7 ᠰᠠᠷ᠎ᠠ ᠵᠢᠨ 27᠎ᠤ ᠡᠳᠦᠷ᠂ ᠪᠦᠬᠦ ᠤᠷᠤᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠭᠤᠤᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ ᠸᠢᠳᠢᠣ᠋ ᠬᠡᠯᠪᠡᠷᠢ᠎ᠪᠠᠷ ᠬᠦᠬᠡᠬᠤᠳᠠ᠎ᠳᠤ ᠬᠤᠷᠠᠯᠳᠤᠵᠠᠢ᠃ ᠬᠤᠷᠠᠯ᠎ᠠᠴᠠ ᠤᠯᠤᠰ ᠲᠥᠷᠥ ᠬᠠᠤᠯᠢ ᠴᠠᠭ᠋ᠠᠵᠠ ᠵᠢᠨ ᠤᠳᠤᠷᠢᠳᠭ᠍ᠤ ᠺᠠᠳ᠋ᠷ᠎ᠤᠨ ᠤᠯᠤᠰ ᠲᠥᠷᠥ ᠵᠢᠨ ᠪᠠᠢ᠌ᠭᠤᠯᠤᠯᠲᠠ ᠵᠢ ᠴᠢᠩᠭ᠋ᠠᠳᠭ᠍ᠠᠬᠤ ᠲᠤᠰᠭ᠍ᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠪᠠ ᠤᠯᠤᠰ ᠲᠥᠷᠥ ᠬᠠᠤᠯᠢ ᠴᠠᠭ᠋ᠠᠵᠠ ᠵᠢᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠵᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠤᠷ᠎ᠠ ᠬᠠᠭ᠋ᠠᠰ ᠵᠢᠯ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠭᠤᠤᠯᠳᠠᠯᠭ᠎ᠠ᠎ᠲᠠᠢ ᠠᠵᠢᠯ᠎ᠳᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠤᠯᠤᠰ ᠲᠦᠷᠦ ᠬᠠᠤᠯᠢ ᠴᠠᠭ᠋ᠠᠵᠠ ᠵᠢᠨ ᠬᠣᠷᠢᠶᠠᠨ᠎ᠤ ᠱᠦᠵᠢ ᠳ᠋ᠢᠩ ᠰᠢᠤ ᠹᠸᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭ᠍ᠤ ᠳᠤᠭᠤᠢ᠌ᠯᠠᠩ᠎ᠤᠨ ᠪᠦᠷᠢᠯᠳᠦᠬᠦᠨ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ ᠵᠧᠩ ᠭᠤᠸᠠᠩ ᠵᠤᠤ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶᠠᠨ᠎ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶᠠᠨ᠎ᠤ ᠪᠠᠢ᠌ᠴᠠᠭ᠋ᠠᠬᠤ ᠳᠠᠷᠤᠭ᠎ᠠ ᠯᠢ ᠴᠢ ᠯᠢᠨ ᠬᠤᠷᠠᠯ᠎ᠳᠤ ᠣᠷᠣᠯᠴᠠᠵᠠᠢ᠃
ᠳ᠋ᠢᠩ ᠰᠢᠤ ᠹᠸᠩ᠂ ᠪᠦᠬᠦ ᠣᠷᠣᠨ᠎ᠤ ᠡᠯ᠎ᠡ ᠱᠠᠲᠤᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠪᠠᠢ᠌ᠭᠤᠯᠭ᠎ᠠ ᠨᠠᠮ᠎ᠤᠨ ᠤᠯᠤᠰ ᠲᠦᠷᠦ ᠵᠢᠨ ᠪᠠᠢ᠌ᠭᠤᠯᠤᠯᠲᠠ ᠵᠢ ᠲᠡᠷᠢᠭᠦᠨ ᠪᠠᠢ᠌ᠷᠢᠨ᠎ᠳᠤ ᠲᠠᠯᠪᠢᠬᠤ ᠵᠢ ᠪᠠᠷᠢᠮᠲᠠᠯᠠᠵᠤ᠂ ᠤᠯᠤᠰ ᠲᠦᠷᠦ ᠵᠢᠨ ᠵᠢᠯᠣᠭᠣᠳᠤᠮᠵᠢ ᠵᠢ ᠴᠢᠩᠭ᠋ᠠᠳᠭ᠍ᠠᠵᠤ᠂ ᠬᠤᠳᠠ ᠲᠣᠭᠣᠷᠢᠭ᠎ᠤᠨ ᠨᠡᠢ᠌ᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠤᠨ ᠰᠢᠯᠭ᠋ᠠᠨ ᠠᠪᠬᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠤᠷ᠎ᠢ ᠬᠠᠮᠠᠭ᠋ᠠᠯᠠᠬᠤ ᠲᠣᠭᠲᠠᠭᠤᠨ᠎ᠢ ᠬᠠᠮᠠᠭ᠋ᠠᠯᠠᠬᠤ᠂ ᠬᠠᠤᠯᠢ ᠬᠡᠷᠡᠭᠵᠢᠭᠦᠯᠬᠦ ᠬᠠᠤᠯᠢ ᠶᠠᠪᠤᠭᠤᠯᠬᠤ ᠡᠷᠬᠡ ᠵᠢᠨ ᠠᠵᠢᠯᠯᠠᠭ᠋ᠠᠨ᠎ᠤ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠡᠷᠭᠡ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠭ᠍ᠤᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠠᠯᠳᠠ᠎ᠲᠠᠢ ᠬᠤᠷᠠᠯᠳᠤᠬᠤ᠎ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠢ᠌ᠭᠡᠮ᠎ᠤᠨ ᠣᠷᠴᠢᠨ ᠲᠣᠭᠣᠷᠢᠨ᠎ᠢ ᠴᠢᠷᠮᠠᠢ᠌ᠨ ᠪᠤᠢ ᠪᠣᠯᠭ᠋ᠠᠬᠤ ᠬᠡᠷᠡᠭᠲᠡᠢ᠃ ᠤᠯᠤᠰ ᠲᠥᠷᠥ ᠬᠠᠤᠯᠢ ᠴᠠᠭ᠋ᠠᠵᠠ ᠵᠢᠨ ᠲᠣᠮᠣ ᠳ᠋ᠠᠢ᠌ᠲ᠋ᠠ ᠵᠢᠨ ᠣᠶᠤᠨᠴᠢᠯᠠᠭᠰᠠᠨ ᠬᠡᠷᠡᠭᠯᠡᠯᠳᠡ ᠵᠢᠨ ᠲᠠᠪᠴᠠᠩ᠎ᠤᠨ ᠪᠥᠬᠥ ᠲᠠᠯ᠎ᠠ ᠵᠢᠨ ᠠᠵᠢᠯᠯᠠᠭ᠋ᠠᠨ᠎ᠤ ᠦᠵᠡᠯ ᠰᠠᠨᠠᠭ᠋ᠠᠨ᠎ᠤ ᠪᠡᠯᠡᠳᠭᠡᠯ᠂ ᠲᠤᠬᠠᠢ᠌ᠯᠠᠭᠰᠠᠨ ᠠᠵᠢᠯ᠎ᠤᠨ ᠪᠡᠯᠡᠳᠭᠡᠯ ᠪᠠ ᠲᠦᠷᠢᠮ᠎ᠤᠨ ᠪᠡᠯᠡᠳᠭᠡᠯ᠎ᠢ ᠰᠠᠢ᠌ᠲᠤᠷ ᠬᠢᠵᠦ᠂ ᠳ᠋ᠠᠢ᠌ᠲ᠋ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠰᠠᠭᠤᠷᠢᠨ ᠳᠡᠭᠡᠷ᠎ᠡ ᠲᠠᠪᠴᠠᠩ᠎ᠢ ᠦᠨᠡᠨ ᠬᠦ᠌ ᠰᠠᠢ᠌ᠲᠤᠷ ᠬᠡᠷᠡᠭᠯᠡᠵᠦ᠂ ᠣᠶᠤᠨᠴᠢᠯᠠᠭᠰᠠᠨ ᠬᠢᠨᠠᠯᠲᠠ᠎ᠪᠠᠷ ᠬᠠᠤᠯᠢ ᠬᠡᠷᠡᠭᠵᠢᠭᠦᠯᠬᠦ ᠬᠠᠤᠯᠢ ᠶᠠᠪᠤᠭᠤᠯᠬᠤ ᠶᠠᠰᠤ ᠴᠢᠨᠠᠷ ᠦᠷ᠎ᠡ ᠪᠦᠲᠦᠮᠵᠢ ᠵᠢ ᠭᠡᠳᠡᠷᠭᠦ ᠰᠢᠬᠠᠮᠳᠠᠭᠤᠯᠤᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ᠎ᠢ ᠬᠠᠤᠯᠢ ᠴᠠᠭ᠋ᠠᠵᠠ ᠵᠢᠨ ᠬᠡᠷᠡᠭ ᠪᠤᠯᠭ᠋ᠠᠨ᠎ᠠᠴᠠ ᠲᠥᠪ ᠭᠤᠤᠯᠴᠢ ᠰᠢᠳᠤᠷᠭᠤ ᠶᠣᠰᠣ ᠵᠢ ᠮᠡᠳᠡᠷᠡᠭᠦᠯᠬᠦ᠎ᠪᠠᠷ ᠴᠢᠷᠮᠠᠢ᠌ᠬᠤ ᠬᠡᠷᠡᠭᠲᠡᠶ ᠬᠡᠵᠦ ᠴᠢᠬᠤᠯᠠᠴᠢᠯᠠᠵᠠᠢ᠃