ᠢᠯᠡ ᠵᠠᠰᠠᠭ   -   ᠲᠤᠰᠬᠠᠢ ᠵᠦᠢᠯ᠎ᠤᠨ ᠠᠵᠢᠯ᠎ᠤᠨ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠬᠠᠤᠯᠢ ᠵᠢ ᠵᠥᠷᠢᠴᠡᠨ ᠭᠠᠵᠠᠷ ᠰᠢᠷᠣᠢ ᠬᠡᠷᠡᠭᠯᠡᠬᠦ ᠵᠢ ᠴᠡᠭᠴᠡᠯᠡᠨ ᠵᠠᠰᠠᠬᠤ ᠵᠢᠴᠢ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠬᠦ ᠪᠠᠢ᠌ᠷᠢᠯᠠᠭᠤᠯᠤᠯᠲᠠ ᠵᠢ ᠠᠬᠢᠭᠤᠯᠬᠤ ᠸᠢᠳᠢᠣ᠋ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2022-07-08

      ᠵᠠᠩ ᠱᠤᠤ ᠴᠦᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ

      7 ᠳ᠋ᠤᠭ᠋ᠠᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠤᠷᠠᠯ ᠬᠤᠷᠠᠯᠳᠤᠭᠤᠯᠵᠤ ᠬᠠᠤᠯᠢ ᠵᠢ ᠵᠥᠷᠢᠴᠡᠨ ᠭᠠᠵᠠᠷ ᠬᠡᠷᠡᠭᠯᠡᠬᠦ ᠵᠢ ᠴᠡᠭᠴᠡᠯᠡᠨ ᠵᠠᠰᠠᠬᠤ ᠪᠠ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠬᠦ ᠠᠵᠢᠯ᠎ᠢ ᠪᠠᠢ᠌ᠷᠢᠯᠠᠭᠤᠯᠪᠠ᠃

      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠠᠩ ᠱᠣᠸ᠋ ᠴᠦᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠤᠯᠤᠰ᠎ᠤᠨ ᠪᠠᠢ᠌ᠭ᠋ᠠᠯᠢ ᠵᠢᠨ ᠡᠬᠢ ᠪᠠᠶᠠᠯᠢᠭ᠎ᠢ ᠰᠢᠮᠳᠠᠭᠤᠯᠤᠨ ᠪᠠᠢ᠌ᠴᠠᠭ᠋ᠠᠬᠤ ᠪᠡᠭᠡᠵᠢᠩ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠨ ᠵᠢᠭ᠋ᠠᠨ ᠵᠢᠯᠣᠭᠣᠳᠤᠭᠰᠠᠨ᠎ᠤ ᠬᠠᠮᠲᠤ ᠱᠠᠭ᠋ᠠᠷᠳᠠᠯᠭ᠎ᠠ ᠳᠤᠷᠠᠳᠪᠠ᠃

       ᠬᠤᠷᠠᠯ᠎ᠠᠴᠠ ᠡᠯ᠎ᠡ ᠭᠠᠵᠠᠷ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ᠂ ᠭᠠᠵᠠᠷ ᠰᠢᠷᠣᠢ ᠵᠢ ᠠᠷᠪᠢᠲᠠᠢ ᠡᠷᠴᠢᠮᠯᠢᠭ ᠬᠡᠷᠡᠭᠯᠡᠬᠦ ᠲᠤᠬᠠᠢ ᠨᠠᠮ᠎ᠤᠨ ᠲᠥᠪ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠨᠡᠨ ᠬᠦ᠌ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠢ᠌ᠭ᠋ᠠᠳ ᠭᠠᠵᠠᠷ ᠰᠢᠷᠣᠢ ᠵᠢᠨ ᠬᠠᠮᠢᠶᠠᠷᠤᠯᠲᠠ ᠵᠢᠨ ᠡᠮᠬᠢ ᠵᠢᠷᠤᠮ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠭᠠᠵᠠᠷ ᠰᠢᠷᠣᠢ ᠵᠢᠨ ᠡᠬᠢ ᠪᠠᠶᠠᠯᠢᠭ᠎ᠤᠨ ᠦᠨ᠎ᠡ ᠥᠷᠲᠡᠭ᠎ᠢ ᠳᠡᠭᠡᠭᠰᠢᠯᠡᠭᠦᠯᠬᠦ ᠬᠡᠷᠡᠭᠲᠡᠢ᠃ ᠬᠠᠤᠯᠢ᠎ᠠᠴᠠ ᠵᠥᠷᠢᠴᠡᠨ ᠭᠠᠵᠠᠷ ᠰᠢᠷᠣᠢ ᠬᠡᠷᠡᠭᠯᠡᠬᠦ ᠵᠢ ᠲᠤᠰᠬᠠᠢ᠌ᠯᠠᠨ ᠢᠯᠭ᠋ᠠᠷᠠᠭᠤᠯᠤᠨ ᠴᠡᠭᠴᠡᠯᠡᠵᠦ ᠵᠠᠰᠠᠬᠤ ᠠᠵᠢᠯ᠎ᠢ ᠭᠦᠨᠵᠡᠭᠡᠢ ᠥᠷᠨᠢᠭᠦᠯᠵᠦ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠂ ᠬᠠᠤᠯᠢ᠎ᠠᠴᠠ ᠵᠥᠷᠢᠴᠡᠨ ᠭᠠᠵᠠᠷ ᠰᠢᠷᠣᠢ ᠬᠡᠷᠡᠭᠯᠡᠬᠦ ᠠᠰᠠᠭᠤᠳᠠᠯ ᠡᠭᠦᠰᠬᠦ ᠵᠢ ᠡᠬᠢ ᠢᠷᠡᠯᠲᠡ᠎ᠠᠴᠠ᠎ᠨᠢ ᠰᠡᠷᠭᠡᠢ᠌ᠯᠡᠬᠦ ᠬᠡᠷᠡᠭᠲᠡᠢ᠃ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠵᠢ ᠥᠷᠨᠢᠭᠦᠯᠬᠦ᠎ᠪᠠᠷ ᠳᠠᠮᠵᠢᠭᠤᠯᠤᠨ᠂ ᠭᠠᠵᠠᠷ ᠰᠢᠷᠣᠢ ᠵᠢᠨ ᠡᠬᠢ ᠪᠠᠶᠠᠯᠢᠭ᠎ᠤᠨ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠭᠠᠵᠠᠷ ᠰᠢᠷᠣᠢ ᠵᠢᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠦᠲᠦᠮᠵᠢᠲᠡᠶ ᠠᠷᠭ᠎ᠠ ᠵᠠᠮ᠎ᠢ ᠢᠳᠡᠪᠬᠢᠲᠡᠢ ᠬᠠᠢ᠌ᠨ ᠰᠦᠪᠡᠭᠴᠢᠯᠡᠵᠦ᠂ ᠠᠷᠭ᠎ᠠ ᠪᠦᠬᠦᠨ᠎ᠢ ᠰᠦᠪᠡᠭᠴᠢᠯᠡᠨ ᠭᠠᠵᠠᠷ ᠰᠢᠷᠣᠢ ᠵᠢᠨ ᠡᠬᠢ ᠪᠠᠶᠠᠯᠢᠭ᠎ᠤᠨ ᠶᠡᠷᠦᠩᠬᠡᠢ᠌ᠯᠡᠭᠰᠡᠨ ᠦᠷ᠎ᠡ ᠠᠰᠢᠭ᠎ᠢ ᠳᠡᠭᠡᠭᠰᠢᠯᠡᠭᠦᠯᠵᠦ᠂ ᠠᠵᠤ ᠠᠬᠤᠢ ᠨᠡᠢ᠌ᠭᠡᠮ᠎ᠤᠨ ᠴᠢᠨᠠᠷᠯᠢᠭ ᠬᠥᠭᠵᠢᠯᠲᠡ᠎ᠳᠤ ᠬᠦᠴᠦᠲᠡᠢ ᠲᠤᠯᠭ᠋ᠠᠭᠤᠷᠢᠯᠠᠯ ᠪᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ