7 ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠢ᠌ᠩᠭᠤ ᠵᠢᠨ ᠬᠤᠷᠠᠯ ᠬᠤᠷᠠᠯᠳᠤᠭᠤᠯᠵᠤ᠂ ᠲᠥᠪ᠎ᠤᠨ ᠬᠣᠯᠪᠣᠭᠳᠠᠯ ᠪᠦᠬᠦᠢ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠡᠷᠭᠡ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠵᠤ᠂ ᠳᠡᠭᠡᠷ᠎ᠡ ᠬᠠᠭ᠋ᠠᠰ ᠵᠢᠯ᠎ᠤᠨ ᠠᠵᠤ ᠠᠬᠤᠢ ᠵᠢᠨ ᠪᠠᠢ᠌ᠳᠠᠯ᠎ᠢ ᠰᠤᠳᠤᠯᠤᠨ ᠵᠠᠳᠠᠯᠪᠠ᠃
ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ ᠪᠣᠯ ᠨᠢᠭᠡᠨ ᠪᠦᠬᠦᠯᠢ ᠴᠣᠭᠴᠠ ᠮᠥᠨ ᠭᠡᠳᠡᠭ᠎ᠢ ᠰᠡᠷᠭᠡᠭ ᠵᠶ᠋ᠡᠷ ᠲᠠᠨᠢᠨ ᠮᠡᠳᠡᠵᠦ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠳᠤᠮᠳᠠ ᠵᠠᠪᠠᠯ ᠪᠦᠷᠢᠨ ᠪᠦᠲᠦᠨ ᠡᠵᠡᠮᠳᠡᠵᠦ᠂ ᠵᠥᠪ ᠣᠨᠣᠪᠴᠢᠲᠠᠢ ᠣᠢ᠌ᠯᠠᠭ᠋ᠠᠵᠤ᠂ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠶᠠᠪᠤᠴᠠ ᠪᠠ ᠡᠯ᠎ᠡ ᠬᠦᠷᠢᠶ᠎ᠡ ᠴᠠᠷᠠᠭ᠋ᠠᠨ᠎ᠳᠤ ᠲᠤᠭᠤᠰᠢᠯᠠᠭᠤᠯᠵᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠬᠡᠷᠡᠭᠵᠢᠭᠦᠯᠬᠦ᠂ ᠪᠠᠢ᠌ᠴᠠᠭ᠋ᠠᠬᠤ ᠡᠯ᠎ᠡ ᠭᠣᠭᠴᠣᠭ᠎ᠠ᠎ᠳᠤ ᠨᠠᠢ᠌ᠳᠠᠪᠤᠷᠢᠵᠢᠭᠤᠯᠬᠤ ᠬᠡᠷᠡᠭᠲᠡᠢ᠃ ᠪᠦᠬᠦ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠤ ᠱᠠᠭ᠋ᠠᠷᠳᠠᠯᠭ᠎ᠠ᠎ᠳᠤ ᠨᠡᠢ᠌ᠴᠡᠬᠦ ᠵᠢ᠎ᠨᠢ ᠡᠷᠡᠰ ᠠᠳᠬᠤᠵᠤ᠂ ᠨᠡᠢ᠌ᠴᠡᠬᠦ ᠦᠭᠡᠢ ᠵᠢ᠎ᠨᠢ ᠡᠷᠡᠰ ᠬᠢᠬᠦ ᠦᠭᠡᠢ ᠪᠠᠢ᠌ᠵᠤ᠂ ᠪᠤᠷᠤᠭᠤ ᠬᠢᠭᠰᠡᠨ᠎ᠢ᠎ᠨᠢ ᠴᠠᠭ ᠲᠤᠬᠠᠢᠳᠤᠨᠢ ᠵᠠᠯᠠᠷᠠᠭᠤᠯᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠪᠣᠯ ᠴᠢᠬᠤᠯᠠ ᠶᠡᠬᠡ ᠤᠯᠤᠰ᠎ᠤᠨ ᠪᠠᠢ᠌ᠯᠳᠤᠬᠤ ᠪᠣᠳᠣᠯᠭ᠎ᠠ ᠮᠥᠨ᠃ ᠬᠠᠲᠤᠨ ᠭᠣᠣᠯ ᠳᠠᠭ᠋ᠠᠤ ᠵᠢᠨ ᠡᠯ᠎ᠡ ᠭᠠᠵᠠᠷ ᠣᠷᠣᠨ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢᠴᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠤᠳᠤᠷᠢᠳᠬᠤ ᠳᠤᠭᠤᠢ᠌ᠯᠠᠩ᠎ᠤᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠢ ᠪᠠᠷᠢᠮᠲᠠᠯᠠᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠲᠤᠢ᠌ᠯ᠎ᠤᠨ ᠴᠢᠬᠤᠯᠠ ᠪᠠᠢ᠌ᠷᠢᠨ᠎ᠳᠤ ᠲᠠᠯᠪᠢᠵᠤ᠂ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠪᠦᠬᠦ ᠲᠠᠯ᠎ᠠ᠎ᠪᠠᠷ ᠲᠤᠢ᠌ᠯᠪᠤᠷᠢᠲᠠᠢ ᠴᠡᠭᠴᠡᠯᠡᠨ ᠰᠠᠢ᠌ᠵᠢᠷᠠᠭᠤᠯᠵᠤ᠂ ᠤᠷᠲᠤ ᠬᠤᠭᠤᠴᠠᠭ᠋ᠠᠨ᠎ᠤ ᠪᠦᠲᠦᠮᠵᠢᠲᠦ ᠠᠵᠢᠯ᠎ᠤᠨ ᠲᠣᠭᠲᠠᠴᠠ ᠵᠢ ᠪᠠᠢ᠌ᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠳᠡᠭᠡᠷ᠎ᠡ ᠬᠠᠭ᠋ᠠᠰ ᠵᠢᠯ᠎ᠳᠤ ᠪᠦᠬᠦ ᠣᠷᠣᠨ᠎ᠤ ᠠᠵᠤ ᠠᠬᠤᠢ ᠵᠢᠨ ᠡᠷᠭᠢᠯᠲᠡ ᠦᠷᠭᠦᠯᠵᠢᠯᠡᠨ ᠲᠣᠭᠲᠠᠭᠤᠨ ᠵᠶ᠋ᠠᠷ ᠰᠡᠷᠭᠦᠬᠦ ᠪᠠᠢ᠌ᠳᠠᠯ ᠵᠶ᠋ᠠᠨ ᠪᠠᠲᠤᠯᠠᠭᠰᠠᠨ ᠪᠣᠯᠪᠠᠴᠤ ᠲᠣᠭᠲᠠᠭᠤᠨ ᠪᠤᠰᠤ ᠴᠢᠨᠠᠷᠲᠠᠢ ᠬᠦᠴᠦᠨ ᠵᠦᠢ᠍ᠯ ᠮᠥᠨ ᠬᠦ᠌ ᠨᠡᠯᠢᠶᠡᠳ ᠣᠯᠠᠨ ᠪᠠᠢ᠌ᠨ᠎ᠠ᠂ ᠠᠵᠤ ᠠᠬᠤᠢ ᠵᠢᠨ ᠪᠠᠢ᠌ᠳᠠᠯ᠎ᠢ ᠪᠤᠰᠤᠳᠴᠢ᠎ᠪᠠᠷ ᠯᠠᠪᠳᠠᠭᠤᠨ ᠲᠣᠭᠲᠠᠭᠤᠨ ᠵᠶ᠋ᠠᠷ ᠵᠠᠳᠠᠯᠤᠨ ᠰᠤᠳᠤᠯᠵᠤ᠂ ᠬᠦᠴᠢᠷᠳᠡᠯ ᠪᠠ ᠠᠰᠠᠭᠤᠳᠠᠯ᠎ᠢ ᠭᠦᠢ᠍ᠴᠡᠳ ᠪᠣᠳᠣᠯᠬᠢᠯᠠᠨ᠂ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠡᠨ ᠪᠠᠲᠤᠯᠠᠵᠤ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠨ᠂ ᠲᠣᠭᠲᠠᠭᠤᠨ᠎ᠤ ᠳᠤᠮᠳᠠ᠂ ᠠᠬᠢᠯᠲᠠ᠎ᠲᠠᠢ ᠪᠠᠢ᠌ᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠨᠡᠩ ᠬᠦᠴᠦᠲᠡᠢ ᠠᠷᠭ᠎ᠠ ᠠᠪᠴᠠᠯ ᠠᠪᠴᠤ ᠠᠵᠤ ᠠᠬᠤᠢ ᠵᠢᠨ ᠡᠷᠭᠢᠯᠲᠡ ᠵᠢ ᠵᠦᠢ ᠵᠣᠬᠢᠰᠲᠠᠢ ᠣᠷᠣᠨ ᠵᠠᠢ᠎ᠳᠤ ᠪᠠᠢ᠌ᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠣᠯᠠᠨ ᠨᠡᠢ᠌ᠲᠡ ᠵᠢᠨ ᠦᠢ᠍ᠯᠡᠴᠢᠯᠡᠭᠡ ᠵᠢ ᠪᠠᠲᠤᠯᠠᠨ ᠰᠠᠢ᠌ᠵᠢᠷᠠᠭᠤᠯᠬᠤ ᠲᠥᠯᠥᠪᠵᠢᠭᠦᠯᠭᠡ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》 ᠪᠣᠯᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢᠨ ᠲᠥᠯᠥᠪᠵᠢᠭᠦᠯᠭᠡ》 ᠵᠢ ᠬᠢᠨᠠᠨ ᠵᠥᠪᠯᠡᠵᠦ ᠪᠠᠲᠤᠯᠠᠪᠠ᠃