ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 2021 ᠣᠨ᠎ᠤ 5 ᠳ᠋ᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2021-03-22

      3 ᠰᠠᠷ᠎ᠠ ᠵᠢᠨ 18᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠤᠤ ᠯᠢᠨ᠎ᠤ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠵᠠᠩ ᠱᠤᠤ ᠴᠦᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 2020 ᠣᠨ᠎ᠤ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠪᠠᠶ᠋ᠢᠳᠠᠯ᠎ᠤᠨ ᠮᠡᠳᠡᠭᠦᠯᠦᠯᠲᠡ᠂ 《ᠠᠶ᠋ᠢᠯ ᠲᠣᠰᠬᠣᠨ᠎ᠢ ᠬᠠᠰᠤᠵᠤ ᠨᠡᠶ᠋ᠢᠯᠡᠭᠦᠯᠬᠦ ᠠᠵᠢᠯ᠎ᠢ ᠴᠢᠩᠭ᠎ᠠ ᠵᠢᠷᠤᠮᠵᠢᠭᠤᠯᠬᠤ ᠲᠤᠬᠠᠢ ᠮᠡᠳᠡᠭᠳᠡᠯ》᠎ᠤᠨ ᠠᠷᠭ᠎ᠠ ᠬᠡᠮᠵᠢᠶ᠎ᠡ᠎ᠨᠦᠭᠦᠳ ᠵᠢᠴᠢ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ᠎ᠢ ᠳᠤᠭᠤᠰᠢᠯᠠᠭᠤᠯᠤᠨ ᠨᠠᠢ᠍ᠢ᠍ᠳᠠᠪᠤᠷᠢᠵᠢᠭᠤᠯᠬᠤ ᠵᠡᠷᠭᠡ ᠵᠦᠢ᠍ᠯᠡᠰ᠎ᠢ ᠰᠤᠳᠤᠯᠪᠠ᠃
      ᠬᠤᠷᠠᠯ᠎ᠠᠴᠠ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠪᠣᠯ ᠪᠥᠬᠥ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠡᠲᠡᠭᠡᠷ ᠵᠢᠯ᠎ᠤᠳ᠎ᠲᠤ᠂ ᠮᠠᠨ᠎ᠤ ᠣᠷᠣᠨ᠎ᠤ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ 《ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2015 — 2020 ᠣᠨ)》᠎ᠳᠤ ᠲᠣᠭᠲᠠᠭ᠋ᠠᠭᠰᠠᠨ ᠬᠠᠷᠠᠯᠲᠠ ᠡᠭᠦᠷᠭᠡ ᠵᠢ ᠶᠡᠷᠦᠩᠬᠡᠶ᠎ᠳᠡᠭᠡᠨ ᠪᠡᠶᠡᠯᠡᠭᠦᠯᠦᠭᠰᠡᠨ ᠪᠣᠯᠪᠠᠴᠤ ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠠᠶ᠋ᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠰᠢᠨ᠎ᠡ ᠵᠢ ᠡᠭᠦᠳᠬᠦ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ᠂ ᠦᠨᠡᠨᠴᠢ ᠢᠲᠡᠭᠡᠮᠵᠢᠲᠡᠶ ᠵᠠᠰᠠᠭ᠎ᠤᠨ ᠣᠷᠳᠣᠨ᠂ ᠦᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ᠎ᠲᠠᠢ ᠨᠢᠭᠡᠳᠦᠯᠲᠡᠶ ᠲᠥᠯᠥᠪᠵᠢᠭᠦᠯᠦᠨ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠶ᠃ ᠲᠥᠪ᠎ᠤᠨ ᠱᠠᠭ᠋ᠠᠷᠳᠠᠯᠭ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠣᠷᠣᠰᠢᠵᠤ ᠪᠠᠶ᠋ᠢᠭ᠎ᠠ ᠠᠰᠠᠭᠤᠳᠠᠯ᠎ᠢ ᠨᠠᠷᠢᠨ ᠬᠢᠨᠠᠮᠠᠭ᠋ᠠᠶ ᠰᠢᠢ᠍ᠳᠪᠦᠷᠢᠯᠡᠬᠦ ᠬᠡᠷᠡᠭᠲᠡᠶ᠃ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ ᠳᠤᠮᠳᠠᠬᠢ ᠬᠠᠤᠯᠢᠵᠢᠯ᠎ᠤᠨ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠱᠠᠯᠠᠪᠳᠠᠭᠤᠯᠤᠨ ᠠᠬᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷ᠎ᠤᠨ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠱᠠᠯᠠᠪᠳᠠᠭᠤᠯᠬᠤ ᠬᠡᠷᠡᠭᠲᠡᠢ ᠬᠡᠵᠥ ᠵᠢᠭ᠋ᠠᠵᠥ ᠭᠠᠷᠭ᠋ᠠᠪᠠ᠃
      ᠬᠤᠷᠠᠯ᠎ᠠᠴᠠ᠂ ᠠᠢ᠍ᠢ᠍ᠯ ᠲᠣᠰᠬᠣᠨ᠎ᠢ ᠬᠠᠰᠤᠵᠤ ᠨᠡᠶ᠋ᠢᠯᠡᠭᠦᠯᠬᠦ᠎ᠨᠢ ᠥᠷᠭᠡᠨ ᠤᠯᠠᠨ ᠮᠠᠯᠴᠢᠨ ᠲᠠᠷᠢᠶᠠᠴᠢᠨ᠎ᠤ ᠲᠤᠰ ᠪᠡᠶ᠎ᠡ ᠵᠢᠨ ᠠᠰᠢᠭ ᠲᠤᠰᠠ᠎ᠲᠠᠢ ᠬᠣᠯᠪᠣᠭᠳᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢᠨ ᠪᠦᠬᠦ ᠲᠠᠯ᠎ᠠ᠎ᠲᠠᠢ ᠰᠢᠭᠤᠳ ᠬᠣᠯᠪᠣᠭᠳᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠦᠨ᠂ ᠲᠥᠪ᠎ᠤᠨ ᠵᠣᠷᠢᠭ ᠰᠠᠨᠠᠭ᠎ᠠ ᠵᠢ ᠣᠨᠣᠪᠴᠢᠲᠠᠶ ᠡᠵᠡᠮᠳᠡᠵᠦ᠂ ᠬᠣᠲᠠ ᠬᠥᠳᠡᠭᠡ ᠵᠢᠨ ᠬᠥᠭᠵᠢᠯᠲᠡ ᠪᠦᠲᠦᠭᠡᠨ ᠪᠠᠶ᠋ᠢᠭᠤᠯᠤᠯᠲᠠ ᠵᠢᠨ ᠵᠢᠮ᠎ᠡ ᠶᠣᠰᠣ ᠵᠢ ᠵᠢᠷᠤᠮᠯᠠᠨ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠠᠶ᠋ᠢᠯ ᠲᠣᠰᠬᠣᠨ᠎ᠢ ᠨᠡᠭᠦᠯᠭᠡᠬᠦ ᠪᠠ ᠬᠠᠰᠤᠵᠤ ᠨᠡᠶ᠋ᠢᠯᠡᠭᠦᠯᠬᠦ ᠪᠠᠷᠢᠮᠵᠢᠶ᠎ᠠ ᠪᠣᠯᠤᠨ ᠬᠡᠪᠴᠢᠶ᠎ᠡ ᠵᠢ ᠴᠢᠩᠭ᠎ᠠ ᠵᠠᠭ᠋ᠠᠭᠯᠠᠨ ᠲᠣᠭᠲᠠᠭ᠋ᠠᠵᠤ᠂ ᠬᠠᠰᠤᠵᠤ ᠨᠡᠶ᠋ᠢᠯᠡᠭᠦᠯᠬᠦ ᠵᠢᠨ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ ᠴᠢᠩᠭ᠎ᠠ ᠵᠢᠷᠤᠮᠵᠢᠭᠤᠯᠬᠤ ᠬᠡᠷᠡᠭᠲᠡᠶ᠃ ᠠᠷᠠᠳ ᠲᠦᠮᠡᠨ ᠵᠶ᠋ᠡᠷ ᠭᠤᠤᠯ ᠪᠣᠯᠭ᠋ᠠᠬᠤ ᠵᠢ ᠪᠠᠷᠢᠮᠲᠠᠯᠠᠵᠤ᠂ ᠮᠠᠯᠴᠢᠨ ᠲᠠᠷᠢᠶᠠᠴᠢᠳ᠎ᠤᠨ ᠭᠤᠤᠯ ᠴᠣᠭᠴᠠ ᠵᠢᠨ ᠪᠠᠶ᠋ᠢᠷᠢ ᠰᠠᠭᠤᠷᠢ ᠵᠢ ᠭᠦᠢ᠍ᠴᠡᠳ ᠬᠦᠨᠳᠦᠳᠬᠡᠨ᠂ ᠠᠷᠠᠳᠴᠢᠯᠠᠯ ᠵᠶ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠢ ᠭᠦᠢ᠍ᠴᠡᠳᠬᠡᠵᠦ᠂ ᠮᠠᠯᠴᠢᠨ ᠲᠠᠷᠢᠶᠠᠴᠢᠳ᠎ᠤᠨ ᠠᠰᠢᠭ ᠲᠤᠰᠠ ᠵᠢ ᠰᠠᠶ᠋ᠢᠲᠤᠷ ᠬᠠᠮᠠᠭ᠋ᠠᠯᠠᠬᠤ ᠬᠡᠷᠡᠭᠲᠡᠶ᠃ ᠬᠥᠳᠡᠭᠡ ᠲᠣᠰᠬᠣᠨ᠎ᠤ ᠣᠨᠴᠠᠯᠢᠭᠳᠤ ᠳᠦᠷᠰᠦ ᠪᠠᠶ᠋ᠢᠳᠠᠯ᠎ᠢ ᠦᠯᠡᠳᠡᠭᠡᠵᠦ᠂ ᠶᠡᠬᠡ᠎ᠪᠠᠷ ᠨᠤᠷᠠᠭ᠋ᠠᠵᠤ ᠶᠡᠬᠡ᠎ᠪᠠᠷ ᠪᠠᠶ᠋ᠢᠭᠤᠯᠵᠥ ᠪᠤᠯᠬᠤ ᠦᠭᠡᠶ᠂ ᠮᠠᠯᠴᠢᠨ ᠳᠠᠷᠢᠶᠠᠴᠢᠳ᠎ᠤᠨ ᠬᠦᠰᠡᠯ ᠰᠠᠨᠠᠭ᠎ᠠ᠎ᠠᠴᠠ ᠵᠥᠷᠢᠴᠡᠨ ᠠᠶ᠋ᠢᠯ ᠲᠣᠰᠬᠣᠨ᠎ᠢ ᠬᠠᠰᠤᠵᠤ ᠨᠡᠶ᠋ᠢᠯᠡᠭᠦᠯᠬᠦ ᠵᠢ ᠠᠯᠪᠠᠳᠠᠯᠭ᠎ᠠ᠎ᠪᠠᠷ ᠠᠬᠢᠭᠤᠯᠵᠤ ᠪᠣᠯᠬᠤ ᠦᠭᠡᠢ ᠬᠡᠵᠥ ᠴᠢᠬᠤᠯᠠᠴᠢᠯᠠᠪᠠ᠃
      ᠬᠤᠷᠠᠯ᠎ᠠᠴᠠ ᠪᠠᠰᠠ ᠪᠤᠰᠤᠳ ᠵᠦᠢ᠍ᠯᠡᠰ᠎ᠢ ᠰᠤᠳᠤᠯᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ