ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠦᠪᠡᠷᠳᠡᠬᠡᠨ ᠵᠠᠰᠠᠬᠤ ᠤᠷᠤᠨ᠎ᠤ ᠵᠠᠰᠠᠬ᠎ᠤᠨ ᠤᠷᠳᠤᠨ᠎ᠤ 2021 ᠣᠨ᠎ᠤ 4 ᠳ᠋ᠦ᠍ᠭᠡᠷ ᠤᠳᠠᠭ᠋ᠠᠨ᠎ᠤ ᠪᠠᠶ᠋ᠢᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2021-02-23

      2 ᠰᠠᠷ᠎ᠠ ᠵᠢᠨ 22᠎ᠤᠨ ᠡᠳᠤᠷ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ᠎ᠤ ᠳᠡᠷᠢᠬᠦᠯᠡᠭᠴᠢ ᠪᠦ᠋ ᠰᠢᠶᠤᠤ ᠯᠢᠨ᠎ᠤ ᠨᠠᠢ᠌ᠳᠠᠯᠭ᠎ᠠ᠎ᠪᠠᠷ᠂ ᠥᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠍ᠢ᠍ᠩᠭᠤ ᠵᠢᠨ ᠬᠡᠰᠢᠬᠦᠨ᠂ ᠨᠠᠷᠢᠨ ᠪᠢᠴᠢᠭ᠎ᠤᠨ ᠳᠠᠷᠤᠭ᠎ᠠ᠂ ᠦᠪᠡᠷᠳᠡᠬᠡᠨ ᠵᠠᠰᠠᠬᠤ ᠤᠷᠤᠨ᠎ᠤ ᠪᠠᠢ᠍ᠢ᠍ᠩᠭᠤ ᠵᠢᠨ ᠳᠡᠳ᠋ ᠲ᠋ᠡᠷᠢᠭᠦᠯᠡᠭᠴᠢ ᠵᠠᠩ ᠱᠣᠣ ᠴᠦᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠢ᠍ᠢ᠍ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠥ᠂ 《2021 ᠤᠨ ᠎ᠤ ᠥᠪᠡᠷᠲᠡᠭᠡᠨ ᠵᠠᠰᠠᠬᠤ ᠣᠷᠣᠨ᠎ᠤ 〈ᠵᠠᠰᠠᠬ᠎ᠤᠨ ᠣᠷᠳᠣᠨ᠎ᠤ ᠠᠵᠢᠯ᠎ᠤᠨ ᠢᠯᠡᠳᠬᠡᠯ〉᠎ᠤᠨ ᠭᠣᠣᠯᠳᠠᠯᠭ᠎ᠠ᠎ᠲᠠᠢ ᠡᠬᠦᠷᠬᠡ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠠᠵᠢᠯ᠎ᠤᠨ ᠬᠤᠪᠢᠶᠠᠷᠢᠯᠠᠯ》᠎ᠢ ᠰᠤᠳᠤᠯᠪᠠ᠃
      ᠬᠤᠷᠠᠯ᠎ᠠᠴᠠ᠂ 2021 ᠤᠨ᠎ᠤ ᠥᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠵᠢᠯ᠎ᠢ ᠰᠠᠢ᠍ᠢ᠍ᠳᠤᠷ ᠬᠢᠬᠦ᠎ᠨᠢ ᠦᠪᠡᠷᠳᠡᠬᠡᠨ ᠵᠠᠰᠠᠬᠤ ᠤᠷᠤᠨ᠎ᠤ

《ᠠᠷᠪᠠᠨ ᠳᠦᠷᠪᠡᠳᠤᠬᠡᠷ ᠲᠠᠪᠤᠨ ᠵᠢᠯ》᠎ᠤᠨ  ᠰᠠᠢ᠌ᠨ ᠡᠬᠢᠯᠡᠯᠲᠡ᠎ᠲᠠᠢ ᠪᠠᠢ᠍ᠢ᠍ᠬᠤ ᠵᠢ ᠪᠠᠳᠤᠯᠠᠬᠤ ᠵᠢᠨ ᠵᠠᠩᠭᠢᠯᠠᠭ᠎ᠠ ᠪᠠᠢ᠍ᠢ᠍ᠵᠥ᠂ ᠴᠢᠬᠤᠯᠠ ᠶᠡᠬᠡ ᠠᠴᠢ ᠬᠤᠯᠪᠤᠬᠳᠠᠯ᠎ᠲᠠᠢ ᠶᠤᠮ᠃ 2021 ᠤᠨ᠎ᠤ ᠦᠪᠡᠷᠳᠡᠬᠡᠨ ᠵᠠᠰᠠᠬᠤ ᠤᠷᠤᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠢ ᠨᠢᠭᠡᠨᠳᠡ ᠦᠪᠡᠷᠳᠡᠬᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠳᠦᠯᠦᠬᠡᠯᠡᠭᠴᠢᠳ᠎ᠤᠨ ᠶᠡᠬᠡ ᠬᠤᠷᠠᠯ᠎ᠤᠨ ᠳᠦᠷᠪᠡᠳᠤᠬᠡᠷ ᠬᠤᠷᠠᠯ ᠵᠶ᠋ᠠᠷ ᠬᠢᠨᠠᠨ ᠵᠦᠪᠯᠡᠵᠤ ᠪᠠᠳᠤᠯᠠᠪᠠ᠂ ᠡᠨᠡ ᠪᠤᠯ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠣᠷᠳᠣᠨ᠎ᠠᠴᠠ ᠪᠦᠬᠦ ᠤᠷᠤᠨ᠎ᠤ ᠠᠷᠠᠳ ᠳᠦᠮᠡᠨ᠎ᠳᠤ ᠦᠭᠭᠦᠭᠰᠡᠨ ᠳᠦᠪ ᠴᠢᠩᠭ᠎ᠠ ᠠᠮᠠᠯᠠᠯᠳᠠ ᠪᠣᠯᠣᠨ᠎ᠠ᠂ ᠨᠠᠢ᠍ᠢ᠍ᠳᠠᠪᠤᠷᠢᠵᠢᠭᠤᠯᠬᠤ ᠠᠵᠢᠯ᠎ᠢ ᠡᠷᠬᠡᠪᠰᠢ ᠳᠡᠷᠡ ᠶᠤᠰᠤᠭ᠋ᠠᠷ᠎ᠨᠢ ᠰᠠᠢ᠍ᠢ᠍ᠳᠤᠷ ᠠᠳᠬᠤᠬᠤ ᠬᠡᠷᠡᠭᠳᠡᠢ ᠬᠡᠵᠥ ᠴᠢᠬᠤᠯᠠᠴᠢᠯᠠᠪᠠ᠃
      ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ᠎ᠤᠨ᠎ᠬᠢᠨ ᠤᠯᠤᠰ ᠲᠦᠷᠦ ᠵᠢᠨ ᠡᠭᠦᠷᠭᠡᠯᠡᠯ ᠪᠤᠯᠤᠨ ᠬᠠᠷᠢᠭᠤᠴᠠᠯᠭ᠎ᠠ᠎ᠪᠠᠨ ᠴᠢᠩᠭ᠋ᠠᠳᠬᠠᠨ᠂

《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ》᠎ᠤᠨ ᠴᠢᠬᠤᠯᠠ ᠵᠢᠭ᠋ᠠᠯᠳᠠ ᠲᠣᠭ᠎ᠠ᠂ ᠭᠣᠣᠯᠳᠠᠯᠭ᠎ᠠ᠎ᠲᠠᠢ ᠡᠭᠦᠷᠭᠡ ᠵᠢ ᠨᠠᠢ᠍ᠢ᠍ᠳᠠᠪᠤᠷᠢᠵᠢᠭᠤᠯᠬᠤ ᠪᠠ ᠪᠡᠶᠡᠯᠡᠭᠦᠯᠬᠦ ᠵᠢ ᠴᠢᠬᠤᠯᠠ ᠪᠠᠢ᠍ᠢ᠍ᠷᠢᠨ᠎ᠳᠤ ᠲᠠᠯᠪᠢᠵᠤ᠂ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠭᠡᠬᠦ ᠬᠡᠷᠡᠭᠳᠠᠢ᠃ ᠡᠭᠦᠷᠭᠡ ᠵᠢᠨ ᠬᠤᠪᠢᠶᠠᠷᠢᠯᠠᠯ ᠶᠤᠰᠤᠭ᠋ᠠᠷ ᠠᠵᠢᠯ᠎ᠤᠨ ᠡᠬᠡ ᠳᠠᠩᠰᠠ ᠪᠠᠢ᠍ᠢ᠍ᠭᠤᠯᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠨ ᠬᠡᠮᠵᠢᠶᠡᠵᠢᠭᠦᠯᠵᠤ᠂ ᠴᠠᠭ᠎ᠤᠨ ᠬᠦᠰᠦᠨᠦᠭ᠂ ᠬᠠᠷᠢᠭᠤᠴᠠᠯᠭ᠋ᠠᠳᠠᠨ ᠪᠤᠯᠤᠨ ᠦᠷ᠎ᠡ ᠪᠦᠲᠦᠭᠡᠯ᠎ᠤᠨ ᠬᠡᠯᠪᠡᠷᠢ ᠵᠢ ᠳᠤᠳᠤᠷᠬᠠᠢ᠍ᠢ᠍ᠯᠠᠵᠤ᠂ ᠴᠠᠭ᠎ᠤᠨ ᠳᠠᠷᠠᠭ᠋ᠠᠯᠠᠯ ᠶᠤᠰᠤᠭ᠋ᠠᠷ ᠲᠤᠬᠢᠷᠠᠭᠤᠯᠤᠨ ᠠᠬᠢᠭᠤᠯᠵᠤ᠂ ᠲᠤᠭᠳᠠᠭᠰᠠᠨ ᠬᠠᠷᠠᠯᠳᠠ ᠡᠭᠦᠷᠭᠡ ᠵᠢ ᠬᠤᠭᠤᠴᠠᠭ᠎ᠠ ᠶᠤᠰᠤᠭ᠋ᠠᠷ ᠪᠡᠶᠡᠯᠡᠭᠦᠯᠬᠦ ᠵᠢ ᠪᠠᠳᠤᠯᠠᠬᠤ ᠬᠡᠷᠡᠭᠳᠠᠢ᠃ ᠡᠭᠦᠷᠭᠡ ᠵᠢ ᠲᠦᠷᠦᠭᠦᠯᠡᠨ ᠭᠦᠢ᠍ᠴᠡᠳᠭᠡᠬᠦ ᠰᠠᠯᠠᠭ᠎ᠠ ᠮᠥᠴᠢᠷ᠎ᠤᠨ᠎ᠬᠢᠨ ᠲᠦᠷᠦᠭᠦᠯᠡᠨ ᠭᠦᠢ᠍ᠴᠡᠳᠭᠡᠬᠦ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠭᠡᠵᠦ᠂ ᠬᠠᠷᠢᠭᠤᠴᠠᠯᠭ᠋ᠠᠳᠤ ᠨᠢᠭᠡᠴᠢ ᠵᠢᠨ᠎ᠬᠢᠨ ᠬᠠᠮᠵᠢᠯᠴᠠᠬᠤ᠎ᠪᠠᠨ ᠴᠢᠩᠭ᠋ᠠᠳᠬᠠᠨ᠂ ᠠᠵᠢᠯ᠎ᠤᠨ ᠬᠠᠮᠳᠤᠷᠠᠯ ᠬᠦᠴᠦᠨ᠎ᠢ ᠪᠦᠷᠢᠯᠳᠦᠭᠦᠯᠵᠤ᠂ ᠠᠵᠢᠯ ᠡᠭᠦᠷᠭᠡ ᠪᠤᠯᠭ᠋ᠠᠨ᠎ᠢ ᠪᠤᠳᠠᠳᠠᠢ᠎ᠳᠤ ᠨᠠᠢ᠍ᠢ᠍ᠳᠠᠪᠤᠷᠢᠵᠢᠭᠤᠯᠤᠨ᠂ ᠨᠠᠷᠢᠯᠢᠭ ᠨᠠᠢ᠍ᠢ᠍ᠳᠠᠪᠤᠷᠢᠵᠢᠭᠤᠯᠬᠤ ᠵᠢ ᠪᠠᠳᠤᠯᠠᠬᠤ ᠬᠡᠷᠡᠭᠳᠠᠢ᠃ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ᠂ ᠦᠷ᠎ᠡ ᠳ᠋ᠦᠩ ᠵᠶ᠋ᠠᠷ ᠤᠳᠤᠷᠢᠳᠤᠮᠵᠢ ᠪᠤᠯᠭ᠋ᠠᠬᠤ ᠵᠢ ᠳᠤᠪᠤᠢ᠍ᠢ᠍ᠯᠭ᠋ᠠᠵᠤ᠂ ᠪᠤᠳᠠᠳᠠᠢ ᠪᠠᠢ᠍ᠢ᠍ᠳᠠᠯ᠎ᠳᠤ ᠰᠠᠭᠤᠷᠢᠯᠠᠨ ᠤᠨᠤᠴᠠᠳᠠᠢ ᠵᠠᠳᠠᠯᠵᠤ᠂ ᠤᠷᠤᠰᠢᠵᠤ ᠪᠠᠢ᠌ᠭ᠎ᠠ ᠬᠦᠴᠢᠷᠳᠡᠯ ᠪᠠ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠬᠦ ᠬᠡᠷᠡᠭᠳᠠᠢ᠃ ᠲᠦᠷᠦ ᠵᠢᠨ ᠪᠣᠳᠣᠯᠭ᠎ᠠ ᠵᠢ ᠤᠬᠠᠭᠤᠯᠤᠨ ᠲᠠᠢ᠍ᠢ᠍ᠯᠪᠤᠷᠢᠯᠠᠬᠤ ᠵᠢ ᠴᠢᠩᠭ᠋ᠠᠳᠬᠠᠵᠤ᠂ ᠬᠠᠷᠠᠯᠳᠠ ᠡᠭᠦᠷᠭᠡ ᠵᠢ ᠪᠡᠶᠡᠯᠡᠭᠦᠯᠦᠭᠰᠡᠨ ᠪᠠᠢ᠍ᠢ᠍ᠳᠠᠯ ᠪᠤᠯᠤᠨ ᠦᠷ᠎ᠡ ᠳ᠋ᠦᠩ᠎ᠢ ᠨᠡᠢ᠌ᠲᠡᠯᠡᠬᠦ ᠠᠵᠢᠯ᠎ᠢ ᠰᠠᠢ᠍ᠢ᠍ᠳᠤᠷ ᠬᠢᠵᠤ᠂ ᠨᠡᠢ᠍ᠢ᠍ᠭᠡᠮ᠎ᠤᠨ ᠬᠠᠯᠠᠮᠰᠢᠯ ᠠᠰᠠᠭᠤᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠯᠳᠠ ᠦᠭᠬᠦ ᠬᠡᠷᠡᠭᠳᠠᠢ᠃ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠱᠠᠯᠠᠪᠳᠠᠭᠤᠯᠤᠨ ᠪᠠᠢ᠍ᠢ᠍ᠴᠠᠭ᠋ᠠᠬᠤ ᠲᠠᠰᠤᠭ᠎ᠤᠨ᠎ᠬᠢᠨ ᠱᠠᠯᠠᠪᠳᠠᠭᠤᠯᠤᠨ ᠪᠠᠢ᠍ᠢ᠍ᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠱᠠᠯᠠᠪᠳᠠᠭᠤᠯᠤᠨ ᠵᠤᠬᠢᠴᠠᠭᠤᠯᠬᠤ᠎ᠪᠠᠨ ᠴᠢᠩᠭ᠋ᠠᠳᠬᠠᠨ᠂ ᠠᠵᠢᠯ᠎ᠤᠨ ᠠᠬᠢᠴᠠ ᠵᠢᠨ ᠪᠠᠢ᠌ᠳᠠᠯ᠎ᠢ ᠰᠠᠷ᠎ᠠ ᠪᠤᠯᠭ᠋ᠠᠨ ᠬᠠᠷᠢᠭᠤ ᠮᠡᠳᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠤᠨᠢᠨ