ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2024 ᠣᠨ᠎ᠤ 29 ᠳ᠋ᠦ᠍ᠭᠡᠷ ᠤᠳᠠᠭ᠋ᠠᠨ᠎ᠤ ᠪᠠᠢ᠌ᠩᠭᠤ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2024-11-11

    11 ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠸᠠᠩ ᠯᠢ ᠰᠢᠶᠠ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ ᠵᠢᠴᠢ ᠠᠵᠤ ᠠᠬᠤᠢ ᠵᠢᠨ ᠪᠠᠢ᠌ᠭᠤᠯᠤᠯ ᠪᠣᠯᠣᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠲᠤᠰᠬᠠᠢ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠪᠠ᠃

    ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠪᠣᠯᠣᠨ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠪᠦᠭᠦ ᠬᠦᠴᠦᠨ ᠵᠶ᠋ᠡᠷ ᠵᠶ᠋ᠡᠨ ᠠᠬᠢᠭᠤᠯᠵᠤ᠂ ᠰᠤᠳᠤᠯᠤᠨ ᠨᠡᠭᠡᠭᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠬᠠᠮᠵᠢᠯᠴᠠᠨ ᠬᠥᠭᠵᠢᠬᠦ ᠵᠢ ᠠᠬᠢᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ ᠬᠦᠴᠦᠨ ᠨᠡᠮᠡᠷᠢᠯᠡᠬᠦ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠰᠠᠢ᠌ᠲᠤᠷ ᠠᠳᠬᠤᠵᠤ᠂ ᠬᠠᠲᠤᠨ ᠭᠣᠣᠯ᠎ᠤᠨ ᠰᠠᠪᠠ ᠭᠠᠵᠠᠷ᠂ ᠬᠥᠯᠥᠨ ᠨᠠᠭᠤᠷ᠂ ᠤᠯᠠᠭ᠋ᠠᠨᠰᠤᠬᠠᠢ᠂ ᠳᠠᠭ᠎ᠠ ᠵᠢᠨ ᠨᠠᠭᠤᠷ᠎ᠢ ᠬᠠᠮᠠᠭ᠋ᠠᠯᠠᠵᠤ ᠵᠠᠰᠠᠬᠤ ᠵᠡᠷᠭᠡ ᠠᠵᠢᠯ᠎ᠢ ᠰᠠᠢ᠌ᠲᠤᠷ ᠬᠢᠬᠦ ᠬᠡᠷᠡᠭᠲᠡᠢ᠃ ᠮᠠᠯ ᠠᠵᠤ ᠠᠬᠤᠢ ᠲᠠᠷᠢᠶᠠᠯᠠᠩ᠎ᠤᠨ ᠠᠵᠤ ᠦᠢ᠍ᠯᠡᠰ᠎ᠢ ᠪᠣᠳᠠᠲᠠᠢ᠌ᠵᠢᠭᠤᠯᠵᠤ᠂ ᠡᠳ᠋ᠰᠢᠭᠦᠯᠵᠦ ᠪᠤᠯᠪᠠᠰᠤᠷᠠᠭᠤᠯᠬᠤ ᠵᠢ ᠠᠳᠬᠤᠬᠤ ᠮᠥᠷᠲᠡᠭᠡᠨ ᠡᠵᠡᠩᠨᠡᠯᠲᠡ ᠵᠢ ᠴᠦ᠍ ᠠᠳᠬᠤᠵᠤ᠂ ᠲᠠᠷᠢᠶᠠᠨ ᠭᠠᠵᠠᠷ᠎ᠠᠴᠠ ᠦᠢ᠍ᠯᠡᠳᠪᠦᠷᠢ᠂ ᠬᠠᠮ ᠳᠡᠯᠭᠡᠭᠦᠷ᠂ ᠬᠣᠭᠣᠯᠠᠨ ᠰᠢᠷᠡᠭᠡ ᠬᠦᠷᠲᠡᠯᠡᠬᠢ ᠪᠦᠭᠦ ᠠᠵᠤ ᠦᠢ᠍ᠯᠡᠰ᠎ᠤᠨ ᠬᠡᠯᠬᠢᠶ᠎ᠡ ᠵᠢ ᠪᠠᠢ᠌ᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠠᠵᠤ ᠦᠢ᠍ᠯᠡᠰ᠎ᠤᠨ ᠬᠦᠴᠦᠷᠬᠡᠭ ᠣᠷᠣᠨ᠎ᠢ ᠴᠣᠭᠴᠠᠯᠠᠵᠤ᠂ ᠬᠣᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ ᠪᠣᠯᠣᠨ ᠰᠣᠶᠣᠯ᠎ᠤᠨ ᠥᠪ᠎ᠢ ᠰᠠᠢ᠌ᠲᠤᠷ ᠬᠠᠮᠠᠭ᠋ᠠᠯᠠᠨ ᠤᠯᠠᠮᠵᠢᠯᠠᠨ ᠠᠰᠢᠭᠯᠠᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠰᠣᠶᠣᠯ ᠵᠢᠭᠤᠯᠴᠢᠯᠠᠯ᠎ᠤᠨ ᠦᠢ᠍ᠯᠡᠰ᠎ᠢ ᠲᠤᠯᠭ᠋ᠠᠭᠤᠷᠢ ᠠᠵᠤ ᠦᠢ᠍ᠯᠡᠰ ᠪᠣᠯᠭ᠋ᠠᠨ ᠪᠣᠢ᠌ᠵᠢᠭᠤᠯᠵᠤ᠂ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ ᠬᠡᠷᠡᠭᠲᠡᠢ᠃ ᠪᠦᠭᠦ ᠨᠡᠢ᠌ᠭᠡᠮ᠎ᠢ ᠬᠥᠲᠥᠯᠥᠨ ᠵᠢᠯᠤᠭᠣᠳᠴᠤ ᠵᠥᠪ ᠠᠵᠢᠯ ᠣᠯᠭᠣᠯᠲᠠ ᠵᠢᠨ ᠦᠵᠡᠯᠲᠡ ᠵᠢ ᠪᠤᠢ ᠪᠤᠯᠭ᠋ᠠᠵᠤ᠂ ᠶᠡᠬᠡ ᠰᠤᠷᠭ᠋ᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠠᠵᠢᠯ ᠣᠯᠭᠣᠬᠤ ᠠᠵᠢᠯ᠎ᠢ ᠰᠠᠢ᠌ᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠵᠠᠢ᠃ ᠬᠤᠷᠠᠯ᠎ᠠᠴᠠ᠂ ᠤᠳᠤ ᠵᠢᠯ᠎ᠤᠨ ᠡᠴᠦᠰ ᠪᠤᠯᠲᠠᠯ᠎ᠠ ᠠᠷᠠᠢ ᠬᠣᠶᠠᠷ ᠰᠠᠷ᠎ᠠ ᠦᠭᠡᠢ ᠪᠠᠢ᠌ᠨ᠎ᠠ᠂ ᠡᠯ᠎ᠡ ᠵᠦᠢ᠍ᠯ᠎ᠤᠨ ᠠᠵᠢᠯ ᠢᠯᠠᠩᠭᠤᠶ᠎ᠠ ᠠᠵᠤ ᠠᠬᠤᠢ ᠵᠢᠨ ᠠᠵᠢᠯ᠎ᠢ ᠴᠢᠩᠭ᠎ᠠ ᠪᠣᠳᠠᠲᠠᠢ ᠠᠳᠬᠤᠵᠤ᠂ ᠪᠦᠭᠦ ᠵᠢᠯ᠎ᠤᠨ ᠬᠠᠷᠠᠯᠲᠠ ᠡᠭᠦᠷᠭᠡ ᠵᠢ ᠪᠦᠭᠦ ᠬᠦᠴᠦᠨ ᠵᠢᠡᠷ ᠵᠶ᠋ᠡᠨ ᠪᠡᠶᠡᠯᠡᠭᠦᠯᠬᠦ ᠬᠡᠷᠡᠭᠲᠡᠢ ᠭᠡᠵᠦ ᠣᠨᠴᠠᠭ᠋ᠠᠢ᠌ᠯᠠᠨ ᠴᠢᠬᠤᠯᠠᠴᠢᠯᠠᠵᠠᠢ᠃

    ᠬᠤᠷᠠᠯ᠎ᠠᠴᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠲᠣᠭ᠎ᠠ ᠪᠦᠷᠢᠳᠬᠡᠯ᠎ᠤᠨ ᠬᠠᠤᠯᠢ》 ᠵᠢ ᠰᠤᠷᠤᠯᠴᠠᠵᠤ᠂ ᠪᠦᠭᠦ ᠣᠷᠣᠨ᠎ᠤ ᠡᠯ᠎ᠡ ᠱᠠᠲᠤᠨ᠎ᠤ ᠵᠠᠰᠠᠭ᠎ᠤᠨ ᠣᠷᠳᠣᠨ ᠢᠯᠠᠩᠭᠤᠶ᠎ᠠ ᠤᠳᠤᠷᠢᠳᠬᠤ ᠺᠠᠳ᠋ᠷᠴᠤᠳ ᠵᠠᠰᠠᠪᠤᠷᠢ ᠣᠷᠣᠭᠤᠯᠤᠭᠰᠠᠨ ᠭᠣᠣᠯᠳᠠᠯᠭ᠎ᠠ᠂ ᠭᠣᠣᠯ ᠠᠭᠤᠯᠭ᠎ᠠ᠂ ᠠᠵᠢᠯ᠎ᠤᠨ ᠱᠠᠭ᠋ᠠᠷᠳᠠᠯᠭ᠎ᠠ ᠵᠢ ᠡᠵᠡᠮᠳᠡᠵᠦ᠂ ᠲᠣᠭ᠎ᠠ ᠪᠦᠷᠢᠳᠬᠡᠯ᠎ᠤᠨ ᠪᠠᠢ᠌ᠴᠠᠭ᠋ᠠᠯᠲᠠ ᠪᠠ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠯᠲᠠ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠲᠣᠭ᠎ᠠ ᠪᠦᠷᠢᠳᠬᠡᠯ᠎ᠤᠨ ᠵᠠᠳᠠᠯᠤᠯᠲᠠ ᠪᠠ ᠰᠣᠨᠢᠨ ᠮᠡᠳᠡᠭᠡ ᠨᠡᠢ᠌ᠲᠡᠯᠡᠬᠦ ᠵᠡᠷᠭᠡ ᠠᠵᠢᠯ᠎ᠢ ᠰᠠᠢ᠌ᠲᠤᠷ ᠬᠢᠵᠦ᠂ ᠲᠣᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ ᠵᠢ ᠡᠷᠡᠰ ᠬᠣᠷᠢᠭᠯᠠᠵᠤ᠂ ᠲᠣᠭ᠎ᠠ ᠪᠦᠷᠢᠳᠬᠡᠯ᠎ᠤᠨ ᠦᠢ᠍ᠯᠡᠴᠢᠯᠡᠭᠡ ᠵᠢᠨ ᠴᠢᠨᠠᠷ ᠰᠠᠢ᠌ᠲᠠᠢ ᠬᠥᠭᠵᠢᠯᠲᠡ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ᠎ᠠᠴᠠ ᠪᠦᠭᠦ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠳᠠᠢ᠌ᠴᠢᠯᠠᠨ ᠳᠡᠮᠵᠢᠵᠦ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠵᠢᠨ ᠲᠣᠭᠣᠷᠢᠨ᠎ᠳᠤ᠂ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ ᠲᠤᠰᠬᠠᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠨᠢᠭᠡ ᠪᠦᠯᠦᠭ ᠮᠠᠨ᠎ᠤ ᠣᠷᠣᠨ᠎ᠤ ᠣᠨᠴᠠᠯᠢᠭ ᠪᠠ ᠪᠦᠭᠦ ᠤᠯᠤᠰ᠎ᠲᠤ ᠨᠥᠯᠥᠭᠡᠯᠡᠬᠦ ᠬᠦᠴᠦᠨ᠎ᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠥᠷᠥᠯ ᠲᠡᠮᠳᠡᠭ᠎ᠢ ᠡᠭᠦᠳᠬᠦ ᠬᠡᠷᠡᠭᠲᠡᠢ ᠭᠡᠵᠦ ᠱᠠᠭ᠋ᠠᠷᠳᠠᠪᠠ᠃

    ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ ᠥᠭᠡᠷᠡᠴᠢᠯᠡᠯᠲᠡ ᠵᠢᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠵᠢᠯ ᠬᠤᠪᠢᠶᠠᠨ ᠬᠠᠷᠢᠭᠤᠴᠠᠵᠤ᠂ ᠲᠦᠷᠭᠡᠳᠬᠡᠨ ᠠᠬᠢᠭᠤᠯᠵᠤ᠂ ᠣᠢ᠌ᠷ᠎ᠠ ᠣᠭᠲᠠᠷᠭᠤᠢ ᠵᠢᠨ ᠣᠷᠣᠨ᠎ᠤ ᠬᠠᠮᠢᠶᠠᠷᠤᠯᠲᠠ᠂ ᠨᠠᠭ᠋ᠠᠲᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠵᠡᠷᠭᠡ ᠥᠭᠡᠷᠡᠴᠢᠯᠡᠯᠲᠡ ᠵᠢᠨ ᠶᠠᠪᠤᠳᠠᠯ᠎ᠢ ᠰᠤᠳᠤᠯᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ