4 ᠳ᠋ᠦ᠍ᠭᠡᠷ ᠰᠠᠷ᠎ᠠ ᠵᠢᠨ 12᠎ᠤᠨ ᠡᠳᠦᠷ᠂ ᠪᠥᠬᠥ ᠣᠷᠣᠨ᠎ᠤ ᠠᠵᠢᠯ ᠣᠯᠭᠣᠬᠤ ᠠᠵᠢᠯ᠎ᠤᠨ ᠶᠠᠷᠢᠯᠴᠠᠬᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠥᠬᠥᠳᠡ ᠬᠤᠷᠠᠯ᠂ ᠮᠠᠯᠴᠢᠨ ᠲᠠᠷᠢᠶᠠᠴᠢᠨ ᠬᠦᠴᠦ ᠶᠠᠪᠤᠭᠴᠢᠳ᠎ᠤᠨ ᠴᠠᠯᠢᠩ᠎ᠢ ᠤᠳᠠᠭ᠋ᠠᠰᠢᠷᠠᠭᠤᠯᠤᠨ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠬᠥᠬᠡᠬᠣᠲᠠ᠎ᠳᠤ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠠᠵᠢᠯ ᠣᠯᠭᠣᠯᠲᠠ ᠪᠠ ᠮᠠᠯᠴᠢᠨ ᠲᠠᠷᠢᠶᠠᠴᠢᠨ ᠬᠦᠴᠦ ᠶᠠᠪᠤᠭᠴᠢᠳ᠎ᠤᠨ ᠴᠠᠯᠢᠩ᠎ᠢ ᠤᠳᠠᠭ᠋ᠠᠰᠢᠷᠠᠭᠤᠯᠤᠨ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠵᠢᠨ ᠫᠢᠩ ᠣᠯᠠᠨ ᠤᠳᠠᠭ᠎ᠠ ᠴᠢᠬᠤᠯᠠ ᠵᠢᠭ᠋ᠠᠪᠤᠷᠢ ᠴᠣᠬᠣᠯᠠᠪᠤᠷᠢ ᠭᠠᠷᠭ᠋ᠠᠪᠠ᠃ ᠣᠳᠣᠬᠠᠨ᠎ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠨᠥᠯᠥᠭᠡᠨ ᠳᠣᠣᠷ᠎ᠠ᠂ ᠪᠥᠬᠥ ᠣᠷᠣᠨ᠎ᠤ ᠠᠵᠢᠯ ᠣᠯᠭᠣᠯᠲᠠ ᠵᠢᠨ ᠪᠠᠢ᠌ᠳᠠᠯ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠢ᠌ᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠪᠠ ᠰᠠᠭᠤᠭ᠋ᠠᠯᠢ ᠠᠷᠠᠳ᠎ᠤᠨ ᠠᠵᠢᠯ ᠣᠯᠭᠣᠯᠲᠠ ᠵᠢ ᠪᠠᠲᠤᠯᠠᠬᠤ ᠵᠢ ᠲᠡᠷᠢᠭᠦᠨ ᠴᠢᠬᠤᠯᠠ ᠶᠠᠪᠤᠳᠠᠯ ᠪᠣᠯᠭ᠋ᠠᠵᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠵᠢᠭᠦᠯᠬᠦ ᠵᠢ ᠪᠠᠷᠢᠮᠲᠠᠯᠠᠵᠤ᠂ ᠤᠨᠢᠨ ᠳᠡᠭᠡᠷ᠎ᠡ᠎ᠨᠢ ᠲᠦᠷᠦᠯ ᠬᠤᠪᠢᠶᠠᠨ ᠲᠦᠷᠦ ᠵᠢᠨ ᠪᠣᠳᠣᠯᠭ᠎ᠠ ᠬᠡᠷᠡᠭᠵᠢᠭᠦᠯᠵᠦ᠂ ᠨᠡᠩ ᠶᠡᠬᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠠᠵᠢᠯ ᠣᠯᠭᠣᠯᠲᠠ ᠵᠢᠨ ᠦᠨᠳᠦᠰᠦᠨ ᠪᠠᠢ᠌ᠳᠠᠯ᠎ᠢ ᠪᠦᠬᠦ ᠬᠦᠴᠦᠨ ᠵᠶ᠋ᠡᠷ ᠵᠶ᠋ᠡᠨ ᠲᠣᠭᠲᠠᠪᠤᠷᠢᠵᠢᠭᠤᠯᠬᠤ ᠬᠡᠷᠡᠭᠲᠡᠢ ᠭᠡᠵᠡᠢ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠡᠯ᠎ᠡ ᠭᠠᠵᠠᠷ᠎ᠤᠨ᠎ᠬᠢᠨ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠭᠣᠣᠯᠳᠠᠯᠭ᠎ᠠ᠎ᠲᠠᠢ ᠬᠥᠮᠥᠰ᠎ᠲᠤ ᠠᠵᠢᠯ ᠣᠯᠭᠣᠬᠤ ᠵᠢ ᠪᠠᠲᠤᠯᠠᠬᠤ ᠬᠡᠷᠡᠭᠲᠡᠢ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ ᠵᠢ ᠰᠠᠢ᠌ᠲᠤᠷ ᠠᠳᠬᠤᠵᠤ᠂ ᠠᠯᠪᠠᠳᠠᠨ ᠰᠢᠯᠭ᠋ᠠᠨ ᠡᠯᠰᠡᠬᠦ᠂ ᠠᠵᠢᠯ ᠦᠢ᠍ᠯᠡᠰ᠎ᠤᠨ ᠨᠢᠭᠡᠴᠢ ᠵᠢᠨ ᠤᠷᠢᠨ ᠬᠡᠷᠡᠭᠯᠡᠬᠦ ᠪᠠ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠡᠯᠰᠡᠨ ᠬᠡᠷᠡᠭᠯᠡᠬᠦ ᠬᠡᠪᠴᠢᠶ᠎ᠡ ᠵᠢ ᠦᠷᠭᠦᠯᠵᠢᠯᠡᠨ ᠲᠣᠭᠲᠠᠪᠤᠷᠢᠵᠢᠭᠤᠯᠵᠤ᠂ ᠳᠠᠳᠤᠯᠭ᠎ᠠ ᠵᠢᠨ ᠠᠵᠢᠯ᠎ᠤᠨ ᠪᠠᠢ᠌ᠷᠢ᠎ᠳᠤ ᠡᠯᠰᠡᠨ ᠴᠤᠭᠯᠠᠭᠤᠯᠬᠤ ᠡᠷᠴᠢᠮ᠎ᠢ ᠴᠢᠩᠭ᠋ᠠᠷᠠᠭᠤᠯᠵᠤ᠂ ᠨᠢᠭᠡ ᠪᠦᠯᠦᠭ ᠵᠢᠷᠤᠮᠵᠢᠭᠰᠠᠨ ᠬᠠᠮᠢᠶᠠᠷᠤᠯᠲᠠ᠎ᠲᠠᠢ ᠡᠳᠦᠷ᠎ᠤᠨ ᠬᠦᠴᠦᠨ᠎ᠤ ᠵᠠᠬ᠎ᠠ ᠳᠡᠯᠭᠡᠭᠦᠷ᠎ᠢ ᠲᠦᠷᠭᠡᠪᠴᠢᠯᠡᠨ ᠪᠠᠢ᠌ᠭᠤᠯᠬᠤ ᠬᠡᠷᠡᠭᠲᠡᠢ; ᠮᠠᠯᠴᠢᠨ ᠲᠠᠷᠢᠶᠠᠴᠢᠨ ᠬᠦᠴᠦ ᠶᠠᠪᠤᠭᠴᠢᠳ᠎ᠤᠨ ᠰᠢᠯᠵᠢᠭᠦᠯᠦᠨ ᠠᠵᠢᠯ ᠣᠯᠭᠣᠬᠤ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠵᠣᠬᠢᠶᠠᠨ ᠪᠠᠢ᠌ᠭᠤᠯᠤᠯᠲᠠ᠎ᠲᠠᠢ᠎ᠪᠠᠷ ᠬᠥᠳᠡᠯᠮᠦᠷᠢ ᠬᠦᠴᠦᠨ᠎ᠢ ᠭᠠᠳᠠᠭᠰᠢ ᠭᠠᠷᠭ᠋ᠠᠬᠤ᠂ ᠠᠵᠤ ᠦᠢ᠍ᠯᠡᠰ᠎ᠤᠨ ᠲᠥᠷᠥᠯ ᠵᠦᠢ᠍ᠯ ᠵᠶ᠋ᠡᠷ ᠳᠠᠢ᠌ᠴᠢᠯᠠᠬᠤ᠂ ᠪᠡᠶ᠎ᠡ᠎ᠪᠠᠨ ᠳᠠᠭ᠋ᠠᠭ᠋ᠠᠵᠤ ᠦᠢ᠍ᠯᠡᠰ ᠴᠣᠭᠴᠠᠯᠠᠬᠤ᠎ᠪᠠᠷ ᠳᠠᠢ᠌ᠴᠢᠯᠠᠬᠤ ᠵᠡᠷᠭᠡ ᠠᠷᠭ᠎ᠠ ᠵᠠᠮ᠎ᠢ ᠥᠷᠭᠡᠳᠬᠡᠬᠦ ᠬᠡᠷᠡᠭᠲᠡᠢ; ᠪᠤᠰᠤᠳ ᠭᠣᠣᠯᠳᠠᠯᠭ᠎ᠠ᠎ᠲᠠᠢ ᠬᠥᠮᠥᠰ᠎ᠲᠤ ᠠᠵᠢᠯ ᠣᠯᠭᠣᠬᠤ ᠵᠢ ᠬᠠᠪᠰᠤᠷᠤᠨ ᠲᠡᠳᠬᠦᠬᠦ ᠠᠵᠢᠯ᠎ᠢ ᠰᠠᠢ᠌ᠲᠤᠷ ᠬᠢᠵᠦ᠂ ᠠᠵᠢᠯ᠎ᠤᠨ ᠪᠠᠢ᠌ᠷᠢ᠎ᠠᠴᠠ᠎ᠪᠠᠨ ᠪᠠᠭᠤᠵᠤ ᠠᠵᠢᠯ ᠠᠯᠳᠠᠭᠰᠠᠨ ᠬᠥᠮᠥᠰ᠂ ᠠᠵᠢᠯ ᠣᠯᠣᠭ᠎ᠠ ᠦᠭᠡᠢ ᠭᠡᠷ ᠪᠦᠯᠢ ᠵᠡᠷᠭᠡ᠎ᠳᠤ ᠲᠤᠰᠠᠯᠠᠮᠵᠢ ᠦᠵᠡᠭᠦᠯᠬᠦ ᠵᠢ ᠴᠢᠩᠭ᠋ᠠᠳᠬᠠᠬᠤ ᠬᠡᠷᠡᠭᠲᠡᠢ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠦᠢ᠍ᠯᠡᠰ ᠴᠣᠭᠴᠠᠯᠠᠵᠤ ᠠᠵᠢᠯ ᠣᠯᠭᠣᠬᠤ ᠳᠡᠮᠵᠢᠯᠭᠡ ᠵᠢ ᠨᠡᠮᠡᠭᠳᠡᠭᠦᠯᠵᠦ᠂ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠲᠡᠭᠦᠯᠳᠡᠷᠵᠢᠭᠦᠯᠵᠦ᠂ ᠨᠡᠩ ᠰᠢᠯᠢᠳᠡᠭ ᠦᠢ᠍ᠯᠡᠴᠢᠯᠡᠭᠡ᠎ᠪᠠᠷ ᠠᠵᠢᠯ ᠣᠯᠭᠣᠬᠤ ᠠᠷᠭ᠎ᠠ ᠵᠠᠮ᠎ᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠴᠠᠯᠢᠩ ᠥᠷᠢᠲᠦᠬᠦ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠭᠣᠭᠴᠣᠭ᠎ᠠ᠎ᠳᠤ ᠴᠢᠭᠯᠡᠭᠦᠯᠦᠨ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠩᠬᠠᠷᠴᠤ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠨᠠᠬᠢ ᠵᠢ ᠬᠠᠮᠵᠢᠯᠴᠠᠭᠤᠯᠤᠨ ᠬᠢᠨᠠᠨ ᠬᠠᠮᠢᠶᠠᠷᠴᠤ᠂ ᠰᠡᠷᠭᠡᠢ᠌ᠯᠡᠨ ᠡᠵᠡᠮᠳᠡᠬᠦ ᠵᠢ ᠡᠬᠢ ᠡᠭᠦᠰᠦᠯ᠎ᠠᠴᠠ᠎ᠨᠢ ᠰᠠᠢ᠌ᠲᠤᠷ ᠠᠳᠬᠤᠵᠤ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠬᠦ᠂ ᠴᠣᠭ ᠵᠶ᠋ᠠᠷ ᠠᠳᠬᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠪᠠᠢ᠌ᠷᠢᠰᠢᠯ᠎ᠢ ᠪᠣᠶ ᠪᠣᠯᠭ᠋ᠠᠬᠤ ᠬᠡᠷᠡᠭᠲᠡᠢ ᠭᠡᠵᠡᠢ᠃