ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 2021 ᠣᠨ᠎ᠤ 12 ᠳ᠋ᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2021-07-19

      7 ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠶ᠋ᠢᠩᠭᠤ ᠵᠢᠨ ᠬᠤᠷᠠᠯ ᠬᠤᠷᠠᠯᠳᠤᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭᠳᠠᠭ᠋ᠠᠨ᠎ᠤ ᠶᠠᠪᠤᠳᠠᠯ᠎ᠤᠨ ᠲᠤᠰᠠᠯᠠᠭᠴᠢ ᠠᠵᠢᠯᠳᠠᠨ᠎ᠤ ᠳᠦᠷᠢᠮ (ᠲᠥᠰᠦᠯ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠤᠭᠰᠠᠨ ᠲᠥᠰᠦᠯ)》 ᠵᠡᠷᠭᠡ ᠵᠦᠢ᠍ᠯ᠎ᠢ ᠰᠤᠳᠤᠯᠵᠤ᠂ ᠦᠶᠡᠷ᠎ᠢ ᠰᠡᠷᠭᠡᠶ᠋ᠢᠯᠡᠬᠦ ᠪᠡᠯᠡᠳᠬᠡᠯ ᠪᠠ ᠭᠠᠩ ᠬᠠᠭᠰᠠᠷᠠᠭ᠋ᠠᠨ᠎ᠲᠠᠢ ᠲᠡᠮᠡᠴᠡᠵᠦ ᠭᠠᠮᠰᠢᠭ᠎ᠢ ᠪᠠᠭ᠋ᠠᠰᠬᠠᠬᠤ ᠡᠯ᠎ᠡ ᠵᠦᠢ᠍ᠯ᠎ᠤᠨ ᠠᠷᠭ᠎ᠠ ᠠᠪᠴᠠᠯ᠎ᠢ ᠲᠤᠬᠢᠷᠠᠭᠤᠯᠤᠨ ᠨᠠᠶ᠋ᠢᠳᠠᠪᠤᠷᠢᠵᠢᠭᠤᠯᠪᠠ᠃
      ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠣᠳᠣᠬᠠᠨ᠎ᠤ ᠦᠶᠡᠷ᠎ᠢ ᠰᠡᠷᠭᠡᠶ᠋ᠢᠯᠡᠬᠦ ᠪᠡᠯᠡᠳᠬᠡᠯ ᠪᠠ ᠭᠠᠩ ᠬᠠᠭᠰᠠᠷᠠᠭ᠋ᠠᠨ᠎ᠲᠠᠢ ᠲᠡᠮᠡᠴᠡᠵᠦ ᠭᠠᠮᠰᠢᠭ᠎ᠢ ᠪᠠᠭ᠋ᠠᠰᠬᠠᠬᠤ ᠠᠵᠢᠯ᠎ᠢ ᠰᠠᠶ᠋ᠢᠲᠤᠷ ᠬᠢᠬᠦ ᠲᠤᠬᠠᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠵᠦ ᠭᠠᠮᠰᠢᠭ᠎ᠠᠴᠠ ᠠᠪᠤᠷᠬᠠᠤ ᠡᠯ᠎ᠡ ᠵᠦᠢ᠍ᠯ᠎ᠤᠨ ᠠᠵᠢᠯ᠎ᠢ ᠡᠷᠡᠰ ᠰᠠᠶ᠋ᠢᠲᠤᠷ ᠬᠢᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
      ᠬᠤᠷᠠᠯ᠎ᠠᠴᠠ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠨᠠᠶ᠋ᠢᠳᠠᠪᠤᠷᠢᠵᠢᠭᠤᠯᠵᠤ᠂ ᠵᠠᠰᠠᠭ ᠵᠠᠬᠢᠷᠭ᠋ᠠᠨ᠎ᠤ ᠳᠠᠷᠤᠭ᠎ᠠ ᠬᠠᠷᠢᠭᠤᠴᠠᠬᠤ ᠲᠦᠷᠢᠮ ᠵᠶ᠋ᠠᠷ ᠭᠣᠣᠯ ᠪᠣᠯᠭ᠋ᠠᠭᠰᠠᠨ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠡᠮᠦᠨ᠎ᠡ ᠹᠷᠣᠨᠲ᠎ᠤᠨ ᠦᠶᠡᠷ᠎ᠢ ᠰᠡᠷᠭᠡᠶ᠋ᠢᠯᠡᠬᠦ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠢ᠃ ᠳᠠᠯᠳᠠ ᠭᠡᠮ᠎ᠢ ᠦᠷᠭᠦᠯᠵᠢᠯᠡᠨ ᠭᠦᠨᠵᠡᠭᠡᠶ ᠵᠢᠬᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠵᠤ᠂ ᠴᠢᠬᠤᠯᠠ ᠪᠠᠷᠢᠯᠭ᠎ᠠ᠂ ᠠᠶᠤᠯᠳᠠᠢ ᠪᠠᠷᠢᠯᠭ᠎ᠠ ᠵᠢᠨ ᠬᠡᠰᠡᠭ᠂ ᠠᠭᠤᠯᠠᠨ ᠦᠶᠡᠷ ᠭᠠᠵᠠᠷ᠎ᠤᠨ ᠭᠠᠢ ᠭᠠᠮᠰᠢᠭ᠎ᠤᠨ ᠠᠶᠤᠯ᠎ᠲᠠᠢ ᠣᠷᠣᠨ ᠪᠣᠯᠤᠨ ᠳᠠᠯᠳᠠ ᠭᠡᠮ᠎ᠤᠨ ᠴᠡᠭ᠂ ᠬᠣᠲᠠ ᠪᠠᠯᠭ᠋ᠠᠰᠤ ᠵᠢᠨ ᠬᠣᠲᠣᠭᠣᠷ ᠭᠠᠵᠠᠷ ᠠᠮᠠᠷᠬᠠᠨ ᠤᠰᠤᠲᠤᠬᠤ ᠣᠷᠣᠨ ᠵᠡᠷᠭᠡ ᠦᠶᠡᠷ᠎ᠢ ᠰᠡᠷᠭᠡᠶ᠋ᠢᠯᠡᠬᠦ ᠭᠣᠣᠯᠳᠠᠯᠭ᠎ᠠ᠎ᠲᠠᠢ ᠣᠷᠣᠨ᠎ᠳᠤ ᠳᠠᠬᠢᠨ ᠵᠢᠬᠰᠠᠭ᠋ᠠᠨ ᠪᠠᠶ᠋ᠢᠴᠠᠭ᠋ᠠᠵᠤ᠂ ᠳᠠᠬᠢᠨ ᠨᠠᠶ᠋ᠢᠳᠠᠪᠤᠷᠢᠵᠢᠭᠤᠯᠵᠤ᠂ ᠳᠠᠬᠢᠨ ᠴᠡᠭᠴᠡᠯᠡᠨ ᠵᠠᠰᠠᠵᠦ᠂ ᠲᠦᠭᠰᠢᠭᠦᠷᠢ ᠵᠢᠨ ᠳᠠᠯᠳᠠ ᠭᠡᠮ᠎ᠢ ᠡᠷᠡᠰ ᠠᠷᠢᠯᠭ᠋ᠠᠬᠤ ᠬᠡᠷᠡᠭᠲᠡᠶ᠃ ᠴᠠᠭ ᠠᠭᠤᠷ᠂ ᠤᠰᠤᠨ ᠵᠦᠶ ᠵᠢᠨ ᠬᠢᠨᠠᠨ ᠰᠢᠨᠵᠢᠵᠦ ᠤᠷᠢᠳᠴᠢᠯᠠᠨ ᠮᠡᠳᠡᠭᠡᠯᠡᠬᠦ ᠪᠠ ᠵᠥᠪᠳᠡᠯᠴᠡᠨ ᠰᠤᠳᠤᠯᠤᠨ ᠮᠠᠭ᠋ᠠᠳᠯᠠᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠣᠷᠣᠭ᠋ᠠᠨ᠎ᠤ ᠪᠠᠶ᠋ᠢᠳᠠᠯ ᠤᠰᠤᠨ᠎ᠤ ᠪᠠᠶ᠋ᠢᠳᠠᠯ᠎ᠤᠨ ᠬᠥᠭᠵᠢᠯᠲᠡ ᠵᠢᠨ ᠬᠠᠨᠳᠤᠰᠢ ᠵᠢ ᠣᠨᠣᠪᠴᠢᠲᠠᠶ ᠵᠥᠪᠳᠡᠯᠴᠡᠨ ᠰᠤᠳᠤᠯᠤᠨ ᠮᠠᠭ᠋ᠠᠳᠯᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠨ᠂ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠪᠠ ᠠᠶᠤᠯ᠎ᠠᠴᠠ ᠠᠪᠤᠷᠠᠨ ᠲᠤᠰᠠᠯᠠᠬᠤ᠎ᠳᠤ ᠴᠠᠭ᠎ᠢ ᠲᠡᠮᠡᠴᠡᠨ ᠣᠯᠭᠣᠬᠤ ᠬᠡᠷᠡᠭᠳᠡᠢ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠪᠠ ᠠᠶᠤᠯ᠎ᠠᠴᠠ ᠠᠪᠤᠷᠠᠨ ᠲᠤᠰᠠᠯᠠᠬᠤ ᠵᠢ ᠴᠢᠩᠭ᠋ᠠᠳᠬᠠᠵᠤ᠂ ᠦᠶᠡᠷ᠎ᠢ ᠰᠡᠷᠭᠡᠶ᠋ᠢᠯᠡᠬᠦ ᠡᠯ᠎ᠡ ᠲᠥᠷᠥᠯ᠎ᠤᠨ ᠪᠡᠯᠡᠳᠬᠡᠯ ᠲᠥᠰᠦᠯ᠎ᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠂ ᠠᠶᠤᠯ᠎ᠠᠴᠠ ᠠᠪᠤᠷᠠᠨ ᠭᠠᠮᠰᠢᠭ᠎ᠠᠴᠠ ᠠᠪᠤᠷᠬᠠᠤ ᠡᠳ᠋ ᠪᠣᠳᠠᠰ᠎ᠢ ᠭᠦᠢ᠍ᠴᠡᠳ ᠪᠡᠯᠡᠳᠬᠡᠨ᠂ ᠡᠩᠨᠡᠭᠡᠨ᠎ᠤ ᠰᠣᠷᠢᠯᠲᠠ ᠵᠢ ᠴᠢᠩᠭ᠋ᠠᠳᠬᠠᠵᠤ᠂ ᠠᠪᠤᠷᠠᠨ ᠲᠤᠰᠠᠯᠠᠬᠤ ᠬᠦᠴᠦᠨ᠎ᠢ ᠤᠷᠢᠳᠴᠢᠯᠠᠨ ᠲᠣᠬᠢᠷᠠᠭᠤᠯᠬᠤ ᠬᠡᠷᠡᠭᠳᠡᠢ; 24 ᠴᠠᠭ ᠵᠶ᠋ᠠᠷ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠪᠠᠷ ᠵᠢᠵᠢᠭᠦᠷᠯᠡᠨ ᠰᠠᠬᠢᠬᠤ ᠵᠢ ᠪᠠᠷᠢᠮᠲᠠᠯᠠᠵᠤ᠂ ᠭᠣᠣᠯᠳᠠᠯᠭ᠎ᠠ᠎ᠲᠠᠢ ᠰᠠᠪᠠ ᠭᠠᠵᠠᠷ᠂ ᠭᠣᠣᠯᠳᠠᠯᠭ᠎ᠠ᠎ᠲᠠᠢ ᠣᠷᠣᠨ ᠪᠠᠶ᠋ᠢᠷᠢ᠂ ᠪᠠᠭᠤᠷᠠᠢ ᠭᠣᠭᠴᠣᠭ᠎ᠠ᠂ ᠠᠶᠤᠯᠳᠠᠢ ᠪᠠᠷᠢᠯᠭ᠎ᠠ ᠵᠢᠨ ᠬᠡᠰᠡᠭ᠎ᠲᠤ ᠲᠣᠭᠣᠷᠢᠨ ᠪᠠᠶ᠋ᠢᠴᠠᠭ᠋ᠠᠵᠤ ᠴᠠᠭᠳᠠᠨ ᠰᠡᠷᠭᠡᠶ᠋ᠢᠯᠡᠬᠦ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠡᠭᠦᠰᠬᠦ᠎ᠳᠤ ᠬᠦᠷᠪᠡᠯ᠂ ᠲᠠᠷᠤᠢ ᠲᠦᠷᠭᠡᠨ ᠬᠦᠴᠦᠨ ᠵᠶ᠋ᠠᠨ ᠲᠤᠬᠢᠷᠠᠭᠤᠯᠵᠤ ᠠᠶᠤᠯ᠎ᠠᠴᠠ ᠠᠪᠤᠷᠠᠨ ᠲᠤᠰᠠᠯᠠᠵᠤ᠂ ᠪᠦᠬᠦ ᠬᠦᠴᠦᠨ ᠵᠶ᠋ᠠᠷ ᠭᠠᠮᠰᠢᠭ᠎ᠤᠨ ᠬᠣᠬᠢᠷᠠᠯ᠎ᠢ ᠬᠠᠮᠤᠭ᠎ᠤᠨ ᠪᠠᠭ᠎ᠠ ᠬᠡᠮᠵᠢᠶᠡᠨ᠎ᠳᠤ ᠬᠦᠷᠭᠡᠬᠦ ᠬᠡᠷᠡᠭᠳᠡᠢ᠃ ᠠᠶᠤᠯ ᠲᠦᠭᠰᠢᠭᠦᠷᠢ᠎ᠲᠠᠢ ᠭᠠᠵᠠᠷ ᠣᠷᠣᠨ᠎ᠤ ᠣᠯᠠᠨ ᠲᠦᠮᠡᠨ᠎ᠢ ᠰᠢᠯᠵᠢᠭᠦᠯᠦᠨ ᠠᠶᠤᠯ᠎ᠠᠴᠠ ᠵᠠᠶ᠋ᠢᠯᠠᠭᠤᠯᠬᠤ ᠬᠠᠷᠢᠭᠤᠴᠠᠯᠭ᠎ᠠ ᠵᠢ ᠤᠯᠠᠮ ᠴᠢᠨᠠᠭᠰᠢᠳᠠ ᠪᠣᠳᠠᠲᠠᠶ᠋ᠢᠵᠢᠭᠤᠯᠵᠤ᠂ ᠠᠶᠤᠯ ᠲᠦᠭᠰᠢᠭᠦᠷᠢ ᠲᠣᠬᠢᠶᠠᠯᠳᠤᠪᠠᠯ ᠠᠶᠤᠯ ᠲᠦᠭᠰᠢᠭᠦᠷᠢ᠎ᠲᠠᠢ ᠭᠠᠵᠠᠷ ᠣᠷᠣᠨ᠎ᠤ ᠣᠯᠠᠨ ᠲᠦᠮᠡᠨ᠎ᠢ ᠡᠷᠡᠰ ᠰᠢᠭᠤᠷᠬᠠᠶ᠎ᠪᠠᠷ ᠰᠢᠯᠵᠢᠭᠦᠯᠬᠦ ᠬᠡᠷᠡᠭᠳᠡᠢ᠃ ᠭᠡᠨᠡᠳᠲᠡ ᠵᠢᠨ ᠡᠬᠦᠰᠦᠭᠰᠡᠨ ᠲᠦᠭᠰᠢᠭᠦᠷᠢᠲᠦ ᠪᠠᠶ᠋ᠢᠳᠠᠯ᠎ᠢ ᠰᠢᠢ᠍ᠳᠪᠦᠷᠢᠯᠡᠬᠦ᠎ᠳᠡᠭᠡᠨ᠂ ᠬᠥᠮᠦᠨ᠎ᠢ ᠠᠪᠤᠷᠠᠬᠤ ᠵᠢ ᠵᠠᠪᠠᠯ ᠲᠡᠷᠢᠭᠦᠨ᠎ᠳᠤ ᠲᠠᠯᠪᠢᠵᠤ᠂ ᠤᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠪᠠᠲᠤᠯᠠᠬᠤ ᠬᠡᠷᠡᠭᠲᠡᠢ ᠭᠡᠵᠦ ᠲᠤᠬᠢᠷᠠᠭᠤᠯᠪᠠ᠃
      ᠬᠤᠷᠠᠯ᠎ᠠᠴᠠ᠂ ᠮᠠᠨ᠎ᠤ ᠣᠷᠣᠨ᠎ᠤ ᠬᠡᠰᠡᠭ ᠭᠠᠵᠠᠷ ᠣᠷᠣᠨ᠎ᠳᠤ ᠭᠠᠩ ᠬᠠᠭᠰᠠᠷᠠᠭ᠋ᠠᠨ ᠦᠷᠭᠦᠯᠵᠢᠯᠡᠭᠰᠡᠨ ᠪᠣᠳᠠᠲᠤ ᠪᠠᠶ᠋ᠢᠳᠠᠯ᠎ᠳᠤ ᠴᠢᠭᠯᠡᠭᠦᠯᠦᠨ᠂ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ 《ᠬᠣᠶᠠᠷ ᠲᠠᠯ᠎ᠠ᠎ᠪᠠᠷ ᠠᠳᠬᠤᠬᠤ》 ᠵᠢ ᠪᠠᠷᠢᠮᠲᠠᠯᠠᠵᠤ᠂ ᠭᠠᠩ ᠬᠠᠭᠰᠠᠷᠠᠭ᠋ᠠᠨ᠎ᠤ ᠪᠠᠶ᠋ᠢᠳᠠᠯ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠵᠢᠯᠣᠭᠣᠳᠤᠨ ᠲᠣᠬᠢᠷᠠᠭᠤᠯᠬᠤ ᠠᠵᠢᠯ᠎ᠢ ᠰᠠᠶ᠋ᠢᠲᠤᠷ ᠬᠢᠵᠦ᠂ ᠭᠠᠩ ᠬᠠᠭᠰᠠᠷᠠᠭ᠋ᠠᠨ ᠦᠶᠡᠷ ᠤᠰᠤᠲᠤᠯ ᠬᠡᠨᠡᠳᠳᠡ ᠬᠡᠴᠡᠬᠦᠳᠡᠬᠦ᠂ ᠣᠯᠠᠨ ᠭᠠᠮᠰᠢᠭ ᠵᠡᠷᠭᠡ᠎ᠪᠠᠷ ᠡᠭᠦᠰᠬᠦ ᠵᠢ ᠴᠢᠩᠭ᠎ᠠ ᠰᠡᠷᠭᠡᠶ᠋ᠢᠯᠡᠬᠦ ᠵᠢᠨ ᠬᠠᠮᠲᠤ ᠭᠠᠩᠳᠠᠭᠰᠠᠨ ᠭᠠᠵᠠᠷ ᠣᠷᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤ᠂ ᠠᠵᠤ ᠦᠢ᠍ᠯᠡᠳᠪᠦᠷᠢ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤ ᠪᠣᠯᠤᠨ ᠠᠮᠢ ᠠᠬᠤᠶ᠎ᠳᠤ ᠬᠡᠷᠡᠭᠯᠡᠬᠦ ᠤᠰᠤ ᠵᠢ ᠰᠠᠶ᠋ᠢᠲᠤᠷ ᠨᠢᠭᠡᠳᠦᠯᠲᠡᠶ ᠲᠥᠯᠥᠪᠵᠢᠭᠦᠯᠵᠦ᠂ ᠭᠠᠮᠰᠢᠭᠳᠠᠭᠰᠠᠨ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠵᠤ᠂ ᠭᠤᠤᠯᠳᠠᠯᠭ᠎ᠠ᠎ᠲᠠᠢ ᠭᠠᠵᠠᠷ ᠣᠷᠣᠨ᠂ ᠴᠢᠬᠤᠯᠠ ᠬᠣᠲᠠ ᠪᠠᠯᠭ᠋ᠠᠰᠤ ᠪᠣᠯᠤᠨ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠳᠡᠢ ᠭᠡᠵᠦ ᠲᠤᠬᠢᠷᠠᠭᠤᠯᠪᠠ᠃
      ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭᠳᠠᠭ᠋ᠠᠨ᠎ᠤ ᠶᠠᠪᠤᠳᠠᠯ᠎ᠤᠨ ᠲᠤᠰᠠᠯᠠᠭᠴᠢ ᠠᠵᠢᠯᠳᠠᠨ᠎ᠤ ᠳᠦᠷᠢᠮ (ᠲᠥᠰᠦᠯ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠤᠭᠰᠠᠨ ᠲᠥᠰᠦᠯ)》 ᠵᠢ ᠵᠠᠷᠴᠢᠮ ᠳᠡᠭᠡᠷ᠎ᠡ᠎ᠪᠠᠨ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠢ ᠲᠡᠰ ᠲᠠᠷᠠᠭ᠋ᠠᠯᠠᠯ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠳᠠᠭ᠋ᠠᠭ᠋ᠠᠯᠭ᠋ᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ