ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠭᠣᠤᠯᠳᠠᠯᠭ᠎ᠠ᠎ᠲᠠᠢ ᠠᠵᠢᠯ᠎ᠤᠳ᠎ᠢ ᠠᠬᠢᠭᠤᠯᠬᠤ ᠲᠸᠯᠸᠢᠰ ᠤᠲᠠᠰᠤᠲᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2022-07-01


      6 ᠳ᠋ᠤᠭ᠋ᠠᠷ ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠠᠩ ᠱᠣᠤ ᠴᠦᠨ ᠲᠸᠯᠸᠢᠰ ᠤᠲᠠᠰᠤᠲᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠪᠥᠬᠥ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠭᠣᠤᠯᠳᠠᠯᠭ᠎ᠠ᠎ᠲᠠᠢ ᠠᠵᠢᠯ᠎ᠤᠳ᠎ᠢ ᠰᠤᠳᠤᠯᠤᠨ ᠪᠠᠢ᠌ᠷᠢᠯᠠᠭᠤᠯᠵᠠᠢ᠃
      ᠬᠤᠷᠠᠯ᠎ᠳᠤ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠶᠡᠷᠦᠩᠬᠡᠢ ᠱᠦᠵᠢ ᠰᠢ ᠵᠢᠨ ᠫᠢᠩ᠎ᠤᠨ 《ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠬᠦ᠂ ᠠᠵᠤ ᠠᠬᠤᠢ ᠵᠢ ᠲᠣᠭᠲᠠᠪᠤᠷᠢᠵᠢᠭᠤᠯᠬᠤ᠂ ᠬᠥᠭᠵᠢᠯᠲᠡ ᠵᠢ ᠠᠮᠤᠷ ᠲᠦᠪᠰᠢᠨ ᠪᠠᠶ᠋ᠢᠯᠭ᠋ᠠᠬᠤ》 ᠲᠤᠬᠠᠢ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠤᠯᠠᠮ ᠴᠢᠨᠠᠭᠰᠢᠳᠠ ᠪᠠᠲᠤᠳᠬᠠᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠳᠤᠪᠤᠢ᠍ᠢ᠍ᠮ᠎ᠠ ᠠᠰᠠᠭᠤᠳᠠᠯ᠎ᠤᠳ᠎ᠢ ᠬᠦᠴᠦᠯᠡᠨ ᠰᠢᠢ᠍ᠳᠪᠦᠷᠢᠯᠡᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠳᠤ ᠰᠠᠢ᠍ᠢ᠍ᠨ ᠰᠠᠶ᠋ᠢᠬᠠᠨ ᠨᠡᠶ᠋ᠢᠭᠡᠮ᠎ᠤᠨ ᠣᠷᠴᠢᠨ ᠲᠣᠭᠣᠷᠢᠨ᠎ᠢ ᠪᠤᠢ ᠪᠣᠯᠭ᠋ᠠᠬᠤ ᠬᠡᠷᠡᠭᠲᠡᠢ᠃ ᠬᠡᠷ ᠪᠠᠶ᠋ᠢᠰᠢᠩ ᠬᠥᠷᠥᠩᠭᠡ ᠵᠢᠨ ᠲᠣᠬᠢᠷᠠᠭᠤᠯᠤᠯᠲᠠ ᠡᠵᠡᠮᠳᠡᠯ᠎ᠤᠨ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ᠂ ᠬᠣᠲᠠ ᠵᠢᠨ ᠪᠠᠶ᠋ᠢᠳᠠᠯ᠎ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠬᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠬᠦᠭᠵᠢᠯᠲᠡ ᠵᠢ ᠠᠬᠢᠭᠤᠯᠬᠤ ᠬᠡᠷᠡᠭᠲᠡᠢ᠃ ᠥᠪᠡᠷᠲᠡᠭᠡᠨ ᠪᠠᠢ᠌ᠭᠤᠯᠤᠭᠰᠠᠨ ᠬᠡᠷ ᠪᠠᠢ᠌ᠰᠢᠩ ᠪᠠ ᠬᠣᠲᠠ ᠪᠠᠯᠭ᠋ᠠᠰᠤᠨ᠎ᠤ ᠰᠢᠲᠠᠮᠠᠬᠠᠶ ᠬᠡᠶ ᠵᠢᠨ ᠠᠮᠤᠷ ᠲᠦᠪᠰᠢᠨ᠎ᠤ ᠴᠡᠭᠴᠡᠯᠡᠨ ᠵᠠᠰᠠᠯᠲᠠ ᠵᠢ ᠯᠠᠪᠳᠠᠭᠤᠨ ᠪᠠᠲᠤᠲᠠᠶ ᠥᠷᠨᠢᠭᠦᠯᠵᠦ᠂ ᠬᠦᠨᠳᠦ ᠣᠨᠴᠠ ᠶᠡᠬᠡ ᠡᠨᠳᠡᠯ ᠭᠠᠷᠬᠤ ᠵᠢ ᠡᠷᠡᠰ ᠰᠡᠷᠭᠡᠶ᠋ᠢᠯᠡᠬᠦ ᠬᠡᠷᠡᠭᠲᠡᠶ᠃ ᠬᠣᠲᠠ ᠪᠠᠯᠭ᠋ᠠᠰᠤᠨ᠎ᠤ ᠳᠤᠯᠠᠭ᠋ᠠᠯᠠᠭ᠎ᠠ ᠬᠠᠩᠭ᠋ᠠᠬᠤ ᠪᠠᠲᠤᠯᠠᠭ᠎ᠠ ᠵᠢᠨ ᠠᠵᠢᠯ᠎ᠢ ᠴᠢᠩᠭ᠋ᠠᠳᠬᠠᠨ᠂ ᠣᠯᠠᠨ ᠲᠦᠮᠡᠨ᠎ᠤ ᠬᠠᠯᠠᠭᠤᠨ ᠳᠤᠯᠠᠭ᠋ᠠᠬᠠᠨ ᠡᠪᠦᠯᠵᠢᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠪᠠᠷᠢᠯᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠠᠷᠭ᠎ᠠ ᠬᠡᠯᠪᠡᠷᠢ ᠵᠢ ᠬᠦᠴᠦᠯᠡᠨ ᠬᠤᠪᠢᠷᠠᠭᠤᠯᠵᠤ᠂ ᠬᠤᠳᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢᠨ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠵᠣᠬᠢᠰᠲᠠᠢ᠎ᠪᠠᠷ ᠤᠷᠢᠳᠴᠢᠯᠠᠨ ᠲᠥᠯᠥᠪᠵᠢᠭᠦᠯᠵᠦ᠂ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ