ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠦᠪᠡᠷᠳᠡᠬᠡᠨ ᠵᠠᠰᠠᠬᠤ ᠤᠷᠤᠨ᠎ᠤ ᠵᠠᠰᠠᠬ᠎ᠤᠨ ᠤᠷᠳᠤᠨ᠎ᠤ 2021 ᠣᠨ᠎ᠤ 1 ᠳ᠋ᠦ᠍ᠭᠡᠷ ᠤᠳᠠᠭ᠋ᠠᠨ᠎ᠤ ᠪᠠᠢ᠍ᠢ᠍ᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2021-02-05


      1 ᠰᠠᠷ᠎ᠠ ᠵᠢᠨ 18᠎ᠤ ᠡᠳᠤᠷ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ᠎ᠤ ᠳᠡᠷᠢᠬᠦᠯᠡᠭᠴᠢ  ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ᠎ᠤ ᠵᠠᠰᠠᠬ᠎ᠤᠨ ᠤᠷᠳᠤᠨ᠎ᠤ ᠪᠠᠢ᠍ᠢ᠍ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠥ᠂ 《ᠵᠠᠰᠠᠬ᠎ᠤᠨ ᠤᠷᠳᠤᠨ᠎ᠤ ᠠᠵᠢᠯ᠎ᠤᠨ ᠢᠯᠡᠳᠬᠡᠯ (ᠬᠢᠨᠠᠨ ᠵᠦᠪᠰᠢᠶᠡᠷᠡᠬᠦᠯᠬᠦ᠎ᠪᠠᠷ ᠳᠡᠪᠰᠢᠬᠦᠯᠬᠦ ᠡᠬᠡ ᠨᠤᠤᠷᠠᠬ)》᠂ 《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ 2020 ᠣᠨ᠎ᠤ ᠤᠯᠤᠰ ᠠᠷᠠᠳ᠎ᠤᠨ ᠠᠵᠥ ᠠᠬᠤᠢ ᠪᠠ ᠨᠡᠢ᠍ᠢ᠍ᠬᠡᠮ᠎ᠤᠨ ᠬᠦᠭᠵᠢᠯᠳᠡ ᠵᠢᠨ ᠳᠦᠯᠦᠪᠯᠡᠬᠡ ᠵᠢ ᠬᠡᠷᠡᠭᠵᠢᠬᠦᠯᠦᠭᠰᠡᠨ ᠪᠠᠢ᠍ᠢ᠍ᠳᠠᠯ ᠬᠢᠬᠡᠳ 2021 ᠣᠨ᠎ᠤ ᠤᠯᠤᠰ ᠠᠷᠠᠳ᠎ᠤᠨ ᠠᠵᠥ ᠠᠬᠤᠢ ᠪᠠ ᠨᠡᠢ᠍ᠢ᠍ᠬᠡᠮ᠎ᠤᠨ ᠬᠦᠭᠵᠢᠯᠳᠡ ᠵᠢᠨ ᠳᠦᠯᠦᠪᠯᠡᠬᠡ ᠵᠢᠨ ᠳᠦᠰᠦᠯ᠎ᠤᠨ ᠮᠡᠳᠡᠬᠦᠯᠦᠯᠳᠡ (ᠬᠢᠨᠠᠨ ᠵᠦᠪᠰᠢᠶᠡᠷᠡᠬᠦᠯᠬᠦ᠎ᠪᠠᠷ ᠳᠡᠪᠰᠢᠬᠦᠯᠬᠦ ᠡᠬᠡ ᠨᠤᠤᠷᠠᠬ)》᠂ 《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ 2020 ᠣᠨ᠎ᠤ ᠡᠳ᠋᠎ᠤᠨ ᠵᠠᠰᠠᠬ᠎ᠤᠨ ᠳᠦᠰᠦᠪ᠎ᠢ ᠬᠦᠢ᠍ᠴᠡᠳᠬᠡᠭᠰᠡᠨ ᠪᠠᠢ᠍ᠢ᠍ᠳᠠᠯ ᠬᠢᠬᠡᠳ 2021 ᠣᠨ᠎ᠤ ᠡᠳ᠋᠎ᠤᠨ ᠵᠠᠰᠠᠬ᠎ᠤᠨ ᠳᠦᠰᠦᠪ᠎ᠤᠨ ᠳᠦᠰᠦᠯ᠎ᠤᠨ ᠮᠡᠳᠡᠬᠦᠯᠦᠯᠳᠡ (ᠬᠢᠨᠠᠨ ᠵᠦᠪᠰᠢᠶᠡᠷᠡᠬᠦᠯᠬᠦ᠎ᠪᠠᠷ ᠳᠡᠪᠰᠢᠬᠦᠯᠬᠦ ᠡᠬᠡ ᠨᠤᠤᠷᠠᠬ)》᠂ 《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠯᠤᠰ ᠠᠷᠠᠳ᠎ᠤᠨ ᠠᠵᠥ ᠠᠬᠤᠢ ᠪᠠ ᠨᠡᠢ᠍ᠢ᠍ᠬᠡᠮ᠎ᠤᠨ ᠬᠦᠭᠵᠢᠯᠳᠡ ᠵᠢᠨ ᠠᠷᠪᠠᠨ ᠳᠦᠷᠪᠡᠳᠤᠬᠡᠷ ᠳᠠᠪᠤᠨ ᠵᠢᠯ᠎ᠤᠨ ᠳᠦᠯᠦᠪᠵᠢᠬᠦᠯᠬᠡ ᠪᠤᠯᠤᠨ 2035 ᠣᠨ᠎ᠤ ᠠᠯᠤᠰ᠎ᠤᠨ ᠬᠠᠷᠠᠯᠳᠠ ᠵᠢᠨ ᠬᠦᠳᠦᠯᠪᠦᠷᠢ ᠵᠢᠨ ᠳᠦᠰᠦᠯ (ᠬᠢᠨᠠᠨ ᠵᠦᠪᠰᠢᠶᠡᠷᠡᠬᠦᠯᠬᠦ᠎ᠪᠠᠷ ᠳᠡᠪᠰᠢᠬᠦᠯᠬᠦ ᠡᠬᠡ ᠨᠤᠤᠷᠠᠬ)》 ᠵᠡᠷᠬᠡ ᠵᠦᠢ᠍ᠯ᠎ᠢ ᠰᠤᠳᠤᠯᠪᠠ᠃
      ᠬᠤᠷᠠᠯ᠎ᠠᠴᠠ᠂ 2020 ᠣᠨ ᠪᠤᠯ ᠳᠦᠢ᠍ᠯ᠎ᠤᠨ ᠶᠠᠷᠤ ᠪᠤᠰᠤ ᠵᠢᠨ ᠨᠢᠬᠡ ᠵᠢᠯ ᠪᠤᠯᠤᠨ᠎ᠠ᠃ ᠮᠠᠰᠢ ᠨᠠᠷᠢᠨ ᠪᠤᠳᠤᠯᠢᠶᠠᠨᠳᠠᠢ ᠬᠦᠨᠳᠤ ᠨᠤᠴᠢᠳᠠᠢ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠪᠠᠢ᠍ᠢ᠍ᠳᠠᠯ᠎ᠳᠤ ᠬᠠᠨᠳᠤᠨ᠂ ᠢᠯᠠᠨᠭ᠌ᠭᠤᠶ᠎ᠠ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠍ᠢ᠍ᠳᠠᠯ᠎ᠤᠨ ᠬᠦᠨᠳᠤ ᠨᠤᠴᠢᠳᠠᠢ ᠳᠠᠭ᠋ᠠᠷᠢᠯᠳᠠ ᠵᠢᠨ ᠡᠮᠤᠨ᠎ᠡ᠂ ᠪᠦᠬᠦ ᠤᠷᠤᠨ ᠳᠠᠶᠠᠭ᠋ᠠᠷ ᠵᠶ᠋ᠠᠨ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠳᠤ ᠪᠤᠳᠤᠯᠭ᠎ᠠ ᠪᠠᠢ᠍ᠢ᠍ᠷᠢᠯᠠᠭᠤᠯᠤᠯᠳᠠ ᠵᠢ ᠡᠷᠡᠰ ᠳᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠥ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠵᠢᠯ᠎ᠤᠨ ᠪᠠᠢ᠍ᠢ᠍ᠷᠢᠯᠠᠭᠤᠯᠤᠯᠳᠠ ᠶᠤᠰᠤᠭ᠋ᠠᠷ᠂ ᠲᠠᠶᠠᠭ᠋ᠠᠷ ᠵᠶ᠋ᠠᠨ ᠰᠡᠳᠬᠢᠯ ᠨᠢᠬᠡᠳᠤᠨ᠂ ᠳᠡᠰᠪᠦᠷᠢ ᠬᠠᠳᠠᠭᠤᠵᠢᠯᠳᠠᠢ ᠳᠡᠮᠡᠴᠡᠵᠥ᠂ ᠬᠢᠵᠢᠭ᠎ᠤᠨ ᠪᠠᠢ᠍ᠢ᠍ᠳᠠᠯ᠎ᠢ ᠰᠡᠷᠬᠡᠢ᠍ᠢ᠍ᠯᠡᠨ ᠡᠵᠡᠮᠳᠡᠬᠦ ᠪᠠ ᠠᠵᠥ ᠠᠬᠤᠢ ᠨᠡᠢ᠍ᠢ᠍ᠬᠡᠮ᠎ᠤᠨ ᠬᠦᠭᠵᠢᠯᠳᠡ ᠵᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠥ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠲᠠᠯ᠎ᠠ᠎ᠪᠠᠷ ᠴᠢᠬᠤᠯᠠ ᠦᠷ᠎ᠠ ᠪᠦᠲᠦᠭᠡᠯ ᠤᠯᠵᠤ᠂ ᠠᠵᠤ ᠠᠬᠤᠢ ᠵᠢᠨ ᠨᠡᠮᠡᠭᠳᠡᠯ ᠰᠦᠬᠡᠷᠬᠦ᠎ᠠᠴᠠ ᠡᠶᠡᠷᠬᠦ ᠪᠤᠯᠬᠤ ᠵᠢ ᠪᠡᠶᠡᠯᠡᠭᠦᠯᠵᠤ᠂ ᠶᠠᠳᠠᠭᠤ ᠬᠦᠴᠢᠷᠳᠡᠯᠳᠠᠢ ᠬᠦᠮᠦᠨ ᠠᠮᠠ ᠵᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠳᠠᠢ ᠬᠤᠰᠢᠭᠤ ᠰᠢᠶᠠᠨ ᠪᠤᠯᠤᠨ ᠶᠠᠳᠠᠭᠤ ᠬᠦᠴᠢᠷᠳᠡᠯᠳᠠᠢ ᠭᠠᠴᠠᠭ᠎ᠠ ᠲᠤᠰᠬᠤᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ ᠤᠷᠤᠭᠰᠢᠳᠠᠢ᠎ᠪᠠᠷ ᠰᠡᠭᠦᠯ ᠬᠤᠷᠢᠶᠠᠵᠤ᠂ ᠴᠢᠨᠡᠭᠡᠯᠢᠭ ᠨᠡᠢ᠍ᠢ᠍ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳᠤ ᠰᠢᠢ᠍ᠳᠪᠦᠷᠢᠳᠤ ᠴᠢᠨᠠᠷᠳᠠᠢ ᠠᠮᠵᠢᠯᠳᠠ ᠤᠯᠵᠤ᠂ ᠰᠢᠨ᠎ᠠ ᠬᠦᠭᠵᠢᠯᠳᠡ ᠵᠢᠨ ᠱᠠᠳᠤᠨ᠎ᠳᠤ ᠨᠡᠢ᠍ᠢ᠍ᠭᠡᠮ ᠵᠢᠷᠤᠮᠳᠤ ᠤᠳᠤᠬᠢᠴᠢᠯᠠᠯᠳᠠ ᠵᠢᠨ ᠪᠦᠲᠦᠭᠡᠨ ᠪᠠᠢ᠍ᠢ᠍ᠭᠤᠯᠤᠯᠳᠠ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠴᠢᠬᠤᠯᠠ ᠰᠠᠭᠤᠷᠢ ᠵᠢ ᠲᠠᠯᠪᠢᠵᠤ ᠥᠭᠴᠡᠢ ᠭᠡᠵᠤ ᠵᠢᠭ᠋ᠠᠵᠤ ᠭᠠᠷᠭ᠋ᠠᠪᠠ᠃
      ᠬᠤᠷᠠᠯ᠎ᠠᠴᠠ᠂ 2021 ᠣᠨ ᠪᠤᠯ ᠨᠡᠢ᠍ᠢ᠍ᠭᠡᠮ ᠵᠢᠷᠤᠮᠳᠤ ᠤᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠍ᠢ᠍ᠭᠤᠯᠬᠤ ᠰᠢᠨ᠎ᠠ ᠠᠶᠠᠨ᠎ᠢ ᠡᠬᠢᠯᠡᠭᠦᠯᠬᠦ ᠠᠩᠬᠠᠨ᠎ᠤ ᠵᠢᠯ᠂ ᠮᠦᠨ ᠴᠤ᠌ 《ᠠᠷᠪᠠᠨ ᠳᠦᠷᠪᠡᠳᠦᠭᠡᠷ ᠲᠠᠪᠤᠨ ᠵᠢᠯ》᠎ᠤᠨ ᠡᠬᠢᠯᠡᠯᠳᠡ ᠵᠢᠨ ᠵᠢᠯ ᠪᠤᠯᠤᠨ᠎ᠠ᠂ ᠪᠢᠳᠡ ᠨᠠᠮ ᠪᠠᠢ᠍ᠢ᠍ᠭᠤᠯᠤᠭᠳᠠᠭᠰᠠᠨ 100 ᠵᠢᠯ᠎ᠤᠨ ᠤᠢ ᠵᠢ ᠤᠭᠳᠤᠨ᠎ᠠ᠂ 《ᠠᠷᠪᠠᠨ ᠳᠦᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢᠨ 《ᠬᠦᠳᠦᠯᠪᠦᠷᠢ》 ᠵᠢ ᠰᠠᠢ᠍ᠢ᠍ᠳᠤᠷ ᠨᠠᠢ᠍ᠢ᠍ᠷᠠᠭᠤᠯᠤᠨ ᠵᠤᠬᠢᠶᠠᠵᠦ᠂

《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ》᠎ᠢ ᠰᠠᠢ᠍ᠢ᠍ᠳᠤᠷ ᠲᠤᠭᠤᠷᠪᠢᠵᠤ᠂ ᠤᠯᠤᠰ ᠠᠷᠠᠳ᠎ᠤᠨ ᠠᠵᠤ ᠠᠬᠤᠢ ᠪᠤᠯᠤᠨ ᠨᠡᠢ᠍ᠢ᠍ᠭᠡᠮ᠎ᠤᠨ ᠬᠦᠭᠵᠢᠯᠳᠡ ᠵᠢᠨ ᠲᠦᠯᠦᠪᠵᠢᠭᠦᠯᠭᠡ᠂ ᠡᠳ᠋᠎ᠤᠨ ᠵᠠᠰᠠᠭ᠎ᠤᠨ ᠲᠦᠰᠦᠪ᠎ᠢ ᠰᠠᠢ᠍ᠢ᠍ᠳᠤᠷ ᠲᠤᠬᠢᠷᠠᠭᠤᠯᠬᠤ᠎ᠨᠢ ᠵᠠᠰᠠᠭ᠎ᠤᠨ ᠤᠷᠳᠤᠨ᠎ᠤ ᠠᠵᠢᠯ᠎ᠢ ᠰᠠᠢ᠍ᠢ᠍ᠳᠤᠷ ᠬᠢᠬᠦ᠎ᠳᠤ ᠴᠢᠬᠤᠯᠠ ᠶᠡᠬᠡ ᠠᠴᠢ ᠬᠤᠯᠪᠤᠭᠳᠠᠯ᠎ᠲᠠᠢ ᠶᠤᠮ᠃ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠪᠤᠯᠤᠨ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠳᠤ ᠪᠤᠳᠤᠯᠭ᠎ᠠ ᠪᠠᠢ᠍ᠢ᠍ᠷᠢᠯᠠᠭᠤᠯᠤᠯᠳᠠ᠎ᠲᠠᠢ ᠤᠯᠠᠮ ᠨᠢᠭᠡ ᠠᠯᠬᠤᠮ ᠪᠠᠷᠢᠮᠵᠢᠶᠠᠯᠠᠨ ᠬᠠᠷᠭᠤᠭᠤᠯᠵᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠭᠤᠷᠪᠠᠳᠤᠭ᠋ᠠᠷ ᠪᠦᠬᠦᠳᠡ ᠬᠤᠷᠠᠯ ᠵᠢᠴᠢ ᠪᠦᠬᠦ ᠤᠷᠤᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠢ᠍ᠢ᠍ᠳᠠᠪᠤᠷᠢᠵᠢᠭᠤᠯᠵᠤ᠂ ᠰᠢᠨ᠎ᠠ ᠬᠦᠭᠵᠢᠯᠲᠠ ᠵᠢᠨ ᠱᠠᠲᠤᠨ᠎ᠳᠤ ᠰᠠᠭᠤᠷᠢᠯᠠᠵᠦ᠂ ᠰᠢᠨ᠎ᠠ ᠬᠦᠭᠵᠢᠯᠲᠠ ᠵᠢᠨ ᠤᠢ᠍ᠢ᠍ᠯᠠᠭ᠋ᠠᠭᠲᠠᠬᠤᠨ᠎ᠢ ᠲᠤᠭᠤᠰᠢᠯᠠᠭᠤᠯᠤᠨ᠂ ᠰᠢᠨ᠎ᠠ ᠬᠦᠭᠵᠢᠯᠲᠠ ᠵᠢᠨ ᠪᠠᠢ᠍ᠢ᠍ᠷᠢᠰᠢᠯ᠎ᠢ ᠪᠠᠢ᠍ᠢ᠍ᠭᠤᠯᠵᠦ᠂ ᠡᠯ᠎ᠠ ᠵᠦᠢ᠍ᠯ᠎ᠤᠨ ᠪᠢᠴᠢᠭ ᠮᠠᠲᠸᠷᠢᠶᠠᠯ᠎ᠳᠤ ᠤᠯᠠᠮ ᠴᠢᠨᠠᠭᠰᠢᠲᠠ ᠰᠠᠢ᠍ᠢ᠍ᠲᠤᠷ ᠵᠠᠰᠠᠪᠤᠷᠢ ᠤᠷᠤᠭᠤᠯᠵᠦ᠂ ᠰᠠᠢ᠍ᠢ᠍ᠲᠤᠷ ᠲᠡᠭᠦᠯᠲᠡᠷᠵᠢᠭᠦᠯᠵᠦ᠂ ᠰᠢᠨ᠎ᠠ ᠬᠦᠭᠵᠢᠯᠲᠠ ᠵᠢᠨ ᠱᠠᠲᠤᠨ᠎ᠤ ᠰᠢᠨ᠎ᠠ ᠱᠠᠭ᠋ᠠᠷᠲᠠᠯᠭ᠎ᠠ ᠵᠢ ᠬᠦᠢ᠍ᠴᠡᠳ ᠢᠯᠡᠷᠡᠭᠦᠯᠵᠦ᠂ ᠨᠠᠮ᠎ᠤᠨ ᠲᠦᠪ ᠬᠤᠷᠢᠶ᠎ᠠ᠎ᠠᠴᠠ ᠥᠪᠡᠷᠲᠡᠭᠡᠡ ᠵᠠᠰᠠᠬᠤ ᠤᠷᠤᠨ᠎ᠳᠤ ᠲᠤᠬᠳᠠᠭ᠋ᠠᠵᠦ ᠦᠭᠭᠦᠭᠰᠡᠨ ᠪᠠᠢ᠍ᠢ᠍ᠯᠲᠤᠬᠤ ᠪᠤᠲᠤᠯᠭ᠎ᠠ ᠵᠢᠨ ᠪᠠᠢ᠍ᠢ᠍ᠷᠢ ᠲᠤᠭᠲᠠᠭ᠋ᠠᠯᠲᠠ ᠵᠢ ᠬᠦᠢ᠍ᠴᠡᠳ ᠬᠠᠷᠠᠭᠤᠯᠤᠭᠰᠠᠠ ᠪᠦᠭᠡᠳ ᠠᠮᠢ ᠠᠬᠤᠢ ᠵᠢ ᠤᠷᠢᠳ ᠵᠶ᠋ᠠᠷ ᠪᠤᠲᠤᠯᠬᠢᠯᠠᠵᠦ᠂ ᠪᠤᠬᠢᠷᠲᠤᠯ ᠦᠭᠡᠢ ᠬᠦᠭᠵᠢᠭᠦᠯᠬᠦ᠎ᠪᠠᠷ ᠤᠲᠤᠷᠢᠲᠤᠮᠵᠢ ᠪᠤᠯᠭ᠋ᠠᠭᠰᠠᠠ ᠴᠢᠨᠠᠷ ᠰᠠᠢ᠍ᠢ᠍ᠲᠠᠢ ᠬᠦᠭᠵᠢᠯᠲᠠ ᠵᠢᠨ ᠰᠢᠨ᠎ᠠ ᠵᠠᠮ ᠵᠶ᠋ᠠᠷ ᠵᠠᠮᠨᠠᠬᠤ ᠱᠠᠭ᠋ᠠᠷᠲᠠᠯᠭ᠎ᠠ᠎ᠳᠤ ᠬᠠᠢ᠍ᠢ᠍ᠨ ᠰᠦᠪᠡᠭᠴᠢᠯᠡᠯᠲᠡ ᠬᠢᠵᠦ᠂ ᠠᠷᠠᠳ ᠤᠯᠠᠠ᠎ᠤ ᠰᠢᠨ᠎ᠠ ᠬᠦᠰᠡᠯ ᠡᠷᠡᠮᠡᠯᠵᠡᠯ᠎ᠢ ᠬᠦᠢ᠍ᠴᠡᠳ ᠢᠯᠡᠷᠡᠭᠦᠯᠵᠦ᠂ ᠬᠦᠮᠦᠰ᠎ᠤᠨ ᠰᠡᠳᠭᠢᠯ᠎ᠢ ᠨᠢᠭᠲᠠᠷᠠᠭᠤᠯᠤᠨ᠂ ᠡᠷᠴᠢ ᠵᠤᠷᠢᠭ᠎ᠢ ᠬᠦᠪᠴᠢᠯᠡᠵᠦ᠂ ᠰᠢᠨ᠎ᠠ ᠠᠶᠠᠠ ᠲᠡᠢ᠍ᠢ᠍ᠰᠢ ᠤᠮᠤᠭ ᠲᠡᠭᠦᠯᠲᠡᠷ ᠵᠶ᠋ᠠᠷ ᠤᠷᠤᠭᠰᠢᠯᠠᠬᠤ ᠬᠡᠷᠡᠭᠳᠠᠢ ᠭᠡᠵᠦ ᠴᠢᠬᠤᠯᠠᠴᠢᠯᠠᠪᠠ᠃
      ᠬᠤᠷᠠᠯ᠎ᠠᠴᠠ 《ᠦᠪᠦᠷ ᠮᠤᠩᠭᠤᠯ᠎ᠤᠨ ᠦᠪᠡᠷᠲᠡᠭᠡᠡ ᠵᠠᠰᠠᠬᠤ ᠤᠷᠤᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠡ ᠬᠦᠭᠵᠢᠭᠦᠯᠬᠦ ᠲᠤᠮᠲᠠ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠢ ᠰᠠᠨᠠᠯ》᠎ᠢ ᠬᠢᠨᠠᠠ ᠵᠦᠪᠯᠡᠠ ᠪᠠᠲᠤᠯᠠᠵᠦ᠂ ᠲᠦᠷᠢᠮ ᠲᠤᠭᠲᠠᠭ᠋ᠠᠯ ᠲᠤᠭᠲᠠᠴᠠ ᠵᠢᠨ ᠲᠠᠯ᠎ᠠ᠎ᠪᠠᠷ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠡ ᠬᠦᠭᠵᠢᠭᠦᠯᠬᠦ ᠬᠦᠷᠢᠶᠡᠡ᠎ᠳᠠᠬᠢ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢ ᠦᠨᠡᠡ ᠬᠦ᠌ ᠴᠢᠩᠭ᠋ᠠᠳᠬᠠᠵᠦ᠂ ᠮᠠᠠ᠎ᠤ ᠤᠯᠤᠰ᠎ᠤᠨ ᠤᠮᠠᠷᠠᠲᠦ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠳᠤ ᠴᠤᠬ᠍ᠴᠠᠯᠠᠬᠤ ᠭᠡᠷᠡᠭᠲᠡᠢ ᠭᠡᠵᠦ ᠱᠠᠭ᠋ᠠᠷᠲᠠᠪᠠ᠃
      ᠬᠤᠷᠠᠯ᠎ᠠᠴᠠ 《ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠲᠡᠭᠦᠨ᠎ᠤ ᠤᠷᠤᠨ ᠪᠦᠰᠡ ᠵᠢᠨ ᠨᠡᠢ᠍ᠢ᠍ᠲᠡ ᠵᠢᠨ ᠭᠡᠷᠡᠭᠯᠡᠭᠡᠡ᠎ᠤ ᠲᠦᠷᠦᠯ ᠲᠡᠮᠲᠡᠭ᠎ᠤᠨ ᠪᠦᠲᠦᠭᠡᠡ ᠪᠠᠢ᠍ᠢ᠍ᠭᠤᠯᠤᠯᠲᠠ ᠵᠢᠨ ᠭᠤᠷᠪᠠᠠ ᠵᠢᠯ᠎ᠤᠨ ᠠᠵᠢᠯᠯᠠᠭ᠋ᠠᠨ᠎ᠤ ᠳᠦᠰᠦᠯ (2021 — 2023 ᠤᠨ)》᠎ᠢ ᠬᠢᠨᠠᠠ ᠵᠦᠪᠯᠡᠨ ᠪᠠᠲᠤᠯᠠᠵᠦ᠂ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠲᠡᠭᠦᠨ᠎ᠤ ᠤᠷᠤᠨ ᠪᠦᠰᠡ ᠵᠢᠨ ᠨᠡᠢ᠍ᠢ᠍ᠲᠡ ᠵᠢᠨ ᠭᠡᠷᠡᠭᠯᠡᠭᠡᠡ᠎ᠤ ᠲᠦᠷᠦᠯ ᠲᠡᠮᠲᠡᠭ᠎ᠢ ᠪᠤᠢ ᠪᠤᠯᠭ᠋ᠠᠬᠤ ᠵᠢ ᠮᠠᠯ ᠠᠵᠦ ᠠᠬᠤᠢ ᠲᠠᠷᠢᠶᠠᠯᠠᠩ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ ᠪᠤᠯᠤᠨ ᠮᠠᠯ ᠠᠵᠦ ᠠᠬᠤᠢ ᠲᠠᠷᠢᠶᠠᠯᠠᠩ᠎ᠤᠨ ᠴᠢᠨᠠᠷ ᠰᠠᠢ᠍ᠢ᠍ᠲᠠᠢ ᠬᠦᠭᠵᠢᠯᠲᠠ ᠵᠢ ᠬᠦᠨᠵᠡᠭᠡᠢ᠍ᠢ᠍ᠷᠡᠭᠦᠯᠬᠦ ᠴᠢᠬᠤᠯᠠ ᠭᠠᠷᠲᠠᠴᠠ ᠪᠤᠯᠭ᠋ᠠᠠ᠂ ᠮᠠᠠ᠎ᠤ ᠤᠷᠤᠨ᠎ᠤ ᠨᠡᠩ ᠤᠯᠠᠠ ᠪᠤᠬᠢᠷᠲᠤᠯ ᠦᠭᠡᠢ ᠤᠷᠭ᠋ᠠᠨᠢᠭ ᠴᠢᠨᠠᠷ ᠰᠠᠢ᠍ᠢ᠍ᠲᠠᠢ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠳᠦᠬᠡᠭᠳᠡᠬᠦᠨ᠎ᠢ ᠪᠦᠬᠦ ᠤᠯᠤᠰ᠎ᠲᠤ᠂ ᠲᠡᠯᠡᠭᠡᠢ ᠳ᠋ᠠᠬᠢᠨ᠎ᠳᠤ ᠬᠦᠷᠭᠡᠬᠦ ᠵᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠤᠨᠢᠨ