ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 35 ᠳ᠋ᠤᠭ᠋ᠠᠷ ᠲᠣᠭ᠋ᠠᠲᠤ
ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠮᠠᠨ᠎ᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠤᠨ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠴᠢᠳᠠᠪᠤᠷᠢ ᠵᠢ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠬᠥᠮᠥᠨ᠎ᠤ ᠠᠮᠢ ᠨᠠᠰᠤ ᠪᠠ ᠡᠷᠡᠭᠦᠯ ᠡᠩᠬᠡ ᠵᠢ ᠬᠠᠮᠠᠭ᠋ᠠᠯᠠᠬᠤ᠎ᠪᠠᠷ ᠵᠣᠷᠢᠯᠲᠠ ᠪᠣᠯᠭ᠋ᠠᠨ᠂ 《ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ》 ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠨ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠢ᠌ᠭᠡᠮ ᠨᠡᠶ᠋ᠢᠲᠡ ᠵᠢ ᠳᠠᠢ᠌ᠴᠢᠯᠠᠬᠤ᠎ᠪᠠᠷ ᠳᠠᠮᠵᠢᠭᠤᠯᠵᠤ᠂ 《ᠠᠪᠤᠷᠠᠯᠲᠠ ᠳᠡᠷᠭᠡᠳᠡ ᠴᠢᠨᠢ》 ᠭᠡᠬᠦ 10 ᠲᠤᠰᠬᠠᠢ ᠠᠵᠢᠯᠯᠠᠭ᠋ᠠᠨ᠎ᠢ ᠯᠠᠪᠳᠠᠭᠤᠨ ᠪᠠᠲᠤᠲᠠᠢ ᠠᠬᠢᠭᠤᠯᠤᠨ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠠᠰᠤᠷᠠᠯᠲᠠ ᠦᠭᠡᠢ ᠪᠦᠷᠢᠨᠰᠢᠭᠦᠯᠵᠦ᠂ ᠵᠢᠷᠦᠬᠡ ᠠᠭᠤᠰᠬᠢᠨ᠎ᠤ ᠰᠡᠷᠭᠦᠭᠡᠯᠲᠡ ᠬᠢᠭᠡᠳ ᠪᠡᠶ᠎ᠡ ᠵᠢᠨ ᠭᠠᠳᠠᠨ᠎ᠠ᠎ᠠᠴᠠ ᠴᠡᠴᠡᠷᠡᠬᠦ ᠵᠢ ᠠᠷᠢᠯᠭ᠋ᠠᠬᠤ ᠠᠦ᠋ᠲ᠋ᠣ᠋ ᠬᠡᠮᠵᠢᠭᠦᠷᠯᠢᠭ (AED ᠮᠠᠰᠢᠨ)᠎ᠤᠨ ᠬᠡᠷᠡᠭᠯᠡᠯᠲᠡ᠂ ᠠᠮᠢᠰᠬᠤᠯ᠎ᠤᠨ ᠵᠠᠮ᠎ᠤᠨ ᠣᠨᠳᠣᠣ ᠪᠣᠳᠠᠰ᠎ᠤᠨ ᠲᠦᠭᠵᠢᠷᠡᠯ᠂ ᠰᠢᠷᠬᠠᠲᠤᠭᠰᠠᠨ᠎ᠢ ᠠᠪᠤᠷᠠᠬᠤ᠂ ᠭᠠᠮᠰᠢᠭ᠎ᠢ ᠰᠡᠷᠭᠡᠢ᠌ᠯᠡᠵᠦ ᠠᠶᠤᠯ᠎ᠠᠴᠠ ᠵᠠᠢ᠌ᠯᠠᠬᠤ ᠵᠡᠷᠭᠡ ᠥᠪᠡᠷ᠎ᠢ᠎ᠪᠠᠨ ᠪᠠ ᠥᠷᠥᠭᠡᠯ ᠬᠣᠭᠣᠷᠣᠨᠳᠤ᠎ᠪᠠᠨ ᠬᠠᠷᠢᠯᠴᠠᠨ ᠠᠪᠤᠷᠠᠬᠤ ᠮᠡᠳᠡᠯᠭᠡ ᠮᠡᠷᠭᠡᠰᠢᠯ᠎ᠢ ᠳᠡᠯᠭᠡᠷᠡᠭᠦᠯᠦᠨ ᠲᠦᠭᠡᠮᠡᠯᠵᠢᠭᠦᠯᠵᠦ᠂ ᠣᠯᠠᠨ ᠲᠦᠮᠡᠨᠴᠢ ᠴᠢᠨᠠᠷᠲᠠᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠴᠢᠳᠠᠪᠤᠷᠢ ᠪᠠ ᠲᠦᠪᠰᠢᠨ᠎ᠢ ᠳᠡᠭᠡᠭᠰᠢᠯᠡᠭᠦᠯᠦᠨ᠂ 2030 ᠣᠨ ᠪᠤᠯᠲᠠᠯ᠎ᠠ᠂ ᠪᠥᠬᠦ ᠤᠯᠤᠰ᠎ᠤᠨ ᠳᠤᠮᠳᠠ ᠵᠡᠷᠭᠡ᠎ᠠᠴᠠ ᠳᠡᠭᠡᠭᠰᠢᠬᠢ ᠬᠠᠷᠠᠯᠲᠠ᠎ᠳᠤ ᠬᠦᠷᠦᠭᠦᠯᠦᠨ᠎ᠡ᠃ ᠵᠢᠯ ᠪᠦᠷᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠵᠢ 70 ᠲᠦᠮᠡᠨ ᠬᠥᠮᠥᠨ ᠤᠳᠠᠭ᠎ᠠ᠎ᠠᠴᠠ ᠳᠡᠭᠡᠭᠰᠢ ᠲᠦᠭᠡᠮᠡᠯᠵᠢᠭᠦᠯᠵᠦ᠂ 2030 ᠣᠨ ᠪᠣᠯᠬᠤ᠎ᠳᠤ 《ᠳᠣᠯᠣᠳᠤᠭ᠋ᠠᠷ ᠨᠡᠢ᠌ᠳᠡᠮ ᠪᠠᠢ᠌ᠴᠠᠭ᠋ᠠᠯᠲᠠ》 ᠵᠢᠨ ᠬᠥᠮᠥᠨ ᠠᠮᠠ᠎ᠳᠠᠬᠢ ᠨᠡᠶ᠋ᠢᠲᠡ ᠲᠦᠭᠡᠮᠡᠯᠵᠢᠭᠦᠯᠦᠭᠰᠡᠨ ᠨᠣᠷᠮ᠎ᠠ ᠵᠢᠨ ᠡᠵᠡᠯᠡᠬᠦ ᠬᠠᠷᠢᠴᠠᠯ᠎ᠢ 30%᠎ᠠᠴᠠ ᠳᠡᠭᠡᠭᠰᠢ᠎ᠳᠤ ᠬᠦᠷᠦᠭᠦᠯᠵᠦ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠪᠠ ᠮᠡᠷᠭᠡᠰᠢᠯ᠎ᠤᠨ ᠲᠦᠪᠰᠢᠨ᠎ᠢ ᠲᠠᠰᠤᠷᠠᠯᠲᠠ ᠦᠭᠡᠢ ᠲᠡᠬᠡᠭᠰᠢᠯᠡᠬᠦᠯᠦᠨ᠎ᠡ᠃ ᠵᠢᠯ ᠪᠦᠷᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠦᠨᠡᠮᠯᠡᠯ ᠠᠪᠬᠤ ᠬᠥᠮᠥᠨ᠎ᠤ ᠲᠣᠭ᠎ᠠ ᠵᠢ 8 ᠲᠦᠮᠡ ᠢᠯᠡᠭᠦᠦ ᠨᠡᠮᠡᠭᠳᠡᠭᠦᠯᠵᠦ᠂ 2030 ᠣᠨ ᠪᠣᠯᠬᠤ᠎ᠳᠤ᠂ 《ᠳᠣᠯᠣᠳᠤᠭ᠋ᠠᠷ ᠨᠡᠢ᠌ᠳᠡᠮ ᠪᠠᠢ᠌ᠴᠠᠭ᠋ᠠᠯᠲᠠ》 ᠵᠢᠨ ᠬᠥᠮᠥᠨ ᠠᠮᠠ᠎ᠳᠠᠬᠢ ᠦᠨᠡᠮᠯᠡᠯ ᠠᠪᠤᠭᠰᠠᠨ ᠬᠥᠮᠥᠨ᠎ᠤ ᠲᠣᠭ᠎ᠠ ᠵᠢᠨ ᠡᠵᠡᠯᠡᠬᠦ ᠬᠠᠷᠢᠴᠠᠯ᠎ᠢ 4.2%᠎ᠠᠴᠠ ᠳᠡᠭᠡᠭᠰᠢ᠎ᠳᠤ ᠬᠦᠷᠦᠭᠦᠯᠵᠦ᠂ ᠡᠮᠨᠡᠯᠭᠡ᠎ᠳᠤ ᠰᠠᠭᠤᠬᠤ᠎ᠠᠴᠠ ᠡᠮᠦᠨᠡᠬᠢ ᠲᠦᠷᠭᠡᠨ ᠠᠪᠤᠷᠠᠯᠲᠠ᠎ᠳᠤ ᠣᠷᠣᠯᠴᠠᠬᠤ ᠣᠯᠠᠨ ᠨᠡᠶ᠋ᠢᠲᠡ ᠵᠢᠨ ᠬᠠᠷᠢᠴᠠᠯ ᠪᠠ ᠰᠢᠢ᠍ᠳᠪᠦᠷᠢᠯᠡᠬᠦ ᠴᠢᠳᠠᠪᠤᠷᠢ ᠵᠢ ᠦᠷᠭᠦᠯᠵᠢᠯᠡᠨ ᠲᠡᠬᠡᠭᠰᠢᠯᠡᠬᠦᠯᠦᠨ᠎ᠡ᠃ 2030 ᠣᠨ ᠪᠤᠯᠲᠠᠯ᠎ᠠ᠂ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠲᠠᠬᠢ AED ᠮᠠᠰᠢᠨ᠎ᠢ 10 ᠲᠦᠮᠡᠨ ᠬᠥᠮᠥᠨ ᠪᠦᠷᠢ᠎ᠳᠤ 30 ᠰᠠᠤᠷᠢ ᠲᠣᠬᠢᠷᠠᠭᠤᠯᠤᠨ ᠤᠭᠰᠠᠷᠠᠵᠤ᠂ ᠬᠥᠮᠥᠨ ᠬᠠᠷ᠎ᠠ ᠣᠯᠠᠨ᠎ᠲᠠᠢ ᠣᠯᠠᠨ ᠨᠡᠶ᠋ᠢᠲᠡ ᠵᠢᠨ ᠲᠠᠯᠠᠪᠤᠷ ᠭᠠᠵᠠᠷ ᠪᠣᠯᠭ᠋ᠠᠨ᠎ᠳᠤ ᠬᠠᠮᠤᠷᠠᠭᠤᠯᠬᠤ ᠵᠢ ᠪᠡᠶᠡᠯᠡᠭᠦᠯᠦᠨ᠎ᠡ᠃ A ᠲᠠᠰ᠎ᠤᠨ ᠦᠵᠡᠮᠵᠢ ᠵᠢᠨ ᠣᠷᠣᠨ᠎ᠳᠤ ᠠᠪᠤᠷᠠᠯᠲᠠ ᠵᠢᠨ ᠥᠷᠲᠡᠭᠡ ᠪᠠᠶ᠋ᠢᠭᠤᠯᠬᠤ ᠵᠢ ᠢᠳᠡᠪᠬᠢᠲᠡᠢ ᠠᠬᠢᠭᠤᠯᠵᠤ᠂ 5A ᠲᠠᠰ᠎ᠤᠨ ᠦᠵᠡᠮᠵᠢ ᠵᠢᠨ ᠣᠷᠣᠨ ᠪᠦᠭᠦᠨ᠎ᠳᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠵᠢᠨ ᠥᠷᠲᠡᠭᠡ᠎ᠲᠠᠢ ᠪᠤᠯᠭ᠋ᠠᠬᠤ ᠵᠢ ᠪᠡᠶᠡᠯᠡᠭᠦᠯᠦᠨ᠎ᠡ᠃ ᠥᠷᠭᠡᠨ ᠣᠯᠠᠨ ᠠᠷᠠᠳ ᠲᠦᠮᠡᠨ᠎ᠢ ᠵᠣᠷᠢᠭᠵᠢᠭᠤᠯᠬᠤ ᠪᠠ ᠬᠥᠲᠥᠯᠥᠨ ᠵᠢᠯᠤᠭᠣᠳᠴᠤ ᠪᠠᠢ᠌ᠭ᠋ᠠᠳ ᠣᠯᠠᠨ ᠲᠦᠮᠡᠨᠴᠢ ᠴᠢᠨᠠᠷᠲᠠᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠳᠤ ᠣᠷᠣᠯᠴᠠᠭᠤᠯᠵᠤ᠂ 《ᠠᠪᠤᠷᠠᠯᠲᠠ ᠳᠡᠷᠭᠡᠳᠡ ᠴᠢᠨᠢ》 ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠂ 《ᠬᠥᠮᠥᠨ ᠪᠦᠭᠦᠨ ᠲᠦᠷᠭᠡᠨ ᠠᠪᠤᠷᠠᠯᠲᠠ ᠬᠢᠬᠦ ᠵᠢ ᠰᠤᠷᠤᠯᠴᠠᠵᠤ᠂ ᠲᠦᠷᠭᠡᠨ ᠠᠪᠤᠷᠠᠯᠲᠠ ᠬᠢᠬᠦ᠎ᠨᠢ ᠬᠥᠮᠥᠨ ᠪᠦᠭᠦᠨ᠎ᠤ ᠲᠥᠯᠥᠭᠡ》 ᠭᠡᠬᠦ ᠭᠦᠨ ᠵᠤᠵᠠᠭ᠋ᠠᠨ ᠠᠭᠤᠷ ᠠᠮᠢᠰᠬᠤᠯ᠎ᠢ ᠶᠡᠬᠡ᠎ᠪᠠᠷ ᠪᠣᠢ ᠪᠣᠯᠭ᠋ᠠᠵᠤ᠂ ᠢᠳᠡᠪᠬᠢ ᠬᠦᠴᠦᠨ᠎ᠢ ᠪᠠᠳᠠᠷᠠᠭᠤᠯᠤᠨ᠂ ᠰᠢᠨ᠎ᠡ ᠬᠡᠪ ᠰᠤᠷᠲᠠᠯ᠎ᠢ ᠬᠥᠲᠥᠯᠥᠨ ᠳᠠᠭ᠋ᠠᠭᠤᠯᠤᠨ᠎ᠠ᠃
ᠬᠣᠶᠠᠷ᠂ ᠭᠣᠣᠯ ᠡᠭᠦᠷᠭᠡ
(ᠨᠢᠭᠡ) 《ᠠᠪᠤᠷᠠᠯᠲᠠ ᠳᠡᠷᠭᠡᠳᠡ ᠴᠢᠨᠢ》 ᠭᠡᠬᠦ ᠲᠤᠰᠬᠠᠢ ᠠᠵᠢᠯᠯᠠᠭ᠋ᠠᠨ᠎ᠢ ᠬᠡᠷᠡᠭᠵᠢᠭᠦᠯᠦᠨ᠎ᠡ᠃
1. 《ᠠᠪᠤᠷᠠᠯᠲᠠ ᠳᠡᠷᠭᠡᠳᠡ ᠴᠢᠨᠢ • ᠰᠤᠷᠭ᠋ᠠᠭᠤᠯᠢ ᠵᠢᠨ ᠬᠦᠷᠢᠶᠡᠨ᠎ᠳᠤ ᠰᠠᠬᠢᠨ ᠬᠠᠮᠠᠭ᠋ᠠᠯᠠᠶ᠎ᠠ》 ᠭᠡᠬᠦ ᠠᠵᠢᠯᠯᠠᠭ᠋ᠠᠨ᠃ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠵᠢ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠬᠡᠪ ᠴᠢᠨᠠᠷ᠎ᠤᠨ ᠰᠤᠷᠭ᠋ᠠᠨ ᠬᠥᠮᠦᠵᠢᠯ᠎ᠳᠤ ᠣᠷᠣᠭᠤᠯᠵᠤ᠂ ᠰᠤᠷᠤᠭᠴᠢᠳ᠎ᠤᠨ ᠴᠡᠷᠢᠭ᠎ᠤᠨ ᠪᠣᠯᠪᠠᠰᠤᠷᠠᠯ᠎ᠳᠤ ᠣᠷᠣᠭᠤᠯᠤᠨ᠂ ᠶᠡᠬᠡ ᠳᠡᠭᠡᠳᠦ ᠰᠤᠷᠭ᠋ᠠᠭᠤᠯᠢ᠎ᠨᠤᠭᠤᠳ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠬᠠᠮᠢᠶ᠎ᠠ ᠪᠦᠬᠦᠢ ᠰᠣᠩᠭᠣᠨ ᠰᠤᠷᠬᠤ ᠬᠢᠴᠢᠶᠡᠯ ᠲᠣᠬᠢᠷᠠᠭᠤᠯᠬᠤ ᠵᠢᠨ ᠬᠠᠮᠲᠤ ᠰᠤᠷᠤᠯᠭ᠎ᠠ ᠵᠢᠨ ᠬᠤᠪᠢ ᠵᠢᠨ ᠬᠠᠮᠢᠶᠠᠷᠤᠯᠲᠠ᠎ᠳᠤ ᠣᠷᠣᠭᠤᠯᠬᠤ ᠵᠢ᠎ᠨᠢ ᠵᠣᠷᠢᠭᠵᠢᠭᠤᠯᠵᠤ᠂ ᠨᠥᠬᠥᠴᠡᠯ᠎ᠲᠠᠢ ᠳᠤᠮᠳᠠᠳᠤ ᠰᠤᠷᠭ᠋ᠠᠭᠤᠯᠢ᠎ᠨᠢ ᠲᠦᠷᠭᠡᠨ ᠠᠪᠤᠷᠠᠯᠲᠠ ᠬᠢᠬᠦ ᠬᠥᠮᠦᠵᠢᠯ᠎ᠢ ᠰᠤᠷᠭ᠋ᠠᠭᠤᠯᠢ ᠵᠢᠨ ᠬᠢᠴᠢᠶᠡᠯ᠎ᠤᠨ ᠳᠡᠪᠲᠡᠷ᠎ᠲᠤ᠎ᠪᠠᠨ ᠣᠷᠣᠭᠤᠯᠵᠤ ᠬᠢᠴᠢᠶᠡᠯᠯᠡᠨ᠎ᠡ᠃ ᠰᠤᠷᠭ᠋ᠠᠭᠤᠯᠢ ᠵᠢᠨ ᠡᠮᠴᠢ᠂ ᠪᠡᠶ᠎ᠡ ᠵᠢᠨ ᠲᠠᠮᠢᠷ ᠬᠢᠭᠡᠳ ᠡᠷᠡᠭᠦᠯ ᠡᠩᠬᠡ ᠵᠢᠨ ᠬᠢᠴᠢᠶᠡᠯ᠎ᠤᠨ ᠪᠠᠭᠰᠢ᠂ ᠠᠩᠭᠢ ᠵᠢᠨ ᠡᠷᠬᠢᠯᠡᠭᠴᠢ ᠵᠡᠷᠭᠡ ᠭᠣᠣᠯᠳᠠᠯᠭ᠎ᠠ᠎ᠲᠠᠢ ᠪᠠᠭᠰᠢ ᠠᠵᠢᠯᠲᠠᠨ ᠠᠵᠢᠯᠴᠢᠳ᠎ᠲᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠬᠤ ᠪᠣᠯᠪᠠᠰᠤᠷᠠᠯ ᠥᠷᠨᠢᠭᠦᠯᠵᠦ᠂ 2030 ᠣᠨ ᠪᠣᠯᠬᠤ᠎ᠳᠤ ᠦᠨᠡᠮᠯᠡᠯ ᠠᠪᠤᠭᠰᠠᠨ ᠬᠠᠷᠢᠴᠠᠯ᠎ᠢ 30%᠎ᠠᠴᠠ ᠳᠡᠭᠡᠭᠰᠢ᠎ᠳᠤ ᠬᠦᠷᠦᠭᠦᠯᠦᠨ᠎ᠡ᠃ ᠪᠠᠭᠰᠢ ᠠᠵᠢᠯᠲᠠᠨ ᠠᠵᠢᠯᠴᠢᠳ᠎ᠲᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠠᠯ᠎ᠠ᠎ᠪᠠᠷ᠎ᠬᠢ ᠪᠠᠭᠰᠢ ᠨᠠᠷ᠎ᠤᠨ ᠪᠣᠯᠪᠠᠰᠤᠷᠠᠯ ᠥᠷᠨᠢᠭᠦᠯᠬᠦ᠎ᠪᠠᠨ ᠴᠢᠩᠭ᠋ᠠᠳᠬᠠᠨ᠂ ᠶᠡᠬᠡ ᠳᠡᠭᠡᠳᠦ ᠰᠤᠷᠭ᠋ᠠᠭᠤᠯᠢ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ᠎ᠳᠤ ᠠᠳᠠᠭ᠎ᠲᠤ᠎ᠪᠠᠨ 1 ᠲᠤᠰᠬᠠᠢ (ᠬᠠᠪᠰᠤᠷᠭ᠋ᠠᠭᠰᠠᠨ) ᠲᠤᠰᠢᠶᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠠᠭᠰᠢ᠎ᠲᠠᠢ ᠪᠤᠯᠭ᠋ᠠᠬᠤ᠎ᠪᠠᠷ ᠬᠦᠴᠦᠯᠡᠨ ᠴᠢᠷᠮᠠᠢ᠌ᠨ᠎ᠠ᠃ ᠲᠦᠷᠭᠡᠨ ᠠᠪᠤᠷᠠᠯᠲᠠ ᠵᠢᠨ ᠬᠥᠮᠦᠵᠢᠯ᠎ᠤᠨ ᠲᠤᠷᠰᠢᠯᠲᠠ ᠵᠢᠨ ᠴᠡᠭ᠎ᠤᠨ ᠰᠤᠷᠭ᠋ᠠᠭᠤᠯᠢ᠂ ᠰᠢᠶᠠᠩ ᠪᠠᠯᠭ᠋ᠠᠰᠤᠨ᠎ᠤ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠶᠤᠯ᠎ᠠᠴᠠ ᠵᠠᠢ᠌ᠯᠠᠬᠤ ᠲᠠᠯᠠᠪᠤᠷ ᠭᠠᠵᠠᠷ᠎ᠤᠨ ᠴᠡᠭ ᠲᠣᠭᠲᠠᠭ᠋ᠠᠭᠰᠠᠨ ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ ᠵᠡᠷᠭᠡ᠎ᠲᠠᠢ ᠤᠶᠠᠯᠳᠤᠭᠤᠯᠤᠨ ᠡᠮᠴᠢᠯᠡᠭᠡᠨ᠎ᠤ ᠲᠦᠷᠭᠡᠨ ᠠᠪᠤᠷᠠᠯᠳᠠ ᠬᠢᠬᠦ ᠲᠥᠬᠦᠭᠡᠷᠦᠮᠵᠢ ᠵᠢ ᠲᠣᠬᠢᠷᠠᠭᠤᠯᠵᠤ᠂ ᠤᠯᠠᠭ᠋ᠠᠨ ᠵᠠᠭ᠋ᠠᠯᠮᠠᠶ᠋ᠢᠲᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠡᠶᠡᠴᠢᠯᠡᠨ ᠣᠢ᠌ᠯᠠᠭ᠋ᠠᠬᠤ ᠣᠷᠳᠣᠨ᠂ ᠲᠦᠭᠡᠮᠡᠯ ᠬᠠᠢ᠌ᠷ᠎ᠠ ᠵᠢᠨ ᠰᠤᠷᠭ᠋ᠠᠭᠤᠯᠢ ᠵᠢᠨ ᠡᠮᠴᠢ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠤᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠣᠬᠢᠶᠠᠨ ᠪᠠᠶ᠋ᠢᠭᠤᠯᠬᠤ ᠵᠢ ᠵᠣᠷᠢᠭᠵᠢᠭᠤᠯᠤᠨ ᠳᠠᠮᠵᠢᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠣᠷᠢᠯᠲᠠ ᠥᠷᠨᠢᠭᠦᠯᠦᠨ᠂ ᠰᠤᠷᠭ᠋ᠠᠭᠤᠯᠢ ᠵᠢᠨ ᠬᠦᠷᠢᠶᠡᠨ ᠤᠬᠢᠨᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠴᠢᠳᠠᠪᠤᠷᠢ ᠵᠢ ᠲᠡᠬᠡᠭᠰᠢᠯᠡᠬᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠠᠷᠢᠭᠤᠴᠠᠨ᠎ᠠ᠂ ᠲᠡᠷᠢᠭᠦᠨ᠎ᠳᠤ ᠵᠢᠭᠰᠠᠭ᠋ᠠᠭᠳᠠᠭᠰᠠᠨ᠎ᠨᠢ ᠲᠦᠷᠦᠭᠦᠯᠡᠨ ᠬᠢᠬᠦ ᠨᠢᠭᠡᠴᠢ ᠪᠣᠯᠣᠨ᠎ᠠ᠂ ᠳᠣᠷᠣᠭᠰᠢ ᠠᠳᠠᠯᠢ)
2. 《ᠠᠪᠤᠷᠠᠯᠲᠠ ᠳᠡᠷᠭᠡᠳᠡ ᠴᠢᠨᠢ • ᠵᠠᠮ ᠬᠠᠷᠢᠯᠴᠠᠭ᠎ᠠ ᠬᠠᠨᠢ ᠪᠣᠯᠣᠶ᠎ᠠ》 ᠭᠡᠬᠦ ᠠᠵᠢᠯᠯᠠᠭ᠋ᠠᠨ᠃ ᠲᠦᠷᠢᠶᠡᠰᠦᠨ ᠮᠠᠰᠢᠨ ᠲᠡᠷᠭᠡ ᠵᠡᠷᠭᠡ ᠡᠵᠡᠩᠨᠡᠯᠲᠡ ᠵᠢᠨ ᠲᠡᠷᠭᠡ ᠬᠥᠰᠬᠡ ᠵᠢᠨ ᠵᠢᠯᠣᠭᠣᠴᠢ᠂ ᠠᠶᠠᠨᠴᠢᠳ᠎ᠤᠨ ᠤᠷᠤᠰᠬᠠᠯ ᠶᠡᠬᠡᠲᠡᠢ ᠲᠡᠭᠡᠭᠡᠪᠦᠷᠢ ᠵᠢᠨ ᠲᠠᠯᠠᠪᠤᠷ ᠥᠷᠲᠡᠭᠡ ᠵᠢᠨ ᠠᠵᠢᠯᠲᠠᠨ ᠪᠠ ᠵᠠᠮ ᠬᠠᠷᠢᠯᠴᠠᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠂ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠡᠩᠨᠡᠭᠡ᠎ᠳᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠂ ᠨᠢᠭᠡᠳᠦᠭᠡᠷ ᠹᠷᠣᠨᠲ᠎ᠤᠨ ᠠᠵᠢᠯᠲᠠᠨ ᠪᠦᠬᠦᠨ᠎ᠢ ᠬᠠᠮᠤᠷᠬᠤ᠎ᠪᠠᠷ ᠬᠦᠴᠦᠯᠡᠨ ᠴᠢᠷᠮᠠᠢ᠌ᠵᠤ᠂ 2030 ᠣᠨ ᠪᠣᠯᠬᠤ᠎ᠳᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠤᠭᠰᠠᠨ ᠨᠣᠷᠮ᠎ᠠ ᠵᠢ 30%᠎ᠠᠴᠠ ᠳᠣᠣᠷ᠎ᠠ ᠦᠭᠡᠢ ᠪᠣᠯᠭ᠋ᠠᠨ᠎ᠠ᠃ ᠵᠢᠯᠣᠭᠣᠴᠢ ᠵᠢᠨ ᠰᠤᠷᠭ᠋ᠠᠭᠤᠯᠢ᠎ᠨᠤᠭᠤᠳ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠢ ᠪᠣᠯᠪᠠᠰᠤᠷᠠᠯ᠎ᠤᠨ ᠰᠢᠯᠭ᠋ᠠᠬᠤ ᠠᠭᠤᠯᠭ᠎ᠠ᠎ᠳᠤ᠎ᠪᠠᠨ ᠣᠷᠣᠭᠤᠯᠬᠤ ᠵᠢ᠎ᠨᠢ ᠵᠣᠷᠢᠭᠵᠢᠭᠤᠯᠵᠤ᠂ ᠰᠢᠨ᠎ᠡ᠎ᠪᠠᠷ ᠵᠢᠯᠣᠭᠣᠴᠢ ᠵᠢᠨ ᠦᠨᠡᠮᠯᠡᠯ ᠭᠠᠷᠳᠠᠵᠦ ᠪᠠᠢ᠌ᠭ᠎ᠠ ᠬᠥᠮᠥᠰ᠎ᠲᠤ ᠬᠠᠨᠳᠤᠭᠤᠯᠤᠭᠰᠠᠨ ᠪᠣᠯᠪᠠᠰᠤᠷᠠᠯ ᠪᠦᠭᠦᠨ᠎ᠳᠤ ᠬᠠᠮᠤᠷᠤᠭᠤᠯᠬᠤ᠎ᠪᠠᠷ ᠬᠦᠴᠦᠯᠡᠨ ᠴᠢᠷᠮᠠᠢ᠌ᠨ᠎ᠠ᠃ ᠠᠢ᠌ᠮᠠᠭ ᠬᠣᠲᠠ ᠵᠢᠨ ᠪᠠᠢ᠌ᠭ᠎ᠠ ᠭᠠᠵᠠᠷ᠎ᠤᠨ ᠭᠣᠣᠯ ᠪᠣᠯᠬᠤ ᠲᠦᠷᠭᠡᠨ᠎ᠤ ᠲᠡᠮᠦᠷ ᠵᠠᠮ᠎ᠤᠨ ᠥᠷᠲᠡᠭᠡ᠂ ᠠᠶᠠᠨᠴᠢᠳ᠎ᠤᠨ ᠲᠡᠭᠡᠭᠡᠪᠦᠷᠢ ᠵᠢᠨ ᠬᠦᠢ᠍ᠰᠦ᠂ ᠬᠣᠲᠠ ᠵᠢᠨ ᠵᠢᠮᠲᠦ ᠵᠠᠮ ᠬᠠᠷᠢᠯᠴᠠᠭ᠎ᠠ ᠵᠡᠷᠭᠡ ᠥᠷᠲᠡᠭᠡ ᠴᠡᠭ᠎ᠲᠤ ᠡᠮᠴᠢᠯᠡᠭᠡᠨ᠎ᠤ ᠲᠦᠷᠭᠡᠨ ᠠᠪᠤᠷᠠᠯᠲᠠ ᠬᠢᠬᠦ ᠲᠥᠬᠦᠭᠡᠷᠦᠮᠵᠢ ᠵᠢ ᠪᠦᠬᠦ ᠲᠠᠯ᠎ᠠ᠎ᠪᠠᠷ ᠪᠠᠢ᠌ᠷᠢᠯᠠᠭᠤᠯᠬᠤ ᠵᠢᠨ ᠬᠠᠮᠲᠤ᠂ ᠬᠣᠰᠢᠭᠤ ᠰᠢᠶᠠᠨ (ᠬᠣᠲᠠ᠂ ᠲᠣᠭᠣᠷᠢᠭ)᠎ᠳᠤ ᠠᠯᠬᠤᠮ ᠠᠯᠬᠤᠮ ᠵᠶ᠋ᠠᠷ ᠳᠡᠯᠭᠡᠷᠡᠭᠦᠯᠦᠨ᠎ᠡ᠃ ᠵᠠᠮ ᠲᠡᠭᠡᠭᠡᠪᠦᠷᠢ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ ᠵᠡᠷᠭᠡ᠎ᠳᠤ ᠠᠵᠢᠯᠯᠠᠭᠰᠠᠳ ᠪᠠ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠡᠩᠨᠡᠭᠡ᠎ᠳᠤ ᠤᠯᠠᠭ᠋ᠠᠨ ᠵᠠᠭ᠋ᠠᠯᠮᠠᠶ᠋ᠢᠲᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠠᠢ᠌ᠨ ᠳᠤᠷ᠎ᠠ ᠵᠢᠨ ᠡᠩᠨᠡᠭᠡ ᠵᠢ ᠵᠣᠬᠢᠶᠠᠨ ᠪᠠᠢ᠌ᠭᠤᠯᠵᠤ᠂ ᠴᠢᠬᠤᠯᠠ ᠶᠡᠬᠡ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠠᠢ᠌ᠨ ᠳᠤᠷ᠎ᠠ ᠵᠢᠨ ᠦᠢ᠍ᠯᠡᠴᠢᠯᠡᠭᠡ᠎ᠳᠤ ᠢᠳᠡᠪᠬᠢᠲᠡᠢ ᠣᠷᠣᠯᠴᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠥᠪᠥᠷ ᠮᠣᠩᠭᠣᠯ᠎ᠳᠠᠬᠢ ᠠᠶᠤᠯ ᠦᠭᠡᠢ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠦᠯᠦᠭᠯᠡᠯ᠎ᠳᠦ ᠺᠣᠮᠫᠠᠨᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ ᠵᠢᠨ ᠪᠦᠯᠦᠭᠯᠡᠯ᠎ᠳᠦ ᠬᠢᠵᠠᠭ᠋ᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠠᠷᠢᠭᠤᠴᠠᠨ᠎ᠠ)
3. 《ᠠᠪᠤᠷᠠᠯᠲᠠ ᠳᠡᠷᠭᠡᠳᠡ ᠴᠢᠨᠢ • ᠪᠠᠢ᠌ᠭᠤᠯᠭ᠎ᠠ ᠤᠷᠢᠳ ᠵᠶ᠋ᠠᠷ ᠬᠥᠳᠡᠯᠦᠯᠴᠡᠶ᠎ᠡ》 ᠭᠡᠬᠦ ᠠᠵᠢᠯᠯᠠᠭ᠋ᠠᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠤᠬᠠᠭᠤᠯᠬᠤ ᠬᠡᠯᠲᠡᠰ᠎ᠲᠠᠢ ᠬᠠᠮᠲᠤᠷᠠᠯᠴᠠᠨ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠵᠢ ᠠᠯᠪᠠᠲᠠᠨ᠎ᠤ ᠠᠩᠬᠠᠨ᠎ᠤ ᠲᠤᠰᠢᠶᠠᠯ᠎ᠳᠤ ᠭᠠᠷᠬᠤ ᠪᠣᠯᠪᠠᠰᠤᠷᠠᠯ᠂ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠺᠠᠳ᠋ᠷ᠎ᠤᠨ ᠪᠣᠯᠪᠠᠰᠤᠷᠠᠯ᠂ ᠨᠡᠢ᠌ᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠭᠣᠣᠯ ᠴᠣᠭᠴᠠᠲᠤ ᠠᠩᠭᠢ ᠤᠳᠠᠭ᠎ᠠ ᠵᠢᠨ ᠵᠢᠭ᠋ᠠᠨ ᠰᠤᠷᠭ᠋ᠠᠯᠲᠠ ᠪᠠ ᠰᠦᠯᠵᠢᠶᠡᠨ᠎ᠤ ᠳᠡᠭᠡᠳᠦ ᠰᠤᠷᠭ᠋ᠠᠭᠤᠯᠢ ᠵᠢᠨ ᠰᠤᠷᠤᠯᠴᠠᠬᠤ ᠠᠭᠤᠯᠭ᠎ᠠ᠎ᠳᠤ ᠤᠷᠤᠭᠤᠯᠬᠤ ᠲᠠᠯ᠎ᠠ᠎ᠪᠠᠷ ᠰᠦᠪᠡᠭᠴᠢᠯᠡᠯᠲᠡ ᠬᠢᠵᠦ᠂ 《ᠰᠤᠷᠤᠯᠴᠠᠯᠭ᠎ᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ》 ᠥᠪᠥᠷ ᠮᠣᠩᠭᠣᠯ᠎ᠤᠨ ᠲᠠᠪᠴᠠᠩ᠎ᠳᠤ ᠳᠡᠯᠭᠡᠨ ᠦᠵᠡᠭᠦᠯᠵᠦ᠂ ᠪᠠᠢ᠌ᠭᠤᠯᠭ᠎ᠠ ᠵᠢᠨ ᠺᠠᠳ᠋ᠷᠴᠤᠳ᠎ᠲᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠵᠢ ᠲᠦᠭᠡᠮᠡᠯᠵᠢᠭᠦᠯᠦᠨ᠂ ᠥᠪᠡᠷ᠎ᠢ᠎ᠪᠠᠨ ᠪᠠ ᠥᠷᠥᠭᠡᠯ ᠬᠣᠭᠣᠷᠣᠨᠳᠤ᠎ᠪᠠᠨ ᠬᠠᠷᠢᠯᠴᠠᠨ ᠠᠪᠤᠷᠠᠬᠤ ᠮᠡᠷᠭᠡᠰᠢᠯ᠎ᠢ᠎ᠨᠢ ᠳᠡᠭᠡᠭᠰᠢᠯᠡᠭᠦᠯᠦᠨ᠎ᠡ᠃ ᠨᠠᠮ ᠵᠠᠰᠠᠭ᠎ᠤᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ᠎ᠨᠦᠭᠦᠳ᠎ᠢ ᠵᠢᠯ ᠪᠦᠷᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠡᠷᠬᠢᠯᠡᠬᠦᠯᠬᠦ᠎ᠪᠠᠷ ᠰᠠᠨᠠᠭ᠋ᠠᠴᠢᠯᠠᠬᠤ ᠵᠢᠨ ᠬᠠᠮᠲᠤ᠂ ᠪᠣᠯᠪᠠᠰᠤᠷᠠᠯ᠎ᠤᠨ ᠬᠠᠮᠤᠷᠬᠤ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠨᠠᠮ᠎ᠤᠨ ᠬᠣᠷᠢᠶᠠᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠶ᠎ᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠬᠠᠷᠢᠭᠤᠴᠠᠨ᠎ᠠ)
4. 《ᠠᠪᠤᠷᠠᠯᠲᠠ ᠳᠡᠷᠭᠡᠳᠡ ᠴᠢᠨᠢ • ᠦᠵᠡᠮᠵᠢ ᠵᠢᠨ ᠣᠷᠣᠨ᠎ᠳᠤ ᠰᠠᠬᠢᠨ ᠬᠠᠮᠠᠭ᠋ᠠᠯᠠᠶ᠎ᠠ》 ᠭᠡᠬᠦ ᠠᠵᠢᠯᠯᠠᠭ᠋ᠠᠨ᠃ A ᠲᠠᠰ᠎ᠤᠨ ᠦᠵᠡᠮᠵᠢ ᠵᠢᠨ ᠣᠷᠣᠨ᠎ᠤ ᠠᠵᠢᠯᠲᠠᠨ᠂ ᠵᠢᠭᠤᠯᠴᠢᠯᠠᠯ᠎ᠤᠨ ᠭᠠᠵᠠᠷ᠎ᠤᠨ ᠵᠢᠭᠤᠯᠴᠢᠯᠠᠯ᠎ᠤᠨ ᠬᠥᠲᠥᠴᠢ᠎ᠳᠤ ᠬᠠᠨᠳᠤᠭᠤᠯᠵᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠵᠢ ᠠᠬᠢᠭᠤᠯᠵᠤ᠂ ᠦᠵᠡᠮᠵᠢ ᠵᠢᠨ ᠣᠷᠣᠨ᠎ᠤ ᠠᠵᠢᠯᠲᠠᠨ᠂ ᠵᠢᠭᠤᠯᠴᠢᠯᠠᠯ᠎ᠤᠨ ᠭᠠᠵᠠᠷ᠎ᠤᠨ ᠵᠢᠭᠤᠯᠴᠢᠯᠠᠯ᠎ᠤᠨ ᠬᠥᠲᠥᠴᠢ ᠵᠢᠨ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠭᠠᠷᠳᠠᠬᠤ ᠬᠠᠷᠢᠴᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯᠯᠠᠭ᠎ᠠ ᠵᠢ ᠦᠵᠡᠮᠵᠢ ᠵᠢᠨ ᠣᠷᠣᠨ᠎ᠳᠤ ᠣᠷᠣᠭᠤᠯᠬᠤ ᠵᠢ ᠠᠬᠢᠭᠤᠯᠵᠤ᠂ ᠪᠦᠬᠦ ᠣᠷᠣᠨ᠎ᠤ 3A ᠳᠡᠰ᠎ᠠᠴᠠ ᠳᠡᠭᠡᠭᠰᠢᠬᠢ ᠦᠵᠡᠮᠵᠢ ᠵᠢᠨ ᠣᠷᠣᠨ ᠪᠦᠭᠦᠨ᠎ᠳᠤ AED ᠮᠠᠰᠢᠨ ᠲᠣᠬᠢᠷᠠᠭᠤᠯᠤᠨ ᠤᠭᠰᠠᠷᠠᠬᠤ ᠵᠢ ᠪᠡᠶᠡᠯᠡᠭᠦᠯᠦᠨ᠂ ᠨᠥᠬᠥᠴᠡᠯ᠎ᠲᠠᠢ 4A ᠲᠠᠰ᠎ᠤᠨ ᠦᠵᠡᠮᠵᠢ ᠵᠢᠨ ᠣᠷᠣᠨ᠎ᠳᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠵᠢᠨ ᠥᠷᠳᠡᠭᠡ ᠪᠠᠶ᠋ᠢᠭᠤᠯᠬᠤ ᠵᠢ ᠠᠬᠢᠭᠤᠯᠵᠤ᠂ 5A ᠲᠠᠰ᠎ᠤᠨ ᠦᠵᠡᠮᠵᠢ ᠵᠢᠨ ᠣᠷᠣᠨ ᠪᠦᠭᠦᠨ᠎ᠳᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠵᠢᠨ ᠥᠷᠲᠡᠭᠡ᠎ᠲᠠᠢ ᠪᠣᠯᠭ᠋ᠠᠬᠤ ᠵᠢ ᠪᠡᠶᠡᠯᠡᠭᠦᠯᠦᠨ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠠᠢ᠌ᠨ ᠲᠤᠷᠠᠴᠤᠳ᠎ᠤᠨ ᠡᠩᠨᠡᠭᠡ ᠵᠢ ᠪᠦᠷᠢᠨᠰᠢᠭᠦᠯᠵᠦ᠂ ᠤᠰᠤᠨ᠎ᠳᠤ ᠴᠠᠴᠠᠬᠤ ᠦᠵᠡᠭᠳᠡᠯ ᠠᠮᠠᠷᠬᠠᠨ ᠡᠭᠦᠰᠬᠦ ᠭᠣᠣᠯᠳᠠᠯᠭ᠎ᠠ᠎ᠲᠠᠢ ᠣᠷᠣᠨ ᠪᠦᠰᠡ᠎ᠳᠤ ᠤᠰᠤᠨ᠎ᠳᠤ ᠴᠠᠴᠠᠬᠤ ᠵᠢ ᠪᠣᠯᠭᠣᠮᠵᠢᠯᠠᠨ ᠰᠡᠷᠭᠡᠢ᠌ᠯᠡᠬᠦ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠢ ᠬᠡᠷᠡᠭᠵᠢᠭᠦᠯᠵᠦ᠂ 《ᠦᠵᠡᠮᠵᠢ ᠵᠢᠨ ᠣᠷᠣᠨ᠎ᠤ ᠠᠪᠤᠷᠠᠯᠲᠠ ᠵᠢᠨ ᠥᠷᠲᠡᠭᠡ + ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠰᠠᠭᠤᠷᠢᠨ》᠎ᠤ ᠠᠵᠢᠯ᠎ᠤᠨ ᠵᠠᠭᠪᠤᠷ᠎ᠢ ᠢᠳᠡᠪᠬᠢᠲᠡᠢ ᠪᠤᠢ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠲᠤᠰ ᠲᠤᠰ ᠲᠦᠷᠦᠭᠦᠯᠡᠨ ᠬᠠᠷᠢᠭᠤᠴᠠᠨ᠎ᠠ)
5. 《ᠠᠪᠤᠷᠠᠯᠲᠠ ᠳᠡᠷᠭᠡᠳᠡ ᠴᠢᠨᠢ • ᠠᠶᠤᠯ ᠦᠭᠡᠢ ᠦᠢ᠍ᠯᠡᠳᠪᠦᠷᠢᠯᠡᠶᠡ》 ᠭᠡᠬᠦ ᠠᠵᠢᠯᠯᠠᠭ᠋ᠠᠨ᠃ ᠤᠯᠠᠭ᠋ᠠᠨ ᠵᠠᠭ᠋ᠠᠯᠮᠠᠶ᠋ᠢᠲᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠢ ᠠᠭᠤᠷᠬᠠᠢ᠂ ᠡᠨᠧᠷᠭᠢ᠂ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠳ ᠲᠡᠢ᠌ᠰᠢ ᠬᠡᠯᠪᠡᠢ᠌ᠯᠭᠡᠵᠦ᠂ ᠠᠶᠤᠯ ᠶᠡᠬᠡᠲᠡᠢ ᠪᠠ ᠭᠣᠣᠯᠳᠠᠯᠭ᠎ᠠ᠎ᠲᠠᠢ ᠠᠵᠢᠯ᠎ᠤᠨ ᠪᠠᠢ᠌ᠷᠢᠨ᠎ᠳᠠᠬᠢ ᠠᠵᠢᠯᠯᠠᠭᠰᠠᠳ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠬᠤ ᠬᠠᠷᠢᠴᠠᠯ᠎ᠢ ᠠᠯᠬᠤᠮ ᠠᠯᠬᠤᠮ ᠵᠶ᠋ᠠᠷ ᠨᠡᠮᠡᠭᠳᠡᠭᠦᠯᠦᠨ᠎ᠡ᠃ 《ᠠᠶᠤᠯ ᠦᠭᠡᠢ ᠦᠢ᠍ᠯᠡᠳᠪᠦᠷᠢᠯᠡᠯ᠎ᠤᠨ ᠰᠠᠷ᠎ᠠ》 ᠵᠡᠷᠭᠡ ᠴᠠᠭ ᠬᠤᠭᠤᠴᠠᠭ᠎ᠠ᠎ᠲᠠᠢ ᠤᠶᠠᠯᠳᠤᠭᠤᠯᠤᠨ ᠪᠣᠯᠪᠠᠰᠤᠷᠠᠯ ᠪᠠ ᠰᠣᠷᠢᠯᠲᠠ ᠥᠷᠨᠢᠭᠦᠯᠵᠦ᠂ ᠠᠵᠤ ᠠᠬᠤᠢ᠌ᠯᠠᠯ᠎ᠤᠨ ᠠᠵᠢᠯ ᠡᠷᠬᠢᠯᠡᠭᠰᠡᠳ᠎ᠤᠨ ᠠᠮᠤᠷ ᠲᠦᠪᠰᠢᠨ᠎ᠤ ᠤᠬᠠᠮᠰᠠᠷ ᠵᠢᠴᠢ ᠥᠪᠡᠷ᠎ᠢ᠎ᠪᠠᠨ ᠪᠠ ᠥᠷᠥᠭᠡᠯ ᠬᠣᠭᠣᠷᠣᠨᠳᠤ᠎ᠪᠠᠨ ᠬᠠᠷᠢᠯᠴᠠᠨ ᠠᠪᠤᠷᠠᠬᠤ ᠮᠡᠷᠭᠡᠰᠢᠯ᠎ᠢ᠎ᠨᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠠᠵᠢᠯᠴᠢᠨ᠎ᠤ ᠶᠡᠷᠦᠩᠬᠡᠢ ᠡᠪᠯᠡᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠢ᠌ᠴᠠᠭ᠋ᠠᠬᠤ ᠲᠣᠪᠴᠢᠶ᠎ᠠ ᠵᠢᠨ ᠥᠪᠥᠷ ᠮᠣᠩᠭᠣᠯ᠎ᠳᠠᠬᠢ ᠲᠣᠪᠴᠢᠶ᠎ᠠ ᠬᠠᠷᠢᠭᠤᠴᠠᠨ᠎ᠠ)
6. 《ᠠᠪᠤᠷᠠᠯᠲᠠ ᠳᠡᠷᠭᠡᠳᠡ ᠴᠢᠨᠢ • ᠪᠡᠶ᠎ᠡ ᠵᠢᠨ ᠲᠠᠮᠢᠷ ᠬᠠᠨᠢ ᠪᠣᠯᠣᠶ᠎ᠠ》 ᠭᠡᠬᠦ ᠠᠵᠢᠯᠯᠠᠭ᠋ᠠᠨ᠃ ᠪᠡᠶ᠎ᠡ ᠵᠢᠨ ᠲᠠᠮᠢᠷ᠎ᠤᠨ ᠲᠠᠯᠠᠪᠤᠷ (ᠣᠷᠳᠣᠨ)᠎ᠲᠠᠬᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠡᠯᠡᠳᠬᠡᠮᠵᠢ ᠲᠥᠬᠦᠭᠡᠷᠦᠮᠵᠢ ᠵᠢᠨ ᠲᠣᠬᠢᠷᠠᠭᠤᠯᠤᠯᠲᠠ ᠵᠢ ᠲᠡᠭᠦᠯᠳᠡᠷᠵᠢᠭᠦᠯᠵᠦ᠂ ᠲᠠᠯᠠᠪᠤᠷ ᠣᠷᠳᠣᠨ᠎ᠤ ᠠᠵᠢᠯᠲᠠᠳ᠂ ᠲᠠᠮᠢᠷ᠎ᠤᠨ ᠠᠩᠭᠢ ᠵᠢᠨ ᠰᠢᠯᠢᠳᠡᠭ ᠳᠠᠰᠬᠠᠯᠵᠢᠭᠤᠯᠤᠭᠴᠢ ᠪᠠ ᠲᠠᠮᠢᠷᠴᠢᠨ ᠵᠢᠴᠢ ᠲᠤᠰᠠᠯᠠᠬᠤ ᠠᠵᠢᠯᠲᠠᠳ᠎ᠲᠤ ᠬᠠᠨᠳᠤᠭᠤᠯᠵᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠦᠨ᠂ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠬᠤ ᠬᠠᠷᠢᠴᠠᠯ᠎ᠢ ᠦᠷᠭᠦᠯᠵᠢᠯᠡᠨ ᠳᠡᠬᠡᠭᠰᠢᠯᠡᠬᠦᠯᠦᠨ᠎ᠡ᠃ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠷᠭᠡᠰᠢᠯ᠎ᠲᠠᠢ ᠲᠤᠰᠬᠠᠢ ᠮᠡᠷᠭᠡᠵᠢᠯ᠎ᠤᠨ ᠰᠠᠢ᠌ᠨ ᠳᠤᠷᠠᠴᠤᠳ᠎ᠢ ᠴᠢᠬᠤᠯᠠ ᠶᠡᠬᠡ ᠤᠷᠤᠯᠳᠤᠭ᠋ᠠᠨ ᠪᠠ ᠠᠵᠢᠯᠯᠠᠭ᠎ᠠ᠎ᠳᠠᠬᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠠᠯᠠᠮᠵᠢ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠳᠤ ᠤᠷᠤᠯᠴᠠᠭᠤᠯᠬᠤ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠡᠷᠡᠭᠦᠯ ᠡᠩᠬᠡ ᠥᠪᠥᠷ ᠮᠣᠩᠭᠣᠯ᠎ᠤᠨ ᠠᠵᠢᠯᠯᠠᠭ᠋ᠠᠨ᠎ᠢ ᠠᠬᠢᠭᠤᠯᠬᠤ ᠵᠥᠪᠯᠡᠯ᠎ᠤᠨ ᠠᠯᠪᠠᠨ ᠭᠡᠷ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠠᠷᠢᠭᠤᠴᠠᠨ᠎ᠠ)
7. 《ᠠᠪᠤᠷᠠᠯᠲᠠ ᠳᠡᠷᠭᠡᠳᠡ ᠴᠢᠨᠢ • ᠰᠠᠢ᠌ᠨ ᠳᠤᠷ᠎ᠠ ᠵᠢᠨ ᠦᠢ᠍ᠯᠡᠴᠢᠯᠡᠭᠡ ᠬᠠᠮᠲᠤ ᠠᠶᠠᠯᠠᠶ᠎ᠠ》 ᠭᠡᠬᠦ ᠠᠵᠢᠯᠯᠠᠭ᠋ᠠᠨ᠃ ᠡᠷᠡᠭᠦᠯ ᠡᠩᠬᠡ ᠳᠤᠮᠳᠠᠳᠤ ᠤᠯᠤᠰ᠂ ᠡᠷᠡᠭᠦᠯ ᠡᠩᠬᠡ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠰᠠᠢ᠌ᠨ ᠳᠤᠷ᠎ᠠ ᠵᠢᠨ ᠦᠢ᠍ᠯᠡᠴᠢᠯᠡᠭᠡ ᠵᠢ ᠠᠬᠢᠭᠤᠯᠵᠤ᠂ ᠴᠢᠬᠤᠯᠠ ᠪᠠᠶᠠᠷ ᠳᠤᠷᠠᠰᠬᠠᠯ᠎ᠤᠨ ᠡᠳᠦᠷ ᠵᠡᠷᠭᠡ ᠲᠣᠬᠢᠶᠠᠯ᠎ᠢ ᠠᠮᠵᠢᠭᠤᠯᠤᠨ᠂ ᠰᠢᠷᠢᠰ ᠭᠣᠣᠯ ᠰᠡᠳᠦᠪᠲᠦ ᠤᠬᠠᠭᠤᠯᠭ᠎ᠠ ᠪᠠ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠵᠢ ᠴᠤᠤᠷᠢᠶᠠᠳᠠᠨ ᠳᠠᠭ᠋ᠠᠬᠤ ᠪᠠ ᠣᠯᠠᠨ ᠲᠦᠮᠡᠨ᠎ᠤ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠨ ᠰᠢᠢ᠍ᠳᠪᠦᠷᠢᠯᠡᠵᠦ ᠥᠪᠡᠷ᠎ᠢ᠎ᠪᠠᠨ ᠪᠠ ᠥᠷᠥᠭᠡᠯ ᠬᠣᠭᠣᠷᠣᠨᠳᠤ᠎ᠪᠠᠨ ᠬᠠᠷᠢᠯᠴᠠᠨ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢ᠌ᠭᠡᠮ᠎ᠤᠨ ᠠᠵᠢᠯ᠎ᠤᠨ ᠬᠡᠯᠲᠡᠰ᠂ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠎ᠲᠠᠢ ᠬᠠᠮᠲᠤᠷᠠᠨ 《ᠠᠪᠤᠷᠠᠯᠲᠠ ᠳᠡᠷᠭᠡᠳᠡ ᠴᠢᠨᠢ》 ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠨᠠᠷᠠᠲᠤ ᠲᠡᠮᠳᠡᠭ᠎ᠢ ᠪᠣᠶ ᠪᠣᠯᠭ᠋ᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠢ 《ᠪᠣᠯᠪᠠᠰᠤᠨ ᠰᠤᠷᠲᠠᠯ᠎ᠢ ᠤᠯᠠᠮᠵᠢᠯᠠᠨ• ᠠᠮᠢ ᠨᠠᠰᠤ ᠵᠢ ᠬᠠᠮᠠᠭ᠋ᠠᠯᠠᠰᠤᠭ᠋ᠠᠢ》 ᠭᠣᠣᠯ ᠰᠡᠳᠦᠪᠲᠦ ᠠᠵᠢᠯᠯᠠᠭ᠎ᠠ᠎ᠳᠤ ᠣᠷᠣᠭᠤᠯᠤᠨ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠠᠢ᠌ᠨ ᠳᠤᠷ᠎ᠠ ᠵᠢᠨ ᠦᠢ᠍ᠯᠡᠴᠢᠯᠡᠭᠡ ᠥᠷᠨᠢᠭᠦᠯᠬᠦ᠎ᠳᠤ᠎ᠨᠢ ᠳᠡᠮᠵᠢᠯᠭᠡ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠡᠷᠡᠭᠦᠯ ᠡᠩᠬᠡ ᠥᠪᠥᠷ ᠮᠣᠩᠭᠣᠯ᠎ᠤᠨ ᠠᠵᠢᠯᠯᠠᠭ᠋ᠠᠨ᠎ᠢ ᠠᠬᠢᠭᠤᠯᠬᠤ ᠵᠥᠪᠯᠡᠯ᠎ᠤᠨ ᠠᠯᠪᠠᠨ ᠭᠡᠷ ᠬᠠᠷᠢᠭᠤᠴᠠᠨ᠎ᠠ)
8. 《ᠠᠪᠤᠷᠠᠯᠲᠠ ᠳᠡᠷᠭᠡᠳᠡ ᠴᠢᠨᠢ • ᠨᠠᠰᠤᠲᠠᠨ᠎ᠢ ᠠᠰᠠᠷᠠᠨ ᠬᠠᠷᠠᠭ᠋ᠠᠯᠵᠠᠵᠤ ᠬᠠᠢ᠌ᠷᠠᠯᠠᠨ ᠬᠠᠮᠠᠭ᠋ᠠᠯᠠᠶ᠎ᠠ》 ᠭᠡᠬᠦ ᠠᠵᠢᠯᠯᠠᠭ᠋ᠠᠨ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠢ ᠭᠦᠨᠵᠡᠭᠡᠢ ᠠᠬᠢᠭᠤᠯᠵᠤ᠂ ᠡᠷᠡᠭᠦᠯᠵᠢᠯ ᠰᠤᠪᠢᠯᠠᠯᠲᠠ ᠵᠢᠨ ᠬᠣᠯᠪᠣᠭ᠋ᠠᠲᠤ ᠴᠣᠭᠴᠠ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠲᠠᠯᠠᠪᠤᠷ ᠭᠠᠵᠠᠷ ᠪᠠᠢ᠌ᠭᠤᠯᠤᠨ᠂ ᠨᠠᠰᠤᠲᠠᠨ᠎ᠢ ᠠᠰᠠᠷᠠᠬᠤ ᠠᠰᠠᠷᠠᠨ ᠰᠤᠪᠢᠯᠠᠭᠴᠢᠳ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠬᠤ ᠬᠠᠷᠢᠴᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠠᠷᠢᠭᠤᠴᠠᠨ᠎ᠠ)
9. 《ᠠᠪᠤᠷᠠᠯᠲᠠ ᠳᠡᠷᠭᠡᠳᠡ ᠴᠢᠨᠢ • ᠠᠪᠤᠷᠠᠨ ᠲᠤᠰᠠᠯᠠᠬᠤ ᠬᠣᠰᠢᠭᠤᠴᠢ ᠪᠣᠯᠣᠶ᠎ᠠ》 ᠭᠡᠬᠦ ᠠᠵᠢᠯᠯᠠᠭ᠋ᠠᠨ᠃ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ᠂ ᠣᠶ ᠰᠢᠭᠤᠢ ᠵᠢᠨ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ᠂ ᠠᠭᠤᠷᠬᠠᠢ ᠵᠢᠨ ᠠᠪᠤᠷᠠᠨ ᠲᠤᠰᠠᠯᠠᠬᠤ ᠬᠦᠴᠦᠨ᠎ᠳᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ᠎ᠪᠠᠨ ᠴᠢᠩᠭ᠋ᠠᠳᠬᠠᠵᠤ᠂ 2030 ᠣᠨ ᠪᠣᠯᠬᠤ᠎ᠳᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠤᠭᠰᠠᠨ ᠬᠠᠷᠢᠴᠠᠯ᠎ᠢ 80%᠎ᠠᠴᠠ ᠳᠣᠣᠷ᠎ᠠ ᠦᠭᠡᠢ ᠪᠠᠢ᠌ᠯᠭ᠋ᠠᠨ᠂ ᠨᠥᠬᠥᠴᠡᠯ᠎ᠲᠠᠢ ᠨᠡᠢ᠌ᠭᠡᠮ᠎ᠤᠨ ᠠᠪᠤᠷᠠᠨ ᠲᠤᠰᠠᠯᠠᠬᠤ ᠬᠦᠴᠦᠨ᠎ᠤ᠎ᠬᠢᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠬᠤ ᠬᠠᠷᠢᠴᠠᠯ᠎ᠢ ᠠᠯᠬᠤᠮ ᠠᠯᠬᠤᠮ ᠵᠶ᠋ᠠᠷ ᠨᠡᠮᠡᠭᠳᠡᠭᠦᠯᠦᠨ᠎ᠡ᠃ ᠠᠪᠤᠷᠠᠨ ᠲᠤᠰᠠᠯᠠᠬᠤ ᠠᠩᠭᠢ ᠵᠢᠨ ᠭᠡᠰᠢᠭᠦᠳ᠎ᠤᠨ ᠳᠣᠲᠣᠷ᠎ᠠ ᠨᠢᠭᠡ ᠪᠦᠯᠦᠭ ᠠᠪᠤᠷᠠᠨ ᠲᠤᠰᠠᠯᠠᠬᠤ ᠪᠠᠭᠰᠢ ᠨᠠᠷ᠎ᠢ ᠬᠥᠮᠥᠵᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠩᠭᠢ ᠵᠢᠨ ᠥᠪᠡᠷ᠎ᠢ ᠪᠠᠨ ᠦᠪᠡᠰᠦᠪᠡᠨ ᠪᠣᠯᠪᠠᠰᠤᠷᠠᠭᠤᠯᠬᠤ ᠴᠢᠳᠠᠪᠤᠷᠢ ᠵᠢ᠎ᠨᠢ ᠨᠡᠮᠡᠭᠳᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠂ ᠥᠪᠥᠷ ᠮᠣᠩᠭᠣᠯ᠎ᠤᠨ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠣᠯ᠎ᠤᠨ ᠣᠶ ᠰᠢᠭᠤᠢ ᠵᠢᠨ ᠭᠠᠯ ᠲᠦᠢ᠍ᠮᠡᠷ ᠰᠡᠷᠭᠡᠢ᠌ᠯᠡᠨ ᠤᠨᠲᠠᠷᠠᠭ᠋ᠠᠬᠤ ᠶᠡᠷᠦᠩᠬᠡᠢ ᠠᠩᠭᠢ᠂ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠢ᠌ᠴᠠᠭ᠋ᠠᠬᠤ ᠲᠣᠪᠴᠢᠶ᠎ᠠ ᠵᠢᠨ ᠥᠪᠥᠷ ᠮᠣᠩᠭᠣᠯ᠎ᠳᠠᠬᠢ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠠᠷᠢᠭᠤᠴᠠᠨ᠎ᠠ)
10. 《ᠠᠪᠤᠷᠠᠯᠲᠠ ᠳᠡᠷᠭᠡᠳᠡ ᠴᠢᠨᠢ • ᠬᠢᠯᠢ ᠬᠢᠵᠠᠭ᠋ᠠᠷ ᠵᠶ᠋ᠠᠨ ᠰᠠᠬᠢᠨ ᠬᠠᠮᠠᠭ᠋ᠠᠯᠠᠶ᠎ᠠ》 ᠭᠡᠬᠦ ᠠᠵᠢᠯᠯᠠᠭ᠋ᠠᠨ᠃ ᠬᠢᠯᠢ ᠵᠢᠨ ᠬᠣᠰᠢᠭᠤ ᠬᠣᠲᠠ᠎ᠳᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠢ ᠲᠦᠭᠡᠮᠡᠯᠵᠢᠭᠦᠯᠬᠦ ᠪᠣᠯᠪᠠᠰᠤᠷᠠᠯ᠎ᠢ ᠥᠷᠭᠡᠨ ᠵᠶ᠋ᠡᠷ ᠥᠷᠨᠢᠭᠦᠯᠵᠦ᠂ ᠬᠢᠯᠢ ᠵᠢᠨ ᠬᠠᠮᠠᠭ᠋ᠠᠯᠠᠯᠲᠠ ᠵᠢᠨ ᠲᠣᠮᠢᠯᠠᠭᠰᠠᠨ ᠰᠠᠯᠪᠤᠷᠢ ᠵᠢᠨ ᠺᠠᠳ᠋ᠷ ᠴᠠᠭᠳᠠᠭ᠎ᠠ᠂ ᠬᠢᠯᠢ ᠬᠠᠮᠠᠭ᠋ᠠᠯᠠᠭᠴᠢ᠂ ᠪᠡᠬᠢᠯᠡᠯᠲᠡᠲᠦ ᠡᠷᠦᠬᠡ᠎ᠨᠦᠭᠦᠳ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠦᠨᠡᠮᠯᠡᠯ ᠠᠪᠬᠤ ᠬᠠᠷᠢᠴᠠᠯ᠎ᠢ ᠭᠣᠣᠯᠳᠠᠯᠭ᠎ᠠ᠎ᠲᠠᠢ ᠲᠡᠬᠡᠭᠰᠢᠯᠡᠬᠦᠯᠦᠨ᠎ᠡ᠃ ᠬᠢᠯᠢ ᠵᠢᠨ ᠬᠣᠰᠢᠭᠤ ᠬᠣᠲᠠ᠎ᠳᠠᠬᠢ ᠲᠦᠷᠭᠡᠨ ᠠᠪᠤᠷᠠᠯᠲᠠ ᠵᠢᠨ ᠬᠠᠢ᠌ᠷᠴᠠᠭ (ᠪᠣᠭᠴᠣ)᠂ AED ᠮᠠᠰᠢᠨ᠎ᠤ ᠬᠠᠮᠤᠷᠬᠤ ᠨᠣᠷᠮ᠎ᠠ ᠵᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠠᠷᠢᠭᠤᠴᠠᠨ᠎ᠠ)
(ᠬᠣᠶᠠᠷ) ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠠᠭᠰᠢ ᠨᠠᠷ᠎ᠤᠨ ᠡᠩᠨᠡᠭᠡᠨ᠎ᠤ ᠪᠠᠢ᠌ᠭᠤᠯᠤᠯᠲᠠ ᠪᠠ ᠬᠠᠮᠢᠶᠠᠷᠤᠯᠲᠠ ᠵᠢ ᠴᠢᠩᠭ᠋ᠠᠳᠬᠠᠨ᠎ᠠ᠃
1. ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠨᠠᠷ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠨ᠎ᠠ᠃ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠨᠠᠷ᠎ᠤᠨ ᠡᠩᠨᠡᠭᠡ ᠵᠢ ᠪᠣᠢ᠌ᠵᠢᠭᠤᠯᠬᠤ᠎ᠪᠠᠨ ᠴᠢᠩᠭ᠋ᠠᠷᠠᠭᠤᠯᠤᠨ᠂ ᠠᠢ᠌ᠮᠠᠭ ᠬᠣᠲᠠ ᠵᠢᠨ ᠱᠠᠲᠤᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠪᠦᠷᠢ᠎ᠳᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠵᠢ ᠠᠳᠠᠭ᠎ᠲᠤ᠎ᠪᠠᠨ 3 ᠪᠠᠢ᠌ᠯᠭ᠋ᠠᠵᠤ᠂ ᠬᠣᠰᠢᠭᠤ ᠰᠢᠶᠠᠨ᠎ᠤ ᠱᠠᠲᠤᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠪᠦᠷᠢ᠎ᠳᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠵᠢ ᠠᠳᠠᠭ᠎ᠲᠤ᠎ᠪᠠᠨ 2 ᠪᠠᠢ᠌ᠯᠭ᠋ᠠᠬᠤ ᠵᠢ ᠪᠡᠶᠡᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠠᠷᠢᠭᠤᠴᠠᠨ᠎ᠠ)
2. ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠢᠶᠠᠯ ᠬᠠᠪᠰᠤᠷᠭ᠋ᠠᠭᠰᠠᠨ ᠪᠠᠭᠰᠢ ᠨᠠᠷ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠨ᠎ᠠ᠃ ᠡᠩ ᠲᠡᠷᠢᠭᠦᠨ᠎ᠳᠤ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠵᠡᠷᠭᠡ ᠭᠣᠣᠯᠳᠠᠯᠭ᠎ᠠ᠎ᠲᠠᠢ ᠰᠠᠯᠠᠭ᠎ᠠ ᠮᠥᠴᠢᠷ᠎ᠤᠳ᠎ᠤᠨ ᠲᠤᠰᠬᠠᠢ ᠮᠡᠷᠭᠡᠵᠢᠯ᠎ᠤᠨ ᠠᠵᠢᠯᠲᠠᠳ᠎ᠤᠨ ᠳᠣᠲᠣᠷ᠎ᠠ᠎ᠠᠴᠠ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠢᠶᠠᠯ ᠬᠠᠪᠰᠤᠷᠭ᠋ᠠᠭᠰᠠᠨ ᠪᠠᠭᠰᠢ ᠵᠢ ᠬᠥᠮᠥᠵᠢᠭᠦᠯᠦᠨ᠎ᠡ᠃ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠤᠰᠢᠶᠠᠯ ᠬᠠᠪᠰᠤᠷᠭ᠋ᠠᠭᠰᠠᠨ ᠪᠠᠭᠰᠢ ᠨᠠᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠳᠤ ᠣᠷᠣᠯᠴᠠᠬᠤ ᠪᠠ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠤᠷᠮᠠᠰᠢᠭᠤᠯᠬᠤ ᠲᠣᠭᠲᠠᠴᠠ ᠵᠢ ᠪᠠᠢ᠌ᠭᠤᠯᠵᠤ᠂ ᠪᠠᠭᠰᠢ ᠨᠠᠷ᠎ᠤᠨ ᠡᠩᠨᠡᠭᠡᠨ᠎ᠤ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠨ᠂ ᠲᠤᠰᠢᠶᠠᠯ ᠬᠠᠪᠰᠤᠷᠭ᠋ᠠᠭᠰᠠᠨ ᠪᠠᠭᠰᠢ ᠨᠠᠷ᠎ᠤᠨ ᠦᠢ᠍ᠯᠡᠳᠦᠯ᠎ᠢ ᠰᠠᠢ᠌ᠲᠤᠷ ᠪᠠᠳᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠠᠷᠢᠭᠤᠴᠠᠨ᠎ᠠ)
3. ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠠᠭᠰᠢ ᠨᠠᠷ᠎ᠤᠨ ᠡᠩᠨᠡᠭᠡᠨ᠎ᠤ ᠬᠠᠮᠢᠶᠠᠷᠤᠯᠲᠠ ᠵᠢ ᠴᠢᠩᠭ᠋ᠠᠳᠬᠠᠨ᠎ᠠ᠃ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠠᠭᠰᠢ ᠨᠠᠷ᠎ᠤᠨ ᠡᠩᠨᠡᠭᠡᠨ᠎ᠳᠤ ᠤᠷᠤᠭᠤᠯᠬᠤ ᠵᠢ ᠵᠥᠪᠰᠢᠶᠡᠷᠡᠬᠦ ᠬᠢᠭᠡᠳ ᠡᠩᠨᠡᠭᠡᠨ᠎ᠠᠴᠠ ᠪᠤᠴᠠᠭ᠋ᠠᠨ ᠭᠠᠷᠭ᠋ᠠᠬᠤ᠂ ᠤᠷᠮᠠᠰᠢᠭᠤᠯᠬᠤ ᠬᠢᠭᠡᠳ ᠰᠢᠯᠭ᠋ᠠᠨ ᠬᠢᠨᠠᠬᠤ ᠵᠡᠷᠭᠡ ᠬᠠᠮᠢᠶ᠎ᠠ ᠪᠦᠬᠦᠢ ᠳᠦᠷᠢᠮᠤᠳᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠪᠠᠭᠰᠢ ᠵᠢᠨ ᠬᠢᠷᠢ ᠭᠡᠮ᠎ᠢ ᠵᠡᠷᠭᠡ ᠳᠡᠰ ᠬᠤᠪᠢᠶᠠᠬᠤ ᠪᠤᠶᠤ ᠤᠳᠤᠨ ᠲᠡᠰ ᠰᠢᠯᠭ᠋ᠠᠷᠠᠭᠤᠯᠵᠤ ᠦᠨᠡᠯᠡᠨ ᠬᠠᠮᠢᠶᠠᠷᠬᠤ᠂ ᠨᠡᠷᠡᠲᠦ ᠪᠠᠭᠰᠢ ᠵᠢᠨ ᠠᠵᠢᠯᠯᠠᠬᠤ ᠲᠠᠰᠤᠭ ᠪᠠᠶ᠋ᠢᠭᠤᠯᠬᠤ᠂ ᠮᠡᠷᠭᠡᠰᠢᠯ ᠴᠢᠳᠠᠪᠤᠷᠢ ᠵᠢᠨ ᠤᠷᠤᠯᠳᠤᠭ᠋ᠠᠨ ᠥᠷᠨᠢᠭᠦᠯᠬᠦ ᠵᠡᠷᠭᠡ ᠠᠷᠭ᠎ᠠ ᠮᠠᠶᠢᠭ᠎ᠢ ᠢᠳᠡᠪᠬᠢᠲᠡᠢ ᠰᠦᠪᠡᠭᠴᠢᠯᠡᠨ᠂ ᠪᠠᠭᠰᠢ ᠨᠠᠷ᠎ᠤᠨ ᠴᠢᠳᠠᠪᠤᠷᠢ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠠᠵᠢᠯᠴᠢᠨ᠎ᠤ ᠶᠡᠷᠦᠩᠬᠡᠢ ᠡᠪᠯᠡᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠬᠠᠷᠢᠭᠤᠴᠠᠨ᠎ᠠ)
(ᠭᠤᠷᠪᠠ) ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠵᠢᠭᠰᠠᠭ᠋ᠠᠯ᠎ᠤᠨ ᠭᠠᠵᠠᠷ᠎ᠤᠨ ᠪᠦᠲᠦᠭᠡᠨ ᠪᠠᠢ᠌ᠭᠤᠯᠤᠯᠲᠠ ᠬᠢᠭᠡᠳ ᠪᠣᠯᠪᠠᠰᠤᠷᠠᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃
1. ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠵᠢᠭᠰᠠᠭ᠋ᠠᠯ᠎ᠤᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠷᠠᠭᠤᠯᠤᠨ᠎ᠠ᠃ ᠨᠢᠭᠡ ᠪᠦᠯᠦᠭ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠰᠠᠭᠤᠷᠢᠨ᠂ ᠠᠮᠢ ᠨᠠᠰᠤᠨ᠎ᠤ ᠠᠮᠤᠷ ᠲᠦᠪᠰᠢᠨ᠎ᠢ ᠪᠡᠶᠡᠴᠢᠯᠡᠨ ᠣᠢ᠌ᠯᠠᠭ᠋ᠠᠬᠤ ᠣᠷᠳᠣᠨ (ᠪᠡᠶᠡᠴᠢᠯᠡᠨ ᠣᠢ᠌ᠯᠠᠭ᠋ᠠᠬᠤ ᠬᠢᠴᠢᠶᠡᠯ᠎ᠤᠨ ᠭᠡᠷ)᠎ᠢ ᠪᠠᠢ᠌ᠭᠤᠯᠵᠤ᠂ 2030 ᠣᠨ ᠪᠣᠯᠬᠤ᠎ᠳᠤ ᠬᠣᠰᠢᠭᠤ ᠰᠢᠶᠠᠨ (ᠬᠤᠲᠠ᠂ ᠲᠣᠭᠣᠷᠢᠭ) ᠪᠦᠷᠢ᠎ᠳᠤ ᠠᠮᠢ ᠨᠠᠰᠤᠨ᠎ᠤ ᠠᠮᠤᠷ ᠲᠦᠪᠰᠢᠨ᠎ᠢ ᠪᠡᠶᠡᠴᠢᠯᠡᠨ ᠣᠢ᠌ᠯᠠᠭ᠋ᠠᠬᠤ ᠣᠷᠳᠣᠨ (ᠪᠡᠶᠡᠴᠢᠯᠡᠨ ᠣᠢ᠌ᠯᠠᠭ᠋ᠠᠬᠤ ᠬᠢᠴᠢᠶᠡᠯ᠎ᠤᠨ ᠭᠡᠷ)᠎ᠢ ᠠᠳᠠᠭ᠎ᠲᠤ᠎ᠪᠠᠨ 1 ᠭᠠᠷᠭ᠋ᠠᠬᠤ᠎ᠪᠠᠷ ᠴᠢᠷᠮᠠᠢ᠌ᠨ᠎ᠠ᠃ ᠬᠣᠰᠢᠭᠤ ᠰᠢᠶᠠᠨ (ᠬᠣᠲᠠ᠂ ᠲᠣᠭᠣᠷᠢᠭ)᠎ᠤ ᠨᠢᠭᠡᠨᠲᠡ ᠪᠠᠢ᠌ᠭ᠎ᠠ ᠪᠣᠯᠪᠠᠰᠤᠷᠠᠯ᠎ᠤᠨ ᠵᠢᠭᠰᠠᠭ᠋ᠠᠯ᠎ᠤᠨ ᠭᠠᠵᠠᠷ᠎ᠢ ᠲᠥᠪᠯᠡᠷᠡᠭᠦᠯᠦᠨ ᠵᠢᠭ᠋ᠠᠨ ᠰᠤᠷᠭ᠋ᠠᠬᠤ᠂ ᠪᠣᠯᠪᠠᠰᠤᠷᠠᠯ ᠬᠢᠬᠦ᠂ ᠮᠡᠳᠡᠯᠭᠡ ᠲᠦᠭᠡᠮᠡᠯᠵᠢᠭᠦᠯᠬᠦ ᠪᠠ ᠪᠡᠶᠡᠴᠢᠯᠡᠨ ᠣᠢ᠌ᠯᠠᠭ᠋ᠠᠬᠤ ᠵᠢ ᠨᠢᠭᠡ ᠴᠣᠭᠴᠠᠵᠢᠭᠤᠯᠤᠭᠰᠠᠨ ᠶᠡᠷᠦᠩᠬᠡᠢ᠌ᠯᠡᠭᠰᠡᠨ ᠴᠢᠨᠠᠷᠲᠠᠢ ᠰᠠᠭᠤᠷᠢᠨ ᠲᠡᠢ᠌ᠰᠢ ᠠᠯᠬᠤᠮ ᠠᠯᠬᠤᠮ ᠵᠶ᠋ᠠᠷ ᠬᠥᠭᠵᠢᠭᠦᠯᠦᠨ ᠥᠷᠭᠡᠳᠬᠡᠨ᠎ᠡ᠃ ᠨᠥᠬᠥᠴᠡᠯ᠎ᠲᠠᠢ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠣᠳᠣ ᠵᠢᠨ ᠪᠠᠢ᠌ᠭ᠎ᠠ ᠲᠠᠯᠠᠪᠤᠷ ᠭᠠᠵᠠᠷ ᠵᠶ᠋ᠠᠨ ᠠᠰᠢᠭᠯᠠᠨ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠤᠨ᠎ᠬᠢᠨ᠎ᠤ ᠬᠠᠮᠢᠶ᠎ᠠ ᠪᠦᠬᠦᠢ ᠪᠣᠯᠪᠠᠰᠤᠷᠠᠯ ᠥᠷᠨᠢᠭᠦᠯᠬᠦ᠎ᠳᠤ ᠳᠡᠮᠵᠢᠯᠭᠡ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠰᠤᠷᠭ᠋ᠠᠨ ᠬᠥᠮᠦᠵᠢᠯ᠎ᠤᠨ ᠲᠢᠩᠬᠢᠮ ᠬᠠᠷᠢᠭᠤᠴᠠᠨ᠎ᠠ)
2. ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠦᠢ᠍ᠯᠡᠴᠢᠯᠡᠭᠡᠨ᠎ᠤ ᠵᠢᠭᠰᠠᠭ᠋ᠠᠯ᠎ᠤᠨ ᠭᠠᠵᠠᠷ᠎ᠢ ᠲᠦᠷᠭᠡᠳᠬᠡᠨ ᠪᠠᠢ᠌ᠭᠤᠯᠤᠨ᠎ᠠ᠃ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠠᠶᠠᠨᠴᠢᠳ᠎ᠤᠨ ᠲᠡᠭᠡᠭᠡᠪᠦᠷᠢ ᠵᠢᠨ ᠵᠠᠮ ᠬᠠᠷᠢᠯᠴᠠᠭ᠋ᠠᠨ᠎ᠤ ᠬᠦᠢ᠍ᠰᠦ ᠪᠤᠶᠤ ᠦᠢ᠍ᠯᠡᠴᠢᠯᠡᠭᠡᠨ᠎ᠤ ᠲᠠᠯᠠᠪᠤᠷ ᠥᠷᠲᠡᠭᠡ ᠵᠡᠷᠭᠡ᠎ᠳᠤ ᠠᠪᠤᠷᠠᠯᠲᠠ ᠵᠢᠨ ᠥᠷᠲᠡᠭᠡ ᠪᠠᠢ᠌ᠭᠤᠯᠵᠤ᠂ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢᠨᠤᠭᠤᠳᠲᠤ ᠨᠡᠢ᠌ᠳᠡᠮ ᠲᠦᠷᠭᠡᠨ ᠠᠪᠤᠷᠠᠯᠲᠠ ᠵᠢᠨ ᠬᠠᠢ᠌ᠷᠴᠠᠭ᠎ᠢ ᠪᠡᠯᠡᠳᠬᠡᠨ ᠲᠣᠬᠢᠷᠠᠭᠤᠯᠤᠨ᠎ᠠ᠃ ᠰᠤᠷᠭ᠋ᠠᠭᠤᠯᠢ᠎ᠨᠤᠭᠤᠳ᠎ᠨᠢ ᠭᠦᠢ᠍ᠴᠡᠳ ᠬᠡᠮᠵᠢᠶᠡᠨ᠎ᠤ ᠪᠣᠳᠠᠲᠤ ᠬᠡᠷᠡᠭᠴᠡᠭᠡ᠎ᠲᠠᠢ ᠲᠦᠷᠭᠡᠨ ᠠᠪᠤᠷᠠᠯᠲᠠ ᠵᠢᠨ ᠬᠠᠢ᠌ᠷᠴᠠᠭ᠎ᠢ ᠪᠡᠯᠡᠳᠬᠡᠨ ᠲᠣᠬᠢᠷᠠᠭᠤᠯᠵᠤ᠂ ᠨᠥᠬᠥᠴᠡᠯ᠎ᠲᠠᠢ ᠰᠤᠷᠭ᠋ᠠᠭᠤᠯᠢ᠎ᠨᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠵᠢ ᠨᠢᠭᠡ ᠴᠣᠭᠴᠠᠵᠢᠭᠤᠯᠤᠭᠰᠠᠨ ᠮᠠᠰᠢᠨ ᠵᠡᠷᠭᠡ ᠲᠦᠷᠭᠡᠨ ᠠᠪᠤᠷᠠᠯᠲᠠ ᠵᠢᠨ ᠲᠥᠬᠥᠭᠡᠷᠦᠮᠵᠢ ᠪᠡᠯᠡᠳᠬᠡᠨ ᠲᠣᠬᠢᠷᠠᠭᠤᠯᠵᠤ᠂ ᠲᠦᠭᠡᠮᠡᠯ ᠬᠠᠢ᠌ᠷ᠎ᠠ ᠵᠢᠨ ᠰᠤᠷᠭ᠋ᠠᠭᠤᠯᠢ ᠵᠢᠨ ᠡᠮᠴᠢ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠠᠷᠢᠭᠤᠴᠠᠨ᠎ᠠ)
3. ᠬᠥᠮᠥᠨ ᠬᠠᠷ᠎ᠠ ᠣᠯᠠᠨ᠎ᠲᠠᠢ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠲᠤ AED ᠮᠠᠰᠢᠨ ᠲᠣᠬᠢᠷᠠᠭᠤᠯᠤᠨ ᠪᠠᠢ᠌ᠷᠢᠯᠠᠭᠤᠯᠬᠤ ᠵᠢ ᠠᠬᠢᠭᠤᠯᠤᠨ᠎ᠠ᠃ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠨᠢᠰᠬᠡᠯ᠎ᠤᠨ ᠪᠠᠭᠤᠳᠠᠯ᠂ ᠲᠡᠷᠭᠡᠨ ᠥᠷᠲᠡᠭᠡ᠂ ᠭᠠᠵᠠᠷ ᠳᠣᠣᠷᠠᠬᠢ ᠲᠡᠮᠦᠷ ᠵᠠᠮ᠎ᠤᠨ ᠥᠷᠲᠡᠭᠡ᠂ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠂ ᠵᠠᠰᠠᠭ ᠵᠠᠬᠢᠷᠭ᠋ᠠᠨ᠎ᠤ ᠲᠥᠪ᠂ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠭᠠᠵᠠᠷ ᠬᠡᠲᠦ ᠳᠡᠯᠭᠡᠭᠦᠷ ᠵᠡᠷᠭᠡ ᠬᠥᠮᠥᠨ ᠬᠠᠷ᠎ᠠ ᠣᠯᠠᠨ᠎ᠲᠠᠢ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠲᠤ AED ᠮᠠᠰᠢᠨ ᠤᠭᠰᠠᠷᠠᠨ ᠲᠣᠬᠢᠷᠠᠭᠤᠯᠵᠤ᠂ ᠨᠥᠬᠥᠴᠡᠯ᠎ᠲᠠᠢ ᠲᠦᠷᠭᠡᠨ ᠠᠪᠤᠷᠠᠬᠤ ᠬᠥᠮᠦᠵᠢᠯ᠎ᠤᠨ ᠲᠤᠷᠰᠢᠯᠲᠠ ᠵᠢᠨ ᠴᠡᠭ᠎ᠤᠨ ᠰᠤᠷᠭ᠋ᠠᠭᠤᠯᠢ᠎ᠳᠤ ᠠᠯᠬᠤᠮ ᠠᠯᠬᠤᠮ ᠵᠶ᠋ᠠᠷ ᠤᠭᠰᠠᠷᠠᠨ ᠲᠣᠬᠢᠷᠠᠭᠤᠯᠬᠤ ᠵᠢ ᠵᠣᠷᠢᠭᠵᠢᠭᠤᠯᠤᠨ᠎ᠠ᠃ AED ᠮᠠᠰᠢᠨ ᠤᠭᠰᠠᠷᠠᠨ ᠲᠣᠬᠢᠷᠠᠭᠤᠯᠤᠭᠰᠠᠨ ᠨᠢᠭᠡᠴᠢ᠎ᠨᠢ ᠬᠠᠮᠠᠭ᠋ᠠᠯᠠᠵᠤ ᠬᠠᠮᠢᠶᠠᠷᠬᠤ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ᠂ AED ᠮᠠᠰᠢᠨ᠎ᠤ ᠬᠡᠷᠡᠭᠯᠡᠵᠦ ᠪᠣᠯᠬᠤ ᠪᠠ ᠬᠡᠷᠡᠭᠴᠡᠭᠡ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ AED ᠮᠠᠰᠢᠨ᠎ᠢ ᠬᠡᠷᠡᠭᠯᠡᠬᠦ ᠪᠣᠯᠪᠠᠰᠤᠷᠠᠯ᠎ᠢ ᠰᠠᠢ᠌ᠲᠤᠷ ᠠᠳᠬᠤᠵᠤ᠂ ᠠᠳᠠᠭ᠎ᠲᠤ᠎ᠪᠠᠨ 1:10 ᠬᠠᠷᠢᠴᠠᠯ ᠵᠶ᠋ᠠᠷ ᠦᠨᠡᠮᠯᠡᠯ᠎ᠲᠠᠢ ᠠᠪᠤᠷᠠᠯᠲᠠ ᠬᠢᠭᠴᠢ ᠵᠢ ᠪᠣᠯᠪᠠᠰᠤᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠲᠣᠰ ᠲᠣᠰ ᠲᠦᠷᠦᠭᠦᠯᠡᠨ ᠬᠠᠷᠢᠭᠤᠴᠠᠨ᠎ᠠ)
4. ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠪᠠ ᠬᠠᠮᠢᠶᠠᠷᠤᠯᠲᠠ ᠵᠢᠨ ᠬᠡᠪ ᠵᠠᠭᠪᠤᠷ᠎ᠢ ᠵᠢᠷᠤᠮᠵᠢᠭᠤᠯᠤᠨ᠎ᠠ᠃ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠢ ᠪᠠᠷᠢᠮᠵᠢᠶᠠᠵᠢᠭᠤᠯᠬᠤ ᠪᠠᠢ᠌ᠭᠤᠯᠤᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠲᠦᠪᠰᠢᠨ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠣᠯᠪᠠᠰᠤᠷᠠᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠪᠣᠯᠪᠠᠰᠤᠷᠠᠯ᠎ᠤᠨ 《ᠵᠢᠭ᠋ᠠᠬᠤ ᠰᠢᠯᠭ᠋ᠠᠬᠤ ᠵᠢ ᠰᠠᠯᠭ᠋ᠠᠨ ᠲᠤᠰᠠᠭ᠋ᠠᠷᠯᠠᠬᠤ》 ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠵᠤ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠠᠴᠠ ᠰᠢᠯᠭ᠋ᠠᠭᠴᠢ ᠵᠢᠨ ᠡᠩᠨᠡᠭᠡ ᠵᠢ ᠵᠣᠬᠢᠶᠠᠨ ᠪᠠᠢ᠌ᠭᠤᠯᠵᠤ᠂ ᠠᠪᠤᠷᠠᠯᠲᠠ ᠬᠢᠭᠴᠢ ᠵᠢᠨ ᠦᠨᠡᠮᠯᠡᠯ ᠠᠪᠬᠤ ᠰᠢᠯᠭ᠋ᠠᠯᠲᠠ ᠵᠢ ᠨᠢᠭᠡᠳᠦᠯᠲᠡᠢ ᠬᠠᠮᠢᠶᠠᠷᠬᠤ ᠪᠠ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠪᠤᠶᠤ ᠬᠢᠷᠢ ᠭᠡᠮ ᠪᠦᠬᠦᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠠᠴᠠ ᠪᠣᠯᠪᠠᠰᠤᠷᠠᠯ ᠡᠷᠬᠢᠯᠡᠬᠦ ᠵᠠᠭᠪᠤᠷ᠎ᠢ ᠠᠯᠬᠤᠮ ᠠᠯᠬᠤᠮ ᠵᠶ᠋ᠠᠷ ᠬᠡᠷᠡᠭᠵᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠨᠡᠢ᠌ᠭᠡᠮᠴᠢᠯᠡᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠠᠷᠢᠭᠤᠴᠠᠨ᠎ᠠ)
(ᠳᠥᠷᠪᠡ) ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠵᠢ ᠲᠣᠭ᠋ᠠᠵᠢᠭᠤᠯᠵᠤ ᠣᠶᠤᠨᠴᠢᠯᠠᠬᠤ᠎ᠪᠠᠨ ᠠᠬᠢᠭᠤᠯᠤᠨ᠎ᠠ᠃
1. ᠥᠪᠥᠷ ᠮᠣᠩᠭᠣᠯ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠰᠢᠰᠲ᠋ᠧᠮ᠎ᠢ ᠲᠦᠷᠭᠡᠳᠬᠡᠨ ᠳᠡᠯᠭᠡᠷᠡᠭᠦᠯᠦᠨ ᠬᠡᠷᠡᠭᠯᠡᠨ᠎ᠡ᠃ ᠥᠪᠥᠷ ᠮᠣᠩᠭᠣᠯ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠮᠡᠳᠡᠭᠡ ᠵᠠᠩᠭᠢ ᠵᠢᠨ ᠨᠢᠭᠡ ᠴᠣᠭᠴᠠᠵᠢᠭᠤᠯᠤᠭᠰᠠᠨ ᠬᠡᠷᠡᠭᠯᠡᠭᠡᠨ᠎ᠤ ᠰᠢᠰᠲ᠋ᠧᠮ᠎ᠤᠨ ᠬᠡᠷᠡᠭᠯᠡᠯᠲᠡ ᠵᠢ ᠲᠡᠭᠦᠯᠳᠡᠷᠵᠢᠭᠦᠯᠦᠨ ᠳᠡᠯᠭᠡᠷᠡᠭᠦᠯᠵᠦ᠂ 《ᠮᠥᠩᠬᠡ ᠰᠤᠪᠠᠭ》 ᠪᠠ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶᠡᠨ ᠳᠡᠭᠡᠷ᠎ᠡ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠦᠢ᠍ᠯᠡᠴᠢᠯᠡᠭᠡ ᠭᠠᠷᠭ᠋ᠠᠵᠤ᠂ ᠣᠯᠠᠨ ᠨᠡᠶ᠋ᠢᠲᠡ ᠵᠢᠨ ᠰᠦᠯᠵᠢᠶᠡᠨ ᠳᠡᠭᠡᠷ᠎ᠡ᠂ ᠠᠯᠠᠭ᠋ᠠᠨ᠎ᠳᠤ ᠪᠠᠨ ᠠᠪᠤᠨ ᠰᠤᠷᠬᠤ᠎ᠳᠤᠨᠢ ᠲᠥᠬᠦᠮ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
2. ᠣᠯᠠᠨ ᠰᠢᠰᠲ᠋ᠧᠮ᠎ᠢ ᠰᠤᠨᠳᠠᠯᠠᠭᠰᠠᠨ ᠬᠠᠮᠵᠢᠯᠴᠠᠨ ᠠᠵᠢᠯᠯᠠᠬᠤ ᠬᠡᠷᠡᠭᠯᠡᠭᠡᠨ᠎ᠤ ᠪᠠᠢ᠌ᠳᠠᠯ᠎ᠢ ᠪᠣᠢ ᠪᠣᠯᠭ᠋ᠠᠨ᠎ᠠ᠃ 120 ᠲᠦᠷᠭᠡᠨ ᠠᠪᠤᠷᠠᠯᠲᠠ ᠵᠢᠨ ᠵᠢᠯᠤᠭᠣᠳᠬᠤ ᠰᠢᠰᠲ᠋ᠧᠮ᠂ ᠤᠯᠠᠭ᠋ᠠᠨ ᠵᠠᠭ᠋ᠠᠯᠮᠠᠶ᠋ᠢᠲᠠᠨ᠎ᠤ ᠠᠪᠤᠷᠠᠯᠲᠠ ᠬᠢᠭᠴᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ ᠪᠠ AED ᠮᠠᠰᠢᠨ᠎ᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠬᠣᠯᠪᠣᠯᠳᠤᠨ ᠨᠡᠪᠲᠡᠷᠡᠯᠴᠡᠬᠦ᠂ ᠲᠣᠭ᠎ᠠ ᠪᠠᠷᠢᠮᠲᠠ᠎ᠪᠠᠨ ᠬᠠᠮᠲᠤ᠎ᠳᠤ᠎ᠪᠠᠨ ᠬᠦᠷᠲᠡᠬᠦ ᠵᠢ ᠠᠯᠬᠤᠮ ᠠᠯᠬᠤᠮ ᠵᠶ᠋ᠠᠷ ᠠᠬᠢᠭᠤᠯᠵᠤ᠂ 《ᠨᠢᠭᠡᠳᠦᠭᠡᠷ ᠤᠷᠢᠶᠠᠯᠠᠨ ᠳᠠᠭ᠋ᠠᠨᠨᠴᠢ》 ᠵᠢᠨ ᠦᠢ᠍ᠯᠡᠳᠦᠯ᠎ᠢ ᠨᠡᠩ ᠪᠦᠲᠦᠮᠵᠢᠲᠡᠶ ᠪᠠᠳᠠᠷᠠᠭᠤᠯᠤᠨ᠎ᠠ᠃ A ᠳᠡᠰ᠎ᠤᠨ ᠦᠵᠡᠮᠵᠢ ᠵᠢᠨ ᠣᠷᠣᠨ᠂ ᠳᠡᠭᠡᠳᠦ ᠰᠤᠷᠭ᠋ᠠᠭᠤᠯᠢ ᠶᠡᠬᠡ ᠰᠤᠷᠭ᠋ᠠᠭᠤᠯᠢ᠂ ᠶᠡᠷᠦᠩᠬᠡᠢ᠌ᠯᠡᠭᠰᠡᠨ ᠵᠠᠮ ᠬᠠᠷᠢᠯᠴᠠᠭ᠋ᠠᠨ᠎ᠤ ᠬᠦᠢ᠍ᠰᠦ ᠵᠡᠷᠭᠡ ᠬᠥᠮᠥᠨ ᠬᠠᠷ᠎ᠠ ᠣᠯᠠᠨ᠎ᠲᠠᠢ ᠲᠠᠯᠠᠪᠤᠷ ᠭᠠᠵᠠᠷ᠎ᠲᠤ ᠭᠣᠣᠯᠳᠠᠯᠭ᠎ᠠ᠎ᠲᠠᠢ ᠳᠡᠯᠭᠡᠷᠡᠭᠦᠯᠦᠨ ᠬᠡᠷᠡᠭᠯᠡᠨ᠎ᠡ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠠᠷᠢᠭᠤᠴᠠᠨ᠎ᠠ)
3. ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠲᠣᠭ᠎ᠠ ᠪᠠᠷᠢᠮᠲᠠ ᠵᠢ ᠰᠢᠰᠲ᠋ᠧᠮᠵᠢᠭᠦᠯᠦᠨ ᠬᠠᠮᠢᠶᠠᠷᠬᠤ ᠵᠢ ᠠᠬᠢᠭᠤᠯᠤᠨ᠎ᠠ᠃ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠨᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠨᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠬᠡᠪᠴᠢᠶᠡᠨ᠎ᠳᠠᠬᠢ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠤᠨ AED ᠮᠠᠰᠢᠨ᠂ ᠲᠦᠷᠭᠡᠨ ᠠᠪᠤᠷᠠᠯᠲᠠ ᠵᠢᠨ ᠲᠥᠬᠥᠭᠡᠷᠦᠮᠵᠢ ᠵᠡᠷᠭᠡ ᠲᠣᠭ᠎ᠠ ᠪᠠᠷᠢᠮᠲᠠ ᠵᠢᠨ ᠬᠠᠮᠢᠶᠠᠷᠤᠯᠲᠠ᠎ᠪᠠᠨ ᠲᠤᠰ ᠲᠤᠰ ᠬᠠᠷᠢᠭᠤᠴᠠᠨ᠎ᠠ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠲᠣᠰ ᠲᠣᠰ ᠲᠦᠷᠦᠭᠦᠯᠡᠨ ᠬᠠᠷᠢᠭᠤᠴᠠᠨ᠎ᠠ)
(ᠲᠠᠪᠤ) ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠠᠵᠢᠯ᠎ᠢ ᠴᠢᠩᠭ᠋ᠠᠳᠬᠠᠨ᠎ᠠ᠃
1. ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ ᠪᠠ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠎ᠲᠠᠢ ᠬᠠᠮᠲᠤᠷᠠᠨ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠵᠶ᠋ᠡᠨ ᠰᠢᠨ᠎ᠡ ᠴᠠᠭ ᠦᠶ᠎ᠡ ᠵᠢᠨ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠳᠤ ᠠᠭᠤᠰᠤᠯᠴᠠᠭᠤᠯᠬᠤ ᠪᠥᠭᠡᠳ ᠣᠶᠤᠨ᠎ᠤ ᠪᠣᠯᠪᠠᠰᠤᠨ ᠪᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢ ᠡᠭᠦᠳᠦᠨ ᠪᠠᠶ᠋ᠢᠭᠤᠯᠬᠤ ᠠᠵᠢᠯᠯᠠᠭ᠎ᠠ᠎ᠳᠤ ᠠᠭᠤᠰᠤᠯᠴᠠᠭᠤᠯᠤᠨ᠂ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠶᠡᠷᠦᠳᠡ ᠵᠢᠨ ᠤᠬᠠᠭᠤᠯᠭ᠎ᠠ ᠬᠥᠮᠦᠵᠢᠯ᠎ᠤᠨ ᠠᠭᠤᠯᠭ᠎ᠠ᠎ᠳᠤ ᠣᠷᠣᠭᠤᠯᠵᠤ᠂ ᠰᠤᠷᠲᠠᠯᠴᠢᠯᠠᠭ᠎ᠠ ᠤᠬᠠᠭᠤᠯᠭ᠎ᠠ ᠬᠥᠮᠦᠵᠢᠯ᠎ᠢ ᠪᠠᠢ᠌ᠩᠭᠤᠵᠢᠭᠤᠯᠤᠨ ᠥᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠨᠡᠢ᠌ᠭᠡᠮᠯᠢᠭ ᠬᠠᠷᠢᠭᠤᠴᠠᠨ᠎ᠠ)
2. ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠤᠬᠠᠭ᠋ᠠᠯᠠᠨ ᠰᠡᠳᠦᠵᠦ ᠥᠷᠨᠢᠭᠦᠯᠦᠨ᠎ᠡ᠃ ᠳᠡᠯᠡᠬᠡᠢ ᠵᠢᠨ ᠤᠯᠠᠭ᠋ᠠᠨ ᠵᠠᠭ᠋ᠠᠯᠮᠠᠶ᠋ᠢᠲᠠᠨ᠎ᠤ ᠡᠳᠦᠷ᠂ ᠳᠡᠯᠡᠬᠡᠢ ᠵᠢᠨ ᠲᠦᠷᠭᠡᠨ ᠠᠪᠤᠷᠠᠯᠲᠠ ᠵᠢᠨ ᠡᠳᠦᠷ᠂ ᠪᠥᠬᠦ ᠤᠯᠤᠰ᠎ᠤᠨ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠡᠳᠦᠷ᠂ ᠪᠥᠬᠦ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠂ ᠪᠥᠬᠦ ᠤᠯᠤᠰ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠰᠠᠷ᠎ᠠ ᠵᠡᠷᠭᠡ ᠴᠠᠭ ᠬᠤᠭᠤᠴᠠᠭ᠎ᠠ᠎ᠲᠠᠢ ᠤᠶᠠᠯᠳᠤᠭᠤᠯᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠤᠬᠠᠭ᠋ᠠᠯᠠᠨ ᠰᠡᠳᠦᠵᠦ ᠲᠥᠪᠯᠡᠷᠡᠭᠦᠯᠦᠨ ᠥᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠰᠤᠷᠭ᠋ᠠᠨ ᠬᠥᠮᠦᠵᠢᠯ᠎ᠤᠨ ᠲᠢᠩᠬᠢᠮ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠬᠠᠷᠢᠭᠤᠴᠠᠨ᠎ᠠ)
3. ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠠᠴᠢᠶᠠᠯᠠᠪᠤᠷᠢ ᠵᠢ ᠥᠷᠭᠡᠨ ᠵᠶ᠋ᠠᠷ ᠬᠡᠷᠡᠭᠯᠡᠨ᠎ᠡ᠃ ᠡᠯ᠎ᠡ ᠱᠠᠲᠤᠨ᠎ᠤ ᠵᠠᠭᠤᠴᠢᠯᠠᠭᠤᠷ᠎ᠤᠨ ᠲᠠᠪᠴᠠᠩᠤᠳᠲᠤ ᠲᠦᠰᠢᠭᠯᠡᠨ᠂ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠲᠠᠬᠢ ᠵᠠᠷ ᠮᠡᠳᠡᠭᠡ ᠤᠬᠠᠭᠤᠯᠭ᠎ᠠ ᠵᠢᠨ ᠪᠡᠯᠡᠳᠬᠡᠮᠵᠢ ᠵᠢ ᠠᠰᠢᠭᠯᠠᠨ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠬᠢᠭᠡᠳ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠸᠢᠳᠢᠤ᠋ ᠪᠠ ᠪᠢᠴᠢᠯᠭᠡ ᠵᠢᠷᠤᠭ ᠦᠰᠦᠭ ᠪᠢᠴᠢᠭ ᠵᠶ᠋ᠠᠷ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠪᠠ ᠮᠡᠷᠭᠡᠰᠢᠯ᠎ᠢ ᠲᠥᠭᠡᠮᠡᠯᠵᠢᠯᠡᠨ ᠳᠡᠯᠭᠡᠷᠡᠭᠦᠯᠬᠦ ᠠᠷᠭ᠎ᠠ ᠮᠠᠶᠢᠭ᠎ᠲᠤ ᠰᠢᠨ᠎ᠡ ᠵᠢ ᠡᠭᠦᠳᠦᠨ᠎ᠡ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠨᠡᠢ᠌ᠭᠡᠮᠯᠢᠭ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠪᠠᠳᠠᠷᠠᠭᠤᠯᠵᠤ᠂ 《ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠶᠠᠯᠠᠯ》᠎ᠤᠨ ᠠᠵᠢᠯᠯᠠᠭ᠎ᠠ ᠪᠠ 《ᠡᠭᠦᠯᠡᠨ ᠳᠡᠭᠡᠷ᠎ᠡ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ》 ᠲᠠᠪᠴᠠᠩ ᠵᠶ᠋ᠠᠷ ᠳᠠᠮᠵᠢᠭᠤᠯᠤᠨ ᠣᠯᠠᠨ ᠨᠡᠶ᠋ᠢᠲᠡ᠎ᠳᠤ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠮᠡᠳᠡᠯᠭᠡ ᠵᠢ ᠲᠦᠭᠡᠮᠡᠯᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠨᠡᠢ᠌ᠭᠡᠮᠯᠢᠭ ᠬᠠᠷᠢᠭᠤᠴᠠᠨ᠎ᠠ)
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠤᠨ ᠰᠠᠯᠠᠭ᠎ᠠ ᠮᠥᠴᠢᠷ᠎ᠤᠳ᠎ᠤᠨ ᠬᠠᠷᠢᠯᠴᠠᠬᠤ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠵᠠᠷᠤᠳᠠᠯ᠎ᠢ ᠪᠠᠲᠤᠯᠠᠬᠤ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠯ᠎ᠡ ᠲᠠᠯ᠎ᠠ ᠵᠢᠨ ᠡᠬᠢ ᠪᠠᠶᠠᠯᠢᠭ᠎ᠢ ᠳᠠᠶ᠋ᠢᠴᠢᠯᠠᠵᠤ᠂ ᠡᠳ᠋᠎ᠤᠨ ᠵᠠᠰᠠᠭ᠎ᠤᠨ ᠣᠷᠣᠭᠤᠯᠤᠯᠲᠠ᠂ ᠰᠠᠯᠠᠭ᠎ᠠ ᠮᠥᠴᠢᠷ᠎ᠤᠨ ᠲᠤᠰᠬᠠᠢ ᠵᠦᠢ᠍ᠯ᠎ᠤᠨ ᠳᠡᠮᠵᠢᠯᠭᠡ᠂ ᠬᠣᠨᠵᠢᠪᠤᠷᠢ᠎ᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥᠨ᠎ᠤ ᠳᠡᠮᠵᠢᠯᠭᠡ᠂ ᠨᠡᠢ᠌ᠭᠡᠮ᠎ᠤᠨ ᠪᠡᠯᠡ ᠮᠥᠩᠭᠥ ᠵᠢ ᠴᠤᠭᠯᠠᠭᠤᠯᠬᠤ ᠵᠡᠷᠭᠡ ᠠᠷᠭ᠎ᠠ ᠮᠠᠶᠢᠭ ᠵᠶ᠋ᠠᠷ ᠵᠠᠷᠤᠳᠠᠯ᠎ᠤᠨ ᠢᠷᠡᠯᠲᠡ᠎ᠪᠠᠨ ᠥᠷᠭᠡᠳᠬᠡᠨ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ ᠥᠷᠨᠢᠭᠦᠯᠬᠦ᠎ᠳᠤ ᠪᠠᠲᠤᠯᠠᠭ᠎ᠠ ᠬᠠᠩᠭ᠋ᠠᠨ᠎ᠠ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠤᠨ ᠬᠠᠮᠢᠶ᠎ᠠ ᠪᠦᠬᠦᠢ ᠠᠵᠢᠯ ᠥᠷᠨᠢᠭᠦᠯᠬᠦ᠎ᠳᠤ᠎ᠨᠢ ᠳᠡᠮᠵᠢᠯᠭᠡ ᠦᠵᠡᠬᠦᠯᠬᠦ ᠪᠠ ᠬᠠᠮᠵᠢᠯᠴᠠᠨ ᠠᠵᠢᠯᠯᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠪᠣᠯᠪᠠᠰᠤᠷᠠᠯ᠎ᠢ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠡᠩᠨᠡᠭᠡ᠂ ᠭᠠᠯ ᠤᠨᠲᠠᠷᠠᠭ᠋ᠠᠭᠴᠢ᠂ ᠠᠪᠤᠷᠠᠨ ᠲᠤᠰᠠᠯᠠᠬᠤ ᠠᠩᠭᠢ ᠵᠢᠨ ᠭᠡᠰᠢᠭᠦᠨ᠂ ᠠᠵᠤ ᠠᠬᠤᠢ᠌ᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠂ ᠡᠵᠡᠩᠨᠡᠯᠲᠡ ᠵᠢᠨ ᠲᠡᠷᠭᠡ ᠬᠥᠰᠬᠡ ᠵᠢᠨ ᠵᠢᠯᠣᠭᠣᠴᠢ᠂ ᠵᠢᠭᠤᠯᠴᠢᠯᠠᠯ᠎ᠤᠨ ᠭᠠᠵᠠᠷ᠎ᠤᠨ ᠵᠢᠭᠤᠯᠴᠢᠯᠠᠯ᠎ᠤᠨ ᠬᠥᠲᠥᠴᠢ ᠵᠡᠷᠭᠡ ᠬᠥᠮᠥᠰ᠎ᠤᠨ ᠠᠵᠢᠯ᠎ᠤᠨ ᠪᠠᠢ᠌ᠷᠢᠨ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠎ᠤᠨ ᠬᠢᠨᠢ ᠴᠢᠬᠤᠯᠠ ᠠᠭᠤᠯᠭ᠎ᠠ ᠪᠣᠯᠭ᠋ᠠᠨ᠎ᠠ᠃ ᠲᠡᠷᠢᠭᠦᠨ᠎ᠤ ᠨᠡᠢ᠌ᠲᠡᠯᠢᠭᠢ ᠰᠣᠩᠭᠣᠨ ᠤᠬᠠᠭᠤᠯᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠠᠪᠤᠷᠠᠯᠲᠠ ᠬᠢᠬᠦ ᠪᠠᠭᠰᠢ᠂ ᠠᠪᠤᠷᠠᠯᠲᠠ ᠬᠢᠭᠴᠢ᠂ ᠵᠢᠱ᠌ᠢᠶᠡᠴᠢ ᠨᠢᠭᠡᠴᠢ ᠵᠢ ᠴᠠᠭ ᠲᠤᠬᠠᠢᠳᠤᠨᠢ ᠨᠡᠪᠲᠡᠷᠡᠭᠦᠯᠦᠨ ᠰᠠᠢ᠌ᠰᠢᠶᠠᠨ᠎ᠠ᠃ ᠰᠢᠯᠢᠳᠡᠭ ᠠᠪᠤᠷᠠᠯᠲᠠ ᠬᠢᠬᠦ ᠪᠠᠭᠰᠢ᠂ ᠠᠪᠤᠷᠠᠯᠲᠠ ᠬᠢᠭᠴᠢ ᠵᠢ 《ᠳᠡᠷᠭᠡᠳᠡᠬᠢ ᠰᠠᠢ᠌ᠨ ᠬᠥᠮᠥᠨ》᠂ 《ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠭᠴᠢ》᠂ 《ᠶᠣᠰᠣ ᠰᠤᠷᠲᠠᠬᠤᠨ᠎ᠤ ᠵᠢᠱ᠌ᠢᠶᠡᠴᠢ》 ᠵᠡᠷᠭᠡ ᠵᠢᠨ ᠰᠢᠯᠭ᠋ᠠᠷᠠᠭᠤᠯᠤᠯᠲᠠ᠎ᠳᠤ ᠲᠠᠨᠢᠯᠴᠠᠭᠤᠯᠤᠨ ᠣᠷᠣᠯᠴᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠥᠪᠡᠷ᠎ᠢ᠎ᠪᠠᠨ ᠪᠠ ᠥᠷᠥᠭᠡᠯ ᠬᠣᠭᠣᠷᠣᠨᠳᠤ᠎ᠪᠠᠨ ᠬᠠᠷᠢᠯᠴᠠᠨ ᠠᠪᠤᠷᠠᠭᠰᠠᠨ ᠰᠡᠳᠬᠢᠯ ᠬᠥᠳᠡᠯᠭᠡᠮ᠎ᠡ ᠠᠵᠢᠯᠯᠠᠭ᠎ᠠ᠎ᠨᠤᠭᠤᠳ᠎ᠢ ᠥᠷᠭᠡᠨ ᠵᠶ᠋ᠠᠷ ᠤᠬᠠᠭᠤᠯᠵᠤ᠂ ᠨᠡᠩ ᠤᠯᠠᠨ ᠬᠥᠮᠥᠰ᠎ᠢ ᠬᠥᠲᠥᠯᠥᠨ ᠳᠠᠭ᠋ᠠᠭᠤᠯᠬᠤ ᠪᠠ ᠤᠷᠢᠶᠠᠯᠠᠨ ᠲᠠᠢ᠌ᠴᠢᠯᠠᠵᠦ ᠪᠠᠢ᠌ᠭ᠋ᠠᠳ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠳᠤ ᠣᠷᠣᠯᠴᠠᠭᠤᠯᠤᠨ᠂ ᠪᠦᠬᠦ ᠨᠡᠢ᠌ᠭᠡᠮ᠎ᠳᠤ ᠢᠳᠡᠪᠬᠢ ᠬᠦᠴᠦᠨ᠎ᠢ ᠪᠠᠳᠠᠷᠠᠭᠤᠯᠵᠤ᠂ ᠰᠢᠨ᠎ᠡ ᠬᠡᠪ ᠰᠤᠷᠲᠠᠯ᠎ᠢ ᠬᠥᠲᠥᠯᠥᠨ ᠳᠠᠭ᠋ᠠᠭᠤᠯᠤᠨ᠎ᠠ᠃
2024 ᠣᠨ᠎ᠤ 7 ᠳ᠋ᠤᠭ᠋ᠠᠷ ᠰᠠᠷ᠎ᠠ ᠵᠢᠨ 16᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 7 ᠳ᠋ᠤᠭ᠋ᠠᠷ ᠰᠠᠷ᠎ᠠ ᠵᠢᠨ 16᠎ᠤ ᠡᠳᠦᠷ ᠳᠠᠷᠤᠮᠠᠯᠯᠠᠨ ᠲᠠᠷᠬᠠᠭ᠋ᠠᠪᠠ