ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠦᠪᠡᠷᠲᠡᠭᠡᠨ ᠵᠠᠰᠠᠬᠤ ᠣᠷᠤᠨ᠎ᠤ ᠵᠠᠰᠠᠭ᠎ᠤᠨ ᠣᠷᠳᠤᠨ᠎ᠤ 2021 ᠣᠨ᠎ᠤ 8 ᠳ᠋ᠤᠭ᠋ᠠᠷ ᠤᠳᠠᠭ᠎ᠠ ᠵᠢᠨ ᠪᠠᠢ᠌ᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2021-05-25

      5 ᠰᠠᠷ᠎ᠠ ᠵᠢᠨ 12᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠶ᠋ᠢᠩᠭᠤ ᠵᠢᠨ ᠬᠤᠷᠠᠯ ᠬᠤᠷᠠᠯᠳᠤᠭᠤᠯᠵᠤ᠂ ᠪᠦᠬᠦ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠬᠣᠯᠪᠣᠭᠳᠠᠯ ᠪᠦᠬᠦᠢ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠰᠠᠨᠠᠯ ᠵᠡᠷᠭᠡ ᠵᠦᠢ᠍ᠯ᠎ᠢ ᠰᠤᠳᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠤᠤ ᠯᠢᠨ᠎ᠤ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ᠎ᠢ ᠡᠷᠭᠢᠯᠡᠪᠡ᠃
      ᠬᠤᠷᠠᠯ᠎ᠠᠴᠠ᠂ ᠡᠨᠡ ᠵᠢᠯ ᠪᠣᠯ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠵᠢᠯ ᠪᠣᠯᠤᠨ᠎ᠠ᠂ ᠡᠶ᠎ᠡ ᠵᠣᠬᠢᠴᠠᠩᠭᠤᠢ ᠠᠮᠤᠷ ᠲᠣᠭᠲᠠᠭᠤᠨ ᠨᠡᠶ᠋ᠢᠭᠡᠮ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ᠎ᠨᠢ ᠮᠠᠰᠢ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠤᠯᠠᠮ ᠴᠢᠨᠠᠭᠰᠢᠳᠠ ᠪᠠᠲᠤ ᠪᠣᠶ ᠪᠣᠯᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠠᠶᠤᠯᠭᠦᠶ ᠦᠢ᠍ᠯᠡᠳᠪᠦᠷᠢᠯᠡᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠶᠤᠯᠭᠦᠶ ᠦᠢ᠍ᠯᠡᠳᠪᠦᠷᠢᠯᠡᠯ᠎ᠤᠨ ᠲᠤᠬᠠᠶ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠵᠢ ᠲᠡᠷᠡ ᠶᠣᠰᠣᠭ᠋ᠠᠷ᠎ᠨᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠵᠢᠨ ᠬᠣᠷᠢᠭ᠎ᠠ ᠱᠤᠭᠤᠮ ᠪᠣᠯᠤᠨ ᠤᠯᠠᠭ᠋ᠠᠨ ᠱᠤᠭᠤᠮ᠎ᠢ ᠡᠷᠡᠰ ᠰᠠᠬᠢᠬᠤ ᠬᠡᠷᠡᠭᠲᠡᠶ᠃ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ᠎ᠢ ᠡᠷᠡᠰ ᠰᠠᠶ᠋ᠢᠲᠤᠷ ᠨᠠᠶ᠋ᠢᠳᠠᠪᠤᠷᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ᠂ ᠲᠤᠰᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠵᠢ ᠪᠠᠷᠢᠮᠲᠠᠯᠠᠵᠤ᠂ ᠣᠷᠣᠨ ᠨᠤᠲᠤᠭ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠬᠤ ᠬᠠᠷᠢᠭᠤᠴᠠᠯᠭ᠎ᠠ ᠪᠣᠯᠤᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠢ; 《ᠭᠤᠷᠪᠠᠨ ᠡᠷᠬᠡᠪᠰᠢ》 ᠵᠢᠨ ᠱᠠᠭ᠋ᠠᠷᠳᠠᠯᠭ᠎ᠠ ᠶᠣᠰᠣᠭ᠋ᠠᠷ᠂ ᠰᠠᠯᠠᠭ᠎ᠠ ᠮᠥᠴᠢᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠤᠯᠠᠮ ᠴᠢᠨᠠᠬᠰᠢᠳᠠ ᠲᠣᠳᠣᠷᠬᠠᠶ᠋ᠢᠯᠠᠬᠤ ᠭᠡᠷᠡᠭᠲᠡᠢ; ᠠᠵᠤ ᠠᠬᠤᠶ᠋ᠢᠯᠠᠯ᠎ᠤᠨ ᠠᠶᠤᠯᠬᠦᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠴᠢᠩᠭ᠎ᠠ ᠨᠠᠶ᠋ᠢᠳᠠᠪᠤᠷᠢᠵᠢᠭᠤᠯᠬᠤ ᠵᠢ ᠱᠠᠯᠠᠪᠳᠠᠭᠤᠯᠵᠦ᠂ ᠠᠵᠤ ᠠᠬᠤᠶ᠋ᠢᠯᠠᠯ᠎ᠤᠨ ᠭᠣᠣᠯ ᠬᠠᠷᠢᠭᠤᠴᠠᠯᠭ᠋ᠠᠲᠠᠨ ᠠᠵᠤ ᠠᠬᠤᠶ᠋ᠢᠯᠠᠯ᠎ᠤᠨ ᠠᠶᠤᠯᠬᠦᠢ ᠦᠢ᠍ᠯᠡᠳᠪᠦᠷᠢᠯᠡᠯ᠎ᠤᠨ ᠠᠵᠢᠯ᠎ᠢ ᠦᠨᠡᠨ ᠬᠦ᠌ ᠪᠦᠬᠦ ᠲᠠᠯ᠎ᠠ᠎ᠪᠠᠷ ᠬᠠᠷᠢᠭᠤᠴᠠᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠬᠤᠷᠠᠯ᠎ᠠᠴᠠ᠂ ᠠᠶᠤᠯᠭᠦᠢ ᠦᠢ᠍ᠯᠡᠳᠪᠦᠷᠢᠯᠡᠯ᠎ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢ ᠲᠥᠪᠯᠡᠷᠡᠭᠦᠯᠦᠨ ᠪᠣᠭᠣᠮᠲᠠ ᠰᠢᠪᠲᠤᠯᠬᠤ ᠠᠵᠢᠯ᠎ᠢ ᠲᠤᠪᠤᠢ᠍ᠢ᠍ᠮ᠎ᠠ ᠰᠠᠶ᠋ᠢᠲᠤᠷ ᠠᠳᠬᠤᠬᠤ ᠬᠡᠷᠡᠭᠲᠡᠢ᠃ ᠭᠣᠣᠯᠳᠠᠯᠭ᠎ᠠ᠎ᠲᠠᠢ ᠠᠵᠢᠯ ᠲᠦᠷᠦᠯ᠎ᠤᠨ ᠬᠦᠷᠢᠶᠡᠨ᠎ᠳᠠᠬᠢ ᠲᠤᠰᠬᠠᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠦᠨᠳᠦ ᠶᠡᠬᠡ ᠠᠰᠠᠭᠤᠳᠠᠯ᠎ᠤᠨ ᠭᠡᠮ ᠰᠤᠭᠤᠭ᠎ᠢ ᠦᠨᠳᠦᠰᠦᠨ᠎ᠠᠴᠠ᠎ᠨᠢ ᠲᠤᠶ᠋ᠢᠯᠪᠤᠷᠢᠲᠠᠢ ᠵᠠᠰᠠᠵᠤ᠂ ᠬᠦᠨᠳᠦ ᠶᠡᠬᠡ ᠣᠨᠴᠠ ᠶᠡᠬᠡ ᠡᠨᠳᠡᠯ ᠭᠠᠷᠬᠤ ᠵᠢ ᠡᠷᠡᠰ ᠬᠣᠷᠢᠬᠯᠠᠬᠤ ᠭᠡᠷᠡᠭᠲᠡᠢ᠃ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠡᠷᠴᠢᠮ ᠵᠶ᠋ᠠᠨ ᠴᠢᠨᠭ᠌ᠭ᠋ᠠᠷᠠᠭᠤᠯᠵᠦ᠂ ᠬᠠᠤᠯᠢ ᠪᠤᠰᠤ᠎ᠪᠠᠷ ᠪᠠ ᠬᠠᠤᠯᠢ᠎ᠠᠴᠠ ᠵᠥᠷᠢᠴᠡᠨ ᠦᠢ᠍ᠯᠡᠳᠪᠦᠷᠢᠯᠡᠬᠦ᠂ ᠡᠵᠡᠩᠨᠡᠬᠦ᠂ ᠪᠦᠲᠦᠭᠡᠨ ᠪᠠᠶ᠋ᠢᠭᠤᠯᠬᠤ᠂ ᠬᠠᠳᠠᠭ᠋ᠠᠯᠠᠬᠤ ᠵᠢᠴᠢ ᠲᠡᠭᠡᠭᠡᠪᠦᠷᠢᠯᠡᠬᠦ ᠵᠡᠷᠭᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠦᠪᠰᠢᠨ᠎ᠢ ᠲᠠᠰᠤᠷᠠᠯᠲᠠ ᠤᠢ᠍ᠭᠡᠢ ᠳᠡᠭᠡᠭᠰᠢᠯᠡᠭᠦᠯᠬᠦ ᠬᠡᠷᠡᠭᠲᠡᠶ᠃ ᠰᠠᠭᠤᠷᠢ ᠪᠠᠲᠤᠯᠠᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠵᠢ ᠤᠯᠠᠮ ᠴᠢᠨᠠᠭᠰᠢᠳᠠ ᠴᠢᠩᠭ᠋ᠠᠳᠬᠠᠵᠤ᠂ ᠠᠶᠤᠯᠭᠦᠢ ᠦᠢ᠍ᠯᠡᠳᠪᠦᠷᠢᠯᠡᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠲᠤᠪᠤᠢ᠍ᠢ᠍ᠮ᠎ᠠ ᠰᠠᠶ᠋ᠢᠲᠤᠷ ᠠᠳᠬᠤᠵᠤ᠂ ᠮᠡᠳᠡᠭᠡ ᠵᠠᠩᠭᠢᠵᠢᠯᠲᠠ᠂ ᠤᠶᠤᠨᠴᠢᠯᠠᠬᠰᠠᠨ ᠮᠡᠷᠭᠡᠵᠢᠯ᠎ᠤᠨ ᠠᠶᠤᠯ ᠲᠦᠭᠰᠢᠭᠦᠷᠢ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠢᠯᠣᠭᠣᠳᠤᠨ ᠠᠪᠤᠷᠠᠨ ᠲᠤᠰᠠᠯᠠᠬᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠡᠷᠭᠡ ᠲᠠᠯ᠎ᠠ᠎ᠪᠠᠷ ᠰᠠᠢ᠍ᠢ᠍ᠳᠤᠷ ᠬᠤᠷᠠᠮᠳᠤᠭᠤᠯᠤᠨ ᠬᠡᠷᠡᠭᠯᠡᠬᠦ ᠵᠢ ᠠᠬᠢᠭᠤᠯᠬᠤ ᠬᠡᠷᠡᠭᠲᠡᠢ᠃ ᠡᠯ᠎ᠡ ᠲᠥᠷᠥᠯ᠎ᠤᠨ ᠪᠠᠴᠢᠮ ᠪᠠᠶ᠋ᠢᠳᠠᠯ᠎ᠢ ᠠᠷᠭ᠋ᠠᠴᠡᠭ᠋ᠠᠵᠤ ᠠᠪᠤᠷᠠᠨ ᠲᠤᠰᠠᠯᠠᠬᠤ ᠬᠦᠴᠦᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠡᠨᠳᠡᠯ᠎ᠢ ᠠᠪᠤᠷᠠᠨ ᠲᠤᠰᠠᠯᠠᠵᠤ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠰᠠᠶ᠋ᠢᠲᠤᠷ ᠠᠳᠬᠤᠵᠤ᠂ ᠭᠣᠣᠯ ᠰᠡᠳᠦᠪ᠎ᠲᠠᠢ ᠨᠢᠭᠲᠠ ᠤᠶᠠᠯᠳᠤᠭᠤᠯᠤᠨ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠵᠦ᠂ ᠠᠶᠤᠯᠭᠦᠢ ᠦᠢ᠍ᠯᠡᠳᠪᠦᠷᠢᠯᠡᠯ᠎ᠤᠨ ᠲᠣᠭᠲᠠᠭᠤᠨ ᠪᠠᠶ᠋ᠢᠳᠠᠯ᠎ᠢ ᠨᠡᠩ ᠬᠦᠴᠦᠲᠡᠢ ᠬᠠᠮᠠᠭ᠋ᠠᠯᠠᠵᠤ᠂ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ᠎ᠳᠤ ᠰᠠᠢ᠍ᠢ᠍ᠨ ᠰᠠᠶ᠋ᠢᠬᠠᠨ ᠣᠷᠴᠢᠨ ᠨᠥᠬᠥᠴᠡᠯ᠎ᠢ ᠪᠤᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠵᠦ᠂ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠪᠠ ᠠᠮᠢ ᠠᠬᠤᠢ ᠵᠢᠨ ᠰᠡᠷᠭᠦᠭᠡᠯᠲᠡ ᠵᠢ ᠴᠢᠩᠭ᠋ᠠᠳᠬᠠᠬᠤ᠎ᠨᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠳᠦᠭᠡᠨ ᠪᠠᠶ᠋ᠢᠭᠤᠯᠬᠤ᠂ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠬᠡᠷᠡᠭᠵᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠤᠳᠤᠯᠤᠯᠳᠠ ᠪᠠᠶ᠋ᠢᠷᠢᠯᠠᠭᠤᠯᠤᠯᠲᠠ ᠶᠣᠰᠣᠭ᠋ᠠᠷ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠨᠠᠷᠢᠨ ᠬᠢᠨᠠᠮᠠᠭ᠋ᠠᠶ ᠰᠠᠶ᠋ᠢᠲᠤᠷ ᠠᠳᠬᠤᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ ᠣᠷᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠡᠬᠢ ᠡᠭᠦᠰᠦᠯ᠎ᠠᠴᠠ᠎ᠨᠢ ᠵᠠᠰᠠᠬᠤ᠂ ᠪᠥᠬᠥ ᠣᠷᠣᠨ ᠪᠦᠰᠡ ᠵᠢ ᠪᠦᠷᠬᠦᠭᠦᠯᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠡᠴᠡ ᠵᠢ ᠪᠠᠶ᠋ᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠢ᠍ᠢ᠍ᠭᠤᠯᠤᠨ ᠪᠡᠬᠢᠵᠢᠬᠦᠯᠵᠦ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠬᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠰᠠᠶ᠋ᠢᠲᠤᠷ ᠵᠠᠮᠨᠠᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ (ᠲᠥᠰᠦᠯ)》 ᠵᠢ ᠬᠢᠨᠠᠨ ᠵᠥᠪᠯᠡᠵᠦ ᠪᠠᠲᠤᠯᠠᠪᠠ᠃ ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ