ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠢᠴᠢᠭ ᠮᠠᠲᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ 〔2025〕16 ᠳ᠋ᠤᠭᠠᠷ ᠲᠣᠭᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠡᠴᠡ ᠲᠥᠯᠥᠪᠦᠷᠢ ᠠᠪᠬᠤ ᠠᠵᠢᠯ᠎ᠤᠨ ᠲᠣᠭᠲᠠᠭᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠡᠴᠡ ᠲᠥᠯᠥᠪᠦᠷᠢ ᠠᠪᠬᠤ ᠠᠵᠢᠯ᠎ᠤᠨ ᠲᠣᠭᠲᠠᠭᠠᠯ 》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠲᠤᠭᠠᠢ᠃
2025 ᠣᠨ᠎ᠤ 5 ᠳ᠋ᠤᠭᠠᠷ ᠰᠠᠷ᠎ᠠ᠎ᠶᠢᠨ 9᠎ᠤ ᠡᠳᠦᠷ
( ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ )
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ
ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠡᠴᠡ ᠲᠥᠯᠥᠪᠦᠷᠢ ᠠᠪᠬᠤ ᠠᠵᠢᠯ᠎ᠤᠨ ᠲᠣᠭᠲᠠᠭᠠᠯ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠰᠢ ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠨ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠢ ᠪᠦᠲᠦᠭᠡᠨ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠡᠷ ᠠᠵᠢᠯ᠎ᠤᠨ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠡᠴᠡ ᠲᠥᠯᠥᠪᠦᠷᠢ ᠠᠪᠬᠤ ᠠᠵᠢᠯ᠎ᠤᠨ ᠵᠢᠷᠦᠮᠵᠢᠯᠲᠡ᠎ᠶᠢ ᠠᠬᠢᠭᠤᠯᠬᠤ᠎ᠶᠢᠨ ᠲᠤᠰᠠᠳᠠ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ᠎ᠤᠨ ᠵᠣᠷᠢᠭ᠋ ᠰᠠᠨᠠᠭ᠎ᠠ᠎ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠲᠣᠭᠲᠠᠭᠠᠯ᠎ᠢ ᠲᠣᠭᠲᠠᠭᠠᠪᠠ᠃
ᠬᠣᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ᠎ᠢ ᠠᠩᠬ᠎ᠠ ᠠᠯᠬᠤᠮ ᠬᠠᠷᠭᠤᠭᠤᠯᠤᠨ ᠪᠠᠢᠴᠠᠭᠠᠬᠤ ᠬᠢᠭᠡᠳ ᠪᠠᠢᠴᠠᠭᠠᠯᠲᠠ ᠬᠢᠬᠦ᠂ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠵᠤ ᠦᠨᠡᠯᠡᠨ ᠵᠢᠱ᠌ᠢᠬᠦ᠂ ᠲᠥᠯᠥᠪᠦᠷᠢ ᠠᠪᠬᠤ᠎ᠶᠢ ᠵᠥᠪᠳᠡᠯᠴᠡᠬᠦ᠂ ᠵᠠᠰᠠᠨ ᠰᠡᠷᠭᠦᠭᠡᠬᠦ ᠵᠢᠴᠢ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯ᠎ᠳᠤ ᠲᠤᠰ ᠲᠣᠭᠲᠠᠭᠠᠯ᠎ᠢ ᠲᠣᠬᠢᠷᠠᠭᠤᠯᠤᠨ ᠬᠡᠷᠡᠭᠯᠡᠨ᠎ᠡ᠃
ᠭᠤᠷᠪᠠᠳᠤᠭᠠᠷ ᠵᠦᠢᠯ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠳᠤ ᠬᠠᠤᠯᠢ ᠶᠣᠰᠣᠭᠠᠷ ᠠᠬᠢᠭᠤᠯᠬᠤ᠂ ᠰᠢᠨ᠎ᠡ᠎ᠶᠢ ᠡᠭᠦᠳᠬᠦ᠎ᠶᠢ ᠵᠣᠷᠢᠭ᠍ᠵᠢᠭᠤᠯᠬᠤ᠂ ᠣᠷᠴᠢᠨ ᠲᠣᠭᠣᠷᠢᠨ᠎ᠳᠤ ᠦᠨ᠎ᠡ ᠥᠷᠲᠡᠭ᠎ᠲᠠᠢ ᠪᠠᠢᠯᠭᠠᠬᠤ᠂ ᠬᠣᠬᠢᠷᠠᠯ᠎ᠳᠤ ᠬᠠᠷᠢᠭᠤᠴᠠᠯᠭ᠎ᠠ ᠡᠭᠦᠷᠭᠡᠯᠡᠬᠦ᠂ ᠰᠠᠨᠠᠭᠠᠴᠢᠯᠠᠭ᠎ᠠ᠎ᠠᠴᠠ᠎ᠪᠠᠨ ᠵᠥᠪᠳᠡᠯᠴᠡᠬᠦ᠂ ᠬᠠᠤᠯᠢ ᠴᠠᠭᠠᠵᠠ᠎ᠪᠠᠷ ᠪᠠᠲᠤᠯᠠᠬᠤ᠂ ᠮᠡᠳᠡᠭᠡ ᠵᠠᠩᠭᠢ᠎ᠶᠢ ᠬᠠᠮᠲᠤ᠎ᠳᠤ᠎ᠪᠠᠨ ᠬᠦᠷᠲᠡᠬᠦ᠂ ᠤᠯᠠᠨ ᠨᠡᠶ᠋ᠢᠲᠡ᠎ᠪᠡᠷ᠎ᠢᠶᠡᠨ ᠬᠢᠨᠠᠯᠲᠠ ᠲᠠᠯᠪᠢᠬᠤ ᠵᠠᠷᠴᠢᠮ᠎ᠢ ᠪᠠᠷᠢᠮᠲᠠᠯᠠᠬᠤ ᠬᠡᠷᠡᠭᠲᠡᠢ᠃
ᠳᠥᠷᠪᠡᠳᠦᠭᠡᠷ ᠵᠦᠢᠯ ᠲᠤᠰ ᠲᠣᠭᠲᠠᠭᠠᠯ᠎ᠳᠤ ᠬᠡᠯᠡᠵᠦ ᠪᠠᠢᠭ᠎ᠠ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠬᠤ ᠭᠡᠳᠡᠭ ᠨᠢ ᠣᠷᠴᠢᠨ ᠲᠣᠭᠣᠷᠢᠨ᠎ᠢ ᠪᠣᠬᠢᠷᠲᠤᠭᠤᠯᠵᠤ᠂ ᠠᠮᠢ ᠠᠬᠤᠢ᠎ᠶᠢ ᠡᠪᠳᠡᠭᠰᠡᠨ᠎ᠡᠴᠡ ᠪᠣᠯᠵᠤ ᠠᠭᠠᠷ ᠮᠠᠨᠳᠠᠯ᠂ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ᠂ ᠬᠥᠷᠥᠰᠥ ᠰᠢᠷᠣᠢ᠂ ᠤᠢ ᠰᠢᠭᠤᠢ᠂ ᠨᠤᠲᠤᠭ ᠪᠡᠯᠴᠢᠭᠡᠷ᠂ ᠡᠯᠡᠰᠦ ᠮᠠᠩᠬ᠎ᠠ᠂ ᠨᠤᠭᠤ ᠭᠠᠵᠠᠷ ᠵᠡᠷᠭᠡ ᠣᠷᠴᠢᠨ ᠲᠣᠭᠣᠷᠢᠨ᠎ᠤ ᠬᠦᠴᠦᠨ ᠵᠦᠢᠯ ᠪᠠ ᠤᠷᠭᠤᠮᠠᠯ᠂ ᠠᠮᠢᠲᠠᠨ᠂ ᠮᠢᠺᠷᠣᠪ ᠵᠡᠷᠭᠡ ᠠᠮᠢᠳᠤ ᠪᠣᠳᠠᠰ᠎ᠤᠨ ᠡᠯᠧᠮᠧᠨ᠋ᠲ᠎ᠲᠦ ᠠᠰᠢᠭ᠋ ᠦᠭᠡᠢ ᠬᠤᠪᠢᠷᠠᠯᠲᠠ ᠭᠠᠷᠭᠠᠭᠰᠠᠨ ᠵᠢᠴᠢ ᠳᠡᠭᠡᠷ᠎ᠡ ᠳᠤᠷᠠᠳᠤᠭᠰᠠᠨ ᠬᠦᠴᠦᠨ ᠵᠦᠢᠯ᠎ᠢᠶᠡᠷ ᠪᠦᠷᠢᠯᠳᠦᠭᠰᠡᠨ ᠠᠮᠢ ᠠᠬᠤᠢ᠎ᠶᠢᠨ ᠰᠢᠰᠲᠧᠮ᠎ᠦᠨ ᠴᠢᠳᠠᠮᠵᠢ᠎ᠶᠢᠨ ᠮᠠᠭᠤᠵᠢᠷᠠᠯᠢ ᠵᠢᠭᠠᠵᠤ ᠪᠣᠢ᠃
ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠦᠷᠢᠶ᠎ᠡ ᠬᠡᠪᠴᠢᠶ᠎ᠡ᠎ᠳᠦ ᠪᠠᠭᠲᠠᠬᠤ ᠨᠢ ᠄
( ᠨᠢᠭᠡ ) ᠠᠮᠢ ᠠᠬᠤᠢ ᠣᠷᠴᠢᠨ ᠲᠣᠭᠣᠷᠢᠨ ᠬᠣᠬᠢᠷᠠᠯ᠎ᠳᠤ ᠤᠴᠠᠷᠠᠭᠰᠠᠨ᠎ᠡᠴᠡ ᠵᠠᠰᠠᠨ ᠰᠡᠷᠭᠦᠭᠡᠬᠦ᠎ᠶᠢ ᠪᠡᠶᠡᠯᠡᠭᠦᠯᠲᠡᠯ᠎ᠡ᠎ᠬᠢ ᠬᠤᠭᠤᠴᠠᠭᠠᠨ᠎ᠳᠤ ᠦᠢᠯᠡᠴᠢᠯᠡᠭᠡᠨ᠎ᠦ ᠴᠢᠳᠠᠮᠵᠢ᠎ᠪᠠᠨ ᠠᠯᠳᠠᠭᠰᠠᠨ᠎ᠡᠴᠡ ᠪᠣᠯᠤᠭᠰᠠᠨ ᠬᠣᠬᠢᠷᠠᠯ;
( ᠬᠣᠶᠠᠷ ) ᠠᠮᠢ ᠠᠬᠤᠢ ᠣᠷᠴᠢᠨ ᠲᠣᠭᠣᠷᠢᠨ᠎ᠤ ᠴᠢᠳᠠᠮᠵᠢ᠎ᠶᠢᠨ ᠥᠨᠢᠳᠡ᠎ᠶᠢᠨ ᠴᠢᠨᠠᠷᠲᠠᠢ ᠡᠪᠳᠡᠭᠳᠡᠯ᠎ᠠᠴᠠ ᠪᠣᠯᠤᠭᠰᠠᠨ ᠬᠣᠬᠢᠷᠠᠯ;
( ᠭᠤᠷᠪᠠ ) ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠠᠢᠳᠠᠯ᠎ᠢ ᠪᠠᠢᠴᠠᠭᠠᠬᠤ᠂ ᠬᠢᠨᠠᠨ ᠲᠣᠭᠲᠠᠭᠠᠵᠤ ᠦᠨᠡᠯᠡᠨ ᠵᠢᠱ᠌ᠢᠬᠦ ᠵᠡᠷᠭᠡ ᠵᠠᠷᠤᠳᠠᠯ;
( ᠳᠥᠷᠪᠡ ) ᠪᠣᠬᠢᠷᠲᠤᠯ᠎ᠢ ᠠᠷᠢᠯᠭᠠᠬᠤ᠂ ᠠᠮᠢ ᠠᠬᠤᠢ ᠣᠷᠴᠢᠨ ᠲᠣᠭᠣᠷᠢᠨ᠎ᠢ ᠵᠠᠰᠠᠨ ᠰᠡᠷᠭᠦᠭᠡᠬᠦ ᠵᠠᠷᠤᠳᠠᠯ;
( ᠲᠠᠪᠤ ) ᠬᠣᠬᠢᠷᠠᠯ ᠭᠠᠷᠬᠤ ᠪᠠ ᠶᠡᠬᠡᠳᠬᠦ᠎ᠶᠢ ᠰᠡᠷᠭᠡᠢᠯᠡᠬᠦ᠎ᠳᠦ ᠵᠠᠷᠤᠴᠠᠭᠤᠯᠤᠭᠰᠠᠨ ᠵᠦᠢ ᠵᠣᠬᠢᠰᠲᠠᠢ ᠵᠠᠷᠤᠳᠠᠯ᠃
ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠢᠮᠠᠭ᠎ᠤᠨ ᠵᠠᠬᠢᠷᠭ᠎ᠠ᠂ ᠬᠤᠳᠠ᠎ᠶᠢᠨ ᠠᠷᠠᠳ᠎ᠤᠨ ᠵᠠᠰᠠᠭ᠎ᠤᠨ ᠣᠷᠳᠣᠨ ᠪᠣᠯ ᠲᠤᠰ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠡᠴᠡ ᠲᠥᠯᠥᠪᠦᠷᠢ ᠠᠪᠬᠤ ᠡᠷᠬᠡᠲᠦ ᠬᠥᠮᠥᠨ ᠪᠣᠯᠣᠨ᠎ᠠ᠃
ᠮᠤᠵᠢ ( ᠣᠷᠣᠨ᠂ ᠬᠣᠲᠠ ) ᠠᠯᠤᠰᠯᠠᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠠᠢᠪᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠡᠴᠡ ᠬᠠᠮᠢᠶ᠎ᠠ ᠪᠦᠬᠦᠢ ᠮᠤᠵᠢ᠎ᠶᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠲᠠᠢ ᠵᠥᠪᠳᠡᠯᠴᠡᠵᠦ ᠪᠠᠢᠭᠠᠳ ᠠᠮᠢ ᠠᠬᠤᠢ ᠣᠷᠴᠢᠨ ᠲᠣᠭᠣᠷᠢᠨ᠎ᠢ ᠬᠣᠬᠢᠷᠠᠭᠤᠯᠤᠭᠰᠠᠨ ᠠᠵᠢᠯᠯᠠᠭ᠎ᠠ᠎ᠡᠴᠡ ᠲᠥᠯᠥᠪᠦᠷᠢ ᠠᠪᠬᠤ ᠠᠵᠢᠯ᠎ᠢ ᠥᠷᠨᠢᠭᠦᠯᠦᠨ᠎ᠡ; ᠪᠥᠬᠥ ᠤᠯᠤᠰ᠎ᠲᠤ ᠬᠦᠨᠳᠦ ᠶᠡᠬᠡ ᠨᠥᠯᠥᠭᠡ᠎ᠲᠠᠢ ᠪᠤᠶᠤ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠠᠢᠮᠠᠭ ᠬᠣᠲᠠ ᠠᠯᠤᠰᠯᠠᠭᠰᠠᠨ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠦ ᠬᠠᠷᠢᠶᠠᠯᠠᠭᠳᠠᠨ ᠬᠠᠮᠢᠶᠠᠷᠤᠭᠳᠠᠨ᠎ᠠ ; ᠠᠮᠢ ᠠᠬᠤᠢ ᠣᠷᠴᠢᠨ ᠲᠣᠭᠣᠷᠢᠨ᠎ᠤ ᠪᠤᠰᠤᠳ ᠬᠣᠬᠢᠷᠠᠯ ᠪᠣᠯ ᠬᠣᠬᠢᠷᠠᠭᠤᠯᠤᠭᠰᠠᠨ ᠦᠷ᠎ᠡ ᠤᠷᠰᠢᠭ᠋ ᠡᠭᠦᠰᠦᠭᠰᠡᠨ ᠭᠠᠵᠠᠷ᠎ᠤᠨ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠦ ᠬᠠᠷᠢᠶᠠᠯᠠᠭᠳᠠᠨ ᠬᠠᠮᠢᠶᠠᠷᠤᠭᠳᠠᠨ᠎ᠠ ᠃
ᠲᠥᠯᠥᠪᠦᠷᠢ ᠠᠪᠬᠤ ᠡᠷᠬᠡᠲᠦ ᠬᠥᠮᠥᠨ ᠨᠢ ᠠᠮᠢ ᠠᠬᠤᠢ ᠣᠷᠴᠢᠨ ᠲᠣᠭᠣᠷᠢᠨ᠂ ᠪᠠᠢᠭᠠᠯᠢ᠎ᠶᠢᠨ ᠡᠬᠢ ᠪᠠᠶᠠᠯᠢᠭ᠋᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠤᠰᠤᠨ ᠠᠰᠢᠭ᠍ᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠪᠤᠶᠤ ᠪᠠᠢᠭᠤᠯᠤᠮᠵᠢ᠎ᠶᠢ ᠵᠢᠭᠠᠨ ᠲᠣᠭᠲᠠᠭᠠᠵᠤ ᠲᠡᠭᠦᠨ᠎ᠦ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠶᠢᠨ ᠬᠡᠪᠴᠢᠶᠡᠨ᠎ᠳᠡᠬᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠡᠴᠡ ᠲᠥᠯᠥᠪᠦᠷᠢ ᠠᠪᠬᠤ ᠪᠣᠳᠠᠲᠠᠢ ᠠᠵᠢᠯ᠎ᠢ ᠬᠠᠷᠢᠭᠤᠴᠠᠭᠤᠯᠵᠤ ᠪᠣᠯᠣᠨ᠎ᠠ ᠃ ᠲᠥᠯᠥᠪᠦᠷᠢ ᠠᠪᠬᠤ ᠡᠷᠬᠡᠲᠦ ᠬᠥᠮᠥᠨ ᠪᠢᠴᠢᠭ ᠬᠠᠷ᠎ᠠ᠎ᠶᠢᠨ ᠬᠡᠯᠪᠡᠷᠢ᠎ᠪᠡᠷ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠪᠣᠳᠠᠲᠠᠢ ᠠᠵᠢᠯ ᠥᠷᠨᠢᠭᠦᠯᠬᠦ ᠰᠠᠯᠠᠭ᠎ᠠ ᠮᠥᠴᠢᠷ ᠪᠤᠶᠤ ᠪᠠᠢᠭᠤᠯᠤᠮᠵᠢ᠎ᠶᠢ ᠪᠢᠴᠢᠭᠯᠡᠨ ᠵᠢᠭᠠᠨ ᠲᠣᠭᠲᠠᠭᠠᠬᠤ᠎ᠶᠢᠨ ᠬᠠᠮᠲᠤ᠂ ᠲᠥᠯᠥᠪᠦᠷᠢ᠎ᠶᠢᠨ ᠠᠵᠢᠯ᠎ᠤᠨ ᠬᠠᠮᠢᠶ᠎ᠠ ᠪᠦᠬᠦᠢ ᠬᠠᠤᠯᠢ ᠴᠠᠭᠠᠵᠠ᠎ᠶᠢᠨ ᠪᠢᠴᠢᠭ ᠬᠠᠷ᠎ᠠ᠎ᠳᠤ ᠭᠠᠷᠤᠨ ᠦᠰᠦᠭ ᠵᠢᠷᠤᠬᠤ ᠡᠷᠬᠡ ᠣᠯᠭᠣᠬᠤ ᠬᠡᠷᠡᠭᠲᠡᠢ᠃
ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ ᠨᠢ 2 ᠪᠤᠶᠤ 2᠎ᠡᠴᠡ ᠳᠡᠭᠡᠭᠰᠢ ᠰᠠᠯᠠᠭ᠎ᠠ ᠮᠥᠴᠢᠷ ᠪᠤᠶᠤ ᠪᠠᠢᠭᠤᠯᠤᠮᠵᠢ᠎ᠳᠤ ᠬᠣᠯᠪᠣᠭᠳᠠᠪᠠᠯ᠂ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠢᠭᠠᠨ ᠲᠣᠭᠲᠠᠭᠠᠭᠰᠠᠨ ᠲᠦᠷᠦᠭᠦᠯᠡᠨ ᠬᠢᠬᠦ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠢ ᠬᠠᠷᠢᠭᠤᠴᠠᠵᠤ᠂ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠬᠠᠮᠵᠢᠯᠴᠠᠬᠤ ᠬᠡᠷᠡᠭᠲᠡᠢ᠂ ᠪᠠᠰᠠ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠳᠦᠷᠢᠮ᠎ᠦᠨ ᠥᠭᠡᠷᠡᠴᠢᠯᠡᠯᠲᠡ ᠬᠢᠬᠦ ᠠᠵᠢᠯ᠎ᠤᠨ ᠲᠦᠷᠦᠭᠦᠯᠡᠨ ᠬᠢᠬᠦ ᠰᠠᠯᠠᠭ᠎ᠠ ᠮᠥᠴᠢᠷ᠎ᠢᠶᠡᠷ ᠪᠣᠳᠠᠲᠠᠢ ᠠᠵᠢᠯ᠎ᠢ ᠬᠠᠷᠢᠭᠤᠴᠠᠭᠤᠯᠬᠤ᠎ᠪᠠᠷ ᠵᠢᠭᠠᠨ ᠲᠣᠭᠲᠠᠭᠠᠵᠤ ᠪᠣᠯᠣᠨ᠎ᠠ᠃
ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠳᠣᠣᠷᠠᠬᠢ ᠠᠵᠢᠯ᠎ᠢ ᠥᠷᠨᠢᠭᠦᠯᠦᠨ᠎ᠡ ᠄
( ᠨᠢᠭᠡ ) ᠬᠡᠷᠡᠭ᠎ᠦᠨ ᠰᠦᠪᠡᠭᠴᠢ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢᠭᠤᠯᠤᠨ ᠰᠢᠭ᠌ᠰᠢᠨ ᠪᠠᠢᠴᠠᠭᠠᠵᠤ᠂ ᠬᠡᠷᠡᠭ᠎ᠢ ᠰᠢᠢᠳᠪᠦᠷᠢᠯᠡᠬᠦ ᠳᠡᠰ ᠳᠠᠷᠠᠭᠠᠯᠠᠯ᠎ᠢ ᠴᠠᠭ ᠲᠤᠬᠠᠢ᠎ᠳᠤ ᠨᠢ ᠡᠬᠢᠯᠡᠭᠦᠯᠦᠨ᠎ᠡ;
( ᠬᠣᠶᠠᠷ ) ᠬᠢᠨᠠᠨ ᠲᠣᠭᠲᠠᠭᠠᠯᠭᠠᠵᠤ ᠦᠨᠡᠯᠡᠨ ᠵᠢᠱ᠌ᠢᠭᠦᠯᠬᠦ᠎ᠪᠡᠷ ᠨᠠᠢᠳᠠᠵᠤ᠂ ᠲᠥᠯᠥᠪᠦᠷᠢ ᠨᠡᠬᠡᠬᠦ ᠵᠥᠪᠳᠡᠯᠴᠡᠭᠡ ᠬᠢᠬᠦ ᠪᠠ ᠵᠠᠭᠠᠯᠳᠤᠭ᠍ᠴᠢᠶᠢᠨ ᠬᠤᠪᠢ᠎ᠪᠠᠷ ᠵᠠᠭᠠᠯᠳᠤᠯᠭ᠎ᠠ ᠭᠠᠷᠭᠠᠨ᠎ᠠ;
( ᠭᠤᠷᠪᠠ ) ᠲᠥᠯᠥᠪᠦᠷᠢ ᠥᠭᠬᠦ ᠡᠭᠦᠷᠭᠡᠲᠦ ᠬᠥᠮᠥᠨ᠎ᠦ ᠥᠪᠡᠰᠦᠪᠡᠨ ᠪᠤᠶᠤ ᠨᠡᠢᠭᠡᠮ᠎ᠦᠨ ᠭᠤᠷᠪᠠᠳᠠᠭᠢ ᠡᠲᠡᠭᠡᠳ᠎ᠦᠨ ᠪᠠᠢᠭᠤᠯᠤᠮᠵᠢ᠎ᠳᠤ ᠨᠠᠢᠳᠠᠵᠤ ᠡᠪᠳᠡᠭᠳᠡᠭᠰᠡᠨ ᠠᠮᠢ ᠠᠬᠤᠢ ᠣᠷᠴᠢᠨ ᠲᠣᠭᠣᠷᠢᠨ᠎ᠢ ᠵᠠᠰᠠᠨ ᠰᠡᠷᠭᠦᠭᠡᠬᠦ᠎ᠶᠢ ᠬᠥᠲᠥᠯᠥᠨ ᠵᠢᠯᠤᠭᠣᠳᠴᠤ᠂ ᠡᠰᠡᠬᠦᠯ᠎ᠡ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠨ ᠵᠠᠰᠠᠨ ᠰᠡᠷᠭᠦᠭᠡᠬᠦ ᠪᠤᠶᠤ ᠣᠷᠣᠯᠠᠨ ᠵᠠᠰᠠᠨ ᠰᠡᠷᠭᠦᠭᠡᠬᠦ ᠠᠵᠢᠯ᠎ᠢ ᠵᠣᠬᠢᠶᠠᠨ ᠪᠠᠢᠭᠤᠯᠵᠤ ᠥᠷᠨᠢᠭᠦᠯᠦᠨ᠎ᠡ ;
( ᠳᠥᠷᠪᠡ ) ᠠᠮᠢ ᠠᠬᠤᠢ ᠣᠷᠴᠢᠨ ᠲᠣᠭᠣᠷᠢᠨ᠎ᠢ ᠵᠠᠰᠠᠨ ᠰᠡᠷᠭᠦᠭᠡᠭᠰᠡᠨ ᠦᠷ᠎ᠡ ᠪᠦᠲᠦᠮᠵᠢ᠎ᠳᠦ ᠦᠨᠡᠯᠡᠨ ᠵᠢᠱ᠌ᠢᠯᠲᠡ ᠬᠢᠬᠦ᠎ᠶᠢ ᠵᠣᠬᠢᠶᠠᠨ ᠪᠠᠢᠭᠤᠯᠤᠨ᠎ᠠ ;
( ᠲᠠᠪᠤ ) ᠪᠤᠰᠤᠳ ᠬᠠᠮᠢᠶ᠎ᠠ ᠪᠦᠬᠦᠢ ᠠᠵᠢᠯ ᠃
ᠵᠢᠷᠭᠤᠳᠤᠭᠠᠷ ᠵᠦᠢᠯ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠬᠠᠷᠢᠶ᠎ᠠ ᠣᠷᠣᠨ᠎ᠤ᠎ᠪᠡᠨ ᠳᠣᠲᠣᠷᠠᠬᠢ ᠲᠤᠰ ᠰᠠᠯᠠᠭ᠎ᠠ ᠮᠥᠴᠢᠷ᠎ᠦᠨ ᠬᠠᠷᠢᠶᠠᠯᠠᠯ᠎ᠳᠠᠬᠢ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠬᠡᠷᠡᠭ᠂ ᠣᠷᠴᠢᠨ ᠲᠣᠭᠣᠷᠢᠨ᠎ᠤ ᠭᠡᠨᠡᠳᠲᠡ᠎ᠶᠢᠨ ᠬᠡᠷᠡᠭ᠂ ᠬᠠᠤᠯᠢ ᠲᠣᠭᠲᠠᠭᠠᠯ᠎ᠠᠴᠠ ᠵᠥᠷᠢᠴᠡᠨ ᠪᠣᠬᠢᠷᠲᠤᠯ᠎ᠢ ᠭᠠᠳᠠᠭᠰᠢᠯᠠᠭᠤᠯᠤᠭᠰᠠᠨ᠎ᠠᠴᠠ ᠪᠣᠯᠤᠭᠰᠠᠨ ᠣᠷᠴᠢᠨ ᠲᠣᠭᠣᠷᠢᠨ᠎ᠤ ᠪᠣᠬᠢᠷᠲᠤᠯ ᠪᠤᠶᠤ ᠠᠮᠢ ᠠᠬᠤᠢ᠎ᠶᠢᠨ ᠡᠪᠳᠡᠭᠳᠡᠯ ᠵᠡᠷᠭᠡ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠢ ᠬᠠᠷᠢᠭᠤᠴᠠᠨ᠎ᠠ; ᠪᠠᠢᠭᠠᠯᠢ᠎ᠶᠢᠨ ᠡᠬᠢ ᠪᠠᠶᠠᠯᠢᠭ᠋᠎ᠤᠨ ᠰᠠᠯᠠᠭ᠎ᠠ ᠮᠥᠴᠢᠷ ᠨᠢ ᠬᠠᠷᠢᠶ᠎ᠠ ᠣᠷᠣᠨ᠎ᠤ᠎ᠪᠠᠨ ᠳᠣᠲᠣᠷᠠᠬᠢ ᠲᠣᠰ ᠰᠠᠯᠠᠭ᠎ᠠ ᠮᠥᠴᠢᠷ᠎ᠦᠨ ᠬᠠᠷᠢᠶᠠᠯᠠᠯ᠎ᠳᠠᠬᠢ ᠬᠠᠤᠯᠢ ᠲᠣᠭᠲᠠᠭᠠᠯ᠎ᠡᠴᠡ ᠵᠥᠷᠢᠴᠡᠨ ᠲᠠᠷᠢᠶᠠᠯᠠᠬᠤ ᠭᠠᠵᠠᠷ᠎ᠢ ᠡᠵᠡᠯᠡᠨ ᠬᠡᠷᠡᠭᠯᠡᠭᠰᠡᠨ᠂ ᠭᠠᠵᠠᠷ ᠰᠢᠷᠣᠢ᠎ᠶᠢᠨ ᠡᠬᠢ ᠪᠠᠶᠠᠯᠢᠭ᠋᠎ᠢ ᠡᠪᠳᠡᠭᠰᠡᠨ ᠵᠡᠷᠭᠡ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠬᠡᠷᠡᠭ ᠵᠢᠴᠢ ᠬᠠᠤᠯᠢ᠎ᠡᠴᠡ ᠵᠥᠷᠢᠴᠡᠨ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠮᠠᠯᠲᠠᠭᠰᠠᠨ᠎ᠡᠴᠡ ᠪᠣᠯᠵᠤ ᠠᠮᠢ ᠠᠬᠤᠢ᠎ᠶᠢ ᠡᠪᠳᠡᠭᠰᠡᠨ ᠵᠡᠷᠭᠡ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠢ ᠬᠠᠷᠢᠭᠤᠴᠠᠨ᠎ᠠ; ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ᠎ᠤ᠎ᠪᠠᠨ ᠳᠣᠲᠣᠷᠠᠬᠢ ᠲᠣᠰ ᠰᠠᠯᠠᠭ᠎ᠠ ᠮᠥᠴᠢᠷ᠎ᠦᠨ ᠬᠠᠷᠢᠶᠠᠯᠠᠯ᠎ᠳᠠᠬᠢ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠬᠡᠷᠡᠭ᠂ ᠬᠠᠤᠯᠢ ᠲᠣᠭᠲᠠᠭᠠᠯ᠎ᠡᠴᠡ ᠵᠥᠷᠢᠴᠡᠨ ᠠᠮᠢᠳᠤᠷᠠᠯ᠎ᠤᠨ ᠬᠣᠭ ᠨᠣᠪᠰᠢ᠂ ᠪᠠᠷᠢᠯᠭ᠎ᠠ᠎ᠶᠢᠨ ᠬᠣᠭ ᠨᠣᠪᠰᠢ ᠭᠡᠭᠡᠵᠦ ᠬᠠᠶᠠᠭᠰᠠᠨ᠂ ᠬᠣᠲᠠ ᠪᠠᠯᠭᠠᠰᠤ᠎ᠶᠢᠨ ᠠᠮᠢᠳᠤᠷᠠᠯ᠎ᠤᠨ ᠪᠣᠬᠢᠷ ᠤᠰᠤ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠪᠠ ᠬᠣᠲᠠ ᠪᠠᠯᠭᠠᠰᠤ᠎ᠶᠢᠨ ᠴᠡᠴᠡᠷᠯᠢᠭ᠎ᠦᠨ ᠵᠦᠯᠭᠡ᠎ᠶᠢ ᠡᠪᠳᠡᠭᠰᠡᠨ ᠵᠡᠷᠭᠡ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠢ ᠬᠠᠷᠢᠭᠤᠴᠠᠨ᠎ᠠ; ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ᠎ᠤ᠎ᠪᠠᠨ ᠳᠣᠲᠣᠷᠠᠬᠢ ᠲᠣᠰ ᠰᠠᠯᠠᠭ᠎ᠠ ᠮᠥᠴᠢᠷ᠎ᠦᠨ ᠬᠠᠷᠢᠶᠠᠯᠠᠯ᠎ᠳᠠᠬᠢ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠬᠡᠷᠡᠭ᠂ ᠭᠣᠣᠯ᠎ᠤᠨ ᠵᠠᠮ᠂ ᠨᠠᠭᠤᠷ ᠴᠥᠭᠥᠷᠥᠮ᠎ᠦᠨ ᠬᠠᠮᠢᠶᠠᠷᠤᠯᠲᠠ᠎ᠶᠢᠨ ᠬᠡᠪᠴᠢᠶᠡᠨ ᠳᠣᠲᠣᠷ᠎ᠠ ᠬᠠᠤᠯᠢ ᠪᠤᠰᠤ᠎ᠪᠠᠷ ᠡᠯᠡᠰᠦᠯᠢᠭ ᠡᠷᠦᠳᠡᠰᠦ ᠮᠠᠯᠲᠠᠭᠰᠠᠨ᠂ ᠲᠣᠭᠲᠠᠭᠠᠯ᠎ᠡᠴᠡ ᠵᠥᠷᠢᠴᠡᠨ ᠤᠰᠤᠨ᠎ᠤ ᠡᠬᠢ ᠪᠠᠶᠠᠯᠢᠭ᠋᠎ᠢ ᠠᠪᠴᠤ ᠬᠡᠷᠡᠭᠯᠡᠭᠰᠡᠨ᠂ ᠬᠠᠤᠯᠢ ᠲᠣᠭᠲᠠᠭᠠᠯ᠎ᠡᠴᠡ ᠵᠥᠷᠢᠴᠡᠨ ᠵᠣᠷᠢᠭᠤᠳᠠ ᠬᠥᠷᠥᠰᠥ ᠰᠢᠷᠣᠢ᠎ᠶᠢᠨ ᠢᠳᠡᠭᠳᠡᠯ᠎ᠦᠨ ᠬᠣᠣᠷ ᠬᠥᠨᠥᠭᠡᠯ ᠤᠴᠠᠷᠠᠭᠤᠯᠤᠭᠰᠠᠨ ᠵᠡᠷᠭᠡ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠢ ᠬᠠᠷᠢᠭᠤᠴᠠᠨ᠎ᠠ ; ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ ᠨᠢ ᠬᠠᠷᠢᠶ᠎ᠠ ᠣᠷᠣᠨ᠎ᠤ᠎ᠪᠠᠨ ᠳᠣᠲᠣᠷᠠᠬᠢ ᠲᠤᠰ ᠰᠠᠯᠠᠭ᠎ᠠ ᠮᠥᠴᠢᠷ᠎ᠦᠨ ᠬᠠᠷᠢᠶᠠᠯᠠᠯ᠎ᠳᠠᠬᠢ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠬᠡᠷᠡᠭ᠂ ᠤᠰᠤᠨ᠎ᠤ ᠬᠡᠭᠡᠷ᠎ᠡ᠎ᠶᠢᠨ ᠠᠮᠢᠲᠠᠨ᠎ᠢ ᠬᠠᠮᠠᠭᠠᠯᠠᠬᠤ᠂ ᠵᠢᠭᠠᠰᠤᠨ ᠠᠵᠤ ᠠᠬᠤᠢ᠎ᠶᠢᠨ ᠡᠬᠢ ᠪᠠᠶᠠᠯᠢᠭ᠋᠎ᠢ ᠡᠪᠳᠡᠬᠦ᠂ ᠲᠡᠵᠢᠭᠡᠨ ᠦᠷᠡᠵᠢᠭᠦᠯᠬᠦ ᠭᠣᠭᠴᠣᠭᠠᠨ᠎ᠳᠠᠬᠢ ᠬᠢᠵᠢᠭ᠎ᠲᠤ ᠬᠠᠯᠳᠠᠪᠤᠷᠢᠯᠠᠭᠳᠠᠭᠰᠠᠨ ᠮᠠᠯ ᠵᠢᠭᠦᠷᠲᠡᠨ ᠪᠠ ᠡᠪᠡᠳᠴᠢᠨ᠎ᠦ ᠬᠥᠨᠥᠭᠡᠯ᠎ᠲᠠᠢ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠦᠭᠰᠡᠨᠦ ᠬᠠᠶᠠᠭᠳᠠᠮᠠᠯ ᠪᠣᠳᠠᠰ᠎ᠢ ᠲᠣᠭᠲᠠᠭᠠᠯ ᠶᠣᠰᠣᠭᠠᠷ ᠬᠣᠣᠷ ᠦᠭᠡᠢᠳᠡᠭᠦᠯᠦᠨ ᠰᠢᠢᠳᠪᠦᠷᠢᠯᠡᠭᠰᠡᠨ ᠦᠭᠡᠢ᠂ ᠬᠥᠳᠡᠭᠡ ᠲᠣᠰᠬᠣᠨ᠎ᠤ ᠠᠷᠠᠳ ᠢᠷᠭᠡᠳ ᠲᠠᠷᠢᠶᠠᠯᠠᠬᠤ ᠭᠠᠵᠠᠷ ᠳᠡᠭᠡᠷ᠎ᠡ ᠬᠠᠤᠯᠢ ᠪᠤᠰᠤ᠎ᠪᠠᠷ ᠣᠷᠣᠨ ᠰᠠᠭᠤᠴᠠ ᠪᠠᠷᠢᠭ᠍ᠰᠠᠨ᠂ ᠪᠣᠷᠳᠣᠭᠤᠷ ᠲᠠᠷᠢᠶᠠᠨ ᠡᠮ ᠵᠡᠷᠭᠡ ᠲᠠᠷᠢᠶᠠᠯᠠᠩ᠎ᠳᠤ ᠣᠷᠣᠭᠤᠯᠬᠤ ᠡᠳ᠋᠎ᠦᠨ ᠪᠣᠭᠣᠳᠠᠯ ᠪᠠᠭᠯᠠᠭ᠎ᠠ᠎ᠶᠢᠨ ᠬᠠᠶᠠᠭᠳᠠᠮᠠᠯ ᠪᠣᠳᠠᠰ ᠪᠠ ᠲᠠᠷᠢᠶᠠᠯᠠᠩ᠎ᠳᠤ ᠬᠡᠷᠡᠭᠯᠡᠬᠦ ᠨᠢᠮᠭᠡᠨ ᠪᠦᠷᠬᠦᠭᠦᠯ ᠵᠡᠷᠭᠡ᠎ᠶᠢ ᠲᠣᠭᠲᠠᠭᠠᠯ ᠶᠣᠰᠣᠭᠠᠷ ᠴᠠᠭ ᠲᠤᠬᠠᠢ᠎ᠳᠤ ᠨᠢ ᠡᠭᠡᠭᠦᠯᠦᠨ ᠬᠤᠷᠢᠶᠠᠭᠰᠠᠨ ᠦᠭᠡᠢ᠎ᠡᠴᠡ ᠪᠣᠯᠤᠭᠰᠠᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠢ ᠬᠠᠷᠢᠭᠤᠴᠠᠨ᠎ᠠ; ᠤᠢ ᠰᠢᠭᠤᠢ ᠪᠠ ᠨᠤᠲᠤᠭ ᠪᠡᠯᠴᠢᠭᠡᠷ᠎ᠦᠨ ᠰᠠᠯᠠᠭ᠎ᠠ ᠮᠥᠴᠢᠷ ᠨᠢ ᠬᠠᠷᠢᠶ᠎ᠠ ᠣᠷᠣᠨ᠎ᠤ᠎ᠪᠠᠨ ᠳᠣᠲᠣᠷᠠᠬᠢ ᠲᠤᠰ ᠰᠠᠯᠠᠭ᠎ᠠ ᠮᠥᠴᠢᠷ᠎ᠦᠨ ᠬᠠᠷᠢᠶᠠᠯᠠᠯ᠎ᠳᠠᠬᠢ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠬᠡᠷᠡᠭ᠂ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠲᠤ ᠡᠭᠦᠰᠦᠭᠰᠡᠨ ᠣᠷᠴᠢᠨ ᠲᠣᠭᠣᠷᠢᠨ᠎ᠤ ᠪᠣᠬᠢᠷᠲᠤᠯ᠂ ᠠᠮᠢ ᠠᠬᠤᠢ᠎ᠶᠢ ᠡᠪᠳᠡᠭᠰᠡᠨ ᠦᠢᠯᠡ ᠠᠵᠢᠯᠯᠠᠭ᠎ᠠ᠂ ᠬᠠᠤᠯᠢ ᠲᠣᠭᠲᠠᠭᠠᠯ᠎ᠢ ᠵᠥᠷᠢᠴᠡᠨ ᠣᠢᠲᠤ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ᠎ᠢ ᠡᠪᠳᠡᠭᠰᠡᠨ ᠵᠢᠴᠢ ᠤᠢ ᠮᠣᠳᠣ᠌᠎ᠶᠢ ᠬᠤᠯᠠᠭᠠᠢᠯᠠᠨ ᠣᠭᠲᠣᠯᠣᠭᠰᠠᠨ᠂ ᠳᠤᠷ᠎ᠠ᠎ᠪᠠᠷ᠎ᠢᠶᠠᠨ ᠣᠭᠲᠣᠯᠣᠭᠰᠠᠨ ᠵᠡᠷᠭᠡ ᠠᠮᠢ ᠠᠬᠤᠢ᠎ᠶᠢ ᠡᠪᠳᠡᠭᠰᠡᠨ ᠦᠢᠯᠡ ᠠᠵᠢᠯᠯᠠᠭ᠎ᠠ᠂ ᠵᠢᠴᠢ ᠮᠥᠬᠥᠬᠦ ᠰᠢᠬᠠᠭᠰᠠᠨ ᠬᠠᠭᠤᠷᠠᠢ᠎ᠳᠤ ᠠᠮᠢᠳᠤᠷᠠᠬᠤᠢ ᠬᠡᠭᠡᠷ᠎ᠡ᠎ᠶᠢᠨ ᠠᠮᠢᠳᠠᠨ ᠤᠷᠭᠤᠮᠠᠯ᠎ᠢ ᠬᠤᠯᠠᠭᠠᠢᠯᠠᠨ ᠠᠩᠨᠠᠭᠰᠠᠨ ( ᠮᠠᠯᠲᠠᠭᠰᠠᠨ ) ᠵᠡᠷᠭᠡ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠢ ᠬᠠᠷᠢᠭᠤᠴᠠᠨ᠎ᠠ; ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠠᠯᠠᠭ᠎ᠠ ᠮᠥᠴᠢᠷ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠬᠤ ᠪᠠ ᠵᠠᠰᠠᠨ ᠰᠡᠷᠭᠦᠭᠡᠬᠦ ᠬᠣᠯᠪᠣᠭᠳᠠᠯ ᠪᠦᠬᠦᠢ ᠮᠡᠷᠭᠡᠵᠢᠯ᠎ᠦᠨ ᠰᠤᠳᠤᠯᠭᠠᠨ᠎ᠤ ᠠᠵᠢᠯ᠎ᠢ ᠬᠠᠷᠢᠭᠤᠴᠠᠨ ᠵᠢᠯᠣᠭᠣᠳᠤᠨ᠎ᠠ; ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ᠎ᠳᠦ ᠬᠣᠯᠪᠣᠭᠳᠠᠭᠰᠠᠨ ᠡᠷᠡᠭᠦᠦ᠎ᠶᠢᠨ ᠬᠡᠷᠡᠭ᠎ᠢ ᠰᠢᠢᠳᠪᠦᠷᠢᠯᠡᠬᠦ᠎ᠶᠢ ᠬᠠᠷᠢᠭᠤᠴᠠᠨ ᠵᠢᠯᠤᠭᠣᠳᠴᠤ᠂ ᠬᠡᠷᠡᠭ᠎ᠦᠨ ᠰᠦᠪᠡᠭᠴᠢ᠎ᠶᠢ ᠡᠮᠬᠢᠯᠡᠬᠦ ᠠᠵᠢᠯ᠎ᠢ ᠥᠷᠨᠢᠭᠦᠯᠵᠦ᠂ ᠡᠷᠡᠭᠦᠦ᠎ᠶᠢᠨ ᠬᠡᠷᠡᠭ᠎ᠢ ᠰᠢᠢᠳᠪᠦᠷᠢᠯᠡᠬᠦ ᠶᠠᠪᠤᠴᠠ᠎ᠳᠤ ᠢᠯᠡᠷᠡᠭᠦᠯᠦᠭᠰᠡᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠰᠡᠵᠢᠭᠯᠡᠯᠲᠡᠢ ᠬᠡᠷᠡᠭ᠎ᠦᠨ ᠰᠦᠪᠡᠭᠴᠢ᠎ᠶᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠪᠠᠢᠭᠤᠯᠤᠮᠵᠢ᠎ᠳᠤ ᠰᠢᠯᠵᠢᠭᠦᠯᠦᠨ ᠲᠤᠰᠢᠶᠠᠵᠤ ᠬᠣᠬᠢᠷᠠᠯ᠎ᠠᠴᠠ ᠲᠥᠯᠥᠪᠦᠷᠢ ᠠᠪᠬᠤ ᠠᠵᠢᠯ᠎ᠢ ᠥᠷᠨᠢᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠪᠠᠢᠭᠤᠯᠤᠮᠵᠢ᠎ᠶᠢᠨ ᠣᠷᠴᠢᠨ ᠲᠣᠭᠣᠷᠢᠨ᠎ᠤ ᠡᠬᠢ ᠪᠠᠶᠠᠯᠢᠭ᠋᠎ᠤᠨ ᠬᠠᠮᠠᠭᠠᠯᠠᠯᠲᠠ᠎ᠶᠢ ᠡᠪᠳᠡᠭᠰᠡᠨ ᠶᠠᠯ᠎ᠠ ᠬᠢᠭᠰᠡᠨ᠎ᠢᠶᠠᠷ ᠰᠡᠵᠢᠭᠯᠡᠭᠳᠡᠭᠰᠡᠨ ᠬᠡᠷᠡᠭ᠎ᠦᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ᠎ᠶᠢᠨ ᠪᠠᠢᠴᠠᠭᠠᠯᠲᠠ ᠵᠡᠷᠭᠡ ᠠᠵᠢᠯ᠎ᠢ ᠭᠦᠢᠴᠡᠳᠬᠡᠬᠦ᠎ᠶᠢ ᠳᠡᠮᠵᠢᠨ᠎ᠡ; ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠨᠢ ᠣᠷᠴᠢᠨ ᠲᠣᠭᠣᠷᠢᠨ᠎ᠤ ᠬᠣᠬᠢᠷᠠᠯ᠎ᠳᠦ ᠬᠣᠯᠪᠣᠭᠳᠠᠭᠰᠠᠨ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠬᠠᠮᠢᠶᠠᠷᠤᠯᠲᠠ᠎ᠶᠢᠨ ᠠᠵᠢᠯ᠎ᠢ ᠬᠠᠷᠢᠭᠤᠴᠠᠨ᠎ᠠ; ᠡᠳ᠋᠎ᠦᠨ ᠵᠠᠰᠠᠭ᠎ᠤᠨ ᠰᠠᠯᠠᠭ᠎ᠠ ᠮᠥᠴᠢᠷ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠬᠣᠯᠪᠣᠭᠳᠠᠯ ᠪᠦᠬᠦᠢ ᠲᠥᠯᠥᠪᠦᠷᠢ᠎ᠶᠢᠨ ᠪᠡᠯᠡ ᠮᠥᠩᠭᠥ᠎ᠶᠢᠨ ᠬᠠᠮᠢᠶᠠᠷᠤᠯᠲᠠ᠎ᠶᠢᠨ ᠠᠵᠢᠯ᠎ᠢ ᠬᠠᠷᠢᠭᠤᠴᠠᠨ᠎ᠠ; ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ ᠨᠢ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠠᠢ ᠬᠠᠮᠲᠤᠷᠠᠨ ᠣᠷᠴᠢᠨ ᠲᠣᠭᠣᠷᠢᠨ᠎ᠤ ᠡᠷᠡᠭᠦᠯ ᠮᠡᠨᠳᠦ᠎ᠶᠢᠨ ᠠᠰᠠᠭᠤᠳᠠᠯ᠎ᠤᠨ ᠲᠤᠬᠠᠢ ᠪᠠᠢᠴᠠᠭᠠᠨ ᠰᠤᠳᠤᠯᠤᠯᠲᠠ᠂ ᠣᠷᠴᠢᠨ ᠲᠣᠭᠣᠷᠢᠨ ᠬᠢᠭᠡᠳ ᠡᠷᠡᠭᠦᠯ ᠮᠡᠨᠳᠦ᠎ᠶᠢᠨ ᠶᠡᠷᠦᠩᠬᠡᠢᠯᠡᠭᠰᠡᠨ ᠬᠢᠨᠠᠨ ᠰᠢᠨᠵᠢᠯᠲᠡ ᠬᠢᠭᠡᠳ ᠲᠦᠭᠰᠢᠭᠦᠷᠢ᠎ᠶᠢᠨ ᠦᠨᠡᠯᠡᠨ ᠵᠢᠱ᠌ᠢᠯᠲᠡ᠎ᠶᠢ ᠥᠷᠨᠢᠭᠦᠯᠦᠨ᠎ᠡ ; ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠪᠠᠢᠭᠤᠯᠤᠮᠵᠢ᠎ᠲᠠᠢ ᠬᠠᠮᠵᠢᠯᠴᠠᠨ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠵᠤ ᠦᠨᠡᠯᠡᠨ ᠵᠢᠱ᠌ᠢᠬᠦ ᠬᠠᠮᠢᠶ᠎ᠠ ᠪᠦᠬᠦᠢ ᠬᠡᠮᠵᠢᠯᠲᠡ᠎ᠶᠢᠨ ᠠᠵᠢᠯ᠎ᠢ ᠥᠷᠨᠢᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠵᠠᠷᠭᠤ᠎ᠶᠢᠨ ᠬᠡᠷᠡᠭ᠎ᠢ ᠵᠢᠭᠠᠨ ᠵᠢᠯᠤᠭᠣᠳᠬᠤ ᠪᠠ ᠰᠢᠭᠦᠨ ᠰᠢᠢᠳᠪᠦᠷᠢᠯᠡᠬᠦ ᠠᠵᠢᠯ᠎ᠢ ᠬᠠᠷᠢᠭᠤᠴᠠᠨ᠎ᠠ; ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠵᠥᠪᠯᠡᠯᠴᠡᠭᠡᠷ᠎ᠦᠨ ᠬᠠᠤᠯᠢ ᠴᠠᠭᠠᠵᠠ᠎ᠶᠢᠨ ᠨᠤᠲᠠᠯᠠᠯᠲᠠ᠎ᠶᠢᠨ ᠠᠵᠢᠯ᠎ᠢ ᠵᠢᠭᠠᠨ ᠵᠢᠯᠣᠭᠣᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ᠎ᠦᠨ ᠪᠠᠢᠴᠠᠭᠠᠬᠤ ᠠᠵᠢᠯ᠎ᠢ ᠬᠠᠷᠢᠭᠤᠴᠠᠨ ᠵᠢᠯᠤᠭᠣᠳᠴᠤ᠂ ᠪᠠᠢᠴᠠᠭᠠᠬᠤ ᠪᠠᠢᠭᠤᠯᠭ᠎ᠠ᠎ᠶᠢᠨ ᠳᠤᠷᠠᠳᠤᠭᠰᠠᠨ ᠣᠷᠴᠢᠨ ᠲᠣᠭᠣᠷᠢᠨ᠎ᠤ ᠢᠷᠭᠡᠨ᠎ᠦ ᠬᠡᠷᠡᠭ᠎ᠦᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ ᠪᠠ ᠵᠠᠰᠠᠭ ᠵᠠᠬᠢᠷᠭᠠᠨ᠎ᠤ ᠪᠠᠢᠭᠤᠯᠭ᠎ᠠ᠎ᠶᠢᠨ ᠭᠦᠢᠴᠡᠳᠬᠡᠵᠦ ᠪᠠᠢᠭ᠎ᠠ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ᠎ᠦᠨ ᠬᠣᠭᠣᠷᠣᠨᠳᠣᠬᠢ ᠵᠣᠯᠭᠠᠯᠴᠠᠭ᠎ᠠ᠎ᠶᠢ ᠰᠠᠢᠲᠤᠷ ᠬᠢᠨ᠎ᠡ; ᠵᠠᠰᠠᠭ ᠵᠠᠬᠢᠷᠭᠠᠨ᠎ᠤ ᠪᠠᠢᠭᠤᠯᠭ᠎ᠠ᠎ᠶᠢᠨ ᠬᠢᠨ᠎ᠦ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠲᠤᠬᠠᠢ ᠵᠥᠪᠳᠡᠯᠴᠡᠭᠡ ᠪᠤᠶᠤ ᠵᠠᠷᠭᠤ᠎ᠶᠢ ᠰᠢᠢᠳᠪᠦᠷᠢᠯᠡᠬᠦ᠎ᠶᠢ ᠨᠢ ᠳᠡᠮᠵᠢᠨ᠎ᠡ; ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠦᠭᠡᠢ ᠵᠠᠰᠠᠭ ᠵᠠᠬᠢᠷᠭᠠᠨ᠎ᠤ ᠪᠠᠢᠭᠤᠯᠭ᠎ᠠ᠎ᠳᠤ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢ ᠥᠷᠨᠢᠭᠦᠯᠦᠨ᠎ᠡ᠃
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠨᠢ ᠣᠷᠣᠨ ᠨᠤᠲᠤᠭ᠎ᠤᠨ ᠠᠵᠢᠯ᠎ᠤᠨ ᠪᠣᠳᠠᠲᠤ ᠪᠠᠢᠳᠠᠯ᠎ᠢᠶᠠᠨ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯᠳᠦᠪᠡᠨ ᠲᠣᠬᠢᠷᠠᠭᠤᠯᠤᠯᠲᠠ ᠬᠢᠵᠦ ᠪᠣᠯᠣᠨ᠎ᠠ ᠃
ᠳᠣᠯᠣᠳᠤᠭᠠᠷ ᠵᠦᠢᠯ ᠬᠠᠤᠯᠢ ᠴᠠᠭᠠᠵᠠ ᠬᠠᠤᠯᠢ ᠲᠣᠭᠲᠠᠭᠠᠯ᠎ᠠᠴᠠ ᠵᠥᠷᠢᠴᠡᠵᠦ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠨᠢᠭᠡᠴᠢ ᠪᠤᠶᠤ ᠬᠤᠪᠢ ᠬᠥᠮᠥᠨ ᠨᠢ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠤᠨ ᠲᠥᠯᠥᠪᠦᠷᠢ ᠥᠭᠬᠦ ᠡᠭᠦᠷᠭᠡᠲᠦ ᠬᠥᠮᠥᠨ ᠪᠣᠯᠣᠨ᠎ᠠ᠂ ᠬᠠᠤᠯᠢ ᠴᠠᠭᠠᠵᠠ ᠬᠠᠤᠯᠢ ᠲᠣᠭᠲᠠᠭᠠᠯ᠎ᠤᠨ ᠱᠠᠭᠠᠷᠳᠠᠯᠭ᠎ᠠ ᠪᠠ ᠬᠦᠷᠢᠶ᠎ᠡ ᠬᠡᠪᠴᠢᠶ᠎ᠡ ᠶᠣᠰᠣᠭᠠᠷ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠳᠤ ᠲᠥᠯᠥᠪᠦᠷᠢ ᠥᠭᠬᠦ ᠬᠠᠷᠢᠭᠤᠴᠠᠯᠭ᠎ᠠ᠎ᠶᠢ ᠡᠭᠦᠷᠭᠡᠯᠡᠬᠦ ᠬᠡᠷᠡᠭᠲᠡᠢ᠃ ᠢᠷᠭᠡᠨ᠎ᠦ ᠬᠡᠷᠡᠭ᠎ᠦᠨ ᠬᠠᠤᠯᠢ ᠴᠠᠭᠠᠵᠠ ᠪᠠ ᠡᠬᠢ ᠪᠠᠶᠠᠯᠢᠭ᠋ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠳᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠳᠦ ᠲᠥᠯᠥᠪᠦᠷᠢ ᠥᠭᠬᠦ ᠬᠠᠷᠢᠭᠤᠴᠠᠯᠭ᠎ᠠ᠎ᠶᠢ ᠬᠡᠯᠲᠦᠷᠢᠭᠦᠯᠬᠦ ᠪᠤᠶᠤ ᠬᠥᠩᠭᠡᠷᠡᠭᠦᠯᠬᠦ ᠬᠠᠮᠢᠶ᠎ᠠ ᠪᠦᠬᠦᠢ ᠲᠣᠭᠲᠠᠭᠠᠯ᠎ᠲᠠᠢ ᠪᠠᠢᠪᠠᠯ᠂ ᠵᠣᠬᠢᠬᠤ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠨᠠᠢ᠍ᠮᠠᠳᠤᠭᠠᠷ ᠵᠦᠢᠯ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠵᠥᠪᠳᠡᠯᠴᠡᠭᠡ ᠭᠡᠳᠡᠭ ᠨᠢ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ ᠡᠭᠦᠰᠦᠭᠰᠡᠨᠦ ᠳᠠᠷᠠᠭ᠎ᠠ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠲᠥᠯᠥᠪᠦᠷᠢ ᠥᠭᠬᠦ ᠡᠭᠦᠷᠭᠡᠲᠦ ᠬᠥᠮᠥᠨ ᠯᠦ᠍ᠭᠡ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠭᠰᠠᠨ ᠰᠠᠨᠠᠯ᠂ ᠦᠨᠡᠯᠡᠨ ᠵᠢᠱ᠌ᠢᠭᠰᠡᠨ ᠮᠡᠳᠡᠭᠦᠯᠦᠯᠲᠡ᠂ ᠲᠤᠰᠬᠠᠢ ᠮᠡᠷᠭᠡᠵᠢᠯᠲᠡᠨ᠎ᠦ ᠰᠠᠨᠠᠯ ᠪᠤᠶᠤ ᠵᠠᠰᠠᠭ ᠵᠠᠬᠢᠷᠭᠠᠨ᠎ᠤ ᠪᠠᠢᠭᠤᠯᠭ᠎ᠠ᠎ᠶᠢᠨ ᠶᠡᠷᠦᠩᠬᠡᠢᠯᠡᠭᠰᠡᠨ ᠮᠠᠭᠠᠳᠯᠠᠨ ᠲᠣᠭᠲᠠᠭᠠᠯᠲᠠ᠎ᠶᠢ ᠦᠨᠳᠦᠰᠦᠯᠡᠨ᠂ ᠵᠠᠰᠠᠨ ᠰᠡᠷᠭᠦᠭᠡᠬᠦ ᠠᠷᠭ᠎ᠠ ᠮᠠᠶᠢᠭ᠋᠂ ᠡᠬᠢᠯᠡᠭᠦᠯᠬᠦ ᠴᠠᠭ ᠬᠤᠭᠤᠴᠠᠭ᠎ᠠ ᠬᠢᠭᠡᠳ ᠬᠤᠭᠤᠴᠠᠭ᠎ᠠ ᠬᠢᠵᠠᠭᠠᠷ᠂ ᠲᠥᠯᠥᠪᠦᠷᠢ᠎ᠶᠢᠨ ᠬᠠᠷᠢᠭᠤᠴᠠᠯᠭ᠎ᠠ ᠡᠭᠦᠷᠭᠡᠯᠡᠬᠦ ᠠᠷᠭ᠎ᠠ ᠮᠠᠶᠢᠭ᠋ ᠬᠢᠭᠡᠳ ᠬᠤᠭᠤᠴᠠᠭ᠎ᠠ ᠬᠢᠵᠠᠭᠠᠷ ᠵᠡᠷᠭᠡ ᠪᠣᠳᠠᠲᠠᠢ ᠠᠰᠠᠭᠤᠳᠠᠯ᠎ᠤᠨ ᠲᠤᠬᠠᠢ ᠡᠷᠬᠡ ᠲᠡᠭᠰᠢ᠎ᠪᠡᠷ ᠵᠥᠪᠳᠡᠯᠴᠡᠬᠦ᠎ᠶᠢ ᠵᠢᠭᠠᠵᠤ ᠪᠣᠢ᠃ ᠵᠠᠰᠠᠨ ᠰᠡᠷᠭᠦᠭᠡᠬᠦ ᠲᠥᠰᠥᠯ᠎ᠦᠨ ᠮᠡᠷᠭᠡᠵᠢᠯ᠎ᠦᠨ ᠪᠣᠯᠣᠮᠵᠢᠲᠤ ᠴᠢᠨᠠᠷ᠂ ᠥᠪᠡᠷ᠎ᠦᠨ ᠥᠷᠲᠡᠭ᠎ᠦᠨ ᠦᠷ᠎ᠡ ᠠᠰᠢᠭ᠋᠎ᠢ ᠬᠠᠮᠤᠭ᠎ᠤᠨ ᠰᠢᠯᠢᠳᠡᠭ ᠪᠣᠯᠭᠠᠬᠤ᠂ ᠲᠥᠯᠥᠪᠦᠷᠢ ᠥᠭᠬᠦ ᠡᠭᠦᠷᠭᠡᠲᠦ ᠬᠥᠮᠥᠨ᠎ᠦ ᠲᠥᠯᠥᠬᠦ ᠴᠢᠳᠠᠪᠤᠷᠢ᠂ ᠭᠤᠷᠪᠠᠳᠠᠭᠢ ᠡᠲᠡᠭᠡᠳ᠎ᠦᠨ ᠵᠠᠰᠠᠯᠲᠠ᠎ᠶᠢᠨ ᠪᠣᠯᠣᠮᠵᠢᠲᠤ ᠴᠢᠨᠠᠷ ᠵᠡᠷᠭᠡ ᠪᠠᠢᠳᠠᠯ᠎ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠲᠥᠯᠥᠪᠦᠷᠢ᠎ᠶᠢᠨ ᠵᠥᠪᠯᠡᠯᠴᠡᠭᠡᠷ ᠲᠣᠭᠲᠠᠨ᠎ᠠ ᠃
ᠶᠢᠰᠦᠳᠦᠭᠡᠷ ᠵᠦᠢᠯ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ᠎ᠦᠨ ᠲᠥᠯᠥᠪᠦᠷᠢ᠎ᠶᠢᠨ ᠪᠡᠯᠡ ᠮᠥᠩᠭᠥ᠎ᠶᠢᠨ ᠬᠡᠷᠡᠭᠯᠡᠯᠲᠡ᠂ ᠬᠠᠮᠢᠶᠠᠷᠤᠯᠲᠠ᠎ᠶᠢ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠠᠷᠪᠠᠳᠤᠭᠠᠷ ᠵᠦᠢᠯ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ᠎ᠦᠨ ᠳᠠᠩᠰᠠ ᠡᠪᠬᠡᠮᠡᠯ᠎ᠢ ᠪᠠᠶ᠋ᠢᠭᠤᠯᠬᠤ ᠬᠡᠷᠡᠭᠲᠡᠢ᠂ ᠡᠭᠦᠨ᠎ᠳᠦ ᠪᠠᠢᠴᠠᠭᠠᠯᠲᠠ᠎ᠶᠢᠨ ᠮᠠᠲᠧᠷᠢᠶᠠᠯ᠂ ᠬᠢᠨᠠᠨ ᠲᠣᠭᠲᠠᠭᠠᠭᠰᠠᠨ ᠰᠠᠨᠠᠯ ᠪᠤᠶᠤ ᠦᠨᠡᠯᠡᠨ ᠵᠢᠱ᠌ᠢᠭᠰᠡᠨ ᠮᠡᠳᠡᠭᠦᠯᠦᠯᠲᠡ᠂ ᠲᠥᠯᠥᠪᠦᠷᠢ᠎ᠶᠢᠨ ᠵᠥᠪᠯᠡᠯᠴᠡᠭᠡᠷ᠂ ᠵᠠᠰᠠᠨ ᠰᠡᠷᠭᠦᠭᠡᠬᠦ ᠠᠵᠢᠯ ᠵᠡᠷᠭᠡ ᠬᠣᠯᠪᠣᠭᠳᠠᠯ ᠪᠦᠬᠦᠢ ᠬᠡᠷᠡᠭ᠎ᠢ ᠰᠢᠢᠳᠪᠦᠷᠢᠯᠡᠭᠰᠡᠨ ᠪᠠᠢᠳᠠᠯ ᠪᠠᠭᠲᠠᠨ᠎ᠠ᠃ ᠳᠠᠨᠭᠰᠠ ᠡᠪᠬᠡᠮᠡᠯ᠎ᠦᠨ ᠮᠠᠲᠧᠷᠢᠶᠠᠯ᠎ᠢ ᠪᠣᠯ ᠨᠢᠭᠡ ᠬᠡᠷᠡᠭ ᠲᠤ ᠨᠢᠭᠡ ᠳᠠᠩᠰᠠ ᠡᠪᠬᠡᠮᠡᠯ ᠪᠠᠢᠭᠤᠯᠵᠤ᠂ ᠤᠷᠳᠤ ᠬᠤᠭᠤᠴᠠᠭ᠎ᠠ᠎ᠪᠠᠷ ᠬᠠᠳᠠᠭᠠᠯᠠᠬᠤ ᠬᠡᠷᠡᠭᠲᠡᠢ᠃
ᠠᠷᠪᠠᠨ ᠨᠢᠭᠡᠳᠦᠭᠡᠷ ᠵᠦᠢᠯ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠬᠣᠭᠣᠷᠣᠨᠳᠤ᠎ᠪᠠᠨ ᠵᠢᠴᠢ ᠬᠠᠤᠯᠢ ᠴᠠᠭᠠᠵᠠ᠎ᠶᠢᠨ ᠪᠠᠢᠭᠤᠯᠭ᠎ᠠ ᠯᠤᠭ᠎ᠠ᠎ᠶᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭᠠᠳᠬᠠᠵᠤ᠂ ᠮᠡᠳᠡᠭᠡ ᠵᠠᠩᠭᠢ᠎ᠶᠢ ᠬᠠᠮᠲᠤ᠎ᠳᠦ᠎ᠪᠡᠨ ᠬᠦᠷᠲᠡᠬᠦ ᠪᠠ ᠰᠦᠪᠡᠭᠴᠢ᠎ᠶᠢ ᠰᠢᠭ᠌ᠰᠢᠨ ᠪᠠᠢᠴᠠᠭᠠᠬᠤ᠂ ᠰᠢᠯᠵᠢᠭᠦᠯᠦᠨ ᠬᠦᠷᠭᠡᠬᠦ ᠲᠣᠭᠲᠠᠴᠠ᠎ᠶᠢ ᠪᠠᠶ᠋ᠢᠭᠤᠯᠬᠤ ᠬᠡᠷᠡᠭᠲᠡᠢ᠃
ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ᠎ᠦᠨ ᠠᠬᠢᠴᠠ᠎ᠶᠢᠨ ᠪᠠᠢᠳᠠᠯ᠎ᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠥᠭᠡᠷᠡᠴᠢᠯᠡᠯᠲᠡ᠎ᠶᠢᠨ ᠠᠬᠢᠴᠠ᠎ᠶᠢᠨ ᠮᠡᠳᠡᠭᠦᠯᠦᠨ ᠬᠦᠷᠭᠡᠬᠦ ᠰᠢᠰᠲᠧᠮ᠎ᠳᠦ ᠴᠠᠭ ᠲᠤᠬᠠᠢ᠎ᠳᠤ ᠨᠢ ᠲᠡᠮᠳᠡᠭᠯᠡᠵᠦ ᠣᠷᠣᠭᠤᠯᠬᠤ ᠬᠡᠷᠡᠭᠲᠡᠢ᠃
ᠬᠣᠶᠠᠳᠤᠭᠠᠷ ᠪᠦᠯᠦᠭ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠠᠩᠬ᠎ᠠ ᠠᠯᠬᠤᠮ ᠬᠠᠷᠭᠤᠭᠤᠯᠤᠨ ᠪᠠᠢᠴᠠᠭᠠᠬᠤ ᠪᠠ ᠪᠠᠢᠴᠠᠭᠠᠯᠲᠠ ᠬᠢᠬᠦ
ᠠᠷᠪᠠᠨ ᠬᠣᠶᠠᠳᠤᠭᠠᠷ ᠵᠦᠢᠯ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠳᠣᠣᠷᠠᠬᠢ ᠬᠡᠷᠡᠭ ᠪᠠ ᠵᠦᠢᠯᠡᠰ᠎ᠢ ᠰᠢᠢᠳᠪᠦᠷᠢᠯᠡᠬᠦ᠎ᠳᠦ᠎ᠪᠡᠨ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠶᠢ ᠠᠩᠬ᠎ᠠ ᠠᠯᠬᠤᠮ ᠬᠠᠷᠭᠤᠭᠤᠯᠤᠨ ᠪᠠᠢᠴᠠᠭᠠᠬᠤ ᠠᠵᠢᠯ᠎ᠢ ᠪᠡᠶᠡᠯᠡᠭᠦᠯᠦᠭᠰᠡᠨ᠎ᠦ ᠳᠠᠷᠠᠭ᠎ᠠ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠢ ᠡᠬᠢᠯᠡᠭᠦᠯᠬᠦ ᠡᠰᠡᠬᠦ᠎ᠪᠠᠨ ᠲᠣᠭᠲᠠᠭᠠᠬᠤ᠎ᠶᠢᠨ ᠬᠠᠮᠲᠤ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠰᠦᠪᠡᠭᠴᠢ᠎ᠶᠢ ᠰᠢᠭ᠌ᠰᠢᠨ ᠪᠠᠢᠴᠠᠭᠠᠬᠤ ᠱᠠᠭᠠᠷᠳᠠᠯᠭ᠎ᠠ ᠶᠣᠰᠣᠭᠠᠷ᠂ ᠲᠤᠰ ᠬᠡᠷᠡᠭ᠎ᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠰᠦᠪᠡᠭᠴᠢ ᠪᠣᠯᠭᠠᠨ ᠲᠤᠰ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠦ ᠬᠦᠷᠭᠡᠵᠦ ᠬᠤᠷᠢᠶᠠᠩᠭᠤᠢᠯᠠᠭᠤᠯᠤᠨᠠ ᠄
( ᠨᠢᠭᠡ ) ᠲᠥᠪ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠰᠢᠮᠳᠠᠭᠤᠯᠤᠨ ᠪᠠᠢᠴᠠᠭᠠᠭᠠᠳ ᠢᠯᠡᠷᠡᠭᠦᠯᠦᠭᠰᠡᠨ ᠬᠡᠷᠡᠭ᠎ᠦᠨ ᠰᠦᠪᠡᠭᠴᠢ ;
( ᠬᠣᠶᠠᠷ ) ᠠᠮᠢ ᠠᠬᠤᠢ ᠣᠷᠴᠢᠨ ᠲᠣᠭᠣᠷᠢᠨ᠎ᠤ ᠭᠡᠨᠡᠳᠲᠡ᠎ᠶᠢᠨ ᠬᠡᠷᠡᠭ;
( ᠭᠤᠷᠪᠠ ) ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠡᠬᠢ ᠪᠠᠶᠠᠯᠢᠭ᠋ ᠬᠢᠭᠡᠳ ᠣᠷᠴᠢᠨ ᠲᠣᠭᠣᠷᠢᠨ᠎ᠤ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠬᠡᠷᠡᠭ;
( ᠳᠥᠷᠪᠡ ) ᠣᠷᠴᠢᠨ ᠲᠣᠭᠣᠷᠢᠨ᠎ᠤ ᠡᠬᠢ ᠪᠠᠶᠠᠯᠢᠭ᠋᠎ᠤᠨ ᠬᠠᠮᠠᠭᠠᠯᠠᠯᠲᠠ᠎ᠶᠢ ᠡᠪᠳᠡᠭᠰᠡᠨ ᠶᠠᠯ᠎ᠠ ᠬᠢᠭᠰᠡᠨ ᠰᠡᠵᠢᠭᠯᠡᠯᠲᠡᠢ ᠬᠡᠷᠡᠭ;
( ᠲᠠᠪᠤ ) ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ ᠵᠡᠷᠭᠡ ᠨᠡᠭᠡᠭᠡᠨ ᠬᠥᠭᠵᠢᠭᠦᠯᠬᠦ᠎ᠶᠢ ᠴᠠᠭᠠᠵᠠᠯᠠᠭᠰᠠᠨ ᠣᠷᠣᠨ ᠪᠦᠰᠡ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ᠎ᠳᠦ ᠲᠣᠭᠲᠠᠭᠠᠭᠰᠠᠨ ᠭᠣᠣᠯᠳᠠᠯᠭ᠎ᠠ᠎ᠲᠠᠢ ᠠᠮᠢ ᠠᠬᠤᠢ᠎ᠶᠢᠨ ᠴᠢᠳᠠᠮᠵᠢᠲᠤ ᠣᠷᠣᠨ᠎ᠳᠤ ᠡᠭᠦᠰᠦᠭᠰᠡᠨ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ᠂ ᠠᠮᠢ ᠠᠬᠤᠢ᠎ᠶᠢ ᠡᠪᠳᠡᠭᠰᠡᠨ ᠬᠡᠷᠡᠭ ;
( ᠵᠢᠷᠭᠤᠭ᠎ᠠ ) ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ᠎ᠶᠢᠨ ᠲᠣᠭᠣᠷᠢᠨ ᠪᠠᠢᠴᠠᠭᠠᠯᠲᠠ᠂ ᠡᠯ᠎ᠡ ᠵᠦᠢᠯ᠎ᠦᠨ ᠡᠬᠢ ᠪᠠᠶᠠᠯᠢᠭ᠋ ᠬᠢᠭᠡᠳ ᠣᠷᠴᠢᠨ ᠲᠣᠭᠣᠷᠢᠨ᠎ᠤ ᠲᠤᠰᠬᠠᠢ ᠠᠵᠢᠯᠯᠠᠭᠠᠨ᠎ᠢᠶᠠᠷ ᠢᠯᠡᠷᠡᠭᠦᠯᠦᠭᠰᠡᠨ ᠬᠡᠷᠡᠭ᠎ᠦᠨ ᠰᠦᠪᠡᠭᠴᠢ ;
( ᠲᠤᠯᠤᠭ᠎ᠠ ) ᠵᠠᠬᠢᠳᠠᠯ ᠰᠤᠷᠪᠤᠯᠵᠢᠯᠠᠯ᠎ᠢᠶᠠᠷ ᠵᠠᠭᠠᠯᠳᠤᠭᠰᠠᠨ᠂ ᠢᠯᠡᠴᠢᠯᠡᠨ ᠮᠡᠳᠡᠭᠦᠯᠦᠭᠰᠡᠨ ᠪᠠ ᠵᠠᠭᠤᠴᠢᠯᠠᠭᠤᠷ᠎ᠢᠶᠡᠷ ᠢᠯᠡᠴᠢᠯᠡᠭᠰᠡᠨ᠎ᠳᠦ ᠬᠣᠯᠪᠣᠭᠳᠠᠭᠰᠠᠨ ᠬᠡᠷᠡᠭ᠎ᠦᠨ ᠰᠦᠪᠡᠭᠴᠢ;
( ᠨᠠᠢ᠍ᠮᠠ ) ᠳᠡᠭᠡᠳᠦ ᠱᠠᠲᠤᠨ᠎ᠤ ᠪᠠᠢᠭᠤᠯᠭ᠎ᠠ᠎ᠶᠢᠨ ᠰᠢᠢᠳᠪᠦᠷᠢᠯᠡᠭᠦᠯᠬᠦ᠎ᠪᠡᠷ ᠲᠤᠰᠢᠶᠠᠭᠰᠠᠨ ᠬᠡᠷᠡᠭ᠎ᠦᠨ ᠰᠦᠪᠡᠭᠴᠢ;
( ᠶᠢᠰᠦ ) ᠪᠠᠢᠴᠠᠭᠠᠬᠤ ᠪᠠᠢᠭᠤᠯᠭ᠎ᠠ᠎ᠶᠢᠨ ᠰᠢᠯᠵᠢᠭᠦᠯᠦᠨ ᠬᠦᠷᠭᠡᠭᠰᠡᠨ ᠬᠡᠷᠡᠭ᠎ᠦᠨ ᠰᠦᠪᠡᠭᠴᠢ;
( ᠠᠷᠪᠠ ) ᠲᠥᠯᠥᠪᠦᠷᠢ ᠠᠪᠬᠤ ᠡᠷᠬᠡᠲᠦ ᠬᠥᠮᠥᠨ᠎ᠦ ᠲᠣᠭᠲᠠᠭᠠᠭᠰᠠᠨ ᠰᠦᠪᠡᠭᠴᠢ ᠪᠣᠯᠭᠠᠬᠤ ᠪᠤᠰᠤᠳ ᠠᠷᠭ᠎ᠠ ᠵᠠᠮ᠃
ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠂ ᠵᠠᠷᠭᠤ ᠬᠢᠬᠦ ᠵᠡᠷᠭᠡ ᠪᠤᠰᠤᠳ ᠠᠷᠭ᠎ᠠ ᠵᠠᠮ᠎ᠢᠶᠠᠷ ᠳᠠᠮᠵᠢᠭᠤᠯᠤᠨ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ᠎ᠢᠶᠠᠨ ᠵᠠᠰᠠᠨ ᠰᠡᠷᠭᠦᠭᠡᠬᠦ᠎ᠶᠢ ᠨᠢᠭᠡᠨᠲᠡ ᠪᠡᠶᠡᠯᠡᠭᠦᠯᠦᠭᠰᠡᠨ ᠬᠡᠷᠡᠭ᠎ᠢ ᠪᠣᠯ᠂ ᠰᠦᠪᠡᠭᠴᠢ᠎ᠶᠢ ᠰᠢᠭ᠌ᠰᠢᠨ ᠪᠠᠢᠴᠠᠭᠠᠬᠤ ᠬᠡᠪᠴᠢᠶᠡᠨ᠎ᠳᠦ ᠣᠷᠣᠭᠤᠯᠬᠤ ᠦᠭᠡᠢ ᠃
ᠠᠷᠪᠠᠨ ᠭᠤᠷᠪᠠᠳᠤᠭᠠᠷ ᠵᠦᠢᠯ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ᠎ᠦᠨ ᠰᠦᠪᠡᠭᠴᠢ᠎ᠶᠢ ᠰᠢᠭ᠌ᠰᠢᠨ ᠪᠠᠢᠴᠠᠭᠠᠬᠤ ᠠᠵᠢᠯ᠎ᠢ ᠵᠣᠬᠢᠶᠠᠨ ᠪᠠᠶ᠋ᠢᠭᠤᠯᠬᠤ᠎ᠶᠢᠨ ᠬᠠᠮᠲᠤ᠂ ᠬᠡᠷᠡᠭ᠎ᠢ ᠰᠢᠢᠳᠪᠦᠷᠢᠯᠡᠬᠦ ᠲᠣᠳᠣᠷᠬᠠᠢ ᠬᠠᠭᠤᠳᠠᠰᠤ᠎ᠶᠢ ᠪᠠᠢᠭᠤᠯᠵᠤ᠂ ᠮᠥᠷᠳᠡᠨ ᠳᠠᠭᠠᠵᠤ ᠬᠠᠮᠢᠶᠠᠷᠤᠯᠲᠠ ᠬᠢᠬᠦ᠎ᠶᠢ ᠬᠡᠷᠡᠭᠵᠢᠭᠦᠯᠬᠦ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠎ᠶᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠨᠢ ᠲᠦᠷᠦᠭᠦᠯᠡᠨ ᠬᠢᠬᠦ ᠪᠠ ᠵᠢᠭᠠᠨ ᠵᠢᠯᠤᠭᠣᠳᠬᠤ ᠦᠢᠯᠡᠳᠦᠯ᠎ᠢᠶᠡᠨ ᠪᠠᠳᠠᠷᠠᠭᠤᠯᠵᠤ᠂ ᠲᠣᠰ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠰᠦᠪᠡᠭᠴᠢ᠎ᠶᠢ ᠰᠢᠭ᠌ᠰᠢᠨ ᠪᠠᠢᠴᠠᠭᠠᠬᠤ ᠪᠦᠬᠦᠯᠢ ᠴᠣᠭᠴᠠ᠎ᠶᠢᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠦᠪᠡᠭᠴᠢ᠎ᠶᠢ ᠰᠢᠭ᠌ᠰᠢᠨ ᠪᠠᠢᠴᠠᠭᠠᠭᠰᠠᠨ ᠪᠠᠢᠳᠠᠯ ᠪᠠ ᠬᠣᠯᠪᠣᠭᠳᠠᠯ ᠪᠦᠬᠦᠢ ᠠᠵᠢᠯ᠎ᠤᠨ ᠠᠬᠢᠴᠠ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠢᠶᠠᠩᠭᠤᠢᠯᠠᠨ ᠵᠠᠳᠠᠯᠬᠤ᠎ᠶᠢᠨ ᠬᠠᠮᠲᠤ᠂ ᠮᠡᠳᠡᠭᠡ ᠵᠠᠩᠭᠢ᠎ᠶᠢ ᠬᠠᠮᠲᠤ᠎ᠳᠤ᠎ᠪᠠᠨ ᠭᠥᠷᠳᠡᠬᠦ᠎ᠶᠢ ᠰᠠᠢᠲᠤᠷ ᠬᠢᠬᠦ ᠬᠡᠷᠡᠭᠲᠡᠢ ᠃
ᠠᠷᠪᠠᠨ ᠳᠥᠷᠪᠡᠳᠦᠭᠡᠷ ᠵᠦᠢᠯ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ᠎ᠦᠨ ᠰᠦᠪᠡᠭᠴᠢ᠎ᠶᠢ ᠣᠯᠵᠤ ᠮᠡᠳᠡᠭᠰᠡᠨ ᠪᠤᠶᠤ ᠬᠦᠯᠢᠶᠡᠨ ᠠᠪᠤᠭᠰᠠᠨ᠎ᠤ ᠳᠠᠷᠠᠭ᠎ᠠ᠂ 30 ᠡᠳᠦᠷ᠎ᠦᠨ ᠳᠣᠲᠣᠷ᠎ᠠ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠡᠰᠡᠬᠦ᠎ᠶᠢ ᠠᠩᠬ᠎ᠠ ᠠᠯᠬᠤᠮ ᠬᠠᠷᠭᠤᠭᠤᠯᠤᠨ ᠪᠠᠢᠴᠠᠭᠠᠬᠤ ᠬᠡᠷᠡᠭᠲᠡᠢ᠂ ᠡᠭᠦᠨ᠎ᠦ ᠬᠠᠮᠲᠤ ᠬᠠᠮᠢᠶ᠎ᠠ ᠪᠦᠬᠦᠢ ᠠᠷᠠᠳ᠎ᠤᠨ ᠰᠢᠭᠦᠬᠦ ᠬᠣᠷᠢᠶ᠎ᠠ ᠪᠠ ᠪᠠᠢᠴᠠᠭᠠᠬᠤ ᠪᠠᠢᠭᠤᠯᠭ᠎ᠠ᠎ᠳᠤ ᠮᠡᠳᠡᠭᠳᠡᠵᠦ ᠪᠣᠯᠣᠨ᠎ᠠ᠃ ᠨᠢᠭᠡᠨᠲᠡ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠠᠢᠪᠠᠯ᠂ ᠴᠠᠭ ᠲᠤᠬᠠᠢ᠎ᠳᠤ ᠨᠢ ᠬᠡᠷᠡᠭ ᠪᠣᠯᠭᠠᠨ ᠲᠥᠯᠥᠪᠦᠷᠢ ᠨᠡᠬᠡᠬᠦ ᠳᠡᠰ ᠳᠠᠷᠠᠭᠠᠯᠠᠯ᠎ᠢ ᠡᠬᠢᠯᠡᠭᠦᠯᠬᠦ ᠬᠡᠷᠡᠭᠲᠡᠢ᠃
ᠠᠷᠪᠠᠨ ᠲᠠᠪᠤᠳᠤᠭᠠᠷ ᠵᠦᠢᠯ ᠠᠩᠬ᠎ᠠ ᠠᠯᠬᠤᠮ᠎ᠤᠨ ᠬᠠᠷᠭᠤᠭᠤᠯᠤᠨ ᠪᠠᠢᠴᠠᠭᠠᠯᠲᠠ᠎ᠪᠠᠷ ᠳᠠᠮᠵᠢᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠶᠢᠨ ᠲᠥᠯᠥᠪᠦᠷᠢ᠎ᠶᠢ ᠡᠬᠢᠯᠡᠭᠦᠯᠬᠦ ᠴᠢᠬᠤᠯᠠᠲᠠᠢ ᠪᠠᠢᠬᠤ᠎ᠶᠢ ᠣᠯᠵᠤ ᠮᠡᠳᠡᠪᠡᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠬᠠᠷᠢᠭᠤᠴᠠᠯᠭᠠᠲᠠᠨ᠎ᠳᠤ᠎ᠪᠠᠨ ᠮᠡᠳᠡᠭᠦᠯᠵᠦ ᠵᠥᠪᠰᠢᠶᠡᠷᠡᠭᠦᠯᠦᠭᠰᠡᠨ᠎ᠦ ᠳᠠᠷᠠᠭ᠎ᠠ ᠬᠡᠷᠡᠭ ᠪᠣᠯᠭᠠᠨ᠎ᠠ᠃
ᠠᠩᠬ᠎ᠠ ᠠᠯᠬᠤᠮ᠎ᠤᠨ ᠬᠠᠷᠭᠤᠭᠤᠯᠤᠨ ᠪᠠᠢᠴᠠᠭᠠᠯᠲᠠ᠎ᠪᠠᠷ ᠳᠡᠮᠵᠢᠨ᠂ ᠳᠣᠣᠷᠠᠬᠢ ᠪᠠᠢᠳᠠᠯ᠎ᠤᠨ ᠨᠢᠭᠡ ᠨᠢ ᠣᠷᠣᠰᠢᠵᠤ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠲᠥᠯᠥᠪᠦᠷᠢ ᠨᠡᠬᠡᠬᠦ ᠳᠡᠰ ᠳᠠᠷᠠᠭᠠᠯᠠᠯ᠎ᠢ ᠡᠬᠢᠯᠡᠭᠦᠯᠬᠦ ᠦᠭᠡᠢ ᠪᠠᠢᠵᠤ ᠪᠣᠯᠣᠨ᠎ᠠ ᠄
( ᠨᠢᠭᠡ ) ᠲᠥᠯᠥᠪᠦᠷᠢ ᠥᠭᠬᠦ ᠡᠭᠦᠷᠭᠡᠲᠦ ᠬᠥᠮᠥᠨ ᠲᠥᠯᠥᠪᠦᠷᠢ᠎ᠶᠢᠨ ᠡᠭᠦᠷᠭᠡ᠎ᠪᠡᠨ ᠨᠢᠭᠡᠨᠲᠡ ᠭᠦᠢᠴᠡᠳᠬᠡᠭᠰᠡᠨ;
( ᠬᠣᠶᠠᠷ ) ᠠᠷᠠᠳ᠎ᠤᠨ ᠰᠢᠭᠦᠬᠦ ᠬᠣᠷᠢᠶ᠎ᠠ ᠠᠳᠠᠯᠢ ᠨᠢᠭᠡᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠶᠢᠨ ᠲᠤᠬᠠᠢ ᠨᠢᠭᠡᠨᠲᠡ ᠬᠦᠴᠦᠨ᠎ᠲᠠᠢ ᠪᠣᠯᠤᠭᠰᠠᠨ ᠲᠠᠰᠤᠯᠤᠨ ᠲᠣᠭᠲᠠᠭᠠᠯᠲᠠ᠎ᠶᠢᠨ ᠪᠢᠴᠢᠭ ᠬᠠᠷ᠎ᠠ᠎ᠶᠢ ᠪᠦᠷᠢᠯᠳᠦᠭᠦᠯᠵᠦ᠂ ᠲᠥᠯᠥᠪᠦᠷᠢ ᠠᠪᠬᠤ ᠡᠷᠬᠡᠲᠦ ᠬᠥᠮᠥᠨ᠎ᠦ ᠲᠥᠯᠥᠪᠦᠷᠢ ᠠᠪᠬᠤ ᠭᠤᠶᠤᠴᠢᠯᠠᠯ ᠨᠢ ᠨᠢᠭᠡᠨᠲᠡ ᠳᠡᠮᠵᠢᠯᠭᠡ ᠣᠯᠣᠭᠰᠠᠨ ᠵᠠᠷᠭᠤ᠎ᠶᠢᠨ ᠭᠤᠶᠤᠴᠢᠯᠠᠯ᠎ᠳᠤ ᠪᠦᠬᠦᠨ᠎ᠢᠶᠡᠷ᠎ᠢᠶᠡᠨ ᠬᠠᠮᠤᠷᠤᠭᠳᠠᠭᠰᠠᠨ;
( ᠭᠤᠷᠪᠠ ) ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠪᠤᠶᠤ ᠠᠮᠢ ᠠᠬᠤᠢ᠎ᠶᠢ ᠡᠪᠳᠡᠭᠰᠡᠨ ᠦᠢᠯᠡ ᠠᠵᠢᠯᠯᠠᠭ᠎ᠠ᠎ᠠᠴᠠ ᠪᠣᠯᠤᠭᠰᠠᠨ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ ᠨᠢ ᠢᠯᠡᠳᠲᠡ ᠬᠥᠩᠭᠡᠪᠲᠦᠷ᠂ ᠮᠥᠷᠲᠡᠭᠡᠨ ᠲᠥᠯᠥᠬᠦ ᠴᠢᠬᠤᠯᠠ ᠦᠭᠡᠢ ᠪᠠᠢᠬᠤ;
( ᠳᠥᠷᠪᠡ ) ᠲᠥᠯᠥᠪᠦᠷᠢ᠎ᠶᠢᠨ ᠡᠭᠦᠷᠭᠡ᠎ᠶᠢ ᠡᠭᠦᠷᠭᠡᠯᠡᠵᠦ ᠪᠦᠬᠦᠢ ᠬᠠᠤᠯᠢ᠎ᠶᠢᠨ ᠡᠷᠬᠡᠲᠡᠨ᠎ᠤ ᠬᠢᠷᠢ ᠭᠡᠮ ᠳᠠᠭᠤᠰᠤᠭᠰᠠᠨ᠂ ᠬᠠᠤᠯᠢ᠎ᠶᠢᠨ ᠡᠷᠬᠡᠲᠡᠨ ᠪᠤᠰᠤ ᠵᠣᠬᠢᠶᠠᠨ ᠪᠠᠢᠭᠤᠯᠤᠯᠲᠠ᠎ᠶᠢ ᠲᠠᠷᠬᠠᠭᠠᠭᠰᠠᠨ ᠪᠤᠶᠤ ᠪᠠᠢᠭᠠᠯᠢ ᠬᠥᠮᠥᠨ ᠨᠢ ᠦᠬᠦᠭᠰᠡᠨ ᠮᠥᠷᠲᠡᠭᠡᠨ᠂ ᠭᠦᠢᠴᠡᠳᠬᠡᠵᠦ ᠪᠣᠯᠬᠤ ᠡᠳ᠋ ᠬᠥᠷᠥᠩᠭᠡ ᠪᠠᠢᠬᠤ ᠦᠭᠡᠢ ᠪᠣᠯᠤᠭᠰᠠᠨ;
( ᠲᠠᠪᠤ ) ᠲᠥᠯᠥᠪᠦᠷᠢ ᠥᠭᠬᠦ ᠡᠭᠦᠷᠭᠡᠲᠦ ᠬᠥᠮᠥᠨ ᠬᠠᠤᠯᠢ ᠶᠣᠰᠣᠭᠠᠷ ᠦᠨᠡᠮᠯᠡᠯ ᠠᠪᠴᠤ ᠪᠣᠬᠢᠷᠲᠤᠯ ᠪᠣᠳᠠᠰ ᠭᠠᠳᠠᠭᠰᠢᠯᠠᠭᠤᠯᠵᠤ᠂ ᠤᠯᠤᠰ᠎ᠤᠨ ᠲᠣᠭᠲᠠᠭᠠᠯ᠎ᠳᠤ ᠨᠡᠢᠴᠡᠭᠰᠡᠨ;
( ᠵᠢᠷᠭᠤᠭ᠎ᠠ ) ᠲᠥᠯᠥᠪᠦᠷᠢ ᠨᠡᠬᠡᠬᠦ ᠳᠡᠰ ᠳᠠᠷᠠᠭᠠᠯᠠᠯ᠎ᠢ ᠡᠬᠢᠯᠡᠭᠦᠯᠬᠦ ᠦᠭᠡᠢ ᠪᠠᠢᠵᠤ ᠪᠣᠯᠬᠤ ᠪᠤᠰᠤᠳ ᠪᠠᠢᠳᠠᠯ᠃
ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠡᠴᠡ ᠲᠥᠯᠥᠪᠦᠷᠢ ᠠᠪᠬᠤ᠎ᠶᠢ ᠡᠬᠢᠯᠡᠭᠦᠯᠬᠦ ᠴᠢᠬᠤᠯᠠ ᠦᠭᠡᠢ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠬᠡᠷᠡᠭ ᠪᠣᠯᠭᠠᠬᠤ ᠦᠭᠡᠢ ᠤᠴᠢᠷ ᠰᠢᠯᠲᠠᠭᠠᠨ ᠪᠠ ᠰᠠᠨᠠᠯ᠎ᠢᠶᠠᠨ ᠲᠣᠳᠣᠷᠬᠠᠢᠯᠠᠵᠤ᠂ ᠬᠠᠷᠢᠭᠤᠴᠠᠯᠭᠠᠲᠠᠨ᠎ᠳᠤ᠎ᠪᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃
ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠲᠥᠯᠥᠪᠦᠷᠢ ᠨᠡᠬᠡᠬᠦ ᠳᠡᠰ ᠳᠠᠷᠠᠭᠠᠯᠠᠯ᠎ᠢ ᠡᠬᠢᠯᠡᠭᠦᠯᠦᠭᠰᠡᠨ᠎ᠦ ᠲᠠᠷᠠᠭ᠎ᠠ᠂ ᠳᠡᠭᠡᠷᠡᠬᠢ ᠪᠠᠢᠳᠠᠯ᠎ᠤᠨ ᠨᠢᠭᠡ ᠨᠢ ᠣᠷᠣᠰᠢᠵᠤ ᠪᠠᠢᠬᠤ᠎ᠶᠢ ᠣᠯᠵᠤ ᠮᠡᠳᠡᠪᠡᠯ᠂ ᠲᠥᠯᠥᠪᠦᠷᠢ ᠨᠡᠬᠡᠬᠦ ᠳᠡᠰ ᠳᠠᠷᠠᠭᠠᠯᠠᠯ᠎ᠢ ᠳᠠᠭᠤᠰᠬᠠᠵᠤ ᠪᠣᠯᠣᠨ᠎ᠠ᠃
ᠳᠡᠭᠡᠷᠡᠬᠢ ᠪᠠᠢᠳᠠᠯ᠎ᠳᠠᠬᠢ ᠭᠤᠷᠪᠠᠳᠤᠭᠠᠷ ᠵᠦᠢᠯ᠎ᠳᠦ ᠲᠣᠭᠲᠠᠭᠠᠭᠰᠠᠨ ᠢᠯᠡᠳᠲᠡ ᠬᠥᠩᠭᠡᠪᠲᠦᠷ ᠬᠡᠷᠡᠭ᠎ᠲᠦ᠂ ᠳᠣᠣᠷᠠᠬᠢ ᠪᠠᠢᠳᠠᠯ᠎ᠢ ᠪᠦᠷᠢᠳᠦᠭᠦᠯᠦᠭᠰᠡᠨ ᠦᠶ᠎ᠡ᠎ᠳᠦ᠂ ᠲᠥᠯᠥᠪᠦᠷᠢ ᠨᠡᠬᠡᠬᠦ ᠳᠠᠰ ᠳᠠᠷᠠᠭᠠᠯᠠᠯ᠎ᠢ ᠡᠬᠢᠯᠡᠭᠦᠯᠬᠦ ᠬᠡᠷᠡᠭᠲᠡᠢ ᠄
( ᠨᠢᠭᠡ ) ᠡᠪᠳᠡᠵᠦ ᠬᠣᠬᠢᠷᠠᠭᠤᠯᠤᠭᠰᠠᠨ ᠣᠷᠣᠨ ᠪᠦᠰᠡ ᠨᠢ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠂ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠳᠣᠲᠣᠷᠠᠬᠢ ᠬᠡᠷᠡᠭ;
( ᠬᠣᠶᠠᠷ ) ᠲᠥᠯᠥᠪᠦᠷᠢ ᠥᠭᠬᠦ ᠡᠭᠦᠷᠭᠡᠲᠦ ᠬᠥᠮᠥᠨ ᠥᠩᠭᠡᠷᠡᠭᠰᠡᠨ᠎ᠳᠦ ᠬᠠᠤᠯᠢ᠎ᠶᠢ ᠵᠥᠷᠢᠴᠡᠭᠰᠡᠨ ᠦᠢᠯᠡ ᠠᠵᠢᠯᠯᠠᠭ᠎ᠠ᠎ᠠᠴᠠ ᠪᠣᠯᠵᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠥᠭᠡᠳ 2 ᠵᠢᠯ᠎ᠦᠨ ᠳᠣᠲᠣᠷ᠎ᠠ ᠳᠠᠬᠢᠨᠲᠠ ᠡᠭᠦᠰᠦᠭᠰᠡᠨ;
( ᠭᠤᠷᠪᠠ ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠡᠴᠡ ᠲᠥᠯᠥᠪᠦᠷᠢ ᠨᠡᠬᠡᠬᠦ ᠠᠵᠢᠯ᠎ᠢ ᠡᠬᠢᠯᠡᠭᠦᠯᠪᠡᠯ ᠵᠣᠬᠢᠨ᠎ᠠ ᠭᠡᠵᠦ ᠦᠵᠡᠭᠰᠡᠨ ᠪᠤᠰᠤᠳ ᠪᠠᠢᠳᠠᠯ ᠃
ᠠᠷᠪᠠᠨ ᠵᠢᠷᠭᠤᠳᠤᠭᠠᠷ ᠵᠦᠢᠯ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠨᠡᠬᠡᠬᠦ ᠠᠵᠢᠯ᠎ᠢ ᠡᠬᠢᠯᠡᠭᠦᠯᠦᠭᠰᠡᠨ᠎ᠦ ᠳᠠᠷᠠᠭ᠎ᠠ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠴᠠᠭ ᠲᠤᠬᠠᠢ᠎ᠳᠤ ᠨᠢ ᠬᠣᠬᠢᠷᠠᠯ᠎ᠤᠨ ᠪᠠᠢᠴᠠᠭᠠᠯᠲᠠ ᠬᠢᠬᠦ ᠬᠡᠷᠡᠭᠲᠡᠢ᠃ ᠬᠡᠷᠡᠭ ᠨᠢ ᠤᠯᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠳᠤ ᠬᠣᠯᠪᠣᠭᠳᠠᠭᠰᠠᠨ ᠪᠠᠢᠪᠠᠯ᠂ ᠲᠦᠷᠦᠭᠦᠯᠡᠨ ᠬᠢᠬᠦ ᠰᠠᠯᠠᠭ᠎ᠠ ᠮᠥᠴᠢᠷ᠎ᠡᠴᠡ ᠬᠠᠮᠲᠤᠷᠠᠭᠰᠠᠨ ᠪᠠᠢᠴᠠᠭᠠᠯᠲᠠ᠎ᠶᠢᠨ ᠳᠤᠭᠤᠢᠯᠠᠩ ᠪᠠᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠦᠨ ᠪᠠᠢᠴᠠᠭᠠᠯᠲᠠ᠎ᠶᠢ ᠥᠷᠨᠢᠭᠦᠯᠵᠦ ᠪᠣᠯᠣᠨ᠎ᠠ᠃ ᠪᠠᠢᠴᠠᠭᠠᠯᠲᠠ᠎ᠶᠢ ᠤᠳᠤ᠎ᠶᠢᠨ ᠪᠠᠢᠭ᠎ᠠ ᠮᠠᠲᠧᠷᠢᠶᠠᠯ᠎ᠢ ᠴᠤᠭᠯᠠᠭᠤᠯᠬᠤ᠂ ᠲᠤᠬᠠᠢ᠎ᠶᠢᠨ ᠲᠠᠯᠠᠪᠤᠷ᠎ᠲᠤ ᠬᠠᠢᠨ ᠰᠢᠨᠵᠢᠬᠦ᠂ ᠶᠠᠷᠢᠯᠴᠠᠨ ᠰᠤᠷᠪᠤᠯᠵᠢᠯᠠᠬᠤ ᠵᠡᠷᠭᠡ ᠠᠷᠭ᠎ᠠ ᠮᠠᠶᠢᠭ᠋᠎ᠢᠶᠠᠷ ᠶᠠᠪᠤᠭᠳᠠᠭᠤᠯᠵᠤ ᠪᠣᠯᠣᠨ᠎ᠠ᠂ ᠴᠢᠬᠤᠯᠠᠲᠠᠢ ᠦᠶ᠎ᠡ᠎ᠳᠦ ᠳᠠᠭᠤ ᠠᠪᠢᠶ᠎ᠠ᠎ᠶᠢ ᠰᠢᠩᠭᠡᠭᠡᠬᠦ᠂ ᠳᠦᠷᠰᠦ ᠰᠢᠩᠭᠡᠭᠡᠬᠦ᠂ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠵᠤ ᠦᠨᠡᠯᠡᠨ ᠵᠢᠱ᠌ᠢᠬᠦ ᠵᠡᠷᠭᠡ ᠠᠷᠭ᠎ᠠ ᠪᠠᠷᠢᠯ᠎ᠢ ᠠᠪᠴᠤ᠂ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠦᠨ ᠣᠷᠣᠰᠢᠵᠤ ᠪᠠᠢᠬᠤ ᠡᠰᠡᠬᠦ᠂ ᠬᠣᠬᠢᠷᠠᠯ᠎ᠤᠨ ᠬᠡᠪᠴᠢᠶ᠎ᠡ᠂ ᠬᠣᠬᠢᠷᠠᠯ᠎ᠤᠨ ᠬᠡᠮᠵᠢᠶ᠎ᠡ᠂ ᠬᠠᠷᠢᠴᠠᠩᠭᠤᠢ ᠲᠣᠳᠣᠷᠬᠠᠢ ᠲᠥᠯᠥᠪᠦᠷᠢ ᠥᠭᠬᠦ ᠡᠭᠦᠷᠭᠡᠲᠦ ᠬᠥᠮᠥᠨ ᠪᠠᠢᠬᠤ ᠡᠰᠡᠬᠦ᠂ ᠦᠨᠡᠯᠡᠨ ᠵᠢᠱ᠌ᠢᠵᠦ ᠮᠠᠭᠠᠳᠯᠠᠨ ᠲᠣᠭᠲᠠᠭᠠᠬᠤ ᠳᠦᠭᠦᠮ ᠠᠪᠰᠠᠷᠬᠠᠨ ᠲᠡᠰ ᠳᠠᠷᠠᠭᠠᠯᠠᠯ᠎ᠢ ᠬᠡᠷᠡᠭᠯᠡᠵᠦ ᠪᠣᠯᠬᠤ ᠡᠰᠡᠬᠦ ᠵᠡᠷᠭᠡ ᠠᠰᠠᠭᠤᠳᠠᠯ᠎ᠤᠨ ᠲᠣᠭᠣᠷᠢᠨ᠎ᠳᠤ ᠥᠷᠨᠢᠭᠦᠯᠦᠨ᠎ᠡ᠃ ᠪᠠᠢᠴᠠᠭᠠᠯᠲᠠ ᠳᠠᠭᠤᠰᠤᠭᠰᠠᠨ᠎ᠤ ᠳᠠᠷᠠᠭ᠎ᠠ ᠪᠠᠢᠴᠠᠭᠠᠯᠲᠠ᠎ᠶᠢᠨ ᠳ᠋ᠦᠩ ᠭᠠᠷᠭᠠᠬᠤ ᠬᠡᠷᠡᠭᠲᠡᠢ ᠪᠥᠭᠡᠳ ᠲᠥᠯᠥᠪᠦᠷᠢ ᠨᠡᠬᠡᠬᠦ ᠵᠥᠪᠳᠡᠯᠴᠡᠭᠡ᠎ᠶᠢ ᠡᠬᠢᠯᠡᠭᠦᠯᠬᠦ ᠪᠤᠶᠤ ᠲᠥᠯᠥᠪᠦᠷᠢ ᠨᠡᠬᠡᠬᠦ ᠳᠡᠰ ᠳᠠᠷᠠᠭᠠᠯᠠᠯ᠎ᠢ ᠳᠠᠭᠤᠰᠬᠠᠬᠤ ᠰᠠᠨᠠᠯ᠎ᠢᠶᠠᠨ ᠳᠤᠷᠠᠳᠬᠤ ᠬᠡᠷᠡᠭᠲᠡᠢ᠃
ᠣᠷᠴᠢᠨ ᠲᠣᠭᠣᠷᠢᠨ᠎ᠤ ᠡᠬᠢ ᠪᠠᠶᠠᠯᠢᠭ᠋᠎ᠤᠨ ᠬᠠᠮᠠᠭᠠᠯᠠᠯᠲᠠ᠎ᠶᠢᠨ ᠬᠢᠨᠠᠯᠲᠠ ᠬᠠᠮᠢᠶᠠᠷᠤᠯᠲᠠ᠎ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ᠎ᠲᠠᠢ ᠰᠠᠯᠠᠭ᠎ᠠ ᠮᠥᠴᠢᠷ ᠪᠤᠶᠤ ᠲᠡᠭᠦᠨ᠎ᠦ ᠨᠠᠢᠳᠠᠭᠰᠠᠨ ᠪᠠᠢᠭᠤᠯᠤᠮᠵᠢ ᠨᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠶᠠᠪᠤᠴᠠ᠎ᠳᠤ ᠪᠣᠶ ᠪᠣᠯᠤᠭᠰᠠᠨ ᠬᠠᠢᠨ ᠰᠢᠯᠭᠠᠭᠰᠠᠨ ᠲᠡᠮᠳᠡᠭᠯᠡᠯ ᠪᠤᠶᠤ ᠯᠠᠪᠯᠠᠨ ᠠᠰᠠᠭᠤᠭᠰᠠᠨ ᠲᠡᠮᠳᠡᠭᠯᠡᠯ᠂ ᠪᠠᠢᠴᠠᠭᠠᠯᠲᠠ᠎ᠶᠢᠨ ᠮᠡᠳᠡᠭᠦᠯᠦᠯᠲᠡ᠂ ᠵᠠᠰᠠᠭ ᠵᠠᠬᠢᠷᠭᠠᠨ᠎ᠤ ᠰᠢᠢᠳᠪᠦᠷᠢᠯᠡᠯᠲᠡ᠎ᠶᠢᠨ ᠲᠣᠭᠲᠠᠭᠠᠯ᠂ ᠪᠠᠢᠴᠠᠭᠠᠨ ᠰᠢᠨᠵᠢᠭᠰᠡᠨ ᠪᠤᠶᠤ ᠬᠢᠨᠠᠨ ᠰᠢᠨᠵᠢᠭᠰᠡᠨ ᠮᠡᠳᠡᠭᠦᠯᠦᠯᠲᠡ᠂ ᠬᠢᠨᠠᠨ ᠲᠣᠭᠲᠠᠭᠠᠭᠰᠠᠨ ᠰᠠᠨᠠᠯ ᠪᠤᠶᠤ ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠮᠡᠳᠡᠭᠦᠯᠦᠯᠲᠡ᠂ ᠬᠦᠴᠦᠨ ᠲᠠᠢ ᠪᠣᠯᠤᠭᠰᠠᠨ ᠬᠠᠤᠯᠢ ᠴᠠᠭᠠᠵᠠ᠎ᠶᠢᠨ ᠪᠢᠴᠢᠭ ᠬᠠᠷ᠎ᠠ ᠵᠡᠷᠭᠡ ᠮᠠᠲᠧᠷᠢᠶᠠᠯ᠎ᠢᠶᠠᠷ ᠲᠥᠯᠥᠪᠦᠷᠢ ᠨᠡᠬᠡᠬᠦ ᠭᠡᠷᠡᠴᠢ ᠮᠠᠲᠧᠷᠢᠶᠠᠯ ᠪᠣᠯᠭᠠᠵᠤ ᠪᠣᠯᠣᠨ᠎ᠠ ᠃
ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠣᠷᠴᠢᠨ ᠲᠣᠭᠣᠷᠢᠨ ᠡᠬᠢ ᠪᠠᠶᠠᠯᠢᠭ᠋᠎ᠤᠨ ᠬᠠᠮᠠᠭᠠᠯᠠᠯᠲᠠ᠎ᠶᠢ ᠡᠪᠳᠡᠭᠰᠡᠨ ᠰᠡᠵᠢᠭᠯᠡᠯᠲᠡᠢ ᠶᠠᠯᠠᠲᠤ ᠬᠡᠷᠡᠭ᠎ᠢ ᠰᠢᠢᠳᠪᠦᠷᠢᠯᠡᠬᠦ᠎ᠳᠦ᠎ᠪᠡᠨ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠬᠡᠮᠵᠢᠶ᠎ᠡ ᠪᠠ ᠡᠪᠳᠡᠵᠦ ᠬᠣᠬᠢᠷᠠᠭᠤᠯᠤᠭᠰᠠᠨ ᠪᠣᠳᠠᠲᠤ ᠬᠡᠷᠡᠭ᠎ᠢ ᠪᠠᠢᠴᠠᠭᠠᠨ ᠲᠣᠳᠣᠯᠠᠬᠤ᠎ᠶᠢᠨ ᠲᠤᠰᠠᠳᠠ᠂ ᠬᠠᠮᠢᠶ᠎ᠠ ᠪᠦᠬᠦᠢ ᠪᠠᠢᠭᠤᠯᠤᠮᠵᠢ ᠪᠤᠶᠤ ᠲᠤᠰᠬᠠᠢ ᠮᠡᠷᠭᠡᠵᠢᠯᠲᠡᠨ᠎ᠳᠦ ᠨᠠᠢᠳᠠᠵᠤ ᠭᠠᠷᠭᠠᠯᠭᠠᠭᠰᠠᠨ ᠬᠢᠨᠠᠨ ᠲᠣᠭᠲᠠᠭᠠᠭᠰᠠᠨ ᠰᠠᠨᠠᠯ᠂ ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠮᠡᠳᠡᠭᠦᠯᠦᠯᠲᠡ᠂ ᠲᠤᠰᠬᠠᠢ ᠮᠡᠷᠭᠡᠵᠢᠯᠲᠡᠨ᠎ᠦ ᠰᠠᠨᠠᠯ ᠵᠡᠷᠭᠡ᠎ᠶᠢ ᠪᠣᠯ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠠᠢᠳᠠᠯ᠎ᠤᠨ ᠪᠠᠢᠴᠠᠭᠠᠯᠲᠠ᠎ᠳᠤ ᠬᠡᠷᠡᠭᠯᠡᠵᠦ ᠪᠣᠯᠣᠨ᠎ᠠ᠃
ᠭᠤᠷᠪᠠᠳᠤᠭᠠᠷ ᠪᠦᠯᠦᠭ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠵᠤ ᠦᠨᠡᠯᠡᠨ ᠵᠢᠱ᠌ᠢᠬᠦ
ᠠᠷᠪᠠᠨ ᠳᠣᠯᠣᠳᠤᠭᠠᠷ ᠵᠦᠢᠯ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ᠎ᠢ ᠰᠢᠢᠳᠪᠦᠷᠢᠯᠡᠬᠦ᠎ᠳᠦ᠂ ᠪᠠᠢᠳᠠᠯ᠎ᠢ ᠨᠢ ᠦᠵᠡᠵᠦ ᠪᠠᠢᠭᠠᠳ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠵᠤ ᠦᠨᠡᠯᠡᠨ ᠵᠢᠱ᠌ᠢᠬᠦ ᠪᠤᠶᠤ ᠳᠦᠭᠦᠮ ᠠᠪᠰᠠᠷᠬᠠᠨ ᠦᠨᠡᠯᠡᠨ ᠵᠢᠱ᠌ᠢᠵᠦ ᠮᠠᠭᠠᠳᠯᠠᠨ ᠲᠣᠭᠲᠠᠭᠠᠬᠤ ᠠᠵᠢᠯ᠎ᠢ ᠵᠣᠬᠢᠶᠠᠨ ᠪᠠᠢᠭᠤᠯᠵᠤ ᠥᠷᠨᠢᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠵᠤ ᠦᠨᠡᠯᠡᠨ ᠵᠢᠱ᠌ᠢᠬᠦ ᠠᠵᠢᠯ᠎ᠢ ᠥᠷᠨᠢᠭᠦᠯᠦᠭᠰᠡᠨ ᠴᠠᠭ ᠬᠤᠭᠤᠴᠠᠭ᠎ᠠ᠎ᠶᠢ ᠬᠡᠷᠡᠭ ᠰᠢᠢᠳᠪᠦᠷᠢᠯᠡᠬᠦ ᠬᠤᠭᠤᠴᠠᠭᠠᠨ᠎ᠳᠤ ᠪᠤᠳᠤᠵᠤ ᠣᠷᠣᠭᠤᠯᠬᠤ ᠦᠭᠡᠢ᠃
ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠬᠠᠮᠢᠶ᠎ᠠ ᠪᠦᠬᠦᠢ ᠲᠣᠭᠲᠠᠭᠠᠯ᠎ᠢ ᠦᠨᠳᠦᠰᠦᠯᠡᠨ ᠨᠥᠬᠥᠴᠡᠯ᠎ᠳᠦ ᠨᠡᠢᠴᠡᠬᠦ ᠣᠷᠴᠢᠨ ᠲᠣᠭᠣᠷᠢᠨ᠎ᠤ ᠬᠣᠬᠢᠷᠠᠯ᠎ᠤᠨ ᠬᠠᠤᠯᠢ ᠴᠠᠭᠠᠵᠠ᠎ᠶᠢᠨ ᠬᠢᠨᠠᠨ ᠲᠣᠭᠲᠠᠭᠠᠬᠤ ᠪᠠᠢᠭᠤᠯᠤᠮᠵᠢ ᠪᠤᠶᠤ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠠᠮᠢ ᠠᠬᠤᠢ ᠣᠷᠴᠢᠨ ᠲᠣᠭᠣᠷᠢᠨ᠂ ᠪᠠᠢᠭᠠᠯᠢ᠎ᠶᠢᠨ ᠡᠬᠢ ᠪᠠᠶᠠᠯᠢᠭ᠋᠂ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠤᠰᠤᠨ ᠠᠰᠢᠭ᠍ᠯᠠᠯᠲᠠ᠂ ᠲᠠᠷᠢᠶᠠᠯᠠᠩ ᠬᠥᠳᠡᠭᠡ ᠲᠣᠰᠬᠣᠨ᠂ ᠤᠢ ᠰᠢᠭᠤᠢ ᠪᠠ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠲᠠᠨᠢᠯᠴᠠᠭᠤᠯᠤᠭᠰᠠᠨ ᠪᠠᠢᠭᠤᠯᠤᠮᠵᠢ᠎ᠳᠤ ᠨᠠᠢᠳᠠᠵᠤ ᠬᠢᠨᠠᠨ ᠲᠣᠭᠲᠠᠭᠠᠭᠰᠠᠨ ᠰᠠᠨᠠᠯ ᠪᠤᠶᠤ ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠮᠡᠳᠡᠭᠦᠯᠦᠯᠲᠡ ᠭᠠᠷᠭᠠᠯᠭᠠᠵᠤ ᠪᠣᠯᠣᠨ᠎ᠠ᠂ ᠲᠥᠯᠥᠪᠦᠷᠢ ᠥᠭᠬᠦ ᠡᠭᠦᠷᠭᠡᠲᠦ ᠬᠥᠮᠥᠨ ᠯᠦ᠍ᠭᠡ ᠵᠥᠪᠳᠡᠯᠴᠡᠵᠦ ᠪᠠᠢᠭᠠᠳ ᠳᠡᠭᠡᠷ᠎ᠡ ᠳᠤᠷᠠᠳᠤᠭᠰᠠᠨ ᠪᠠᠢᠭᠤᠯᠤᠮᠵᠢ᠎ᠳᠤ ᠬᠠᠮᠲᠤ᠎ᠪᠠᠷ ᠨᠠᠢᠳᠠᠵᠤ ᠬᠢᠨᠠᠨ ᠲᠣᠭᠲᠠᠭᠠᠭᠰᠠᠨ ᠰᠠᠨᠠᠯ ᠪᠤᠶᠤ ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠮᠡᠳᠡᠭᠦᠯᠦᠯᠲᠡ ᠭᠠᠷᠭᠠᠯᠭᠠᠭᠰᠠᠨ ᠴᠤ᠌ ᠪᠣᠯᠣᠨ᠎ᠠ᠃
ᠠᠷᠪᠠᠨ ᠨᠠᠢ᠍ᠮᠠᠳᠤᠭᠠᠷ ᠵᠦᠢᠯ ᠬᠢᠨᠠᠨ ᠲᠣᠭᠲᠠᠭᠠᠵᠤ ᠦᠨᠡᠯᠡᠨ ᠵᠢᠱ᠌ᠢᠭᠦᠯᠦᠭᠰᠡᠨ ᠨᠠᠢᠳᠠᠭ᠍ᠴᠢ ᠨᠢ ᠨᠠᠶ᠋ᠢᠳᠠᠯᠭ᠎ᠠ᠎ᠶᠢᠨ ᠪᠢᠴᠢᠭ ᠭᠠᠷᠭᠠᠵᠤ ᠥᠭᠬᠦ ᠬᠡᠷᠡᠭᠲᠡᠢ᠃ ᠬᠢᠨᠠᠨ ᠲᠣᠭᠲᠠᠭᠠᠵᠤ ᠦᠨᠡᠯᠡᠨ ᠵᠢᠱ᠌ᠢᠬᠦ ᠪᠠᠢᠭᠤᠯᠤᠮᠵᠢ ᠨᠠᠶ᠋ᠢᠳᠠᠯᠭ᠎ᠠ᠎ᠶᠢ ᠬᠦᠯᠢᠶᠡᠭᠰᠡᠨᠦ ᠲᠠᠷᠠᠭ᠎ᠠ᠂ ᠬᠣᠶᠠᠷ ᠲᠠᠯ᠎ᠠ᠎ᠪᠠᠷ᠎ᠢᠶᠠᠨ ᠨᠠᠶ᠋ᠢᠳᠠᠯᠭ᠎ᠠ᠎ᠶᠢᠨ ᠵᠥᠪᠯᠡᠯᠴᠡᠭᠡᠷ ᠲᠣᠭᠲᠠᠭᠠᠵᠤ᠂ ᠬᠢᠨᠠᠨ ᠲᠣᠭᠲᠠᠭᠠᠵᠤ ᠦᠨᠡᠯᠡᠨ ᠵᠢᠱ᠌ᠢᠬᠦ ᠵᠦᠢᠯᠡᠰ᠂ ᠱᠠᠭᠠᠷᠳᠠᠯᠭ᠎ᠠ᠂ ᠮᠠᠲᠧᠷᠢᠶᠠᠯ ᠬᠠᠩᠭᠠᠬᠤ᠂ ᠰᠢᠢᠳᠪᠦᠷᠢᠯᠡᠬᠦ ᠴᠠᠭ᠎ᠤᠨ ᠬᠢᠵᠠᠭᠠᠷ᠂ ᠵᠠᠷᠤᠳᠠᠯ ᠥᠭᠬᠦ ᠵᠡᠷᠭᠡ ᠵᠦᠢᠯᠡᠰ᠎ᠢ ᠲᠣᠳᠣᠷᠬᠠᠢᠯᠠᠨ᠎ᠠ᠃
ᠠᠷᠪᠠ ᠶᠢᠰᠦᠳᠦᠭᠡᠷ ᠵᠦᠢᠯ ᠬᠢᠨᠠᠨ ᠲᠣᠭᠲᠠᠭᠠᠵᠤ ᠦᠨᠡᠯᠡᠨ ᠵᠢᠱ᠌ᠢᠬᠦ ᠪᠠᠢᠭᠤᠯᠤᠮᠵᠢ ᠪᠠ ᠲᠤᠰᠬᠠᠢ ᠮᠡᠷᠭᠡᠵᠢᠯᠲᠡᠨ ᠨᠠᠶ᠋ᠢᠳᠠᠯᠭ᠎ᠠ᠎ᠶᠢᠨ ᠵᠥᠪᠯᠡᠯᠴᠡᠭᠡᠷ᠎ᠦᠨ ᠪᠣᠯᠵᠣᠭ᠎ᠠ᠎ᠶᠢ ᠦᠨᠳᠦᠰᠦᠯᠡᠨ᠂ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠵᠤ ᠦᠨᠡᠯᠡᠨ ᠵᠢᠱ᠌ᠢᠬᠦ ᠬᠠᠮᠢᠶ᠎ᠠ ᠪᠦᠬᠦᠢ ᠮᠡᠷᠭᠡᠵᠢᠯ᠎ᠦᠨ ᠪᠠᠷᠢᠮᠵᠢᠶ᠎ᠠ᠎ᠶᠢᠨ ᠱᠠᠭᠠᠷᠳᠠᠯᠭ᠎ᠠ ᠶᠣᠰᠣᠭᠠᠷ ᠬᠢᠨᠠᠨ ᠲᠣᠭᠲᠠᠭᠠᠭᠰᠠᠨ ᠰᠠᠨᠠᠯ᠂ ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠮᠡᠳᠡᠭᠦᠯᠦᠯᠲᠡ ᠪᠤᠶᠤ ᠲᠤᠰᠬᠠᠢ ᠮᠡᠷᠭᠡᠵᠢᠯᠲᠡᠨ᠎ᠦ ᠰᠠᠨᠠᠯ᠎ᠢ ᠭᠠᠷᠭᠠᠵᠤ ᠥᠭᠬᠦ᠎ᠶᠢᠨ ᠬᠠᠮᠲᠤ᠂ ᠭᠠᠷᠭᠠᠭᠰᠠᠨ ᠬᠢᠨᠠᠨ ᠲᠣᠭᠲᠠᠭᠠᠭᠰᠠᠨ ᠰᠠᠨᠠᠯ᠂ ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠮᠡᠳᠡᠭᠦᠯᠦᠯᠲᠡ ᠪᠤᠶᠤ ᠲᠤᠰᠬᠠᠢ ᠮᠡᠷᠭᠡᠵᠢᠯᠲᠡᠨ᠎ᠦ ᠰᠠᠨᠠᠯ᠎ᠳᠤ᠎ᠪᠠᠨ ᠬᠠᠷᠢᠭᠤᠴᠠᠬᠤ ᠬᠡᠷᠡᠭᠲᠡᠢ᠃
ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠮᠡᠳᠡᠭᠦᠯᠦᠯᠲᠡ᠎ᠳᠦ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠵᠠᠰᠠᠨ ᠰᠡᠷᠭᠦᠭᠡᠵᠦ ᠳᠡᠢᠯᠬᠦ ᠡᠰᠡᠬᠦ᠎ᠶᠢ ᠲᠣᠳᠣᠷᠬᠠᠢᠯᠠᠬᠤ ᠬᠡᠷᠡᠭᠲᠡᠢ; ᠬᠡᠰᠡᠭ ᠪᠦᠯᠦᠭ᠎ᠢ ᠨᠢ ᠵᠠᠰᠠᠨ ᠰᠡᠷᠭᠦᠭᠡᠵᠦ ᠳᠡᠢᠯᠬᠦ ᠶᠤᠮ ᠪᠣᠯ᠂ ᠵᠠᠰᠠᠨ ᠰᠡᠷᠭᠦᠭᠡᠵᠦ ᠳᠡᠢᠯᠬᠦ ᠣᠷᠣᠨ ᠪᠦᠰᠡ᠎ᠶᠢᠨ ᠬᠡᠪᠴᠢᠶ᠎ᠡ ᠪᠠ ᠱᠠᠭᠠᠷᠳᠠᠯᠭ᠎ᠠ᠎ᠶᠢ ᠲᠣᠳᠣᠷᠬᠠᠢᠯᠠᠬᠤ ᠬᠡᠷᠡᠭᠲᠡᠢ᠃
ᠬᠣᠷᠢᠳᠤᠭᠠᠷ ᠵᠦᠢᠯ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠠᠢᠳᠠᠯ᠎ᠳᠤ ᠪᠠᠢᠴᠠᠭᠠᠯᠲᠠ ᠬᠢᠬᠦ᠎ᠪᠠᠷ ᠳᠠᠮᠵᠢᠭᠤᠯᠤᠨ᠂ ᠬᠣᠬᠢᠷᠠᠯ ᠤᠴᠠᠷᠠᠭᠤᠯᠤᠭᠰᠠᠨ ᠪᠣᠳᠠᠲᠤ ᠶᠠᠪᠤᠳᠠᠯ ᠨᠢ ᠲᠣᠪ ᠲᠣᠳᠣᠷᠬᠠᠢ᠂ ᠬᠠᠷᠢᠭᠤᠴᠠᠯᠭ᠎ᠠ᠎ᠶᠢ ᠮᠠᠭᠠᠳᠯᠠᠨ ᠲᠣᠭᠲᠠᠭᠠᠭᠰᠠᠨ ᠨᠢ ᠮᠠᠷᠭᠤᠭᠠᠨ ᠦᠭᠡᠢ᠂ ᠠᠮᠢ ᠠᠬᠤᠢ ᠣᠷᠴᠢᠨ ᠲᠣᠭᠣᠷᠢᠨ᠎ᠳᠦ ᠦᠵᠡᠭᠦᠯᠬᠦ ᠠᠰᠢᠭ᠋ ᠦᠭᠡᠢ ᠨᠥᠯᠥᠭᠡ᠎ᠪᠠᠷ ᠨᠡᠯᠢᠶᠡᠳ ᠪᠠᠭ᠎ᠠ᠂ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠤᠨ ᠵᠣᠭᠣᠰ᠎ᠤᠨ ᠲᠣᠭ᠎ᠠ ᠬᠡᠮᠵᠢᠶ᠎ᠡ ᠨᠢ 30 ᠲᠦᠮᠡᠨ ᠲᠥᠭᠥᠷᠢᠭ ( ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠠᠢᠳᠠᠯ᠎ᠳᠤ ᠪᠠᠢᠴᠠᠭᠠᠯᠲᠠ ᠬᠢᠬᠦ᠂ ᠬᠢᠨᠠᠨ ᠲᠣᠭᠲᠠᠭᠠᠵᠤ ᠦᠨᠡᠯᠡᠨ ᠵᠢᠱ᠌ᠢᠬᠦ ᠵᠡᠷᠭᠡ ᠵᠠᠷᠤᠳᠠᠯ ᠪᠠᠭᠲᠠᠬᠤ ᠦᠭᠡᠢ)᠎ᠡᠴᠡ ᠬᠡᠲᠦᠷᠡᠭᠰᠡᠨ ᠦᠭᠡᠢ ᠬᠡᠷᠡᠭ᠎ᠢ᠂ ᠲᠤᠰᠬᠠᠢ ᠮᠡᠷᠭᠡᠵᠢᠯᠲᠡᠨ᠎ᠳᠦ ᠨᠠᠢᠳᠠᠵᠤ ᠦᠨᠡᠯᠡᠨ ᠵᠢᠱ᠌ᠢᠭᠦᠯᠬᠦ ᠬᠡᠮᠡᠬᠦ ᠳᠦᠭᠦᠮ ᠠᠪᠰᠠᠷᠬᠠᠨ᠎ᠢᠶᠠᠷ ᠦᠨᠡᠯᠡᠨ ᠵᠢᠱ᠌ᠢᠬᠦ ᠠᠷᠭ᠎ᠠ ᠮᠠᠶᠢᠭ᠋᠎ᠢ ᠬᠡᠷᠡᠭᠯᠡᠵᠦ᠂ ᠲᠤᠰᠬᠠᠢ ᠮᠡᠷᠭᠡᠵᠢᠯᠲᠡᠨ᠎ᠡᠴᠡ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠵᠤ ᠦᠨᠡᠯᠡᠨ ᠵᠢᠱ᠌ᠢᠬᠦ ᠮᠡᠷᠭᠡᠵᠢᠯ᠎ᠦᠨ ᠪᠠᠷᠢᠮᠵᠢᠶ᠎ᠠ᠎ᠶᠢᠨ ᠲᠣᠭᠲᠠᠯᠴᠠᠭᠠᠨ᠎ᠤ ᠱᠠᠭᠠᠷᠳᠠᠯᠭ᠎ᠠ ᠶᠣᠰᠣᠭᠠᠷ ᠦᠨᠡᠯᠡᠨ ᠵᠢᠱ᠌ᠢᠭᠰᠡᠨ ᠰᠠᠨᠠᠯ ᠭᠠᠷᠭᠠᠵᠤ᠂ ᠬᠠᠮᠢᠶ᠎ᠠ ᠪᠦᠬᠦᠢ ᠵᠠᠰᠠᠭ ᠵᠠᠬᠢᠷᠭᠠᠨ᠎ᠤ ᠪᠠᠢᠭᠤᠯᠭ᠎ᠠ᠎ᠠᠴᠠ ᠬᠡᠷᠡᠭᠲᠠᠢ ᠬᠣᠯᠪᠣᠭᠳᠠᠬᠤ ᠬᠠᠤᠯᠢ ᠴᠠᠭᠠᠵᠠ᠎ᠶᠢᠨ ᠪᠢᠴᠢᠭ ᠬᠠᠷ᠎ᠠ᠂ ᠬᠢᠨᠠᠨ ᠰᠢᠨᠵᠢᠭᠰᠡᠨ ᠮᠡᠳᠡᠭᠦᠯᠦᠯᠲᠡ ᠵᠡᠷᠭᠡ ᠮᠠᠲᠧᠷᠢᠶᠠᠯ᠎ᠢᠶᠠᠷ ᠳᠠᠮᠵᠢᠭᠤᠯᠤᠨ ᠶᠡᠷᠦᠩᠬᠡᠢ᠎ᠳᠦ ᠨᠢ ᠮᠠᠭᠠᠳᠯᠠᠨ ᠲᠣᠭᠲᠠᠭᠠᠵᠤ ᠪᠣᠯᠣᠨ᠎ᠠ᠃ ᠠᠳᠠᠯᠢᠪᠲᠤᠷ ᠬᠡᠷᠡᠭ᠎ᠢᠶᠡᠷ ᠯᠠᠪᠯᠠᠯᠲᠠ ᠪᠣᠯᠭᠠᠬᠤ᠂ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠦᠨᠡᠯᠡᠨ ᠵᠠᠳᠠᠯᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠶᠡᠷᠦᠩᠬᠡᠢ᠎ᠳᠦ ᠨᠢ ᠮᠠᠭᠠᠳᠯᠠᠨ ᠲᠣᠭᠲᠠᠭᠠᠬᠤ ᠪᠠᠷᠢᠮᠵᠢᠶ᠎ᠠ᠎ᠶᠢ ᠨᠢᠭᠡᠳᠦᠯᠲᠡᠢ ᠪᠣᠯᠭᠠᠵᠤ ᠪᠣᠯᠣᠨ᠎ᠠ᠃ ᠳᠦᠭᠦᠮ ᠠᠪᠰᠠᠷᠬᠠᠨ᠎ᠢᠶᠠᠷ ᠦᠨᠡᠯᠡᠨ ᠵᠢᠱ᠌ᠢᠭᠰᠡᠨ ᠰᠠᠨᠠᠯ᠎ᠢ 3᠎ᠡᠴᠡ ᠳᠤᠲᠠᠭᠤ ᠦᠭᠡᠢ ᠲᠤᠰᠬᠠᠢ ᠮᠡᠷᠭᠡᠵᠢᠯᠲᠡᠨ ᠬᠠᠮᠲᠤ᠎ᠪᠠᠷ ᠭᠠᠷᠭᠠᠭᠰᠠᠨ ᠪᠠᠢᠵᠤ᠂ ᠲᠤᠰᠬᠠᠢ ᠮᠡᠷᠭᠡᠵᠢᠯᠲᠡᠨ ᠥᠪᠡᠷ᠎ᠦᠨ᠎ᠢᠶᠡᠨ ᠳᠤᠷᠠᠳᠤᠭᠰᠠᠨ ᠰᠠᠨᠠᠯ᠎ᠳᠤ᠎ᠪᠠᠨ ᠬᠠᠷᠢᠭᠤᠴᠠᠬᠤ ᠬᠡᠷᠡᠭᠲᠡᠢ᠃ ᠲᠤᠰᠬᠠᠢ ᠮᠡᠷᠭᠡᠵᠢᠯᠲᠡᠨ᠎ᠢ ᠤᠯᠤᠰ ᠪᠠ ᠣᠷᠣᠨ ᠨᠤᠲᠤᠭ᠎ᠤᠨ ᠪᠠᠢᠭᠤᠯᠤᠭᠰᠠᠨ ᠬᠠᠮᠢᠶ᠎ᠠ ᠪᠦᠬᠦᠢ ᠬᠦᠷᠢᠶ᠎ᠡ ᠴᠠᠷᠠᠭᠠᠨ᠎ᠤ ᠲᠤᠰᠬᠠᠢ ᠮᠡᠷᠭᠡᠵᠢᠯᠲᠡᠨ᠎ᠦ ᠬᠥᠮᠥᠷᠭᠡ ᠪᠤᠶᠤ ᠲᠤᠰᠬᠠᠢ ᠮᠡᠷᠭᠡᠵᠢᠯᠲᠡᠨ᠎ᠦ ᠺᠣᠮᠢᠰ᠎ᠠᠴᠠ ᠰᠣᠩᠭᠣᠵᠤ ᠪᠣᠯᠣᠨ᠎ᠠ᠃ ᠲᠤᠰᠬᠠᠢ ᠮᠡᠷᠭᠡᠵᠢᠯᠲᠡᠨ ᠨᠢ ᠬᠠᠮᠢᠶ᠎ᠠ ᠪᠦᠬᠦᠢ ᠲᠤᠰᠬᠠᠢ ᠮᠡᠷᠭᠡᠵᠢᠯ᠎ᠦᠨ ᠮᠡᠳᠡᠯᠭᠡ ᠪᠠ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠶᠢ ᠬᠢᠨᠠᠨ ᠲᠣᠭᠲᠠᠭᠠᠵᠤ ᠦᠨᠡᠯᠡᠨ ᠵᠢᠱ᠌ᠢᠬᠦ ᠬᠠᠮᠢᠶ᠎ᠠ ᠪᠦᠬᠦᠢ ᠠᠵᠢᠯ᠎ᠤᠨ ᠴᠢᠳᠠᠪᠤᠷᠢ᠎ᠶᠢ ᠪᠦᠷᠢᠳᠦᠭᠦᠯᠦᠭᠰᠡᠨ ᠪᠠᠢᠬᠤ ᠬᠡᠷᠡᠭᠲᠡᠢ᠂ ᠤᠯᠤᠰ ᠪᠠ ᠲᠤᠰ ᠭᠠᠵᠠᠷ ᠣᠷᠣᠨ᠎ᠤ ᠬᠠᠮᠢᠶ᠎ᠠ ᠪᠦᠬᠦᠢ ᠬᠢᠨᠠᠨ ᠲᠣᠭᠲᠠᠭᠠᠵᠤ ᠦᠨᠡᠯᠡᠨ ᠵᠢᠱ᠌ᠢᠬᠦ ᠪᠠᠷᠢᠮᠵᠢᠶ᠎ᠠ᠎ᠶᠢ ᠦᠨᠳᠦᠰᠦᠯᠡᠨ ᠠᠵᠢᠯ᠎ᠢᠶᠠᠨ ᠥᠷᠨᠢᠭᠦᠯᠵᠦ᠂ ᠲᠤᠰᠬᠠᠢ ᠮᠡᠷᠭᠡᠵᠢᠯᠲᠡᠨ᠎ᠦ ᠰᠠᠨᠠᠯ᠎ᠢᠶᠡᠨ ᠭᠠᠷᠭᠠᠬᠤ ᠬᠡᠷᠡᠭᠲᠡᠢ᠃
ᠳᠥᠷᠪᠡᠳᠦᠭᠡᠷ ᠪᠦᠯᠦᠭ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠵᠥᠪᠳᠡᠯᠴᠡᠭᠡ ᠬᠢᠬᠦ
ᠬᠣᠷᠢᠨ ᠨᠢᠭᠡᠳᠦᠭᠡᠷ ᠵᠦᠢᠯ ᠠᠮᠢ ᠠᠬᠤᠢ ᠣᠷᠴᠢᠨ ᠲᠣᠭᠣᠷᠢᠨ᠎ᠢ ᠵᠠᠰᠠᠨ ᠰᠡᠷᠭᠦᠭᠡᠬᠦ ᠪᠤᠶᠤ ᠬᠣᠬᠢᠷᠠᠯ᠎ᠠᠴᠠ ᠲᠥᠯᠥᠪᠦᠷᠢ ᠠᠪᠬᠤ ᠠᠵᠢᠯ᠎ᠢ ᠡᠬᠢᠯᠡᠭᠦᠯᠬᠦ ᠴᠢᠬᠤᠯᠠᠲᠠᠢ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠶᠢ ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠮᠡᠳᠡᠭᠦᠯᠦᠯᠲᠡ ᠪᠤᠶᠤ ᠲᠤᠰᠬᠠᠢ ᠮᠡᠷᠭᠡᠵᠢᠯᠲᠡᠨ᠎ᠦ ᠰᠠᠨᠠᠯ᠎ᠢᠶᠠᠷ ᠯᠠᠪᠯᠠᠯᠲᠠ ᠪᠣᠯᠭᠠᠵᠤ᠂ 《ᠬᠡᠨ ᠡᠪᠳᠡᠵᠦ ᠬᠣᠬᠢᠷᠠᠭᠤᠯᠤᠭᠰᠠᠨ ᠪᠠᠢᠪᠠᠯ᠂ ᠵᠠᠰᠠᠨ ᠰᠡᠷᠭᠦᠭᠡᠬᠦ ᠬᠠᠷᠢᠭᠤᠴᠠᠯᠭ᠎ᠠ᠎ᠶᠢ ᠲᠡᠷᠡ ᠡᠭᠦᠷᠭᠡᠯᠡᠬᠦ》 ᠵᠠᠷᠴᠢᠮ ᠶᠣᠰᠣᠭᠠᠷ᠂ ᠵᠠᠰᠠᠨ ᠰᠡᠷᠭᠦᠭᠡᠬᠦ ᠲᠥᠰᠥᠯ᠂ ᠵᠠᠰᠠᠨ ᠰᠡᠷᠭᠦᠭᠡᠬᠦ ᠠᠵᠢᠯ᠎ᠢ ᠡᠬᠢᠯᠡᠭᠦᠯᠬᠦ ᠴᠠᠭ ᠪᠠ ᠬᠤᠭᠤᠴᠠᠭ᠎ᠠ ᠬᠢᠵᠠᠭᠠᠷ᠂ ᠲᠥᠯᠥᠪᠦᠷᠢ᠎ᠶᠢᠨ ᠬᠠᠷᠢᠭᠤᠴᠠᠯᠭ᠎ᠠ᠎ᠶᠢ ᠡᠭᠦᠷᠭᠡᠯᠡᠬᠦ ᠠᠷᠭ᠎ᠠ ᠮᠠᠶᠢᠭ᠋ ᠪᠠ ᠬᠤᠭᠤᠴᠠᠭ᠎ᠠ ᠬᠢᠵᠠᠭᠠᠷ ᠵᠡᠷᠭᠡ ᠪᠣᠳᠠᠲᠠᠢ ᠠᠰᠠᠭᠤᠳᠠᠯ᠎ᠤᠨ ᠲᠤᠬᠠᠢ ᠲᠥᠯᠥᠪᠦᠷᠢ ᠥᠭᠬᠦ ᠡᠭᠦᠷᠭᠡᠲᠦ ᠬᠥᠮᠥᠨ᠎ᠲᠠᠢ ᠵᠥᠪᠳᠡᠯᠴᠡᠬᠦ ᠬᠤᠷᠠᠯ ᠬᠤᠷᠠᠯᠳᠤᠭᠤᠯᠤᠨ᠎ᠠ᠃ ᠬᠡᠷᠡᠭ᠎ᠦᠨ ᠪᠠᠢᠳᠠᠯ ᠨᠢ ᠨᠡᠯᠢᠶᠡᠳ ᠪᠤᠳᠤᠯᠢᠶᠠᠨᠲᠠᠢ ᠪᠠᠢᠪᠠᠯ᠂ ᠠᠩᠬ᠎ᠠ ᠤᠳᠠᠭ᠎ᠠ ᠵᠥᠪᠳᠡᠯᠴᠡᠬᠦ᠎ᠡᠴᠡ ᠡᠮᠦᠨ᠎ᠡ ᠨᠡᠪᠲᠡᠷᠡᠯᠴᠡᠨ ᠣᠢᠯᠠᠭᠠᠯᠴᠠᠬᠤ ᠠᠵᠢᠯ᠎ᠢ ᠵᠣᠬᠢᠶᠠᠨ ᠪᠠᠢᠭᠤᠯᠵᠤ ᠪᠣᠯᠣᠨ᠎ᠠ᠃ ᠵᠥᠪᠳᠡᠯᠴᠡᠬᠦ ᠶᠠᠪᠤᠴᠠ᠎ᠶᠢ ᠬᠠᠤᠯᠢ ᠶᠣᠰᠣᠭᠠᠷ ᠢᠯᠡ ᠲᠣᠳᠣ᠌ ᠪᠠᠢᠯᠭᠠᠬᠤ ᠬᠡᠷᠡᠭᠲᠡᠢ᠃
ᠬᠣᠷᠢᠨ ᠬᠣᠶᠠᠳᠤᠭᠠᠷ ᠵᠦᠢᠯ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠵᠥᠪᠳᠡᠯᠴᠡᠭᠡ᠎ᠶᠢ ᠡᠬᠢᠯᠡᠭᠦᠯᠬᠦ᠎ᠳᠦ ᠳᠣᠣᠷ᠎ᠠ ᠵᠢᠭ᠍ᠰᠠᠭᠠᠭᠰᠠᠨ ᠨᠥᠬᠥᠴᠡᠯ᠎ᠢ ᠪᠦᠷᠢᠳᠦᠭᠦᠯᠦᠭᠰᠡᠨ ᠪᠠᠢᠬᠤ ᠬᠡᠷᠡᠭᠲᠡᠢ ᠄
( ᠨᠢᠭᠡ ) ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠠᠢᠳᠠᠯ ᠭᠠᠷᠤᠭᠰᠠᠨ;
( ᠬᠣᠶᠠᠷ ) ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠵᠦᠢ ᠵᠣᠬᠢᠰᠲᠠᠢ ᠬᠤᠭᠤᠴᠠᠭ᠎ᠠ ᠬᠢᠵᠠᠭᠠᠷ ᠳᠣᠲᠣᠷ᠎ᠠ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠵᠥᠪᠳᠡᠯᠴᠡᠭᠡᠨ᠎ᠦ ᠮᠡᠳᠡᠭᠳᠡᠯ᠎ᠦᠨ ᠪᠢᠴᠢᠭ᠎ᠢ ᠭᠠᠷᠭᠠᠬᠤ᠎ᠶᠢᠨ ᠬᠠᠮᠲᠤ ᠲᠥᠯᠥᠪᠦᠷᠢ ᠥᠭᠬᠦ ᠡᠭᠦᠷᠭᠡᠲᠦ ᠬᠥᠮᠥᠨ᠎ᠳᠦ ᠬᠦᠷᠭᠡᠵᠦ᠂ ᠲᠥᠯᠥᠪᠦᠷᠢ ᠥᠭᠬᠦ ᠡᠭᠦᠷᠭᠡᠲᠦ ᠬᠥᠮᠥᠨ ᠨᠢ ᠵᠥᠪᠳᠡᠯᠴᠡᠬᠦ᠎ᠶᠢ ᠵᠥᠪᠰᠢᠶᠡᠷᠡᠭᠰᠡᠨ;
( ᠭᠤᠷᠪᠠ ) ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ᠎ᠲᠤ ᠪᠠᠢᠴᠠᠭᠠᠯᠲᠠ ᠬᠢᠬᠦ᠎ᠶᠢ ᠪᠡᠶᠡᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠣᠳᠠᠲᠤ ᠶᠠᠪᠤᠳᠠᠯ ᠨᠢ ᠲᠣᠳᠣᠷᠬᠠᠢ ᠪᠣᠯᠤᠭᠰᠠᠨ;
( ᠳᠥᠷᠪᠡ ) ᠬᠢᠨᠠᠨ ᠲᠣᠭᠲᠠᠭᠠᠵᠤ ᠦᠨᠡᠯᠡᠨ ᠵᠢᠱ᠌ᠢᠬᠦ ᠪᠠᠢᠭᠤᠯᠤᠮᠵᠢ᠎ᠠᠴᠠ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠭᠰᠠᠨ ᠰᠠᠨᠠᠯ᠂ ᠦᠨᠡᠯᠡᠨ ᠵᠢᠱ᠌ᠢᠭᠰᠡᠨ ᠮᠡᠳᠡᠭᠦᠯᠦᠯᠲᠡ ᠭᠠᠷᠭᠠᠵᠤ ᠥᠭᠬᠦ ᠪᠤᠶᠤ ᠬᠢᠨᠠᠨ ᠲᠣᠭᠲᠠᠭᠠᠵᠤ ᠦᠨᠡᠯᠡᠨ ᠵᠢᠱ᠌ᠢᠬᠦ ᠲᠤᠰᠬᠠᠢ ᠮᠡᠷᠭᠡᠵᠢᠯᠲᠡᠨ᠎ᠦ ᠳᠤᠭᠤᠢᠯᠠᠩ᠎ᠠᠴᠠ ᠰᠠᠨᠠᠯ ᠭᠠᠷᠭᠠᠵᠤ ᠥᠭᠭᠦᠭᠰᠡᠨ;
( ᠲᠠᠪᠤ ) ᠬᠠᠤᠯᠢ ᠴᠠᠭᠠᠵᠠ᠂ ᠬᠠᠤᠯᠢ ᠲᠣᠭᠲᠠᠭᠠᠯ ᠵᠡᠷᠭᠡ᠎ᠳᠦ ᠲᠣᠭᠲᠠᠭᠠᠭᠰᠠᠨ ᠪᠤᠰᠤᠳ ᠨᠥᠬᠥᠴᠡᠯ᠃
ᠬᠣᠷᠢᠨ ᠭᠤᠷᠪᠠᠳᠤᠭᠠᠷ ᠵᠦᠢᠯ ᠲᠥᠯᠥᠪᠦᠷᠢ ᠥᠭᠬᠦ ᠡᠭᠦᠷᠭᠡᠲᠦ ᠬᠥᠮᠥᠨ ᠵᠥᠪᠳᠡᠯᠴᠡᠬᠦ ᠮᠡᠳᠡᠭᠳᠡᠯ᠎ᠦᠨ ᠪᠢᠴᠢᠭ᠎ᠢ ᠣᠯᠣᠭᠰᠠᠨ ᠡᠳᠦᠷ᠎ᠡᠴᠡ ᠡᠬᠢᠯᠡᠨ 5 ᠠᠵᠢᠯᠯᠠᠬᠤ ᠡᠳᠦᠷ᠎ᠦᠨ ᠳᠣᠲᠣᠷ᠎ᠠ ᠲᠥᠯᠥᠪᠦᠷᠢ ᠥᠭᠬᠦ ᠡᠭᠦᠷᠭᠡᠲᠦ ᠬᠥᠮᠥᠨ ᠪᠣᠯᠬᠤ ᠪᠡᠶ᠎ᠡ ᠬᠡᠮ᠎ᠢᠶᠠᠨ ᠮᠡᠳᠡᠷᠡᠬᠦ ᠡᠰᠡᠬᠦ᠂ ᠵᠥᠪᠳᠡᠯᠴᠡᠬᠦ᠎ᠶᠢ ᠵᠥᠪᠰᠢᠶᠡᠷᠡᠬᠦ ᠡᠰᠡᠬᠦ᠎ᠶᠢᠨ ᠲᠤᠬᠠᠢ ᠬᠠᠷᠢᠭᠤᠯᠲᠠ ᠥᠭᠬᠦ ᠰᠠᠨᠠᠯ᠎ᠢᠶᠠᠨ ᠳᠤᠷᠠᠳᠬᠤ ᠬᠡᠷᠡᠭᠲᠡᠢ᠂ ᠵᠦᠢ ᠵᠣᠬᠢᠰᠲᠠᠢ ᠬᠠᠤᠯᠢ ᠶᠣᠰᠣᠨ᠎ᠤ ᠤᠴᠢᠷ ᠰᠢᠯᠲᠠᠭᠠᠨ᠎ᠲᠠᠢ ᠪᠠᠢᠪᠠᠯ ᠡᠭᠦᠨ᠎ᠳᠦ ᠪᠠᠭᠲᠠᠬᠤ ᠦᠭᠡᠢ᠃
ᠬᠣᠷᠢᠨ ᠳᠥᠷᠪᠡᠳᠦᠭᠡᠷ ᠵᠦᠢᠯ ᠲᠥᠯᠥᠪᠦᠷᠢ ᠥᠭᠬᠦ ᠡᠭᠦᠷᠭᠡᠲᠦ ᠬᠥᠮᠥᠨ ᠬᠠᠤᠯᠢᠴᠢ᠎ᠳᠤ ᠨᠠᠢᠳᠠᠵᠤ ᠵᠥᠪᠳᠡᠯᠴᠡᠭᠡᠨ᠎ᠦ ᠬᠠᠮᠢᠶ᠎ᠠ ᠪᠦᠬᠦᠢ ᠤᠴᠢᠷ ᠶᠠᠪᠤᠳᠠᠯ᠎ᠢ ᠰᠢᠢᠳᠪᠦᠷᠢᠯᠡᠭᠦᠯᠵᠦ ᠪᠣᠯᠣᠨ᠎ᠠ᠃
ᠲᠥᠯᠥᠪᠦᠷᠢ ᠥᠭᠬᠦ ᠡᠭᠦᠷᠭᠡᠲᠦ ᠬᠥᠮᠥᠨ ᠬᠠᠤᠯᠢᠴᠢ᠎ᠳᠤ ᠨᠠᠢᠳᠠᠵᠤ ᠣᠷᠣᠯᠠᠨ ᠭᠦᠢᠴᠡᠳᠬᠡᠯᠭᠡᠭᠰᠡᠨ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠳᠤ ᠣᠷᠣᠯᠠᠨ ᠭᠦᠢᠴᠡᠳᠬᠡᠯᠭᠡᠬᠦ᠎ᠪᠡᠷ ᠨᠠᠢᠳᠠᠭᠰᠠᠨ ᠭᠡᠷᠡᠴᠢ᠎ᠪᠡᠨ ᠲᠤᠰᠢᠶᠠᠬᠤ ᠬᠡᠷᠡᠭᠲᠡᠢ᠃
ᠬᠣᠷᠢᠨ ᠲᠠᠪᠤᠳᠤᠭᠠᠷ ᠵᠦᠢᠯ ᠵᠥᠪᠳᠡᠯᠴᠡᠬᠦ ᠬᠤᠷᠠᠯ᠎ᠢ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠵᠣᠬᠢᠶᠠᠨ ᠪᠠᠢᠭᠤᠯᠵᠤ ᠬᠤᠷᠠᠯᠳᠤᠭᠤᠯᠤᠨ᠎ᠠ᠃
ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠵᠤ ᠦᠨᠡᠯᠡᠨ ᠵᠢᠱ᠌ᠢᠬᠦ ᠪᠠᠢᠭᠤᠯᠤᠮᠵᠢ ᠪᠤᠶᠤ ᠦᠨᠡᠯᠡᠨ ᠵᠢᠱ᠌ᠢᠬᠦ ᠲᠤᠰᠬᠠᠢ ᠮᠡᠷᠭᠡᠵᠢᠯᠲᠡᠨ᠎ᠦ ᠳᠤᠭᠤᠢᠯᠠᠩ᠎ᠳᠤ ᠬᠥᠮᠥᠨ ᠲᠣᠮᠢᠯᠠᠨ ᠵᠥᠪᠳᠡᠯᠴᠡᠭᠡᠨ᠎ᠦ ᠬᠤᠷᠠᠯ᠎ᠳᠤ ᠣᠷᠣᠯᠴᠠᠭᠤᠯᠬᠤ᠎ᠪᠠᠷ ᠮᠡᠳᠡᠭᠳᠡᠵᠦ ᠪᠣᠯᠣᠨ᠎ᠠ᠃
ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠠᠳᠠᠯᠢ ᠱᠠᠲᠤᠨ᠎ᠤ ᠪᠠᠢᠴᠠᠭᠠᠬᠤ ᠪᠠᠢᠭᠤᠯᠭ᠎ᠠ᠎ᠶᠢ ᠵᠥᠪᠳᠡᠯᠴᠡᠬᠦ ᠬᠤᠷᠠᠯ᠎ᠳᠤ ᠣᠷᠣᠯᠴᠠᠭᠤᠯᠬᠤ᠎ᠪᠠᠷ ᠤᠷᠢᠵᠤ᠂ ᠵᠥᠪᠳᠡᠯᠴᠡᠬᠦ᠎ᠳᠦ ᠬᠠᠤᠯᠢ ᠴᠠᠭᠠᠵᠠ᠎ᠶᠢᠨ ᠳᠡᠮᠵᠢᠯᠭᠡ ᠬᠠᠩᠭᠠᠯᠭᠠᠵᠤ ᠪᠣᠯᠣᠨ᠎ᠠ᠃
ᠵᠥᠪᠳᠡᠯᠴᠡᠬᠦ ᠬᠤᠷᠠᠯ᠎ᠳᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠡᠭᠦᠷᠭᠡ ᠬᠠᠷᠢᠭᠤᠴᠠᠯᠭ᠎ᠠ᠎ᠲᠠᠢ ᠰᠠᠯᠠᠭ᠎ᠠ ᠮᠥᠴᠢᠷ ᠪᠤᠶᠤ ᠪᠠᠢᠭᠤᠯᠤᠮᠵᠢ᠂ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠬᠦᠷᠢᠶ᠎ᠡ ᠴᠠᠷᠠᠭᠠᠨ᠎ᠤ ᠲᠤᠰᠬᠠᠢ ᠮᠡᠷᠭᠡᠵᠢᠯᠲᠡᠨ᠂ ᠬᠠᠤᠯᠢ ᠴᠠᠭᠠᠵᠠ᠎ᠶᠢᠨ ᠲᠤᠰᠬᠠᠢ ᠮᠡᠷᠭᠡᠵᠢᠯᠲᠡᠨ᠂ ᠬᠠᠤᠯᠢᠴᠢ ᠨᠠᠷ᠎ᠢ ᠤᠷᠢᠨ ᠣᠷᠣᠯᠴᠠᠭᠤᠯᠵᠤ ᠪᠣᠯᠣᠨ᠎ᠠ᠃
ᠬᠣᠷᠢᠨ ᠵᠢᠷᠭᠤᠳᠤᠭᠠᠷ ᠵᠦᠢᠯ ᠵᠥᠪᠳᠡᠯᠴᠡᠬᠦ ᠬᠤᠷᠠᠯ᠎ᠢ ᠳᠣᠣᠷ᠎ᠠ ᠵᠢᠭ᠍ᠰᠠᠭᠠᠭᠰᠠᠨ ᠳᠡᠰ ᠳᠠᠷᠠᠭᠠᠯᠠᠯ᠎ᠢᠶᠠᠷ ᠶᠠᠪᠤᠭᠳᠠᠭᠤᠯᠤᠨ᠎ᠠ ᠄
( ᠨᠢᠭᠡ ) ᠬᠤᠷᠠᠯ᠎ᠳᠤ ᠣᠷᠣᠯᠴᠠᠭᠰᠠᠳ᠎ᠤᠨ ᠪᠡᠶ᠎ᠡ ᠭᠡᠮ ᠪᠠ ᠬᠤᠷᠠᠯ᠎ᠳᠤ ᠣᠷᠣᠯᠴᠠᠭᠰᠠᠨ ᠪᠠᠢᠳᠠᠯ᠎ᠢ ᠬᠠᠷᠭᠤᠭᠤᠯᠤᠨ᠎ᠠ;
( ᠬᠣᠶᠠᠷ ) ᠬᠤᠷᠠᠯ ᠡᠷᠬᠢᠯᠡᠭᠴᠢ᠎ᠡᠴᠡ ᠬᠤᠷᠠᠯ᠎ᠤᠨ ᠰᠠᠬᠢᠯᠭ᠎ᠠ ᠪᠠᠲᠤ ᠪᠠ ᠠᠩᠬᠠᠷᠬᠤ ᠵᠦᠢᠯᠡᠰ᠎ᠢ ᠨᠡᠢᠲᠡᠯᠡᠵᠦ᠂ ᠬᠤᠷᠠᠯ᠎ᠳᠤ ᠣᠷᠣᠯᠴᠠᠭᠰᠠᠳ᠎ᠤᠨ ᠡᠷᠬᠡ ᠪᠠ ᠡᠭᠦᠷᠭᠡ᠎ᠶᠢ ᠮᠡᠳᠡᠭᠳᠡᠨ᠎ᠡ;
( ᠭᠤᠷᠪᠠ ) ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ᠎ᠢ ᠪᠠᠢᠴᠠᠭᠠᠭᠰᠠᠨ ᠪᠠᠢᠳᠠᠯ᠎ᠤᠨ ᠲᠤᠬᠠᠢ ᠲᠣᠭᠠᠴᠢᠯᠲᠠ ᠬᠢᠵᠦ᠂ ᠲᠥᠯᠥᠭᠦᠯᠬᠦ ᠰᠠᠨᠠᠯ᠎ᠢᠶᠠᠨ ᠢᠯᠡᠳᠬᠡᠬᠦ᠎ᠶᠢᠨ ᠬᠠᠮᠲᠤ ᠬᠠᠮᠢᠶ᠎ᠠ ᠪᠦᠬᠦᠢ ᠭᠡᠷᠡᠴᠢ ᠪᠠᠷᠢᠮᠲᠠ᠎ᠶᠢ ᠭᠠᠷᠭᠠᠨ ᠦᠵᠡᠭᠦᠯᠦᠨ᠎ᠡ;
( ᠳᠥᠷᠪᠡ ) ᠬᠢᠨᠠᠨ ᠲᠣᠭᠲᠠᠭᠠᠵᠤ ᠦᠨᠡᠯᠡᠨ ᠵᠢᠱ᠌ᠢᠬᠦ ᠪᠠᠢᠭᠤᠯᠤᠮᠵᠢ ᠨᠢ ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠪᠠᠢᠳᠠᠯ᠎ᠤᠨ ᠲᠤᠬᠠᠢ ᠲᠣᠳᠣᠷᠬᠠᠢᠯᠠᠯᠲᠠ ᠬᠢᠬᠦ ᠪᠤᠶᠤ ᠬᠢᠨᠠᠨ ᠲᠣᠭᠲᠠᠭᠠᠵᠤ ᠦᠨᠡᠯᠡᠨ ᠵᠢᠱ᠌ᠢᠬᠦ ᠲᠤᠰᠬᠠᠢ ᠮᠡᠷᠭᠡᠵᠢᠯᠲᠡᠨ᠎ᠦ ᠳᠤᠭᠤᠢᠯᠠᠩ ᠨᠢ ᠲᠤᠰᠬᠠᠢ ᠮᠡᠷᠭᠡᠵᠢᠯᠲᠡᠨ᠎ᠦ ᠰᠠᠨᠠᠯ᠎ᠳᠤ ᠲᠣᠳᠣᠷᠬᠠᠢᠯᠠᠯᠲᠠ ᠬᠢᠨ᠎ᠡ;
( ᠲᠠᠪᠤ ) ᠲᠥᠯᠥᠪᠦᠷᠢ ᠥᠭᠬᠦ ᠡᠭᠦᠷᠭᠡᠲᠦ ᠬᠥᠮᠥᠨ ᠲᠣᠭᠠᠴᠢᠯᠲᠠ ᠬᠢᠬᠦ᠎ᠶᠢᠨ ᠬᠠᠮᠲᠤ ᠰᠠᠨᠠᠯ᠎ᠢᠶᠠᠨ ᠢᠯᠡᠳᠬᠡᠨ᠎ᠡ;
( ᠵᠢᠷᠭᠤᠭ᠎ᠠ ) ᠲᠥᠯᠥᠪᠦᠷᠢ ᠥᠭᠬᠦ ᠡᠭᠦᠷᠭᠡᠲᠦ ᠬᠥᠮᠥᠨ ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠮᠡᠳᠡᠭᠦᠯᠦᠯᠲᠡ ᠪᠤᠶᠤ ᠲᠤᠰᠬᠠᠢ ᠮᠡᠷᠭᠡᠵᠢᠯᠲᠡᠨ᠎ᠦ ᠰᠠᠨᠠᠯ᠎ᠳᠤ ᠮᠠᠳᠠᠭ᠎ᠲᠠᠢ ᠪᠤᠶᠤ ᠣᠨᠳᠣᠣ ᠰᠠᠨᠠᠯ᠎ᠲᠠᠢ ᠪᠠᠢᠪᠠᠯ᠂ ᠬᠤᠷᠠᠯ᠎ᠳᠤ ᠣᠷᠣᠯᠴᠠᠭᠰᠠᠨ ᠦᠨᠡᠯᠡᠨ ᠵᠢᠱ᠌ᠢᠬᠦ ᠪᠠᠢᠭᠤᠯᠤᠮᠵᠢ ᠪᠤᠶᠤ ᠦᠨᠡᠯᠡᠨ ᠵᠢᠱ᠌ᠢᠬᠦ ᠲᠤᠰᠬᠠᠢ ᠮᠡᠷᠭᠡᠵᠢᠯᠲᠡᠨ᠎ᠡᠴᠡ ᠬᠠᠷᠢᠭᠤᠯᠵᠤ ᠲᠣᠳᠣᠷᠬᠠᠢᠯᠠᠯᠲᠠ ᠬᠢᠨ᠎ᠡ;
( ᠲᠤᠯᠤᠭ᠎ᠠ ) ᠬᠤᠷᠠᠯ᠎ᠳᠤ ᠣᠷᠣᠯᠴᠠᠭᠰᠠᠨ ᠬᠥᠮᠥᠰ ᠰᠠᠨᠠᠯ᠎ᠢᠶᠠᠨ ᠢᠯᠡᠳᠬᠡᠨ᠎ᠡ;
( ᠨᠠᠢ᠍ᠮᠠ ) ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠂ ᠲᠥᠯᠥᠪᠦᠷᠢ ᠥᠭᠬᠦ ᠡᠭᠦᠷᠭᠡᠲᠦ ᠬᠥᠮᠥᠨ ᠨᠢ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠮᠡᠳᠡᠭᠦᠯᠦᠯᠲᠡ ᠪᠠ ᠡᠯ᠎ᠡ ᠲᠠᠯ᠎ᠠ᠎ᠶᠢᠨ ᠰᠠᠨᠠᠯ ᠵᠡᠷᠭᠡ᠎ᠶᠢ ᠦᠨᠳᠦᠰᠦᠯᠡᠵᠦ᠂ ᠵᠠᠰᠠᠨ ᠰᠡᠷᠭᠦᠭᠡᠬᠦ᠎ᠶᠢ ᠡᠬᠢᠯᠡᠭᠦᠯᠬᠦ ᠴᠠᠭ ᠪᠠ ᠬᠤᠭᠤᠴᠠᠭ᠎ᠠ ᠬᠢᠵᠠᠭᠠᠷ᠂ ᠲᠥᠯᠥᠪᠦᠷᠢ᠎ᠶᠢᠨ ᠬᠠᠷᠢᠭᠤᠴᠠᠯᠭ᠎ᠠ ᠡᠭᠦᠷᠭᠡᠯᠡᠬᠦ ᠠᠷᠭ᠎ᠠ ᠮᠠᠶᠢᠭ᠋ ᠪᠠ ᠬᠤᠭᠤᠴᠠᠭ᠎ᠠ ᠬᠢᠵᠠᠭᠠᠷ ᠵᠡᠷᠭᠡ ᠪᠣᠳᠠᠲᠠᠢ ᠠᠰᠠᠭᠤᠳᠠᠯ᠎ᠤᠨ ᠲᠤᠬᠠᠢ ᠡᠷᠬᠡ ᠲᠡᠭᠰᠢ᠎ᠪᠡᠷ ᠵᠥᠪᠳᠡᠯᠴᠡᠨ᠎ᠡ;
( ᠶᠢᠰᠦ ) ᠵᠥᠪᠳᠡᠯᠴᠡᠬᠦ ᠬᠤᠷᠠᠯ᠎ᠤᠨ ᠲᠡᠮᠳᠡᠭᠯᠡᠯ᠎ᠢ ᠬᠤᠷᠠᠯ᠎ᠳᠤ ᠣᠷᠣᠯᠴᠠᠭᠰᠠᠨ ᠡᠯ᠎ᠡ ᠲᠠᠯ᠎ᠠ᠎ᠶᠢᠨ ᠬᠢᠨ ᠬᠠᠷᠭᠤᠭᠤᠯᠤᠭᠠᠳ ᠪᠤᠷᠤᠭᠤ ᠦᠭᠡᠢ ᠪᠠᠢᠪᠠᠯ ᠭᠠᠷᠤᠨ ᠦᠰᠦᠭ ᠵᠢᠷᠤᠭᠰᠠᠨ᠎ᠤ ᠲᠠᠷᠠᠭ᠎ᠠ ᠲᠠᠨᠭᠰᠠ ᠡᠪᠬᠡᠮᠡᠯ᠎ᠳᠦ ᠣᠷᠣᠭᠤᠯᠤᠨ᠎ᠠ᠃ ᠬᠤᠷᠠᠯ᠎ᠳᠤ ᠣᠷᠣᠯᠴᠠᠭᠰᠠᠳ ᠭᠠᠷᠤᠨ ᠥᠰᠥᠭ ᠵᠢᠷᠤᠬᠤ᠎ᠶᠢ ᠲᠡᠪᠴᠢᠪᠡᠯ᠂ ᠬᠤᠷᠠᠯ ᠡᠷᠬᠢᠯᠡᠭᠴᠢ᠎ᠡᠴᠡ ᠪᠠᠢᠳᠠᠯ᠎ᠢ ᠨᠢ ᠲᠣᠳᠣᠷᠬᠠᠢᠯᠠᠵᠤ ᠪᠢᠴᠢᠭᠰᠡᠨ᠎ᠦ ᠳᠠᠷᠠᠭ᠎ᠠ ᠲᠠᠩᠰᠠ ᠡᠪᠬᠡᠮᠡᠯ᠎ᠳᠦ ᠣᠷᠣᠭᠤᠯᠤᠨ᠎ᠠ ᠃
ᠬᠣᠷᠢᠨ ᠳᠣᠯᠣᠳᠤᠭᠠᠷ ᠵᠦᠢᠯ ᠵᠥᠪᠳᠡᠯᠴᠡᠬᠦ ᠬᠤᠷᠠᠯ᠎ᠳᠤ ᠵᠥᠷᠢᠯᠳᠦᠭᠡᠨ᠎ᠲᠠᠢ ᠵᠦᠢᠯ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠲᠥᠯᠥᠪᠦᠷᠢ ᠥᠭᠬᠦ ᠡᠭᠦᠷᠭᠡᠲᠦ ᠬᠥᠮᠥᠨ᠎ᠲᠠᠢ ᠴᠠᠭ᠎ᠢᠶᠡᠨ ᠵᠥᠪᠯᠡᠨ ᠲᠣᠭᠲᠠᠭᠠᠵᠤ ᠳᠠᠬᠢᠨᠲᠠ ᠵᠥᠪᠳᠡᠯᠴᠡᠵᠦ ᠪᠣᠯᠣᠨ᠎ᠠ᠃ ᠵᠥᠪᠳᠡᠯᠴᠡᠬᠦ ᠬᠤᠭᠤᠴᠠᠭ᠎ᠠ᠎ᠶᠢ ᠵᠠᠷᠴᠢᠮ ᠳᠡᠭᠡᠷ᠎ᠡ᠎ᠪᠡᠨ 90 ᠡᠳᠦᠷ᠎ᠡᠴᠡ ᠬᠡᠲᠦᠷᠡᠭᠦᠯᠵᠦ ᠪᠣᠯᠬᠤ ᠦᠭᠡᠢ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠵᠥᠪᠳᠡᠯᠴᠡᠬᠦ ᠮᠡᠳᠡᠭᠳᠡᠯ᠎ᠦᠨ ᠪᠢᠴᠢᠭ᠎ᠢ ᠲᠥᠯᠥᠪᠦᠷᠢ ᠥᠭᠬᠦ ᠡᠭᠦᠷᠭᠡᠲᠦ ᠬᠥᠮᠥᠨ᠎ᠳᠦ ᠬᠦᠷᠭᠡᠭᠰᠡᠨ ᠡᠳᠦᠷ᠎ᠡᠴᠡ ᠡᠬᠢᠯᠡᠵᠦ ᠪᠤᠳᠤᠨ᠎ᠠ᠃ ᠵᠥᠪᠳᠡᠯᠴᠡᠬᠦ ᠤᠳᠠᠭ᠎ᠠ᠎ᠶᠢ ᠵᠠᠷᠴᠢᠮ ᠳᠡᠭᠡᠷ᠎ᠡ᠎ᠪᠡᠨ 3 ᠤᠳᠠᠭ᠎ᠠ᠎ᠠᠴᠠ ᠬᠡᠲᠦᠷᠡᠭᠦᠯᠵᠦ ᠪᠣᠯᠬᠤ ᠦᠭᠡᠢ᠃ ᠬᠡᠷᠡᠭ᠎ᠦᠨ ᠪᠠᠢᠳᠠᠯ ᠨᠢ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠶᠢᠨ ᠬᠠᠷᠢᠭᠤᠴᠠᠯᠭᠠᠲᠠᠨ᠎ᠢᠶᠠᠷ ᠵᠥᠪᠰᠢᠶᠡᠷᠡᠭᠦᠯᠦᠭᠡᠳ᠂ ᠬᠤᠷᠠᠯ᠎ᠤᠨ ᠤᠳᠠᠭ᠎ᠠ᠎ᠶᠢ ᠵᠣᠬᠢᠰᠲᠠᠢ᠎ᠪᠠᠷ ᠨᠡᠮᠡᠭᠳᠡᠭᠦᠯᠵᠦ ᠪᠣᠯᠣᠨ᠎ᠠ᠃
ᠬᠣᠷᠢᠨ ᠨᠠᠢ᠍ᠮᠠᠳᠤᠭᠠᠷ ᠵᠦᠢᠯ ᠵᠥᠪᠳᠡᠯᠴᠡᠭᠡᠳ ᠰᠠᠨᠠᠯ ᠨᠢᠭᠡᠳᠦᠭᠰᠡᠨ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠲᠥᠯᠥᠪᠦᠷᠢ ᠥᠭᠬᠦ ᠡᠭᠦᠷᠭᠡᠲᠦ ᠬᠥᠮᠥᠨ ᠯᠦ᠍ᠭᠡ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ᠎ᠶᠢᠨ ᠵᠥᠪᠯᠡᠯᠴᠡᠭᠡᠷ ᠲᠣᠬᠢᠷᠠᠯᠴᠠᠵᠤ᠂ ᠲᠥᠯᠥᠪᠦᠷᠢ᠎ᠶᠢᠨ ᠵᠥᠪᠯᠡᠯᠴᠡᠭᠡᠷ᠎ᠲᠦ ᠵᠥᠪᠯᠡᠯᠴᠡᠭᠡᠷ᠎ᠦᠨ ᠬᠣᠶᠠᠷ ᠲᠠᠯ᠎ᠠ᠎ᠶᠢᠨ ᠦᠨᠳᠦᠰᠦᠨ ᠮᠡᠳᠡᠭᠡ ᠵᠠᠩᠭᠢ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠣᠳᠠᠲᠤ ᠶᠠᠪᠤᠳᠠᠯ᠂ ᠬᠠᠮᠢᠶ᠎ᠠ ᠪᠦᠬᠦᠢ ᠭᠡᠷᠡᠴᠢ ᠪᠠᠷᠢᠮᠲᠠ ᠪᠠ ᠬᠠᠤᠯᠢ ᠴᠠᠭᠠᠵᠠ᠎ᠶᠢᠨ ᠦᠨᠳᠦᠰᠦᠯᠡᠯ᠂ ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠳ᠋ᠦᠩᠨᠡᠯᠲᠡ᠂ ᠵᠠᠰᠠᠨ ᠰᠡᠷᠭᠦᠭᠡᠬᠦ ᠬᠠᠷᠠᠯᠲᠠ᠂ ᠵᠠᠰᠠᠨ ᠰᠡᠷᠭᠦᠭᠡᠬᠦ ᠲᠥᠰᠥᠯ ᠵᠡᠷᠭᠡ᠎ᠶᠢᠨ ᠲᠤᠬᠠᠢ ᠵᠥᠪᠯᠡᠯᠴᠡᠭᠡᠷ᠎ᠦᠨ ᠬᠣᠶᠠᠷ ᠲᠠᠯ᠎ᠠ᠎ᠶᠢᠨ ᠬᠢᠨ᠎ᠤ ᠰᠠᠨᠠᠯ᠂ ᠭᠦᠢᠴᠡᠳᠬᠡᠬᠦ ᠲᠥᠯᠥᠪᠦᠷᠢ᠎ᠶᠢᠨ ᠬᠠᠷᠢᠭᠤᠴᠠᠯᠭ᠎ᠠ᠎ᠶᠢ ᠡᠭᠦᠷᠭᠡᠯᠡᠬᠦ ᠠᠷᠭ᠎ᠠ ᠮᠠᠶᠢᠭ᠋ ᠵᠢᠴᠢ ᠬᠤᠭᠤᠴᠠᠭ᠎ᠠ ᠬᠢᠵᠠᠭᠠᠷ᠂ ᠵᠠᠰᠠᠨ ᠰᠡᠷᠭᠦᠭᠡᠭᠰᠡᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠠᠷᠭ᠎ᠠ ᠮᠠᠶᠢᠭ᠋ ᠵᠢᠴᠢ ᠬᠤᠭᠤᠴᠠᠭ᠎ᠠ᠂ ᠭᠡᠷ᠎ᠡ᠎ᠡᠴᠡ ᠵᠥᠷᠢᠴᠡᠭᠰᠡᠨ ᠬᠠᠷᠢᠭᠤᠴᠠᠯᠭ᠎ᠠ᠎ᠶᠢ ᠡᠭᠦᠷᠭᠡᠯᠡᠬᠦ ᠪᠠ ᠪᠤᠰᠤᠳ ᠲᠣᠳᠣᠷᠬᠠᠢᠯᠠᠬᠤ ᠴᠢᠬᠤᠯᠠᠲᠠᠢ ᠠᠭᠤᠯᠭ᠎ᠠ ᠵᠡᠷᠭᠡ᠎ᠶᠢ ᠪᠠᠭᠲᠠᠭᠠᠭᠰᠠᠨ ᠪᠠᠢᠬᠤ ᠬᠡᠷᠡᠭᠲᠡᠢ᠃ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠬᠠᠮᠢᠶᠠᠷᠤᠨ ᠡᠵᠡᠮᠳᠡᠬᠦ ᠡᠷᠬᠡ᠎ᠲᠠᠢ ᠠᠷᠠᠳ᠎ᠤᠨ ᠰᠢᠭᠦᠬᠦ ᠬᠣᠷᠢᠶ᠎ᠠ᠎ᠳᠤ ᠬᠠᠤᠯᠢ ᠴᠠᠭᠠᠵᠠ᠎ᠶᠢᠨ ᠨᠤᠲᠠᠯᠠᠯᠲᠠ ᠬᠢᠯᠭᠡᠬᠦ᠎ᠪᠡᠷ ᠭᠤᠶᠤᠴᠢᠯᠠᠵᠤ ᠪᠣᠯᠣᠨ᠎ᠠ᠃
ᠠᠷᠠᠳ᠎ᠤᠨ ᠰᠢᠭᠦᠬᠦ ᠬᠣᠷᠢᠶ᠎ᠠ ᠬᠢᠨᠠᠨ ᠪᠠᠢᠴᠠᠭᠠᠭᠠᠳ ᠬᠠᠤᠯᠢ ᠴᠠᠭᠠᠵᠠ᠎ᠶᠢᠨ ᠨᠤᠲᠠᠯᠠᠯᠲᠠ ᠥᠭᠭᠦᠭᠰᠡᠨ ᠦᠭᠡᠢ ᠪᠠᠢᠪᠠᠯ᠂ ᠲᠠᠰᠤᠯᠤᠨ ᠲᠣᠭᠲᠠᠭᠠᠯᠲᠠ᠎ᠶᠢᠨ ᠪᠢᠴᠢᠭ ᠬᠠᠷ᠎ᠠ᠎ᠶᠢ ᠦᠨᠳᠦᠰᠦᠯᠡᠨ ᠬᠣᠯᠪᠣᠭᠳᠠᠯ ᠪᠦᠬᠦᠢ ᠪᠠᠢᠳᠠᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ ᠳᠠᠬᠢᠵᠤ ᠨᠢᠭᠡ ᠤᠳᠠᠭ᠎ᠠ ᠵᠥᠪᠳᠡᠯᠴᠡᠬᠦ ᠬᠡᠷᠡᠭᠲᠡᠢ᠃ ᠳᠠᠬᠢᠵᠤ ᠵᠥᠪᠳᠡᠯᠴᠡᠭᠡᠳ ᠪᠦᠲᠦᠬᠦ ᠦᠭᠡᠢ ᠪᠣᠯ ᠴᠠᠭ ᠲᠤᠬᠠᠢ᠎ᠳᠤ ᠨᠢ ᠵᠠᠭᠠᠯᠳᠤᠯᠭ᠎ᠠ ᠭᠠᠷᠭᠠᠬᠤ ᠬᠡᠷᠡᠭᠲᠡᠢ᠃
ᠬᠣᠷᠢ ᠶᠢᠰᠦᠳᠦᠭᠡᠷ ᠵᠦᠢᠯ ᠳᠣᠣᠷ᠎ᠠ ᠵᠢᠭ᠍ᠰᠠᠭᠠᠭᠰᠠᠨ ᠪᠠᠢᠳᠠᠯ᠎ᠤᠨ ᠨᠢᠭᠡ ᠨᠢ ᠪᠠᠢᠪᠠᠯ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ᠎ᠶᠢ ᠵᠥᠪᠳᠡᠯᠴᠡᠭᠡᠳ ᠪᠦᠲᠦᠭᠰᠡᠨ ᠦᠭᠡᠢ᠎ᠪᠡᠷ ᠦᠵᠡᠨ᠎ᠡ ᠄
( ᠨᠢᠭᠡ ) ᠲᠥᠯᠥᠪᠦᠷᠢ ᠥᠭᠬᠦ ᠡᠭᠦᠷᠭᠡᠲᠦ ᠬᠥᠮᠥᠨ ᠵᠥᠪᠳᠡᠯᠴᠡᠬᠦ᠎ᠶᠢ ᠲᠡᠪᠴᠢᠬᠦ᠎ᠪᠡᠨ ᠲᠣᠳᠣᠷᠬᠠᠢ ᠢᠯᠡᠷᠬᠡᠢᠯᠡᠭᠰᠡᠨ ᠪᠤᠶᠤ ᠵᠥᠪᠳᠡᠯᠴᠡᠭᠰᠡᠨ ᠪᠢᠴᠢᠭ᠎ᠦᠨ ᠮᠡᠳᠡᠭᠳᠡᠯ᠎ᠳᠦ ᠲᠣᠭᠲᠠᠭᠠᠭᠰᠠᠨ ᠴᠠᠭ᠎ᠤᠨ ᠳᠣᠲᠣᠷ᠎ᠠ ᠬᠠᠷᠢᠭᠤ ᠰᠠᠨᠠᠯ᠎ᠢᠶᠠᠨ ᠡᠰᠡ ᠲᠤᠰᠢᠶᠠᠭᠰᠠᠨ;
( ᠬᠣᠶᠠᠷ ) ᠲᠥᠯᠥᠪᠦᠷᠢ ᠥᠭᠬᠦ ᠡᠭᠦᠷᠭᠡᠲᠦ ᠬᠥᠮᠥᠨ ᠤᠴᠢᠷ ᠰᠢᠯᠲᠠᠭᠠᠨ ᠦᠭᠡᠢ᠎ᠪᠡᠷ ᠵᠥᠪᠳᠡᠯᠴᠡᠬᠦ ᠬᠤᠷᠠᠯ᠎ᠳᠤ ᠣᠷᠣᠯᠴᠠᠭᠰᠠᠨ ᠦᠭᠡᠢ ᠪᠤᠶᠤ ᠵᠥᠪᠳᠡᠯᠴᠡᠬᠦ ᠬᠤᠷᠠᠯ᠎ᠠᠴᠠ ᠪᠤᠴᠠᠨ ᠭᠠᠷᠤᠭᠰᠠᠨ;
( ᠭᠤᠷᠪᠠ ) ᠵᠥᠪᠳᠡᠯᠴᠡᠬᠦ ᠬᠤᠷᠠᠯ᠎ᠢ ᠨᠢᠭᠡᠨᠲᠡ 3 ᠤᠳᠠᠭ᠎ᠠ ᠬᠤᠷᠠᠯᠳᠤᠭᠤᠯᠵᠤ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠵᠥᠪᠳᠡᠯᠴᠡᠭᠡᠳ ᠰᠠᠨᠠᠯ ᠨᠢᠭᠡᠳᠬᠦ᠎ᠳᠦ ᠪᠡᠷᠬᠡᠲᠡᠢ ᠭᠡᠵᠦ ᠦᠵᠡᠭᠰᠡᠨ;
( ᠳᠥᠷᠪᠡ ) ᠢᠷᠭᠡᠨ᠎ᠦ ᠵᠠᠷᠭᠤ᠎ᠶᠢᠨ ᠬᠠᠤᠯᠢ᠎ᠳᠤ ᠲᠣᠭᠲᠠᠭᠠᠭᠰᠠᠨ ᠠᠯᠪᠠᠨ ᠵᠠᠷ᠎ᠡᠴᠡ ᠪᠤᠰᠤᠳ ᠬᠦᠷᠭᠡᠬᠦ ᠠᠷᠭ᠎ᠠ ᠮᠠᠶᠢᠭ᠋᠎ᠢ ᠬᠡᠷᠡᠭᠯᠡᠭᠡᠳ ᠴᠥᠮ ᠵᠥᠪᠳᠡᠯᠴᠡᠬᠦ ᠮᠡᠳᠡᠭᠳᠡᠯ᠎ᠦᠨ ᠪᠢᠴᠢᠭ᠎ᠢ ᠲᠥᠯᠥᠪᠦᠷᠢ ᠥᠭᠬᠦ ᠡᠭᠦᠷᠭᠡᠲᠦ ᠬᠥᠮᠥᠨ᠎ᠳᠦ ᠬᠦᠷᠭᠡᠬᠦ᠎ᠶᠢᠨ ᠠᠷᠭ᠎ᠠ ᠦᠭᠡᠢ ᠪᠠᠢᠭ᠎ᠠ;
( ᠲᠠᠪᠤ ) ᠲᠥᠯᠥᠪᠦᠷᠢ ᠥᠭᠬᠦ ᠡᠭᠦᠷᠭᠡᠲᠦ ᠬᠥᠮᠥᠨ ᠬᠣᠷᠢᠭ᠍ᠳᠠᠵᠤ ᠪᠠᠢᠭ᠎ᠠ ᠵᠡᠷᠭᠡ ᠪᠠᠢᠳᠠᠯ᠎ᠳᠤ ᠪᠠᠢᠬᠤ᠎ᠠᠴᠠ ᠪᠣᠯᠵᠤ ᠵᠥᠪᠳᠡᠯᠴᠡᠭᠡ ᠬᠢᠬᠦ᠎ᠶᠢᠨ ᠠᠷᠭ᠎ᠠ ᠦᠭᠡᠢ ᠪᠣᠯᠤᠭᠰᠠᠨ;
( ᠵᠢᠷᠭᠤᠭ᠎ᠠ ) ᠵᠥᠪᠳᠡᠯᠴᠡᠬᠦ ᠬᠤᠭᠤᠴᠠᠭ᠎ᠠ ᠬᠢᠵᠠᠭᠠᠷ ᠨᠢ ᠬᠡᠲᠦᠷᠡᠭᠰᠡᠨ ᠪᠠᠢᠲᠠᠯ᠎ᠠ ᠮᠥᠨ ᠯᠡ ᠲᠥᠯᠥᠪᠦᠷᠢ᠎ᠶᠢᠨ ᠵᠥᠪᠯᠡᠯᠴᠡᠭᠡᠷ ᠲᠣᠭᠲᠠᠵᠤ ᠳᠡᠢᠯᠦᠭᠰᠡᠨ ᠦᠭᠡᠢ;
( ᠲᠤᠯᠤᠭ᠎ᠠ ) ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠵᠥᠪᠳᠡᠯᠴᠡᠭᠡᠳ ᠪᠦᠲᠦᠭᠰᠡᠨ ᠦᠭᠡᠢ ᠭᠡᠵᠦ ᠦᠵᠡᠭᠰᠡᠨ ᠪᠤᠰᠤᠳ ᠪᠠᠢᠳᠠᠯ᠃
ᠭᠤᠴᠢᠳᠤᠭᠠᠷ ᠵᠦᠢᠯ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠲᠤᠬᠠᠢ ᠵᠥᠪᠳᠡᠯᠴᠡᠭᠡᠳ ᠪᠦᠲᠦᠭᠰᠡᠨ ᠦᠭᠡᠢ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠬᠠᠮᠢᠶᠠᠷᠤᠨ ᠡᠵᠡᠮᠳᠡᠬᠦ ᠡᠷᠬᠡ᠎ᠲᠠᠢ ᠠᠷᠠᠳ᠎ᠤᠨ ᠰᠢᠭᠦᠬᠦ ᠬᠣᠷᠢᠶ᠎ᠠ᠎ᠳᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠵᠠᠷᠭᠤ᠎ᠶᠢ ᠴᠠᠭ ᠲᠤᠬᠠᠢ᠎ᠳᠤ ᠨᠢ ᠳᠤᠷᠠᠳᠬᠤ᠎ᠶᠢᠨ ᠬᠠᠮᠲᠤ᠂ ᠠᠳᠠᠯᠢ ᠱᠠᠲᠤᠨ᠎ᠤ ᠪᠠᠢᠴᠠᠭᠠᠬᠤ ᠪᠠᠢᠭᠤᠯᠭ᠎ᠠ᠎ᠳᠤ ᠪᠢᠴᠢᠭ᠎ᠢᠶᠡᠷ ᠮᠡᠳᠡᠭᠳᠡᠵᠦ᠂ ᠬᠠᠤᠯᠢ ᠶᠣᠰᠣᠭᠠᠷ ᠵᠠᠭᠠᠯᠳᠤᠯᠭ᠎ᠠ ᠬᠢᠬᠦ᠎ᠶᠢ ᠳᠡᠮᠵᠢᠭᠦᠯᠬᠦ᠎ᠪᠡᠷ ᠪᠠᠢᠴᠠᠭᠠᠬᠤ ᠪᠠᠢᠭᠤᠯᠭ᠎ᠠ᠎ᠳᠤ ᠳᠡᠪᠰᠢᠭᠦᠯᠵᠦ ᠪᠣᠯᠣᠨ᠎ᠠ᠃
ᠠᠷᠠᠳ᠎ᠤᠨ ᠰᠢᠭᠦᠬᠦ ᠬᠣᠷᠢᠶ᠎ᠠ ᠣᠷᠴᠢᠨ ᠲᠣᠭᠣᠷᠢᠨ᠎ᠤ ᠢᠷᠭᠡᠨ᠎ᠦ ᠬᠡᠷᠡᠭ᠎ᠦᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠎ᠢ ᠰᠢᠢᠳᠪᠦᠷᠢᠯᠡᠬᠦ᠎ᠪᠡᠷ ᠬᠦᠯᠢᠶᠡᠨ ᠠᠪᠤᠭᠰᠠᠨ᠎ᠤ ᠳᠠᠷᠠᠭ᠎ᠠ᠂ 10 ᠡᠳᠦᠷ᠎ᠦᠨ ᠳᠣᠲᠣᠷ᠎ᠠ ᠵᠠᠭᠠᠯᠳᠤᠭᠳᠠᠭ᠍ᠴᠢᠶᠢᠨ ᠦᠢᠯᠡ ᠠᠵᠢᠯᠯᠠᠭ᠎ᠠ᠎ᠳᠤ ᠣᠷᠴᠢᠨ ᠲᠣᠭᠣᠷᠢᠨ᠎ᠤ ᠡᠬᠢ ᠪᠠᠶᠠᠯᠢᠭ᠋᠎ᠤᠨ ᠬᠢᠨᠠᠯᠲᠠ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠎ᠲᠦ ᠮᠡᠳᠡᠭᠳᠡᠬᠦ ᠬᠡᠷᠡᠭᠲᠡᠢ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠮᠡᠳᠡᠭᠳᠡᠯ᠎ᠢ ᠣᠯᠣᠭᠰᠠᠨ᠎ᠤ ᠳᠠᠷᠠᠭ᠎ᠠ᠂ ᠠᠷᠠᠳ᠎ᠤᠨ ᠰᠢᠭᠦᠬᠦ ᠬᠣᠷᠢᠶ᠎ᠠ᠎ᠲᠠᠢ ᠴᠠᠭ ᠲᠤᠬᠠᠢ᠎ᠳᠤ ᠨᠢ ᠨᠡᠪᠲᠡᠷᠡᠯᠴᠡᠵᠦ ᠬᠠᠮᠢᠶ᠎ᠠ ᠪᠦᠬᠦᠢ ᠠᠵᠢᠯ᠎ᠢ ᠵᠠᠯᠭᠠᠯᠳᠤᠭᠤᠯᠬᠤ ᠬᠡᠷᠡᠭᠲᠡᠢ᠃
ᠪᠠᠢᠴᠠᠭᠠᠬᠤ ᠪᠠᠢᠭᠤᠯᠭ᠎ᠠ᠎ᠠᠴᠠ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ᠎ᠶᠢ ᠵᠥᠪᠳᠡᠯᠴᠡᠬᠦ ᠪᠠ ᠵᠠᠷᠭᠤᠯᠳᠤᠬᠤ᠎ᠳᠤ ᠬᠠᠤᠯᠢ ᠴᠠᠭᠠᠵᠠ᠎ᠶᠢᠨ ᠳᠡᠮᠵᠢᠯᠭᠡ ᠬᠠᠩᠭᠠᠵᠤ ᠪᠣᠯᠣᠨ᠎ᠠ᠃ ᠠᠮᠢ ᠠᠬᠤᠢ ᠣᠷᠴᠢᠨ ᠲᠣᠭᠣᠷᠢᠨ᠂ ᠪᠠᠢᠭᠠᠯᠢ᠎ᠶᠢᠨ ᠡᠬᠢ ᠪᠠᠶᠠᠯᠢᠭ᠋᠂ ᠣᠷᠣᠨ ᠰᠠᠭᠤᠴᠠ ᠪᠠ ᠬᠤᠳᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠤᠰᠤᠨ ᠠᠰᠢᠭ᠍ᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠤᠢ ᠰᠢᠭᠤᠢ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠦᠳ ᠪᠠᠢᠴᠠᠭᠠᠬᠤ ᠪᠠᠢᠭᠤᠯᠭ᠎ᠠ᠎ᠶᠢᠨ ᠳᠤᠷᠠᠳᠤᠭᠰᠠᠨ ᠣᠷᠴᠢᠨ ᠲᠣᠭᠣᠷᠢᠨ᠎ᠤ ᠢᠷᠭᠡᠨ᠎ᠦ ᠬᠡᠷᠡᠭ᠎ᠦᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠎ᠲᠦ ᠭᠡᠷᠡᠴᠢ ᠪᠠᠷᠢᠮᠲᠠ᠎ᠶᠢᠨ ᠮᠠᠲᠧᠷᠢᠶᠠᠯ ᠪᠠ ᠮᠡᠷᠭᠡᠵᠢᠯ᠎ᠦᠨ ᠲᠠᠯ᠎ᠠ᠎ᠶᠢᠨ ᠳᠡᠮᠵᠢᠯᠭᠡ ᠬᠠᠩᠭᠠᠵᠤ ᠪᠣᠯᠣᠨ᠎ᠠ᠃
ᠭᠤᠴᠢᠨ ᠨᠢᠭᠡᠳᠦᠭᠡᠷ ᠵᠦᠢᠯ ᠲᠥᠯᠥᠪᠦᠷᠢ ᠥᠭᠬᠦ ᠡᠭᠦᠷᠭᠡᠲᠦ ᠬᠥᠮᠥᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠵᠥᠪᠳᠡᠯᠴᠡᠭᠡ᠎ᠳᠦ ᠢᠳᠡᠪᠬᠢᠲᠡᠢ ᠣᠷᠣᠯᠴᠠᠬᠤ᠎ᠶᠢᠨ ᠬᠠᠮᠲᠤ᠂ ᠲᠥᠯᠥᠪᠦᠷᠢ᠎ᠶᠢᠨ ᠵᠥᠪᠯᠡᠯᠴᠡᠭᠡᠷ᠎ᠢ ᠴᠠᠭ ᠲᠤᠬᠠᠢ᠎ᠳᠤ ᠨᠢ ᠭᠦᠢᠴᠡᠳᠬᠡᠵᠦ᠂ ᠠᠮᠢ ᠠᠬᠤᠢ ᠣᠷᠴᠢᠨ ᠲᠣᠭᠣᠷᠢᠨ᠎ᠤ ᠡᠪᠳᠡᠭᠳᠡᠨ ᠬᠣᠬᠢᠷᠠᠭᠰᠠᠨᠢ ᠵᠠᠰᠠᠨ ᠰᠡᠷᠭᠦᠭᠡᠬᠦ ᠠᠵᠢᠯ ᠥᠷᠨᠢᠭᠦᠯᠦᠭᠰᠡᠨ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠲᠡᠭᠦᠨ᠎ᠦ ᠲᠥᠯᠥᠪᠦᠷᠢ᠎ᠶᠢᠨ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠢᠳᠠᠯ᠎ᠢ ᠬᠠᠮᠢᠶ᠎ᠠ ᠪᠦᠬᠦᠢ ᠵᠠᠰᠠᠭ ᠵᠠᠬᠢᠷᠭᠠᠨ᠎ᠤ ᠪᠠᠢᠭᠤᠯᠭ᠎ᠠ᠎ᠳᠤ ᠬᠠᠩᠭᠠᠵᠤ᠂ ᠲᠡᠳᠡᠨ᠎ᠦ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ ᠥᠭᠬᠦ ᠲᠠᠰᠤᠯᠤᠯᠳᠠ ᠭᠠᠷᠭᠠᠬᠤ ᠦᠶ᠎ᠡ᠎ᠳᠦ ᠪᠣᠳᠣᠯᠬᠢᠯᠠᠬᠤ ᠪᠤᠶᠤ ᠬᠠᠤᠯᠢ ᠴᠠᠭᠠᠵᠠ᠎ᠶᠢᠨ ᠪᠠᠢᠭᠤᠯᠭ᠎ᠠ᠎ᠳᠤ ᠲᠤᠰᠢᠶᠠᠵᠤ᠂ ᠲᠡᠳᠡᠨ᠎ᠦ ᠬᠡᠷᠡᠭ᠎ᠢ ᠰᠢᠢᠳᠪᠦᠷᠢᠯᠡᠬᠦ ᠦᠶ᠎ᠡ᠎ᠳᠦ ᠯᠠᠪᠯᠠᠯᠲᠠ ᠪᠣᠯᠭᠠᠬᠤ᠎ᠪᠠᠷ ᠬᠠᠩᠭᠠᠵᠤ ᠪᠣᠯᠣᠨ᠎ᠠ᠃
ᠲᠠᠪᠤᠳᠤᠭᠠᠷ ᠪᠦᠯᠦᠭ ᠠᠮᠢ ᠠᠬᠤᠢ ᠣᠷᠴᠢᠨ ᠲᠣᠭᠣᠷᠢᠨᠦ ᠡᠪᠳᠡᠭᠳᠡᠵᠦ ᠬᠣᠬᠢᠷᠠᠭᠰᠠᠨᠢ ᠵᠠᠰᠠᠨ ᠰᠡᠷᠭᠦᠭᠡᠬᠦ ᠵᠢᠴᠢ ᠬᠢᠨᠠᠨ ᠬᠠᠮᠢᠶᠠᠷᠬᠤ
ᠭᠤᠴᠢᠨ ᠬᠣᠶᠠᠳᠤᠭᠠᠷ ᠵᠦᠢᠯ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠠᠮᠢ ᠠᠬᠤᠢ ᠣᠷᠴᠢᠨ ᠲᠣᠭᠣᠷᠢᠨ᠎ᠤ ᠡᠪᠳᠡᠭᠳᠡᠵᠦ ᠬᠣᠬᠢᠷᠠᠭᠰᠠᠨᠢ ᠵᠠᠰᠠᠨ ᠰᠡᠷᠭᠦᠭᠡᠬᠦ ᠠᠵᠢᠯ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭᠠᠳᠬᠠᠬᠤ ᠬᠡᠷᠡᠭᠲᠡᠢ᠃
ᠠᠮᠢ ᠠᠬᠤᠢ ᠣᠷᠴᠢᠨ ᠲᠣᠭᠣᠷᠢᠨ᠎ᠤ ᠡᠪᠳᠡᠭᠳᠡᠵᠦ ᠬᠣᠬᠢᠷᠠᠭᠰᠠᠨᠢ ᠵᠠᠰᠠᠨ ᠰᠡᠷᠭᠦᠭᠡᠵᠦ ᠳᠡᠢᠯᠬᠦ᠎ᠳᠤ ᠬᠦᠷᠪᠡᠯ᠂ ᠣᠷᠴᠢᠨ ᠲᠣᠭᠣᠷᠢᠨ᠎ᠤ ᠡᠬᠢ ᠪᠠᠶᠠᠯᠢᠭ᠋᠎ᠤᠨ ᠠᠮᠢ ᠠᠬᠤᠢ᠎ᠶᠢᠨ ᠴᠢᠳᠠᠮᠵᠢ᠎ᠶᠢᠨ ᠦᠨ᠎ᠡ ᠦᠷᠳᠡᠭ᠎ᠢ ᠢᠯᠡᠷᠡᠭᠦᠯᠵᠦ᠂ ᠲᠥᠯᠥᠪᠦᠷᠢ ᠥᠭᠬᠦ ᠡᠭᠦᠷᠭᠡᠲᠦ ᠬᠥᠮᠥᠨ ᠠᠮᠢ ᠠᠬᠤᠢ ᠣᠷᠴᠢᠨ ᠲᠣᠭᠣᠷᠢᠨ᠎ᠤ ᠡᠪᠳᠡᠭᠳᠡᠵᠦ ᠬᠣᠬᠢᠷᠠᠬᠤ᠎ᠡᠴᠡ ᠡᠮᠦᠨᠡᠬᠢ ᠰᠠᠭᠤᠷᠢ ᠱᠤᠭᠤᠮ᠎ᠤᠨ ᠲᠦᠪᠰᠢᠨ ᠪᠤᠶᠤ ᠠᠮᠢ ᠠᠬᠤᠢ ᠣᠷᠴᠢᠨ ᠲᠣᠭᠣᠷᠢᠨ᠎ᠤ ᠲᠦᠭᠰᠢᠭᠦᠷᠢ᠎ᠶᠢ ᠬᠦᠯᠢᠶᠡᠨ ᠠᠪᠴᠤ ᠪᠣᠯᠬᠤᠢᠴᠠ ᠲᠦᠪᠰᠢᠨ᠎ᠳᠦ ᠬᠦᠷᠲᠡᠯ᠎ᠡ ᠵᠠᠰᠠᠨ ᠰᠡᠷᠭᠦᠭᠡᠬᠦ ᠬᠡᠷᠡᠭᠲᠡᠢ᠃ ᠲᠥᠯᠥᠪᠦᠷᠢ ᠥᠭᠬᠦ ᠡᠭᠦᠷᠭᠡᠲᠦ ᠬᠥᠮᠥᠨ ᠲᠥᠯᠥᠪᠦᠷᠢ᠎ᠶᠢᠨ ᠵᠥᠪᠯᠡᠯᠴᠡᠭᠡᠷ ᠪᠤᠶᠤ ᠬᠦᠴᠦᠨ ᠲᠠᠢ ᠪᠣᠯᠤᠭᠰᠠᠨ ᠰᠢᠭᠦᠨ ᠲᠠᠰᠤᠯᠤᠯᠲᠠ᠎ᠶᠢᠨ ᠱᠠᠭᠠᠷᠳᠠᠯᠭ᠎ᠠ᠎ᠶᠢ ᠦᠨᠳᠦᠰᠦᠯᠡᠨ᠂ ᠥᠪᠡᠰᠦᠪᠡᠨ ᠪᠤᠶᠤ ᠵᠠᠰᠠᠨ ᠰᠡᠷᠭᠦᠭᠡᠬᠦ ᠴᠢᠳᠠᠪᠤᠷᠢ᠎ᠲᠠᠢ ᠨᠡᠢᠭᠡᠮ᠎ᠦᠨ ᠭᠤᠷᠪᠠᠳᠠᠭᠢ ᠡᠲᠡᠭᠡᠳ᠎ᠦᠨ ᠪᠠᠢᠭᠤᠯᠤᠮᠵᠢ᠎ᠳᠤ ᠨᠠᠢᠳᠠᠵᠤ ᠵᠠᠰᠠᠨ ᠰᠡᠷᠭᠦᠭᠡᠬᠦ ᠠᠵᠢᠯ᠎ᠢ ᠥᠷᠨᠢᠭᠦᠯᠦᠭᠰᠡᠨ ᠪᠠᠢᠪᠠᠯ᠂ ᠠᠮᠢ ᠠᠬᠤᠢ ᠣᠷᠴᠢᠨ ᠲᠣᠭᠣᠷᠢᠨ᠎ᠤ ᠡᠪᠳᠡᠭᠳᠡᠵᠦ ᠬᠣᠬᠢᠷᠠᠭᠰᠠᠨ᠎ᠳᠤ ᠤᠴᠠᠷᠠᠭᠰᠠᠨ᠎ᠠᠴᠠ ᠵᠠᠰᠠᠨ ᠰᠡᠷᠭᠦᠭᠡᠬᠦ᠎ᠶᠢ ᠪᠡᠶᠡᠯᠡᠭᠦᠯᠬᠦ ᠬᠦᠷᠲᠡᠯᠡᠬᠢ ᠬᠤᠭᠤᠴᠠᠭᠠᠨ᠎ᠳᠠᠬᠢ ᠦᠢᠯᠡᠴᠢᠯᠡᠭᠡᠨ᠎ᠦ ᠴᠢᠳᠠᠮᠵᠢ ᠪᠠᠨ ᠠᠯᠳᠠᠭᠰᠠᠨ᠎ᠠᠴᠠ ᠪᠣᠯᠤᠭᠰᠠᠨ ᠬᠣᠬᠢᠷᠠᠯ ᠪᠠ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ᠎ᠶᠢᠨ ᠬᠡᠪᠴᠢᠶᠡᠨ᠎ᠳᠡᠬᠢ ᠬᠠᠮᠢᠶ᠎ᠠ ᠪᠦᠬᠦᠢ ᠵᠠᠷᠤᠳᠠᠯ᠎ᠢ ᠬᠠᠤᠯᠢ ᠶᠣᠰᠣᠭᠠᠷ ᠲᠥᠯᠥᠬᠦ ᠬᠡᠷᠡᠭᠲᠡᠢ᠃ ᠵᠠᠰᠠᠨ ᠰᠡᠷᠭᠦᠭᠡᠬᠦ ᠦᠶ᠎ᠡ᠎ᠳᠦ᠂ ᠠᠷᠠᠳ᠎ᠤᠨ ᠪᠠᠢᠴᠠᠭᠠᠬᠤ ᠬᠣᠷᠢᠶ᠎ᠠ᠎ᠶᠢ ᠤᠷᠢᠵᠤ ᠬᠢᠨᠠᠯᠲᠠ ᠲᠠᠯᠪᠢᠬᠤ᠎ᠳᠤ ᠣᠷᠣᠯᠴᠠᠭᠤᠯᠵᠤ ᠪᠣᠯᠣᠨ᠎ᠠ᠃
ᠠᠮᠢ ᠠᠬᠤᠢ ᠣᠷᠴᠢᠨ ᠲᠣᠭᠣᠷᠢᠨ᠎ᠤ ᠡᠪᠳᠡᠭᠳᠡᠵᠦ ᠬᠣᠬᠢᠷᠠᠭᠰᠠᠨᠢ ᠵᠠᠰᠠᠨ ᠰᠡᠷᠭᠦᠭᠡᠬᠦ᠎ᠶᠢᠨ ᠠᠷᠭ᠎ᠠ ᠦᠭᠡᠢ ᠪᠠᠢᠪᠠᠯ᠂ ᠲᠥᠯᠥᠪᠦᠷᠢ ᠥᠭᠬᠦ ᠡᠭᠦᠷᠭᠡᠲᠦ ᠬᠥᠮᠥᠨ ᠬᠠᠮᠢᠶ᠎ᠠ ᠪᠦᠬᠦᠢ ᠬᠣᠬᠢᠷᠠᠯ ᠪᠠ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠪᠴᠢᠶᠡᠨ᠎ᠳᠡᠬᠢ ᠬᠠᠮᠢᠶ᠎ᠠ ᠪᠦᠬᠦᠢ ᠵᠠᠷᠤᠳᠠᠯ᠎ᠢ ᠬᠠᠤᠯᠢ ᠶᠣᠰᠣᠭᠠᠷ ᠲᠥᠯᠥᠬᠦ ᠬᠡᠷᠡᠭᠲᠡᠢ᠂ ᠡᠰᠡᠬᠦᠯ᠎ᠡ ᠠᠮᠢ ᠠᠬᠤᠢ ᠣᠷᠴᠢᠨ ᠲᠣᠭᠣᠷᠢᠨ᠎ᠢ ᠵᠠᠰᠠᠨ ᠰᠡᠷᠭᠦᠭᠡᠬᠦ ᠬᠣᠯᠪᠣᠭᠳᠠᠯ ᠪᠦᠬᠦᠢ ᠬᠠᠤᠯᠢ ᠲᠣᠭᠲᠠᠭᠠᠯ ᠲᠦᠷᠦ᠎ᠶᠢᠨ ᠪᠣᠳᠣᠯᠭ᠎ᠠ ᠪᠠ ᠲᠥᠯᠦᠪᠵᠢᠭᠦᠯᠭᠡ᠎ᠳᠦ ᠨᠡᠢᠴᠡᠭᠰᠡᠨ ᠤᠷᠢᠲᠠᠯ ᠳᠣᠣᠷ᠎ᠠ᠂ ᠣᠷᠣᠯᠠᠨ ᠵᠠᠰᠠᠨ ᠰᠡᠷᠭᠦᠭᠡᠬᠦ᠎ᠶᠢ ᠥᠷᠨᠢᠭᠦᠯᠵᠦ᠂ ᠠᠮᠢ ᠠᠬᠤᠢ ᠣᠷᠴᠢᠨ ᠲᠣᠭᠣᠷᠢᠨ ᠵᠢᠴᠢ ᠲᠡᠭᠦᠨ᠎ᠦ ᠦᠢᠯᠡᠴᠢᠯᠡᠭᠡᠨ᠎ᠦ ᠴᠢᠳᠠᠮᠵᠢ᠎ᠶᠢ ᠠᠳᠠᠯᠢ ᠬᠡᠮᠵᠢᠶ᠎ᠡ᠎ᠪᠡᠷ ᠰᠡᠷᠭᠦᠭᠡᠬᠦ᠎ᠶᠢ ᠪᠡᠶᠡᠯᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ ᠨᠢ ᠠᠵᠤ ᠠᠬᠤᠢ᠂ ᠮᠡᠷᠭᠡᠵᠢᠯ ᠪᠠ ᠠᠵᠢᠯᠯᠠᠭᠠᠨ᠎ᠤ ᠪᠣᠯᠣᠮᠵᠢᠲᠤ ᠴᠢᠨᠠᠷ᠎ᠤᠨ ᠬᠢᠵᠠᠭᠠᠷᠯᠠᠯ᠎ᠠᠴᠠ ᠪᠣᠯᠵᠤ ᠰᠠᠭᠤᠷᠢ ᠱᠤᠭᠤᠮ᠎ᠤᠨ ᠴᠢᠳᠠᠮᠵᠢ᠎ᠶᠢᠨ ᠬᠦᠯᠢᠶᠡᠨ ᠠᠪᠴᠤ ᠪᠣᠯᠬᠤ ᠲᠦᠭᠰᠢᠭᠦᠷᠢ᠎ᠶᠢᠨ ᠲᠦᠪᠰᠢᠨ᠎ᠳᠦ ᠬᠦᠷᠲᠡᠯ᠎ᠡ ᠰᠡᠷᠭᠦᠭᠡᠬᠦ᠎ᠶᠢᠨ ᠠᠷᠭ᠎ᠠ ᠦᠭᠡᠢ ᠪᠣᠯᠬᠤ ᠦᠶ᠎ᠡ᠎ᠳᠦ᠂ ᠲᠦᠭᠰᠢᠭᠦᠷᠢ᠎ᠶᠢ ᠬᠦᠯᠢᠶᠡᠨ ᠠᠪᠴᠤ ᠪᠣᠯᠬᠤ ᠲᠦᠪᠰᠢᠨ ᠬᠢᠭᠡᠳ ᠰᠠᠭᠤᠷᠢ ᠱᠤᠭᠤᠮ᠎ᠤᠨ ᠲᠦᠪᠰᠢᠨ᠎ᠦ ᠬᠣᠭᠣᠷᠣᠨᠳᠤ ᠰᠢᠨᠵᠢᠯᠡᠬᠦ ᠤᠬᠠᠭᠠᠨᠴᠢ ᠦᠨᠡᠯᠡᠨ ᠵᠢᠱ᠌ᠢᠯᠲᠡ ᠬᠢᠭᠰᠡᠨ᠎ᠦ ᠳᠠᠷᠠᠭ᠎ᠠ ᠰᠡᠷᠭᠦᠭᠡᠵᠦ ᠳᠡᠢᠯᠬᠦ ᠦᠭᠡᠢ ᠬᠡᠰᠡᠭ᠎ᠲᠤ ᠨᠢ ᠣᠷᠣᠯᠠᠨ ᠵᠠᠰᠠᠨ ᠰᠡᠷᠭᠦᠭᠡᠬᠦ᠎ᠶᠢ ᠬᠡᠷᠡᠭᠵᠢᠭᠦᠯᠦᠨ᠎ᠡ᠃ ᠲᠣᠰ ᠭᠠᠵᠠᠷ ᠣᠷᠣᠨ᠎ᠤ ᠠᠮᠢ ᠠᠬᠤᠢ ᠣᠷᠴᠢᠨ ᠲᠣᠭᠣᠷᠢᠨ ᠪᠠ ᠡᠬᠢ ᠪᠠᠶᠠᠯᠢᠭ᠋᠎ᠤᠨ ᠬᠠᠮᠠᠭᠠᠯᠠᠯᠲᠠ᠎ᠶᠢᠨ ᠪᠣᠳᠠᠲᠤ ᠪᠠᠢᠳᠠᠯ᠎ᠢ ᠦᠨᠳᠦᠰᠦᠯᠡᠨ᠂ ᠵᠢᠭᠠᠰᠤᠨ ᠠᠵᠤ ᠠᠬᠤᠢ᠎ᠳᠤ ᠬᠣᠯᠪᠣᠭᠳᠠᠬᠤ ᠵᠡᠷᠭᠡ ᠲᠠᠯ᠎ᠠ᠎ᠪᠠᠷ ᠲᠥᠯᠥᠪᠦᠷᠢ ᠥᠭᠬᠦ ᠡᠭᠦᠷᠭᠡᠲᠦ ᠬᠥᠮᠥᠨ᠎ᠠᠴᠠ ᠣᠷᠣᠯᠠᠨ ᠵᠠᠰᠠᠨ ᠰᠡᠷᠭᠦᠭᠡᠬᠦ᠎ᠶᠢ ᠥᠷᠨᠢᠭᠦᠯᠬᠦ᠎ᠳᠦ ᠲᠣᠬᠢᠷᠠᠬᠤ ᠦᠭᠡᠢ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠡᠴᠡ ᠱᠠᠭᠠᠷᠳᠠᠯᠭ᠎ᠠ ᠶᠣᠰᠣᠭᠠᠷ ᠣᠷᠣᠯᠠᠨ ᠵᠠᠰᠠᠨ ᠰᠡᠷᠭᠦᠭᠡᠬᠦ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠦᠨ᠎ᠡ ᠃ ᠣᠷᠣᠯᠠᠨ ᠵᠠᠰᠠᠨ ᠰᠡᠷᠭᠦᠭᠡᠬᠦ ᠲᠥᠷᠥᠯ ᠵᠦᠢᠯ᠎ᠦᠨ ᠬᠥᠮᠥᠷᠭᠡ ᠪᠠᠶ᠋ᠢᠭᠤᠯᠬᠤ᠎ᠶᠢ ᠵᠣᠷᠢᠭ᠍ᠵᠢᠭᠤᠯᠵᠤ᠂ ᠲᠣᠰ ᠭᠠᠵᠠᠷ ᠣᠷᠣᠨ᠎ᠤ᠎ᠪᠡᠨ ᠣᠷᠣᠯᠠᠨ ᠵᠠᠰᠠᠨ ᠰᠡᠷᠭᠦᠭᠡᠬᠦ ᠠᠵᠢᠯ ᠥᠷᠨᠢᠭᠦᠯᠬᠦ᠎ᠳᠦ ᠲᠣᠬᠢᠷᠠᠬᠤ ᠲᠥᠷᠥᠯ ᠵᠦᠢᠯ᠎ᠢ ᠡᠭᠦᠨ᠎ᠳᠦ ᠣᠷᠣᠭᠤᠯᠤᠨ᠎ᠠ ᠃ ᠣᠷᠣᠯᠠᠨ ᠵᠠᠰᠠᠨ ᠰᠡᠷᠭᠦᠭᠡᠬᠦ ᠲᠦᠷᠦᠯ ᠵᠦᠢᠯ᠎ᠢ ᠰᠣᠩᠭᠣᠬᠤᠳᠦᠪᠡᠨ᠂ ᠠᠷᠠᠳ ᠤᠯᠠᠨ᠎ᠢ ᠠᠮᠢ ᠠᠬᠤᠢ ᠣᠷᠴᠢᠨ ᠲᠣᠭᠣᠷᠢᠨ᠎ᠤ ᠰᠠᠢᠵᠢᠷᠠᠯᠲᠠ᠎ᠳᠤ ᠦᠨᠡᠨ ᠬᠦ᠌ ᠬᠦᠷᠲᠡᠮᠵᠢ᠎ᠶᠢᠨ ᠲᠥᠷᠥᠭᠳᠡᠯ ᠲᠠᠢ ᠪᠣᠯᠭᠠᠬᠤ ᠲᠦᠷᠦᠯ ᠵᠦᠢᠯ᠎ᠢ ᠤᠷᠢᠳ᠎ᠢᠶᠠᠷ ᠪᠣᠳᠣᠯᠬᠢᠯᠠᠬᠤ ᠬᠡᠷᠡᠭᠲᠡᠢ᠃ ᠲᠥᠯᠥᠪᠦᠷᠢ ᠥᠭᠬᠦ ᠡᠭᠦᠷᠭᠡᠲᠦ ᠬᠥᠮᠥᠨ ᠲᠥᠯᠥᠪᠦᠷᠢ᠎ᠶᠢᠨ ᠮᠥᠩᠭᠥ ᠲᠤᠰᠢᠶᠠᠭᠰᠠᠨ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠤᠯᠤᠰ ᠪᠠ ᠲᠤᠰ ᠭᠠᠵᠠᠷ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ᠂ ᠠᠮᠢ ᠠᠬᠤᠢ᠎ᠶᠢ ᠵᠠᠰᠠᠨ ᠰᠡᠷᠭᠦᠭᠡᠬᠦ ᠲᠥᠯᠦᠪᠵᠢᠭᠦᠯᠭᠡ ᠵᠡᠷᠭᠡ ᠬᠠᠮᠢᠶ᠎ᠠ ᠪᠦᠬᠦᠢ ᠲᠣᠭᠲᠠᠭᠠᠯ᠎ᠢ ᠦᠨᠳᠦᠰᠦᠯᠡᠨ᠂ ᠬᠣᠬᠢᠷᠠᠯ᠎ᠤᠨ ᠦᠷ᠎ᠡ ᠳ᠋ᠦᠩ ᠭᠠᠷᠤᠭᠰᠠᠨ ᠭᠠᠵᠠᠷ᠎ᠲᠤ ᠣᠷᠣᠯᠠᠨ ᠵᠠᠰᠠᠨ ᠰᠡᠷᠭᠦᠭᠡᠬᠦ ᠠᠵᠢᠯ᠎ᠢ ᠨᠢᠭᠡᠳᠦᠯᠲᠡᠢ ᠲᠥᠯᠥᠪᠯᠡᠨ ᠵᠣᠬᠢᠶᠠᠨ ᠪᠠᠢᠭᠤᠯᠵᠤ ᠪᠣᠯᠣᠨ᠎ᠠ᠃ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨᠢ ᠵᠠᠰᠠᠨ ᠰᠡᠷᠭᠦᠭᠡᠬᠦ ᠰᠠᠭᠤᠷᠢᠨ ᠭᠠᠵᠠᠷ ᠪᠠᠶ᠋ᠢᠭᠤᠯᠬᠤ᠎ᠶᠢ ᠵᠣᠷᠢᠭ᠍ᠵᠢᠭᠤᠯᠵᠤ᠂ ᠲᠦᠷᠦ᠎ᠶᠢᠨ ᠪᠣᠳᠣᠯᠭ᠎ᠠ᠎ᠶᠢᠨ ᠬᠠᠮᠵᠢᠯᠴᠠᠬᠤ ᠲᠣᠭᠲᠠᠴᠠ᠎ᠶᠢ ᠰᠦᠪᠡᠭᠴᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠡᠪᠳᠡᠭᠳᠡᠵᠦ ᠬᠣᠬᠢᠷᠠᠭᠰᠠᠨᠢ ᠵᠠᠰᠠᠨ ᠰᠡᠷᠭᠦᠭᠡᠬᠦ ᠶᠡᠷᠦᠩᠬᠡᠢᠯᠡᠭᠰᠡᠨ ᠨᠥᠯᠥᠭᠡᠯᠡᠯ᠎ᠢ ᠳᠡᠭᠡᠭᠰᠢᠯᠡᠭᠦᠯᠦᠨ᠎ᠡ᠃ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠲᠥᠯᠥᠪᠦᠷᠢ ᠥᠭᠬᠦ ᠡᠭᠦᠷᠭᠡᠲᠦ ᠬᠥᠮᠥᠨ᠎ᠦ ᠡᠭᠦᠷᠭᠡᠯᠡᠪᠡᠰᠦ ᠵᠣᠬᠢᠬᠤ ᠠᠮᠢ ᠠᠬᠤᠢ ᠣᠷᠴᠢᠨ ᠲᠣᠭᠣᠷᠢᠨ᠎ᠤ ᠡᠭᠦᠷᠭᠡ᠎ᠶᠢ ᠲᠥᠯᠥᠪᠦᠷᠢ᠎ᠶᠢᠨ ᠠᠭᠤᠯᠭ᠎ᠠ ᠪᠣᠯᠭᠠᠵᠤ ᠪᠣᠯᠬᠤ ᠦᠭᠡᠢ᠃
ᠲᠥᠯᠥᠪᠦᠷᠢ᠎ᠶᠢᠨ ᠵᠥᠪᠯᠡᠯᠴᠡᠭᠡᠷ ᠲᠣᠭᠲᠠᠬᠤ᠎ᠠᠴᠠ ᠡᠮᠦᠨ᠎ᠡ᠂ ᠲᠥᠯᠥᠪᠦᠷᠢ ᠥᠭᠬᠦ ᠡᠭᠦᠷᠭᠡᠲᠦ ᠬᠥᠮᠥᠨ ᠠᠮᠢ ᠠᠬᠤᠢ ᠣᠷᠴᠢᠨ ᠲᠣᠭᠣᠷᠢᠨ᠎ᠤ ᠡᠪᠳᠡᠭᠳᠡᠵᠦ ᠬᠣᠬᠢᠷᠠᠭᠰᠠᠨᠢ ᠵᠠᠰᠠᠨ ᠰᠡᠷᠭᠦᠭᠡᠬᠦ ᠠᠵᠢᠯ ᠥᠷᠨᠢᠭᠦᠯᠬᠦ᠎ᠪᠠᠷ ᠰᠠᠨᠠᠭᠠᠴᠢᠯᠠᠭ᠎ᠠ᠎ᠠᠴᠠ᠎ᠪᠠᠨ ᠱᠠᠭᠠᠷᠳᠠᠭᠰᠠᠨ ᠪᠠᠢᠪᠠᠯ᠂ ᠬᠣᠶᠠᠷ ᠲᠠᠯ᠎ᠠ᠎ᠶᠢᠨ ᠲᠤᠬᠠᠢ᠎ᠲᠠᠢ ᠬᠥᠮᠥᠨ ᠨᠢ ᠬᠣᠬᠢᠷᠠᠯ᠎ᠤᠨ ᠪᠣᠳᠠᠲᠤ ᠬᠡᠷᠡᠭ᠎ᠢ ᠪᠢᠴᠢᠭ᠎ᠢᠶᠡᠷ ᠨᠤᠲᠠᠯᠠᠭᠰᠠᠨ᠎ᠤ ᠳᠠᠷᠠᠭ᠎ᠠ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠵᠥᠪᠰᠢᠶᠡᠷᠡᠵᠦ ᠪᠣᠯᠬᠤ᠎ᠶᠢᠨ ᠬᠠᠮᠲᠤ᠂ ᠶᠠᠪᠤᠴᠠᠨ᠎ᠳᠠᠬᠢ ᠬᠢᠨᠠᠯᠲᠠ ᠬᠠᠮᠢᠶᠠᠷᠤᠯᠲᠠ᠎ᠶᠢ ᠰᠠᠢᠲᠤᠷ ᠬᠢᠬᠦ ᠬᠡᠷᠡᠭᠲᠡᠢ᠃ ᠵᠥᠪᠯᠡᠯᠴᠡᠭᠡᠷ ᠲᠣᠭᠲᠠᠬᠤᠳᠦᠪᠡᠨ᠂ ᠵᠠᠰᠠᠨ ᠰᠡᠷᠭᠦᠭᠡᠬᠦ ᠱᠠᠭᠠᠷᠳᠠᠯᠭ᠎ᠠ᠎ᠶᠢ ᠡᠷᠬᠡᠪᠰᠢ ᠪᠦᠷᠢᠳᠦᠭᠦᠯᠬᠦ ᠴᠢᠬᠤᠯᠠᠲᠠᠢ ᠠᠭᠤᠯᠭ᠎ᠠ ᠪᠣᠯᠭᠠᠨ ᠵᠥᠪᠯᠡᠯᠴᠡᠭᠡᠷ᠎ᠲᠦ ᠣᠷᠣᠭᠤᠯᠬᠤ ᠬᠡᠷᠡᠭᠲᠡᠢ᠃
ᠵᠠᠰᠠᠨ ᠰᠡᠷᠭᠦᠭᠡᠬᠦ ᠲᠥᠷᠥᠯ ᠵᠦᠢᠯ᠎ᠦᠨ ᠭᠣᠣᠯ ᠴᠣᠭᠴᠠ ᠨᠢ ᠵᠠᠰᠠᠨ ᠰᠡᠷᠭᠦᠭᠡᠬᠦ ᠲᠥᠰᠥᠯ᠎ᠦᠨ ᠶᠣᠰᠣᠭᠠᠷ ᠪᠠᠷᠢᠯᠭ᠎ᠠ᠎ᠶᠢᠨ ᠠᠵᠢᠯ ᠬᠢᠵᠦ᠂ ᠵᠠᠰᠠᠨ ᠰᠡᠷᠭᠦᠭᠡᠬᠦ ᠶᠠᠪᠤᠴᠠ᠂ ᠵᠠᠰᠠᠨ ᠰᠡᠷᠭᠦᠭᠡᠬᠦ ᠪᠡᠯᠡ ᠮᠥᠩᠭᠥ᠎ᠶᠢ ᠬᠡᠷᠡᠭᠯᠡᠭᠰᠡᠨ ᠪᠠᠢᠳᠠᠯ᠂ ᠵᠠᠰᠠᠨ ᠰᠡᠷᠭᠦᠭᠡᠬᠦ ᠶᠠᠪᠤᠴᠠ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠷᠭ᠎ᠠ ᠬᠡᠮᠵᠢᠶ᠎ᠡ ᠵᠡᠷᠭᠡ ᠮᠡᠳᠡᠭᠡ ᠵᠠᠩᠭᠢ᠎ᠶᠢ ᠦᠨᠡᠨ ᠪᠣᠳᠠᠲᠠᠢ᠎ᠪᠠᠷ ᠲᠡᠮᠳᠡᠭᠯᠡᠬᠦ᠎ᠶᠢᠨ ᠬᠠᠮᠲᠤ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠳᠤ ᠴᠠᠭ ᠲᠤᠬᠠᠢ᠎ᠳᠤ ᠨᠢ ᠮᠡᠳᠡᠭᠦᠯᠦᠨ ᠬᠦᠷᠭᠡᠬᠦ ᠬᠡᠷᠡᠭᠲᠡᠢ ᠃
ᠭᠤᠴᠢᠨ ᠭᠤᠷᠪᠠᠳᠤᠭᠠᠷ ᠵᠦᠢᠯ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠵᠠᠰᠠᠨ ᠰᠡᠷᠭᠦᠭᠡᠬᠦ ᠲᠦᠷᠦᠯ ᠵᠦᠢᠯ᠎ᠦᠨ ᠭᠣᠣᠯ ᠴᠣᠭᠴᠠ᠎ᠶᠢᠨ ᠲᠤᠰᠢᠶᠠᠭᠰᠠᠨ ᠠᠮᠢ ᠠᠬᠤᠢ ᠣᠷᠴᠢᠨ ᠲᠣᠭᠣᠷᠢᠨ᠎ᠤ ᠡᠪᠳᠡᠭᠳᠡᠵᠦ ᠬᠣᠬᠢᠷᠠᠭᠰᠠᠨᠢ ᠵᠠᠰᠠᠨ ᠰᠡᠷᠭᠦᠭᠡᠬᠦ ( ᠣᠷᠣᠯᠠᠬᠤ ᠴᠢᠨᠠᠷᠲᠠᠢ ᠵᠠᠰᠠᠨ ᠰᠡᠷᠭᠦᠭᠡᠬᠦ ᠪᠠᠭᠲᠠᠨ᠎ᠠ ) ᠠᠵᠢᠯ᠎ᠢ ᠪᠡᠶᠡᠯᠡᠭᠦᠯᠦᠭᠰᠡᠨ ᠲᠤᠬᠠᠢ ᠮᠡᠳᠡᠭᠡᠯᠡᠯ᠎ᠢ ᠣᠯᠣᠭᠰᠠᠨ᠎ᠤ ᠳᠠᠷᠠᠭ᠎ᠠ᠂ ᠡᠪᠳᠡᠭᠳᠡᠭᠰᠡᠨ ᠠᠮᠢ ᠠᠬᠤᠢ ᠣᠷᠴᠢᠨ ᠲᠣᠭᠣᠷᠢᠨ᠎ᠢ ᠵᠠᠰᠠᠨ ᠰᠡᠷᠭᠦᠭᠡᠭᠰᠡᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠠᠵᠢᠯ᠎ᠢᠶᠠᠨ ᠵᠣᠬᠢᠶᠠᠨ ᠪᠠᠢᠭᠤᠯᠵᠤ᠂ ᠠᠮᠢ ᠠᠬᠤᠢ ᠣᠷᠴᠢᠨ ᠲᠣᠭᠣᠷᠢᠨ᠎ᠢ ᠴᠠᠭ ᠲᠤᠬᠠᠢ᠎ᠳᠤ ᠨᠢ ᠪᠦᠲᠦᠮᠵᠢᠲᠡᠢ ᠵᠠᠰᠠᠨ ᠰᠡᠷᠭᠦᠭᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃
ᠳᠣᠣᠷᠠᠬᠢ ᠪᠠᠢᠳᠠᠯ᠎ᠤᠨ ᠨᠢᠭᠡ᠎ᠳᠦ ᠨᠢ ᠨᠡᠢᠴᠡᠪᠡᠯ᠂ ᠵᠠᠰᠠᠨ ᠰᠡᠷᠭᠦᠭᠡᠭᠰᠡᠨ ᠦᠷ᠎ᠡ ᠪᠦᠲᠦᠮᠵᠢ᠎ᠶᠢᠨ ᠦᠨᠡᠯᠡᠨ ᠵᠢᠱ᠌ᠢᠯᠲᠡ᠎ᠶᠢ ᠵᠣᠬᠢᠶᠠᠨ ᠪᠠᠢᠭᠤᠯᠤᠨ ᠥᠷᠨᠢᠭᠦᠯᠬᠦ ᠦᠭᠡᠢ ᠪᠠᠢᠵᠤ ᠪᠣᠯᠣᠨ᠎ᠠ ᠄
( ᠨᠢᠭᠡ ) ᠬᠠᠮᠢᠶ᠎ᠠ ᠪᠦᠬᠦᠢ ᠬᠢᠨᠠᠨ ᠰᠢᠨᠵᠢᠭᠰᠡᠨ ᠮᠡᠳᠡᠭᠦᠯᠦᠯᠲᠡ᠂ ᠰᠢᠯᠭᠠᠨ ᠬᠤᠷᠢᠶᠠᠭᠰᠠᠨ ᠮᠡᠳᠡᠭᠦᠯᠦᠯᠲᠡ᠂ ᠪᠠᠢᠴᠠᠭᠠᠯᠲᠠ᠎ᠶᠢᠨ ᠮᠡᠳᠡᠭᠦᠯᠦᠯᠲᠡ ᠵᠡᠷᠭᠡ ᠨᠢᠭᠡᠨᠲᠡ ᠪᠦᠷᠢᠯᠳᠦᠭᠰᠡᠨ ᠮᠡᠳᠡᠭᠦᠯᠦᠯᠲᠡ᠎ᠳᠦ ᠵᠠᠰᠠᠨ ᠰᠡᠷᠭᠦᠭᠡᠭᠰᠡᠨ ᠪᠠᠢᠳᠠᠯ᠎ᠤᠨ ᠠᠭᠤᠯᠭ᠎ᠠ᠎ᠶᠢ ᠪᠠᠭᠲᠠᠭᠠᠭᠰᠠᠨ ᠮᠥᠷᠲᠡᠭᠡᠨ ᠵᠠᠰᠠᠨ ᠰᠡᠷᠭᠦᠭᠡᠭᠰᠡᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠬᠡᠷᠡᠭᠴᠡᠭᠡ᠎ᠶᠢ ᠬᠠᠩᠭᠠᠵᠤ ᠳᠡᠢᠯᠦᠭᠰᠡᠨ ᠪᠠᠢᠬᠤ;
( ᠬᠣᠶᠠᠷ ) ᠬᠥᠳᠡᠯᠮᠦᠷᠢ ᠦᠢᠯᠡᠴᠢᠯᠡᠭᠡ᠎ᠪᠠᠷ ᠣᠷᠣᠯᠠᠨ ᠲᠥᠯᠥᠬᠦ ᠠᠷᠭ᠎ᠠ ᠮᠠᠶᠢᠭ᠋᠎ᠢᠶᠠᠷ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠬᠠᠷᠢᠭᠤᠴᠠᠯᠭ᠎ᠠ᠎ᠶᠢ ᠡᠭᠦᠷᠭᠡᠯᠡᠭᠰᠡᠨ;
( ᠭᠤᠷᠪᠠ ) ᠵᠠᠰᠠᠨ ᠰᠡᠷᠭᠦᠭᠡᠭᠰᠡᠨ ᠦᠷ᠎ᠡ ᠪᠦᠲᠦᠮᠵᠢ᠎ᠶᠢᠨ ᠦᠨᠡᠯᠡᠨ ᠵᠢᠱ᠌ᠢᠯᠲᠡ᠎ᠶᠢ ᠵᠣᠬᠢᠶᠠᠨ ᠪᠠᠢᠭᠤᠯᠵᠤ ᠥᠷᠨᠢᠭᠦᠯᠬᠦ ᠦᠭᠡᠢ ᠪᠠᠢᠵᠤ ᠪᠣᠯᠬᠤ ᠪᠤᠰᠤᠳ ᠪᠠᠢᠳᠠᠯ ᠃
ᠵᠠᠰᠠᠨ ᠰᠡᠷᠭᠦᠭᠡᠭᠰᠡᠨ ᠦᠷ᠎ᠡ ᠪᠦᠲᠦᠮᠵᠢ ᠨᠢ ᠵᠠᠰᠠᠨ ᠰᠡᠷᠭᠦᠭᠡᠬᠦ ᠲᠥᠰᠥᠯ᠎ᠳᠦ ᠲᠣᠭᠲᠠᠭᠠᠭᠰᠠᠨ ᠵᠠᠰᠠᠨ ᠰᠡᠷᠭᠦᠭᠡᠬᠦ ᠬᠠᠷᠠᠯᠲᠠ᠎ᠳᠤ ᠬᠦᠷᠦᠭᠰᠡᠨ ᠦᠭᠡᠢ ᠪᠠᠢᠪᠠᠯ᠂ ᠲᠥᠯᠥᠪᠦᠷᠢ ᠥᠭᠬᠦ ᠡᠭᠦᠷᠭᠡᠲᠦ ᠬᠥᠮᠥᠨ ᠲᠥᠯᠥᠪᠦᠷᠢ᠎ᠶᠢᠨ ᠵᠥᠪᠯᠡᠯᠴᠡᠭᠡᠷ ᠪᠤᠶᠤ ᠠᠷᠠᠳ᠎ᠤᠨ ᠰᠢᠭᠦᠬᠦ ᠬᠣᠷᠢᠶᠠᠨ᠎ᠤ ᠰᠢᠭᠦᠨ ᠲᠠᠰᠤᠯᠤᠯᠲᠠ᠎ᠶᠢᠨ ᠱᠠᠭᠠᠷᠳᠠᠯᠭ᠎ᠠ᠎ᠶᠢ ᠦᠨᠳᠦᠰᠦᠯᠡᠨ ᠵᠠᠰᠠᠨ ᠰᠡᠷᠭᠦᠭᠡᠬᠦ ᠠᠵᠢᠯ᠎ᠢ ᠦᠷᠭᠦᠯᠵᠢᠯᠡᠨ ᠥᠷᠨᠢᠭᠦᠯᠬᠦ ᠬᠡᠷᠡᠭᠲᠡᠢ᠃
ᠠᠮᠢ ᠠᠬᠤᠢ ᠣᠷᠴᠢᠨ ᠲᠣᠭᠣᠷᠢᠨ᠎ᠤ ᠡᠪᠳᠡᠭᠳᠡᠵᠦ ᠬᠣᠬᠢᠷᠠᠭᠰᠠᠨᠢ ᠵᠠᠰᠠᠨ ᠰᠡᠷᠭᠦᠭᠡᠭᠰᠡᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠬᠠᠮᠢᠶ᠎ᠠ ᠪᠦᠬᠦᠢ ᠠᠭᠤᠯᠭ᠎ᠠ᠎ᠪᠠᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ᠎ᠶᠢᠨ ᠵᠥᠪᠯᠡᠯᠴᠡᠭᠡᠷ᠎ᠲᠦ ᠲᠣᠭᠲᠠᠭᠠᠬᠤ ᠬᠡᠷᠡᠭᠲᠡᠢ᠃
ᠭᠤᠴᠢᠨ ᠳᠥᠷᠪᠡᠳᠦᠭᠡᠷ ᠵᠦᠢᠯ ᠲᠥᠯᠥᠪᠦᠷᠢ ᠥᠭᠬᠦ ᠡᠭᠦᠷᠭᠡᠲᠦ ᠬᠥᠮᠥᠨ ᠬᠦᠴᠦᠨ᠎ᠲᠠᠢ ᠪᠣᠯᠤᠭᠰᠠᠨ ᠰᠢᠭᠦᠨ ᠲᠠᠰᠤᠯᠤᠯᠲᠠ ᠪᠠ ᠬᠠᠤᠯᠢ ᠴᠠᠭᠠᠵᠠ᠎ᠪᠠᠷ ᠨᠤᠲᠠᠯᠠᠭᠤᠯᠤᠭᠰᠠᠨ ᠲᠥᠯᠥᠪᠦᠷᠢ᠎ᠶᠢᠨ ᠵᠥᠪᠯᠡᠯᠴᠡᠭᠡᠷ᠎ᠢ ᠭᠦᠢᠴᠡᠳᠬᠡᠬᠦ ᠦᠭᠡᠢ ᠪᠤᠶᠤ ᠪᠦᠷᠢᠮᠦᠰᠦᠨ ᠭᠦᠢᠴᠡᠳᠬᠡᠭᠰᠡᠨ ᠦᠭᠡᠢ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠬᠠᠮᠢᠶᠠᠷᠤᠨ ᠡᠵᠡᠮᠳᠡᠬᠦ ᠡᠷᠬᠡ ᠲᠠᠢ ᠠᠷᠠᠳ᠎ᠤᠨ ᠰᠢᠭᠦᠬᠦ ᠬᠣᠷᠢᠶ᠎ᠠ᠎ᠳᠤ ᠠᠯᠪᠠᠳᠠᠨ ᠭᠦᠢᠴᠡᠳᠬᠡᠯᠭᠡᠬᠦ᠎ᠪᠡᠷ ᠭᠤᠶᠤᠴᠢᠯᠠᠵᠤ ᠪᠣᠯᠬᠤ᠎ᠶᠢᠨ ᠬᠠᠮᠲᠤ᠂ ᠬᠣᠯᠪᠣᠭᠳᠠᠯ ᠪᠦᠬᠦᠢ ᠪᠠᠢᠳᠠᠯ᠎ᠢ ᠠᠷᠠᠳ᠎ᠤᠨ ᠪᠠᠢᠴᠠᠭᠠᠬᠤ ᠬᠣᠷᠢᠶᠠᠨ᠎ᠳᠤ ᠨᠡᠪᠲᠡᠷᠡᠭᠦᠯᠦᠨ ᠮᠡᠳᠡᠭᠡᠯᠡᠵᠦ ᠪᠣᠯᠣᠨ᠎ᠠ᠃
ᠲᠥᠯᠥᠪᠦᠷᠢ ᠥᠭᠬᠦ ᠡᠭᠦᠷᠭᠡᠲᠦ ᠬᠥᠮᠥᠨ ᠬᠠᠤᠯᠢ ᠴᠠᠭᠠᠵᠠ᠎ᠪᠠᠷ ᠨᠤᠲᠠᠯᠠᠭᠤᠯᠤᠭᠰᠠᠨ ᠦᠭᠡᠢ ᠲᠥᠯᠥᠪᠦᠷᠢ᠎ᠶᠢᠨ ᠵᠥᠪᠯᠡᠯᠴᠡᠭᠡᠷ᠎ᠢ ᠭᠦᠢᠴᠡᠳᠬᠡᠬᠦ ᠦᠭᠡᠢ ᠪᠤᠶᠤ ᠪᠦᠷᠢᠮᠦᠰᠦᠨ ᠭᠦᠢᠴᠡᠳᠬᠡᠭᠰᠡᠨ ᠦᠭᠡᠢ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠠᠷᠠᠳ᠎ᠤᠨ ᠰᠢᠭᠦᠬᠦ ᠬᠣᠷᠢᠶᠠᠨ᠎ᠳᠤ ᠵᠠᠭᠠᠯᠳᠤᠯᠭ᠎ᠠ ᠭᠠᠷᠭᠠᠵᠤ ᠪᠣᠯᠣᠨ᠎ᠠ᠃
ᠵᠠᠰᠠᠨ ᠰᠡᠷᠭᠦᠭᠡᠭᠰᠡᠨ ᠦᠷ᠎ᠡ ᠳ᠋ᠦᠩ ᠨᠢ ᠲᠥᠯᠥᠪᠦᠷᠢ᠎ᠶᠢᠨ ᠵᠥᠪᠯᠡᠯᠴᠡᠭᠡᠷ ᠪᠤᠶᠤ ᠬᠦᠴᠦᠨ᠎ᠲᠠᠢ ᠪᠣᠯᠤᠭᠰᠠᠨ ᠰᠢᠭᠦᠨ ᠲᠠᠰᠤᠯᠤᠯᠲᠠ᠎ᠳᠤ ᠲᠣᠭᠲᠠᠭᠠᠭᠰᠠᠨ ᠵᠠᠰᠠᠨ ᠰᠡᠷᠭᠦᠭᠡᠬᠦ ᠬᠠᠷᠠᠯᠲᠠ᠎ᠳᠤ ᠬᠦᠷᠦᠭᠰᠡᠨ ᠦᠭᠡᠢ ᠪᠠᠢᠪᠠᠯ᠂ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠲᠥᠯᠥᠪᠦᠷᠢ ᠥᠭᠬᠦ ᠡᠭᠦᠷᠭᠡᠲᠦ ᠬᠥᠮᠥᠨ᠎ᠢ ᠲᠥᠯᠥᠪᠦᠷᠢ᠎ᠶᠢᠨ ᠵᠥᠪᠯᠡᠯᠴᠡᠭᠡᠷ ᠪᠤᠶᠤ ᠬᠦᠴᠦᠨ᠎ᠲᠠᠢ ᠪᠣᠯᠤᠭᠰᠠᠨ ᠰᠢᠭᠦᠨ ᠲᠠᠰᠤᠯᠤᠯᠲᠠ᠎ᠶᠢᠨ ᠱᠠᠭᠠᠷᠳᠠᠯᠭ᠎ᠠ᠎ᠳᠤ ᠬᠦᠷᠲᠡᠯ᠎ᠡ ᠥᠷᠭᠦᠯᠵᠢᠯᠡᠨ ᠵᠠᠰᠠᠨ ᠰᠡᠷᠭᠦᠭᠡᠬᠦ ᠠᠵᠢᠯ ᠥᠷᠨᠢᠭᠦᠯᠬᠦ᠎ᠪᠡᠷ ᠱᠠᠭᠠᠷᠳᠠᠬᠤ ᠬᠡᠷᠡᠭᠲᠡᠢ᠃
ᠲᠥᠯᠥᠪᠦᠷᠢ ᠥᠭᠬᠦ ᠡᠭᠦᠷᠭᠡᠲᠦ ᠬᠥᠮᠥᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠶᠢᠨ ᠲᠥᠯᠥᠪᠦᠷᠢ᠎ᠶᠢᠨ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠬᠡᠭᠰᠡᠨ ᠪᠠᠢᠪᠠᠯ᠂ ᠬᠠᠮᠢᠶ᠎ᠠ ᠪᠦᠬᠦᠢ ᠵᠠᠰᠠᠭ ᠵᠠᠬᠢᠷᠭᠠᠨ᠎ᠤ ᠪᠠᠢᠭᠤᠯᠭ᠎ᠠ ᠪᠠ ᠬᠠᠤᠯᠢ ᠴᠠᠭᠠᠵᠠ᠎ᠶᠢᠨ ᠪᠠᠢᠭᠤᠯᠭ᠎ᠠ᠎ᠠᠴᠠ ᠲᠡᠭᠦᠨ᠎ᠢ ᠬᠠᠤᠯᠢ ᠶᠣᠰᠣᠭᠠᠷ ᠬᠥᠩᠭᠡᠨ᠎ᠢᠶᠡᠷ ᠰᠢᠢᠳᠬᠡᠬᠦ᠂ ᠬᠥᠩᠭᠡᠷᠡᠭᠦᠯᠦᠨ ᠰᠢᠢᠳᠬᠡᠬᠦ ᠪᠤᠶᠤ ᠰᠢᠢᠳᠪᠦᠷᠢᠯᠡᠬᠦ᠎ᠡᠴᠡ ᠬᠡᠯᠲᠦᠷᠢᠭᠦᠯᠬᠦ ᠦᠢᠯᠡ ᠪᠠᠢᠳᠠᠯ᠎ᠢᠶᠠᠷ ᠦᠵᠡᠨ᠎ᠡ᠃
ᠬᠦᠴᠦᠨ᠎ᠲᠠᠢ ᠪᠣᠯᠤᠭᠰᠠᠨ ᠰᠢᠭᠦᠨ ᠲᠠᠰᠤᠯᠤᠯᠲᠠ ᠪᠠ ᠬᠠᠤᠯᠢ ᠴᠠᠭᠠᠵᠠ᠎ᠪᠠᠷ ᠨᠤᠲᠠᠯᠠᠭᠤᠯᠤᠭᠰᠠᠨ ᠲᠥᠯᠥᠪᠦᠷᠢ᠎ᠶᠢᠨ ᠵᠥᠪᠯᠡᠯᠴᠡᠭᠡᠷ᠎ᠢ ᠲᠥᠯᠥᠪᠦᠷᠢ ᠥᠭᠬᠦ ᠡᠭᠦᠷᠭᠡᠲᠦ ᠬᠥᠮᠥᠨ ᠡᠭᠦᠷᠭᠡ᠎ᠪᠡᠨ ᠭᠦᠢᠴᠡᠳᠬᠡᠬᠦ ᠦᠭᠡᠢ ᠪᠤᠶᠤ ᠪᠦᠷᠢᠮᠦᠰᠦᠨ ᠭᠦᠢᠴᠡᠳᠬᠡᠭᠰᠡᠨ ᠦᠭᠡᠢ ᠪᠠᠢᠪᠠᠯ᠂ ᠠᠷᠠᠳ᠎ᠤᠨ ᠰᠢᠭᠦᠬᠦ ᠬᠣᠷᠢᠶ᠎ᠠ᠎ᠠᠴᠠ ᠬᠠᠤᠯᠢ ᠶᠣᠰᠣᠭᠠᠷ ᠢᠲᠡᠭᠡᠯ ᠠᠯᠳᠠᠭᠰᠠᠨ ᠭᠦᠢᠴᠡᠳᠬᠡᠭᠳᠡᠭᠴᠢ᠎ᠶᠢᠨ ᠨᠡᠷᠡᠰ᠎ᠲᠦ ᠵᠢᠭ᠍ᠰᠠᠭᠠᠨ ᠣᠷᠣᠭᠤᠯᠤᠨ᠎ᠠ᠃
ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠠᠢᠳᠠᠯ᠎ᠢ ᠬᠢᠨᠠᠨ ᠲᠣᠭᠲᠠᠭᠠᠭᠰᠠᠨ ᠰᠠᠨᠠᠯ᠂ ᠬᠢᠨᠠᠨ ᠲᠣᠭᠲᠠᠭᠠᠵᠤ ᠦᠨᠡᠯᠡᠨ ᠵᠢᠱ᠌ᠢᠭᠰᠡᠨ ᠮᠡᠳᠡᠭᠦᠯᠦᠯᠲᠡ᠂ ᠲᠤᠰᠬᠠᠢ ᠮᠡᠷᠭᠡᠵᠢᠯᠲᠡᠨ᠎ᠦ ᠦᠨᠡᠯᠡᠨ ᠵᠢᠱ᠌ᠢᠭᠰᠡᠨ ᠰᠠᠨᠠᠯ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ᠎ᠶᠢᠨ ᠵᠥᠪᠳᠡᠯᠴᠡᠭᠡᠨ᠎ᠦ ᠪᠢᠴᠢᠭ ᠮᠠᠲᠧᠷᠢᠶᠠᠯ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ᠎ᠶᠢᠨ ᠮᠥᠩᠭᠥ ᠲᠤᠰᠢᠶᠠᠭᠰᠠᠨ ᠫᠢᠶᠣᠣ ᠪᠠᠷᠢᠮᠲᠠ᠂ ᠠᠮᠢ ᠠᠬᠤᠢ ᠣᠷᠴᠢᠨ ᠲᠣᠭᠣᠷᠢᠨ᠎ᠢ ᠵᠠᠰᠠᠨ ᠰᠡᠷᠭᠦᠭᠡᠭᠰᠡᠨ ᠦᠷ᠎ᠡ ᠪᠦᠲᠦᠮᠵᠢ᠎ᠶᠢ ᠦᠨᠡᠯᠡᠨ ᠵᠢᠱ᠌ᠢᠭᠰᠡᠨ ᠮᠡᠳᠡᠭᠦᠯᠦᠯᠲᠡ ᠵᠡᠷᠭᠡ ᠬᠠᠮᠢᠶ᠎ᠠ ᠪᠦᠬᠦᠢ ᠪᠢᠴᠢᠭ ᠮᠠᠲᠧᠷᠢᠶᠠᠯ᠎ᠢ ᠪᠣᠯ ᠰᠢᠢᠳᠬᠡᠨ ᠲᠣᠷᠭᠠᠬᠤ ᠬᠡᠷᠡᠭ᠎ᠢ ᠬᠠᠮᠲᠤ᠎ᠪᠠᠷ ᠬᠢᠨᠠᠨ ᠵᠥᠪᠯᠡᠬᠦ᠎ᠳᠦ᠂ ᠪᠠᠢᠴᠠᠭᠠᠨ ᠲᠣᠳᠣᠯᠠᠭᠠᠳ ᠦᠨᠡᠨ ᠮᠠᠭᠠᠳ ᠮᠥᠷᠲᠡᠭᠡᠨ ᠬᠠᠤᠯᠢ᠎ᠶᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠬᠣᠯᠪᠣᠭ᠎ᠠ᠎ᠲᠠᠢ ᠪᠠᠢᠪᠠᠯ᠂ ᠲᠥᠯᠥᠪᠦᠷᠢ ᠥᠭᠬᠦ ᠡᠭᠦᠷᠭᠡᠲᠦ ᠬᠥᠮᠥᠨ᠎ᠦ ᠬᠥᠩᠭᠡᠨ᠎ᠢᠶᠡᠷ ᠪᠤᠶᠤ ᠬᠥᠩᠭᠡᠷᠡᠭᠦᠯᠦᠨ ᠰᠢᠢᠳᠬᠡᠬᠦ ᠭᠡᠷᠡᠴᠢ ᠪᠠᠷᠢᠮᠲᠠ᠎ᠶᠢᠨ ᠮᠠᠲᠧᠷᠢᠶᠠᠯ ᠪᠣᠯᠭᠠᠵᠤ ᠪᠣᠯᠣᠨ᠎ᠠ᠃
ᠵᠢᠷᠭᠤᠳᠤᠭᠠᠷ ᠪᠦᠯᠦᠭ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠦᠨᠳᠦ ᠶᠡᠬᠡ ᠬᠡᠷᠡᠭ᠎ᠢ ᠰᠢᠮᠳᠠᠭᠤᠯᠤᠨ ᠰᠢᠢᠳᠪᠦᠷᠢᠯᠡᠭᠦᠯᠬᠦ
ᠭᠤᠴᠢᠨ ᠲᠠᠪᠤᠳᠤᠭᠠᠷ ᠵᠦᠢᠯ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠦᠨᠳᠦ ᠶᠡᠬᠡ ᠬᠡᠷᠡᠭ ( ᠳᠣᠷᠣᠭ᠍ᠰᠢ ᠬᠦᠨᠳᠦ ᠶᠡᠬᠡ ᠬᠡᠷᠡᠭ ᠭᠡᠵᠦ ᠲᠣᠪᠴᠢᠯᠠᠨ᠎ᠠ ) ᠭᠡᠳᠡᠭ ᠨᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢᠨ ᠦᠢᠯᠡ ᠪᠠᠢᠳᠠᠯ ᠨᠢ ᠬᠦᠨᠳᠦ ᠨᠣᠴᠢᠲᠠᠢ᠂ ᠨᠢᠭᠡᠨᠲᠡ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠪᠠ ᠠᠮᠢ ᠠᠬᠤᠢ᠎ᠶᠢ ᠡᠪᠳᠡᠭᠰᠡᠨ ᠬᠦᠨᠳᠦ ᠨᠣᠴᠢᠲᠠᠢ ᠦᠷ᠎ᠡ ᠤᠷᠰᠢᠭ᠋ ᠲᠠᠲᠠᠭᠰᠠᠨ ᠪᠤᠶᠤ ᠨᠡᠢᠭᠡᠮ᠎ᠳᠦ ᠮᠠᠭᠤ ᠨᠥᠯᠥᠭᠡ ᠦᠵᠡᠭᠦᠯᠦᠭᠰᠡᠨ ᠬᠡᠷᠡᠭ᠎ᠢ ᠵᠢᠭᠠᠵᠤ ᠪᠣᠢ᠃
ᠬᠦᠨᠳᠦ ᠶᠡᠬᠡ ᠬᠡᠷᠡᠭ᠎ᠢ ᠰᠢᠮᠳᠠᠭᠤᠯᠤᠨ ᠰᠢᠢᠳᠪᠦᠷᠢᠯᠡᠭᠦᠯᠬᠦ ᠭᠡᠳᠡᠭ ᠨᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠂ ᠪᠠᠢᠭᠠᠯᠢ᠎ᠶᠢᠨ ᠡᠬᠢ ᠪᠠᠶᠠᠯᠢᠭ᠋᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠤᠰᠤᠨ ᠠᠰᠢᠭ᠍ᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢ ᠲᠥᠯᠥᠭᠡᠯᠡᠨ ᠲᠥᠯᠥᠪᠦᠷᠢ ᠠᠪᠬᠤ ᠡᠷᠬᠡᠲᠦ ᠬᠥᠮᠥᠨ᠎ᠦ ᠡᠭᠦᠷᠭᠡ ᠬᠠᠷᠢᠭᠤᠴᠠᠯᠭ᠎ᠠ᠎ᠶᠢ ᠪᠣᠳᠠᠲᠠᠢ ᠬᠡᠷᠡᠭᠵᠢᠭᠦᠯᠵᠦ ᠪᠠᠢᠭ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠲᠥᠯᠥᠪᠦᠷᠢ ᠠᠪᠬᠤ ᠡᠷᠬᠡᠲᠦ ᠬᠥᠮᠥᠨ ᠪᠣᠯᠤᠭᠰᠠᠨ᠎ᠤ ᠬᠤᠪᠢ᠎ᠳᠤ ᠰᠢᠢᠳᠪᠦᠷᠢᠯᠡᠭᠰᠡᠨ ᠬᠦᠨᠳᠦ ᠶᠡᠬᠡ ᠬᠡᠷᠡᠭ᠎ᠤᠨ ᠪᠠᠢᠴᠠᠭᠠᠬᠤ᠂ ᠬᠢᠨᠠᠨ ᠲᠣᠭᠲᠠᠭᠠᠵᠤ ᠦᠨᠡᠯᠡᠨ ᠵᠢᠱ᠌ᠢᠬᠦ᠂ ᠵᠥᠪᠳᠡᠯᠴᠡᠬᠦ ᠪᠤᠶᠤ ᠵᠠᠷᠭᠤᠯᠳᠤᠬᠤ᠂ ᠠᠮᠢ ᠠᠬᠤᠢ᠎ᠶᠢ ᠵᠠᠰᠠᠨ ᠰᠡᠷᠭᠦᠭᠡᠬᠦ ᠵᠡᠷᠭᠡ ᠭᠣᠭᠴᠣᠭ᠎ᠠ᠎ᠳᠤ ᠬᠡᠷᠡᠭᠵᠢᠭᠦᠯᠦᠭᠰᠡᠨ ᠵᠣᠬᠢᠴᠠᠭᠤᠯᠬᠤ᠂ ᠵᠢᠯᠤᠭᠣᠳᠬᠤ ᠪᠠ ᠬᠢᠨᠠᠯᠲᠠ ᠲᠠᠯᠪᠢᠬᠤ ᠵᠡᠷᠭᠡ ᠠᠵᠢᠯᠯᠠᠭ᠎ᠠ᠎ᠶᠢ ᠵᠢᠭᠠᠵᠤ ᠪᠣᠢ᠃
ᠬᠦᠨᠳᠦ ᠶᠡᠬᠡ ᠬᠡᠷᠡᠭ᠎ᠢ ᠰᠢᠮᠳᠠᠭᠤᠯᠤᠨ ᠰᠢᠢᠳᠪᠦᠷᠢᠯᠡᠭᠦᠯᠬᠦ᠎ᠳᠦ ᠳᠡᠰ ᠱᠠᠲᠤ᠎ᠪᠠᠷ ᠬᠢᠨᠠᠯᠲᠠ ᠲᠠᠯᠪᠢᠬᠤ᠂ ᠡᠯ᠎ᠡ ᠰᠠᠯᠠᠭ᠎ᠠ ᠮᠥᠴᠢᠷ ᠬᠣᠯᠪᠤᠭᠠᠯᠠᠨ ᠬᠥᠳᠡᠯᠦᠯᠴᠡᠬᠦ ᠵᠠᠷᠴᠢᠮ᠎ᠢ ᠪᠠᠷᠢᠮᠲᠠᠯᠠᠨ᠎ᠠ ᠃
ᠭᠤᠴᠢᠨ ᠵᠢᠷᠭᠤᠳᠤᠭᠠᠷ ᠵᠦᠢᠯ ᠳᠣᠣᠷᠠᠬᠢ ᠪᠠᠢᠳᠠᠯ᠎ᠤᠨ ᠨᠢᠭᠡ ᠨᠢ ᠪᠠᠢᠪᠠᠯ᠂ ᠬᠦᠨᠳᠦ ᠶᠡᠬᠡ ᠬᠡᠷᠡᠭ᠎ᠲᠦ ᠲᠣᠭᠠᠴᠠᠭᠳᠠᠨ᠎ᠠ ᠄
( ᠨᠢᠭᠡ ) ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠰᠢᠮᠳᠠᠭᠤᠯᠤᠨ ᠪᠠᠢᠴᠠᠭᠠᠵᠤ ᠢᠯᠡᠷᠡᠭᠦᠯᠦᠭᠰᠡᠨ ᠴᠢᠬᠤᠯᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠳᠤ ᠬᠣᠯᠪᠣᠭᠳᠠᠭᠰᠠᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ;
( ᠬᠣᠶᠠᠷ ) ᠨᠡᠯᠢᠶᠡᠳ ᠶᠡᠬᠡ ᠵᠢᠴᠢ ᠲᠡᠭᠦᠨ᠎ᠡᠴᠡ ᠳᠡᠭᠡᠭᠰᠢᠬᠢ ᠣᠷᠴᠢᠨ ᠲᠣᠭᠣᠷᠢᠨ᠎ᠤ ᠭᠡᠨᠡᠳᠲᠡ᠎ᠶᠢᠨ ᠬᠡᠷᠡᠭ᠎ᠲᠦ ᠬᠣᠯᠪᠣᠭᠳᠠᠭᠰᠠᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ;
( ᠭᠤᠷᠪᠠ ) ᠠᠮᠢ ᠠᠬᠤᠢ᠎ᠶᠢ ᠡᠪᠳᠡᠵᠦ ᠬᠣᠬᠢᠷᠠᠭᠤᠯᠤᠭᠰᠠᠨ ᠬᠦᠨᠳᠦ ᠶᠡᠬᠡ ᠬᠡᠷᠡᠭ ᠵᠢᠴᠢ ᠲᠡᠭᠦᠨ᠎ᠡᠴᠡ ᠳᠡᠭᠡᠭᠰᠢᠬᠢ ᠬᠡᠷᠡᠭ;
( ᠳᠥᠷᠪᠡ ) ᠤᠯᠤᠰ᠎ᠠᠴᠠ ᠰᠢᠮᠳᠠᠭᠤᠯᠤᠨ ᠰᠢᠢᠳᠪᠦᠷᠢᠯᠡᠭᠦᠯᠦᠭᠰᠡᠨ ᠴᠢᠬᠤᠯᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠳᠤ ᠬᠣᠯᠪᠣᠭᠳᠠᠭᠰᠠᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ;
( ᠲᠠᠪᠤ ) ᠪᠦᠬᠦ ᠤᠯᠤᠰ ᠪᠤᠶᠤ ᠲᠤᠰ ᠵᠠᠰᠠᠭ ᠵᠠᠬᠢᠷᠭᠠᠨ᠎ᠤ ᠣᠷᠣᠨ᠎ᠳᠤ ᠬᠦᠨᠳᠦ ᠶᠡᠬᠡ ᠨᠥᠯᠥᠭᠡ᠎ᠲᠠᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠪᠤᠰᠤᠳ ᠬᠡᠷᠡᠭ᠃
ᠭᠤᠴᠢᠨ ᠳᠣᠯᠣᠳᠤᠭᠠᠷ ᠵᠦᠢᠯ ᠬᠦᠨᠳᠦ ᠶᠡᠬᠡ ᠬᠡᠷᠡᠭ᠎ᠢ ᠰᠢᠮᠳᠠᠭᠤᠯᠤᠨ ᠰᠢᠢᠳᠪᠦᠷᠢᠯᠡᠭᠦᠯᠬᠦ ᠭᠣᠣᠯ ᠠᠭᠤᠯᠭ᠎ᠠ᠎ᠳᠤ ᠪᠠᠭᠲᠠᠬᠤ ᠨᠢ ᠄
( ᠨᠢᠭᠡ ) ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠡᠷᠡᠭ᠎ᠦᠨ ᠦᠨᠳᠦᠰᠦᠨ ᠪᠠᠢᠳᠠᠯ;
( ᠬᠣᠶᠠᠷ ) ᠬᠡᠷᠡᠭ᠎ᠢ ᠰᠢᠢᠳᠪᠦᠷᠢᠯᠡᠬᠦ ᠱᠠᠭᠠᠷᠳᠠᠯᠭ᠎ᠠ᠂ ᠡᠭᠦᠨ᠎ᠳᠦ ᠬᠡᠷᠡᠭ᠎ᠢ ᠪᠠᠢᠴᠠᠭᠠᠬᠤ᠂ ᠬᠢᠨᠠᠨ ᠲᠣᠭᠲᠠᠭᠠᠵᠤ ᠦᠨᠡᠯᠡᠨ ᠵᠢᠱ᠌ᠢᠬᠦ᠂ ᠵᠥᠪᠳᠡᠯᠴᠡᠭᠡ ᠥᠷᠨᠢᠭᠦᠯᠬᠦ᠂ ᠵᠠᠭᠠᠯᠳᠤᠯᠭ᠎ᠠ ᠭᠠᠷᠭᠠᠬᠤ᠂ ᠠᠮᠢ ᠠᠬᠤᠢ ᠣᠷᠴᠢᠨ ᠲᠣᠭᠣᠷᠢᠨ᠎ᠢ ᠵᠠᠰᠠᠨ ᠰᠡᠷᠭᠦᠭᠡᠬᠦ ᠵᠡᠷᠭᠡ ᠬᠡᠷᠡᠭ᠎ᠢ ᠰᠢᠢᠳᠪᠦᠷᠢᠯᠡᠭᠰᠡᠨ ᠠᠬᠢᠴᠠ᠂ ᠬᠤᠭᠤᠴᠠᠭ᠎ᠠ ᠬᠢᠵᠠᠭᠠᠷ᠎ᠤᠨ ᠱᠠᠭᠠᠷᠳᠠᠯᠭ᠎ᠠ ᠪᠠᠭᠲᠠᠨ᠎ᠠ;
( ᠭᠤᠷᠪᠠ ) ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠵᠢᠯᠴᠠᠬᠤ ᠱᠠᠭᠠᠷᠳᠠᠯᠭ᠎ᠠ;
( ᠳᠥᠷᠪᠡ ) ᠳᠠᠭᠠᠭᠠᠨ ᠭᠦᠢᠴᠡᠳᠬᠡᠬᠦ ᠨᠢᠭᠡᠴᠢ ᠵᠢᠴᠢ ᠲᠡᠭᠦᠨ᠎ᠦ ᠬᠠᠷᠢᠭᠤᠴᠠᠯᠭᠠᠲᠠᠨ;
( ᠲᠠᠪᠤ ) ᠰᠢᠮᠳᠠᠭᠤᠯᠤᠨ ᠰᠢᠢᠳᠪᠦᠷᠢᠯᠡᠭᠦᠯᠬᠦ ᠴᠢᠬᠤᠯᠠᠲᠠᠢ ᠪᠤᠰᠤᠳ ᠵᠦᠢᠯᠡᠰ᠃
ᠰᠢᠮᠳᠠᠭᠤᠯᠤᠨ ᠰᠢᠢᠳᠪᠦᠷᠢᠯᠡᠭᠦᠯᠬᠦ ᠨᠢᠭᠡᠴᠢ ᠨᠢ ᠬᠦᠨᠳᠦ ᠶᠡᠬᠡ ᠬᠡᠷᠡᠭ᠎ᠢ ᠰᠢᠢᠳᠪᠦᠷᠢᠯᠡᠬᠦ ᠠᠵᠢᠯ᠎ᠢ ᠵᠢᠯᠤᠭᠣᠳᠬᠤ᠂ ᠵᠣᠬᠢᠴᠠᠭᠤᠯᠬᠤ ᠪᠠ ᠰᠢᠮᠳᠠᠭᠤᠯᠤᠨ ᠪᠠᠢᠴᠠᠭᠠᠬᠤ᠎ᠪᠠᠨ ᠴᠢᠩᠭᠠᠳᠬᠠᠬᠤ ᠬᠡᠷᠡᠭᠲᠡᠢ ᠃ ᠰᠢᠮᠳᠠᠭᠤᠯᠤᠨ ᠰᠢᠢᠳᠪᠦᠷᠢᠯᠡᠭᠦᠯᠬᠦ ᠠᠵᠢᠯ᠎ᠢ ᠪᠢᠴᠢᠭ ᠮᠠᠲᠧᠷᠢᠶᠠᠯ ᠠᠯᠪᠠᠨ ᠵᠠᠬᠢᠳᠠᠯ᠎ᠢᠶᠠᠷ ᠰᠢᠮᠳᠠᠭᠤᠯᠤᠨ ᠰᠢᠢᠳᠪᠦᠷᠢᠯᠡᠭᠦᠯᠬᠦ᠂ ᠲᠤᠬᠠᠢ᠎ᠶᠢᠨ ᠲᠠᠯᠠᠪᠤᠷ᠎ᠲᠤ ᠨᠢ ᠰᠢᠮᠳᠠᠭᠤᠯᠤᠨ ᠰᠢᠢᠳᠪᠦᠷᠢᠯᠡᠭᠦᠯᠬᠦ᠂ ᠠᠯᠪᠠᠨ ᠵᠠᠷ᠎ᠢᠶᠠᠷ ᠰᠢᠮᠳᠠᠭᠤᠯᠤᠨ ᠰᠢᠢᠳᠪᠦᠷᠢᠯᠡᠭᠦᠯᠬᠦ᠂ ᠤᠲᠠᠰᠤ᠎ᠪᠠᠷ ᠰᠢᠮᠳᠠᠭᠤᠯᠤᠨ ᠰᠢᠢᠳᠪᠦᠷᠢᠯᠡᠭᠦᠯᠬᠦ ᠵᠡᠷᠭᠡ ᠠᠷᠭ᠎ᠠ ᠮᠠᠶᠢᠭ᠋᠎ᠢᠶᠠᠷ ᠬᠡᠷᠡᠭᠵᠢᠭᠦᠯᠵᠦ ᠪᠣᠯᠣᠨ᠎ᠠ᠂ ᠬᠡᠷᠡᠭ ᠨᠢ ᠪᠤᠰᠤᠳ ᠰᠠᠯᠠᠭ᠎ᠠ ᠮᠥᠴᠢᠷ᠎ᠲᠦ ᠬᠣᠯᠪᠣᠭᠳᠠᠪᠠᠯ᠂ ᠬᠠᠮᠲᠤᠷᠠᠨ ᠰᠢᠮᠳᠠᠭᠤᠯᠤᠨ ᠰᠢᠢᠳᠪᠦᠷᠢᠯᠡᠭᠦᠯᠬᠦ᠎ᠶᠢ ᠬᠡᠷᠡᠭᠵᠢᠭᠦᠯᠵᠦ ᠪᠣᠯᠣᠨ᠎ᠠ ᠃
ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ᠂ ᠰᠢᠮᠳᠠᠭᠤᠯᠤᠨ ᠰᠢᠢᠳᠪᠦᠷᠢᠯᠡᠭᠦᠯᠬᠦ ᠨᠢᠭᠡᠴᠢ ᠨᠢ ᠠᠵᠢᠯᠲᠠᠨ ᠰᠤᠭᠤᠴᠢᠨ ᠲᠣᠬᠢᠷᠠᠭᠤᠯᠵᠤ ᠬᠦᠨᠳᠦ ᠶᠡᠬᠡ ᠬᠡᠷᠡᠭ᠎ᠦᠨ ᠪᠠᠢᠭ᠎ᠠ ᠭᠠᠵᠠᠷ ᠣᠷᠣᠨ᠎ᠳᠤ ᠣᠴᠢᠭᠤᠯᠤᠨ ᠰᠢᠮᠳᠠᠭᠤᠯᠤᠨ ᠪᠠᠢᠴᠠᠭᠠᠯᠭᠠᠬᠤ ᠪᠤᠶᠤ ᠬᠡᠷᠡᠭ ᠰᠢᠢᠳᠪᠦᠷᠢᠯᠡᠬᠦ᠎ᠶᠢ ᠵᠢᠭᠠᠨ ᠵᠢᠯᠣᠭᠣᠳᠤᠭᠤᠯᠵᠤ ᠪᠣᠯᠣᠨ᠎ᠠ ᠃
ᠰᠢᠮᠳᠠᠭᠤᠯᠤᠨ ᠰᠢᠢᠳᠪᠦᠷᠢᠯᠡᠭᠦᠯᠬᠦ ᠨᠢᠭᠡᠴᠢ ᠨᠢ ᠰᠢᠮᠳᠠᠭᠤᠯᠤᠨ ᠰᠢᠢᠳᠪᠦᠷᠢᠯᠡᠭᠦᠯᠬᠦ ᠠᠵᠢᠯ᠎ᠤᠨ ᠲᠣᠳᠣᠷᠬᠠᠢ ᠬᠠᠭᠤᠳᠠᠰᠤ᠎ᠶᠢ ᠪᠠᠢᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠬᠤ᠂ ᠵᠢᠭᠠᠨ ᠵᠢᠯᠤᠭᠣᠳᠴᠤ ᠬᠠᠪᠰᠤᠷᠤᠨ ᠲᠡᠳᠬᠦᠬᠦ᠂ ᠵᠣᠬᠢᠴᠠᠭᠤᠯᠬᠤ᠂ ᠲᠤᠬᠠᠢ᠎ᠶᠢᠨ ᠲᠠᠯᠠᠪᠤᠷ᠎ᠲᠤ ᠨᠢ ᠰᠢᠮᠳᠠᠭᠤᠯᠤᠨ ᠰᠢᠢᠳᠪᠦᠷᠢᠯᠡᠭᠦᠯᠬᠦ ᠵᠡᠷᠭᠡ ᠣᠯᠠᠨ ᠵᠦᠢᠯ᠎ᠦᠨ ᠠᠷᠭ᠎ᠠ ᠮᠠᠶᠢᠭ᠋᠎ᠢ ᠠᠪᠴᠤ ᠪᠠᠢᠭᠠᠳ ᠬᠦᠨᠳᠦ ᠶᠡᠬᠡ ᠬᠡᠷᠡᠭ᠎ᠢ ᠰᠢᠮᠳᠠᠭᠤᠯᠤᠨ ᠰᠢᠢᠳᠪᠦᠷᠢᠯᠡᠭᠦᠯᠬᠦ᠎ᠪᠡᠨ ᠴᠢᠩᠭᠠᠳᠬᠠᠵᠤ᠂ ᠳᠠᠭᠠᠭᠠᠨ ᠭᠦᠢᠴᠡᠳᠬᠡᠬᠦ ᠨᠢᠭᠡᠴᠢ ᠨᠢ ᠰᠢᠮᠳᠠᠭᠤᠯᠤᠨ ᠰᠢᠢᠳᠪᠦᠷᠢᠯᠡᠭᠦᠯᠬᠦ ᠡᠭᠦᠷᠭᠡ᠎ᠪᠡᠨ ᠪᠦᠬᠦᠨ᠎ᠢ ᠪᠡᠶᠡᠯᠡᠭᠦᠯᠲᠡᠯ᠎ᠡ ᠴᠢᠩᠭᠠᠳᠬᠠᠬᠤ ᠬᠡᠷᠡᠭᠲᠡᠢ ᠃
ᠭᠤᠴᠢᠨ ᠨᠠᠢ᠍ᠮᠠᠳᠤᠭᠠᠷ ᠵᠦᠢᠯ ᠳᠠᠭᠠᠭᠠᠨ ᠭᠦᠢᠴᠡᠳᠬᠡᠬᠦ ᠨᠢᠭᠡᠴᠢ ᠨᠢ 30 ᠠᠵᠢᠯᠯᠠᠬᠤ ᠡᠳᠦᠷ ᠪᠦᠷᠢᠳᠦ ᠰᠢᠮᠳᠠᠭᠤᠯᠤᠨ ᠰᠢᠢᠳᠪᠦᠷᠢᠯᠡᠭᠦᠯᠦᠭᠰᠡᠨ ᠨᠢᠭᠡᠴᠢ᠎ᠳᠦ ᠬᠡᠷᠡᠭ᠎ᠢ ᠪᠠᠢᠴᠠᠭᠠᠨ ᠰᠢᠢᠳᠪᠦᠷᠢᠯᠡᠭᠰᠡᠨ ᠠᠬᠢᠴᠠ᠎ᠶᠢᠨ ᠪᠠᠢᠳᠠᠯ᠎ᠢᠶᠠᠨ ᠨᠢᠭᠡ ᠤᠳᠠᠭ᠎ᠠ ᠮᠡᠳᠡᠭᠦᠯᠬᠦ ᠬᠡᠷᠡᠭᠲᠡᠢ; ᠬᠦᠨᠳᠦ ᠶᠡᠬᠡ ᠬᠡᠷᠡᠭ᠎ᠢ ᠰᠢᠮᠳᠠᠭᠤᠯᠤᠨ ᠰᠢᠢᠳᠪᠦᠷᠢᠯᠡᠭᠦᠯᠬᠦ ᠵᠠᠬᠢᠳᠠᠯ᠎ᠳᠤ ᠮᠡᠳᠡᠭᠦᠯᠬᠦ ᠬᠤᠭᠤᠴᠠᠭ᠎ᠠ ᠬᠢᠵᠠᠭᠠᠷ᠎ᠢ ᠲᠣᠭᠲᠠᠭᠠᠭᠰᠠᠨ ᠪᠠᠢᠪᠠᠯ᠂ ᠲᠣᠭᠲᠠᠭᠰᠠᠨ ᠬᠤᠭᠤᠴᠠᠭ᠎ᠠ ᠬᠢᠵᠠᠭᠠᠷ᠎ᠤᠨ ᠶᠣᠰᠣᠭᠠᠷ ᠮᠡᠳᠡᠭᠦᠯᠬᠦ ᠬᠡᠷᠡᠭᠲᠡᠢ ; ᠬᠡᠷᠡᠭ᠎ᠢ ᠰᠢᠢᠳᠪᠦᠷᠢᠯᠡᠬᠦ ᠲᠠᠯ᠎ᠠ᠎ᠪᠠᠷ ᠴᠢᠬᠤᠯᠠ ᠶᠡᠬᠡ ᠠᠬᠢᠴᠠ᠎ᠲᠠᠢ ᠪᠣᠯᠤᠭᠰᠠᠨ ᠪᠤᠶᠤ ᠪᠠᠴᠢᠮ ᠪᠠᠢᠳᠠᠯ᠎ᠳᠤ ᠲᠤᠯᠭᠠᠷᠠᠭᠰᠠᠨ ᠪᠠᠢᠪᠠᠯ᠂ ᠴᠠᠭ ᠲᠤᠬᠠᠢ᠎ᠳᠤ ᠨᠢ ᠮᠡᠳᠡᠭᠦᠯᠬᠦ ᠬᠡᠷᠡᠭᠲᠡᠢ; ᠬᠡᠷᠡᠭ᠎ᠢ ᠰᠢᠢᠳᠪᠦᠷᠢᠯᠡᠬᠦ ᠲᠠᠯ᠎ᠠ᠎ᠪᠠᠷ ᠠᠬᠢᠯᠲᠠ ᠦᠭᠡᠢ ᠪᠤᠶᠤ ᠠᠬᠢᠴᠠ ᠨᠢ ᠤᠳᠠᠭᠠᠨ ᠪᠠᠢᠪᠠᠯ᠂ ᠰᠢᠯᠲᠠᠭᠠᠨ᠎ᠢᠶᠡᠨ ᠲᠣᠳᠣᠷᠬᠠᠢᠯᠠᠬᠤ᠎ᠶᠢᠨ ᠬᠠᠮᠲᠤ ᠲᠠᠷᠠᠭᠠᠴᠢ᠎ᠶᠢᠨ ᠠᠯᠬᠤᠮ᠎ᠤᠨ ᠰᠢᠢᠳᠪᠦᠷᠢᠯᠡᠬᠦ ᠠᠵᠢᠯ᠎ᠤᠨ ᠲᠣᠬᠢᠷᠠᠭᠤᠯᠤᠯᠲᠠ᠎ᠪᠠᠨ ᠲᠣᠳᠣᠷᠬᠠᠢ ᠳᠤᠷᠠᠳᠬᠤ ᠬᠡᠷᠡᠭᠲᠡᠢ ᠃
ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠶᠠᠯ᠎ᠠ ᠬᠢᠭᠰᠡᠨ᠎ᠢᠶᠡᠷ ᠰᠡᠵᠢᠭᠯᠡᠭᠳᠡᠭᠰᠡᠨ ᠬᠠᠤᠯᠢ ᠴᠠᠭᠠᠵᠠ᠎ᠶᠢᠨ ᠪᠠᠢᠭᠤᠯᠭ᠎ᠠ᠎ᠶᠢᠨ ᠶᠠᠭ ᠰᠢᠢᠳᠪᠦᠷᠢᠯᠡᠵᠦ ᠪᠠᠢᠭ᠎ᠠ ᠬᠡᠷᠡᠭ᠎ᠢ᠂ ᠳᠠᠭᠠᠭᠠᠨ ᠭᠦᠢᠴᠡᠳᠬᠡᠬᠦ ᠨᠢᠭᠡᠴᠢ ᠨᠢ ᠬᠡᠷᠡᠭ᠎ᠦᠨ ᠠᠬᠢᠴᠠ᠎ᠶᠢᠨ ᠪᠠᠢᠳᠠᠯ᠎ᠢ ᠠᠩᠬᠠᠷᠬᠤ᠎ᠶᠢᠨ ᠬᠠᠮᠲᠤ ᠰᠢᠮᠳᠠᠭᠤᠯᠤᠨ ᠰᠢᠢᠳᠪᠦᠷᠢᠯᠡᠭᠦᠯᠬᠦ ᠨᠢᠭᠡᠴᠢ᠎ᠳᠦ ᠴᠠᠭ ᠲᠤᠬᠠᠢ᠎ᠳᠤ ᠨᠢ ᠮᠡᠳᠡᠭᠦᠯᠬᠦ ᠬᠡᠷᠡᠭᠲᠡᠢ᠃
ᠰᠢᠮᠳᠠᠭᠤᠯᠤᠨ ᠰᠢᠢᠳᠪᠦᠷᠢᠯᠡᠭᠦᠯᠦᠭᠰᠡᠨ ᠬᠦᠨᠳᠦ ᠶᠡᠬᠡ ᠬᠡᠷᠡᠭ᠎ᠲᠦ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠤᠨ ᠲᠡᠰ ᠳᠠᠷᠠᠭᠠᠯᠠᠯ᠂ ᠬᠡᠷᠡᠭ᠎ᠢ ᠰᠢᠢᠳᠪᠦᠷᠢᠯᠡᠬᠦ ᠲᠡᠰ ᠳᠠᠷᠠᠭᠠᠯᠠᠯ᠎ᠤᠨ ᠶᠣᠰᠣᠭᠠᠷ ᠰᠢᠮᠳᠠᠭᠤᠯᠤᠨ ᠰᠢᠢᠳᠪᠦᠷᠢᠯᠡᠭᠦᠯᠦᠭᠰᠡᠨ ᠪᠦᠬᠦ ᠵᠦᠢᠯᠡᠰ᠎ᠢ ᠪᠡᠶᠡᠯᠡᠭᠦᠯᠦᠭᠰᠡᠨ ᠪᠠᠢᠪᠠᠯ᠂ ᠳᠠᠭᠠᠭᠠᠨ ᠭᠦᠢᠴᠡᠳᠬᠡᠬᠦ ᠨᠢᠭᠡᠴᠢ᠎ᠡᠴᠡ ᠬᠡᠷᠡᠭ᠎ᠢ ᠰᠢᠢᠳᠪᠦᠷᠢᠯᠡᠵᠦ ᠳᠠᠭᠤᠰᠬᠠᠭᠰᠠᠨ ᠡᠳᠦᠷ᠎ᠡᠴᠡ ᠡᠬᠢᠯᠡᠨ 20 ᠠᠵᠢᠯᠯᠠᠬᠤ ᠡᠳᠦᠷ᠎ᠦᠨ ᠳᠣᠲᠣᠷ᠎ᠠ ᠰᠢᠮᠳᠠᠭᠤᠯᠤᠨ ᠰᠢᠢᠳᠪᠦᠷᠢᠯᠡᠭᠦᠯᠦᠭᠰᠡᠨ ᠨᠢᠭᠡᠴᠢ᠎ᠳᠦ ᠪᠢᠴᠢᠭ᠎ᠢᠶᠡᠷ ᠮᠡᠳᠡᠭᠦᠯᠬᠦ ᠬᠡᠷᠡᠭᠲᠡᠢ᠃
ᠭᠤᠴᠢ ᠶᠢᠰᠦᠳᠦᠭᠡᠷ ᠵᠦᠢᠯ ᠳᠠᠭᠠᠭᠠᠨ ᠭᠦᠢᠴᠡᠳᠬᠡᠬᠦ ᠨᠢᠭᠡᠴᠢ ᠨᠢ ᠳᠠᠨᠭᠰᠠ ᠡᠪᠬᠡᠮᠡᠯ᠎ᠦᠨ ᠬᠠᠮᠢᠶᠠᠷᠤᠯᠲᠠ᠎ᠶᠢᠨ ᠲᠣᠭᠲᠠᠭᠠᠯ ᠶᠣᠰᠣᠭᠠᠷ᠂ ᠳᠠᠭᠠᠭᠠᠨ ᠭᠦᠢᠴᠡᠳᠬᠡᠭᠰᠡᠨ ᠬᠡᠷᠡᠭ᠎ᠦᠨ ᠬᠣᠯᠪᠣᠭᠳᠠᠯ ᠪᠦᠬᠦᠢ ᠮᠠᠲᠧᠷᠢᠶᠠᠯ᠎ᠢ ᠴᠠᠭ ᠲᠤᠬᠠᠢ᠎ᠳᠤ ᠨᠢ ᠡᠮᠬᠢᠯᠡᠭᠰᠡᠨᠦ ᠳᠠᠷᠠᠭ᠎ᠠ ᠳᠠᠨᠭᠰᠠ ᠡᠪᠬᠡᠮᠡᠯ᠎ᠳᠦ ᠣᠷᠣᠭᠤᠯᠵᠤ ᠬᠠᠳᠠᠭᠠᠯᠠᠬᠤ ᠬᠡᠷᠡᠭᠲᠡᠢ᠃
ᠳᠥᠴᠢᠳᠦᠭᠡᠷ ᠵᠦᠢᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠂ ᠪᠠᠢᠭᠠᠯᠢ᠎ᠶᠢᠨ ᠡᠬᠢ ᠪᠠᠶᠠᠯᠢᠭ᠋᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠤᠰᠤᠨ ᠠᠰᠢᠭ᠍ᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠲᠣᠰ ᠠᠵᠢᠯ ᠲᠥᠷᠥᠯ᠎ᠦᠨ᠎ᠢᠶᠡᠨ ᠬᠦᠨᠳᠦ ᠶᠡᠬᠡ ᠬᠡᠷᠡᠭ᠎ᠢ ᠪᠠᠢᠴᠠᠭᠠᠨ ᠰᠢᠢᠳᠪᠦᠷᠢᠯᠡᠭᠰᠡᠨ ᠪᠠᠢᠳᠠᠯ᠎ᠢᠶᠠᠨ ᠨᠡᠪᠲᠡᠷᠡᠭᠦᠯᠦᠨ ᠮᠡᠳᠡᠭᠡᠯᠡᠵᠦ᠂ ᠳᠠᠭᠠᠭᠠᠨ ᠭᠦᠢᠴᠡᠳᠬᠡᠬᠦ ᠨᠢᠭᠡᠴᠢ ᠵᠢᠴᠢ ᠳᠠᠭᠠᠭᠠᠨ ᠭᠦᠢᠴᠡᠳᠬᠡᠬᠦ ᠠᠵᠢᠯᠲᠠᠨ᠎ᠤ ᠬᠡᠷᠡᠭ᠎ᠢ ᠪᠠᠢᠴᠠᠭᠠᠨ ᠰᠢᠢᠳᠪᠦᠷᠢᠯᠡᠵᠦ ᠰᠢᠮᠳᠠᠭᠤᠯᠤᠨ ᠰᠢᠢᠳᠪᠦᠷᠢᠯᠡᠭᠦᠯᠬᠦ ᠳᠤᠮᠳᠠ ᠲᠣᠪᠣᠢᠮ᠎ᠠ ᠠᠮᠵᠢᠯᠲᠠ ᠪᠦᠲᠦᠮᠵᠢ᠎ᠲᠠᠢ᠎ᠶᠢ ᠨᠢ ᠰᠠᠢᠰᠢᠶᠠᠨ᠎ᠠ ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠵᠥᠪᠯᠡᠯ᠎ᠦᠨ ᠠᠯᠪᠠᠨ ᠭᠡᠷ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠦ ᠲᠣᠬᠢᠷᠠᠭᠤᠯᠤᠨ᠎ᠠ ) ᠨᠢ ᠰᠢᠮᠳᠠᠭᠤᠯᠤᠨ ᠭᠦᠢᠴᠡᠳᠬᠡᠭᠰᠡᠨ ᠪᠠᠢᠳᠠᠯ᠎ᠢ ᠣᠨ᠎ᠤ ᠳ᠋ᠦᠩᠨᠡᠯᠲᠡ᠎ᠶᠢᠨ ᠮᠡᠳᠡᠭᠦᠯᠦᠯᠲᠡ᠎ᠳᠦ ᠣᠷᠣᠭᠤᠯᠤᠨ᠎ᠠ᠃
ᠳᠣᠯᠣᠳᠤᠭᠠᠷ ᠪᠦᠯᠦᠭ ᠪᠠᠲᠤᠯᠠᠭ᠎ᠠ᠎ᠶᠢᠨ ᠲᠣᠭᠲᠠᠴᠠ
ᠳᠥᠴᠢᠨ ᠨᠢᠭᠡᠳᠦᠭᠡᠷ ᠵᠦᠢᠯ ᠡᠯ᠎ᠡ ᠠᠢᠮᠠᠭ ᠬᠤᠳᠠ ᠨᠢ 《ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠳᠦᠷᠢᠮ᠎ᠦᠨ ᠥᠭᠡᠷᠡᠴᠢᠯᠡᠯᠲᠡ᠎ᠶᠢᠨ ᠲᠥᠰᠥᠯ》᠂ 《ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠠᠮᠢᠶᠠᠷᠤᠯᠲᠠ᠎ᠶᠢᠨ ᠲᠣᠭᠲᠠᠭᠠᠯ》 ( ᠣᠷᠴᠢᠨ ᠬᠠᠤᠯᠢ ᠲᠣᠭᠲᠠᠭᠠᠯ 〔2022〕 31 ᠳ᠋ᠦ᠍ᠭᠡᠷ ᠲᠣᠭᠠᠲᠤ )᠎ᠤᠨ ᠬᠣᠯᠪᠣᠭᠳᠠᠯ ᠪᠦᠬᠦᠢ ᠱᠠᠭᠠᠷᠳᠠᠯᠭ᠎ᠠ᠎ᠶᠢ ᠴᠢᠩᠭ᠎ᠠ ᠬᠡᠷᠡᠭᠵᠢᠭᠦᠯᠵᠦ᠂ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ᠎ᠪᠠᠨ ᠴᠢᠩᠭᠠᠳᠬᠠᠵᠤ᠂ ᠬᠠᠷᠢᠭᠤᠴᠠᠯᠭ᠎ᠠ᠎ᠶᠢᠨ ᠨᠠᠢᠳᠠᠪᠤᠷᠢᠵᠢᠭᠤᠯᠤᠯᠲᠠ᠎ᠪᠠᠨ ᠴᠢᠩᠭᠠᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠤᠨ ᠯᠠᠪᠳᠠᠭᠤᠨ ᠲᠣᠭᠲᠠᠭᠤᠨ᠂ ᠡᠮᠬᠢ ᠵᠢᠷᠤᠮ᠎ᠲᠠᠢ ᠶᠠᠪᠤᠭᠳᠠᠬᠤ᠎ᠶᠢ ᠠᠬᠢᠭᠤᠯᠬᠤ ᠬᠡᠷᠡᠭᠲᠡᠢ᠃
ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠢ ᠬᠢᠨᠠᠨ ᠲᠣᠭᠲᠠᠭᠠᠵᠤ ᠦᠨᠡᠯᠡᠨ ᠵᠢᠱ᠌ᠢᠬᠦ ᠠᠵᠢᠯ᠎ᠢ ᠡᠷᠬᠢᠯᠡᠵᠦ ᠪᠠᠢᠭ᠎ᠠ ᠪᠠᠢᠭᠤᠯᠤᠮᠵᠢ᠎ᠳᠡᠬᠢ ᠬᠠᠮᠢᠶᠠᠷᠤᠯᠲᠠ᠎ᠶᠢ ᠴᠢᠩᠭᠠᠳᠬᠠᠵᠤ᠂ ᠢᠲᠡᠭᠡᠮᠵᠢ᠎ᠶᠢ ᠦᠨᠡᠯᠡᠬᠦ᠂ ᠬᠢᠨᠠᠯᠲᠠ ᠲᠠᠯᠪᠢᠵᠤ ᠵᠠᠯᠬᠠᠭᠠᠨ ᠰᠢᠢᠳᠬᠡᠬᠦ᠂ ᠵᠥᠪᠰᠢᠶᠡᠷᠡᠨ ᠣᠷᠣᠭᠤᠯᠵᠤ ᠪᠤᠴᠠᠭᠠᠨ ᠭᠠᠷᠭᠠᠬᠤ ᠵᠡᠷᠭᠡ ᠲᠣᠭᠲᠠᠴᠠ᠎ᠶᠢ ᠪᠦᠷᠢᠨᠰᠢᠭᠦᠯᠵᠦ᠂ ᠬᠢᠨᠠᠨ ᠲᠣᠭᠲᠠᠭᠠᠵᠤ ᠦᠨᠡᠯᠡᠨ ᠵᠢᠱ᠌ᠢᠬᠦ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃
ᠳᠥᠴᠢᠨ ᠬᠣᠶᠠᠳᠤᠭᠠᠷ ᠵᠦᠢᠯ ᠡᠯ᠎ᠡ ᠠᠢᠮᠠᠭ ᠬᠣᠲᠠ᠎ᠶᠢᠨ ᠬᠢᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠶᠢᠨ ᠲᠥᠯᠥᠪᠦᠷᠢ᠎ᠶᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠂ ᠡᠷᠡᠭᠦᠦ᠎ᠶᠢᠨ ᠬᠡᠷᠡᠭ᠎ᠦᠨ ᠬᠠᠤᠯᠢ ᠪᠠᠷᠢᠬᠤ ᠯᠤᠭ᠎ᠠ ᠵᠣᠯᠭᠠᠭᠤᠯᠬᠤ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠡᠭᠦᠨ᠎ᠳᠦ ᠭᠣᠣᠯᠳᠠᠭᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ᠎ᠶᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠂ ᠡᠷᠡᠭᠦᠦ᠎ᠶᠢᠨ ᠬᠡᠷᠡᠭ᠎ᠦᠨ ᠬᠠᠤᠯᠢ ᠪᠠᠷᠢᠬᠤ ᠯᠤᠭ᠎ᠠ ᠪᠠᠢᠩᠭᠤᠰᠢᠭᠤᠯᠤᠨ ᠬᠣᠯᠪᠣᠭ᠎ᠠ ᠠᠪᠬᠤ᠂ ᠮᠡᠳᠡᠭᠡ ᠵᠠᠩᠭᠢ᠎ᠶᠢ ᠬᠠᠮᠲᠤ᠎ᠳᠤ᠎ᠪᠠᠨ ᠬᠦᠷᠲᠡᠬᠦ᠂ ᠬᠡᠷᠡᠭ᠎ᠦᠨ ᠰᠦᠪᠡᠭᠴᠢ᠎ᠶᠢ ᠰᠢᠯᠵᠢᠭᠦᠯᠦᠨ ᠲᠤᠰᠢᠶᠠᠬᠤ᠂ ᠬᠣᠯᠪᠤᠭᠠᠯᠠᠨ ᠪᠠᠢᠴᠠᠭᠠᠯᠲᠠ ᠬᠢᠬᠦ ᠵᠡᠷᠭᠡ ᠠᠭᠤᠯᠭ᠎ᠠ᠂ ᠣᠨᠴᠠᠭᠠᠢᠯᠠᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠰᠦᠪᠡᠭᠴᠢ᠎ᠶᠢ ᠰᠢᠭ᠌ᠰᠢᠨ ᠪᠠᠢᠴᠠᠭᠠᠬᠤ᠂ ᠪᠠᠢᠴᠠᠭᠠᠬᠤ᠂ ᠲᠥᠯᠥᠪᠦᠷᠢ᠎ᠶᠢᠨ ᠬᠠᠷᠢᠭᠤᠴᠠᠯᠭ᠎ᠠ᠎ᠶᠢ ᠭᠦᠢᠴᠡᠳᠬᠡᠭᠰᠡᠨ ᠪᠠᠢᠳᠠᠯ ᠬᠢᠭᠡᠳ ᠬᠡᠷᠡᠭ ᠪᠣᠯᠭᠠᠬᠤ᠂ ᠪᠠᠢᠴᠠᠭᠠᠬᠤ ᠪᠠ ᠲᠤᠷᠰᠢᠨ ᠪᠠᠢᠴᠠᠭᠠᠬᠤ᠂ ᠬᠡᠷᠡᠭ᠎ᠢ ᠬᠠᠤᠯᠢ ᠳᠦᠷᠢᠮ᠎ᠢᠶᠠᠷ ᠬᠢᠨᠠᠨ ᠬᠠᠷᠭᠤᠭᠤᠯᠬᠤ᠂ ᠰᠢᠢᠳᠪᠦᠷᠢᠯᠡᠬᠦ ᠲᠣᠭᠲᠠᠭᠠᠯ ᠭᠠᠷᠭᠠᠬᠤ ᠵᠡᠷᠭᠡ ᠪᠣᠳᠠᠲᠠᠢ ᠠᠵᠢᠯ᠎ᠤᠨ ᠭᠣᠭᠴᠣᠭ᠎ᠠ᠎ᠶᠢ ᠵᠣᠯᠭᠠᠭᠤᠯᠬᠤ ᠵᠡᠷᠭᠡ ᠠᠭᠤᠯᠭ᠎ᠠ ᠪᠠᠭᠲᠠᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠡᠳᠦᠷ ᠲᠤᠳᠤᠮ᠎ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ᠎ᠶᠢᠨ ᠲᠣᠭᠣᠷᠢᠨ ᠪᠠᠢᠴᠠᠭᠠᠯᠲᠠ᠂ ᠡᠯ᠎ᠡ ᠲᠦᠷᠦᠯ᠎ᠦᠨ ᠲᠤᠰᠬᠠᠢ ᠠᠵᠢᠯᠯᠠᠭᠠᠨ ᠥᠷᠨᠢᠭᠦᠯᠬᠦ ᠪᠤᠶᠤ ᠬᠡᠷᠡᠭ᠎ᠢ ᠰᠢᠢᠳᠪᠦᠷᠢᠯᠡᠬᠦ ᠶᠠᠪᠤᠴᠠ᠎ᠳᠤ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠰᠡᠵᠢᠭᠯᠡᠯᠲᠡᠢ ᠪᠠᠢᠬᠤ᠎ᠶᠢ ᠣᠯᠵᠤ ᠮᠡᠳᠡᠪᠡᠯ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ᠎ᠶᠢᠨ ᠬᠠᠷᠢᠭᠤᠴᠠᠯᠭ᠎ᠠ᠎ᠶᠢᠨ ᠬᠠᠮᠢᠶ᠎ᠠ ᠪᠦᠬᠦᠢ ᠪᠠᠢᠴᠠᠭᠠᠯᠲᠠ᠎ᠶᠢ ᠵᠡᠷᠭᠡ ᠪᠡᠷ ᠥᠷᠨᠢᠭᠦᠯᠵᠦ᠂ ᠭᠡᠷᠡᠴᠢ ᠪᠠᠷᠢᠮᠲᠠ᠎ᠶᠢ ᠴᠠᠭ ᠲᠤᠬᠠᠢ᠎ᠳᠤ ᠨᠢ ᠲᠣᠭᠲᠠᠮᠠᠯ ᠪᠥᠭᠡᠳ ᠪᠦᠲᠦᠨ ᠪᠠᠢᠯᠭᠠᠵᠤ᠂ ᠱᠠᠭᠠᠷᠳᠠᠯᠭ᠎ᠠ ᠶᠣᠰᠣᠭᠠᠷ ᠰᠦᠪᠡᠭᠴᠢ᠎ᠶᠢ ᠰᠢᠯᠵᠢᠭᠦᠯᠦᠨ ᠬᠦᠷᠭᠡᠬᠦ᠎ᠶᠢᠨ ᠬᠠᠮᠲᠤ ᠬᠠᠮᠢᠶ᠎ᠠ ᠪᠦᠬᠦᠢ ᠬᠠᠮᠵᠢᠯᠴᠠᠬᠤ ᠠᠵᠢᠯ᠎ᠢ ᠰᠠᠢᠲᠤᠷ ᠬᠢᠬᠦ ᠬᠡᠷᠡᠭᠲᠡᠢ᠃ ᠬᠠᠤᠯᠢ ᠬᠡᠷᠡᠭᠵᠢᠭᠦᠯᠬᠦ ᠶᠠᠪᠤᠴᠠ᠎ᠳᠤ᠂ ᠬᠠᠤᠯᠢ᠎ᠶᠢ ᠵᠥᠷᠢᠴᠡᠭᠰᠡᠨ ᠦᠢᠯᠡ ᠠᠵᠢᠯᠯᠠᠭᠠᠲᠤ ᠬᠥᠮᠥᠨ᠎ᠳᠦ ᠠᠮᠢ ᠠᠬᠤᠢ ᠣᠷᠴᠢᠨ ᠲᠣᠭᠣᠷᠢᠨ᠎ᠤ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠠᠮᠢᠶ᠎ᠠ ᠪᠦᠬᠦᠢ ᠲᠣᠭᠲᠠᠭᠠᠯ᠎ᠢ ᠲᠣᠳᠣᠷᠬᠠᠢᠯᠠᠵᠤ᠂ ᠲᠡᠭᠦᠨ᠎ᠦ ᠰᠠᠨᠠᠭᠠᠴᠢᠯᠠᠭ᠎ᠠ᠎ᠠᠴᠠ᠎ᠪᠠᠨ ᠠᠮᠢ ᠠᠬᠤᠢ ᠣᠷᠴᠢᠨ ᠲᠣᠭᠣᠷᠢᠨ᠎ᠤ ᠡᠪᠳᠡᠭᠳᠡᠵᠦ ᠬᠣᠬᠢᠷᠠᠭᠰᠠᠨᠢ ᠵᠠᠰᠠᠨ ᠰᠡᠷᠭᠦᠭᠡᠬᠦ ᠪᠠ ᠲᠥᠯᠥᠪᠦᠷᠢ ᠥᠭᠬᠦ᠎ᠶᠢ ᠨᠢ ᠵᠣᠷᠢᠭ᠍ᠵᠢᠭᠤᠯᠬᠤ ᠪᠠ ᠬᠥᠲᠥᠯᠥᠨ ᠵᠢᠯᠤᠭᠣᠳᠬᠤ ᠬᠡᠷᠡᠭᠲᠡᠢ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠂ ᠡᠷᠡᠭᠦᠦ᠎ᠶᠢᠨ ᠬᠡᠷᠡᠭ᠎ᠦᠨ ᠬᠠᠤᠯᠢ ᠪᠠᠷᠢᠬᠤ ᠬᠢᠭᠡᠳ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ᠎ᠳᠦ ᠨᠢᠭᠡ ᠬᠡᠷᠡᠭ᠎ᠲᠤ ᠬᠣᠣᠰ ᠪᠠᠢᠴᠠᠭᠠᠯᠲᠠ ᠬᠢᠬᠦ᠂ ᠨᠢᠭᠡ ᠴᠣᠭᠴᠠᠵᠢᠭᠤᠯᠤᠨ ᠰᠢᠢᠳᠪᠦᠷᠢᠯᠡᠬᠦ᠎ᠶᠢ ᠵᠣᠷᠢᠭ᠍ᠵᠢᠭᠤᠯᠤᠨ᠎ᠠ᠃
ᠳᠥᠴᠢᠨ ᠭᠤᠷᠪᠠᠳᠤᠭᠠᠷ ᠵᠦᠢᠯ ᠠᠮᠢ ᠠᠬᠤᠢ ᠣᠷᠴᠢᠨ ᠲᠣᠭᠣᠷᠢᠨ᠎ᠤ ᠡᠪᠳᠡᠭᠳᠡᠵᠦ ᠬᠣᠬᠢᠷᠠᠭᠰᠠᠨᠢ ᠵᠠᠰᠠᠨ ᠰᠡᠷᠭᠦᠭᠡᠬᠦ᠎ᠶᠢᠨ ᠠᠷᠭ᠎ᠠ ᠦᠭᠡᠢ ᠪᠣᠯᠤᠭᠰᠠᠨ ᠬᠡᠷᠡᠭ᠎ᠲᠦ᠂ ᠲᠥᠯᠥᠪᠦᠷᠢ ᠥᠭᠬᠦ ᠡᠭᠦᠷᠭᠡᠲᠦ ᠬᠥᠮᠥᠨ ᠣᠷᠣᠯᠠᠨ ᠵᠠᠰᠠᠨ ᠰᠡᠷᠭᠦᠭᠡᠬᠦ᠎ᠶᠢ ᠥᠷᠨᠢᠭᠦᠯᠦᠭᠰᠡᠨ ᠦᠭᠡᠢ ᠪᠠᠢᠪᠠᠯ᠂ ᠲᠡᠭᠦᠨ᠎ᠦ ᠲᠥᠯᠥᠪᠦᠷᠢ᠎ᠶᠢᠨ ᠪᠡᠯᠡ ᠮᠥᠩᠭᠥ᠎ᠶᠢ ᠵᠠᠰᠠᠭ᠎ᠤᠨ ᠣᠷᠳᠣᠨ᠎ᠤ ᠭᠠᠢᠯᠢ᠎ᠶᠢᠨ ᠪᠤᠰᠤ ᠣᠷᠣᠯᠭ᠎ᠠ᠎ᠶᠢᠨ ᠬᠤᠪᠢ᠎ᠪᠠᠷ ᠡᠩ᠎ᠦᠨ ᠤᠯᠠᠨ ᠨᠡᠶ᠋ᠢᠲᠡ᠎ᠶᠢᠨ ᠲᠥᠰᠥᠪ᠎ᠦᠨ ᠬᠠᠮᠢᠶᠠᠷᠤᠯᠲᠠ᠎ᠳᠤ ᠣᠷᠣᠭᠤᠯᠵᠤ᠂ ᠠᠳᠠᠯᠢ ᠱᠠᠲᠤᠨ᠎ᠤ ᠤᠯᠤᠰ᠎ᠤᠨ ᠬᠥᠮᠥᠷᠭᠡ᠎ᠳᠦ ᠲᠤᠰᠢᠶᠠᠨ᠎ᠠ᠃ ᠲᠥᠯᠥᠪᠦᠷᠢ᠎ᠶᠢᠨ ᠪᠡᠯᠡ ᠮᠥᠩᠭᠥ᠎ᠶᠢᠨ ᠬᠠᠮᠢᠶᠠᠷᠤᠯᠲᠠ᠎ᠶᠢ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠲᠥᠯᠥᠪᠦᠷᠢ ᠠᠪᠬᠤ ᠡᠷᠬᠡᠲᠦ ᠬᠥᠮᠥᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠢ ᠬᠠᠷᠢᠭᠤᠴᠠᠨ ᠠᠬᠢᠭᠤᠯᠬᠤ ᠪᠠᠢᠭᠤᠯᠤᠮᠵᠢ ᠨᠢ ᠪᠠᠢᠭᠤᠯᠤᠮᠵᠢ ᠪᠠ ᠠᠵᠢᠯᠲᠠᠨ᠎ᠢ ᠲᠣᠳᠣᠷᠬᠠᠢ ᠲᠣᠭᠲᠠᠭᠠᠬᠤ᠎ᠶᠢᠨ ᠬᠠᠮᠲᠤ᠂ ᠲᠥᠰᠥᠪ᠎ᠲᠤ᠎ᠪᠡᠨ ᠴᠢᠬᠤᠯᠠ ᠪᠦᠬᠦᠢ ᠠᠵᠢᠯ᠎ᠤᠨ ᠵᠠᠷᠤᠳᠠᠯ᠎ᠢ ᠲᠣᠬᠢᠷᠠᠭᠤᠯᠬᠤ ᠬᠡᠷᠡᠭᠲᠡᠢ᠃
ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠳᠦᠷᠢᠮ᠎ᠦᠨ ᠥᠭᠡᠷᠡᠴᠢᠯᠡᠯᠲᠡ ᠬᠢᠬᠦ ᠠᠵᠢᠯ᠎ᠳᠤ ᠬᠡᠷᠡᠭᠰᠡᠬᠦ ᠵᠠᠷᠤᠳᠠᠯ᠎ᠢ ᠠᠳᠠᠯᠢ ᠱᠠᠲᠤᠨ᠎ᠤ ᠡᠳ᠋᠎ᠦᠨ ᠵᠠᠰᠠᠭ᠎ᠠᠴᠠ ᠲᠣᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠪᠠᠢᠳᠠᠯ᠎ᠢ ᠪᠠᠢᠴᠠᠭᠠᠬᠤ ᠪᠠ ᠵᠠᠰᠠᠨ ᠰᠡᠷᠭᠦᠭᠡᠬᠦ ᠠᠵᠢᠯ᠎ᠳᠤ ᠲᠦᠷᠦ᠎ᠶᠢᠨ ᠪᠣᠳᠣᠯᠭ᠎ᠠ᠂ ᠪᠡᠯᠡ ᠮᠥᠩᠭᠥ᠂ ᠲᠦᠷᠦᠯ ᠵᠦᠢᠯ᠂ ᠮᠡᠷᠭᠡᠵᠢᠯ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠬᠦ ᠬᠡᠷᠡᠭᠲᠡᠢ᠃
ᠳᠥᠴᠢᠨ ᠳᠥᠷᠪᠡᠳᠦᠭᠡᠷ ᠵᠦᠢᠯ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠢ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠦᠷ᠎ᠡ ᠪᠦᠲᠦᠮᠵᠢ᠎ᠶᠢ ᠰᠢᠯᠭᠠᠨ ᠬᠢᠨᠠᠬᠤ ᠵᠢᠴᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠠᠮᠢᠶ᠎ᠠ ᠪᠦᠬᠦᠢ ᠰᠢᠯᠭᠠᠨ ᠬᠢᠨᠠᠯᠲᠠ᠎ᠳᠤ ᠣᠷᠣᠭᠤᠯᠤᠨ᠎ᠠ᠃ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠡᠴᠡ ᠲᠥᠯᠥᠪᠦᠷᠢ ᠠᠪᠬᠤ ᠲᠠᠯ᠎ᠠ᠎ᠶᠢᠨ ᠲᠣᠪᠣᠢᠮ᠎ᠠ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠰᠢᠮᠳᠠᠭᠤᠯᠤᠨ ᠪᠠᠢᠴᠠᠭᠠᠯᠲᠠ᠎ᠶᠢᠨ ᠬᠡᠪᠴᠢᠶᠡᠨ᠎ᠳᠤ ᠣᠷᠣᠭᠤᠯᠤᠨ᠎ᠠ᠃
ᠳᠥᠴᠢᠨ ᠲᠠᠪᠤᠳᠤᠭᠠᠷ ᠵᠦᠢᠯ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠤᠨ ᠬᠠᠮᠢᠶ᠎ᠠ ᠪᠦᠬᠦᠢ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢᠨ ᠪᠣᠯᠪᠠᠰᠤᠷᠠᠯ᠎ᠢ ᠴᠢᠩᠭᠠᠳᠬᠠᠵᠤ᠂ ᠠᠵᠢᠯ᠎ᠤᠨ ᠲᠤᠷᠰᠢᠯᠭ᠎ᠠ᠂ ᠬᠡᠷᠡᠭ ᠰᠢᠢᠳᠪᠦᠷᠢᠯᠡᠬᠦ ᠤᠷ᠎ᠠ ᠮᠡᠷᠭᠡᠵᠢᠯ᠎ᠦᠨ ᠰᠣᠯᠢᠯᠴᠠᠭ᠎ᠠ ᠰᠤᠷᠤᠯᠴᠠᠯᠭ᠎ᠠ᠎ᠪᠠᠨ ᠴᠢᠩᠭᠠᠷᠠᠭᠤᠯᠬᠤ ᠬᠡᠷᠡᠭᠲᠡᠢ᠃ ᠠᠵᠢᠯ᠎ᠤᠨ ᠳᠤᠮᠳᠠ ᠲᠣᠪᠣᠢᠮ᠎ᠠ ᠢᠯᠡᠷᠡᠯ᠎ᠲᠠᠢ ᠦᠶ᠋ᠯᠡ ᠶᠠᠪᠤᠳᠠᠯ᠂ ᠪᠣᠶ ᠪᠣᠯᠤᠭᠰᠠᠨ ᠲᠤᠷᠰᠢᠯᠭᠠᠲᠤ ᠠᠷᠭ᠎ᠠ ᠬᠢᠳᠡᠯ ᠪᠠ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠡᠯ᠎ᠡ ᠵᠦᠢᠯ᠎ᠦᠨ ᠬᠡᠯᠪᠡᠷᠢ ᠪᠠ ᠠᠷᠭ᠎ᠠ ᠵᠠᠮ᠎ᠢᠶᠠᠷ ᠢᠳᠡᠪᠬᠢᠲᠡᠢ ᠤᠬᠠᠭᠤᠯᠬᠤ᠎ᠶᠢᠨ ᠬᠠᠮᠲᠤ᠂ ᠴᠠᠭ ᠲᠤᠬᠠᠢ᠎ᠳᠤ ᠨᠢ ᠬᠠᠮᠢᠶ᠎ᠠ ᠪᠦᠬᠦᠢ ᠳᠡᠭᠡᠳᠦ ᠱᠠᠲᠤᠨ᠎ᠤ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠦᠨ ᠬᠦᠷᠭᠡᠬᠦ ᠬᠡᠷᠡᠭᠲᠡᠢ ᠃
ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠤᠨ ᠮᠡᠳᠡᠭᠡ ᠵᠠᠩᠭᠢ ᠪᠠ ᠬᠦᠨᠳᠦ ᠶᠡᠬᠡ ᠬᠡᠷᠡᠭ᠎ᠦᠨ ᠮᠡᠳᠡᠭᠡ ᠵᠠᠩᠭᠢ᠎ᠶᠢ ᠴᠠᠭ ᠲᠤᠬᠠᠢ᠎ᠳᠤ ᠨᠢ ᠮᠡᠳᠡᠭᠦᠯᠦᠨ ᠬᠦᠷᠭᠡᠬᠦ ᠬᠡᠷᠡᠭᠲᠡᠢ᠃
ᠠᠢᠮᠠᠭ ᠬᠤᠳᠠ᠎ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠵᠢᠯ ᠪᠦᠷᠢ᠎ᠶᠢᠨ 11 ᠳ᠋ᠦ᠍ᠭᠡᠷ ᠰᠠᠷ᠎ᠠ᠎ᠶᠢᠨ ᠳᠤᠮᠳᠠᠴᠢ᠎ᠠᠴᠠ ᠡᠮᠦᠨ᠎ᠡ ᠲᠤᠰ ᠰᠠᠯᠠᠭ᠎ᠠ ᠮᠥᠴᠢᠷ᠎ᠦᠨ᠎ᠢᠶᠡᠨ 《ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠠᠮᠢᠶᠠᠷᠤᠯᠲᠠ᠎ᠶᠢᠨ ᠲᠣᠭᠲᠠᠭᠠᠯ》( ᠣᠷᠴᠢᠨ ᠬᠠᠤᠯᠢ ᠲᠣᠭᠲᠠᠭᠠᠯ 〔2022〕 31 ᠳ᠋ᠦ᠍ᠭᠡᠷ ᠲᠣᠭᠠᠲᠤ )᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠳᠦᠷᠢᠮ᠎ᠦᠨ ᠥᠭᠡᠷᠡᠴᠢᠯᠡᠯᠲᠡ᠎ᠶᠢᠨ ᠬᠡᠷᠡᠭᠵᠢᠭᠦᠯᠬᠦ ᠲᠥᠰᠥᠯ》 ᠵᠢᠴᠢ ᠥᠪᠡᠷᠲᠡᠭᠡᠨ ᠵᠠᠰᠠᠬᠤ ᠣᠷᠣᠨ᠎ᠤ ᠨᠡᠢᠲᠡᠯᠡᠭᠰᠡᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠤᠨ ᠲᠣᠭᠲᠠᠭᠠᠯ ᠵᠡᠷᠭᠡ ᠬᠠᠮᠢᠶ᠎ᠠ ᠪᠦᠬᠦᠢ ᠳᠦᠷᠢᠮ᠎ᠢ ᠨᠠᠢᠳᠠᠪᠤᠷᠢᠵᠢᠭᠤᠯᠤᠭᠰᠠᠨ ᠪᠠᠢᠳᠠᠯ᠎ᠢᠶᠠᠨ ᠬᠠᠷᠠᠭᠠᠯᠵᠠᠭᠰᠠᠨ ᠥᠪᠡᠷᠲᠡᠭᠡᠨ ᠵᠠᠰᠠᠬᠤ ᠣᠷᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠪᠠᠢᠭ᠎ᠠ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠤ ᠲᠣᠰ ᠲᠣᠰ ᠮᠡᠳᠡᠭᠦᠯᠦᠨ ᠬᠦᠷᠭᠡᠬᠦ ᠬᠡᠷᠡᠭᠲᠡᠢ ᠃
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠵᠢᠯ ᠪᠦᠷᠢ᠎ᠶᠢᠨ 12 ᠳ᠋ᠤᠭᠠᠷ ᠰᠠᠷ᠎ᠠ᠎ᠶᠢᠨ ᠰᠡᠭᠦᠯᠴᠢ᠎ᠡᠴᠡ ᠡᠮᠦᠨ᠎ᠡ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠎ᠦᠨ᠎ᠢᠶᠡᠨ 《ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠬᠠᠮᠢᠶᠠᠷᠤᠯᠲᠠ᠎ᠶᠢᠨ ᠲᠣᠭᠲᠠᠭᠠᠯ》 ( ᠣᠷᠴᠢᠨ ᠬᠠᠤᠯᠢ ᠲᠣᠭᠲᠠᠭᠠᠯ 〔2022〕 31 ᠳ᠋ᠦ᠍ᠭᠡᠷ ᠲᠣᠭᠠᠲᠤ )᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠳᠦᠷᠢᠮ᠎ᠦᠨ ᠥᠭᠡᠷᠡᠴᠢᠯᠡᠯᠲᠡ᠎ᠶᠢᠨ ᠬᠡᠷᠡᠭᠵᠢᠭᠦᠯᠬᠦ ᠲᠥᠰᠥᠯ》 ᠵᠢᠴᠢ ᠥᠪᠡᠷᠲᠡᠭᠡᠨ ᠵᠠᠰᠠᠬᠤ ᠣᠷᠣᠨ᠎ᠤ ᠨᠡᠢᠲᠡᠯᠡᠭᠰᠡᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠤᠨ ᠲᠣᠭᠲᠠᠭᠠᠯ ᠵᠡᠷᠭᠡ ᠬᠠᠮᠢᠶ᠎ᠠ ᠪᠦᠬᠦᠢ ᠳᠦᠷᠢᠮ᠎ᠢ ᠨᠠᠢᠳᠠᠪᠤᠷᠢᠵᠢᠭᠤᠯᠤᠭᠰᠠᠨ ᠪᠠᠢᠳᠠᠯ᠎ᠢᠶᠠᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠵᠥᠪᠯᠡᠯ᠎ᠦᠨ ᠠᠯᠪᠠᠨ ᠭᠡᠷ ( ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠦ ᠲᠣᠬᠢᠷᠠᠭᠤᠯᠤᠨ᠎ᠠ )᠎ᠲᠤ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠵᠥᠪᠯᠡᠯ᠎ᠦᠨ ᠠᠯᠪᠠᠨ ᠭᠡᠷ᠎ᠡᠴᠡ ᠬᠤᠷᠢᠶᠠᠩᠭᠤᠢᠯᠠᠭᠰᠠᠨᠤ ᠳᠠᠷᠠᠭ᠎ᠠ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠮᠡᠳᠡᠭᠦᠯᠦᠨ ᠬᠦᠷᠭᠡᠨ᠎ᠡ᠃
ᠳᠥᠴᠢᠨ ᠵᠢᠷᠭᠤᠳᠤᠭᠠᠷ ᠵᠦᠢᠯ ᠲᠥᠯᠥᠪᠦᠷᠢ ᠠᠪᠬᠤ ᠡᠷᠬᠡᠲᠦ ᠬᠥᠮᠥᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠶᠢᠨ ᠬᠠᠷᠢᠭᠤᠴᠠᠯᠭᠠᠲᠠᠨ᠂ ᠠᠵᠢᠯᠲᠠᠨ ᠨᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠶᠠᠪᠤᠴᠠ᠎ᠳᠤ ᠡᠷᠬᠡ ᠲᠤᠰᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭᠠᠢᠯᠠᠭᠰᠠᠨ᠂ ᠬᠤᠪᠢ᠎ᠶᠢᠨ ᠨᠠᠢᠷ ᠲᠠᠯ᠎ᠠ ᠬᠠᠷᠠᠵᠤ ᠬᠠᠤᠯᠢ ᠶᠣᠰᠣ᠌᠎ᠶᠢ ᠵᠥᠷᠢᠴᠡᠭᠰᠡᠨ ᠵᠡᠷᠭᠡ ᠪᠠᠢᠳᠠᠯ ᠣᠷᠣᠰᠢᠵᠤ ᠪᠠᠢᠪᠠᠯ᠂ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠳᠤ ᠲᠤᠰᠢᠶᠠᠵᠤ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ᠎ᠶᠢᠨ ᠶᠣᠰᠣᠭᠠᠷ ᠰᠢᠢᠳᠪᠦᠷᠢᠯᠡᠨ᠎ᠡ; ᠶᠠᠯ᠎ᠠ ᠬᠢᠭᠰᠡᠨ ᠰᠡᠵᠢᠭᠯᠡᠯᠲᠡᠢ ᠪᠠᠢᠪᠠᠯ᠂ ᠬᠠᠤᠯᠢ ᠴᠠᠭᠠᠵᠠ᠎ᠶᠢᠨ ᠪᠠᠢᠭᠤᠯᠭ᠎ᠠ᠎ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠳᠥᠴᠢᠨ ᠳᠣᠯᠣᠳᠤᠭᠠᠷ ᠵᠦᠢᠯ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠤᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠵᠤ᠂ ᠠᠷᠠᠳ ᠣᠯᠠᠨ᠎ᠤ ᠭᠣᠢᠳᠠ ᠰᠠᠢᠬᠠᠨ ᠠᠮᠢ ᠠᠬᠤᠢ ᠣᠷᠴᠢᠨ ᠲᠣᠭᠣᠷᠢᠨ᠎ᠢ ᠰᠠᠢᠲᠤᠷ ᠰᠠᠬᠢᠨ ᠬᠠᠮᠠᠭᠠᠯᠠᠭᠰᠠᠨ ᠨᠢᠭᠡᠴᠢ ᠪᠠ ᠬᠤᠪᠢ ᠬᠥᠮᠥᠨ᠎ᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃
ᠨᠠᠢ᠍ᠮᠠᠳᠤᠭᠠᠷ ᠪᠦᠯᠦᠭ ᠳᠠᠭᠠᠯᠳᠤᠭᠤᠯᠤᠯ ᠳᠦᠷᠢᠮ
ᠳᠥᠴᠢᠨ ᠨᠠᠢ᠍ᠮᠠᠳᠤᠭᠠᠷ ᠵᠦᠢᠯ ᠲᠤᠰ ᠲᠣᠭᠲᠠᠭᠠᠯ᠎ᠳᠤ ᠬᠡᠯᠡᠵᠦ ᠪᠠᠢᠭ᠎ᠠ 《ᠢᠯᠡᠳᠲᠡ ᠬᠥᠩᠭᠡᠪᠲᠦᠷ》 ᠪᠠᠢᠳᠠᠯ ᠭᠡᠳᠡᠭ ᠨᠢ ᠡᠪᠳᠡᠵᠦ ᠬᠣᠬᠢᠷᠠᠭᠤᠯᠤᠭᠰᠠᠨ ᠵᠣᠭᠣᠰ᠎ᠤᠨ ᠲᠣᠭ᠎ᠠ ᠨᠢ ᠲᠤᠢᠯ᠎ᠤᠨ ᠪᠠᠭ᠎ᠠ ᠪᠤᠶᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠦᠢᠯᠡ ᠠᠵᠢᠯᠯᠠᠭ᠎ᠠ ᠨᠢ ᠢᠯᠡᠳᠲᠡ ᠨᠥᠯᠥᠭᠡ ᠭᠠᠷᠭᠠᠭᠰᠠᠨ ᠦᠭᠡᠢ ᠪᠠᠢᠬᠤ᠎ᠶᠢ ᠵᠢᠭᠠᠵᠤ ᠪᠣᠢ᠃
( ᠨᠢᠭᠡ ) ᠬᠡᠷᠡᠭ᠎ᠦᠨ ᠬᠣᠬᠢᠷᠠᠯ᠎ᠤᠨ ᠵᠣᠭᠣᠰ᠎ᠤᠨ ᠲᠣᠭ᠎ᠠ ᠨᠢ ᠲᠤᠢᠯ᠎ᠤᠨ ᠪᠠᠭ᠎ᠠ ᠪᠠᠢᠬᠤ᠎ᠪᠠᠷ ᠮᠠᠭᠠᠳᠯᠠᠨ ᠲᠣᠭᠲᠠᠭᠠᠬᠤ᠃
ᠬᠣᠬᠢᠷᠠᠯ᠎ᠤᠨ ᠵᠣᠭᠣᠰ᠎ᠤᠨ ᠲᠣᠭ᠎ᠠ ᠨᠢ 3000 ᠲᠥᠭᠥᠷᠢᠭ᠎ᠦᠨ ᠳᠣᠲᠣᠷ᠎ᠠ ᠪᠠᠢᠬᠤ ᠬᠡᠷᠡᠭᠲᠡᠢ᠃
( ᠬᠣᠶᠠᠷ ) ᠢᠯᠡᠳᠲᠡ ᠨᠥᠯᠥᠭᠡ ᠭᠠᠷᠭᠠᠭᠰᠠᠨ ᠦᠭᠡᠢ᠎ᠪᠠᠷ ᠮᠠᠭᠠᠳᠯᠠᠨ ᠲᠣᠭᠲᠠᠭᠠᠬᠤ᠃
1. ᠤᠰᠤ᠂ ᠠᠭᠠᠷ ᠮᠠᠨᠳᠠᠯ᠂ ᠬᠥᠷᠥᠰᠥ ᠰᠢᠷᠣᠢ᠎ᠶᠢᠨ ᠪᠣᠬᠢᠷᠲᠤᠯ᠎ᠤᠨ ᠬᠡᠷᠡᠭ᠎ᠲᠦ᠂ ᠭᠠᠳᠠᠭᠰᠢᠯᠠᠭᠤᠯᠤᠭᠰᠠᠨ ᠪᠣᠬᠢᠷᠲᠤᠯ ᠪᠣᠳᠠᠰ᠎ᠤᠨ ᠰᠢᠨᠵᠢ ᠴᠢᠨᠠᠷ᠂ ᠪᠣᠬᠢᠷᠲᠤᠯ ᠪᠣᠳᠠᠰ᠎ᠤᠨ ᠪᠠᠷᠢᠮᠵᠢᠶ᠎ᠠ᠎ᠡᠴᠡ ᠬᠡᠲᠦᠷᠡᠭᠰᠡᠨ ᠳᠠᠬᠢᠨ ᠲᠣᠭ᠎ᠠ᠂ pH ᠬᠡᠮᠵᠢᠭᠳᠡᠯ᠂ ᠪᠣᠬᠢᠷᠲᠤᠯ᠎ᠤᠨ ᠭᠠᠳᠠᠭᠰᠢᠯᠠᠭᠤᠯᠤᠯᠲᠠ᠎ᠶᠢᠨ ᠦᠷᠭᠦᠯᠵᠢᠯᠡᠭᠰᠡᠨ ᠴᠠᠭ᠂ ᠪᠣᠬᠢᠷᠲᠤᠯ᠎ᠤᠨ ᠬᠡᠪᠴᠢᠶ᠎ᠡ᠂ ᠲᠥᠯᠥᠪᠦᠷᠢ ᠥᠭᠬᠦ ᠡᠭᠦᠷᠭᠡᠲᠦ ᠬᠥᠮᠥᠨ ᠴᠡᠭᠴᠡᠯᠡᠨ ᠰᠠᠢᠵᠢᠷᠠᠭᠤᠯᠤᠭᠰᠠᠨ ᠪᠤᠶᠤ ᠪᠣᠬᠢᠷᠲᠤᠯ᠎ᠢ ᠠᠷᠢᠯᠭᠠᠭᠰᠠᠨ ᠡᠰᠡᠬᠦ ᠵᠡᠷᠭᠡ ᠲᠠᠯ᠎ᠠ᠎ᠪᠠᠷ ᠶᠡᠷᠦᠩᠬᠡᠢ᠎ᠳᠦ ᠨᠢ ᠦᠨᠡᠯᠡᠨ ᠮᠠᠭᠠᠳᠯᠠᠨ᠎ᠠ ;
2. ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠬᠡᠷᠡᠭ᠎ᠲᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠣᠪᠣᠭᠠᠯᠠᠨ ᠲᠠᠯᠪᠢᠭ᠍ᠰᠠᠨ ᠲᠠᠯᠠᠪᠠᠢ᠂ ᠣᠪᠣᠭᠠᠯᠠᠨ ᠲᠠᠯᠪᠢᠭ᠍ᠰᠠᠨ ᠬᠤᠭᠤᠴᠠᠭ᠎ᠠ᠂ ᠣᠪᠣᠭᠠᠯᠠᠨ ᠲᠠᠯᠪᠢᠭ᠍ᠰᠠᠨ ᠲᠣᠭ᠎ᠠ ᠬᠡᠮᠵᠢᠶ᠎ᠡ᠂ ᠣᠪᠣᠭᠠᠯᠠᠨ ᠲᠠᠯᠪᠢᠭ᠍ᠰᠠᠨ ᠣᠷᠣᠨ ᠪᠦᠰᠡ᠂ ᠨᠡᠪᠴᠢᠵᠦ ᠭᠣᠭᠣᠵᠢᠭ᠍ᠰᠠᠨ᠂ ᠥᠷᠭᠡᠵᠢᠨ ᠲᠠᠷᠬᠠᠭᠰᠠᠨ ᠡᠰᠡᠬᠦ ᠵᠡᠷᠭᠡ ᠲᠠᠯ᠎ᠠ᠎ᠪᠠᠷ ᠶᠡᠷᠦᠩᠬᠡᠢ᠎ᠳᠦ ᠨᠢ ᠦᠨᠡᠯᠡᠨ ᠮᠠᠭᠠᠳᠯᠠᠨ᠎ᠠ;
3. ᠬᠡᠭᠡᠷ᠎ᠡ᠎ᠶᠢᠨ ᠠᠮᠢᠳᠠᠨ ᠤᠷᠭᠤᠮᠠᠯ᠎ᠤᠨ ᠡᠬᠢ ᠪᠠᠶᠠᠯᠢᠭ᠋᠎ᠢ ᠡᠪᠳᠡᠭᠰᠡᠨ ᠬᠡᠷᠡᠭ᠎ᠢ᠂ ᠤᠯᠤᠰ᠂ ᠣᠷᠣᠨ ᠨᠤᠲᠤᠭ᠎ᠤᠨ ᠭᠣᠣᠯᠳᠠᠯᠭ᠎ᠠ᠎ᠲᠠᠢ ᠬᠠᠮᠠᠭᠠᠯᠠᠯᠲᠠ᠎ᠶᠢᠨ ᠬᠡᠪᠴᠢᠶᠡᠨ᠎ᠳᠦ ᠪᠠᠢᠬᠤ ᠡᠰᠡᠬᠦ᠂ 《ᠤᠯᠤᠰ᠎ᠠᠴᠠ ᠬᠠᠮᠠᠭᠠᠯᠠᠵᠤ ᠪᠠᠢᠭ᠎ᠠ ᠠᠰᠢᠭ᠍ᠲᠠᠢ ᠪᠤᠶᠤ ᠴᠢᠬᠤᠯᠠ ᠠᠵᠤ ᠠᠬᠤᠢ᠂ ᠰᠢᠨᠵᠢᠯᠡᠬᠦ ᠤᠬᠠᠭᠠᠨ᠎ᠤ ᠰᠤᠳᠤᠯᠤᠯ᠎ᠤᠨ ᠦᠨ᠎ᠡ ᠦᠷᠳᠡᠭ᠎ᠲᠠᠢ ᠬᠠᠭᠤᠷᠠᠢ᠎ᠳᠦ ᠠᠮᠢᠳᠤᠷᠠᠬᠤᠢ ᠬᠡᠭᠡᠷ᠎ᠡ᠎ᠶᠢᠨ ᠠᠮᠢᠳᠠᠨ᠎ᠤ ᠨᠡᠷᠡᠰ᠎ᠦᠨ ᠵᠢᠭ᠍ᠰᠠᠭᠠᠯᠲᠠ》᠎ᠳᠤ ᠪᠠᠢᠬᠤ ᠡᠰᠡᠬᠦ᠂ ᠠᠮᠢᠳᠤ ᠪᠣᠳᠠᠰ᠎ᠤᠨ ᠡᠬᠢ ᠪᠠᠶᠠᠯᠢᠭ᠋ ᠪᠠ ᠤᠯᠠᠨ ᠶᠠᠩᠵᠤᠲᠤ ᠴᠢᠨᠠᠷ᠎ᠲᠤ ᠬᠣᠬᠢᠷᠠᠯ ᠤᠴᠠᠷᠠᠭᠤᠯᠤᠭᠰᠠᠨ ᠡᠰᠡᠬᠦ ᠵᠡᠷᠭᠡ ᠲᠠᠯ᠎ᠠ᠎ᠪᠠᠷ ᠶᠡᠷᠦᠩᠬᠡᠢ᠎ᠳᠦ ᠨᠢ ᠦᠨᠡᠯᠡᠨ ᠮᠠᠭᠠᠳᠯᠠᠨ᠎ᠠ;
4. ᠲᠣᠰ ᠭᠠᠵᠠᠷ ᠣᠷᠣᠨ ᠪᠤᠶᠤ ᠲᠣᠰ ᠬᠦᠷᠢᠶ᠎ᠡ ᠴᠠᠷᠠᠭᠠᠨ᠎ᠳᠡᠬᠢ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠲᠠᠰᠤᠯᠤᠯᠲᠠ᠎ᠶᠢᠨ ᠰᠠᠭᠤᠷᠢ ᠪᠠᠷᠢᠮᠵᠢᠶ᠎ᠠ᠎ᠳᠤ ᠲᠣᠭᠲᠠᠭᠠᠭᠰᠠᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ ᠥᠯᠥ ᠥᠭᠬᠦ ᠪᠠᠢᠳᠠᠯ᠎ᠳᠤ ᠨᠡᠢᠴᠡᠭᠰᠡᠨ ᠪᠠᠢᠬᠤ ;
5. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠢᠴᠢ ᠲᠡᠭᠦᠨ᠎ᠦ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠡᠴᠡ ᠢᠯᠡᠷᠬᠡᠢ ᠨᠥᠯᠥᠭᠡ ᠭᠠᠷᠭᠠᠭᠰᠠᠨ ᠦᠭᠡᠢ ᠭᠡᠵᠦ ᠦᠵᠡᠭᠰᠡᠨ ᠪᠤᠰᠤᠳ ᠪᠠᠢᠳᠠᠯ ᠃
ᠳᠥᠴᠢ ᠶᠢᠰᠦᠳᠦᠭᠡᠷ ᠵᠦᠢᠯ ᠠᠵᠢᠯᠯᠠᠬᠤ ᠡᠳᠦᠷ ᠭᠡᠵᠦ ᠲᠣᠳᠣᠷᠬᠠᠢᠯᠠᠭᠰᠠᠨ᠎ᠠᠴᠠ ᠭᠠᠳᠠᠨ᠎ᠠ᠂ ᠲᠤᠰ ᠲᠣᠭᠲᠠᠭᠠᠯ᠎ᠳᠠᠬᠢ ᠪᠤᠰᠤᠳ ᠬᠤᠭᠤᠴᠠᠭ᠎ᠠ᠎ᠶᠢ ᠪᠠᠢᠭᠠᠯᠢ᠎ᠶᠢᠨ ᠡᠳᠦᠷ᠎ᠢᠶᠡᠷ ᠪᠤᠳᠤᠨ᠎ᠠ᠃
ᠲᠠᠪᠢᠳᠤᠭᠠᠷ ᠵᠦᠢᠯ ᠲᠤᠰ ᠲᠣᠭᠲᠠᠭᠠᠯ᠎ᠢ ᠳᠠᠷᠤᠮᠠᠯᠯᠠᠨ ᠲᠠᠷᠬᠠᠭᠠᠭᠰᠠᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ 《 〈 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠡᠴᠡ ᠲᠥᠯᠥᠪᠦᠷᠢ ᠠᠪᠬᠤ ᠠᠵᠢᠯ᠎ᠤᠨ ᠲᠣᠭᠲᠠᠭᠠᠯ ( ᠲᠤᠷᠰᠢᠨ ᠬᠡᠷᠡᠭᠵᠢᠭᠦᠯᠬᠦ ) 〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ 》 ( ᠥᠪᠥᠷ ᠵᠠᠰᠠᠭ ᠠᠯᠪᠠᠨ ᠲᠠᠷᠬᠠᠭᠠᠭᠰᠠᠨ 〔 2022 〕 7 ᠳ᠋ᠤᠭᠠᠷ ᠲᠣᠭᠠᠲᠤ )᠎ᠢ ᠬᠠᠮᠲᠤ᠎ᠳᠤ ᠨᠢ ᠬᠦᠴᠦᠨ ᠦᠭᠡᠢ ᠪᠣᠯᠭᠠᠨ᠎ᠠ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 5 ᠳ᠋ᠤᠭᠠᠷ ᠰᠠᠷ᠎ᠠ᠎ᠶᠢᠨ 9᠎ᠤ ᠡᠳᠦᠷ ᠳᠠᠷᠤᠮᠠᠯᠯᠠᠨ ᠲᠠᠷᠬᠠᠭᠠᠪᠠ