ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 2023 ᠣᠨ᠎ᠤ 20 ᠳ᠋ᠤᠭ᠋ᠠᠷ ᠤᠳᠠᠭ᠎ᠠ ᠵᠢᠨ ᠪᠠᠢ᠌ᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2023-08-23


      8 ᠰᠠᠷ᠎ᠠ ᠵᠢᠨ 18᠎ᠤ ᠡᠳᠦᠷ ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠢ᠌ᠩᠭᠤ ᠵᠢᠨ ᠬᠤᠷᠠᠯ ᠬᠤᠷᠠᠯᠳᠤᠭᠤᠯᠵᠤ ᠂  ᠶᠡᠷᠦᠩᠬᠡᠢ ᠱᠦᠵᠢ ᠰᠢ ᠵᠢᠨ ᠫᠢᠩ᠎ᠤᠨ ᠮᠠᠨ᠎ᠤ ᠣᠷᠣᠨ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ 《ᠨᠡᠯᠦᠢ᠌ᠲᠡᠯ᠎ᠡ ᠤᠰᠤᠯᠠᠬᠤ》 ᠪᠠ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠠᠰᠠᠭᠤᠳᠠᠯ᠎ᠢ ᠰᠢᠢ᠍ᠳᠪᠦᠷᠢᠯᠡᠬᠦ ᠲᠤᠬᠠᠢ ᠰᠤᠳᠤᠯᠪᠠ ᠃

       ᠬᠤᠷᠠᠯ᠎ᠠᠴᠠ ᠂  ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠᠴᠢᠯᠠᠭᠰᠠᠨ 《ᠨᠡᠯᠦᠢ᠌ᠲᠡᠯ᠎ᠡ ᠤᠰᠤᠯᠠᠵᠤ ᠪᠤᠯᠬᠤ ᠦᠭᠡᠢ》 ᠭᠡᠬᠦ ᠴᠢᠬᠤᠯᠠ ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ᠎ᠳᠤ ᠂  ᠨᠢᠭᠡ᠎ᠳᠤ ᠂  ᠥᠨᠳᠥᠷ ᠪᠠᠷᠢᠮᠵᠢᠶ᠎ᠠ᠎ᠪᠠᠷ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠬᠤ ᠵᠢ ᠪᠠᠷᠢᠮᠲᠠᠯᠠᠵᠤ ᠂  ᠢᠯᠠᠩᠭᠤᠶ᠎ᠠ ᠪᠣᠷᠣᠳᠣᠬᠣᠢ ᠵᠢᠨ ᠤᠰᠤᠯᠠᠯᠲᠠ ᠵᠢᠨ ᠣᠷᠣᠨ᠎ᠤ 《ᠰᠤᠯᠠ ᠭᠠᠵᠠᠷ》᠎ᠢ ᠬᠡᠷᠬᠢᠨ ᠪᠠᠭ᠎ᠠ ᠤᠰᠤᠯᠠᠬᠤ ᠂  ᠶᠠᠭ᠋ᠠᠬᠢᠪᠠᠯ ᠤᠰᠤᠯᠠᠬᠤ ᠦᠭᠡᠢ᠎ᠳᠤ ᠪᠤᠯᠬᠤ ᠂  ᠬᠡᠵᠢᠶ᠎ᠡ ᠬᠡᠷᠡᠭᠵᠢᠭᠦᠯᠬᠦ ᠵᠡᠷᠭᠡ ᠵᠢ ᠴᠥᠮ ᠲᠣᠳᠣᠷᠬᠠᠢ ᠪᠥᠭᠡᠳ ᠪᠣᠳᠠᠲᠠᠢ ᠪᠠᠢ᠌ᠯᠭ᠋ᠠᠵᠤ ᠂ 《ᠨᠡᠯᠦᠢ᠌ᠲᠡᠯ᠎ᠡ ᠤᠰᠤᠯᠠᠬᠤ》 ᠪᠠᠢ᠌ᠳᠠᠯ᠎ᠢ ᠶᠠᠭ᠋ᠠᠬᠢᠭᠰᠠᠨ ᠴᠤ᠌ ᠦᠷᠭᠦᠯᠵᠢᠯᠡᠭᠦᠯᠵᠦ ᠪᠤᠯᠬᠤ ᠦᠭᠡᠢ ᠃  ᠬᠣᠶᠠᠷ᠎ᠲᠤ ᠂  ᠴᠠᠭ ᠮᠥᠴᠡ ᠵᠢ ᠠᠮᠵᠢᠨ ᠪᠦᠬᠦᠢ᠌ᠯᠡ ᠣᠷᠣᠨ ᠪᠦᠰᠡ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂  ᠨᠠᠮᠤᠷ᠎ᠤᠨ ᠬᠤᠷᠢᠶᠠᠯᠲᠠ ᠵᠢᠨ ᠳᠠᠷᠠᠭ᠎ᠠ ᠪᠦᠲᠦᠭᠡᠨ ᠪᠠᠢ᠌ᠭᠤᠯᠤᠯᠲᠠ᠎ᠪᠠᠨ ᠲᠦᠷᠭᠡᠨ ᠡᠬᠢᠯᠡᠭᠦᠯᠵᠦ ᠂  ᠪᠦᠲᠦᠭᠡᠨ ᠪᠠᠢ᠌ᠭᠤᠯᠤᠯᠲᠠ ᠵᠢᠨ ᠶᠡᠬᠡ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠬᠡᠷᠡᠭᠲᠡᠢ ᠃  ᠭᠤᠷᠪᠠ᠎ᠳᠤ ᠂  ᠵᠡᠭᠦᠨ ᠂  ᠳᠤᠮᠳᠠ ᠂  ᠪᠠᠷᠠᠭᠤᠨ ᠬᠡᠰᠡᠭ᠎ᠤᠨ ᠭᠠᠵᠠᠷ ᠣᠷᠣᠨ᠎ᠤ ᠲᠤᠷᠰᠢᠯᠲᠠ ᠵᠢᠨ ᠴᠡᠭ᠎ᠤᠨ ᠠᠵᠢᠯ᠎ᠢ ᠰᠠᠢ᠌ᠲᠤᠷ ᠠᠳᠬᠤᠵᠤ ᠂  ᠨᠠᠩ ᠣᠯᠠᠨ ᠪᠣᠳᠠᠲᠠᠢ ᠵᠢ ᠡᠷᠬᠢᠮᠯᠡᠭᠰᠡᠨ ᠤᠰᠤ ᠠᠷᠪᠢᠯᠠᠬᠤ ᠪᠦᠲᠦᠮᠵᠢᠲᠡᠶ ᠠᠷᠭ᠎ᠠ ᠬᠡᠮᠵᠢᠶ᠎ᠡ ᠵᠢ ᠰᠦᠪᠡᠭᠴᠢᠯᠡᠵᠦ ᠂  ᠲᠦᠷᠭᠡᠳᠬᠡᠨ ᠳᠡᠯᠭᠡᠷᠡᠭᠦᠯᠵᠦ ᠂ 《ᠨᠡᠯᠦᠢ᠌ᠲᠡᠯ᠎ᠡ ᠤᠰᠤᠯᠠᠬᠤ》 ᠵᠢ ᠨᠠᠷᠢᠯᠢᠭ ᠤᠨᠤᠪᠴᠢᠲᠠᠢ᠎ᠪᠠᠷ ᠳᠤᠰᠤᠯᠭ᠋ᠠᠨ ᠤᠰᠤᠯᠠᠬᠤ ᠪᠣᠯᠭ᠋ᠠᠨ ᠬᠤᠪᠢᠷᠠᠭᠤᠯᠵᠤ ᠂  ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤ ᠵᠢ ᠪᠦᠲᠦᠮᠵᠢᠲᠡᠶ ᠠᠰᠢᠭᠯᠠᠬᠤ ᠢᠯᠡᠳᠬᠡᠮᠵᠢ ᠵᠢ ᠪᠦᠲᠦᠮᠵᠢᠲᠡᠶ ᠳᠡᠭᠡᠭᠰᠢᠯᠡᠭᠦᠯᠭᠦ ᠬᠡᠷᠡᠭᠲᠡᠢ ᠃  ᠳᠥᠷᠪᠡ᠎ᠳᠤ ᠂  ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠵᠤ ᠂  ᠪᠠᠲᠤᠯᠠᠭ᠎ᠠ ᠵᠢᠨ ᠪᠢᠴᠢᠭ ᠪᠠᠭᠤᠯᠭ᠋ᠠᠨ ᠂ 《ᠨᠢᠭᠡ ᠠᠢ᠌ᠮᠠᠭ (ᠬᠣᠲᠠ)᠎ᠲᠤ ᠨᠢᠭᠡ ᠠᠷᠭ᠎ᠠ ᠪᠣᠳᠣᠯᠭ᠎ᠠ ᠠᠪᠬᠤ》 ᠵᠢ ᠲᠡᠷᠡ ᠶᠣᠰᠣᠭ᠋ᠠᠷ᠎ᠨᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

       ᠬᠤᠷᠠᠯ᠎ᠠᠴᠠ ᠪᠠᠷᠢᠯᠭ᠎ᠠ ᠵᠢᠨ ᠦᠢ᠍ᠯᠡᠰ᠎ᠤᠨ ᠳᠠᠭᠢᠨ ᠵᠶ᠋ᠠᠷ ᠨᠡᠮᠡᠭᠳᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢ ᠰᠤᠳᠤᠯᠵᠤ ᠂  ᠪᠠᠷᠢᠯᠭ᠎ᠠ ᠵᠢᠨ ᠦᠢ᠍ᠯᠡᠰ ᠪᠣᠯ ᠮᠠᠨ᠎ᠤ ᠣᠷᠣᠨ᠎ᠤ ᠴᠢᠬᠤᠯᠠ ᠲᠤᠯᠭ᠋ᠠᠭᠤᠷᠢ ᠠᠵᠤ ᠦᠢ᠍ᠯᠡᠰ ᠮᠥᠨ ᠂  ᠠᠵᠢᠯ ᠲᠥᠷᠥᠯ᠎ᠤᠨ ᠰᠠᠭᠤᠷᠢ ᠲᠣᠭ᠎ᠠ ᠵᠢ ᠱᠠᠯᠠᠪᠳᠠᠨ ᠲᠣᠳᠣᠷᠬᠠᠢ ᠣᠢ᠌ᠯᠠᠭ᠋ᠠᠵᠤ ᠂  ᠠᠵᠤ ᠠᠬᠤᠢ᠌ᠯᠠᠯ᠎ᠢ ᠨᠡᠢ᠌ᠳᠬᠡᠵᠦ ᠳᠠᠭᠢᠨ ᠵᠣᠬᠢᠶᠠᠨ ᠪᠠᠢ᠌ᠭᠤᠯᠬᠤ ᠵᠢ ᠲᠦᠷᠭᠡᠳᠬᠡᠨ ᠂ ᠨᠢᠭᠡ ᠪᠦᠯᠦᠭ 《ᠥᠪᠥᠷ ᠮᠣᠩᠭᠣᠯ》 ᠲᠡᠮᠳᠡᠭᠲᠦ ᠪᠠᠷᠢᠯᠭ᠎ᠠ ᠵᠢᠨ ᠠᠵᠤ ᠠᠬᠤᠢ᠌ᠯᠠᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ ᠂ 《ᠰᠢᠨ᠎ᠡ ᠵᠠᠮ ᠨᠡᠭᠡᠭᠡᠬᠦ ᠂  ᠳᠤᠮᠳᠠ ᠲᠦᠪᠰᠢᠨ᠎ᠳᠤ ᠣᠷᠣᠬᠤ》 ᠬᠠᠷᠠᠯᠲᠠ ᠵᠢ ᠪᠡᠶᠡᠯᠡᠭᠦᠯᠬᠦ᠎ᠳᠤ ᠨᠠᠩ ᠶᠡᠬᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃

       ᠬᠤᠷᠠᠯ᠎ᠠᠴᠠ ᠪᠠᠰᠠ ᠪᠤᠰᠤᠳ ᠵᠦᠢ᠍ᠯᠡᠰ᠎ᠢ ᠰᠤᠳᠤᠯᠵᠠᠢ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ