ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠲᠥᠯᠥᠪᠯᠡᠭᠡ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-09-29

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

       ᠥᠪᠥᠷ ᠵᠠᠰᠠᠭ ᠠᠯᠪᠠᠨ ᠲᠠᠷᠬᠠᠭ᠋ᠠᠭᠰᠠᠨ [2024] 8 ᠳ᠋ᠤᠭ᠋ᠠᠷ ᠲᠣᠭ᠋ᠠᠲᠤ

 

《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠲᠥᠯᠥᠪᠯᠡᠭᠡ 》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ᠎ᠳᠤ᠄

       ᠡᠳᠦᠭᠡ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠲᠥᠯᠥᠪᠯᠡᠭᠡ 》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠲᠠ ᠨᠠᠷ᠎ᠲᠤ ᠳᠠᠷᠤᠮᠠᠯᠯᠠᠨ ᠶᠠᠪᠤᠭᠤᠯᠬᠤ ᠵᠢᠨ ᠬᠠᠮᠲᠤ ᠳᠣᠣᠷᠠᠬᠢ ᠮᠡᠲᠦ ᠱᠠᠭ᠋ᠠᠷᠳᠠᠯᠭ᠎ᠠ ᠵᠢ ᠳᠤᠷᠠᠳᠪᠠ ᠂  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠬᠠᠮᠲᠤ᠎ᠳᠤ᠎ᠨᠢ ᠰᠠᠢ᠌ᠲᠤᠷ ᠠᠳᠬᠤᠰᠤᠭ᠋ᠠᠢ ᠃

       ᠨᠢᠭᠡ ᠂  ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ ᠂  ᠤᠯᠤᠰ᠎ᠤᠨ ᠬᠠᠤᠯᠢ᠎ᠪᠠᠷ ᠵᠠᠰᠠᠬᠤ ᠵᠢᠨ ᠨᠢᠭᠡᠳᠦᠯ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ

       ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠨ ᠂  ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂  ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠂  ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ 《  ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ 》᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠪᠠᠲᠤ ᠴᠢᠩᠭ᠎ᠠ ᠡᠵᠡᠮᠳᠡᠵᠦ ᠂  ᠬᠣᠶᠠᠷ ᠶᠡᠬᠡ ᠶᠠᠪᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠠᠢ᠌ᠲᠤᠷ ᠬᠢᠵᠦ ᠂  ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ ᠂  ᠠᠷᠠᠳᠴᠢᠯᠠᠯ ᠵᠶ᠋ᠠᠷ ᠬᠠᠤᠯᠢ ᠲᠣᠭᠲᠠᠭ᠋ᠠᠬᠤ ᠂  ᠬᠠᠤᠯᠢ ᠶᠣᠰᠣᠭ᠋ᠠᠷ ᠬᠠᠤᠯᠢ ᠲᠣᠭᠲᠠᠭ᠋ᠠᠬᠤ ᠵᠢ ᠠᠬᠢᠭᠤᠯᠤᠨ ᠂  ᠰᠠᠢ᠌ᠨ ᠬᠠᠤᠯᠢ᠎ᠪᠠᠷ ᠬᠥᠭᠵᠢᠯᠲᠡ ᠵᠢ ᠠᠬᠢᠭᠤᠯᠬᠤ ᠪᠠ ᠴᠢᠳᠠᠮᠠᠭ᠋ᠠᠢ᠎ᠪᠠᠷ ᠵᠠᠰᠠᠯᠲᠠ ᠬᠢᠬᠦ ᠵᠢ ᠪᠠᠲᠤᠯᠠᠨ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠪᠠᠲᠤ ᠪᠡᠬᠢ ᠬᠠᠤᠯᠢ᠎ᠪᠠᠷ ᠵᠠᠰᠠᠬᠤ ᠵᠢᠨ ᠪᠠᠲᠤᠯᠠᠭ᠎ᠠ ᠬᠠᠩᠭ᠋ᠠᠬᠤ᠎ᠪᠠᠷ ᠴᠢᠷᠮᠠᠢ᠌ᠬᠤ ᠬᠡᠷᠡᠭᠲᠡᠢ ᠃

       ᠬᠣᠶᠠᠷ ᠂  ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠵᠤ ᠂  ᠪᠥᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠭᠦᠨᠵᠡᠭᠡᠢ ᠦᠢ᠍ᠯᠡᠳᠦᠯᠭᠡᠵᠢᠭᠦᠯᠦᠨ ᠂  ᠬᠠᠤᠯᠢ ᠲᠣᠭᠲᠠᠭ᠋ᠠᠯᠲᠠ ᠵᠢᠨ ᠴᠢᠨᠠᠷ ᠰᠠᠢ᠌ᠲᠠᠢ ᠦᠢ᠍ᠯᠡᠴᠢᠯᠡᠭᠡ᠎ᠪᠠᠷ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ ᠬᠡᠷᠡᠭᠲᠡᠢ

       ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠬᠦ ᠱᠠᠭ᠋ᠠᠷᠳᠠᠯᠭ᠎ᠠ ᠵᠢ ᠬᠠᠤᠯᠢ ᠲᠣᠭᠲᠠᠭ᠋ᠠᠬᠤ ᠡᠯ᠎ᠡ ᠭᠣᠭᠴᠣᠭ᠎ᠠ᠎ᠳᠤ ᠲᠤᠭᠤᠰᠢᠯᠠᠭᠤᠯᠬᠤ ᠬᠡᠷᠡᠭᠲᠡᠢ ᠃  ᠬᠠᠤᠯᠢ ᠲᠣᠭᠲᠠᠭ᠋ᠠᠬᠤ ᠲᠥᠷᠥᠯ ᠵᠦᠢ᠍ᠯ᠎ᠢ ᠲᠤᠭᠤᠷᠪᠢᠬᠤ ᠂  ᠬᠢᠨᠠᠨ ᠪᠠᠢ᠌ᠴᠠᠭ᠋ᠠᠬᠤ ᠂  ᠵᠣᠬᠢᠴᠠᠭᠤᠯᠬᠤ ᠂  ᠵᠠᠰᠠᠪᠤᠷᠢ ᠣᠷᠣᠭᠤᠯᠬᠤ ᠶᠠᠪᠤᠴᠠ᠎ᠳᠤ ᠂  ᠬᠠᠤᠯᠢ ᠲᠣᠭᠲᠠᠭ᠋ᠠᠯᠲᠠ᠎ᠳᠤ ᠤᠯᠠᠨ ᠲᠦᠮᠡᠨ᠎ᠤ ᠡᠮᠬᠢ ᠵᠢᠷᠤᠮ᠎ᠲᠠᠢ᠎ᠪᠠᠷ ᠣᠷᠤᠯᠴᠠᠬᠤ ᠠᠷᠭ᠎ᠠ ᠵᠠᠮ᠎ᠢ ᠪᠦᠲᠦᠮᠵᠢᠲᠡᠶ ᠥᠷᠭᠡᠳᠬᠡᠵᠦ ᠂  ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠠᠤᠯᠢ ᠲᠣᠭᠲᠠᠭ᠋ᠠᠬᠤ ᠦᠢ᠍ᠯᠡᠳᠦᠯᠭᠡ ᠵᠢᠨ ᠶᠠᠪᠤᠴᠠ᠎ᠳᠤ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ ᠃  ᠬᠠᠤᠯᠢ ᠲᠣᠭᠲᠠᠭ᠋ᠠᠯᠲᠠ᠎ᠳᠤ ᠣᠷᠣᠯᠴᠠᠬᠤ ᠨᠡᠢ᠌ᠭᠡᠮ ᠨᠡᠶ᠋ᠢᠲᠡ ᠵᠢᠨ ᠬᠠᠮᠤᠷᠬᠤ ᠬᠡᠪᠴᠢᠶ᠎ᠡ ᠪᠠ ᠲᠥᠯᠥᠭᠡᠯᠡᠬᠦ ᠴᠢᠨᠠᠷ᠎ᠢ ᠤᠯᠠᠮ ᠨᠢᠭᠡ ᠠᠯᠬᠤᠮ ᠥᠷᠭᠡᠳᠬᠡᠵᠦ ᠂  ᠦᠨᠳᠦᠰᠦᠨ ᠱᠠᠲᠤᠨ᠎ᠤ ᠬᠠᠤᠯᠢ ᠲᠣᠭᠲᠠᠭ᠋ᠠᠬᠤ ᠬᠠᠷᠢᠯᠴᠠᠬᠤ ᠴᠡᠭ᠎ᠤᠨ ᠠᠷᠠᠳ᠎ᠤᠨ ᠠᠮᠢᠳᠤᠷᠠᠯ᠎ᠳᠤ ᠣᠢ᠌ᠷᠠᠳᠬᠤ ᠂  ᠠᠷᠠᠳ᠎ᠤᠨ ᠪᠠᠢ᠌ᠳᠠᠯ᠎ᠢ ᠣᠢ᠌ᠯᠠᠭ᠋ᠠᠬᠤ ᠂  ᠠᠷᠠᠳ᠎ᠤᠨ ᠰᠠᠨᠠᠭ᠎ᠠ ᠪᠣᠳᠣᠯ᠎ᠢ ᠰᠣᠨᠣᠰᠬᠤ ᠂  ᠠᠷᠠᠳ᠎ᠤᠨ ᠤᠬᠠᠭ᠋ᠠᠨ ᠰᠠᠮᠪᠠᠭ᠎ᠠ ᠵᠢ ᠲᠥᠪᠯᠡᠷᠡᠭᠦᠯᠬᠦ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠬᠤ ᠬᠡᠷᠡᠭᠲᠡᠢ ᠃  ᠢᠯᠡ᠎ᠪᠠᠷ ᠰᠠᠨᠠᠯ ᠬᠤᠷᠢᠶᠠᠬᠤ ᠂  ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠥᠷᠨᠢᠭᠦᠯᠬᠦ ᠂  ᠬᠠᠤᠯᠢ ᠲᠣᠭᠲᠠᠭ᠋ᠠᠬᠤ ᠵᠥᠪᠳᠡᠯᠴᠡᠭᠡ ᠵᠣᠬᠢᠶᠠᠨ ᠪᠠᠶ᠋ᠢᠭᠤᠯᠬᠤ ᠂  ᠬᠠᠤᠯᠢ ᠲᠣᠭᠲᠠᠭ᠋ᠠᠬᠤ ᠨᠤᠲᠠᠯᠠᠯᠲᠠ ᠵᠢᠨ ᠬᠤᠷᠠᠯ ᠪᠠ ᠰᠠᠭᠤᠳᠠᠯ᠎ᠤᠨ ᠬᠤᠷᠠᠯ᠎ᠢ ᠬᠤᠷᠠᠯᠳᠤᠭᠤᠯᠬᠤ ᠵᠡᠷᠭᠡ ᠤᠯᠠᠨ ᠵᠦᠢ᠍ᠯ᠎ᠤᠨ ᠬᠡᠯᠪᠡᠷᠢ ᠵᠢ ᠠᠮᠢᠳᠤᠯᠢᠭ ᠵᠶ᠋ᠠᠷ ᠬᠡᠷᠡᠭᠯᠡᠵᠦ ᠂  ᠦᠨᠳᠦᠰᠦᠨ ᠱᠠᠲᠤᠨ᠎ᠤ ᠤᠯᠠᠨ ᠲᠦᠮᠡᠨ ᠂  ᠵᠠᠬ᠎ᠠ ᠳᠡᠯᠭᠡᠭᠦᠷ᠎ᠤᠨ ᠭᠣᠣᠯ ᠴᠣᠭᠴᠠ ᠂  ᠠᠵᠢᠯ ᠲᠦᠷᠦᠯ᠎ᠤᠨ ᠨᠡᠢ᠌ᠭᠡᠮᠯᠢᠭ ᠪᠣᠯᠣᠨ ᠬᠤᠳᠠᠯᠳᠤᠭ᠋ᠠᠴᠢᠳ᠎ᠤᠨ ᠡᠪᠯᠡᠯ᠎ᠤᠨ ᠰᠠᠨᠠᠯ᠎ᠢ ᠥᠷᠭᠡᠨ ᠵᠶ᠋ᠠᠷ ᠰᠣᠨᠣᠰᠴᠤ ᠂  ᠬᠠᠤᠯᠢ ᠲᠣᠭᠲᠠᠭ᠋ᠠᠯᠲᠠ ᠵᠢᠨ ᠬᠠᠨᠳᠤᠯᠭ᠋ᠠᠲᠤ ᠴᠢᠨᠠᠷ ᠂  ᠣᠨᠣᠪᠴᠢ ᠵᠢᠨ ᠬᠡᠮᠵᠢᠶ᠎ᠡ ᠂  ᠪᠣᠳᠠᠲᠤ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ ᠂  ᠲᠣᠭᠲᠠᠭ᠋ᠠᠭᠰᠠᠨ ᠬᠠᠤᠯᠢ ᠵᠢᠨ ᠲᠣᠭᠲᠠᠨᠢᠵᠤ ᠳᠡᠶ᠋ᠢᠯᠬᠦ ᠂  ᠶᠠᠪᠤᠭᠳᠠᠵᠤ ᠳᠡᠶ᠋ᠢᠯᠬᠦ ᠂  ᠵᠢᠩᠬᠢᠨᠢ ᠬᠡᠷᠡᠭᠴᠡᠭᠡ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃

       ᠭᠤᠷᠪᠠ ᠂  ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠷᠠᠭᠤᠯᠵᠤ ᠂  ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠨ ᠂  ᠬᠠᠤᠯᠢ ᠲᠣᠭᠲᠠᠭ᠋ᠠᠬᠤ ᠲᠥᠯᠥᠪᠯᠡᠭᠡ ᠵᠢᠨ ᠬᠡᠷᠡᠭᠵᠢᠭᠦᠯᠦᠯᠲᠡ ᠵᠢ ᠰᠠᠢ᠌ᠲᠤᠷ ᠠᠳᠬᠤᠬᠤ ᠬᠡᠷᠡᠭᠲᠡᠢ

       ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂  ᠬᠠᠤᠯᠢ ᠲᠣᠭᠲᠠᠭ᠋ᠠᠬᠤ ᠲᠥᠯᠥᠪᠯᠡᠭᠡ ᠵᠢ ᠴᠢᠩᠭ᠎ᠠ ᠬᠡᠷᠡᠭᠵᠢᠭᠦᠯᠦᠨ ᠂  ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ ᠂  ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠦᠨ ᠂  ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠵᠤ ᠂  ᠡᠯ᠎ᠡ ᠲᠠᠯ᠎ᠠ ᠵᠢᠨ ᠠᠵᠢᠯ᠎ᠤᠨ ᠬᠠᠤᠯᠢᠵᠢᠯ᠎ᠢ ᠪᠥᠬᠦ ᠲᠠᠯ᠎ᠠ᠎ᠪᠠᠷ ᠠᠬᠢᠭᠤᠯᠬᠤ ᠶᠠᠪᠤᠴᠠ᠎ᠳᠠᠬᠢ ᠬᠠᠤᠯᠢ ᠲᠣᠭᠲᠠᠭ᠋ᠠᠯᠲᠠ ᠵᠢᠨ ᠰᠠᠭᠤᠷᠢᠯᠠᠬᠤ ᠴᠢᠨᠠᠷ ᠂   ᠪᠠᠲᠤᠯᠠᠭ᠋ᠠᠲᠤ ᠴᠢᠨᠠᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ ᠃  ᠲᠤᠭᠤᠷᠪᠢᠬᠤ ᠰᠠᠯᠠᠭ᠎ᠠ ᠮᠥᠴᠢᠷ᠎ᠨᠢ ᠲᠤᠭᠤᠷᠪᠢᠬᠤ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ ᠂  ᠪᠠᠢ᠌ᠴᠠᠭ᠋ᠠᠨ ᠰᠤᠳᠤᠯᠵᠤ ᠨᠤᠲᠠᠯᠠᠬᠤ ᠂  ᠰᠠᠨᠠᠯ ᠬᠤᠷᠢᠶᠠᠬᠤ ᠂  ᠲᠦᠭᠰᠢᠭᠦᠷᠢ ᠵᠢ ᠦᠨᠡᠯᠡᠨ ᠵᠢᠱ᠌ᠢᠬᠦ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ; ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ ᠂  ᠠᠵᠢᠯ᠎ᠤᠨ ᠶᠠᠪᠤᠴᠠ᠎ᠳᠤ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠣᠨᠣᠪᠴᠢᠲᠠᠶ ᠡᠵᠡᠮᠳᠡᠵᠦ ᠂  ᠬᠠᠨᠳᠤᠯᠭ᠋ᠠᠲᠤ ᠴᠢᠨᠠᠷᠲᠠᠢ ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢ ᠰᠤᠳᠤᠯᠤᠨ ᠳᠤᠷᠠᠳᠬᠤ ᠬᠡᠷᠡᠭᠲᠡᠢ; ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠰᠣᠨᠣᠰᠬᠤ ᠵᠢ ᠴᠢᠬᠤᠯᠠᠴᠢᠯᠠᠵᠤ ᠂  ᠪᠤᠰᠤᠳ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠲᠠᠢ ᠬᠣᠯᠪᠣᠭᠳᠠᠭᠰᠠᠨ ᠪᠠᠢ᠌ᠪᠠᠯ ᠭᠦᠢ᠍ᠴᠡᠳ ᠵᠥᠪᠳᠡᠯᠴᠡᠨ ᠂  ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠂  ᠡᠳ᠋᠎ᠤᠨ ᠵᠠᠰᠠᠭ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ᠎ᠳᠤ ᠬᠣᠯᠪᠣᠭᠳᠠᠭᠰᠠᠨ ᠪᠠᠢ᠌ᠪᠠᠯ ᠪᠠᠢ᠌ᠭᠤᠯᠤᠮᠵᠢ ᠵᠢᠨ ᠣᠷᠣᠨ ᠲᠣᠭ᠎ᠠ ᠂  ᠡᠳ᠋᠎ᠤᠨ ᠵᠠᠰᠠᠭ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠣᠯᠣᠭᠰᠠᠨ ᠪᠠᠢ᠌ᠬᠤ ᠬᠡᠷᠡᠭᠲᠡᠢ; ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ ᠂  ᠰᠢᠢ᠍ᠳᠪᠦᠷᠢᠯᠡᠬᠦ᠎ᠳᠤ ᠪᠡᠷᠬᠡᠲᠡᠢ ᠴᠢᠬᠤᠯᠠ ᠶᠡᠬᠡ ᠰᠠᠨᠠᠯ ᠵᠥᠷᠢᠯᠳᠦᠭᠡᠨ᠎ᠢ ᠴᠠᠭ ᠲᠤᠬᠠᠢ᠎ᠳᠤ᠎ᠨᠢ ᠳᠡᠰ ᠳᠠᠷᠠᠭ᠋ᠠᠯᠠᠯ᠎ᠤᠨ ᠶᠣᠰᠣᠭ᠋ᠠᠷ ᠵᠢᠭ᠋ᠠᠪᠤᠷᠢ ᠠᠪᠴᠤ ᠮᠡᠳᠡᠭᠦᠯᠬᠦ ᠬᠡᠷᠡᠭᠲᠡᠢ; ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠯᠦᠭᠡ ᠵᠢᠨ ᠨᠡᠪᠲᠡᠷᠡᠯᠴᠡᠭᠡ᠎ᠪᠠᠨ ᠴᠢᠩᠭ᠋ᠠᠳᠬᠠᠵᠤ ᠂  ᠬᠤᠷᠢᠶᠠᠭᠰᠠᠨ ᠡᠯ᠎ᠡ ᠲᠠᠯ᠎ᠠ ᠵᠢᠨ᠎ᠬᠢᠨ᠎ᠤ ᠰᠠᠨᠠᠯ ᠂  ᠣᠷᠣᠰᠢᠵᠤ ᠪᠠᠢ᠌ᠭ᠎ᠠ ᠴᠢᠬᠤᠯᠠ ᠶᠡᠬᠡ ᠰᠠᠨᠠᠯ ᠵᠥᠷᠢᠯᠳᠦᠭᠡᠨ ᠵᠢᠴᠢ ᠲᠡᠭᠦᠨ᠎ᠢ ᠵᠣᠬᠢᠴᠠᠭᠤᠯᠤᠨ ᠰᠢᠢ᠍ᠳᠪᠦᠷᠢᠯᠡᠭᠰᠡᠨ ᠵᠡᠷᠭᠡ ᠪᠠᠢ᠌ᠳᠠᠯ᠎ᠢ ᠴᠠᠭ ᠲᠤᠬᠠᠢ᠎ᠳᠤ᠎ᠨᠢ ᠨᠡᠪᠲᠡᠷᠡᠭᠦᠯᠦᠨ ᠮᠡᠳᠡᠭᠡᠯᠡᠵᠦ ᠂  ᠲᠥᠷᠥᠯ ᠵᠦᠢ᠍ᠯ᠎ᠤᠨ ᠡᠭᠦᠷᠭᠡ᠎ᠪᠠᠨ ᠥᠨᠳᠥᠷ ᠪᠠᠷᠢᠮᠵᠢᠶ᠎ᠠ᠎ᠪᠠᠷ ᠴᠢᠨᠠᠷ ᠰᠠᠢ᠌ᠲᠠᠢ ᠪᠡᠶᠡᠯᠡᠭᠦᠯᠦᠨ ᠂  ᠬᠢᠨᠠᠭᠤᠯᠬᠤ ᠡᠬᠡ ᠨᠣᠣᠷᠠᠭ ᠪᠤᠶᠤ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ᠎ᠪᠠᠨ ᠴᠠᠭ᠎ᠲᠤ᠎ᠨᠢ ᠱᠠᠭ᠋ᠠᠷᠳᠠᠯᠭ᠎ᠠ ᠶᠣᠰᠣᠭ᠋ᠠᠷ ᠮᠡᠳᠡᠭᠦᠯᠦᠨ ᠬᠦᠷᠭᠡᠵᠦ ᠂  ᠵᠠᠰᠠᠪᠤᠷᠢ ᠣᠷᠣᠭᠤᠯᠬᠤ ᠬᠡᠷᠡᠭᠲᠡᠢ ᠃  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠨᠢ ᠬᠢᠨᠠᠨ ᠪᠠᠢ᠌ᠴᠠᠭ᠋ᠠᠬᠤ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ ᠂  ᠬᠠᠤᠯᠢ ᠲᠣᠭᠲᠠᠭ᠋ᠠᠬᠤ ᠲᠥᠷᠥᠯ ᠵᠦᠢ᠍ᠯ᠎ᠢ ᠬᠢᠨᠠᠨ ᠬᠠᠷᠭᠤᠭᠤᠯᠵᠤ ᠬᠠᠷᠢᠭᠤᠴᠠᠨ ᠡᠵᠡᠮᠳᠡᠬᠦ᠎ᠪᠠᠨ ᠴᠢᠩᠭ᠋ᠠᠳᠬᠠᠵᠤ ᠂  ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ ᠂  ᠬᠠᠤᠯᠢ ᠲᠣᠭᠲᠠᠭ᠋ᠠᠬᠤ ᠲᠥᠯᠥᠪᠯᠡᠭᠡ ᠵᠢᠨ ᠨᠠᠢ᠌ᠳᠠᠪᠤᠷᠢᠵᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠬᠤ ᠬᠡᠷᠡᠭᠲᠡᠢ; ᠨᠡᠢ᠌ᠲᠡᠯᠡᠬᠦ᠎ᠪᠠᠷ ᠪᠠᠴᠢᠮ ᠱᠠᠭ᠋ᠠᠷᠳᠠᠭᠳᠠᠵᠤ ᠪᠠᠢ᠌ᠭ᠎ᠠ ᠴᠢᠬᠤᠯᠠ ᠶᠡᠬᠡ ᠬᠠᠤᠯᠢ ᠲᠣᠭᠲᠠᠭ᠋ᠠᠬᠤ ᠲᠥᠷᠥᠯ ᠵᠦᠢ᠍ᠯ᠎ᠳᠤ ᠂  ᠬᠦᠴᠦᠨ ᠵᠶ᠋ᠠᠨ ᠨᠢᠭᠡᠳᠦᠯᠲᠡᠢ ᠲᠥᠯᠥᠪᠯᠡᠨ ᠂  ᠤᠷᠢᠳᠴᠢᠯᠠᠨ ᠣᠷᠣᠯᠴᠠᠵᠤ ᠂  ᠲᠦᠷᠭᠡᠳᠬᠡᠨ ᠠᠬᠢᠭᠤᠯᠬᠤ ᠬᠡᠷᠡᠭᠲᠡᠢ; ᠬᠠᠤᠯᠢ ᠲᠣᠭᠲᠠᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠬᠦ᠎ᠪᠠᠷ ᠬᠦᠴᠦᠯᠡᠬᠦ ᠴᠡᠭ ᠪᠣᠯᠭ᠋ᠠᠵᠤ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ ᠬᠢᠨᠠᠨ ᠪᠠᠢ᠌ᠴᠠᠭ᠋ᠠᠬᠤ ᠂  ᠵᠣᠬᠢᠴᠠᠭᠤᠯᠬᠤ ᠂  ᠵᠠᠰᠠᠪᠤᠷᠢ ᠣᠷᠣᠭᠤᠯᠬᠤ ᠠᠵᠢᠯ᠎ᠢ ᠥᠷᠨᠢᠭᠦᠯᠵᠦ ᠂  ᠲᠣᠭᠲᠠᠭ᠋ᠠᠯ ᠳᠦᠷᠢᠮ᠎ᠤᠨ ᠡᠬᠡ ᠲᠥᠰᠥᠯ᠎ᠨᠢ ᠦᠨᠳᠦᠰᠦᠨ ᠬᠠᠤᠯᠢ ᠵᠢᠨ ᠲᠣᠭᠲᠠᠭ᠋ᠠᠯ ᠂  ᠵᠠᠷᠴᠢᠮ ᠪᠠ ᠵᠣᠷᠢᠭ ᠰᠠᠨᠠᠭ᠎ᠠ᠎ᠲᠠᠢ ᠨᠡᠢ᠌ᠴᠡᠬᠦ ᠂  ᠨᠠᠮ ᠪᠠ ᠤᠯᠤᠰ᠎ᠤᠨ ᠦᠨᠳᠦᠰᠦᠨ ᠴᠢᠭᠯᠡᠯᠲᠡ ᠂  ᠲᠥᠷᠥ ᠵᠢᠨ ᠪᠣᠳᠣᠯᠭ᠎ᠠ᠎ᠲᠠᠢ ᠨᠡᠢ᠌ᠴᠡᠬᠦ ᠂  ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠬᠥᠭᠵᠢᠯᠲᠡ ᠪᠠ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ ᠱᠠᠭ᠋ᠠᠷᠳᠠᠯᠭ᠎ᠠ᠎ᠳᠤ ᠨᠡᠢ᠌ᠴᠡᠬᠦ ᠂  ᠬᠠᠤᠯᠢ ᠲᠣᠭᠲᠠᠭ᠋ᠠᠬᠤ ᠡᠷᠬᠡ ᠵᠢᠨ ᠬᠢᠵᠠᠭ᠋ᠠᠷ ᠂  ᠬᠠᠤᠯᠢ ᠲᠣᠭᠲᠠᠭ᠋ᠠᠬᠤ ᠳᠡᠰ ᠳᠠᠷᠠᠭ᠋ᠠᠯᠠᠯ ᠪᠠ ᠬᠠᠤᠯᠢ ᠲᠣᠭᠲᠠᠭ᠋ᠠᠬᠤ ᠮᠡᠷᠭᠡᠵᠢᠯ᠎ᠤᠨ ᠵᠢᠷᠤᠮᠵᠢᠯ᠎ᠳᠤ ᠨᠡᠢ᠌ᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠃

 

2024 ᠣᠨ᠎ᠤ 2 ᠳ᠋ᠤᠭ᠋ᠠᠷ ᠰᠠᠷ᠎ᠠ ᠵᠢᠨ 7᠎ᠤ ᠡᠳᠦᠷ

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

0929附件.jpg

0929附件2.jpg

0929附件3.jpg

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ