ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 2021 ᠣᠨ᠎ᠤ 6 ᠳ᠋ᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2021-04-12

     4 ᠳ᠋ᠦ᠍ᠭᠡᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠤᠤ ᠯᠢᠨ᠎ᠤ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠵᠠᠩ ᠱᠣᠤ ᠴᠦᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠪᠥᠬᠥ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠪᠠ ᠬᠠᠭᠤᠴᠢ ᠰᠤᠳᠤᠯᠤᠯ᠎ᠤᠨ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ (2020 — 2035 ᠣᠨ)᠂ ᠡᠮᠴᠢᠯᠡᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠤᠨ ᠲᠣᠭᠲᠠᠯᠴᠠᠭ᠎ᠠ ᠵᠢᠨ ᠥᠭᠡᠷᠡᠴᠢᠯᠡᠯᠲᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ ᠵᠡᠷᠭᠡ ᠵᠢ ᠰᠣᠳᠣᠯᠣᠨ ᠶᠠᠷᠢᠯᠴᠠᠪᠠ᠃
      ᠬᠤᠷᠠᠯ᠎ᠠᠴᠠ ᠵᠢᠭ᠋ᠠᠬᠤ᠎ᠳᠤ᠎ᠪᠠᠨ᠂ ᠲᠡᠦᠬᠡ ᠵᠢᠨ ᠳᠤᠷᠠᠰᠬᠠᠯᠲᠤ ᠵᠦᠢ᠍ᠯᠡᠰ ᠲᠡᠦᠬᠡ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ᠂ ᠦᠨᠳᠦᠰᠦᠲᠡᠨ᠎ᠤ ᠵᠣᠷᠢᠭ ᠰᠠᠨᠠᠭ᠎ᠠ ᠵᠢ ᠬᠠᠮᠠᠭ᠋ᠠᠯᠠᠵᠤ ᠪᠠᠢ᠌ᠳᠠᠭ᠂ ᠲᠡᠷᠡ ᠪᠣᠯ ᠨᠡᠶ᠋ᠢᠭᠡᠮ ᠵᠢᠷᠤᠮ᠎ᠤᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠭᠦᠨ ᠵᠤᠵᠠᠭ᠋ᠠᠨ ᠰᠢᠮ᠎ᠡ ᠲᠡᠵᠢᠭᠡᠯ ᠮᠥᠨ᠃ ᠶᠡᠷᠦᠩᠬᠡᠶ ᠱᠦᠵᠢ ᠰᠢ ᠵᠢᠨ ᠫᠢᠩ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯ᠎ᠳᠤ ᠠᠭᠤᠯᠤᠭᠳᠠᠵᠤ ᠪᠠᠶ᠋ᠢᠭ᠎ᠠ ᠰᠣᠶᠣᠯ᠎ᠤᠨ ᠠᠭᠤᠯᠤᠭᠳᠠᠬᠤᠨ ᠪᠠ ᠴᠠᠭ ᠦᠶ᠎ᠡ ᠵᠢᠨ ᠦᠨ᠎ᠡ ᠦᠷᠳᠡᠭ᠎ᠢ ᠭᠦᠨᠵᠡᠭᠡᠶ ᠠᠭᠤᠳᠠᠯᠤᠨ ᠰᠢᠰᠲ᠋ᠧᠮ᠎ᠲᠠᠢ᠎ᠪᠠᠷ ᠲᠠᠶ᠋ᠢᠯᠪᠤᠷᠢᠯᠠᠵᠤ᠂ ᠨᠡᠶ᠋ᠢᠭᠡᠮ ᠵᠢᠷᠤᠮ᠎ᠤᠨ ᠰᠣᠶᠣᠯ᠎ᠤᠨ ᠪᠠᠶ᠋ᠢᠭᠤᠯᠤᠯᠲᠠ ᠵᠢ ᠠᠬᠢᠭᠤᠯᠬᠤ᠎ᠳᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠶ᠃ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠳᠦᠷ ᠲᠤᠳᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠢ ᠦᠨᠡᠨ ᠬᠦ᠌ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠠᠮᠢᠶᠠᠷᠴᠤ᠂ ᠰᠠᠶ᠋ᠢᠲᠤᠷ ᠬᠡᠷᠡᠭᠯᠡᠵᠦ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠠᠴᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠂ ᠬᠤᠪᠢᠰᠬᠠᠯᠲᠤ ᠤᠯᠠᠮᠵᠢᠯᠠᠯ᠎ᠤᠨ ᠬᠥᠮᠦᠵᠢᠯ᠂ ᠡᠬᠡ ᠣᠷᠣᠨᠴᠢ ᠦᠵᠡᠯ᠎ᠤᠨ ᠬᠥᠮᠦᠵᠢᠯ ᠵᠡᠷᠭᠡ ᠲᠠᠯ᠎ᠠ᠎ᠳᠤ ᠦᠵᠡᠭᠦᠯᠬᠦ ᠴᠢᠬᠤᠯᠠ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠶ ᠭᠡᠵᠡᠢ᠃
      ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠦᠢ᠍ᠯᠡᠳᠪᠦᠷᠢᠯᠡᠯ᠂ ᠠᠮᠢᠳᠤᠷᠠᠯ᠂ ᠠᠮᠢ ᠠᠬᠤᠢ ᠵᠢᠨ ᠣᠷᠣᠨ ᠵᠠᠢ ᠵᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠯᠠᠭᠤᠯᠬᠤ ᠪᠣᠯ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠪ᠎ᠠᠴᠠ ᠥᠪᠥᠷ ᠮᠣᠩᠭᠣᠯ᠎ᠳᠤ ᠣᠯᠭᠣᠭᠰᠠᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠰᠠᠶ᠋ᠢᠲᠤᠷ ᠵᠠᠮᠨᠠᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠪᠣᠯᠤᠨ᠎ᠠ᠃ ᠤᠯᠤᠰ᠎ᠤᠨ ᠭᠠᠵᠠᠷ ᠰᠢᠷᠤᠢ ᠵᠢᠨ ᠣᠷᠣᠨ ᠵᠠᠶ ᠵᠢᠨ ᠲᠥᠯᠥᠪᠵᠢᠭᠦᠯᠭᠡ᠎ᠪᠠᠷ ᠦᠨᠳᠦᠰᠦᠯᠡᠯ ᠪᠣᠯᠭ᠋ᠠᠵᠤ᠂ 《ᠭᠤᠷᠪᠠᠨ ᠣᠷᠣᠨ ᠭᠤᠷᠪᠠᠨ ᠱᠤᠭᠤᠮ》 ᠵᠶ᠋ᠠᠷ ᠠᠵᠤ ᠠᠬᠤᠶ ᠵᠢᠨ ᠪᠦᠲᠦᠴᠡ ᠵᠢ ᠲᠣᠬᠢᠷᠠᠭᠤᠯᠬᠤ᠂ ᠠᠵᠤ ᠦᠢ᠍ᠯᠡᠰ᠎ᠤᠨ ᠬᠥᠭᠵᠢᠯᠲᠡ ᠵᠢ ᠲᠥᠯᠥᠪᠵᠢᠭᠦᠯᠬᠦ᠂ ᠬᠤᠳᠠ ᠪᠠᠯᠭ᠋ᠠᠰᠤᠵᠢᠯᠳᠠ ᠵᠢ ᠠᠬᠢᠭᠤᠯᠬᠤ᠎ᠳᠤ ᠳᠠᠪᠠᠵᠤ ᠪᠣᠯᠤᠰᠢ ᠦᠭᠡᠢ ᠤᠯᠠᠭ᠋ᠠᠨ ᠱᠤᠭᠤᠮ ᠪᠣᠯᠭ᠋ᠠᠵᠤ᠂ ᠪᠡᠶᠡᠴᠢ ᠴᠣᠭᠴᠠ ᠵᠢᠨ ᠴᠢᠳᠠᠮᠵᠢ᠎ᠨᠢ ᠢᠯᠡᠷᠬᠡᠶ᠂ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ ᠨᠥᠬᠥᠪᠦᠷᠢᠯᠡᠬᠦ᠂ ᠴᠢᠨᠠᠷ ᠰᠠᠢ᠌ᠲᠠᠢ ᠬᠥᠭᠵᠢᠭᠦᠯᠬᠦ ᠤᠯᠤᠰ᠎ᠤᠨ ᠭᠠᠵᠠᠷ ᠰᠢᠷᠤᠢ ᠵᠢᠨ ᠣᠷᠣᠨ ᠵᠠᠶ ᠵᠢᠨ ᠨᠡᠭᠡᠭᠡᠯᠲᠡ ᠬᠠᠮᠠᠭ᠋ᠠᠯᠠᠯᠲᠠ ᠵᠢᠨ ᠰᠢᠨ᠎ᠡ ᠪᠠᠶ᠋ᠢᠷᠢᠰᠢᠯ᠎ᠢ ᠲᠦᠷᠭᠡᠪᠴᠢᠯᠡᠨ ᠪᠤᠢ ᠪᠣᠯᠭ᠋ᠠᠬᠤ ᠬᠡᠷᠡᠭᠲᠡᠶ᠃ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠ ᠬᠡᠷᠡᠭᠴᠡᠭᠡ ᠵᠢ ᠵᠠᠬᠢᠷᠤᠨ ᠬᠠᠮᠢᠶᠠᠷᠬᠤ ᠵᠢ ᠴᠢᠩᠭ᠋ᠠᠳᠬᠠᠵᠤ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠎ᠤᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠴᠢᠳᠠᠪᠤᠷᠢ ᠵᠢ ᠴᠢᠩᠭ᠋ᠠᠳᠬᠠᠵᠤ᠂ ᠨᠡᠭᠦᠷᠡᠰᠦᠲᠥ᠋ᠷᠥᠭᠴᠢ ᠵᠢ ᠤᠷᠬᠢᠯ᠎ᠳᠤ ᠬᠦᠷᠦᠭᠦᠯᠬᠦ ᠪᠠ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠡᠭᠦᠷᠭᠡ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃ ᠤᠯᠤᠰ᠎ᠤᠨ ᠭᠠᠵᠠᠷ ᠰᠢᠷᠤᠢ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ 《ᠬᠣᠶᠠᠷ ᠬᠠᠯᠬᠠᠪᠴᠢ》᠂

《ᠬᠣᠶᠠᠷ ᠰᠠᠭᠤᠷᠢᠨ ᠭᠠᠵᠠᠷ》᠂ 《ᠨᠢᠭᠡ ᠪᠡᠬᠢᠯᠡᠯᠲᠡ》 ᠵᠢ ᠲᠦᠷᠭᠡᠪᠴᠢᠯᠡᠨ ᠪᠠᠶ᠋ᠢᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠲᠡᠶ ᠭᠡᠵᠡᠢ᠃
      ᠬᠤᠷᠠᠯ᠎ᠠᠴᠠ ᠵᠢᠭ᠋ᠠᠬᠤ᠎ᠳᠤ᠎ᠪᠠᠨ᠂ ᠥᠪᠡᠷᠲᠡᠭᠡᠨ ᠵᠠᠰᠠᠬᠤ ᠣᠷᠣᠨ 《ᠡᠮᠴᠢᠯᠡᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠤᠨ ᠲᠣᠭᠲᠠᠯᠴᠠᠭ᠎ᠠ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠠᠷᠭ᠎ᠠ ᠬᠡᠮᠵᠢᠶ᠎ᠡ᠎ᠨᠦᠭᠦᠳ》᠎ᠢ ᠰᠤᠳᠤᠯᠤᠨ ᠲᠣᠭᠲᠠᠭ᠋ᠠᠭᠰᠠᠨ᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠢᠯᠣᠭᠣᠳᠬᠤ ᠰᠠᠨᠠᠯ᠎ᠢ ᠨᠠᠶ᠋ᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠮᠥᠨ ᠪᠥᠭᠡᠳ᠂ ᠮᠠᠨ᠎ᠤ ᠣᠷᠣᠨ᠎ᠤ ᠡᠮᠴᠢᠯᠡᠭᠡ ᠵᠢᠨ ᠳᠠᠭ᠋ᠠᠳᠬᠠᠯ᠎ᠤᠨ ᠵᠠᠰᠠᠯᠲᠠ ᠵᠢᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ᠂ ᠰᠠᠭᠤᠷᠢ ᠮᠥᠩᠭᠥ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠬᠠᠤᠯᠢᠵᠢᠭᠤᠯᠬᠤ᠂ ᠲᠤᠰᠬᠠᠶ᠋ᠢᠵᠢᠭᠤᠯᠬᠤ᠂ ᠵᠢᠷᠤᠮᠵᠢᠭᠤᠯᠬᠤ᠂ ᠪᠠᠶ᠋ᠢᠩᠭᠤᠵᠢᠭᠤᠯᠬᠤ ᠵᠢ ᠪᠡᠶᠡᠯᠡᠭᠦᠯᠬᠦ᠎ᠪᠠᠷ ᠬᠠᠷᠠᠯᠲᠠ ᠪᠣᠯᠭ᠋ᠠᠵᠤ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠭᠦᠢ᠍ᠴᠡᠳᠬᠡᠨ᠂ ᠰᠠᠭᠤᠷᠢ ᠮᠥᠩᠭᠥ ᠵᠢᠨ ᠠᠮᠤᠷ ᠲᠦᠪᠰᠢᠨ᠎ᠤ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠨᠡᠶ᠋ᠢᠭᠡᠮ᠎ᠤᠨ ᠲᠥᠪ ᠭᠣᠤᠯᠴᠢ ᠰᠢᠳᠤᠷᠭᠤ ᠶᠣᠰᠣ ᠪᠠ ᠠᠷᠠᠳ ᠣᠯᠠᠨ᠎ᠤ ᠡᠷᠡᠭᠦᠯ ᠮᠡᠨᠳᠦ ᠵᠢᠨ ᠡᠷᠬᠡ ᠠᠰᠢᠭ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠶ ᠭᠡᠵᠡᠢ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ