6 ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠶ᠋ᠢᠩᠭᠤ ᠵᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠬᠤᠪᠸᠢ ᠵᠢᠨ ᠱ᠌ᠢ ᠶᠠᠨ ᠬᠤᠳᠠ ᠵᠢᠨ ᠪᠠᠢ᠍ᠢ᠍ᠭ᠋ᠠᠯᠢ ᠵᠢᠨ ᠰᠢᠲᠠᠮᠠᠬᠠᠢ ᠬᠡᠢ ᠵᠢᠨ ᠳᠡᠯᠪᠡᠷᠡᠯᠲᠡ ᠵᠢᠨ ᠡᠨᠳᠡᠯ᠎ᠤᠨ ᠲᠤᠬᠠᠢ ᠴᠢᠬᠤᠯᠠ ᠵᠢᠭ᠋ᠠᠪᠤᠷᠢ ᠪᠣᠯᠤᠨ ᠶᠡᠷᠦᠩᠬᠡᠢ ᠰᠠᠶ᠋ᠢᠳ ᠯᠢ ᠺᠸ ᠴᠢᠶᠠᠩ᠎ᠤᠨ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠦ᠂ ᠪᠦᠬᠦ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ᠂ ᠶᠡᠷᠦᠩᠬᠡᠢ ᠰᠠᠶ᠋ᠢᠳ ᠯᠢ ᠺᠸ ᠴᠢᠶᠠᠩ᠎ᠤᠨ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠂ ᠪᠦᠬᠦ ᠤᠯᠤᠰ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠵᠢᠯ᠎ᠤᠨ ᠸᠢᠳᠢᠣ᠋ ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ᠂ ᠪᠦᠬᠦ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠴᠢᠩᠭ᠋ᠠᠳᠬᠠᠬᠤ ᠲᠤᠬᠠᠢ ᠪᠠᠶ᠋ᠢᠷᠢᠯᠠᠭᠤᠯᠤᠯᠲᠠ ᠬᠢᠪᠠ᠃
ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠪᠣᠯᠤᠨ ᠶᠡᠷᠦᠩᠬᠡᠶ ᠰᠠᠶ᠋ᠢᠳ ᠯᠢ ᠺᠧ ᠴᠢᠶᠠᠩ᠎ᠤᠨ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ ᠭᠦᠨᠵᠡᠭᠡᠶ ᠣᠶ᠋ᠢᠯᠠᠭ᠋ᠠᠨ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠣᠳᠣᠬᠠᠨ᠎ᠤ ᠠᠮᠤᠷ ᠲᠦᠪᠰᠢᠨ ᠲᠣᠭᠲᠠᠭᠤᠨ᠎ᠤ ᠠᠵᠢᠯ᠎ᠢ ᠰᠠᠶ᠋ᠢᠲᠤᠷ ᠬᠢᠬᠦ ᠵᠢᠨ ᠲᠤᠶ᠋ᠢᠯ᠎ᠤᠨ ᠴᠢᠬᠤᠯᠠ ᠴᠢᠨᠠᠷ᠎ᠢ ᠤᠯᠤᠰ ᠲᠦᠷᠦ ᠵᠢᠨ ᠲᠠᠯ᠎ᠠ᠎ᠠᠴᠠ ᠦᠨᠡᠨ ᠬᠦ᠌ ᠲᠠᠨᠢᠵᠤ ᠡᠵᠡᠮᠰᠢᠬᠦ ᠬᠡᠷᠡᠭᠲᠡᠶ᠃ ᠬᠤᠪᠸᠢ ᠵᠢᠨ ᠱ᠌ᠢ ᠶᠠᠨ ᠬᠤᠳᠠ ᠵᠢᠨ ᠪᠠᠢ᠍ᠢ᠍ᠭ᠋ᠠᠯᠢ ᠵᠢᠨ ᠰᠢᠲᠠᠮᠠᠬᠠᠢ ᠬᠡᠢ ᠵᠢᠨ ᠳᠡᠯᠪᠡᠷᠡᠯᠲᠡ ᠵᠢᠨ ᠡᠨᠳᠡᠯ ᠪᠣᠯᠤᠨ ᠤᠢ᠍ᠢ᠍ᠷ᠎ᠠ ᠵᠢᠨ ᠬᠤᠭᠤᠴᠠᠭ᠋ᠠᠨ᠎ᠳᠤ ᠪᠦᠬᠦ ᠤᠯᠤᠰ᠎ᠤᠨ ᠤᠯᠠᠨ ᠭᠠᠵᠠᠷ᠎ᠲᠤ ᠭᠠᠷᠤᠭᠰᠠᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠤᠨ ᠰᠤᠷᠭ᠋ᠠᠮᠵᠢ ᠵᠢ ᠭᠦᠨᠵᠡᠭᠡᠢ ᠰᠢᠩᠭᠡᠭᠡᠨ ᠠᠪᠴᠤ᠂ ᠤᠯᠤᠰ ᠲᠦᠷᠦ ᠵᠢᠨ ᠰᠡᠷᠭᠡᠭ ᠴᠢᠨᠠᠷ ᠪᠣᠯᠤᠨ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ᠎ᠪᠠᠨ ᠦᠨᠡᠨ ᠬᠦ᠌ ᠴᠢᠩᠭ᠋ᠠᠳᠬᠠᠵᠤ᠂ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ ᠪᠣᠯᠤᠨ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠡᠨ ᠴᠢᠩᠭ᠋ᠠᠳᠬᠠᠨ᠂ ᠨᠢᠭᠡ᠎ᠠᠴᠠ ᠨᠦᠬᠦᠭᠡ ᠵᠢ ᠵᠦᠢ᠍ᠴᠢᠯᠡᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ ᠵᠢ ᠪᠠᠷᠢᠮᠲᠠᠯᠠᠵᠤ᠂ ᠡᠯ᠎ᠡ ᠬᠦᠷᠢᠶᠡᠨ᠎ᠤ ᠠᠮᠤᠷ ᠲᠦᠪᠰᠢᠨ᠎ᠤ ᠭᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠬᠦᠨᠳᠦ ᠶᠡᠬᠡ ᠣᠨᠴᠠ ᠶᠡᠬᠡ ᠡᠨᠳᠡᠯ ᠭᠠᠷᠬᠤ ᠵᠢ ᠴᠢᠩᠭ᠎ᠠ ᠰᠡᠷᠭᠡᠶ᠋ᠢᠯᠡᠵᠦ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ ᠪᠣᠯᠤᠨ ᠨᠡᠶ᠋ᠢᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠡᠷᠡᠰ ᠬᠠᠮᠠᠭ᠋ᠠᠯᠠᠨ᠂ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ᠎ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶ᠋ᠢᠭᠡᠮ᠎ᠤᠨ ᠣᠷᠴᠢᠨ ᠲᠣᠭᠣᠷᠢᠨ᠎ᠢ ᠪᠤᠢ ᠪᠣᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠬᠣᠲᠠ ᠵᠢᠨ ᠶᠠᠪᠤᠳᠠᠯ᠎ᠤᠨ ᠬᠦᠷᠢᠶᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠵᠤ᠂ ᠬᠣᠲᠠ ᠪᠠᠯᠭ᠋ᠠᠰᠤᠨ᠎ᠤ ᠪᠠᠢ᠍ᠢ᠍ᠭ᠋ᠠᠯᠢ ᠵᠢᠨ ᠰᠢᠲᠠᠮᠠᠬᠠᠶ ᠬᠡᠶ ᠵᠢᠨ ᠠᠮᠤᠷ ᠲᠦᠪᠰᠢᠨ᠎ᠤ ᠬᠡᠮ ᠰᠣᠭᠣᠭ᠎ᠢ ᠴᠡᠭᠴᠡᠯᠡᠨ ᠵᠠᠰᠠᠬᠤ ᠵᠢ ᠬᠦᠴᠦᠯᠡᠨ ᠠᠬᠢᠭᠤᠯᠵᠤ᠂ ᠬᠣᠲᠠ ᠪᠠᠯᠭ᠋ᠠᠰᠤᠨ᠎ᠤ ᠪᠠᠢ᠍ᠢ᠍ᠭ᠋ᠠᠯᠢ ᠵᠢᠨ ᠰᠢᠲᠠᠮᠠᠬᠠᠶ ᠬᠡᠶ ᠵᠡᠷᠭᠡ ᠬᠣᠲᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡᠨ᠎ᠤ ᠲᠥᠬᠥᠭᠡᠷᠦᠮᠵᠢ ᠵᠢᠨ ᠠᠵᠢᠯᠯᠠᠭ᠋ᠠᠨ᠎ᠤ ᠠᠮᠤᠷ ᠲᠦᠪᠰᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠣᠲᠠ ᠵᠢᠨ ᠪᠠᠢ᠍ᠢ᠍ᠭ᠋ᠠᠯᠢ ᠵᠢᠨ ᠰᠢᠲᠠᠮᠠᠬᠠᠶ ᠬᠡᠶ ᠬᠠᠩᠭ᠋ᠠᠬᠤ ᠬᠠᠭᠤᠴᠢᠨ ᠬᠣᠭᠣᠯᠠᠶ ᠵᠢᠨ ᠲᠤᠤᠷ᠎ᠢ ᠥᠭᠡᠷᠡᠴᠢᠯᠡᠨ ᠰᠠᠶ᠋ᠢᠵᠢᠷᠠᠭᠤᠯᠬᠤ ᠵᠢ ᠭᠤᠤᠯᠳᠠᠯᠭ᠎ᠠ ᠵᠢᠨ ᠳᠣᠲᠣᠷᠠᠬᠢ ᠭᠤᠤᠯᠳᠠᠯᠭ᠎ᠠ ᠪᠣᠯᠭ᠋ᠠᠵᠤ᠂ ᠬᠣᠲᠠ ᠵᠢᠨ 《ᠠᠮᠢ ᠨᠠᠰᠤᠨ᠎ᠤ ᠱᠤᠭᠤᠮ》᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠨᠢᠭᠡ᠎ᠠᠴᠠ ᠨᠦᠬᠦᠭᠡ ᠵᠢ ᠵᠦᠢ᠍ᠴᠢᠯᠡᠨ ᠮᠡᠳᠡᠵᠤ᠂ ᠠᠶᠤᠯᠭᠦᠢ ᠦᠢ᠍ᠯᠡᠳᠪᠦᠷᠢᠯᠡᠯ᠎ᠤᠨ ᠡᠯ᠎ᠡ ᠬᠦᠷᠢᠶᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠠᠶᠤᠯᠭᠦᠶ ᠦᠢ᠍ᠯᠡᠳᠪᠦᠷᠢᠯᠡᠯ᠎ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢ ᠪᠥᠬᠥ ᠣᠷᠣᠨ᠎ᠤ ᠠᠮᠤᠷ ᠲᠦᠪᠰᠢᠨ ᠬᠥᠭᠵᠢᠯᠲᠡ ᠵᠢ ᠠᠬᠢᠭᠤᠯᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠪᠣᠯᠭ᠋ᠠᠨ ᠴᠢᠩᠭ᠎ᠠ ᠠᠳᠬᠤᠵᠤ ᠪᠣᠳᠠᠲᠠᠶ ᠠᠳᠬᠤᠨ ᠰᠠᠶ᠋ᠢᠲᠤᠷ ᠠᠳᠬᠤᠬᠤ ᠵᠢ ᠪᠠᠷᠢᠮᠳᠠᠯᠠᠨ᠂ ᠠᠶᠤᠯᠲᠠᠶ ᠬᠢᠮᠢ ᠵᠢᠨ ᠪᠣᠳᠠᠰ᠂ ᠨᠡᠭᠦᠷᠡᠰᠦᠨ ᠠᠭᠤᠷᠬᠠᠶ᠂ ᠨᠡᠭᠦᠷᠡᠰᠦᠨ᠎ᠤ ᠪᠤᠰᠤ ᠠᠭᠤᠷᠬᠠᠶ᠂ ᠲᠡᠮᠦᠷᠯᠢᠭ ᠪᠣᠯᠪᠠᠰᠤᠷᠠᠭᠤᠯᠬᠤ᠂ ᠪᠠᠷᠢᠯᠭ᠎ᠠ ᠪᠠᠷᠢᠬᠤ᠂ ᠵᠠᠮ ᠲᠡᠭᠡᠭᠡᠪᠦᠷᠢ᠂ ᠭᠠᠯ ᠲᠦᠢ᠍ᠮᠡᠷ᠎ᠢ ᠰᠡᠷᠭᠡᠶ᠋ᠢᠯᠡᠬᠦ ᠵᠡᠷᠭᠡ ᠬᠦᠷᠢᠶᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠲᠠᠯ᠎ᠠ᠎ᠪᠠᠷ ᠦᠷᠭᠦᠯᠵᠢᠯᠡᠨ ᠣᠨᠢᠨ ᠳᠡᠭᠡᠷ᠎ᠡ᠎ᠨᠢ ᠬᠦᠴᠦᠯᠡᠵᠦ᠂ ᠰᠢᠷᠦᠭᠦᠨ ᠪᠣᠷᠣᠭ᠋ᠠᠨ᠂ ᠠᠭᠤᠯᠠᠨ ᠦᠶᠡᠷ ᠵᠡᠷᠭᠡ ᠪᠠᠶ᠋ᠢᠭ᠋ᠠᠯᠢ ᠵᠢᠨ ᠭᠠᠮᠰᠢᠭ᠎ᠢ ᠠᠷᠭ᠋ᠠᠴᠡᠭ᠋ᠠᠬᠤ ᠪᠠ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠬᠠᠤ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠶ᠋ᠢᠲᠤᠷ ᠬᠢᠬᠦ ᠬᠡᠷᠡᠭᠲᠡᠶ᠃ ᠪᠠᠴᠢᠮ ᠪᠠᠶ᠋ᠢᠳᠠᠯ᠎ᠢ ᠠᠷᠭ᠋ᠠᠴᠡᠭ᠋ᠠᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠲᠣᠭᠲᠡᠴᠡ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠠᠨ ᠲᠦᠮᠡᠨ᠎ᠤ ᠠᠮᠤᠷ ᠲᠦᠪᠰᠢᠨ᠎ᠤ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠨ᠂ ᠭᠠᠯ ᠰᠡᠷᠭᠡᠶ᠋ᠢᠯᠡᠨ ᠭᠠᠯ ᠤᠨᠲᠠᠷᠠᠭ᠋ᠠᠬᠤ ᠵᠢᠯᠤᠭᠤᠳᠤᠬ᠍ᠴᠢ ᠪᠠᠶ᠋ᠢᠯᠳᠤᠭᠴᠢ᠂ ᠣᠷᠣᠨ ᠨᠤᠲᠤᠭ᠎ᠤᠨ ᠲᠤᠰᠬᠠᠢ ᠠᠪᠤᠷᠠᠨ ᠲᠤᠰᠠᠯᠠᠬᠤ ᠠᠵᠢᠯᠳᠠᠨ᠎ᠤ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ ᠪᠣᠯᠤᠨ ᠰᠢᠢ᠍ᠳᠪᠦᠷᠢᠯᠡᠬᠦ ᠤᠷ᠎ᠠ ᠴᠢᠳᠠᠪᠤᠷᠢ ᠵᠢ ᠳᠡᠭᠡᠭᠰᠢᠯᠡᠭᠦᠯᠦᠨ᠂ ᠡᠨᠳᠡᠯ ᠭᠠᠷᠤᠮᠠᠭᠴᠠ ᠰᠢᠨᠵᠢᠯᠡᠬᠦ ᠤᠬᠠᠭ᠋ᠠᠨᠴᠢ ᠥᠨᠳᠥᠷ ᠪᠦᠲᠦᠮᠵᠢᠲᠡᠢ ᠠᠮᠤᠷ ᠲᠦᠪᠰᠢᠨ ᠵᠶ᠋ᠡᠷ ᠠᠪᠤᠷᠠᠨ ᠲᠤᠰᠠᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠦᠬᠦ ᠣᠷᠣᠨ᠎ᠤ ᠢᠳᠡᠭᠡᠨ ᠪᠠ ᠡᠮ᠎ᠤᠨ ᠵᠦᠢ᠍ᠯᠡᠰ᠎ᠤᠨ ᠠᠮᠤᠷ ᠲᠦᠪᠰᠢᠨ᠎ᠤ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠶᠡᠷᠦᠩᠬᠡᠢ ᠱᠦᠵᠢ ᠰᠢ ᠵᠢᠨ ᠫᠢᠩ᠎ᠤᠨ ᠢᠳᠡᠭᠡᠨ ᠪᠠ ᠡᠮ᠎ᠤᠨ ᠵᠦᠢ᠍ᠯᠡᠰ᠎ᠤᠨ ᠠᠮᠤᠷ ᠲᠦᠪᠰᠢᠨ᠎ᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠢᠳᠡᠭᠡᠨ ᠪᠠ ᠡᠮ᠎ᠤᠨ ᠵᠦᠢ᠍ᠯᠡᠰ᠎ᠤᠨ ᠠᠮᠤᠷ ᠲᠦᠪᠰᠢᠨ᠎ᠢ ᠬᠠᠮᠲᠤ᠎ᠪᠠᠷ ᠵᠠᠰᠠᠬᠤ ᠪᠠᠶ᠋ᠢᠷᠢᠰᠢᠯ᠎ᠢ ᠪᠠᠶ᠋ᠢᠭᠤᠯᠤᠨ ᠪᠦᠷᠢᠯᠳᠦᠭᠦᠯᠵᠦ᠂ ᠠᠷᠠᠳ ᠤᠯᠠᠨ᠎ᠤ ᠢᠳᠡᠭᠡᠨ ᠤᠮᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ 《54 ᠵᠦᠢ᠍ᠯ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯ᠎ᠢ ᠲᠣᠬᠢᠷᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠨᠡᠯᠡᠨ ᠵᠢᠱ᠌ᠢᠬᠦ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠲᠥᠯᠥᠪᠵᠢᠭᠦᠯᠭᠡ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠭᠠᠵᠠᠷ ᠬᠥᠳᠡᠯᠦᠯᠲᠡ᠎ᠠᠴᠠ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠲᠥᠯᠥᠪᠵᠢᠭᠦᠯᠭᠡ》 ᠵᠢ ᠬᠢᠨᠠᠨ ᠵᠥᠪᠯᠡᠵᠦ ᠪᠠᠲᠤᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃