ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
ᠦᠪᠦᠷ ᠵᠠᠰᠠᠭ ᠠᠯᠪᠠᠨ ᠦᠰᠦᠭ 〔2025〕 20 ᠳ᠋ᠤᠭ᠋ᠠᠷ ᠲᠤᠭ᠋ᠠᠲᠤ
ᠥᠪᠥᠷ ᠵᠠᠰᠠᠭ ᠠᠯᠪᠠᠨ ᠲᠠᠷᠬᠠᠭ᠋ᠠᠭᠰᠠᠨ 〔2017〕 173 ᠳ᠋ᠤᠭ᠋ᠠᠷ ᠲᠣᠭ᠋ᠠᠲᠤ᠂ ᠥᠪᠥᠷ ᠵᠠᠰᠠᠭ ᠠᠯᠪᠠᠨ ᠲᠠᠷᠬᠠᠭ᠋ᠠᠭᠰᠠᠨ 〔2022〕 58 ᠳ᠋ᠤᠭ᠋ᠠᠷ ᠲᠣᠭ᠋ᠠᠲᠤ᠂ ᠥᠪᠥᠷ ᠵᠠᠰᠠᠭ ᠠᠯᠪᠠᠨ ᠲᠠᠷᠬᠠᠭ᠋ᠠᠭᠰᠠᠨ 〔2023〕 52 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠣᠯᠪᠣᠭᠳᠠᠯ ᠪᠥᠬᠥᠶ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢᠯᠡᠰ᠎ᠦᠨ ᠨᠢᠭᠡᠴᠢ᠎ᠳᠤ᠄
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠤᠨ ᠭᠣᠣᠯᠴᠢ ᠥᠷᠢᠰᠥᠯᠳᠦᠭᠡᠨ᠎ᠢ ᠠᠬᠢᠭᠤᠯᠤᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠎ᠶ᠋ᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ 《ᠪᠠᠷᠢᠯᠭ᠎ᠠ᠎ᠶ᠋ᠢᠨ ᠦᠢ᠍ᠯᠡᠰ᠎ᠤᠨ ᠦᠷᠭᠦᠯᠵᠢᠯᠡᠨ ᠡᠷᠡᠭᠦᠯ᠎ᠢᠶᠠᠷ ᠬᠥᠭᠵᠢᠬᠦ᠎ᠶ᠋ᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ (ᠥᠪᠥᠷ ᠵᠠᠰᠠᠭ ᠠᠯᠪᠠᠨ ᠲᠠᠷᠬᠠᠭ᠋ᠠᠭᠰᠠᠨ 〔2017〕 173 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶ᠋ᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠶ᠋ᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ 〔2022〕 58 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶ᠋ᠢᠨ ᠦᠢ᠍ᠯᠡᠰ᠎ᠢ ᠳᠠᠬᠢᠨ᠎ᠢᠶᠠᠷ ᠨᠡᠮᠡᠭᠳᠡᠭᠦᠯᠬᠦ ᠠᠵᠢᠯᠯᠠᠭ᠋ᠠᠨ᠎ᠤ ᠲᠥᠯᠥᠪᠯᠡᠭᠡ ( 2023 - 2025 ᠣᠨ)᠎ᠶ᠋ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ 〔2023〕 52 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠥᠬᠥᠶ ᠠᠭᠤᠯᠭ᠎ᠠ᠎ᠳᠤ ᠵᠠᠰᠠᠪᠤᠷᠢ ᠣᠷᠣᠭᠤᠯᠬᠤ᠎ᠪᠠᠷ ᠲᠣᠭᠲᠠᠵᠤ᠂ ᠡᠳᠦᠭᠡ ᠬᠣᠯᠪᠣᠭᠳᠠᠯ ᠪᠥᠬᠥᠢ ᠤᠴᠢᠷ᠎ᠢ ᠳᠣᠣᠷᠠᠬᠢ ᠮᠡᠲᠦ ᠮᠡᠳᠡᠭᠳᠡᠪᠡ᠃
ᠨᠢᠭᠡ᠂ ᠥᠪᠥᠷ ᠵᠠᠰᠠᠭ ᠠᠯᠪᠠᠨ ᠲᠠᠷᠬᠠᠭ᠋ᠠᠭᠰᠠᠨ 〔2017〕 173 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠳᠤ ᠵᠠᠰᠠᠪᠤᠷᠢ ᠣᠷᠣᠭᠤᠯᠤᠭᠰᠠᠨ ᠠᠭᠤᠯᠭ᠎ᠠ
(ᠨᠢᠭᠡ) 《ᠬᠣᠶᠠᠷ᠂ ᠭᠣᠣᠯ ᠡᠭᠦᠷᠭᠡ》᠎ᠶ᠋ᠢᠨ ᠬᠡᠰᠡᠭ᠎ᠲᠠᠬᠢ 《(ᠨᠠᠢ᠍ᠮᠠ) ᠳᠠᠭᠠᠭᠠᠴᠢᠯᠠᠯᠲᠠ ᠵᠠᠷᠯᠠᠵᠤ ᠳᠠᠭ᠋ᠠᠭ᠋ᠠᠴᠢᠯᠠᠭᠤᠯᠬᠤ ᠲᠥᠷᠢᠮ᠎ᠢ ᠥᠭᠡᠷᠡᠴᠢᠯᠡᠨ᠎ᠡ》 ᠳᠤᠮᠳᠠᠬᠢ 《ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠬᠢᠵᠠᠭ᠋ᠠᠷ ᠲᠣᠭ᠋ᠠᠨ᠎ᠠᠴᠠ ᠳᠣᠷᠣᠭᠰᠢᠬᠢ ᠲᠥᠷᠥᠯ ᠵᠦᠢ᠍ᠯ᠎ᠢ ᠢᠨᠵᠧᠨᠧᠷᠢᠩ᠎ᠤᠨ ᠪᠠᠶ᠋ᠢᠭ᠎ᠠ ᠭᠠᠵᠠᠷ᠎ᠤᠨ ᠪᠠᠷᠢᠯᠭ᠎ᠠ᠎ᠶ᠋ᠢᠨ ᠠᠵᠢᠯ᠎ᠢ ᠶᠡᠷᠦᠩᠬᠡᠶ ᠳᠠᠭ᠋ᠠᠭ᠋ᠠᠴᠢᠯᠠᠭᠰᠠᠨ ᠭᠤᠷᠪᠠᠳᠤᠭ᠋ᠠᠷ ᠲᠡᠰ᠎ᠤᠨ ᠠᠵᠤ ᠠᠬᠤᠶ᠋ᠢᠯᠠᠯ ᠰᠢᠭᠤᠳ ᠡᠭᠦᠷᠭᠡᠯᠡᠵᠦ ᠪᠣᠯᠤᠨ᠎ᠠ》 ᠭᠡᠰᠡᠨ ᠥᠭᠦᠯᠡᠯᠲᠡ ᠵᠢ ᠬᠠᠰᠤᠪᠠ᠃
(ᠬᠣᠶᠠᠷ) 《ᠬᠣᠶᠠᠷ᠂ ᠭᠣᠣᠯ ᠡᠭᠦᠷᠭᠡ》᠎ᠶ᠋ᠢᠨ ᠬᠡᠰᠡᠭ᠎ᠲᠠᠬᠢ 《(ᠠᠷᠪᠠ) ᠢᠨᠵᠧᠨᠧᠷᠢᠩ᠎ᠤᠨ ᠪᠥᠬᠥ ᠶᠠᠪᠤᠴᠠ᠎ᠶ᠋ᠢᠨ ᠵᠦᠪᠯᠡᠯᠭᠡ ᠥᠭᠬᠦ ᠦᠢ᠍ᠯᠡᠴᠢᠯᠡᠭᠡ᠎ᠶ᠋ᠢ ᠬᠥᠭᠵᠢᠭᠦᠯᠦᠨ᠎ᠡ》 ᠲᠤᠮᠳᠠᠬᠢ 《ᠢᠨᠵᠧᠨᠧᠷᠢᠩ᠎ᠤᠨ ᠵᠦᠪᠯᠡᠯᠭᠡ ᠥᠭᠬᠦ ᠠᠵᠤ ᠠᠬᠤᠶ᠋ᠢᠯᠠᠯ ᠵᠦᠢ ᠵᠣᠬᠢᠰᠲᠠᠶ ᠰᠠᠨᠠᠭᠤᠯᠭ᠎ᠠ ᠳᠤᠷᠠᠳᠴᠤ ᠪᠡᠯᠡ ᠣᠷᠣᠭᠤᠯᠤᠯᠲᠠ᠎ᠶ᠋ᠢ ᠠᠷᠪᠢᠯᠠᠭᠰᠠᠨ ᠪᠠᠢᠪᠠᠯ ᠪᠥᠳᠥᠭᠡᠨ ᠪᠠᠶ᠋ᠢᠭᠤᠯᠬᠤ ᠨᠢᠭᠡᠴᠢ᠎ᠠᠴᠠ ᠱᠠᠩᠨᠠᠬᠤ ᠬᠡᠷᠡᠭᠲᠡᠶ》 ᠭᠡᠰᠡᠨ ᠥᠭᠦᠯᠡᠯᠲᠡ᠎ᠶ᠋ᠢ ᠬᠠᠰᠤᠪᠠ᠃
(ᠭᠤᠷᠪᠠ) 《ᠭᠤᠷᠪᠠ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ》᠎ᠶ᠋ᠢᠨ ᠬᠡᠰᠡᠭ᠎ᠲᠠᠬᠢ 《(ᠠᠷᠪᠠᠨ ᠲᠠᠪᠤ) ᠠᠵᠤ ᠠᠬᠤᠶ᠋ᠢᠯᠠᠯ᠎ᠤᠨ ᠬᠢᠷᠢ ᠬᠡᠮ᠎ᠤᠨ ᠵᠥᠪᠰᠢᠶᠡᠷᠡᠨ ᠣᠷᠣᠭᠤᠯᠬᠤ ᠨᠥᠬᠥᠴᠡᠯ᠎ᠢ ᠠᠭᠤᠵᠢᠭᠤ ᠲᠠᠯᠪᠢᠨ᠎ᠠ》 ᠳᠤᠮᠳᠠᠬᠢ 《ᠬᠣᠶᠠᠳᠤᠭ᠋ᠠᠷ ᠳᠡᠰ᠎ᠠᠴᠠ ᠳᠡᠭᠡᠭᠰᠢᠬᠢ ᠶᠡᠷᠦᠩᠬᠡᠶ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠲᠠᠢ ᠪᠠᠷᠢᠯᠭ᠎ᠠ᠎ᠶ᠋ᠢᠨ ᠠᠵᠤ ᠠᠬᠤᠶ᠋ᠢᠯᠠᠯ᠎ᠤᠳ ᠠᠳᠠᠯᠢ ᠵᠡᠷᠭᠡ ᠲᠡᠰ᠎ᠤᠨ ᠠᠳᠠᠯᠢᠪᠲᠤᠷ ᠲᠦᠷᠦᠯ ᠢᠯᠭ᠋ᠠᠯ᠎ᠤᠨ ᠲᠤᠰᠬᠠᠶ ᠮᠡᠷᠭᠡᠵᠢᠯ᠎ᠤᠨ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠢ ᠰᠢᠭᠤᠳ ᠭᠤᠶᠤᠴᠢᠯᠠᠵᠤ ᠪᠣᠯᠤᠨ᠎ᠠ (ᠣᠷᠣᠨ ᠰᠠᠭᠤᠴᠠ ᠪᠠ ᠬᠤᠳᠠ ᠬᠥᠳᠡᠭᠡ᠎ᠶ᠋ᠢᠨ ᠪᠦᠳᠦᠭᠡᠨ ᠪᠠᠶ᠋ᠢᠭᠤᠯᠤᠯᠲᠠ᠎ᠶ᠋ᠢᠨ ᠶᠠᠮᠤᠨ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠴᠢᠬᠤᠯᠠᠲᠠᠶ᠎ᠠᠴᠠ ᠪᠤᠰᠤᠳ)》 ᠭᠡᠳᠡᠭᠲᠠᠬᠢ 《ᠬᠣᠶᠠᠳᠤᠭ᠋ᠠᠷ ᠳᠡᠰ᠎ᠠᠴᠠ ᠳᠡᠭᠡᠭᠰᠢᠬᠢ ᠶᠡᠷᠦᠩᠬᠡᠶ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠲᠠᠢ ᠪᠠᠷᠢᠯᠭ᠎ᠠ᠎ᠶ᠋ᠢᠨ ᠠᠵᠤ ᠠᠬᠤᠶ᠋ᠢᠯᠠᠯ᠎ᠤᠳ ᠬᠠᠮᠤᠭ᠎ᠤᠨ ᠳᠣᠣᠷ᠎ᠠ ᠲᠡᠰ᠎ᠤᠨ ᠠᠳᠠᠯᠢᠪᠲᠤᠷ ᠲᠦᠷᠦᠯ ᠢᠯᠭ᠋ᠠᠯ᠎ᠤᠨ ᠲᠤᠰᠬᠠᠶ ᠮᠡᠷᠭᠡᠵᠢᠯ᠎ᠤᠨ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠢ ᠰᠢᠭᠤᠳ ᠭᠤᠶᠤᠴᠢᠯᠠᠵᠤ ᠪᠣᠯᠤᠨ᠎ᠠ (ᠣᠷᠣᠨ ᠰᠠᠭᠤᠴᠠ ᠪᠠ ᠬᠤᠳᠠ ᠬᠥᠳᠡᠭᠡ᠎ᠶ᠋ᠢᠨ ᠪᠦᠳᠦᠭᠡᠨ ᠪᠠᠶ᠋ᠢᠭᠤᠯᠤᠯᠲᠠ᠎ᠶ᠋ᠢᠨ ᠶᠠᠮᠤᠨ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠴᠢᠬᠤᠯᠠᠲᠠᠶ᠎ᠠᠴᠠ ᠪᠤᠰᠤᠳ)》 ᠭᠡᠵᠦ ᠵᠠᠰᠠᠪᠤᠷᠢ ᠣᠷᠣᠭᠤᠯᠪᠠ᠃
(ᠳᠥᠷᠪᠡ) 《ᠭᠤᠷᠪᠠ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ》᠎ᠶ᠋ᠢᠨ ᠬᠡᠰᠡᠭ᠎ᠲᠠᠬᠢ 《(ᠬᠣᠷᠢᠨ ᠳᠥᠷᠪᠡ) ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ᠎ᠶ᠋ᠢ ᠴᠢᠩᠭ᠋ᠠᠳᠬᠠᠨ᠎ᠠ》 ᠳᠤᠮᠳᠠᠬᠢ 《ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠢ᠍ᠯ ᠪᠠ ᠭᠣᠤᠯᠳᠠᠯᠭ᠎ᠠ ᠪᠣᠯᠬᠤ ᠢᠨᠵᠧᠨᠧᠷᠢᠩ᠎ᠤᠨ ᠳᠠᠭ᠋ᠠᠭ᠋ᠠᠴᠢᠯᠠᠯᠲᠠ ᠬᠦᠯᠢᠶᠡᠬᠦ᠎ᠳᠤ ᠤᠷᠢᠳᠴᠢᠯᠡᠨ ᠰᠤᠩᠭᠤᠬᠤ ᠠᠵᠤ ᠠᠬᠤᠶ᠋ᠢᠯᠠᠯ᠎ᠤᠳ᠎ᠤᠨ ᠨᠡᠷᠡᠰ᠎ᠤᠨ ᠵᠢᠭᠰᠠᠭ᠋ᠠᠯᠲᠠ᠎ᠶ᠋ᠢ ᠪᠠᠶ᠋ᠢᠭᠤᠯᠵᠤ᠂ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠭᠳᠠᠭᠰᠠᠨ ᠠᠵᠤ ᠠᠬᠤᠶ᠋ᠢᠯᠠᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠢ᠍ᠯ ᠪᠠ ᠭᠣᠤᠯᠳᠠᠯᠭ᠎ᠠ ᠪᠣᠯᠬᠤ ᠢᠨᠵᠧᠨᠧᠷᠢᠩ᠎ᠤᠨ ᠳᠠᠭ᠋ᠠᠭ᠋ᠠᠴᠢᠯᠠᠯᠲᠠ ᠬᠦᠯᠢᠶᠡᠬᠦ ᠠᠵᠢᠯᠯᠠᠭ᠎ᠠ᠎ᠳᠤ ᠤᠷᠢᠳ᠎ᠢᠶᠠᠷ ᠣᠷᠣᠯᠴᠠᠬᠤ᠎ᠶ᠋ᠢ ᠳᠡᠮᠵᠢᠨ᠎ᠡ》 ᠭᠡᠰᠡᠨ ᠥᠭᠦᠯᠡᠯᠲᠡ᠎ᠶ᠋ᠢ ᠬᠠᠰᠤᠪᠠ᠃
ᠬᠣᠶᠠᠷ᠂ ᠥᠪᠥᠷ ᠵᠠᠰᠠᠭ ᠠᠯᠪᠠᠨ ᠲᠠᠷᠬᠠᠭ᠋ᠠᠭᠰᠠᠨ 〔2022〕 58 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠳᠤ ᠵᠠᠰᠠᠪᠤᠷᠢ ᠣᠷᠣᠭᠤᠯᠤᠭᠰᠠᠨ ᠠᠭᠤᠯᠭ᠎ᠠ
(ᠨᠢᠭᠡ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶ᠋ᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠶ᠋ᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ》 (ᠳᠣᠷᠣᠭᠰᠢ 《ᠠᠷᠭ᠎ᠠ ᠬᠡᠮᠵᠢᠶ᠎ᠡ᠎ᠨᠦᠭᠦᠳ》 ᠭᠡᠵᠦ ᠲᠣᠪᠴᠢᠯᠠᠨ᠎ᠠ)᠎ᠤᠨ 《ᠨᠢᠭᠡ᠂ ᠪᠠᠷᠢᠯᠭ᠎ᠠ᠎ᠶ᠋ᠢᠨ ᠦᠢ᠍ᠯᠡᠰ᠎ᠤᠨ ᠬᠥᠭᠵᠢᠯᠲᠡ᠎ᠶ᠋ᠢᠨ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ》᠎ᠶ᠋ᠢᠨ ᠬᠡᠰᠡᠭ᠎ᠲᠠᠬᠢ 《(ᠨᠢᠭᠡ) ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠵᠥᠪᠰᠢᠶᠡᠷᠡᠬᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ》 ᠳᠤᠮᠳᠠᠬᠢ 《ᠪᠠᠷᠢᠯᠭ᠎ᠠ᠎ᠶ᠋ᠢᠨ ᠠᠵᠢᠯ᠎ᠤᠨ ᠶᠡᠷᠦᠩᠬᠡᠶ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠢ ᠨᠢᠭᠡᠨᠲᠡ ᠣᠯᠤᠭᠰᠠᠨ ᠠᠵᠤ ᠠᠬᠤᠶ᠋ᠢᠯᠠᠯ᠎ᠤᠳ ᠥᠪᠡᠷᠲᠡᠭᠡᠨ ᠵᠠᠰᠠᠬᠤ ᠣᠷᠣᠨ᠎ᠤ ᠡᠷᠬᠡ ᠮᠡᠳᠡᠯ᠎ᠤᠨ ᠬᠡᠪᠴᠢᠶᠡᠨ᠎ᠳᠠᠬᠢ ᠬᠠᠷᠠᠭ᠋ᠠᠯᠵᠠᠭᠰᠠᠨ ᠶᠡᠷᠦᠩᠬᠡᠶ ᠳᠠᠭ᠋ᠠᠭ᠋ᠠᠴᠢᠯᠠᠯᠲᠠ᠎ᠳᠤ ᠪᠠᠭᠲᠠᠬᠤ ᠠᠳᠠᠯᠢ ᠵᠡᠷᠭᠡ ᠲᠠᠰ᠎ᠤᠨ ᠲᠤᠰᠬᠠᠶ ᠮᠡᠷᠭᠡᠵᠢᠯ᠎ᠤᠨ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠢ ᠰᠢᠭᠤᠳ ᠭᠤᠶᠤᠴᠢᠯᠠᠵᠤ ᠪᠣᠯᠤᠨ᠎ᠠ》 ᠭᠡᠳᠡᠭ᠎ᠲᠤ 《ᠪᠠᠷᠢᠯᠭ᠎ᠠ᠎ᠶ᠋ᠢᠨ ᠠᠵᠢᠯ᠎ᠤᠨ ᠶᠡᠷᠦᠩᠬᠡᠶ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠢ ᠨᠢᠭᠡᠨᠲᠡ ᠣᠯᠤᠭᠰᠠᠨ ᠠᠵᠤ ᠠᠬᠤᠶ᠋ᠢᠯᠠᠯ᠎ᠤᠳ ᠥᠪᠡᠷᠲᠡᠭᠡᠨ ᠵᠠᠰᠠᠬᠤ ᠣᠷᠣᠨ᠎ᠤ ᠡᠷᠬᠡ ᠮᠡᠳᠡᠯ᠎ᠤᠨ ᠬᠡᠪᠴᠢᠶᠡᠨ᠎ᠳᠠᠬᠢ ᠬᠠᠷᠠᠭ᠋ᠠᠯᠵᠠᠭᠰᠠᠨ ᠶᠡᠷᠦᠩᠬᠡᠶ ᠳᠠᠭ᠋ᠠᠭ᠋ᠠᠴᠢᠯᠠᠯᠲᠠ᠎ᠳᠤ ᠪᠠᠭᠲᠠᠬᠤ ᠬᠠᠮᠤᠭ᠎ᠤᠨ ᠳᠣᠤᠷ᠎ᠠ ᠲᠠᠰ᠎ᠤᠨ ᠲᠤᠰᠬᠠᠶ ᠮᠡᠷᠭᠡᠵᠢᠯ᠎ᠤᠨ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠢ ᠰᠢᠭᠤᠳ ᠭᠤᠶᠤᠴᠢᠯᠠᠵᠤ ᠪᠣᠯᠤᠨ᠎ᠠ》 ᠭᠡᠵᠦ ᠵᠠᠰᠠᠪᠤᠷᠢ ᠣᠷᠣᠭᠤᠯᠪᠠ᠃
(ᠬᠣᠶᠠᠷ) 《ᠠᠷᠭ᠎ᠠ ᠬᠡᠮᠵᠢᠶ᠎ᠡ᠎ᠨᠦᠭᠦᠳ》᠎ᠤᠨ 《ᠨᠢᠭᠡ᠂ ᠪᠠᠷᠢᠯᠭ᠎ᠠ᠎ᠶ᠋ᠢᠨ ᠦᠢ᠍ᠯᠡᠰ᠎ᠤᠨ ᠬᠥᠭᠵᠢᠯᠲᠡ᠎ᠶ᠋ᠢᠨ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ》᠎ᠶ᠋ᠢᠨ ᠬᠡᠰᠡᠭ᠎ᠲᠠᠬᠢ 《(ᠭᠤᠷᠪᠠ) ᠢᠨᠵᠧᠨᠧᠷᠢᠩ᠎ᠤᠨ ᠪᠥᠳᠥᠭᠡᠨ ᠪᠠᠶ᠋ᠢᠭᠤᠯᠤᠯᠲᠠ᠎ᠶ᠋ᠢᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠠᠵᠢᠯᠯᠠᠭ᠎ᠠ᠎ᠶ᠋ᠢ ᠵᠢᠷᠤᠮᠵᠢᠭᠤᠯᠤᠨ᠎ᠠ》 ᠳᠤᠮᠳᠠᠬᠢ 《ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠨᠢ ᠣᠷᠣᠨ᠎ᠤ ᠭᠠᠳᠠᠨᠠᠬᠢ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠯᠤᠭ᠎ᠠ ᠬᠣᠯᠪᠣᠭ᠋ᠠᠲᠤ ᠴᠣᠭᠴᠠ᠎ᠶ᠋ᠢᠨ ᠬᠡᠯᠪᠡᠷᠢ᠎ᠪᠠᠷ ᠴᠢᠬᠤᠯᠠ ᠶᠡᠬᠡ ᠰᠠᠭᠤᠷᠢ ᠪᠡᠯᠡᠳᠬᠡᠮᠵᠢ᠎ᠶ᠋ᠢᠨ ᠪᠥᠳᠥᠭᠡᠨ ᠪᠠᠶ᠋ᠢᠭᠤᠯᠤᠯᠲᠠ᠎ᠶ᠋ᠢᠨ ᠳᠠᠭ᠋ᠠᠭ᠋ᠠᠴᠢᠯᠠᠯᠲᠠ ᠬᠦᠯᠢᠶᠡᠬᠦ᠎ᠳᠤ ᠣᠷᠣᠯᠴᠠᠭᠰᠠᠨ ᠪᠠᠢᠪᠠᠯ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ᠎ᠳᠤ ᠬᠤᠪᠢ ᠨᠡᠮᠡᠬᠦ ᠵᠦᠢ᠍ᠯ ᠲᠤᠬᠢᠷᠠᠭᠤᠯᠵᠦ ᠪᠤᠯᠤᠨ᠎ᠠ᠂ ᠬᠣᠯᠪᠣᠭ᠋ᠠᠲᠤ ᠴᠣᠭᠴᠠ᠎ᠶ᠋ᠢᠨ ᠠᠵᠢᠯ᠎ᠤᠨ ᠠᠮᠵᠢᠯᠲᠠ ᠪᠦᠲᠦᠮᠵᠢ᠎ᠶ᠋ᠢ ᠬᠣᠶ᠋ᠢᠰᠢᠳᠠ᠎ᠶ᠋ᠢᠨ ᠡᠯ᠎ᠡ ᠲᠠᠯ᠎ᠠ᠎ᠶ᠋ᠢᠨ᠎ᠬᠢᠨ᠎ᠤ ᠠᠵᠢᠯ᠎ᠤᠨ ᠠᠮᠵᠢᠯᠲᠠ ᠪᠦᠲᠦᠮᠵᠢ᠎ᠪᠠᠷ ᠮᠡᠳᠡᠷᠡᠨ ᠵᠦᠪᠰᠢᠶᠡᠷᠡᠨ᠎ᠡ》 ᠭᠡᠳᠡᠭ᠎ᠲᠤ 《ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠨᠢ ᠣᠷᠣᠨ᠎ᠤ ᠭᠠᠳᠠᠨᠠᠬᠢ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠯᠤᠭ᠎ᠠ ᠬᠣᠯᠪᠣᠭ᠋ᠠᠲᠤ ᠴᠣᠭᠴᠠ᠎ᠶ᠋ᠢᠨ ᠬᠡᠯᠪᠡᠷᠢ᠎ᠪᠠᠷ ᠴᠢᠬᠤᠯᠠ ᠶᠡᠬᠡ ᠰᠠᠭᠤᠷᠢ ᠪᠡᠯᠡᠳᠬᠡᠮᠵᠢ᠎ᠶ᠋ᠢᠨ ᠪᠦᠳᠦᠭᠡᠨ ᠪᠠᠶ᠋ᠢᠭᠤᠯᠤᠯᠲᠠ᠎ᠶ᠋ᠢᠨ ᠳᠠᠭ᠋ᠠᠭ᠋ᠠᠴᠢᠯᠠᠯᠲᠠ ᠬᠦᠯᠢᠶᠡᠬᠦ᠎ᠳᠤ ᠣᠷᠣᠯᠴᠠᠬᠤ᠎ᠶ᠋ᠢ ᠵᠣᠷᠢᠭᠵᠢᠭᠤᠯᠵᠤ᠂ ᠬᠣᠯᠪᠣᠭ᠋ᠠᠲᠤ ᠴᠣᠭᠴᠠ᠎ᠶ᠋ᠢᠨ ᠠᠮᠵᠢᠯᠲᠠ ᠪᠦᠲᠦᠮᠵᠢ᠎ᠶ᠋ᠢ ᠬᠣᠶ᠋ᠢᠰᠢᠳᠠ᠎ᠶ᠋ᠢᠨ ᠡᠯ᠎ᠡ ᠲᠠᠯ᠎ᠠ᠎ᠶ᠋ᠢᠨ᠎ᠬᠢᠨ᠎ᠤ ᠠᠵᠢᠯ᠎ᠤᠨ ᠠᠮᠵᠢᠯᠲᠠ ᠪᠦᠲᠦᠮᠵᠢ᠎ᠪᠠᠷ ᠮᠡᠳᠡᠷᠡᠨ ᠵᠥᠪᠰᠢᠶᠡᠷᠡᠨ᠎ᠡ》 ᠭᠡᠵᠦ ᠵᠠᠰᠠᠪᠠ᠃
(ᠭᠤᠷᠪᠠ) 《ᠠᠷᠭ᠎ᠠ ᠬᠡᠮᠵᠢᠶ᠎ᠡ᠎ᠨᠦᠭᠦᠳ》᠎ᠤᠨ 《ᠬᠣᠶᠠᠷ᠂ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ》᠎ᠶ᠋ᠢᠨ ᠬᠡᠰᠡᠭ᠎ᠲᠠᠬᠢ 《(ᠨᠠᠢ᠍ᠮᠠ) ᠬᠥᠲᠥᠴᠢ ᠠᠵᠤ ᠠᠬᠤᠶ᠋ᠢᠯᠠᠯ᠎ᠤᠨ ᠬᠥᠭᠵᠢᠨ ᠪᠤᠵᠠᠭᠠᠢᠷᠠᠬᠤ᠎ᠶ᠋ᠢ ᠳᠡᠮᠵᠢᠨ᠎ᠡ》 ᠳᠤᠮᠳᠠᠬᠢ 《ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠥᠲᠥᠴᠢ ᠠᠵᠤ ᠠᠬᠤᠶ᠋ᠢᠯᠠᠯ᠎ᠨᠢ ᠳᠤᠮᠳᠠ ᠵᠢᠵᠢᠭ ᠪᠢᠴᠢᠯ᠂ ᠠᠷᠠᠳ ᠠᠴᠠ ᠡᠵᠡᠩᠨᠡᠭᠰᠡᠨ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠯᠤᠭ᠎ᠠ ᠬᠣᠯᠪᠣᠭ᠋ᠠᠲᠤ ᠴᠣᠭᠴᠠ ᠪᠦᠷᠢᠯᠳᠦᠬᠦᠯᠦᠨ ᠳᠠᠭ᠋ᠠᠭ᠋ᠠᠴᠢᠯᠠᠯᠲᠠ ᠬᠦᠯᠢᠶᠡᠭᠰᠡᠨ ᠪᠠᠶ᠋ᠢᠪᠠᠯ᠂ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠤ ᠬᠤᠪᠢ ᠨᠡᠮᠡᠬᠦ ᠵᠦᠢ᠍ᠯ ᠲᠤᠬᠢᠷᠠᠭᠤᠯᠵᠦ ᠪᠤᠯᠤᠨ᠎ᠠ᠂ ᠬᠣᠯᠪᠣᠭ᠋ᠠᠲᠤ ᠴᠣᠭᠴᠠ᠎ᠶ᠋ᠢᠨ ᠠᠵᠢᠯ᠎ᠤᠨ ᠠᠮᠵᠢᠯᠲᠠ ᠪᠦᠲᠦᠮᠵᠢ᠎ᠶ᠋ᠢ ᠬᠣᠶ᠋ᠢᠰᠢᠳᠠ᠎ᠶ᠋ᠢᠨ ᠡᠯ᠎ᠡ ᠲᠠᠯ᠎ᠠ᠎ᠶ᠋ᠢᠨ᠎ᠬᠢᠨ᠎ᠤ ᠠᠵᠢᠯ᠎ᠤᠨ ᠠᠮᠵᠢᠯᠲᠠ ᠪᠦᠲᠦᠮᠵᠢ᠎ᠪᠠᠷ ᠮᠡᠳᠡᠷᠡᠨ ᠵᠥᠪᠰᠢᠶᠡᠷᠡᠨ᠎ᠡ᠃ ᠬᠥᠲᠥᠴᠢ ᠠᠵᠤ ᠠᠬᠤᠶ᠋ᠢᠯᠠᠯ᠎ᠤᠳ ᠰᠤᠳᠤᠯᠤᠨ ᠨᠡᠭᠡᠭᠡᠬᠦ᠎ᠳᠤ ᠬᠡᠷᠡᠭᠯᠡᠬᠦ ᠭᠠᠵᠠᠷ ᠪᠠ ᠳᠠᠩᠰᠠᠯᠠᠭᠤᠯᠤᠭᠰᠠᠨ ᠭᠠᠵᠠᠷ᠎ᠤᠨ᠎ᠢᠶᠠᠨ ᠠᠵᠤ ᠦᠢ᠍ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠲᠤ ᠶᠡᠷᠦᠩᠬᠡᠶ ᠬᠡᠯᠲᠡᠰ᠎ᠤᠨ ᠰᠠᠭᠤᠷᠢᠨ ᠭᠠᠵᠠᠷ ᠪᠠᠶ᠋ᠢᠭᠤᠯᠬᠤ᠎ᠪᠠᠷ ᠭᠤᠶᠤᠴᠢᠯᠠᠭᠰᠠᠨ ᠪᠠᠢᠪᠠᠯ᠂ ᠠᠵᠤ ᠦᠢ᠍ᠯᠡᠳᠪᠦᠷᠢ᠎ᠶ᠋ᠢᠨ ᠠᠵᠤ ᠠᠬᠤᠶ᠋ᠢᠯᠠᠯ᠎ᠳᠤ ᠭᠠᠵᠠᠷ ᠬᠠᠩᠭ᠋ᠠᠬᠤ ᠬᠠᠷᠠᠭ᠋ᠠᠯᠵᠠᠯ᠎ᠤᠨ ᠲᠥᠷᠥ᠎ᠶ᠋ᠢᠨ ᠪᠣᠳᠣᠯᠭ᠎ᠠ᠎ᠪᠠᠷ ᠯᠠᠪᠯᠠᠯᠲᠠ ᠪᠣᠯᠭ᠋ᠠᠨ ᠨᠢᠭᠡᠳᠦᠯᠲᠡᠶ ᠲᠥᠯᠥᠪᠯᠡᠨ ᠳᠣᠭᠢᠷᠠᠭᠤᠯᠵᠤ ᠪᠣᠯᠤᠨ᠎ᠠ》 ᠭᠡᠳᠡᠭ᠎ᠲᠤ 《ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠥᠲᠥᠴᠢ ᠠᠵᠤ ᠠᠬᠤᠶ᠋ᠢᠯᠠᠯ᠎ᠨᠢ ᠳᠤᠮᠳᠠ ᠵᠢᠵᠢᠭ ᠪᠢᠴᠢᠯ᠂ ᠠᠷᠠᠳ ᠠᠴᠠ ᠡᠵᠡᠩᠨᠡᠭᠰᠡᠨ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠯᠤᠭ᠎ᠠ ᠬᠣᠯᠪᠣᠭ᠋ᠠᠲᠤ ᠴᠣᠭᠴᠠ ᠪᠦᠷᠢᠯᠳᠦᠬᠦᠯᠦᠨ ᠳᠠᠭ᠋ᠠᠭ᠋ᠠᠴᠢᠯᠠᠯᠲᠠ ᠬᠦᠯᠢᠶᠡᠬᠦ᠎ᠶ᠋ᠢ ᠵᠣᠷᠢᠭᠵᠢᠭᠤᠯᠵᠤ᠂ ᠬᠣᠯᠪᠣᠭ᠋ᠠᠲᠤ ᠴᠣᠭᠴᠠ᠎ᠶ᠋ᠢᠨ ᠠᠵᠢᠯ᠎ᠤᠨ ᠠᠮᠵᠢᠯᠲᠠ ᠪᠦᠲᠦᠮᠵᠢ᠎ᠶ᠋ᠢ ᠬᠣᠶ᠋ᠢᠰᠢᠳᠠ᠎ᠶ᠋ᠢᠨ ᠡᠯ᠎ᠡ ᠲᠠᠯ᠎ᠠ᠎ᠶ᠋ᠢᠨ᠎ᠬᠢᠨ᠎ᠤ ᠠᠵᠢᠯ᠎ᠤᠨ ᠠᠮᠵᠢᠯᠲᠠ ᠪᠦᠲᠦᠮᠵᠢ᠎ᠪᠠᠷ ᠮᠡᠳᠡᠷᠡᠨ ᠵᠥᠪᠰᠢᠶᠡᠷᠡᠨ᠎ᠡ᠃ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠤᠳ ᠰᠤᠳᠤᠯᠤᠨ ᠨᠡᠭᠡᠭᠡᠬᠦ᠎ᠳᠤ ᠬᠡᠷᠡᠭᠯᠡᠬᠦ ᠭᠠᠵᠠᠷ ᠪᠠ ᠳᠠᠩᠰᠠᠯᠠᠭᠤᠯᠤᠭᠰᠠᠨ ᠭᠠᠵᠠᠷ᠎ᠤᠨ᠎ᠢᠶᠠᠨ ᠠᠵᠤ ᠦᠢ᠍ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠲᠤ ᠶᠡᠷᠦᠩᠬᠡᠶ ᠬᠡᠯᠲᠡᠰ᠎ᠤᠨ ᠰᠠᠭᠤᠷᠢᠨ ᠭᠠᠵᠠᠷ ᠪᠠᠶ᠋ᠢᠭᠤᠯᠬᠤ᠎ᠪᠠᠷ ᠭᠤᠶᠤᠴᠢᠯᠠᠭᠰᠠᠨ ᠪᠠᠢᠪᠠᠯ᠂ ᠠᠵᠤ ᠦᠢ᠍ᠯᠡᠳᠪᠦᠷᠢ᠎ᠶ᠋ᠢᠨ ᠠᠵᠤ ᠠᠬᠤᠶ᠋ᠢᠯᠠᠯ᠎ᠳᠤ ᠭᠠᠵᠠᠷ ᠬᠠᠩᠭ᠋ᠠᠬᠤ ᠬᠠᠷᠠᠭ᠋ᠠᠯᠵᠠᠯ᠎ᠤᠨ ᠲᠦᠷᠦ᠎ᠶ᠋ᠢᠨ ᠪᠤᠳᠤᠯᠭ᠎ᠠ᠎ᠪᠠᠷ ᠯᠠᠪᠯᠠᠯᠲᠠ ᠪᠣᠯᠭ᠋ᠠᠨ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠪᠣᠯᠤᠨ᠎ᠠ》 ᠭᠡᠵᠦ ᠵᠠᠰᠠᠪᠤᠷᠢ ᠣᠷᠣᠭᠤᠯᠪᠠ᠃
(ᠲᠦᠷᠪᠡ) 《ᠠᠷᠭ᠎ᠠ ᠬᠡᠮᠵᠢᠶ᠎ᠡ᠎ᠨᠦᠭᠦᠳ》᠎ᠤᠨ 《ᠬᠣᠶᠠᠷ᠂ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ》᠎ᠶ᠋ᠢᠨ ᠬᠡᠰᠡᠭ᠎ᠲᠠᠬᠢ 《(ᠶᠢᠰᠦ) ᠪᠠᠷᠢᠯᠭ᠎ᠠ᠎ᠶ᠋ᠢᠨ ᠦᠢ᠍ᠯᠡᠰ᠎ᠤᠨ ᠰᠢᠯᠢᠳᠡᠭ ᠠᠵᠤ ᠠᠬᠤᠶ᠋ᠢᠯᠠᠯ᠎ᠢ ᠢᠳᠡᠪᠬᠢᠲᠡᠶ᠎ᠪᠠᠷ ᠣᠷᠣᠭᠤᠯᠤᠨ ᠠᠪᠴᠢᠷᠠᠨ᠎ᠠ》 ᠳᠤᠮᠳᠠᠬᠢ 《ᠨᠢᠭᠡ ᠪᠦᠯᠦᠭ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠢᠶᠠᠷ ᠴᠢᠩᠭ᠎ᠠ᠂ ᠨᠠᠷᠠᠲᠤ ᠲᠡᠮᠳᠡᠭ᠎ᠤᠨ ᠠᠯᠳᠠᠷᠰᠢᠯ᠎ᠢᠶᠠᠷ ᠥᠨᠳᠥᠷ᠂ ᠨᠡᠶ᠋ᠢᠭᠡᠮ᠎ᠤᠨ ᠢᠲᠡᠭᠡᠮᠵᠢ᠎ᠪᠠᠷ ᠰᠠᠶ᠋ᠢᠨ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠶᠡᠷᠦᠩᠬᠡᠶ ᠬᠡᠯᠲᠡᠰ᠂ ᠣᠷᠣᠨ ᠪᠦᠰᠡ᠎ᠶ᠋ᠢᠨ ᠶᠡᠷᠦᠩᠬᠡᠶ ᠬᠡᠯᠲᠡᠰ ᠪᠤᠶᠤ ᠬᠤᠪᠢᠶᠠᠷᠢ ᠪᠠᠶ᠋ᠢᠭᠤᠯᠤᠮᠵᠢ᠎ᠶ᠋ᠢ ᠣᠷᠣᠭᠤᠯᠤᠨ ᠠᠪᠴᠢᠷᠠᠵᠤ ᠥᠪᠡᠷᠲᠡᠭᠡᠨ ᠵᠠᠰᠠᠬᠤ ᠣᠷᠣᠨ᠎ᠳᠤ ᠨᠤᠲᠤᠭᠰᠢᠭᠤᠯᠤᠨ᠎ᠠ》 ᠭᠡᠳᠡᠭ᠎ᠲᠤ 《ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠶᠡᠷᠦᠩᠬᠡᠶ ᠬᠡᠯᠲᠡᠰ᠂ ᠣᠷᠣᠨ ᠪᠦᠰᠡ᠎ᠶ᠋ᠢᠨ ᠶᠡᠷᠦᠩᠬᠡᠶ ᠬᠡᠯᠲᠡᠰ ᠪᠤᠶᠤ ᠬᠤᠪᠢᠶᠠᠷᠢ ᠪᠠᠶ᠋ᠢᠭᠤᠯᠤᠮᠵᠢ᠎ᠶ᠋ᠢ ᠥᠪᠡᠷᠲᠡᠭᠡᠨ ᠵᠠᠰᠠᠬᠤ ᠣᠷᠣᠨ᠎ᠳᠤ ᠨᠤᠲᠤᠭᠰᠢᠭᠤᠯᠤᠨ᠎ᠠ》 ᠭᠡᠵᠦ ᠵᠠᠰᠠᠪᠤᠷᠢ ᠣᠷᠣᠭᠤᠯᠪᠠ; 《ᠣᠷᠣᠨ᠎ᠤ ᠭᠠᠳᠠᠨᠠᠬᠢ ᠶᠡᠷᠦᠩᠬᠡᠶ᠋ᠢᠯᠡᠭᠰᠡᠨ (ᠣᠨᠴᠠ ᠲᠠᠰ) ᠬᠢᠷᠢ ᠬᠡᠮ᠎ᠲᠠᠢ ᠪᠤᠶᠤ ᠪᠠᠷᠢᠯᠭ᠎ᠠ᠎ᠶ᠋ᠢᠨ ᠠᠵᠢᠯ᠎ᠤᠨ ᠨᠢᠭᠡᠳᠦᠭᠡᠷ ᠳᠡᠰ᠎ᠤᠨ ᠶᠡᠷᠦᠩᠬᠡᠶ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠲᠠᠢ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠭᠰᠠᠨ ᠪᠠᠶ᠋ᠢᠪᠠᠯ᠂ ᠡᠯ᠎ᠡ ᠭᠠᠵᠠᠷ ᠣᠷᠣᠨ ᠪᠣᠳᠠᠲᠠᠶ᠎ᠲᠠᠢ᠎ᠪᠠᠨ ᠤᠶᠠᠯᠳᠤᠭᠤᠯᠤᠨ ᠱᠠᠩᠨᠠᠬᠤ ᠪᠤᠶᠤ ᠨᠥᠬᠥᠪᠦᠷᠢ ᠣᠯᠭᠣᠨ᠎ᠠ》 ᠭᠡᠰᠡᠨ ᠥᠭᠦᠯᠡᠯᠲᠡ᠎ᠶ᠋ᠢ ᠬᠠᠰᠤᠪᠠ᠃
(ᠲᠠᠪᠤ) 《ᠠᠷᠭ᠎ᠠ ᠬᠡᠮᠵᠢᠶ᠎ᠡ᠎ᠨᠦᠭᠦᠳ》᠎ᠤᠨ 《ᠬᠣᠶᠠᠷ᠂ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ》᠎ᠶ᠋ᠢᠨ ᠬᠡᠰᠡᠭ᠎ᠲᠠᠬᠢ 《(ᠠᠷᠪᠠ) ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠭᠠᠳᠠᠭᠰᠢ ᠭᠠᠷᠬᠤ᠎ᠶ᠋ᠢ ᠵᠣᠷᠢᠭᠵᠢᠭᠤᠯᠤᠨ᠎ᠠ》 ᠳᠤᠮᠳᠠᠬᠢ 《ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠎ᠳᠤ ᠬᠤᠪᠢ ᠨᠡᠮᠡᠵᠦ ᠪᠣᠯᠤᠨ᠎ᠠ》 ᠭᠡᠰᠡᠨ ᠥᠭᠦᠯᠡᠯᠲᠡ᠎ᠶ᠋ᠢ ᠬᠠᠰᠤᠪᠠ᠃
(ᠵᠢᠷᠭᠤᠭ᠎ᠠ) 《ᠠᠷᠭ᠎ᠠ ᠬᠡᠮᠵᠢᠶ᠎ᠡ᠎ᠨᠦᠭᠦᠳ》᠎ᠤᠨ 《ᠳᠥᠷᠪᠡ᠂ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠲᠥᠷᠥ᠎ᠶ᠋ᠢᠨ ᠪᠣᠳᠣᠯᠭ᠎ᠠ᠎ᠶ᠋ᠢ ᠪᠤᠲᠠᠲᠠᠢᠵᠢᠭᠤᠯᠤᠨ ᠨᠠᠢᠳᠠᠪᠤᠷᠢᠵᠢᠭᠤᠯᠤᠨ᠎ᠠ》᠎ᠶ᠋ᠢᠨ ᠬᠡᠰᠡᠭ᠎ᠲᠠᠬᠢ 《(ᠠᠷᠪᠠᠨ ᠲᠠᠪᠤ) ᠰᠠᠯᠠᠭ᠎ᠠ ᠮᠥᠴᠢᠷ᠎ᠤᠨ ᠬᠠᠮᠵᠢᠯᠴᠠᠭ᠋ᠠᠨ᠎ᠤ ᠲᠣᠭᠲᠠᠴᠠ᠎ᠶ᠋ᠢ ᠪᠠᠢᠭᠤᠯᠤᠨ᠎ᠠ》 ᠳᠤᠮᠳᠠᠬᠢ 《ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠣᠨ᠎ᠤ ᠡᠵᠡᠩᠨᠡᠯᠲᠡ᠎ᠶ᠋ᠢᠨ ᠣᠷᠣᠯᠭ᠎ᠠ᠂ ᠭᠠᠶ᠋ᠢᠯᠢ ᠲᠤᠰᠢᠶᠠᠭᠰᠠᠨ ᠬᠤᠪᠢ ᠨᠡᠮᠡᠷᠢ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠲᠦᠭᠰᠢᠭᠦᠷᠢ᠎ᠠᠴᠠ ᠠᠪᠤᠷᠬᠠᠤ ᠵᠡᠷᠭᠡ ᠤᠷᠮᠠᠰᠢᠭᠤᠯᠤᠯ᠎ᠤᠨ ᠲᠣᠭᠲᠠᠴᠠ᠎ᠶ᠋ᠢ ᠪᠠᠢᠭᠤᠯᠤᠨ᠎ᠠ》 ᠭᠡᠳᠡᠭ᠎ᠲᠤ 《ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠣᠨ᠎ᠤ ᠡᠵᠡᠩᠨᠡᠯᠲᠡ᠎ᠶ᠋ᠢᠨ ᠣᠷᠣᠯᠭ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠲᠦᠭᠰᠢᠭᠦᠷᠢ᠎ᠠᠴᠠ ᠠᠪᠤᠷᠠᠬᠤ ᠵᠡᠷᠭᠡ ᠤᠷᠮᠠᠰᠢᠭᠤᠯᠤᠯ᠎ᠤᠨ ᠲᠣᠭᠲᠠᠴᠠ᠎ᠶ᠋ᠢ ᠬᠠᠤᠯᠢ ᠲᠣᠭᠲᠠᠭ᠋ᠠᠯ ᠶᠣᠰᠣᠭ᠋ᠠᠷ ᠪᠠᠶ᠋ᠢᠭᠤᠯᠤᠨ᠎ᠠ》 ᠭᠡᠵᠦ ᠵᠠᠰᠠᠪᠤᠷᠢ ᠣᠷᠣᠭᠤᠯᠪᠠ᠃
ᠭᠤᠷᠪᠠ᠂ ᠥᠪᠥᠷ ᠵᠠᠰᠠᠭ ᠠᠯᠪᠠᠨ ᠲᠠᠷᠬᠠᠭ᠋ᠠᠭᠰᠠᠨ 〔2023〕 52 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠳᠤ ᠵᠠᠰᠠᠪᠤᠷᠢ ᠣᠷᠣᠭᠤᠯᠤᠭᠰᠠᠨ ᠠᠭᠤᠯᠭ᠎ᠠ
(ᠨᠢᠭᠡ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶ᠋ᠢᠨ ᠦᠢ᠍ᠯᠡᠰ᠎ᠢ ᠳᠠᠬᠢᠨ᠎ᠢᠶᠠᠷ ᠨᠡᠮᠡᠭᠳᠡᠭᠦᠯᠬᠦ ᠠᠵᠢᠯᠯᠠᠭ᠋ᠠᠨ᠎ᠤ ᠲᠥᠯᠥᠪᠯᠡᠭᠡ (2023 – 2025 ᠣᠨ)》 (ᠳᠣᠷᠣᠭᠰᠢ 《ᠠᠵᠢᠯᠯᠠᠭ᠋ᠠᠨ᠎ᠤ ᠲᠥᠯᠥᠪᠯᠡᠭᠡ》 ᠭᠡᠵᠦ ᠳᠥᠭᠥᠮᠴᠢᠯᠡᠨ᠎ᠡ)᠎ᠶ᠋ᠢᠨ 《ᠭᠤᠷᠪᠠ᠂ ᠠᠵᠢᠯ᠎ᠤᠨ ᠠᠷᠭ᠎ᠠ ᠬᠡᠮᠵᠢᠶ᠎ᠡ》᠎ᠶ᠋ᠢᠨ ᠬᠡᠰᠡᠭ᠎ᠲᠠᠬᠢ 《(ᠨᠢᠭᠡ) ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠵᠡᠷᠭᠡ ᠳᠡᠰ᠎ᠢᠶᠡᠨ ᠳᠡᠭᠡᠭ᠌ᠰᠢᠯᠡᠭᠦᠯᠬᠦ᠌᠎ᠶ᠋ᠢ ᠳᠡᠮᠵᠢᠨ᠎ᠡ》 ᠳᠤᠮᠳᠠᠬᠢ 《ᠪᠠᠷᠢᠯᠭ᠎ᠠ᠎ᠶ᠋ᠢᠨ ᠠᠵᠢᠯ᠎ᠤᠨ ᠶᠡᠷᠦᠩᠬᠡᠶ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠢ ᠨᠢᠭᠡᠨᠲᠡ ᠣᠯᠤᠭᠰᠠᠨ ᠠᠵᠤ ᠠᠬᠤᠶ᠋ᠢᠯᠠᠯ᠎ᠤᠳ ᠥᠪᠡᠷᠲᠡᠭᠡᠨ ᠵᠠᠰᠠᠬᠤ ᠣᠷᠣᠨ᠎ᠤ ᠡᠷᠬᠡ ᠮᠡᠳᠡᠯ᠎ᠤᠨ ᠬᠡᠪᠴᠢᠶᠡᠨ᠎ᠳᠠᠬᠢ ᠬᠠᠷᠠᠭ᠋ᠠᠯᠵᠠᠭᠰᠠᠨ ᠶᠡᠷᠦᠩᠬᠡᠶ ᠳᠠᠭ᠋ᠠᠭ᠋ᠠᠴᠢᠯᠠᠯᠲᠠ᠎ᠶ᠋ᠢᠨ ᠬᠠᠮᠤᠷᠤᠭᠰᠠᠨ ᠠᠳᠠᠯᠢ ᠵᠡᠷᠭᠡ ᠲᠠᠰ᠎ᠤᠨ ᠲᠤᠰᠬᠠᠶ ᠮᠡᠷᠭᠡᠵᠢᠯ᠎ᠤᠨ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠢ ᠰᠢᠭᠤᠳ ᠭᠤᠶᠤᠴᠢᠯᠠᠵᠤ ᠪᠣᠯᠤᠨ᠎ᠠ》 ᠭᠡᠳᠡᠭ᠎ᠲᠤ 《ᠪᠠᠷᠢᠯᠭ᠎ᠠ᠎ᠶ᠋ᠢᠨ ᠠᠵᠢᠯ᠎ᠤᠨ ᠶᠡᠷᠦᠩᠬᠡᠶ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠢ ᠨᠢᠭᠡᠨᠲᠡ ᠣᠯᠤᠭᠰᠠᠨ ᠠᠵᠤ ᠠᠬᠤᠶ᠋ᠢᠯᠠᠯ᠎ᠤᠳ ᠥᠪᠡᠷᠲᠡᠭᠡᠨ ᠵᠠᠰᠠᠬᠤ ᠣᠷᠣᠨ᠎ᠤ ᠡᠷᠬᠡ ᠮᠡᠳᠡᠯ᠎ᠤᠨ ᠬᠡᠪᠴᠢᠶᠡᠨ᠎ᠳᠠᠬᠢ ᠬᠠᠷᠠᠭ᠋ᠠᠯᠵᠠᠭᠰᠠᠨ ᠶᠡᠷᠦᠩᠬᠡᠶ ᠳᠠᠭ᠋ᠠᠭ᠋ᠠᠴᠢᠯᠠᠯᠲᠠ᠎ᠶ᠋ᠢᠨ ᠬᠠᠮᠤᠷᠤᠭᠰᠠᠨ ᠬᠠᠮᠤᠭ᠎ᠤᠨ ᠳᠣᠤᠷ᠎ᠠ ᠲᠠᠰ᠎ᠤᠨ ᠲᠤᠰᠬᠠᠶ ᠮᠡᠷᠭᠡᠵᠢᠯ᠎ᠤᠨ ᠳᠠᠭ᠋ᠠᠭ᠋ᠠᠴᠢᠯᠠᠯᠲᠠ᠎ᠶ᠋ᠢᠨ ᠬᠢᠷᠢ ᠬᠡᠮ᠎ᠢ ᠰᠢᠭᠤᠳ ᠭᠤᠶᠤᠴᠢᠯᠠᠵᠤ ᠪᠣᠯᠤᠨ᠎ᠠ》 ᠭᠡᠵᠦ ᠵᠠᠰᠠᠪᠤᠷᠢ ᠣᠷᠣᠭᠤᠯᠪᠠ; 《ᠣᠨᠴᠠ ᠲᠡᠰ᠎ᠲᠤ ᠳᠡᠪᠰᠢᠭᠰᠡᠨ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠳᠤ ᠡᠳ᠋᠎ᠤᠨ ᠵᠠᠰᠠᠭ᠎ᠤᠨ ᠱᠠᠩᠨᠠᠯ ᠣᠯᠭᠣᠨ᠎ᠠ》 ᠭᠡᠰᠡᠨ ᠦᠭᠦᠯᠡᠯᠲᠡ᠎ᠶ᠋ᠢ ᠬᠠᠰᠤᠪᠠ᠃
(ᠬᠣᠶᠠᠷ) 《ᠠᠵᠢᠯᠯᠠᠭ᠋ᠠᠨ᠎ᠤ ᠲᠥᠯᠥᠪᠯᠡᠭᠡ》᠎ᠶ᠋ᠢᠨ 《ᠭᠤᠷᠪᠠ᠂ ᠠᠵᠢᠯ᠎ᠤᠨ ᠠᠷᠭ᠎ᠠ ᠬᠡᠮᠵᠢᠶ᠎ᠡ》᠎ᠶ᠋ᠢᠨ ᠬᠡᠰᠡᠭ᠎ᠲᠠᠬᠢ 《(ᠲᠠᠪᠤ) ᠪᠠᠷᠢᠯᠭ᠎ᠠ᠎ᠶ᠋ᠢᠨ ᠦᠢ᠍ᠯᠡᠰ᠎ᠤᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠥᠭᠵᠢᠯᠲᠡ᠎ᠪᠠᠨ ᠲᠦᠷᠭᠡᠳᠭᠡᠬᠦ᠌᠎ᠶ᠋ᠢ ᠳᠡᠮᠵᠢᠨ᠎ᠡ》 ᠳᠤᠮᠳᠠᠬᠢ 《ᠢᠨᠵᠧᠨᠧᠷᠢᠩ᠎ᠤᠨ ᠶᠡᠷᠦᠩᠬᠡᠶ ᠳᠠᠭ᠋ᠠᠭ᠋ᠠᠴᠢᠯᠠᠯᠲᠠ᠎ᠶ᠋ᠢᠨ ᠲᠥᠷᠥᠯ ᠵᠦᠢ᠍ᠯ᠎ᠢ ᠬᠤᠪᠢᠶᠠᠨ ᠳᠠᠭ᠋ᠠᠭ᠋ᠠᠴᠢᠯᠠᠭᠤᠯᠤᠭᠰᠠᠨ ᠪᠠᠶ᠋ᠢᠪᠠᠯ᠂ ᠲᠤᠬᠠᠶ᠎ᠶ᠋ᠢᠨ ᠭᠠᠵᠠᠷ᠎ᠤᠨ ᠪᠠᠷᠢᠯᠭ᠎ᠠ᠎ᠶ᠋ᠢᠨ ᠦᠢ᠍ᠯᠡᠰ᠎ᠤᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠤ ᠬᠠᠤᠯᠢ ᠲᠣᠭᠲᠠᠭ᠋ᠠᠯ ᠶᠣᠰᠣᠭ᠋ᠠᠷ ᠳᠠᠭ᠋ᠠᠭ᠋ᠠᠴᠢᠯᠠᠭᠤᠯᠬᠤ᠎ᠶ᠋ᠢ ᠵᠣᠷᠢᠭᠵᠢᠭᠤᠯᠤᠨ᠎ᠠ᠃ ᠳᠠᠭ᠋ᠠᠭ᠋ᠠᠴᠢᠯᠠᠯᠲᠠ ᠵᠠᠷᠯᠠᠬᠤ ᠠᠢ᠎ᠳᠤ ᠥᠯᠥ ᠬᠠᠷᠢᠶᠠᠯᠠᠭᠳᠠᠬᠤ ᠢᠨᠵᠧᠨᠧᠷᠢᠩ᠎ᠤᠨ ᠲᠥᠷᠥᠯ ᠵᠦᠢ᠍ᠯ᠎ᠢ ᠲᠤᠬᠠᠶ᠎ᠶ᠋ᠢᠨ ᠭᠠᠵᠠᠷ᠎ᠤᠨ ᠪᠠᠷᠢᠯᠭ᠎ᠠ᠎ᠶ᠋ᠢᠨ ᠦᠢ᠍ᠯᠡᠰ᠎ᠤᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠤ ᠬᠠᠤᠯᠢ ᠲᠣᠭᠲᠠᠭ᠋ᠠᠯ ᠶᠣᠰᠣᠭ᠋ᠠᠷ ᠳᠠᠭ᠋ᠠᠭ᠋ᠠᠴᠢᠯᠠᠭᠤᠯᠬᠤ᠎ᠶ᠋ᠢ ᠵᠣᠷᠢᠭᠵᠢᠭᠤᠯᠤᠨ᠎ᠠ》 ᠭᠡᠳᠡᠭ᠎ᠲᠤ 《ᠢᠨᠵᠧᠨᠧᠷᠢᠩ᠎ᠤᠨ ᠶᠡᠷᠦᠩᠬᠡᠶ ᠳᠠᠭ᠋ᠠᠭ᠋ᠠᠴᠢᠯᠠᠯᠲᠠ᠎ᠶ᠋ᠢᠨ ᠲᠥᠷᠥᠯ ᠵᠦᠢ᠍ᠯ᠎ᠢ ᠬᠤᠪᠢᠶᠠᠨ ᠳᠠᠭ᠋ᠠᠭ᠋ᠠᠴᠢᠯᠠᠭᠤᠯᠤᠭᠰᠠᠨ ᠪᠠᠶ᠋ᠢᠪᠠᠯ᠂ ᠪᠠᠷᠢᠯᠭ᠎ᠠ᠎ᠶ᠋ᠢᠨ ᠦᠢ᠍ᠯᠡᠰ᠎ᠤᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠤ ᠬᠠᠤᠯᠢ ᠶᠣᠰᠣᠭ᠋ᠠᠷ ᠳᠠᠭ᠋ᠠᠭ᠋ᠠᠴᠢᠯᠠᠭᠤᠯᠬᠤ᠎ᠶ᠋ᠢ ᠵᠣᠷᠢᠭᠵᠢᠭᠤᠯᠤᠨ᠎ᠠ᠃ ᠳᠠᠭ᠋ᠠᠭ᠋ᠠᠴᠢᠯᠠᠯᠲᠠ ᠵᠠᠷᠯᠠᠬᠤ ᠠᠢ᠎ᠳᠤ ᠥᠯᠥ ᠬᠠᠷᠢᠶᠠᠯᠠᠭᠳᠠᠬᠤ ᠢᠨᠵᠧᠨᠧᠷᠢᠩ᠎ᠤᠨ ᠲᠥᠷᠥᠯ ᠵᠦᠢ᠍ᠯ᠎ᠢ ᠪᠠᠷᠢᠯᠭ᠎ᠠ᠎ᠶ᠋ᠢᠨ ᠦᠢ᠍ᠯᠡᠰ᠎ᠤᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠤ ᠬᠠᠤᠯᠢ ᠶᠣᠰᠣᠭ᠋ᠠᠷ ᠳᠠᠭ᠋ᠠᠭ᠋ᠠᠴᠢᠯᠠᠭᠤᠯᠬᠤ᠎ᠶ᠋ᠢ ᠵᠣᠷᠢᠭᠵᠢᠭᠤᠯᠤᠨ᠎ᠠ》 ᠭᠡᠵᠦ ᠵᠠᠰᠠᠪᠤᠷᠢ ᠣᠷᠣᠭᠤᠯᠪᠠ᠃
(ᠭᠤᠷᠪᠠ) 《ᠠᠵᠢᠯᠯᠠᠭ᠋ᠠᠨ᠎ᠤ ᠲᠥᠯᠥᠪᠯᠡᠭᠡ》᠎ᠶ᠋ᠢᠨ 《ᠭᠤᠷᠪᠠ᠂ ᠠᠵᠢᠯ᠎ᠤᠨ ᠠᠷᠭ᠎ᠠ ᠬᠡᠮᠵᠢᠶ᠎ᠡ》᠎ᠶ᠋ᠢᠨ ᠬᠡᠰᠡᠭ᠎ᠲᠠᠬᠢ 《(ᠲᠠᠪᠤ) ᠪᠠᠷᠢᠯᠭ᠎ᠠ᠎ᠶ᠋ᠢᠨ ᠦᠢ᠍ᠯᠡᠰ᠎ᠤᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠥᠭᠵᠢᠯᠲᠡ᠎ᠪᠠᠨ ᠲᠦᠷᠭᠡᠳᠭᠡᠬᠦ᠌᠎ᠶ᠋ᠢ ᠳᠡᠮᠵᠢᠨ᠎ᠡ》 ᠳᠤᠮᠳᠠᠬᠢ 《ᠳᠠᠩᠰᠠᠯᠠᠭᠤᠯᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠠᠩᠬ᠎ᠠ ᠤᠳᠠᠭ᠎ᠠ 〈ᠵᠢᠵᠢᠭ ᠪᠢᠴᠢᠯ᠎ᠠᠴᠠ ᠬᠡᠪᠴᠢᠶᠡᠵᠢᠯ᠎ᠠᠴᠠ ᠳᠡᠭᠡᠭᠰᠢᠬᠢ ᠪᠣᠯᠵᠤ ᠳᠡᠪᠰᠢᠭᠰᠡᠨ〉 ᠠᠵᠤ ᠠᠬᠤᠶ᠋ᠢᠯᠠᠯ᠎ᠳᠤ ᠱᠠᠩᠨᠠᠯ ᠨᠥᠬᠥᠪᠥᠷᠢ᠎ᠶ᠋ᠢᠨ ᠳᠡᠮᠵᠢᠯᠭᠡ ᠦᠵᠡᠭᠦᠯᠵᠦ ᠪᠣᠯᠤᠨ᠎ᠠ》 ᠭᠡᠳᠡᠭ᠎ᠲᠤ 《ᠳᠠᠩᠰᠠᠯᠠᠭᠤᠯᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠠᠩᠬ᠎ᠠ ᠤᠳᠠᠭ᠎ᠠ 〈ᠵᠢᠵᠢᠭ ᠪᠢᠴᠢᠯ᠎ᠠᠴᠠ ᠬᠡᠪᠴᠢᠶᠡᠵᠢᠯ᠎ᠠᠴᠠ ᠳᠡᠭᠡᠭᠰᠢᠬᠢ ᠪᠣᠯᠵᠤ ᠳᠡᠪᠰᠢᠭᠰᠡᠨ〉 ᠠᠵᠤ ᠠᠬᠤᠶ᠋ᠢᠯᠠᠯ᠎ᠳᠤ ᠳᠡᠮᠵᠢᠯᠭᠡ ᠦᠵᠡᠭᠦᠯᠵᠦ ᠪᠣᠯᠤᠨ᠎ᠠ》 ᠭᠡᠵᠦ ᠵᠠᠰᠠᠪᠤᠷᠢ ᠣᠷᠣᠭᠤᠯᠪᠠ᠃
(ᠳᠥᠷᠪᠡ) 《ᠠᠵᠢᠯᠯᠠᠭ᠋ᠠᠨ᠎ᠤ ᠲᠥᠯᠥᠪᠯᠡᠭᠡ》᠎ᠶ᠋ᠢᠨ 《ᠭᠤᠷᠪᠠ᠂ ᠠᠵᠢᠯ᠎ᠤᠨ ᠠᠷᠭ᠎ᠠ ᠬᠡᠮᠵᠢᠶ᠎ᠡ》᠎ᠶ᠋ᠢᠨ ᠬᠡᠰᠡᠭ᠎ᠲᠠᠬᠢ 《(ᠵᠢᠷᠭᠤᠭ᠎ᠠ) ᠪᠠᠷᠢᠯᠭ᠎ᠠ᠎ᠶ᠋ᠢᠨ ᠦᠢ᠍ᠯᠡᠰ᠎ᠤᠨ ᠴᠢᠨᠠᠷ ᠰᠠᠶ᠋ᠢᠲᠠᠶ ᠠᠵᠤ ᠠᠬᠤᠶ᠋ᠢᠯᠠᠯ᠎ᠤᠨ ᠥᠪᠡᠷᠲᠡᠭᠡᠨ ᠵᠠᠰᠠᠬᠤ ᠣᠷᠣᠨ᠎ᠳᠤ ᠨᠤᠲᠤᠭ᠍ᠰᠢᠬᠤ᠎ᠶ᠋ᠢ ᠳᠡᠮᠵᠢᠨ᠎ᠡ》 ᠳᠤᠮᠳᠠᠬᠢ 《ᠲᠥᠪ᠎ᠤᠨ ᠠᠵᠤ ᠠᠬᠤᠶ᠋ᠢᠯᠠᠯ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠂ ᠲᠣᠮᠣ ᠬᠡᠯᠪᠡᠷᠢ᠎ᠶ᠋ᠢᠨ ᠠᠷᠠᠳ᠎ᠠᠴᠠ ᠡᠵᠡᠩᠨᠡᠭᠰᠡᠨ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠢ ᠥᠪᠡᠷᠲᠡᠭᠡᠨ ᠵᠠᠰᠠᠬᠤ ᠣᠷᠣᠨ᠎ᠳᠤ ᠨᠡᠭᠦᠯᠭᠡᠨ ᠣᠷᠣᠭᠤᠯᠤᠭᠰᠠᠨ᠂ ᠥᠪᠡᠷᠲᠡᠭᠡᠨ ᠵᠠᠰᠠᠬᠤ ᠣᠷᠣᠨ᠎ᠳᠤ ᠪᠦᠷᠢᠨ ᠪᠡᠯᠡᠳᠦ ᠳᠠᠭ᠋ᠠᠯᠲᠠ ᠺᠣᠮᠫᠠᠨᠢ ᠪᠠᠢᠭᠤᠯᠤᠭ᠍ᠰᠠᠨ ᠪᠤᠶᠤ ᠬᠤᠪᠢᠶᠠᠷᠢ ᠺᠣᠮᠫᠠᠨᠢ᠎ᠪᠠᠨ ᠳᠠᠭ᠋ᠠᠯᠲᠠ ᠺᠣᠮᠫᠠᠨᠢ ᠪᠣᠯᠭ᠋ᠠᠨ ᠥᠭᠡᠷᠡᠴᠢᠯᠡᠬᠦ᠎ᠶ᠋ᠢᠨ ᠬᠠᠮᠲᠤ ᠨᠢᠭᠡᠳᠦᠭᠡᠷ ᠳᠡᠰ ᠵᠢᠴᠢ ᠲᠡᠭᠦᠨ᠎ᠠᠴᠠ ᠳᠡᠭᠡᠭ᠌ᠰᠢᠬᠢ ᠬᠢᠷᠢ ᠬᠡᠮ᠎ᠢᠶᠠᠨ ᠥᠪᠡᠷᠲᠡᠭᠡᠨ ᠵᠠᠰᠠᠬᠤ ᠣᠷᠣᠨ᠎ᠳᠤ ᠨᠡᠭᠦᠯᠭᠡᠨ ᠣᠷᠣᠭᠤᠯᠤᠭᠰᠠᠨ ᠪᠠᠶ᠋ᠢᠪᠠᠯ᠂ ᠡᠳ᠋᠎ᠤᠨ ᠵᠠᠰᠠᠭ᠎ᠤᠨ ᠱᠠᠩᠨᠠᠯ ᠣᠯᠭᠣᠨ᠎ᠠ》 ᠭᠡᠳᠡᠭ᠎ᠲᠤ 《ᠲᠥᠪ᠎ᠤᠨ ᠠᠵᠤ ᠠᠬᠤᠶ᠋ᠢᠯᠠᠯ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠂ ᠲᠣᠮᠣ ᠬᠡᠯᠪᠡᠷᠢ᠎ᠶ᠋ᠢᠨ ᠠᠷᠠᠳ ᠠᠴᠠ ᠡᠵᠡᠩᠨᠡᠭᠰᠡᠨ ᠪᠠᠷᠢᠯᠭ᠎ᠠ᠎ᠶ᠋ᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠥᠪᠡᠷᠲᠡᠭᠡᠨ ᠵᠠᠰᠠᠬᠤ ᠣᠷᠣᠨ᠎ᠳᠤ ᠨᠡᠭᠦᠨ ᠣᠷᠣᠬᠤ᠂ ᠥᠪᠡᠷᠲᠡᠭᠡᠨ ᠵᠠᠰᠠᠬᠤ ᠣᠷᠣᠨ᠎ᠳᠤ ᠪᠦᠷᠢᠨ ᠪᠡᠯᠡᠳᠤ ᠳᠠᠭ᠋ᠠᠯᠲᠠ ᠺᠣᠮᠫᠠᠨᠢ ᠪᠠᠶ᠋ᠢᠭᠤᠯᠬᠤ ᠪᠤᠶᠤ ᠬᠤᠪᠢᠶᠠᠷᠢ ᠺᠣᠮᠫᠠᠨᠢ᠎ᠪᠠᠨ ᠳᠠᠭ᠋ᠠᠯᠲᠠ ᠺᠣᠮᠫᠠᠨᠢ ᠪᠣᠯᠭ᠋ᠠᠨ ᠥᠭᠡᠷᠡᠴᠢᠯᠡᠬᠦ᠎ᠶ᠋ᠢᠨ ᠬᠠᠮᠲᠤ ᠨᠢᠭᠡᠳᠦᠭᠡᠷ ᠳᠡᠰ ᠵᠢᠴᠢ ᠲᠡᠭᠦᠨ᠎ᠠᠴᠠ ᠳᠡᠭᠡᠭᠰᠢᠬᠢ ᠬᠢᠷᠢ ᠬᠡᠮ᠎ᠢᠶᠠᠨ ᠥᠪᠡᠷᠲᠡᠭᠡᠨ ᠵᠠᠰᠠᠬᠤ ᠣᠷᠣᠨ᠎ᠳᠤ ᠨᠡᠭᠦᠯᠭᠡᠨ ᠣᠷᠣᠭᠤᠯᠬᠤ᠎ᠶ᠋ᠢ ᠵᠣᠷᠢᠭᠵᠢᠭᠤᠯᠤᠨ᠎ᠠ》 ᠭᠡᠵᠦ ᠵᠠᠰᠠᠪᠤᠷᠢ ᠣᠷᠣᠭᠤᠯᠪᠠ᠃
(ᠲᠠᠪᠤ) 《ᠠᠵᠢᠯᠯᠠᠭ᠋ᠠᠨ᠎ᠤ ᠲᠥᠯᠥᠪᠯᠡᠭᠡ》᠎ᠶ᠋ᠢᠨ 《ᠳᠥᠷᠪᠡ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ》᠎ᠶ᠋ᠢᠨ ᠬᠡᠰᠡᠭ᠎ᠲᠠᠬᠢ 《(ᠨᠢᠭᠡ) ᠵᠣᠬᠢᠶᠠᠨ ᠪᠠᠶ᠋ᠢᠭᠤᠯᠤᠯᠲᠠ᠎ᠶ᠋ᠢᠨ ᠤᠳᠤᠷᠢᠳᠤᠯᠭ᠎ᠠ᠎ᠶ᠋ᠢ ᠴᠢᠩᠭ᠋ᠠᠳᠬᠠᠨ᠎ᠠ》 ᠳᠤᠮᠳᠠᠬᠢ 《ᠲᠣᠰ ᠠᠵᠢᠯᠯᠠᠭ᠋ᠠᠨ᠎ᠤ ᠲᠥᠯᠥᠪᠯᠡᠭᠡ᠎ᠳᠠᠬᠢ ᠡᠳ᠋᠎ᠤᠨ ᠵᠠᠰᠠᠭ᠂ ᠮᠥᠩᠭᠥᠨ ᠭᠦᠢ᠍ᠯᠭᠡᠭᠡ᠂ ᠭᠠᠵᠠᠷ ᠬᠡᠷᠡᠭᠯᠡᠬᠦ᠂ ᠬᠢᠨᠠᠨ ᠵᠥᠪᠰᠢᠶᠡᠷᠡᠬᠦ ᠵᠡᠷᠭᠡ ᠡᠯ᠎ᠡ ᠵᠦᠢ᠍ᠯ᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠬᠤ ᠬᠡᠷᠡᠭᠲᠡᠶ》 ᠭᠡᠳᠡᠭ᠎ᠲᠤ 《ᠲᠣᠰ ᠠᠵᠢᠯᠯᠠᠭ᠋ᠠᠨ᠎ᠤ ᠲᠥᠯᠥᠪᠯᠡᠭᠡ᠎ᠳᠠᠬᠢ ᠮᠥᠩᠭᠥᠨ ᠭᠦᠢ᠍ᠯᠭᠡᠭᠡ᠂ ᠭᠠᠵᠠᠷ ᠬᠡᠷᠡᠭᠯᠡᠬᠦ᠂ ᠬᠢᠨᠠᠨ ᠵᠥᠪᠰᠢᠶᠡᠷᠡᠬᠦ ᠵᠡᠷᠭᠡ ᠡᠯ᠎ᠡ ᠵᠦᠢ᠍ᠯ᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠬᠤ ᠬᠡᠷᠡᠭᠲᠡᠶ》 ᠭᠡᠵᠦ ᠵᠠᠰᠠᠪᠤᠷᠢ ᠣᠷᠣᠭᠤᠯᠪᠠ᠃
(ᠵᠢᠷᠭᠤᠭ᠎ᠠ) 《ᠠᠵᠢᠯᠯᠠᠭ᠋ᠠᠨ᠎ᠤ ᠲᠥᠯᠥᠪᠯᠡᠭᠡ》᠎ᠶ᠋ᠢᠨ 《ᠳᠥᠷᠪᠡ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ》᠎ᠶ᠋ᠢᠨ ᠬᠡᠰᠡᠭ᠎ᠲᠠᠬᠢ 《(ᠬᠣᠶᠠᠷ) ᠠᠵᠢᠯ᠎ᠤᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ᠎ᠠ》 ᠳᠤᠮᠳᠠᠬᠢ 《ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋᠎ᠤᠨ ᠵᠠᠰᠠᠭ᠂ ᠣᠷᠣᠨ ᠰᠠᠭᠤᠴᠠ ᠪᠠ ᠬᠤᠳᠠ ᠬᠥᠳᠡᠭᠡ᠎ᠶ᠋ᠢᠨ ᠪᠦᠳᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠭᠠᠶ᠋ᠢᠯᠢ᠎ᠶ᠋ᠢᠨ ᠶᠠᠪᠤᠳᠠᠯ᠂ ᠤᠯᠤᠰ᠎ᠤᠨ ᠦᠮᠴᠢᠯᠡᠯᠲᠦ ᠡᠳ᠋ ᠬᠦᠷᠦᠩᠭᠡ᠂ ᠴᠢᠮᠡᠭᠡ ᠬᠣᠯᠪᠣᠭ᠎ᠠ᠂ ᠲᠡᠮᠤᠷ ᠵᠠᠮ ᠵᠡᠷᠭᠡ ᠲᠦᠷᠦᠭᠦᠯᠡᠨ ᠬᠢᠬᠦ ᠰᠠᠯᠠᠭ᠎ᠠ ᠮᠥᠴᠢᠷ ᠁᠁》 ᠭᠡᠳᠡᠭ᠎ᠲᠤ 《ᠡᠯ᠎ᠡ ᠠᠶ᠋ᠢᠮᠠᠭ᠎ᠤᠨ ᠵᠠᠬᠢᠷᠭ᠎ᠠ᠂ ᠬᠤᠳᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠣᠷᠣᠨ ᠰᠠᠭᠤᠴᠠ ᠪᠠ ᠬᠤᠳᠠ ᠬᠥᠳᠡᠭᠡ᠎ᠶ᠋ᠢᠨ ᠪᠦᠳᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠭᠠᠶ᠋ᠢᠯᠢ᠎ᠶ᠋ᠢᠨ ᠶᠠᠪᠤᠳᠠᠯ᠂ ᠤᠯᠤᠰ᠎ᠤᠨ ᠦᠮᠴᠢᠯᠡᠯᠲᠦ ᠡᠳ᠋ ᠬᠦᠷᠦᠩᠭᠡ᠂ ᠴᠢᠮᠡᠭᠡ ᠬᠣᠯᠪᠣᠭ᠎ᠠ᠂ ᠲᠡᠮᠤᠷ ᠵᠠᠮ ᠵᠡᠷᠭᠡ ᠲᠦᠷᠦᠭᠦᠯᠡᠨ ᠬᠢᠬᠦ ᠰᠠᠯᠠᠭ᠎ᠠ ᠮᠥᠴᠢᠷ ᠁᠁》 ᠭᠡᠵᠦ ᠵᠠᠰᠠᠪᠤᠷᠢ ᠣᠷᠣᠭᠤᠯᠪᠠ᠃
ᠲᠤᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠬᠡᠷᠡᠭᠵᠢᠭᠦᠯᠬᠦ ᠶᠠᠪᠤᠴᠠ᠎ᠳᠤ ᠠᠰᠠᠭᠤᠳᠠᠯ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠶ᠋ᠢᠭᠤᠯᠤᠯᠲᠠ᠎ᠶ᠋ᠢᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ᠎ᠢ ᠪᠠᠳᠤᠳᠬᠠᠬᠤ᠎ᠪᠡᠷ ᠠᠵᠢᠯ᠎ᠤᠨ ᠭᠣᠣᠯ ᠰᠢᠵᠢᠮ ᠪᠣᠯᠭ᠋ᠠᠬᠤ᠎ᠶ᠋ᠢ ᠪᠠᠷᠢᠮᠲᠠᠯᠠᠵᠤ᠂ ᠲᠤᠭᠤᠰᠢᠯᠠᠭᠤᠯᠤᠯᠲᠠ ᠨᠠᠢᠳᠠᠪᠤᠷᠢᠵᠢᠭᠤᠯᠤᠯᠲᠠ᠎ᠶ᠋ᠢ ᠨᠠᠷᠢᠨ ᠬᠢᠨᠠᠮᠠᠭ᠋ᠠᠢ ᠰᠠᠶ᠋ᠢᠲᠤᠷ ᠠᠳᠬᠤᠬᠤ᠎ᠶ᠋ᠢᠨ ᠬᠠᠮᠲᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠢᠯᠭ᠋ᠠᠷᠠᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃
2025 ᠣᠨ᠎ᠤ 4 ᠳ᠋ᠦ᠍ᠭᠡᠷ ᠰᠠᠷ᠎ᠠ᠎ᠶ᠋ᠢᠨ 22᠎ᠤᠨ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)