ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠤᠰᠬᠠᠢ ᠵᠦᠢᠯ᠎ᠤᠨ ᠵᠢᠭᠡᠯᠡᠯᠭᠡ᠎ᠶᠢᠨ ᠲᠡᠮᠳᠡᠭᠲᠦ᠎ᠶᠢᠨ ᠬᠠᠮᠢᠶᠠᠷᠤᠯᠲᠠ᠎ᠶᠢᠨ ᠲᠣᠭᠲᠠᠴᠠ᠎ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2025-10-23

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ 

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠢᠴᠢᠭ ᠮᠠᠲᠧᠷᠢᠶᠠᠯ

ᠥᠪᠥᠷ ᠵᠠᠰᠠᠭ ᠠᠯᠪᠠᠨ ᠲᠠᠷᠬᠠᠭᠠᠭᠰᠠᠨ 〔2025〕 26 ᠳ᠋ᠤᠭᠠᠷ ᠲᠣᠭᠠᠲᠤ

 

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠤᠰᠬᠠᠢ ᠵᠦᠢᠯ᠎ᠤᠨ ᠵᠢᠭᠡᠯᠡᠯᠭᠡ᠎ᠶᠢᠨ ᠲᠡᠮᠳᠡᠭᠲᠦ᠎ᠶᠢᠨ ᠬᠠᠮᠢᠶᠠᠷᠤᠯᠲᠠ᠎ᠶᠢᠨ ᠲᠣᠭᠲᠠᠴᠠ᠎ᠶᠢ ᠰᠢᠯᠢᠳᠡᠭᠵᠢᠭᠦᠯᠦᠨ

ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ ᠄ 

《ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠬᠠᠮᠢᠶᠠᠷᠤᠯᠲᠠ᠎ᠶᠢᠨ ᠲᠣᠭᠲᠠᠴᠠ᠎ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠰᠠᠨᠠᠯ》 ( ᠲᠥᠷᠥ ᠠᠯᠪᠠᠨ ᠲᠠᠷᠬᠠᠭᠠᠭᠰᠠᠨ 〔2024〕 52 ᠳ᠋ᠤᠭᠠᠷ ᠲᠣᠭᠠᠲᠤ )᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭ᠍ᠲᠠᠷᠠᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠬᠠᠮᠢᠶᠠᠷᠤᠯᠲᠠ᠎ᠶᠢᠨ ᠲᠣᠭᠲᠠᠴᠠ᠎ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠰᠠᠭᠤᠷᠢ᠎ᠶᠢ ᠪᠡᠬᠢᠵᠢᠭᠦᠯᠬᠦ᠂ ᠳᠤᠲᠠᠭᠤᠳᠠᠯ᠎ᠢ ᠨᠥᠬᠥᠪᠦᠷᠢᠯᠡᠬᠦ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ᠂ ᠪᠡᠯᠡ ᠣᠷᠣᠭᠤᠯᠤᠯᠲᠠ᠎ᠶᠢ ᠥᠷᠭᠡᠳᠬᠡᠬᠦ ᠵᠡᠷᠭᠡ ᠢᠳᠡᠪᠬᠢ ᠦᠢᠯᠡᠳᠦᠯ᠎ᠢ ᠨᠢ ᠨᠠᠩ ᠰᠠᠢᠲᠤᠷ ᠪᠠᠳᠠᠷᠠᠭᠤᠯᠤᠨ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠯᠥᠪᠦᠷᠢᠯᠡᠬᠦ ᠲᠦᠭᠰᠢᠭᠦᠷᠢ᠎ᠶᠢ ᠪᠦᠲᠦᠮᠵᠢᠲᠡᠶ ᠰᠡᠷᠭᠡᠢᠯᠡᠬᠦ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃ 

ᠨᠢᠭᠡ᠂ ᠲᠤᠰᠬᠠᠢ ᠵᠦᠢᠯ᠎ᠤᠨ ᠵᠢᠭᠡᠯᠡᠯᠭᠡ᠎ᠶᠢᠨ ᠲᠡᠮᠳᠡᠭᠲᠦ᠎ᠶᠢᠨ ᠲᠦᠷᠦᠯ ᠵᠦᠢᠯ᠎ᠤᠨ ᠨᠥᠭᠡᠴᠡ᠎ᠶᠢ ᠴᠢᠩᠭᠠᠳᠬᠠᠨ᠎ᠠ 

( ᠨᠢᠭᠡ ) ᠲᠤᠰᠬᠠᠢ ᠵᠦᠢᠯ᠎ᠤᠨ ᠵᠢᠭᠡᠯᠡᠯᠭᠡ᠎ᠶᠢᠨ ᠲᠡᠮᠳᠡᠭᠲᠦ᠎ᠶᠢᠨ ᠣᠷᠣᠭᠤᠯᠤᠯᠲᠠ᠎ᠶᠢᠨ ᠬᠠᠨᠳᠤᠰᠢ᠎ᠶᠢᠨ ᠬᠠᠮᠢᠶᠠᠷᠤᠯᠲᠠ᠎ᠶᠢ ᠴᠢᠩᠭ᠎ᠠ ᠨᠠᠢᠳᠠᠪᠤᠷᠢᠵᠢᠭᠤᠯᠤᠨ᠎ᠠ᠃ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠨᠢᠭᠡᠴᠢ ᠨᠢ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠣᠷᠣᠭᠤᠯᠤᠯᠲᠠ᠎ᠶᠢᠨ ᠬᠠᠨᠳᠤᠰᠢ᠎ᠶᠢᠨ ᠬᠦᠷᠢᠶ᠎ᠡ ᠴᠠᠷᠠᠭ᠎ᠠ᠎ᠶᠢᠨ 《ᠨᠠᠵᠠᠭᠠᠢ ᠲᠠᠯ᠎ᠠ᠎ᠶᠢᠨ ᠨᠠᠷᠢᠨ ᠳᠠᠩᠰᠠ》 ( ᠨᠠᠷᠢᠨ ᠵᠦᠢᠯᠡᠰ᠎ᠢ ᠳᠠᠭᠠᠯᠳᠤᠭᠤᠯᠤᠯ 1᠎ᠳᠤ ᠦᠵᠡᠭᠡᠷᠡᠢ ) ᠪᠠ ᠲᠥᠷᠥᠯ ᠵᠦᠢᠯ᠎ᠤᠨ ᠬᠥᠷᠥᠩᠭᠡ ᠮᠥᠩᠭᠥ ᠪᠣᠯᠭᠠᠨ ᠬᠡᠷᠡᠭᠯᠡᠬᠦ ᠬᠡᠪᠴᠢᠶ᠎ᠡ᠎ᠶᠢᠨ 《ᠵᠥᠪ ᠲᠠᠯ᠎ᠠ᠎ᠶᠢᠨ ᠲᠣᠳᠣᠷᠬᠠᠢ ᠬᠠᠭᠤᠳᠠᠰᠤ》 ( ᠨᠠᠷᠢᠨ ᠵᠦᠢᠯᠡᠰ᠎ᠢ ᠳᠠᠭᠠᠯᠳᠤᠭᠤᠯᠤᠯ 2᠎ᠲᠤ ᠦᠵᠡᠭᠡᠷᠡᠢ )᠎ᠶᠢ ᠴᠢᠩᠭ᠎ᠠ ᠬᠡᠷᠡᠭᠵᠢᠭᠦᠯᠵᠦ᠂ ᠡᠯ᠎ᠡ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠰᠠᠯᠠᠭ᠎ᠠ ᠮᠥᠴᠢᠷ ᠬᠢᠨᠠᠨ ᠬᠠᠷᠭᠤᠭᠤᠯᠵᠤ ᠬᠠᠷᠢᠭᠤᠴᠠᠬᠤ᠎ᠪᠠᠨ ᠴᠢᠩᠭᠠᠳᠬᠠᠬᠤ ᠬᠡᠷᠡᠭᠲᠡᠢ᠃ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢ ᠲᠦᠷᠦᠯ ᠵᠦᠢᠯ᠎ᠦᠨ ᠬᠥᠷᠥᠩᠭᠡ ᠮᠥᠩᠭᠥ ᠪᠣᠯᠭᠠᠨ ᠬᠡᠷᠡᠭᠯᠡᠵᠦ ᠪᠣᠯᠬᠤ ᠬᠡᠪᠴᠢᠶᠡᠵᠢᠯ᠎ᠦᠨ ᠲᠤᠬᠠᠢ ᠤᠯᠤᠰ᠎ᠤᠨ ᠬᠣᠯᠪᠣᠭᠳᠠᠯ ᠪᠦᠬᠦᠢ ᠲᠦᠷᠦ᠎ᠶᠢᠨ ᠪᠣᠳᠣᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠨᠡᠢᠭᠡᠮ᠎ᠦᠨ ᠪᠡᠯᠡ ᠣᠷᠣᠭᠤᠯᠤᠯᠲᠠ᠎ᠶᠢ ᠪᠦᠲᠦᠮᠵᠢᠲᠡᠢ ᠳᠠᠢᠴᠢᠯᠠᠬᠤ ᠬᠡᠷᠡᠭᠲᠡᠢ᠃ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠪᠡᠷ 《ᠲᠠᠪᠤᠨ ᠶᠡᠬᠡ ᠡᠭᠦᠷᠭᠡ》᠎ᠶᠢᠨ ᠨᠠᠢᠳᠠᠪᠤᠷᠢᠵᠢᠭᠤᠯᠬᠤ᠂ 《ᠵᠢᠷᠭᠤᠭᠠᠨ ᠢᠨᠵᠧᠨᠧᠷᠢᠩ》᠎ᠢ ᠵᠠᠯᠭᠠᠨ ᠬᠡᠷᠡᠭᠵᠢᠭᠦᠯᠬᠦ᠂ 《ᠵᠢᠷᠭᠤᠭᠠᠨ ᠠᠵᠢᠯᠯᠠᠭᠠᠨ》᠎ᠢ ᠵᠣᠬᠢᠶᠠᠨ ᠪᠠᠢᠭᠤᠯᠵᠤ ᠥᠷᠨᠢᠭᠦᠯᠬᠦ ᠵᠡᠷᠭᠡ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠡᠩ ᠲᠡᠷᠢᠭᠦᠨ᠎ᠳᠦ ᠳᠡᠮᠵᠢᠬᠦ᠎ᠶᠢᠨ ᠬᠠᠮᠲᠤ᠂ ᠤᠯᠤᠰ᠎ᠡᠴᠡ ᠲᠣᠭᠲᠠᠭᠠᠭᠰᠠᠨ ᠬᠡᠷᠡᠭᠴᠡᠭᠡ᠎ᠶᠢ ᠴᠢᠩᠭ᠎ᠠ ᠵᠢᠷᠤᠮᠯᠠᠨ ᠬᠠᠤᠯᠢ ᠶᠣᠰᠣᠭᠠᠷ ᠲᠣᠭᠲᠠᠭᠠᠯ᠎ᠳᠤ ᠨᠡᠢᠴᠡᠭᠦᠯᠦᠨ ᠬᠡᠷᠡᠭᠯᠡᠨ᠎ᠡ᠃ 

( ᠬᠣᠶᠠᠷ ) ᠲᠠᠷᠬᠠᠭᠠᠯᠲᠠ᠎ᠶᠢᠨ ᠲᠥᠷᠥᠯ ᠵᠦᠢᠯ᠎ᠦᠨ ᠥᠷᠢᠰᠦᠯᠳᠦᠭᠡᠨ᠎ᠦ ᠴᠢᠨᠠᠷᠲᠠᠢ ᠦᠨᠡᠯᠡᠨ ᠬᠢᠨᠠᠬᠤ ᠠᠵᠢᠯ᠎ᠢ ᠰᠠᠢᠲᠤᠷ ᠬᠢᠨ᠎ᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠨᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ᠎ᠢᠶᠠᠷ ᠬᠢᠨᠠᠨ ᠬᠠᠷᠭᠤᠭᠤᠯᠤᠭᠠᠳ 《ᠬᠣᠶᠠᠷ᠎ᠢᠶᠠᠷ ᠪᠠᠲᠤᠯᠠᠭᠤᠯᠤᠭᠰᠠᠨ》 ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠭᠠᠳᠠᠨᠠᠬᠢ ᠦᠨᠡᠯᠡᠨ ᠬᠢᠨᠠᠬᠤ ᠲᠤᠰᠬᠠᠢ ᠮᠡᠷᠭᠡᠵᠢᠯᠲᠡᠨ᠎ᠢ ᠴᠠᠭ ᠲᠤᠬᠠᠢ᠎ᠳᠤ ᠨᠢ ᠵᠣᠬᠢᠶᠠᠨ ᠪᠠᠢᠭᠤᠯᠤᠨ ᠥᠷᠢᠰᠦᠯᠳᠦᠭᠡᠨ᠎ᠦ ᠴᠢᠨᠠᠷᠲᠠᠢ ᠦᠨᠡᠯᠡᠨ ᠬᠢᠨᠠᠬᠤ ᠠᠵᠢᠯ᠎ᠢ ᠥᠷᠨᠢᠭᠦᠯᠵᠦ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠢ ᠲᠠᠷᠬᠠᠭᠠᠬᠤ᠎ᠳᠤ ᠪᠡᠯᠡᠳᠬᠡᠬᠦ ᠲᠣᠳᠣᠷᠬᠠᠢ ᠬᠠᠭᠤᠳᠠᠰᠤ᠎ᠶᠢ ᠰᠢᠯᠢᠳᠡᠭ᠎ᠢ ᠨᠢ ᠰᠣᠩᠭᠣᠨ ᠲᠣᠭᠲᠠᠭᠠᠵᠤ᠂ ᠦᠨᠡᠯᠡᠨ ᠬᠢᠨᠠᠭᠰᠠᠨ ᠦᠷ᠎ᠡ ᠳ᠋ᠦᠩ᠎ᠢ ᠠᠢᠮᠠᠭ ᠬᠣᠲᠠ᠎ᠳᠤ ᠪᠠᠭᠤᠯᠭᠠᠬᠤ᠎ᠶᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠳᠦ ᠬᠠᠭᠤᠯᠤᠨ ᠢᠯᠡᠭᠡᠬᠦ ᠬᠡᠷᠡᠭᠲᠡᠢ᠃ 

ᠬᠣᠶᠠᠷ᠂ ᠲᠤᠰᠬᠠᠢ ᠵᠦᠢᠯ᠎ᠤᠨ ᠵᠢᠭᠡᠯᠡᠯᠭᠡ᠎ᠶᠢᠨ ᠲᠡᠮᠳᠡᠭᠲᠦ᠎ᠶᠢᠨ ᠲᠣᠭ᠎ᠠ ᠬᠡᠮᠵᠢᠶ᠎ᠡ᠎ᠶᠢᠨ ᠬᠤᠪᠢᠶᠠᠷᠢᠯᠠᠯᠲᠠ᠎ᠶᠢ ᠰᠢᠯᠢᠳᠡᠭᠵᠢᠭᠦᠯᠦᠨ᠎ᠡ 

( ᠭᠤᠷᠪᠠ ) ᠵᠢᠭᠡᠯᠡᠯᠭᠡ᠎ᠶᠢᠨ ᠲᠡᠮᠳᠡᠭᠲᠦ᠎ᠶᠢᠨ ᠲᠣᠭ᠎ᠠ ᠬᠡᠮᠵᠢᠶ᠎ᠡ᠎ᠶᠢ ᠰᠢᠨᠵᠢᠯᠡᠬᠦ ᠤᠬᠠᠭᠠᠨᠴᠢ᠎ᠪᠠᠷ ᠬᠤᠪᠢᠶᠠᠷᠢᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠨᠢ ᠡᠳ᠋᠎ᠦᠨ ᠵᠠᠰᠠᠭ᠎ᠤᠨ ᠶᠠᠮᠤᠨ᠎ᠤ ᠵᠢᠯ ᠪᠦᠷᠢ᠎ᠶᠢᠨ ᠪᠠᠭᠤᠯᠭᠠᠭᠰᠠᠨ ᠪᠦᠬᠦ ᠣᠷᠣᠨ᠎ᠤ ᠰᠢᠨ᠎ᠡ᠎ᠪᠡᠷ ᠨᠡᠮᠡᠭᠳᠡᠭᠰᠡᠨ ᠲᠤᠰᠬᠠᠢ ᠵᠦᠢᠯ᠎ᠦᠨ ᠥᠷᠢ ᠥᠭᠴᠡᠭᠡ᠎ᠶᠢᠨ ᠬᠢᠵᠠᠭᠠᠷ ᠲᠣᠭ᠎ᠠ᠎ᠶᠢᠨ ᠳᠣᠲᠣᠷ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠂ ᠴᠢᠬᠤᠯᠠ ᠶᠡᠬᠡ ᠲᠥᠷᠥᠯ ᠵᠦᠢᠯ᠎ᠦᠨ ᠵᠠᠷᠤᠯᠭ᠎ᠠ᠎ᠶᠢᠨ ᠬᠡᠷᠡᠭᠴᠡᠭᠡ᠎ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠠ ᠠᠢᠮᠠᠭ ᠬᠣᠲᠠ᠎ᠶᠢᠨ ᠲᠥᠷᠥᠯ ᠵᠦᠢᠯ᠎ᠦᠨ ᠪᠡᠯᠡ ᠮᠥᠩᠭᠥ᠎ᠶᠢᠨ ᠬᠡᠷᠡᠭᠴᠡᠭᠡ ᠱᠠᠭᠠᠷᠳᠠᠯᠭ᠎ᠠ᠎ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠠᠢᠮᠠᠭ ᠬᠣᠲᠠ᠎ᠶᠢᠨ ᠥᠷᠢ ᠥᠭᠴᠡᠭᠡ᠎ᠶᠢᠨ ᠲᠦᠭᠰᠢᠭᠦᠷᠢ᠂ ᠡᠳ᠋᠎ᠦᠨ ᠬᠦᠴᠦᠨ᠎ᠦ ᠪᠠᠢᠳᠠᠯ᠂ ᠲᠥᠷᠥᠯ ᠵᠦᠢᠯ᠎ᠦᠨ ᠨᠥᠭᠡᠴᠡ ᠵᠡᠷᠭᠡ ᠡᠯᠧᠮᠧᠨ᠋ᠲ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠪᠠ ᠠᠢᠮᠠᠭ ᠬᠣᠲᠠ᠎ᠶᠢᠨ ᠰᠢᠨ᠎ᠡ᠎ᠪᠡᠷ ᠨᠡᠮᠡᠭᠳᠡᠭᠦᠯᠬᠦ ᠲᠤᠰᠬᠠᠢ ᠵᠦᠢᠯ᠎ᠦᠨ ᠥᠷᠢ ᠥᠭᠴᠡᠭᠡ᠎ᠶᠢᠨ ᠬᠢᠵᠠᠭᠠᠷ ᠲᠣᠭ᠎ᠠ᠎ᠶᠢᠨ ᠬᠤᠪᠢᠶᠠᠷᠢᠯᠠᠯᠲᠠ᠎ᠶᠢᠨ ᠲᠥᠰᠥᠯ᠎ᠢ ᠵᠦᠢ ᠵᠣᠬᠢᠰᠲᠠᠢ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠬᠦ᠎ᠶᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠠᠤᠯᠢ᠎ᠪᠠᠷ ᠲᠣᠭᠲᠠᠭᠠᠭᠰᠠᠨ ᠬᠢᠨᠠᠨ ᠵᠥᠪᠰᠢᠶᠡᠷᠡᠬᠦ ᠲᠠᠰ ᠳᠠᠷᠠᠭᠠᠯᠠᠯ᠎ᠢ ᠭᠦᠢᠴᠡᠳᠬᠡᠭᠰᠡᠨ᠎ᠦ ᠳᠠᠷᠠᠭ᠎ᠠ ᠪᠠᠭᠤᠯᠭᠠᠨ᠎ᠠ᠃ 

( ᠳᠥᠷᠪᠡ ) ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠢ ᠰᠢᠯᠢᠨ ᠰᠣᠩᠭᠣᠬᠤ ᠲᠣᠭᠲᠠᠴᠠ᠎ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠡᠯ᠎ᠡ ᠠᠢᠮᠠᠭ ᠬᠣᠲᠠ ᠨᠢ ᠲᠤᠬᠠᠢ᠎ᠶᠢᠨ ᠵᠢᠯ᠎ᠦᠨ ᠰᠢᠨ᠎ᠡ᠎ᠪᠡᠷ ᠨᠡᠮᠡᠭᠳᠡᠭᠰᠡᠨ ᠲᠤᠰᠬᠠᠢ ᠵᠦᠢᠯ᠎ᠦᠨ ᠥᠷᠢ ᠥᠭᠴᠡᠭᠡ᠎ᠶᠢᠨ ᠬᠢᠵᠠᠭᠠᠷ ᠲᠣᠭ᠎ᠠ᠎ᠶᠢᠨ ᠳᠣᠲᠣᠷ᠎ᠠ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠣᠭᠲᠠᠭᠠᠭᠰᠠᠨ ᠴᠢᠬᠤᠯᠠ ᠶᠡᠬᠡ ᠲᠥᠷᠥᠯ ᠵᠦᠢᠯ᠎ᠢ ᠤᠷᠢᠳ᠎ᠢᠶᠠᠷ ᠪᠠᠲᠤᠯᠠᠵᠤ᠂ ᠲᠠᠷᠬᠠᠭᠠᠬᠤ᠎ᠪᠠᠷ ᠪᠠᠢᠭ᠎ᠠ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠢ ᠲᠣᠭᠲᠠᠭᠠᠳ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠳᠦ ᠮᠡᠳᠡᠭᠦᠯᠦᠨ ᠬᠦᠷᠭᠡᠨ᠎ᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠰᠠᠨᠠᠯ᠎ᠢ ᠬᠤᠷᠢᠶᠠᠬᠤ᠎ᠶᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠳᠡᠪᠰᠢᠭᠦᠯᠵᠦ ᠵᠥᠪᠰᠢᠶᠡᠷᠡᠭᠦᠯᠬᠦ ᠲᠠᠰ ᠳᠠᠷᠠᠭᠠᠯᠠᠯ᠎ᠢ ᠭᠦᠢᠴᠡᠳᠬᠡᠭᠰᠡᠨ᠎ᠦ ᠳᠠᠷᠠᠭ᠎ᠠ ᠲᠠᠷᠬᠠᠭᠠᠬᠤ ᠬᠡᠷᠡᠭᠲᠡᠢ᠃ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠪᠡᠷ ᠳᠡᠮᠵᠢᠬᠦ ᠲᠥᠷᠥᠯ ᠵᠦᠢᠯ᠎ᠦᠨ ᠣᠨ ᠠᠯᠤᠰᠯᠠᠭᠰᠠᠨ ᠲᠥᠰᠥᠪ᠎ᠦᠨ ᠲᠣᠬᠢᠷᠠᠭᠤᠯᠤᠯᠲᠠ᠎ᠶᠢ ᠰᠠᠢᠲᠤᠷ ᠬᠢᠵᠦ᠂ 《ᠰᠠᠭᠠᠳ ᠦᠭᠡᠢ ᠨᠡᠪᠲᠡᠷᠡᠬᠦ ᠵᠠᠮ》᠎ᠢ ᠭᠤᠶᠤᠴᠢᠯᠠᠭᠰᠠᠨ ᠪᠠᠢᠭᠤᠯᠵᠤ ᠪᠠᠢᠭ᠎ᠠ ᠲᠥᠷᠥᠯ ᠵᠦᠢᠯ᠎ᠢ ᠤᠷᠢᠳ᠎ᠢᠶᠠᠷ ᠳᠡᠮᠵᠢᠵᠦ᠂ 《ᠬᠠᠭᠠᠰ ᠳᠤᠲᠠᠭᠤ》 ᠢᠨᠵᠧᠨᠧᠷᠢᠩ ᠪᠠ ᠰᠢᠨ᠎ᠡ᠎ᠪᠡᠷ ᠨᠡᠮᠡᠭᠳᠡᠭᠰᠡᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠥᠷᠢ ᠥᠭᠴᠡᠭᠡ ᠪᠣᠶ ᠪᠣᠯᠬᠤ᠎ᠶᠢ ᠰᠡᠷᠭᠡᠢᠯᠡᠨ ᠬᠣᠷᠢᠭ᠍ᠯᠠᠵᠤ᠂ ᠵᠠᠷᠴᠢᠮ ᠳᠡᠭᠡᠷ᠎ᠡ᠎ᠪᠡᠨ ᠪᠠᠢᠭᠤᠯᠵᠤ ᠪᠠᠢᠭ᠎ᠠ ᠲᠥᠷᠥᠯ ᠵᠦᠢᠯ᠎ᠢ ᠳᠡᠮᠵᠢᠬᠦ᠎ᠳᠦ ᠬᠡᠷᠡᠭᠯᠡᠬᠦ ᠲᠣᠭ᠎ᠠ ᠬᠡᠮᠵᠢᠶ᠎ᠡ᠎ᠶᠢ ᠲᠣᠰ ᠭᠠᠵᠠᠷ ᠣᠷᠣᠨ᠎ᠤ ᠲᠣᠭ᠎ᠠ ᠬᠡᠮᠵᠢᠶ᠎ᠡ᠎ᠶᠢᠨ 50%᠎ᠠᠴᠠ ᠳᠣᠣᠷ᠎ᠠ ᠪᠠᠢᠯᠭᠠᠵᠤ ᠪᠣᠯᠬᠤ ᠦᠭᠡᠢ᠂ ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯ᠎ᠢ ᠰᠣᠬᠣᠷ ᠪᠠᠯᠠᠢ᠎ᠪᠠᠷ ᠠᠵᠢᠯ ᠡᠬᠢᠯᠡᠭᠦᠯᠬᠦ᠎ᠶᠢ ᠰᠡᠷᠭᠡᠢᠯᠡᠨ ᠬᠣᠷᠢᠭ᠍ᠯᠠᠨ᠎ᠠ᠃ 

( ᠲᠠᠪᠤ ) ᠲᠦᠭᠰᠢᠭᠦᠷᠢ ᠶᠡᠬᠡᠲᠡᠢ ᠭᠠᠵᠠᠷ ᠣᠷᠣᠨ᠎ᠤ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ ᠭᠤᠶᠤᠴᠢᠯᠠᠨ ᠮᠡᠳᠡᠭᠦᠯᠬᠦ᠎ᠶᠢ ᠴᠢᠩᠭ᠎ᠠ ᠬᠢᠵᠠᠭᠠᠷᠯᠠᠨ᠎ᠠ᠃ ᠵᠠᠷᠴᠢᠮ ᠳᠡᠭᠡᠷ᠎ᠡ᠎ᠪᠡᠨ ᠲᠦᠭᠰᠢᠭᠦᠷᠢ ᠶᠡᠬᠡᠲᠡᠢ ᠭᠠᠵᠠᠷ ᠣᠷᠣᠨ 〔ᠠᠢᠮᠠᠭ ᠬᠣᠲᠠ᠎ᠶᠢᠨ ᠲᠣᠰ ᠱᠠᠲᠤ᠂ ᠬᠣᠰᠢᠭᠤ ᠰᠢᠶᠠᠨ ( ᠬᠣᠲᠠ᠂ ᠲᠣᠭᠣᠷᠢᠭ᠋ ᠪᠠᠭᠲᠠᠨ᠎ᠠ )᠂ ᠡᠳ᠋᠎ᠦᠨ ᠵᠠᠰᠠᠭ᠎ᠤᠨ ᠶᠠᠮᠤᠨ᠎ᠤ ᠬᠠᠮᠤᠭ᠎ᠤᠨ ᠰᠢᠨ᠎ᠡ᠎ᠪᠠᠷ ᠨᠡᠪᠲᠡᠷᠡᠭᠦᠯᠦᠨ ᠮᠡᠳᠡᠭᠡᠯᠡᠭᠰᠡᠨ ᠤᠯᠠᠭᠠᠨ᠂ ᠤᠯᠠᠪᠤᠷ ᠥᠩᠭᠡ᠎ᠶᠢᠨ ᠲᠦᠭᠰᠢᠭᠦᠷᠢ ᠶᠡᠬᠡᠲᠡᠢ ᠭᠠᠵᠠᠷ ᠣᠷᠣᠨ᠎ᠤ ᠨᠡᠷᠡᠰ᠎ᠢᠶᠡᠷ ᠪᠠᠷᠢᠮᠵᠢᠶ᠎ᠠ ᠪᠣᠯᠭᠠᠨ᠎ᠠ 〕᠎ᠤ ᠭᠤᠶᠤᠴᠢᠯᠠᠨ ᠮᠡᠳᠡᠭᠦᠯᠦᠭᠰᠡᠨ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠢ ᠲᠣᠬᠢᠷᠠᠭᠤᠯᠬᠤ ᠦᠭᠡᠢ᠃ ᠲᠦᠭᠰᠢᠭᠦᠷᠢ ᠶᠡᠬᠡᠲᠡᠢ ᠭᠠᠵᠠᠷ ᠣᠷᠣᠨ᠎ᠤ ᠨᠥᠬᠥᠴᠡᠯ᠎ᠳᠦ ᠨᠡᠢᠴᠡᠬᠦ ᠮᠤᠵᠢ ᠣᠷᠣᠨ ᠠᠯᠤᠰᠯᠠᠭᠰᠠᠨ᠂ ᠰᠠᠪᠠ ᠭᠠᠵᠠᠷ ᠠᠯᠤᠰᠯᠠᠭᠰᠠᠨ ᠪᠠ ᠠᠮᠤᠷ ᠲᠦᠪᠰᠢᠨ᠎ᠳᠦ ᠬᠣᠯᠪᠣᠭᠳᠠᠬᠤ ᠵᠠᠰᠠᠭ᠎ᠤᠨ ᠣᠷᠳᠣᠨ᠎ᠤ ᠴᠢᠬᠤᠯᠠ ᠶᠡᠬᠡ ᠪᠡᠯᠡ ᠣᠷᠣᠭᠤᠯᠤᠯᠲᠠ᠎ᠶᠢᠨ ᠲᠥᠷᠥᠯ ᠵᠦᠢᠯ᠎ᠳᠦ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢ ᠵᠣᠬᠢᠰᠲᠠᠢ ᠲᠣᠬᠢᠷᠠᠭᠤᠯᠤᠨ ᠳᠡᠮᠵᠢᠯᠭᠡ ᠦᠵᠡᠭᠦᠯᠵᠦ ᠪᠣᠯᠣᠨ᠎ᠠ᠃ 

ᠭᠤᠷᠪᠠ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠤᠨ ᠬᠢᠨᠠᠨ ᠬᠠᠷᠭᠤᠭᠤᠯᠬᠤ ᠪᠠ ᠬᠠᠮᠢᠶᠠᠷᠬᠤ ᠲᠣᠭᠲᠠᠴᠠ᠎ᠶᠢ ᠲᠡᠭᠦᠯᠳᠡᠷᠵᠢᠭᠦᠯᠦᠨ᠎ᠡ 

( ᠵᠢᠷᠭᠤᠭ᠎ᠠ ) ᠪᠠᠢᠭᠤᠯᠵᠤ ᠪᠠᠢᠭ᠎ᠠ ᠲᠥᠷᠥᠯ ᠵᠦᠢᠯ᠎ᠦᠨ ᠦᠷᠭᠦᠯᠵᠢᠯᠡᠨ ᠲᠠᠷᠬᠠᠭᠠᠬᠤ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ 《ᠰᠠᠭᠠᠳ ᠦᠭᠡᠢ ᠨᠡᠪᠲᠡᠷᠡᠬᠦ ᠵᠠᠮ》᠎ᠢ ᠨᠡᠪᠲᠡᠷᠡᠭᠦᠯᠦᠨ᠎ᠡ᠃ ᠨᠢᠭᠡᠨᠲᠡ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ᠎ᠤ ᠬᠢᠨᠠᠨ ᠬᠠᠷᠭᠤᠭᠤᠯᠤᠯᠲᠠ᠎ᠶᠢ ᠥᠩᠭᠡᠷᠡᠭᠡᠭᠰᠡᠨ ᠪᠥᠭᠡᠳ ᠨᠢᠭᠡᠨᠲᠡ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ ᠲᠠᠷᠬᠠᠭᠠᠭᠰᠠᠨ ᠪᠠᠢᠭᠤᠯᠵᠤ ᠪᠠᠢᠭ᠎ᠠ ᠲᠥᠷᠥᠯ ᠵᠦᠢᠯ᠎ᠳᠤ᠂ ᠬᠡᠷᠪᠡ ᠲᠥᠷᠥᠯ ᠵᠦᠢᠯ ᠨᠢ ᠮᠥᠨ ᠴᠢᠨᠠᠷ᠎ᠤᠨ ᠬᠤᠪᠢᠷᠠᠯᠲᠠ ᠦᠭᠡᠢ ᠪᠣᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠬᠢᠨᠠᠨ ᠬᠠᠷᠭᠤᠭᠤᠯᠤᠭᠤᠯᠵᠤ ᠵᠥᠪᠰᠢᠶᠡᠷᠡᠭᠦᠯᠦᠭᠰᠡᠨ᠎ᠦ ᠳᠠᠷᠠᠭ᠎ᠠ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢ ᠦᠷᠭᠦᠯᠵᠢᠯᠡᠨ ᠲᠠᠷᠬᠠᠭᠠᠬᠤ᠎ᠶᠢ ᠰᠢᠭᠤᠳ ᠲᠣᠬᠢᠷᠠᠭᠤᠯᠵᠤ ᠪᠣᠯᠣᠨ᠎ᠠ; ᠬᠡᠷᠪᠡ ᠲᠥᠷᠥᠯ ᠵᠦᠢᠯ᠎ᠳᠦ ᠨᠡᠯᠢᠶᠡᠳ ᠶᠡᠬᠡ ᠬᠤᠪᠢᠷᠠᠯᠲᠠ ᠭᠠᠷᠤᠭᠰᠠᠨ ᠪᠠᠢᠪᠠᠯ᠂ ᠲᠣᠭᠲᠠᠭᠠᠯ ᠶᠣᠰᠣᠭᠠᠷ ᠬᠤᠪᠢᠷᠠᠭᠠᠬᠤ᠎ᠶᠢ ᠬᠢᠨᠠᠨ ᠵᠥᠪᠰᠢᠶᠡᠷᠡᠭᠦᠯᠬᠦ ᠭᠠᠷᠳᠠᠮ᠎ᠢᠶᠠᠨ ᠭᠦᠢᠴᠡᠳᠬᠡᠭᠰᠡᠨ᠎ᠦ ᠳᠠᠷᠠᠭ᠎ᠠ ᠳᠠᠭᠢᠵᠤ ᠭᠤᠶᠤᠴᠢᠯᠠᠨ ᠮᠡᠳᠡᠭᠦᠯᠬᠦ ᠬᠡᠷᠡᠭᠲᠡᠢ᠃ 

( ᠳᠣᠯᠣᠭ᠎ᠠ ) 《ᠪᠠᠢᠩᠭᠤᠰᠢᠭᠤᠯᠤᠨ ᠭᠤᠶᠤᠴᠢᠯᠠᠨ ᠮᠡᠳᠡᠭᠦᠯᠬᠦ᠂ ᠤᠯᠠᠷᠢᠯ᠎ᠢᠶᠠᠷ ᠬᠢᠨᠠᠨ ᠬᠠᠷᠭᠤᠭᠤᠯᠬᠤ》 ᠲᠥᠷᠥᠯ ᠵᠦᠢᠯ᠎ᠤᠨ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ ᠲᠣᠭᠲᠠᠴᠠ᠎ᠶᠢ ᠪᠠᠢᠭᠤᠯᠤᠨ᠎ᠠ᠃ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠲᠥᠷᠥᠯ ᠵᠦᠢᠯ᠎ᠦᠨ ᠨᠢᠭᠡᠴᠢ ᠨᠢ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ᠎ᠤᠨ ᠡᠮᠦᠨᠡᠬᠢ ᠬᠤᠭᠤᠴᠠᠭᠠᠨ᠎ᠤ ᠠᠵᠢᠯ᠎ᠢ ᠲᠦᠷᠭᠡᠳᠬᠡᠨ ᠠᠬᠢᠭᠤᠯᠵᠤ᠂ ᠲᠥᠷᠥᠯ ᠵᠦᠢᠯ᠎ᠦᠨ ᠭᠠᠷᠳᠠᠮ ᠨᠢ ᠪᠦᠷᠢᠨ ᠭᠦᠢᠴᠡᠳ᠂ ᠠᠵᠢᠯ ᠡᠬᠢᠯᠡᠭᠦᠯᠬᠦ ᠨᠥᠬᠥᠴᠡᠯ᠎ᠢ ᠪᠦᠷᠢᠳᠦᠭᠦᠯᠬᠦ᠎ᠶᠢᠨ ᠬᠠᠮᠲᠤ ᠪᠣᠳᠠᠲᠤ ᠠᠵᠢᠯ᠎ᠤᠨ ᠬᠡᠮᠵᠢᠶ᠎ᠡ ᠲᠠᠢ ᠪᠣᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠰᠠᠯᠠᠭ᠎ᠠ ᠮᠥᠴᠢᠷ ᠨᠢ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠲᠠᠢ ᠬᠠᠮᠲᠤᠷᠠᠨ ᠲᠥᠷᠥᠯ ᠵᠦᠢᠯ᠎ᠦᠨ ᠣᠷᠣᠭᠤᠯᠤᠯᠲᠠ᠎ᠶᠢᠨ ᠬᠠᠨᠳᠤᠰᠢ᠎ᠶᠢᠨ ᠬᠦᠷᠢᠶ᠎ᠡ ᠴᠠᠷᠠᠭ᠎ᠠ᠂ ᠡᠮᠦᠨᠡᠬᠢ ᠬᠤᠭᠤᠴᠠᠭᠠᠨ᠎ᠤ ᠭᠠᠷᠳᠠᠮ᠂ ᠪᠦᠲᠦᠭᠡᠨ ᠪᠠᠢᠭᠤᠯᠤᠯᠲᠠ᠎ᠶᠢᠨ ᠠᠭᠤᠯᠭ᠎ᠠ ᠵᠡᠷᠭᠡ᠎ᠶᠢ ᠬᠢᠨᠠᠨ ᠬᠠᠷᠭᠤᠭᠤᠯᠵᠤ ᠬᠠᠷᠢᠭᠤᠴᠠᠬᠤ᠎ᠪᠠᠨ ᠴᠢᠩᠭᠠᠳᠬᠠᠵᠤ᠂ ᠲᠥᠷᠥᠯ ᠵᠦᠢᠯ᠎ᠦᠨ ᠲᠣᠳᠣᠷᠬᠠᠢ ᠬᠠᠭᠤᠳᠠᠰᠤ᠎ᠶᠢ ᠡᠮᠬᠢᠯᠡᠨ ᠳᠤᠷᠠᠳᠬᠤ ᠬᠡᠷᠡᠭᠲᠡᠢ᠃ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠨᠢ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠪᠦᠲᠦᠭᠡᠨ ᠪᠠᠢᠭᠤᠯᠵᠤ ᠡᠵᠡᠩᠨᠡᠬᠦ ᠨᠢᠭᠡᠴᠢ᠎ᠶᠢᠨ ᠲᠥᠷᠥᠯ ᠵᠦᠢᠯ᠎ᠦᠨ ᠠᠰᠢᠭ᠋ ᠣᠷᠣᠯᠭ᠎ᠠ᠎ᠶᠢᠨ ᠬᠢᠷᠢ ᠲᠦᠪᠰᠢᠨ᠎ᠢ ᠦᠨᠡᠨ ᠪᠣᠳᠠᠲᠠᠢ᠎ᠪᠠᠷ ᠲᠥᠰᠥᠭᠡᠯᠡᠨ ᠪᠤᠳᠤᠬᠤ᠎ᠶᠢ ᠵᠢᠯᠣᠭᠣᠳᠤᠨ ᠰᠢᠮᠳᠠᠭᠤᠯᠵᠤ᠂ ᠲᠥᠷᠥᠯ ᠵᠦᠢᠯ᠎ᠦᠨ ᠠᠰᠢᠭ᠋ ᠣᠷᠣᠯᠭ᠎ᠠ ᠬᠢᠭᠡᠳ ᠪᠡᠯᠡ ᠲᠣᠬᠢᠷᠠᠭᠤᠯᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠶᠢᠨ ᠲᠡᠩᠴᠡᠭᠦᠷᠢ᠎ᠶᠢ ᠴᠢᠩᠭ᠎ᠠ ᠡᠵᠡᠮᠳᠡᠵᠦ᠂ ᠲᠥᠷᠥᠯ ᠵᠦᠢᠯ᠎ᠦᠨ ᠣᠷᠣᠯᠭ᠎ᠠ ᠵᠠᠷᠤᠯᠭ᠎ᠠ᠎ᠶᠢᠨ ᠬᠢᠷᠢ ᠲᠦᠪᠰᠢᠨ ᠵᠡᠷᠭᠡ᠎ᠶᠢ ᠦᠨᠳᠦᠰᠦᠯᠡᠨ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠬᠡᠷᠡᠭᠴᠡᠭᠡ ᠱᠠᠭᠠᠷᠳᠠᠯᠭ᠎ᠠ᠎ᠶᠢ ᠵᠦᠢ ᠵᠣᠬᠢᠰᠲᠠᠢ ᠳᠤᠷᠠᠳᠬᠤ ᠬᠡᠷᠡᠭᠲᠡᠢ᠃ ᠡᠯ᠎ᠡ ᠭᠠᠵᠠᠷ ᠣᠷᠣᠨ ᠨᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ᠎ᠤ ᠮᠡᠳᠡᠭᠡ ᠵᠠᠩᠭᠢ᠎ᠶᠢᠨ ᠰᠢᠰᠲᠧᠮ᠎ᠳᠦ ᠲᠦᠰᠢᠭᠯᠡᠨ᠂ ᠭᠤᠶᠤᠴᠢᠯᠠᠨ ᠮᠡᠳᠡᠭᠦᠯᠬᠦ ᠲᠥᠷᠥᠯ ᠵᠦᠢᠯ᠎ᠢᠶᠡᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠲᠢᠩᠬᠢᠮ᠎ᠳᠦ ᠪᠠᠢᠩᠭᠤᠰᠢᠭᠤᠯᠤᠨ ᠮᠡᠳᠡᠭᠦᠯᠦᠨ ᠬᠦᠷᠭᠡᠵᠦ᠂ ᠵᠢᠯ ᠪᠦᠷᠢ᠎ᠶᠢᠨ 9 ᠳ᠋ᠦ᠍ᠭᠡᠷ ᠰᠠᠷ᠎ᠠ᠎ᠶᠢᠨ ᠰᠡᠭᠦᠯᠴᠢ᠎ᠡᠴᠡ ᠡᠮᠦᠨ᠎ᠡ ᠳᠠᠷᠠᠭ᠎ᠠ ᠨᠢᠭᠡ ᠵᠢᠯ᠎ᠦᠨ ᠲᠥᠷᠥᠯ ᠵᠦᠢᠯ᠎ᠢᠶᠡᠨ ᠲᠥᠪᠯᠡᠷᠡᠭᠦᠯᠦᠨ ᠮᠡᠳᠡᠭᠦᠯᠦᠨ ᠬᠦᠷᠭᠡᠬᠦ᠎ᠶᠢ ᠪᠡᠶᠡᠯᠡᠭᠦᠯᠬᠦ᠎ᠶᠢᠨ ᠬᠠᠮᠲᠤ᠂ ᠢᠷᠡᠬᠦ ᠵᠢᠯ᠎ᠦᠨ 1 ᠳ᠋ᠦ᠍ᠭᠡᠷ ᠰᠠᠷ᠎ᠠ᠎ᠶᠢᠨ ᠰᠡᠭᠦᠯᠴᠢ᠂ 4 ᠳ᠋ᠦ᠍ᠭᠡᠷ ᠰᠠᠷ᠎ᠠ᠎ᠶᠢᠨ ᠰᠡᠭᠦᠯᠴᠢ᠂ 7 ᠳ᠋ᠤᠭᠠᠷ ᠰᠠᠷ᠎ᠠ᠎ᠶᠢᠨ ᠰᠡᠭᠦᠯᠴᠢ᠎ᠡᠴᠡ ᠡᠮᠦᠨ᠎ᠡ ᠲᠣᠰ ᠵᠢᠯ᠎ᠦᠨ ᠬᠣᠶᠠᠳᠤᠭᠠᠷ ᠤᠯᠠᠷᠢᠯ᠂ ᠭᠤᠷᠪᠠᠳᠤᠭᠠᠷ ᠤᠯᠠᠷᠢᠯ᠂ ᠪᠥᠬᠥ ᠵᠢᠯ᠎ᠦᠨ ᠲᠥᠷᠥᠯ ᠵᠦᠢᠯ᠎ᠢᠶᠡᠨ ᠨᠥᠬᠥᠪᠦᠷᠢᠯᠡᠨ ᠮᠡᠳᠡᠭᠦᠯᠦᠨ ᠬᠦᠷᠭᠡᠬᠦ᠎ᠶᠢ ᠲᠣᠰ ᠲᠣᠰ ᠪᠡᠶᠡᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠲᠢᠩᠬᠢᠮ ᠨᠢ ᠵᠢᠯ ᠪᠦᠷᠢ᠎ᠶᠢᠨ 2 ᠳ᠋ᠤᠭᠠᠷ ᠰᠠᠷ᠎ᠠ᠂ 5 ᠳ᠋ᠤᠭᠠᠷ ᠰᠠᠷ᠎ᠠ᠂ 8 ᠳ᠋ᠤᠭᠠᠷ ᠰᠠᠷ᠎ᠠ᠂ 10 ᠳ᠋ᠤᠭᠠᠷ ᠰᠠᠷ᠎ᠠ᠎ᠶᠢᠨ ᠰᠢᠨᠡᠳ᠎ᠢᠶᠡᠷ ᠭᠤᠶᠤᠴᠢᠯᠠᠨ ᠮᠡᠳᠡᠭᠦᠯᠬᠦ ᠲᠥᠷᠥᠯ ᠵᠦᠢᠯ᠎ᠢ ᠲᠣᠭᠲᠠᠭᠰᠠᠨ ᠴᠠᠭ᠎ᠲᠤ ᠴᠤᠭᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠬᠢᠨᠠᠨ ᠲᠣᠭᠲᠠᠭᠠᠯᠭᠠᠭᠰᠠᠨ᠎ᠤ ᠳᠠᠷᠠᠭ᠎ᠠ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ᠎ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠬᠤ ᠬᠡᠷᠡᠭᠲᠡᠢ᠃ 

( ᠨᠠᠢ᠍ᠮᠠ ) ᠡᠳ᠋᠎ᠦᠨ ᠵᠠᠰᠠᠭ᠎ᠤᠨ ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠬᠦ᠎ᠶᠢ ᠴᠢᠩᠭᠠᠷᠠᠭᠤᠯᠤᠨ᠎ᠠ᠃ ᠡᠯ᠎ᠡ ᠠᠢᠮᠠᠭ ᠬᠣᠲᠠ ᠨᠢ ᠡᠳ᠋᠎ᠦᠨ ᠵᠠᠰᠠᠭ᠎ᠤᠨ ᠲᠤᠰᠬᠠᠢ ᠵᠦᠢᠯ᠎ᠦᠨ ᠪᠡᠯᠡ ᠮᠥᠩᠭᠥ᠂ ᠲᠥᠰᠥᠪ᠎ᠦᠨ ᠳᠣᠲᠣᠷᠠᠬᠢ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠪᠡᠯᠡ ᠣᠷᠣᠭᠤᠯᠤᠯᠲᠠ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ ᠵᠡᠷᠭᠡ ᠣᠯᠠᠨ ᠵᠦᠢᠯ᠎ᠦᠨ ᠪᠡᠯᠡ ᠮᠥᠩᠭᠥ᠎ᠶᠢᠨ ᠠᠷᠭ᠎ᠠ ᠵᠠᠮ᠎ᠢ ᠨᠢᠭᠡᠳᠦᠯᠲᠡᠢ ᠲᠥᠯᠥᠪᠯᠡᠵᠦ᠂ ᠲᠡᠭ ᠰᠠᠭᠤᠷᠢᠨ ᠲᠥᠰᠥᠪ᠎ᠦᠨ ᠥᠭᠡᠷᠡᠴᠢᠯᠡᠯᠲᠡ᠎ᠶᠢᠨ 《ᠭᠤᠷᠪᠠᠨ ᠲᠣᠳᠣᠷᠬᠠᠢ ᠬᠠᠭᠤᠳᠠᠰᠤ》᠎ᠳᠤ ᠣᠷᠣᠭᠤᠯᠤᠭᠰᠠᠨ ᠴᠢᠬᠤᠯᠠ ᠶᠡᠬᠡ ᠲᠥᠷᠥᠯ ᠵᠦᠢᠯ᠎ᠢ ᠤᠷᠢᠳ᠎ᠢᠶᠠᠷ ᠳᠡᠮᠵᠢᠵᠦ᠂ ᠡᠯ᠎ᠡ ᠲᠥᠷᠥᠯ᠎ᠦᠨ ᠪᠡᠯᠡ ᠮᠥᠩᠭᠥ᠎ᠶᠢ ᠪᠦᠲᠦᠮᠵᠢᠲᠡᠶ ᠵᠣᠯᠭᠠᠭᠤᠯᠬᠤ᠂ ᠬᠠᠮᠵᠢᠯᠴᠠᠨ ᠦᠢᠯᠡᠳᠦᠯ ᠦᠵᠡᠭᠦᠯᠬᠦ᠎ᠶᠢ ᠨᠢ ᠦᠨᠡᠨ ᠬᠦ᠌ ᠪᠠᠲᠤᠯᠠᠬᠤ ᠬᠡᠷᠡᠭᠲᠡᠢ; ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠦᠨ ᠬᠥᠷᠥᠩᠭᠡ ᠮᠥᠩᠭᠥ᠎ᠶᠢ ᠨᠠᠢᠳᠠᠪᠤᠷᠢᠵᠢᠭᠤᠯᠵᠤ᠂ ᠲᠥᠷᠥᠯ ᠵᠦᠢᠯ᠎ᠦᠨ ᠬᠥᠷᠥᠩᠭᠡ ᠮᠥᠩᠭᠥ᠎ᠶᠢᠨ ᠬᠠᠮᠤᠭ᠎ᠤᠨ ᠳᠣᠣᠷ᠎ᠠ ᠬᠠᠷᠢᠴᠠᠯ᠎ᠤᠨ ᠱᠠᠭᠠᠷᠳᠠᠯᠭ᠎ᠠ᠎ᠳᠤ ᠭᠦᠷᠦᠭᠰᠡᠨ ᠦᠭᠡᠢ ᠪᠠᠢᠪᠠᠯ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ ᠲᠣᠬᠢᠷᠠᠭᠤᠯᠬᠤ ᠦᠭᠡᠢ; ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠬᠡᠷᠡᠭᠯᠡᠯᠲᠡ᠎ᠶᠢᠨ ᠲᠦᠪᠯᠡᠷᠡᠴᠡ᠎ᠶᠢ ᠳᠡᠭᠡᠭᠰᠢᠯᠡᠭᠦᠯᠵᠦ᠂ ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯ᠎ᠦᠨ ᠲᠣᠭ᠎ᠠ ᠬᠡᠮᠵᠢᠶ᠎ᠡ᠎ᠶᠢ ᠵᠦᠢ ᠵᠣᠬᠢᠰᠲᠠᠢ ᠬᠢᠵᠠᠭᠠᠷᠯᠠᠨ᠂ ᠲᠠᠩ ᠭᠠᠭᠴᠠ ᠲᠥᠷᠥᠯ ᠵᠦᠢᠯ᠎ᠢ ᠳᠡᠮᠵᠢᠬᠦ ᠬᠠᠷᠢᠴᠠᠯ᠎ᠢᠶᠠᠨ ᠳᠡᠭᠡᠭᠰᠢᠯᠡᠭᠦᠯᠵᠦ᠂ ᠵᠠᠷᠴᠢᠮ ᠳᠡᠭᠡᠷ᠎ᠡ᠎ᠪᠡᠨ ᠲᠠᠩ ᠭᠠᠭᠴᠠ ᠲᠥᠷᠥᠯ ᠵᠦᠢᠯ᠎ᠳᠦ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ ᠲᠣᠬᠢᠷᠠᠭᠤᠯᠬᠤ ᠲᠣᠭ᠎ᠠ ᠬᠡᠮᠵᠢᠶ᠎ᠡ᠎ᠶᠢ ᠲᠡᠭᠦᠨ᠎ᠦ ᠲᠤᠬᠠᠢ᠎ᠶᠢᠨ ᠵᠢᠯ᠎ᠦᠨ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠬᠡᠷᠡᠭᠴᠡᠭᠡ ᠱᠠᠭᠠᠷᠳᠠᠯᠭ᠎ᠠ᠎ᠶᠢᠨ 70%᠎ᠡᠴᠡ ᠳᠣᠣᠷ᠎ᠠ ᠦᠭᠡᠢ ᠪᠠᠢᠯᠭᠠᠬᠤ ᠬᠡᠷᠡᠭᠲᠡᠢ; ᠵᠠᠰᠠᠭ᠎ᠤᠨ ᠣᠷᠳᠣᠨ ᠪᠠ ᠨᠡᠢᠭᠡᠮ᠎ᠦᠨ ᠬᠥᠷᠥᠩᠭᠡ᠎ᠶᠢᠨ ᠬᠠᠮᠲᠤᠷᠠᠯᠴᠠᠭ᠎ᠠ (PPP) ᠵᠢᠨ ᠰᠢᠨ᠎ᠡ ᠲᠣᠭᠲᠠᠴᠠ᠎ᠶᠢ ᠰᠠᠢᠲᠤᠷ ᠬᠡᠷᠡᠭᠯᠡᠵᠦ᠂ ᠨᠡᠢᠭᠡᠮ᠎ᠦᠨ ᠬᠥᠷᠥᠩᠭᠡ᠎ᠶᠢᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ ᠡᠵᠡᠩᠨᠡᠯᠲᠡ᠎ᠳᠦ ᠣᠷᠣᠯᠴᠠᠬᠤ᠎ᠶᠢ ᠨᠢ ᠵᠣᠷᠢᠭ᠍ᠵᠢᠭᠤᠯᠵᠤ᠂ ᠪᠡᠯᠡ ᠲᠣᠬᠢᠷᠠᠭᠤᠯᠬᠤ ᠠᠷᠭ᠎ᠠ ᠵᠠᠮ᠎ᠢᠶᠠᠨ ᠥᠷᠭᠡᠳᠬᠡᠵᠦ᠂ ᠤᠯᠠᠨ ᠡᠰᠢᠲᠦ ᠪᠡᠯᠡ ᠮᠥᠩᠭᠥᠨ᠎ᠦ ᠪᠠᠲᠤᠯᠠᠭ᠎ᠠ᠎ᠶᠢᠨ ᠪᠠᠢᠷᠢᠰᠢᠯ᠎ᠢ ᠪᠦᠷᠢᠯᠳᠦᠭᠦᠯᠬᠦ ᠬᠡᠷᠡᠭᠲᠡᠢ᠃ 

ᠳᠥᠷᠪᠡ᠂ ᠲᠤᠰᠬᠠᠢ ᠵᠦᠢᠯ᠎ᠤᠨ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠮᠥᠩᠭᠥᠨ᠎ᠦ ᠪᠦᠬᠦ ᠶᠠᠪᠤᠴᠠ᠎ᠳᠡᠬᠢ ᠬᠢᠨᠠᠯᠲᠠ ᠬᠠᠮᠢᠶᠠᠷᠤᠯᠲᠠ᠎ᠶᠢ ᠲᠡᠭᠦᠯᠳᠡᠷᠵᠢᠭᠦᠯᠦᠨ᠎ᠡ 

( ᠶᠢᠰᠦ ) ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠮᠥᠩᠭᠥ᠎ᠶᠢ ᠰᠠᠯᠭᠠᠨ ᠥᠭᠬᠦ᠎ᠪᠠᠨ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠨᠢ ᠵᠠᠷᠴᠢᠮ ᠳᠡᠭᠡᠷ᠎ᠡ᠎ᠪᠡᠨ ᠵᠢᠭᠡᠯᠡᠯᠭᠡ᠎ᠶᠢᠨ ᠲᠡᠮᠳᠡᠭᠲᠦ ᠲᠠᠷᠬᠠᠭᠠᠬᠤ᠂ ᠳᠠᠭᠠᠭᠠᠨ ᠪᠣᠷᠣᠯᠠᠭᠤᠯᠬᠤ ᠪᠠᠢᠭᠤᠯᠤᠮᠵᠢ᠎ᠶᠢᠨ ᠲᠤᠰᠢᠶᠠᠭᠰᠠᠨ ᠵᠣᠭᠣᠰ ᠨᠢ ᠪᠣᠳᠠᠲᠠᠢᠵᠢᠭ᠍ᠰᠠᠨ᠎ᠤ ᠳᠠᠷᠠᠭᠠᠬᠢ 3 ᠠᠵᠢᠯᠯᠠᠬᠤ ᠡᠳᠦᠷ᠎ᠦᠨ ᠳᠣᠲᠣᠷ᠎ᠠ ᠲᠥᠰᠥᠪ᠎ᠦᠨ ᠭᠦᠢᠴᠡᠳᠬᠡᠯ ᠲᠣᠭ᠎ᠠ᠂ ᠬᠥᠮᠥᠷᠭᠡ᠎ᠶᠢᠨ ᠵᠣᠭᠣᠰ᠎ᠢ ᠵᠡᠷᠭᠡ᠎ᠳᠦ ᠨᠢ ᠠᠢᠮᠠᠭ ᠬᠣᠲᠠ᠎ᠳᠤ ᠪᠠᠭᠤᠯᠭᠠᠨ᠎ᠠ; ᠠᠢᠮᠠᠭ ᠬᠣᠲᠠ᠎ᠶᠢᠨ ᠡᠳ᠋᠎ᠦᠨ ᠵᠠᠰᠠᠭ᠎ᠤᠨ ᠲᠣᠪᠴᠢᠶ᠎ᠠ ᠨᠢ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠰᠥᠪ᠎ᠦᠨ ᠭᠦᠢᠴᠡᠳᠬᠡᠯ ᠲᠣᠭ᠎ᠠ᠂ ᠬᠥᠮᠥᠷᠭᠡ᠎ᠶᠢᠨ ᠵᠣᠭᠣᠰ᠎ᠢ ᠭᠥᠯᠢᠶᠡᠨ ᠠᠪᠤᠭᠰᠠᠨ᠎ᠤ ᠳᠠᠷᠠᠭᠠᠬᠢ 3 ᠠᠵᠢᠯᠯᠠᠬᠤ ᠡᠳᠦᠷ᠎ᠦᠨ ᠳᠣᠲᠣᠷ᠎ᠠ ᠬᠣᠰᠢᠭᠤ ᠰᠢᠶᠠᠨ ( ᠬᠣᠲᠠ᠂ ᠲᠣᠭᠣᠷᠢᠭ᠋ )᠎ᠳᠤ ᠪᠠᠭᠤᠯᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠠᠯᠠᠭ᠎ᠠ ᠮᠥᠴᠢᠷ᠎ᠤᠨ ᠬᠢᠨ᠎ᠢ ᠠᠢᠮᠠᠭ ᠬᠣᠲᠠ᠎ᠶᠢᠨ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠮᠥᠩᠭᠥ ᠰᠠᠯᠭᠠᠨ ᠥᠭᠬᠦ ᠴᠤᠪᠤᠷᠠᠯ᠎ᠢᠶᠠᠷ ᠯᠠᠪᠯᠠᠯᠲᠠ ᠪᠣᠯᠭᠠᠨ ᠬᠠᠮᠢᠶᠠᠷᠤᠨ᠎ᠠ᠃ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠨᠢ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠠᠬᠢᠴᠠ᠂ ᠵᠠᠷᠤᠯᠭ᠎ᠠ᠎ᠶᠢᠨ ᠬᠡᠷᠡᠭᠴᠡᠭᠡ ᠪᠠ ᠲᠥᠷᠥᠯ ᠵᠦᠢᠯ᠎ᠦᠨ ᠨᠢᠭᠡᠴᠢ᠎ᠶᠢᠨ ᠭᠤᠶᠤᠴᠢᠯᠠᠯ᠎ᠢ ᠦᠨᠳᠦᠰᠦᠯᠡᠨ᠂ ᠤᠯᠤᠰ᠎ᠤᠨ ᠬᠥᠮᠥᠷᠭᠡ᠎ᠶᠢᠨ ᠲᠥᠪᠯᠡᠷᠡᠭᠦᠯᠦᠨ ᠬᠤᠷᠢᠶᠠᠬᠤ ᠪᠠ ᠲᠣᠭᠠᠴᠠᠭ᠎ᠠ ᠬᠢᠬᠦ ᠬᠠᠮᠢᠶᠠᠷᠤᠯᠲᠠ᠎ᠶᠢᠨ ᠳᠦᠷᠢᠮ᠎ᠦᠨ ᠶᠣᠰᠣᠭᠠᠷ ᠴᠠᠭ ᠲᠤᠬᠠᠢ᠎ᠳᠤ ᠨᠢ ᠪᠡᠯᠡ ᠮᠥᠩᠭᠥ ᠰᠠᠯᠭᠠᠨ ᠥᠭᠬᠦ ᠬᠡᠷᠡᠭᠲᠡᠢ᠃ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠮᠥᠩᠭᠥ᠎ᠶᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠥᠷᠥᠯ ᠵᠦᠢᠯ᠎ᠦᠨ ᠨᠢᠭᠡᠴᠢ᠎ᠳᠦ ᠰᠠᠯᠭᠠᠨ ᠥᠭᠭᠦᠭᠰᠡᠨ᠎ᠦ ᠳᠠᠷᠠᠭᠠᠬᠢ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠰᠠᠯᠭᠠᠨ ᠥᠭᠬᠦ᠎ᠪᠡᠷ ᠵᠠᠷᠤᠯᠭ᠎ᠠ᠎ᠶᠢ ᠣᠷᠣᠯᠠᠭᠤᠯᠵᠤ ᠪᠣᠯᠬᠤ ᠦᠭᠡᠢ᠂ ᠬᠠᠭᠤᠷᠮᠠᠭ᠎ᠢᠶᠠᠷ ᠵᠠᠷᠤᠯᠭ᠎ᠠ ᠵᠢᠭ᠍ᠰᠠᠭᠠᠵᠤ ᠪᠣᠯᠬᠤ ᠦᠭᠡᠢ᠂ ᠠᠬᠢᠴᠠ᠎ᠠᠴᠠ ᠬᠡᠲᠦᠷᠡᠭᠦᠯᠦᠨ ᠪᠠᠷᠢᠯᠭ᠎ᠠ᠎ᠶᠢᠨ ᠵᠣᠭᠣᠰ᠎ᠢ ᠤᠷᠢᠳᠴᠢᠯᠠᠨ ᠲᠥᠯᠥᠬᠦ᠎ᠠᠴᠠ ᠰᠡᠷᠭᠡᠢᠯᠡᠬᠦ ᠬᠡᠷᠡᠭᠲᠡᠢ᠃ 

( ᠠᠷᠪᠠ ) ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠪᠠ ᠵᠠᠷᠤᠯᠭ᠎ᠠ᠎ᠶᠢᠨ ᠠᠬᠢᠴᠠ᠎ᠶᠢ ᠲᠦᠷᠭᠡᠳᠬᠡᠨ᠎ᠡ᠃ ᠡᠯ᠎ᠡ ᠠᠢᠮᠠᠭ ᠬᠣᠲᠠ ᠨᠢ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ ᠲᠠᠷᠬᠠᠭᠠᠬᠤ ᠲᠥᠰᠥᠪ᠎ᠦᠨ ᠲᠣᠬᠢᠷᠠᠭᠤᠯᠤᠯᠲᠠ᠎ᠶᠢᠨ ᠲᠠᠰ ᠳᠠᠷᠠᠭᠠᠯᠠᠯ᠎ᠢ ᠴᠠᠭ ᠲᠤᠬᠠᠢ᠎ᠳᠤ ᠨᠢ ᠭᠦᠢᠴᠡᠳᠬᠡᠬᠦ ᠬᠡᠷᠡᠭᠲᠡᠢ᠃ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠯᠲᠠ ᠬᠢᠬᠦ ᠲᠣᠭᠲᠠᠴᠠ᠎ᠶᠢ ᠪᠠᠢᠭᠤᠯᠵᠤ᠂ ᠲᠤᠰ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠰᠠᠯᠠᠭ᠎ᠠ ᠮᠥᠴᠢᠷ ᠪᠣᠯᠣᠨ ᠲᠥᠷᠥᠯ ᠵᠦᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦ᠍ᠭᠡ ᠠᠵᠢᠯ᠎ᠢᠶᠠᠨ ᠬᠤᠪᠢᠶᠠᠷᠢᠯᠠᠨ ᠬᠠᠮᠵᠢᠯᠴᠠᠬᠤ᠎ᠪᠠᠨ ᠴᠢᠩᠭᠠᠳᠬᠠᠵᠤ᠂ ᠲᠥᠷᠥᠯ ᠵᠦᠢᠯ᠎ᠤᠨ ᠨᠢᠭᠡᠴᠢ᠎ᠶᠢ ᠰᠢᠮᠳᠠᠭᠤᠯᠵᠤ ᠪᠠᠢᠭᠠᠳ ᠲᠤᠰᠬᠠᠢ ᠵᠦᠢᠯ᠎ᠤᠨ ᠵᠢᠭᠡᠯᠡᠯᠭᠡ᠎ᠶᠢᠨ ᠲᠡᠮᠳᠡᠭᠲᠦ᠎ᠶᠢᠨ ᠵᠠᠷᠤᠯᠭ᠎ᠠ᠎ᠶᠢᠨ ᠠᠬᠢᠴᠠ᠎ᠶᠢ ᠲᠦᠷᠭᠡᠳᠬᠡᠬᠦ ᠬᠡᠷᠡᠭᠲᠡᠢ᠃ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠮᠥᠩᠭᠥ᠎ᠶᠢ ᠪᠠᠭᠤᠯᠭᠠᠭᠠᠳ 1 ᠵᠢᠯ ᠬᠡᠲᠦᠷᠡᠭᠰᠡᠨ ᠪᠠᠢᠲᠠᠯ᠎ᠠ ᠮᠥᠨ ᠠᠵᠢᠯ᠎ᠢᠶᠠᠨ ᠡᠬᠢᠯᠡᠭᠦᠯᠦᠭᠡᠳᠦᠢ ᠪᠠᠢᠪᠠᠯ᠂ ᠵᠠᠷᠴᠢᠮ ᠳᠡᠭᠡᠷ᠎ᠡ᠎ᠪᠡᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠲᠣᠭ᠎ᠠ ᠬᠡᠮᠵᠢᠶ᠎ᠡ᠎ᠶᠢ ᠨᠢ ᠪᠤᠴᠠᠭᠠᠨ ᠬᠤᠷᠢᠶᠠᠬᠤ᠎ᠶᠢᠨ ᠬᠠᠮᠲᠤ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠪᠠᠢᠭᠠᠳ ᠪᠤᠰᠤᠳ ᠠᠢᠮᠠᠭ ᠬᠣᠲᠠ᠎ᠳᠤ ᠬᠡᠷᠡᠭᠯᠡᠭᠦᠯᠦᠨ᠎ᠡ᠃ ᠡᠯ᠎ᠡ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠰᠠᠯᠠᠭ᠎ᠠ ᠮᠥᠴᠢᠷ ᠨᠢ ᠬᠣᠯᠪᠣᠭᠳᠠᠯ ᠪᠦᠬᠦᠢ ᠲᠠᠯ᠎ᠠ᠎ᠶᠢᠨ ᠬᠢᠨ᠎ᠲᠠᠢ ᠬᠠᠮᠲᠤᠷᠠᠨ ᠰᠦᠯᠵᠢᠶ᠎ᠡ᠎ᠪᠡᠷ ᠬᠢᠨᠠᠨ ᠰᠢᠨᠵᠢᠬᠦ᠂ ᠲᠣᠬᠢᠷᠠᠭᠤᠯᠤᠨ ᠰᠢᠮᠳᠠᠭᠤᠯᠬᠤ ᠪᠠ ᠲᠤᠬᠠᠢ᠎ᠶᠢᠨ ᠭᠠᠵᠠᠷ᠎ᠲᠤ ᠨᠢ ᠪᠠᠢᠴᠠᠭᠠᠯᠲᠠ ᠬᠢᠬᠦ᠎ᠪᠠᠨ ᠴᠢᠩᠭᠠᠳᠬᠠᠵᠤ᠂ ᠬᠦᠴᠦᠨ ᠵᠦᠢᠯ᠎ᠦᠨ ᠪᠠᠲᠤᠯᠠᠭ᠎ᠠ᠎ᠶᠢ ᠱᠠᠲᠤ ᠲᠥᠷᠥᠯ ᠬᠤᠪᠢᠶᠠᠨ ᠰᠠᠢᠲᠤᠷ ᠬᠢᠵᠦ᠂ ᠲᠥᠷᠥᠯ ᠵᠦᠢᠯ᠎ᠦᠨ ᠲᠦᠷᠭᠡᠪᠴᠢᠯᠡᠨ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ᠎ᠶᠢ ᠨᠢ ᠠᠬᠢᠭᠤᠯᠵᠤ᠂ ᠪᠣᠳᠠᠲᠤ ᠠᠵᠢᠯ᠎ᠤᠨ ᠬᠡᠮᠵᠢᠶ᠎ᠡ᠎ᠶᠢ ᠲᠦᠷᠭᠡᠬᠡᠨ ᠪᠣᠶ ᠪᠣᠯᠭᠠᠬᠤ ᠬᠡᠷᠡᠭᠲᠡᠢ᠃ 

( ᠠᠷᠪᠠᠨ ᠨᠢᠭᠡ ) ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠮᠥᠩᠭᠥᠨ᠎ᠦ ᠬᠡᠷᠡᠭᠯᠡᠯᠲᠡ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠎ᠠ᠃ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢ ᠲᠤᠰᠬᠠᠢ ᠳᠠᠩᠰᠠ᠎ᠪᠠᠷ ᠬᠠᠮᠢᠶᠠᠷᠬᠤ ᠳᠦᠷᠢᠮ᠎ᠢ ᠴᠢᠩᠭ᠎ᠠ ᠬᠡᠷᠡᠭᠵᠢᠭᠦᠯᠦᠨ᠂ ᠲᠤᠰᠬᠠᠢ ᠵᠣᠭᠣᠰ᠎ᠢ ᠲᠤᠰᠬᠠᠢ ᠵᠦᠢᠯ᠎ᠳᠦ ᠬᠡᠷᠡᠭᠯᠡᠬᠦ᠎ᠶᠢ ᠦᠨᠡᠨ ᠬᠦ᠌ ᠪᠠᠲᠤᠯᠠᠵᠤ᠂ ᠰᠢᠬᠠᠨ ᠡᠵᠡᠯᠡᠬᠦ᠂ ᠳᠤᠮᠳᠠ᠎ᠠᠴᠠ ᠨᠢ ᠦᠯᠡᠳᠡᠭᠡᠬᠦ ᠪᠠ ᠨᠡᠭᠦᠯᠭᠡᠨ ᠬᠡᠷᠡᠭᠯᠡᠬᠦ᠎ᠶᠢ ᠴᠢᠩᠭ᠎ᠠ ᠰᠡᠷᠭᠡᠢᠯᠡᠨ᠎ᠡ᠃ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠨᠢ ᠲᠥᠰᠥᠪ᠎ᠦᠨ ᠬᠠᠮᠢᠶᠠᠷᠤᠯᠲᠠ᠎ᠶᠢᠨ ᠨᠢᠭᠡ ᠴᠣᠭᠴᠠᠵᠢᠭ᠍ᠰᠠᠨ ᠰᠢᠰᠲᠧᠮ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡᠨ᠎ᠦ ᠬᠠᠮᠢᠶᠠᠷᠤᠯᠲᠠ᠎ᠶᠢᠨ ᠰᠢᠰᠲᠧᠮ᠎ᠳᠦ ᠲᠦᠰᠢᠭᠯᠡᠨ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢ ᠲᠠᠷᠬᠠᠭᠠᠵᠤ ᠬᠡᠷᠡᠭᠯᠡᠬᠦ᠎ᠳᠦ ᠨᠡᠪᠲᠡᠯᠬᠦ ᠮᠠᠶᠢᠭ᠋᠎ᠤᠨ᠂ ᠪᠥᠬᠥ ᠶᠠᠪᠤᠴᠠ᠎ᠶᠢᠨ ᠬᠢᠨᠠᠨ ᠡᠵᠡᠮᠳᠡᠯ᠎ᠢ ᠬᠡᠷᠡᠭᠵᠢᠭᠦᠯᠵᠦ᠂ ᠬᠠᠮᠢᠶ᠎ᠠ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠲᠥᠷᠥᠯ ᠵᠦᠢᠯ᠎ᠦᠨ ᠨᠢᠭᠡᠴᠢ ᠵᠡᠷᠭᠡ ᠡᠯ᠎ᠡ ᠲᠥᠷᠥᠯ᠎ᠦᠨ ᠣᠷᠣᠯᠴᠠᠭᠰᠠᠨ ᠭᠣᠣᠯ ᠴᠣᠭᠴᠠ᠎ᠶᠢᠨ ᠬᠢᠨ᠎ᠦ ᠪᠡᠯᠡ ᠮᠥᠩᠭᠥ᠎ᠶᠢᠨ ᠬᠡᠷᠡᠭᠯᠡᠯᠲᠡ᠂ ᠲᠥᠷᠥᠯ ᠵᠦᠢᠯ᠎ᠦᠨ ᠡᠵᠡᠩᠨᠡᠯᠲᠡ᠂ ᠲᠤᠰᠬᠠᠢ ᠵᠦᠢᠯ᠎ᠦᠨ ᠣᠷᠣᠯᠭ᠎ᠠ᠂ ᠡᠳ᠋ ᠬᠥᠷᠥᠩᠭᠡ᠎ᠶᠢᠨ ᠬᠠᠮᠢᠶᠠᠷᠤᠯᠲᠠ ᠵᠡᠷᠭᠡ ᠲᠠᠯ᠎ᠠ᠎ᠶᠢᠨ ᠪᠠᠢᠳᠠᠯ᠎ᠢ ᠬᠥᠳᠡᠯᠦᠩᠭᠦᠢ᠎ᠪᠡᠷ ᠬᠢᠨᠠᠨ ᠰᠢᠨᠵᠢᠵᠦ᠂ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ᠂ ᠪᠣᠶ ᠪᠦᠬᠦᠢ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠢ ᠮᠡᠳᠡᠭᠡ ᠵᠠᠩᠭᠢ᠎ᠶᠢᠨ ᠰᠢᠰᠲᠧᠮ᠎ᠦᠨ ᠬᠠᠮᠤᠷᠬᠤ ᠬᠡᠪᠴᠢᠶᠡᠨ᠎ᠳᠦ ᠣᠷᠤᠭᠤᠯᠬᠤ ᠬᠡᠷᠡᠭᠲᠡᠢ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠨ ᠮᠡᠳᠡᠭᠡ ᠵᠠᠩᠭᠢ᠎ᠶᠢᠨ ᠰᠢᠰᠲᠧᠮ᠎ᠦᠨ ᠬᠣᠯᠪᠤᠭᠠᠯᠠᠨ ᠨᠡᠪᠲᠡᠷᠡᠯᠴᠡᠬᠦ᠎ᠶᠢ ᠨᠢ ᠴᠢᠩᠭᠠᠳᠬᠠᠵᠤ᠂ ᠲᠥᠷᠥᠯ ᠵᠦᠢᠯ᠎ᠦᠨ ᠠᠬᠢᠴᠠ᠂ ᠵᠢᠭᠡᠯᠡᠯᠭᠡ᠎ᠶᠢᠨ ᠲᠡᠮᠳᠡᠭᠲᠦ᠎ᠶᠢᠨ ᠬᠡᠪᠴᠢᠶᠡᠵᠢᠯ᠂ ᠪᠡᠯᠡ ᠮᠥᠩᠭᠥᠨ᠎ᠦ ᠵᠠᠷᠤᠯᠭ᠎ᠠ᠎ᠶᠢᠨ ᠠᠬᠢᠴᠠ ᠵᠡᠷᠭᠡ ᠮᠡᠳᠡᠭᠡ ᠵᠠᠩᠭᠢ᠎ᠶᠢ ᠴᠠᠭ ᠲᠤᠬᠠᠢ᠎ᠳᠤ ᠨᠢ ᠬᠠᠮᠲᠤ᠎ᠳᠤ᠎ᠪᠠᠨ ᠬᠦᠷᠲᠡᠭᠡᠬᠦ ᠬᠡᠷᠡᠭᠲᠡᠢ᠃ 

ᠲᠠᠪᠤ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠡᠬᠡ ᠬᠦᠦ ᠮᠥᠩᠭᠥ ᠲᠠᠢ ᠨᠢ ᠪᠤᠴᠠᠭᠠᠬᠤ ᠬᠠᠮᠢᠶᠠᠷᠤᠯᠲᠠ᠎ᠶᠢ ᠴᠢᠩᠭᠠᠳᠬᠠᠨ᠎ᠠ 

( ᠠᠷᠪᠠᠨ ᠬᠣᠶᠠᠷ ) ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠦᠨ ᠪᠡᠯᠡ ᠲᠣᠬᠢᠷᠠᠭᠤᠯᠭ᠎ᠠ᠎ᠶᠢᠨ ᠠᠰᠢᠭ᠋ ᠣᠷᠣᠯᠭ᠎ᠠ᠎ᠶᠢ ᠲᠡᠩᠴᠡᠭᠦᠷᠢᠰᠢᠭᠦᠯᠬᠦ ᠠᠵᠢᠯ᠎ᠢ ᠰᠠᠢᠲᠤᠷ ᠬᠢᠨ᠎ᠡ᠃ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠲᠠᠢ ᠵᠣᠬᠢᠴᠠᠯᠳᠤᠭᠰᠠᠨ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠦ ᠣᠷᠣᠯᠭ᠎ᠠ ᠪᠠ ᠲᠥᠷᠥᠯ ᠵᠦᠢᠯ᠎ᠦᠨ ᠲᠤᠰᠬᠠᠢ ᠵᠦᠢᠯ᠎ᠦᠨ ᠣᠷᠣᠯᠭ᠎ᠠ᠎ᠳᠦ ᠡᠬᠡ ᠬᠦᠦ ᠮᠥᠩᠭᠥ ᠲᠠᠢ ᠨᠢ ᠪᠤᠴᠠᠭᠠᠬᠤ᠎ᠳᠤ ᠬᠦᠴᠢᠷᠲᠡᠢ ᠪᠠᠢᠪᠠᠯ᠂ ᠡᠩ᠎ᠦᠨ ᠣᠯᠠᠨ ᠨᠡᠶ᠋ᠢᠲᠡ᠎ᠶᠢᠨ ᠲᠥᠰᠥᠪ᠎ᠢᠶᠡᠷ ᠳᠠᠮᠵᠢᠭᠤᠯᠤᠨ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠦᠨ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠡᠯᠡ ᠮᠥᠩᠭᠥ᠎ᠶᠢ ᠬᠠᠤᠯᠢ ᠶᠣᠰᠣᠭᠠᠷ ᠵᠢᠯ ᠬᠤᠪᠢᠶᠠᠨ ᠲᠣᠬᠢᠷᠠᠭᠤᠯᠬᠤ ᠵᠢᠴᠢ ᠪᠤᠰᠤᠳ ᠲᠥᠷᠥᠯ ᠵᠦᠢᠯ᠎ᠦᠨ ᠲᠤᠰᠬᠠᠢ ᠵᠦᠢᠯ᠎ᠦᠨ ᠣᠷᠣᠯᠭ᠎ᠠ᠂ ᠲᠥᠷᠥᠯ ᠵᠦᠢᠯ᠎ᠦᠨ ᠨᠢᠭᠡᠴᠢ᠎ᠶᠢᠨ ᠪᠡᠯᠡ ᠮᠥᠩᠭᠥ ᠪᠠ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥ᠎ᠶᠢᠨ ᠲᠥᠰᠥᠪ᠎ᠦᠨ ᠣᠷᠣᠯᠭ᠎ᠠ ᠵᠡᠷᠭᠡ᠎ᠶᠢ ᠲᠣᠬᠢᠷᠠᠭᠤᠯᠵᠤ ᠪᠠᠢᠭᠠᠳ ᠲᠥᠯᠥᠬᠦ᠎ᠶᠢ ᠨᠢ ᠵᠥᠪᠰᠢᠶᠡᠷᠡᠵᠦ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠡᠯ᠎ᠡ ᠠᠢᠮᠠᠭ ᠬᠣᠲᠠ᠂ ᠬᠣᠰᠢᠭᠤ ᠰᠢᠶᠠᠨ ( ᠬᠣᠲᠠ᠂ ᠲᠣᠭᠣᠷᠢᠭ᠋ )᠎ᠳᠡᠬᠢ ᠣᠷᠣᠨ ᠪᠦᠰᠡ᠎ᠶᠢᠨ ᠲᠡᠩᠴᠡᠭᠦᠷᠢ᠎ᠶᠢ ᠪᠡᠶᠡᠯᠡᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠨᠢ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠡᠬᠡ ᠬᠦᠦ ᠮᠥᠩᠭᠥ ᠲᠠᠢ ᠨᠢ ᠪᠤᠴᠠᠭᠠᠬᠤ ᠲᠠᠯ᠎ᠠ᠎ᠪᠠᠷ ᠰᠠᠭᠤᠷᠢ᠎ᠠᠴᠠ ᠨᠢ ᠪᠠᠲᠤᠯᠠᠬᠤ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠨᠢ ᠵᠠᠰᠠᠭ᠎ᠤᠨ ᠣᠷᠳᠣᠨ᠎ᠤ ᠵᠢᠭᠡᠯᠡᠯᠭᠡ᠎ᠶᠢᠨ ᠲᠡᠮᠳᠡᠭᠲᠦ᠎ᠶᠢ ᠰᠢᠯᠵᠢᠭᠦᠯᠦᠨ ᠵᠢᠭᠡᠯᠡᠭᠦᠯᠬᠦ ᠵᠥᠪᠯᠡᠯᠴᠡᠭᠡᠷ᠎ᠦᠨ ᠶᠣᠰᠣᠭᠠᠷ ᠲᠣᠰ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠳᠡᠬᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠮᠥᠩᠭᠥ᠎ᠶᠢ ᠨᠢᠭᠡᠳᠦᠯᠲᠡᠢ ᠵᠢᠭᠡᠯᠡᠵᠦ ᠨᠢᠭᠡᠳᠦᠯᠲᠡᠢ ᠪᠤᠴᠠᠭᠠᠬᠤ᠎ᠶᠢ ᠬᠠᠷᠢᠭᠤᠴᠠᠵᠤ᠂ ᠴᠠᠭ ᠲᠤᠬᠠᠢ᠎ᠳᠤ ᠨᠢ ᠲᠣᠭ᠎ᠠ ᠶᠣᠰᠣᠭᠠᠷ ᠭᠦᠢᠴᠡᠳ ᠲᠥᠯᠥᠵᠦ ᠥᠭᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃

( ᠠᠷᠪᠠᠨ ᠭᠤᠷᠪᠠ ) ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠦᠨ ᠡᠳ᠋ ᠬᠥᠷᠥᠩᠭᠡ᠎ᠶᠢᠨ ᠬᠠᠮᠢᠶᠠᠷᠤᠯᠲᠠ᠎ᠪᠠᠨ ᠴᠢᠩᠭᠠᠳᠬᠠᠨ᠎ᠠ᠃ ᠤᠯᠤᠰ᠎ᠤᠨ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠣᠷᠣᠭᠤᠯᠤᠯᠲᠠ᠎ᠶᠢᠨ ᠲᠥᠷᠥᠯ ᠵᠦᠢᠯ᠎ᠡᠴᠡ ᠪᠣᠢ ᠪᠣᠯᠤᠭᠰᠠᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠲᠤᠬᠠᠢ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠤᠨ᠂ ᠲᠥᠷᠥᠯ ᠵᠦᠢᠯ᠎ᠦᠨ ᠨᠢᠭᠡᠴᠢ ᠨᠢ ᠭᠤᠶᠤᠴᠢᠯᠠᠨ ᠮᠡᠳᠡᠭᠦᠯᠬᠦ ᠱᠠᠲᠤᠨ᠎ᠳᠤ ᠬᠥᠷᠥᠩᠭᠡ ᠡᠵᠡᠮᠰᠢᠬᠦ ᠨᠢᠭᠡᠴᠢ᠎ᠶᠢ ᠵᠣᠬᠢᠰᠲᠠᠢ ᠲᠣᠳᠣᠷᠬᠠᠢᠯᠠᠵᠤ᠂ ᠲᠥᠷᠥᠯ ᠵᠦᠢᠯ᠎ᠢ ᠪᠠᠢᠭᠤᠯᠵᠤ ᠳᠠᠭᠤᠰᠬᠠᠭᠰᠠᠨ᠎ᠤ ᠲᠠᠷᠠᠭ᠎ᠠ ᠴᠠᠭ ᠲᠤᠬᠠᠢ᠎ᠳᠤ ᠨᠢ ᠲᠣᠭᠲᠠᠮᠠᠯ ᠬᠥᠷᠥᠩᠭᠡ ᠪᠣᠯᠭᠠᠨ ᠬᠤᠪᠢᠷᠠᠭᠤᠯᠵᠤ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠦᠨ ᠡᠳ᠋ ᠬᠥᠷᠥᠩᠭᠡ᠎ᠶᠢᠨ ᠨᠠᠷᠢᠨ ᠲᠣᠳᠣ᠌ ᠡᠬᠡ ᠲᠠᠨᠭᠰᠠ᠎ᠶᠢ ᠱᠠᠲᠤ ᠬᠤᠪᠢᠶᠠᠨ ᠲᠦᠷᠦᠯ ᠬᠤᠪᠢᠶᠠᠨ ᠪᠠᠢᠭᠤᠯᠵᠤ᠂ ᠲᠥᠷᠥᠯ ᠵᠦᠢᠯ᠎ᠦᠨ ᠡᠳ᠋ ᠬᠥᠷᠥᠩᠭᠡ᠎ᠪᠡᠷ ᠪᠠᠷᠢᠴᠠᠭᠠᠯᠠᠨ ᠪᠡᠯᠡ ᠲᠣᠬᠢᠷᠠᠭᠤᠯᠵᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠠᠯᠳᠠ ᠴᠢᠨᠠᠷᠲᠠᠢ ᠥᠷᠢ ᠥᠭᠴᠡᠭᠡ ᠪᠠ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠠᠯᠳᠠᠭᠳᠠᠯ ᠰᠢᠨ᠎ᠡ᠎ᠪᠡᠷ ᠨᠡᠮᠡᠭᠳᠡᠬᠦ ᠵᠡᠷᠭᠡ ᠲᠦᠭᠰᠢᠭᠦᠷᠢ᠎ᠶᠢ ᠰᠡᠷᠭᠡᠢᠯᠡᠵᠦ᠂ ᠲᠥᠷᠥᠯ ᠵᠦᠢᠯ᠎ᠲᠠᠢ ᠵᠣᠬᠢᠴᠠᠯᠳᠤᠭᠰᠠᠨ ᠵᠠᠰᠠᠭ᠎ᠤᠨ ᠣᠷᠳᠣᠨ᠎ᠤ ᠥᠷᠢ ᠥᠭᠴᠡᠭᠡ ᠪᠠ ᠡᠳ᠋ ᠬᠥᠷᠥᠩᠭᠡ᠎ᠶᠢᠨ ᠲᠡᠩᠴᠡᠭᠦᠷᠢ ᠲᠠᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠨᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠦᠨ ᠨᠡᠪᠲᠡᠯᠬᠦ ᠮᠠᠶᠢᠭ᠋᠎ᠤᠨ ᠬᠢᠨᠠᠨ ᠰᠢᠨᠵᠢᠬᠦ ᠰᠢᠰᠲᠧᠮ ᠵᠡᠷᠭᠡ ᠮᠡᠳᠡᠭᠡ ᠵᠠᠩᠭᠢᠴᠢᠯᠠᠯᠲᠠ᠎ᠶᠢᠨ ᠠᠷᠭ᠎ᠠ ᠪᠠᠷᠢᠯ᠎ᠳᠤ ᠲᠦᠰᠢᠭᠯᠡᠨ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠣᠷᠣᠭᠤᠯᠤᠯᠲᠠ᠎ᠶᠢᠨ ᠲᠥᠷᠥᠯ ᠵᠦᠢᠯ᠎ᠠᠴᠠ ᠪᠣᠢ ᠪᠣᠯᠤᠭᠰᠠᠨ ᠡᠳ᠋ ᠬᠥᠷᠥᠩᠭᠡ᠎ᠳᠠᠬᠢ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭᠠᠷᠠᠭᠤᠯᠵᠤ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠣᠷᠣᠭᠤᠯᠤᠯᠲᠠ᠎ᠶᠢᠨ ᠲᠥᠷᠥᠯ ᠵᠦᠢᠯ᠎ᠡᠴᠡ ᠪᠣᠢ ᠪᠣᠯᠤᠭᠰᠠᠨ ᠡᠳ᠋ ᠬᠥᠷᠥᠩᠭᠡ᠎ᠶᠢᠨ ᠬᠣᠯᠪᠣᠭᠳᠠᠯ ᠪᠦᠬᠦᠢ ᠪᠠᠢᠳᠠᠯ᠎ᠢ ᠦᠨᠡᠨ ᠪᠣᠳᠠᠲᠠᠢ᠂ ᠪᠦᠬᠦ ᠲᠠᠯ᠎ᠠ᠎ᠪᠠᠷ ᠲᠤᠰᠬᠠᠬᠤ ᠬᠡᠷᠡᠭᠲᠡᠢ᠃

( ᠠᠷᠪᠠᠨ ᠳᠥᠷᠪᠡ ) ᠲᠥᠷᠥᠯ ᠵᠦᠢᠯ᠎ᠦᠨ ᠠᠰᠢᠭ᠋ ᠣᠷᠣᠯᠭ᠎ᠠ᠎ᠶᠢ ᠴᠤᠭᠯᠠᠭᠤᠯᠤᠨ ᠨᠡᠢᠯᠡᠭᠦᠯᠬᠦ ᠠᠵᠢᠯ᠎ᠢ ᠰᠠᠢᠲᠤᠷ ᠠᠳᠬᠤᠨ᠎ᠠ᠃ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠲᠥᠷᠥᠯ ᠵᠦᠢᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠲᠥᠷᠥᠯ ᠵᠦᠢᠯ᠎ᠦᠨ ᠨᠢᠭᠡᠴᠢ᠎ᠶᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠠᠴᠠ ᠪᠣᠢ ᠪᠣᠯᠤᠭᠰᠠᠨ ᠡᠳ᠋ ᠬᠥᠷᠥᠩᠭᠡ ᠯᠦ᠍ᠭᠡ ᠵᠣᠬᠢᠴᠠᠯᠳᠤᠭᠰᠠᠨ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥ᠎ᠶᠢᠨ ᠣᠷᠣᠯᠭ᠎ᠠ ᠪᠠ ᠵᠢᠭᠡᠯᠡᠯᠭᠡ᠎ᠶᠢᠨ ᠲᠡᠮᠳᠡᠭᠲᠦ᠎ᠶᠢᠨ ᠡᠬᠡ ᠬᠦᠦ ᠮᠥᠩᠭᠥ᠎ᠶᠢ ᠪᠤᠴᠠᠭᠠᠬᠤ᠎ᠳᠤ ᠬᠡᠷᠡᠭᠯᠡᠬᠦ ᠲᠤᠰᠬᠠᠢ ᠵᠦᠢᠯ᠎ᠦᠨ ᠣᠷᠣᠯᠭ᠎ᠠ᠎ᠶᠢ ᠲᠣᠰ ᠰᠠᠯᠠᠭ᠎ᠠ ᠮᠥᠴᠢᠷ᠂ ᠲᠣᠰ ᠨᠢᠭᠡᠴᠢ᠎ᠶᠢᠨ ᠵᠢᠯ᠎ᠦᠨ ᠡᠬᠢᠨ᠎ᠦ ᠲᠥᠰᠥᠪ᠎ᠲᠦ ᠵᠢᠭ᠍ᠰᠠᠭᠠᠨ ᠣᠷᠣᠭᠤᠯᠤᠨ᠎ᠠ᠃ ᠲᠥᠷᠥᠯ ᠵᠦᠢᠯ᠎ᠦᠨ ᠨᠢᠭᠡᠴᠢ ( ᠡᠳ᠋ ᠬᠥᠷᠥᠩᠭᠡ ᠡᠵᠡᠮᠰᠢᠵᠦ ᠪᠠᠢᠭ᠎ᠠ ᠨᠢᠭᠡᠴᠢ ) ᠨᠢ ᠥᠮᠴᠢᠯᠡᠯ᠎ᠦᠨ ᠡᠷᠬᠡ᠎ᠶᠢ ᠳᠠᠩᠰᠠᠯᠠᠬᠤ᠂ ᠨᠢᠭ᠍ᠲᠠᠯᠠᠨ ᠪᠤᠳᠤᠵᠤ ᠲᠣᠭᠠᠴᠠᠭ᠎ᠠ ᠬᠢᠬᠦ᠂ ᠠᠰᠢᠭ᠋ ᠣᠷᠣᠯᠭ᠎ᠠ᠎ᠶᠢ ᠬᠣᠷᠢᠶᠠᠨ ᠠᠪᠬᠤ ᠵᠡᠷᠭᠡ ᠠᠵᠢᠯ᠎ᠢ ᠬᠠᠤᠯᠢ ᠲᠣᠭᠲᠠᠭᠠᠯ ᠶᠣᠰᠣᠭᠠᠷ ᠰᠠᠢᠲᠤᠷ ᠬᠢᠬᠦ᠎ᠶᠢᠨ ᠬᠠᠮᠲᠤ ᠬᠠᠮᠢᠶ᠎ᠠ ᠪᠦᠬᠦᠢ ᠣᠷᠣᠯᠭ᠎ᠠ᠎ᠶᠢ ᠴᠠᠭ ᠲᠤᠬᠠᠢ᠎ᠳᠤ ᠨᠢ ᠲᠣᠭ᠎ᠠ ᠶᠣᠰᠣᠭᠠᠷ ᠭᠦᠢᠴᠡᠳ ᠤᠯᠤᠰ᠎ᠤᠨ ᠬᠥᠮᠥᠷᠭᠡ᠎ᠳᠦ ᠲᠤᠰᠢᠶᠠᠵᠤ᠂ ᠥᠷᠢ ᠥᠭᠴᠡᠭᠡ ᠲᠥᠯᠥᠬᠦ ᠪᠡᠯᠡ ᠮᠥᠩᠭᠥ᠎ᠶᠢᠨ ᠢᠷᠡᠯᠲᠡ᠎ᠶᠢ ᠪᠠᠲᠤᠯᠠᠬᠤ ᠬᠡᠷᠡᠭᠲᠡᠢ᠃ ᠲᠥᠷᠥᠯ ᠵᠦᠢᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠲᠥᠷᠥᠯ ᠵᠦᠢᠯ᠎ᠦᠨ ᠨᠢᠭᠡᠴᠢ ᠨᠢ ᠲᠣᠭ᠎ᠠ ᠶᠣᠰᠣᠭᠠᠷ ᠭᠦᠢᠴᠡᠳ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠡᠬᠡ ᠬᠦᠦ ᠮᠥᠩᠭᠥ ᠲᠠᠢ ᠨᠢ ᠪᠤᠴᠠᠭᠠᠬᠤ ᠬᠠᠷᠢᠭᠤᠴᠠᠯᠭ᠎ᠠ᠎ᠪᠠᠨ ᠴᠠᠭ ᠲᠤᠬᠠᠢ᠎ᠳᠤ ᠨᠢ ᠨᠠᠢᠳᠠᠪᠤᠷᠢᠵᠢᠭᠤᠯᠤᠭᠰᠠᠨ ᠦᠭᠡᠢ ᠪᠣᠯ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠳ ᠬᠠᠮᠢᠶ᠎ᠠ ᠪᠦᠬᠦᠢ ᠲᠥᠰᠥᠪ᠎ᠦᠨ ᠪᠡᠯᠡ ᠮᠥᠩᠭᠥ᠎ᠶᠢ ᠰᠠᠭᠤᠯᠭᠠᠨ ᠬᠠᠰᠤᠬᠤ ᠵᠡᠷᠭᠡ ᠠᠷᠭ᠎ᠠ ᠬᠡᠮᠵᠢᠶ᠎ᠡ ᠠᠪᠴᠤ ᠪᠠᠢᠭᠠᠳ ᠥᠷᠢ ᠥᠭᠴᠡᠭᠡ᠎ᠪᠡᠨ ᠲᠥᠯᠥᠵᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠳᠤ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠪᠡᠷ ᠥᠷᠢ ᠥᠭᠴᠡᠭᠡ ᠲᠥᠯᠥᠬᠦ ᠪᠡᠯᠡᠳᠬᠡᠯ ᠮᠥᠩᠭᠥ᠎ᠶᠢᠨ ᠳᠦᠷᠢᠮ᠎ᠢ ᠪᠠᠢᠭᠤᠯᠵᠤ᠂ ᠨᠥᠬᠥᠴᠡᠯ᠎ᠲᠠᠢ ᠭᠠᠵᠠᠷ ᠣᠷᠣᠨ ᠬᠠᠷᠠᠭᠠᠯᠵᠠᠭᠰᠠᠨ ᠳᠦᠷᠢᠮ ᠪᠠᠶ᠋ᠢᠭᠤᠯᠬᠤ᠎ᠶᠢ ᠵᠣᠷᠢᠭ᠍ᠵᠢᠭᠤᠯᠤᠨ᠎ᠠ᠃ ᠣᠷᠣᠯᠭ᠎ᠠ᠎ᠪᠠᠷ ᠨᠡᠯᠢᠶᠡᠳ ᠰᠠᠢᠨ ᠲᠥᠷᠥᠯ ᠵᠦᠢᠯ᠎ᠳᠤ᠂ ᠪᠦᠬᠦ ᠠᠮᠢ ᠨᠠᠰᠤᠨ᠎ᠤ ᠦᠶᠡᠯᠡᠯ᠎ᠦᠨ ᠬᠤᠭᠤᠴᠠᠭ᠎ᠠ ᠪᠠ ᠵᠢᠯ ᠬᠤᠪᠢᠶᠠᠨ ᠪᠡᠯᠡ ᠲᠣᠬᠢᠷᠠᠭᠤᠯᠭ᠎ᠠ ᠠᠰᠢᠭ᠋ ᠣᠷᠣᠯᠭ᠎ᠠ᠎ᠶᠢ ᠲᠡᠩᠴᠡᠭᠦᠷᠢᠰᠢᠭᠦᠯᠬᠦ ᠲᠥᠰᠥᠯ᠎ᠢ ᠬᠥᠳᠡᠯᠦᠩᠭᠦᠢ᠎ᠪᠡᠷ ᠲᠣᠬᠢᠷᠠᠭᠤᠯᠬᠤ᠎ᠶᠢ ᠵᠥᠪᠰᠢᠶᠡᠷᠡᠵᠦ᠂ ᠵᠢᠭᠡᠯᠡᠯᠭᠡ᠎ᠶᠢᠨ ᠲᠡᠮᠳᠡᠭᠲᠦ᠎ᠶᠢᠨ ᠡᠬᠡ ᠮᠥᠩᠭᠥ᠎ᠪᠠᠨ ᠤᠷᠢᠳᠴᠢᠯᠠᠨ ᠲᠥᠯᠥᠬᠦ᠎ᠶᠢ ᠨᠢ ᠲᠡᠮᠵᠢᠨ᠎ᠡ᠃ 

ᠵᠢᠷᠭᠤᠭ᠎ᠠ᠂ ᠲᠤᠰᠬᠠᠢ ᠵᠦᠢᠯ᠎ᠤᠨ ᠵᠢᠭᠡᠯᠡᠯᠭᠡ᠎ᠶᠢᠨ ᠲᠡᠮᠳᠡᠭᠲᠦ᠎ᠶᠢ ᠲᠣᠭᠲᠠᠭᠠᠯ᠎ᠠᠴᠠ ᠵᠥᠷᠢᠴᠡᠨ ᠬᠡᠷᠡᠭᠯᠡᠭᠰᠡᠨ᠎ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ᠎ᠶᠢ ᠴᠢᠩᠭᠠᠳᠬᠠᠨ᠎ᠠ 

(ᠠᠷᠪᠠᠨ ᠲᠠᠪᠤ) ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠯᠲᠠ᠎ᠶᠢ ᠬᠠᠤᠯᠢ ᠶᠣᠰᠣᠭᠠᠷ ᠬᠦᠯᠢᠶᠡᠨ᠎ᠡ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠢ ᠵᠠᠰᠠᠭ᠎ᠤᠨ ᠣᠷᠳᠣᠨ᠎ᠤ ᠥᠷᠢ ᠥᠭᠴᠡᠭᠡ᠎ᠶᠢᠨ ᠪᠠᠢᠳᠠᠯ᠎ᠢ ᠮᠡᠳᠡᠭᠦᠯᠬᠦ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠥᠷᠢ ᠥᠭᠴᠡᠭᠡ᠎ᠶᠢᠨ ᠬᠠᠮᠢᠶᠠᠷᠤᠯᠲᠠ᠎ᠶᠢᠨ ᠪᠠᠢᠳᠠᠯ᠎ᠢᠶᠠᠨ ᠵᠢᠯ ᠪᠦᠷᠢ ᠲᠣᠭᠲᠠᠮᠠᠯ ᠬᠤᠭᠤᠴᠠᠭ᠎ᠠ᠎ᠲᠠᠢ᠎ᠪᠠᠷ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠳᠤ ᠮᠡᠳᠡᠭᠦᠯᠬᠦ ᠬᠡᠷᠡᠭᠲᠡᠢ᠃ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠨᠢ ᠲᠥᠰᠥᠪ᠂ ᠲᠥᠰᠥᠪ᠎ᠦᠨ ᠲᠣᠬᠢᠷᠠᠭᠤᠯᠤᠯᠲᠠ᠂ ᠲᠥᠰᠥᠪ᠎ᠦᠨ ᠭᠦᠢᠴᠡᠳᠬᠡᠯ᠎ᠦᠨ ᠲᠤᠬᠠᠢ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶᠢᠨ ᠬᠣᠷᠢᠶᠠᠨ᠎ᠤ ᠰᠢᠢᠳᠪᠦᠷᠢ᠎ᠳᠡᠬᠢ ᠵᠢᠭᠡᠯᠡᠯᠭᠡ᠎ᠶᠢᠨ ᠲᠡᠮᠳᠡᠭᠲᠦ᠎ᠶᠢᠨ ᠬᠠᠮᠢᠶᠠᠷᠤᠯᠲᠠ᠎ᠳᠤ ᠬᠣᠯᠪᠣᠭᠳᠠᠭᠰᠠᠨ ᠬᠢᠨᠠᠨ ᠪᠠᠢᠴᠠᠭᠠᠭᠰᠠᠨ ᠰᠠᠨᠠᠯ᠎ᠢ ᠬᠠᠤᠯᠢ ᠶᠣᠰᠣᠭᠠᠷ ᠨᠠᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠵᠢᠭᠡᠯᠡᠯᠭᠡ᠎ᠶᠢᠨ ᠲᠡᠮᠳᠡᠭᠲᠦ᠎ᠶᠢᠨ ᠵᠢᠭᠡᠯᠡᠯᠭᠡ᠂ ᠵᠠᠷᠤᠯᠭ᠎ᠠ ᠬᠢᠭᠡᠳ ᠲᠥᠯᠥᠪᠦᠷᠢ᠎ᠶᠢ ᠬᠠᠤᠯᠢ ᠶᠣᠰᠣᠭᠠᠷ ᠨᠢᠭᠡᠳᠦᠯᠲᠡᠢ ᠬᠠᠮᠢᠶᠠᠷᠬᠤ ᠬᠡᠷᠡᠭᠲᠡᠢ᠃ 

( ᠠᠷᠪᠠᠨ ᠵᠢᠷᠭᠤᠭ᠎ᠠ ) ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠡᠷᠴᠢᠮ᠎ᠢᠶᠠᠨ ᠴᠢᠩᠭᠠᠷᠠᠭᠤᠯᠤᠨ᠎ᠠ᠃ ᠡᠯ᠎ᠡ ᠱᠠᠲᠤᠨ᠎ᠤ ᠬᠢᠨᠠᠨ ᠪᠤᠳᠤᠬᠤ ᠰᠠᠯᠠᠭ᠎ᠠ ᠮᠥᠴᠢᠷ ᠨᠢ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢ ᠬᠠᠮᠢᠶᠠᠷᠴᠤ ᠬᠡᠷᠡᠭᠯᠡᠭᠰᠡᠨ ᠪᠠᠢᠳᠠᠯ᠎ᠢ ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷᠴᠤᠳ᠎ᠤᠨ ᠠᠵᠤ ᠠᠬᠤᠢ᠎ᠶᠢᠨ ᠬᠠᠷᠢᠭᠤᠴᠠᠯᠭ᠎ᠠ᠎ᠶᠢᠨ ᠬᠢᠨᠠᠨ ᠪᠣᠳᠣᠯᠲᠠ ᠵᠡᠷᠭᠡ ᠬᠢᠨᠠᠨ ᠪᠤᠳᠤᠬᠤ ᠲᠥᠷᠥᠯ ᠵᠦᠢᠯ᠎ᠦᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠬᠢᠨᠠᠨ ᠪᠣᠳᠣᠯᠲᠠ᠂ ᠬᠢᠨᠠᠨ ᠬᠠᠮᠢᠶᠠᠷᠤᠯᠲᠠ ᠵᠡᠷᠭᠡ᠎ᠪᠠᠷ ᠢᠯᠡᠷᠡᠭᠦᠯᠦᠭᠰᠡᠨ ᠪᠡᠯᠡ ᠮᠥᠩᠭᠥ᠎ᠶᠢ ᠠᠰᠢᠭ᠍ᠯᠠᠭ᠎ᠠ ᠦᠭᠡᠢ ᠪᠠ ᠲᠣᠭᠲᠠᠭᠠᠯ᠎ᠠᠴᠠ ᠵᠥᠷᠢᠴᠡᠨ ᠬᠡᠷᠡᠭᠯᠡᠭᠰᠡᠨ ᠵᠡᠷᠭᠡ ᠠᠰᠠᠭᠤᠳᠠᠯ᠎ᠳᠤ ᠡᠯ᠎ᠡ ᠭᠠᠵᠠᠷ ᠣᠷᠣᠨ ᠨᠢ ᠲᠣᠳᠣᠷᠬᠠᠢ ᠬᠠᠭᠤᠳᠠᠰᠤ ᠪᠠᠢᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠢᠵᠢᠷᠠᠭᠤᠯᠬᠤ ᠬᠡᠷᠡᠭᠲᠡᠢ᠃ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠨᠢ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠬᠠᠮᠢᠶᠠᠷᠤᠯᠲᠠ᠎ᠶᠢᠨ ᠬᠠᠤᠯᠢ ᠲᠣᠭᠲᠠᠭᠠᠯ᠎ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠢᠭ᠎ᠠ ᠵᠠᠰᠠᠭ ᠵᠠᠬᠢᠷᠭᠠᠨ ᠠᠵᠢᠯ ᠦᠢᠯᠡᠰ᠎ᠦᠨ ᠨᠢᠭᠡᠴᠢ ᠪᠠ ᠤᠯᠤᠰ᠎ᠤᠨ ᠥᠮᠴᠢᠯᠡᠯᠲᠦ ᠠᠵᠤ ᠠᠬᠤᠢᠯᠠᠯ ᠵᠡᠷᠭᠡ᠎ᠳᠦ᠂ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠠᠢ ᠬᠠᠮᠲᠤᠷᠠᠨ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠬᠦ᠎ᠶᠢ ᠬᠡᠷᠡᠭᠵᠢᠭᠦᠯᠵᠦ᠂ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠰᠣᠩᠭᠣᠵᠤ ᠢᠯᠡ᠎ᠪᠡᠷ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ; ᠬᠠᠤᠯᠢ ᠲᠣᠭᠲᠠᠭᠠᠯ᠎ᠠᠴᠠ ᠵᠥᠷᠢᠴᠡᠨ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠮᠥᠩᠭᠥ᠎ᠶᠢ ᠬᠡᠷᠡᠭᠯᠡᠭᠰᠡᠨ ᠭᠠᠵᠠᠷ ᠣᠷᠣᠨ᠎ᠳᠤ᠂ ᠬᠠᠤᠯᠢ ᠲᠣᠭᠲᠠᠭᠠᠯ ᠶᠣᠰᠣᠭᠠᠷ ᠬᠢᠵᠠᠭᠠᠷ ᠲᠣᠭ᠎ᠠ᠎ᠶᠢ ᠰᠠᠭᠤᠯᠭᠠᠨ ᠬᠠᠰᠤᠬᠤ᠂ ᠪᠣᠯᠵᠣᠨ ᠶᠠᠷᠢᠯᠴᠠᠵᠤ ᠨᠡᠪᠲᠡᠷᠡᠭᠦᠯᠦᠨ ᠮᠡᠳᠡᠭᠡᠯᠡᠬᠦ᠂ ᠰᠢᠯᠭᠠᠨ ᠬᠢᠨᠠᠵᠤ ᠬᠢᠨᠠᠯᠲᠠ ᠲᠠᠯᠪᠢᠬᠤ ᠵᠡᠷᠭᠡ ᠠᠷᠭ᠎ᠠ ᠮᠠᠶᠢᠭ᠋᠎ᠢᠶᠠᠷ ᠴᠢᠩᠭ᠎ᠠ ᠰᠢᠢᠳᠪᠦᠷᠢᠯᠡᠬᠦ᠎ᠶᠢᠨ ᠬᠠᠮᠲᠤ᠂ ᠨᠡᠢᠲᠡᠯᠢᠭ ᠠᠰᠠᠭᠤᠳᠠᠯ᠎ᠦᠨ ᠬᠡᠷᠡᠭ᠎ᠦᠨ ᠵᠢᠱ᠌ᠢᠶ᠎ᠡ᠎ᠶᠢ ᠰᠣᠩᠭᠣᠨ ᠢᠯᠡ᠎ᠪᠡᠷ ᠨᠡᠪᠲᠡᠷᠡᠭᠦᠯᠦᠨ ᠮᠡᠳᠡᠭᠡᠯᠡᠵᠦ᠂ ᠰᠡᠷᠡᠮᠵᠢᠯᠡᠭᠦᠯᠵᠦ ᠬᠥᠮᠥᠵᠢᠭᠦᠯᠬᠦ ᠦᠢᠯᠡᠳᠦᠯ᠎ᠢ ᠪᠠᠳᠠᠷᠠᠭᠤᠯᠬᠤ ᠬᠡᠷᠡᠭᠲᠡᠢ᠃ 

 

ᠳᠠᠭᠠᠯᠳᠤᠭᠤᠯᠤᠯ᠄ 1. ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢᠨ ᠴᠠᠭᠠᠵᠠᠯᠠᠬᠤ ᠲᠥᠷᠥᠯ᠎ᠦᠨ ᠲᠥᠷᠥᠯ ᠵᠦᠢᠯ᠎ᠦᠨ ᠲᠣᠳᠣᠷᠬᠠᠢ ᠬᠠᠭᠤᠳᠠᠰᠤ 

2. ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢ ᠲᠥᠷᠥᠯ ᠵᠦᠢᠯ᠎ᠦᠨ ᠬᠥᠷᠥᠩᠭᠡ ᠮᠥᠩᠭᠥ ᠪᠣᠯᠭᠠᠨ ᠬᠡᠷᠡᠭᠯᠡᠵᠦ ᠪᠣᠯᠬᠤ ᠠᠵᠢᠯ ᠲᠥᠷᠥᠯ 

2025 ᠣᠨ᠎ᠤ 6 ᠳ᠋ᠤᠭᠠᠷ ᠰᠠᠷ᠎ᠠ᠎ᠶᠢᠨ 20᠎ᠤ ᠡᠳᠦᠷ

( ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ ) 

ᠳᠠᠭᠠᠯᠳᠤᠭᠤᠯᠤᠯ 1 

ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢᠯ᠎ᠦᠨ ᠵᠢᠭᠡᠯᠡᠯᠭᠡ᠎ᠶᠢᠨ 

ᠲᠡᠮᠳᠡᠭᠲᠦ᠎ᠶᠢᠨ ᠴᠠᠭᠠᠵᠠᠯᠠᠬᠤ ᠲᠥᠷᠥᠯ᠎ᠦᠨ ᠲᠥᠷᠥᠯ ᠵᠦᠢᠯ᠎ᠦᠨ ᠲᠣᠳᠣᠷᠬᠠᠢ ᠬᠠᠭᠤᠳᠠᠰᠤ

ᠨᠢᠭᠡ᠂ ᠥᠴᠥᠬᠡᠨ ᠴᠦ᠍ ᠠᠰᠢᠭ᠋ ᠣᠷᠣᠯᠭ᠎ᠠ ᠦᠭᠡᠢ ᠲᠥᠷᠥᠯ ᠵᠦᠢᠯ 

ᠬᠣᠶᠠᠷ᠂ ᠠᠰᠠᠷ ᠲᠠᠭᠲᠤ ᠲᠠᠩᠬᠢᠮ ᠪᠠᠭᠤᠳᠠᠯ 

( ᠨᠢᠭᠡ ) ᠨᠠᠮ ᠵᠠᠰᠠᠭ᠎ᠤᠨ ᠪᠠᠢᠭᠤᠯᠭ᠎ᠠ᠎ᠶᠢᠨ ᠠᠯᠪᠠᠨ ᠬᠡᠷᠡᠭᠯᠡᠭᠡᠨ᠎ᠦ ᠭᠡᠷ ᠪᠠᠢᠰᠢᠩ᠂ ᠮᠡᠷᠭᠡᠵᠢᠯ᠎ᠦᠨ ᠬᠡᠷᠡᠭᠯᠡᠭᠡᠨ᠎ᠦ ᠭᠡᠷ ᠪᠠᠢᠰᠢᠩ; 

(ᠬᠣᠶᠠᠷ) ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ); 

(ᠭᠤᠷᠪᠠ) ᠪᠣᠯᠪᠠᠰᠤᠷᠠᠯ᠎ᠤᠨ ᠲᠥᠪ; 

(ᠳᠥᠷᠪᠡ) ᠵᠠᠰᠠᠭ ᠵᠠᠬᠢᠷᠭᠠᠨ᠎ᠤ ᠬᠤᠷᠠᠯᠳᠤᠭᠠᠨ᠎ᠤ ᠲᠥᠪ; 

(ᠲᠠᠪᠤ) ᠺᠠᠳ᠋ᠷ ᠠᠵᠢᠯᠲᠠᠨ ᠠᠵᠢᠯᠴᠢᠨ᠎ᠤ ᠰᠤᠪᠢᠯᠠᠯᠲᠠ᠎ᠶᠢᠨ ᠬᠦᠷᠢᠶᠡᠯᠡᠩ; 

( ᠵᠢᠷᠭᠤᠭ᠎ᠠ ) ᠪᠤᠰᠤᠳ ᠡᠯ᠎ᠡ ᠲᠥᠷᠥᠯ᠎ᠦᠨ ᠠᠰᠠᠷ ᠲᠠᠭᠲᠤ ᠲᠠᠩᠬᠢᠮ ᠪᠠᠭᠤᠳᠠᠯ᠎ᠤᠳ᠃ 

ᠭᠤᠷᠪᠠ᠂ ᠳᠦᠷᠢ ᠲᠥᠷᠬᠦ᠎ᠶᠢᠨ ᠢᠨᠵᠧᠨᠧᠷᠢᠩ ᠪᠠ ᠵᠠᠰᠠᠭ᠎ᠤᠨ ᠠᠵᠢᠯ᠎ᠤᠨ ᠠᠮᠵᠢᠯᠲᠠ ᠪᠦᠲᠦᠮᠵᠢ᠎ᠶᠢᠨ ᠢᠨᠵᠧᠨᠧᠷᠢᠩ 

(ᠨᠢᠭᠡ) ᠲᠣᠮᠣ᠌ ᠬᠡᠯᠪᠡᠷᠢ᠎ᠶᠢᠨ ᠱᠤᠭᠤᠮᠠᠯ; 

( ᠬᠣᠶᠠᠷ ) ᠥᠩᠭᠡ ᠦᠵᠡᠮᠵᠢ᠎ᠶᠢ ᠬᠡᠲᠦ ᠭᠣᠶᠣᠯᠠᠨ ᠰᠠᠢᠵᠢᠷᠠᠭᠤᠯᠬᠤ ᠪᠠ ᠵᠡᠭᠡᠯᠢ ᠲᠣᠭᠣᠷᠢᠭ᠋᠎ᠤᠨ ᠬᠡᠲᠦ ᠭᠡᠷᠡᠯᠲᠦᠭᠦᠯᠬᠦ ᠢᠨᠵᠧᠨᠧᠷᠢᠩ; 

( ᠭᠤᠷᠪᠠ ) ᠰᠣᠶᠣᠯ᠎ᠤᠨ ᠪᠠᠶᠠᠷ᠎ᠤᠨ ᠶᠣᠰᠣᠯᠠᠯ ᠪᠠ ᠭᠣᠣᠯ ᠰᠡᠳᠦᠪᠲᠦ ᠶᠠᠷᠢᠶᠠᠨ᠎ᠤ ᠲᠠᠪᠴᠠᠩ᠎ᠤᠨ ᠲᠠᠯᠠᠪᠤᠷ ᠭᠠᠵᠠᠷ᠎ᠤᠨ ᠪᠡᠯᠡᠳᠬᠡᠮᠵᠢ; 

( ᠳᠥᠷᠪᠡ ) ᠪᠤᠰᠤᠳ ᠡᠯ᠎ᠡ ᠲᠥᠷᠥᠯ᠎ᠦᠨ ᠳᠦᠷᠢ ᠲᠥᠷᠬᠦ᠎ᠶᠢᠨ ᠢᠨᠵᠧᠨᠧᠷᠢᠩ ᠪᠠ ᠵᠠᠰᠠᠭ᠎ᠤᠨ ᠠᠵᠢᠯ᠎ᠤᠨ ᠠᠮᠵᠢᠯᠲᠠ ᠪᠦᠲᠦᠮᠵᠢ᠎ᠶᠢᠨ ᠢᠨᠵᠧᠨᠧᠷᠢᠩ᠃ 

ᠳᠥᠷᠪᠡ᠂ ᠭᠡᠷ ᠪᠠᠢᠰᠢᠩ ᠭᠠᠵᠠᠷ ᠬᠥᠷᠥᠩᠭᠡ ᠵᠡᠷᠭᠡ ᠲᠥᠷᠥᠯ ᠵᠦᠢᠯ 

(ᠨᠢᠭᠡ) ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠂ ᠭᠠᠵᠠᠷ ᠰᠢᠷᠣᠢ᠎ᠶᠢᠨ ᠨᠥᠭᠡᠴᠡᠯᠡᠯ᠎ᠡᠴᠡ ᠭᠠᠳᠠᠨᠠᠬᠢ ᠭᠡᠷ ᠪᠠᠢᠰᠢᠩ ᠭᠠᠵᠠᠷ ᠬᠥᠷᠥᠩᠭᠡ᠎ᠶᠢᠨ ᠨᠡᠭᠡᠭᠡᠨ ᠠᠰᠢᠭ᠍ᠯᠠᠯᠲᠠ; 

( ᠬᠣᠶᠠᠷ ) ᠭᠣᠣᠯ ᠰᠡᠳᠦᠪᠲᠦ ᠴᠡᠴᠡᠷᠯᠢᠭ᠂ ᠡᠷᠲᠡᠨ᠎ᠦ ᠬᠢ᠎ᠶᠢ ᠳᠠᠭᠤᠷᠢᠶᠠᠭᠰᠠᠨ ᠬᠣᠲᠠ ( ᠪᠠᠯᠭᠠᠰᠤ᠂ ᠲᠣᠰᠬᠣᠨ᠂ ᠵᠡᠭᠡᠯᠢ ) ᠵᠡᠷᠭᠡ ᠬᠤᠳᠠᠯᠳᠤᠭᠠᠨ᠎ᠤ ᠪᠡᠯᠡᠳᠬᠡᠮᠵᠢ᠃ 

ᠲᠠᠪᠤ᠂ ᠡᠩ᠎ᠤᠨ ᠥᠷᠢᠰᠦᠯᠳᠦᠭᠡᠨ᠎ᠦ ᠴᠢᠨᠠᠷᠲᠠᠢ ᠠᠵᠤ ᠦᠢᠯᠡᠰ᠎ᠤᠨ ᠲᠥᠷᠥᠯ ᠵᠦᠢᠯ 

ᠡᠩ᠎ᠦᠨ ᠥᠷᠢᠰᠦᠯᠳᠦᠭᠡᠨ᠎ᠦ ᠴᠢᠨᠠᠷᠲᠠᠢ ᠠᠵᠤ ᠦᠢᠯᠡᠰ ᠭᠡᠳᠡᠭ ᠨᠢ ᠵᠠᠬ᠎ᠠ ᠳᠡᠯᠭᠡᠭᠦᠷ᠎ᠡᠴᠡ ᠡᠬᠢ ᠪᠠᠶᠠᠯᠢᠭ᠋᠎ᠢ ᠪᠦᠲᠦᠮᠵᠢᠲᠡᠶ᠎ᠪᠡᠷ ᠲᠣᠬᠢᠷᠠᠭᠤᠯᠵᠤ ᠴᠢᠳᠠᠬᠤ᠂ ᠬᠠᠩᠭᠠᠯᠭ᠎ᠠ ᠬᠡᠷᠡᠭᠴᠡᠭᠡ ᠨᠢ ᠲᠡᠩᠴᠡᠭᠦᠷᠢᠲᠡᠢ᠂ ᠥᠷᠢᠰᠦᠯᠳᠦᠭᠡᠨ ᠨᠢ ᠭᠦᠢᠴᠡᠳ  ᠮᠥᠷᠲᠡᠭᠡᠨ ᠦᠨ᠎ᠡ ᠬᠠᠩᠰᠢ᠎ᠶᠢ ᠨᠥᠯᠥᠭᠡᠯᠡᠵᠦ ᠳᠡᠶ᠋ᠢᠯᠬᠦ ᠠᠵᠤ ᠠᠬᠤᠢᠯᠠᠯ ᠪᠤᠶᠤ ᠬᠡᠷᠡᠭᠯᠡᠭᠴᠢᠳ ᠡᠰᠡ ᠣᠷᠣᠰᠢᠬᠤ ᠠᠵᠤ ᠦᠢᠯᠡᠰ᠎ᠦᠨ ᠬᠦᠷᠢᠶ᠎ᠡ ᠴᠠᠷᠠᠭ᠎ᠠ᠎ᠶᠢ ᠵᠢᠭᠠᠵᠤ ᠪᠣᠢ᠃ 

ᠲᠠᠢᠯᠪᠤᠷᠢ ᠄ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ ᠲᠣᠬᠢᠷᠠᠭᠤᠯᠤᠨ ᠪᠠᠷᠠᠯᠠᠬᠢᠯᠠᠯ᠎ᠤᠨ ᠴᠢᠨᠠᠷᠲᠠᠢ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠪᠣᠶ ᠪᠣᠯᠤᠭᠰᠠᠨ ᠠᠵᠤ ᠦᠢᠯᠡᠰ᠎ᠢ ᠳᠡᠮᠵᠢᠬᠦ᠎ᠶᠢ ᠵᠣᠷᠢᠭ᠍ᠵᠢᠭᠤᠯᠤᠨ᠎ᠠ᠂ ᠭᠡᠪᠡᠴᠦ ᠵᠥᠪᠬᠡᠨ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ᠎ᠪᠡᠷ ᠬᠢᠵᠠᠭᠠᠷᠯᠠᠨ᠎ᠠ; ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢ ᠡᠩ᠎ᠦᠨ ᠥᠷᠢᠰᠦᠯᠳᠦᠭᠡᠨ᠎ᠦ ᠴᠢᠨᠠᠷᠲᠠᠢ ᠠᠵᠤ ᠦᠢᠯᠡᠰ᠎ᠦᠨ ᠬᠦᠷᠢᠶ᠎ᠡ ᠴᠠᠷᠠᠭ᠎ᠠ᠎ᠳᠤ ᠣᠷᠣᠭᠤᠯᠵᠤ ᠪᠣᠯᠬᠤ ᠦᠭᠡᠢ᠃ 

ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢ ᠭᠠᠵᠠᠷ ᠰᠢᠷᠣᠢ ᠨᠥᠭᠡᠴᠡᠯᠡᠬᠦ᠎ᠳᠦ ᠬᠡᠷᠡᠭᠯᠡᠬᠦ᠎ᠶᠢ ᠵᠥᠪᠰᠢᠶᠡᠷᠡᠵᠦ᠂ ᠬᠣᠲᠠ᠎ᠶᠢᠨ ᠵᠠᠰᠠᠭ᠎ᠤᠨ ᠣᠷᠳᠣᠨ᠎ᠤ ᠨᠥᠬᠥᠴᠡᠯ᠎ᠳᠦ ᠨᠡᠢᠴᠡᠬᠦ ᠰᠤᠯᠠ ᠲᠠᠯᠪᠢᠭ᠍ᠳᠠᠵᠤ ᠪᠠᠢᠭ᠎ᠠ ᠤᠭ᠎ᠤᠨ ᠪᠠᠢᠭᠰᠠᠨ ᠭᠠᠵᠠᠷ ᠰᠢᠷᠣᠢ᠎ᠶᠢ ᠡᠭᠡᠭᠦᠯᠦᠨ ᠬᠤᠷᠢᠶᠠᠬᠤ᠎ᠶᠢ ᠨᠢ ᠳᠡᠮᠵᠢᠵᠦ᠂ ᠬᠡᠷᠡᠭᠴᠡᠭᠡ ᠱᠠᠭᠠᠷᠳᠠᠯᠭ᠎ᠠ᠎ᠲᠠᠢ ᠭᠠᠵᠠᠷ ᠣᠷᠣᠨ ᠨᠢ ᠪᠠᠰᠠ ᠰᠢᠨ᠎ᠡ᠎ᠪᠡᠷ ᠨᠡᠮᠡᠭᠳᠡᠭᠰᠡᠨ ᠭᠠᠵᠠᠷ ᠰᠢᠷᠣᠢ᠎ᠶᠢ ᠨᠥᠭᠡᠴᠡᠯᠡᠬᠦ᠎ᠳᠦ ᠬᠡᠷᠡᠭᠯᠡᠵᠦ ᠪᠣᠯᠣᠨ᠎ᠠ; ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠪᠡᠷ ᠬᠤᠳᠠ᠎ᠶᠢᠨ ᠵᠠᠰᠠᠭ᠎ᠤᠨ ᠣᠷᠳᠣᠨ᠎ᠤ ᠬᠢᠨ᠎ᠦ ᠤᠭ᠎ᠤᠨ ᠪᠠᠢᠭᠰᠠᠨ ᠲᠠᠸᠠᠷ᠎ᠤᠨ ᠭᠡᠷ ᠪᠠᠢᠰᠢᠩ ᠬᠤᠳᠠᠯᠳᠤᠨ ᠠᠪᠴᠤ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ ᠪᠣᠯᠭᠠᠨ ᠬᠡᠷᠡᠭᠯᠡᠬᠦ᠎ᠶᠢ ᠨᠢ ᠳᠡᠮᠵᠢᠨ᠎ᠡ᠃ ᠪᠣᠳᠠᠲᠠᠢ ᠠᠵᠢᠯᠯᠠᠭᠠᠨ᠎ᠤ ᠱᠠᠭᠠᠷᠳᠠᠯᠭ᠎ᠠ᠎ᠶᠢ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ 

 

ᠳᠠᠭᠠᠯᠳᠤᠭᠤᠯᠤᠯ 2 

ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢᠯ᠎ᠦᠨ ᠵᠢᠭᠡᠯᠡᠯᠭᠡ᠎ᠶᠢᠨ ᠲᠡᠮᠳᠡᠭᠲᠦ᠎ᠶᠢ 

ᠲᠥᠷᠥᠯ ᠵᠦᠢᠯ᠎ᠦᠨ ᠬᠥᠷᠥᠩᠭᠡ ᠮᠥᠩᠭᠥ ᠪᠣᠯᠭᠠᠨ ᠬᠡᠷᠡᠭᠯᠡᠵᠦ ᠪᠣᠯᠬᠤ ᠠᠵᠢᠯ ᠲᠥᠷᠥᠯ

ᠨᠢᠭᠡ᠂ ᠲᠡᠮᠦᠷ ᠵᠠᠮ 

ᠬᠣᠶᠠᠷ᠂ ᠰᠦᠢᠳᠬᠡᠯ ᠬᠤᠷᠢᠶᠠᠬᠤ ᠵᠠᠰᠠᠮᠠᠯ ᠵᠠᠮ 

ᠭᠤᠷᠪᠠ᠂ ᠭᠣᠣᠯ ᠱᠤᠭᠤᠮ ᠪᠠ ᠵᠡᠭᠦᠨ ᠬᠡᠰᠡᠭ᠎ᠤᠨ ᠭᠠᠵᠠᠷ ᠣᠷᠣᠨ᠎ᠤ ᠰᠠᠯᠪᠤᠷᠢ ᠱᠤᠭᠤᠮ᠎ᠤᠨ ᠨᠢᠰᠬᠡᠯ᠎ᠤᠨ ᠪᠠᠭᠤᠳᠠᠯ 

ᠳᠥᠷᠪᠡ᠂ ᠳᠣᠲᠣᠭᠠᠳᠤ ᠭᠣᠣᠯ ᠮᠥᠷᠡᠨ᠎ᠦ ᠠᠶᠠᠯᠠᠯ᠎ᠤᠨ ᠴᠠᠬᠢᠯᠭᠠᠨ᠎ᠤ ᠬᠦᠢᠰᠦ ᠪᠠ ᠭᠠᠷᠠᠮ 

ᠲᠠᠪᠤ᠂ ᠪᠠᠷᠠᠭ᠎ᠠ ᠲᠡᠭᠡᠭᠡᠪᠦᠷᠢ᠎ᠶᠢᠨ ᠶᠡᠷᠦᠩᠬᠡᠢᠯᠡᠭᠰᠡᠨ ᠬᠦᠢᠰᠦ 

ᠵᠢᠷᠭᠤᠭ᠎ᠠ᠂ ᠬᠣᠲᠠ᠎ᠶᠢᠨ ᠲᠡᠷᠭᠡᠨ ᠵᠣᠭᠰᠣᠭᠠᠯ 

ᠳᠣᠯᠣᠭ᠎ᠠ᠂ ᠪᠠᠢᠭᠠᠯᠢ᠎ᠶᠢᠨ ᠰᠢᠲᠠᠮᠠᠬᠠᠢ ᠬᠡᠢ᠎ᠶᠢᠨ ᠬᠣᠭᠣᠯᠠᠢ ᠭᠤᠤᠷᠰᠤ᠎ᠶᠢᠨ ᠲᠣᠣᠷ ᠪᠠ ᠬᠡᠢ ᠨᠥᠭᠡᠴᠡᠯᠡᠬᠦ ᠪᠡᠯᠡᠳᠬᠡᠮᠵᠢ 

ᠨᠠᠢ᠍ᠮᠠ᠂ ᠨᠡᠭᠦᠷᠡᠰᠦ ᠨᠥᠭᠡᠴᠡᠯᠡᠬᠦ ᠪᠡᠯᠡᠳᠬᠡᠮᠵᠢ 

ᠶᠢᠰᠦ᠂ ᠬᠤᠳᠠ ᠬᠥᠳᠡᠭᠡ᠎ᠶᠢᠨ ᠴᠠᠬᠢᠯᠭᠠᠨ ᠬᠦᠴᠦᠨ᠎ᠦ ᠲᠣᠣᠷ 

ᠠᠷᠪᠠ᠂ ᠰᠢᠨ᠎ᠡ ᠡᠨᠧᠷᠭᠢ 

ᠠᠷᠪᠠᠨ ᠨᠢᠭᠡ᠂ ᠤᠰᠤᠨ ᠠᠰᠢᠭ᠍ᠯᠠᠯᠲᠠ 

ᠠᠷᠪᠠᠨ ᠬᠣᠶᠠᠷ᠂ ᠬᠣᠲᠠ ᠪᠠᠯᠭᠠᠰᠤ᠎ᠶᠢᠨ ᠪᠤᠵᠠᠷ ᠤᠰᠤ ᠬᠣᠭ ᠨᠣᠪᠰᠢ᠎ᠶᠢ ᠬᠣᠷᠢᠶᠠᠨ ᠴᠤᠭᠯᠠᠭᠤᠯᠵᠤ ᠰᠢᠢᠳᠪᠦᠷᠢᠯᠡᠬᠦ᠂ ᠬᠣᠲᠠ ᠪᠠᠯᠭᠠᠰᠤ᠎ᠶᠢᠨ ᠳᠠᠬᠢᠯᠲᠠ ᠤᠰᠤ᠎ᠶᠢ ᠡᠷᠭᠢᠯᠳᠦᠭᠦᠯᠦᠨ ᠠᠰᠢᠭ᠍ᠯᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢᠯᠡᠨ ᠠᠰᠢᠭ᠍ᠯᠠᠬᠤ ᠪᠠ ᠡᠬᠢ ᠪᠠᠶᠠᠯᠢᠭ᠋᠎ᠢ ᠡᠷᠭᠢᠯᠳᠦᠭᠦᠯᠦᠨ ᠠᠰᠢᠭ᠍ᠯᠠᠬᠤ 

ᠠᠷᠪᠠᠨ ᠭᠤᠷᠪᠠ᠂ ᠡᠷᠡᠭᠦᠯ ᠬᠠᠮᠠᠭᠠᠯᠠᠯ ᠡᠷᠡᠭᠦᠯ ᠮᠡᠨᠳᠦ 

ᠠᠷᠪᠠᠨ ᠳᠥᠷᠪᠡ᠂ ᠨᠠᠰᠤᠲᠠᠨ᠎ᠢ ᠠᠰᠠᠷᠠᠬᠤ ᠪᠠ ᠬᠡᠦᠬᠡᠳ ᠰᠠᠭᠠᠲᠠᠭᠤᠯᠵᠤ ᠠᠰᠠᠷᠠᠬᠤ 

ᠠᠷᠪᠠᠨ ᠲᠠᠪᠤ᠂ ᠤᠰᠤ ᠬᠠᠩᠭᠠᠬᠤ ᠪᠠ ᠲᠠᠲᠠᠵᠤ ᠵᠠᠯᠠᠬᠤ 

ᠠᠷᠪᠠᠨ ᠵᠢᠷᠭᠤᠭ᠎ᠠ᠂ ᠢᠯᠴᠢ ᠬᠠᠩᠭᠠᠬᠤ (ᠢᠯᠴᠢ ᠬᠠᠩᠭᠠᠬᠤ ᠬᠡᠮᠵᠢᠯᠲᠡ᠎ᠶᠢ ᠥᠭᠡᠷᠡᠴᠢᠯᠡᠨ ᠰᠢᠨᠡᠳᠬᠡᠬᠦ᠂ ᠬᠤᠯᠠ ᠵᠠᠢᠲᠤ ᠢᠯᠴᠢ ᠬᠠᠩᠭᠠᠬᠤ ᠬᠣᠭᠣᠯᠠᠢ ᠭᠤᠤᠷᠰᠤ ᠪᠠᠭᠲᠠᠨ᠎ᠠ) 

ᠠᠷᠪᠠᠨ ᠳᠣᠯᠣᠭ᠎ᠠ᠂ ᠪᠠᠢᠭᠠᠯᠢ᠎ᠶᠢᠨ ᠰᠢᠲᠠᠮᠠᠬᠠᠢ ᠬᠡᠢ ᠬᠠᠩᠭᠠᠬᠤ 

ᠠᠷᠪᠠᠨ ᠨᠠᠢ᠍ᠮᠠ᠂ ᠤᠯᠤᠰ᠎ᠤᠨ ᠳᠡᠰ᠂ ᠮᠤᠵᠢ᠎ᠶᠢᠨ ᠳᠡᠰ᠎ᠦᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠋᠎ᠤᠨ ᠰᠠᠭᠤᠷᠢ ᠪᠡᠯᠡᠳᠬᠡᠮᠵᠢ 

ᠠᠷᠪᠠ ᠶᠢᠰᠦ᠂ ᠬᠤᠳᠠ᠎ᠶᠢ ᠰᠢᠨᠡᠳᠬᠡᠬᠦ 

( ᠨᠢᠭᠡ ) ᠬᠣᠲᠠ ᠪᠠᠯᠭᠠᠰᠤ᠎ᠶᠢᠨ ᠬᠠᠭᠤᠴᠢᠨ ᠰᠠᠭᠤᠭᠠᠯᠢ ᠲᠣᠭᠣᠷᠢᠭ᠋᠎ᠢ ᠥᠭᠡᠷᠡᠴᠢᠯᠡᠨ ᠰᠢᠨᠡᠳᠬᠡᠬᠦ᠂ ᠳᠥᠭᠥᠮ ᠪᠦᠳᠦᠭᠦᠯᠢᠭ ᠣᠷᠣᠨ ᠰᠠᠭᠤᠴᠠᠲᠤ ᠲᠣᠭᠣᠷᠢᠭ᠋᠎ᠢ ᠥᠭᠡᠷᠡᠴᠢᠯᠡᠨ ᠰᠢᠨᠡᠳᠬᠡᠬᠦ᠂ ᠬᠤᠳᠠ᠎ᠶᠢᠨ ᠳᠤᠮᠳᠠᠬᠢ ᠲᠣᠰᠬᠣᠨ᠎ᠢ ᠥᠭᠡᠷᠡᠴᠢᠯᠡᠨ ᠰᠢᠨᠡᠳᠬᠡᠬᠦ᠂ ᠬᠠᠭᠤᠴᠢᠨ ᠵᠡᠭᠡᠯᠢ ᠲᠣᠭᠣᠷᠢᠭ᠋᠎ᠢ ᠥᠭᠡᠷᠡᠴᠢᠯᠡᠨ ᠰᠢᠨᠡᠳᠬᠡᠬᠦ᠂ ᠬᠠᠭᠤᠴᠢᠨ ᠦᠢᠯᠡᠳᠪᠦᠷᠢ᠎ᠶᠢᠨ ᠲᠣᠭᠣᠷᠢᠭ᠋᠎ᠢ ᠥᠭᠡᠷᠡᠴᠢᠯᠡᠨ ᠰᠢᠨᠡᠳᠬᠡᠬᠦ 

( ᠬᠣᠶᠠᠷ ) ᠬᠣᠲᠠ᠎ᠶᠢᠨ ᠣᠯᠠᠨ ᠨᠡᠶ᠋ᠢᠲᠡ᠎ᠶᠢᠨ ᠣᠷᠣᠨ ᠵᠠᠢ᠎ᠶᠢᠨ ᠴᠢᠳᠠᠮᠵᠢ᠎ᠶᠢ ᠰᠠᠢᠵᠢᠷᠠᠭᠤᠯᠬᠤ ᠵᠢᠴᠢ ᠪᠤᠰᠤᠳ ᠬᠣᠲᠠ᠎ᠶᠢ ᠰᠢᠨᠡᠳᠬᠡᠬᠦ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ 

ᠬᠣᠷᠢ᠂ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ 

ᠬᠣᠷᠢᠨ ᠨᠢᠭᠡ᠂ ᠰᠢᠨ᠎ᠡ ᠬᠡᠯᠪᠡᠷᠢ᠎ᠶᠢᠨ ᠰᠠᠭᠤᠷᠢ ᠪᠡᠯᠡᠳᠬᠡᠮᠵᠢ 

( ᠨᠢᠭᠡ ) ᠡᠭᠦᠯᠡᠨ ᠪᠣᠳᠣᠯᠲᠠ᠂ ᠳ᠋ᠠᠢᠲ᠋ᠠ᠎ᠶᠢᠨ ᠲᠥᠪ᠂ ᠠᠵᠤ ᠦᠢᠯᠡᠳᠪᠦᠷᠢ᠎ᠶᠢᠨ ᠢᠨᠲᠧᠷ ᠰᠦᠯᠵᠢᠶ᠎ᠡ᠂ ᠪᠣᠳᠣᠬᠤ ᠴᠢᠳᠠᠪᠤᠷᠢ᠎ᠶᠢᠨ ᠲᠥᠬᠦᠭᠡᠷᠦᠮᠵᠢ ᠵᠢᠴᠢ ᠲᠤᠰᠠᠯᠠᠬᠤ ᠲᠥᠬᠦᠭᠡᠷᠦᠮᠵᠢ ᠰᠠᠭᠤᠷᠢ ᠪᠡᠯᠡᠳᠬᠡᠮᠵᠢ 

( ᠬᠣᠶᠠᠷ ) ᠲᠡᠮᠦᠷ ᠵᠠᠮ᠂ ᠭᠠᠷᠠᠮ᠂ ᠳᠡᠭᠡᠳᠦ ᠬᠤᠷᠳᠤ᠎ᠶᠢᠨ ᠵᠠᠰᠠᠮᠠᠯ ᠵᠠᠮ᠂ ᠨᠢᠰᠬᠡᠯ᠎ᠦᠨ ᠪᠠᠭᠤᠳᠠᠯ ᠵᠡᠷᠭᠡ ᠤᠯᠠᠮᠵᠢᠯᠠᠯᠲᠤ ᠰᠠᠭᠤᠷᠢ ᠪᠡᠯᠡᠳᠬᠡᠮᠵᠢ᠎ᠶᠢᠨ ᠠᠮᠤᠷ ᠲᠦᠪᠰᠢᠨ ᠴᠢᠨᠠᠷ᠂ ᠣᠶᠤᠨᠴᠢᠯᠠᠭᠰᠠᠨ ᠥᠭᠡᠷᠡᠴᠢᠯᠡᠯᠲᠡ 

ᠬᠣᠷᠢᠨ ᠬᠣᠶᠠᠷ᠂ ᠪᠠᠷᠠᠯᠠᠬᠢᠯᠠᠯ᠎ᠤᠨ ᠴᠢᠨᠠᠷᠲᠠᠢ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠪᠣᠢ ᠪᠣᠯᠤᠭᠰᠠᠨ ᠠᠵᠤ ᠦᠢᠯᠡᠰ᠎ᠦᠨ ᠰᠠᠭᠤᠷᠢ ᠪᠡᠯᠡᠳᠬᠡᠮᠵᠢ 

(ᠨᠢᠭᠡ) ᠤᠯᠤᠰ᠎ᠤᠨ ᠠᠵᠤ ᠦᠢᠯᠡᠰ᠎ᠦᠨ ᠲᠦᠷᠦ᠎ᠶᠢᠨ ᠪᠣᠳᠣᠯᠭ᠎ᠠ᠎ᠳᠤ ᠨᠡᠢᠴᠡᠭᠰᠡᠨ ᠴᠢᠬᠤᠯᠠ ᠶᠡᠬᠡ ᠬᠤᠷᠠᠮᠠᠯ ᠴᠠᠬᠢᠯᠭᠠᠨ ᠬᠡᠯᠬᠢᠶ᠎ᠡ᠎ᠶᠢᠨ ᠦᠢᠯᠡᠳᠪᠦᠷᠢᠯᠡᠯ᠎ᠦᠨ ᠱᠤᠭᠤᠮ ᠵᠢᠴᠢ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ 

( ᠬᠣᠶᠠᠷ ) ᠮᠡᠳᠡᠭᠡ ᠵᠠᠩᠭᠢ᠎ᠶᠢᠨ ᠮᠡᠷᠭᠡᠵᠢᠯ᠂ ᠰᠢᠨ᠎ᠡ ᠮᠠᠲᠧᠷᠢᠶᠠᠯ᠂ ᠠᠮᠢᠳᠤ ᠪᠣᠳᠠᠰ᠎ᠤᠨ ᠦᠢᠯᠡᠳᠬᠦ ᠦᠢᠯᠡᠰ᠂ ᠳ᠋ᠢᠭᠢᠲᠴᠢᠯᠡᠭᠰᠡᠨ ᠠᠵᠤ ᠠᠬᠤᠢ᠂ ᠳᠣᠣᠷ᠎ᠠ ᠠᠭᠠᠷ᠎ᠤᠨ ᠠᠵᠤ ᠠᠬᠤᠢ᠂ ᠺᠸᠠᠨ᠋ᠲ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢ ᠨᠠᠰᠤᠨ᠎ᠤ ᠰᠢᠨᠵᠢᠯᠡᠬᠦ ᠤᠬᠠᠭᠠᠨ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠳᠣᠬᠢᠭᠤᠷ ᠲᠤᠯᠤᠭᠠᠨ ᠣᠲᠣ᠌ ᠵᠡᠷᠭᠡ ᠬᠠᠮᠢᠶ᠎ᠠ ᠪᠦᠬᠦᠢ ᠠᠵᠤ ᠦᠢᠯᠡᠰ᠎ᠦᠨ ᠰᠠᠭᠤᠷᠢ ᠪᠡᠯᠡᠳᠬᠡᠮᠵᠢ 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2025 ᠣᠨ᠎ᠤ 6 ᠳ᠋ᠤᠭᠠᠷ ᠰᠠᠷ᠎ᠠ᠎ᠶᠢᠨ 20᠎ᠦ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ