ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶ᠋ᠢᠲᠡᠯᠡᠭᠰᠡᠨ ᠴᠠᠭ᠄ 2025-02-06

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

 

ᠥᠪᠥᠷ ᠵᠠᠰᠠᠭ ᠠᠯᠪᠠᠨ ᠲᠠᠷᠬᠠᠭ᠋ᠠᠭᠰᠠᠨ [2024 ] 61 ᠳ᠋ᠦ᠍ᠭᠡᠷ ᠲᠣᠭ᠋ᠠᠲᠤ

 

ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠶᠠᠪᠤᠭᠤᠯᠬᠤ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ ᠄ 

      《ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ 》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ ᠂  ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ ᠃ 

2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ

      (ᠲᠣᠰ ᠪᠢᠴᠢᠭ  ᠮᠠᠲᠸᠷᠢᠶᠠᠯ᠎ᠢ ᠢᠯᠡ ᠨᠡᠢ᠌ᠲᠡᠯᠡᠨ᠎ᠡ )


ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ


       ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ  ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ ᠂  ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠵᠢᠨ ᠳᠤᠲᠠᠭᠤᠳᠠᠯ᠎ᠢ ᠲᠦᠷᠭᠡᠳᠬᠡᠨ ᠨᠥᠬᠥᠪᠦᠷᠢᠯᠡᠵᠦ ᠂  ᠬᠡᠪᠴᠢᠶᠡᠵᠢᠭᠰᠡᠨ ᠂  ᠠᠵᠤ ᠦᠢ᠍ᠯᠡᠰᠵᠢᠭᠰᠡᠨ ᠂  ᠨᠠᠷᠠᠲᠤ ᠲᠡᠮᠳᠡᠭᠵᠢᠭᠰᠡᠨ ᠬᠥᠭᠵᠢᠯᠲᠡ ᠵᠢ ᠠᠬᠢᠭᠤᠯᠤᠨ ᠂  ᠲᠠᠷᠢᠶᠠᠯᠠᠩ ᠮᠠᠯ ᠠᠵᠤ ᠠᠬᠤᠢ ᠵᠢᠨ ᠪᠥᠬᠥ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠥᠷᠲᠡᠭ᠎ᠢ ᠲᠦᠮᠡᠨ ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ ᠵᠢ ᠲᠦᠷᠭᠡᠬᠡᠨ ᠪᠡᠶᠡᠯᠡᠭᠦᠯᠵᠦ ᠂  ᠲᠠᠷᠢᠶᠠᠯᠠᠩ ᠮᠠᠯ ᠠᠵᠤ ᠠᠬᠤᠢ ᠵᠢᠨ ᠲᠠᠯ᠎ᠠ᠎ᠪᠠᠷ ᠭᠠᠷᠤᠯᠲᠠ ᠵᠢᠨ ᠲᠣᠮᠣ ᠣᠷᠣᠨ ᠪᠠᠢ᠌ᠭᠰᠠᠨ᠎ᠠᠴᠠ ᠠᠵᠤ ᠦᠢ᠍ᠯᠡᠰ᠎ᠤᠨ ᠬᠦᠴᠦᠷᠬᠡᠭ ᠣᠷᠣᠨ ᠲᠡᠢ᠌ᠰᠢ ᠬᠤᠪᠢᠷᠠᠭᠤᠯᠬᠤ ᠵᠢ ᠠᠬᠢᠭᠤᠯᠬᠤ ᠵᠢᠨ ᠲᠤᠰᠠᠳᠠ ᠂  ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ ᠂  ᠳᠣᠣᠷᠠᠬᠢ ᠮᠡᠲᠦ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠪᠠ ᠃ 

       ᠨᠢᠭᠡ ᠂  ᠣᠲᠣ ᠵᠢᠨ ᠪᠠᠢ᠌ᠭ᠎ᠠ ᠠᠵᠤ ᠠᠬᠤᠢ᠌ᠯᠠᠯ᠎ᠤᠨ ᠪᠤᠵᠠᠭ᠋ᠠᠢ᠌ᠷᠠᠨ ᠬᠦᠴᠦᠷᠬᠡᠭᠵᠢᠬᠦ ᠵᠢ ᠲᠡᠳᠬᠦᠨ᠎ᠡ

      2024 ᠣᠨ (ᠪᠠᠭᠲᠠᠨ᠎ᠠ )᠎ᠠᠴᠠ ᠬᠣᠢ᠌ᠰᠢ ᠨᠡᠢ᠌ᠯᠡᠭᠦᠯᠵᠦ ᠳᠠᠬᠢᠨ ᠵᠣᠬᠢᠶᠠᠨ ᠪᠠᠢ᠌ᠭᠤᠯᠬᠤ ᠂  ᠬᠡᠪᠴᠢᠶᠡᠵᠢᠯ ᠵᠶ᠋ᠠᠨ ᠥᠷᠭᠡᠳᠬᠡᠨ ᠦᠢ᠍ᠯᠡᠳᠪᠦᠷᠢᠯᠡᠯ ᠵᠶ᠋ᠠᠨ ᠨᠡᠮᠡᠭᠳᠡᠭᠦᠯᠬᠦ ᠵᠡᠷᠭᠡ ᠠᠷᠭ᠎ᠠ ᠮᠠᠶᠢᠭ ᠵᠶ᠋ᠠᠷ ᠵᠢᠯ᠎ᠤᠨ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠣᠷᠣᠯᠭ᠎ᠠ᠎ᠪᠠᠨ 2 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠦᠭᠦᠯᠦᠭᠰᠡᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ ᠂  ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠨ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠠᠴᠠ ᠭᠦᠢ᠍ᠯᠭᠡᠭᠡᠨ᠎ᠤ ᠪᠡᠯᠡ ᠮᠥᠩᠭᠥ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠥ ᠵᠢᠭᠡᠯᠡᠬᠦ᠎ᠳᠤ ᠭᠦᠷᠪᠡᠯ ᠂  ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ  ᠮᠦᠩᠭᠦᠨ᠎ᠤ ᠨᠣᠷᠮ᠎ᠠ (LPR ) ᠵᠢᠨ 70%᠎ᠪᠠᠷ  ᠲᠡᠷᠡᠴᠢᠯᠡᠨ 2%᠎ᠠᠴᠠ ᠥᠯᠥ ᠬᠡᠲᠦᠷᠡᠬᠦ ᠬᠦᠦ ᠮᠥᠩᠭᠥᠨ᠎ᠤ ᠨᠣᠷᠮ᠎ᠠ ᠶᠣᠰᠣᠭ᠋ᠠᠷ ᠂  ᠵᠢᠯ ᠪᠦᠷᠢ 200 ᠲᠦᠮᠡᠨ ᠲᠥᠭᠥᠷᠢᠭ᠎ᠠᠴᠠ ᠥᠯᠥ ᠬᠡᠲᠦᠷᠡᠭᠦᠯᠬᠦ ᠳᠠᠮ ᠬᠦᠦ ᠵᠢᠨ ᠳᠡᠮᠵᠢᠯᠭᠡ ᠣᠯᠭᠣᠵᠤ ᠂  ᠲᠡᠳᠡᠨ᠎ᠤ ᠲᠠᠷᠢᠶᠠᠯᠠᠩ᠎ᠤᠨ ᠠᠵᠤ ᠦᠢ᠍ᠯᠡᠰᠵᠢᠭᠰᠡᠨ ᠤᠯᠤᠰ᠎ᠤᠨ ᠭᠣᠣᠯᠳᠠᠯᠭ᠎ᠠ ᠪᠣᠯᠬᠤ ᠬᠥᠲᠥᠴᠢ ᠠᠵᠤ ᠠᠬᠤᠢ᠌ᠯᠠᠯ ᠪᠠ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠲᠡ ᠵᠢᠨ ᠵᠢᠱ᠌ᠢᠶ᠎ᠡ ᠦᠵᠡᠭᠦᠯᠬᠦ ᠬᠣᠯᠪᠣᠭ᠋ᠠᠲᠤ ᠴᠣᠭᠴᠠ᠎ᠪᠠᠷ ᠦᠨᠡᠮᠰᠢᠭᠦᠯᠬᠦ ᠵᠢ᠎ᠨᠢ ᠵᠣᠷᠢᠭᠵᠢᠭᠤᠯᠤᠨ᠎ᠠ ᠃  ᠰᠢᠨ᠎ᠡ᠎ᠪᠠᠷ ᠦᠨᠡᠮᠰᠢᠭᠰᠡᠨ ᠲᠠᠷᠢᠶᠠᠯᠠᠩ᠎ᠤᠨ ᠠᠵᠤ ᠦᠢ᠍ᠯᠡᠰᠵᠢᠭᠰᠡᠨ ᠤᠯᠤᠰ᠎ᠤᠨ ᠭᠣᠣᠯᠳᠠᠯᠭ᠎ᠠ ᠪᠣᠯᠬᠤ ᠬᠥᠲᠥᠴᠢ ᠠᠵᠤ ᠠᠬᠤᠢ᠌ᠯᠠᠯ᠎ᠳᠤ ᠨᠢᠭᠡ ᠯᠡ ᠤᠳᠠᠭ᠎ᠠ ᠵᠢᠨ ᠴᠢᠨᠠᠷᠲᠠᠢ 50 ᠲᠦᠮᠡᠨ ᠲᠥᠭᠥᠷᠢᠭ᠎ᠤᠨ ᠱᠠᠩᠨᠠᠯ ᠣᠯᠭᠣᠨ᠎ᠠ ᠃  ᠤᠯᠤᠰ᠎ᠤᠨ ᠲᠡᠰ᠎ᠤᠨ ᠠᠵᠤ ᠦᠢ᠍ᠯᠡᠰᠵᠢᠭᠰᠡᠨ ᠬᠥᠲᠥᠴᠢ ᠠᠵᠤ ᠠᠬᠤᠢ᠌ᠯᠠᠯ᠎ᠤᠨ ᠨᠢᠭᠡ ᠵᠢ ᠨᠢᠭᠡ᠎ᠳᠤ ᠴᠢᠭᠯᠡᠭᠦᠯᠦᠨ ᠲᠡᠳᠬᠦᠬᠦ ᠲᠣᠭᠲᠠᠴᠠ ᠵᠢ ᠪᠠᠢ᠌ᠭᠤᠯᠵᠤ ᠂  ᠡᠬᠢ ᠪᠠᠶᠠᠯᠢᠭ᠎ᠤᠨ ᠬᠦᠴᠦᠨ ᠵᠶ᠋ᠠᠨ ᠲᠥᠪᠯᠡᠷᠡᠭᠦᠯᠦᠨ ᠂ 《ᠨᠢᠭᠡ ᠠᠵᠤ ᠠᠬᠤᠢ᠌ᠯᠠᠯ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ 》᠎ᠪᠠᠷ ᠳᠠᠮᠵᠢᠭᠤᠯᠤᠨ ᠠᠵᠤ ᠠᠬᠤᠢ᠌ᠯᠠᠯ᠎ᠳᠤ ᠲᠤᠯᠭ᠋ᠠᠷᠠᠵᠤ ᠪᠠᠢ᠌ᠭ᠎ᠠ ᠬᠦᠴᠢᠷᠳᠡᠯ ᠪᠠ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠭᠦᠨ᠎ᠡ ᠃ [ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ )᠂  ᠡᠳ᠋᠎ᠤᠨ ᠵᠠᠰᠠᠭ᠎ᠤᠨ ᠲᠢᠩᠬᠢᠮ ] 

       ᠬᠣᠶᠠᠷ ᠂  ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠢ ᠶᠡᠬᠡ᠎ᠪᠠᠷ  ᠪᠣᠢ᠌ᠵᠢᠭᠤᠯᠤᠨ᠎ᠠ

       ᠣᠷᠣᠨ ᠨᠤᠲᠤᠭ᠎ᠤᠨ᠎ᠬᠢᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠡᠯᠡ ᠮᠥᠩᠭᠥ᠎ᠪᠠᠨ ᠨᠢᠭᠡᠳᠦᠯᠲᠡᠢ ᠲᠥᠯᠥᠪᠯᠡᠬᠦ ᠵᠢ᠎ᠨᠢ ᠵᠣᠷᠢᠭᠵᠢᠭᠤᠯᠵᠤ ᠂  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠵᠢᠨ ᠬᠠᠮᠲᠤ ᠂  ᠲᠠᠷᠢᠶᠠᠴᠢᠳ᠎ᠲᠠᠢ ᠬᠣᠯᠪᠤᠭ᠋ᠠᠯᠠᠨ ᠲᠠᠷᠢᠶᠠᠴᠢᠳ᠎ᠢ ᠳᠠᠢ᠌ᠴᠢᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ ᠃  ᠰᠢᠨ᠎ᠡ᠎ᠪᠠᠷ ᠳᠠᠩᠰᠠᠯᠠᠭᠤᠯᠤᠭᠰᠠᠨ ᠮᠥᠷᠲᠡᠭᠡᠨ ᠵᠢᠯ᠎ᠤᠨ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠣᠷᠣᠯᠭ᠎ᠠ᠎ᠪᠠᠨ 2 ᠳ᠋ᠦᠩᠰᠢᠭᠤᠷ ᠲᠥᠭᠥᠷᠢᠭ᠎ᠠᠴᠠ ᠳᠡᠭᠡᠭᠰᠢ᠎ᠳᠤ ᠬᠦᠷᠦᠭᠦᠯᠦᠭᠰᠡᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠨᠢ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠨ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠠᠴᠠ ᠭᠦᠢ᠍ᠯᠭᠡᠭᠡᠨ᠎ᠤ ᠪᠡᠯᠡ ᠮᠥᠩᠭᠥ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠥ ᠵᠢᠭᠡᠯᠡᠬᠦ᠎ᠳᠤ ᠭᠦᠷᠪᠡᠯ ᠂  ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ  ᠮᠦᠩᠭᠦᠨ᠎ᠤ ᠨᠣᠷᠮ᠎ᠠ (LPR ) ᠵᠢᠨ 70%᠎ᠪᠠᠷ  ᠲᠡᠷᠡᠴᠢᠯᠡᠨ 2%᠎ᠠᠴᠠ ᠥᠯᠥ ᠬᠡᠲᠦᠷᠡᠬᠦ ᠬᠦᠦ ᠮᠥᠩᠭᠥᠨ᠎ᠤ ᠨᠣᠷᠮ᠎ᠠ ᠶᠣᠰᠣᠭ᠋ᠠᠷ ᠂  ᠵᠢᠯ ᠪᠦᠷᠢ 200 ᠲᠦᠮᠡᠨ ᠲᠥᠭᠥᠷᠢᠭ᠎ᠠᠴᠠ ᠥᠯᠥ ᠬᠡᠲᠦᠷᠡᠭᠦᠯᠬᠦ ᠳᠠᠮ ᠬᠦᠦ ᠵᠢᠨ ᠳᠡᠮᠵᠢᠯᠭᠡ ᠣᠯᠭᠣᠨ᠎ᠠ ᠃ [ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ )᠂  ᠡᠳ᠋᠎ᠤᠨ ᠵᠠᠰᠠᠭ᠎ᠤᠨ ᠲᠢᠩᠬᠢᠮ ]

       ᠭᠤᠷᠪᠠ ᠂  ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠰᠢᠯᠢᠳᠡᠭᠵᠢᠭᠦᠯᠵᠦ ᠲᠠᠰ ᠳᠡᠪᠰᠢᠭᠦᠯᠬᠦ ᠵᠢ ᠠᠬᠢᠭᠤᠯᠤᠨ᠎ᠠ

      2024 ᠣᠨ᠎ᠠᠴᠠ ᠬᠣᠢ᠌ᠰᠢᠬᠢ ᠵᠢᠯ᠎ᠤᠨ ᠭᠣᠣᠯ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠤᠨ ᠣᠷᠣᠯᠭ᠎ᠠ᠎ᠨᠢ 1.6 ᠳ᠋ᠦᠩᠰᠢᠭᠤᠷ ᠲᠥᠭᠥᠷᠢᠭ᠎ᠲᠤ ᠬᠦᠷᠴᠦ ᠂  ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠨ ᠪᠠᠢ᠌ᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠠᠴᠠ ᠰᠢᠨ᠎ᠡ᠎ᠪᠠᠷ ᠪᠠᠢ᠌ᠭᠤᠯᠤᠭᠰᠠᠨ ᠪᠠ ᠲᠠᠰ ᠳᠡᠪᠰᠢᠭᠦᠯᠵᠦ ᠥᠭᠡᠷᠡᠴᠢᠯᠡᠨ ᠰᠢᠨᠡᠳᠬᠡᠭᠰᠡᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢ᠍ᠯ᠎ᠤᠨ ᠵᠢᠭᠡᠯᠡᠯᠭᠡ ᠵᠢᠭᠡᠯᠡᠭᠰᠡᠨ ᠠᠵᠤ ᠠᠬᠤᠢ᠌ᠯᠠᠯ᠎ᠳᠤ ᠂  ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠥᠨ᠎ᠤ ᠨᠣᠷᠮ᠎ᠠ (LPR ) ᠵᠢᠨ 70%᠎ᠪᠠᠷ  ᠲᠡᠷᠡᠴᠢᠯᠡᠨ 2%᠎ᠠᠴᠠ ᠥᠯᠥ ᠬᠡᠲᠦᠷᠡᠬᠦ ᠬᠦᠦ ᠮᠥᠩᠭᠥᠨ᠎ᠤ ᠨᠣᠷᠮ᠎ᠠ ᠶᠣᠰᠣᠭ᠋ᠠᠷ ᠂  ᠵᠢᠯ ᠪᠦᠷᠢ 300 ᠲᠦᠮᠡᠨ ᠲᠥᠭᠥᠷᠢᠭ᠎ᠠᠴᠠ ᠥᠯᠥ ᠬᠡᠲᠦᠷᠡᠭᠦᠯᠬᠦ ᠳᠠᠮ ᠬᠦᠦ ᠵᠢᠨ ᠳᠡᠮᠵᠢᠯᠭᠡ ᠣᠯᠭᠣᠨ᠎ᠠ ᠃  ᠵᠢᠯ᠎ᠤᠨ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠤᠭᠰᠠᠨ ᠪᠣᠳᠠᠲᠠᠢ ᠬᠡᠮᠵᠢᠶ᠎ᠡ᠎ᠨᠢ 2 ᠲᠦᠮᠡ᠎ᠠᠴᠠ ᠳᠡᠭᠡᠭᠰᠢ᠎ᠳᠤ ᠬᠦᠷᠦᠭᠰᠡᠨ ᠠᠯᠠᠰᠢᠨ ᠦᠬᠡᠷ ᠨᠢᠲᠤᠯᠬᠤ ᠠᠵᠤ ᠠᠬᠤᠢ᠌ᠯᠠᠯ᠎ᠨᠢ ᠪᠣᠷᠳᠣᠭᠰᠠᠨ ᠦᠬᠡᠷ ᠬᠤᠳᠠᠯᠳᠤᠨ ᠠᠪᠬᠤ᠎ᠪᠠᠷ ᠭᠦᠢ᠍ᠯᠭᠡᠭᠡᠨ᠎ᠤ ᠪᠡᠯᠡ ᠮᠥᠩᠭᠥᠨ᠎ᠤ ᠵᠢᠭᠡᠯᠡᠯᠭᠡ ᠵᠢᠭᠡᠯᠡᠬᠦ᠎ᠳᠤ ᠭᠦᠷᠪᠡᠯ ᠂  ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠥᠨ᠎ᠤ ᠨᠣᠷᠮ᠎ᠠ (LPR ) ᠵᠢᠨ 70%᠎ᠪᠠᠷ  ᠲᠡᠷᠡᠴᠢᠯᠡᠨ 2%᠎ᠠᠴᠠ ᠥᠯᠥ ᠬᠡᠲᠦᠷᠡᠬᠦ ᠬᠦᠦ ᠮᠥᠩᠭᠥᠨ᠎ᠤ ᠨᠣᠷᠮ᠎ᠠ᠎ᠪᠠᠷ ᠵᠢᠯ ᠪᠦᠷᠢ 600 ᠲᠦᠮᠡᠨ ᠲᠥᠭᠥᠷᠢᠭ᠎ᠠᠴᠠ ᠥᠯᠥ ᠬᠡᠲᠦᠷᠡᠭᠦᠯᠬᠦ ᠳᠠᠮ ᠬᠦᠦ ᠵᠢᠨ ᠳᠡᠮᠵᠢᠯᠭᠡ ᠣᠯᠭᠣᠨ᠎ᠠ ᠃  ᠠᠯᠠᠰᠢᠨ ᠦᠬᠡᠷ᠎ᠤᠨ ᠠᠵᠤ ᠠᠬᠤᠢ᠌ᠯᠠᠯ᠎ᠤᠨ ᠦᠬᠡᠷ᠎ᠤᠨ ᠮᠢᠬᠠᠨ᠎ᠤ ᠪᠡᠯᠡᠨ ᠵᠠᠭᠤᠰᠢ ᠂  ᠴᠢᠳᠬᠤᠭᠰᠠᠨ ᠪᠦᠲᠦᠭᠡᠭᠳᠡᠬᠦᠨ᠂ ᠡᠷᠡᠭᠦᠯᠵᠢᠯ᠎ᠤᠨ ᠪᠦᠲᠦᠭᠡᠭᠳᠡᠬᠦᠨ ᠂  ᠢᠳᠡᠪᠬᠢ ᠢᠰᠬᠡᠭᠦᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠮᠡᠷᠭᠡᠵᠢᠯ ᠰᠤᠳᠤᠯᠤᠨ ᠨᠡᠭᠡᠭᠡᠬᠦ ᠪᠠ ᠬᠡᠷᠡᠭᠯᠡᠬᠦ ᠵᠢ᠎ᠨᠢ ᠳᠡᠮᠵᠢᠨ᠎ᠡ ᠃  ᠥᠪᠡᠷᠲᠡᠭᠡᠨ ᠵᠠᠰᠠᠬᠤ ᠣᠷᠣᠨ᠎ᠤ ᠲᠣᠮᠣ ᠬᠡᠯᠪᠡᠷᠢ ᠵᠢᠨ ᠨᠠᠷᠠᠲᠠᠢ ᠠᠵᠤ ᠠᠬᠤᠢ᠌ᠯᠠᠯ᠎ᠤᠨ ᠠᠯᠠᠰᠢᠨ ᠦᠬᠡᠷ᠎ᠤᠨ ᠠᠵᠤ ᠦᠢ᠍ᠯᠡᠰ᠎ᠲᠤ ᠣᠷᠣᠬᠤ ᠵᠢ᠎ᠨᠢ ᠵᠣᠷᠢᠭᠵᠢᠭᠤᠯᠵᠤ ᠂  ᠲᠡᠳᠡᠨ᠎ᠤ ᠠᠵᠤ ᠠᠬᠤᠢ᠌ᠯᠠᠯ᠎ᠤᠨ ᠪᠣᠷᠤᠯᠠᠭᠤᠯᠭ᠎ᠠ ᠵᠢᠨ ᠠᠷᠭ᠎ᠠ ᠵᠠᠮ ᠂  ᠨᠠᠷᠠᠲᠤ ᠲᠡᠮᠳᠡᠭ᠎ᠤᠨ ᠳᠠᠪᠠᠭᠤᠯᠢᠭ ᠪᠠ ᠬᠠᠮᠢᠶᠠᠷᠤᠯᠲᠠ ᠵᠢᠨ ᠲᠦᠪᠰᠢᠨ᠎ᠢ ᠠᠰᠢᠭᠯᠠᠨ ᠂  ᠪᠥᠬᠥ ᠣᠷᠣᠨ᠎ᠤ ᠠᠯᠠᠰᠢᠨ ᠦᠬᠡᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠴᠢᠳᠠᠪᠤᠷᠢ ᠵᠢᠨ ᠲᠡᠰ᠎ᠢ᠎ᠨᠢ ᠲᠡᠬᠡᠭᠰᠢᠯᠡᠬᠦᠯᠦᠨ᠎ᠡ ᠃ [ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ )᠂  ᠡᠳ᠋᠎ᠤᠨ ᠵᠠᠰᠠᠭ᠎ᠤᠨ ᠲᠢᠩᠬᠢᠮ ]

       ᠳᠥᠷᠪᠡ ᠂  ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠬᠦᠷᠢᠶᠡᠯᠡᠩ ᠲᠣᠭᠣᠷᠢᠭ ᠲᠡᠢ᠌ᠰᠢ ᠪᠥᠭᠡᠮᠨᠡᠷᠡᠬᠦ ᠵᠢ ᠠᠬᠢᠭᠤᠯᠤᠨ᠎ᠠ

       ᠵᠢᠯ ᠪᠦᠷᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠎ᠪᠠᠷ ᠭᠣᠣᠯ ᠪᠣᠯᠭ᠋ᠠᠭᠰᠠᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠠᠴᠠ 2᠎ᠢ ᠰᠢᠯᠢᠵᠦ ᠳᠡᠮᠵᠢᠯᠭᠡ ᠦᠵᠡᠭᠦᠯᠦᠨ᠎ᠡ ᠃  ᠤᠯᠤᠰ᠎ᠤᠨ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠡᠭᠦᠳᠦᠨ ᠪᠠᠢ᠌ᠭᠤᠯᠬᠤ᠎ᠳᠤ᠎ᠪᠠᠨ ᠂  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠎ᠪᠠᠷ ᠭᠣᠣᠯ ᠪᠣᠯᠭ᠋ᠠᠭᠰᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠠᠳᠠᠯᠢ ᠨᠥᠬᠥᠴᠡᠯ ᠳᠣᠣᠷ᠎ᠠ ᠤᠷᠢᠳ ᠵᠶ᠋ᠠᠷ ᠳᠡᠮᠵᠢᠨ᠎ᠡ ᠃  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠤᠰᠬᠠᠢ ᠪᠡᠯᠡ ᠮᠥᠩᠭᠥ ᠵᠢ ᠬᠡᠷᠡᠭᠯᠡᠬᠦ᠎ᠳᠤ᠎ᠪᠠᠨ ᠂  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠎ᠪᠠᠷ ᠭᠣᠣᠯ ᠪᠣᠯᠭ᠋ᠠᠭᠰᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠠᠳᠠᠯᠢ ᠨᠥᠬᠥᠴᠡᠯ ᠳᠣᠣᠷ᠎ᠠ ᠤᠷᠢᠳ ᠵᠶ᠋ᠠᠷ ᠳᠡᠮᠵᠢᠨ᠎ᠡ ᠃ [ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ )᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ]

       ᠲᠠᠪᠤ ᠂  ᠪᠡᠯᠡᠨ ᠵᠠᠭᠤᠰᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ

       ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠪᠡᠯᠡᠨ ᠵᠠᠭᠤᠰᠢ ᠵᠢᠨ ᠵᠠᠮᠴᠢ ᠠᠵᠤ ᠠᠬᠤᠢ᠌ᠯᠠᠯ ᠂  ᠰᠦᠯᠵᠢᠶ᠎ᠡ᠎ᠪᠠᠷ ᠪᠣᠷᠣᠯᠠᠭᠤᠯᠬᠤ ᠂  ᠣᠨᠴᠠᠯᠢᠭᠲᠤ ᠨᠠᠷᠠᠲᠤ ᠲᠡᠮᠳᠡᠭ᠎ᠤᠳ᠎ᠠᠴᠠ ᠲᠤᠰ ᠪᠦᠷᠢ ᠰᠢᠯᠭ᠋ᠠᠷᠠᠭᠤᠯᠤᠭᠰᠠᠨ ᠠᠷᠪᠠᠨ ᠬᠦᠴᠦᠷᠬᠡᠭ ᠠᠵᠤ ᠠᠬᠤᠢ᠌ᠯᠠᠯ᠎ᠳᠤ ᠂  ᠪᠣᠷᠤᠯᠠᠭᠤᠯᠭ᠎ᠠ ᠵᠢᠨ ᠲᠣᠭ᠎ᠠ᠎ᠨᠢ ᠳᠡᠭᠡᠷ᠎ᠡ ᠵᠢᠯ᠎ᠤᠨ᠎ᠬᠢ᠎ᠠᠴᠠ᠎ᠪᠠᠨ 100 ᠲᠦᠮᠡᠨ ᠲᠥᠭᠥᠷᠢᠭ ᠰᠢᠨ᠎ᠡ᠎ᠪᠠᠷ ᠨᠡᠮᠡᠭᠳᠡᠬᠦ ᠪᠦᠷᠢ 2 ᠲᠦᠮᠡᠨ ᠲᠥᠭᠥᠷᠢᠭ ᠱᠠᠩᠨᠠᠨ ᠬᠥᠬᠢᠭᠦᠯᠵᠦ ᠂  ᠬᠠᠮᠤᠭ᠎ᠤᠨ ᠥᠨᠳᠥᠷ᠎ᠲᠤ᠎ᠪᠠᠨ 30 ᠲᠦᠮᠡᠨ ᠲᠥᠭᠥᠷᠢᠭ᠎ᠠᠴᠠ ᠦᠯᠦ ᠬᠡᠲᠦᠷᠡᠭᠦᠯᠦᠨ ᠂  ᠠᠳᠠᠯᠢ ᠨᠢᠭᠡ ᠠᠵᠤ ᠠᠬᠤᠢ᠌ᠯᠠᠯ᠎ᠢ ᠠᠳᠠᠯᠢ ᠨᠢᠭᠡ ᠵᠢᠯ᠎ᠳᠤ ᠳᠠᠪᠬᠤᠷᠳᠠᠭᠤᠯᠤᠨ ᠱᠠᠩᠨᠠᠬᠤ ᠦᠭᠡᠢ ᠃ [ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ )᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ]

       ᠵᠢᠷᠭᠤᠭ᠎ᠠ ᠂  ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ

        ᠰᠢᠨ᠎ᠡ᠎ᠪᠠᠷ ᠳᠡᠪᠰᠢᠭᠰᠡᠨ ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠬᠦ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠂ 5A ᠲᠠᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠢ᠌ᠯᠠᠯ᠎ᠳᠤ ᠂  ᠲᠣᠰ ᠲᠣᠰ 300 ᠲᠦᠮᠡᠨ ᠲᠥᠭᠥᠷᠢᠭ ᠂ 100 ᠲᠦᠮᠡᠨ ᠲᠥᠭᠥᠷᠢᠭ᠎ᠤᠨ ᠨᠢᠭᠡ ᠯᠡ ᠤᠳᠠᠭ᠎ᠠ ᠵᠢᠨ ᠴᠢᠨᠠᠷᠲᠠᠢ ᠱᠠᠩᠨᠠᠯ ᠣᠯᠭᠣᠨ᠎ᠠ ᠃  ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠪᠡᠭᠡᠵᠢᠩ ᠱᠠᠩᠬᠠᠢ ᠭᠤᠸᠠᠩᠵᠧᠦ ᠱᠧᠨᠵᠧᠨ ᠂  ᠬᠥᠬᠡᠮᠥ᠋ᠷᠡᠨ᠎ᠤ ᠭᠤᠷᠪᠠᠯᠵᠢᠨ ᠬᠣᠢ᠌ᠭ ᠂  ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ ᠵᠡᠷᠭᠡ ᠭᠣᠣᠯ ᠪᠣᠯᠬᠤ ᠬᠡᠷᠡᠭᠯᠡᠭᠡᠨ᠎ᠤ ᠭᠠᠵᠠᠷ᠎ᠲᠤ ᠤᠷᠢᠳᠠᠴᠢ ᠬᠦᠢ᠍ᠲᠡᠨ ᠬᠡᠯᠬᠢᠶᠡᠲᠦ ᠰᠣᠷᠭᠣᠭ ᠬᠠᠳᠠᠭ᠋ᠠᠯᠠᠬᠤ ᠬᠥᠮᠥᠷᠭᠡ ᠬᠥᠭᠵᠢᠭᠦᠯᠬᠦ ᠵᠢ ᠵᠣᠷᠢᠭᠵᠢᠭᠤᠯᠤᠨ᠎ᠠ ᠃ [ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ )᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠡᠳ᠋᠎ᠤᠨ ᠵᠠᠰᠠᠭ᠎ᠤᠨ ᠲᠢᠩᠬᠢᠮ ]

       ᠳᠣᠯᠣᠭ᠎ᠠ ᠂  ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠬᠤ ᠬᠡᠪ ᠵᠠᠭᠪᠤᠷ᠎ᠲᠤ ᠰᠢᠨ᠎ᠡ ᠵᠢ ᠡᠭᠦᠳᠦᠨ᠎ᠡ

       ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠠᠷᠠᠲᠤ ᠲᠡᠮᠳᠡᠭ᠎ᠢ ᠪᠣᠢ᠌ᠵᠢᠭᠤᠯᠬᠤ ᠪᠠ ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠬᠤ ᠠᠵᠢᠯ᠎ᠢ ᠳᠡᠮᠵᠢᠵᠦ ᠂ 《ᠥᠪᠥᠷ ᠮᠣᠩᠭᠣᠯ 》  ᠨᠡᠷᠡᠮᠵᠢᠲᠦ ᠲᠡᠮᠳᠡᠭ᠎ᠤᠨ ᠭᠡᠷᠡᠴᠢᠯᠡᠯᠲᠡ ᠵᠢ ᠥᠷᠨᠢᠭᠦᠯᠦᠨ ᠂  ᠨᠢᠭᠡᠳᠦᠯᠲᠡᠢ ᠪᠠᠷᠢᠮᠵᠢᠶ᠎ᠠ ᠂  ᠨᠢᠭᠡᠳᠦᠯᠲᠡᠢ ᠨᠠᠷᠠᠲᠤ ᠲᠡᠮᠳᠡᠭ ᠂  ᠨᠢᠭᠡᠳᠦᠯᠲᠡᠢ ᠢᠯᠭ᠋ᠠᠬᠤ ᠲᠡᠮᠳᠡᠭ ᠂  ᠨᠢᠭᠡᠳᠦᠯᠲᠡᠢ ᠤᠬᠠᠭᠤᠯᠭ᠎ᠠ ᠂  ᠨᠢᠭᠡᠳᠦᠯᠲᠡᠢ ᠡᠵᠡᠩᠨᠡᠨ ᠪᠣᠷᠣᠯᠠᠭᠤᠯᠤᠯᠲᠠ ᠵᠢ ᠠᠬᠢᠭᠤᠯᠵᠤ ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠥᠪᠥᠷ ᠮᠣᠩᠭᠣᠯ 》  ᠨᠡᠷᠡᠮᠵᠢᠲᠦ ᠲᠡᠮᠳᠡᠭ —  ᠲᠠᠯ᠎ᠠ ᠨᠤᠲᠤᠭ᠎ᠤᠨ ᠣᠬᠢ ᠪᠦᠲᠦᠭᠡᠭᠳᠡᠬᠦᠨ᠎ᠤ ᠣᠷᠣᠨ ᠪᠦᠰᠡ ᠵᠢᠨ ᠨᠡᠢ᠌ᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠴᠣᠭᠴᠠᠯᠠᠨ᠎ᠠ ᠃ 《ᠥᠪᠥᠷ ᠮᠣᠩᠭᠣᠯ 》  ᠨᠡᠷᠡᠮᠵᠢᠲᠦ ᠲᠡᠮᠳᠡᠭ ᠵᠶ᠋ᠠᠷ ᠭᠡᠷᠡᠴᠢᠯᠡᠭᠳᠡᠭᠰᠡᠨ ᠠᠵᠤ ᠠᠬᠤᠢ᠌ᠯᠠᠯ᠎ᠳᠤ ᠭᠡᠷᠡᠴᠢᠯᠡᠭᠦᠯᠬᠦ ᠪᠠ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠰᠢᠨᠵᠢᠬᠦ ᠵᠠᠷᠤᠳᠠᠯ᠎ᠤᠨ ᠱᠠᠩᠨᠠᠯ ᠨᠥᠬᠥᠪᠦᠷᠢ ᠣᠯᠭᠣᠨ᠎ᠠ ᠃ 2024 ᠣᠨ᠎ᠳᠤ ᠪᠣᠬᠢᠷᠲᠤᠯ ᠦᠭᠡᠢ ᠢᠳᠡᠭᠡᠨ ᠂  ᠣᠷᠭ᠋ᠠᠨᠢᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠡᠷᠡᠴᠢᠯᠡᠭᠰᠡᠨ ᠭᠠᠷᠤᠯᠲᠠ᠎ᠨᠢ 1000 ᠲᠣᠨ᠎ᠠᠴᠠ ᠳᠡᠭᠡᠭᠰᠢ᠎ᠳᠤ ᠬᠦᠷᠦᠭᠰᠡᠨ ᠠᠵᠤ ᠠᠬᠤᠢ᠌ᠯᠠᠯ᠎ᠤᠨ ᠭᠡᠷᠡᠴᠢᠯᠡᠭᠦᠯᠦᠭᠰᠡᠨ ᠵᠠᠷᠤᠳᠠᠯ᠎ᠢ ᠪᠥᠬᠥ ᠲᠣᠭ᠎ᠠ᠎ᠪᠠᠷ᠎ᠨᠢ ᠱᠠᠩᠨᠠᠨ ᠨᠥᠬᠥᠪᠦᠷᠢᠯᠡᠵᠦ ᠂  ᠪᠣᠳᠠᠲᠠᠢ ᠪᠠᠷᠢᠮᠵᠢᠶ᠎ᠠ ᠵᠢ ᠳᠡᠭᠡᠷ᠎ᠡ ᠨᠢᠭᠡ ᠵᠢᠯ᠎ᠤᠨ ᠭᠡᠷᠡᠴᠢᠯᠡᠭᠰᠡᠨ ᠭᠠᠷᠤᠯᠲᠠ᠎ᠪᠠᠷ ᠦᠨᠳᠦᠰᠦᠯᠡᠯ ᠪᠣᠯᠭ᠋ᠠᠨ ᠲᠣᠭᠲᠠᠭ᠋ᠠᠨ᠎ᠠ ᠃  ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ 《ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠤᠯᠠᠭᠤᠯᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ 》  ᠬᠡᠷᠡᠭᠵᠢᠭᠦᠯᠬᠦ ᠵᠢ ᠠᠬᠢᠭᠤᠯᠵᠤ ᠂  ᠪᠡᠭᠡᠵᠢᠩ ᠵᠡᠷᠭᠡ ᠨᠢᠭᠡᠳᠦᠭᠡᠷ ᠵᠡᠷᠭᠡᠯᠡᠯ᠎ᠤᠨ ᠬᠣᠲᠠ᠎ᠳᠤ 《ᠪᠣᠬᠢᠷᠲᠤᠯ ᠦᠭᠡᠢ ᠪᠦᠲᠦᠭᠡᠭᠳᠡᠬᠦᠨ ᠪᠣᠭᠣᠮᠲᠠ᠎ᠠᠴᠠ ᠭᠠᠷᠬᠤ 》  ᠬᠡᠷᠡᠭᠯᠡᠭᠡ ᠵᠢ ᠬᠠᠪᠰᠤᠷᠤᠨ ᠲᠡᠳᠬᠦᠵᠦ ᠲᠠᠨᠢᠯᠴᠠᠭᠤᠯᠬᠤ ᠠᠵᠢᠯᠯᠠᠭ᠎ᠠ ᠵᠢ ᠦᠷᠭᠦᠯᠵᠢᠯᠡᠨ ᠡᠷᠬᠢᠯᠡᠨ᠎ᠡ ᠃  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠶᠠᠮᠤᠨ ᠵᠥᠪᠯᠡᠯ ᠂  ᠲᠥᠪ᠎ᠤᠨ ᠠᠵᠤ ᠠᠬᠤᠢ᠌ᠯᠠᠯ ᠂  ᠶᠡᠬᠡ ᠳᠡᠭᠡᠳᠦ ᠰᠤᠷᠭ᠋ᠠᠭᠤᠯᠢ ᠂  ᠬᠤᠳᠠᠯᠳᠤᠭ᠎ᠠ ᠬᠡᠲᠦ ᠳᠡᠯᠭᠡᠭᠦᠷ ᠂  ᠢᠳᠡᠭᠡᠨ ᠤᠮᠳᠠᠭ᠋ᠠᠨ᠎ᠤ ᠦᠢ᠍ᠯᠡᠰ᠎ᠲᠤ ᠣᠷᠣᠭᠤᠯᠬᠤ ᠵᠢ ᠠᠬᠢᠭᠤᠯᠵᠤ ᠂  ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠪᠣᠷᠣᠯᠠᠭᠤᠯᠬᠤ ᠂  ᠡᠯᠧᠺᠲᠷᠣᠨ ᠬᠤᠳᠠᠯᠳᠤᠭ᠋ᠠᠨ᠎ᠤ ᠲᠠᠪᠴᠠᠩ ᠵᠡᠷᠭᠡ ᠰᠦᠯᠵᠢᠶᠡᠨ᠎ᠤ ᠪᠣᠷᠤᠯᠠᠭᠤᠯᠭ᠎ᠠ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠎ᠠ ᠃ [ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ )᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ]

       ᠨᠠᠢ᠍ᠮᠠ ᠂  ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠴᠢᠩᠭ᠋ᠠᠷᠠᠭᠤᠯᠤᠨ᠎ᠠ

       ᠠᠵᠤ ᠠᠬᠤᠢ᠌ᠯᠠᠯ᠎ᠢ ᠨᠡᠢ᠌ᠯᠡᠭᠦᠯᠵᠦ ᠳᠠᠬᠢᠨ ᠵᠣᠬᠢᠶᠠᠨ ᠪᠠᠢ᠌ᠭᠤᠯᠬᠤ ᠪᠠ ᠲᠥᠷᠥᠯ ᠵᠦᠢ᠍ᠯ᠎ᠤᠨ ᠪᠡᠯᠡ ᠲᠣᠬᠢᠷᠠᠭᠤᠯᠭ᠎ᠠ ᠬᠢᠬᠦ ᠵᠢ ᠳᠡᠮᠵᠢᠵᠦ ᠂  ᠵᠠᠬᠢᠶᠠᠯᠠᠭ᠎ᠠ ᠵᠢᠨ ᠬᠠᠭᠤᠳᠠᠰᠤ ᠂  ᠰᠠᠩ᠎ᠤᠨ ᠬᠠᠭᠤᠳᠠᠰᠤ ᠂  ᠬᠤᠷᠢᠶᠠᠪᠠᠰᠤ ᠵᠣᠬᠢᠬᠤ ᠲᠠᠩᠰᠠᠨ᠎ᠤ ᠵᠣᠭᠣᠰ ᠂  ᠮᠡᠳᠡᠯᠭᠡ ᠵᠢᠨ  ᠪᠦᠲᠦᠭᠡᠭᠳᠡᠬᠦᠨ᠎ᠤ ᠥᠮᠴᠢᠯᠡᠯ᠎ᠤᠨ ᠡᠷᠬᠡ ᠵᠡᠷᠭᠡ ᠳᠠᠨᠵᠢᠯᠠᠭ᠎ᠠ᠎ᠲᠠᠢ ᠵᠢᠭᠡᠯᠡᠯᠭᠡ ᠵᠢᠨ ᠲᠤᠬᠠᠢ᠌ᠯᠠᠭᠰᠠᠨ ᠠᠵᠢᠯ᠎ᠢ ᠥᠷᠨᠢᠭᠦᠯᠵᠦ ᠂  ᠬᠥᠳᠡᠯᠬᠦ ᠬᠥᠷᠥᠩᠭᠡ ᠵᠢᠨ ᠪᠡᠯᠡ ᠲᠣᠬᠢᠷᠠᠭᠤᠯᠭ᠎ᠠ ᠵᠢ ᠨᠢᠭᠡᠳᠦᠯᠲᠡᠢ ᠳᠠᠩᠰᠠᠯᠠᠨ ᠲᠡᠮᠳᠡᠭᠯᠡᠵᠦ ᠨᠡᠢ᠌ᠲᠡ᠎ᠳᠤ ᠵᠠᠷᠯᠠᠬᠤ ᠰᠢᠰᠲ᠋ᠧᠮ ᠵᠶ᠋ᠡᠷ ᠳᠠᠮᠵᠢᠭᠤᠯᠤᠨ ᠳᠠᠭ᠋ᠠᠭ᠋ᠠᠯᠲᠠ᠎ᠲᠠᠢ ᠪᠡᠯᠡ ᠲᠣᠬᠢᠷᠠᠭᠤᠯᠭ᠎ᠠ ᠵᠢᠨ ᠲᠤᠬᠠᠢ᠌ᠯᠠᠭᠰᠠᠨ ᠠᠵᠢᠯ᠎ᠢ ᠳᠠᠩᠰᠠᠯᠠᠨ ᠲᠡᠮᠳᠡᠭᠯᠡᠨ᠎ᠡ ᠃  ᠬᠦᠦ ᠮᠥᠩᠭᠥᠨ᠎ᠤ ᠨᠣᠷᠮ᠎ᠠ᠎ᠳᠤ ᠨᠡᠮᠡᠭᠦᠷᠢ ᠥᠭᠬᠦ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠡᠷᠡᠭᠯᠡᠵᠦ ᠨᠠᠩ ᠣᠯᠠᠨ ᠮᠥᠩᠭᠥᠨ ᠭᠦᠢ᠍ᠯᠭᠡᠭᠡᠨ᠎ᠤ ᠡᠬᠢ ᠪᠠᠶᠠᠯᠢᠭ ᠪᠠ ᠨᠡᠢ᠌ᠭᠡᠮ᠎ᠤᠨ ᠮᠥᠩᠭᠥᠨ ᠭᠦᠢ᠍ᠯᠭᠡᠭᠡᠨ᠎ᠤ ᠬᠥᠷᠥᠩᠭᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ᠎ᠳᠤ ᠣᠷᠣᠭᠤᠯᠤᠯᠲᠠ ᠬᠢᠯᠭᠡᠨ᠎ᠡ ᠃  ᠨᠥᠬᠥᠴᠡᠯ᠎ᠳᠤ ᠨᠡᠢ᠌ᠴᠡᠬᠦ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠪᠠᠩᠬᠢ ᠵᠢᠨ ᠬᠣᠭᠣᠷᠣᠨᠳᠣᠬᠢ ᠵᠢᠭᠡᠯᠡᠯᠭᠡ ᠵᠢᠨ ᠲᠡᠮᠳᠡᠭᠲᠦ ᠵᠢᠨ ᠵᠠᠬ᠎ᠠ ᠳᠡᠯᠭᠡᠭᠦᠷ᠎ᠲᠤ ᠣᠬᠣᠷ ᠬᠤᠭᠤᠴᠠᠭ᠋ᠠᠨ᠎ᠤ ᠪᠡᠯᠡ ᠲᠣᠬᠢᠷᠠᠭᠤᠯᠭ᠎ᠠ ᠵᠢᠨ ᠲᠡᠮᠳᠡᠭᠲᠦ ᠂  ᠤᠷᠲᠤᠪᠲᠤᠷ ᠬᠤᠭᠤᠴᠠᠭ᠋ᠠᠨ᠎ᠤ ᠪᠠᠷᠢᠮᠲᠠ ᠵᠡᠷᠭᠡ ᠥᠷᠢ ᠥᠭᠴᠡᠭᠡᠨ᠎ᠤ ᠪᠡᠯᠡ ᠲᠣᠬᠢᠷᠠᠭᠤᠯᠭ᠎ᠠ ᠵᠢᠨ ᠪᠠᠭ᠋ᠠᠵᠢ ᠲᠠᠷᠬᠠᠭ᠋ᠠᠵᠤ ᠪᠡᠯᠡ ᠮᠥᠩᠭᠥ ᠴᠤᠭᠯᠠᠭᠤᠯᠬᠤ ᠵᠢ ᠵᠣᠷᠢᠭᠵᠢᠭᠤᠯᠤᠨ᠎ᠠ ᠃  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠮᠥᠩᠭᠥᠨ ᠭᠦᠢ᠍ᠯᠭᠡᠭᠡᠨ᠎ᠤ ᠬᠡᠯᠬᠢᠶᠡᠨ ᠳᠠᠷᠤᠭ᠎ᠠ ᠵᠢᠨ ᠳᠦᠷᠢᠮ᠎ᠢ ᠪᠠᠢ᠌ᠭᠤᠯᠵᠤ ᠂  ᠠᠵᠤ ᠦᠢ᠍ᠯᠡᠰ ᠬᠤᠪᠢᠶᠠᠨ ᠬᠡᠯᠬᠢᠶᠡᠨ ᠳᠠᠷᠤᠭ᠎ᠠ ᠵᠢᠨ ᠪᠠᠩᠬᠢ ᠪᠠ ᠬᠠᠮᠵᠢᠯᠴᠠᠨ ᠡᠷᠭᠢᠯᠡᠬᠦ ᠪᠠᠩᠬᠢ ᠵᠢ ᠲᠣᠳᠣᠷᠬᠠᠢ᠌ᠯᠠᠵᠤ ᠂  ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠳᠤ ᠵᠠᠬᠢᠶᠠᠯᠠᠭ᠎ᠠ ᠮᠠᠶᠢᠭ᠎ᠤᠨ ᠦᠢ᠍ᠯᠡᠴᠢᠯᠡᠭᠡ ᠬᠠᠩᠭ᠋ᠠᠨ᠎ᠠ ᠃  ᠥᠪᠡᠷ᠎ᠤᠨ ᠥᠷᠲᠡᠭ᠎ᠤᠨ ᠳᠠᠭ᠋ᠠᠳᠬᠠᠯ ᠂  ᠶᠠᠰᠤ ᠴᠢᠨᠠᠷ᠎ᠤᠨ ᠳᠠᠭ᠋ᠠᠳᠬᠠᠯ ᠂  ᠪᠡᠯᠡᠳᠬᠡᠮᠵᠢ ᠵᠢᠨ ᠳᠠᠭ᠋ᠠᠳᠬᠠᠯ ᠂  ᠳᠠᠭ᠋ᠠᠳᠬᠠᠯ + ᠬᠤᠭᠤᠴᠠᠭ᠋ᠠᠲᠤ ᠪᠠᠷᠠᠭ᠎ᠠ ᠵᠡᠷᠭᠡ ᠰᠢᠷᠢᠰ ᠦᠢ᠍ᠯᠡᠴᠢᠯᠡᠭᠡ ᠪᠠ ᠨᠡᠢ᠌ᠯᠡᠮᠡᠯ ᠨᠡᠷᠡᠳᠭᠦᠨ᠎ᠳᠤ ᠰᠢᠨ᠎ᠡ ᠵᠢ ᠡᠭᠦᠳᠦᠨ ᠳᠡᠯᠭᠡᠷᠡᠭᠦᠯᠦᠨ᠎ᠡ ᠃ [ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂  ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ )᠂  ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ ᠂  ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠳᠠᠬᠢ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ]

       ᠶᠢᠰᠦ ᠂  ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ

       ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠠᠰᠢᠭ ᠣᠯᠵᠠᠪᠤᠷᠢ ᠵᠢᠨ ᠭᠠᠢ᠌ᠯᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢᠨ ᠬᠠᠮᠲᠤ ᠂  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠨᠢ ᠬᠤᠳᠠᠯᠳᠤᠨ ᠠᠪᠤᠭᠰᠠᠨ ᠪᠠᠷᠢᠮᠲᠠ᠎ᠪᠠᠷ ᠵᠶ᠋ᠠᠨ ᠦᠷᠲᠡᠭ ᠨᠡᠮᠡᠭᠳᠡᠯ᠎ᠤᠨ ᠭᠠᠢ᠌ᠯᠢ ᠵᠢ ᠲᠣᠭᠲᠠᠭ᠋ᠠᠯ ᠶᠣᠰᠣᠭ᠋ᠠᠷ ᠲᠤᠯᠭ᠋ᠠᠨ ᠰᠠᠭᠤᠯᠭ᠋ᠠᠵᠤ ᠪᠣᠯᠣᠨ᠎ᠠ ᠃  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠬᠥᠭᠵᠢᠯᠲᠡ᠎ᠳᠤ ᠬᠡᠷᠡᠭᠯᠡᠬᠦ ᠭᠠᠵᠠᠷ᠎ᠢ ᠤᠷᠢᠳ ᠵᠶ᠋ᠠᠷ ᠪᠠᠲᠤᠯᠠᠨ᠎ᠠ ᠃  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠪᠣᠬᠢᠷᠲᠤᠯ ᠦᠭᠡᠢ ᠴᠠᠬᠢᠯᠭ᠋ᠠᠨ ᠪᠠᠭᠲᠠᠭ᠋ᠠᠨ ᠰᠢᠩᠭᠡᠭᠡᠬᠦ ᠵᠢ ᠳᠡᠮᠵᠢᠵᠦ ᠂  ᠠᠵᠤ ᠠᠬᠤᠢ᠌ᠯᠠᠯ᠎ᠤᠨ ᠥᠪᠡᠰᠦᠪᠡᠨ ᠪᠣᠬᠢᠷᠲᠤᠯ ᠦᠭᠡᠢ ᠴᠠᠬᠢᠯᠭ᠋ᠠᠨ ᠡᠭᠦᠰᠬᠡᠭᠴᠢ ᠪᠠᠢ᠌ᠭᠤᠯᠬᠤ ᠵᠢ ᠵᠣᠷᠢᠭᠵᠢᠭᠤᠯᠤᠨ ᠂  ᠪᠣᠬᠢᠷᠲᠤᠯ ᠦᠭᠡᠢ ᠴᠠᠬᠢᠯᠭ᠋ᠠᠨ ᠬᠦᠴᠦᠨ᠎ᠤ ᠬᠡᠷᠡᠭᠯᠡᠭᠡ ᠵᠢᠨ ᠬᠠᠷᠢᠴᠠᠯ᠎ᠢ ᠳᠡᠭᠡᠭᠰᠢᠯᠡᠭᠦᠯᠦᠨ᠎ᠡ ᠃  ᠤᠰᠤᠨ᠎ᠤ ᠡᠬᠢ ᠰᠤᠷᠪᠤᠯᠵᠢ᠎ᠪᠠᠷ ᠠᠵᠤ ᠦᠢ᠍ᠯᠡᠰ᠎ᠤᠨ ᠬᠡᠪᠴᠢᠶᠡᠵᠢᠯ ᠪᠠ ᠪᠦᠲᠦᠴᠡ ᠵᠢ ᠲᠥᠯᠥᠪᠵᠢᠭᠦᠯᠬᠦ ᠤᠷᠢᠲᠠᠯ ᠳᠣᠣᠷ᠎ᠠ ᠂  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤ ᠵᠢ ᠪᠠᠲᠤᠯᠠᠨ᠎ᠠ ᠃ [ᠬᠠᠷᠢᠭᠤᠴᠠᠯᠭ᠋ᠠᠲᠤ ᠨᠢᠭᠡᠴᠢ ᠄  ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠂  ᠤᠰᠤᠨ ᠠᠰᠢᠭᠯᠠᠯᠲᠠ ᠵᠢᠨ ᠲᠢᠩᠬᠢᠮ ᠂  ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ )᠂  ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠂  ᠥᠪᠥᠷ ᠮᠣᠩᠭᠣᠯ᠎ᠤᠨ ᠴᠠᠬᠢᠯᠭ᠋ᠠᠨ ᠬᠦᠴᠦᠨ (ᠪᠦᠯᠦᠭᠯᠡᠯ )᠎ᠤ ᠺᠤᠮᠫᠠᠨᠢ ᠂  ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ]

       ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ᠎ᠳᠤ ᠬᠣᠯᠪᠣᠭᠳᠠᠭᠰᠠᠨ ᠱᠠᠩᠨᠠᠵᠤ ᠨᠥᠬᠥᠪᠦᠷᠢᠯᠡᠬᠦ (ᠱᠠᠩᠨᠠᠵᠤ ᠬᠥᠬᠢᠭᠦᠯᠬᠦ )  ᠪᠡᠯᠡ ᠮᠥᠩᠭᠥ ᠵᠢ ᠴᠥᠮ 《ᠤᠷᠢᠳ ᠵᠶ᠋ᠠᠷ ᠪᠠᠢ᠌ᠭᠤᠯᠵᠤ ᠳᠠᠷᠠᠭ᠎ᠠ᠎ᠳᠤ᠎ᠨᠢ ᠨᠥᠬᠥᠪᠦᠷᠢᠯᠡᠬᠦ ᠂  ᠱᠠᠲᠤ ᠬᠤᠪᠢᠶᠠᠨ ᠡᠭᠦᠷᠭᠡᠯᠡᠬᠦ ᠂  ᠪᠣᠳᠠᠲᠠᠢ ᠵᠢ ᠦᠨᠳᠦᠰᠦᠯᠡᠨ ᠨᠥᠬᠥᠪᠦᠷᠢᠯᠡᠬᠦ ᠂  ᠡᠷᠭᠢᠯᠳᠦᠭᠦᠯᠦᠨ ᠬᠡᠷᠡᠭᠵᠢᠭᠦᠯᠬᠦ 》  ᠠᠷᠭ᠎ᠠ ᠮᠠᠶᠢᠭ ᠵᠶ᠋ᠠᠷ ᠰᠠᠯᠭ᠋ᠠᠨ ᠥᠭᠴᠦ ᠂  ᠡᠯ᠎ᠡ ᠬᠠᠷᠢᠭᠤᠴᠠᠯᠭ᠋ᠠᠲᠤ ᠨᠢᠭᠡᠴᠢ᠎ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠨ ᠂  ᠪᠡᠯᠡ ᠮᠥᠩᠭᠥ  ᠱᠠᠩᠨᠠᠵᠤ ᠨᠥᠬᠥᠪᠦᠷᠢᠯᠡᠬᠦ ᠬᠠᠮᠢᠶ᠎ᠠ ᠪᠦᠬᠦᠢ ᠪᠠᠷᠢᠮᠵᠢᠶ᠎ᠠ ᠂  ᠭᠤᠶᠤᠴᠢᠯᠠᠨ ᠮᠡᠳᠡᠭᠦᠯᠬᠦ ᠲᠠᠰ ᠳᠠᠷᠠᠭ᠋ᠠᠯᠠᠯ ᠂  ᠬᠡᠷᠡᠭᠵᠢᠭᠦᠯᠬᠦ ᠠᠭᠤᠯᠭ᠎ᠠ ᠂  ᠰᠢᠯᠭ᠋ᠠᠨ ᠬᠢᠨᠠᠵᠤ ᠰᠢᠯᠭ᠋ᠠᠨ ᠠᠪᠬᠤ ᠵᠡᠷᠭᠡ ᠠᠭᠤᠯᠭ᠎ᠠ ᠵᠢ ᠲᠣᠳᠣᠷᠬᠠᠢ᠌ᠯᠠᠬᠤ ᠵᠢᠨ ᠬᠠᠮᠲᠤ ᠂  ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠯᠲᠠ ᠬᠢᠵᠦ ᠂  ᠴᠠᠭ᠎ᠲᠤ᠎ᠨᠢ ᠲᠣᠬᠢᠷᠠᠭᠤᠯᠤᠨ ᠦᠨᠡᠯᠡᠨ ᠵᠢᠱ᠌ᠢᠵᠦ ᠂  ᠦᠷ᠎ᠡ ᠪᠦᠲᠦᠮᠵᠢ ᠵᠢ᠎ᠨᠢ ᠮᠦᠷᠳᠡᠨ ᠠᠰᠠᠭᠤᠬᠤ ᠬᠡᠷᠡᠭᠲᠡᠢ ᠃ 

       ᠲᠤᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ ᠃ 《  ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠶᠠᠪᠤᠭᠤᠯᠬᠤ ᠮᠡᠳᠡᠭᠳᠡᠯ 》 (ᠥᠪᠥᠷ ᠵᠠᠰᠠᠭ ᠠᠯᠪᠠᠨ ᠲᠠᠷᠬᠠᠭ᠋ᠠᠭᠰᠠᠨ [2024 ] 10 ᠳ᠋ᠤᠭ᠋ᠠᠷ ᠲᠣᠭ᠋ᠠᠲᠤ )᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ ᠃ 

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2024 ᠣᠨ᠎ᠤ 12 ᠳ᠋ᠤᠭ᠋ᠠᠷ ᠰᠠᠷ᠎ᠠ ᠵᠢᠨ 31 ᠎ᠤ ᠡᠳᠦᠷ ᠳᠠᠷᠤᠮᠠᠯᠯᠠᠨ ᠲᠠᠷᠬᠠᠭ᠋ᠠᠪᠠ

      

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ