ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠦᠬᠦ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠭᠠᠯ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤᠲᠤ ᠬᠤᠷᠠᠯ᠎ᠢ ᠬᠤᠷᠠᠯᠳᠤᠭᠤᠯᠵᠤ ᠰᠡᠷᠭᠡᠢ᠌ᠯᠡᠨ ᠡᠵᠡᠮᠳᠡᠬᠦ ᠬᠠᠷᠢᠭᠤᠴᠠᠯᠭ᠎ᠠ ᠠᠷᠭ᠎ᠠ ᠬᠡᠮᠵᠢᠶ᠎ᠡ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠯᠢ ᠪᠢᠩ ᠷᠦᠩ ᠬᠤᠷᠠᠯ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2022-03-22

      3 ᠳ᠋ᠤᠭ᠋ᠠᠷ ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠭᠠᠯ ᠤᠨᠲᠠᠷᠠᠭ᠋ᠠᠬᠤ ᠠᠵᠢᠯ᠎ᠤᠨ ᠲᠧᠯᠸᠢᠰ ᠤᠲᠠᠰᠤᠲᠤ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ᠎ᠢ ᠡᠷᠬᠢᠯᠡᠪᠡ᠃
      ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ᠎ᠤᠨ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠭᠠᠯ ᠤᠨᠲᠠᠷᠠᠭ᠋ᠠᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ᠂ ᠬᠠᠮᠤᠭ ᠎ᠤᠨ ᠥᠨᠳᠥᠷ ᠪᠠᠷᠢᠮᠵᠢᠶ᠎ᠠ᠂ ᠬᠠᠮᠤᠭ ᠎ᠤᠨ ᠴᠢᠩᠭ᠎ᠠ ᠱᠠᠭ᠋ᠠᠷᠳᠠᠯᠭ᠎ᠠ᠂ ᠬᠠᠮᠤᠭ ᠎ᠤᠨ ᠪᠣᠳᠠᠲᠠᠢ ᠠᠷᠭ᠎ᠠ ᠬᠡᠮᠵᠢᠶ᠎ᠡ᠎ᠪᠠᠷ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠭᠠᠯ ᠤᠨᠲᠠᠷᠠᠭ᠋ᠠᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ ᠭᠡᠵᠡᠢ᠃
      ᠬᠤᠷᠠᠯ᠎ᠠᠴᠠ ᠵᠢᠭ᠋ᠠᠬᠤ᠎ᠳᠤ᠎ᠪᠠᠨ᠂ ᠡᠨᠡ ᠵᠢᠯ᠎ᠤᠨ ᠬᠠᠪᠤᠷ᠎ᠠᠴᠠ ᠬᠣᠢ᠌ᠰᠢ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠭᠠᠯ ᠤᠨᠲᠠᠷᠠᠭ᠋ᠠᠬᠤ ᠪᠠᠢ᠌ᠳᠠᠯ ᠲᠡᠶ᠋ᠢᠮᠦ ᠰᠠᠢ᠌ᠨ ᠪᠢᠰᠢ᠃ ᠡᠢ᠌ᠮᠦ᠎ᠠᠴᠠ ᠬᠣᠷᠢᠭ᠎ᠠ ᠱᠤᠭᠤᠮ᠎ᠤᠨ ᠰᠡᠳᠬᠢᠬᠦᠢ᠎ᠪᠠᠨ ᠴᠢᠩᠭ᠋ᠠᠳᠬᠠᠵᠤ᠂ ᠵᠣᠪᠠᠨᠢᠬᠤᠢ ᠦᠵᠡᠯ ᠤᠬᠠᠮᠰᠠᠷ ᠵᠶ᠋ᠠᠨ ᠴᠢᠩᠭ᠋ᠠᠷᠠᠭᠤᠯᠵᠤ᠂ ᠭᠠᠯ᠎ᠢ ᠰᠡᠷᠭᠡᠢ᠌ᠯᠡᠬᠦ ᠭᠠᠯ ᠤᠨᠲᠠᠷᠠᠭ᠋ᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠭᠠᠯ᠎ᠤᠨ ᠠᠶᠤᠯ᠎ᠢ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠴᠢᠩᠭ᠎ᠠ ᠬᠠᠮᠢᠶᠠᠷᠤᠨ ᠡᠵᠡᠮᠳᠡᠵᠦ᠂ ᠬᠢᠯᠢ ᠵᠢᠨ ᠭᠠᠳᠠᠨᠠᠬᠢ ᠪᠠ ᠠᠶᠤᠩᠭ᠎ᠠ᠎ᠳᠤ ᠳᠠᠭ᠋ᠠᠷᠢᠭᠳᠠᠭᠰᠠᠨ ᠭᠠᠯ᠎ᠤᠨ ᠭᠠᠮᠰᠢᠭ᠎ᠢ ᠰᠡᠷᠭᠡᠢ᠌ᠯᠡᠬᠦ ᠬᠡᠷᠡᠭᠲᠡᠢ᠃ ᠭᠠᠯ ᠤᠨᠲᠠᠷᠠᠭ᠋ᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠵᠢᠵᠢᠭᠦᠷᠯᠡᠯ ᠲᠣᠬᠢᠷᠠᠭᠤᠯᠤᠯᠲᠠ ᠵᠢ ᠴᠢᠩᠳᠠᠯᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠡᠶ᠋ᠢᠨ᠎ᠤ ᠪᠡᠯᠡᠳᠬᠡᠯ᠎ᠢ ᠴᠢᠩᠭ᠋ᠠᠷᠠᠭᠤᠯᠤᠨ᠂ ᠭᠠᠯ ᠤᠨᠲᠠᠷᠠᠭ᠋ᠠᠬᠤ ᠵᠢᠯᠣᠭᠣᠳᠤᠯᠭ᠎ᠠ ᠵᠢ ᠴᠢᠩᠭ᠋ᠠᠳᠬᠠᠵᠤ᠂ ᠭᠠᠯ ᠤᠨᠲᠠᠷᠠᠭ᠋ᠠᠬᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠵᠠᠷᠤᠳᠠᠯ᠎ᠤᠨ ᠪᠠᠲᠤᠯᠠᠭ᠎ᠠ᠂ ᠡᠩᠨᠡᠭᠡᠨ᠎ᠤ ᠪᠠᠢ᠌ᠭᠤᠯᠤᠯᠲᠠ᠂ ᠰᠠᠭᠤᠷᠢ ᠲᠥᠬᠦᠭᠡᠷᠦᠮᠵᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠵᠡᠷᠭᠡ ᠲᠠᠯ᠎ᠠ᠎ᠪᠠᠷ ᠭᠠᠯ᠎ᠢ ᠰᠡᠷᠭᠡᠢ᠌ᠯᠡᠨ ᠤᠨᠲᠠᠷᠠᠭ᠋ᠠᠬᠤ ᠶᠡᠷᠦᠩᠬᠡᠢ᠌ᠯᠡᠭᠰᠡᠨ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃
      ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠭᠠᠯ᠎ᠢ ᠰᠡᠷᠭᠡᠢ᠌ᠯᠡᠬᠦ ᠭᠠᠯ ᠤᠨᠲᠠᠷᠠᠭ᠋ᠠᠬᠤ ᠤᠯᠤᠰ ᠲᠦᠷᠦ ᠵᠢᠨ ᠬᠠᠷᠢᠭᠤᠴᠠᠯᠭ᠎ᠠ᠂ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ᠂ ᠠᠵᠢᠯ ᠲᠦᠷᠦᠯ᠎ᠤᠨ ᠬᠢᠨᠠᠨ ᠬᠠᠮᠢᠶᠠᠷᠤᠯᠲᠠ ᠵᠢᠨ ᠬᠠᠷᠢᠭᠤᠴᠠᠯᠭ᠎ᠠ᠂ ᠨᠢᠭᠡᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠬᠥᠨᠳᠡᠯᠡᠨ ᠵᠶ᠋ᠡᠷ ᠵᠠᠬ᠎ᠠ ᠬᠢᠵᠠᠭ᠋ᠠᠷ ᠬᠦᠷᠬᠦ᠂ ᠭᠤᠯᠳᠤ᠎ᠪᠠᠷ ᠡᠴᠦᠰ᠎ᠲᠤ᠎ᠨᠢ ᠲᠤᠯᠲᠠᠯ᠎ᠠ ᠲᠣᠣᠷᠵᠢᠭᠤᠯᠤᠭᠰᠠᠨ ᠬᠠᠷᠢᠭᠤᠴᠠᠯᠭ᠎ᠠ ᠵᠢᠨ ᠰᠢᠰᠲ᠋ᠧᠮ᠎ᠢ ᠪᠠᠢ᠌ᠭᠤᠯᠵᠤ᠂ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ