠭᠦᠯᠵᠦ ᠂ ᠥᠪᠡᠷᠲᠡᠭᠡᠨ ᠵᠠᠰᠠᠬᠤ ᠣᠷᠣᠨ᠎ᠤ ᠰᠤᠭᠤᠴᠢᠨ ᠪᠠᠢ᠌ᠴᠠᠭ᠋ᠠᠬᠤ ᠬᠠᠷᠢᠴᠠᠯ᠎ᠢ ᠳᠡᠯᠡᠪᠡᠢ ᠵᠢᠨ ᠬᠢᠨᠢ 20%᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ ᠃ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠨᠢ ᠪᠠᠷᠢᠮᠵᠢᠶ᠎ᠠ᠎ᠳᠤ ᠬᠦᠷᠬᠦ ᠦᠭᠡᠢ ᠵᠢ᠎ᠨᠢ ᠬᠣᠰᠢᠭᠤ ᠰᠢᠶᠠᠨ (ᠬᠣᠲᠠ ᠂ ᠲᠣᠭᠣᠷᠢᠭ) ᠥᠪᠡᠷ ᠵᠶ᠋ᠡᠨ ᠪᠡᠯᠡ ᠭᠠᠷᠭ᠋ᠠᠵᠤ ᠲᠤᠰ ᠪᠦᠲᠦᠭᠡᠨ ᠪᠠᠢ᠌ᠭᠤᠯᠤᠯᠲᠠ ᠵᠢᠨ ᠬᠤᠭᠤᠴᠠᠭ᠋ᠠᠨ᠎ᠳᠤ ᠴᠡᠭᠴᠡᠯᠡᠨ ᠰᠠᠢ᠌ᠵᠢᠷᠠᠭᠤᠯᠬᠤ ᠪᠤᠶᠤ ᠨᠥᠬᠥᠵᠦ ᠪᠠᠢ᠌ᠭᠤᠯᠤᠨ ᠂ ᠬᠤᠭᠤᠴᠠᠭ᠎ᠠ ᠶᠣᠰᠣᠭ᠋ᠠᠷ ᠪᠡᠶᠡᠯᠡᠭᠦᠯᠵᠦ ᠳᠡᠶ᠋ᠢᠯᠬᠦ ᠦᠭᠡᠢ ᠪᠣᠯ ᠡᠳ᠋᠎ᠤᠨ ᠵᠠᠰᠠᠭ᠎ᠤᠨ ᠨᠥᠬᠥᠪᠦᠷᠢ ᠵᠢᠨ ᠪᠡᠯᠡ ᠮᠥᠩᠭᠥ ᠵᠢ ᠬᠣᠷᠢᠶᠠᠨ ᠠᠪᠬᠤ ᠬᠡᠷᠡᠭᠲᠡᠢ ᠃ ᠬᠣᠰᠢᠭᠤ ᠰᠢᠶᠠᠨ (ᠬᠣᠲᠠ ᠂ ᠲᠣᠭᠣᠷᠢᠭ)᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠨᠢ ᠲᠥᠷᠥᠯ ᠵᠦᠢ᠍ᠯ ᠲᠣᠭᠲᠠᠭ᠋ᠠᠬᠤ ᠂ ᠠᠵᠢᠯ ᠳᠠᠭᠤᠰᠬᠠᠬᠤ ᠂ ᠪᠠᠷᠢᠯᠭ᠎ᠠ ᠳᠠᠭᠤᠰᠴᠤ ᠰᠢᠯᠭ᠋ᠠᠨ ᠬᠤᠷᠢᠶᠠᠵᠤ ᠠᠪᠬᠤ 3 ᠱᠠᠲᠤᠨ᠎ᠳᠤ ᠪᠦᠬᠦ ᠤᠯᠤᠰ᠎ᠤᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠶᠡᠷᠦᠩᠬᠡᠢ᠌ᠯᠡᠭᠰᠡᠨ ᠬᠢᠨᠠᠨ ᠰᠢᠨᠵᠢᠵᠦ ᠬᠢᠨᠠᠨ ᠬᠠᠮᠢᠶᠠᠷᠬᠤ ᠲᠠᠪᠴᠠᠩ ᠵᠶ᠋ᠠᠷ ᠳᠠᠮᠵᠢᠭᠤᠯᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠴᠠᠭ ᠲᠤᠬᠠᠢᠳᠤᠨᠢ ᠲᠡᠮᠳᠡᠭᠯᠡᠨ ᠣᠷᠣᠭᠤᠯᠬᠤ ᠵᠢᠨ ᠬᠠᠮᠲᠤ ᠵᠢᠷᠤᠭ ᠵᠶ᠋ᠠᠷ ᠬᠥᠮᠥᠷᠭᠡ᠎ᠳᠤ ᠣᠷᠣᠭᠤᠯᠬᠤ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ)
ᠨᠠᠢ᠍ᠮᠠ ᠂ ᠪᠠᠢ᠌ᠭᠤᠯᠤᠭᠰᠠᠨ᠎ᠤ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ᠎ᠪᠠᠨ ᠴᠢᠩᠭ᠋ᠠᠷᠠᠭᠤᠯᠬᠤ ᠬᠡᠷᠡᠭᠲᠡᠢ
ᠬᠣᠰᠢᠭᠤ ᠰᠢᠶᠠᠨ (ᠬᠣᠲᠠ ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠠᠵᠢᠯ᠎ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ ᠂ 《ᠬᠡᠨ ᠠᠰᠢᠭ ᠭᠥᠷᠳᠡᠪᠡᠯ ᠲᠡᠷᠡ ᠬᠠᠮᠢᠶᠠᠷᠤᠨ ᠬᠠᠮᠠᠭ᠋ᠠᠯᠠᠵᠤ ᠂ ᠬᠡᠨ ᠬᠡᠷᠡᠭᠯᠡᠪᠡᠯ ᠲᠡᠷᠡ ᠬᠠᠮᠢᠶᠠᠷᠴᠤ ᠬᠠᠮᠠᠭ᠋ᠠᠯᠠᠬᠤ 》 ᠵᠠᠷᠴᠢᠮ ᠶᠣᠰᠣᠭ᠋ᠠᠷ ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠭᠣᠣᠯ ᠴᠣᠭᠴᠠ ᠵᠢ ᠲᠣᠳᠣᠷᠬᠠᠢ᠌ᠯᠠᠵᠤ ᠂ ᠣᠯᠠᠨ ᠡᠰᠢᠵᠢᠭᠰᠡᠨ ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠦᠷᠢᠨᠰᠢᠭᠦᠯᠦᠨ᠎ᠡ ᠃ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠠᠬᠢ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠤᠨ ᠡᠵᠡᠩᠨᠡᠯᠲᠡ ᠵᠢᠨ ᠠᠰᠢᠭ ᠣᠷᠣᠯᠭ᠎ᠠ ᠵᠢ ᠭᠣᠣᠯᠳᠠᠭᠤ ᠪᠠᠢ᠌ᠭᠤᠯᠤᠭᠰᠠᠨ᠎ᠤ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ᠎ᠳᠤ ᠬᠡᠷᠡᠭᠯᠡᠨ᠎ᠡ; ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠤᠨ ᠭᠦᠢ᠍ᠴᠡᠳᠬᠡᠯ ᠲᠣᠭ᠎ᠠ ᠵᠢ ᠡᠵᠡᠯᠡᠬᠦ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ᠎ᠳᠤ ᠬᠡᠷᠡᠭᠯᠡᠭᠡᠳ ᠣᠯᠣᠭᠰᠠᠨ ᠠᠰᠢᠭ ᠣᠷᠣᠯᠭ᠎ᠠ ᠵᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠳᠠᠬᠢᠨᠲᠠ ᠣᠷᠤᠭᠤᠯᠤᠯᠲᠠ ᠬᠢᠬᠦ ᠂ ᠵᠢᠭᠡᠯᠡᠯᠭᠡ ᠵᠢᠨ ᠲᠡᠮᠳᠡᠭᠲᠦ ᠵᠢᠴᠢ ᠪᠡᠯᠡ ᠲᠣᠬᠢᠷᠠᠭᠤᠯᠭ᠎ᠠ ᠲᠥᠯᠥᠬᠦ ᠪᠠ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠬᠢᠬᠦ᠎ᠳᠤ ᠤᠷᠢᠳ ᠵᠶ᠋ᠠᠷ ᠬᠡᠷᠡᠭᠯᠡᠨ᠎ᠡ; ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠡᠵᠡᠩᠨᠡᠵᠦ ᠠᠵᠢᠯᠯᠠᠭᠤᠯᠬᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠪᠡᠯᠡ ᠭᠠᠷᠭ᠋ᠠᠬᠤ ᠪᠤᠶᠤ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ᠎ᠪᠠᠨ ᠥᠪᠡᠰᠦᠪᠡᠨ ᠡᠭᠦᠷᠭᠡᠯᠡᠬᠦ ᠵᠢ ᠵᠣᠷᠢᠭᠵᠢᠭᠤᠯᠤᠨ᠎ᠠ ᠃ 《ᠬᠤᠳᠳᠤᠭ᠎ᠤᠨ ᠳᠠᠷᠤᠭ᠎ᠠ 》᠂ 《ᠲᠠᠷᠢᠶᠠᠨ ᠭᠠᠵᠠᠷ᠎ᠤᠨ ᠳᠠᠷᠤᠭ᠎ᠠ 》 ᠵᠢᠨ ᠳᠦᠷᠢᠮ ᠵᠡᠷᠭᠡ ᠬᠠᠮᠢᠶᠠᠷᠴᠤ ᠬᠠᠮᠠᠭ᠋ᠠᠯᠠᠬᠤ ᠵᠠᠭᠪᠤᠷ᠎ᠢ ᠳᠡᠯᠭᠡᠷᠡᠭᠦᠯᠵᠦ ᠂ ᠲᠠᠷᠢᠶᠠᠯᠠᠩ᠎ᠤᠨ ᠤᠰᠤᠯᠠᠯᠲᠠ ᠵᠢᠨ ᠬᠤᠳᠳᠤᠭ᠎ᠤᠨ ᠤᠰᠤᠨ᠎ᠤ ᠦᠨᠡᠳᠤ ᠵᠢᠯᠣᠭᠣᠳᠤᠯᠭ᠎ᠠ ᠬᠢᠬᠦ᠎ᠪᠠᠨ ᠴᠢᠩᠭ᠋ᠠᠷᠠᠭᠤᠯᠤᠨ᠎ᠠ ᠃ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠢ ᠬᠡᠷᠡᠭᠯᠡᠨ ᠂ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠪᠠᠷ ᠲᠤᠰᠬᠠᠢ᠌ᠵᠢᠭᠰᠠᠨ ᠬᠠᠮᠢᠶᠠᠷᠤᠯᠲᠠ ᠬᠠᠮᠠᠭ᠋ᠠᠯᠠᠯᠲᠠ ᠬᠢᠯᠭᠡᠬᠦ ᠵᠢ ᠰᠦᠪᠡᠭᠴᠢᠯᠡᠨ᠎ᠡ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠨᠢᠭᠤᠭᠳᠠᠮᠠᠯ ᠭᠡᠮ ᠰᠣᠭᠣᠭ᠎ᠤᠨ ᠳᠠᠭ᠋ᠠᠳᠬᠠᠯ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠦᠷᠭᠦᠯᠵᠢᠯᠡᠨ ᠥᠷᠨᠢᠭᠦᠯᠬᠦ ᠬᠡᠷᠡᠭᠲᠡᠢ ᠃ ᠡᠯ᠎ᠡ ᠭᠠᠵᠠᠷ ᠣᠷᠣᠨ᠎ᠤ᠎ᠬᠢᠨ ᠨᠢᠭᠡᠨᠲᠡ ᠪᠠᠢ᠌ᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ 10 ᠺᠢᠯᠣᠸᠠᠲ᠎ᠤᠨ ᠴᠠᠬᠢᠯᠭ᠋ᠠᠨ ᠬᠦᠴᠦᠨ᠎ᠤ ᠵᠠᠮ ᠱᠤᠭᠤᠮ ᠵᠶ᠋ᠠᠨ 《ᠰᠠᠢ᠌ᠨ ᠳᠤᠷ᠎ᠠ᠎ᠠᠴᠠ᠎ᠪᠠᠨ ᠵᠥᠪᠳᠡᠯᠴᠡᠵᠦ ᠂ ᠲᠥᠯᠥᠪᠦᠷᠢ ᠦᠭᠡᠢ᠎ᠪᠠᠷ ᠰᠢᠯᠵᠢᠭᠦᠯᠦᠨ ᠲᠤᠰᠢᠶᠠᠬᠤ 》 ᠵᠠᠷᠴᠢᠮ ᠶᠣᠰᠣᠭ᠋ᠠᠷ ᠂ ᠴᠠᠬᠢᠯᠭ᠋ᠠᠨ ᠬᠠᠩᠭ᠋ᠠᠬᠤ ᠠᠵᠤ ᠠᠬᠤᠢ᠌ᠯᠠᠯ᠎ᠳᠤ ᠲᠥᠯᠥᠪᠦᠷᠢ ᠦᠭᠡᠢ᠎ᠪᠠᠷ ᠰᠢᠯᠵᠢᠭᠦᠯᠦᠨ ᠲᠤᠰᠢᠶᠠᠵᠤ ᠲᠤᠰᠬᠠᠢ᠌ᠵᠢᠭᠰᠠᠨ ᠠᠵᠢᠯᠯᠠᠭ᠋ᠠᠨ᠎ᠤ ᠬᠠᠮᠠᠭ᠋ᠠᠯᠠᠯᠲᠠ ᠥᠷᠨᠢᠭᠦᠯᠵᠦ ᠂ ᠰᠢᠯᠵᠢᠭᠦᠯᠦᠨ ᠲᠤᠰᠢᠶᠠᠬᠤ ᠴᠤᠪᠤᠷᠠᠯ ᠪᠠ ᠲᠥᠬᠦᠭᠡᠷᠦᠮᠵᠢ ᠵᠢᠨ ᠶᠠᠰᠤ ᠴᠢᠨᠠᠷ᠎ᠨᠢ ᠬᠠᠮᠢᠶ᠎ᠠ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ ᠃ ᠲᠠᠷᠢᠶᠠᠨ ᠭᠠᠵᠠᠷ᠎ᠤᠨ ᠴᠠᠬᠢᠯᠭ᠋ᠠᠨ ᠬᠠᠩᠭ᠋ᠠᠬᠤ ᠬᠦᠴᠦᠳᠡᠯ ᠥᠭᠡᠷᠡᠴᠢᠯᠡᠭᠴᠢ ᠵᠢᠴᠢ ᠳᠣᠣᠷ᠎ᠠ ᠬᠦᠴᠦᠳᠡᠯᠲᠦ ᠴᠠᠬᠢᠯᠭ᠋ᠠᠨ ᠬᠠᠩᠭ᠋ᠠᠬᠤ ᠱᠤᠭᠤᠮ᠎ᠢ ᠮᠥᠨ ᠬᠦ᠌ ᠤᠤᠯ᠎ᠤᠨ ᠵᠠᠭᠪᠤᠷ ᠵᠶ᠋ᠠᠷ ᠥᠮᠴᠢᠯᠡᠬᠦ ᠡᠷᠬᠡ ᠵᠢᠨ ᠬᠠᠷᠢᠶᠠᠯᠠᠯ ᠵᠢᠴᠢ ᠬᠠᠮᠢᠶᠠᠷᠴᠤ ᠬᠠᠮᠠᠭ᠋ᠠᠯᠠᠬᠤ ᠭᠣᠣᠯ ᠴᠣᠭᠴᠠ ᠵᠢ ᠲᠣᠭᠲᠠᠭ᠋ᠠᠨ᠎ᠠ ᠃ [ ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂ ᠡᠨᠧᠷᠭᠢ ᠵᠢᠨ ᠲᠣᠪᠴᠢᠶ᠎ᠠ ᠂ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ]
ᠶᠢᠰᠦ ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠨ ᠭᠦᠨᠵᠡᠭᠡᠢ᠌ᠷᠡᠭᠦᠯᠬᠦ ᠬᠡᠷᠡᠭᠲᠡᠢ
ᠲᠠᠷᠢᠶᠠᠨ ᠭᠠᠵᠠᠷ᠎ᠤᠨ ᠴᠠᠬᠢᠯᠭ᠋ᠠᠨ ᠬᠠᠩᠭ᠋ᠠᠬᠤ ᠢᠨᠵᠧᠨᠧᠷᠢᠩ᠎ᠳᠤ 《ᠪᠠᠶ᠋ᠢᠭᠤᠯᠬᠤ ᠬᠠᠮᠢᠶᠠᠷᠬᠤ ᠠᠵᠢᠯᠯᠠᠭᠤᠯᠬᠤ 》 ᠵᠢ ᠨᠢᠭᠡ ᠴᠣᠭᠴᠠᠵᠢᠭᠤᠯᠬᠤ ᠵᠢ ᠠᠬᠢᠭᠤᠯᠤᠨ ᠂ ᠴᠠᠬᠢᠯᠭ᠋ᠠᠨ ᠬᠦᠴᠦᠨ᠎ᠤ ᠲᠣᠣᠷ᠎ᠤᠨ ᠴᠠᠬᠢᠯᠭ᠋ᠠᠨ ᠬᠠᠩᠭ᠋ᠠᠵᠤ ᠪᠠᠢ᠌ᠭ᠎ᠠ ᠤᠰᠤᠯᠠᠯᠲᠠ ᠵᠢᠨ ᠭᠠᠵᠠᠷ ᠬᠡᠰᠡᠭ ᠪᠣᠯ ᠪᠣᠳᠠᠲᠠᠢ ᠵᠢ ᠦᠨᠳᠦᠰᠦᠯᠡᠨ ᠪᠡᠯᠡ ᠣᠷᠣᠭᠤᠯᠤᠭᠰᠠᠨ ᠲᠣᠭ᠎ᠠ ᠬᠡᠮᠵᠢᠶ᠎ᠡ ᠵᠢ ᠭᠠᠷᠭ᠋ᠠᠨ ᠠᠪᠴᠤ ᠂ ᠬᠢᠷᠢ ᠭᠡᠮ᠎ᠲᠠᠢ ᠨᠢᠭᠡᠴᠢ᠎ᠳᠤ ᠨᠠᠢ᠌ᠳᠠᠨ ᠵᠢᠷᠤᠭ ᠲᠥᠯᠥᠪᠯᠡᠭᠡ ᠂ ᠡᠳ᠋ ᠮᠠᠲ᠋ᠧᠷᠢᠶᠠᠯ ᠬᠤᠳᠠᠯᠳᠤᠨ ᠠᠪᠬᠤ ᠂ ᠪᠠᠷᠢᠯᠭ᠎ᠠ ᠪᠠᠷᠢᠬᠤ ᠂ ᠬᠠᠮᠢᠶᠠᠷᠤᠨ ᠬᠠᠮᠠᠭ᠋ᠠᠯᠠᠵᠤ ᠠᠵᠢᠯᠯᠠᠭᠤᠯᠬᠤ ᠠᠵᠢᠯ᠎ᠢ ᠵᠣᠬᠢᠶᠠᠨ ᠪᠠᠢ᠌ᠭᠤᠯᠵᠤ ᠂ ᠤᠰᠤᠯᠠᠬᠤ ᠪᠠ ᠤᠰᠤ ᠵᠠᠯᠠᠬᠤ᠎ᠳᠤ ᠬᠡᠷᠡᠭᠯᠡᠬᠦ ᠴᠠᠬᠢᠯᠭ᠋ᠠᠨ᠎ᠤ ᠬᠡᠷᠡᠭᠴᠡᠭᠡ ᠱᠠᠭ᠋ᠠᠷᠳᠠᠯᠭ᠎ᠠ ᠵᠢ᠎ᠨᠢ ᠬᠠᠩᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠳᠠᠭ᠋ᠠᠭ᠋ᠠᠴᠢᠯᠠᠯᠲᠠ ᠣᠨᠣᠭᠰᠠᠨ ᠵᠣᠭᠣᠰ᠎ᠤᠨ ᠲᠣᠭ᠋ᠠᠨ᠎ᠤ 10%᠎ᠠᠴᠠ ᠳᠣᠣᠷ᠎ᠠ ᠦᠭᠡᠢ ᠬᠠᠷᠢᠴᠠᠯ ᠶᠣᠰᠣᠭ᠋ᠠᠷ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠵᠢ ᠨᠠᠢ᠌ᠳᠠᠪᠤᠷᠢᠵᠢᠭᠤᠯᠤᠨ᠎ᠠ ᠃ 《ᠤᠷᠢᠳ ᠵᠶ᠋ᠠᠷ ᠪᠠᠢ᠌ᠭᠤᠯᠵᠤ ᠳᠠᠷᠠᠭ᠎ᠠ᠎ᠨᠢ ᠨᠥᠬᠥᠪᠦᠷᠢᠯᠡᠬᠦ 》 ᠵᠠᠭᠪᠤᠷ᠎ᠢ ᠢᠳᠡᠪᠬᠢᠲᠡᠢ ᠳᠡᠯᠭᠡᠷᠡᠭᠦᠯᠵᠦ ᠂ ᠲᠣᠭᠲᠠᠭᠰᠠᠨ ᠲᠠᠰ ᠳᠠᠷᠠᠭ᠋ᠠᠯᠠᠯ᠎ᠢ ᠴᠢᠩᠭ᠎ᠠ ᠵᠢᠷᠤᠮᠯᠠᠨ ᠮᠡᠳᠡᠭᠦᠯᠦᠨ ᠵᠥᠪᠰᠢᠶᠡᠷᠡᠭᠦᠯᠵᠦ ᠂ ᠥᠪᠡᠷᠲᠡᠭᠡᠨ ᠵᠠᠰᠠᠬᠤ ᠣᠷᠣᠨ ᠵᠶ᠋ᠠᠷ ᠵᠥᠪᠰᠢᠶᠡᠷᠡᠭᠦᠯᠦᠭᠰᠡᠨ ᠦᠭᠡᠢ᠎ᠪᠠᠷ ᠳᠤᠷ᠎ᠠ᠎ᠪᠠᠷ ᠵᠶ᠋ᠠᠨ ᠬᠡᠷᠡᠭᠵᠢᠭᠦᠯᠵᠦ ᠪᠣᠯᠬᠤ ᠦᠭᠡᠢ ᠂ ᠭᠠᠴᠠᠭ᠎ᠠ ᠲᠣᠰᠬᠤᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠂ ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ ᠂ ᠲᠠᠷᠢᠶᠠᠯᠠᠬᠤ ᠮᠠᠯᠵᠢᠬᠤ ᠡᠷᠦᠬᠡ ᠵᠡᠷᠭᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠬᠠᠮᠠᠭ᠋ᠠᠯᠠᠯᠲᠠ᠎ᠳᠤ ᠰᠢᠭᠤᠳ ᠣᠷᠣᠯᠴᠠᠭᠤᠯᠬᠤ ᠬᠡᠷᠡᠭᠲᠡᠢ ᠃ ᠰᠠᠢ᠌ᠨ ᠲᠠᠷᠢᠶᠠᠨ ᠭᠠᠵᠠᠷ᠎ᠢ ᠠᠮᠤ ᠪᠤᠳᠠᠭ᠋ᠠᠨ᠎ᠤ ᠲᠠᠷᠢᠮᠠᠯ᠎ᠳᠤ ᠬᠡᠷᠡᠭᠯᠡᠬᠦ ᠵᠢ ᠪᠠᠷᠢᠮᠲᠠᠯᠠᠵᠤ ᠂ ᠤᠷᠢᠳ ᠵᠶ᠋ᠠᠷ ᠰᠢᠯᠵᠢᠭᠦᠯᠦᠨ ᠡᠷᠭᠢᠯᠳᠦᠭᠦᠯᠵᠦ ᠳᠠᠷᠠᠭ᠎ᠠ᠎ᠨᠢ ᠲᠦᠷᠦᠯ ᠵᠦᠢ᠍ᠯ ᠲᠣᠭᠲᠠᠭ᠋ᠠᠬᠤ ᠂ ᠤᠷᠢᠳ ᠵᠶ᠋ᠠᠷ ᠲᠡᠭᠰᠢᠯᠡᠵᠦ ᠳᠠᠷᠠᠭ᠎ᠠ᠎ᠨᠢ ᠪᠦᠲᠦᠭᠡᠨ ᠪᠠᠶ᠋ᠢᠭᠤᠯᠬᠤ ᠵᠢ ᠵᠣᠷᠢᠭᠵᠢᠭᠤᠯᠵᠤ ᠂ ᠲᠠᠷᠢᠶᠠᠯᠠᠬᠤ ᠭᠠᠵᠠᠷ᠎ᠢ ᠬᠠᠮᠲᠤᠳᠤᠨᠢ ᠰᠢᠯᠵᠢᠭᠦᠯᠦᠨ ᠡᠷᠭᠢᠯᠳᠦᠭᠦᠯᠬᠦ ᠵᠢᠴᠢ ᠲᠠᠷᠢᠶᠠᠴᠢᠨ ᠮᠠᠯᠴᠢᠳ᠎ᠤᠨ ᠬᠣᠷᠰᠢᠵᠤ ᠬᠠᠮᠲᠤᠷᠠᠯᠴᠠᠬᠤ ᠡᠵᠡᠩᠨᠡᠯᠲᠡ ᠵᠢ ᠠᠬᠢᠭᠤᠯᠵᠤ ᠂ ᠪᠦᠬᠦᠯᠢ ᠪᠠᠢ᠌ᠭᠤᠯᠤᠮᠵᠢᠲᠤ ᠳᠦᠷᠢᠮ ᠵᠶ᠋ᠡᠷ ᠲᠠᠷᠢᠶᠠᠯᠠᠬᠤ ᠵᠢ ᠨᠠᠢ᠌ᠳᠠᠨ ᠬᠠᠮᠢᠶᠠᠷᠤᠭᠤᠯᠬᠤ ᠵᠡᠷᠭᠡ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠳᠡᠯᠭᠡᠷᠡᠭᠦᠯᠵᠦ ᠂ 《ᠰᠢᠯᠵᠢᠭᠦᠯᠦᠨ ᠡᠷᠭᠢᠯᠳᠦᠭᠦᠯᠬᠦ — ᠲᠠᠷᠢᠬᠤ — ᠡᠳ᠋ᠰᠢᠭᠦᠯᠬᠦ — ᠦᠢ᠍ᠯᠡᠴᠢᠯᠡᠬᠦ — ᠡᠵᠡᠩᠨᠡᠨ ᠪᠣᠷᠣᠯᠠᠭᠤᠯᠬᠤ 》 ᠪᠦᠬᠦ ᠬᠡᠯᠬᠢᠶ᠎ᠡ ᠵᠢ ᠨᠠᠪᠲᠠᠷᠡᠭᠦᠯᠵᠦ ᠂ ᠲᠠᠷᠢᠶᠠᠯᠠᠩ ᠮᠠᠯ ᠠᠵᠤ ᠠᠬᠤᠢ ᠵᠢᠨ ᠬᠡᠪᠴᠢᠶᠡᠵᠢᠯᠲᠡ ᠂ ᠠᠵᠤ ᠦᠢ᠍ᠯᠡᠰᠵᠢᠯᠲᠡ ᠂ ᠨᠡᠷᠡᠲᠦ ᠳᠡᠮᠳᠡᠭᠵᠢᠯᠲᠡ ᠵᠢ ᠠᠬᠢᠭᠤᠯᠤᠨ᠎ᠠ ᠃ ᠭᠤᠷᠪᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠳᠠᠷᠠᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠬᠡᠪᠴᠢᠶᠡᠵᠢᠭᠦᠯᠦᠨ ᠡᠵᠡᠩᠨᠡᠬᠦ ᠠᠷᠭ᠎ᠠ ᠮᠠᠶᠢᠭ ᠠᠪᠬᠤ ᠪᠠ ᠭᠣᠣᠯ ᠴᠣᠭᠴᠠ ᠵᠢᠨ ᠬᠠᠷᠢᠴᠠᠩᠭᠤᠢ ᠲᠣᠭᠲᠠᠭᠤᠨ ᠪᠠᠢ᠌ᠬᠤ ᠵᠢ ᠪᠠᠲᠤᠯᠠᠬᠤ᠎ᠪᠠᠨ ᠰᠠᠨᠠᠭ᠋ᠠᠴᠢᠯᠠᠨ᠎ᠠ ᠃ ᠭᠠᠴᠠᠭ᠎ᠠ ᠲᠣᠰᠬᠤᠨ ᠵᠶ᠋ᠠᠷ ᠰᠠᠭᠤᠷᠢ ᠪᠣᠯᠭ᠋ᠠᠭᠰᠠᠨ ᠂ ᠰᠤᠮᠤ ᠰᠢᠶᠠᠩ ᠪᠠᠯᠭ᠋ᠠᠰᠤ᠎ᠪᠠᠷ ᠨᠢᠭᠡᠴᠢ ᠪᠣᠯᠭ᠋ᠠᠭᠰᠠᠨ ᠂ ᠪᠥᠬᠥ ᠬᠣᠰᠢᠭᠤ ᠰᠢᠶᠠᠨ (ᠬᠣᠲᠠ ᠂ ᠲᠣᠭᠣᠷᠢᠭ) ᠵᠶ᠋ᠠᠷ ᠠᠬᠢᠭᠤᠯᠬᠤ ᠵᠢ ᠤᠷᠢᠳ ᠵᠶ᠋ᠠᠷ ᠳᠡᠮᠵᠢᠵᠦ ᠂ ᠪᠥᠬᠦ ᠣᠷᠣᠨ ᠪᠦᠰᠡ᠎ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠤᠨ᠎ᠠ ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠵᠢᠱ᠌ᠢᠶ᠎ᠡ ᠦᠵᠡᠭᠦᠯᠬᠦ ᠣᠷᠣᠨ᠎ᠢ ᠥᠨᠳᠥᠷ ᠲᠦᠪᠰᠢᠨ᠎ᠲᠠᠢ᠎ᠪᠠᠷ ᠪᠦᠲᠦᠭᠡᠨ ᠪᠠᠢ᠌ᠭᠤᠯᠵᠤ ᠂ ᠰᠢᠨ᠎ᠡ ᠮᠡᠷᠭᠡᠵᠢᠯ ᠂ ᠰᠢᠨ᠎ᠡ ᠵᠠᠭᠪᠤᠷ᠎ᠢ 《ᠣᠨᠴᠠᠭ᠋ᠠᠢ᠎ᠠᠴᠠ ᠲᠦᠭᠡᠮᠡᠯ ᠪᠣᠯᠭ᠋ᠠᠬᠤ 》 ᠵᠢ ᠦᠷᠭᠦᠯᠵᠢᠯᠡᠨ ᠠᠬᠢᠭᠤᠯᠵᠤ ᠂ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠨ᠎ᠡ ᠃ [ ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ ᠂ ᠡᠨᠧᠷᠭᠢ ᠵᠢᠨ ᠲᠣᠪᠴᠢᠶ᠎ᠠ ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠺᠣᠮᠫᠠᠨᠢ ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ]
ᠠᠷᠪᠠ ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠬᠡᠷᠡᠭᠲᠡᠢ
ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠨᠢ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠱᠠᠭ᠋ᠠᠷᠳᠠᠯᠭ᠎ᠠ ᠶᠣᠰᠣᠭ᠋ᠠᠷ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠠᠬᠢᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠭᠣᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠵᠦ ᠂ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ ᠰᠢᠭᠤᠳ ᠬᠠᠷᠢᠭᠤᠴᠠᠬᠤ ᠬᠡᠷᠡᠭᠲᠡᠢ ᠃ ᠬᠣᠰᠢᠭᠤ ᠰᠢᠶᠠᠨ (ᠬᠣᠲᠠ ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠥᠷᠥᠯ ᠵᠦᠢ᠍ᠯ᠎ᠢ ᠬᠡᠷᠡᠭᠵᠢᠭᠦᠯᠬᠦ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ ᠂ ᠲᠣᠰ ᠭᠠᠵᠠᠷ ᠣᠷᠣᠨ᠎ᠤ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠲᠥᠷᠥᠯ ᠵᠦᠢ᠍ᠯ᠎ᠢ ᠬᠢᠨᠠᠨ ᠬᠠᠮᠢᠶᠠᠷᠬᠤ ᠨᠢᠭᠡᠴᠢ ᠵᠢ ᠲᠣᠳᠣᠷᠬᠠᠢ᠌ᠯᠠᠨ᠎ᠠ; ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠨᠢ ᠠᠵᠢᠯ ᠲᠥᠷᠥᠯ᠎ᠤᠨ ᠬᠠᠮᠢᠶᠠᠷᠤᠯᠲᠠ ᠪᠠ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠎ᠢ ᠬᠥᠲᠥᠯᠥᠨ ᠵᠢᠯᠣᠭᠣᠳᠴᠤ ᠪᠠᠢ᠌ᠭ᠋ᠠᠳ ᠣᠯᠠᠨ ᠲᠦᠮᠡᠨ᠎ᠢ ᠢᠳᠡᠪᠬᠢᠲᠡᠢ ᠵᠣᠬᠢᠶᠠᠨ ᠪᠠᠢ᠌ᠭᠤᠯᠤᠨ ᠣᠷᠣᠯᠴᠠᠭᠤᠯᠵᠤ ᠂ ᠵᠥᠷᠢᠴᠡᠯ᠎ᠢ ᠵᠣᠬᠢᠴᠠᠭᠤᠯᠤᠨ ᠰᠢᠢ᠍ᠳᠪᠦᠷᠢᠯᠡᠵᠦ ᠂ ᠪᠠᠢ᠌ᠴᠠᠭ᠋ᠠᠵᠤ ᠰᠢᠯᠭ᠋ᠠᠨ ᠬᠤᠷᠢᠶᠠᠵᠤ ᠠᠪᠬᠤ᠎ᠳᠤ ᠣᠷᠣᠯᠴᠠᠭᠤᠯᠬᠤ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)
ᠠᠷᠪᠠᠨ ᠨᠢᠭᠡ ᠂ ᠱᠠᠩᠨᠠᠨ ᠬᠥᠬᠢᠭᠦᠯᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠢ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠤᠨ ᠦᠨᠡᠯᠡᠵᠦ ᠱᠠᠩᠨᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠡᠮᠦᠨᠡᠬᠢ ᠬᠤᠭᠤᠴᠠᠭ᠋ᠠᠨ᠎ᠤ ᠠᠵᠢᠯ ᠂ ᠪᠦᠲᠦᠭᠡᠨ ᠪᠠᠢ᠌ᠭᠤᠯᠤᠯᠲᠠ ᠵᠢᠨ ᠲᠠᠯᠠᠪᠠᠶ ᠬᠢᠭᠡᠳ ᠶᠠᠰᠤ ᠴᠢᠨᠠᠷ ᠂ ᠪᠡᠯᠡ ᠮᠥᠩᠭᠥ ᠵᠢᠨ ᠣᠷᠣᠭᠤᠯᠤᠯᠲᠠ ᠪᠠ ᠵᠠᠷᠤᠯᠭ᠎ᠠ ᠂ ᠪᠠᠷᠢᠯᠭ᠎ᠠ ᠳᠠᠭᠤᠰᠴᠤ ᠰᠢᠯᠭ᠋ᠠᠨ ᠬᠤᠷᠢᠶᠠᠵᠤ ᠠᠪᠬᠤ ᠪᠠ ᠵᠢᠷᠤᠭ ᠵᠶ᠋ᠠᠷ ᠬᠥᠮᠥᠷᠭᠡ᠎ᠳᠤ ᠣᠷᠣᠭᠤᠯᠬᠤ ᠂ ᠪᠠᠢ᠌ᠭᠤᠯᠤᠭᠰᠠᠨ᠎ᠤ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ ᠪᠠ ᠳᠦᠷᠢᠮ᠎ᠤᠨ ᠪᠠᠢ᠌ᠭᠤᠯᠤᠯᠲᠠ ᠵᠡᠷᠭᠡ᠎ᠳᠤ ᠶᠡᠷᠦᠩᠬᠡᠢ᠌ᠯᠡᠭᠰᠡᠨ ᠦᠨᠡᠯᠡᠯᠲᠡ ᠬᠢᠵᠦ ᠂ ᠳᠠᠷᠠᠭ᠎ᠠ ᠵᠢᠯ᠎ᠨᠢ ᠲᠥᠷᠥᠯ ᠵᠦᠢ᠍ᠯ᠎ᠤᠨ ᠪᠡᠯᠡ ᠮᠥᠩᠭᠥ ᠬᠤᠪᠢᠶᠠᠷᠢᠯᠠᠬᠤ᠎ᠳᠤ᠎ᠪᠠᠨ ᠱᠠᠩᠨᠠᠨ ᠬᠥᠬᠢᠭᠦᠯᠬᠦ ᠬᠡᠪᠴᠢᠶᠡᠨ᠎ᠳᠤ ᠣᠷᠣᠭᠤᠯᠤᠭᠰᠠᠨ ᠭᠠᠵᠠᠷ ᠣᠷᠣᠨ ᠲᠡᠢ᠌ᠰᠢ ᠬᠡᠯᠪᠡᠢ᠌ᠯᠭᠡᠬᠦ ᠬᠡᠷᠡᠭᠲᠡᠢ ᠃ ᠡᠭᠦᠨ᠎ᠤ ᠬᠠᠮᠲᠤ ᠂ ᠥᠪᠡᠷᠲᠡᠭᠡᠨ ᠵᠠᠰᠠᠬᠤ ᠣᠷᠣᠨ᠎ᠠᠴᠠ ᠵᠢᠯ ᠪᠦᠷᠢ 1000 ᠲᠦᠮᠡᠨ ᠲᠥᠭᠥᠷᠢᠭ ᠲᠣᠬᠢᠷᠠᠭᠤᠯᠤᠨ ᠲᠤᠬᠠᠢ ᠵᠢᠨ ᠵᠢᠯ᠎ᠳᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ᠎ᠪᠠᠷ ᠰᠠᠢ᠌ᠨ ᠬᠣᠰᠢᠭᠤ ᠰᠢᠶᠠᠨ (ᠬᠣᠲᠠ ᠂ ᠲᠣᠭᠣᠷᠢᠭ)᠎ᠢ ᠱᠠᠩᠨᠠᠨ ᠬᠥᠬᠢᠭᠦᠯᠵᠦ ᠂ ᠪᠠᠢ᠌ᠭᠤᠯᠤᠭᠰᠠᠨ ᠲᠥᠷᠥᠯ ᠵᠦᠢ᠍ᠯ ᠵᠶ᠋ᠠᠨ ᠬᠠᠮᠢᠶᠠᠷᠴᠤ ᠬᠠᠮᠠᠭ᠋ᠠᠯᠠᠭᠰᠠᠨ ᠦᠷ᠎ᠡ ᠪᠦᠲᠦᠮᠵᠢ᠎ᠪᠠᠷ ᠰᠠᠢ᠌ᠨ ᠭᠠᠴᠠᠭ᠎ᠠ ᠲᠣᠰᠬᠤᠨ᠎ᠤ ᠬᠠᠮᠲᠤ ᠨᠡᠶ᠋ᠢᠲᠡ᠎ᠳᠤ 1000 ᠲᠦᠮᠡᠨ ᠲᠥᠭᠥᠷᠢᠭ ᠲᠣᠬᠢᠷᠠᠭᠤᠯᠤᠨ ᠱᠠᠩᠨᠠᠯ ᠣᠯᠭᠣᠨ᠎ᠠ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂ ᠡᠳ᠋᠎ᠤᠨ ᠵᠠᠰᠠᠭ᠎ᠤᠨ ᠲᠢᠩᠬᠢᠮ)
ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ ᠂ ᠬᠡᠷᠡᠭᠵᠢᠭᠦᠯᠬᠦ ᠶᠠᠪᠤᠴᠠ᠎ᠳᠠᠬᠢ ᠪᠣᠳᠠᠲᠠᠢ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠬᠠᠷᠢᠭᠤᠴᠠᠨ ᠲᠠᠢ᠌ᠯᠪᠤᠷᠢᠯᠠᠨ᠎ᠠ ᠃ 《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠷᠪᠠᠨ ᠨᠢᠭᠡᠨ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ 》 (ᠥᠪᠥᠷ ᠵᠠᠰᠠᠭ ᠠᠯᠪᠠᠨ ᠲᠠᠷᠬᠠᠭ᠋ᠠᠭᠰᠠᠨ [2022] 72 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ ᠃
2024 ᠣᠨ᠎ᠤ 4 ᠳ᠋ᠦ᠍ᠭᠡᠷ ᠰᠠᠷ᠎ᠠ ᠵᠢᠨ 19᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 4 ᠳ᠋ᠦ᠍ᠭᠡᠷ ᠰᠠᠷ᠎ᠠ ᠵᠢᠨ 19᠎ᠤ ᠡᠳᠦᠷ ᠳᠠᠷᠤᠮᠠᠯᠯᠠᠨ ᠲᠠᠷᠬᠠᠭ᠋ᠠᠪᠠ