7 ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠮᠠᠨ᠎ᠤ ᠣᠷᠣᠨ᠎ᠤ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ ᠤᠰᠤᠲᠥ᠋ᠷᠥᠭᠴᠢ ᠦᠢ᠍ᠯᠡᠳᠬᠦ ᠵᠢ ᠨᠢᠭᠡ ᠴᠣᠭᠴᠠᠵᠢᠭᠤᠯᠬᠤ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠤᠨ ᠥᠮᠴᠢᠲᠡᠨ᠎ᠤ ᠠᠵᠤ ᠠᠬᠤᠢ᠌ᠯᠠᠯ᠎ᠲᠠᠢ ᠶᠠᠷᠢᠯᠴᠠᠬᠤ ᠬᠤᠷᠠᠯ ᠬᠢᠵᠦ᠂ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠢ ᠰᠤᠳᠤᠯᠵᠤ᠂ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠠᠢ᠃
ᠮᠠᠨ᠎ᠤ ᠣᠷᠣᠨ᠎ᠤ ᠰᠠᠯᠬᠢᠨ ᠭᠡᠷᠡᠯᠴᠢ ᠴᠡᠨᠡᠭ᠎ᠤᠨ ᠡᠬᠢ ᠪᠠᠶᠠᠯᠢᠭ ᠪᠥᠬᠥ ᠤᠯᠤᠰ᠎ᠲᠤ ᠲᠡᠷᠢᠭᠦᠯᠡᠵᠦ᠂ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠢ ᠬᠥᠭᠵᠢᠭᠦᠯᠬᠦ ᠲᠠᠯ᠎ᠠ᠎ᠪᠠᠷ ᠥᠪᠡᠷᠮᠢᠴᠡ ᠳᠠᠪᠠᠭᠤᠯᠢᠭ᠎ᠲᠠᠢ ᠶᠤᠮ᠃ ᠪᠣᠬᠢᠷᠲᠤᠯ ᠦᠭᠡᠢ ᠤᠰᠤᠲᠥ᠋ᠷᠥᠭᠴᠢ ᠵᠢᠨ ᠬᠢᠮᠢ ᠵᠢᠨ ᠠᠵᠤ ᠦᠢ᠍ᠯᠡᠳᠪᠦᠷᠢ᠂ ᠬᠦᠨᠳᠦ ᠠᠴᠢᠶᠠᠨ᠎ᠤ ᠮᠠᠰᠢᠨ᠎ᠢ ᠣᠷᠣᠯᠠᠭᠤᠯᠬᠤ᠂ ᠤᠰᠤᠲᠥ᠋ᠷᠥᠭᠴᠢ᠎ᠪᠠᠷ ᠲᠡᠮᠦᠷ ᠬᠠᠢ᠌ᠯᠤᠭᠤᠯᠬᠤ ᠵᠡᠷᠭᠡ ᠤᠰᠤᠲᠥ᠋ᠷᠥᠭᠴᠢ ᠡᠨᠧᠷᠭᠢ ᠵᠢᠨ ᠬᠡᠷᠡᠭᠯᠡᠯᠲᠡ ᠵᠢᠨ ᠪᠠᠢ᠌ᠳᠠᠯ ᠮᠠᠰᠢ ᠥᠷᠭᠡᠨ ᠠᠭᠤᠳᠠᠮ ᠪᠠᠢ᠌ᠵᠤ᠂ ᠨᠢᠭᠡ ᠪᠦᠯᠦᠭ ᠪᠡᠯᠡ ᠮᠥᠩᠭᠥ᠎ᠲᠠᠢ᠂ ᠪᠣᠳᠠᠲᠤ ᠬᠦᠴᠦᠨ ᠴᠢᠩᠭ᠎ᠠ ᠠᠵᠤ ᠠᠬᠤᠢ᠌ᠯᠠᠯ ᠵᠠᠬ᠎ᠠ ᠳᠡᠯᠭᠡᠭᠦᠷ᠎ᠤᠨ ᠠᠰᠢᠭᠲᠠᠢ ᠪᠠᠢ᠌ᠷᠢ ᠵᠢ ᠵᠠᠯᠭ᠋ᠠᠭ᠎ᠠ᠎ᠪᠠᠷ ᠡᠵᠡᠯᠡᠵᠦ᠂ ᠮᠠᠨ᠎ᠤ ᠣᠷᠣᠨ᠎ᠳᠤ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠢ ᠲᠦᠷᠭᠡᠨ ᠪᠠᠢ᠌ᠷᠢᠰᠢᠭᠤᠯᠵᠤ ᠪᠠᠢ᠌ᠨ᠎ᠠ᠃ ᠮᠠᠨ᠎ᠤ ᠣᠷᠣᠨ ᠪᠥᠬᠥ ᠠᠵᠤ ᠦᠢ᠍ᠯᠡᠰ᠎ᠤᠨ ᠬᠡᠯᠬᠢᠶ᠎ᠡ᠎ᠪᠠᠷ ᠬᠥᠭᠵᠢᠭᠦᠯᠬᠦ᠂ ᠴᠢᠬᠤᠯᠠ ᠬᠦᠴᠦᠨ ᠵᠦᠢ᠍ᠯ᠎ᠢ ᠲᠤᠬᠠᠢ ᠵᠢᠨ ᠭᠠᠵᠠᠷ᠎ᠲᠤᠨᠢ ᠬᠥᠭᠵᠢᠭᠦᠯᠬᠦ᠂ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠵᠶ᠋ᠡᠷ ᠳᠠᠢ᠌ᠴᠢᠯᠠᠬᠤ᠂ ᠵᠠᠬ᠎ᠠ ᠳᠡᠯᠭᠡᠭᠦᠷ ᠵᠶ᠋ᠡᠷ ᠭᠣᠣᠯᠯᠠᠭᠤᠯᠬᠤ ᠵᠡᠷᠭᠡ ᠵᠠᠷᠴᠢᠮ᠎ᠤᠨ ᠶᠣᠰᠣᠭ᠋ᠠᠷ ᠲᠣᠰ ᠪᠡᠶ᠎ᠡ ᠵᠢᠨ ᠬᠡᠷᠡᠭᠯᠡᠭᠡᠨ᠎ᠤ ᠪᠠᠢ᠌ᠳᠠᠯ᠎ᠲᠠᠢ᠂ ᠲᠣᠮᠣ ᠴᠠᠬᠢᠯᠭ᠋ᠠᠨ᠎ᠤ ᠲᠣᠣᠷ ᠵᠶ᠋ᠠᠷ ᠲᠤᠯᠭ᠋ᠠᠭᠤᠷᠢᠯᠠᠬᠤ ᠴᠢᠬᠤᠯᠠ ᠦᠭᠡᠢ᠂ ᠡᠮᠦᠨᠡᠬᠢ ᠬᠤᠭᠤᠴᠠᠭ᠋ᠠᠨ᠎ᠤ ᠠᠵᠢᠯ᠎ᠤᠨ ᠠᠬᠢᠴᠠ᠎ᠪᠠᠷ ᠲᠦᠷᠭᠡᠨ᠂ ᠠᠵᠤ ᠠᠬᠤᠢ᠌ᠯᠠᠯ᠎ᠤᠨ ᠶᠡᠷᠦᠩᠬᠡᠢ ᠬᠡᠯᠲᠡᠰ ᠪᠤᠶᠤ ᠰᠤᠳᠤᠯᠤᠨ ᠨᠡᠭᠡᠭᠡᠬᠦ ᠰᠠᠭᠤᠷᠢᠨ᠎ᠨᠢ ᠥᠪᠥᠷ ᠮᠣᠩᠭᠣᠯ᠎ᠳᠤ ᠪᠠᠢ᠌ᠭ᠎ᠠ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠪᠠᠨ ᠲᠦᠷᠭᠡᠳᠬᠡᠬᠦ ᠵᠢ ᠳᠡᠮᠵᠢᠨ᠎ᠡ᠃ ᠡᠨᠡ ᠵᠢᠯ ᠠᠩᠬᠠᠳᠠᠭᠴᠢ ᠪᠦᠯᠦᠭ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ ᠤᠰᠤᠲᠥ᠋ᠷᠥᠭᠴᠢ ᠦᠢ᠍ᠯᠡᠳᠬᠦ ᠵᠢ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠡᠬᠢᠯᠡᠨ ᠪᠠᠢ᠌ᠭᠤᠯᠵᠤ᠂ 2023 ᠣᠨ ᠪᠣᠯᠬᠤ᠎ᠳᠤ ᠵᠢᠯ᠎ᠳᠤ 7.2 ᠲᠦᠮᠡᠨ ᠲᠣᠨ ᠪᠣᠬᠢᠷᠲᠤᠯ ᠦᠭᠡᠢ ᠤᠰᠤᠲᠥ᠋ᠷᠥᠭᠴᠢ ᠦᠢ᠍ᠯᠡᠳᠪᠦᠷᠢᠯᠡᠬᠦ ᠵᠢ ᠪᠡᠶᠡᠯᠡᠭᠦᠯᠵᠦ᠂ 2025 ᠣᠨ ᠪᠣᠯᠬᠤ᠎ᠳᠤ᠂ ᠪᠣᠬᠢᠷᠲᠤᠯ ᠦᠭᠡᠢ ᠤᠰᠤᠲᠥ᠋ᠷᠥᠭᠴᠢ ᠵᠢᠨ ᠬᠠᠩᠭ᠋ᠠᠯᠭ᠎ᠠ ᠵᠢᠨ ᠴᠢᠳᠠᠪᠤᠷᠢ ᠵᠢ 50 ᠲᠦᠮᠡᠨ ᠲᠣᠨ᠎ᠳᠤ ᠬᠦᠷᠭᠡᠵᠦ᠂ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ᠎ᠢ 1000 ᠳ᠋ᠦᠩᠰᠢᠭᠤᠷ ᠲᠥᠭᠥᠷᠢᠭ᠎ᠲᠤ ᠬᠦᠷᠭᠡᠵᠦ᠂ ᠮᠠᠨ᠎ᠤ ᠣᠷᠣᠨ᠎ᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠨᠡᠮᠡᠭᠳᠡᠯ᠎ᠤᠨ ᠴᠡᠭ ᠪᠣᠯᠭ᠋ᠠᠬᠤ᠎ᠪᠠᠷ ᠲᠥᠯᠥᠪᠵᠢᠭᠦᠯᠵᠦ ᠪᠣᠢ᠃