ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 2021 ᠣᠨ᠎ᠤ 11 ᠳ᠋ᠦ᠍ᠭᠡᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2021-07-01

      6 ᠰᠠᠷ᠎ᠠ ᠵᠢᠨ 30᠎ᠤ ᠦᠳᠡ ᠵᠢᠨ ᠬᠣᠢ᠍ᠢ᠍ᠨ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠶ᠋ᠢᠩᠭᠤ ᠵᠢᠨ ᠬᠤᠷᠠᠯ ᠬᠤᠷᠠᠯᠳᠤᠭᠤᠯᠵᠤ᠂ ᠪᠦᠬᠦ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠵᠤ᠂ ᠪᠦᠬᠦ ᠣᠷᠣᠨ᠎ᠤ ᠡᠮᠡᠭᠲᠡᠶ᠋ᠢᠴᠦᠳ᠎ᠤᠨ ᠬᠥᠭᠵᠢᠯᠲᠡ ᠵᠢᠨ ᠬᠥᠲᠥᠯᠪᠦᠷᠢ ᠪᠣᠯᠤᠨ ᠬᠡᠦᠬᠡᠳ᠎ᠤᠨ ᠬᠥᠭᠵᠢᠯᠲᠡ ᠵᠢᠨ ᠬᠥᠲᠥᠯᠪᠦᠷᠢ ᠵᠢ ᠬᠡᠷᠡᠭᠵᠢᠭᠦᠯᠵᠦ ᠪᠡᠶᠡᠯᠡᠬᠦᠯᠦᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠤᠯᠤᠰ᠎ᠤᠨ ᠤᠮᠠᠷᠠᠰᠢ ᠨᠡᠭᠡᠭᠡᠯᠳᠠ ᠬᠢᠬᠦ ᠴᠢᠬᠤᠯᠠ ᠪᠡᠬᠢᠯᠡᠯᠲᠡ ᠵᠢ ᠪᠦᠳᠦᠭᠡᠨ ᠪᠠᠶ᠋ᠢᠭᠤᠯᠬᠤ ᠠᠵᠢᠯᠯᠠᠭ᠎ᠠ ᠵᠢᠨ ᠲᠥᠰᠦᠯ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ ᠵᠡᠷᠭᠡ ᠵᠦᠢ᠍ᠯ᠎ᠢ ᠰᠤᠳᠤᠯᠪᠠ᠃
      ᠬᠤᠷᠠᠯ᠎ᠠᠴᠠ᠂ ᠣᠳᠣᠬᠠᠨ᠎ᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠬᠢᠬᠦ᠎ᠨᠢ ᠴᠢᠬᠤᠯᠠ ᠶᠡᠬᠡ ᠤᠯᠤᠰ ᠲᠦᠷᠦ ᠵᠢᠨ ᠠᠴᠢ ᠬᠣᠯᠪᠣᠭᠳᠠᠯ᠎ᠲᠠᠢ ᠶᠤᠮ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠡᠷᠬᠡᠪᠰᠢ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠯᠤᠰ ᠲᠥᠷᠥ ᠵᠢᠨ ᠰᠡᠷᠭᠡᠭ ᠴᠢᠨᠠᠷ ᠪᠣᠯᠤᠨ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠵᠤ᠂ ᠠᠶᠤᠯᠭᠦᠶ ᠦᠢ᠍ᠯᠡᠳᠪᠦᠷᠢᠯᠡᠯ᠎ᠤᠨ ᠡᠯ᠎ᠡ ᠭᠣᠭᠴᠣᠭ᠎ᠠ ᠡᠯ᠎ᠡ ᠲᠠᠯ᠎ᠠ ᠵᠢᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠶ᠋ᠢᠲᠤᠷ ᠬᠢᠬᠦ ᠬᠡᠷᠡᠭᠲᠡᠶ᠃ ᠠᠶᠤᠯᠭᠦᠢ ᠦᠢ᠍ᠯᠡᠳᠪᠦᠷᠢᠯᠡᠯ᠎ᠤᠨ ᠡᠷᠴᠢᠮ ᠵᠶ᠋ᠡᠨ ᠰᠤᠯᠠᠷᠠᠭᠤᠯᠤᠯ ᠦᠭᠡᠢ ᠴᠢᠩᠭ᠋ᠠᠷᠠᠭᠤᠯᠵᠤ᠂ ᠠᠶᠤᠯ ᠲᠦᠭᠰᠢᠭᠦᠷᠢ ᠵᠢᠨ ᠤᠬᠠᠮᠰᠠᠷ᠂ ᠰᠠᠨᠠᠭ᠋ᠠᠰᠢᠷᠠᠬᠤ ᠤᠬᠠᠮᠰᠠᠷ ᠵᠶ᠋ᠡᠨ ᠴᠢᠨᠠᠭᠰᠢᠳᠠ ᠴᠢᠩᠭ᠋ᠠᠳᠬᠠᠵᠤ᠂ ᠠᠶᠤᠯᠭᠦᠢ ᠦᠢ᠍ᠯᠡᠳᠪᠦᠷᠢᠯᠡᠯ᠎ᠤᠨ ᠰᠡᠷᠡᠮᠵᠢ ᠵᠢᠨ ᠬᠤᠩᠬᠤ ᠵᠢ ᠪᠠᠶ᠋ᠢᠩᠭᠤ ᠳᠤᠤᠭ᠋ᠠᠷᠭ᠋ᠠᠵᠤ᠂ ᠰᠤᠯᠠᠷᠠᠭᠤᠯᠤᠯ ᠦᠭᠡᠢ ᠪᠠᠶ᠋ᠢᠩᠭᠤ ᠠᠳᠬᠤᠬᠤ ᠬᠡᠷᠡᠭᠲᠡᠢ᠃ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ᠎ᠳᠤ ᠬᠣᠶᠠᠷ ᠬᠠᠷᠢᠭᠤᠴᠠᠯᠭ᠎ᠠ ᠡᠭᠦᠷᠭᠡᠯᠡᠬᠦ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠬᠤ᠂ ᠲᠤᠰᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ》 ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ ᠪᠣᠯᠤᠨ ᠬᠠᠷᠢᠶ᠎ᠠ ᠤᠷᠤᠨ᠎ᠤ ᠬᠠᠮᠢᠶᠠᠷᠤᠯᠲᠠ᠂ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ᠂ ᠠᠵᠤ ᠠᠬᠤᠶ᠋ᠢᠯᠠᠯ᠎ᠤᠨ ᠭᠣᠣᠯ ᠴᠣᠭᠴᠠ ᠵᠢᠨ 《ᠭᠤᠷᠪᠠᠨ ᠬᠠᠷᠢᠭᠤᠴᠠᠯᠭ᠎ᠠ》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷ᠎ᠤᠨ ᠤᠯᠤᠰ ᠲᠦᠷᠦ ᠵᠢᠨ ᠬᠠᠷᠢᠭᠤᠴᠠᠯᠭ᠎ᠠ ᠡᠭᠦᠷᠭᠡᠯᠡᠯ᠎ᠢ ᠴᠢᠩᠭ᠋ᠠᠳᠬᠠᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠪᠣᠳᠠᠲᠠᠢ᠎ᠳᠤ ᠡᠷᠡᠰ ᠨᠠᠶ᠋ᠢᠳᠠᠪᠤᠷᠢᠵᠢᠭᠤᠯᠬᠤ ᠬᠡᠷᠡᠭᠲᠡᠢ᠃ ᠬᠦᠨᠳᠦ ᠶᠡᠬᠡ ᠠᠶᠤᠯ ᠲᠦᠭᠰᠢᠭᠦᠷᠢ ᠵᠢ ᠰᠤᠳᠤᠯᠤᠨ ᠮᠠᠭ᠋ᠠᠳᠯᠠᠵᠥ ᠣᠨᠣᠪᠴᠢᠲᠠᠢ ᠠᠳᠬᠤᠬᠤ ᠲᠠᠯ᠎ᠠ᠎ᠪᠠᠷ ᠤᠨᠢᠨ ᠳᠡᠭᠡᠷ᠎ᠡ᠎ᠨᠢ ᠬᠦᠴᠦᠯᠡᠵᠦ᠂ ᠠᠭᠤᠷᠬᠠᠢ ᠪᠣᠯᠤᠨ ᠠᠶᠤᠯ᠎ᠲᠠᠢ ᠬᠢᠮᠢ ᠵᠢᠨ ᠪᠣᠳᠠᠰ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠬᠦᠷᠢ ᠵᠢ ᠰᠡᠷᠭᠡᠶ᠋ᠢᠯᠡᠨ ᠡᠵᠡᠮᠳᠡᠬᠦ ᠲᠠᠯ᠎ᠠ᠎ᠪᠠᠷ ᠤᠨᠢᠨ ᠳᠡᠭᠡᠷ᠎ᠡ᠎ᠨᠢ ᠬᠦᠴᠦᠯᠡᠵᠦ᠂ ᠵᠠᠮ ᠬᠠᠷᠢᠯᠴᠠᠭ᠎ᠠ ᠵᠢᠭᠤᠯᠴᠢᠯᠠᠯ ᠵᠡᠷᠭᠡ ᠤᠯᠠᠨ ᠨᠡᠶ᠋ᠢᠲᠡ ᠵᠢᠨ ᠠᠮᠤᠷ ᠲᠦᠪᠰᠢᠨ᠎ᠤ ᠠᠶᠦᠯ ᠲᠦᠭᠰᠢᠬᠦᠷᠢ ᠵᠢ ᠰᠡᠷᠭᠡᠶ᠋ᠢᠯᠡᠨ ᠡᠵᠡᠮᠳᠡᠬᠦ ᠲᠠᠯ᠎ᠠ᠎ᠪᠠᠷ ᠤᠨᠢᠨ ᠳᠡᠭᠡᠷ᠎ᠡ᠎ᠨᠢ ᠬᠦᠴᠦᠯᠡᠵᠦ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠠᠵᠢᠯ᠎ᠢ ᠱᠠᠯᠠᠪᠳᠠᠨ ᠴᠢᠩᠭ᠎ᠠ ᠰᠠᠶ᠋ᠢᠲᠤᠷ ᠠᠳᠬᠤᠬᠤ ᠲᠠᠯ᠎ᠠ᠎ᠪᠠᠷ ᠤᠨᠢᠨ ᠳᠡᠭᠡᠷ᠎ᠡ᠎ᠨᠢ ᠬᠦᠴᠦᠯᠡᠵᠦ᠂ ᠠᠶᠤᠯᠭᠦᠢ ᠦᠢ᠍ᠯᠡᠳᠪᠦᠷᠢᠯᠡᠯ᠎ᠤᠨ ᠡᠨᠳᠡᠯ ᠭᠠᠷᠬᠤ ᠵᠢ ᠡᠷᠡᠰ ᠬᠣᠷᠢᠬᠯᠠᠵᠤ᠂ ᠪᠦᠬᠦ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠲᠣᠭᠲᠠᠭᠤᠨ ᠪᠠᠶ᠋ᠢᠳᠠᠯ᠎ᠢ ᠪᠦᠬᠦ ᠬᠦᠴᠦᠨ ᠵᠶ᠋ᠡᠷ ᠬᠠᠮᠠᠭ᠋ᠠᠯᠠᠵᠤ᠂ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ᠎ᠳᠤ ᠰᠠᠢ᠍ᠢ᠍ᠨ ᠰᠠᠶ᠋ᠢᠬᠠᠨ ᠣᠷᠴᠢᠨ ᠲᠣᠭᠣᠷᠢᠨ᠎ᠢ ᠪᠤᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠭ᠋ᠠᠨ ᠪᠥᠲᠥᠭᠡᠨ ᠪᠠᠶ᠋ᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠣᠭᠲᠠᠭ᠋ᠠᠵᠤ ᠥᠭᠭᠦᠭᠰᠡᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢᠨ ᠴᠢᠬᠤᠯᠠ ᠠᠭᠤᠯᠭ᠎ᠠ ᠪᠣᠯᠤᠨ᠎ᠠ᠂ ᠪᠢᠳᠡᠨ᠎ᠤ ᠡᠷᠬᠡᠪᠰᠢ ᠴᠢᠩᠭ᠎ᠠ ᠰᠠᠶ᠋ᠢᠲᠤᠷ ᠠᠳᠬᠤᠬᠤ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠤᠨ ᠪᠠᠶ᠋ᠢᠯᠳᠤᠬᠤ ᠪᠣᠳᠣᠯᠭ᠎ᠠ ᠵᠢᠨ ᠡᠭᠦᠷᠭᠡ ᠪᠣᠯᠤᠨ᠎ᠠ᠃ ᠡᠯ᠎ᠡ ᠱᠠᠲᠤ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ 《ᠬᠣᠶᠠᠷ ᠶᠡᠬᠡ ᠲᠠᠯ᠎ᠠ》 ᠵᠢ ᠭᠡᠬᠦᠳᠡᠭ ᠴᠡᠭᠡᠵᠢᠨ᠎ᠳᠡᠭᠡᠨ ᠪᠠᠭᠲᠠᠭ᠋ᠠᠵᠤ᠂ 《ᠤᠯᠤᠰ᠎ᠤᠨ ᠶᠡᠬᠡ ᠶᠠᠪᠤᠳᠠᠯ》 ᠎ᠢ ᠰᠡᠳᠬᠢᠯ᠎ᠳᠡᠭᠡᠨ ᠪᠤᠳᠤᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠥᠲᠥᠭᠡᠨ ᠪᠠᠶ᠋ᠢᠭᠤᠯᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠬᠦ ᠬᠡᠷᠡᠭᠲᠡᠶ᠃ ᠥᠪᠥᠷ ᠮᠣᠩᠭᠣᠯ᠎ᠠᠴᠠ ᠭᠠᠷᠴᠤ ᠥᠪᠥᠷ ᠮᠣᠩᠭᠣᠯ᠎ᠢ ᠬᠠᠷᠠᠨ᠂ ᠤᠯᠤᠰ ᠎ᠤᠨ ᠳᠣᠲᠣᠭ᠋ᠠᠳᠤ ᠵᠢᠨ ᠶᠡᠬᠡ ᠣᠷᠴᠢᠯ᠎ᠳᠤ ᠭᠦᠢ᠍ᠴᠡᠳ ᠠᠭᠤᠰᠤᠯᠴᠠᠵᠤ᠂ ᠳᠡᠯᠡᠬᠡᠶ ᠵᠢᠨ ᠶᠡᠬᠡ ᠣᠷᠴᠢᠯ᠎ᠳᠤ ᠨᠠᠩ ᠰᠠᠶ᠋ᠢᠲᠤᠷ ᠠᠭᠤᠰᠤᠯᠴᠠᠨ᠂ ᠨᠠᠩ ᠶᠡᠬᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ᠎ᠠᠴᠠ ᠤᠮᠠᠷᠠᠰᠢ ᠨᠡᠭᠡᠭᠡᠯᠲᠡ ᠬᠢᠬᠦ ᠵᠢ ᠠᠬᠢᠭᠤᠯᠵᠤ᠂ ᠥᠪᠥᠷ ᠮᠣᠩᠭᠣᠯ᠎ᠤᠨ ᠣᠷᠣᠨ ᠪᠠᠶ᠋ᠢᠷᠢ ᠵᠢᠨ ᠳᠠᠪᠠᠭᠤᠯᠢᠭ᠎ᠢ ᠨᠠᠩ ᠰᠠᠶ᠋ᠢᠲᠤᠷ ᠨᠡᠭᠡᠭᠡᠯᠲᠡ ᠵᠢᠨ ᠳᠠᠪᠠᠭᠤᠯᠢᠭ᠂ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠬᠡᠷᠡᠭᠲᠡᠶ ᠬᠡᠵᠥ ᠵᠢᠭ᠋ᠠᠵᠥ ᠭᠠᠷᠭ᠋ᠠᠪᠠ᠃
      ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠮᠡᠭᠲᠡᠶ᠋ᠢᠴᠦᠳ ᠬᠡᠦᠬᠡᠳ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠵᠢ ᠨᠠᠩ ᠲᠣᠪᠣᠶ᠋ᠢᠮ᠎ᠠ ᠪᠠᠶ᠋ᠢᠷᠢᠨ᠎ᠳᠤ ᠲᠠᠯᠪᠢᠬᠤ ᠬᠡᠷᠡᠭᠲᠡᠶ᠃ ᠰᠢᠨ᠎ᠡ ᠨᠢᠭᠡ ᠦᠶᠡᠯᠡᠯ᠎ᠤᠨ ᠬᠤᠭᠤᠴᠠᠭ᠋ᠠᠨ᠎ᠤ ᠡᠮᠡᠭᠲᠡᠶ᠋ᠢᠴᠦᠳ ᠬᠡᠦᠬᠡᠳ᠎ᠤᠨ ᠬᠥᠭᠵᠢᠯᠲᠡ ᠵᠢᠨ ᠬᠥᠲᠥᠯᠪᠦᠷᠢ ᠵᠢ ᠴᠢᠨᠠᠷ ᠰᠠᠢ᠍ᠢ᠍ᠳᠠᠢ ᠨᠠᠶ᠋ᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠂ ᠪᠦᠷᠢᠯᠳᠦᠬᠦᠨ ᠨᠢᠭᠡᠴᠢ ᠵᠢᠨ ᠲᠤᠰᠬᠠᠶ ᠲᠥᠯᠥᠪᠵᠢᠭᠦᠯᠭᠡ᠎ᠲᠠᠢ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠵᠦ᠂ ᠬᠠᠮᠲᠤ᠎ᠳᠤᠨᠢ ᠲᠥᠯᠥᠪᠵᠢᠭᠦᠯᠦᠨ᠂ ᠵᠡᠷᠭᠡ᠎ᠳᠤᠨᠢ ᠪᠠᠶ᠋ᠢᠷᠢᠯᠠᠭᠤᠯᠵᠤ᠂ ᠢᠵᠢᠯᠢ ᠠᠯᠬᠤᠮ ᠵᠶ᠋ᠠᠷ ᠨᠠᠶ᠋ᠢᠳᠠᠪᠤᠷᠢᠵᠢᠭᠤᠯᠬᠤ ᠬᠡᠷᠡᠭᠲᠡᠶ᠃ ᠡᠮᠡᠭᠲᠡᠶ᠋ᠢᠴᠦᠳ ᠬᠡᠦᠬᠡᠳ᠎ᠤᠨ ᠬᠥᠭᠵᠢᠯᠲᠡ ᠵᠢᠨ ᠰᠢᠨ᠎ᠡ ᠬᠦᠰᠡᠯ ᠡᠷᠡᠮᠡᠯᠵᠡᠯ᠎ᠳᠤ ᠵᠣᠬᠢᠴᠠᠭᠤᠯᠵᠤ᠂ ᠡᠮᠡᠭᠲᠡᠶ᠋ᠢᠴᠦᠳ ᠬᠡᠦᠬᠡᠳ᠎ᠤᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠠᠷᠠᠯᠲᠠ ᠵᠢ ᠲᠣᠭᠲᠠᠭ᠋ᠠᠵᠤ᠂ ᠤᠯᠠᠮ ᠨᠢᠬᠡ ᠠᠯᠬᠤᠮ ᠳᠤᠲᠠᠭᠤᠳᠠᠯ ᠵᠶ᠋ᠡᠨ ᠨᠥᠬᠥᠪᠥᠷᠢᠯᠡᠵᠦ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ᠂ ᠡᠮᠡᠭᠲᠡᠶ᠋ᠢᠴᠦᠳ ᠬᠡᠦᠬᠡᠳ᠎ᠤᠨ ᠦᠢ᠍ᠯᠡᠰ᠎ᠤᠨ ᠪᠦᠬᠦ ᠲᠠᠯ᠎ᠠ᠎ᠪᠠᠷ ᠡᠷᠡᠭᠦᠯ ᠵᠶ᠋ᠡᠷ ᠬᠥᠭᠵᠢᠬᠦ ᠵᠢ ᠠᠬᠢᠭᠤᠯᠵᠤ᠂ ᠨᠡᠩ ᠥᠨᠳᠥᠷ ᠲᠦᠪᠰᠢᠨ᠎ᠠᠴᠠ ᠡᠮᠡᠭᠲᠡᠶ᠋ᠢᠴᠦᠳ ᠬᠡᠦᠬᠡᠳ᠎ᠤᠨ ᠦᠢ᠍ᠯᠡᠰ ᠪᠣᠯᠤᠨ ᠠᠵᠤ ᠠᠬᠤᠢ ᠨᠡᠶ᠋ᠢᠭᠡᠮ᠎ᠤᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ ᠬᠡᠷᠡᠭᠲᠡᠢ ᠬᠡᠵᠥ ᠵᠢᠭ᠋ᠠᠵᠥ ᠭᠠᠷᠭ᠋ᠠᠪᠠ᠃
      ᠬᠤᠷᠠᠯ᠎ᠠᠴᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢ ᠨᠡᠮᠡᠭᠳᠡᠭᠦᠯᠬᠦ ᠪᠣᠯ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠲᠤᠯᠭ᠋ᠠᠮ ᠱᠠᠭ᠋ᠠᠷᠳᠠᠯᠭ᠎ᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠤᠳᠤᠯᠤᠨ ᠪᠠᠶ᠋ᠢᠷᠢᠯᠠᠭᠤᠯᠤᠬᠰᠠᠨ ᠶᠣᠰᠣᠭ᠋ᠠᠷ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠰᠠᠶ᠋ᠢᠲᠤᠷ ᠬᠡᠷᠡᠭᠵᠢᠭᠦᠯᠬᠦ᠎ᠳᠤ ᠬᠦᠴᠦᠲᠡᠶ ᠪᠠᠲᠤᠯᠠᠭ᠎ᠠ ᠬᠠᠩᠭ᠋ᠠᠬᠤ ᠬᠡᠷᠡᠭᠲᠡᠶ ᠬᠡᠵᠥ ᠵᠢᠭ᠋ᠠᠵᠥ ᠭᠠᠷᠭ᠋ᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ