ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠰᠦ ᠰᠠᠭ᠋ᠠᠯᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠳᠡᠮᠵᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-05-27

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ


ᠥᠪᠥᠷ ᠵᠠᠰᠠᠭ ᠠᠯᠪᠠᠨ ᠲᠠᠷᠬᠠᠭ᠋ᠠᠭᠰᠠᠨ [2025] 13 ᠳ᠋ᠤᠭ᠋ᠠᠷ ᠲᠣᠭ᠋ᠠᠲᠤ


ᠰᠦ ᠰᠠᠭ᠋ᠠᠯᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠳᠡᠮᠵᠢᠬᠦ 

ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ


ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ᠄

2023 ᠣᠨ᠎ᠳᠤ ᠂  ᠥᠪᠡᠷᠲᠡᠭᠡᠨ ᠵᠠᠰᠠᠬᠤ ᠣᠷᠣᠨ 《ᠰᠦ ᠰᠠᠭ᠋ᠠᠯᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》 (ᠥᠪᠥᠷ ᠵᠠᠰᠠᠭ ᠠᠯᠪᠠᠨ ᠲᠠᠷᠬᠠᠭ᠋ᠠᠭᠰᠠᠨ [ 2023 ] 58 ᠳ᠋ᠤᠭ᠋ᠠᠷ ᠲᠣᠭ᠋ᠠᠲᠤ)᠎ᠢ ᠨᠡᠢ᠌ᠲᠡᠯᠡᠵᠦ ᠂  ᠲᠡᠵᠢᠭᠡᠨ ᠦᠷᠡᠵᠢᠭᠦᠯᠬᠦ ᠲᠠᠯᠠᠪᠠᠶ ᠵᠢᠨ ᠡᠷᠦᠬᠡ ᠪᠠ ᠠᠵᠤ ᠠᠬᠤᠢ᠌ᠯᠠᠯ᠎ᠢ ᠴᠠᠭ ᠲᠤᠬᠠᠢ᠎ᠳᠤ᠎ᠨᠢ ᠬᠠᠪᠰᠤᠷᠤᠨ ᠲᠤᠰᠠᠯᠠᠵᠤ ᠬᠦᠴᠢᠷᠳᠡᠯ᠎ᠢ᠎ᠨᠢ ᠲᠠᠢ᠌ᠯᠤᠨ ᠂  ᠰᠦ ᠰᠠᠭ᠋ᠠᠯᠢ ᠵᠢᠨ ᠦᠢ᠍ᠯᠡᠰ᠎ᠲᠤ ᠲᠤᠯᠭ᠋ᠠᠷᠠᠵᠤ ᠪᠠᠢ᠌ᠭ᠎ᠠ ᠬᠦᠨᠳᠦ ᠬᠡᠴᠡᠭᠦᠦ ᠪᠠᠢ᠌ᠳᠠᠯ᠎ᠢ ᠪᠦᠲᠦᠮᠵᠢᠲᠡᠶ ᠠᠷᠭ᠋ᠠᠴᠠᠭ᠋ᠠᠪᠠ ᠃  ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠋ᠠᠨ᠎ᠢ ᠭᠦᠨᠵᠡᠭᠡᠢ ᠨᠠᠢ᠌ᠳᠠᠪᠤᠷᠢᠵᠢᠭᠤᠯᠵᠤ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭᠲᠠᠷᠠᠨ ᠂  ᠣᠳᠣᠬᠠᠨ᠎ᠤ ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠤᠨ ᠬᠤᠪᠢᠷᠠᠯᠲᠠ᠎ᠲᠠᠢ ᠤᠶᠠᠯᠳᠤᠭᠤᠯᠤᠨ ᠂  ᠰᠦ ᠰᠠᠭ᠋ᠠᠯᠢ ᠵᠢᠨ ᠦᠢ᠍ᠯᠡᠰ᠎ᠤᠨ ᠭᠣᠣᠯ ᠴᠣᠭᠴᠠ ᠵᠢ ᠦᠷᠭᠦᠯᠵᠢᠯᠡᠨ ᠬᠠᠪᠰᠤᠷᠴᠤ ᠪᠠᠢ᠌ᠭ᠋ᠠᠳ ᠬᠦᠴᠢᠷ ᠪᠡᠷᠬᠡᠰᠢᠶᠡᠯ᠎ᠠᠴᠠ᠎ᠨᠢ ᠲᠤᠭᠤᠯᠤᠭᠤᠯᠬᠤ ᠵᠢᠨ ᠲᠤᠰᠠᠳᠠ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠡᠳᠦᠭᠡ ᠰᠦ ᠰᠠᠭ᠋ᠠᠯᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠳᠡᠮᠵᠢᠬᠦ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ ᠃

ᠨᠢᠭᠡ ᠂  ᠲᠡᠵᠢᠭᠡᠨ ᠦᠷᠡᠵᠢᠭᠦᠯᠬᠦ ᠲᠠᠯᠠᠪᠠᠶ ᠵᠢᠨ ᠲᠡᠵᠢᠭᠡᠯ ᠡᠪᠡᠰᠦ ᠪᠣᠷᠳᠣᠭ᠎ᠠ ᠬᠤᠳᠠᠯᠳᠤᠨ ᠠᠪᠬᠤ᠎ᠳᠤ ᠬᠡᠷᠡᠭᠯᠡᠬᠦ ᠵᠢᠭᠡᠯᠡᠯᠭᠡ᠎ᠳᠤ ᠬᠦᠦ ᠮᠥᠩᠭᠥ ᠳ᠋ᠦᠩᠨᠡᠨ ᠪᠤᠳᠤᠭᠰᠠᠨ ᠡᠳᠦᠷ᠎ᠤᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠵᠢᠨ ᠨᠣᠷᠮ᠎ᠠ (LPR) ᠵᠢᠨ 70% (ᠪᠣᠳᠠᠲᠠᠢ ᠬᠦᠦ ᠵᠢᠨ ᠨᠣᠷᠮ᠎ᠠ᠎ᠨᠢ LPR᠎ᠠᠴᠠ ᠳᠣᠣᠷ᠎ᠠ ᠪᠠᠢ᠌ᠪᠠᠯ ᠪᠣᠳᠠᠲᠠᠢ ᠬᠦᠦ ᠵᠢᠨ ᠨᠣᠷᠮ᠎ᠠ ᠵᠢᠨ 70%᠎ᠪᠠᠷ ᠪᠤᠳᠤᠨ᠎ᠠ)᠎ᠪᠠᠷ ᠂  ᠳᠠᠩ ᠭᠠᠭᠴᠠ ᠭᠣᠣᠯ ᠴᠣᠭᠴᠠ᠎ᠳᠤ ᠵᠢᠯ ᠪᠦᠷᠢ 200 ᠲᠦᠮᠡᠨ ᠲᠥᠭᠥᠷᠢᠭ᠎ᠠᠴᠠ ᠥᠯᠥ ᠳᠠᠪᠠᠭᠤᠯᠬᠤ ᠳᠠᠮ ᠬᠦᠦ ᠵᠢᠨ ᠳᠡᠮᠵᠢᠯᠭᠡ ᠣᠯᠭᠣᠨ᠎ᠠ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠂  ᠨᠠᠮ᠎ᠤᠨ ᠬᠣᠷᠢᠶᠠᠨ᠎ᠤ ᠮᠥᠩᠭᠥᠨ ᠭᠦᠢ᠍ᠯᠭᠡᠭᠡᠨ᠎ᠤ ᠠᠯᠪᠠᠨ ᠭᠡᠷ)

ᠬᠣᠶᠠᠷ ᠂  ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠶ ᠵᠢᠨ ᠲᠡᠵᠢᠭᠡᠨ ᠦᠷᠡᠵᠢᠭᠦᠯᠬᠦ ᠪᠠ ᠡᠳ᠋ᠰᠢᠭᠦᠯᠦᠨ ᠪᠣᠯᠪᠠᠰᠤᠷᠠᠭᠤᠯᠬᠤ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ᠎ᠨᠢ ᠳᠡᠮᠵᠢᠵᠦ ᠂  ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠶ ᠵᠢᠨ ᠥᠪᠡᠰᠦᠪᠡᠨ ᠡᠷᠭᠢᠯᠡᠭᠰᠡᠨ ᠫᠠᠰᠲ᠋ᠧᠦ᠋ᠷ ᠠᠷᠢᠭᠤᠳᠬᠠᠬᠤ ᠠᠷᠭ᠎ᠠ ᠳᠠᠮᠵᠢᠭᠰᠠᠨ ᠰᠦ ᠂  ᠳᠣᠣᠷ᠎ᠠ ᠳᠤᠯᠠᠭ᠋ᠠᠨ ᠵᠶ᠋ᠠᠷ ᠢᠰᠬᠡᠭᠰᠡᠨ ᠰᠦ ᠂  ᠪᠢᠰᠢᠯᠠᠭ ᠪᠠ ᠣᠷᠣᠨ ᠨᠤᠲᠤᠭ᠎ᠤᠨ ᠣᠨᠴᠠᠯᠢᠭᠲᠤ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠦᠢ᠍ᠯᠡᠳᠪᠦᠷᠢᠯᠡᠬᠦ ᠵᠡᠷᠭᠡ ᠦᠢ᠍ᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ (ᠢᠳᠡᠭᠡᠨ᠎ᠤ ᠵᠦᠢ᠍ᠯ ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ ᠣᠯᠬᠤ ᠴᠢᠬᠤᠯᠠ᠎ᠲᠠᠢ)᠎ᠳᠤ ᠪᠡᠯᠡ ᠣᠷᠣᠭᠤᠯᠤᠯᠲᠠ ᠵᠢᠨ ᠶᠡᠷᠦᠩᠬᠡᠢ ᠲᠣᠭ᠋ᠠᠨ᠎ᠤ 30%᠎ᠪᠠᠷ ᠨᠡᠮᠡᠭᠦᠷᠢ ᠣᠯᠭᠣᠵᠤ ᠂  ᠳᠠᠩ ᠭᠠᠭᠴᠠ ᠭᠣᠣᠯ ᠴᠣᠭᠴᠠ᠎ᠳᠤ ᠣᠯᠭᠣᠬᠤ ᠨᠡᠮᠡᠭᠦᠷᠢ ᠵᠢ 100 ᠲᠦᠮᠡᠨ ᠲᠥᠭᠥᠷᠢᠭ᠎ᠠᠴᠠ ᠳᠠᠪᠠᠭᠤᠯᠬᠤ ᠦᠭᠡᠢ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

ᠭᠤᠷᠪᠠ ᠂  ᠨᠥᠬᠥᠴᠡᠯ᠎ᠲᠠᠢ ᠭᠠᠵᠠᠷ ᠣᠷᠣᠨ᠎ᠨᠤᠭᠤᠳ ᠲᠦᠭᠦᠬᠡᠢ ᠰᠦ ᠵᠢᠨ  ᠦᠨ᠎ᠡ ᠬᠠᠩᠰᠢ ᠵᠢᠨ  ᠵᠢᠭ᠋ᠠᠯᠲᠠ ᠲᠣᠭ᠎ᠠ ᠵᠢᠨ  ᠳᠠᠭ᠋ᠠᠳᠬᠠᠯ᠎ᠢ ᠰᠦᠪᠡᠭᠴᠢᠯᠡᠨ ᠥᠷᠨᠢᠭᠦᠯᠬᠦ᠎ᠶᠢ᠎ᠨᠢ ᠵᠣᠷᠢᠭᠵᠢᠭᠤᠯᠵᠤ ᠂  ᠠᠵᠤ ᠦᠢ᠍ᠯᠡᠰ᠎ᠤᠨ ᠲᠤᠯᠭ᠋ᠠᠭᠤᠷᠢᠯᠠᠯ᠎ᠤᠨ  ᠦᠷ᠎ᠡ ᠪᠦᠲᠦᠮᠵᠢ᠎ᠪᠠᠷ ᠨᠡᠯᠢᠶᠡᠳ ᠰᠠᠢ᠌ᠨ ᠭᠠᠵᠠᠷ ᠣᠷᠣᠨ᠎ᠢ  ᠥᠪᠡᠷᠲᠡᠭᠡᠨ  ᠵᠠᠰᠠᠬᠤ  ᠣᠷᠣᠨ᠎ᠤ ᠡᠳ᠋᠎ᠤᠨ ᠵᠠᠰᠠᠭ᠎ᠤᠨ  ᠨᠡᠮᠡᠭᠦᠷᠢ ᠣᠯᠭᠣᠬᠤ ᠬᠡᠪᠴᠢᠶᠡᠨ᠎ᠳᠤ ᠴᠠᠭ᠎ᠲᠤ᠎ᠨᠢ ᠲᠣᠬᠢᠷᠠᠭᠤᠯᠤᠨ ᠣᠷᠣᠭᠤᠯᠬᠤ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂  ᠥᠪᠥᠷ ᠮᠣᠩᠭᠣᠯ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)

ᠳᠥᠷᠪᠡ ᠂  ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ 2025 ᠣᠨ᠎ᠤ 3 — 8 ᠳ᠋ᠤᠭ᠋ᠠᠷ ᠰᠠᠷ᠎ᠠ᠎ᠳᠤ ᠲᠦᠭᠦᠬᠡᠢ ᠰᠦ ᠵᠢ ᠲᠣᠭ᠎ᠠ ᠶᠣᠰᠣᠭ᠋ᠠᠷ ᠭᠦᠢ᠍ᠴᠡᠳ ᠬᠤᠳᠠᠯᠳᠤᠨ ᠠᠪᠬᠤ ᠵᠢ᠎ᠨᠢ ᠳᠡᠮᠵᠢᠵᠦ ᠂  ᠲᠦᠭᠦᠬᠡᠢ ᠰᠦ ᠬᠡᠷᠡᠭᠯᠡᠵᠦ ᠰᠡᠪᠰᠡᠵᠦ ᠨᠤᠨᠳᠠᠭᠯᠠᠪᠠᠯ ᠂  ᠬᠤᠳᠠᠯᠳᠤᠨ ᠠᠪᠤᠭᠰᠠᠨ ᠲᠣᠭ᠎ᠠ ᠬᠡᠮᠵᠢᠶᠡᠨ᠎ᠤ 10%᠎ᠪᠠᠷ ᠲᠣᠨ ᠪᠦᠷᠢ᠎ᠳᠤ 1000 ᠲᠥᠭᠥᠷᠢᠭ᠎ᠤᠨ ᠨᠡᠮᠡᠭᠦᠷᠢ ᠣᠯᠭᠣᠵᠤ ᠂  ᠥᠪᠡᠷᠲᠡᠭᠡᠨ ᠵᠠᠰᠠᠬᠤ ᠣᠷᠣᠨ ᠂  ᠠᠢ᠌ᠮᠠᠭ ᠬᠣᠲᠠ ᠲᠣᠰ ᠲᠣᠰ 50% ᠵᠢ ᠡᠭᠦᠷᠭᠡᠯᠡᠨ᠎ᠡ ᠃  ᠰᠡᠪᠰᠡᠵᠦ ᠨᠤᠨᠳᠠᠭᠯᠠᠬᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠲᠡᠵᠢᠭᠡᠨ ᠦᠷᠡᠵᠢᠭᠦᠯᠬᠦ ᠦᠵᠦᠭᠦᠷ᠎ᠲᠤ ᠬᠦᠷᠭᠡᠬᠦ ᠵᠢ ᠪᠠᠲᠤᠯᠠᠬᠤ ᠵᠢᠨ ᠲᠤᠰᠠᠳᠠ ᠂  ᠰᠦᠨ᠎ᠤ ᠠᠵᠤ ᠠᠬᠤᠢ᠌ᠯᠠᠯ᠎ᠤᠨ᠎ᠬᠢᠨ ᠭᠡᠷ᠎ᠡ᠎ᠳᠤ ᠲᠣᠭᠲᠠᠭᠰᠠᠨ ᠬᠡᠮᠵᠢᠶ᠎ᠡ᠎ᠪᠠᠷ ᠲᠦᠭᠦᠬᠡᠢ ᠰᠦ ᠬᠤᠳᠠᠯᠳᠤᠨ ᠠᠪᠴᠤ ᠂  ᠭᠡᠷ᠎ᠡ ᠵᠢ ᠴᠠᠭ ᠲᠤᠬᠠᠢ᠎ᠳᠤ᠎ᠨᠢ ᠥᠷᠭᠦᠯᠵᠢᠯᠡᠨ ᠲᠣᠭᠲᠠᠭ᠋ᠠᠨ ᠂  ᠬᠤᠷᠢᠶᠠᠬᠤ ᠵᠢ ᠲᠡᠪᠴᠢᠬᠦ ᠪᠠ ᠬᠢᠵᠠᠭ᠋ᠠᠷᠯᠠᠵᠤ ᠪᠣᠯᠬᠤ ᠦᠭᠡᠢ ᠭᠡᠵᠦ ᠴᠢᠩᠭ᠎ᠠ ᠱᠠᠭ᠋ᠠᠷᠳᠠᠬᠤ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ)

ᠲᠠᠪᠤ ᠂  ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠷᠠᠭᠤᠯᠵᠤ ᠂  ᠤᠯᠤᠰ᠎ᠤᠨ ᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠳᠡᠮᠵᠢᠵᠦ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ 》 ᠢᠨᠵᠧᠨᠧᠷᠢᠩ᠎ᠤᠨ ᠣᠨᠴᠠᠯᠢᠭᠲᠤ ᠰᠦᠨ᠎ᠤ ᠦᠢ᠍ᠯᠡᠰ᠎ᠤᠨ ᠴᠡᠭ ᠪᠠᠢ᠌ᠷᠢ᠎ᠳᠤ ᠲᠦᠰᠢᠭᠯᠡᠨ ᠂  ᠰᠦ ᠰᠠᠭ᠋ᠠᠯᠢ ᠵᠢᠨ ᠦᠢ᠍ᠯᠡᠰ᠎ᠤᠨ ᠭᠦᠨ ᠡᠳ᠋ᠰᠢᠭᠦᠯᠦᠨ ᠪᠣᠯᠪᠠᠰᠤᠷᠠᠭᠤᠯᠵᠤ ᠰᠤᠳᠤᠯᠤᠨ ᠨᠡᠭᠡᠭᠡᠬᠦ ᠡᠷᠴᠢᠮ᠎ᠢ ᠴᠢᠩᠭ᠋ᠠᠷᠠᠭᠤᠯᠵᠤ ᠂  ᠰᠦᠨ ᠲᠠᠯᠬ᠎ᠠ ᠵᠢᠨ ᠰᠠᠭᠤᠷᠢ ᠨᠠᠢ᠌ᠷᠠᠯᠭ᠎ᠠ ᠂  ᠴᠢᠳᠠᠮᠵᠢᠲᠤ ᠴᠢᠨᠠᠷᠲᠠᠢ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ᠎ᠤ ᠵᠠᠩᠭᠢᠯᠠᠭ᠎ᠠ ᠵᠢᠨ ᠮᠡᠷᠭᠡᠵᠢᠯ᠎ᠢ ᠭᠣᠣᠯᠳᠠᠯᠭ᠎ᠠ᠎ᠲᠠᠢ ᠰᠢᠪᠲᠤᠯᠵᠤ ᠂  ᠳᠤᠮᠳᠠᠳᠤᠴᠤᠳ᠎ᠤᠨ ᠢᠳᠡᠭᠡᠨ ᠤᠮᠳᠠᠭ᠋ᠠᠨ᠎ᠤ ᠳᠠᠳᠬᠠᠯ᠎ᠳᠤ ᠲᠣᠬᠢᠷᠠᠬᠤ ᠰᠦ ᠰᠠᠭ᠋ᠠᠯᠢ᠎ᠪᠠᠷ ᠰᠠᠭᠤᠷᠢᠯᠠᠭᠰᠠᠨ ᠢᠳᠡᠭᠡᠨ᠎ᠤ ᠵᠦᠢ᠍ᠯ᠎ᠢ ᠨᠡᠭᠡᠭᠡᠨ ᠬᠥᠭᠵᠢᠭᠦᠯᠵᠦ ᠂  ᠳᠤᠮᠳᠠᠳᠤ ᠤᠯᠤᠰ᠎ᠤᠨ ᠣᠨᠴᠠᠯᠢᠭ᠎ᠲᠠᠢ ᠰᠦᠨ ᠲᠠᠯᠬ᠎ᠠ ᠵᠢᠨ ᠰᠠᠭᠤᠷᠢ ᠴᠢᠳᠠᠮᠵᠢᠲᠤ ᠲᠦᠭᠦᠬᠡᠢ ᠮᠠᠲ᠋ᠧᠷᠢᠶᠠᠯ ᠂  ᠳᠤᠮᠳᠠᠳᠤ ᠵᠢᠨ ᠮᠠᠶᠢᠭ᠎ᠤᠨ ᠪᠢᠰᠢᠯᠠᠭ ᠂  ᠳᠤᠮᠳᠠᠳᠤ ᠵᠢᠨ ᠮᠠᠶᠢᠭ᠎ᠤᠨ ᠰᠦ ᠰᠠᠭ᠋ᠠᠯᠢ᠎ᠪᠠᠷ ᠰᠠᠭᠤᠷᠢᠯᠠᠭᠰᠠᠨ ᠢᠳᠡᠭᠡᠨ᠎ᠤ ᠵᠦᠢ᠍ᠯ ᠵᠡᠷᠭᠡ ᠣᠨᠴᠠᠯᠢᠭᠲᠤ ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ᠎ᠢ ᠲᠦᠷᠭᠡᠳᠬᠡᠨ ᠭᠠᠷᠭ᠋ᠠᠬᠤ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ)

ᠵᠢᠷᠭᠤᠭ᠎ᠠ ᠂  ᠰᠦ ᠰᠠᠭ᠋ᠠᠯᠢ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠭᠦᠷᠭᠡ ᠡᠭᠦᠷᠭᠡᠯᠡᠬᠦ ᠵᠢ᠎ᠨᠢ ᠳᠡᠮᠵᠢᠵᠦ ᠂  ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠲᠠᠢ ᠬᠣᠯᠪᠤᠭ᠋ᠠᠯᠠᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠵᠡᠷᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠢ ᠵᠣᠬᠢᠶᠠᠨ ᠪᠠᠢ᠌ᠭᠤᠯᠵᠤ ᠭᠤᠶᠤᠴᠢᠯᠠᠨ ᠮᠡᠳᠡᠭᠦᠯᠬᠦ ᠵᠢ᠎ᠨᠢ ᠵᠣᠷᠢᠭᠵᠢᠭᠤᠯᠤᠨ ᠂  ᠲᠡᠵᠢᠭᠡᠯ ᠡᠪᠡᠰᠦ ᠪᠣᠷᠳᠣᠭ᠎ᠠ ᠲᠡᠵᠢᠭᠡᠨ ᠦᠷᠡᠵᠢᠭᠦᠯᠬᠦ ᠡᠳ᠋ᠰᠢᠭᠦᠯᠦᠨ ᠪᠣᠯᠪᠠᠰᠤᠷᠠᠭᠤᠯᠬᠤ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠲᠣᠭᠣᠷᠢᠨ᠎ᠳᠤ ᠵᠠᠩᠭᠢᠯᠠᠭ᠎ᠠ ᠵᠢᠨ ᠮᠡᠷᠭᠡᠵᠢᠯ᠎ᠤᠨ ᠰᠢᠪᠲᠤᠯᠤᠯᠲᠠ ᠵᠢ ᠥᠷᠨᠢᠭᠦᠯᠵᠦ ᠂  ᠵᠦᠷᠢᠶᠡᠴᠢᠯᠡᠭᠰᠡᠨ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ)

ᠳᠣᠯᠣᠭ᠎ᠠ ᠂  ᠰᠦ ᠴᠠᠭ᠋ᠠᠨ ᠢᠳᠡᠭᠡᠨ᠎ᠤ ᠪᠦᠲᠦᠭᠡᠭᠳᠡᠬᠦᠨ᠎ᠤ ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠤᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠦᠵᠡᠰᠬᠦᠯᠡᠩ ᠴᠤᠭᠯᠠᠭ᠋ᠠᠨ᠎ᠳᠤ ᠣᠷᠣᠯᠴᠠᠭᠤᠯᠵᠤ ᠂  ᠪᠥᠬᠥ ᠣᠷᠣᠨ᠎ᠳᠤ 《ᠰᠦᠨ᠎ᠤ ᠠᠵᠤ ᠠᠬᠤᠢ᠌ᠯᠠᠯ᠎ᠤᠨ ᠲᠠᠪᠴᠠᠩᠲᠤ ᠮᠥᠷᠥᠢ᠌ᠴᠡᠭᠡᠨ 》 ᠵᠡᠷᠭᠡ ᠤᠯᠠᠨ ᠬᠡᠯᠪᠡᠷᠢ ᠮᠠᠶᠢᠭ ᠪᠦᠬᠦᠢ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠵᠢ ᠥᠷᠨᠢᠭᠦᠯᠵᠦ ᠂  ᠮᠠᠨ᠎ᠤ ᠣᠷᠣᠨ᠎ᠤ ᠰᠦᠨ᠎ᠤ ᠠᠵᠤ ᠠᠬᠤᠢ᠌ᠯᠠᠯ᠎ᠤᠨ ᠠᠹᠷᠢᠺᠠ ᠲᠢᠪ ᠂  ᠵᠡᠭᠦᠨ ᠡᠮᠦᠨᠡᠲᠦ ᠠᠽᠢᠶ᠎ᠠ ᠵᠡᠷᠭᠡ ᠤᠯᠠᠨ ᠤᠯᠤᠰ᠎ᠤᠨ ᠵᠠᠬ᠎ᠠ ᠳᠡᠯᠭᠡᠭᠦᠷ᠎ᠲᠤ ᠣᠷᠣᠬᠤ ᠵᠢ ᠠᠬᠢᠭᠤᠯᠬᠤ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠂  ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂  ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠬᠣᠯᠪᠣᠭ᠋ᠠᠲᠤ ᠬᠣᠷᠰᠢᠶ᠎ᠠ ᠂  ᠬᠥᠬᠡᠬᠣᠲᠠ ᠪᠣᠭᠣᠮᠲᠠ)

ᠨᠠᠢ᠍ᠮᠠ ᠂  ᠡᠯ᠎ᠡ ᠱᠠᠲᠤᠨ᠎ᠤ ᠠᠵᠢᠯᠴᠢᠨ᠎ᠤ ᠡᠪᠯᠡᠯ᠎ᠤᠨ ᠰᠦ ᠴᠠᠭ᠋ᠠᠨ ᠢᠳᠡᠭᠡᠨ᠎ᠤ ᠪᠦᠲᠦᠭᠡᠭᠳᠡᠭᠦᠨ ᠬᠤᠳᠠᠯᠳᠤᠨ ᠠᠪᠴᠤ ᠲᠠᠷᠬᠠᠭ᠋ᠠᠬᠤ ᠡᠷᠴᠢᠮ ᠵᠶ᠋ᠡᠨ ᠴᠢᠩᠭ᠋ᠠᠷᠠᠭᠤᠯᠬᠤ ᠵᠢ᠎ᠨᠢ ᠵᠣᠷᠢᠭᠵᠢᠭᠤᠯᠵᠤ ᠂  ᠰᠦ ᠴᠠᠭ᠋ᠠᠨ ᠢᠳᠡᠭᠡᠨ᠎ᠤ ᠪᠦᠲᠦᠭᠡᠭᠳᠡᠭᠦᠨ᠎ᠢ ᠨᠠᠰᠤᠲᠠᠨ᠎ᠢ ᠠᠰᠠᠷᠠᠬᠤ ᠬᠦᠷᠢᠶᠡᠯᠡᠩ ᠂  ᠠᠰᠠᠷᠠᠮᠵᠢ ᠵᠢᠨ ᠬᠦᠷᠢᠶᠡᠯᠡᠩ ᠵᠡᠷᠭᠡ ᠪᠠᠢ᠌ᠭᠤᠯᠤᠮᠵᠢ᠎ᠳᠤ ᠣᠷᠣᠭᠤᠯᠬᠤ ᠵᠢ ᠠᠬᠢᠭᠤᠯᠵᠤ ᠂ 《ᠰᠣᠷᠣᠭᠴᠢ ᠵᠢᠨ ᠤᠮᠳᠠᠭ᠋ᠠᠨ᠎ᠤ ᠰᠦ ᠵᠢᠨ ᠲᠥᠯᠥᠪᠯᠡᠭᠡ》 ᠵᠢᠨ ᠬᠠᠮᠤᠷᠬᠤ ᠬᠡᠪᠴᠢᠶ᠎ᠡ ᠵᠢ ᠲᠣᠭᠲᠠᠭᠤᠨ ᠵᠶ᠋ᠠᠷ ᠥᠷᠭᠡᠳᠬᠡᠨ ᠂  ᠪᠥᠬᠥ ᠠᠷᠠᠳ ᠵᠶ᠋ᠠᠷ ᠵᠶ᠋ᠠᠨ ᠰᠦ ᠤᠤᠭᠤᠬᠤ ᠳᠠᠳᠬᠠᠯ᠎ᠲᠠᠢ ᠪᠣᠯᠬᠤ᠎ᠳᠤ ᠬᠦᠴᠦ ᠨᠡᠮᠡᠷᠢᠯᠡᠬᠦ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠂  ᠠᠷᠠᠳ᠎ᠤᠨ ᠶᠠᠪᠤᠳᠠᠯ᠎ᠤᠨ ᠲᠢᠩᠬᠢᠮ ᠂  ᠰᠤᠷᠭ᠋ᠠᠨ ᠬᠥᠮᠦᠵᠢᠯ᠎ᠤᠨ ᠲᠢᠩᠬᠢᠮ)

ᠶᠢᠰᠦ ᠂  ᠰᠦ ᠰᠠᠭ᠋ᠠᠯᠢ ᠵᠢᠨ ᠦᠢ᠍ᠯᠡᠰ᠎ᠤᠨ ᠲᠥᠷᠥ ᠵᠢᠨ ᠪᠣᠳᠣᠯᠭ᠎ᠠ ᠵᠢᠨ ᠪᠡᠯᠡ ᠮᠥᠩᠭᠥ ᠰᠣᠯᠢᠵᠤ ᠥᠭᠬᠦ ᠲᠠᠰ ᠳᠠᠷᠠᠭ᠋ᠠᠯᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂  ᠠᠵᠤ ᠠᠬᠤᠢ᠌ᠯᠠᠯ᠎ᠳᠤ ᠠᠰᠢᠭ ᠬᠦᠷᠭᠡᠬᠦ ᠪᠡᠯᠡ ᠮᠥᠩᠭᠥ ᠵᠢ ᠰᠢᠭᠤᠳ ᠪᠠᠭᠤᠯᠭ᠋ᠠᠬᠤ ᠲᠠᠪᠴᠠᠩ᠎ᠢ ᠰᠠᠢ᠌ᠲᠤᠷ ᠬᠡᠷᠡᠭᠯᠡᠨ᠎ᠡ; ᠱᠠᠲᠤ ᠳᠡᠪᠰᠢᠭᠦᠯᠦᠨ ᠰᠠᠯᠭ᠋ᠠᠨ ᠥᠭᠬᠦ ᠲᠣᠭᠲᠠᠴᠠ ᠵᠢ ᠰᠠᠢ᠌ᠲᠤᠷ ᠬᠡᠷᠡᠭᠯᠡᠵᠦ ᠂  ᠪᠡᠯᠡ ᠮᠥᠩᠭᠥ ᠰᠣᠯᠢᠵᠤ ᠥᠭᠬᠦ ᠬᠦᠴᠦᠨ᠎ᠲᠠᠢ ᠬᠤᠭᠤᠴᠠᠭ᠎ᠠ ᠵᠢ ᠳᠡᠭᠡᠭᠰᠢᠯᠡᠭᠦᠯᠵᠦ ᠂  ᠥᠭᠬᠦ ᠶᠣᠰᠣᠲᠠᠢ ᠵᠢ᠎ᠨᠢ ᠪᠦᠬᠦᠨ᠎ᠢ ᠥᠭᠴᠦ ᠂  ᠥᠭᠬᠦ ᠶᠣᠰᠣᠲᠠᠢ ᠵᠢ᠎ᠨᠢ ᠲᠦᠷᠭᠡᠨ ᠥᠭᠬᠦ ᠵᠢ ᠪᠡᠶᠡᠯᠡᠭᠦᠯᠬᠦ ᠬᠡᠷᠡᠭᠲᠡᠢ ᠃ (ᠬᠠᠷᠢᠭᠤᠴᠠᠯᠭ᠋ᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)

ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ ᠂  ᠡᠨᠡ ᠬᠦ᠌ ᠲᠥᠷᠥ ᠵᠢᠨ ᠪᠣᠳᠣᠯᠭ᠎ᠠ ᠵᠢ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠬᠡᠷᠡᠭᠵᠢᠭᠦᠯᠦᠨ᠎ᠡ ᠃ 《ᠰᠦ ᠰᠠᠭ᠋ᠠᠯᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [ 2023 ] 58 ᠳ᠋ᠤᠭ᠋ᠠᠷ ᠲᠣᠭ᠋ᠠᠲᠤ)᠎ᠳᠠᠬᠢ 《ᠭᠤᠷᠪᠠ ᠂ 〈ᠰᠦ ᠵᠢᠨ ᠢᠷᠡᠯᠲᠡ〉 ᠵᠢᠨ ᠬᠠᠩᠭ᠋ᠠᠯᠭ᠎ᠠ ᠵᠢᠨ ᠪᠠᠲᠤᠯᠠᠭ᠎ᠠ ᠵᠢ ᠲᠣᠭᠲᠠᠪᠤᠷᠢᠵᠢᠭᠤᠯᠵᠤ ᠂  ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠬᠦ》 ᠳᠤᠮᠳᠠᠬᠢ 8 ᠳ᠋ᠤᠭ᠋ᠠᠷ ᠵᠦᠢ᠍ᠯ᠎ᠤᠨ ᠲᠥᠷᠥ ᠵᠢᠨ ᠪᠣᠳᠣᠯᠭ᠎ᠠ ᠵᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ ᠃

2025 ᠣᠨ᠎ᠤ 4 ᠳ᠋ᠦ᠍ᠭᠡᠷ ᠰᠠᠷ᠎ᠠ ᠵᠢᠨ 2᠎ᠤᠨ ᠡᠳᠦᠷ

(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2025 ᠣᠨ᠎ᠤ 4 ᠳ᠋ᠦ᠍ᠭᠡᠷ ᠰᠠᠷ᠎ᠠ ᠵᠢᠨ 2᠎ᠤᠨ ᠡᠳᠦᠷ ᠳᠠᠷᠤᠮᠠᠯᠯᠠᠨ ᠲᠠᠷᠬᠠᠭ᠋ᠠᠪᠠ

 

 


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ