6 ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠤᠨ ᠣᠷᠳᠣᠨ ᠪᠠᠶ᠋ᠢᠩᠭᠤ ᠵᠢᠨ ᠬᠤᠷᠠᠯ ᠬᠤᠷᠠᠯᠳᠤᠭᠤᠯᠵᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠢ ᠪᠠᠶ᠋ᠢᠷᠢᠯᠠᠭᠤᠯᠵᠤ᠂ ᠤᠷᠠᠳ᠎ᠤᠨ ᠳᠤᠮᠳᠠᠳᠤ ᠬᠣᠰᠢᠭᠤ᠂ ᠠᠷᠤ ᠬᠣᠷᠴᠢᠨ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠯᠵᠢᠯᠳᠠ ᠵᠢᠨ ᠪᠦᠰᠡ ᠵᠢᠨ ᠮᠠᠯᠵᠢᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠤᠨ ᠲᠥᠰᠦᠯ ᠵᠡᠷᠭᠡ ᠵᠦᠢ᠍ᠯᠡᠰ᠎ᠢ ᠰᠤᠳᠤᠯᠵᠠᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠤᠤ ᠯᠢᠨ᠎ᠤ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ᠎ᠢ ᠡᠷᠭᠢᠯᠡᠪᠡ᠃
ᠬᠤᠷᠠᠯ᠎ᠠᠴᠠ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠪᠣᠶ᠋ᠢᠵᠢᠭᠤᠯᠤᠨ ᠬᠥᠭᠵᠢᠭᠡᠬᠦ᠎ᠨᠢ ᠠᠵᠤ ᠠᠬᠤᠢ ᠵᠢᠨ ᠦᠷᠭᠦᠯᠵᠢᠯᠡᠨ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠬᠤ᠂ ᠪᠦᠬᠦ ᠵᠢᠯ᠎ᠤᠨ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ᠃ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠠᠴᠠ᠎ᠪᠠᠨ ᠡᠭᠦᠰᠴᠦ᠂ ᠪᠦᠬᠦ ᠤᠯᠤᠰ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠦᠴᠦᠯᠡᠨ ᠬᠥᠭᠵᠢᠭᠡᠬᠦ ᠲᠧᠯᠸᠢᠰ ᠤᠲᠠᠰᠤ ᠬᠤᠷᠠᠯ᠎ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠢ ᠰᠠᠶ᠋ᠢᠳ ᠯᠢ ᠺᠸ ᠴᠢᠶᠠᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠤᠰᠬᠠᠯ ᠴᠢᠩᠭ᠎ᠠ ᠪᠠᠶ᠋ᠢᠭ᠎ᠠ ᠲᠦᠭᠵᠢᠷᠡᠯ ᠠᠰᠠᠭᠤᠳᠠᠯ᠂ ᠡᠪᠡᠷᠰᠢᠶᠡᠯ ᠠᠰᠠᠭᠤᠳᠠᠯ᠂ ᠬᠦᠴᠢᠷᠳᠡᠯ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠤᠷᠤᠬᠤ ᠵᠢ ᠵᠥᠪᠰᠢᠶᠡᠷᠡᠬᠦ ᠪᠠᠷᠢᠮᠵᠢᠶ᠎ᠠ ᠵᠢ ᠴᠢᠨᠠᠭᠰᠢᠳᠠ ᠴᠢᠯᠦᠭᠡᠳᠠᠢ ᠪᠤᠯᠭ᠋ᠠᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠨ᠎ᠡ ᠵᠢ ᠡᠭᠦᠳᠦᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠦᠴᠦᠯᠡᠨ ᠪᠤᠢ ᠪᠣᠯᠭ᠋ᠠᠵᠤ᠂ 《ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯᠯᠠᠭ᠎ᠠ ᠵᠢᠨ ᠲᠥᠰᠦᠯ》᠎ᠢ ᠵᠣᠬᠢᠶᠠᠨ ᠪᠠᠶ᠋ᠢᠭᠤᠯᠵᠦ ᠬᠡᠷᠡᠭᠵᠢᠭᠦᠯᠬᠦ ᠪᠠ ᠱᠠᠯᠠᠪᠳᠠᠭᠤᠯᠤᠨ ᠨᠠᠶ᠋ᠢᠳᠠᠪᠤᠷᠢᠵᠢᠭᠤᠯᠬᠤ ᠵᠢ ᠲᠤᠪᠤᠶ᠋ᠢᠮ᠎ᠠ ᠪᠠᠢ᠍ᠢ᠍ᠷᠢᠨ᠎ᠳᠤ ᠲᠠᠯᠪᠢᠨ ᠰᠠᠶ᠋ᠢᠲᠤᠷ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠤᠨ ᠡᠯ᠎ᠡ ᠬᠦᠷᠢᠶ᠎ᠠ ᠴᠠᠷᠠᠭ᠋ᠠᠨ᠎ᠳᠠᠬᠢ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠦᠨᠡᠨᠴᠢ ᠢᠲᠡᠭᠡᠮᠵᠢᠲᠡᠢ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠤᠯᠢᠵᠢᠯ᠎ᠤᠨ ᠠᠷᠭ᠎ᠠ ᠪᠠᠷᠢᠯ ᠵᠶ᠋ᠠᠷ ᠥᠭᠡᠷᠡᠴᠢᠯᠡᠯᠲᠡ ᠵᠢ ᠬᠠᠤᠯᠢ ᠶᠣᠰᠣᠭ᠋ᠠᠷ ᠡᠮᠬᠢ ᠲᠢᠭᠯᠢᠮ᠎ᠲᠠᠢ ᠠᠬᠢᠭᠤᠯᠬᠤ ᠵᠢ ᠪᠠᠲᠤᠯᠠᠵᠤ᠂ ᠤᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡ ᠵᠢᠨ ᠰᠠᠭ᠋ᠠᠳ ᠦᠭᠡᠢ ᠪᠥᠭᠡᠳ ᠳᠥᠭᠥᠮ ᠲᠦᠷᠬᠡᠨ ᠪᠠᠶ᠋ᠢᠬᠤ ᠵᠢ ᠠᠬᠢᠭᠤᠯᠬᠤ ᠬᠡᠷᠡᠭᠲᠡᠢ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠬᠦᠴᠦᠯᠡᠨ ᠠᠬᠢᠭᠤᠯᠵᠤ᠂ 《ᠮᠥᠩᠬᠡ ᠰᠤᠪᠠᠭ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭ ᠵᠶ᠋ᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠨ᠂ 《ᠨᠢᠭᠡ ᠰᠦᠯᠵᠢᠶ᠎ᠡ᠎ᠪᠠᠷ ᠭᠦᠢ᠍ᠴᠡᠳᠬᠡᠬᠦ》᠂
《ᠠᠯᠠᠭ᠋ᠠᠨ ᠳᠡᠭᠡᠷ᠎ᠡ ᠭᠦᠢ᠍ᠴᠡᠳᠬᠡᠬᠦ》᠂ 《ᠨᠢᠭᠡ ᠯᠡ ᠤᠳᠠᠭ᠎ᠠ᠎ᠳᠤ ᠭᠦᠢ᠍ᠴᠡᠳᠬᠡᠬᠦ》᠂ 《ᠲᠠᠨ᠎ᠳᠤ ᠬᠠᠪᠰᠤᠷᠤᠨ ᠭᠦᠢ᠍ᠴᠡᠳᠬᠡᠬᠦ》 ᠲᠠᠯ᠎ᠠ᠎ᠪᠠᠷ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠠᠪᠴᠤ᠂ 《ᠦᠢ᠍ᠯᠡᠴᠢᠯᠡᠭᠡᠨ᠎ᠢ ᠬᠠᠯᠠᠭᠤᠮᠰᠤᠭ᠂ ᠠᠵᠢᠯ ᠶᠠᠪᠤᠳᠠᠯ ᠬᠦᠢ᠍ᠴᠡᠳᠬᠡᠬᠦ᠎ᠨᠢ ᠲᠦᠷᠭᠡᠨ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠠᠩᠭ᠋ᠠᠬᠤ ᠬᠡᠷᠡᠭᠲᠡᠶ᠃ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠣᠳᠠᠲᠠᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠬᠦᠴᠦᠯᠡᠨ ᠠᠬᠢᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠨᠡᠩ ᠰᠠᠶ᠋ᠢᠲᠤᠷ ᠦᠢ᠍ᠯᠡᠴᠢᠯᠡᠵᠦ᠂ ᠲᠡᠭᠦᠨ᠎ᠤ ᠰᠢᠨ᠎ᠡ ᠵᠢ ᠡᠭᠦᠳᠴᠤ ᠦᠢ᠍ᠯᠡᠰ ᠪᠤᠰᠬᠠᠬᠤ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠬᠦ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠮᠠᠯᠵᠢᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠢ ᠪᠥᠲᠥᠭᠡᠨ ᠪᠠᠶ᠋ᠢᠭᠤᠯᠬᠤ᠎ᠳᠤ ᠶᠡᠷᠦᠩᠬᠡᠶ ᠱᠦᠵᠢ ᠰᠢ ᠵᠢᠨ ᠫᠢᠩ᠎ᠤᠨ
《ᠬᠥᠳᠡᠭᠡ ᠠᠵᠤ ᠠᠬᠤᠶ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠣᠯᠤᠨ ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠠᠵᠢᠯ᠎ᠢ ᠴᠢᠩᠭ᠋ᠠᠳᠬᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ᠎ᠤᠳ ᠵᠢᠴᠢ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠲᠣᠬᠢᠷᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ᠃ ᠲᠤᠷᠰᠢᠯᠲᠠ ᠵᠢᠨ ᠴᠡᠭ᠎ᠤᠨ ᠠᠶ᠋ᠢᠮᠠᠭ ᠬᠣᠲᠠ᠂ ᠬᠣᠰᠢᠭᠤ ᠰᠢᠶᠠᠨ᠎ᠨᠤᠭᠤᠳ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠦ ᠬᠡᠷᠡᠭᠵᠢᠭᠦᠯᠤᠨ᠂ ᠲᠤᠷᠰᠢᠯᠲᠠ ᠵᠢᠨ ᠠᠵᠢᠯ ᠦᠨᠡᠨ ᠪᠣᠳᠠᠲᠠᠶ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠢᠨ ᠵᠢᠯᠣᠭᠣᠳᠤᠨ ᠳᠡᠮᠵᠢᠬᠦ ᠡᠷᠴᠢᠮ ᠵᠶ᠋ᠠᠨ ᠴᠢᠨᠭ᠌ᠭ᠋ᠠᠷᠠᠭᠤᠯᠵᠤ᠂ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ ᠵᠶ᠋ᠠᠷ ᠳᠠᠮᠵᠢᠨ᠂ ᠠᠵᠢᠯ᠎ᠤᠨ ᠳᠤᠮᠳᠠᠬᠢ ᠬᠦᠴᠢᠷᠳᠡᠯ ᠪᠣᠯᠤᠨ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢ᠍ᠳᠪᠦᠷᠢᠯᠡᠬᠦ ᠬᠡᠷᠡᠭᠲᠡᠶ ᠭᠡᠵᠤ ᠴᠢᠬᠤᠯᠠᠴᠢᠯᠠᠪᠠ᠃
ᠬᠤᠷᠠᠯ᠎ᠠᠴᠠ᠂ ᠵᠠᠮ ᠦᠨᠭᠭᠡᠷᠡᠬᠦ ᠲᠡᠷᠭᠡ ᠬᠦᠰᠭᠡ ᠵᠢᠨ ᠥᠨᠳᠥᠷ᠎ᠤᠨ ᠬᠡᠮᠵᠢᠶ᠎ᠡ ᠪᠤᠯᠤᠨ ᠥᠷᠭᠡᠨᠤ ᠬᠡᠮᠵᠢᠶ᠎ᠡ ᠵᠢ ᠬᠢᠵᠠᠭ᠋ᠠᠷᠯᠠᠬᠤ ᠲᠤᠨᠤᠭ ᠲᠥᠬᠥᠭᠡᠷᠦᠮᠵᠢ ᠪᠠ ᠪᠠᠶ᠋ᠢᠴᠠᠭ᠋ᠠᠬᠤ ᠬᠠᠷᠠᠭᠤᠯ᠎ᠤᠨ ᠴᠡᠭ᠎ᠤᠨ ᠲᠤᠰᠬᠠᠶ ᠴᠡᠭᠴᠡᠯᠡᠨ ᠵᠠᠰᠠᠯᠲᠠ ᠵᠢ ᠥᠷᠨᠢᠭᠦᠯᠬᠦ ᠵᠢᠨ ᠵᠣᠷᠢᠯᠭ᠎ᠠ᠎ᠨᠢ ᠵᠠᠰᠠᠮᠠᠯ ᠵᠠᠮ ᠪᠠ ᠬᠣᠲᠠ ᠵᠢᠨ ᠵᠠᠮ᠎ᠤᠨ ᠲᠡᠷᠬᠡ ᠬᠦᠰᠬᠡ ᠨᠡᠪᠲᠡᠷᠡᠬᠦ ᠨᠥᠬᠥᠴᠡᠯ᠎ᠢ ᠪᠥᠬᠥ ᠲᠠᠯ᠎ᠠ᠎ᠪᠠᠷ ᠰᠠᠶ᠋ᠢᠵᠢᠷᠠᠭᠤᠯᠵᠤ᠂ ᠭᠤᠤᠯ ᠵᠠᠮ ᠱᠤᠭᠤᠮ᠎ᠢ ᠨᠡᠪᠲᠡᠷᠡᠭᠦᠯᠦᠨ᠂ ᠰᠠᠯᠪᠤᠷᠢ ᠵᠠᠮ ᠱᠤᠭᠤᠮ᠎ᠢ ᠰᠢᠯᠤᠭᠤᠳᠬᠠᠵᠤ᠂ ᠣᠲᠣ ᠦᠶ᠎ᠡ ᠵᠢᠨ ᠭᠦᠢ᠍ᠯᠭᠡᠭᠡᠨ᠎ᠤ ᠰᠢᠰᠲ᠋ᠧᠮ᠎ᠢ ᠪᠠᠶ᠋ᠢᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠴᠢᠨᠠᠬᠰᠢᠳᠠ ᠰᠢᠯᠢᠳᠡᠭᠵᠢᠭᠦᠯᠵᠦ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠦᠢ᠍ᠯᠡᠴᠢᠯᠡᠨ᠂ ᠠᠷᠠᠳ ᠣᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠥᠭᠡ ᠶᠤᠮ᠃ ᠤᠯᠤᠰ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠲᠣᠬᠢᠷᠠᠭᠤᠯᠤᠯᠲᠠ ᠵᠢ ᠲᠡᠷᠡ ᠶᠤᠰᠤᠭ᠋ᠠᠷ᠎ᠨᠢ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠤᠯᠢ ᠲᠣᠭᠲᠠᠭ᠋ᠠᠯ ᠶᠣᠰᠣᠭ᠋ᠠᠷ᠂ ᠦᠨᠡᠨ᠎ᠢ ᠪᠠᠷᠢᠮᠳᠠᠯᠠᠨ ᠪᠤᠳᠠᠳᠠᠢ ᠵᠢ ᠡᠷᠬᠢᠮᠯᠡᠬᠦ᠂ ᠲᠥᠷᠥᠯ ᠬᠤᠪᠢᠶᠠᠨ ᠵᠠᠰᠠᠬᠤ᠂ ᠰᠢᠨ᠎ᠡ ᠵᠢ ᠡᠭᠦᠳᠦᠨ ᠬᠥᠲᠥᠯᠦᠨ ᠳᠠᠭ᠋ᠠᠭᠤᠯᠬᠤ ᠵᠠᠷᠴᠢᠮ᠎ᠢ ᠰᠠᠶ᠋ᠢᠲᠤᠷ ᠡᠵᠡᠮᠳᠡᠨ᠂ ᠲᠥᠷᠥ ᠵᠢᠨ ᠪᠣᠳᠣᠯᠭ᠎ᠠ ᠵᠢ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠰᠠᠶ᠋ᠢᠨ ᠶᠠᠪᠤᠳᠠᠯ᠎ᠢ ᠰᠠᠶ᠋ᠢᠲᠤᠷ ᠬᠢᠬᠦ ᠵᠢ ᠦᠨᠡᠨ ᠬᠦ᠌ ᠪᠠᠲᠤᠯᠠᠨ᠂ ᠠᠷᠠᠳ ᠣᠯᠠᠨ᠎ᠢ ᠰᠡᠳᠬᠢᠯ ᠬᠠᠨᠤᠮᠵᠢᠲᠠᠶ ᠪᠠᠶ᠋ᠢᠯᠭ᠋ᠠᠬᠤ ᠬᠡᠷᠡᠭᠲᠡᠶ ᠭᠡᠵᠤ ᠵᠢᠭ᠋ᠠᠵᠤ ᠭᠠᠷᠭ᠋ᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃