6 ᠰᠠᠷ᠎ᠠ ᠵᠢᠨ 10᠎ᠤ ᠡᠳᠦᠷ᠂ ᠪᠦᠬᠦ ᠣᠷᠣᠨ᠎ᠤ ᠡᠨᠧᠷᠭᠢ ᠵᠢᠨ ᠴᠢᠬᠤᠯᠠ ᠶᠡᠬᠡ ᠲᠦᠷᠦᠯ ᠵᠦᠢ᠍ᠯ᠎ᠢ ᠲᠤᠬᠢᠷᠠᠭᠤᠯᠤᠨ ᠠᠬᠢᠭᠤᠯᠬᠤ ᠸᠢᠳᠢᠣ᠋ ᠬᠤᠷᠠᠯ ᠬᠥᠬᠡᠬᠣᠲᠠ᠎ᠳᠤ ᠬᠤᠷᠠᠯᠳᠤᠵᠤ᠂ ᠭᠣᠣᠯᠳᠠᠯᠭ᠎ᠠ᠎ᠲᠠᠢ ᠠᠵᠢᠯ᠎ᠢ ᠰᠤᠳᠤᠯᠤᠨ ᠪᠠᠢ᠌ᠷᠢᠯᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
ᠬᠤᠸᠠᠩ ᡁᠢ ᠴᠢᠶᠠᠩ᠂ ᠡᠨᠧᠷᠭᠢ ᠵᠢᠨ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ᠎ᠤ ᠪᠦᠬᠦ ᠵᠢᠯ᠎ᠤᠨ ᠭᠣᠣᠯ ᠪᠣᠯᠬᠤ ᠠᠵᠤ ᠠᠬᠤᠢ ᠵᠢᠨ ᠬᠠᠷᠠᠯᠲᠠ ᠡᠭᠦᠷᠭᠡ ᠵᠢ ᠤᠷᠤᠭᠰᠢᠲᠠᠢ ᠪᠡᠶᠡᠯᠡᠭᠦᠯᠬᠦ᠎ᠲᠠᠢ ᠬᠣᠯᠪᠣᠭᠳᠠᠬᠤ 《ᠲᠣᠭᠲᠠᠪᠤᠷᠢᠵᠢᠭᠤᠯᠤᠭᠴᠢ》 ᠪᠠ 《ᠢᠯᠠᠭᠤᠬ᠍ᠴᠢ》 ᠪᠣᠯᠤᠨ᠎ᠠ᠃ ᠲᠦᠷᠤᠯ ᠵᠤᠢ᠌ᠯ᠎ᠳᠤ ᠦᠶᠡᠯᠡᠯ᠎ᠤᠨ ᠬᠤᠭᠤᠴᠠᠭ᠎ᠠ᠎ᠲᠠᠢ ᠪᠠᠢ᠌ᠵᠦ᠂ ᠴᠠᠭ ᠮᠦᠴᠡ᠎ᠲᠠᠢ ᠤᠷᠤᠯᠳᠤᠬᠤ ᠬᠡᠷᠡᠭᠳᠡᠢ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠥᠷᠯᠥᠭᠡ ᠦᠳᠡᠰᠢ ᠵᠢ ᠲᠡᠮᠡᠴᠡᠬᠦ ᠲᠤᠯᠭ᠋ᠠᠮ ᠰᠡᠳᠭᠢᠯᠭᠡ ᠪᠠ ᠴᠠᠭ ᠢᠮᠠᠭᠲᠠ ᠰᠡᠳᠬᠢᠯ ᠲᠠᠯᠪᠢᠬᠤ ᠬᠠᠷᠢᠭᠤᠴᠠᠯᠭ᠋ᠠᠲᠤ ᠰᠡᠳᠭᠢᠯᠭᠡ᠎ᠲᠠᠢ ᠪᠠᠢ᠌ᠵᠤ᠂ ᠲᠥᠷᠥᠯ ᠵᠦᠢᠯ᠎ᠢ ᠲᠦᠯᠦᠪᠵᠢᠬᠦᠯᠬᠦ᠎ᠳᠤ ᠨᠥᠭᠡᠴᠡᠯᠡᠬᠦ ᠵᠢ ᠠᠳᠭ᠍ᠤᠬᠤ᠂ ᠰᠢᠨ᠎ᠡ᠎ᠪᠠᠷ ᠪᠦᠲᠦᠬᠡᠨ ᠪᠠᠢ᠌ᠭᠤᠯᠬᠤ ᠲᠥᠷᠥᠯ ᠵᠦᠢᠯ᠎ᠤᠨ ᠠᠵᠢᠯ᠎ᠢ ᠡᠬᠢᠯᠡᠭᠦᠯᠬᠦ ᠵᠢ ᠠᠳᠭ᠍ᠤᠬᠤ᠂ ᠪᠦᠲᠦᠬᠡᠨ ᠪᠠᠢ᠌ᠭᠤᠯᠵᠤ ᠪᠠᠢ᠌ᠭ᠎ᠠ ᠲᠥᠷᠥᠯ ᠵᠦᠢᠯ᠎ᠤᠨ ᠠᠬᠢᠴᠠ ᠵᠢ ᠠᠳᠭ᠍ᠤᠬᠤ᠂ ᠪᠦᠲᠦᠬᠡᠨ ᠪᠠᠢ᠌ᠭᠤᠯᠵᠤ ᠳᠠᠭᠤᠰᠤᠭᠰᠠᠨ ᠲᠥᠷᠥᠯ ᠵᠦᠢᠯ᠎ᠤᠨ ᠠᠵᠢᠯᠯᠠᠭ᠋ᠠᠨ᠎ᠢ ᠠᠳᠭ᠍ᠤᠬᠤ ᠱᠠᠭ᠋ᠠᠷᠳᠠᠯᠭ᠎ᠠ ᠶᠣᠰᠣᠭ᠋ᠠᠷ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ᠎ᠪᠠᠨ ᠴᠢᠩᠭ᠋ᠠᠳᠭ᠍ᠠᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠴᠢᠩᠭ᠋ᠠᠳᠭ᠍ᠠᠨ᠂ ᠲᠥᠷᠥᠯ ᠵᠦᠢᠯ᠎ᠢ ᠨᠢᠭᠡᠳ ᠨᠢᠭᠡ᠎ᠪᠠᠷ ᠠᠳᠭ᠍ᠤᠵᠤ᠂ ᠡᠳᠦᠷ ᠡᠳᠦᠷ ᠤᠷᠤᠭᠰᠢ ᠠᠬᠢᠭᠤᠯᠵᠤ᠂ ᠳᠡᠭᠡᠷ᠎ᠡ ᠬᠠᠭ᠋ᠠᠰ ᠵᠢᠯ᠎ᠳᠤ ᠪᠥᠬᠥ ᠣᠷᠣᠨ᠎ᠤ ᠡᠨᠧᠷᠭᠢ ᠵᠢᠨ ᠴᠢᠬᠤᠯᠠ ᠶᠡᠬᠡ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠬᠠᠷᠠᠯᠲᠠ ᠡᠭᠦᠷᠭᠡ ᠵᠢᠨ ᠬᠠᠭ᠋ᠠᠰ᠎ᠠᠴᠠ ᠲᠡᠭᠡᠭᠰᠢᠬᠢ ᠵᠢ ᠪᠡᠶᠡᠯᠡᠬᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠬᠡᠵᠤ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠂ ᠠᠵᠤ ᠠᠬᠤᠢ᠌ᠯᠠᠯ᠎ᠤᠨ ᠭᠤᠤᠯ ᠬᠠᠷᠢᠭᠤᠴᠠᠯᠭ᠋ᠠᠲᠠᠨ ᠭᠤᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠤ᠂ ᠡᠯ᠎ᠡ ᠠᠢ᠌ᠮᠠᠭ ᠬᠣᠲᠠ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠠᠶ᠃