ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 2021 ᠣᠨ᠎ᠤ 14 ᠳ᠋ᠦ᠍ᠭᠡᠷ ᠪᠠᠶ᠋ᠢᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2021-08-02

      7 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠶ᠋ᠢᠩᠭᠤ ᠵᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠪᠠ᠃ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠲᠠᠭ᠎ᠠ ᠵᠢᠨ ᠨᠠᠭᠤᠷ᠎ᠤᠨ ᠰᠠᠪᠠ ᠭᠠᠵᠠᠷ᠎ᠤᠨ ᠬᠠᠮᠠᠭ᠋ᠠᠯᠠᠯᠲᠠ ᠵᠠᠰᠠᠯᠲᠠ ᠵᠢᠨ ᠬᠡᠷᠡᠭᠵᠢᠭᠦᠯᠬᠦ ᠲᠥᠰᠦᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠲᠥᠯᠥᠪᠵᠢᠭᠦᠯᠭᠡ》 ᠵᠡᠷᠭᠡ ᠵᠦᠢ᠍ᠯᠡᠰ᠎ᠢ ᠰᠤᠳᠤᠯᠪᠠ᠃
      ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠣᠳᠣᠬᠠᠨ᠎ᠤ ᠦᠶᠡᠷ᠎ᠢ ᠰᠡᠷᠭᠡᠶ᠋ᠢᠯᠡᠬᠦ ᠠᠵᠢᠯ᠎ᠳᠤ ᠲᠤᠯᠭ᠋ᠠᠷᠠᠵᠤ ᠪᠠᠶ᠋ᠢᠭ᠎ᠠ ᠬᠦᠨᠳᠦ ᠬᠡᠴᠡᠭᠦᠦ ᠪᠠᠶ᠋ᠢᠳᠠᠯ᠎ᠢ ᠰᠡᠷᠭᠡᠭ ᠵᠶ᠋ᠠᠷ ᠲᠠᠨᠢᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠶᠡᠬᠡ ᠦᠶᠡᠷ᠎ᠢ ᠰᠡᠷᠭᠡᠶ᠋ᠢᠯᠡᠬᠦ᠂ ᠶᠡᠬᠡ ᠠᠶᠤᠯ᠎ᠠᠴᠠ ᠠᠪᠤᠷᠬᠠᠤ᠂ ᠶᠡᠬᠡ ᠭᠠᠮᠰᠢᠭ᠎ᠠᠴᠠ ᠠᠪᠤᠷᠬᠠᠤ ᠵᠢ ᠪᠠᠷᠢᠮᠲᠠᠯᠠᠵᠤ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠷᠢᠨ ᠨᠢᠮᠪᠠᠶ ᠨᠠᠶ᠋ᠢᠳᠠᠪᠤᠷᠢᠵᠢᠭᠤᠯᠵᠤ᠂ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢ ᠪᠠᠲᠤᠯᠠᠬᠤ ᠬᠡᠷᠡᠭᠲᠡᠶ᠃ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠵᠠᠰᠠᠭ ᠵᠠᠬᠢᠷᠭ᠋ᠠᠨ᠎ᠤ ᠳᠠᠷᠤᠭ᠎ᠠ ᠬᠠᠷᠢᠭᠤᠴᠠᠬᠤ ᠲᠦᠷᠢᠮ ᠵᠶ᠋ᠠᠷ ᠭᠤᠤᠯ ᠪᠣᠯᠭ᠋ᠠᠭᠰᠠᠨ ᠦᠶᠡᠷ᠎ᠢ ᠰᠡᠷᠭᠡᠶ᠋ᠢᠯᠡᠵᠦ ᠭᠠᠮᠰᠢᠭ᠎ᠠᠴᠠ ᠠᠪᠤᠷᠬᠠᠤ ᠡᠯ᠎ᠡ ᠵᠦᠢ᠍ᠯ᠎ᠤᠨ ᠡᠭᠦᠷᠭᠡ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠨᠢᠭᠡ᠎ᠠᠴᠠ ᠨᠥᠭᠥᠭᠡ ᠵᠢ ᠵᠦᠢ᠍ᠴᠢᠯᠡᠨ ᠲᠦᠭᠰᠢᠭᠦᠷᠢ ᠵᠢᠨ ᠳᠠᠯᠳᠠ ᠬᠡᠮ ᠰᠤᠭᠤᠭ᠎ᠢ ᠰᠢᠭᠰᠢᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠵᠦ᠂ ᠲᠦᠭᠰᠢᠭᠦᠷᠢ ᠵᠢᠨ ᠳᠠᠯᠳᠠ ᠬᠡᠮ ᠰᠤᠭᠤᠭ᠎ᠢ ᠡᠷᠡᠰ ᠠᠷᠢᠯᠭ᠋ᠠᠬᠤ ᠬᠡᠷᠡᠭᠲᠡᠶ᠃ ᠴᠠᠭ ᠠᠭᠤᠷ᠎ᠤᠨ ᠬᠢᠨᠠᠨ ᠬᠡᠮᠵᠢᠯᠲᠡ ᠵᠢ ᠨᠠᠷᠢᠯᠢᠭ ᠣᠨᠣᠪᠴᠢᠲᠠᠢ ᠰᠠᠶ᠋ᠢᠲᠤᠷ ᠬᠢᠵᠦ᠂ ᠴᠠᠬ ᠳᠤᠬᠠᠢ᠎ᠳᠤᠨᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠣᠳᠠᠰ᠎ᠤᠨ ᠨᠥᠭᠡᠴᠡ ᠪᠠ ᠪᠠᠲᠤᠯᠠᠭ᠎ᠠ ᠵᠢ ᠴᠢᠩᠭ᠋ᠠᠳᠬᠠᠵᠤ᠂ ᠦᠶᠡᠷ᠎ᠤᠨ ᠬᠤᠭᠤᠴᠠᠭ᠋ᠠᠨ᠎ᠤ 24 ᠴᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠵᠢᠭᠦᠷ ᠪᠠ ᠲᠣᠭᠣᠷᠢᠨ ᠰᠡᠷᠭᠡᠶ᠋ᠢᠯᠡᠬᠦ ᠴᠠᠭᠳᠠᠨ ᠪᠠᠶ᠋ᠢᠴᠠᠭ᠋ᠠᠯᠲᠠ ᠵᠢ ᠨᠠᠶ᠋ᠢᠳᠠᠪᠤᠷᠢᠵᠢᠭᠤᠯᠵᠤ᠂ ᠴᠠᠭ ᠮᠦᠴᠡ ᠪᠤᠯᠭ᠋ᠠᠨ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠶ᠋ᠢᠯᠳᠤᠭ᠋ᠠᠨ᠎ᠤ ᠪᠡᠯᠡᠳᠬᠡᠯ᠎ᠢ ᠰᠠᠶ᠋ᠢᠲᠤᠷ ᠬᠢᠬᠦ ᠬᠡᠷᠡᠭᠲᠡᠢ᠃ ᠭᠠᠮᠰᠢᠭᠳᠠᠭᠰᠠᠨ ᠣᠯᠠᠨ ᠲᠦᠮᠡᠨ᠎ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠪᠠ ᠭᠠᠮᠰᠢᠭᠳᠠᠭᠰᠠᠨ ᠭᠠᠵᠠᠷ ᠣᠷᠣᠨ᠎ᠤ ᠡᠷᠡᠭᠦᠯ ᠬᠠᠮᠠᠭ᠋ᠠᠯᠠᠯ ᠬᠢᠵᠢᠭ᠎ᠢ ᠰᠡᠷᠭᠡᠶ᠋ᠢᠯᠡᠬᠦ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ 《ᠶᠡᠬᠡ ᠭᠠᠮᠰᠢᠭ᠎ᠤᠨ ᠳᠠᠷᠠᠭ᠎ᠠ ᠶᠡᠬᠡ ᠬᠢᠵᠢᠭ ᠳᠡᠯᠭᠡᠷᠡᠬᠦ》 ᠪᠠ ᠭᠠᠮᠰᠢᠭ᠎ᠠᠴᠠ ᠪᠣᠯᠵᠤ ᠳᠠᠬᠢᠨ ᠶᠠᠳᠠᠭᠤᠷᠠᠬᠤ ᠵᠢ ᠡᠷᠡᠰ ᠰᠡᠷᠭᠡᠶ᠋ᠢᠯᠡᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠰᠠᠶ᠋ᠢᠲᠤᠷ ᠬᠠᠮᠠᠭ᠋ᠠᠯᠠᠬᠤ ᠬᠡᠷᠡᠭᠳᠡᠢ ᠬᠡᠵᠥ ᠱᠠᠭ᠋ᠠᠷᠳᠠᠪᠠ᠃
      ᠬᠤᠷᠠᠯ᠎ᠠᠴᠠ᠂ ᠲᠠᠭ᠎ᠠ ᠵᠢᠨ ᠨᠠᠭᠤᠷ᠎ᠤᠨ ᠰᠠᠪᠠ ᠭᠠᠵᠠᠷ᠎ᠤᠨ ᠬᠠᠮᠠᠭ᠋ᠠᠯᠠᠯᠲᠠ ᠵᠠᠰᠠᠯᠲᠠ ᠵᠢ ᠬᠡᠷᠡᠭᠵᠢᠭᠦᠯᠬᠦ ᠪᠣᠯ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠮᠠᠨ᠎ᠤ ᠣᠷᠣᠨ᠎ᠳᠤ ᠲᠤᠰᠢᠶᠠᠭᠰᠠᠨ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠮᠥᠨ᠂ ᠶᠡᠷᠦᠩᠬᠡᠶ᠋ᠢᠯᠡᠨ ᠵᠠᠰᠠᠬᠤ᠂ ᠰᠢᠰᠲ᠋ᠧᠮ᠎ᠲᠠᠢ ᠵᠠᠰᠠᠬᠤ ᠪᠠ ᠡᠬᠢ ᠡᠭᠦᠰᠦᠯ᠎ᠠᠴᠠ᠎ᠨᠢ ᠵᠠᠰᠠᠬᠤ ᠵᠢ ᠴᠢᠬᠤᠯᠠᠴᠢᠯᠠᠵᠤ᠂ ᠲᠠᠭ᠎ᠠ ᠵᠢᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠵᠢᠨ ᠵᠠᠰᠠᠯᠲᠠ ᠵᠢ ᠶᠡᠷᠦᠩᠬᠡᠶ᠋ᠢᠯᠡᠭᠰᠡᠨ ᠴᠢᠨᠠᠷᠲᠠᠢ ᠰᠢᠰᠲ᠋ᠧᠮᠲᠦ ᠢᠨᠵᠧᠨᠧᠷᠢᠩ ᠪᠣᠯᠭ᠋ᠠᠨ ᠠᠳᠬᠤᠵᠤ᠂ ᠤᠰᠤᠨ᠎ᠤ ᠴᠢᠨᠠᠷ᠎ᠢ ᠰᠠᠶ᠋ᠢᠵᠢᠷᠠᠭᠤᠯᠬᠤ᠂ ᠤᠰᠤᠨ᠎ᠤ ᠬᠡᠮᠵᠢᠶ᠎ᠡ ᠵᠢ ᠨᠡᠮᠡᠭᠳᠡᠭᠦᠯᠬᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠲᠣᠭᠣᠷᠢᠨ᠎ᠳᠤ ᠡᠯ᠎ᠡ ᠵᠦᠢ᠍ᠯ᠎ᠤᠨ ᠵᠠᠰᠠᠯᠲᠠ ᠵᠢᠨ ᠢᠨᠵᠧᠨᠧᠷᠢᠩ᠎ᠢ ᠰᠠᠶ᠋ᠢᠲᠤᠷ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠢᠯᠡᠷᠡᠭᠰᠡᠨ ᠠᠰᠠᠭᠤᠳᠠᠯ᠎ᠢ ᠴᠠᠭ ᠲᠤᠬᠠᠢ᠎ᠳᠤᠨᠢ ᠰᠤᠳᠤᠯᠤᠨ ᠰᠢᠢ᠍ᠳᠪᠦᠷᠢᠯᠡᠵᠦ᠂ ᠵᠠᠰᠠᠯᠲᠠ ᠵᠢᠨ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠡᠷᠡᠭᠦᠯ ᠤᠰᠤᠨ᠎ᠤ ᠠᠮᠢ ᠠᠬᠤᠶ ᠵᠢ ᠬᠠᠮᠠᠭ᠋ᠠᠯᠠᠵᠤ᠂ ᠤᠰᠤᠨ᠎ᠤ ᠠᠮᠤᠷ ᠲᠦᠪᠰᠢᠨ᠎ᠢ ᠪᠠᠲᠤᠯᠠᠬᠤ ᠪᠣᠯ ᠤᠯᠤᠰ᠎ᠤᠨ ᠪᠤᠳᠤᠯᠭ᠎ᠠ ᠠᠷᠠᠳ᠎ᠤᠨ ᠠᠮᠢᠳᠤᠷᠠᠯ᠎ᠳᠤ ᠬᠣᠯᠪᠣᠭᠳᠠᠬᠤ ᠶᠡᠬᠡ ᠶᠠᠪᠤᠳᠠᠯ ᠮᠥᠨ᠂ ᠪᠠᠰᠠ ᠴᠤ᠌ ᠮᠠᠨ᠎ᠤ ᠣᠷᠣᠨ᠎ᠤ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠰᠠᠶ᠋ᠢᠲᠤᠷ ᠵᠠᠮᠨᠠᠬᠤ ᠵᠢᠨ ᠵᠠᠶ᠋ᠢᠯᠠᠰᠢ ᠥᠬᠡᠶ ᠱᠠᠭ᠋ᠠᠷᠳᠠᠯᠭ᠎ᠠ ᠮᠥᠨ᠃ ᠶᠡᠷᠦᠩᠬᠡᠢ ᠱᠦᠵᠢ ᠰᠢ ᠵᠢᠨ ᠫᠢᠩ᠎ᠤᠨ ᠤᠰᠤ ᠵᠢ ᠰᠢᠰᠲ᠋ᠧᠮ᠎ᠲᠠᠢ ᠵᠠᠰᠠᠬᠤ ᠲᠤᠬᠠᠢ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ 《ᠤᠰᠤᠨ᠎ᠤ ᠬᠡᠮᠵᠢᠶ᠎ᠡ᠎ᠪᠠᠷ ᠬᠢᠬᠦ᠂ ᠤᠰᠤ ᠠᠷᠪᠢᠯᠠᠬᠤ᠎ᠪᠠᠷ ᠭᠣᠣᠯᠳᠠᠯᠭ᠎ᠠ ᠪᠣᠯᠭ᠋ᠠᠬᠤ》 ᠪᠠ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠤᠰᠤᠨ᠎ᠤ ᠠᠮᠢ ᠠᠬᠤᠢ ᠵᠢᠨ ᠵᠠᠰᠠᠯᠲᠠ᠂ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠰᠢᠬᠯᠠᠬᠤ ᠵᠡᠷᠭᠡ ᠲᠠᠯ᠎ᠠ ᠵᠢᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠬᠡᠵᠥ ᠵᠢᠭ᠋ᠠᠵᠥ ᠭᠠᠷᠭ᠋ᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ