ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠤᠯᠤᠰ᠎ᠤᠨ ᠴᠠᠭ ᠠᠭᠤᠷ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠠᠵᠢᠯ᠎ᠤᠨ ᠲᠧᠯᠸᠢᠰ ᠤᠲᠠᠰᠤ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠴᠢ 2022 ᠣᠨ᠎ᠤ ᠪᠦᠬᠦ ᠣᠷᠣᠨ᠎ᠤ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠤᠨ ᠸᠢᠳᠢᠣ᠋ ᠬᠤᠷᠠᠯ ᠬᠤᠷᠠᠯᠳᠤᠪᠠ ᠯᠢ ᠪᠢᠩ ᠷᠦᠩ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2022-05-31

      5 ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠪᠠ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠵᠢᠯᠣᠭᠤᠳᠬᠤ ᠭᠠᠵᠠᠷ᠎ᠠᠴᠠ ᠪᠦᠬᠦ ᠤᠯᠤᠰ᠎ᠤᠨ ᠴᠠᠭ ᠠᠭᠤᠷ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠠᠵᠢᠯ᠎ᠤᠨ ᠲᠧᠯᠸᠢᠰ ᠤᠲᠠᠰᠤ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠴᠢ 2022 ᠣᠨ᠎ᠤ ᠪᠦᠬᠦ ᠣᠷᠣᠨ᠎ᠤ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠵᠤ᠂ ᠪᠦᠬᠦ ᠵᠢᠯ᠎ᠤᠨ ᠭᠤᠣᠯᠳᠠᠯᠭ᠎ᠠ᠎ᠲᠠᠢ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠪᠠ᠃
      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠪᠠ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠵᠢᠯᠣᠭᠤᠳᠬᠤ ᠭᠠᠵᠠᠷ᠎ᠤᠨ ᠶᠡᠷᠦᠩᠬᠡᠶ ᠵᠢᠯᠣᠭᠤᠳᠣᠭᠴᠢ ᠯᠢ ᠪᠢᠩ ᠷᠦᠩ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃
      ᠯᠢ ᠪᠢᠩ ᠷᠦᠩ᠂ ᠪᠠᠶ᠋ᠢᠯᠳᠤᠬᠤ ᠪᠣᠳᠣᠯᠭ᠎ᠠ ᠪᠣᠯᠤᠨ ᠪᠥᠬᠦ ᠲᠠᠯ᠎ᠠ ᠵᠢᠨ ᠦᠨᠳᠦᠷᠴᠡ᠎ᠠᠴᠠ ᠴᠠᠭ ᠠᠭᠤᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠠᠨᠢᠨ ᠠᠬᠢᠭᠤᠯᠵᠤ᠂ ᠴᠠᠭ ᠠᠭᠤᠷ᠎ᠤᠨ ᠭᠠᠮᠰᠢᠭ᠎ᠤᠨ ᠬᠦᠨᠳᠦ ᠶᠡᠭᠡ ᠠᠶᠤᠯ ᠲᠦᠭᠰᠢᠭᠦᠷᠢ ᠵᠢ ᠰᠡᠷᠭᠡᠶ᠋ᠢᠯᠡᠬᠦ ᠠᠵᠢᠯ᠎ᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠨᠠᠩ ᠬᠦᠴᠦᠲᠡᠶ ᠠᠷᠭ᠎ᠠ ᠬᠡᠮᠵᠢᠶ᠎ᠡ᠂ ᠨᠠᠩ ᠪᠦᠲᠦᠮᠵᠢᠲᠡᠶ ᠠᠵᠢᠯᠯᠠᠭ᠎ᠠ᠎ᠪᠠᠷ ᠡᠯ᠎ᠡ ᠵᠦᠢ᠍ᠯ᠎ᠤᠨ ᠠᠵᠢᠯ᠎ᠢ ᠪᠣᠳᠠᠲᠠᠶ ᠠᠳᠬᠤᠵᠤ ᠨᠠᠷᠢᠯᠢᠭ ᠠᠳᠬᠤᠬᠤ ᠬᠡᠷᠡᠭᠲᠡᠶ ᠭᠡᠵᠤ ᠵᠢᠭ᠋ᠠᠵᠤ ᠭᠠᠷᠭ᠋ᠠᠪᠠ᠃
      ᠯᠢ ᠪᠢᠩ ᠷᠦᠩ᠂ ᠡᠯ᠎ᠡ ᠲᠠᠯ᠎ᠠ ᠵᠢᠨ ᠬᠤᠯᠪᠣᠭᠳᠠᠯ ᠪᠦᠬᠦᠢ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠤᠷᠢᠳᠴᠢᠯᠠᠨ ᠮᠡᠳᠡᠭᠦᠯᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ᠎ᠪᠠᠨ ᠪᠦᠲᠦᠮᠵᠢᠲᠡᠢ ᠳᠡᠭᠡᠭᠰᠢᠯᠡᠭᠦᠯᠵᠦ᠂ ᠴᠠᠭ ᠠᠭᠤᠷ ᠬᠦᠳᠡᠭᠡ ᠠᠵᠤ ᠠᠬᠤᠢ᠎ᠳᠤ ᠦᠢ᠍ᠯᠡᠴᠢᠯᠡᠬᠦ ᠵᠢ ᠰᠠᠶ᠋ᠢᠲᠤᠷ ᠠᠳᠬᠤᠵᠤ᠂ ᠬᠥᠮᠦᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠴᠠᠭ ᠠᠭᠤᠷ᠎ᠤᠨ ᠭᠠᠮᠰᠢᠭ᠎ᠤᠨ ᠪᠠᠶ᠋ᠢᠭᠤᠯᠤᠮᠵᠢ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠴᠠᠭ ᠠᠭᠤᠷ᠎ᠤᠨ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢᠨ ᠣᠳᠣᠬᠢᠴᠢᠯᠠᠯᠲᠠ᠎ᠪᠠᠷ ᠴᠠᠭ ᠠᠭᠤᠷ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠦᠳᠦᠯᠦᠨ ᠳᠠᠭ᠋ᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
      ᠯᠢ ᠪᠢᠩ ᠷᠦᠩ᠂ ᠡᠨᠡ ᠵᠢᠯ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢ ᠴᠢᠬᠤᠯᠠ᠎ᠠᠴᠠ ᠴᠢᠬᠤᠯᠠ ᠠᠵᠢᠯ ᠪᠣᠯᠭ᠋ᠠᠵᠤ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠠᠵᠢᠯ᠎ᠢ ᠠᠬᠢᠭᠤᠯᠬᠤ ᠵᠢᠨ ᠵᠡᠷᠭᠡ᠎ᠪᠠᠷ ᠬᠠᠪᠤᠷ᠎ᠤᠨ ᠲᠠᠷᠢᠶᠠᠯᠠᠭ᠎ᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠠᠵᠤ ᠦᠢ᠍ᠯᠡᠰ᠎ᠤᠨ ᠬᠡᠯᠬᠢᠶ᠎ᠡ ᠵᠢᠨ ᠪᠥᠲᠥᠭᠡᠨ ᠪᠠᠶ᠋ᠢᠭᠤᠯᠤᠯᠲᠠ᠂ ᠠᠮᠢᠲᠠᠨ᠎ᠤ ᠬᠢᠵᠢᠭ ᠡᠪᠡᠳᠴᠢᠨ᠎ᠢ ᠰᠡᠷᠭᠡᠶ᠋ᠢᠯᠡᠨ ᠡᠵᠡᠮᠳᠡᠬᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ᠎ᠲᠠᠢ ᠠᠵᠢᠯ᠎ᠢ ᠬᠦᠴᠦᠯᠡᠨ ᠰᠠᠶ᠋ᠢᠲᠤᠷ ᠠᠳᠬᠤᠬᠤ ᠬᠡᠷᠡᠭᠲᠡᠶ ᠭᠡᠵᠤ ᠱᠠᠭ᠋ᠠᠷᠳᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ