ᠢᠯᠡ ᠵᠠᠰᠠᠭ   -   ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2025 ᠣᠨ᠎ᠤ 31 ᠳ᠋ᠦ᠍ᠭᠡᠷ ᠤᠳᠠᠭ᠎ᠠ᠎ᠶᠢᠨ ᠪᠠᠢᠩᠭᠤ᠎ᠶᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-10-26

10 ᠰᠠᠷ᠎ᠠ᠎ᠶᠢᠨ 25 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠢᠩᠭᠤ᠎ᠶᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃

ᠬᠤᠷᠠᠯ᠎ᠠᠴᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ ᠪᠣᠯ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ ᠲᠡᠢᠰᠢ ᠤᠷᠤᠭᠰᠢᠯᠠᠬᠤ ᠰᠢᠨ᠎ᠡ ᠠᠶᠠᠨ᠎ᠳᠤ ᠬᠤᠷᠠᠯᠳᠤᠭᠤᠯᠤᠭᠰᠠᠨ ᠨᠢᠭᠡ ᠤᠳᠠᠭ᠎ᠠ᠎ᠶᠢᠨ ᠲᠤᠢᠯ᠎ᠤᠨ ᠴᠢᠬᠤᠯᠠ ᠬᠤᠷᠠᠯ ᠪᠣᠯᠣᠨ᠎ᠠ᠃ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠵᠤ ᠰᠠᠢᠲᠤᠷ ᠤᠬᠠᠭᠤᠯᠵᠤ ᠰᠠᠢᠲᠤᠷ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠮᠥᠨ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ ᠪᠦᠬᠦᠳᠠ ᠬᠤᠷᠠᠯ᠎ᠤᠨ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ 《ᠬᠣᠶᠠᠷ᠎ᠢ ᠲᠣᠭᠲᠠᠭᠠᠭᠰᠠᠨ》᠎ᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》᠎ᠢᠶᠠᠨ ᠴᠢᠩᠭᠠᠳᠬᠠᠵᠤ᠂ 《ᠲᠦᠷᠪᠡᠨ ᠢᠲᠡᠭᠡᠯ》᠎ᠢᠶᠠᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠠᠭᠠᠭᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠰᠢᠨ᠎ᠡ ᠦᠷ᠎ᠡ ᠪᠦᠲᠦᠮᠵᠢ ᠣᠯᠬᠤ᠎ᠶᠢ ᠬᠦᠴᠦᠯᠡᠨ ᠠᠬᠢᠭᠤᠯᠬᠤ ᠬᠡᠷᠡᠭᠲᠡᠢ᠃ 《ᠤᠯᠤᠰ ᠠᠷᠠᠳ᠎ᠤᠨ ᠠᠵᠤ ᠠᠬᠤᠢ ᠪᠣᠯᠣᠨ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠰᠠᠨᠠᠭᠤᠯᠭ᠎ᠠ》᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠣᠢᠯᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ ᠪᠣᠯᠣᠨ ᠦᠨᠳᠦᠰᠦᠨ ᠪᠠᠲᠤᠯᠠᠭ᠎ᠠ᠎ᠶᠢ ᠪᠠᠲᠤ ᠡᠵᠡᠮᠰᠢᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ ᠪᠣᠯᠣᠨ ᠡᠯ᠎ᠡ ᠬᠦᠷᠢᠶᠡᠨ᠎ᠦ ᠲᠤᠰᠬᠠᠢ ᠵᠦᠢᠯ᠎ᠦᠨ ᠲᠥᠯᠦᠪᠵᠢᠭᠦᠯᠭᠡ᠎ᠶᠢ ᠤᠯᠠᠮ ᠨᠢᠭᠡ ᠠᠯᠬᠤᠮ ᠨᠠᠷᠢᠯᠢᠭ᠍ᠵᠢᠭᠤᠯᠤᠨ ᠲᠡᠭᠦᠯᠳᠡᠷᠵᠢᠭᠦᠯᠵᠦ᠂ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠴᠢᠨᠠᠷ ᠴᠢᠨᠰᠠᠭ᠎ᠠ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ᠎ᠠᠴᠠ᠂ ᠵᠢᠯ᠎ᠦᠨ ᠡᠴᠦᠰ ᠪᠣᠯᠲᠠᠯ᠎ᠠ ᠬᠣᠶᠠᠷᠬᠠᠨ ᠰᠠᠷ᠎ᠠ ᠦᠯᠡᠳᠡᠵᠦ ᠪᠣᠢ᠂ ᠠᠰᠠᠭᠤᠳᠠᠯ᠎ᠤᠨ ᠵᠠᠩᠭᠢᠯᠠᠭ᠎ᠠ᠎ᠶᠢ ᠣᠨᠣᠪᠴᠢᠲᠠᠢ ᠣᠯᠵᠤ᠂ ᠠᠵᠤ ᠠᠬᠤᠢ᠎ᠶᠢᠨ ᠡᠷᠭᠢᠯᠲᠡ᠎ᠶᠢᠨ ᠲᠣᠬᠢᠷᠠᠭᠤᠯᠤᠯᠲᠠ᠎ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠪᠠ ᠲᠦᠷᠦᠯ ᠵᠦᠢᠯ᠎ᠢ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠵᠤ᠂ ᠠᠢᠮᠠᠭ ᠬᠤᠳᠠ᠎ᠶᠢ ᠦᠨᠡᠨ ᠬᠦ᠌ ᠬᠠᠪᠰᠤᠷᠤᠨ ᠬᠦᠴᠢᠷᠳᠡᠯ᠎ᠢ ᠨᠢ ᠰᠢᠢᠳᠪᠦᠷᠢᠯᠡᠨ ᠥᠭᠴᠦ᠂ ᠪᠦᠬᠦ ᠵᠢᠯ᠎ᠦᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠎ᠶᠢ ᠪᠠᠲᠤᠯᠠᠬᠤ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢ ᠰᠠᠢᠲᠤᠷ ᠠᠳᠬᠤᠵᠤ᠂ ᠶᠡᠬᠡ ᠳᠡᠭᠡᠳᠦ ᠰᠤᠷᠭᠠᠭᠤᠯᠢ᠎ᠠᠴᠠ ᠲᠡᠭᠦᠰᠦᠭᠰᠡᠳ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ ᠵᠡᠷᠭᠡ ᠭᠣᠣᠯᠳᠠᠯᠭ᠎ᠠ ᠲᠠᠢ ᠬᠥᠮᠥᠰ᠎ᠦᠨ ᠠᠵᠢᠯ ᠣᠯᠭᠣᠯᠲᠠ᠎ᠶᠢ ᠵᠢᠯᠣᠭᠣᠳᠬᠤ ᠬᠠᠪᠰᠤᠷᠤᠨ ᠲᠡᠳᠬᠦᠬᠦ᠎ᠶᠢ ᠴᠢᠩᠭᠠᠳᠬᠠᠵᠤ᠂ ᠳᠤᠯᠠᠭᠠᠯᠠᠭ᠎ᠠ ᠬᠠᠩᠭᠠᠬᠤ᠂ ᠭᠠᠮᠰᠢᠭ᠋᠎ᠤᠨ ᠳᠠᠷᠠᠭᠠᠬᠢ ᠰᠡᠷᠭᠦᠭᠡᠵᠦ ᠲᠠᠬᠢᠨ ᠪᠦᠲᠦᠭᠡᠨ ᠪᠠᠶ᠋ᠢᠭᠤᠯᠬᠤ᠂ ᠭᠠᠮᠰᠢᠭ᠍ᠳᠠᠭᠰᠠᠨ ᠤᠯᠠᠨ ᠲᠦᠮᠡᠨ᠎ᠢ ᠲᠥᠪᠬᠢᠨᠡᠭᠦᠯᠬᠦ ᠪᠠ ᠠᠮᠢᠳᠤᠷᠠᠯ᠎ᠢ ᠨᠢ ᠪᠠᠲᠤᠯᠠᠬᠤ ᠵᠡᠷᠭᠡ ᠠᠵᠢᠯ᠎ᠢ ᠰᠠᠢᠲᠤᠷ ᠬᠢᠵᠦ᠂ ᠤᠯᠠᠨ ᠲᠦᠮᠡᠨ᠎ᠢ ᠬᠠᠯᠠᠭᠤᠨ ᠳᠤᠯᠠᠭᠠᠬᠠᠨ ᠡᠪᠦᠯᠵᠢᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠪᠣᠯᠣᠨ ᠲᠣᠭᠲᠠᠭᠤᠨ᠎ᠢ ᠬᠠᠮᠠᠭᠠᠯᠠᠬᠤ ᠠᠵᠢᠯ᠎ᠢ ᠰᠠᠢᠲᠤᠷ ᠬᠢᠵᠦ᠂ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠳᠦᠷᠢᠮ᠎ᠢ ᠨᠠᠢᠳᠠᠪᠤᠷᠢᠵᠢᠭᠤᠯᠵᠤ᠂ ᠡᠯ᠎ᠡ ᠲᠠᠯ᠎ᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠠᠭᠤᠷᠬᠠᠢ᠂ ᠬᠢᠮᠢ᠎ᠶᠢᠨ ᠠᠵᠤ ᠦᠢᠯᠡᠳᠪᠦᠷᠢ᠎ᠶᠢᠨ ᠦᠢᠯᠡᠳᠪᠦᠷᠢᠯᠡᠯ᠂ ᠵᠢᠭᠤᠯᠴᠢᠯᠠᠯ᠎ᠤᠨ ᠦᠵᠡᠮᠵᠢ᠎ᠶᠢᠨ ᠣᠷᠣᠨ᠂ ᠪᠠᠷᠢᠯᠭ᠎ᠠ᠎ᠶᠢᠨ ᠠᠵᠢᠯ᠂ ᠵᠤᠭ᠎ᠠ ᠴᠡᠩᠬᠡᠭᠦᠨ᠎ᠦ ᠭᠠᠵᠠᠷ ᠵᠡᠷᠭᠡ ᠭᠣᠣᠯᠳᠠᠯᠭ᠎ᠠ ᠲᠠᠢ ᠬᠦᠷᠢᠶᠡᠨ᠎ᠦ ᠠᠶᠤᠯ ᠲᠦᠭᠰᠢᠭᠦᠷᠢ ᠭᠡᠮ ᠰᠣᠭᠣᠭ᠎ᠢ ᠵᠠᠰᠠᠬᠤ᠎ᠶᠢ ᠴᠢᠩᠭᠠᠳᠬᠠᠵᠤ᠂ ᠵᠥᠷᠢᠴᠡᠯ ᠵᠠᠭᠤᠷᠠᠯᠳᠤᠭᠠᠨ᠎ᠢ ᠭᠦᠨᠵᠡᠭᠡᠢ ᠪᠠᠢᠴᠠᠭᠠᠨ ᠰᠢᠢᠳᠪᠦᠷᠢᠯᠡᠵᠦ᠂ ᠨᠡᠢᠭᠡᠮ᠎ᠦᠨ ᠠᠮᠤᠷ᠎ᠢ ᠬᠠᠮᠠᠭᠠᠯᠠᠬᠤ ᠲᠠᠯ᠎ᠠ᠎ᠪᠠᠷ ᠬᠢ ᠪᠦᠬᠦᠯᠢ ᠴᠣᠭᠴᠠ᠎ᠶᠢᠨ ᠰᠡᠷᠭᠡᠢᠯᠡᠨ ᠡᠵᠡᠮᠳᠡᠬᠦ ᠠᠵᠢᠯ᠎ᠢ ᠴᠢᠩᠭᠠᠳᠬᠠᠵᠤ᠂ ᠨᠡᠢᠭᠡᠮ᠎ᠦᠨ ᠶᠡᠬᠡ ᠲᠠᠯ᠎ᠠ᠎ᠶᠢᠨ ᠡᠶ᠎ᠡ ᠵᠣᠬᠢᠴᠠᠩᠭᠤᠢ ᠲᠣᠭᠲᠠᠭᠤᠨ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 

ᠬᠤᠷᠠᠯ᠎ᠠᠴᠠ ᠪᠠᠰᠠ 《ᠬᠤᠳᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ》᠎ᠢ ᠰᠤᠳᠤᠯᠵᠠᠢ᠃

ᠢᠷᠡᠯᠲᠡ᠄    