3 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠭᠠᠵᠠᠷ ᠪᠦᠬᠦ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠸᠢᠳᠢᠤ᠋ ᠲᠣᠬᠢᠷᠠᠭᠤᠯᠤᠯᠲᠠ ᠵᠢᠨ ᠬᠤᠷᠠᠯ᠎ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠡᠨᠡ ᠵᠢᠯ᠎ᠤᠨ ᠪᠥᠬᠥ ᠤᠯᠤᠰ᠎ᠤᠨ ᠬᠣᠶᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠣᠯᠪᠤᠭ᠋ᠠᠯᠠᠨ ᠰᠡᠷᠭᠡᠶ᠋ᠢᠯᠡᠵᠦ ᠬᠣᠯᠪᠤᠭ᠋ᠠᠯᠠᠨ ᠡᠵᠡᠮᠳᠡᠬᠦ ᠲᠣᠭᠲᠠᠴᠠ ᠵᠢᠨ ᠬᠣᠯᠪᠣᠭᠳᠠᠯ ᠪᠥᠬᠥᠶ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ᠂ ᠣᠳᠣᠬᠠᠨ᠎ᠤ ᠪᠥᠬᠥ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠪᠠᠴᠢᠮ ᠲᠣᠬᠢᠷᠠᠭᠤᠯᠤᠯᠲᠠ᠂ ᠪᠠᠶ᠋ᠢᠷᠢᠯᠠᠭᠤᠯᠤᠯᠲᠠ ᠬᠢᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠳᠡᠳ᠋ ᠶᠡᠷᠦᠩᠬᠡᠶ ᠵᠢᠯᠣᠭᠣᠳᠣᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠳᠡᠳ᠋ ᠶᠡᠷᠦᠩᠬᠡᠶ ᠵᠢᠯᠣᠭᠣᠳᠣᠭᠴᠢ ᠪᠦᠦ ᠰᠢᠶᠠᠨ ᠬᠤᠸᠠ ᠬᠤᠷᠠᠯ᠎ᠢ ᠡᠷᠭᠢᠯᠡᠪᠡ᠃
ᠬᠤᠸᠠᠩ ᡁᠢ ᠴᠢᠶᠠᠩ ᠴᠢᠬᠤᠯᠠᠴᠢᠯᠠᠭᠰᠠᠨ᠎ᠨᠢ᠂ ᠣᠳᠣᠬᠠᠨ᠎ᠤ ᠬᠢᠵᠢᠭ᠎ᠤᠨ ᠪᠠᠶ᠋ᠢᠳᠠᠯ᠎ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶ᠋ᠢᠳᠠᠯ᠎ᠢ ᠰᠡᠷᠭᠡᠭ ᠵᠶ᠋ᠠᠷ ᠲᠠᠨᠢᠵᠤ᠂ ᠦᠨᠡᠨ ᠬᠦ᠌ ᠪᠠᠴᠢᠮ ᠪᠠᠶ᠋ᠢᠳᠠᠯ᠎ᠳᠤ ᠣᠷᠣᠵᠤ᠂ ᠦᠳᠲᠡᠷ ᠲᠦᠷᠭᠡᠨ ᠬᠥᠳᠡᠯᠦᠯᠴᠡᠬᠦ ᠬᠡᠷᠡᠭᠲᠡᠶ; ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠴᠢᠩᠭ᠎ᠠ ᠨᠠᠶ᠋ᠢᠳᠠᠪᠤᠷᠢᠵᠢᠭᠤᠯᠵᠤ᠂ ᠬᠢᠵᠢᠭ᠎ᠤᠨ ᠲᠠᠷᠬᠠᠨ ᠳᠡᠯᠭᠡᠷᠡᠬᠦ ᠬᠠᠨᠳᠤᠰᠢ ᠵᠢ ᠡᠷᠡᠰ ᠬᠣᠷᠢᠭᠯᠠᠬᠤ ᠬᠡᠷᠡᠭᠲᠡᠶ; ᠵᠢᠯᠣᠭᠣᠳᠬᠤ ᠲᠣᠭᠲᠠᠯᠴᠠᠭ᠎ᠠ ᠵᠢᠨ ᠦᠢ᠍ᠯᠡᠳᠦᠯ᠎ᠢ ᠥᠨᠳᠥᠷ ᠪᠦᠲᠦᠮᠵᠢᠲᠡᠢ᠎ᠪᠠᠷ ᠪᠠᠳᠠᠷᠠᠭᠤᠯᠵᠤ᠂ ᠪᠦᠬᠦ ᠣᠷᠣᠨ ᠪᠦᠰᠡ ᠵᠢᠨ ᠴᠢᠩᠳᠠᠯᠠᠨ ᠰᠠᠬᠢᠵᠤ ᠳᠠᠢ᠍ᠢ᠍ᠨ᠎ᠳᠤ ᠪᠡᠯᠡᠳᠬᠡᠬᠦ ᠠᠵᠢᠯ᠎ᠢ ᠪᠣᠯᠭᠤᠮᠵᠢᠲᠠᠢ ᠰᠠᠶ᠋ᠢᠲᠤᠷ ᠬᠢᠬᠦ ᠬᠡᠷᠡᠭᠲᠡᠢ; ᠬᠠᠲᠠᠭᠤ ᠴᠢᠩᠭ᠎ᠠ ᠠᠵᠢᠯ᠎ᠤᠨ ᠰᠤᠷᠲᠠᠯ ᠵᠶ᠋ᠠᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠠᠷᠢᠭᠤᠴᠠᠯᠭ᠎ᠠ ᠵᠢ ᠪᠠᠲᠤ ᠡᠭᠦᠷᠭᠡᠯᠡᠵᠦ᠂ ᠠᠵᠢᠯ᠎ᠤᠨ ᠪᠠᠢ᠌ᠷᠢ᠎ᠪᠠᠨ ᠰᠠᠬᠢᠵᠤ᠂ ᠠᠵᠢᠯ᠎ᠤᠨ ᠬᠠᠷᠢᠭᠤᠴᠠᠯᠭ᠎ᠠ᠎ᠪᠠᠨ ᠡᠭᠦᠷᠭᠡᠯᠡᠨ᠂ ᠠᠵᠢᠯ᠎ᠤᠨ ᠡᠭᠦᠷᠭᠡ᠎ᠪᠠᠨ ᠭᠦᠢ᠍ᠴᠡᠳᠬᠡᠬᠦ ᠬᠡᠷᠡᠭᠲᠡᠢ ᠭᠡᠵᠡᠢ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠣᠶ᠋ᠢᠷ᠎ᠠ ᠵᠢᠨ ᠬᠤᠭᠤᠴᠠᠭ᠋ᠠᠨ᠎ᠤ ᠪᠥᠬᠥ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠭᠰᠡᠨ ᠪᠠᠶ᠋ᠢᠳᠠᠯ᠎ᠢ ᠵᠠᠷᠯᠠᠨ ᠮᠡᠳᠡᠭᠳᠡᠵᠦ᠂ ᠬᠥᠬᠡᠬᠣᠲᠠ᠂ ᠪᠤᠭᠤᠲᠤ᠂ ᠣᠷᠳᠣᠰ᠂ ᠠᠯᠠᠱ᠌ᠠ᠂ ᠮᠠᠨᠵᠤᠤᠷ ᠵᠡᠷᠭᠡ 5 ᠠᠶ᠋ᠢᠮᠠᠭ ᠬᠣᠲᠠ ᠲᠣᠰ ᠭᠠᠵᠠᠷ ᠣᠷᠣᠨ᠎ᠤ᠎ᠪᠠᠨ ᠣᠶ᠋ᠢᠷ᠎ᠠ ᠵᠢᠨ ᠬᠤᠭᠤᠴᠠᠭ᠋ᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠭᠰᠡᠨ ᠠᠵᠢᠯ᠎ᠤᠨ ᠪᠠᠶ᠋ᠢᠳᠠᠯ᠎ᠢ ᠬᠠᠷᠢᠭᠤ ᠮᠡᠳᠡᠭᠦᠯᠪᠡ᠃