12 ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠣᠣ ᠯᠢᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 2020 ᠣᠨ᠎ᠤ ᠪᠦᠬᠦ ᠣᠷᠣᠨ᠎ᠤ ᠠᠵᠤ ᠠᠬᠤᠢ ᠵᠢᠨ ᠡᠷᠭᠢᠯᠲᠡ ᠵᠢᠨ ᠪᠠᠢ᠌ᠳᠠᠯ ᠪᠣᠯᠣᠨ 2021 ᠣᠨ᠎ᠤ ᠠᠵᠤ ᠠᠬᠤᠢ ᠵᠢᠨ ᠠᠵᠢᠯ᠎ᠤᠨ ᠲᠣᠬᠢᠷᠠᠭᠤᠯᠤᠯᠲᠠ ᠵᠢᠨ ᠰᠠᠨᠠᠭᠤᠯᠭ᠎ᠠ ᠵᠢᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠰᠢᠨ᠎ᠡ ᠴᠠᠭ ᠦᠶ᠎ᠡ᠎ᠳᠤ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠢ᠌ᠭᠤᠯᠤᠮᠵᠢ ᠵᠢ ᠱᠠᠯᠠᠪᠳᠠᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ᠂ ᠣᠳᠣ ᠦᠶ᠎ᠡ ᠵᠢᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠪᠠᠢ᠌ᠭᠤᠯᠬᠤ ᠲᠤᠬᠠᠢ ᠬᠡᠷᠡᠭᠵᠢᠭᠦᠯᠬᠦ ᠲᠥᠰᠥᠯ ᠵᠡᠷᠭᠡ ᠵᠦᠢ᠍ᠯ᠎ᠢ ᠰᠤᠳᠤᠯᠪᠠ᠃
ᠬᠤᠷᠠᠯ᠎ᠠᠴᠠ᠂ ᠡᠨᠡ ᠵᠢᠯ᠎ᠠᠴᠠ ᠨᠠᠭ᠋ᠠᠰᠢ᠂ ᠭᠡᠨᠡᠳᠲᠡ᠎ᠪᠠᠷ ᠭᠠᠷᠤᠭᠰᠠᠨ ᠬᠢᠵᠢᠭ᠎ᠤᠨ ᠪᠠᠢ᠌ᠳᠠᠯ ᠪᠣᠯᠣᠨ ᠬᠦᠨᠳᠦ ᠬᠡᠴᠡᠭᠦᠦ ᠡᠭᠡᠳᠡᠷᠡᠭᠡᠨ ᠪᠤᠳᠤᠯᠢᠶᠠᠨᠲᠠᠢ ᠪᠠᠢ᠌ᠳᠠᠯ᠎ᠤᠨ ᠡᠮᠦᠨ᠎ᠡ᠂ ᠣᠷᠣᠨ ᠳᠠᠶᠠᠭ᠋ᠠᠷ ᠵᠶ᠋ᠠᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠨᠢᠭᠡᠳᠦᠭᠡᠷ᠂ ᠠᠷᠪᠠᠨ ᠬᠤᠶᠠᠳᠤᠭ᠋ᠠᠷ ᠪᠦᠬᠦᠳᠡ ᠬᠤᠷᠠᠯ ᠪᠣᠯᠣᠨ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ》᠎ᠤᠨ ᠳᠤᠬᠢᠷᠠᠭᠤᠯᠤᠯᠳᠠ ᠶᠤᠰᠤᠭ᠋ᠠᠷ ᠬᠢᠵᠢᠭ᠎ᠤᠨ ᠪᠠᠢ᠌ᠳᠠᠯ᠎ᠢ ᠰᠡᠷᠬᠡᠢ᠍ᠢ᠍ᠯᠡᠨ ᠡᠵᠡᠮᠳᠡᠬᠦ ᠪᠤᠯᠤᠨ ᠠᠵᠥ ᠠᠬᠤᠢ ᠨᠡᠢ᠍ᠢ᠍ᠬᠡᠮ᠎ᠤᠨ ᠬᠦᠭᠵᠢᠯᠳᠡ ᠵᠢ ᠨᠢᠬᠡᠳᠦᠯᠳᠡᠢ ᠳᠦᠯᠦᠪᠵᠢᠬᠦᠯᠵᠤ᠂ 《ᠵᠢᠷᠭᠤᠭ᠎ᠠ ᠵᠢ ᠳᠤᠬᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢ᠍ᠢ᠍ᠳᠤᠷ ᠬᠢᠵᠥ 《ᠵᠢᠷᠭᠤᠭ᠎ᠠ ᠵᠢ ᠪᠠᠳᠤᠯᠠᠬᠤ》 ᠡᠬᠦᠷᠬᠡ ᠵᠢ ᠪᠦᠬᠦ ᠲᠠᠯ᠎ᠠ᠎ᠪᠠᠷ ᠨᠠᠢ᠍ᠢ᠍ᠳᠠᠪᠤᠷᠢᠵᠢᠭᠤᠯᠤᠨ᠂ ᠠᠵᠥ ᠠᠬᠤᠢ ᠵᠢᠨ ᠡᠷᠬᠢᠯᠳᠡ ᠳᠤᠬᠳᠠᠭᠤᠨ ᠵᠶ᠋ᠠᠷ ᠰᠡᠷᠬᠦᠵᠥ᠂ ᠨᠡᠢ᠍ᠢ᠍ᠬᠡᠮ᠎ᠤᠨ ᠶᠡᠬᠡ ᠲᠠᠯ᠎ᠠ ᠵᠢᠨ ᠵᠤᠬᠢᠴᠠᠩᠭᠤᠢ ᠳᠤᠬᠳᠠᠭᠤᠨ ᠪᠠᠢ᠍ᠢ᠍ᠳᠠᠯ ᠵᠶ᠋ᠡᠨ ᠪᠠᠳᠤᠯᠠᠵᠠᠢ᠃ 《ᠠᠷᠪᠠᠨ ᠭᠤᠷᠪᠠᠳᠤᠭ᠋ᠠᠷ ᠳᠠᠪᠤᠨ ᠵᠢᠯ》 ᠰᠢᠪᠳᠤᠷᠠᠭ᠋ᠠᠨᠳᠠᠭᠠᠨ ᠤᠷᠤᠵᠤ᠂ ᠴᠢᠨᠡᠬᠡᠯᠢᠭ ᠨᠡᠢ᠍ᠢ᠍ᠬᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠢ᠍ᠳᠪᠦᠷᠢᠳᠤ ᠢᠯᠡᠯᠳᠡ ᠵᠢ ᠤᠯᠬᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠤᠷᠢᠳᠤ ᠳᠠᠢ᠍ᠢ᠍ᠯᠠᠯᠳᠤᠭ᠋ᠠᠨ ᠬᠢᠬᠦ ᠲᠠᠯ᠎ᠠ᠎ᠪᠠᠷ ᠰᠢᠢ᠍ᠳᠪᠦᠷᠢᠳᠤ ᠴᠢᠨᠠᠷᠲᠠᠢ ᠦᠷ᠎ᠡ ᠪᠦᠲᠦᠮᠵᠢ ᠣᠯᠵᠠᠢ ᠭᠡᠵᠦ ᠵᠢᠭ᠋ᠠᠵᠥ ᠭᠠᠷᠭ᠋ᠠᠪᠠ᠃
ᠬᠤᠷᠠᠯ᠎ᠠᠴᠠ᠂ ᠳᠠᠷᠠᠭ᠎ᠠ ᠵᠢᠯ᠎ᠤᠨ ᠠᠵᠥ ᠠᠬᠤᠢ ᠵᠢᠨ ᠠᠵᠢᠯ᠎ᠢ ᠰᠠᠢ᠍ᠢ᠍ᠳᠤᠷ ᠬᠢᠬᠦ᠎ᠨᠢ ᠴᠢᠬᠤᠯᠠ ᠶᠡᠬᠡ ᠠᠴᠢ ᠬᠤᠯᠪᠤᠬᠳᠠᠯ᠎ᠲᠠᠢ ᠶᠤᠮ᠂ ᠨᠠᠮ᠎ᠤᠨ ᠠᠷᠪᠠ ᠶᠢᠰᠦᠳᠦᠬᠡᠷ ᠬᠤᠭᠤᠴᠠᠭ᠋ᠠᠨ᠎ᠤ ᠳᠦᠪ ᠬᠤᠷᠢᠶᠠᠨ᠎ᠤ ᠳᠠᠪᠤᠳᠤᠭ᠋ᠠᠷ ᠪᠦᠬᠦᠳᠡ ᠬᠤᠷᠠᠯ᠂ ᠳᠦᠪ᠎ᠤᠨ ᠠᠵᠥ ᠠᠬᠤᠢ ᠵᠢᠨ ᠠᠵᠢᠯ᠎ᠤᠨ ᠬᠤᠷᠠᠯ᠎ᠤᠨ ᠵᠤᠷᠢᠬ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠤᠬᠤᠯᠠᠪᠤᠷᠢ ᠵᠢᠨ ᠵᠤᠷᠢᠬ ᠰᠠᠨᠠᠭ᠎ᠠ ᠵᠢ ᠳᠤᠢ᠍ᠢ᠍ᠯᠪᠤᠷᠢᠳᠠᠢ ᠦᠢ᠍ᠯᠠᠭ᠋ᠠᠵᠤ ᠳᠤᠢ᠍ᠢ᠍ᠯᠪᠤᠷᠢᠳᠠᠢ ᠰᠤᠳᠤᠯᠤᠨ ᠳᠤᠢ᠍ᠢ᠍ᠯᠪᠤᠷᠢᠳᠠᠢ ᠨᠠᠢ᠍ᠢ᠍ᠳᠠᠪᠤᠷᠢᠵᠢᠭᠤᠯᠵᠤ᠂ ᠳᠠᠷᠠᠭ᠎ᠠ ᠵᠢᠯ᠎ᠤᠨ ᠠᠵᠢᠯ᠎ᠢ ᠦᠨᠡᠨ ᠬᠦ᠌ ᠰᠠᠢ᠍ᠢ᠍ᠳᠤᠷ ᠳᠦᠯᠦᠪᠵᠢᠬᠦᠯᠬᠦ ᠬᠡᠷᠡᠭᠳᠡᠢ᠃ ᠰᠢᠨ᠎ᠡ ᠬᠦᠭᠵᠢᠯᠳᠡ ᠵᠢᠨ ᠣᠢ᠌ᠯᠠᠭ᠋ᠠᠭᠳᠠᠬᠤᠨ᠎ᠢ ᠭᠦᠨᠵᠡᠭᠡᠢ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠤ᠂ ᠲᠤᠭᠳᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠨ᠂ ᠠᠮᠢ ᠠᠬᠤᠢ ᠵᠢ ᠤᠷᠢᠳ ᠵᠶ᠋ᠠᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠭᠦᠯᠬᠦ᠎ᠪᠠᠷ ᠤᠳᠤᠷᠢᠳᠤᠮᠵᠢ ᠪᠤᠯᠭ᠋ᠠᠬᠤ ᠵᠢ ᠳᠤᠪᠤᠢ᠍ᠢ᠍ᠯᠭ᠋ᠠᠬᠤ ᠬᠡᠷᠡᠭᠳᠠᠢ᠃ ᠤᠳᠤᠬᠠᠨ᠎ᠤ ᠠᠵᠤ ᠠᠬᠤᠢ ᠵᠢᠨ ᠡᠷᠭᠢᠯᠳᠡᠳᠤ ᠲᠤᠯᠭ᠋ᠠᠷᠠᠵᠤ ᠪᠠᠢ᠌ᠭ᠎ᠠ ᠠᠰᠠᠭᠤᠳᠠᠯ᠎ᠤᠨ ᠭᠦᠨ ᠳᠠᠪᠬᠤᠷᠭ᠎ᠠ ᠵᠢᠨ ᠰᠢᠯᠲᠠᠭ᠋ᠠᠨ᠎ᠢ ᠵᠠᠳᠠᠯᠤᠨ ᠦᠨᠳᠦᠰᠦ ᠰᠢᠯᠲᠠᠭ᠋ᠠᠨ᠎ᠢ᠎ᠨᠢ ᠤᠯᠵᠤ᠂ ᠡᠪᠡᠳᠴᠢᠨ᠎ᠳᠤ᠎ᠨᠢ ᠲᠠᠭ᠋ᠠᠷᠠᠭᠤᠯᠤᠨ ᠡᠮ ᠦᠭᠬᠦ ᠬᠡᠷᠡᠭᠳᠠᠢ᠃ ᠰᠢᠨ᠎ᠡ ᠵᠢ ᠡᠭᠦᠳᠬᠦ ᠵᠢ ᠤᠳᠤᠬᠢᠴᠢᠯᠠᠯᠳᠠ ᠵᠢᠨ ᠪᠦᠲᠦᠭᠡᠨ ᠪᠠᠢ᠍ᠢ᠍ᠭᠤᠯᠤᠯᠳᠠ ᠵᠢᠨ ᠪᠦᠬᠦ ᠲᠠᠯ᠎ᠠ ᠵᠢᠨ ᠭᠤᠤᠯᠯᠠᠬᠤ ᠪᠠᠢ᠍ᠢ᠍ᠷᠢᠨ᠎ᠳᠤ ᠲᠠᠯᠪᠢᠵᠤ᠂ ᠰᠢᠨ᠎ᠡ ᠵᠢ ᠡᠭᠦᠳᠬᠦ ᠲᠠᠯ᠎ᠠ᠎ᠪᠠᠷ ᠰᠢᠪᠳᠤᠯᠤᠯᠳᠠ ᠭᠠᠷᠭ᠋ᠠᠬᠤ ᠬᠡᠷᠡᠭᠳᠠᠢ᠃ ᠰᠢᠨ᠎ᠡ ᠬᠦᠭᠵᠢᠯᠳᠡ ᠵᠢᠨ ᠪᠠᠢ᠍ᠢ᠍ᠷᠢᠰᠢᠯᠳᠤ ᠬᠡᠷᠬᠢᠨ ᠠᠭᠤᠰᠤᠯᠴᠠᠬᠤ ᠵᠢ ᠴᠢᠨᠠᠭᠰᠢᠳᠠ ᠰᠤᠳᠤᠯᠵᠤ᠂ ᠦᠨᠡᠨ ᠪᠤᠳᠠᠳᠠᠢ ᠰᠡᠳᠭᠢᠮᠵᠢ ᠪᠠ ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠰᠢᠨ᠎ᠡ ᠴᠠᠭ ᠦᠶ᠎ᠡ ᠵᠢᠨ ᠨᠡᠢ᠍ᠢ᠍ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠢ᠍ᠢ᠍ᠭᠤᠯᠤᠮᠵᠢ ᠵᠢ ᠱᠠᠯᠠᠪᠳᠠᠨ ᠲᠡᠭᠦᠯᠳᠡᠷᠵᠢᠭᠦᠯᠵᠤ᠂ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠳᠤ ᠠᠩᠬᠠᠷᠤᠯ ᠵᠶ᠋ᠠᠨ ᠬᠠᠨᠳᠤᠭᠤᠯᠤᠨ᠂ ᠥᠮᠴᠢᠯᠡᠯ᠎ᠤᠨ ᠡᠷᠬᠡ ᠵᠢᠨ ᠳᠦᠷᠢᠮ᠎ᠢ ᠲᠡᠭᠦᠯᠳᠡᠷᠵᠢᠭᠦᠯᠬᠦ ᠪᠠ ᠴᠢᠬᠤᠯᠠ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ᠎ᠪᠠᠷ ᠰᠢᠪᠳᠤᠯᠤᠯᠳᠠ ᠵᠢᠨ ᠴᠡᠭ ᠪᠤᠯᠭ᠋ᠠᠵᠤ᠂ ᠡᠬᠢ ᠪᠠᠶᠠᠯᠢᠭ᠎ᠤᠨ ᠲᠤᠬᠢᠷᠠᠭᠤᠯᠤᠯᠳᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠳᠤ ᠴᠢᠨᠠᠷᠳᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠵᠠᠬ᠎ᠠ ᠳᠡᠯᠭᠡᠭᠦᠷ᠎ᠤᠨ ᠭᠤᠤᠯ ᠴᠤᠭᠴᠠ ᠵᠢᠨ ᠠᠮᠢᠵᠢᠷᠠᠯ᠎ᠤᠨ ᠬᠦᠴᠦᠨ᠎ᠢ ᠴᠢᠨᠠᠭᠰᠢᠳᠠ ᠬᠦᠭᠵᠢᠭᠡᠵᠤ᠂ ᠮᠠᠨ᠎ᠤ ᠣᠷᠣᠨ᠎ᠤ ᠠᠵᠤ ᠠᠬᠤᠢ ᠵᠢᠨ ᠨᠡᠩ ᠴᠢᠨᠠᠷ ᠰᠠᠢ᠍ᠢ᠍ᠳᠠᠢ᠂ ᠨᠡᠩ ᠪᠦᠲᠦᠮᠵᠢᠳᠠᠢ᠂ ᠨᠡᠩ ᠲᠦᠪ ᠭᠤᠤᠯᠴᠢ᠂ ᠨᠡᠩ ᠦᠷᠭᠦᠯᠵᠢᠯᠡᠬᠦ ᠬᠦᠭᠵᠢᠯᠳᠡ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠤᠳᠤ ᠦᠶ᠎ᠡ ᠵᠢᠨ ᠤᠷᠴᠢᠨ ᠲᠤᠭᠤᠷᠢᠨ᠎ᠤ ᠵᠠᠰᠠᠯᠳᠠ ᠵᠢᠨ ᠰᠢᠰᠲᠸᠮ᠎ᠢ ᠪᠠᠢ᠍ᠢ᠍ᠭᠤᠯᠬᠤ ᠪᠤᠯ ᠲᠦᠪ᠎ᠤᠨ ᠠᠮᠢ ᠠᠬᠤᠢ ᠵᠢᠨ ᠪᠤᠯᠪᠠᠰᠤᠨ᠎ᠤ ᠪᠠᠢ᠍ᠢ᠍ᠭᠤᠯᠤᠯᠳᠠ ᠵᠢ ᠠᠬᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠮᠥᠨ᠃ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠤᠯᠭ᠋ᠠᠨ ᠪᠦᠲᠦᠭᠡᠨ ᠪᠠᠢ᠍ᠢ᠍ᠭᠤᠯᠬᠤ᠎ᠳᠤ ᠤᠳᠤ ᠦᠶ᠎ᠡ ᠵᠢᠨ ᠤᠷᠴᠢᠨ ᠲᠤᠭᠤᠷᠢᠨ᠎ᠤ ᠵᠠᠰᠠᠯᠳᠠ ᠵᠢᠨ ᠰᠢᠰᠲᠸᠮ᠎ᠢ ᠪᠠᠢ᠍ᠢ᠍ᠭᠤᠯᠬᠤ ᠵᠢ ᠨᠡᠩ ᠲᠤᠯᠭ᠋ᠠᠮ ᠱᠠᠭ᠋ᠠᠷᠳᠠᠵᠤ ᠪᠠᠢ᠌ᠨ᠎ᠠ᠃ ᠡᠯ᠎ᠡ ᠭᠠᠵᠠᠷ᠎ᠤᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠤᠭᠰᠤᠴᠠ᠎ᠪᠠᠨ ᠦᠨᠡᠨ ᠬᠦ᠌ ᠳᠡᠭᠡᠭᠰᠢᠯᠡᠭᠦᠯᠵᠤ᠂ ᠣᠳᠣ ᠦᠶ᠎ᠡ ᠵᠢᠨ ᠤᠷᠴᠢᠨ ᠲᠤᠭᠤᠷᠢᠨ᠎ᠤ ᠵᠠᠰᠠᠯᠲᠠ ᠵᠢᠨ ᠰᠢᠰᠲᠸᠮ᠎ᠢ ᠪᠠᠢ᠍ᠢ᠍ᠭᠤᠯᠬᠤ ᠵᠢ ᠲᠣᠪᠣᠢ᠌ᠮ᠎ᠠ ᠪᠠᠢ᠍ᠢ᠍ᠷᠢᠨ᠎ᠳᠤ ᠲᠠᠯᠪᠢᠨ᠂ ᠠᠮᠢ ᠠᠬᠤᠢ ᠤᠷᠴᠢᠨ ᠲᠤᠭᠤᠷᠢᠨ᠎ᠤ ᠦᠨᠳᠦᠷ ᠲᠦᠪᠰᠢᠨ᠎ᠲᠠᠢ ᠬᠠᠮᠠᠭ᠋ᠠᠯᠠᠯᠳᠠ ᠪᠠ ᠠᠵᠤ ᠠᠬᠤᠢ ᠵᠢᠨ ᠴᠢᠨᠠᠷ ᠰᠠᠢ᠍ᠢ᠍ᠳᠠᠢ ᠬᠦᠭᠵᠢᠯᠳᠡ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ ᠪᠠᠰᠠ ᠪᠦᠬᠦ ᠤᠷᠤᠨ᠎ᠤ ᠢᠳᠡᠭᠡᠨ᠎ᠤ ᠠᠮᠤᠷ ᠲᠦᠪᠰᠢᠨ᠎ᠤ ᠠᠵᠢᠯ᠂ 《ᠠᠷᠪᠠᠨ ᠳᠦᠷᠪᠡᠳᠦᠭᠡᠷ ᠲᠠᠪᠤᠨ ᠵᠢᠯ》᠎ᠤᠨ ᠡᠨ᠋ᠸᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠪᠠ ᠡᠨ᠋ᠸᠷᠬᠢ ᠵᠢᠨ ᠬᠣᠷᠣᠭᠳᠠᠭᠤᠯᠤᠯ᠎ᠤᠨ ᠡᠷᠴᠢᠮ᠎ᠢ ᠡᠵᠡᠮᠳᠡᠬᠦ ᠠᠵᠢᠯ᠎ᠤᠨ ᠮᠡᠳᠡᠭᠦᠯᠦᠯᠳᠡ ᠵᠢ ᠰᠤᠨᠤᠰᠴᠤ᠂ ᠭᠡᠷ ᠭᠠᠵᠠᠷ᠎ᠤᠨ ᠬᠦᠷᠦᠩᠭᠡ ᠵᠢᠨ ᠵᠠᠬ᠎ᠠ ᠳᠡᠯᠭᠡᠭᠦᠷ᠎ᠤᠨ ᠡᠵᠡᠮᠰᠢᠯ ᠲᠣᠬᠢᠷᠠᠭᠤᠯᠭ᠎ᠠ ᠵᠢ ᠦᠨᠡᠯᠡᠨ ᠰᠢᠯᠭ᠋ᠠᠬᠤ ᠲᠤᠬᠠᠢ ᠲᠦᠷ ᠬᠡᠷᠡᠭᠵᠢᠭᠦᠯᠬᠦ ᠠᠷᠭ᠎ᠠ᠂ ᠪᠡᠶ᠎ᠡ ᠵᠢᠨ ᠲᠠᠮᠢᠷ ᠪᠠ ᠰᠤᠷᠭ᠋ᠠᠨ ᠬᠥᠮᠥᠵᠢᠯ᠎ᠢ ᠠᠭᠤᠰᠤᠯᠴᠠᠭᠤᠯᠬᠤ᠎ᠪᠠᠷ ᠲᠠᠮᠵᠢᠨ ᠦᠪᠦᠷ ᠮᠣᠩᠭᠣᠯ᠎ᠤᠨ ᠬᠦᠯ ᠪᠦᠮᠪᠦᠭᠡ ᠵᠢᠨ ᠰᠫᠤᠷᠲ᠎ᠤᠨ ᠦᠭᠡᠷᠡᠴᠢᠯᠡᠯᠳᠡ ᠬᠦᠭᠵᠢᠯᠳᠡ ᠵᠢ ᠭᠦᠨᠵᠡᠭᠡᠢ᠍ᠢ᠍ᠷᠡᠭᠦᠯᠬᠦ ᠵᠡᠷᠭᠡ ᠠᠵᠢᠯ᠎ᠢ ᠰᠤᠳᠤᠯᠵᠠᠢ᠃ ᠬᠤᠷᠠᠯ᠎ᠠᠴᠠ 《ᠦᠪᠦᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠳᠤᠭᠳᠠᠭ᠋ᠠᠬᠤ ᠵᠢᠷᠦᠮ᠎ᠤᠨ ᠲᠤᠭᠳᠠᠭ᠋ᠠᠯ (ᠵᠠᠰᠠᠪᠤᠷᠢ ᠤᠷᠤᠭᠤᠯᠤᠭᠰᠠᠨ)》᠎ᠢ ᠬᠢᠨᠠᠨ ᠵᠥᠪᠯᠡᠵᠦ ᠪᠠᠳᠤᠯᠠᠵᠠᠢ᠃