ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠪᠦᠬᠦ ᠣᠷᠣᠨ᠎ᠤ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ ᠵᠢᠴᠢ ᠵᠧᠩᠵᠧᠦ ᠵᠢᠨ 《7 · 20》᠎ᠤ ᠣᠨᠴᠠ ᠶᠡᠬᠡ ᠰᠢᠷᠦᠭᠦᠨ ᠪᠣᠷᠣᠭ᠋ᠠᠨ᠎ᠤ ᠭᠠᠮᠰᠢᠭ᠎ᠤᠨ ᠬᠡᠷᠡᠭ᠎ᠤᠨ ᠵᠢᠱ᠌ᠢᠶ᠎ᠡ᠎ᠳᠤ ᠵᠠᠳᠠᠯᠤᠯᠲᠠ ᠬᠢᠬᠦ ᠲᠧᠯᠸᠢᠰ ᠤᠲᠠᠰᠤᠲᠤ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠯᠢ ᠪᠢᠩ ᠷᠦᠩ ᠬᠤᠷᠠᠯ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2022-06-15

      6 ᠳ᠋ᠤᠭ᠋ᠠᠷ ᠰᠠᠷ᠎ᠠ ᠵᠢᠨ 13᠎ᠤ ᠡᠳᠦᠷ᠂ ᠪᠥᠬᠥ ᠣᠷᠣᠨ᠎ᠤ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ ᠵᠢᠴᠢ ᠵᠧᠩᠵᠧᠦ ᠵᠢᠨ

《7 · 20》᠎ᠤ ᠣᠨᠴᠠ ᠶᠡᠬᠡ ᠰᠢᠷᠦᠭᠦᠨ ᠪᠣᠷᠣᠭ᠋ᠠᠨ᠎ᠤ ᠭᠠᠮᠰᠢᠭ᠎ᠤᠨ ᠬᠡᠷᠡᠭ᠎ᠤᠨ ᠵᠢᠱ᠌ᠢᠶ᠎ᠡ᠎ᠳᠤ ᠵᠠᠳᠠᠯᠤᠯᠲᠠ ᠬᠢᠬᠦ ᠲᠧᠯᠸᠢᠰ ᠤᠲᠠᠰᠤᠲᠤ ᠬᠤᠷᠠᠯ ᠬᠤᠷᠠᠯᠳᠤᠵᠤ᠂ ᠪᠥᠬᠥ ᠣᠷᠣᠨ᠎ᠤ ᠭᠠᠩ ᠤᠰᠤᠲᠤᠯ᠎ᠤᠨ ᠭᠠᠮᠰᠢᠭ᠎ᠤᠨ ᠪᠠᠢ᠌ᠳᠠᠯ᠎ᠢ ᠵᠠᠳᠠᠯᠵᠤ᠂ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ᠎ᠢ ᠡᠷᠬᠢᠯᠡᠪᠡ᠃
      ᠬᠤᠸᠠᠩ ᡁᠢ ᠴᠢᠶᠠᠩ ᠶᠠᠷᠢᠬᠤ᠎ᠳᠤ᠎ᠪᠠᠨ᠂ ᠮᠠᠨ᠎ᠤ ᠣᠷᠣᠨ ᠪᠦᠬᠦ ᠲᠠᠯ᠎ᠠ᠎ᠪᠠᠷ ᠦᠶᠡᠷ᠎ᠤᠨ ᠬᠤᠭᠤᠴᠠᠭ᠋ᠠᠨ᠎ᠳᠤ ᠣᠷᠣᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ 《ᠴᠠᠭ ᠢᠮᠠᠭᠲᠠ ᠠᠩᠬᠠᠷᠤᠯ ᠲᠠᠯᠪᠢᠬᠤ》 ᠬᠠᠷᠢᠭᠤᠴᠠᠯᠭ᠋ᠠᠲᠤ ᠰᠡᠳᠬᠢᠯᠭᠡ᠎ᠪᠠᠷ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠡᠨᠡ ᠬᠦ᠌ ᠬᠥᠪᠴᠢ ᠵᠢ ᠴᠢᠩᠭ᠋ᠠᠯᠠᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠣᠷᠣᠨ᠎ᠤ ᠳᠣᠲᠣᠷ᠎ᠠ ᠭᠠᠳᠠᠨᠠᠬᠢ ᠭᠠᠮᠰᠢᠭ᠎ᠠᠴᠠ ᠭᠦᠨᠵᠡᠭᠡᠢ ᠰᠤᠷᠭ᠋ᠠᠮᠵᠢ ᠠᠪᠴᠤ᠂ 《ᠶᠠᠪᠤᠳᠠᠯ ᠪᠦᠬᠦᠨ᠎ᠢ ᠭᠠᠷ᠎ᠲᠤ᠎ᠪᠠᠨ ᠠᠳᠬᠤᠬᠤ》 ᠬᠡᠷᠡᠭᠵᠢᠭᠦᠯᠬᠦ ᠬᠦᠴᠦᠨ ᠵᠶ᠋ᠡᠷ ᠦᠶᠡᠷ᠎ᠢ ᠰᠡᠷᠭᠡᠢ᠌ᠯᠡᠵᠦ ᠭᠠᠩ᠎ᠲᠠᠢ ᠲᠡᠮᠡᠴᠡᠬᠦ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠬᠢᠬᠦ ᠬᠡᠷᠡᠭᠲᠡᠢ᠃ ᠡᠯ᠎ᠡ ᠱᠠᠲᠤᠨ᠎ᠤ ᠨᠠᠮ ᠵᠠᠰᠠᠭ᠎ᠤᠨ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠴᠢᠩᠭ᠋ᠠᠳᠬᠠᠨ ᠪᠣᠳᠠᠲᠠᠢ᠌ᠵᠢᠭᠤᠯᠵᠤ᠂

《ᠬᠥᠮᠥᠨ ᠪᠦᠬᠦᠨ ᠬᠠᠷᠢᠭᠤᠴᠠᠯᠭ᠎ᠠ ᠡᠭᠦᠷᠭᠡᠯᠡᠬᠦ》 ᠵᠣᠷᠢᠭ ᠰᠠᠨᠠᠭ᠎ᠠ᠎ᠪᠠᠷ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃
      ᠬᠤᠷᠠᠯ᠎ᠢ ᠸᠢᠳᠢᠤ᠋ ᠬᠡᠯᠪᠡᠷᠢ᠎ᠪᠠᠷ ᠠᠢ᠌ᠮᠠᠭ ᠬᠤᠳᠠ ᠪᠣᠯᠣᠨ ᠡᠯ᠎ᠡ ᠬᠣᠰᠢᠭᠤ ᠰᠢᠶᠠᠨ ᠲᠣᠭᠣᠷᠢᠭ᠎ᠲᠤ ᠬᠦᠷᠲᠡᠯ᠎ᠡ ᠬᠤᠷᠠᠯᠳᠤᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ